ᠥᠪᠦᠷ ᠮᠣᠩᠭᠤᠯ ᠤ᠋ᠨ ᠬᠡᠪᠯᠡᠯ ᠤ᠋ᠨ ᠪᠦᠯᠦᠭᠯᠡᠯ ᠤ᠋ᠨ ᠨᠠᠮ ᠤ᠋ᠨ ᠬᠣᠷᠢᠶ᠎ᠠ ᠵᠢᠨ ᠱᠦᠵᠢ ᠱᠤᠸᠠᠩ ᠯᠦᠩ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠦᠵᠡᠯ ᠤᠬᠠᠮᠰᠠᠷ ᠢ᠋ ᠪᠠᠲᠤ ᠴᠣᠭᠴᠠᠯᠠᠬᠤ ᠪᠡᠷ ᠦᠨᠳᠦᠰᠦᠲᠡᠨ ᠤ᠋ ᠠᠵᠢᠯ ᠤ᠋ᠨ ᠭᠣᠤᠯ ᠱᠢᠵᠢᠮ ᠪᠣᠯᠭᠠᠨ ᠦᠨᠡᠨ᠎ᠬᠦ ᠴᠢᠩᠭ᠎ᠠ ᠪᠥᠭᠡᠳ ᠪᠣᠳᠠᠲᠠᠢ ᠪᠠᠷ ᠠᠳᠭᠤᠶ᠎ᠠ ᠭᠡᠬᠦ ᠭᠣᠤᠯ ᠰᠡᠳᠦᠪ ᠢ᠋ᠶ᠋ᠠᠷ ᠨᠠᠮ ᠤ᠋ᠨ ᠬᠢᠴᠢᠶᠡᠯ ᠣᠷᠤᠪᠠ
2020.12.17

  ᠶᠡᠷᠦᠩᠬᠡᠢ ᠱᠦᠵᠢ ᠰᠢ᠎ᠵᠢᠨ ᠫᠢᠩ᠎ᠤᠨ ᠦᠨᠳᠦᠰᠦᠲᠡᠨ᠎ᠦ ᠠᠵᠢᠯ᠎ᠤᠨ ᠲᠤᠬᠠᠢ ᠴᠢᠬᠤᠯᠠ ᠥᠭᠦᠯᠡᠯᠲᠡ ᠪᠠ ᠨᠠᠮ᠎ᠤᠨ ᠲᠥᠪ ᠬᠣᠷᠢᠶᠠᠨ᠎ᠤ ᠬᠠᠮᠢᠶ᠎ᠠ ᠪᠦᠬᠦᠢ ᠱᠢᠢᠳᠪᠦᠷᠢᠲᠦ ᠪᠣᠳᠤᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠰᠤᠷᠤᠯᠴᠠᠨ ᠲᠤᠭᠤᠱᠢᠯᠠᠭᠤᠯᠵᠤ᠂ ᠦᠨᠳᠦᠰᠦᠲᠡᠨ᠎ᠦ ᠠᠵᠢᠯ᠎ᠢ ᠤᠯᠠᠮ ᠨᠢᠭᠡ ᠠᠯᠬᠤᠮ ᠴᠢᠩᠭᠠᠳᠭᠠᠨ ᠰᠠᠢᠵᠢᠷᠠᠭᠤᠯᠬᠤ᠎ᠶᠢᠨ ᠲᠥᠯᠦᠭᠡ᠂ 12 ᠰᠠᠷ᠎ᠠ᠎ᠶᠢᠨ 16᠎ᠦ ᠦᠳᠡ᠎ᠶᠢᠨ ᠡᠮᠦᠨ᠎ᠡ᠂ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠨᠥᠬᠦᠷ 《ᠤᠯᠤᠰ ᠲᠥᠷᠦ᠎ᠶᠢᠨ ᠤᠬᠠᠮᠰᠠᠷ᠎ᠢᠶᠠᠨ ᠳᠡᠭᠡᠭᠱᠢᠯᠡᠭᠦᠯᠵᠦ᠂ ᠤᠯᠤᠰ ᠲᠥᠷᠦ᠎ᠶᠢᠨ ᠬᠠᠷᠢᠭᠤᠴᠠᠯᠭ᠎ᠠ᠎ᠪᠠᠨ ᠴᠢᠩᠭᠠᠳᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠪᠠᠲᠤ ᠴᠣᠭᠴᠠᠯᠠᠬᠤ᠎ᠪᠠᠷ ᠦᠨᠳᠦᠰᠦᠲᠡᠨ᠎ᠦ ᠠᠵᠢᠯ᠎ᠤᠨ ᠭᠣᠤᠯ ᠱᠢᠵᠢᠮ ᠪᠣᠯᠭᠠᠨ ᠦᠨᠡᠨ᠎ᠬᠦ ᠴᠢᠩᠭ᠎ᠠ ᠪᠥᠭᠡᠳ ᠪᠣᠳᠠᠲᠠᠢ᠎ᠪᠠᠷ ᠠᠳᠭᠤᠶ᠎ᠠ》 ᠭᠡᠬᠦ ᠰᠡᠳᠦᠪ᠎ᠢᠶᠡᠷ ᠪᠦᠯᠦᠭᠯᠡᠯ᠎ᠦᠨ ᠥᠷᠭᠡᠨ ᠣᠯᠠᠨ ᠨᠠᠮ᠎ᠤᠨ ᠭᠡᠱᠢᠭᠦᠨ ᠪᠠ ᠪᠦᠬᠦ ᠺᠠᠳ᠋ᠷ ᠠᠵᠢᠯᠲᠠᠨ᠎ᠳᠦ ᠨᠢᠭᠡ ᠤᠳᠠᠭᠠᠨ᠎ᠤ ᠠᠮᠢᠳᠤᠯᠢᠭ ᠰᠠᠢᠬᠠᠨ ᠲᠤᠰᠭᠠᠢ ᠰᠡᠳᠦᠪᠲᠦ ᠨᠠᠮ᠎ᠤᠨ ᠬᠢᠴᠢᠶᠡᠯ ᠣᠷᠤᠪᠠ᠃

  ᠱᠤᠸᠠᠩ ᠯᠦᠩ ᠱᠦᠵᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠤᠨ ᠲᠡᠦᠬᠡᠲᠦ ᠠᠬᠤᠢ ᠪᠠᠢᠳᠠᠯ᠂ ᠦᠨᠳᠦᠰᠦᠨ ᠠᠭᠤᠯᠤᠭᠳᠠᠬᠤᠨ᠂ ᠴᠢᠬᠤᠯᠠ ᠠᠴᠢ ᠬᠣᠯᠪᠤᠭᠳᠠᠯ ᠭᠡᠬᠦ ᠭᠤᠷᠪᠠᠨ ᠲᠠᠯ᠎ᠠ᠎ᠠᠴᠠ ᠭᠦᠨᠵᠡᠭᠡᠢ ᠲᠠᠢᠯᠤᠮᠵᠢ ᠬᠢᠭᠰᠡᠨ᠎ᠦ ᠬᠠᠮᠲᠤ᠂ ᠬᠡᠪᠯᠡᠯ᠎ᠦᠨ ᠪᠦᠯᠦᠭᠯᠡᠯ᠎ᠦᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠪᠠᠲᠤ ᠴᠣᠭᠴᠠᠯᠠᠬᠤ ᠱᠠᠭᠠᠷᠳᠠᠯᠭ᠎ᠠ᠎ᠶᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠵᠢᠷᠭᠤᠭᠠᠨ ᠲᠠᠯ᠎ᠠ᠎ᠪᠠᠷ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠡᠢ᠃

  ᠱᠤᠸᠠᠩ ᠯᠦᠩ ᠵᠢᠭᠠᠬᠤ᠎ᠳᠤ᠎ᠪᠠᠨ᠂ ᠬᠡᠪᠯᠡᠯ᠎ᠦᠨ ᠪᠦᠯᠦᠭᠯᠡᠯ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠣᠨᠤᠯ᠎ᠤᠨ ᠵᠡᠪᠰᠡᠭᠯᠡᠯ᠎ᠢ ᠰᠠᠢᠲᠤᠷ ᠠᠳᠭᠤᠨ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠯᠦᠭᠯᠡᠯ᠎ᠤᠨ ᠡᠯ᠎ᠡ ᠲᠠᠯ᠎ᠠ᠎ᠶᠢᠨ ᠠᠵᠢᠯ᠎ᠳᠡᠬᠢ ᠭᠦᠨᠵᠡᠭᠡᠢ ᠨᠠᠢᠳᠠᠪᠤᠷᠢᠵᠢᠭᠤᠯᠤᠯᠲᠠ᠎ᠶᠢ ᠠᠬᠢᠭᠤᠯᠬᠤ ᠬᠡᠷᠡᠭᠲᠡᠢ; ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠨ᠂ ᠨᠠᠮ᠎ᠤᠨ ᠪᠠᠢᠭᠤᠯᠤᠯᠲᠠ ᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠠᠬᠢᠭᠤᠯᠬᠤ ᠬᠡᠷᠡᠭᠲᠡᠢ; ᠬᠡᠪᠯᠡᠯ᠎ᠦᠨ ᠭᠣᠤᠯᠯᠠᠭᠴᠢ ᠦᠢᠯᠡᠰ᠎ᠢᠶᠡᠨ ᠰᠠᠢᠲᠤᠷ ᠠᠳᠭᠤᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠦᠨ ᠪᠠᠲᠤ ᠴᠣᠭᠴᠠᠯᠠᠯᠲᠠ᠎ᠶᠢ ᠨᠠᠢᠳᠠᠪᠤᠷᠢᠵᠢᠭᠤᠯᠬᠤ ᠲᠠᠯ᠎ᠠ᠎ᠪᠠᠷ ᠢᠳᠡᠪᠬᠢᠲᠡᠢ ᠬᠢᠬᠦ ᠬᠡᠷᠡᠭᠲᠡᠢ; ᠬᠣᠤᠰ ᠬᠡᠯᠡᠨ᠎ᠦ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ ᠪᠠᠢᠷᠢᠯᠠᠭᠤᠯᠤᠯᠲᠠ᠎ᠶᠢ ᠬᠢᠨᠠᠮᠠᠭᠠᠢ ᠲᠤᠭᠤᠱᠢᠯᠠᠭᠤᠯᠤᠨ᠂ ᠰᠤᠷᠬᠤ ᠪᠢᠴᠢᠭ᠎ᠦᠨ ᠬᠡᠪᠯᠡᠯ᠎ᠦᠨ ᠠᠵᠢᠯ᠎ᠢ ᠰᠠᠢᠲᠤᠷ ᠬᠢᠵᠦ᠂ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠰᠤᠷᠬᠤ ᠪᠢᠴᠢᠭ᠎ᠦᠨ ᠬᠡᠷᠡᠭᠵᠢᠭᠦᠯᠦᠯᠲᠡ᠎ᠳᠤ ᠬᠠᠪᠰᠤᠷᠤᠨ ᠬᠦᠴᠦᠯᠡᠬᠦ ᠬᠡᠷᠡᠭᠲᠡᠢ; ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠬᠢᠨᠠᠮᠠᠭᠠᠢ ᠨᠠᠢᠳᠠᠪᠤᠷᠢᠵᠢᠭᠤᠯᠵᠤ᠂ ᠭᠣᠤᠯ ᠦᠵᠡᠯ ᠰᠠᠨᠠᠭ᠎ᠠ ᠪᠠ ᠶᠠᠷᠢᠶ᠎ᠠ ᠬᠡᠯᠡᠯᠴᠡᠭᠡᠨ᠎ᠦ ᠬᠥᠲᠦᠯᠦᠨ ᠵᠢᠯᠤᠭᠤᠳᠭᠤ ᠬᠦᠴᠦᠨ᠂ ᠳᠠᠮᠵᠢᠭᠤᠯᠬᠤ ᠬᠦᠴᠦᠨ᠎ᠢ ᠪᠠᠳᠠᠷᠠᠭᠤᠯᠬᠤ ᠬᠡᠷᠡᠭᠲᠡᠢ᠃ ᠬᠠᠷᠢᠭᠤᠴᠠᠯᠭ᠎ᠠ᠎ᠪᠠᠨ ᠭᠦᠢᠴᠡᠳᠬᠡᠬᠦ ᠦᠵᠡᠯ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠦᠨᠳᠦᠰᠦᠲᠡᠨ᠎ᠦ ᠠᠵᠢᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠯ᠎ᠠ᠎ᠪᠠᠷ ᠱᠢᠨ᠎ᠡ ᠬᠤᠪᠢ ᠨᠡᠮᠡᠷᠢ᠎ᠪᠡᠨ ᠬᠠᠨᠳᠢᠪᠯᠠᠬᠤ ᠬᠡᠷᠡᠭᠲᠡᠢ ᠭᠡᠵᠡᠢ᠃

  ᠱᠤᠸᠠᠩ ᠯᠦᠩ ᠴᠢᠬᠤᠯᠠᠴᠢᠯᠠᠬᠤ᠎ᠳᠤ᠎ᠪᠠᠨ᠂ ᠥᠪᠦᠷ ᠮᠣᠩᠭᠤᠯ᠎ᠤᠨ ᠡᠪᠯᠡᠯ᠎ᠦᠨ ᠪᠦᠯᠦᠭᠯᠡᠯ᠎ᠦᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠠᠵᠢᠯᠲᠠᠨ ᠡᠷᠬᠡᠪᠱᠢ 《ᠳᠥᠷᠪᠡᠨ ᠤᠬᠠᠮᠰᠠᠷ》᠎ᠢᠶᠠᠨ ᠦᠨᠡᠨ᠎ᠬᠦ ᠴᠢᠩᠭᠠᠷᠠᠭᠤᠯᠤᠨ᠂ 《ᠳᠥᠷᠪᠡᠨ ᠢᠲᠡᠭᠡᠯ》᠎ᠢᠶᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠡᠷᠡᠰ ᠭᠦᠢᠴᠡᠳᠬᠡᠵᠦ᠂ ᠦᠨᠡᠨ᠎ᠢ ᠬᠥᠭᠡᠭᠡᠴᠡᠯᠳᠦᠨ ᠪᠣᠳᠠᠲᠠᠢ᠎ᠶᠢ ᠡᠷᠬᠢᠮᠯᠡᠬᠦ ᠣᠪᠤᠷ ᠰᠤᠷᠲᠠᠯ᠎ᠢᠶᠠᠷ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ᠎ᠶᠢᠨ ᠪᠠᠢᠷᠢᠯᠠᠭᠤᠯᠤᠯᠲᠠ᠎ᠶᠢ ᠡᠷᠡᠰ ᠱᠢᠭᠤᠷᠬᠠᠢ᠎ᠪᠠᠷ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭᠲᠡᠢ᠃ ᠤᠯᠤᠰ ᠲᠥᠷᠦ᠎ᠶᠢᠨ ᠤᠬᠠᠮᠰᠠᠷ᠎ᠢᠶᠠᠨ ᠤᠯᠠᠮ ᠨᠢᠭᠡ ᠠᠯᠬᠤᠮ ᠳᠡᠭᠡᠭᠱᠢᠯᠡᠭᠦᠯᠦᠨ᠂ ᠤᠯᠤᠰ ᠲᠥᠷᠦ᠎ᠶᠢᠨ ᠬᠠᠷᠢᠭᠤᠴᠠᠯᠭ᠎ᠠ᠎ᠪᠠᠨ ᠴᠢᠩᠭᠠᠷᠠᠭᠤᠯᠵᠤ᠂ ᠰᠢ᠎ᠵᠢᠨ ᠫᠢᠩ ᠶᠡᠷᠦᠩᠬᠡᠢ ᠱᠦᠵᠢ᠎ᠶᠢᠨ ᠦᠨᠳᠦᠰᠦᠲᠡᠨ᠎ᠦ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢᠨ ᠵᠣᠷᠢᠭ ᠰᠠᠨᠠᠭ᠎ᠠ᠎ᠶᠢ ᠦᠷᠭᠦᠯᠵᠢᠯᠡᠨ ᠬᠢᠨᠠᠮᠠᠭᠠᠢ ᠰᠤᠷᠤᠯᠴᠠᠬᠤ᠎ᠪᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠨᠢᠭᠡᠳᠦᠯ᠎ᠲᠠᠢ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠪᠦᠬᠦ ᠲᠠᠯ᠎ᠠ᠎ᠪᠠᠷ ᠴᠢᠩᠭᠠᠳᠭᠠᠬᠤ ᠲᠤᠬᠠᠢ ᠲᠥᠪ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠣᠳᠤᠯᠭ᠎ᠠ᠎ᠶᠢᠨ ᠪᠠᠢᠷᠢᠯᠠᠭᠤᠯᠤᠯᠲᠠ᠎ᠶᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠤᠯᠠᠮ ᠨᠢᠭᠡ ᠠᠯᠬᠤᠮ ᠪᠠᠲᠤ ᠴᠣᠭᠴᠠᠯᠠᠬᠤ ᠬᠡᠷᠡᠭᠲᠡᠢ ᠭᠡᠵᠡᠢ᠃

  ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠱᠦᠵᠢ ᠸᠠᠩ ᠹᠦ ᠰᠤᠷᠤᠯᠴᠠᠯᠭ᠎ᠠ᠎ᠶᠢ ᠡᠷᠬᠢᠯᠡᠬᠦ ᠦᠶ᠎ᠡ᠎ᠳᠤ ᠵᠢᠭᠠᠬᠤ᠎ᠳᠤ᠎ᠪᠠᠨ᠂ ᠡᠨᠡ ᠤᠳᠠᠭᠠᠨ᠎ᠤ ᠨᠠᠮ᠎ᠤᠨ ᠬᠢᠴᠢᠶᠡᠯ᠎ᠦᠨ ᠭᠣᠤᠯ ᠰᠠᠨᠠᠭ᠎ᠠ᠎ᠨᠢ ᠱᠢᠨ᠎ᠡ ᠰᠡᠪᠡᠭᠦᠨ᠂ ᠨᠤᠲᠠᠯᠠᠯᠲᠠ᠎ᠨᠢ ᠲᠣᠳᠤᠷᠬᠠᠢ᠂ ᠤᠯᠤᠰ ᠲᠥᠷᠦ᠎ᠶᠢᠨ ᠵᠣᠭᠰᠤᠴᠠ᠎ᠨᠢ ᠥᠨᠳᠦᠷ᠂ ᠦᠵᠡᠯ ᠰᠠᠨᠠᠭᠠᠨ᠎ᠤ ᠰᠡᠩᠬᠡᠷᠡᠭᠦᠯᠬᠦ ᠦᠢᠯᠡᠳᠦᠯ᠎ᠨᠢ ᠴᠢᠩᠭ᠎ᠠ ᠪᠠᠢᠵᠤ᠂ ᠪᠦᠯᠦᠭᠯᠡᠯ᠎ᠦᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠪᠠᠲᠤ ᠴᠣᠭᠴᠠᠯᠠᠬᠤ ᠠᠵᠢᠯᠯᠠᠭ᠎ᠠ ᠥᠷᠨᠢᠭᠦᠯᠬᠦ᠎ᠳᠤ ᠲᠦᠷᠦᠭᠦᠯᠡᠬᠦ ᠦᠢᠯᠡᠳᠦᠯ ᠦᠵᠡᠭᠦᠯᠵᠦ᠂ ᠰᠠᠢᠨ ᠰᠠᠢᠬᠠᠨ ᠡᠬᠢᠯᠡᠯᠲᠡ᠎ᠶᠢ ᠪᠣᠢ ᠪᠣᠯᠭᠠᠪᠠ᠃ ᠪᠢᠳᠡ ᠱᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠠᠵᠢᠯ᠎ᠤᠨ ᠱᠢᠨ᠎ᠡ ᠪᠠᠢᠷᠢ ᠲᠣᠭᠲᠠᠭᠠᠯᠲᠠ᠂ ᠱᠢᠨ᠎ᠡ ᠴᠠᠭ᠎ᠤᠨ ᠪᠠᠢᠳᠠᠯ᠂ ᠱᠢᠨ᠎ᠡ ᠡᠭᠦᠷᠭᠡ᠎ᠶᠢ ᠤᠯᠠᠮ ᠨᠢᠭᠡ ᠠᠯᠬᠤᠮ ᠭᠦᠨᠵᠡᠭᠡᠢ ᠣᠢᠯᠠᠭᠠᠵᠤ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠮᠡᠳᠡᠷᠡᠬᠦ᠎ᠶᠢ ᠭᠦᠢᠴᠡᠳᠬᠡᠨ᠂ ᠦᠵᠡᠯ ᠰᠠᠨᠠᠭ᠎ᠠ ᠦᠢᠯᠡ ᠠᠵᠢᠯᠯᠠᠭ᠎ᠠ᠎ᠪᠠᠨ ᠨᠢᠭᠡᠳᠦᠭᠦᠯᠵᠦ᠂ ᠱᠢᠨ᠎ᠡ ᠴᠠᠭ ᠦᠶ᠎ᠡ᠎ᠶᠢᠨ ᠤᠯᠤᠰ᠎ᠤᠨ ᠥᠮᠴᠢᠯᠡᠯᠲᠦ ᠰᠣᠶᠤᠯ᠎ᠤᠨ ᠠᠵᠤ ᠠᠬᠤᠢᠯᠠᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠶᠢ ᠯᠠᠪᠳᠠᠭᠤᠨ ᠪᠠᠲᠤᠲᠠᠢ ᠡᠵᠡᠮᠳᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠪᠠᠲᠤ ᠴᠣᠭᠴᠠᠯᠠᠬᠤ᠎ᠪᠠᠷ ᠦᠨᠳᠦᠰᠦᠲᠡᠨ᠎ᠦ ᠠᠵᠢᠯ᠎ᠤᠨ ᠭᠣᠤᠯ ᠱᠢᠵᠢᠮ ᠪᠣᠯᠭᠠᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠬᠡᠪᠯᠡᠯ᠎ᠦᠨ ᠪᠦᠯᠦᠭᠯᠡᠯ᠎ᠦᠨ ᠴᠢᠨᠠᠷᠯᠢᠭ ᠬᠥᠭᠵᠢᠯᠲᠡ᠎ᠶᠢ ᠪᠡᠶᠡᠯᠡᠭᠦᠯᠬᠦ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃

  ᠪᠦᠯᠦᠭᠯᠡᠯ᠎ᠦᠨ ᠶᠡᠷᠦᠩᠬᠡᠢ ᠭᠠᠵᠠᠷ ᠵᠢᠴᠢ ᠬᠠᠷᠢᠶ᠎ᠠ ᠪᠠᠢᠭᠤᠯᠭ᠎ᠠ᠎ᠶᠢᠨ ᠪᠦᠬᠦ ᠠᠵᠢᠯᠲᠠᠨ ᠭᠣᠤᠯ ᠬᠤᠷᠠᠯ᠎ᠤᠨ ᠲᠠᠯᠠᠪᠤᠷ ᠬᠢᠭᠡᠳ ᠳᠥᠷᠪᠡᠨ ᠬᠤᠪᠢᠶᠠᠷᠢ ᠬᠤᠷᠠᠯ᠎ᠤᠨ ᠲᠠᠯᠠᠪᠤᠷ᠎ᠳᠤ ᠨᠠᠮ᠎ᠤᠨ ᠬᠢᠴᠢᠶᠡᠯ ᠰᠣᠨᠤᠰᠤᠭᠰᠠᠨ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃