ᠥᠪᠡᠷᠲᠡᠭᠡᠨ ᠵᠠᠰᠠᠬᠤ ᠣᠷᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠣᠮᠤ ᠳ᠋ᠠᠢᠲ᠋ᠠ᠎ᠶᠢᠨ ᠲᠤᠷᠱᠢᠯᠲᠠ᠎ᠶᠢᠨ ᠲᠠᠰᠤᠭ ᠪᠠᠢᠭᠤᠯᠤᠭᠳᠠᠪᠠ
2019.07.31

  ᠯᠢᠤ ᠴᠢ ᠹᠠᠨ ᠣᠷᠤᠯᠴᠠᠵᠤ ᠶᠠᠷᠢᠶ᠎ᠠ ᠲᠠᠯᠪᠢᠵᠠᠢ

 

  ᠲᠤᠰ ᠰᠣᠨᠢᠨ᠎ᠤ ᠮᠡᠳᠡᠭᠡ (ᠰᠤᠷᠪᠤᠯᠵᠢᠯᠠᠭᠴᠢ ᠵᠠᠩ ᠺᠦᠢ) ᠤᠯᠤᠰ᠎ᠤᠨ ᠲᠣᠮᠤ ᠳ᠋ᠠᠢᠲ᠋ᠠ᠎ᠶᠢᠨ ᠪᠠᠢᠯᠳᠤᠬᠤ ᠪᠣᠳᠤᠯᠭ᠎ᠠ᠎ᠶᠢᠨ ᠠᠬᠤᠢ ᠪᠠᠢᠳᠠᠯ ᠳᠣᠤᠷᠠᠬᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠢᠯᠵᠠᠷᠠᠯ᠎ᠢ ᠡᠰᠡᠷᠭᠦᠴᠡᠬᠦ ᠠᠵᠢᠯ᠎ᠤᠨ ᠬᠡᠪ ᠵᠠᠭᠪᠤᠷ᠎ᠤᠨ ᠱᠢᠨ᠎ᠡ᠎ᠶᠢ ᠡᠭᠦᠳᠬᠦ᠎ᠶᠢ ᠠᠬᠢᠭᠤᠯᠬᠤ᠎ᠶᠢᠨ ᠲᠥᠯᠦᠭᠡ᠂ 7 ᠰᠠᠷ᠎ᠠ᠎ᠶᠢᠨ 12᠎ᠤᠨ ᠦᠳᠡ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠣᠮᠤ ᠳ᠋ᠠᠢᠲ᠋ᠠ᠎ᠶᠢᠨ ᠲᠤᠷᠱᠢᠯᠲᠠ᠎ᠶᠢᠨ ᠲᠠᠰᠤᠭ ᠫᠠᠢᠰᠠ ᠰᠡᠬᠦᠵᠦ ᠪᠠᠢᠭᠤᠯᠤᠭᠳᠠᠪᠠ᠃

  ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠪᠠᠢᠩᠭᠤ᠎ᠶᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭᠴᠢ ᠯᠢᠦ ᠴᠢ ᠹᠠᠨ ᠲᠤᠷᠱᠢᠯᠲᠠ᠎ᠶᠢᠨ ᠲᠠᠰᠤᠭ᠎ᠲᠤ ᠫᠠᠢᠰᠠ ᠰᠡᠬᠦᠭᠰᠡᠨ ᠪᠥᠭᠡᠳ ᠲᠤᠷᠱᠢᠯᠲᠠ᠎ᠶᠢᠨ ᠲᠠᠰᠤᠭ᠎ᠤᠨ ᠡᠷᠬᠢᠯᠡᠭᠴᠢ᠂ ᠡᠷᠳᠡᠮ ᠱᠢᠨᠵᠢᠯᠡᠭᠡᠨ᠎ᠤ ᠵᠥᠪᠯᠡᠯ᠎ᠦᠨ ᠭᠡᠱᠢᠭᠦᠳ᠎ᠲᠤ ᠤᠷᠢᠯᠭ᠎ᠠ᠎ᠶᠢᠨ ᠪᠢᠴᠢᠭ ᠭᠠᠷᠲᠠᠭᠤᠯᠪᠠ᠃

  ᠯᠢᠦ ᠴᠢ ᠹᠠᠨ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠣᠮᠤ ᠳ᠋ᠠᠢᠲ᠋ᠠ᠎ᠶᠢᠨ ᠲᠤᠷᠱᠢᠯᠲᠠ᠎ᠶᠢᠨ ᠲᠠᠰᠤᠭ᠎ᠢ ᠪᠠᠢᠭᠤᠯᠬᠤ ᠪᠣᠯ ᠲᠣᠮᠤ ᠳ᠋ᠠᠢᠲ᠋ᠠ ᠪᠠ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠯᠲᠠ ᠲᠠᠯᠪᠢᠵᠦ᠂ ᠬᠢᠨᠠᠨ ᠪᠠᠢᠴᠠᠭᠠᠬᠤ᠎ᠶᠢ ᠭᠦᠨᠵᠡᠭᠡᠢ ᠨᠡᠢᠳᠭᠡᠬᠦ ᠱᠢᠪᠲᠤᠯᠤᠯᠲᠠ᠎ᠶᠢᠨ ᠴᠢᠨᠠᠷᠲᠠᠢ ᠠᠷᠭ᠎ᠠ ᠬᠢᠳᠡᠯ ᠪᠠᠢᠵᠤ᠂ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠯᠲᠠ ᠲᠠᠯᠪᠢᠬᠤ᠂ ᠬᠢᠨᠠᠨ ᠪᠠᠢᠴᠠᠭᠠᠯᠲᠠ᠎ᠶᠢᠨ ᠲᠣᠮᠤ ᠳ᠋ᠠᠢᠲ᠋ᠠ᠎ᠶᠢᠨ ᠰᠤᠳᠤᠯᠭᠠᠨ ᠪᠠ ᠮᠡᠷᠭᠡᠵᠢᠯ᠎ᠦᠨ ᠬᠡᠷᠡᠭᠯᠡᠭᠡᠨ᠎ᠤ ᠦᠷ᠎ᠡ ᠪᠦᠲᠦᠮᠵᠢ᠎ᠶᠢ ᠣᠨᠳᠤᠤᠱᠢᠭᠤᠯᠬᠤ ᠱᠢᠨ᠎ᠡ᠎ᠶᠢ ᠡᠭᠦᠳᠬᠦ ᠲᠠᠪᠴᠠᠩ ᠪᠠᠢᠵᠤ᠂ ᠠᠵᠢᠯ᠎ᠤᠨ ᠣᠢᠯᠠᠭᠠᠭᠳᠠᠬᠤᠨ᠎ᠢᠶᠠᠨ ᠱᠢᠯᠢᠳᠡᠭᠵᠢᠭᠦᠯᠵᠦ᠂ ᠵᠠᠰᠠᠯᠲᠠ᠎ᠶᠢᠨ ᠴᠢᠳᠠᠪᠦᠷᠢ᠎ᠪᠠᠨ ᠳᠡᠭᠡᠭᠱᠢᠯᠡᠭᠦᠯᠬᠦ᠎ᠳᠤ ᠲᠤᠰᠠᠳᠠᠢ ᠪᠠᠢᠵᠦ᠂ ᠣᠶᠤᠨᠴᠢ᠎ᠪᠡᠷ ᠢᠯᠵᠠᠷᠠᠯ᠎ᠢ ᠡᠰᠡᠷᠭᠦᠴᠡᠬᠦ᠂ ᠠᠵᠢᠯ᠎ᠤᠨ ᠬᠡᠪ ᠵᠠᠭᠪᠤᠷ᠎ᠢᠶᠠᠨ ᠥᠭᠡᠷᠡᠴᠢᠯᠡᠨ ᠰᠠᠢᠵᠢᠷᠠᠭᠤᠯᠬᠤ᠎ᠳᠤ ᠲᠤᠰᠠᠲᠠᠢ ᠪᠠᠢᠵᠤ᠂ ᠥᠪᠡᠷᠲᠡᠭᠡᠨ ᠵᠠᠰᠠᠬᠤ ᠣᠷᠤᠨ᠎ᠤ ᠪᠦᠬᠦ ᠲᠠᠯ᠎ᠠ᠎ᠪᠡᠷ ᠨᠠᠮ᠎ᠢ ᠴᠢᠩᠭ᠎ᠠ ᠵᠠᠰᠠᠬᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠣᠨᠴᠠᠭᠠᠢ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠦ ᠬᠡᠯᠡᠪᠡ᠃

  ᠲᠤᠷᠱᠢᠯᠲᠠ᠎ᠶᠢᠨ ᠲᠠᠰᠤᠭ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠦᠨ ᠠᠺᠠᠳᠧᠮᠢᠴᠢ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠱᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠺᠣᠮᠫᠢᠦ᠋ᠲᠧᠷ᠎ᠦᠨ ᠳᠡᠭᠡᠲᠦ ᠰᠤᠷᠭᠠᠭᠤᠯᠢ᠎ᠶᠢᠨ ᠵᠠᠬᠢᠷᠤᠯ ᠯᠢᠶᠤᠤ ᠱᠢᠶᠠᠩ ᠺᠸ᠎ᠶᠢ ᠡᠷᠳᠡᠮ ᠱᠢᠨᠵᠢᠯᠡᠭᠡᠨ᠎ᠤ ᠵᠥᠪᠯᠡᠯ᠎ᠦᠨ ᠡᠷᠬᠢᠯᠡᠭᠴᠢ᠎ᠪᠡᠷ ᠤᠷᠢᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠂ ᠶᠡᠬᠡ ᠳᠡᠭᠡᠲᠦ ᠰᠤᠷᠭᠠᠭᠤᠯᠢ᠂ ᠱᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠢᠴᠢ ᠨᠡᠢᠭᠡᠮ᠎ᠦᠨ ᠬᠦᠴᠦᠨ ᠴᠢᠳᠠᠯᠬᠠᠮᠲᠤ᠎ᠪᠠᠷ ᠪᠦᠲᠦᠭᠡᠨ ᠪᠠᠢᠭᠤᠯᠬᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠲᠡᠬᠦᠠᠵᠢᠯᠯᠠᠭᠠᠨ᠎ᠤ ᠲᠣᠭᠲᠠᠴᠠ᠎ᠶᠢ ᠬᠡᠷᠡᠭᠵᠢᠭᠦᠯᠵᠦ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠎ᠶᠢᠨ ᠪᠤᠲᠠᠲᠠᠢ ᠲᠤᠬᠠᠢᠯᠠᠭᠰᠠᠨ ᠠᠵᠢᠯ᠎ᠤᠨ ᠱᠠᠭᠠᠷᠳᠠᠯᠭ᠎ᠠ᠎ᠪᠡᠷ ᠬᠥᠲᠦᠯᠦᠨ ᠳᠠᠭᠠᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠣᠮᠤ ᠳ᠋ᠠᠢᠲ᠋ᠠ᠎ᠶᠢᠨ ᠬᠡᠷᠡᠭᠯᠡᠭᠡᠨ᠎ᠤ ᠰᠤᠳᠤᠯᠭᠠᠨ ᠥᠷᠨᠢᠭᠦᠯᠬᠦ ᠪᠥᠭᠡᠳ ᠦᠷ᠎ᠡ ᠪᠦᠲᠦᠭᠡᠯ᠎ᠢ ᠨᠠᠢᠳᠠᠪᠦᠷᠢᠵᠢᠭᠤᠯᠵᠤ ᠣᠨᠳᠤᠤᠱᠢᠭᠤᠯᠬᠤ᠎ᠶᠢ ᠠᠬᠢᠭᠤᠯᠬᠤ ᠪᠣᠯᠤᠨ᠎ᠠ᠃

  ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠤᠯᠤᠰ ᠲᠥᠷᠦ ᠬᠠᠤᠯᠢ ᠴᠠᠭᠠᠵᠠ᠎ᠶᠢᠨ ᠬᠣᠷᠢᠶ᠎ᠠ᠂ ᠥᠪᠡᠷᠲᠡᠭᠡᠨ ᠵᠠᠰᠠᠬᠤ ᠣᠷᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠲᠢᠩᠬᠢᠮ᠂ ᠱᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠲᠢᠩᠬᠢᠮ ᠵᠢᠴᠢ ᠥᠪᠦᠷ ᠮᠣᠩᠭᠤᠯ᠎ᠤᠨ ᠶᠡᠬᠡ ᠰᠤᠷᠭᠠᠭᠤᠯᠢ᠂ ᠥᠪᠦᠷ ᠮᠣᠩᠭᠤᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠦᠷ ᠮᠣᠩᠭᠤᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠦᠷ ᠮᠣᠩᠭᠤᠯ᠎ᠤᠨ ᠡᠳ᠋᠎ᠶᠢᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠬᠣᠯᠪᠤᠭᠳᠠᠯ ᠪᠦᠬᠦᠢ ᠬᠠᠷᠢᠭᠤᠴᠠᠯᠭᠠᠲᠠᠨ᠎ᠨᠦᠭᠦᠳ᠂ ᠬᠣᠷᠱᠢᠭᠰᠠᠨ ᠠᠵᠤ ᠠᠬᠤᠢᠯᠠᠯ᠎ᠤᠨ ᠲᠥᠯᠦᠭᠡᠯᠡᠭᠴᠢᠳ᠂ ᠥᠪᠡᠷᠲᠡᠭᠡᠨ ᠵᠠᠰᠠᠬᠤ ᠣᠷᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠬᠡᠰᠡᠭ ᠪᠠᠭ᠎ᠤᠨ ᠪᠦᠷᠢᠯᠳᠦᠬᠦᠨ ᠫᠠᠢᠰᠠ ᠰᠡᠬᠦᠬᠦ ᠶᠣᠰᠤᠯᠠᠯ᠎ᠳᠤ ᠣᠷᠤᠯᠴᠠᠵᠠᠢ᠃

                      ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠲᠡᠯᠡᠪᠡ

                      ᠰᠤᠷᠪᠤᠯᠵᠢᠯᠠᠭᠴᠢ᠄ ᠵᠠᠩ ᠺᠦᠢ

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃