ᠥᠪᠡᠷᠲᠡᠭᠡᠨ ᠵᠠᠰᠠᠬᠤ ᠣᠷᠤᠨ ᠤ᠋ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠣᠮᠤ ᠳ᠋ᠠᠢᠲ᠋ᠠ ᠶ᠋ᠢᠨ ᠲᠤᠷᠰᠢᠯᠲᠠ ᠶ᠋ᠢᠨ ᠲᠠᠰᠤᠭ ᠪᠠᠢᠭᠤᠯᠤᠭᠳᠠᠪᠠ
2019.07.31

  ᠯᠢᠤ ᠴᠢ ᠹᠠᠨ ᠣᠷᠤᠯᠴᠠᠵᠤ ᠶᠠᠷᠢᠶ᠎ᠠ ᠲᠠᠯᠪᠢᠵᠠᠢ

 

  ᠲᠤᠰ ᠰᠣᠨᠢᠨ ᠤ᠋ ᠮᠡᠳᠡᠭᠡ (ᠰᠤᠷᠪᠤᠯᠵᠢᠯᠠᠭᠴᠢ ᠵᠠᠩ ᠺᠦᠢ) ᠤᠯᠤᠰ ᠤ᠋ᠨ ᠲᠣᠮᠤ ᠳ᠋ᠠᠢᠲ᠋ᠠ ᠶ᠋ᠢᠨ ᠪᠠᠢᠯᠳᠤᠬᠤ ᠪᠣᠳᠤᠯᠭ᠎ᠠ ᠶ᠋ᠢᠨ ᠠᠬᠤᠢ ᠪᠠᠢᠳᠠᠯ ᠳᠣᠣᠷᠠᠬᠢ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠪᠠ ᠢᠯᠵᠠᠷᠠᠯ ᠢ᠋ ᠡᠰᠡᠷᠭᠦᠴᠡᠬᠦ ᠠᠵᠢᠯ ᠤ᠋ᠨ ᠬᠡᠪ ᠵᠠᠭᠪᠤᠷ ᠤ᠋ᠨ ᠰᠢᠨ᠎ᠡ ᠶ᠋ᠢ ᠡᠭᠦᠳᠬᠦ ᠶ᠋ᠢ ᠠᠬᠢᠭᠤᠯᠬᠤ ᠶ᠋ᠢᠨ ᠲᠥᠯᠦᠭᠡ᠂ 7 ᠰᠠᠷ᠎ᠠ ᠶ᠋ᠢᠨ 12 ᠤ᠋ᠨ ᠦᠳᠡ ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠤᠨ ᠤ᠋ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠣᠮᠤ ᠳ᠋ᠠᠢᠲ᠋ᠠ ᠶ᠋ᠢᠨ ᠲᠤᠷᠰᠢᠯᠲᠠ ᠶ᠋ᠢᠨ ᠲᠠᠰᠤᠭ ᠫᠠᠢᠰᠠ ᠰᠡᠬᠦᠵᠦ ᠪᠠᠢᠭᠤᠯᠤᠭᠳᠠᠪᠠ᠃

  ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶᠠᠨ ᠤ᠋ ᠪᠠᠢᠩᠭᠤ ᠶ᠋ᠢᠨ ᠭᠡᠰᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠱᠦᠵᠢ᠂ ᠬᠢᠨᠠᠨ ᠪᠠᠢᠴᠠᠭᠠᠬᠤ ᠵᠥᠪᠯᠡᠯ ᠦ᠋ᠨ ᠡᠷᠬᠢᠯᠡᠭᠴᠢ ᠯᠢᠦ ᠴᠢ ᠹᠠᠨ ᠲᠤᠷᠰᠢᠯᠲᠠ ᠶ᠋ᠢᠨ ᠲᠠᠰᠤᠭ ᠲᠤ᠌ ᠫᠠᠢᠰᠠ ᠰᠡᠬᠦᠭᠰᠡᠨ ᠪᠥᠭᠡᠳ ᠲᠤᠷᠰᠢᠯᠲᠠ ᠶ᠋ᠢᠨ ᠲᠠᠰᠤᠭ ᠤ᠋ᠨ ᠡᠷᠬᠢᠯᠡᠭᠴᠢ᠂ ᠡᠷᠳᠡᠮ ᠰᠢᠨᠵᠢᠯᠡᠭᠡᠨ ᠤ᠋ ᠵᠥᠪᠯᠡᠯ ᠦ᠋ᠨ ᠭᠡᠰᠢᠭᠦᠳ ᠲᠤ᠌ ᠤᠷᠢᠯᠭ᠎ᠠ ᠶ᠋ᠢᠨ ᠪᠢᠴᠢᠭ ᠭᠠᠷᠲᠠᠭᠤᠯᠪᠠ᠃

  ᠯᠢᠦ ᠴᠢ ᠹᠠᠨ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠣᠮᠤ ᠳ᠋ᠠᠢᠲ᠋ᠠ ᠶ᠋ᠢᠨ ᠲᠤᠷᠰᠢᠯᠲᠠ ᠶ᠋ᠢᠨ ᠲᠠᠰᠤᠭ ᠢ᠋ ᠪᠠᠢᠭᠤᠯᠬᠤ ᠪᠣᠯ ᠲᠣᠮᠤ ᠳ᠋ᠠᠢᠲ᠋ᠠ ᠪᠠ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠯᠲᠠ ᠲᠠᠯᠪᠢᠵᠦ᠂ ᠬᠢᠨᠠᠨ ᠪᠠᠢᠴᠠᠭᠠᠬᠤ ᠶ᠋ᠢ ᠭᠦᠨᠵᠡᠭᠡᠢ ᠨᠡᠢᠳᠭᠡᠬᠦ ᠰᠢᠪᠲᠤᠯᠤᠯᠲᠠ ᠶ᠋ᠢᠨ ᠴᠢᠨᠠᠷᠲᠠᠢ ᠠᠷᠭ᠎ᠠ ᠬᠢᠳᠡᠯ ᠪᠠᠢᠵᠤ᠂ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠯᠲᠠ ᠲᠠᠯᠪᠢᠬᠤ᠂ ᠬᠢᠨᠠᠨ ᠪᠠᠢᠴᠠᠭᠠᠯᠲᠠ ᠶ᠋ᠢᠨ ᠲᠣᠮᠤ ᠳ᠋ᠠᠢᠲ᠋ᠠ ᠶ᠋ᠢᠨ ᠰᠤᠳᠤᠯᠭᠠᠨ ᠪᠠ ᠮᠡᠷᠭᠡᠵᠢᠯ ᠦ᠋ᠨ ᠬᠡᠷᠡᠭᠯᠡᠭᠡᠨ ᠤ᠋ ᠦᠷ᠎ᠡ ᠪᠦᠲᠦᠮᠵᠢ ᠶ᠋ᠢ ᠣᠨᠳᠣᠣᠰᠢᠭᠤᠯᠬᠤ ᠰᠢᠨ᠎ᠡ ᠶ᠋ᠢ ᠡᠭᠦᠳᠬᠦ ᠲᠠᠪᠴᠠᠩ ᠪᠠᠢᠵᠤ᠂ ᠠᠵᠢᠯ ᠤ᠋ᠨ ᠣᠢᠯᠠᠭᠠᠭᠳᠠᠬᠤᠨ ᠢ᠋ᠶ᠋ᠠᠨ ᠰᠢᠯᠢᠳᠡᠭᠵᠢᠭᠦᠯᠵᠦ᠂ ᠵᠠᠰᠠᠯᠲᠠ ᠶ᠋ᠢᠨ ᠴᠢᠳᠠᠪᠦᠷᠢ ᠪᠠᠨ ᠳᠡᠭᠡᠭᠰᠢᠯᠡᠭᠦᠯᠬᠦ ᠳ᠋ᠤ᠌ ᠲᠤᠰᠠᠳᠠᠢ ᠪᠠᠢᠵᠦ᠂ ᠣᠶᠤᠨᠴᠢ ᠪᠡᠷ ᠢᠯᠵᠠᠷᠠᠯ ᠢ᠋ ᠡᠰᠡᠷᠭᠦᠴᠡᠬᠦ᠂ ᠠᠵᠢᠯ ᠤ᠋ᠨ ᠬᠡᠪ ᠵᠠᠭᠪᠤᠷ ᠢ᠋ᠶ᠋ᠠᠨ ᠥᠭᠡᠷᠡᠴᠢᠯᠡᠨ ᠰᠠᠢᠵᠢᠷᠠᠭᠤᠯᠬᠤ ᠳ᠋ᠤ᠌ ᠲᠤᠰᠠᠲᠠᠢ ᠪᠠᠢᠵᠤ᠂ ᠥᠪᠡᠷᠲᠡᠭᠡᠨ ᠵᠠᠰᠠᠬᠤ ᠣᠷᠤᠨ ᠤ᠋ ᠪᠦᠬᠦ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠳ᠋ᠤ᠌ ᠣᠨᠴᠠᠭᠠᠢ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠦ ᠬᠡᠯᠡᠪᠡ᠃

  ᠲᠤᠷᠰᠢᠯᠲᠠ ᠶ᠋ᠢᠨ ᠲᠠᠰᠤᠭ ᠳᠤᠮᠳᠠᠳᠤ ᠤᠯᠤᠰ ᠤ᠋ᠨ ᠢᠨᠵᠧᠨᠧᠷᠢᠩ ᠤ᠋ᠨ ᠬᠦᠷᠢᠶᠡᠯᠡᠩ ᠦ᠋ᠨ ᠠᠺᠠᠳᠧᠮᠢᠴᠢ᠂ ᠤᠯᠤᠰ ᠤ᠋ᠨ ᠪᠠᠲᠤᠯᠠᠨ ᠬᠠᠮᠠᠭᠠᠯᠠᠯᠲᠠ ᠶ᠋ᠢᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ ᠦ᠋ᠨ ᠶᠡᠬᠡ ᠰᠤᠷᠭᠠᠭᠤᠯᠢ ᠶ᠋ᠢᠨ ᠺᠣᠮᠫᠢᠦ᠋ᠲ᠋ᠧᠷ ᠦ᠋ᠨ ᠳᠡᠭᠡᠲᠦ ᠰᠤᠷᠭᠠᠭᠤᠯᠢ ᠶ᠋ᠢᠨ ᠵᠠᠬᠢᠷᠤᠯ ᠯᠢᠶᠣᠣ ᠰᠢᠶᠠᠩ ᠺᠸ ᠶ᠋ᠢ ᠡᠷᠳᠡᠮ ᠰᠢᠨᠵᠢᠯᠡᠭᠡᠨ ᠤ᠋ ᠵᠥᠪᠯᠡᠯ ᠦ᠋ᠨ ᠡᠷᠬᠢᠯᠡᠭᠴᠢ ᠪᠡᠷ ᠤᠷᠢᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠂ ᠶᠡᠬᠡ ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠵᠢᠴᠢ ᠨᠡᠢᠭᠡᠮ ᠦ᠋ᠨ ᠬᠦᠴᠦᠨ ᠴᠢᠳᠠᠯᠬᠠᠮᠲᠤ ᠪᠠᠷ ᠪᠦᠲᠦᠭᠡᠨ ᠪᠠᠢᠭᠤᠯᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠬᠦᠠᠵᠢᠯᠯᠠᠭᠠᠨ ᠤ᠋ ᠲᠣᠭᠲᠠᠴᠠ ᠶ᠋ᠢ ᠬᠡᠷᠡᠭᠵᠢᠭᠦᠯᠵᠦ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠶ᠋ᠢᠨ ᠪᠤᠲᠠᠲᠠᠢ ᠲᠤᠬᠠᠢᠯᠠᠭᠰᠠᠨ ᠠᠵᠢᠯ ᠤ᠋ᠨ ᠱᠠᠭᠠᠷᠳᠠᠯᠭ᠎ᠠ ᠪᠡᠷ ᠬᠥᠲᠦᠯᠦᠨ ᠳᠠᠭᠠᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠣᠮᠤ ᠳ᠋ᠠᠢᠲ᠋ᠠ ᠶ᠋ᠢᠨ ᠬᠡᠷᠡᠭᠯᠡᠭᠡᠨ ᠤ᠋ ᠰᠤᠳᠤᠯᠭᠠᠨ ᠥᠷᠨᠢᠭᠦᠯᠬᠦ ᠪᠥᠭᠡᠳ ᠦᠷ᠎ᠡ ᠪᠦᠲᠦᠭᠡᠯ ᠢ᠋ ᠨᠠᠢᠳᠠᠪᠦᠷᠢᠵᠢᠭᠤᠯᠵᠤ ᠣᠨᠳᠣᠣᠰᠢᠭᠤᠯᠬᠤ ᠶ᠋ᠢ ᠠᠬᠢᠭᠤᠯᠬᠤ ᠪᠣᠯᠤᠨ᠎ᠠ᠃

  ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶ᠎ᠠ ᠶ᠋ᠢᠨ ᠤᠯᠤᠰ ᠲᠥᠷᠦ ᠬᠠᠤᠯᠢ ᠴᠠᠭᠠᠵᠠ ᠶ᠋ᠢᠨ ᠬᠣᠷᠢᠶ᠎ᠠ᠂ ᠥᠪᠡᠷᠲᠡᠭᠡᠨ ᠵᠠᠰᠠᠬᠤ ᠣᠷᠤᠨ ᠤ᠋ ᠬᠥᠭᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ᠂ ᠡᠳ᠋ ᠦ᠋ᠨ ᠵᠠᠰᠠᠭ ᠤ᠋ᠨ ᠲᠢᠩᠬᠢᠮ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ ᠦ᠋ᠨ ᠲᠢᠩᠬᠢᠮ ᠵᠢᠴᠢ ᠥᠪᠦᠷ ᠮᠣᠩᠭᠤᠯ ᠤ᠋ᠨ ᠶᠡᠬᠡ ᠰᠤᠷᠭᠠᠭᠤᠯᠢ᠂ ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ᠂ ᠥᠪᠦᠷ ᠮᠣᠩᠭᠤᠯ ᠤ᠋ᠨ ᠠᠵᠤ ᠦᠢᠯᠡᠳᠪᠦᠷᠢ ᠶ᠋ᠢᠨ ᠶᠡᠬᠡ ᠰᠤᠷᠭᠠᠭᠤᠯᠢ᠂ ᠥᠪᠦᠷ ᠮᠣᠩᠭᠤᠯ ᠤ᠋ᠨ ᠡᠳ᠋ ᠶ᠋ᠢᠨ ᠵᠠᠰᠠᠭ ᠠᠵᠤ ᠠᠬᠤᠢ ᠶ᠋ᠢᠨ ᠶᠡᠬᠡ ᠰᠤᠷᠭᠠᠭᠤᠯᠢ ᠶ᠋ᠢᠨ ᠬᠣᠯᠪᠤᠭᠳᠠᠯ ᠪᠦᠬᠦᠢ ᠬᠠᠷᠢᠭᠤᠴᠠᠯᠭᠠᠲᠠᠨ ᠨᠦᠭᠦᠳ᠂ ᠬᠣᠷᠰᠢᠭᠰᠠᠨ ᠠᠵᠤ ᠠᠬᠤᠢᠯᠠᠯ ᠤ᠋ᠨ ᠲᠥᠯᠦᠭᠡᠯᠡᠭᠴᠢᠳ᠂ ᠥᠪᠡᠷᠲᠡᠭᠡᠨ ᠵᠠᠰᠠᠬᠤ ᠣᠷᠤᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠦ᠋ᠨ ᠬᠡᠰᠡᠭ ᠪᠠᠭ ᠤ᠋ᠨ ᠪᠦᠷᠢᠯᠳᠦᠬᠦᠨ ᠫᠠᠢᠰᠠ ᠰᠡᠬᠦᠬᠦ ᠶᠣᠰᠣᠯᠠᠯ ᠳ᠋ᠤ᠌ ᠣᠷᠤᠯᠴᠠᠵᠠᠢ᠃

                      ᠥᠪᠦᠷ ᠮᠣᠩᠭᠤᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠲᠡᠯᠡᠪᠡ

                      ᠰᠤᠷᠪᠤᠯᠵᠢᠯᠠᠭᠴᠢ᠄ ᠵᠠᠩ ᠺᠦᠢ

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠡᠮᠦᠨᠡᠬᠢ ᠵᠣᠬᠢᠶᠠᠯ: ᠵᠣᠬᠢᠶᠠᠯ ᠦᠭᠡᠢ ᠪᠣᠯᠵᠠᠢ
ᠳᠠᠷᠠᠭᠠᠬᠢ ᠵᠣᠬᠢᠶᠠᠯ: ᠵᠣᠬᠢᠶᠠᠯ ᠦᠭᠡᠢ ᠪᠣᠯᠵᠠᠢ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤᠨ
ᠪᠦᠯᠦᠭᠯᠡᠯ
ᠬᠡᠪᠯᠡᠯ ᠤᠨ
ᠡᠷᠬᠡ ᠲᠠᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ:
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ
ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89 ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ᠃
蒙ICP 备0500604