《ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》 ᠭᠣᠣᠯ ᠰᠡᠳᠦᠪᠳᠤ ᠨᠠᠮ ᠤ᠋ᠨ ᠡᠳᠦᠷ ᠦ᠋ᠨ ᠠᠵᠢᠯᠯᠠᠭ᠎ᠠ
2019.06.30

      ᠳᠤᠮᠳᠠᠳᠤ ᠤᠯᠤᠰ ᠤ᠋ᠨ ᠡᠪ ᠬᠠᠮᠳᠤ ᠨᠠᠮ ᠪᠠᠢᠭᠤᠯᠤᠭᠳᠠᠭᠰᠠᠨ 98 ᠵᠢᠯ ᠤ᠋ᠨ ᠤᠢ ᠵᠢᠴᠢ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤ᠋ᠨ ᠤᠢ ᠶ᠋ᠢ ᠪᠡᠯᠭᠡᠯᠡᠵᠦ᠂ ᠰᠢᠨ᠎ᠡ ᠪᠠᠢᠳᠠᠯ ᠳᠣᠣᠷᠠᠬᠢ ᠨᠠᠮ ᠤ᠋ᠨ ᠬᠡᠰᠢᠬᠦᠨ ᠦ᠌ ᠨᠠᠮᠴᠢ ᠬᠡᠪ ᠪᠣᠯᠪᠠᠰᠤᠷᠠᠯ ᠢ᠋ ᠳᠡᠭᠡᠭᠰᠢᠯᠡᠭᠦᠯᠦᠨ᠂ ᠨᠠᠮ ᠤ᠋ᠨ ᠭᠡᠰᠢᠭᠦᠨ ᠦ᠌ ᠡᠬᠡ ᠣᠷᠤᠨᠴᠢ ᠦᠵᠡᠯ ᠤᠬᠠᠮᠰᠠᠷ ᠪᠣᠯᠤᠨ ᠲᠡᠦᠬᠡ ᠶ᠋ᠢᠨ ᠬᠠᠷᠢᠭᠤᠴᠠᠯᠭᠠᠳᠤ ᠰᠡᠳᠭᠢᠯᠭᠡ ᠶ᠋ᠢ ᠨᠡᠮᠡᠭᠳᠡᠭᠦᠯᠵᠦ᠂ ᠦᠨᠳᠦᠰᠦᠨ ᠱᠠᠳᠤᠨ ᠤ᠋ ᠨᠠᠮ ᠤ᠋ᠨ ᠵᠣᠬᠢᠶᠠᠨ ᠪᠠᠢᠭᠤᠯᠤᠯᠳᠠ ᠶ᠋ᠢᠨ ᠢᠳᠡᠪᠬᠢᠵᠢᠯ ᠢ᠋ ᠬᠦᠭᠵᠢᠬᠡᠨ᠂ ᠪᠦᠯᠬᠦᠮ ᠨᠡᠢᠳᠡ ᠶ᠋ᠢᠨ ᠨᠢᠬᠳᠠᠷᠠᠯ ᠤ᠋ᠨ ᠬᠦᠴᠦᠨ ᠬᠢᠭᠡᠳ ᠪᠠᠢᠯᠳᠤᠬᠤ ᠬᠦᠴᠦᠨ ᠢ᠋ ᠳᠡᠭᠡᠭᠰᠢᠯᠡᠭᠦᠯᠬᠦ ᠶ᠋ᠢᠨ ᠳᠥᠯᠦᠭᠡ᠂ 6 ᠰᠠᠷ᠎ᠠ ᠶ᠋ᠢᠨ 28 ᠦ᠌ ᠡᠳᠦᠷ ᠤ᠋ᠨ ᠦᠳᠡ ᠶ᠋ᠢᠨ ᠡᠮᠦᠨ᠎ᠡ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠡᠭᠦᠷ᠂ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠨᠠᠮ ᠤ᠋ᠨ ᠡᠭᠦᠷ ᠵᠡᠷᠭᠡ ᠳᠣᠯᠤᠭᠠᠨ ᠨᠠᠮ ᠤ᠋ᠨ ᠵᠣᠬᠢᠶᠠᠨ ᠪᠠᠢᠭᠤᠯᠤᠯᠳᠠ ᠬᠠᠮᠳᠤᠷᠠᠨᠳᠣᠯᠤᠭᠠᠨ ᠰᠠᠷ᠎ᠠ ᠶ᠋ᠢᠨ ᠨᠢᠭᠡᠨ ᠢ᠋ ᠪᠡᠯᠭᠡᠯᠡᠨᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ ᠭᠣᠣᠯ ᠰᠡᠳᠦᠪᠳᠤ ᠨᠠᠮ ᠤ᠋ᠨ ᠡᠳᠦᠷ ᠦ᠋ᠨ ᠠᠵᠢᠯᠯᠠᠭ᠎ᠠ ᠶ᠋ᠢ ᠵᠣᠬᠢᠶᠠᠨ ᠪᠠᠢᠭᠤᠯᠵᠦ ᠥᠷᠨᠢᠭᠦᠯᠪᠡ᠃

      ᠲᠤᠰ ᠠᠵᠢᠯᠯᠠᠭ᠎ᠠ ᠨᠢ ᠭᠢᠯᠪᠢᠭᠡᠨ ᠺᠢᠨᠣ᠋ ᠶ᠋ᠢᠨ ᠬᠡᠯᠪᠡᠷᠢ ᠪᠠᠷ ᠶᠠᠪᠤᠬᠳᠠᠵᠦ᠂ ᠨᠠᠮᠢᠷᠠᠨ ᠮᠠᠨᠳᠤᠬᠤ ᠳᠠᠪᠤᠨ ᠤᠳᠤᠳᠤ ᠤᠯᠠᠭᠠᠨ ᠳᠤᠭ ᠤ᠋ᠨ ᠳᠣᠣᠷ᠎ᠠ ᠬᠥᠳᠡᠯᠭᠡᠭᠡᠨ ᠦ᠌ ᠬᠥᠰᠢᠭᠡ ᠢᠷᠠᠨ ᠨᠡᠭᠡᠭᠡᠭᠳᠡᠯ᠎ᠡ᠃ ᠤᠶᠠᠩᠭ᠎ᠠ ᠳᠠᠭᠤᠨ ᠤ᠋ ᠠᠶᠠᠯᠭᠤ᠂ ᠤᠷᠠᠨ ᠰᠢᠯᠦᠭ ᠦ᠋ᠨ ᠤᠩᠰᠢᠯᠭ᠎ᠠ᠂ ᠪᠠᠶᠠᠨ ᠬᠤᠭᠤᠷ ᠤ᠋ᠨ ᠡᠭᠡᠰᠢᠭ᠂ ᠪᠠᠶᠠᠰᠤᠯᠳᠤ ᠪᠥᠵᠢᠭ ᠦ᠋ᠨ ᠨᠠᠬᠢᠯᠵᠠᠭ᠎ᠠ ᠪᠠᠷ ᠪᠦᠬᠦ ᠦᠵᠡᠭᠳᠡᠯ ᠪᠦᠷᠢᠳᠦᠨ ᠳᠡᠯᠭᠡᠭᠳᠡᠵᠦ᠂ ᠢᠷᠠᠭᠤ ᠡᠭᠡᠰᠢᠭᠯᠢᠭ ᠢᠯᠳᠠᠮᠬᠠᠨ ᠲᠣᠬᠯᠠᠯᠳᠠ ᠪᠡᠷ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ ᠦᠢᠯᠡᠰ ᠦ᠋ᠨ ᠭᠠᠷᠤᠭᠠᠨ ᠳ᠋ᠤ᠌ ᠮᠡᠷᠡᠢᠨ ᠵᠢᠳᠭᠦᠭᠡ ᠥᠷᠭᠡᠨ ᠤᠯᠠᠨ ᠨᠠᠮ ᠤ᠋ᠨ ᠭᠡᠰᠢᠭᠦᠨ ᠠᠵᠢᠯᠳᠠᠨ ᠤ᠋ ᠴᠠᠭ ᠦᠶ᠎ᠡ ᠶ᠋ᠢᠨ ᠬᠠᠮᠤᠭ ᠤ᠋ᠨ ᠴᠢᠩᠭ᠎ᠠ ᠳᠠᠭᠤᠨ ᠢ᠋ ᠴᠤᠤᠷᠢᠶᠠᠳᠤᠭᠤᠯᠵᠦ᠂ ᠨᠠᠮ ᠮᠡᠨᠳᠦᠯᠡᠭᠰᠡᠨ ᠪᠠᠶᠠᠷ ᠤ᠋ᠨ ᠡᠳᠦᠷ ᠪᠠ ᠠᠭᠤᠤ ᠶᠡᠬᠡ ᠡᠬᠡ ᠤᠯᠤᠰ ᠲᠤ᠌ ᠪᠠᠨ ᠴᠢᠩ ᠦᠨᠡᠨ ᠬᠦᠰᠡᠯ ᠵᠥᠩᠨᠡᠯ ᠢ᠋ᠶ᠋ᠡᠨ ᠡᠷᠭᠦᠨ ᠪᠠᠷᠢᠪᠠ᠃

      ᠡᠨᠡ ᠤᠳᠠᠭᠠᠨ ᠤ᠋ ᠭᠣᠣᠯ ᠰᠡᠳᠦᠪᠳᠤ ᠨᠠᠮ ᠤ᠋ᠨ ᠡᠳᠦᠷ ᠦ᠋ᠨ ᠠᠵᠢᠯᠯᠠᠭ᠎ᠠ ᠨᠢ ᠨᠠᠮ ᠤ᠋ᠨ ᠭᠡᠰᠢᠭᠦᠨ ᠤᠯᠠᠨ ᠳᠦᠮᠡᠨ ᠦ᠌ ᠤᠯᠠᠭᠠᠨ ᠭᠧᠨ ᠢ᠋ ᠤᠯᠠᠮᠯᠠᠨ ᠵᠠᠯᠭᠠᠮᠵᠢᠯᠠᠵᠦ᠂ ᠡᠬᠡ ᠣᠷᠤᠨᠴᠢ ᠦᠵᠡᠯ ᠰᠡᠳᠭᠢᠯᠭᠡ᠂ ᠡᠬᠡ ᠣᠷᠤᠨᠴᠢ ᠵᠣᠷᠢᠭ ᠰᠠᠨᠠᠭ᠎ᠠ ᠶ᠋ᠢ ᠪᠤᠢ ᠪᠣᠯᠭᠠᠨ ᠪᠠᠳᠠᠷᠠᠭᠤᠯᠬᠤ ᠳ᠋ᠤ᠌ ᠴᠢᠬᠤᠯᠠ ᠰᠤᠷᠭᠠᠨ ᠬᠥᠮᠦᠵᠢᠭᠦᠯᠬᠦ ᠠᠴᠢ ᠬᠣᠯᠪᠤᠭᠳᠠᠯ ᠲᠠᠢ ᠪᠠᠢᠵᠦ᠂ ᠨᠠᠮ ᠤ᠋ᠨ ᠵᠣᠬᠢᠶᠠᠨ ᠪᠠᠢᠭᠤᠯᠤᠯᠳᠠ ᠶ᠋ᠢᠨ ᠳᠦᠪᠯᠡᠩᠭᠦᠢ ᠬᠦᠴᠦᠨ᠂ ᠨᠢᠬᠳᠠᠷᠠᠯ ᠤ᠋ᠨ ᠬᠦᠴᠦᠨ ᠢ᠋ ᠤᠯᠠᠮ ᠨᠢᠭᠡ ᠠᠯᠬᠤᠮ ᠳᠡᠭᠡᠭᠰᠢᠯᠡᠭᠦᠯᠦᠨ᠂ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦᠭᠣᠣᠯ ᠰᠡᠳᠦᠪᠳᠤ ᠬᠥᠮᠦᠵᠢᠯ ᠳ᠋ᠤ᠌ ᠮᠥᠨ ᠰᠢᠯᠢᠳᠡᠭ ᠰᠠᠢᠨ ᠣᠷᠴᠢᠨ ᠢ᠋ ᠴᠤᠬᠴᠠᠯᠠᠵᠦ ᠥᠭᠭᠦᠭᠰᠡᠨ ᠪᠠᠢᠨ᠎ᠠ᠃ ᠪᠢᠳᠡ ᠦᠷᠭᠦᠯᠵᠢᠯᠡᠨ ᠢᠳᠡᠭᠡᠯ ᠬᠦᠰᠡᠯ  ᠢ᠋ᠶ᠋ᠠᠨ ᠪᠠᠳᠤᠳᠬᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠷᠢᠮᠳᠠᠯᠠᠵᠦ᠂ ᠤᠯᠤᠰ ᠳᠦᠷᠦ ᠶ᠋ᠢᠨ ᠬᠡᠪ ᠪᠣᠯᠪᠠᠰᠤᠷᠠᠯ ᠪᠣᠯᠤᠨ ᠳᠤᠬᠠᠢᠯᠠᠬᠰᠠᠨ ᠠᠵᠢᠯ ᠤ᠋ᠨ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠦᠨ᠂ ᠣᠷᠭᠢᠯᠤᠮ᠎ᠠ ᠬᠠᠯᠠᠭᠤᠨ ᠵᠣᠷᠢᠭ ᠢ᠋ᠶ᠋ᠠᠷ ᠠᠵᠢᠯ ᠦᠢᠯᠡᠰ ᠲᠤ᠌ ᠪᠠᠨ ᠡᠷᠡᠮᠡᠭᠡᠢᠯᠡᠨ᠂ ᠪᠤᠳᠠᠳᠤ ᠦᠢᠯᠡ ᠠᠵᠢᠯᠯᠠᠭ᠎ᠠ ᠪᠡᠷ ᠬᠠᠷᠢᠭᠤᠴᠠᠯᠭ᠎ᠠ ᠪᠠ ᠡᠭᠦᠷᠭᠡᠯᠡᠯ ᠢ᠋ ᠬᠠᠷᠠᠭᠤᠯᠤᠨ ᠳᠤᠰᠬᠠᠵᠦ᠂ ᠬᠡᠪᠯᠡᠯ ᠤ᠋ᠨ ᠦᠢᠯᠡᠰ ᠦ᠋ᠨ ᠬᠦᠭᠵᠢᠯᠳᠠ ᠳ᠋ᠤ᠌ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠦᠵᠡᠭᠴᠢᠳ ᠤᠯᠠᠨ ᠢᠯᠡᠳᠭᠡᠵᠦ ᠪᠠᠢᠯ᠎ᠠ᠃

 

 

                                                                                                       ᠣᠷᠴᠢᠭᠤᠯᠤᠭᠴᠢ᠄ ᠲᠡᠷᠭᠡᠯ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤᠨ
ᠪᠦᠯᠦᠭᠯᠡᠯ
ᠬᠡᠪᠯᠡᠯ ᠤᠨ
ᠡᠷᠬᠡ ᠲᠠᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ:
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ
ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89 ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ᠃
蒙ICP 备0500604