ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 2021 ᠣᠨ᠎ᠤ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
2021.03.02

  2021 ᠣᠨ᠎ᠤ 3 ᠰᠠᠷ᠎ᠠ᠎ᠶᠢᠨ 2᠎ᠤ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 2021 ᠣᠨ᠎ᠤ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠬᠤᠷᠠᠯ᠎ᠢ ᠬᠤᠷᠠᠯᠳᠤᠭᠤᠯᠪᠠ᠃ 2020 ᠣᠨ᠎ᠤ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠢᠶᠠᠨ ᠪᠦᠬᠦ ᠲᠠᠯ᠎ᠠ᠎ᠪᠠᠷ ᠬᠤᠷᠢᠶᠠᠩᠭᠤᠢᠯᠠᠵᠤ᠂ ᠲᠤᠯᠭᠠᠷᠠᠵᠤ ᠪᠦᠬᠦᠢ ᠴᠠᠭ᠎ᠤᠨ ᠪᠠᠢᠳᠠᠯ ᠪᠠ ᠡᠭᠦᠷᠭᠡ᠎ᠪᠡᠨ ᠵᠠᠳᠠᠯᠵᠤ᠂ 2021 ᠣᠨ᠎ᠤ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠢᠶᠠᠨ ᠰᠤᠳᠤᠯᠤᠨ ᠪᠠᠢᠷᠢᠰᠢᠭᠤᠯᠪᠠ᠃ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ  ᠭᠡᠰᠢᠭᠦᠨ᠂ ᠳᠡᠳ ᠶᠡᠷᠦᠩᠬᠡᠢ ᠳᠠᠭᠠᠭᠠᠮᠠᠯ ᠵᠠᠯᠭᠠᠪᠠᠶᠠᠷ ᠨᠥᠬᠦᠷ ᠬᠤᠷᠠᠯ ᠬᠥᠲᠦᠯᠪᠡ᠃

  ᠬᠤᠷᠠᠯ ᠳᠡᠭᠡᠷ᠎ᠡ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠱᠤᠸᠠᠩ ᠯᠦᠩ᠄ 《ᠥᠩᠭᠡᠷᠡᠭᠰᠡᠨ ᠨᠢᠭᠡ ᠵᠢᠯ᠎ᠳᠦ ᠬᠡᠪᠯᠡᠯ᠎ᠦᠨ ᠪᠦᠯᠦᠭᠯᠡᠯ᠎ᠨᠢ ᠰᠢᠨ᠎ᠡ ᠲᠢᠲᠢᠮᠯᠢᠭ ᠸᠢᠷᠦ᠋ᠰ᠎ᠦᠨ ᠳᠠᠭᠠᠷᠢᠯᠲᠠ᠎ᠲᠠᠢ ᠲᠤᠯᠭᠠᠷᠠᠵᠤ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠲᠣᠭᠤᠷᠢᠨ ᠪᠠᠢᠴᠠᠭᠠᠬᠤ ᠳᠤᠭᠤᠢᠯᠠᠩ᠎ᠤᠨ ᠬᠢᠨᠠᠨ ᠪᠠᠢᠴᠠᠭᠠᠯᠲᠠ᠎ᠶᠢ ᠬᠦᠯᠢᠶᠡᠨ ᠠᠪᠴᠤ᠂ ᠭᠤᠷᠪᠠᠨ ᠲᠥᠷᠦᠯ᠎ᠦᠨ ᠰᠤᠷᠬᠤ ᠪᠢᠴᠢᠭ᠎ᠦᠨ ᠥᠭᠡᠷᠡᠴᠢᠯᠡᠯᠲᠡ ᠵᠢᠴᠢ ᠠᠵᠤ ᠦᠢᠯᠡᠰ᠎ᠦᠨ ᠨᠢᠭᠡᠴᠢ ᠪᠠ ᠠᠵᠤ ᠠᠬᠤᠢᠯᠠᠯ᠎ᠢ ᠰᠠᠯᠭᠠᠬᠤ ᠥᠭᠡᠷᠡᠴᠢᠯᠡᠯᠲᠡ ᠵᠡᠷᠭᠡ ᠭᠣᠤᠯᠳᠠᠯᠭᠠᠲᠤ ᠠᠵᠢᠯ ᠪᠠ ᠬᠦᠨᠳᠦ ᠴᠢᠬᠤᠯᠠ ᠠᠶᠤᠯ ᠲᠦᠭᠱᠢᠭᠦᠷᠢ᠎ᠶᠢᠨ ᠰᠣᠷᠢᠯᠲᠠ᠎ᠶᠢ ᠲᠤᠭᠤᠯᠵᠤ ᠪᠢᠯᠡ᠃ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠨᠢ ᠨᠠᠮ᠎ᠨᠢ ᠨᠠᠮ᠎ᠢᠶᠠᠨ ᠬᠠᠮᠢᠶᠠᠷᠬᠤ᠂ ᠨᠠᠮ᠎ᠨᠢ ᠨᠠᠮ᠎ᠢᠶᠠᠨ ᠴᠢᠩᠭ᠎ᠠ ᠵᠠᠰᠠᠬᠤ᠎ᠶᠢ ᠪᠠᠷᠢᠮᠲᠠᠯᠠᠵᠤ᠂ ᠴᠠᠭ ᠢᠮᠠᠭᠲᠠ ᠵᠥᠪ ᠣᠨᠤᠪᠴᠢᠲᠠᠢ ᠥᠭᠡᠷᠡᠴᠢᠯᠡᠯᠲᠡ ᠬᠥᠭᠵᠢᠯᠲᠡ᠎ᠶᠢᠨ ᠴᠢᠭᠯᠡᠯ᠎ᠢ ᠪᠠᠷᠢᠮᠲᠠᠯᠠᠵᠤ᠂ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ ᠪᠠ ᠭᠣᠤᠯᠳᠠᠯᠭ᠎ᠠ᠎ᠲᠠᠢ ᠠᠵᠢᠯ᠎ᠢ ᠭᠦᠨᠵᠡᠭᠡᠢ ᠤᠶᠠᠯᠳᠤᠭᠤᠯᠬᠤ᠎ᠶᠢ ᠭᠦᠢᠴᠡᠳᠭᠡᠵᠦ᠂ ᠪᠦᠬᠦ ᠵᠢᠯ᠎ᠦᠨ ᠡᠯ᠎ᠡ ᠲᠥᠷᠦᠯ ᠵᠦᠢᠯ᠎ᠦᠨ ᠡᠭᠦᠷᠭᠡ᠎ᠪᠡᠨ ᠠᠮᠵᠢᠯᠲᠠ᠎ᠲᠠᠢ ᠪᠡᠶᠡᠯᠡᠭᠦᠯᠬᠦ᠎ᠶᠢ ᠪᠠᠲᠤᠯᠠᠪᠠ》 ᠭᠡᠮᠡᠨ ᠵᠢᠭᠠᠵᠤ ᠭᠠᠷᠭᠠᠪᠠ᠃

  ᠱᠤᠸᠠᠩ ᠯᠦᠩ᠄ 《2021 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ ᠵᠠᠭᠤᠨ ᠵᠢᠯ᠎ᠦᠨ ᠣᠢ ᠪᠣᠯᠤᠨ᠎ᠠ᠂ ᠮᠥᠨ᠎ᠴᠦ ᠮᠠᠨ᠎ᠤ ᠤᠯᠤᠰ᠎ᠤᠨ 〈14.5〉᠎ᠤ ᠲᠦᠯᠦᠪᠡᠯᠡᠬᠡ᠎ᠶᠢᠨ ᠡᠬᠢᠯᠡᠯᠲᠡ᠎ᠶᠢᠨ ᠵᠢᠯ᠂ ᠮᠥᠨ᠎ᠴᠦ ᠬᠡᠪᠯᠡᠯ᠎ᠦᠨ ᠪᠦᠯᠦᠭᠯᠡᠯ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ  ᠵᠠᠩᠭᠢᠯᠠᠭ᠎ᠠ᠎ᠶᠢᠨ ᠵᠢᠯ᠎ᠶᠦᠮ᠃ ᠲᠣᠮᠤ ᠪᠠᠶᠠᠷ ᠳᠤᠷᠠᠰᠭᠠᠯ᠎ᠤᠨ ᠵᠢᠯ ᠪᠣᠯᠬᠤ ᠪᠥᠭᠡᠳ᠂ ᠮᠥᠨ᠎ᠴᠦ ᠬᠡᠷᠡᠭᠵᠢᠭᠦᠯᠬᠦ ᠵᠢᠯ᠂ ᠨᠡᠩ ᠢᠯᠠᠩᠭᠤᠶ᠎ᠠ ᠰᠢᠪᠲᠤᠯᠤᠯᠲᠠ᠎ᠶᠢᠨ ᠵᠢᠯ ᠪᠣᠯᠤᠨ᠎ᠠ᠃ ᠡᠯ᠎ᠡ ᠱᠠᠲᠤᠨ᠎ᠤ ᠨᠠᠮ᠎ᠤᠨ ᠳᠤᠭᠤᠢᠯᠠᠩ ᠪᠠ ᠪᠦᠬᠦ ᠨᠠᠮ᠎ᠤᠨ ᠭᠡᠰᠢᠭᠦᠨ ᠺᠠᠳ᠋ᠷ ᠨᠠᠷ ᠡᠷᠬᠡᠪᠰᠢ ᠢᠳᠡᠪᠬᠢᠯᠡᠨ ᠬᠥᠳᠡᠯᠦᠯᠴᠡᠵᠦ᠂ ᠪᠦᠬᠦ ᠵᠢᠯ᠎ᠦᠨ ᠬᠠᠷᠠᠯᠲᠠ ᠡᠭᠦᠷᠭᠡ᠎ᠪᠡᠨ ᠠᠮᠵᠢᠯᠲᠠ᠎ᠲᠠᠢ ᠪᠡᠶᠡᠯᠡᠭᠦᠯᠬᠦ᠎ᠶᠢ ᠤᠯᠤᠰ ᠲᠥᠷᠦ᠎ᠶᠢᠨ  ᠬᠠᠷᠢᠭᠤᠴᠠᠯᠭ᠎ᠠ ᠪᠠ ᠤᠬᠠᠮᠰᠠᠷᠲᠤ ᠡᠭᠦᠷᠭᠡᠯᠡᠯ ᠪᠣᠯᠭᠠᠵᠤ᠂ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠲᠥᠷᠦ᠎ᠶᠢᠨ ᠪᠣᠳᠤᠯᠭ᠎ᠠ ᠪᠠ ᠠᠵᠢᠯ᠎ᠤᠨ ᠪᠠᠢᠷᠢᠯᠠᠭᠤᠯᠤᠯᠲᠠ᠎ᠶᠢ ᠡᠷᠢᠰ ᠲᠤᠭᠤᠰᠢᠯᠠᠭᠤᠯᠤᠨ᠂ ᠠᠯᠢᠪᠠ  ᠠᠰᠢᠭ᠎ᠲᠠᠢ ᠨᠥᠬᠦᠴᠡᠯ᠎ᠢ ᠠᠮᠵᠢᠵᠤ᠂ ᠡᠯ᠎ᠡ ᠵᠦᠢᠯ᠎ᠦᠨ ᠬᠦᠴᠢᠷᠳᠡᠯ ᠪᠠ ᠰᠣᠷᠢᠯᠲᠠ᠎ᠶᠢ ᠢᠯᠠᠨ ᠲᠤᠭᠤᠯᠵᠤ᠂   ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ ᠊᠎ᠦᠨ ᠳᠡᠬᠡᠳᠦ ᠴᠢᠨᠠᠷ ᠴᠢᠨᠰᠠᠭ᠎ᠠ ᠪᠦᠬᠦᠢ ᠦᠷ᠎ᠡ ᠪᠦᠲᠦᠮᠵᠢ᠎ᠪᠡᠷ ᠪᠦᠬᠦ ᠵᠢᠯ᠎ᠦᠨ ᠡᠯ᠎ᠡ ᠲᠥᠷᠦᠯ᠎ᠦᠨ ᠠᠵᠢᠯ᠎ᠤᠨ ᠵᠣᠷᠢᠯᠲᠠ ᠬᠠᠷᠠᠯᠲᠠ᠎ᠪᠡᠨ ᠪᠡᠶᠡᠯᠡᠭᠦᠯᠬᠦ᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠵᠤ ᠥᠭᠬᠦ ᠬᠡᠷᠡᠭᠲᠡᠢ》 ᠭᠡᠮᠡᠨ ᠴᠢᠩᠭᠠᠳᠭᠠᠪᠠ᠃

  ᠬᠤᠷᠠᠯ᠎ᠳᠤ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ ᠱᠦᠵᠢ ᠽᠸᠩ ᠬᠠᠨ ᠨᠥᠬᠦᠷ ᠬᠡᠪᠯᠡᠯ᠎ᠦᠨ ᠪᠦᠯᠦᠭᠯᠡᠯ᠎ᠦᠨ 2021 ᠣᠨ᠎ᠤ  ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠲᠠᠯ᠎ᠠ᠎ᠪᠠᠷ ᠪᠣᠳᠠᠲᠠᠢ ᠲᠣᠬᠢᠷᠠᠭᠤᠯᠤᠯᠲᠠ ᠪᠠ  ᠪᠠᠢᠷᠢᠰᠢᠭᠤᠯᠤᠯᠲᠠ ᠬᠢᠪᠡ᠃ ᠽᠧᠩ ᠬᠠᠨ᠄ 《2021 ᠣᠨ᠎ᠤ ᠬᠡᠪᠯᠡᠯ᠎ᠦᠨ ᠪᠦᠯᠦᠭᠯᠡᠯ᠎ᠦᠨ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠶᠡᠷᠦᠩᠬᠡᠢ ᠰᠡᠳᠭᠢᠮᠵᠢ ᠪᠠ ᠱᠠᠭᠠᠷᠳᠠᠯᠭ᠎ᠠ ᠪᠣᠯ᠂ ᠱ᠋ᠢ᠎ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠᠨ ᠶᠢᠰᠦᠳᠦᠭᠡᠷ ᠪᠦᠭᠦᠳᠡ ᠬᠤᠷᠠᠯ᠎ᠤᠨ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ  ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠦᠲᠦᠭᠡᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠪᠠᠲᠤ ᠴᠢᠩᠭ᠎ᠠ ᠪᠠᠷᠢᠮᠲᠠᠯᠠᠵᠤ᠂ ᠬᠡᠪᠯᠡᠯ᠎ᠦᠨ ᠪᠦᠯᠦᠭᠯᠡᠯ᠎ᠦᠨ ᠥᠭᠡᠷᠡᠴᠢᠯᠡᠯᠲᠡ ᠬᠥᠭᠵᠢᠯᠲᠡ᠎ᠶᠢᠨ ᠲᠣᠭᠲᠠᠭᠤᠨ ᠪᠠᠢᠬᠤ ᠶᠡᠷᠦᠩᠬᠡᠢ ᠪᠠᠢᠳᠠᠯ᠎ᠤᠨ ᠲᠣᠭᠤᠷᠢᠨ᠎ᠳᠤ᠂ ᠨᠠᠮ᠎ᠤᠨ ᠤᠯᠤᠰ ᠲᠥᠷᠦ᠎ᠶᠢᠨ ᠪᠦᠲᠦᠭᠡᠨ ᠪᠠᠢᠭᠤᠯᠤᠯᠲᠠ᠎ᠪᠠᠷ ᠶᠡᠷᠦᠩᠬᠡᠢ ᠤᠳᠤᠷᠢᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠬᠠᠮᠰᠠᠷ᠎ᠢ ᠪᠣᠢ ᠪᠣᠯᠭᠠᠬᠤ᠎ᠪᠠᠷ ᠭᠣᠤᠯ ᠱᠤᠭᠤᠮ᠎ᠢᠶᠠᠨ ᠪᠣᠯᠭᠠᠵᠤ᠂ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠬᠦᠯᠵᠦ᠂ ᠺᠠᠳ᠋ᠷ ᠴᠢᠳᠠᠪᠤᠷᠢᠲᠠᠨ᠎ᠤ ᠡᠩᠨᠡᠭᠡᠨ᠎ᠦ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠴᠢᠩᠭᠠᠳᠭᠠᠵᠤ᠂ ᠦᠵᠡᠯ ᠰᠠᠨᠠᠭᠠᠨ᠎ᠤ ᠤᠬᠠᠭᠤᠯᠭ᠎ᠠ᠎ᠶᠢᠨ ᠠᠵᠢᠯ᠎ᠤᠨ ᠬᠢᠷᠢ  ᠲᠦᠪᠰᠢᠨ᠎ᠢ ᠲᠠᠰᠤᠷᠠᠯ᠎ᠦᠭᠡᠢ ᠲᠡᠭᠡᠭᠰᠢᠯᠡᠬᠦᠯᠵᠦ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠦᠲᠦᠭᠡᠨ ᠪᠠᠢᠭᠤᠯᠤᠯᠲᠠ᠎ᠶᠢᠨ ᠬᠠᠷᠢᠭᠤᠴᠠᠯᠭ᠎ᠠ᠎ᠶᠢᠨ ᠳᠦᠷᠢᠮ᠎ᠢ ᠴᠢᠩᠭ᠎ᠠ ᠲᠤᠭᠤᠰᠢᠯᠠᠭᠤᠯᠵᠤ᠂ ᠨᠡᠢᠭᠡᠮ ᠵᠢᠷᠤᠮ᠎ᠤᠨ ᠭᠣᠤᠯᠯᠠᠭᠴᠢ ᠥᠷᠲᠡᠭ᠎ᠦᠨ ᠦᠵᠡᠯᠲᠡ᠎ᠶᠢ ᠭᠦᠨᠵᠡᠭᠡᠢᠷᠡᠭᠦᠯᠦᠨ ᠪᠠᠳᠠᠷᠠᠭᠤᠯᠵᠤ᠂ ᠬᠡᠪᠯᠡᠯ᠎ᠦᠨ ᠪᠦᠯᠦᠭᠯᠡᠯ᠎ᠦᠨ ᠳᠡᠭᠡᠳᠦ ᠴᠢᠨᠠᠷ ᠴᠢᠨᠰᠠᠭᠠᠳᠤ ᠬᠥᠭᠵᠢᠯᠲᠡ᠎ᠳᠦ ᠮᠠᠰᠢ ᠶᠡᠬᠡ ᠬᠦᠴᠦᠨ ᠪᠦᠬᠦᠢ ᠦᠵᠡᠯ ᠰᠠᠨᠠᠭ᠎ᠠ ᠤᠯᠤᠰ ᠲᠥᠷᠦ᠎ᠶᠢᠨ ᠪᠠᠲᠤᠯᠠᠭ᠎ᠠ᠂   ᠪᠠᠲᠤ ᠪᠡᠬᠢ ᠺᠠᠳ᠋ᠷ᠎ᠤᠨ ᠡᠩᠨᠡᠭᠡᠨ᠎ᠦ ᠳᠡᠮᠵᠢᠯᠭᠡ᠂ ᠰᠢᠯᠢᠳᠡᠭ ᠰᠠᠢᠬᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠭᠤᠯ᠂ ᠪᠠᠲᠤ ᠴᠢᠩᠭ᠎ᠠ ᠰᠤᠷᠲᠠᠯ ᠰᠠᠬᠢᠯᠭ᠎ᠠ ᠵᠢᠷᠤᠮ᠎ᠤᠨ ᠪᠠᠲᠤᠯᠠᠭ᠎ᠠ ᠪᠠ ᠬᠦᠴᠦᠷᠬᠡᠭ ᠲᠣᠮᠤ ᠣᠶᠤᠨ ᠰᠠᠨᠠᠭᠠᠨ᠎ᠤ ᠬᠦᠴᠦᠨ᠎ᠢ ᠬᠠᠩᠭᠠᠵᠤ ᠥᠭᠬᠦ ᠪᠣᠯᠤᠨ᠎ᠠ》 ᠭᠡᠮᠡᠨ ᠵᠢᠭᠠᠵᠤ ᠭᠠᠷᠭᠠᠪᠠ᠃

  ᠬᠢᠵᠢᠭ᠎ᠢ ᠰᠡᠷᠭᠡᠢᠯᠡᠬᠦ ᠱᠠᠭᠠᠷᠳᠠᠯᠭ᠎ᠠ᠎ᠠᠴᠠ ᠪᠣᠯᠤᠭᠠᠳ ᠲᠤᠰ ᠤᠳᠠᠭᠠᠨ᠎ᠤ ᠬᠤᠷᠠᠯ᠎ᠢ ᠸᠢᠳᠢᠣ᠋ ᠬᠤᠷᠠᠯ᠎ᠤᠨ ᠬᠡᠯᠪᠡᠷᠢ᠎ᠪᠡᠷ ᠶᠠᠪᠤᠭᠳᠠᠭᠤᠯᠪᠠ᠃ ᠶᠡᠷᠦᠩᠬᠡᠢ ᠬᠤᠷᠠᠯ᠎ᠤᠨ ᠲᠠᠯᠠᠪᠠᠢ᠎ᠶᠢ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠬᠡᠯᠲᠡᠰ᠎ᠲᠦ ᠪᠠᠢᠷᠢᠯᠠᠭᠤᠯᠵᠤ᠂ ᠭᠤᠷᠪᠠᠨ ᠬᠤᠪᠢᠶᠠᠷᠢ ᠬᠤᠷᠠᠯ᠎ᠤᠨ ᠲᠠᠯᠠᠪᠠᠢ᠎ᠶᠢ ᠥᠪᠦᠷ ᠮᠣᠩᠭᠤᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶ᠎ᠠ᠎ᠳᠤ ᠲᠤᠰ ᠲᠤᠰ ᠪᠠᠢᠷᠢᠯᠠᠭᠤᠯᠵᠠᠢ᠂ ᠬᠡᠪᠯᠡᠯ᠎ᠦᠨ ᠪᠦᠯᠦᠭᠯᠡᠯ᠎ᠦᠨ ᠤᠳᠤᠷᠢᠳᠭᠤ ᠪᠠᠭ᠂ ᠶᠡᠷᠦᠩᠬᠡᠢ ᠬᠡᠯᠲᠡᠰ᠎ᠦᠨ ᠳᠡᠳ ᠭᠠᠵᠠᠷ᠎ᠤᠨ ᠳᠡᠰ᠎ᠡᠴᠡ ᠳᠡᠭᠡᠭᠰᠢᠬᠢ ᠨᠠᠮ᠎ᠤᠨ ᠬᠡᠰᠢᠬᠦᠨ ᠺᠠᠳ᠋ᠷ᠂ ᠬᠠᠷᠢᠶ᠎ᠠ ᠪᠠᠢᠭᠤᠯᠭ᠎ᠠ ᠨᠢᠭᠡᠴᠢ᠎ᠶᠢᠨ ᠤᠳᠤᠷᠢᠳᠭᠤ ᠪᠠᠭ᠂ ᠨᠠᠮ᠎ᠤᠨ ᠠᠵᠢᠯ᠎ᠤᠨ ᠬᠡᠯᠲᠡᠰ᠎ᠦᠨ ᠬᠠᠷᠢᠭᠤᠴᠠᠯᠭᠠᠲᠠᠨ ᠵᠢᠴᠢ ᠨᠠᠮ᠎ᠤᠨ ᠡᠭᠦᠷ᠎ᠦᠨ ᠱᠦᠵᠢ᠎ᠨᠠᠷ ᠬᠤᠷᠠᠯ᠎ᠳᠤ ᠣᠷᠤᠯᠴᠠᠪᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃