ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 2021 ᠣᠨ᠎ᠤ ᠦᠵᠡᠯ ᠤᠬᠠᠮᠰᠠᠷ᠎ᠤᠨ ᠠᠵᠢᠯ᠎ᠤᠨ ᠬᠤᠷᠠᠯ᠎ᠢ ᠬᠤᠷᠠᠯᠳᠤᠭᠤᠯᠪᠠ
2021.03.02

2021 ᠣᠨ᠎ᠤ 3 ᠰᠠᠷ᠎ᠠ᠎ᠶᠢᠨ 2᠎ᠤ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 2021 ᠣᠨ᠎ᠤ ᠦᠵᠡᠯ ᠤᠬᠠᠮᠰᠠᠷ᠎ᠤᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠠᠵᠢᠯ᠎ᠢᠶᠠᠨ ᠳ᠋ᠦᠩᠨᠡᠵᠦ᠂ ᠴᠠᠭ᠎ᠤᠨ ᠪᠠᠢᠳᠠᠯ᠎ᠢ ᠵᠠᠳᠠᠯᠵᠤ ᠡᠨᠡ ᠵᠢᠯ᠎ᠦᠨ ᠦᠵᠡᠯ ᠤᠬᠠᠮᠰᠠᠷ᠎ᠤᠨ ᠠᠵᠢᠯ᠎ᠢ ᠰᠤᠳᠤᠯᠤᠨ ᠪᠠᠢᠷᠢᠱᠢᠯᠠᠭᠤᠯᠪᠠ᠃ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ  ᠭᠡᠰᠢᠭᠦᠨ᠂  ᠳᠡᠳ᠋ ᠶᠡᠷᠦᠩᠬᠡᠢ ᠳᠠᠭᠠᠭᠠᠮᠠᠯ ᠵᠠᠯᠭᠠᠪᠠᠶᠠᠷ ᠨᠥᠬᠦᠷ ᠬᠤᠷᠠᠯ ᠬᠥᠲᠦᠯᠪᠡ᠃

  ᠬᠤᠷᠠᠯ ᠳᠡᠭᠡᠷ᠎ᠡ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠱᠤᠸᠠᠩ ᠯᠦᠩ᠄ 《ᠥᠩᠭᠡᠷᠡᠭᠰᠡᠨ ᠨᠢᠭᠡ ᠵᠢᠯ᠎ᠳᠦ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠨᠢ ᠱ᠋ᠢ᠎ᠵᠢᠨ ᠫᠢᠩ ᠶᠡᠷᠦᠩᠬᠡᠢ ᠱᠦᠵᠢ᠎ᠶᠢᠨ ᠦᠵᠡᠯ ᠤᠬᠠᠮᠰᠠᠷ᠎ᠤᠨ ᠠᠵᠢᠯ᠎ᠤᠨ ᠲᠤᠬᠠᠢ ᠰᠢᠷᠢᠰ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠵᠤ᠂ ᠦᠵᠡᠯ ᠤᠬᠠᠮᠰᠠᠷ᠎ᠤᠨ ᠠᠵᠢᠯ᠎ᠤᠨ ᠴᠢᠬᠤᠯᠠ ᠴᠢᠨᠠᠷ᠎ᠢ ᠤᠯᠠᠮ ᠭᠦᠨᠵᠡᠭᠡᠢ ᠲᠠᠨᠢᠵᠤ᠂ ᠦᠵᠡᠯ ᠤᠬᠠᠮᠰᠠᠷ᠎ᠤᠨ ᠠᠵᠢᠯ᠎ᠢ ᠨᠢᠭᠡᠨ ᠵᠦᠢᠯ᠎ᠦᠨ ᠲᠤᠢᠯ᠎ᠤᠨ ᠴᠢᠬᠤᠯᠠ ᠠᠵᠢᠯ ᠪᠣᠯᠭᠠᠨ ᠠᠳᠭᠤᠵᠤ᠂ ᠴᠢᠩ ᠰᠡᠳᠭᠢᠯ᠎ᠡᠴᠡ᠎ᠪᠡᠨ ᠬᠠᠨᠳᠤᠵᠤ᠂ ᠪᠣᠳᠠᠲᠠᠢ᠎ᠪᠠᠷ ᠠᠳᠭᠤᠵᠤ᠂ ᠦᠢᠯᠡᠳᠦᠯᠭᠡ᠎ᠪᠡᠷ᠎ᠢᠶᠡᠨ ᠪᠡᠶᠡᠯᠡᠭᠦᠯᠵᠦ᠂ ᠦᠵᠡᠯ ᠤᠬᠠᠮᠰᠠᠷ᠎ᠤᠨ ᠰᠠᠭᠤᠷᠢᠨ ᠭᠠᠵᠠᠷ᠎ᠢᠶᠠᠨ ᠤᠯᠠᠮ ᠪᠠᠲᠤ ᠪᠡᠬᠢᠵᠢᠭᠦᠯᠵᠦ᠂ ᠦᠵᠡᠯ ᠤᠬᠠᠮᠰᠠᠷ᠎ᠤᠨ ᠠᠵᠢᠯ᠎ᠤᠨ ᠲᠠᠯ᠎ᠠ᠎ᠪᠠᠷ ᠬᠢ ᠤᠳᠤᠷᠢᠳᠤᠯᠭ᠎ᠠ ᠪᠠ ᠬᠠᠮᠢᠶᠠᠷᠤᠯᠲᠠ᠎ᠶᠢ ᠪᠦᠬᠦ ᠲᠠᠯ᠎ᠠ᠎ᠪᠠᠷ ᠴᠢᠩᠭᠠᠳᠭᠠᠵᠤ᠂ ᠦᠵᠡᠯ ᠤᠬᠠᠮᠰᠠᠷ᠎ᠤᠨ ᠠᠵᠢᠯ᠎ᠤᠨ ᠶᠡᠷᠦᠩᠬᠡᠢ ᠪᠠᠢᠳᠠᠯ᠎ᠨᠢ ᠲᠣᠭᠲᠠᠭᠤᠨ᠎ᠢᠶᠠᠷ ᠰᠠᠢᠵᠢᠷᠠᠭᠰᠠᠨ ᠪᠠᠢᠨ᠎ᠠ》 ᠭᠡᠮᠡᠨ ᠵᠢᠭᠠᠵᠤ ᠭᠠᠷᠭᠠᠪᠠ᠃

  ᠱᠤᠸᠠᠩ ᠯᠦᠩ᠄ 《2021 ᠣᠨ ᠪᠣᠯ ᠦᠵᠡᠯ ᠤᠬᠠᠮᠰᠠᠷ᠎ᠤᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠤᠯᠠᠮ ᠨᠠᠷᠢᠯᠢᠭ ᠣᠨᠤᠪᠴᠢᠲᠠᠢ ᠬᠡᠷᠡᠭᠵᠢᠭᠦᠯᠵᠦ ᠬᠢᠨᠠᠨ ᠪᠠᠢᠴᠠᠭᠠᠬᠤ ᠵᠢᠯ ᠪᠣᠯᠤᠨ᠎ᠠ᠃  ᠡᠨᠡ ᠵᠢᠯ᠎ᠦᠨ ᠦᠵᠡᠯ ᠤᠬᠠᠮᠰᠠᠷ᠎ᠤᠨ ᠠᠵᠢᠯ᠎ᠢ ᠰᠠᠢᠲᠤᠷ ᠬᠢᠬᠦ᠎ᠳᠦ  ᠡᠷᠬᠡᠪᠰᠢ 〈ᠲᠣᠭᠲᠠᠭᠤᠨ〉 ᠭᠡᠳᠡᠭ ᠦᠭᠡ᠎ᠶᠢ ᠴᠢᠩᠭ᠎ᠠ ᠠᠳᠭᠤᠬᠤ ᠬᠡᠷᠡᠭᠲᠡᠢ᠃ ᠲᠦᠭᠱᠢᠭᠦᠷᠢ᠎ᠶᠢᠨ ᠤᠬᠠᠮᠰᠠᠷ᠂ ᠰᠠᠭᠤᠷᠢ ᠤᠳᠠᠰᠦ᠎ᠶᠢᠨ ᠰᠡᠳᠭᠢᠬᠦᠢ᠂ ᠡᠷᠲᠡᠬᠡᠨ ᠲᠣᠬᠢᠷᠠᠭᠤᠯᠤᠯᠲᠠ ᠬᠢᠬᠦ᠂ ᠵᠥᠪ ᠣᠨᠤᠪᠴᠢᠲᠠᠢ ᠰᠤᠳᠤᠯᠤᠨ ᠲᠣᠭᠲᠠᠭᠠᠬᠤ᠂ ᠴᠢᠩᠭ᠎ᠠ ᠬᠢᠨᠠᠮᠠᠭᠠᠢ ᠬᠠᠮᠢᠶᠠᠷᠬᠤ᠎ᠶᠢ ᠴᠢᠩᠭᠠᠳᠭᠠᠵᠤ᠂ ᠬᠡᠪᠯᠡᠯ᠎ᠦᠨ ᠪᠦᠯᠦᠭᠯᠡᠯ᠎ᠦᠨ ᠦᠵᠡᠯ ᠤᠬᠠᠮᠰᠠᠷ᠎ᠤᠨ ᠠᠮᠤᠷ ᠲᠦᠪᠰᠢᠨ᠎ᠦ ᠪᠠᠲᠤᠯᠠᠭ᠎ᠠ᠎ᠶᠢ ᠪᠣᠢ ᠪᠣᠯᠭᠠᠬᠤ ᠬᠡᠷᠡᠭᠳᠡᠢ》 ᠭᠡᠮᠡᠨ ᠴᠢᠩᠭᠠᠳᠭᠠᠪᠠ᠃

  ᠱᠤᠸᠠᠩ ᠯᠦᠩ᠄   《ᠡᠨᠡ ᠵᠢᠯ᠎ᠦᠨ ᠦᠵᠡᠯ ᠤᠬᠠᠮᠰᠠᠷ᠎ᠤᠨ ᠠᠵᠢᠯ᠎ᠤᠨ ᠡᠭᠦᠷᠭᠡ ᠨᠦᠰᠡᠷ ᠬᠦᠨᠳᠦ᠂ ᠬᠠᠷᠢᠭᠤᠴᠠᠯᠭ᠎ᠠ ᠶᠡᠬᠡ᠂ ᠡᠯ᠎ᠡ ᠪᠠᠢᠭᠤᠯᠭ᠎ᠠ ᠨᠢᠭᠡᠴᠢ ᠡᠯ᠎ᠡ ᠬᠡᠯᠲᠡᠰ᠎ᠨᠢ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠬᠡᠳᠬᠡᠵᠤ᠂ ᠴᠠᠭ᠎ᠤᠨ ᠪᠠᠢᠳᠠᠯ᠎ᠢ ᠵᠥᠪ ᠲᠣᠳᠤᠷᠬᠠᠢ ᠲᠠᠨᠢᠵᠤ᠂ ᠭᠣᠤᠯᠳᠠᠯᠭ᠎ᠠ᠎ᠪᠠᠨ ᠳᠣᠪᠤᠢᠯᠭᠠᠵᠤ᠂ ᠠᠷᠭ᠎ᠠ ᠬᠡᠮᠵᠢᠶ᠎ᠡ᠎ᠪᠡᠨ ᠴᠢᠩᠭᠠᠳᠭᠠᠵᠤ᠂ ᠣᠮᠤᠭ ᠵᠣᠷᠢᠭ᠎ᠢᠶᠠᠨ ᠤᠯᠠᠮ ᠳᠠᠢᠴᠢᠯᠠᠵᠤ᠂ ᠪᠣᠳᠠᠲᠠᠢ᠎ᠶᠢ ᠡᠷᠬᠢᠮᠯᠡᠬᠦ ᠰᠤᠷᠲᠠᠯ᠎ᠢᠶᠠᠨ ᠤᠯᠠᠮ ᠨᠡᠮᠡᠭᠳᠡᠭᠦᠯᠵᠦ ᠵᠣᠷᠢᠭᠲᠠᠢ᠎ᠪᠠᠷ  ᠤᠷᠤᠭᠰᠢᠯᠠᠨ ᠳᠠᠪᠰᠢᠵᠤ᠂ ᠬᠡᠪᠯᠡᠯ᠎ᠦᠨ ᠪᠦᠯᠦᠭᠯᠡᠯ᠎ᠦᠨ ᠦᠵᠡᠯ ᠤᠬᠠᠮᠰᠠᠷ᠎ᠤᠨ ᠠᠵᠢᠯ᠎ᠢ ᠴᠢᠩᠭ᠎ᠠ ᠠᠳᠭᠤᠬᠤ᠂ ᠪᠣᠳᠠᠲᠠᠢ᠎ᠶᠢ ᠠᠳᠭᠤᠬᠤ᠂ ᠦᠨᠡᠨ ᠪᠣᠳᠠᠲᠤ ᠦᠷ᠎ᠡ  ᠠᠰᠢᠭ᠎ᠢ ᠠᠳᠭᠤᠬᠤ᠎ᠶᠢ ᠪᠣᠳᠠᠲᠠᠢᠵᠢᠭᠤᠯᠵᠤ᠂ ᠰᠢᠯᠢᠳᠡᠭ ᠰᠠᠢᠬᠠᠨ ᠬᠢᠷᠢ ᠪᠦᠲᠦᠮᠵᠢ᠎ᠪᠡᠷ᠎ᠢᠶᠡᠨ ᠨᠠᠮ ᠪᠠᠢᠭᠤᠯᠤᠭᠳᠠᠭᠰᠠᠨ ᠵᠠᠭᠤᠨ ᠵᠢᠯ᠎ᠦᠨ ᠣᠢ᠎ᠶᠢ ᠪᠠᠶᠠᠷᠯᠠᠨ ᠪᠡᠯᠭᠡᠯᠡᠨ᠎ᠡ》 ᠭᠡᠮᠡᠨ ᠵᠢᠭᠠᠵᠤ ᠭᠠᠷᠭᠠᠪᠠ᠃

  ᠬᠤᠷᠠᠯ᠎ᠳᠤ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠽᠧᠩ ᠬᠠᠨ 2021 ᠣᠨ᠎ᠤ ᠬᠡᠪᠯᠡᠯ᠎ᠦᠨ ᠪᠦᠯᠦᠭᠯᠡᠯ᠎ᠦᠨ ᠦᠵᠡᠯ ᠤᠬᠠᠮᠰᠠᠷ᠎ᠤᠨ ᠠᠵᠢᠯ᠎ᠤᠨ ᠲᠤᠬᠠᠢ ᠪᠣᠳᠠᠲᠠᠢ ᠲᠣᠬᠢᠷᠠᠭᠤᠯᠤᠯᠲᠠ ᠬᠢᠪᠡ᠃ ᠽᠧᠩ ᠬᠠᠨ ᠵᠢᠭᠠᠵᠤ ᠭᠠᠷᠭᠠᠭᠰᠠᠨ᠎ᠨᠢ᠄ 《2021 ᠣᠨ᠎ᠤ ᠬᠡᠪᠯᠡᠯ᠎ᠦᠨ ᠪᠦᠯᠦᠭᠯᠡᠯ᠎ᠦᠨ ᠦᠵᠡᠯ ᠤᠬᠠᠮᠰᠠᠷ᠎ᠤᠨ ᠠᠵᠢᠯ᠎ᠤᠨ ᠶᠡᠷᠦᠩᠬᠡᠢ ᠰᠡᠳᠭᠢᠮᠵᠢ ᠪᠠ ᠱᠠᠭᠠᠷᠳᠠᠯᠭ᠎ᠠ ᠪᠣᠯ᠄ ᠱ᠋ᠢ᠎ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠᠨ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠤᠳᠠᠭᠠᠨ᠎ᠤ ᠬᠣᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ  ᠲᠤᠭᠤᠰᠢᠯᠠᠭᠤᠯᠵᠤ᠂ ᠲᠤᠭ᠎ᠢᠶᠠᠨ ᠡᠷᠭᠦᠬᠦ᠂ ᠠᠷᠠᠳ᠎ᠤᠨ ᠰᠡᠳᠭᠢᠯ᠎ᠢ  ᠨᠢᠭᠡᠳᠭᠡᠬᠦ᠂ ᠰᠢᠨ᠎ᠡ ᠬᠥᠮᠦᠨ᠎ᠢ ᠬᠥᠮᠦᠵᠢᠭᠦᠯᠬᠦ᠂ ᠰᠣᠶᠤᠯ᠎ᠢ ᠬᠥᠭᠵᠢᠭᠦᠯᠬᠦ᠂ ᠳᠦᠷᠢ ᠲᠥᠷᠬᠦ᠎ᠶᠢ ᠢᠯᠡᠷᠡᠭᠦᠯᠬᠦ᠎ᠳᠦ ᠭᠣᠤᠯ ᠠᠩᠬᠠᠷᠤᠯ᠎ᠢᠶᠠᠨ ᠲᠥᠪᠯᠡᠷᠡᠭᠦᠯᠬᠦ᠎ᠪᠡᠷ ᠭᠣᠤᠯ ᠡᠭᠦᠷᠭᠡ᠎ᠪᠡᠨ ᠪᠣᠯᠭᠠᠨ᠎ᠠ᠃ ᠱ᠋ᠢ᠎ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠤᠬᠠᠭᠤᠯᠬᠤ᠎ᠶᠢ  ᠲᠤᠭᠤᠰᠢᠯᠠᠭᠤᠯᠬᠤ ᠠᠵᠢᠯ᠎ᠤᠨ ᠲᠣᠭᠤᠷᠢᠨ᠎ᠳᠤ᠂ ᠱ᠋ᠢ᠎ᠵᠢᠨ ᠫᠢᠩ ᠶᠡᠷᠦᠩᠬᠡᠢ ᠱᠦᠵᠢ᠎ᠶᠢᠨ ᠥᠪᠦᠷ ᠮᠣᠩᠭᠤᠯ᠎ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠠ ᠱ᠋ᠢ᠎ᠵᠢᠨ ᠫᠢᠩ ᠶᠡᠷᠦᠩᠬᠡᠢ ᠱᠦᠵᠢ᠎ᠶᠢᠨ ᠦᠵᠡᠯ ᠰᠠᠨᠠᠭ᠎ᠠ ᠤᠬᠠᠭᠤᠯᠭ᠎ᠠ᠎ᠶᠢᠨ ᠠᠵᠢᠯ᠂ ᠦᠵᠡᠯ ᠤᠬᠠᠮᠰᠠᠷ᠎ᠤᠨ ᠠᠵᠢᠯ᠎ᠤᠨ ᠴᠢᠬᠤᠯᠠ ᠵᠢᠭᠠᠪᠤᠷᠢ ᠲᠠᠢᠯᠪᠤᠷᠢ᠎ᠶᠢ  ᠭᠦᠨᠵᠡᠭᠡᠢᠷᠡᠭᠦᠯᠦᠨ ᠰᠤᠷᠤᠯᠴᠠᠨ  ᠲᠤᠭᠤᠰᠢᠯᠠᠭᠤᠯᠵᠤ᠂ ᠵᠥᠪ ᠣᠨᠤᠪᠴᠢᠲᠠᠢ ᠤᠯᠤᠰ ᠲᠥᠷᠦ᠎ᠶᠢᠨ ᠴᠢᠭᠯᠡᠯᠲᠡ ᠲᠥᠷᠦ᠎ᠶᠢᠨ ᠪᠣᠳᠤᠯᠭ᠎ᠠ ᠪᠠ ᠬᠡᠪᠯᠡᠯ᠎ᠦᠨ ᠴᠢᠭᠯᠡᠯ᠎ᠢ ᠴᠢᠩᠭ᠎ᠠ ᠪᠠᠷᠢᠮᠲᠠᠯᠠᠵᠤ᠂ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠭᠣᠤᠯᠯᠠᠭᠴᠢ ᠥᠷᠲᠡᠭ᠎ᠦᠨ ᠦᠵᠡᠯᠲᠡ᠎ᠶᠢ ᠬᠥᠮᠦᠵᠢᠭᠦᠯᠬᠦ᠎ᠪᠡᠷ ᠭᠣᠤᠯ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠣᠢ ᠪᠣᠯᠭᠠᠬᠤ᠎ᠶᠢ ᠳᠣᠪᠤᠢᠯᠭᠠᠵᠤ᠂ ᠲᠦᠭᠱᠢᠭᠦᠷᠢ᠎ᠶᠢᠨ ᠤᠬᠠᠮᠰᠠᠷ᠂ ᠰᠠᠭᠤᠷᠢ ᠤᠳᠠᠰᠦ᠎ᠶᠢᠨ ᠰᠡᠳᠭᠢᠬᠦᠢ᠎ᠶᠢ ᠴᠢᠩᠭᠠᠭᠳᠭᠠᠵᠤ᠂ ᠦᠵᠡᠯ ᠤᠬᠠᠮᠰᠠᠷ᠎ᠤᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠡᠪᠯᠡᠯ᠎ᠦᠨ ᠪᠦᠯᠦᠭᠯᠡᠯ᠎ᠦᠨ ᠡᠯ᠎ᠡ ᠲᠥᠷᠦᠯ ᠵᠦᠢᠯ᠎ᠦᠨ ᠠᠵᠢᠯ ᠦᠢᠯᠡᠰ᠎ᠦᠨ ᠡᠷᠡᠭᠦᠯ᠎ᠢᠶᠡᠷ ᠬᠥᠭᠵᠢᠬᠦ᠎ᠳᠦ ᠪᠠᠲᠤ ᠴᠢᠩᠭ᠎ᠠ ᠦᠵᠡᠯ ᠰᠠᠨᠠᠭᠠᠨ᠎ᠤ ᠪᠠᠲᠤᠯᠠᠭ᠎ᠠ ᠪᠠ ᠠᠤᠭ᠎ᠠ ᠶᠡᠬᠡ ᠣᠶᠤᠨ᠎ᠤ ᠬᠦᠴᠦᠨ᠎ᠢ ᠬᠠᠩᠭᠠᠬᠤ ᠪᠣᠯᠤᠨ᠎ᠠ》 ᠭᠡᠪᠡ᠃

  ᠬᠢᠵᠢᠭ᠎ᠢ ᠰᠡᠷᠭᠡᠢᠯᠡᠬᠦ ᠱᠠᠭᠠᠷᠳᠠᠯᠭ᠎ᠠ᠎ᠠᠴᠠ ᠪᠣᠯᠤᠭᠠᠳ ᠲᠤᠰ ᠤᠳᠠᠭᠠᠨ᠎ᠤ ᠬᠤᠷᠠᠯ᠎ᠢ ᠸᠢᠳᠢᠣ᠋ ᠬᠤᠷᠠᠯ᠎ᠤᠨ ᠬᠡᠯᠪᠡᠷᠢ᠎ᠪᠡᠷ ᠶᠠᠪᠤᠭᠳᠠᠭᠤᠯᠪᠠ᠃ ᠶᠡᠷᠦᠩᠬᠡᠢ ᠬᠤᠷᠠᠯ᠎ᠤᠨ ᠲᠠᠯᠠᠪᠠᠢ᠎ᠶᠢ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠬᠡᠯᠲᠡᠰ᠎ᠲᠦ ᠪᠠᠢᠷᠢᠯᠠᠭᠤᠯᠵᠤ᠂ ᠭᠤᠷᠪᠠᠨ ᠬᠤᠪᠢᠶᠠᠷᠢ ᠬᠤᠷᠠᠯ᠎ᠤᠨ ᠲᠠᠯᠠᠪᠠᠢ᠎ᠶᠢ ᠥᠪᠦᠷ ᠮᠣᠩᠭᠤᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶ᠎ᠠ᠎ᠳᠤ ᠲᠤᠰ ᠲᠤᠰ ᠪᠠᠢᠷᠢᠯᠠᠭᠤᠯᠵᠠᠢ᠂ ᠬᠡᠪᠯᠡᠯ᠎ᠦᠨ ᠪᠦᠯᠦᠭᠯᠡᠯ᠎ᠦᠨ ᠤᠳᠤᠷᠢᠳᠭᠤ ᠪᠠᠭ᠂ ᠶᠡᠷᠦᠩᠬᠡᠢ ᠬᠡᠯᠲᠡᠰ᠎ᠦᠨ ᠡᠯ᠎ᠡ ᠬᠡᠯᠲᠡᠰ᠎ᠤᠨ ᠭᠣᠤᠯ ᠬᠠᠷᠢᠭᠤᠴᠠᠯᠭᠠᠲᠠᠨ᠂ ᠡᠯ᠎ᠡ ᠬᠠᠷᠢᠶ᠎ᠠ ᠪᠠᠢᠭᠤᠯᠭ᠎ᠠ᠎ᠶᠢᠨ ᠤᠳᠤᠷᠢᠳᠭᠤ ᠪᠠᠭ᠂ ᠡᠯ᠎ᠡ ᠲᠠᠰᠤᠭ᠎ᠤᠨ ᠭᠣᠤᠯ ᠬᠠᠷᠢᠭᠤᠴᠠᠯᠭ᠎ᠠ ᠪᠦᠬᠦᠢ ᠬᠥᠮᠦᠰ ᠬᠤᠷᠠᠯ᠎ᠳᠤ ᠣᠷᠤᠯᠴᠠᠪᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃