《ᠤᠭ ᠰᠠᠨᠠᠭ᠎ᠠ᠎ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠬᠦ》 ᠭᠣᠤᠯ ᠰᠡᠳᠦᠪᠳᠤ ᠨᠠᠮ᠎ᠤᠨ ᠡᠳᠦᠷ᠎ᠦᠨ ᠠᠵᠢᠯᠯᠠᠭ᠎ᠠ
2019.06.30

      ᠳᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭᠳᠠᠭᠰᠠᠨ 98 ᠵᠢᠯ᠎ᠤᠨ ᠤᠢ ᠵᠢᠴᠢ ᠱᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ᠎ᠤᠨ ᠤᠢ᠎ᠶᠢ ᠪᠡᠯᠭᠡᠯᠡᠵᠦ᠂ ᠱᠢᠨ᠎ᠡ ᠪᠠᠢᠳᠠᠯ ᠳᠣᠤᠷᠠᠬᠢ ᠨᠠᠮ᠎ᠤᠨ ᠬᠡᠱᠢᠬᠦᠨ᠎ᠦ ᠨᠠᠮᠴᠢ ᠬᠡᠪ ᠪᠣᠯᠪᠠᠰᠤᠷᠠᠯ᠎ᠢ ᠳᠡᠭᠡᠭᠱᠢᠯᠡᠭᠦᠯᠦᠨ᠂ ᠨᠠᠮ᠎ᠤᠨ ᠭᠡᠱᠢᠭᠦᠨ᠎ᠦ ᠡᠬᠡ ᠣᠷᠤᠨᠴᠢ ᠦᠵᠡᠯ ᠤᠬᠠᠮᠰᠠᠷ ᠪᠣᠯᠤᠨ ᠲᠡᠦᠬᠡ᠎ᠶᠢᠨ ᠬᠠᠷᠢᠭᠤᠴᠠᠯᠭᠠᠳᠤ ᠰᠡᠳᠭᠢᠯᠭᠡ᠎ᠶᠢ ᠨᠡᠮᠡᠭᠳᠡᠭᠦᠯᠵᠦ᠂ ᠦᠨᠳᠦᠰᠦᠨ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠳᠠ᠎ᠶᠢᠨ ᠢᠳᠡᠪᠬᠢᠵᠢᠯ᠎ᠢ ᠬᠦᠭᠵᠢᠬᠡᠨ᠂ ᠪᠦᠯᠬᠦᠮ ᠨᠡᠢᠳᠡ᠎ᠶᠢᠨ ᠨᠢᠭᠳᠠᠷᠠᠯ᠎ᠤᠨ ᠬᠦᠴᠦᠨ ᠬᠢᠭᠡᠳ ᠪᠠᠢᠯᠳᠤᠬᠤ ᠬᠦᠴᠦᠨ᠎ᠢ ᠳᠡᠭᠡᠭᠱᠢᠯᠡᠭᠦᠯᠬᠦ᠎ᠶᠢᠨ ᠳᠥᠯᠦᠭᠡ᠂ 6 ᠰᠠᠷ᠎ᠠ᠎ᠶᠢᠨ 28᠎ᠦ ᠡᠳᠦᠷ᠎ᠤᠨ ᠦᠳᠡ᠎ᠶᠢᠨ ᠡᠮᠦᠨ᠎ᠡ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠡᠭᠦᠷ᠂ ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠨᠠᠮ᠎ᠤᠨ ᠡᠭᠦᠷ ᠵᠡᠷᠭᠡ ᠳᠣᠯᠤᠭᠠᠨ ᠨᠠᠮ᠎ᠤᠨ ᠵᠣᠬᠢᠶᠠᠨ ᠪᠠᠢᠭᠤᠯᠤᠯᠳᠠ ᠬᠠᠮᠳᠤᠷᠠᠨᠳᠣᠯᠤᠭᠠᠨ ᠰᠠᠷ᠎ᠠ᠎ᠶᠢᠨ ᠨᠢᠭᠡᠨ᠎ᠢ ᠪᠡᠯᠭᠡᠯᠡᠨᠤᠭ ᠰᠠᠨᠠᠭ᠎ᠠ᠎ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠬᠦ ᠭᠣᠤᠯ ᠰᠡᠳᠦᠪᠳᠤ ᠨᠠᠮ᠎ᠤᠨ ᠡᠳᠦᠷ᠎ᠦᠨ ᠠᠵᠢᠯᠯᠠᠭ᠎ᠠ᠎ᠶᠢ ᠵᠣᠬᠢᠶᠠᠨ ᠪᠠᠢᠭᠤᠯᠵᠦ ᠥᠷᠨᠢᠭᠦᠯᠪᠡ᠃

      ᠲᠤᠰ ᠠᠵᠢᠯᠯᠠᠭ᠎ᠠ᠎ᠨᠢ ᠭᠢᠯᠪᠢᠭᠡᠨ ᠺᠢᠨᠤ᠋᠎ᠶᠢᠨ ᠬᠡᠯᠪᠡᠷᠢ᠎ᠪᠠᠷ ᠶᠠᠪᠤᠭᠳᠠᠵᠦ᠂ ᠨᠠᠮᠢᠷᠠᠨ ᠮᠠᠨᠳᠤᠬᠤ ᠳᠠᠪᠤᠨ ᠤᠳᠤᠳᠤ ᠤᠯᠠᠭᠠᠨ ᠳᠤᠭ᠎ᠤᠨ ᠳᠣᠤᠷ᠎ᠠ ᠬᠥᠳᠡᠯᠭᠡᠭᠡᠨ᠎ᠦ ᠬᠥᠱᠢᠭᠡ ᠢᠷᠠᠨ ᠨᠡᠭᠡᠭᠡᠭᠳᠡᠯ᠎ᠡ᠃ ᠤᠶᠠᠩᠭ᠎ᠠ ᠳᠠᠭᠤᠨ᠎ᠤ ᠠᠶᠠᠯᠭᠤ᠂ ᠤᠷᠠᠨ ᠱᠢᠯᠦᠭ᠎ᠦᠨ ᠤᠩᠱᠢᠯᠭ᠎ᠠ᠂ ᠪᠠᠶᠠᠨ ᠬᠤᠭᠤᠷ᠎ᠤᠨ ᠡᠭᠡᠱᠢᠭ᠂ ᠪᠠᠶᠠᠰᠤᠯᠳᠤ ᠪᠥᠵᠢᠭ᠎ᠦᠨ ᠨᠠᠬᠢᠯᠵᠠᠭ᠎ᠠ᠎ᠪᠠᠷ ᠪᠦᠬᠦ ᠦᠵᠡᠭᠳᠡᠯ ᠪᠦᠷᠢᠳᠦᠨ ᠳᠡᠯᠭᠡᠭᠳᠡᠵᠦ᠂ ᠢᠷᠠᠭᠤ ᠡᠭᠡᠱᠢᠭᠯᠢᠭ ᠢᠯᠳᠠᠮᠬᠠᠨ ᠲᠣᠭᠯᠠᠯᠳᠠ᠎ᠪᠡᠷ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠨ ᠦᠢᠯᠡᠰ᠎ᠦᠨ ᠭᠠᠷᠤᠭᠠᠨ᠎ᠳᠤ ᠮᠡᠷᠡᠢᠨ ᠵᠢᠳᠭᠦᠭᠡ ᠥᠷᠭᠡᠨ ᠤᠯᠠᠨ ᠨᠠᠮ᠎ᠤᠨ ᠭᠡᠱᠢᠭᠦᠨ ᠠᠵᠢᠯᠳᠠᠨ᠎ᠤ ᠴᠠᠭ ᠦᠶ᠎ᠡ᠎ᠶᠢᠨ ᠬᠠᠮᠤᠭ᠎ᠤᠨ ᠴᠢᠩᠭ᠎ᠠ ᠳᠠᠭᠤᠨ᠎ᠢ ᠴᠤᠤᠷᠢᠶᠠᠳᠤᠭᠤᠯᠵᠦ᠂ ᠨᠠᠮ ᠮᠡᠨᠳᠦᠯᠡᠭᠰᠡᠨ ᠪᠠᠶᠠᠷ᠎ᠤᠨ ᠡᠳᠦᠷ ᠪᠠ ᠠᠭᠤᠤ ᠶᠡᠬᠡ ᠡᠬᠡ ᠤᠯᠤᠰ᠎ᠲᠤ᠎ᠪᠠᠨ ᠴᠢᠩ ᠦᠨᠡᠨ ᠬᠦᠰᠡᠯ ᠵᠥᠩᠨᠡᠯ᠎ᠢᠶᠡᠨ ᠡᠷᠭᠦᠨ ᠪᠠᠷᠢᠪᠠ᠃

      ᠡᠨᠡ ᠤᠳᠠᠭᠠᠨ᠎ᠤ ᠭᠣᠤᠯ ᠰᠡᠳᠦᠪᠳᠤ ᠨᠠᠮ᠎ᠤᠨ ᠡᠳᠦᠷ᠎ᠦᠨ ᠠᠵᠢᠯᠯᠠᠭ᠎ᠠ᠎ᠨᠢ ᠨᠠᠮ᠎ᠤᠨ ᠭᠡᠱᠢᠭᠦᠨ ᠤᠯᠠᠨ ᠳᠦᠮᠡᠨ᠎ᠦ ᠤᠯᠠᠭᠠᠨ ᠭᠧᠨ᠎ᠢ ᠤᠯᠠᠮᠯᠠᠨ ᠵᠠᠯᠭᠠᠮᠵᠢᠯᠠᠵᠦ᠂ ᠡᠬᠡ ᠣᠷᠤᠨᠴᠢ ᠦᠵᠡᠯ ᠰᠡᠳᠭᠢᠯᠭᠡ᠂ ᠡᠬᠡ ᠣᠷᠤᠨᠴᠢ ᠵᠣᠷᠢᠭ ᠰᠠᠨᠠᠭ᠎ᠠ᠎ᠶᠢ ᠪᠤᠢ ᠪᠣᠯᠭᠠᠨ ᠪᠠᠳᠠᠷᠠᠭᠤᠯᠬᠤ᠎ᠳᠤ ᠴᠢᠬᠤᠯᠠ ᠰᠤᠷᠭᠠᠨ ᠬᠥᠮᠦᠵᠢᠭᠦᠯᠬᠦ ᠠᠴᠢ ᠬᠣᠯᠪᠤᠭᠳᠠᠯ᠎ᠲᠠᠢ ᠪᠠᠢᠵᠦ᠂ ᠨᠠᠮ᠎ᠤᠨ ᠵᠣᠬᠢᠶᠠᠨ ᠪᠠᠢᠭᠤᠯᠤᠯᠳᠠ᠎ᠶᠢᠨ ᠳᠦᠪᠯᠡᠩᠭᠦᠢ ᠬᠦᠴᠦᠨ᠂ ᠨᠢᠭᠳᠠᠷᠠᠯ᠎ᠤᠨ ᠬᠦᠴᠦᠨ᠎ᠢ ᠤᠯᠠᠮ ᠨᠢᠭᠡ ᠠᠯᠬᠤᠮ ᠳᠡᠭᠡᠭᠱᠢᠯᠡᠭᠦᠯᠦᠨ᠂ ᠤᠭ ᠰᠠᠨᠠᠭ᠎ᠠ᠎ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠬᠦᠭᠣᠤᠯ ᠰᠡᠳᠦᠪᠳᠤ ᠬᠥᠮᠦᠵᠢᠯ᠎ᠳᠤ ᠮᠥᠨ ᠱᠢᠯᠢᠳᠡᠭ ᠰᠠᠢᠨ ᠣᠷᠴᠢᠨ᠎ᠢ ᠴᠤᠭᠴᠠᠯᠠᠵᠦ ᠥᠭᠭᠦᠭᠰᠡᠨ ᠪᠠᠢᠨ᠎ᠠ᠃ ᠪᠢᠳᠡ ᠦᠷᠭᠦᠯᠵᠢᠯᠡᠨ ᠢᠳᠡᠭᠡᠯ ᠬᠦᠰᠡᠯ᠎ᠢᠶᠠᠨ ᠪᠠᠳᠤᠳᠭᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠷᠢᠮᠳᠠᠯᠠᠵᠦ᠂ ᠤᠯᠤᠰ ᠳᠦᠷᠦ᠎ᠶᠢᠨ ᠬᠡᠪ ᠪᠣᠯᠪᠠᠰᠤᠷᠠᠯ ᠪᠣᠯᠤᠨ ᠳᠤᠬᠠᠢᠯᠠᠭᠰᠠᠨ ᠠᠵᠢᠯ᠎ᠤᠨ ᠴᠢᠳᠠᠪᠤᠷᠢ᠎ᠪᠠᠨ ᠳᠠᠰᠤᠷᠠᠯᠳᠠ᠎ᠦᠭᠡᠢ ᠳᠡᠭᠡᠭᠱᠢᠯᠡᠭᠦᠯᠦᠨ᠂ ᠣᠷᠭᠢᠯᠤᠮ᠎ᠠ ᠬᠠᠯᠠᠭᠤᠨ ᠵᠣᠷᠢᠭ᠎ᠢᠶᠠᠷ ᠠᠵᠢᠯ ᠦᠢᠯᠡᠰ᠎ᠲᠤ᠎ᠪᠠᠨ ᠡᠷᠡᠮᠡᠭᠡᠢᠯᠡᠨ᠂ ᠪᠤᠳᠠᠳᠤ ᠦᠢᠯᠡ ᠠᠵᠢᠯᠯᠠᠭ᠎ᠠ᠎ᠪᠡᠷ ᠬᠠᠷᠢᠭᠤᠴᠠᠯᠭ᠎ᠠ ᠪᠠ ᠡᠭᠦᠷᠭᠡᠯᠡᠯ᠎ᠢ ᠬᠠᠷᠠᠭᠤᠯᠤᠨ ᠳᠤᠰᠭᠠᠵᠦ᠂ ᠬᠡᠪᠯᠡᠯ᠎ᠤᠨ ᠦᠢᠯᠡᠰ᠎ᠦᠨ ᠬᠦᠭᠵᠢᠯᠳᠠ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠦᠵᠡᠭᠴᠢᠳ ᠤᠯᠠᠨ ᠢᠯᠡᠳᠭᠡᠵᠦ ᠪᠠᠢᠯ᠎ᠠ᠃

 

 

                                                                                                       ᠣᠷᠴᠢᠭᠤᠯᠤᠭᠴᠢ᠄ ᠲᠡᠷᠭᠡᠯ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃