ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠲᠤᠬᠠᠢ ᠮᠡᠳᠡᠭᠳᠡᠯ ᠢ᠋ ᠳᠠᠷᠤᠮᠯᠠᠨ ᠲᠠᠷᠬᠠᠭᠠᠪᠠ
2019.07.31

    

    《ᠶᠡᠷᠦᠩᠬᠡᠢ ᠱᠦᠵᠢ ᠰᠢ ᠵᠢᠨ ᠫᠢᠩ ᠤ᠋ᠨ ᠲᠥᠪ ᠦ᠋ᠨ ᠪᠠ ᠲᠥᠷᠦ ᠶ᠋ᠢᠨ ᠪᠠᠢᠭᠤᠯᠭ᠎ᠠ ᠶ᠋ᠢᠨ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠬᠤᠷᠠᠯ

      ᠳᠡᠭᠡᠷᠡᠬᠢ ᠴᠢᠬᠤᠯᠠ ᠶᠠᠷᠢᠶ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠲᠤᠬᠠᠢ ᠮᠡᠳᠡᠭᠳᠡᠯ ᠢ᠋ ᠳᠠᠷᠤᠮᠯᠠᠨ ᠲᠠᠷᠬᠠᠭᠠᠪᠠ

 

  ᠰᠢᠨᠬᠤᠸᠠ ᠬᠣᠷᠢᠶᠠᠨ ᠤ᠋ ᠪᠡᠭᠡᠵᠢᠩ ᠦ᠋ᠨ 7 ᠰᠠᠷ᠎ᠠ ᠶ᠋ᠢᠨ 14  ᠤ᠋ ᠴᠠᠬᠢᠯᠭᠠᠨ ᠮᠡᠳᠡᠭᠡ ᠣᠢᠷ᠎ᠠ ᠳ᠋ᠤ᠌᠂ ᠲᠥᠪ ᠦ᠋ᠨᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦᠭᠣᠣᠯ ᠰᠡᠳᠦᠪᠲᠦ ᠬᠥᠮᠦᠵᠢᠯ ᠦ᠋ᠨ ᠤᠳᠤᠷᠢᠳᠬᠤ ᠳᠤᠭᠤᠢᠯᠠᠩᠶᠡᠷᠦᠩᠬᠡᠢ ᠱᠦᠵᠢ ᠰᠢ ᠵᠢᠨ ᠫᠢᠩ ᠤ᠋ᠨ ᠲᠥᠪ ᠦ᠋ᠨ ᠪᠠ ᠲᠥᠷᠦ ᠶ᠋ᠢᠨ ᠪᠠᠢᠭᠤᠯᠭ᠎ᠠ ᠶ᠋ᠢᠨ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠲᠤᠬᠠᠢ ᠮᠡᠳᠡᠭᠳᠡᠯ ᠢ᠋ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶ᠋ᠢᠨ ᠬᠢᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠶ᠋ᠢᠨ ᠵᠣᠷᠢᠭ ᠰᠠᠨᠠᠭᠠᠨ ᠤ᠋ ᠮᠥᠨ ᠴᠢᠨᠠᠷ ᠢ᠋ ᠭᠦᠨᠵᠡᠭᠡᠢ ᠰᠤᠷᠤᠯᠴᠠᠨ ᠣᠢᠯᠠᠭᠠᠵᠤ᠂ ᠬᠠᠷᠢᠴᠠᠭᠤᠯᠵᠤ ᠪᠠᠢᠭᠠᠳ ᠪᠠᠢᠴᠠᠭᠠᠨ ᠵᠠᠳᠠᠯᠬᠤ ᠠᠵᠢᠯ ᠢ᠋ ᠰᠠᠢᠲᠤᠷ ᠬᠢᠵᠤ᠂ ᠤᠯᠤᠰ ᠲᠥᠷᠦ ᠶ᠋ᠢᠨ ᠪᠠᠢᠭᠤᠯᠤᠯᠲᠠ᠂ ᠦᠵᠡᠯ ᠰᠠᠨᠠᠭᠠᠨ ᠤ᠋ ᠪᠠᠢᠭᠤᠯᠤᠯᠲᠠ᠂ ᠵᠣᠬᠢᠶᠠᠨ ᠪᠠᠢᠭᠤᠯᠤᠯᠲᠠ ᠶ᠋ᠢᠨ ᠴᠣᠭᠴᠠᠯᠠᠯᠲᠠ᠂ ᠰᠤᠷᠲᠠᠯ ᠤ᠋ᠨ ᠪᠠᠢᠭᠤᠯᠤᠯᠲᠠ ᠪᠣᠯᠤᠨ ᠰᠠᠬᠢᠯᠭ᠎ᠠ ᠪᠠᠲᠤ ᠶ᠋ᠢᠨ ᠪᠠᠢᠭᠤᠯᠤᠯᠲᠠ ᠶ᠋ᠢᠨ ᠲᠠᠯ᠎ᠠ ᠪᠡᠷ ᠣᠷᠤᠰᠢᠵᠤ ᠪᠠᠢᠭ᠎ᠠ ᠳᠣᠪᠤᠢᠮ᠎ᠠ ᠠᠰᠠᠭᠤᠳᠠᠯ ᠳ᠋ᠤ᠌ ᠬᠠᠨᠳᠤᠭᠤᠯᠤᠨ ᠴᠡᠭᠴᠡᠯᠡᠨ ᠰᠠᠢᠵᠢᠷᠠᠭᠤᠯᠵᠤ ᠨᠠᠢᠳᠠᠪᠦᠷᠢᠵᠢᠭᠤᠯᠬᠤ ᠠᠵᠢᠯ ᠢ᠋ ᠦᠨᠡᠨ ᠬᠦ᠌ ᠰᠠᠢᠲᠤᠷ ᠠᠳᠭᠤᠬᠤ ᠬᠡᠷᠡᠭᠲᠡᠢ ᠭᠡᠵᠤ ᠱᠠᠭᠠᠷᠳᠠᠪᠠ᠃

  ᠮᠡᠳᠡᠭᠳᠡᠯ ᠳ᠋ᠤ᠌᠂ ᠶᠡᠷᠦᠩᠬᠡᠢ ᠱᠦᠵᠢ ᠰᠢ ᠵᠢᠨ ᠫᠢᠩ ᠤ᠋ᠨ ᠲᠥᠪ ᠦ᠋ᠨ ᠪᠠ ᠲᠥᠷᠦ ᠶ᠋ᠢᠨ ᠪᠠᠢᠭᠤᠯᠭ᠎ᠠ ᠶ᠋ᠢᠨ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠳ᠋ᠤ᠌ ᠲᠥᠪ ᠦ᠋ᠨ ᠪᠠ ᠲᠥᠷᠦ ᠶ᠋ᠢᠨ ᠪᠠᠢᠭᠤᠯᠭ᠎ᠠ ᠶ᠋ᠢᠨ ᠨᠠᠮ ᠤ᠋ᠨ ᠪᠠᠢᠭᠤᠯᠤᠯᠲᠠ ᠶ᠋ᠢ ᠴᠢᠩᠭᠠᠳᠭᠠᠬᠤ᠂ ᠭᠣᠣᠯ ᠰᠡᠳᠦᠪᠲᠦ ᠬᠥᠮᠦᠵᠢᠯ ᠢ᠋ ᠭᠦᠨᠵᠡᠭᠡᠢ ᠠᠬᠢᠭᠤᠯᠬᠤ ᠴᠢᠭᠯᠡᠯ ᠢ᠋ ᠲᠣᠳᠤᠷᠬᠠᠢᠯᠠᠵᠤ ᠥᠭᠪᠡ᠃ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠨᠠᠮ ᠤ᠋ᠨ ᠭᠡᠰᠢᠭᠦᠨ ᠺᠠᠳ᠋ᠷᠴᠤᠳ ᠢ᠋ ᠨᠠᠷᠢᠨ ᠬᠢᠨᠠᠮᠠᠭᠠᠢ ᠵᠣᠬᠢᠶᠠᠨ ᠪᠠᠢᠭᠤᠯᠵᠤ ᠭᠦᠨᠵᠡᠭᠡᠢ ᠰᠤᠷᠤᠯᠴᠠᠨ ᠨᠡᠪᠲᠡᠷᠡᠳᠡᠯ᠎ᠡ ᠣᠢᠯᠠᠭᠠᠵᠤ᠂ ᠢᠲᠡᠭᠡᠨ ᠪᠢᠰᠢᠷᠡᠵᠦ ᠪᠠᠲᠤᠲᠠᠢ ᠦᠢᠯᠡᠳᠦᠯᠭᠡᠵᠢᠭᠦᠯᠦᠨ᠂ ᠶᠡᠷᠦᠩᠬᠡᠢ ᠱᠦᠵᠢ ᠰᠢ ᠵᠢᠨ ᠫᠢᠩ ᠤ᠋ᠨ ᠡᠨᠡ ᠬᠦ᠌ ᠴᠢᠬᠤᠯᠠ ᠶᠠᠷᠢᠶᠠᠨ ᠤ᠋ ᠲᠤᠬᠠᠢ ᠰᠤᠷᠤᠯᠴᠠᠯᠭ᠎ᠠ ᠶ᠋ᠢ ᠶᠡᠷᠦᠩᠬᠡᠢ ᠱᠦᠵᠢ ᠰᠢ ᠵᠢᠨ ᠫᠢᠩ ᠤ᠋ᠨ ᠭᠣᠣᠯ ᠰᠡᠳᠦᠪᠲᠦ ᠬᠥᠮᠦᠵᠢᠯ ᠦ᠋ᠨ ᠠᠵᠢᠯ ᠤ᠋ᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠨᠠᠮ ᠤ᠋ᠨ ᠲᠥᠪ ᠬᠣᠷᠢᠶᠠᠨ ᠤ᠋ ᠤᠯᠤᠰ ᠲᠥᠷᠦ ᠶ᠋ᠢᠨ ᠲᠣᠪᠴᠢᠶᠠᠨ ᠤ᠋ ᠠᠷᠪᠠᠨ ᠲᠠᠪᠤᠳᠤᠭᠠᠷ ᠤᠳᠠᠭᠠᠨ ᠤ᠋ ᠬᠠᠮᠲᠤ ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶ᠋ᠢ ᠰᠤᠷᠤᠯᠴᠠᠬᠤ ᠲᠠᠢ ᠤᠶᠠᠯᠳᠤᠭᠤᠯᠵᠤ᠂ ᠰᠢᠰᠲ᠋ᠧᠮ ᠲᠠᠢ ᠪᠦᠬᠦ ᠲᠠᠯ᠎ᠠ ᠪᠠᠷ ᠰᠤᠷᠤᠯᠴᠠᠬᠤ᠂ ᠪᠦᠬᠦᠨ ᠢ᠋ ᠣᠢᠯᠠᠭᠠᠵᠤ ᠤᠴᠢᠷ ᠢ᠋ ᠨᠢ ᠤᠯᠬᠤ ᠲᠠᠯ᠎ᠠ ᠪᠠᠷ ᠬᠦᠴᠦ ᠣᠷᠤᠭᠤᠯᠬᠤ ᠬᠡᠷᠡᠭᠲᠡᠢ᠃ ᠲᠥᠪ ᠦ᠋ᠨ ᠪᠠ ᠲᠥᠷᠦ ᠶ᠋ᠢᠨ ᠪᠠᠢᠭᠤᠯᠭ᠎ᠠ᠂ ᠮᠤᠵᠢ ᠶ᠋ᠢᠨ ᠳᠡᠰ ᠦ᠋ᠨ ᠪᠠᠢᠭᠤᠯᠭ᠎ᠠ ᠪᠣᠯᠤᠨ ᠳᠡᠳ᠋ ᠮᠤᠵᠢ ᠶ᠋ᠢᠨ ᠳᠡᠰ ᠦ᠋ᠨ ᠬᠤᠳᠠ ᠶ᠋ᠢᠨ ᠪᠠᠢᠭᠤᠯᠭ᠎ᠠ ᠶ᠋ᠢᠨ ᠬᠢᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ ᠲᠣᠭᠤᠷᠢᠨ ᠳ᠋ᠤ᠌᠂ ᠪᠠᠢᠭᠤᠯᠭ᠎ᠠ ᠶ᠋ᠢᠨ ᠨᠠᠮ ᠤ᠋ᠨ ᠪᠠᠢᠭᠤᠯᠤᠯᠲᠠ ᠳ᠋ᠤ᠌ ᠲᠤᠯᠭᠠᠷᠠᠵᠤ ᠪᠠᠢᠭ᠎ᠠ ᠲᠤᠯᠭᠠᠮ ᠠᠰᠠᠭᠤᠳᠠᠯ ᠢ᠋ ᠰᠢᠢᠳᠪᠦᠷᠢᠯᠡᠬᠦ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ᠂ ᠨᠢᠭᠡᠨ ᠤᠳᠠᠭᠠᠨ ᠤ᠋ ᠲᠤᠰᠭᠠᠢ ᠰᠡᠳᠦᠪ ᠢ᠋ᠶ᠋ᠡᠷ ᠰᠤᠷᠤᠯᠴᠠᠵᠤ᠂ ᠰᠤᠳᠤᠯᠤᠨ ᠶᠠᠷᠢᠯᠴᠠᠬᠤ ᠠᠵᠢᠯ ᠥᠷᠨᠢᠭᠦᠯᠦᠨ᠂ ᠪᠠᠢᠴᠠᠭᠠᠨ ᠰᠤᠳᠤᠯᠤᠯᠲᠠ ᠬᠢᠵᠤ᠂ ᠨᠠᠮ ᠳ᠋ᠤ᠌ ᠪᠠᠨ ᠦᠨᠡᠨᠴᠢ ᠰᠢᠳᠤᠷᠭᠤ ᠪᠠᠢᠬᠤ ᠬᠥᠮᠦᠵᠢᠯ ᠢ᠋ ᠭᠦᠨᠵᠡᠭᠡᠢᠷᠡᠭᠦᠯᠵᠦ᠂ᠬᠤᠶᠠᠷ ᠢ᠋ ᠬᠠᠮᠠᠭᠠᠯᠠᠬᠤ ᠶ᠋ᠢ ᠪᠡᠶᠡᠯᠡᠭᠦᠯᠬᠦ ᠣᠶᠤᠨ ᠤ᠋ ᠢᠵᠢᠯᠰᠢᠯ᠂ ᠦᠵᠡᠯ ᠰᠠᠨᠠᠭᠠᠨ ᠤ᠋ ᠢᠵᠢᠯᠰᠢᠯ ᠢ᠋ ᠦᠨᠡᠨ ᠬᠦ᠌ ᠴᠢᠩᠭᠠᠳᠭᠠᠨ᠂ ᠡᠷᠡᠰ ᠬᠠᠮᠠᠭᠠᠯᠠᠬᠤ ᠲᠤᠭᠳᠠᠯ ᠬᠦᠴᠦᠨ ᠪᠣᠯᠤᠨ ᠴᠢᠳᠠᠪᠦᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃

  ᠮᠡᠳᠡᠭᠳᠡᠯ ᠳ᠋ᠤ᠌᠂ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠤᠬᠠᠮᠰᠠᠷ ᠠ᠋ᠴᠠ ᠪᠠᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠵᠢᠭᠠᠪᠦᠷᠢ ᠶ᠋ᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠵᠥᠷᠢᠶ᠎ᠡ ᠪᠠᠨ ᠡᠷᠢᠵᠤ ᠠᠰᠠᠭᠤᠳᠠᠯ ᠢ᠋ ᠪᠠᠢᠴᠠᠭᠠᠨ ᠳᠤᠲᠠᠭᠳᠠᠯ ᠢ᠋ᠶ᠋ᠠᠨ ᠨᠥᠬᠦᠪᠦᠷᠢᠯᠡᠵᠦ᠂ ᠪᠠᠢᠴᠠᠭᠠᠨ ᠵᠠᠳᠠᠯᠬᠤ ᠠᠵᠢᠯ ᠢ᠋ ᠭᠦᠨᠵᠡᠭᠡᠢᠷᠡᠭᠦᠯᠬᠦ ᠬᠡᠷᠡᠭᠲᠡᠢ᠃ ᠲᠥᠪ ᠦ᠋ᠨ ᠪᠠ ᠲᠥᠷᠦ ᠶ᠋ᠢᠨ ᠪᠠᠢᠭᠤᠯᠭ᠎ᠠ᠂ ᠮᠤᠵᠢ ᠶ᠋ᠢᠨ ᠳᠡᠰ ᠦ᠋ᠨ ᠪᠠᠢᠭᠤᠯᠭ᠎ᠠ ᠪᠣᠯᠤᠨ ᠳᠡᠳ᠋ ᠮᠤᠵᠢ ᠶ᠋ᠢᠨ ᠳᠡᠰ ᠦ᠋ᠨ ᠬᠤᠳᠠ ᠶ᠋ᠢᠨ ᠪᠠᠢᠭᠤᠯᠭ᠎ᠠ ᠶ᠋ᠢᠨ ᠬᠢᠨᠬᠤᠶᠠᠷ ᠢ᠋ ᠬᠠᠮᠠᠭᠠᠯᠠᠬᠤ ᠶ᠋ᠢ ᠪᠡᠶᠡᠯᠡᠭᠦᠯᠬᠦ ᠲᠠᠯ᠎ᠠ ᠪᠡᠷ ᠬᠢ ᠵᠥᠷᠢᠶ᠎ᠡ ᠪᠠᠨ ᠭᠣᠣᠯᠳᠠᠯᠭ᠎ᠠ ᠲᠠᠢ ᠪᠠᠢᠴᠠᠭᠠᠨ ᠡᠷᠢᠵᠤ᠂ ᠨᠠᠮ ᠤ᠋ᠨ ᠲᠥᠪ ᠬᠣᠷᠢᠶᠠᠨ ᠤ᠋ ᠰᠠᠨᠠᠭᠠᠴᠢᠯᠠᠭ᠎ᠠ ᠶ᠋ᠢ ᠡᠷᠡᠰ ᠴᠤᠤᠷᠢᠶᠠᠳᠤᠨ᠂ ᠨᠠᠮ ᠤ᠋ᠨ ᠲᠥᠪ ᠬᠣᠷᠢᠶᠠᠨ ᠤ᠋ ᠲᠣᠭᠲᠠᠭᠠᠯ ᠢ᠋ ᠡᠷᠡᠰ ᠬᠡᠷᠡᠭᠵᠢᠭᠦᠯᠵᠦ᠂ ᠨᠠᠮ ᠤ᠋ᠨ ᠲᠥᠪ ᠬᠣᠷᠢᠶᠠᠨ ᠠ᠋ᠴᠠ ᠴᠠᠭᠠᠵᠠᠯᠠᠭᠰᠠᠨ ᠢ᠋ ᠡᠷᠡᠰ ᠰᠠᠬᠢᠭᠰᠠᠨ ᠡᠰᠡᠬᠦ ᠶ᠋ᠢ ᠦᠵᠡᠬᠦ ᠬᠡᠷᠡᠭᠲᠡᠢ; ᠣᠨᠤᠯ ᠤ᠋ᠨ ᠰᠤᠷᠤᠯᠴᠠᠯᠭ᠎ᠠ ᠪᠠᠨ ᠴᠢᠩᠭᠠᠳᠭᠠᠬᠤ ᠲᠠᠯ᠎ᠠ ᠪᠠᠷ ᠬᠢ ᠵᠦᠷᠢᠶ᠎ᠠ ᠪᠠᠨ ᠡᠷᠢᠵᠤ᠂ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠲᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠦᠨᠡᠨ ᠬᠦ᠌ ᠰᠤᠷᠤᠯᠴᠠᠬᠤ ᠦᠨᠡᠨ ᠬᠦ᠌ ᠣᠢᠯᠠᠭᠠᠬᠤ ᠦᠨᠡᠨ ᠬᠦ᠌ ᠢᠲᠡᠭᠡᠬᠦ ᠦᠨᠡᠨ ᠬᠦ᠌ ᠬᠡᠷᠡᠭᠯᠡᠬᠦ ᠳᠡᠭᠡᠷ᠎ᠡ ᠬᠦᠴᠦ ᠣᠷᠤᠭᠤᠯᠵᠤ ᠪᠠᠢᠬᠤ ᠡᠰᠡᠬᠦ ᠶ᠋ᠢ ᠦᠵᠡᠬᠦ ᠬᠡᠷᠡᠭᠲᠡᠢ; ᠦᠨᠳᠦᠰᠦᠨ ᠱᠠᠲᠤᠨ ᠤ᠋ ᠰᠠᠭᠤᠷᠢ ᠶ᠋ᠢ ᠪᠡᠬᠢᠵᠢᠭᠦᠯᠬᠦ ᠲᠠᠯ᠎ᠠ ᠪᠡᠷ ᠬᠢ ᠵᠦᠷᠢᠶ᠎ᠠ ᠪᠠᠨ ᠡᠷᠢᠵᠦ᠂ ᠪᠠᠢᠭᠤᠯᠭ᠎ᠠ ᠶ᠋ᠢᠨ ᠨᠠᠮ ᠤ᠋ᠨ ᠪᠠᠢᠭᠤᠯᠤᠯᠲᠠ ᠳ᠋ᠤ᠌ᠳᠡᠷᠭᠡᠲᠡᠬᠢ ᠠᠰᠠᠭᠤᠳᠠᠯ ᠢ᠋ᠶ᠋ᠠᠨ ᠣᠯᠵᠤ ᠬᠠᠷᠠᠬᠤ ᠦᠭᠡᠢᠪᠠᠢᠬᠤ ᠠᠰᠠᠭᠤᠳᠠᠯ ᠣᠷᠤᠰᠢᠵᠤ ᠪᠠᠢᠬᠤ ᠡᠰᠡᠬᠦ ᠶ᠋ᠢ ᠦᠵᠡᠬᠦ ᠬᠡᠷᠡᠭᠲᠡᠢ; ᠰᠤᠷᠲᠠᠯ ᠢ᠋ ᠲᠥᠪ ᠪᠣᠯᠭᠠᠵᠤ ᠰᠠᠬᠢᠯᠭ᠎ᠠ ᠪᠠᠲᠤ ᠶ᠋ᠢ ᠴᠢᠩᠳᠠᠯᠠᠬᠤ ᠲᠠᠯ᠎ᠠ ᠪᠡᠷ ᠬᠢ ᠵᠥᠷᠢᠶ᠎ᠡ ᠪᠡᠨ ᠡᠷᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ᠋ ᠡᠷᠡᠰ ᠲᠡᠪᠴᠢᠭᠰᠡᠨ ᠡᠰᠡᠬᠦ᠂ ᠴᠢᠩᠭ᠎ᠠ ᠪᠠᠢᠬᠤ ᠶ᠋ᠢ ᠪᠠᠷᠢᠮᠳᠠᠯᠠᠵᠤ᠂ ᠨᠠᠮ ᠤ᠋ᠨ ᠭᠡᠰᠢᠭᠦᠨ ᠺᠠᠳ᠋ᠷᠴᠤᠳ ᠳᠡᠬᠢ ᠪᠦᠬᠦ ᠲᠠᠯ᠎ᠠ ᠶ᠋ᠢᠨ ᠬᠠᠮᠢᠶᠠᠷᠤᠯᠲᠠ ᠬᠢᠨᠠᠯᠲᠠ ᠶ᠋ᠢ ᠴᠢᠩᠭᠠᠳᠭᠠᠵᠤ᠂ ᠢᠯᠵᠠᠷᠠᠬᠤ ᠠ᠋ᠴᠠ ᠵᠢᠷᠦᠬᠡᠰᠢᠶᠡᠬᠦ᠂ ᠢᠯᠵᠡᠷᠡᠵᠤ ᠪᠣᠯᠬᠤ ᠦᠭᠡᠢ᠂ ᠢᠯᠵᠠᠷᠠᠬᠤ ᠶ᠋ᠢ ᠪᠤᠳᠤᠬᠤ ᠦᠭᠡᠢ ᠪᠠᠢᠬᠤ ᠶ᠋ᠢ ᠨᠢᠭᠡ ᠴᠣᠭᠴᠠᠵᠢᠭᠤᠯᠤᠨ ᠠᠬᠢᠭᠤᠯᠤᠭᠰᠠᠨ ᠡᠰᠡᠬᠦ ᠶ᠋ᠢ ᠦᠵᠡᠬᠦ ᠬᠡᠷᠡᠭᠲᠡᠢ; ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠨᠠᠢᠳᠠᠪᠦᠷᠢᠵᠢᠭᠤᠯᠬᠤ ᠲᠠᠯ᠎ᠠ ᠪᠡᠷ ᠬᠢ ᠵᠦᠷᠢᠶ᠎ᠠ ᠪᠠᠨ ᠡᠷᠢᠵᠦ᠂ ᠬᠠᠷᠢᠭᠤᠴᠠᠯᠭ᠎ᠠ ᠶ᠋ᠢᠨ ᠳᠦᠷᠢᠮ ᠭᠡᠬᠦᠵᠠᠩᠭᠢᠯᠠᠭ᠎ᠠ ᠶ᠋ᠢ ᠴᠢᠩᠭ᠎ᠠ ᠡᠵᠡᠮᠳᠡᠨ᠂ ᠬᠠᠷᠢᠭᠤᠴᠠᠯᠭ᠎ᠠ ᠶ᠋ᠢ ᠲᠣᠳᠤᠷᠬᠠᠢ ᠪᠣᠯᠭᠠᠭᠰᠠᠨ ᠡᠰᠡᠬᠦ᠂ ᠬᠠᠷᠢᠭᠤᠴᠠᠯᠭ᠎ᠠ ᠪᠠᠨ ᠪᠡᠶᠡᠯᠡᠭᠦᠯᠦᠭᠰᠡᠨ ᠡᠰᠡᠬᠦ᠂ ᠬᠠᠷᠢᠭᠤᠴᠠᠯᠭ᠎ᠠ ᠪᠠᠨ ᠭᠦᠢᠴᠡᠳᠭᠡᠭᠰᠡᠨ ᠡᠰᠡᠬᠦ ᠶ᠋ᠢ ᠦᠵᠡᠬᠦ ᠬᠡᠷᠡᠭᠲᠡᠢ ᠭᠡᠵᠤ ᠱᠠᠭᠠᠷᠳᠠᠪᠠ᠃ 

  ᠮᠡᠳᠡᠭᠳᠡᠯ ᠳ᠋ᠤ᠌᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠢᠵᠢᠷᠠᠭᠤᠯᠵᠤ ᠨᠠᠢᠳᠠᠪᠦᠷᠢᠵᠢᠭᠤᠯᠬᠤ ᠶ᠋ᠢ ᠰᠠᠢᠲᠤᠷ ᠠᠳᠭᠤᠬᠤ ᠬᠡᠷᠡᠭᠲᠡᠢ᠃ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠬᠢᠲᠤᠭᠠᠨ ᠤ᠋ ᠢᠷ ᠢ᠋ᠶ᠋ᠠᠨ ᠲᠤᠳᠤᠭᠰᠢ ᠬᠠᠨᠳᠤᠭᠤᠯᠵᠤ ᠥᠪᠡᠷ ᠦ᠋ᠨ ᠪᠡᠶ᠎ᠡ ᠳ᠋ᠤ᠌ ᠪᠠᠨ ᠬᠤᠪᠢᠰᠭᠠᠯ ᠬᠢᠬᠦ ᠵᠣᠷᠢᠭ ᠰᠠᠨᠠᠭ᠎ᠠ ᠶ᠋ᠢ ᠪᠠᠳᠠᠷᠠᠭᠤᠯᠵᠤ᠂ ᠤᠯᠤᠰ ᠲᠥᠷᠦ ᠶ᠋ᠢᠨ ᠪᠠᠢᠭᠤᠯᠤᠯᠲᠠ᠂ ᠦᠵᠡᠯ ᠰᠠᠨᠠᠭᠠᠨ ᠤ᠋ ᠪᠠᠢᠭᠤᠯᠤᠯᠲᠠ᠂ ᠵᠣᠬᠢᠶᠠᠨ ᠪᠠᠢᠭᠤᠯᠤᠯᠲᠠ ᠶ᠋ᠢᠨ ᠴᠣᠭᠴᠠᠯᠠᠯᠲᠠ᠂ ᠰᠤᠷᠲᠠᠯ ᠤ᠋ᠨ ᠪᠠᠢᠭᠤᠯᠤᠯᠲᠠ ᠪᠣᠯᠤᠨ ᠰᠠᠬᠢᠯᠭ᠎ᠠ ᠪᠠᠲᠤ ᠶ᠋ᠢᠨ ᠪᠠᠢᠭᠤᠯᠤᠯᠲᠠ ᠵᠡᠷᠭᠡ ᠲᠠᠯ᠎ᠠ ᠳ᠋ᠤ᠌ ᠣᠷᠤᠰᠢᠵᠤ ᠪᠠᠢᠭ᠎ᠠ ᠳᠣᠪᠤᠢᠮ᠎ᠠ ᠠᠰᠠᠭᠤᠳᠠᠯ ᠳ᠋ᠤ᠌ ᠴᠢᠭᠯᠡᠭᠦᠯᠦᠨ ᠬᠠᠳᠠᠭᠠᠰᠤ ᠬᠠᠳᠠᠬᠤ ᠵᠣᠷᠢᠭ ᠰᠠᠨᠠᠭ᠎ᠠ ᠪᠡᠷ ᠴᠡᠭᠴᠡᠯᠡᠨ ᠰᠠᠢᠵᠢᠷᠠᠭᠤᠯᠵᠤ ᠨᠠᠢᠳᠠᠪᠦᠷᠢᠵᠢᠭᠤᠯᠬᠤ ᠶ᠋ᠢ ᠰᠠᠢᠲᠤᠷ ᠠᠳᠭᠤᠬᠤ ᠬᠡᠷᠡᠭᠲᠡᠢ᠃ ᠲᠥᠪ ᠦ᠋ᠨ ᠪᠠ ᠲᠥᠷᠦ ᠶ᠋ᠢᠨ ᠪᠠᠢᠭᠤᠯᠭ᠎ᠠ᠂ ᠮᠤᠵᠢ ᠶ᠋ᠢᠨ ᠳᠡᠰ ᠦ᠋ᠨ ᠪᠠᠢᠭᠤᠯᠭ᠎ᠠ ᠪᠠ ᠳᠡᠳ᠋ ᠮᠤᠵᠢ ᠶ᠋ᠢᠨ ᠳᠡᠰ ᠦ᠋ᠨ ᠬᠣᠲᠠ ᠶ᠋ᠢᠨ ᠪᠠᠢᠭᠤᠯᠭ᠎ᠠ ᠨᠢ ᠤᠯᠤᠰ ᠲᠥᠷᠦ ᠶ᠋ᠢᠨ ᠪᠠᠢᠭᠤᠯᠭ᠎ᠠ ᠶ᠋ᠢᠨ ᠢᠯᠡ ᠲᠣᠳᠤ ᠮᠥᠨ ᠴᠢᠨᠠᠷ ᠢ᠋ᠶ᠋ᠠᠨ ᠪᠠᠷᠢᠮᠳᠠᠯᠠᠵᠤ᠂ᠬᠤᠶᠠᠷ ᠢ᠋ ᠬᠠᠮᠠᠭᠠᠯᠠᠬᠤ ᠶ᠋ᠢ ᠨᠠᠮ ᠤ᠋ᠨ ᠲᠥᠪ ᠬᠣᠷᠢᠶᠠᠨ ᠤ᠋ ᠰᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ ᠶ᠋ᠢ ᠡᠷᠡᠰ ᠲᠤᠭᠤᠰᠢᠯᠠᠭᠤᠯᠬᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠲᠤᠰᠢᠶᠠᠯ ᠬᠠᠷᠢᠴᠠᠭᠤᠯᠭ᠎ᠠ ᠪᠠᠨ ᠭᠦᠢᠴᠡᠳᠭᠡᠬᠦ᠂ ᠲᠤᠬᠠᠢᠯᠠᠭᠰᠠᠨ ᠠᠵᠢᠯ ᠢ᠋ᠶ᠋ᠠᠨ ᠰᠠᠢᠲᠤᠷ ᠬᠢᠬᠦ ᠪᠤᠲᠠᠲᠠᠢ ᠦᠷ᠎ᠡ ᠪᠦᠳᠦᠮᠵᠢ ᠳᠡᠭᠡᠷ᠎ᠡ ᠢᠯᠡᠷᠡᠭᠦᠯᠵᠦ᠂ ᠨᠠᠮ ᠤ᠋ᠨ ᠭᠡᠰᠢᠭᠦᠨ ᠺᠠᠳ᠋ᠷᠴᠤᠳ ᠤ᠋ᠨ ᠡᠳᠦᠷ ᠳᠤᠲᠤᠮ ᠤ᠋ᠨ ᠦᠭᠡ ᠶᠠᠷᠢᠶ᠎ᠠ ᠦᠢᠯᠡ ᠠᠵᠢᠯᠯᠠᠭ᠎ᠠ ᠳᠡᠭᠡᠷ᠎ᠡ ᠢᠯᠡᠷᠡᠭᠦᠯᠬᠦ ᠬᠡᠷᠡᠭᠲᠡᠢ᠃ ᠵᠣᠷᠢᠭᠲᠠᠢ ᠪᠡᠷ ᠠᠰᠠᠭᠤᠳᠠᠯ ᠳ᠋ᠤ᠌ ᠰᠢᠭᠤᠳ ᠬᠠᠨᠳᠤᠨ᠂ ᠠᠰᠠᠭᠤᠳᠠᠯ ᠢ᠋ ᠦᠨᠡᠨ ᠬᠦ᠌ ᠰᠢᠢᠳᠪᠦᠷᠢᠯᠡᠵᠦ᠂ ᠡᠮ ᠵᠠᠷᠤᠵᠤ ᠮᠡᠰᠡ ᠵᠠᠰᠠᠯ ᠬᠢᠬᠦ ᠶ᠋ᠢᠨ ᠡᠪᠡᠳᠴᠢᠨ ᠵᠠᠰᠠᠬᠤ ᠠᠷᠭ᠎ᠠ ᠪᠣᠯᠤᠨ ᠡᠷᠬᠡᠲᠡᠨ ᠢ᠋ᠶ᠋ᠡᠨ ᠰᠠᠢᠵᠢᠷᠠᠭᠤᠯᠬᠤ ᠶ᠋ᠢᠨ ᠪᠡᠶ᠎ᠡ ᠮᠠᠬᠠᠪᠤᠳ ᠢ᠋ᠶ᠋ᠠᠨ ᠴᠢᠭᠢᠷᠠᠭᠵᠢᠭᠤᠯᠬᠤ ᠠᠷᠭ᠎ᠠ ᠶ᠋ᠢ ᠰᠠᠢᠲᠤᠷ ᠬᠡᠷᠡᠭᠯᠡᠬᠦ ᠬᠡᠷᠡᠭᠲᠡᠢ᠃ ᠠᠵᠢᠯ ᠬᠢᠵᠤ ᠦᠢᠯᠡᠰ ᠪᠣᠰᠭᠠᠬᠤ ᠴᠤᠭ ᠰᠦᠯᠲᠡ ᠬᠦᠷᠦᠯᠴᠡᠬᠦ ᠦᠭᠡᠢ ᠪᠠᠢᠬᠤ᠂ ᠣᠯᠵᠤ ᠠᠯᠳᠠᠬᠤ ᠶ᠋ᠢ ᠳᠡᠩᠳᠡᠬᠦᠤ ᠪᠣᠳᠤᠯᠬᠢᠯᠠᠬᠤ᠂ ᠬᠠᠷᠢᠭᠤᠴᠠᠯᠭ᠎ᠠ ᠡᠭᠦᠷᠭᠡᠯᠡᠬᠦ ᠦᠭᠡᠢ ᠵᠢᠳᠭᠦᠯ ᠴᠢᠷᠮᠠᠢᠯᠭ᠎ᠠ ᠭᠠᠷᠭᠠᠬᠤ ᠦᠭᠡᠢ ᠵᠡᠷᠭᠡ ᠠᠰᠠᠭᠤᠳᠠᠯ ᠢ᠋ ᠬᠦᠴᠦᠯᠡᠨ ᠴᠡᠭᠴᠡᠯᠡᠨ ᠰᠠᠢᠵᠢᠷᠠᠭᠤᠯᠵᠤ᠂ ᠠᠷᠢᠭᠤᠨ ᠴᠡᠪᠡᠷ ᠪᠠ ᠡᠭᠦᠷᠭᠡᠯᠡᠯ᠂ ᠠᠵᠢᠯᠴᠢ ᠵᠠᠰᠠᠭ ᠪᠠ ᠴᠢᠭᠡᠴᠢ ᠵᠠᠰᠠᠭ ᠢ᠋ ᠨᠢᠭᠡᠳᠭᠡᠨ᠂ ᠨᠠᠮ ᠤ᠋ᠨ ᠭᠡᠰᠢᠭᠦᠨ ᠺᠠᠳ᠋ᠷᠴᠤᠳ ᠤ᠋ᠨ ᠵᠣᠷᠢᠭᠲᠠᠢ ᠪᠡᠷ ᠬᠦᠨᠲᠦ ᠡᠭᠦᠷᠭᠡ ᠡᠭᠦᠷᠭᠡᠯᠡᠬᠦ᠂ ᠬᠦᠴᠢᠷ ᠠᠰᠠᠭᠤᠳᠠᠯ ᠢ᠋ ᠰᠢᠢᠳᠪᠦᠷᠢᠯᠡᠬᠦ᠂ ᠲᠤᠯᠭᠠᠮ ᠡᠭᠦᠷᠭᠡ ᠶ᠋ᠢ ᠲᠤᠰᠴᠤ ᠠᠪᠬᠤ ᠶ᠋ᠢ ᠵᠣᠷᠢᠭᠵᠢᠭᠤᠯᠵᠤ᠂ ᠮᠤᠩᠬᠠᠭ ᠨᠣᠶᠠᠨ᠂ ᠬᠣᠢᠷᠭᠤ ᠨᠣᠶᠠᠨ᠂ ᠦᠬᠡᠨᠴᠡ ᠨᠣᠶᠠᠨ᠂ ᠠᠪᠯᠢᠭᠠᠴᠢ ᠨᠣᠶᠠᠨ ᠪᠣᠯᠬᠤ ᠦᠭᠡᠢ ᠪᠠᠢᠬᠤ ᠶ᠋ᠢ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

  ᠮᠡᠳᠡᠭᠳᠡᠯ ᠳ᠋ᠤ᠌᠂ᠦᠨᠳᠦᠰᠦᠨ ᠱᠠᠲᠤᠨ ᠤ᠋ ᠳᠠᠷᠤᠭᠠᠰᠦ ᠶ᠋ᠢ ᠬᠥᠩᠭᠡᠷᠡᠭᠦᠯᠬᠦ ᠣᠨ ᠤ᠋ ᠱᠠᠭᠠᠷᠳᠠᠯᠭ᠎ᠠ ᠶᠣᠰᠣᠭᠠᠷ ᠬᠡᠯᠪᠡᠷᠢᠴᠢ ᠦᠵᠡᠯ ᠦ᠋ᠨ ᠶᠡᠬᠡ ᠪᠠᠢᠴᠠᠭᠠᠯᠲᠠ ᠶ᠋ᠢ ᠲᠦᠷᠦᠭᠦᠯᠡᠨ ᠥᠷᠨᠢᠭᠦᠯᠵᠦ᠂ ᠱᠠᠲᠤ ᠱᠠᠲᠤ ᠪᠡᠷ ᠮᠠᠲ᠋ᠧᠷᠢᠶᠠᠯ ᠲᠠᠷᠬᠠᠭᠠᠬᠤ᠂ ᠱᠠᠲᠤ ᠱᠠᠲᠤ ᠪᠠᠷ ᠬᠤᠷᠠᠯ ᠬᠢᠬᠦ᠂ ᠱᠠᠯᠠᠪᠳᠠᠭᠤᠯᠤᠨ ᠪᠠᠢᠴᠠᠭᠠᠬᠤ ᠬᠢᠨᠠᠨ ᠪᠠᠢᠴᠠᠭᠠᠬᠤ ᠰᠢᠯᠭᠠᠨ ᠪᠠᠢᠴᠠᠭᠠᠬᠤ ᠨᠢ ᠬᠡᠲᠦ ᠤᠯᠠᠨ ᠵᠡᠷᠭᠡ ᠠᠰᠠᠭᠤᠳᠠᠯ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ᠂ ᠨᠢᠭᠡ ᠨᠢᠭᠡ ᠵᠦᠢᠯ ᠢ᠋ᠶ᠋ᠡᠷ ᠪᠤᠲᠠᠲᠠᠢ ᠠᠳᠭᠤᠵᠤ ᠴᠡᠭᠴᠡᠯᠡᠨ ᠰᠠᠢᠵᠢᠷᠠᠭᠤᠯᠬᠤ ᠬᠡᠷᠡᠭᠲᠡᠢ᠃ ᠪᠠᠢᠭᠤᠯᠭ᠎ᠠ ᠶ᠋ᠢᠨ ᠨᠠᠮ ᠤ᠋ᠨ ᠪᠠᠢᠭᠤᠯᠤᠯᠲᠠ ᠶ᠋ᠢᠨᠳᠡᠷᠭᠡᠲᠡᠬᠢ ᠠᠰᠠᠭᠤᠳᠠᠯ ᠢ᠋ᠶ᠋ᠠᠨ ᠣᠯᠵᠤ ᠬᠠᠷᠠᠬᠤ ᠦᠭᠡᠢᠪᠠᠢᠬᠤ ᠠᠰᠠᠭᠤᠳᠠᠯ ᠢ᠋ ᠡᠷᠡᠰ ᠴᠡᠭᠴᠡᠯᠡᠨ ᠰᠠᠢᠵᠢᠷᠠᠭᠤᠯᠵᠤ᠂ ᠡᠷᠡᠰ ᠪᠠᠲᠤ ᠬᠦᠴᠦᠨ ᠲᠠᠢ ᠪᠠᠢᠭᠤᠯᠭ᠎ᠠ ᠶ᠋ᠢᠨ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢ ᠳᠠᠪᠲᠠᠨ ᠪᠣᠯᠪᠠᠰᠤᠷᠠᠭᠤᠯᠵᠤ᠂ ᠨᠠᠮ ᠤ᠋ᠨ ᠭᠡᠰᠢᠭᠦᠨ ᠨᠢᠭᠡ ᠪᠦᠷᠢ ᠶ᠋ᠢ ᠬᠤᠷᠴᠠ ᠰᠣᠷᠭᠤᠭ ᠲᠤᠭ ᠲᠡᠮᠳᠡᠭ ᠪᠣᠯᠭᠠᠨ᠂ ᠨᠠᠮ ᠤ᠋ᠨ ᠡᠭᠦᠷ ᠨᠢᠭᠡ ᠪᠦᠷᠢ ᠶ᠋ᠢ ᠨᠠᠮ ᠤ᠋ᠨ ᠲᠤᠭ ᠢ᠋ ᠥᠨᠳᠦᠷ ᠲᠤ᠌ ᠮᠠᠨᠳᠤᠭᠤᠯᠬᠤ ᠳᠠᠢᠴᠢᠨ ᠪᠡᠬᠢᠯᠡᠯᠲᠡ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃

                      ᠥᠪᠦᠷ ᠮᠣᠩᠭᠤᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠲᠡᠯᠡᠪᠡ

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠡᠮᠦᠨᠡᠬᠢ ᠵᠣᠬᠢᠶᠠᠯ: ᠵᠣᠬᠢᠶᠠᠯ ᠦᠭᠡᠢ ᠪᠣᠯᠵᠠᠢ
ᠳᠠᠷᠠᠭᠠᠬᠢ ᠵᠣᠬᠢᠶᠠᠯ: ᠵᠣᠬᠢᠶᠠᠯ ᠦᠭᠡᠢ ᠪᠣᠯᠵᠠᠢ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤᠨ
ᠪᠦᠯᠦᠭᠯᠡᠯ
ᠬᠡᠪᠯᠡᠯ ᠤᠨ
ᠡᠷᠬᠡ ᠲᠠᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ:
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ
ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89 ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ᠃
蒙ICP 备0500604