ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠳᠤᠰᠭᠠᠢ ᠰᠡᠳᠦᠪᠲᠦ ᠬᠥᠮᠦᠵᠢᠯ᠎ᠦᠨ ᠬᠤᠷᠠᠯ ᠬᠤᠷᠠᠯᠳᠤᠭᠤᠯᠪᠠ
2020.04.23

   《ᠳᠤᠮᠳᠠᠳᠦ ᠤᠯᠤᠰ᠎ᠤᠨ ᠡᠪ ᠬᠠᠮᠳᠦ ᠨᠠᠮ᠎ᠤᠨ ᠤᠬᠠᠭᠤᠯᠭ᠎ᠠ᠎ᠶᠢᠨ ᠠᠵᠢᠯ᠎ᠤᠨ ᠳᠦᠷᠢᠮ》᠎ᠢ ᠬᠢᠨᠠᠮᠠᠭᠠᠢ ᠲᠤᠭᠤᠱᠢᠯᠠᠭᠤᠯᠤᠨ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠤᠳᠤᠷᠢᠳᠭᠤ ᠡᠷᠬᠡ᠂ ᠬᠠᠮᠢᠶᠠᠷᠬᠤ ᠡᠷᠬᠡ᠂ ᠶᠡᠬᠡ ᠶᠠᠷᠢᠶᠠᠨ᠎ᠤ ᠡᠷᠬᠡ᠎ᠶᠢᠨ ᠡᠵᠡᠮᠱᠢᠯ᠎ᠢ ᠴᠢᠩᠭᠠᠳᠭᠠᠬᠤ᠎ᠶᠢᠨ ᠲᠥᠯᠦᠭᠡ᠂ ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ 2020 ᠣᠨ᠎ᠤ 4 ᠰᠠᠷ᠎ᠠ᠎ᠶᠢᠨ 21᠎ᠤ ᠡᠳᠦᠷ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠳᠤᠰᠭᠠᠢ ᠰᠡᠳᠦᠪᠲᠦ ᠬᠥᠮᠦᠵᠢᠯ᠎ᠦᠨ ᠬᠤᠷᠠᠯ ᠬᠤᠷᠠᠯᠳᠤᠭᠤᠯᠪᠠ᠃

  ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠽᠸᠩ ᠬᠠᠨ ᠬᠤᠷᠠᠯ᠎ᠢ ᠡᠷᠬᠢᠯᠡᠵᠤ᠂ 《ᠳᠤᠮᠳᠠᠳᠦ ᠤᠯᠤᠰ᠎ᠤᠨ ᠡᠪ ᠬᠠᠮᠳᠦ ᠨᠠᠮ᠎ᠤᠨ ᠤᠬᠠᠭᠤᠯᠭ᠎ᠠ᠎ᠶᠢᠨ ᠠᠵᠢᠯ᠎ᠤᠨ ᠳᠦᠷᠢᠮ》᠎ᠢ ᠬᠢᠨᠠᠮᠠᠭᠠᠢ ᠲᠤᠭᠤᠱᠢᠯᠠᠭᠤᠯᠵᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠦᠨᠳᠦ ᠴᠢᠬᠤᠯᠠ ᠲᠦᠭᠱᠢᠭᠦᠷᠢ᠎ᠶᠢ ᠰᠡᠷᠭᠡᠢᠯᠡᠨ ᠠᠷᠢᠯᠭᠠᠬᠤ ᠲᠠᠯ᠎ᠠ᠎ᠶᠢᠨ ᠳᠤᠰᠭᠠᠢ ᠰᠠᠳᠦᠪ᠎ᠢᠶᠡᠷ ᠬᠥᠮᠦᠵᠢᠯ ᠬᠢᠵᠤ᠂ ᠪᠦᠯᠦᠭᠯᠡᠯ᠎ᠦᠨ ᠤᠳᠤᠷᠢᠳᠭᠤ ᠪᠠᠭ᠎ᠤᠨ ᠪᠥᠬᠦ ᠬᠡᠱᠢᠬᠦᠳ᠂ ᠪᠦᠯᠦᠭᠯᠡᠯ᠎ᠦᠨ ᠬᠥᠬᠡᠬᠤᠲᠠ᠎ᠳᠤ ᠰᠠᠭᠤᠭ᠎ᠠ ᠡᠯ᠎ᠡ ᠬᠠᠷᠢᠶ᠎ᠠ ᠪᠠᠢᠭᠤᠯᠭ᠎ᠠ᠎ᠶᠢᠨ ᠤᠳᠤᠷᠢᠳᠭᠤ ᠪᠠᠭ᠎ᠤᠨ ᠬᠡᠱᠢᠭᠦᠳ ᠵᠢᠴᠢ ᠬᠠᠮᠢᠶ᠎ᠠ ᠪᠦᠬᠦᠢ ᠠᠵᠢᠯᠳᠠᠳ ᠬᠤᠷᠠᠯ᠎ᠳᠤ ᠣᠷᠤᠯᠴᠠᠪᠠ᠃

   《ᠳᠤᠮᠳᠠᠳᠦ ᠤᠯᠤᠰ᠎ᠤᠨ ᠡᠪ ᠬᠠᠮᠳᠦ ᠨᠠᠮ᠎ᠤᠨ ᠤᠬᠠᠭᠤᠯᠭ᠎ᠠ᠎ᠶᠢᠨ ᠠᠵᠢᠯ᠎ᠤᠨ ᠳᠦᠷᠢᠮ》᠎ᠢ ᠨᠡᠢᠲᠡᠯᠡᠭᠳᠡᠭᠰᠡᠨ ᠠᠬᠤᠢ ᠪᠠᠢᠳᠠᠯ᠂ 《ᠳᠦᠷᠢᠮ》᠎ᠦᠨ ᠠᠭᠤᠯᠭ᠎ᠠ᠂ 《ᠳᠦᠷᠢᠮ》᠎ᠢ ᠬᠡᠷᠬᠢᠨ ᠨᠠᠢᠳᠠᠪᠤᠷᠢᠵᠢᠭᠤᠯᠬᠤ ᠵᠡᠷᠭᠡ ᠭᠤᠷᠪᠠᠨ ᠶᠡᠬᠡ ᠲᠠᠯ᠎ᠠ᠎ᠡᠴᠡ ᠶᠠᠷᠢᠵᠤ᠂  ᠨᠠᠮ᠎ᠤᠨ ᠤᠬᠠᠭᠤᠯᠭ᠎ᠠ᠎ᠶᠢᠨ ᠠᠵᠢᠯ ᠪᠣᠯ ᠨᠠᠮ᠎ᠤᠨ ᠨᠢᠭᠡᠨ ᠲᠤᠢᠯ᠎ᠤᠨ ᠬᠦᠨᠳᠦ ᠴᠢᠬᠤᠯᠠ ᠠᠵᠢᠯ᠂ ᠨᠠᠮ᠎ᠤᠨ ᠤᠬᠠᠭᠤᠯᠭ᠎ᠠ᠎ᠶᠢᠨ ᠠᠵᠢᠯ ᠪᠣᠯ ᠨᠠᠮ᠎ᠡᠴᠡ ᠠᠷᠠᠳ ᠲᠦᠮᠡᠨ᠎ᠢ ᠤᠳᠤᠷᠢᠳᠴᠦ᠂ ᠬᠤᠪᠢᠰᠭᠠᠯ᠂ ᠪᠦᠲᠦᠭᠡᠨ ᠪᠠᠢᠭᠤᠯᠤᠯᠳᠠ᠂ ᠥᠭᠡᠷᠡᠴᠢᠯᠡᠯᠲᠡ᠎ᠶᠢᠨ ᠢᠯᠠᠯᠲᠠ᠎ᠶᠢ ᠲᠠᠰᠤᠷᠠᠯᠲᠠ᠎ᠦᠭᠡᠢ ᠲᠡᠮᠡᠴᠡᠨ ᠤᠯᠬᠤ ᠱᠢᠯᠢᠳᠡᠭ ᠤᠯᠠᠮᠵᠢᠯᠡᠯ ᠪᠠ ᠤᠯᠤᠰ ᠲᠥᠷᠦ᠎ᠶᠢᠨ ᠲᠠᠪᠠᠭᠤᠯᠢᠭ ᠲᠠᠯ᠎ᠠ ᠮᠥᠨ; ᠨᠠᠮ᠎ᠤᠨ ᠲᠥᠪ ᠬᠣᠷᠢᠶ᠎ᠠ᠎ᠡᠴᠡ 《ᠳᠤᠮᠳᠠᠳᠦ ᠤᠯᠤᠰ᠎ᠤᠨ ᠡᠪ ᠬᠠᠮᠳᠦ ᠨᠠᠮ᠎ᠤᠨ ᠤᠬᠠᠭᠤᠯᠭ᠎ᠠ᠎ᠶᠢᠨ ᠠᠵᠢᠯ᠎ᠤᠨ ᠳᠦᠷᠢᠮ》᠎ᠢ ᠳᠠᠷᠤᠮᠠᠯᠯᠠᠨ ᠲᠠᠷᠬᠠᠭᠠᠭᠰᠠᠨ᠎ᠨᠢ ᠨᠠᠮ᠎ᠤᠨ ᠲᠥᠪ ᠬᠣᠷᠢᠶ᠎ᠠ᠎ᠡᠴᠡ ᠨᠠᠮ᠎ᠤᠨ ᠤᠬᠠᠭᠤᠯᠭ᠎ᠠ᠎ᠶᠢᠨ ᠠᠵᠢᠯ᠎ᠢ ᠲᠤᠢᠯ᠎ᠢᠶᠠᠷ ᠴᠢᠬᠤᠯᠠᠴᠢᠯᠠᠵᠤ ᠪᠠᠢᠭ᠎ᠠ᠎ᠶᠢ ᠬᠠᠷᠠᠭᠤᠯᠵᠤ ᠪᠠᠢᠨ᠎ᠠ; ᠨᠠᠮ᠎ᠤᠨ ᠤᠬᠠᠭᠤᠯᠭ᠎ᠠ᠎ᠶᠢᠨ ᠠᠵᠢᠯ᠎ᠤᠨ ᠪᠠᠢᠭᠤᠯᠤᠯᠲᠠ᠎ᠨᠢ ᠱᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠲᠥᠷᠢᠮᠵᠢᠬᠦᠯᠬᠦ ᠱᠢᠨ᠎ᠡ ᠱᠠᠳᠤᠨ᠎ᠳᠤ ᠣᠷᠤᠭᠰᠠᠨ᠎ᠢ ᠬᠠᠷᠠᠭᠤᠯᠵᠤ ᠪᠠᠢᠨ᠎ᠠ; 《ᠳᠦᠷᠢᠮ》᠎ᠢ ᠰᠤᠷᠤᠯᠴᠠᠨ ᠨᠠᠢᠳᠠᠪᠤᠷᠢᠵᠢᠭᠤᠯᠬᠤ᠎ᠶᠢ ᠬᠦᠨᠳᠦ ᠴᠢᠬᠤᠯᠠ ᠤᠯᠤᠰ ᠲᠥᠷᠦ᠎ᠶᠢᠨ ᠡᠭᠦᠷᠭᠡ ᠪᠣᠯᠭᠠᠨ ᠦᠵᠡᠬᠦ ᠬᠡᠷᠡᠭᠳᠠᠢ; ᠤᠬᠠᠭᠤᠯᠭ᠎ᠠ᠎ᠶᠢᠨ ᠠᠵᠢᠯ᠎ᠢ ᠵᠠᠳᠠᠯᠤᠨ ᠲᠠᠢᠯᠪᠤᠷᠢᠯᠠᠬᠤ ᠪᠠ ᠴᠠᠭᠳᠠᠨ ᠪᠠᠢᠴᠠᠭᠠᠬᠤ ᠠᠵᠢᠯ᠎ᠢ ᠰᠠᠢᠳᠤᠷ ᠠᠳᠭᠤᠵᠤ᠂ ᠨᠠᠮ᠎ᠡᠴᠡ ᠤᠬᠠᠭᠤᠯᠭ᠎ᠠ᠎ᠶᠢᠨ ᠠᠵᠢᠯ᠎ᠢ ᠪᠥᠬᠦ ᠲᠠᠯ᠎ᠠ᠎ᠪᠠᠷ ᠤᠳᠤᠷᠢᠳᠭᠤ᠎ᠶᠢ ᠤᠯᠠᠮ ᠨᠢᠭᠡ ᠠᠯᠬᠤᠮ ᠴᠢᠩᠭᠠᠳᠭᠠᠨ᠂ ᠨᠠᠮ᠎ᠤᠨ ᠲᠥᠪ ᠬᠣᠷᠢᠶᠠᠨ᠎ᠤ ᠤᠬᠠᠭᠤᠯᠭ᠎ᠠ᠎ᠶᠢᠨ ᠠᠵᠢᠯ᠎ᠤᠨ ᠬᠠᠮᠢᠶ᠎ᠠ ᠪᠥᠬᠦᠢ ᠬᠦᠨᠳᠦ ᠴᠢᠬᠤᠯᠠ ᠱᠢᠢᠳᠪᠦᠷᠢ ᠪᠠᠢᠷᠢᠯᠠᠭᠤᠯᠤᠯᠲᠠ᠎ᠶᠢᠨ ᠦᠨᠡᠨ᠎ᠬᠦ ᠨᠠᠢᠳᠠᠪᠤᠷᠢᠵᠢᠭᠤᠯᠤᠯᠲᠠ᠎ᠶᠢ ᠪᠠᠲᠤᠯᠠᠬᠤ ᠬᠡᠷᠡᠭᠲᠡᠢ ᠬᠡᠭᠦ ᠮᠡᠲᠦ᠎ᠶᠢᠨ ᠠᠭᠤᠯᠭ᠎ᠠ᠎ᠶᠢ ᠬᠠᠮᠤᠷᠪᠠ᠃

  ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠽᠸᠩ ᠬᠠᠨ ᠵᠢᠭᠠᠵᠤ ᠭᠠᠷᠭᠠᠭᠰᠠᠨ᠎ᠨᠢ᠂ ᠬᠡᠪᠯᠡᠯ᠎ᠦᠨ ᠪᠦᠯᠦᠭᠯᠡᠯ᠎ᠨᠢ ᠦᠪᠡᠷᠳᠡᠭᠡᠨ ᠵᠠᠰᠠᠬᠤ ᠣᠷᠤᠨ᠎ᠤ ᠲᠤᠮᠦ ᠬᠡᠯᠪᠡᠷᠢ᠎ᠶᠢᠨ ᠰᠣᠶᠤᠯ᠎ᠤᠨ ᠠᠵᠤ ᠠᠬᠤᠢᠯᠠᠯ ᠪᠠ ᠦᠵᠡᠯ ᠰᠠᠨᠠᠭ᠎ᠠ ᠤᠬᠠᠭᠤᠯᠭ᠎ᠠ ᠰᠣᠶᠤᠯ᠎ᠤᠨ ᠹᠷᠤᠨᠲ᠎ᠤᠨ ᠴᠢᠬᠤᠯᠠ ᠬᠦᠴᠦᠨ ᠪᠣᠯᠤᠭᠰᠠᠨ᠎ᠤ ᠬᠤᠪᠢ᠎ᠳᠤ᠂ ᠲᠤᠭ᠎ᠢ ᠮᠠᠨᠳᠤᠭᠤᠯᠵᠤ᠂ ᠠᠷᠠᠳ᠎ᠤᠨ ᠰᠡᠳᠭᠢᠯ᠎ᠢ ᠨᠢᠭᠲᠠᠷᠠᠭᠤᠯᠵᠤ᠂ ᠱᠢᠨ᠎ᠡ ᠬᠥᠮᠦᠨ᠎ᠢ ᠬᠦᠮᠦᠵᠢᠭᠦᠯᠵᠤ᠂ ᠰᠣᠶᠤᠯ᠎ᠢ ᠮᠠᠨᠳᠤᠭᠤᠯᠵᠤ᠂ ᠳᠦᠷᠢ ᠳᠦᠷᠬᠦ᠎ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ᠎ᠲᠠᠢ᠎ᠶᠤᠮ᠃ ᠡᠯ᠎ᠡ ᠪᠠᠢᠭᠤᠯᠭ᠎ᠠ ᠡᠯ᠎ᠡ ᠱᠠᠳᠤᠨ᠎ᠤ ᠤᠳᠤᠷᠢᠳᠭᠤ ᠺᠠᠳ᠋ᠷ᠎ᠨᠠᠷ ᠡᠷᠬᠡᠪᠱᠢ ᠦᠵᠡᠯ ᠰᠠᠨᠠᠭ᠎ᠠ᠎ᠪᠠᠨ ᠨᠢᠭᠡᠳᠭᠡᠨ᠂ ᠲᠠᠨᠢᠯᠲᠠ᠎ᠪᠠᠨ ᠳᠡᠭᠡᠭᠱᠢᠯᠡᠭᠦᠯᠦᠨ᠂ 《ᠳᠤᠮᠳᠠᠳᠦ ᠤᠯᠤᠰ᠎ᠤᠨ ᠡᠪ ᠬᠠᠮᠳᠦ ᠨᠠᠮ᠎ᠤᠨ ᠤᠬᠠᠭᠤᠯᠭ᠎ᠠ᠎ᠶᠢᠨ ᠠᠵᠢᠯ᠎ᠤᠨ ᠳᠦᠷᠢᠮ》᠎ᠦᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠰᠡᠷᠭᠡᠢᠯᠡᠬᠦ ᠦᠵᠡᠯ ᠤᠬᠠᠮᠰᠠᠷ᠎ᠢᠶᠠᠨ ᠳᠡᠭᠡᠭᠱᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠨ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠦᠨᠳᠦ ᠴᠢᠬᠤᠯᠠ ᠲᠦᠭᠱᠢᠭᠦᠷᠢ᠎ᠶᠢ ᠰᠡᠷᠭᠡᠢᠯᠡᠨ ᠠᠷᠢᠯᠭᠠᠬᠤ ᠭᠣᠤᠯ ᠴᠤᠭᠴᠠᠲᠦ ᠬᠠᠷᠢᠭᠤᠴᠠᠯᠭ᠎ᠠ᠎ᠶᠢ ᠡᠷᠡᠰ ᠨᠠᠢᠳᠠᠪᠤᠷᠢᠵᠢᠭᠤᠯᠵᠤ᠂ ᠤᠯᠤᠰ ᠲᠥᠷᠦ᠎ᠶᠢᠨ ᠴᠢᠭᠯᠡᠯ᠎ᠢᠶᠡᠨ ᠴᠢᠩᠭ᠎ᠠ ᠪᠠᠷᠢᠮᠲᠠᠯᠠᠵᠤ᠂ ᠬᠡᠪᠯᠡᠯ᠎ᠦᠨ ᠪᠦᠲᠦᠭᠡᠭᠳᠡᠬᠦᠨ᠎ᠦ ᠴᠢᠨᠠᠷ ᠴᠢᠨᠰᠠᠭ᠎ᠠ᠎ᠪᠠᠨ ᠪᠠᠳᠤᠯᠠᠨ᠂ ᠰᠦᠯᠵᠢᠶᠡᠨ ᠳᠡᠭᠡᠷᠡᠬᠢ ᠬᠡᠪᠯᠡᠯ᠎ᠦᠨ ᠪᠦᠯᠦᠭᠯᠡᠯ᠎ᠦᠨ ᠨᠣᠮ᠎ᠤᠨ ᠴᠢᠨᠠᠷ ᠴᠢᠨᠰᠠᠭ᠎ᠠ᠂ ᠵᠢᠭᠠᠬᠤ ᠮᠠᠲᠧᠷᠢᠶᠠᠯ ᠵᠡᠷᠭᠡ᠎ᠶᠢᠨ ᠳᠤᠬᠠᠢ ᠶᠠᠷᠢᠶ᠎ᠠ ᠬᠡᠯᠡᠯᠴᠡᠭᠡ᠎ᠶᠢ ᠰᠠᠢᠳᠤᠷ ᠠᠩᠬᠠᠷᠴᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡ᠎ᠶᠢ ᠵᠥᠪ᠎ᠢᠶᠡᠷ ᠤᠳᠤᠷᠢᠳᠤᠨ ᠳᠠᠭᠠᠭᠤᠯᠬᠤ ᠦᠵᠡᠯ ᠤᠬᠠᠮᠰᠠᠷ ᠪᠠ ᠠᠵᠢᠯ᠎ᠤᠨ ᠴᠢᠳᠠᠪᠤᠷᠢ᠎ᠪᠠᠨ ᠳᠡᠭᠡᠭᠱᠢᠯᠡᠭᠦᠯᠦᠨ᠂ ᠪᠤᠳᠠᠳᠦ ᠦᠢᠯᠡ ᠠᠵᠢᠯᠯᠠᠭ᠎ᠠ᠎ᠪᠠᠷ᠎ᠢᠶᠠᠨ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠠᠮᠤᠷ ᠲᠦᠪᠱᠢᠨ ᠪᠠ ᠰᠣᠶᠤᠯ᠎ᠤᠨ ᠠᠮᠤᠷ ᠲᠦᠪᠱᠢᠨ᠎ᠢ ᠪᠠᠳᠤᠯᠠᠨ᠂ ᠦᠪᠡᠷᠳᠡᠭᠡᠨ ᠵᠠᠰᠠᠬᠤ ᠣᠷᠤᠨ᠎ᠤ ᠪᠦᠯᠭᠦᠮᠳᠡᠨ ᠳᠠᠪᠱᠢᠬᠤ᠎ᠳᠤ ᠦᠢᠯᠡᠴᠢᠯᠡᠶ᠎ᠡ ᠬᠡᠪᠠ᠃

  ᠲᠤᠰ ᠤᠳᠠᠭᠠᠨ᠎ᠤ ᠳᠤᠰᠭᠠᠢ ᠰᠡᠳᠦᠪᠲᠦ ᠬᠥᠮᠦᠵᠢᠯ᠎ᠨᠢ ᠬᠡᠪᠯᠡᠯ᠎ᠦᠨ ᠪᠦᠯᠦᠭᠯᠡᠯ᠎ᠦᠨ ᠺᠠᠳ᠋ᠷ ᠠᠵᠢᠯᠲᠠᠨ᠎ᠳᠤ 《ᠲᠦᠷᠢᠮ》᠎ᠦᠨ ᠠᠭᠤᠯᠭ᠎ᠠ᠎ᠶᠢ ᠣᠢᠯᠠᠭᠠᠭᠤᠯᠤᠭᠰᠠᠨ ᠲᠡᠳᠤᠢ᠎ᠦᠭᠡᠢ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠦᠨ ᠴᠢᠬᠤᠯᠠ ᠴᠢᠨᠠᠷ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠢ ᠬᠡᠷᠬᠢᠨ ᠬᠢᠬᠦ ᠳᠤᠬᠠᠢ ᠬᠥᠮᠦᠵᠢᠯ ᠣᠯᠭᠤᠵᠤ᠂ ᠬᠦᠨᠳᠦ ᠴᠢᠬᠤᠯᠠ ᠠᠴᠢ ᠬᠣᠯᠪᠤᠭᠳᠠᠯ ᠪᠥᠬᠦᠢ ᠬᠥᠮᠦᠵᠢᠯ᠎ᠦᠨ ᠬᠤᠷᠠᠯ ᠪᠣᠯᠤᠭᠰᠠᠨ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃