ᠥᠪᠡᠷᠲᠡᠭᠡᠨ ᠵᠠᠰᠠᠬᠤ ᠣᠷᠤᠨ ᠤ᠋ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠲᠥᠪ ᠦ᠋ᠨ ᠨᠠᠢ᠍ᠮᠠᠨ ᠳᠤᠭᠳᠠᠭᠠᠯ ᠤ᠋ᠨ ᠵᠣᠷᠢᠭ ᠰᠠᠨᠠᠭ᠎ᠠ ᠡᠴᠡ ᠵᠥᠷᠢᠴᠡᠭᠰᠡᠨ6 ᠨᠡᠢᠳᠡᠯᠢᠭ ᠠᠰᠠᠭᠤᠳᠠᠯ ᠢ᠋ ᠢᠯᠡ ᠨᠡᠢᠳᠠᠯᠠᠪᠡ
2019.08.28

  ᠣᠢᠷ᠎ᠠ ᠳ᠋ᠤ᠌᠂ ᠦᠪᠡᠷᠳᠡᠭᠡᠨ ᠵᠠᠰᠠᠬᠤ ᠣᠷᠤᠨ ᠤ᠋ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠲᠥᠪ ᠦ᠋ᠨ ᠨᠠᠢ᠍ᠮᠠᠨ ᠳᠤᠭᠳᠠᠭᠠᠯ ᠤ᠋ᠨ ᠵᠣᠷᠢᠭ ᠰᠠᠨᠠᠭ᠎ᠠ ᠡᠴᠡ ᠵᠥᠷᠢᠴᠡᠭᠰᠡᠨ 6 ᠨᠡᠢᠳᠡᠯᠢᠭ ᠠᠰᠠᠭᠤᠳᠠᠯ ᠢ᠋ ᠢᠯᠡ ᠨᠡᠢᠳᠡᠯᠠᠪᠠ᠃

  ᠰᠢᠯᠢ ᠶ᠋ᠢᠨ ᠭᠣᠣᠯ ᠠᠢᠮᠠᠭ ᠤ᠋ᠨ ᠪᠠᠷᠠᠭᠤᠨ ᠦᠵᠦᠮᠦᠴᠢᠨ ᠬᠣᠰᠢᠭᠤᠨ ᠤ᠋ ᠨᠠᠮ ᠤ᠋ᠨ ᠬᠣᠷᠢᠶᠠᠨ ᠤ᠋ ᠤᠤᠯ ᠤ᠋ᠨ ᠪᠠᠢᠩᠭᠤ ᠶ᠋ᠢᠨ ᠬᠡᠰᠢᠬᠦᠨ᠂ ᠪᠠᠢᠩᠭᠤ ᠶ᠋ᠢᠨ ᠳᠡᠳ᠋ ᠬᠣᠰᠢᠭᠤᠨ ᠳᠠᠷᠤᠭ᠎ᠠ ᠭᠤᠤ ᠰᠢᠶᠣᠣ ᠪᠥᠸᠸ ᠶ᠋ᠢᠨ ᠳᠤᠭᠳᠠᠭᠠᠯ ᠡᠴᠡ ᠵᠥᠷᠢᠴᠡᠨ ᠪᠡᠯᠡᠭ ᠰᠡᠯᠳᠠ ᠠᠪᠤᠭᠰᠠᠨ ᠠᠰᠠᠭᠤᠳᠠᠯ᠃ 2018 ᠣᠨ᠂ 2019 ᠣᠨ ᠳ᠋ᠤ᠌ ᠭᠤᠤ ᠰᠢᠶᠣᠣ ᠪᠤᠸᠸ ᠪᠠᠷᠠᠭᠤᠨ ᠦᠵᠦᠮᠦᠴᠢᠨ ᠬᠣᠰᠢᠭᠤᠨ ᠤ᠋ ᠠᠶᠤᠯᠭᠦᠢ ᠦᠢᠯᠡᠳᠪᠦᠷᠢᠯᠡᠯ ᠦ᠋ᠨ ᠬᠠᠮᠢᠶᠠᠷᠤᠯᠳᠠ ᠶ᠋ᠢᠨ ᠠᠵᠢᠯ ᠢ᠋ ᠬᠤᠪᠢᠳᠠᠨ ᠬᠠᠮᠢᠶᠠᠷᠴᠦ ᠪᠠᠢᠭᠰᠠᠨ ᠬᠤᠭᠤᠴᠠᠭᠠᠨ ᠳ᠋ᠤ᠌ ᠪᠠᠨ᠂ ᠲᠤᠰᠢᠶᠠᠯ ᠤ᠋ᠨ ᠢ᠋ᠶ᠋ᠠᠨ ᠲᠥᠬᠦᠮ ᠢ᠋ᠶ᠋ᠡᠨ ᠠᠰᠢᠭᠯᠠᠨ᠂ ᠤᠷᠢᠳ ᠬᠣᠵᠢᠳ ᠪᠠᠷᠠᠭᠤᠨ ᠦᠵᠦᠮᠦᠴᠢᠨ ᠬᠣᠰᠢᠭᠤᠨ ᠤ᠋ ᠶᠢᠨ ᠮᠠᠨ ᠠᠭᠤᠷᠬᠠᠢ ᠶ᠋ᠢᠨ ᠦᠢᠯᠠᠰ ᠤ᠋ᠨ ᠬᠢᠵᠠᠭᠠᠷᠲᠦ ᠬᠠᠷᠢᠭᠤᠴᠠᠯᠭᠠᠲᠦ ᠺᠣᠮᠫᠠᠨᠢ ᠶ᠋ᠢᠨ ᠶᠡᠷᠦᠩᠬᠡᠢ ᠳᠠᠭᠠᠭᠠᠮᠠᠯ ᠯᠢᠤ ᠤᠪᠤᠭᠲᠦ ᠶ᠋ᠢᠨ ᠬᠦᠷᠭᠡᠭᠰᠡᠨ 41900 ᠲᠥᠭᠦᠷᠢᠭ ᠦ᠋ᠨ ᠦᠷᠳᠡᠭ ᠲᠠᠢ ᠬᠤᠸᠠᠩ ᠡᠾᠸ ᠯᠸᠦ᠂ ᠨᠠᠨᠵᠢᠩ᠂ ᠵᠦᠩᠬᠤᠸᠠ ᠵᠡᠷᠭᠡ ᠨᠡᠷᠡᠲᠦ ᠲᠡᠮᠳᠡᠭᠲᠦ ᠲᠠᠮᠠᠬᠢ ᠶ᠋ᠢ ᠨᠡᠢᠳᠠ 40 ᠬᠠᠢᠷᠴᠠᠭ᠂ 12000 ᠲᠥᠭᠦᠷᠢᠭ ᠦ᠋ᠨ ᠦᠷᠳᠡᠭ ᠲᠠᠢ ᠮᠣᠣ ᠲᠠᠢ ᠠᠷᠢᠬᠢ ᠶ᠋ᠢ 1 ᠬᠠᠢᠷᠴᠠᠭ᠂ ᠪᠠᠷᠠᠭᠤᠨ ᠦᠵᠦᠮᠦᠴᠢᠨ ᠬᠣᠰᠢᠭᠤᠨ ᠤ᠋ ᠪᠣᠷᠤᠬᠣᠰᠢᠭᠤ ᠨᠡᠭᠦᠷᠡᠰᠦᠨ ᠦ᠌ ᠺᠣᠮᠫᠠᠨᠢ ᠶ᠋ᠢᠨ ᠶᠠᠷᠦᠩᠬᠡᠢ ᠳᠠᠭᠠᠭᠠᠮᠠᠯ ᠴᠸᠨ ᠤᠪᠤᠭᠲᠦ ᠶ᠋ᠢᠨ ᠬᠦᠷᠭᠡᠭᠰᠡᠨ 24000 ᠲᠥᠭᠦᠷᠢᠭ ᠦ᠋ᠨ ᠥᠷᠳᠡᠭ ᠲᠠᠢ ᠮᠣᠣ ᠲᠠᠢ ᠠᠷᠢᠬᠢ ᠶ᠋ᠢ 2 ᠬᠠᠢᠷᠴᠠᠭ ᠬᠦᠯᠢᠶᠡᠨ ᠠᠪᠴᠠᠢ᠂ ᠲᠡᠭᠦᠨ ᠳ᠋ᠦ᠍ ᠪᠠᠰᠠ ᠬᠠᠤᠯᠢ ᠰᠠᠬᠢᠯᠭ᠎ᠠ ᠡᠴᠡ ᠵᠥᠷᠢᠴᠡᠭᠰᠡᠨ ᠪᠤᠰᠤᠳ ᠠᠰᠠᠭᠤᠳᠠᠯ ᠣᠷᠤᠰᠢᠵᠤ ᠪᠠᠢᠨ᠎ᠠ᠃ 2019 ᠣᠨ ᠤ᠋ 5 ᠰᠠᠷ᠎ᠠ ᠶ᠋ᠢᠨ 13 ᠦ᠌ ᠡᠳᠦᠷ᠂ ᠰᠢᠯᠢ ᠶ᠋ᠢᠨ ᠭᠣᠣᠯ ᠠᠢᠮᠠᠭ ᠤ᠋ᠨ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠭᠤᠤ ᠰᠢᠶᠣᠣ ᠪᠦᠸᠸ ᠳ᠋ᠤ᠌ ᠨᠠᠮ ᠡᠴᠡ ᠬᠥᠭᠡᠭᠡᠬᠦ᠂ ᠠᠯᠪᠠᠨ ᠲᠤᠰᠢᠶᠠᠯ ᠡᠴᠡ ᠨᠢ ᠬᠥᠭᠡᠭᠡᠬᠦ ᠰᠢᠢᠳᠭᠡᠯ ᠥᠭᠭᠦᠭᠰᠡᠨ ᠪᠥᠭᠡᠳ ᠲᠡᠭᠦᠨ ᠦ᠌ ᠰᠠᠬᠢᠯᠭ᠎ᠠ ᠪᠠᠲᠦ ᠡᠴᠡ ᠵᠦᠷᠢᠴᠠᠵᠤ ᠣᠯᠤᠭᠰᠠᠨ ᠣᠯᠵᠠ ᠠᠰᠢᠭ ᠢ᠋ ᠨᠢ ᠬᠣᠷᠢᠶᠠᠨ ᠠᠪᠴᠦ᠂ ᠶᠠᠯ᠎ᠠ ᠬᠢᠭᠰᠡᠨ ᠢ᠋ᠶ᠋ᠡᠷ ᠰᠡᠵᠢᠭᠯᠡᠭᠳᠡᠭᠰᠡᠨ ᠠᠰᠠᠭᠤᠳᠠᠯ ᠢ᠋ ᠨᠢ ᠬᠠᠤᠯᠢ ᠴᠠᠭᠠᠵᠠ ᠶ᠋ᠢᠨ ᠪᠠᠢᠭᠤᠯᠭ᠎ᠠ ᠳ᠋ᠤ᠌ ᠰᠢᠯᠵᠢᠭᠦᠯᠦᠨ ᠬᠠᠤᠯᠢ ᠶᠣᠰᠣᠭᠠᠷ ᠰᠢᠢᠳᠪᠦᠷᠢᠯᠡᠬᠦᠯᠪᠠ᠃

  ᠦᠬᠠᠢ ᠬᠤᠳᠠ ᠶ᠋ᠢᠨ ᠬᠠᠢᠨᠠᠨ ᠳᠤᠭᠤᠷᠢᠭ ᠤ᠋ᠨ ᠤᠯᠤᠰ ᠲᠥᠷᠦ ᠶ᠋ᠢᠨ ᠵᠥᠪᠯᠡᠯᠭᠡᠨ ᠦ᠌ ᠲᠡᠷᠢᠭᠦᠯᠡᠭᠴᠢ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠵᠤᠤ ᠸᠸᠢ ᠡᠾᠸᠦ ᠶ᠋ᠢᠨ ᠳᠤᠭᠳᠠᠭᠠᠯ ᠡᠴᠡ ᠵᠥᠷᠢᠴᠡᠨ ᠠᠵᠤ ᠠᠬᠤᠢᠯᠠᠯ ᠤ᠋ᠨ ᠡᠵᠡᠨᠳᠡᠨ ᠦ᠌ ᠳᠤᠬᠢᠷᠠᠭᠤᠯᠤᠭᠰᠠᠨ ᠵᠢᠭᠤᠯᠴᠢᠯᠠᠯ ᠤ᠋ᠨ ᠵᠣᠴᠢᠯᠠᠭ᠎ᠠ ᠪᠠ ᠦᠢᠯᠡᠴᠢᠯᠡᠭᠡ ᠶ᠋ᠢ ᠬᠦᠯᠢᠶᠡᠨ ᠠᠪᠤᠭᠰᠠᠨ ᠠᠰᠠᠭᠤᠳᠠᠯ᠃ 2017 ᠣᠨ ᠤ᠋ 11 ᠰᠠᠷ᠎ᠠ ᠶ᠋ᠢᠨ 9 ᠤ᠋ ᠡᠳᠦᠷ ᠡᠴᠡ 20 ᠤ᠋ ᠡᠳᠦᠷ ᠪᠤᠯᠳᠠᠯ᠎ᠠ᠂ ᠵᠤᠤ ᠸᠸᠢ ᠡᠾᠸᠦ ᠠᠮᠠᠷᠠᠯᠳᠠ ᠶ᠋ᠢᠨ ᠬᠤᠭᠤᠴᠠᠭᠠᠨ ᠳ᠋ᠤ᠌᠂ ᠤᠷᠢᠳ ᠬᠣᠵᠢᠳ ᠬᠠᠢᠺᠸᠦ ᠬᠤᠳᠠ᠂ ᠰᠠᠨᠶᠠ ᠬᠤᠳᠠ᠂ ᠭᠦᠢᠯᠢᠨ ᠬᠤᠳᠠ᠂ ᠬᠠᠩᠵᠸᠦ ᠬᠤᠳᠠ᠂ ᠦᠵᠸᠨ ᠪᠠᠯᠭᠠᠰᠦ᠂ ᠱᠠᠩᠬᠠᠢ ᠬᠤᠳᠠᠠ ᠳ᠋ᠤ᠌ ᠬᠦᠷᠴᠦ ᠵᠢᠭᠤᠯᠴᠢᠯᠠᠪᠠ᠂ ᠵᠢᠭᠤᠯᠴᠢᠯᠠᠯ ᠤ᠋ᠨ ᠬᠤᠭᠤᠴᠠᠭᠠᠨ ᠳ᠋ᠤ᠌ ᠠᠵᠤ ᠠᠬᠤᠢᠯᠠᠯ ᠤ᠋ᠨ ᠡᠵᠡᠨᠳᠡᠨ ᠦ᠌ ᠳᠤᠬᠢᠷᠠᠭᠤᠯᠤᠭᠰᠠᠨ ᠵᠢᠭᠤᠯᠴᠢᠯᠠᠯ ᠤ᠋ᠨ ᠵᠣᠴᠢᠯᠠᠭ᠎ᠠ ᠪᠠ ᠦᠢᠯᠡᠴᠢᠯᠡᠭᠡ ᠶ᠋ᠢ ᠬᠦᠯᠢᠶᠡᠨ ᠠᠪᠤᠭᠰᠠᠨ ᠪᠥᠭᠡᠳ ᠠᠵᠤ ᠠᠬᠤᠢᠯᠠᠯ ᠡᠴᠡ 3000 ᠲᠥᠭᠦᠷᠢᠭ ᠦ᠋ᠨ ᠬᠣᠨᠤᠭ ᠤ᠋ᠨ ᠵᠠᠷᠤᠳᠠᠯ (ᠨᠢᠭᠡᠨᠳᠠ ᠪᠤᠴᠠᠭᠠᠪᠠ) ᠢ᠋ ᠨᠢ ᠳᠤᠰᠢᠶᠠᠨ ᠦᠭᠴᠠᠢ᠃ 2019 ᠣᠨ ᠤ᠋ 4 ᠰᠠᠷ᠎ᠠ ᠶ᠋ᠢᠨ 11 ᠤ᠋ ᠡᠳᠦᠷ᠂ ᠦᠬᠠᠢ ᠬᠤᠳᠠ ᠶ᠋ᠢᠨ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠵᠤᠤ ᠸᠸᠢ ᠡᠾᠸᠦ ᠳ᠋ᠦ᠍ ᠨᠠᠮ ᠤ᠋ᠨ ᠳᠤᠳᠤᠭᠠᠳᠦ ᠳ᠋ᠦ᠍ ᠳᠣᠩᠭᠤᠳᠬᠤ ᠰᠢᠢᠳᠭᠡᠯ ᠥᠭᠪᠠ᠃

  ᠬᠥᠯᠦᠨ ᠪᠤᠢᠷ ᠬᠤᠳᠠ ᠶ᠋ᠢᠨ ᠰᠢᠨ᠎ᠡ ᠪᠠᠷᠭᠤ ᠵᠡᠭᠦᠨ ᠬᠣᠰᠢᠭᠤᠨ ᠤ᠋ ᠤᠯᠤᠰ ᠤ᠋ᠨ ᠭᠠᠵᠠᠷ ᠰᠢᠷᠤᠢ ᠡᠬᠢ ᠪᠠᠶᠠᠯᠢᠭ ᠤ᠋ᠨ ᠳᠤᠪᠴᠢᠶᠠᠨ ᠤ᠋ ᠳᠠᠷᠤᠭ᠎ᠠ ᠬᠠᠨ ᠤᠷᠳᠦ ᠶ᠋ᠢᠨ ᠪᠣᠯᠪᠠᠰᠤᠷᠠᠯ ᠳ᠋ᠤ᠌ ᠤᠷᠤᠯᠴᠠᠬᠤ ᠵᠠᠪᠰᠢᠶᠠᠨ ᠢ᠋ᠶ᠋ᠠᠷ ᠠᠯᠪᠠᠨ ᠵᠣᠭᠤᠰ ᠢ᠋ᠶ᠋ᠠᠷ ᠵᠢᠭᠤᠯᠴᠢᠯᠠᠭᠰᠠᠨ ᠪᠥᠭᠡᠳ ᠳᠤᠭᠳᠠᠭᠠᠯ ᠡᠴᠡ ᠵᠥᠷᠢᠴᠡᠨ ᠵᠠᠮ ᠤ᠋ᠨ ᠵᠠᠷᠤᠳᠠᠯ ᠢ᠋ᠶ᠋ᠠᠨ ᠳᠠᠩᠰᠠᠠ ᠡᠴᠡ ᠲᠠᠢᠯᠤᠭᠰᠠᠨ ᠵᠡᠷᠭᠡ ᠠᠰᠠᠭᠤᠳᠠᠯ᠃ 2016 ᠣᠨ ᠤ᠋ 11 ᠰᠠᠷ᠎ᠠ ᠳ᠋ᠤ᠌᠂ ᠬᠥᠯᠦᠨ ᠪᠤᠢᠷ ᠬᠤᠳᠠ ᠶ᠋ᠢᠨ ᠤᠯᠤᠰ ᠤ᠋ᠨ ᠭᠠᠵᠠᠷ ᠰᠢᠷᠤᠢ ᠡᠬᠢ ᠪᠠᠶᠠᠯᠢᠭ ᠤ᠋ᠨ ᠳᠤᠪᠴᠢᠶ᠎ᠠ ᠬᠠᠨ ᠤᠷᠳᠦ ᠶ᠋ᠢ ᠬᠠᠢᠺᠸᠦ ᠬᠤᠳᠠᠠ ᠳ᠋ᠤ᠌ ᠡᠷᠬᠢᠯᠡᠭᠰᠡᠨ ᠳᠤᠬᠠᠢᠯᠠᠭᠰᠠᠨ ᠠᠵᠢᠯ ᠤ᠋ᠨ ᠪᠣᠯᠪᠠᠰᠤᠷᠠᠯ ᠳ᠋ᠤ᠌ ᠣᠷᠤᠯᠴᠠᠭᠤᠯᠪᠠ᠂ ᠪᠣᠯᠪᠠᠰᠤᠷᠠᠯ ᠤ᠋ᠨ ᠴᠠᠭ ᠨᠢ 2016 ᠣᠨ ᠤ᠋ 11 ᠰᠠᠷ᠎ᠠ ᠶ᠋ᠢᠨ 18 ᠤ᠋ ᠡᠳᠦᠷ ᠡᠴᠡ 20 ᠤ᠋ ᠡᠳᠦᠷ ᠪᠤᠯᠳᠠᠯ᠎ᠠ᠃ ᠬᠠᠨ ᠤᠷᠳᠦ 11 ᠰᠠᠷ᠎ᠠ ᠶ᠋ᠢᠨ 11 ᠤ᠋ ᠡᠳᠦᠷ ᠨᠢᠰᠭᠡᠯ ᠢ᠋ᠶ᠋ᠡᠷ ᠬᠠᠢᠯᠠᠷ ᠡᠴᠡ ᠪᠡᠭᠡᠵᠢᠩ ᠳ᠋ᠦ᠍ ᠬᠦᠷᠴᠦ᠂ 12 ᠤ᠋ᠨ ᠡᠳᠦᠷ ᠨᠢᠰᠭᠡᠯ ᠢ᠋ᠶ᠋ᠡᠷ ᠪᠡᠭᠡᠵᠢᠩ ᠡᠴᠡ ᠰᠠᠨᠶᠠ ᠳ᠋ᠤ᠌ ᠬᠦᠷᠴᠦ ᠪᠠᠭᠤᠳᠠᠯ ᠳ᠋ᠤ᠌ ᠰᠠᠭᠤᠪᠠ᠂ ᠰᠠᠨᠶᠠ ᠳ᠋ᠤ᠌ ᠵᠢᠭᠤᠯᠴᠢᠯᠠᠨ ᠨᠠᠭᠠᠳᠤᠭᠰᠠᠨ ᠤ᠋ ᠳᠠᠷᠠᠭ᠎ᠠ᠂ 18 ᠤ᠋ ᠡᠳᠦᠷ ᠰᠠᠶᠢ ᠬᠠᠢᠺᠸᠦ ᠳ᠋ᠦ᠍ ᠬᠦᠷᠴᠦ ᠪᠣᠯᠪᠠᠰᠤᠷᠠᠯ ᠳ᠋ᠤ᠌ ᠣᠷᠤᠯᠴᠠᠵᠤ᠂ 21 ᠤ᠋ ᠡᠳᠦᠷ ᠪᠣᠯᠪᠠᠰᠤᠷᠠᠯ ᠳᠠᠭᠤᠰᠤᠭᠰᠠᠨ ᠤ᠋ ᠳᠠᠷᠠᠭ᠎ᠠ ᠪᠤᠴᠠᠵᠠᠢ᠃ ᠳᠠᠷᠠᠭ᠎ᠠ ᠨᠢ 11 ᠰᠠᠷ᠎ᠠ ᠶ᠋ᠢᠨ 11 ᠤ᠋ ᠡᠳᠦᠷ ᠡᠴᠡ 17 ᠤ᠋ ᠡᠳᠦᠷ ᠪᠤᠯᠳᠠᠯᠠᠬᠢ ᠳᠣᠯᠤᠭᠠᠨ ᠡᠳᠦᠷ ᠦ᠋ᠨ 1260 ᠲᠥᠭᠦᠷᠢᠭ ᠦ᠋ᠨ ᠵᠠᠮ ᠤ᠋ᠨ ᠵᠠᠷᠤᠳᠠᠯ ᠤ᠋ᠨ ᠨᠥᠬᠦᠪᠦᠷᠢ᠂ ᠰᠠᠨᠶᠠ ᠶ᠋ᠢᠨ ᠬᠣᠨᠤᠭ ᠤ᠋ᠨ ᠵᠠᠷᠤᠳᠠᠯ 2171 ᠲᠥᠭᠦᠷᠢᠭ ᠢ᠋ᠶ᠋ᠡᠨ ᠤᠯᠤᠰ ᠤ᠋ᠨ ᠭᠠᠵᠠᠷ ᠰᠢᠷᠤᠢ ᠡᠬᠢ ᠪᠠᠶᠠᠯᠢᠭ ᠤ᠋ᠨ ᠳᠤᠪᠴᠢᠶᠠᠨ ᠳ᠋ᠤ᠌ ᠳᠠᠩᠰᠠᠠ ᠡᠴᠡ ᠲᠠᠢᠯᠤᠭᠤᠯᠵᠤ᠂ ᠨᠡᠢᠳᠠ 3449 ᠲᠥᠭᠦᠷᠢᠭ (ᠨᠢᠬᠡᠨᠳᠠ ᠪᠤᠴᠠᠭᠠᠪᠠ) ᠢ᠋ ᠳᠤᠭᠳᠠᠭᠠᠯ ᠡᠴᠡ ᠵᠥᠷᠢᠴᠡᠨ ᠳᠠᠩᠰᠠᠠ ᠡᠴᠡ ᠲᠠᠢᠯᠤᠭᠤᠯᠪᠠ᠃ 2019 ᠣᠨ ᠤ᠋ 5 ᠰᠠᠷ᠎ᠠ ᠶ᠋ᠢᠨ 20 ᠤ᠋ ᠡᠳᠦᠷ᠂ ᠰᠢᠨ᠎ᠡ ᠪᠠᠷᠭᠤ ᠵᠡᠭᠦᠨ ᠬᠣᠰᠢᠭᠤᠨ ᠤ᠋ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠬᠠᠨ ᠤᠷᠲᠦ ᠳ᠋ᠦ᠍ ᠨᠠᠮ ᠤ᠋ᠨ ᠳᠤᠳᠤᠭᠠᠳᠦ ᠳ᠋ᠦ᠍ ᠳᠣᠩᠭᠤᠳᠬᠤ ᠰᠢᠢᠳᠭᠡᠯ ᠥᠭᠪᠠ᠃

  ᠪᠠᠶᠠᠨᠨᠠᠭᠤᠷ ᠬᠤᠳᠠ ᠶ᠋ᠢᠨ ᠤᠷᠠᠳ ᠤ᠋ᠨ ᠡᠮᠦᠨᠡᠲᠦ ᠬᠣᠰᠢᠭᠤᠨ ᠤ᠋ ᠰᠣᠶᠤᠯ ᠪᠠᠶ᠎ᠡ ᠶ᠋ᠢᠨ ᠲᠠᠮᠢᠷ ᠷᠠᠳᠢᠣ᠋ ᠲᠸᠯᠸᠢᠰ ᠤ᠋ᠨ ᠳᠤᠪᠴᠢᠶᠠᠨ ᠤ᠋ ᠤᠤᠯ ᠤ᠋ᠨ ᠳᠠᠷᠤᠭ᠎ᠠ᠂ ᠷᠠᠳᠢᠣ᠋ ᠲᠸᠯᠸᠢᠰ ᠤ᠋ᠨ ᠲᠥᠪ ᠦ᠋ᠨ ᠤᠤᠯ ᠤ᠋ᠨ ᠡᠷᠬᠢᠯᠡᠭᠴᠢ ᠴᠣᠯᠮᠤᠨ ᠤ᠋ ᠳᠤᠭᠳᠠᠭᠠᠯ ᠡᠴᠡ ᠵᠥᠷᠢᠴᠡᠨ ᠨᠡᠮᠡᠭᠦᠷᠢ ᠨᠥᠬᠦᠪᠦᠷᠢ ᠣᠯᠭᠤᠭᠰᠠᠨ ᠠᠰᠠᠭᠤᠳᠠᠯ᠃ 2016 ᠣᠨ ᠡᠴᠡ 2017 ᠣᠨ ᠪᠤᠯᠳᠠᠯ᠎ᠠ᠂ ᠤᠷᠠᠳ ᠤ᠋ᠨ ᠡᠮᠦᠨᠡᠲᠦ ᠬᠣᠰᠢᠭᠤᠨ ᠤ᠋ ᠷᠠᠳᠢᠣ᠋ ᠳᠸᠯᠸᠢᠰ ᠤ᠋ᠨ ᠲᠥᠪ ᠦ᠋ᠨ ᠬᠢᠨ ᠳᠤᠭᠳᠠᠭᠠᠯ ᠡᠴᠡ ᠵᠥᠷᠢᠴᠡᠨ ᠨᠡᠮᠡᠭᠦᠷᠢ ᠨᠥᠬᠦᠪᠦᠷᠢ ᠨᠡᠢᠳᠠ 76050 ᠲᠥᠭᠦᠷᠢᠭ ᠲᠠᠷᠬᠠᠭᠠᠪᠠ᠃ ᠴᠣᠯᠮᠤᠨ ᠳᠤᠬᠠᠢ ᠶ᠋ᠢᠨ ᠦᠶ᠎ᠠ ᠳ᠋ᠤ᠌ ᠤᠷᠠᠳ ᠤ᠋ᠨ ᠡᠮᠦᠨᠡᠲᠦ ᠬᠣᠰᠢᠭᠤᠨ ᠤ᠋ ᠰᠣᠶᠤᠯ ᠪᠠᠶ᠎ᠡ ᠶ᠋ᠢᠨ ᠲᠠᠮᠢᠷ ᠷᠠᠳᠢᠣ᠋ ᠲᠸᠯᠸᠢᠰ ᠤ᠋ᠨ ᠳᠤᠪᠴᠢᠶᠠᠨ ᠳᠠᠷᠤᠭ᠎ᠠ᠂ ᠷᠠᠳᠢᠣ᠋ ᠲᠸᠯᠸᠢᠰ ᠤ᠋ᠨ ᠲᠥᠪ ᠦ᠋ᠨ ᠡᠷᠬᠢᠯᠡᠭᠴᠢ ᠪᠠᠢᠭᠰᠠᠨ ᠪᠣᠯᠬᠣᠷ᠂ ᠭᠣᠣᠯ ᠤᠳᠤᠷᠢᠳᠤᠯᠭ᠎ᠠ ᠶ᠋ᠢᠨ ᠬᠠᠷᠢᠭᠤᠴᠠᠯᠭ᠎ᠠ ᠶ᠋ᠢ ᠡᠬᠦᠷᠭᠡᠯᠡᠨ᠎ᠠ᠃ 2019 ᠣᠨ ᠤ᠋ 5 ᠰᠠᠷ᠎ᠠ ᠶ᠋ᠢᠨ 14 ᠤ᠋ ᠡᠳᠦᠷ᠂ ᠤᠷᠠᠳ ᠤ᠋ᠨ ᠡᠮᠦᠨᠡᠲᠦ ᠬᠣᠰᠢᠭᠤᠨ ᠤ᠋ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠴᠣᠯᠮᠤᠨ ᠳ᠋ᠤ᠌ ᠨᠠᠮ ᠤ᠋ᠨ ᠳᠤᠳᠤᠭᠠᠳᠦ ᠳ᠋ᠦ᠍ ᠳᠣᠩᠭᠤᠳᠬᠤ ᠰᠢᠢᠳᠭᠡᠯ ᠥᠭᠪᠠ᠃

  ᠣᠷᠳᠤᠰ ᠬᠤᠳᠠ ᠶ᠋ᠢᠨ ᠡᠵᠡᠨ ᠬᠣᠷᠤᠭ᠎ᠠ ᠬᠣᠰᠢᠭᠤᠨ ᠤ᠋ ᠣᠷᠴᠢᠨ ᠲᠣᠭᠤᠷᠢᠨ ᠤ᠋ ᠬᠠᠮᠠᠭᠠᠯᠠᠯᠳᠠ ᠶ᠋ᠢᠨ ᠲᠣᠪᠴᠢᠶᠠᠨ ᠤ᠋ ᠳᠡᠳ᠋ ᠳᠠᠷᠤᠭ᠎ᠠ ᠯᠢᠤ ᠵᠢᠢ ᠳ᠋ᠦᠩ ᠦ᠋ᠨ ᠭᠠᠳᠠᠭᠰᠢ ᠭᠠᠷᠴᠦ ᠰᠢᠨᠵᠢᠯᠡᠨ ᠪᠠᠢᠴᠠᠭᠠᠬᠤ ᠬᠤᠭᠤᠴᠠᠭᠠᠨ ᠳ᠋ᠤ᠌ ᠪᠠᠨ ᠳᠤᠭᠳᠠᠭᠠᠯ ᠡᠴᠡ ᠵᠥᠷᠢᠴᠡᠨ ᠠᠵᠤ ᠠᠬᠤᠢᠯᠠᠯ ᠤ᠋ᠨ ᠳᠠᠢᠯᠠᠯᠭ᠎ᠠ ᠶ᠋ᠢ ᠬᠦᠯᠢᠶᠡᠭᠰᠡᠨ ᠠᠰᠠᠭᠤᠳᠠᠯ᠃ 2017 ᠣᠨ ᠤ᠋ 11 ᠰᠠᠷ᠎ᠠ ᠶ᠋ᠢᠨ 21 ᠤ᠋ ᠡᠳᠦᠷ ᠡᠴᠡ 26 ᠤ᠋ ᠡᠳᠦᠷ ᠪᠤᠯᠳᠠᠯ᠎ᠠ᠂ ᠯᠢᠤ ᠵᠢᠢ ᠳ᠋ᠦᠩ ᠨᠢᠭᠡ ᠠᠵᠢᠯᠳᠠᠨ ᠢ᠋ᠶ᠋ᠠᠨ ᠳᠠᠭᠠᠭᠤᠯᠤᠨ ᠭᠠᠳᠠᠭᠰᠢ ᠭᠠᠷᠴᠦ ᠰᠢᠨᠵᠢᠯᠡᠨ ᠪᠠᠢᠴᠠᠭᠠᠬᠤ ᠬᠤᠭᠤᠴᠠᠭᠠᠨ ᠳ᠋ᠤ᠌ ᠪᠠᠨ᠂ ᠪᠡᠭᠡᠵᠢᠩ᠂ ᠯᠢᠶᠣᠤᠨᠢᠩ᠂ ᠭᠢᠷᠢᠨ ᠤ᠋ 3 ᠠᠵᠤ ᠠᠬᠤᠢᠯᠠᠯ ᠤ᠋ᠨ ᠬᠠᠩᠭᠠᠭᠰᠠᠨ ᠳᠠᠢᠯᠠᠯᠭ᠎ᠠ᠂ ᠬᠣᠨᠤᠭ ᠵᠢᠴᠢ ᠲᠡᠷᠭᠡ ᠪᠠᠷ ᠳᠤᠰᠴᠦ ᠬᠦᠷᠭᠡᠬᠦ ᠦᠢᠯᠠᠴᠢᠯᠠᠭᠡ ᠶ᠋ᠢ ᠬᠦᠯᠢᠶᠠᠵᠤ᠂ ᠨᠡᠢᠳᠠ 5700 ᠳᠦᠬᠦᠷᠢᠭ ᠶ᠋ᠢᠨ ᠵᠠᠷᠤᠳᠠᠯ ᠭᠠᠷᠭᠠᠵᠠᠢ᠃ ᠰᠢᠨᠵᠢᠯᠡᠨ ᠪᠠᠢᠴᠠᠭᠠᠵᠤ ᠳᠠᠭᠤᠰᠤᠭᠰᠠᠨ ᠤ᠋ ᠳᠠᠷᠤᠭ᠎ᠠ᠂ ᠯᠢᠤ ᠵᠢᠢ ᠳ᠋ᠦᠩ ᠵᠡᠷᠭᠡ 2 ᠬᠥᠮᠦᠨ ᠪᠠᠢᠭᠤᠯᠭ᠎ᠠ ᠳ᠋ᠤ᠌ ᠪᠠᠨ 9394 ᠲᠥᠭᠦᠷᠢᠭ ᠦ᠋ᠨ ᠬᠣᠨᠤᠭ ᠤ᠋ᠨ ᠵᠠᠷᠤᠳᠠᠯ᠂ ᠬᠣᠭᠤᠯᠠᠨ ᠵᠠᠷᠤᠳᠠᠯ᠂ ᠬᠤᠳᠠ ᠶ᠋ᠢᠨ ᠳᠤᠳᠤᠷᠠᠬᠢ ᠵᠠᠮ ᠬᠠᠷᠢᠯᠴᠠᠭᠠᠨ ᠤ᠋ ᠨᠥᠬᠦᠪᠦᠷᠢ ᠵᠢᠴᠢ ᠵᠠᠮ ᠬᠠᠷᠢᠯᠴᠠᠭᠠᠨ ᠤ᠋ ᠵᠠᠷᠤᠳᠠᠯ (2018 ᠣᠨ ᠳ᠋ᠤ᠌ ᠨᠢᠭᠡᠨᠳᠠ 3 ᠠᠵᠤ ᠠᠬᠤᠢᠯᠠᠯ ᠤ᠋ᠨ ᠳᠤᠰᠢᠶᠠᠭᠰᠠᠨ ᠵᠠᠷᠤᠳᠠᠯ ᠢ᠋ ᠪᠤᠴᠠᠭᠠᠪᠠ) ᠢ᠋ ᠳᠠᠩᠰᠠᠠ ᠡᠴᠡ ᠳᠠᠢᠯᠤᠭᠤᠯᠪᠠ᠃ 2019 ᠣᠨ ᠤ᠋ 3 ᠰᠠᠷ᠎ᠠ ᠶ᠋ᠢᠨ 15 ᠤ᠋ ᠡᠳᠦᠷ᠂ ᠡᠵᠡᠨ ᠬᠣᠷᠤᠭ᠎ᠠ ᠬᠣᠰᠢᠭᠤᠨ ᠤ᠋ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠯᠢᠦ ᠵᠢᠢ ᠳ᠋ᠦᠩ ᠳ᠋ᠦ᠍ ᠨᠠᠮ ᠤ᠋ᠨ ᠳᠤᠳᠤᠭᠠᠳᠦ ᠳ᠋ᠦ᠍ ᠳᠣᠩᠭᠤᠳᠬᠤ ᠰᠢᠢᠳᠭᠡᠯ ᠥᠭᠪᠠ᠃

  ᠪᠤᠭᠤᠲᠦ ᠬᠤᠳᠠ ᠶ᠋ᠢᠨ ᠵᠢᠦ ᠶᠤᠸᠠᠨ ᠳᠤᠭᠤᠷᠢᠭ ᠤ᠋ᠨ ᠰᠠᠷᠠᠭᠤᠯ ᠵᠡᠭᠡᠯᠢ ᠭᠤᠳᠤᠮᠵᠢ ᠶ᠋ᠢᠨ ᠬᠡᠷᠡᠭ ᠡᠷᠬᠢᠯᠡᠬᠦ ᠭᠠᠵᠠᠷ ᠤ᠋ᠨ ᠨᠡᠢᠭᠡᠮ ᠳᠤᠭᠤᠷᠢᠭ ᠤ᠋ᠨ ᠶᠡᠷᠦᠩᠬᠡᠢᠯᠡᠭᠰᠡᠨ ᠦᠢᠯᠡᠴᠢᠯᠡᠭᠡᠨ ᠦ᠌ ᠲᠥᠪ ᠦ᠋ᠨ ᠡᠷᠬᠢᠯᠡᠭᠴᠢ᠂ ᠬᠣᠶᠠᠳᠤᠭᠠᠷ ᠨᠡᠢᠭᠡᠮ ᠳᠤᠭᠤᠷᠢᠭ ᠤ᠋ᠨ ᠨᠠᠮ ᠤ᠋ᠨ ᠡᠭᠦᠷ ᠦ᠋ᠨ ᠳᠡᠳ᠋ ᠱᠦᠵᠢ ᠵᠠᠩ ᠬᠣᠩ ᠪᠢᠨ ᠤ᠋ ᠳᠤᠭᠳᠠᠭᠠᠯ ᠡᠴᠡ ᠵᠥᠷᠢᠴᠡᠨ ᠲᠥᠷᠦᠭᠰᠡᠨ ᠡᠳᠦᠷ ᠦ᠋ᠨ ᠳᠠᠢᠯᠠᠯᠭ᠎ᠠ ᠬᠢᠭᠰᠡᠨ ᠠᠰᠠᠭᠤᠳᠠᠯ᠃ 2018 ᠣᠨ ᠤ᠋ 8 ᠰᠠᠷ᠎ᠠ ᠶ᠋ᠢᠨ 18 ᠤ᠋ ᠦᠳᠠ ᠳ᠋ᠤ᠌᠂ ᠵᠠᠩ ᠬᠣᠩ ᠪᠢᠨ ᠵᠢᠤ ᠶᠤᠸᠠᠨ ᠳᠤᠭᠤᠷᠢᠭ ᠤ᠋ᠨ ᠰᠠᠷᠠᠭᠤᠯ ᠵᠡᠭᠡᠯᠢ ᠭᠤᠳᠤᠮᠵᠢ ᠶ᠋ᠢᠨ ᠬᠡᠷᠡᠭ ᠡᠷᠬᠢᠯᠡᠬᠦ ᠭᠠᠵᠠᠷ ᠤ᠋ᠨ ᠨᠢᠭᠡᠨ ᠪᠠᠭᠤᠳᠠᠯ ᠳ᠋ᠤ᠌ ᠬᠦᠦ ᠳ᠋ᠤ᠌ ᠪᠠᠨ ᠠᠷᠪᠠᠨ ᠬᠤᠶᠠᠷ ᠨᠠᠰᠤᠨ ᠤ᠋ ᠲᠥᠷᠦᠭᠰᠡᠨ ᠡᠳᠦᠷ ᠦ᠋ᠨ ᠪᠠᠶᠠᠷ ᠤ᠋ᠨ ᠶᠣᠰᠣᠯᠠᠯ ᠡᠷᠬᠢᠯᠡᠵᠤ᠂ ᠳᠤᠭᠳᠠᠭᠠᠯ ᠡᠴᠡ ᠵᠥᠷᠢᠴᠡᠨ ᠬᠣᠶᠠᠳᠤᠭᠠᠷ ᠨᠡᠢᠭᠡᠮ ᠳᠤᠭᠤᠷᠢᠭ ᠤ᠋ᠨ ᠨᠠᠮ ᠤ᠋ᠨ ᠡᠭᠦᠷ ᠰᠠᠭᠤᠭᠠᠯᠢ ᠠᠷᠠᠳ ᠤ᠋ᠨ ᠵᠥᠪᠯᠡᠯ ᠦ᠋ᠨ ᠪᠦᠷᠢᠯᠳᠦᠬᠦᠨ ᠵᠢᠴᠢ 3 ᠬᠠᠮᠢᠶᠠᠳᠤᠯᠳᠠ ᠪᠠ ᠦᠢᠯᠡᠴᠢᠯᠡᠭᠡ ᠬᠥᠷᠳᠡᠬᠦ ᠡᠳᠡᠭᠡᠳ ᠦ᠋ᠨ 3000 ᠲᠥᠭᠦᠷᠢᠭ ᠦ᠋ᠨ ᠪᠡᠯᠡᠭ ᠦ᠋ᠨ ᠵᠣᠭᠤᠰ ᠢ᠋ ᠬᠦᠯᠢᠶᠡᠨ ᠠᠪᠴᠠᠢ᠃ 2019 ᠣᠨ ᠤ᠋ 2 ᠰᠠᠷ᠎ᠠ ᠶ᠋ᠢᠨ 27 ᠦ᠌ ᠡᠳᠦᠷ᠂ ᠰᠠᠷᠠᠭᠤᠯ ᠵᠡᠭᠡᠯᠢ ᠭᠤᠳᠤᠮᠵᠢ ᠶ᠋ᠢᠨ ᠨᠠᠮ ᠤ᠋ᠨ ᠠᠵᠢᠯ ᠤ᠋ᠨ ᠬᠣᠷᠢᠶ᠎ᠠ ᠲᠡᠭᠦᠨ ᠳ᠋ᠦ᠍ ᠨᠠᠮ ᠤ᠋ᠨ ᠳᠤᠳᠤᠭᠠᠳᠦ ᠳ᠋ᠤ᠌ ᠳᠣᠩᠭᠤᠳᠬᠤ ᠰᠢᠢᠳᠭᠡᠯ ᠥᠭᠪᠠ᠃

 

                                                                ᠥᠪᠤᠷ ᠮᠣᠩᠭᠤᠯ ᠤ᠋ᠨ ᠡᠳᠦᠷ ᠦ᠋ᠨ ᠰᠣᠨᠢᠨ ᠡᠴᠡ ᠰᠢᠯᠵᠢᠭᠦᠯᠦᠨ ᠨᠡᠢᠲᠡᠯᠡᠪᠡ

                                                                ᠰᠤᠷᠪᠤᠯᠵᠢᠯᠠᠭᠴᠢ ᠨᠠᠢᠷᠠᠭᠤᠯᠤᠭᠴᠢ᠄ ᠵᠤᠯᠠ (ᠥᠪᠤᠷ ᠮᠣᠩᠭᠤᠯ ᠤ᠋ᠨ ᠡᠳᠦᠷ ᠦ᠋ᠨ ᠰᠣᠨᠢᠨ)

 

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠡᠮᠦᠨᠡᠬᠢ ᠵᠣᠬᠢᠶᠠᠯ: ᠵᠣᠬᠢᠶᠠᠯ ᠦᠭᠡᠢ ᠪᠣᠯᠵᠠᠢ
ᠳᠠᠷᠠᠭᠠᠬᠢ ᠵᠣᠬᠢᠶᠠᠯ: ᠵᠣᠬᠢᠶᠠᠯ ᠦᠭᠡᠢ ᠪᠣᠯᠵᠠᠢ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤᠨ
ᠪᠦᠯᠦᠭᠯᠡᠯ
ᠬᠡᠪᠯᠡᠯ ᠤᠨ
ᠡᠷᠬᠡ ᠲᠠᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ:
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ
ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89 ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ᠃
蒙ICP 备0500604