ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 2021 ᠣᠨ᠎ᠤ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠬᠤᠷᠠᠯ᠎ᠢ ᠬᠤᠷᠠᠯᠳᠤᠭᠤᠯᠪᠠ
2021.03.02

 

  2021 ᠣᠨ᠎ᠤ 3 ᠰᠠᠷ᠎ᠠ᠎ᠶᠢᠨ 2᠎ᠦᠨ ᠡᠳᠦᠷ᠎ᠦᠨ ᠦᠳᠡ᠎ᠶᠢᠨ ᠡᠮᠦᠨ᠎ᠡ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 2021 ᠣᠨ᠎ᠤ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠬᠤᠷᠠᠯ᠎ᠢ ᠬᠤᠷᠠᠯᠳᠤᠭᠤᠯᠪᠠ᠃ ᠬᠢᠵᠢᠭ᠎ᠢ ᠰᠡᠷᠭᠡᠢᠯᠡᠬᠦ ᠪᠣᠳᠠᠲᠤ ᠪᠠᠢᠳᠠᠯ᠎ᠠᠴᠠ ᠪᠣᠯᠤᠭᠠᠳ ᠶᠡᠬᠡ ᠬᠤᠷᠠᠯ᠎ᠨᠢ ᠸᠢᠳᠢᠣ᠋ ᠬᠤᠷᠠᠯ ᠊᠎ᠦᠨ ᠱᠢᠭᠤᠳ ᠨᠡᠪᠲᠡᠷᠡᠭᠦᠯᠭᠡ᠎ᠶᠢᠨ ᠬᠡᠯᠪᠡᠷᠢ᠎ᠪᠡᠷ ᠶᠠᠪᠤᠭᠳᠠᠵᠤ᠂ ᠭᠣᠤᠯ ᠬᠤᠷᠠᠯ᠎ᠤᠨ ᠲᠠᠯᠠᠪᠠᠢ ᠪᠠ ᠭᠤᠷᠪᠠᠨ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠪᠠ᠃

 ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠪᠣᠯᠤᠨ ᠬᠡᠪᠯᠡᠯ᠎ᠦᠨ ᠪᠦᠯᠦᠭᠯᠡᠯ᠎ᠦᠨ ᠤᠳᠤᠷᠢᠳᠭᠤ ᠪᠠᠭ᠎ᠤᠨ ᠭᠡᠰᠢᠭᠦᠳ ᠬᠤᠷᠠᠯ᠎ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠤᠨ᠎ᠤ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ᠎ᠶᠢᠨ ᠨᠠᠮ᠎ᠤᠨ ᠬᠣᠷᠢᠶ᠎ᠠ᠎ᠶᠢᠨ ᠤᠬᠠᠭᠤᠯᠠᠬᠤ ᠬᠡᠯᠳᠡᠰ᠎ᠲᠤ ᠰᠠᠭᠤᠭ᠎ᠠ ᠰᠠᠬᠢᠯᠭ᠎ᠠ ᠪᠠᠲᠦ ᠪᠠᠢᠴᠠᠭᠠᠬᠤ ᠳᠤᠭᠤᠢᠯᠠᠩ᠎ᠤᠨ ᠳᠡᠳ᠋ ᠳᠠᠷᠤᠭ᠎ᠠ ᠮᠠ ᠵᠢᠶᠦ᠋ᠨ ᠸᠸᠢ ᠤᠷᠢᠯᠭ᠎ᠠ᠎ᠪᠠᠷ ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠦ ᠪᠠᠢᠴᠠᠭᠠᠬᠤ ᠠᠵᠢᠯ᠎ᠤᠨ ᠬᠤᠷᠠᠯ᠎ᠳᠤ ᠣᠷᠤᠯᠴᠠᠪᠠ᠃ ᠬᠡᠪᠯᠡᠯ᠎ᠦᠨ ᠪᠦᠯᠦᠭᠯᠡᠯ᠎ᠦᠨ ᠬᠥᠬᠡᠬᠤᠲᠠ᠎ᠳᠤ ᠪᠠᠢᠭ᠎ᠠ ᠬᠠᠷᠢᠶᠠᠲᠤ ᠪᠠᠢᠭᠤᠯᠭ᠎ᠠ᠎ᠶᠢᠨ ᠤᠳᠤᠷᠢᠳᠭᠤ ᠪᠠᠭ᠂ ᠰᠠᠬᠢᠯᠭ᠎ᠠ ᠪᠠᠲᠤ ᠪᠠᠢᠴᠠᠭᠠᠬᠤ ᠭᠡᠰᠢᠭᠦᠨ ᠪᠠ ᠶᠡᠷᠦᠩᠬᠡᠢ ᠬᠡᠯᠲᠡᠰ᠎ᠦᠨ ᠡᠯ᠎ᠡ ᠲᠠᠰᠤᠭ᠎ᠤᠨ ᠭᠣᠤᠯ ᠬᠠᠷᠢᠭᠤᠴᠠᠯᠭᠠᠲᠠᠨ᠂ ᠰᠠᠬᠢᠯᠭ᠎ᠠ ᠪᠠᠲᠤ ᠬᠢᠨᠠᠨ ᠪᠠᠢᠴᠠᠭᠠᠬᠤ ᠲᠠᠰᠤᠭ᠎ᠤᠨ ᠪᠦᠬᠦ ᠬᠥᠮᠦᠰ ᠭᠣᠤᠯ ᠬᠤᠷᠠᠯ᠎ᠦᠨ ᠲᠠᠯᠠᠪᠠᠢ᠎ᠳᠤ ᠬᠤᠷᠠᠯ᠎ᠳᠤ ᠣᠷᠤᠯᠴᠠᠵᠤ᠂ ᠥᠪᠦᠷ ᠮᠣᠩᠭᠤᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶ᠎ᠠ ᠵᠡᠷᠭᠡ ᠭᠤᠷᠪᠠᠨ ᠬᠡᠪᠯᠡᠯ᠎ᠦᠨ ᠬᠣᠷᠢᠶ᠎ᠠ᠎ᠶᠢᠨ ᠤᠳᠤᠷᠢᠳᠭᠤ ᠪᠠᠭ᠂ ᠰᠠᠬᠢᠯᠭ᠎ᠠ ᠪᠠᠲᠤ ᠪᠠᠢᠴᠠᠭᠠᠬᠤ ᠬᠡᠰᠢᠭᠦᠨ ᠵᠢᠴᠢ ᠡᠯ᠎ᠡ ᠲᠠᠰᠤᠭ᠎ᠤᠨ ᠭᠣᠤᠯ ᠬᠠᠷᠢᠭᠤᠴᠠᠯᠭᠠᠳᠠᠳ ᠬᠤᠪᠢᠶᠠᠷᠢ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠤᠯᠴᠠᠪᠠ᠃ ᠬᠤᠷᠠᠯ᠎ᠢ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠬᠡᠰᠢᠬᠦᠨ ᠳᠡᠳ᠋ ᠶᠡᠷᠦᠩᠬᠡᠢ ᠳᠠᠭᠠᠭᠠᠮᠠᠯ ᠵᠠᠯᠭᠠᠨᠪᠠᠶᠠᠷ ᠡᠷᠬᠢᠯᠡᠵᠦ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠱ᠌ᠢᠭᠦᠨ ᠰᠠᠬᠢᠯᠭ᠎ᠠ ᠪᠠᠲᠤ ᠪᠠᠢᠴᠠᠭᠠᠬᠤ ᠱᠦᠵᠢ ᠸᠠᠩ ᠹᠦ 《ᠡᠭᠦᠷᠭᠡ ᠬᠠᠷᠢᠭᠤᠴᠠᠯᠭ᠎ᠠ᠎ᠶᠢᠨ ᠪᠠᠢᠷᠢᠰᠢᠯ᠎ᠢᠶᠠᠨ ᠴᠢᠩᠭ᠎ᠠ ᠰᠠᠬᠢᠵᠤ᠂ ᠬᠢᠨᠠᠨ ᠪᠠᠢᠴᠠᠭᠠᠬᠤ ᠡᠭᠦᠷᠭᠡ᠎ᠪᠡᠨ ᠲᠣᠳᠤᠷᠬᠠᠢᠯᠠᠵᠤ᠂ ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠴᠢᠨᠠᠷ ᠰᠠᠢᠳᠠᠢ ᠬᠥᠭᠵᠢᠯᠲᠡ᠎ᠶᠢ ᠯᠠᠪᠳᠠᠭᠤᠨ᠎ᠢᠶᠡᠷ ᠲᠦᠯᠬᠢᠨ ᠠᠬᠢᠭᠤᠯᠤᠶ᠎ᠠ》 ᠬᠡᠰᠡᠨ ᠰᠠᠳᠤᠪ᠎ᠢᠶᠠᠷ ᠠᠵᠢᠯ᠎ᠤᠨ ᠬᠠᠷᠢᠭᠤ ᠮᠡᠳᠡᠭᠦᠯᠦᠯᠲᠡ ᠬᠢᠪᠡ᠃

ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠰᠢᠭᠦᠨ ᠰᠠᠬᠢᠯᠭ᠎ᠠ ᠪᠠᠲᠤ ᠪᠠᠢᠴᠠᠭᠠᠬᠤ ᠱᠦᠵᠢ ᠸᠠᠩ ᠹᠦ

  ᠸᠠᠩ ᠹᠦ ᠱᠦᠵᠢ ᠬᠠᠷᠢᠭᠤ ᠮᠡᠳᠡᠭᠦᠯᠦᠯᠲᠡ᠎ᠳᠦ᠎ᠪᠡᠨ ᠵᠢᠭᠠᠵᠤ ᠭᠠᠷᠭᠠᠭᠰᠠᠨ᠎ᠨᠢ᠄ 2020 ᠣᠨ᠎ᠳᠤ ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠱ᠋ᠢ᠎ᠵᠢᠨ ᠫᠢᠩ᠎ᠦᠨ  ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠠᠷᠪᠠᠨ ᠶᠢᠰᠦᠳᠦᠭᠡᠷ ᠶᠡᠬᠡ ᠬᠤᠷᠠᠯ᠎ᠤᠨ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ ᠪᠠ ᠥᠪᠡᠷᠲᠡᠭᠡᠨ ᠵᠠᠰᠠᠬᠤ ᠣᠷᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠷᠪᠠᠳᠤᠭᠠᠷ ᠬᠤᠭᠤᠴᠠᠭᠠᠨ᠎ᠤ ᠵᠢᠷᠭᠤᠳᠤᠭᠠᠷ ᠪᠦᠭᠦᠳᠡ ᠬᠤᠷᠠᠯ᠎ᠤᠨ ᠵᠣᠷᠢᠭ᠎ᠠ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ 《ᠳᠥᠷᠪᠡᠨ ᠤᠬᠠᠮᠰᠠᠷ》᠎ᠢᠶᠡᠨ ᠴᠢᠩᠭᠠᠳᠭᠠᠵᠤ᠂ 《ᠳᠥᠷᠪᠡᠨ ᠢᠲᠡᠭᠡᠯ》᠎ᠢᠶᠡᠨ ᠪᠠᠳᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠲᠠᠢ ᠬᠠᠪᠰᠤᠷᠤᠯᠴᠠᠨ ᠪᠦᠬᠦ ᠲᠠᠯ᠎ᠠ᠎ᠪᠠᠷ ᠨᠠᠮ᠎ᠢᠶᠠᠨ ᠴᠢᠩᠭ᠎ᠠ ᠵᠠᠰᠠᠬᠤ᠎ᠶᠢ ᠭᠦᠨᠵᠡᠭᠡᠢᠷᠡᠭᠦᠯᠦᠨ ᠳᠡᠭᠡᠳᠦ ᠱᠠᠲᠤᠨ᠎ᠤ ᠠᠵᠢᠯ᠎ᠤᠨ ᠪᠠᠢᠷᠢᠯᠠᠭᠤᠯᠤᠯᠲᠠ᠎ᠶᠢ  ᠲᠤᠭᠤᠰᠢᠯᠠᠭᠤᠯᠵᠤ᠂ ᠤᠯᠤᠰ ᠲᠥᠷᠦ᠎ᠶᠢᠨ ᠵᠣᠭᠰᠤᠴᠠ᠎ᠪᠠᠨ  ᠲᠡᠭᠡᠭᠰᠢᠯᠡᠬᠦᠯᠵᠦ᠂ ᠡᠭᠦᠷᠭᠡ ᠬᠠᠷᠢᠭᠤᠴᠠᠯᠭ᠎ᠠ᠎ᠶᠢᠨ ᠪᠠᠢᠷᠢᠱ᠌ᠢᠯ᠎ᠢᠶᠠᠨ ᠴᠢᠩᠭ᠎ᠠ ᠰᠠᠬᠢᠵᠤ᠂ ᠵᠥᠪ ᠣᠨᠤᠪᠴᠢᠲᠠᠢ᠎ᠪᠠᠷ ᠬᠢᠨᠠᠨ ᠪᠠᠢᠴᠠᠭᠠᠬᠤ᠎ᠶᠢ ᠭᠦᠢᠴᠡᠳᠭᠡᠵᠦ᠂ ᠰᠠᠬᠢᠯᠭ᠎ᠠ ᠪᠠᠲᠤ ᠪᠠᠢᠴᠠᠭᠠᠬᠤ ᠲᠣᠭᠲᠠᠯᠴᠠᠭᠠᠨ᠎ᠤ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠠᠴᠠ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢ ᠲᠣᠭᠤᠷᠢᠨ ᠪᠠᠢᠴᠠᠭᠠᠬᠤ ᠠᠵᠢᠯ᠎ᠢ ᠢᠳᠡᠪᠬᠢᠲᠡᠢ᠎ᠪᠡᠷ ᠬᠠᠮᠵᠢᠯᠴᠠᠵᠤ᠂ ᠨᠠᠮ᠎ᠤᠨ ᠳᠦᠷᠢᠮ ᠪᠠ ᠦᠨᠳᠦᠰᠦᠨ ᠬᠠᠤᠯᠢ᠎ᠠᠴᠠ ᠣᠯᠭᠤᠭᠰᠠᠨ ᠬᠢᠨᠠᠨ ᠪᠠᠢᠴᠠᠭᠠᠬᠤ ᠡᠭᠦᠷᠭᠡ ᠬᠠᠷᠢᠭᠤᠴᠠᠯᠭ᠎ᠠ᠎ᠪᠠᠨ ᠦᠨᠡᠨᠴᠢ  ᠰᠢᠳᠤᠷᠭᠤ ᠪᠠᠷ ᠬᠡᠷᠡᠭᠵᠢᠭᠦᠯᠵᠦ᠂ ᠨᠠᠮ᠎ᠤᠨ ᠤᠯᠤᠰ ᠲᠥᠷᠦ᠎ᠶᠢᠨ ᠪᠦᠲᠦᠭᠡᠨ ᠪᠠᠢᠭᠤᠯᠤᠯᠲᠠ᠎ᠪᠠᠷ ᠮᠠᠩᠯᠠᠢᠯᠠᠭᠴᠢ ᠪᠣᠯᠭᠠᠵᠤ᠂ ᠨᠠᠮ᠎ᠨᠢ ᠨᠠᠮ᠎ᠢᠶᠠᠨ ᠬᠠᠮᠢᠶᠠᠷᠬᠤ᠎ᠶᠢ ᠴᠢᠩᠳᠠ ᠪᠠᠷᠢᠮᠲᠠᠯᠠᠵᠤ᠂ ᠨᠠᠮ᠎ᠢᠶᠠᠨ ᠴᠢᠩᠭ᠎ᠠ ᠵᠠᠰᠠᠬᠤ᠎ᠶᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ 《ᠤᠭ ᠰᠠᠨᠠᠭ᠎ᠠ᠎ᠪᠡᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠬᠡᠮᠡᠬᠦ ᠭᠣᠤᠯ ᠰᠡᠳᠦᠪᠲᠦ ᠰᠤᠷᠭᠠᠨ ᠬᠥᠮᠦᠵᠢᠯ᠎ᠢ ᠯᠠᠪᠳᠠᠭᠤᠨ ᠪᠠᠲᠤᠲᠠᠢ᠎ᠪᠠᠷ ᠥᠷᠨᠢᠭᠦᠯᠵᠦ᠂ ᠰᠤᠷᠳᠠᠯ ᠴᠡᠭᠴᠡᠯᠡᠵᠦ ᠰᠠᠬᠢᠯᠭ᠎ᠠ ᠪᠠᠲᠦ ᠴᠢᠩᠳᠠᠯᠠᠬᠤ᠎ᠶᠢ ᠡᠭᠦᠷᠢᠳᠡ ᠪᠠᠷᠢᠮᠲᠠᠯᠠᠵᠤ᠂ ᠪᠦᠯᠦᠭᠯᠡᠯ᠎ᠦᠨ ᠨᠠᠮ᠎ᠤᠨ ᠬᠣᠷᠢᠶ᠎ᠠ᠎ᠲᠠᠢ ᠬᠠᠮᠵᠢᠯᠴᠠᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠦᠲᠦᠭᠡᠨ ᠪᠠᠢᠭᠤᠯᠤᠯᠲᠠ ᠪᠠ ᠢᠯᠵᠠᠷᠠᠯ᠎ᠢ ᠡᠰᠡᠷᠭᠦᠴᠡᠬᠦ ᠠᠵᠢᠯ᠎ᠢ ᠲᠦᠯᠬᠢᠨ ᠠᠬᠢᠭᠤᠯᠵᠤ᠂ ᠲᠥᠪ ᠴᠢᠬᠡᠴᠢ ᠤᠯᠤᠰ ᠲᠥᠷᠦ᠎ᠶᠢᠨ ᠠᠮᠢ ᠠᠬᠤᠢ ᠪᠠ ᠠᠵᠢᠯ ᠬᠢᠵᠤ ᠦᠢᠯᠡᠰ ᠪᠣᠰᠭᠠᠬᠤ ᠰᠢᠯᠢᠳᠡᠭ ᠰᠠᠢᠬᠠᠨ ᠣᠷᠴᠢᠨ᠎ᠢ ᠢᠳᠡᠪᠬᠢᠲᠡᠢ᠎ᠪᠡᠷ ᠴᠣᠭᠴᠠᠯᠠᠨ ᠪᠠᠢᠭᠤᠯᠤᠨ᠎ᠠ᠃ ᠰᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠦᠨ ᠨᠥᠯᠦᠭᠡ᠎ᠶᠢ ᠠᠷᠭᠠᠴᠠᠭᠠᠬᠤ᠂ ᠲᠣᠭᠲᠠᠭᠤᠨ᠎ᠢᠶᠠᠷ ᠠᠵᠢᠯ᠎ᠢᠶᠠᠨ ᠲᠦᠯᠬᠢᠨ ᠠᠬᠢᠭᠤᠯᠬᠤ ᠶᠡᠷᠦᠩᠬᠡᠢ ᠭᠣᠤᠯ ᠰᠠᠨᠠᠭ᠎ᠠ᠎ᠪᠠᠨ ᠪᠠᠷᠢᠮᠲᠠᠯᠠᠵᠤ᠂ ᠪᠦᠬᠦ ᠵᠢᠯ᠎ᠦᠨ ᠠᠵᠢᠯ᠎ᠤᠨ ᠪᠠᠢᠷᠢᠯᠠᠭᠤᠯᠤᠯᠲᠠ ᠲᠣᠬᠢᠷᠠᠭᠤᠯᠤᠯᠲᠠ ᠪᠠ ᠬᠡᠷᠡᠭᠵᠢᠭᠦᠯᠦᠯᠲᠡ᠎ᠶᠢ ᠰᠠᠢᠲᠤᠷ ᠠᠳᠭᠤᠵᠤ᠂ ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠲᠣᠭᠲᠠᠭᠤᠨ᠎ᠢᠶᠠᠷ ᠤᠷᠤᠭᠱᠢᠯᠠᠬᠤ᠎ᠶᠢ ᠲᠦᠯᠬᠢᠨ ᠠᠬᠢᠭᠤᠯᠤᠨ᠎ᠠ᠃

  ᠸᠠᠩ ᠹᠦ ᠱᠦᠵᠢ ᠬᠠᠷᠢᠭᠤ ᠮᠡᠳᠡᠭᠦᠯᠦᠯᠲᠡ᠎ᠳᠤ᠎ᠪᠠᠨ ᠳᠤᠷᠠᠳᠤᠭᠰᠠᠨ᠎ᠨᠢ᠂ 2021 ᠣᠨ ᠪᠣᠯ ᠮᠠᠨ᠎ᠤ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠬᠡᠷᠡᠭᠵᠢᠭᠦᠯᠵᠦ᠂ ᠨᠡᠢᠭᠡᠮ ᠵᠢᠷᠤᠮ᠎ᠤᠨ ᠣᠳᠤᠬᠢᠴᠢᠯᠠᠭᠰᠠᠨ ᠤᠯᠤᠰ᠎ᠢ ᠪᠦᠲᠦᠭᠡᠨ ᠪᠠᠢᠭᠤᠯᠬᠤ ᠰᠢᠨ᠎ᠡ ᠠᠶᠠᠨ᠎ᠢ ᠡᠬᠢᠯᠡᠭᠦᠯᠬᠦ ᠠᠩᠬᠠᠨ᠎ᠤ ᠵᠢᠯ ᠮᠥᠨ᠃ ᠮᠥᠨ᠎ᠴᠦ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ᠎ᠦᠨ ᠣᠢ ᠪᠣᠯᠤᠨ᠎ᠠ᠃ ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠱ᠋ᠢ᠎ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠᠨ ᠶᠢᠰᠦᠳᠦᠭᠡᠷ ᠶᠡᠬᠡ ᠬᠤᠷᠠᠯ ᠪᠠ ᠠᠷᠪᠠᠨ ᠶᠢᠰᠦᠳᠦᠭᠡᠷ ᠬᠤᠭᠤᠴᠠᠭᠠᠨ᠎ᠤ ᠬᠣᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠎ᠠ ᠰᠠᠨᠠᠭ᠎ᠠ ᠪᠠ ᠠᠷᠪᠠᠨ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠲᠠᠪᠤᠳᠤᠭᠠᠷ ᠪᠦᠭᠦᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠳᠣᠯᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ  ᠲᠤᠭᠤᠰᠢᠯᠠᠭᠤᠯᠤᠨ ᠬᠡᠷᠡᠭᠵᠢᠭᠦᠯᠵᠦ᠂ ᠰᠢᠨ᠎ᠡ ᠨᠢᠭᠡᠨ ᠲᠡᠦᠬᠡ᠎ᠶᠢᠨ ᠬᠤᠭᠤᠴᠠᠭᠠᠨ᠎ᠳᠤ ᠡᠭᠦᠷᠭᠡ ᠬᠠᠷᠢᠭᠤᠴᠠᠯᠭ᠎ᠠ᠎ᠶᠢᠨ ᠪᠠᠢᠷᠢᠱᠢᠯ᠎ᠢᠶᠠᠨ ᠪᠠᠲᠤ ᠰᠠᠬᠢᠵᠤ᠂ ᠬᠡᠪᠯᠡᠯ᠎ᠦᠨ ᠪᠦᠯᠦᠭᠯᠡᠯ᠎ᠦᠨ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠠᠮᠵᠢᠯᠲᠠ᠎ᠲᠠᠢ᠎ᠪᠠᠷ ᠡᠬᠢᠯᠡᠬᠦ᠎ᠶᠢ ᠬᠢᠨᠠᠨ ᠪᠠᠢᠴᠠᠭᠠᠵᠤ ᠪᠠᠲᠤᠯᠠᠨ᠂ ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠴᠢᠨᠠᠷ ᠰᠠᠢᠳᠠᠢ ᠬᠥᠭᠵᠢᠯᠲᠡ᠎ᠶᠢᠨ  ᠰᠢᠨ᠎ᠡ ᠨᠢᠭᠡᠨ ᠱᠠᠲᠤᠨ᠎ᠳᠤ ᠳᠠᠪᠰᠢᠨ ᠣᠷᠤᠬᠤ᠎ᠶᠢ ᠲᠦᠯᠬᠢᠨ ᠠᠬᠢᠭᠤᠯᠬᠤ ᠡᠭᠦᠷᠭᠡ ᠬᠦᠨᠳᠦ ᠮᠥᠷᠳᠡᠭᠡᠨ ᠢᠷᠠᠭᠤ ᠠᠯᠳᠠᠷ᠎ᠲᠠᠢ᠃

  ᠬᠤᠷᠠᠯ᠎ᠳᠤ ᠪᠠᠰᠠ 2021 ᠣᠨ᠎ᠤ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠪᠠᠢᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠡᠯ᠎ᠡ ᠵᠦᠢᠯ᠎ᠦᠨ ᠠᠵᠢᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ᠎ᠪᠠᠷ ᠪᠡᠶᠡᠯᠡᠭᠦᠯᠵᠦ᠂ ᠤᠯᠤᠰ ᠲᠥᠷᠦ᠎ᠶᠢᠨ ᠵᠣᠭᠰᠤᠴᠠ᠎ᠪᠠᠨ ᠲᠠᠰᠤᠷᠠᠯᠲᠠ᠎ᠦᠭᠡᠢ ᠳᠡᠭᠡᠭᠱ᠌ᠢᠯᠡᠭᠦᠯᠵᠦ᠂ ᠤᠯᠤᠰ ᠲᠥᠷᠦ᠎ᠶᠢᠨ ᠬᠢᠨᠠᠨ ᠪᠠᠢᠴᠠᠭᠠᠯᠲᠠ᠎ᠶᠢ ᠪᠦᠬᠦ ᠲᠠᠯ᠎ᠠ᠎ᠪᠠᠷ ᠴᠢᠩᠭᠠᠳᠭᠠᠵᠤ 《ᠬᠣᠶᠠᠷ᠎ᠢ ᠬᠠᠮᠠᠭᠠᠯᠠᠬᠤ》᠎ᠶᠢ ᠡᠷᠡᠰ ᠴᠢᠩᠭ᠎ᠠ ᠦᠢᠯᠡᠳᠦᠯᠭᠡᠵᠢᠭᠦᠯᠵᠦ᠂ ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠲᠣᠭᠲᠠᠯᠴᠠᠭᠠᠨ᠎ᠤ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠳᠣᠲᠤᠭᠠᠳᠤ᠎ᠳᠠᠬᠢ ᠬᠢᠨᠠᠨ ᠪᠠᠢᠴᠠᠭᠠᠬᠤ ᠲᠣᠭᠲᠠᠯᠴᠠᠭ᠎ᠠ᠎ᠶᠢ ᠲᠡᠭᠦᠯᠳᠡᠷᠵᠢᠭᠦᠯᠬᠦ᠎ᠶᠢ ᠠᠬᠢᠭᠤᠯᠵᠤ᠂ ᠳᠡᠭᠡᠳᠦ ᠳᠣᠤᠷᠠᠲᠤ ᠱᠠᠲᠤᠨ᠎ᠤ ᠠᠵᠢᠯ᠎ᠤᠨ ᠪᠠᠢᠷᠢᠱᠢᠯ᠎ᠯᠤᠭ᠎ᠠ ᠬᠣᠯᠪᠤᠯᠳᠤᠭᠤᠯᠬᠤ᠎ᠶᠢ ᠲᠡᠭᠦᠯᠳᠡᠷᠵᠢᠭᠦᠯᠵᠦ᠂ ᠡᠯ᠎ᠡ ᠲᠥᠷᠦᠯ᠎ᠦᠨ ᠬᠢᠨᠠᠨ ᠪᠠᠢᠴᠠᠭᠠᠯᠲᠠ᠎ᠶᠢᠨ ᠨᠡᠪᠲᠡᠷᠡᠯᠴᠡᠭᠡ᠎ᠶᠢ ᠠᠬᠢᠭᠤᠯᠵᠤ᠂ ᠬᠢᠨᠠᠨ ᠪᠠᠢᠴᠠᠭᠠᠯᠲᠠ᠎ᠶᠢᠨ ᠦᠷ᠎ᠡ ᠳ᠋ᠦᠩ᠎ᠢ ᠰᠠᠢᠲᠤᠷ ᠶᠡᠷᠦᠩᠬᠡᠢᠯᠡᠨ ᠠᠰᠢᠭᠯᠠᠵᠤ᠂ 《ᠬᠡᠷᠡᠭ᠎ᠢᠶᠡᠷ  ᠵᠢᠱ᠌ᠢᠶᠡᠯᠡᠨ ᠥᠭᠡᠷᠡᠴᠢᠯᠡᠨ ᠴᠡᠭᠴᠡᠯᠡᠬᠦ ᠵᠢᠯ》᠎ᠦᠨ ᠱᠠᠭᠠᠷᠳᠠᠯᠭ᠎ᠠ᠎ᠶᠢ ᠪᠡᠶᠡᠯᠡᠭᠦᠯᠵᠦ᠂ ᠡᠷᠬᠡ᠎ᠶᠢᠨ ᠬᠡᠷᠡᠭᠵᠢᠭᠦᠯᠦᠯᠲᠡ᠎ᠳᠡᠬᠢ ᠡᠳᠦᠷ ᠲᠤᠲᠤᠮ᠎ᠤᠨ ᠬᠢᠨᠠᠨ ᠪᠠᠢᠴᠠᠭᠠᠯᠲᠠ᠎ᠶᠢ ᠴᠢᠩᠭᠠᠳᠭᠠᠵᠤ᠂ ᠲᠥᠪ ᠴᠢᠬᠡᠴᠢ ᠣᠪᠤᠷ ᠰᠤᠷᠲᠠᠯ᠎ᠢ ᠲᠠᠰᠤᠷᠠᠯᠲᠠ᠎ᠦᠭᠡᠢ᠎ᠪᠡᠷ ᠴᠢᠷᠮᠠᠢᠨ ᠪᠦᠲᠦᠭᠡᠵᠦ᠂ ᠰᠢᠨ᠎ᠡ ᠰᠤᠷᠲᠠᠯ ᠵᠥᠪ ᠰᠤᠷᠲᠠᠯ᠎ᠢ ᠪᠣᠢ ᠪᠣᠯᠭᠠᠵᠤ᠂ ᠣᠪᠤᠷ ᠰᠤᠷᠲᠠᠯ᠎ᠤᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠦᠷᠬᠡᠳᠬᠡᠬᠦ᠎ᠶᠢ ᠪᠠᠲᠤᠵᠢᠭᠤᠯᠤᠨ᠎ᠠ᠃

  ᠬᠡᠪᠯᠡᠯ᠎ᠦᠨ ᠦᠢᠯᠡᠰ᠎ᠦᠨ ᠣᠨᠴᠠᠯᠢᠭ ᠪᠠ ᠠᠵᠤ ᠦᠢᠯᠡᠰ᠎ᠦᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠰᠡᠷᠡᠮᠵᠢᠯᠡᠭᠦᠯᠬᠦ ᠰᠤᠷᠭᠠᠨ ᠬᠥᠮᠦᠵᠢᠯ ᠥᠷᠨᠢᠭᠦᠯᠬᠦ᠎ᠶᠢ ᠭᠦᠨᠵᠡᠭᠡᠢᠷᠡᠭᠦᠯᠵᠦ᠂ ᠢᠯᠵᠠᠷᠠᠵᠤ ᠪᠣᠯᠬᠤ᠎ᠦᠭᠡᠢ᠂ ᠢᠯᠵᠠᠷᠠᠬᠤ᠎ᠦᠭᠡᠢ᠂ ᠢᠯᠵᠠᠷᠠᠬᠤ᠎ᠶᠢ ᠪᠣᠳᠤᠬᠤ᠎ᠦᠭᠡᠢ ᠪᠠᠢᠬᠤ᠎ᠶᠢ ᠬᠠᠮᠲᠤ᠎ᠪᠠᠷ ᠲᠦᠯᠬᠢᠨ ᠠᠬᠢᠭᠤᠯᠤᠨ᠎ᠠ᠃ ᠡᠭᠦᠨ᠎ᠦ ᠬᠠᠮᠲᠤ ᠥᠪᠡᠷ᠎ᠦᠨ ᠪᠡᠶ᠎ᠡ᠎ᠶᠢᠨ ᠬᠢᠨᠠᠨ ᠪᠠᠢᠴᠠᠭᠠᠯᠲᠠ᠎ᠶᠢ ᠲᠡᠭᠦᠯᠳᠡᠷᠵᠢᠭᠦᠯᠵᠦ᠂ ᠦᠨᠡᠨᠴᠢ  ᠰᠢᠳᠤᠷᠭᠤ᠎ᠪᠠᠷ ᠠᠷᠢᠭᠤᠨ ᠴᠢᠬᠡᠴᠢ᠎ᠪᠡᠷ ᠬᠠᠷᠢᠭᠤᠴᠠᠯᠭ᠎ᠠ ᠡᠭᠦᠷᠭᠡᠯᠡᠬᠦ ᠳᠡᠭᠡᠳᠦ ᠬᠡᠪ ᠪᠣᠯᠪᠠᠰᠤᠷᠠᠯ᠎ᠲᠠᠢ ᠲᠤᠰᠭᠠᠢ ᠮᠡᠷᠭᠡᠵᠢᠭᠰᠡᠨ ᠰᠠᠬᠢᠯᠭ᠎ᠠ ᠪᠠᠲᠤ ᠪᠠᠢᠴᠠᠭᠠᠬᠤ ᠺᠠᠳ᠋ᠷ᠎ᠤᠨ ᠡᠩᠨᠡᠭᠡ᠎ᠶᠢ ᠪᠦᠲᠦᠭᠡᠨ ᠪᠠᠢᠭᠤᠯᠤᠨ᠎ᠠ᠃

ᠬᠡᠪᠯᠡᠯ᠎ᠦᠨ ᠪᠦᠯᠦᠭᠯᠡᠯ᠎ᠦᠨ ᠳᠡᠳ᠋ ᠶᠡᠷᠦᠩᠬᠡᠢ ᠳᠠᠭᠠᠭᠠᠮᠠᠯ ᠵᠠᠯᠭᠠᠨᠪᠠᠶᠠᠷ

  ᠬᠡᠪᠯᠡᠯ᠎ᠦᠨ ᠪᠦᠯᠦᠭᠯᠡᠯ᠎ᠦᠨ ᠳᠡᠳ᠋ ᠶᠡᠷᠦᠩᠬᠡᠢ ᠳᠠᠭᠠᠭᠠᠮᠠᠯ ᠵᠠᠯᠭᠠᠨᠪᠠᠶᠠᠷ ᠬᠤᠷᠠᠯ᠎ᠤᠨ ᠳ᠋ᠦᠩᠨᠡᠯᠲᠡ ᠬᠢᠬᠦ᠎ᠳᠦ᠎ᠪᠡᠨ ᠡᠯ᠎ᠡ ᠪᠠᠢᠭᠤᠯᠭ᠎ᠠ ᠨᠢᠭᠡᠴᠢ᠂ ᠡᠯ᠎ᠡ ᠲᠠᠰᠤᠭ᠎ᠤᠨ ᠬᠢᠨ ᠬᠤᠷᠠᠯ᠎ᠤᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠣᠢᠯᠠᠭᠠᠵᠤ᠂ ᠲᠣᠬᠢᠷᠠᠭᠤᠯᠤᠭᠰᠠᠨ ᠠᠵᠢᠯ᠎ᠢ ᠰᠠᠢᠲᠤᠷ ᠪᠡᠶᠡᠯᠡᠭᠦᠯᠬᠦ ᠬᠡᠷᠡᠭᠲᠡᠢ ᠭᠡᠮᠡᠨ ᠴᠢᠩᠭᠠᠳᠭᠠᠪᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃