ᠮᠣᠳᠤ ᠵᠠᠢᠯᠠᠨ ᠮᠥᠩᠬᠡ ᠨᠣᠭᠤᠭᠠᠨ᠎ᠢ ᠡᠷᠬᠢᠮᠯᠡᠵᠦ᠂ ᠨᠣᠮ ᠤᠩᠱᠢᠯᠭ᠎ᠠ᠎ᠶᠢ ᠠᠵᠤ ᠠᠬᠤᠢᠯᠠᠯ᠎ᠳᠤ ᠣᠷᠤᠭᠤᠯᠤᠶ᠎ᠠ —— ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠤᠨ ᠭᠣᠤᠯ ᠰᠡᠳᠦᠪᠳᠤ ᠨᠠᠮ᠎ᠤᠨ ᠡᠳᠦᠷ᠎ᠦᠨ ᠠᠵᠢᠯᠯᠠᠭ᠎ᠠ᠎ᠶᠢ ᠳᠡᠮᠳᠡᠭᠯᠡᠬᠦ᠎ᠨᠢ
2020.05.22

 

  5 ᠰᠠᠷ᠎ᠠ᠎ᠶᠢᠨ 15᠎ᠤ ᠡᠳᠦᠷ ᠥᠪᠦᠷ ᠮᠣᠩᠭᠤᠯ᠎ᠤᠨ ᠬᠡᠪᠯᠡᠯ᠎ᠤᠨ ᠪᠦᠯᠦᠭᠯᠡᠯ᠎ᠤᠨ ᠶᠡᠷᠦᠩᠬᠡᠢ ᠵᠠᠬᠢᠷᠭ᠎ᠠ᠎ᠶᠢᠨ ᠨᠠᠮ᠎ᠤᠨ ᠡᠭᠦᠷ ᠪᠣᠯᠤᠨ ᠪᠦᠯᠦᠭᠯᠡᠯ᠎ᠦᠨ ᠬᠠᠷᠢᠶᠠᠳᠤ ᠨᠢᠭᠡᠴᠢ᠎ᠶᠢᠨ 50 ᠭᠠᠷᠤᠢ ᠨᠠᠮ᠎ᠤᠨ ᠭᠡᠱᠢᠭᠦᠨ ᠺᠠᠳ᠋ᠷᠴᠤᠳ ᠬᠠᠮᠳᠤ᠎ᠪᠡᠷ ᠵᠡᠭᠦᠨᠭᠠᠷ ᠬᠣᠱᠢᠭᠤᠨ᠎ᠤ᠎ᠳᠠ ᠯᠦ ᠨᠡᠭᠦᠷᠡᠰᠦ ᠬᠢᠮᠢ᠎ᠶᠢᠨ ᠰᠠᠭᠤᠷᠢᠨ ᠭᠠᠵᠠᠷ᠎ᠲᠤ ᠬᠦᠷᠴᠦ᠂ 《ᠠᠮᠢ ᠠᠬᠤᠢ᠎ᠶᠢ ᠠᠯᠢᠪᠠ᠎ᠡᠴᠡ ᠡᠮᠦᠨ᠎ᠡ ᠳᠠᠯᠪᠢᠵᠦ᠂ ᠪᠤᠬᠢᠷᠳᠤᠯ᠎ᠦᠭᠡᠢ ᠬᠦᠭᠵᠢᠯᠳᠠ᠎ᠶᠢᠨ ᠣᠢᠯᠠᠭᠠᠭᠳᠠᠬᠤᠨ᠎ᠢ ᠦᠢᠯᠡᠳᠦᠯᠭᠡᠵᠢᠭᠦᠯᠬᠦ》᠎ᠪᠡᠷ ᠭᠣᠤᠯ ᠰᠡᠳᠦᠪ ᠪᠣᠯᠭᠠᠭᠰᠠᠨ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠪᠡ᠃

 

  ᠤᠷᠢᠬᠠᠨ ᠬᠠᠪᠤᠷ ᠣᠨ᠎ᠤ ᠰᠠᠢᠬᠠᠨ᠎ᠢ ᠦᠵᠡᠭᠦᠯᠦᠨ᠂ ᠨᠣᠮᠢᠨ ᠨᠣᠭᠤᠭᠠᠨ ᠡᠩ ᠳᠡᠯᠡᠬᠡᠢ᠎ᠶᠢ ᠴᠢᠮᠡᠨ᠎ᠡ

 

ᠥᠷᠯᠦᠭᠡ᠎ᠶᠢᠨ 8 ᠴᠠᠭ ᠬᠠᠭᠠᠰ᠎ᠤᠨ ᠦᠶ᠎ᠡ᠎ᠪᠡᠷ 2 ᠴᠠᠭ ᠱᠢᠬᠠᠮ ᠳᠠᠪᠬᠢᠭᠰᠠᠨ ᠠᠶᠠᠨᠴᠢᠨ᠎ᠤ ᠮᠠᠱᠢᠨ ᠣᠷᠳᠤᠰ ᠬᠤᠳᠠ᠎ᠶᠢᠨ ᠵᠡᠭᠦᠨᠭᠠᠷ ᠬᠣᠱᠢᠭᠤᠨ᠎ᠤ᠎ᠳᠠ ᠯᠦ ᠨᠡᠭᠦᠷᠡᠰᠦ ᠬᠢᠮᠢ᠎ᠶᠢᠨ ᠰᠠᠭᠤᠷᠢᠨ ᠭᠠᠵᠠᠷ᠎ᠲᠤ ᠳᠦᠯᠦᠪᠯᠡᠬᠡ ᠶᠣᠰᠤᠭᠠᠷ ᠬᠦᠷᠴᠦ ᠢᠷᠡᠨ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠡᠭᠦᠷ᠎ᠦᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ᠂ ᠨᠠᠮ᠎ᠤᠨ ᠡᠭᠦᠷ᠎ᠦᠨ ᠳᠡᠳ᠋ ᠱᠦᠵᠢ᠂ ᠶᠡᠷᠦᠩᠬᠡᠢ ᠳᠠᠭᠠᠭᠠᠮᠠᠯ ᠽᠸᠩ ᠬᠠᠨ᠂ ᠨᠠᠮ᠎ᠤᠨ ᠡᠭᠦᠷ᠎ᠦᠨ ᠬᠡᠱᠢᠬᠦᠨ᠂ ᠶᠡᠷᠦᠩᠬᠡᠢ ᠨᠠᠢᠷᠠᠭᠤᠯᠤᠭᠴᠢ ᠴᠡᠴᠡᠭ ᠵᠡᠷᠭᠡ ᠤᠳᠤᠷᠢᠳᠤᠯᠭ᠎ᠠ᠎ᠨᠠᠷ ᠤᠯᠠᠨ᠎ᠢ ᠳᠠᠭᠠᠭᠤᠯᠤᠨ ᠮᠣᠳᠤ ᠵᠠᠢᠯᠠᠬᠤ᠎ᠪᠡᠷ ᠪᠡᠯᠡᠳᠭᠡᠪᠡ᠃

  ᠬᠥᠳᠡᠯᠮᠦᠷᠢ᠎ᠶᠢᠨ ᠣᠷᠤᠨ ᠬᠥᠭᠵᠢᠯ ᠪᠠᠶᠠᠷ᠎ᠢᠶᠠᠷ ᠪᠢᠯᠬᠠᠵᠦ᠂ ᠬᠦᠷᠵᠡ ᠪᠠᠷᠢᠭᠰᠠᠨ᠎ᠨᠢ ᠨᠦᠬᠡ ᠮᠠᠯᠳᠠᠵᠦ᠂ ᠬᠥᠩᠭᠡᠨ ᠭᠠᠪᠱᠢᠭᠠᠢ᠎ᠨᠢ ᠮᠣᠳᠤ ᠵᠥᠭᠡᠭᠡᠵᠦ᠂ ᠰᠠᠭᠤᠯᠠᠭ᠎ᠠ ᠳᠡᠭᠦᠵᠢᠯᠡᠭᠰᠡᠨ᠎ᠨᠢ ᠤᠰᠤ ᠳᠠᠮᠨᠠᠵᠦ᠂ ᠰᠤᠯᠠ ᠵᠣᠭᠰᠤᠯ᠎ᠦᠭᠡᠢ ᠠᠵᠢᠯ᠎ᠳᠤ᠎ᠪᠠᠨ ᠵᠢᠳᠬᠦᠬᠡᠵᠡᠬᠡᠵᠦ ᠪᠠᠢᠨ᠎ᠠ᠃ ᠠᠯᠪᠠᠨ ᠵᠢᠷᠤᠮ᠎ᠤᠨ ᠮᠣᠳᠤ ᠵᠠᠢᠯᠠᠬᠤ ᠠᠵᠢᠯᠯᠠᠭ᠎ᠠ᠎ᠳᠤ ᠣᠷᠤᠯᠴᠠᠭᠰᠠᠨ ᠨᠠᠮ᠎ᠤᠨ ᠭᠡᠱᠢᠭᠦᠨ ᠺᠠᠳ᠋ᠷᠴᠤᠳ᠎ᠤᠨ ᠤᠷᠮ᠎ᠠ ᠵᠣᠷᠢᠭ ᠳᠡᠬᠦᠰ ᠪᠠᠳᠠᠷᠠᠩᠭᠤᠢ᠂ ᠨᠦᠬᠡ ᠮᠠᠯᠳᠠᠬᠤ᠂ ᠴᠢᠬᠢ ᠰᠠᠭᠤᠯᠭᠠᠬᠤ ᠵᠡᠷᠭᠡ ᠠᠵᠢᠯ᠎ᠤ᠋ᠳ᠎ᠢ ᠠᠯᠬᠤᠮ ᠳᠠᠷᠠᠭ᠎ᠠ᠎ᠲᠠᠢ ᠶᠠᠪᠤᠭᠳᠠᠭᠤᠯᠵᠦ᠂ ᠪᠦᠯᠬᠦᠮᠳᠡᠨ ᠨᠢᠭᠳᠠᠷᠠᠵᠦ ᠬᠠᠮᠳᠤᠷᠠᠨ ᠬᠤᠷᠱᠢᠯᠴᠠᠵᠦ᠂ ᠬᠠᠮᠳᠤ ᠨᠡᠢᠲᠡ᠎ᠶᠢᠨ ᠵᠣᠷᠢᠭ ᠰᠠᠨᠠᠭ᠎ᠠ᠎ᠶᠢ ᠬᠠᠪᠤᠯᠢᠭ ᠰᠠᠢᠬᠠᠨ ᠢᠯᠡᠷᠡᠭᠦᠯᠪᠡ᠃ ᠨᠢᠭᠡᠨ ᠵᠡᠷᠭᠡ ᠱᠠᠯᠠᠮᠠᠭᠠᠢᠯᠠᠨ ᠠᠵᠢᠯᠯᠠᠬᠤ᠎ᠪᠡᠷ ᠳᠠᠮᠵᠢᠭᠠᠳ ᠰᠠᠭᠤᠷᠢ ᠰᠠᠭᠤᠷᠢ ᠨᠢᠯᠬ᠎ᠠ ᠮᠣᠳᠤ ᠱᠠᠩ ᠵᠤᠷᠠᠢᠨ ᠵᠢᠭᠳᠡᠷᠡᠵᠦ᠂ ᠠᠯᠳᠠᠨ ᠨᠠᠷᠠᠨ᠎ᠠ ᠠᠮᠢᠯᠠᠯ᠎ᠤᠨ ᠬᠦᠴᠦᠨ ᠪᠢᠯᠬᠠᠨ᠂ ᠣᠷᠳᠤᠰ ᠨᠤᠳᠤᠭ᠎ᠤᠨ ᠡᠬᠡ ᠭᠠᠵᠠᠷ᠎ᠲᠤ ᠨᠡᠡᠭ ᠤᠯᠠᠨ ᠨᠣᠭᠤᠭᠠᠨ ᠳᠥᠷᠬᠦ᠎ᠶᠢ ᠨᠡᠮᠡᠷᠢᠯᠡᠵᠦ᠂ ᠬᠦᠰᠡᠯ ᠢᠷᠡᠭᠡᠳᠦᠢ ᠬᠥᠭᠵᠢᠯ ᠪᠠᠳᠠᠷᠠᠯ᠎ᠢ ᠬᠤᠷᠤᠢᠯᠠᠯ᠎ᠠ᠃

  ᠤᠤᠯ᠎ᠨᠢ ᠡᠨᠳᠡ ᠬᠠᠪᠤᠷ᠎ᠤᠨ ᠬᠠᠷ᠎ᠠ ᠰᠠᠯᠬᠢᠨ᠎ᠳᠤ ᠳᠤᠭᠤᠰᠤ ᠱᠢᠷᠤᠢ ᠬᠡᠢᠰᠦᠨ ᠪᠤᠳᠠᠷᠠᠵᠦ ᠳᠡᠭᠷᠢ ᠭᠠᠵᠠᠷ ᠨᠡᠢᠯᠡᠴᠢᠬᠡᠭᠰᠡᠨ ᠬᠡᠮᠡᠷ ᠬᠠᠷᠠᠭᠳᠠᠳᠠᠭ ᠪᠠᠢᠭᠰᠠᠨ᠂ ᠣᠳᠤ ᠬᠠᠷᠢᠨ ᠯᠣᠳᠤ ᠶᠡᠬᠡ ᠬᠤᠪᠢᠷᠠᠯᠳᠠ ᠭᠠᠷᠴᠠᠢ᠂ ᠨᠢᠭᠡᠨ ᠨᠠᠮ᠎ᠤᠨ ᠬᠡᠱᠢᠬᠦᠨ ᠪᠣᠯᠤᠭᠰᠠᠨ᠎ᠦ ᠬᠤᠪᠢ᠎ᠡᠴᠡ ᠪᠢ ᠡᠨᠡ ᠤᠳᠠᠭᠠᠨ᠎ᠤ ᠠᠯᠪᠠᠨ ᠵᠢᠷᠤᠮ᠎ᠤᠨ ᠮᠣᠳᠤ ᠵᠠᠢᠯᠠᠬᠤ ᠠᠵᠢᠯᠯᠠᠭ᠎ᠠ᠎ᠳᠤ ᠣᠷᠤᠯᠴᠠᠭᠰᠠᠨ᠎ᠳᠤ᠎ᠪᠠᠨ ᠮᠠᠱᠢ ᠶᠡᠬᠡ ᠣᠮᠤᠭᠱᠢᠵᠤ ᠪᠠᠢᠨ᠎ᠠ ᠭᠡᠵᠦ ᠮᠣᠳᠤ ᠵᠠᠢᠯᠠᠭᠰᠠᠨ ᠨᠢᠭᠡᠨ ᠨᠥᠬᠦᠷ ᠬᠡᠯᠡᠵᠦ ᠪᠠᠢᠯ᠎ᠠ᠃

  ᠬᠥᠬᠡ ᠤᠰᠤ ᠬᠥᠬᠡᠮᠳᠦᠭ ᠠᠭᠤᠯᠠ ᠪᠣᠯ ᠮᠥᠩᠭᠦᠨ ᠠᠭᠤᠯᠠ ᠠᠯᠳᠠᠨ ᠬᠠᠢᠷᠬᠠᠨ ᠮᠦᠨ᠃ ᠣᠢᠷ᠎ᠠ᠎ᠶᠢᠨ ᠵᠢᠯ᠎ᠳᠤ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠳᠤᠰ ᠪᠡᠶ᠎ᠡ᠎ᠶᠢᠨ ᠬᠦᠭᠵᠢᠯᠳᠠ᠎ᠪᠠᠨ ᠴᠢᠩᠭᠠᠳᠭᠠᠬᠤ᠎ᠶᠢᠨ ᠬᠠᠮᠳᠤ ᠠᠮᠢ ᠠᠬᠤᠢ᠎ᠶᠢᠨ ᠪᠦᠳᠦᠬᠡᠨ ᠪᠠᠢᠭᠤᠯᠤᠯᠳᠠ᠎ᠳᠤ ᠦᠢᠯᠡᠴᠢᠯᠡᠭᠰᠡᠭᠡᠷ ᠢᠷᠡᠭᠰᠡᠨ ᠪᠠᠢᠨ᠎ᠠ᠃ ᠡᠨᠡ ᠤᠳᠠᠭᠠᠨ᠎ᠤ ᠮᠣᠳᠤ ᠵᠠᠢᠯᠠᠬᠤ 《ᠭᠣᠤᠯ ᠰᠡᠳᠦᠪᠳᠤ ᠨᠠᠮ᠎ᠤᠨ ᠡᠳᠦᠷ》᠎ᠤᠨ ᠠᠵᠢᠯᠯᠠᠭ᠎ᠠ᠎ᠳᠤ ᠺᠠᠳ᠋ᠷ ᠠᠵᠢᠯᠳᠠᠨ᠎ᠢ ᠢᠳᠡᠪᠬᠢᠳᠡᠢ ᠵᠣᠬᠢᠶᠠᠨ ᠪᠠᠢᠭᠤᠯᠤᠨ ᠤᠷᠤᠯᠴᠠᠭᠤᠯᠵᠦ᠂ ᠨᠠᠮ᠎ᠤᠨ ᠬᠡᠱᠢᠬᠦᠳ᠎ᠦᠨ ᠪᠠᠢᠭᠠᠯᠢᠯᠢᠭ ᠠᠮᠢ ᠠᠬᠤᠢ᠎ᠶᠢᠨ ᠳᠠᠨᠢᠯᠳᠠ᠎ᠶᠢ ᠴᠢᠩᠭᠠᠳᠭᠠᠬᠤ᠎ᠶᠢᠨ ᠬᠠᠮᠳᠤ ᠨᠠᠮ᠎ᠤᠨ ᠵᠣᠬᠢᠶᠠᠨ ᠪᠠᠢᠭᠤᠯᠤᠯᠳᠠ᠎ᠶᠢᠨ ᠨᠢᠭᠳᠠᠷᠠᠯ᠎ᠤᠨ ᠬᠦᠴᠦᠨ ᠪᠠ ᠳᠡᠮᠡᠴᠡᠯ᠎ᠦᠨ ᠬᠦᠴᠦᠨ᠎ᠢ ᠴᠢᠩᠭᠠᠳᠭᠠᠵᠠᠢ᠃ ᠡᠨᠡ ᠪᠣᠯ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠭᠡᠱᠢᠭᠦᠨ ᠺᠠᠳ᠋ᠷᠴᠤᠳ ᠪᠤᠬᠢᠷᠳᠤᠯ᠎ᠦᠭᠡᠢ ᠬᠦᠭᠵᠢᠯᠳᠠ᠎ᠶᠢᠨ ᠣᠢᠯᠠᠭᠠᠭᠳᠠᠬᠤᠨ᠎ᠢ ᠦᠢᠯᠡᠳᠦᠯᠭᠡᠵᠢᠭᠦᠯᠦᠭᠰᠡᠨ ᠪᠤᠳᠠᠳᠤ ᠠᠵᠢᠯᠯᠠᠭ᠎ᠠ᠂ ᠮᠦᠨ᠎ᠴᠤ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠥᠷᠭᠡᠨ ᠤᠯᠠᠨ ᠨᠠᠮ᠎ᠤᠨ ᠭᠡᠱᠢᠭᠦᠨ᠎ᠤ ᠥᠭᠡᠳᠡᠷᠬᠡᠭ ᠢᠳᠡᠪᠬᠢ ᠤᠷᠤᠭᠱᠢᠯᠠᠨ ᠳᠠᠪᠱᠢᠬᠤ ᠵᠣᠷᠢᠭ ᠰᠠᠨᠠᠭᠠᠨ᠎ᠤ ᠳᠦᠷᠢ ᠳᠥᠷᠬᠦ᠎ᠶᠢ ᠬᠦᠢᠴᠡᠳ ᠢᠯᠡᠷᠡᠭᠦᠯᠵᠦ᠂ ᠪᠤᠳᠠᠳᠠᠢ ᠠᠵᠢᠯᠯᠠᠭ᠎ᠠ᠎ᠪᠡᠷ᠎ᠢᠶᠠᠨ ᠬᠥᠬᠡ ᠤᠰᠤ ᠬᠥᠬᠡᠮᠳᠦᠭ ᠠᠭᠤᠯᠠ᠎ᠲᠠᠢ 《ᠳᠤᠮᠳᠠᠳᠤ᠎ᠶᠢᠨ ᠬᠦᠰᠡᠯ ᠵᠡᠭᠦᠳᠦ》᠎ᠳᠤ ᠬᠦᠴᠦᠨ ᠴᠢᠳᠠᠯ᠎ᠢᠶᠠᠨ ᠡᠷᠭᠦᠭᠰᠡᠨ ᠪᠠᠢᠨ᠎ᠠ᠃

 

  ᠨᠣᠮ ᠤᠩᠱᠢᠯᠭ᠎ᠠ᠎ᠶᠢ ᠠᠬᠢᠭᠤᠯᠤᠨ ᠠᠵᠤ ᠠᠬᠤᠢᠯᠠᠯ᠎ᠳᠤ ᠤᠷᠤᠭᠤᠯᠵᠦ᠂

  ᠦᠢᠯᠡᠳᠪᠦᠷᠢ᠎ᠶᠢᠨ ᠳᠤᠭᠤᠷᠢᠭ᠎ᠲᠤ ᠤᠷᠤᠭᠤᠯᠵᠦ᠂ ᠣᠶᠤᠨ᠎ᠤ ᠳᠡᠵᠢᠬᠡᠯ ᠬᠦᠷᠭᠡᠪᠡ

 

  ᠦᠳᠡ᠎ᠶᠢᠨ ᠬᠣᠢᠨ᠎ᠠ᠂ 《ᠨᠣᠮ᠎ᠤᠨ ᠠᠭᠠᠷᠳᠤ ᠥᠪᠦᠷ ᠮᠣᠩᠭᠤᠯ·ᠶᠠᠳᠠᠭᠤ᠎ᠡᠴᠡ ᠠᠩᠭᠢᠵᠢᠷᠠᠨ ᠴᠢᠨᠡᠭᠡᠯᠢᠭ᠎ᠢ ᠵᠣᠷᠢᠬᠤ》 2020 ᠣᠨ᠎ᠤ ᠲᠠᠯ᠎ᠠ ᠨᠤᠳᠤᠭ᠎ᠤᠨ ᠨᠣᠮ ᠤᠩᠱᠢᠯᠭ᠎ᠠ᠎ᠶᠢᠨ ᠤᠯᠠᠷᠢᠯ —— ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠣᠮ ᠤᠩᠱᠢᠯᠭ᠎ᠠ᠎ᠶᠢ ᠠᠵᠤ ᠠᠬᠤᠢᠯᠠᠯ᠎ᠳᠤ ᠣᠷᠤᠭᠤᠯᠬᠤ᠂ ᠦᠢᠯᠡᠳᠪᠦᠷᠢ᠎ᠶᠢᠨ ᠳᠤᠭᠤᠷᠢᠭ᠎ᠲᠤ ᠣᠷᠤᠭᠤᠯᠬᠤ ᠠᠵᠢᠯᠯᠠᠭ᠎ᠠ ᠪᠦᠯᠦᠭᠯᠡᠯ᠎ᠦᠨ ᠤᠳᠤᠷᠢᠳᠤᠯᠭ᠎ᠠ᠎ᠶᠢᠨ ᠳᠠᠭᠠᠭᠤᠯᠭ᠎ᠠ ᠳᠣᠤᠷ᠎ᠠ᠎ᠳᠠ ᠯᠦ ᠠᠵᠤ ᠦᠢᠯᠡᠳᠪᠦᠷᠢ᠎ᠶᠢᠨ ᠬᠦᠷᠢᠶᠡᠯᠡᠩ᠎ᠦᠨ ᠥᠪᠦᠷ ᠮᠣᠩᠭᠤᠯ᠎ᠤᠨ ᠵᠢᠦ᠎ᠲᠠᠢ ᠪᠦᠯᠦᠭᠯᠡᠯ᠎ᠳᠤ ᠶᠠᠪᠤᠭᠳᠠᠪᠠ᠃


  ᠬᠢᠮᠢ᠎ᠶᠢᠨ ᠠᠵᠤ ᠦᠢᠯᠡᠳᠪᠦᠷᠢ᠎ᠶᠢᠨ ᠣᠷᠤᠱᠢᠨ ᠳᠤᠭᠳᠠᠨᠢᠬᠤ᠎ᠶᠢᠨ ᠦᠨᠳᠦᠰᠦ ᠰᠠᠭᠤᠷᠢ᠎ᠨᠢ ᠴᠣᠬᠤᠮ ᠶᠠᠭᠤ ᠪᠤᠢ ᠭᠡᠳᠡᠭ ᠠᠰᠠᠭᠤᠯᠳᠠ᠎ᠳᠤ᠎ᠳᠠ ᠯᠦ ᠠᠵᠤ ᠦᠢᠯᠡᠳᠪᠦᠷᠢ᠎ᠶᠢᠨ ᠬᠦᠷᠢᠶᠡᠯᠡᠩ᠎ᠦᠨ ᠥᠪᠦᠷ ᠮᠣᠩᠭᠤᠯ᠎ᠤᠨ ᠵᠢᠦ᠎ᠲᠠᠢ ᠪᠦᠯᠦᠭᠯᠡᠯ 《ᠰᠤᠷᠬᠤ ᠪᠢᠴᠢᠭ᠎ᠤᠨ ᠳᠡᠰ》᠎ᠦᠨ ᠬᠠᠷᠢᠭᠤᠯᠳᠠ ᠥᠭᠭᠦᠭᠰᠡᠨ ᠪᠠᠢᠨ᠎ᠠ᠃ ᠠᠵᠤ ᠠᠬᠤᠢᠯᠠᠯ᠎ᠤᠨ ᠰᠣᠶᠤᠯ᠎ᠤᠨ ᠦᠵᠡᠭᠦᠯᠭᠡ᠎ᠶᠢᠨ ᠳᠢᠩᠭᠢᠮ᠎ᠳᠤ ᠳᠡᠯᠭᠡᠨ ᠦᠵᠡᠭᠦᠯᠵᠦ ᠪᠠᠢᠭ᠎ᠠ ᠠᠵᠤ ᠠᠬᠤᠢᠯᠠᠯ᠎ᠤᠨ ᠳᠠᠨᠢᠯᠴᠠᠭᠤᠯᠭ᠎ᠠ᠎ᠳᠤ 《ᠠᠮᠤᠷ ᠳᠦᠪᠱᠢᠨ》 《ᠣᠷᠴᠢᠨ ᠲᠣᠭᠤᠷᠢᠨ᠎ᠤ ᠬᠠᠮᠠᠭᠠᠯᠠᠯᠳᠠ》 ᠬᠡᠮᠡᠬᠦ ᠦᠭᠡᠰ ᠳᠤᠷᠠᠢᠵᠦ ᠪᠠᠢᠯ᠎ᠠ᠃ ᠡᠨᠡ ᠪᠣᠯ ᠳᠠᠷᠤᠢ ᠬᠥᠬᠡ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠢᠷᠬᠠᠨ ᠮᠦᠨ》 ᠬᠡᠳᠡᠭ᠎ᠤᠨ ᠠᠮᠢᠳᠤ ᠵᠢᠱ᠌ᠢᠶ᠎ᠡ᠂ ᠶᠠᠭ ᠡᠢᠮᠦᠷᠬᠦᠦ ᠭᠣᠤᠯ ᠪᠠᠷᠢᠮᠳᠠᠯᠠᠯ ᠪᠠ ᠬᠡᠳᠦ᠎ᠶᠢᠨ ᠬᠠᠷᠠᠴᠠ ᠪᠠᠢᠭᠰᠠᠨ᠎ᠡᠴᠡ ᠠᠵᠤ ᠠᠬᠤᠢᠯᠠᠯ᠎ᠳᠤ ᠠᠵᠤ ᠠᠬᠤᠢ᠎ᠶᠢᠨ ᠦᠷ᠎ᠡ ᠠᠱᠢᠭ ᠪᠠ ᠨᠡᠢᠭᠡᠮ᠎ᠦᠨ ᠦᠷ᠎ᠡ ᠠᠱᠢᠭ᠎ᠢ ᠬᠠᠮᠳᠤ᠎ᠳᠤᠨᠢ ᠣᠯᠭᠤᠭᠰᠠᠨ ᠪᠠᠢᠨ᠎ᠠ᠃

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠡᠨᠡ ᠤᠳᠠᠭᠠᠨ᠎ᠤ ᠠᠶᠠᠯᠠᠯ᠎ᠤᠨ ᠵᠤᠷᠢᠯᠳᠠ ᠪᠣᠯ᠎ᠳᠠ ᠯᠦ ᠨᠡᠭᠦᠷᠡᠰᠦ ᠬᠢᠮᠢ᠎ᠶᠢᠨ ᠦᠢᠯᠡᠳᠪᠦᠷᠢ᠎ᠶᠢᠨ ᠠᠵᠤ ᠠᠬᠤᠢ᠎ᠶᠢᠨ ᠬᠦᠷᠢᠶᠡᠯᠡᠩ ᠲᠣᠭᠤᠷᠢᠭ᠎ᠤᠨ ᠳᠡᠷᠢᠬᠦᠨ᠎ᠦ ᠡᠵᠡᠩᠨᠡᠯᠳᠡ᠎ᠶᠢᠨ ᠣᠢᠯᠠᠭᠠᠭᠳᠠᠬᠤᠨ ᠪᠠ ᠪᠤᠬᠢᠷᠳᠤᠯ᠎ᠢ ᠰᠡᠷᠭᠡᠢᠯᠡᠨ ᠵᠠᠰᠠᠬᠤ᠂ ᠪᠤᠬᠢᠷᠳᠤᠯ᠎ᠦᠭᠡᠢ ᠬᠦᠭᠵᠢᠯᠳᠠ᠎ᠶᠢ ᠠᠬᠢᠭᠤᠯᠬᠤ ᠪᠦᠳᠦᠬᠡᠯᠴᠢ ᠠᠷᠭ᠎ᠠ ᠬᠡᠮᠵᠢᠶ᠎ᠡ᠎ᠶᠢ ᠰᠤᠷᠤᠯᠴᠠᠬᠤ᠎ᠪᠡᠷ ᠵᠣᠭᠰᠤᠬᠤ᠎ᠦᠭᠡᠢ ᠪᠠᠰᠠ ᠠᠵᠤ ᠠᠬᠤᠢᠯᠠᠯ᠎ᠳᠤ ᠮᠣᠩᠭᠤᠯ ᠮᠣᠷᠢᠨ᠎ᠤ ᠵᠣᠷᠢᠭ ᠰᠠᠨᠠᠭ᠎ᠠ᠎ᠶᠢ ᠮᠠᠨᠳᠤᠭᠤᠯᠬᠤ᠂ ᠤᠯᠠᠭᠠᠨᠮᠦ᠋ᠴᠢᠷ᠎ᠦᠨ ᠵᠣᠷᠢᠭ ᠰᠠᠨᠠᠭ᠎ᠠ᠎ᠶᠢᠨ ᠳᠤᠬᠠᠢ ᠱᠢᠷᠢᠰ ᠨᠣᠮ᠂ ᠤᠳᠭ᠎ᠠ ᠵᠣᠬᠢᠶᠠᠯ᠎ᠤᠨ ᠱᠢᠷᠢᠰ ᠨᠣᠮ᠂ ᠮᠣᠩᠭᠤᠯ ᠦᠨᠳᠦᠰᠦᠳᠡᠨ᠎ᠦ ᠲᠡᠦᠬᠡ ᠰᠣᠶᠤᠯ ᠰᠤᠳᠤᠯᠤᠯ᠎ᠤᠨ ᠱᠢᠷᠢᠰ ᠨᠣᠮ᠎ᠢ ᠪᠡᠯᠡᠭᠯᠡᠵᠦ᠂ ᠠᠵᠤ ᠠᠬᠤᠢᠯᠠᠯ᠎ᠤᠨ ᠠᠵᠢᠯᠳᠠᠨ᠎ᠤ ᠰᠣᠶᠤᠯ ᠰᠤᠷᠤᠯᠴᠠᠯᠭ᠎ᠠ᠎ᠳᠤ ᠨᠡᠮᠡᠷᠢ ᠪᠤᠯᠵᠦ᠂ ᠢᠳᠡᠭᠡᠯ ᠪᠢᠱᠢᠷᠡᠯ᠎ᠢ᠎ᠨᠢ ᠬᠥᠪᠴᠢᠯᠡᠨ᠂ ᠨᠢᠭᠳᠠᠷᠠᠯ᠎ᠤᠨ ᠬᠦᠴᠦᠨ᠎ᠢ᠎ᠨᠢ ᠴᠢᠩᠭ᠋ᠠᠳᠭᠠᠵᠦ᠂ ᠱᠢᠯᠢᠳᠡᠭ ᠰᠠᠢᠨ ᠳᠦᠷᠢ ᠳᠦᠷᠬᠦ᠎ᠶᠢ ᠴᠤᠭᠴᠠᠯᠠᠵᠦ ᠥᠭᠬᠦ᠎ᠪᠡᠷ ᠵᠣᠷᠢᠭᠰᠠᠨ ᠪᠠᠢᠨ᠎ᠠ᠃

  ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠢᠯᠡᠷᠬᠡᠢᠯᠡᠭᠰᠡᠨ᠎ᠨᠢ᠂ ᠵᠢᠦ᠎ᠲᠠᠢ ᠡᠨᠧᠷᠭᠢ᠎ᠶᠢᠨ ᠠᠵᠤ ᠠᠬᠤᠢᠯᠠᠯ᠎ᠤᠨ ᠠᠵᠢᠯᠳᠠᠳ ᠰᠣᠶᠤᠯ᠎ᠤᠨ ᠬᠡᠪ ᠪᠣᠯᠪᠠᠰᠤᠷᠠᠯ᠎ᠢᠶᠠᠨ ᠤᠯᠠᠮ ᠨᠢᠭᠡ ᠠᠯᠬᠤᠮ ᠳᠡᠭᠡᠭᠱᠢᠯᠡᠭᠦᠯᠵᠦ᠂ ᠱᠢᠨᠵᠢᠯᠡᠬᠦ ᠤᠬᠠᠭᠠᠨᠴᠢ ᠣᠨᠤᠯ᠎ᠢᠶᠠᠷ ᠥᠪᠡᠷ᠎ᠢ᠎ᠪᠠᠨ ᠵᠡᠪᠰᠡᠭᠯᠡᠵᠦ᠂ ᠬᠦᠴᠦᠨ ᠴᠢᠳᠠᠯ᠎ᠢᠶᠠᠨ ᠨᠢᠭᠳᠠᠷᠠᠭᠤᠯᠤᠨ᠂ ᠱᠢᠨ᠎ᠡ ᠰᠡᠳᠭᠢᠬᠦᠢ ᠱᠢᠨ᠎ᠡ ᠣᠢᠯᠠᠭᠠᠭᠳᠠᠬᠤᠨ᠎ᠢᠶᠠᠷ ᠬᠦᠴᠢᠷ ᠪᠡᠷᠬᠡ᠎ᠶᠢ ᠢᠯᠠᠨ ᠳᠠᠪᠠᠵᠦ᠂ ᠮᠡᠳᠡᠯᠭᠡ᠎ᠶᠢᠨ ᠬᠦᠴᠦᠨ᠎ᠢᠶᠡᠷ ᠠᠵᠤ ᠠᠬᠤᠢᠯᠠᠯ᠎ᠤᠨ ᠱᠢᠨ᠎ᠡ᠎ᠶᠢ ᠡᠭᠦᠳᠬᠦ᠎ᠶᠢ ᠬᠦᠰᠡᠵᠦ ᠪᠠᠢᠨ᠎ᠠ ᠬᠡᠪᠡ᠃

 

 

      ᠣᠷᠴᠢᠭᠤᠯᠤᠨ ᠨᠠᠢᠷᠠᠭᠤᠯᠤᠭᠴᠢ᠄ ᠲᠡᠷᠭᠡᠯ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃