ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠭᠣᠤᠯ ᠰᠡᠳᠦᠪᠲᠦ ᠤᠬᠠᠭᠤᠯᠭ᠎ᠠ ᠲᠠᠢᠯᠤᠮᠵᠢ ᠵᠢᠴᠢ ᠨᠠᠮ᠎ᠤᠨ ᠬᠣᠷᠢᠶᠠᠨ᠎ᠤ ᠭᠣᠤᠯ ᠳᠤᠭᠤᠢᠯᠠᠩ (ᠥᠷᠭᠡᠳᠭᠡᠭᠰᠡᠨ) ᠦ᠋ᠨ ᠰᠤᠷᠤᠯᠴᠠᠯᠭ᠎ᠠ᠎ᠶᠢᠨ ᠬᠤᠷᠠᠯ᠎ᠢ ᠡᠷᠬᠢᠯᠡᠪᠡ
2021.04.16

  4᠎ᠳᠦᠭᠡᠷ ᠰᠠᠷ᠎ᠠ᠎ᠶᠢᠨ 15᠎ᠤ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠭᠣᠤᠯ ᠰᠡᠳᠦᠪᠲᠦ ᠤᠬᠠᠭᠤᠯᠭ᠎ᠠ ᠲᠠᠢᠯᠤᠮᠵᠢ ᠵᠢᠴᠢ ᠨᠠᠮ᠎ᠤᠨ ᠬᠣᠷᠢᠶᠠᠨ᠎ᠤ ᠭᠣᠤᠯ ᠳᠤᠭᠤᠢᠯᠠᠩ (ᠥᠷᠭᠡᠳᠭᠡᠭᠰᠡᠨ)᠎ᠤᠨ ᠰᠤᠷᠤᠯᠴᠠᠯᠭ᠎ᠠ᠎ᠶᠢᠨ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠡᠰᠢᠭᠦᠨ᠂ ᠥᠪᠦᠷ ᠮᠣᠩᠭᠤᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠳᠡᠳ᠋ ᠫᠷᠤᠹᠧᠰᠰᠤᠷ ᠸᠠᠩ ᠱ᠌ᠢᠦ ᠯᠢᠩ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠪᠦᠯᠦᠭᠯᠡᠯ᠎ᠦᠨ ᠨᠠᠮ᠎ᠤᠨ ᠬᠣᠷᠢᠶᠠᠨ᠎ᠤ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ ᠬᠤᠷᠠᠯ᠎ᠢ ᠡᠷᠬᠢᠯᠡᠭᠰᠡᠨ᠎ᠦ ᠬᠠᠮᠲᠤ ᠶᠠᠷᠢᠶ᠎ᠠ ᠲᠠᠯᠪᠢᠵᠠᠢ᠃

 

  ᠸᠠᠩ ᠱ᠌ᠢᠦ ᠯᠢᠩ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠴᠢᠬᠤᠯᠠ ᠶᠡᠬᠡ ᠠᠴᠢ ᠬᠣᠯᠪᠤᠭᠳᠠᠯ᠎ᠢ ᠭᠦᠢᠴᠡᠳ ᠲᠠᠨᠢᠬᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠪᠠ ᠲᠡᠦᠬᠡᠲᠦ ᠴᠢᠨᠠᠷᠲᠠᠢ ᠬᠤᠪᠢ ᠨᠡᠮᠡᠷᠢ᠎ᠶᠢ ᠪᠦᠬᠦ ᠲᠠᠯ᠎ᠠ᠎ᠪᠠᠷ ᠣᠢᠯᠠᠭᠠᠬᠤ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠭᠣᠤᠯᠳᠠᠯᠭ᠎ᠠ᠎ᠶᠢ ᠭᠦᠨᠵᠡᠭᠡᠢ ᠡᠵᠡᠮᠳᠡᠬᠦ᠂ ᠰᠢ᠎ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠡᠵᠡᠮᠰᠢᠬᠦ ᠭᠡᠬᠦ ᠳᠥᠷᠪᠡᠨ ᠲᠠᠯ᠎ᠠ᠎ᠡᠴᠡ ᠲᠠᠢᠯᠪᠤᠷᠢᠯᠠᠯᠲᠠ ᠬᠢᠵᠦ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ 《ᠶᠠᠭᠤᠨ᠎ᠳᠤ ᠰᠤᠷᠤᠯᠴᠠᠬᠤ᠂ ᠶᠠᠭᠤ ᠰᠤᠷᠤᠯᠴᠠᠬᠤ᠂ ᠶᠠᠭᠠᠬᠢᠵᠤ ᠰᠤᠷᠤᠯᠴᠠᠬᠤ》 ᠠᠰᠠᠭᠤᠳᠠᠯ᠎ᠳᠤ ᠲᠠᠢᠯᠤᠮᠵᠢ ᠬᠢᠪᠡ᠃ ᠡᠨᠡ᠎ᠨᠢ ᠪᠦᠯᠦᠭᠯᠡᠯ᠎ᠦᠨ ᠪᠦᠬᠦ ᠨᠠᠮ᠎ᠤᠨ ᠭᠡᠰᠢᠭᠦᠨ᠎ᠦ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠭᠣᠤᠯᠳᠠᠯᠭ᠎ᠠ᠎ᠶᠢ ᠭᠦᠨᠵᠡᠭᠡᠢ ᠡᠵᠡᠮᠳᠡᠨ᠂ ᠠᠵᠢᠯ᠎ᠤᠨ ᠪᠠᠢᠷᠢ᠎ᠳᠤ᠎ᠪᠠᠨ ᠰᠠᠭᠤᠷᠢᠯᠠᠨ ᠨᠠᠮ᠎ᠤᠨ ᠵᠠᠭᠤᠨ ᠵᠢᠯ᠎ᠦᠨ ᠲᠡᠦᠬᠡ᠎ᠶᠢ ᠰᠤᠷᠤᠯᠴᠠᠵᠤ᠂ ᠰᠢᠨ᠎ᠡ ᠠᠶᠠᠨ᠎ᠳᠤ ᠡᠷᠡᠯᠬᠡᠭᠯᠡᠨ  ᠤᠷᠤᠭᠰᠢᠯᠠᠬᠤ ᠬᠦᠴᠦᠨ ᠴᠢᠳᠠᠯ᠎ᠢ ᠰᠢᠩᠭᠡᠭᠡᠨ ᠠᠪᠬᠤ᠎ᠳᠤ ᠰᠡᠩᠬᠡᠷᠡᠭᠦᠯᠬᠦ ᠦᠢᠯᠡᠳᠦᠯ᠎ᠲᠡᠢ ᠪᠠᠢᠳᠠᠭ᠃

  ᠽᠧᠩ ᠬᠠᠨ ᠳ᠋ᠦᠩᠨᠡᠯᠲᠡ ᠬᠢᠬᠦ ᠦᠶ᠎ᠡ᠎ᠳᠦ ᠵᠢᠭᠠᠵᠤ ᠭᠠᠷᠭᠠᠭᠰᠠᠨ᠎ᠨᠢ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠠᠬᠢᠭᠤᠯᠬᠤ ᠪᠣᠯ ᠪᠦᠯᠦᠭᠯᠡᠯ᠎ᠦᠨ ᠣᠳᠤᠬᠠᠨ᠎ᠤ ᠪᠠ ᠡᠭᠦᠨ᠎ᠡᠴᠡ ᠬᠤᠢᠰᠢᠲᠠ᠎ᠶᠢᠨ ᠨᠢᠭᠡ ᠬᠡᠰᠡᠭ ᠬᠤᠭᠤᠴᠠᠭᠠᠨ᠎ᠤ ᠲᠡᠷᠢᠭᠦᠨ ᠴᠢᠬᠤᠯᠠ ᠤᠯᠤᠰ ᠲᠥᠷᠦ᠎ᠶᠢᠨ ᠡᠭᠦᠷᠭᠡ ᠪᠣᠯᠤᠨ᠎ᠠ᠃ ᠪᠦᠯᠦᠭᠯᠡᠯ᠎ᠦᠨ ᠪᠦᠬᠦ ᠨᠠᠮ᠎ᠤᠨ  ᠭᠡᠰᠢᠭᠦᠨ ᠺᠠᠳ᠋ᠷᠴᠤᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠠᠯᠢ ᠲᠦᠷᠭᠡᠨ᠎ᠢᠶᠡᠷ ᠰᠢ᠎ᠶᠢᠨ ᠫᠢᠩ ᠶᠡᠷᠦᠩᠬᠡᠢ ᠱᠦᠵᠢ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠤᠯᠭ᠎ᠠ᠎ᠶᠢᠨ ᠪᠠᠢᠷᠢᠯᠠᠭᠤᠯᠤᠯᠲᠠ᠎ᠲᠠᠢ ᠨᠢᠭᠡᠳᠭᠡᠵᠦ᠂ ᠲᠡᠦᠬᠡ ᠰᠤᠷᠴᠤ ᠶᠣᠰᠤ ᠤᠴᠢᠷ᠎ᠢ ᠣᠢᠯᠠᠭᠠᠬᠤ᠂ ᠲᠡᠦᠬᠡ ᠰᠤᠷᠴᠤ ᠢᠲᠡᠭᠡᠯ ᠬᠦᠰᠡᠯ᠎ᠢᠶᠡᠨ ᠴᠢᠩᠭᠠᠷᠠᠭᠤᠯᠬᠤ᠂ ᠲᠡᠦᠬᠡ ᠰᠤᠷᠴᠤ ᠶᠣᠰᠤ  ᠰᠤᠷᠲᠠᠬᠤᠨ᠎ᠢ ᠡᠷᠬᠢᠮᠯᠡᠬᠦ᠂ ᠲᠡᠦᠬᠡ ᠰᠤᠷᠴᠤ ᠦᠢᠯᠡ ᠠᠵᠢᠯᠯᠠᠭ᠎ᠠ᠎ᠳᠤ᠎ᠪᠠᠨ ᠦᠢᠯᠡᠳᠦᠯᠭᠡᠵᠢᠭᠦᠯᠬᠦ᠎ᠶᠢ ᠭᠦᠢᠴᠡᠳᠭᠡᠵᠦ᠂ ᠪᠦᠯᠦᠭᠯᠡᠯ᠎ᠦᠨ ᠳᠡᠭᠡᠳᠦ ᠳᠣᠤᠷᠠᠲᠤ ᠱᠠᠲᠤ᠎ᠪᠠᠷ᠎ᠢᠶᠠᠨ ᠴᠤᠴᠠᠯᠲᠠ᠎ᠦᠭᠡᠢ ᠤᠷᠤᠭᠰᠢᠯᠠᠬᠤ ᠲᠡᠮᠡᠴᠡᠯ᠎ᠦᠨ ᠳᠦᠷᠢ ᠪᠠᠢᠳᠠᠯ᠂ ᠬᠦᠴᠢᠷ ᠪᠡᠷᠬᠡᠰᠢᠶᠡᠯ᠎ᠢ ᠢᠯᠠᠨ ᠳᠠᠪᠠᠬᠤ ᠵᠣᠷᠢᠭ ᠰᠠᠨᠠᠭ᠎ᠠ᠎ᠪᠠᠷ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢ ᠰᠠᠢᠲᠤᠷ ᠡᠬᠢᠯᠡᠭᠦᠯᠬᠦ ᠬᠡᠷᠡᠭᠲᠡᠢ ᠭᠡᠰᠡᠨ ᠪᠠᠢᠨ᠎ᠠ᠃

  ᠽᠧᠩ ᠬᠠᠨ ᠴᠢᠬᠤᠯᠠᠴᠢᠯᠠᠬᠤ᠎ᠳᠤ᠎ᠪᠠᠨ᠂ ᠰᠤᠷᠤᠯᠴᠠᠯᠭ᠎ᠠ ᠬᠥᠮᠦᠵᠢᠯ᠎ᠦᠨ ᠬᠠᠷᠠᠯᠲᠠ ᠱᠠᠭᠠᠷᠳᠠᠯᠭ᠎ᠠ᠂ ᠰᠤᠷᠤᠯᠴᠠᠯᠭ᠎ᠠ᠎ᠶᠢᠨ ᠠᠭᠤᠯᠭ᠎ᠠ᠂ ᠠᠷᠭ᠎ᠠ ᠪᠠ ᠠᠯᠬᠤᠮ ᠳᠠᠷᠠᠭ᠎ᠠ᠂ ᠭᠣᠤᠯᠳᠠᠯᠭ᠎ᠠ᠎ᠲᠠᠢ ᠡᠭᠦᠷᠭᠡ ᠵᠡᠷᠭᠡ᠎ᠶᠢ ᠯᠠᠪᠳᠠᠭᠤᠨ ᠪᠠᠲᠤᠲᠠᠢ ᠡᠵᠡᠮᠳᠡᠵᠦ᠂ ᠲᠥᠪᠯᠡᠷᠡᠭᠦᠯᠦᠨ ᠰᠤᠷᠤᠯᠴᠠᠬᠤ ᠪᠠ ᠪᠡᠶ᠎ᠡ᠎ᠪᠡᠨ ᠳᠠᠭᠠᠭᠠᠵᠤ ᠰᠤᠷᠤᠯᠴᠠᠬᠤ᠎ᠶᠢ ᠬᠠᠷᠢᠯᠴᠠᠨ ᠤᠶᠠᠯᠳᠤᠭᠤᠯᠤᠨ᠂ ᠰᠡᠳᠭᠢᠯ  ᠰᠢᠭᠤᠳᠤᠨ ᠥᠪᠡᠰᠦᠪᠡᠨ ᠰᠤᠷᠤᠯᠴᠠᠬᠤ ᠬᠢᠭᠡᠳ ᠬᠠᠮᠲᠤ᠎ᠪᠠᠷ ᠰᠤᠳᠤᠯᠤᠨ ᠶᠠᠷᠢᠯᠴᠠᠬᠤ᠎ᠶᠢ ᠬᠠᠷᠢᠯᠴᠠᠨ ᠤᠶᠠᠯᠳᠤᠭᠤᠯᠵᠤ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢᠶᠡᠷ ᠳᠠᠮᠵᠢᠭᠤᠯᠤᠨ᠂ ᠰᠢ᠎ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠲᠤᠬᠠᠢ ᠣᠢᠯᠠᠭᠠᠯᠲᠠ᠎ᠪᠠᠨ ᠦᠨᠡᠨ᠎ᠬᠦ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠦᠵᠡᠯ ᠰᠠᠨᠠᠭᠠᠨ᠎ᠤ ᠠᠭᠤᠤ ᠶᠡᠬᠡ ᠬᠦᠴᠦᠨ ᠴᠢᠳᠠᠯ᠎ᠢ ᠨᠡᠩ ᠰᠠᠢᠲᠤᠷ ᠣᠢᠯᠠᠭᠠᠨ ᠮᠡᠳᠡᠷᠡᠵᠦ᠂ ᠣᠶᠤᠨ ᠰᠠᠨᠠᠭ᠎ᠠ ᠪᠠ ᠬᠦᠴᠦᠨ ᠴᠢᠳᠠᠯ᠎ᠢ᠎ᠨᠢ  ᠰᠢᠩᠭᠡᠭᠡᠨ ᠠᠪᠬᠤ ᠬᠡᠷᠡᠭᠲᠡᠢ᠃ ᠨᠠᠮ ᠲᠥᠷᠦ᠎ᠳᠦ᠎ᠪᠡᠨ ᠦᠨᠡᠨᠴᠢ  ᠰᠢᠳᠤᠷᠭᠤ ᠪᠠᠢᠬᠤ ᠨᠢᠭᠡ ᠰᠡᠳᠭᠢᠯ᠎ᠢ ᠴᠢᠩᠭ᠎ᠠ ᠰᠠᠬᠢᠨ᠂ ᠨᠢᠭᠡ ᠵᠤᠷᠪᠤᠰ ᠱᠤᠭᠤᠮ᠎ᠢ ᠡᠵᠡᠮᠳᠡᠵᠦ᠂ ᠨᠢᠭᠡ ᠲᠤᠭ᠎ᠢ ᠥᠨᠳᠦᠷ ᠡᠷᠭᠦᠵᠦ᠂ ᠨᠡᠢᠭᠡᠮ ᠵᠢᠷᠤᠮ᠎ᠤᠨ ᠣᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠠᠢᠭᠤᠯᠬᠤ ᠰᠢᠨ᠎ᠡ ᠠᠶᠠᠨ᠎ᠢ ᠴᠢᠷᠮᠠᠢᠨ ᠡᠬᠢᠯᠡᠭᠦᠯᠬᠦ ᠬᠡᠷᠡᠭᠲᠡᠢ ᠭᠡᠵᠡᠢ᠃

  ᠽᠧᠩ ᠬᠠᠨ ᠵᠢᠭᠠᠬᠤ᠎ᠳᠤ᠎ᠪᠠᠨ᠂ ᠪᠦᠯᠦᠭᠯᠡᠯ᠎ᠦᠨ ᠭᠠᠵᠠᠷ᠎ᠤᠨ ᠳᠡᠰ᠎ᠡᠴᠡ ᠲᠡᠭᠡᠭᠰᠢᠬᠢ ᠤᠳᠤᠷᠢᠳᠭᠤ ᠺᠠᠳ᠋ᠷᠴᠤᠳ 《ᠵᠠᠩᠭᠢᠯᠠᠭ᠎ᠠ᠎ᠶᠢᠨ ᠴᠥᠭᠡᠨ ᠬᠡᠳᠦᠨ ᠬᠥᠮᠦᠨ》᠎ᠦ ᠵᠢᠱᠢᠶ᠎ᠡ ᠦᠵᠡᠭᠦᠯᠬᠦ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠥᠪᠡᠷ᠎ᠢᠶᠡᠨ ᠲᠦᠷᠦᠭᠦᠯᠡᠨ ᠰᠤᠷᠤᠯᠴᠠᠵᠤ᠂ ᠲᠤᠰᠭᠠᠢ ᠰᠡᠳᠦᠪᠲᠦ ᠰᠤᠷᠤᠯᠴᠠᠯᠭ᠎ᠠ᠂ ᠲᠤᠰᠭᠠᠢ ᠰᠡᠳᠦᠪᠲᠦ ᠰᠤᠳᠤᠯᠤᠯᠲᠠ ᠶᠠᠷᠢᠯᠴᠠᠭ᠎ᠠ᠂ ᠲᠤᠰᠭᠠᠢ ᠰᠡᠳᠦᠪᠲᠦ ᠨᠠᠮ᠎ᠤᠨ ᠬᠢᠴᠢᠶᠡᠯ᠂ ᠲᠤᠰᠭᠠᠢ ᠰᠡᠳᠦᠪᠲᠦ ᠪᠣᠯᠪᠠᠰᠤᠷᠠᠯ᠎ᠢ ᠥᠷᠨᠢᠭᠦᠯᠬᠦ᠎ᠪᠡᠷ ᠳᠠᠮᠵᠢᠭᠤᠯᠤᠨ᠂ ᠶᠠᠷᠢᠭᠰᠠᠨ ᠦᠭᠡ᠂ ᠣᠷᠤᠭᠰᠠᠨ ᠬᠢᠴᠢᠶᠡᠯ᠂ ᠠᠳᠭᠤᠭᠰᠠᠨ ᠠᠵᠢᠯ᠎ᠢᠶᠠᠷ᠎ᠢᠶᠠᠨ ᠨᠡᠩ ᠣᠯᠠᠨ ᠺᠠᠳ᠋ᠷᠴᠤᠳ᠎ᠢ ᠬᠥᠲᠦᠯᠦᠨ ᠵᠢᠯᠤᠭᠤᠳᠭᠤ ᠦᠢᠯᠡᠳᠦᠯ ᠦᠵᠡᠭᠦᠯᠬᠦ ᠬᠡᠷᠡᠭᠲᠡᠢ᠃ ᠬᠠᠮᠲᠤ᠎ᠪᠠᠷ ᠰᠤᠷᠤᠯᠴᠠᠬᠤ ᠪᠠ ᠥᠪᠡᠰᠦᠪᠡᠨ ᠰᠤᠷᠤᠯᠴᠠᠬᠤ ᠴᠠᠭ᠎ᠤᠨ ᠲᠣᠬᠢᠷᠠᠭᠤᠯᠤᠯᠲᠠ᠎ᠶᠢ ᠴᠢᠩᠭ᠎ᠠ ᠵᠢᠷᠤᠮᠯᠠᠵᠤ᠂ ᠬᠠᠮᠲᠤ᠎ᠪᠠᠷ ᠰᠤᠷᠤᠯᠴᠠᠬᠤ ᠪᠠ ᠥᠪᠡᠰᠦᠪᠡᠨ ᠰᠤᠷᠤᠯᠴᠠᠬᠤ ᠠᠵᠢᠯ᠎ᠢ ᠰᠠᠢᠲᠤᠷ ᠠᠳᠭᠤᠵᠤ᠂ ᠰᠡᠳᠭᠢᠯ ᠱ᠌ᠢᠭᠤᠳᠤᠨ ᠥᠪᠡᠰᠦᠪᠡᠨ ᠰᠤᠷᠤᠯᠴᠠᠬᠤ ᠰᠤᠷᠤᠯᠴᠠᠯᠭ᠎ᠠ᠎ᠳᠤ ᠪᠣᠳᠠᠲᠤ ᠦᠷ᠎ᠡ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ ᠭᠡᠵᠡᠢ᠃

  ᠽᠧᠩ ᠬᠠᠨ ᠴᠢᠬᠤᠯᠠᠴᠢᠯᠠᠬᠤ᠎ᠳᠤ᠎ᠪᠠᠨ᠂ ᠥᠪᠡᠰᠦᠪᠡᠨ ᠰᠤᠷᠤᠯᠴᠠᠬᠤ ᠡᠰᠡᠬᠦᠯ᠎ᠡ ᠰᠤᠳᠤᠯᠤᠯᠲᠠ ᠶᠠᠷᠢᠯᠴᠠᠭ᠎ᠠ᠂ ᠪᠣᠯᠪᠠᠰᠤᠷᠠᠯ᠂ ᠨᠠᠮ᠎ᠤᠨ ᠬᠢᠴᠢᠶᠡᠯ ᠵᠡᠷᠭᠡ᠎ᠶᠢ ᠵᠣᠬᠢᠶᠠᠨ ᠪᠠᠢᠭᠤᠯᠬᠤ᠎ᠳᠤ ᠪᠦᠷ ᠭᠣᠤᠯ ᠰᠡᠳᠦᠪ᠎ᠢ ᠴᠢᠩᠭ᠎ᠠ ᠡᠵᠡᠮᠳᠡᠨ᠂ ᠲᠠᠪᠤᠨ ᠭᠣᠤᠯ ᠰᠡᠳᠦᠪ᠎ᠢ ᠨᠢᠭᠡᠳ ᠨᠢᠭᠡ᠎ᠪᠡᠷ ᠠᠬᠢᠭᠤᠯᠬᠤ ᠱᠠᠭᠠᠷᠳᠠᠯᠭ᠎ᠠ ᠶᠣᠰᠤᠭᠠᠷ᠂ 6᠎ᠳᠤᠭᠠᠷ ᠰᠠᠷ᠎ᠠ᠎ᠶᠢᠨ ᠰᠡᠭᠦᠯᠴᠢ᠎ᠡᠴᠡ ᠡᠮᠦᠨ᠎ᠡ᠂ ᠲᠠᠪᠤᠨ ᠭᠣᠤᠯ ᠰᠡᠳᠦᠪ᠎ᠢ ᠡᠷᠬᠡᠪᠰᠢ ᠪᠦᠬᠦᠨ᠎ᠢ ᠰᠤᠷᠤᠯᠴᠠᠵᠤ ᠳᠠᠭᠤᠰᠭᠠᠬᠤ᠎ᠶᠢᠨ ᠬᠠᠮᠲᠤ᠂ ᠨᠢᠭᠡᠳ ᠨᠢᠭᠡ᠎ᠪᠡᠷ ᠰᠤᠳᠤᠯᠤᠨ ᠶᠠᠷᠢᠯᠴᠠᠬᠤ ᠪᠠ ᠰᠣᠯᠢᠯᠴᠠᠵᠤ᠂ ᠪᠦᠯᠦᠭᠯᠡᠯ᠎ᠦᠨ ᠨᠠᠮ᠎ᠤᠨ ᠬᠣᠷᠢᠶ᠎ᠠ᠎ᠡᠴᠡ ᠲᠤᠰᠭᠠᠢ ᠰᠡᠳᠦᠪ ᠬᠤᠪᠢᠶᠠᠨ ᠭᠠᠵᠠᠷ᠎ᠤᠨ ᠳᠡᠰ᠎ᠡᠴᠡ ᠲᠡᠭᠡᠭᠰᠢᠬᠢ ᠤᠳᠤᠷᠢᠳᠭᠤ ᠺᠠᠳ᠋ᠷᠴᠤᠳ᠎ᠲᠤ ᠣᠨᠤᠯ᠎ᠤᠨ ᠰᠢᠯᠭᠠᠯᠲᠠ ᠬᠢᠵᠦ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠳᠦ ᠬᠢᠨᠠᠨ ᠪᠠᠢᠴᠠᠭᠠᠯᠲᠠ ᠬᠢᠵᠦ᠂ ᠠᠬᠢᠴᠠ᠎ᠶᠢ ᠵᠢᠷᠤᠮᠯᠠᠬᠤ᠎ᠦᠭᠡᠢ᠎ᠪᠡᠷ ᠳᠤᠷ᠎ᠠ᠎ᠪᠠᠷ ᠠᠳᠭᠤᠨ᠂ ᠬᠥᠭ ᠠᠢᠵᠠᠮ᠎ᠢ ᠰᠠᠮᠠᠭᠤᠷᠠᠭᠤᠯᠤᠨ ᠨᠢᠭᠡ᠎ᠯᠡ ᠠᠳᠭᠤᠬᠤ᠎ᠡᠴᠡ ᠰᠡᠷᠭᠡᠢᠯᠡᠬᠦ ᠬᠡᠷᠡᠭᠲᠡᠢ ᠭᠡᠵᠡᠢ᠃

  ᠽᠧᠩ ᠬᠠᠨ ᠵᠢᠭᠠᠬᠤ᠎ᠳᠤ᠎ᠪᠠᠨ᠂ 《ᠪᠢ ᠣᠯᠠᠨ ᠲᠦᠮᠡᠨ᠎ᠦ ᠲᠥᠯᠦᠭᠡ ᠪᠣᠳᠠᠲᠤ ᠤᠴᠢᠷ ᠬᠢᠬᠦ》 ᠦᠢᠯᠡᠳᠦᠯᠭᠡ᠎ᠶᠢᠨ ᠠᠵᠢᠯᠯᠠᠭ᠎ᠠ᠎ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ 《ᠪᠦᠯᠦᠭᠯᠡᠯ᠎ᠦᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠬᠡᠷᠡᠭᠵᠢᠭᠦᠯᠬᠦ ᠲᠥᠰᠦᠯ》᠎ᠳᠦ ᠪᠦᠯᠦᠭᠯᠡᠯ᠎ᠦᠨ 《ᠪᠢ ᠣᠯᠠᠨ ᠲᠦᠮᠡᠨ᠎ᠦ ᠲᠥᠯᠦᠭᠡ ᠪᠣᠳᠠᠲᠤ ᠤᠴᠢᠷ ᠬᠢᠬᠦ》 ᠦᠢᠯᠡᠳᠦᠯᠭᠡ᠎ᠶᠢᠨ ᠠᠵᠢᠯᠯᠠᠭ᠎ᠠ᠎ᠶᠢᠨ ᠬᠠᠮᠢᠶ᠎ᠠ ᠪᠦᠬᠦᠢ ᠠᠵᠢᠯ᠎ᠢ ᠲᠣᠳᠤᠷᠬᠠᠢᠯᠠᠪᠠ᠃ ᠪᠦᠯᠦᠭᠯᠡᠯ᠎ᠦᠨ ᠨᠠᠮ᠎ᠤᠨ ᠬᠣᠷᠢᠶ᠎ᠠ᠎ᠡᠴᠡ ᠣᠢᠷ᠎ᠠ᠎ᠶᠢᠨ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠤᠳᠤᠷᠢᠳᠭᠤ ᠳᠤᠭᠤᠢᠯᠠᠩ᠎ᠤᠨ ᠲᠠᠷᠬᠠᠭᠠᠭᠰᠠᠨ 《〈ᠪᠢ ᠣᠯᠠᠨ ᠲᠦᠮᠡᠨ᠎ᠦ ᠲᠥᠯᠦᠭᠡ ᠪᠣᠳᠠᠲᠤ ᠤᠴᠢᠷ ᠬᠢᠬᠦ〉 ᠦᠢᠯᠡᠳᠦᠯᠭᠡ᠎ᠶᠢᠨ ᠠᠵᠢᠯᠯᠠᠭ᠎ᠠ᠎ᠶᠢᠨ ᠠᠵᠢᠯ᠎ᠤᠨ ᠲᠥᠰᠦᠯ》᠎ᠢ ᠦᠨᠳᠦᠰᠦᠯᠡᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠷᠢᠯᠢᠭᠵᠢᠭᠤᠯᠵᠤ᠂ 《ᠪᠢ ᠣᠯᠠᠨ ᠲᠦᠮᠡᠨ᠎ᠦ ᠲᠥᠯᠦᠭᠡ ᠪᠣᠳᠠᠲᠤ ᠤᠴᠢᠷ ᠬᠢᠬᠦ》 ᠦᠢᠯᠡᠳᠦᠯᠭᠡ᠎ᠶᠢᠨ ᠠᠵᠢᠯᠯᠠᠭ᠎ᠠ᠎ᠶᠢᠨ ᠨᠠᠷᠢᠨ ᠳᠠᠩᠰᠠ᠎ᠶᠢ ᠲᠣᠭᠲᠠᠭᠠᠬᠤ ᠬᠡᠷᠡᠭᠲᠡᠢ᠃ ᠬᠠᠷᠢᠶ᠎ᠠ ᠡᠯ᠎ᠡ ᠨᠢᠭᠡᠴᠢ᠎ᠶᠢᠨ ᠬᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠡᠭᠦᠷᠭᠡ  ᠲᠤᠰᠢᠶᠠᠯ᠎ᠤᠨ ᠳᠠᠪᠠᠭᠤᠯᠢᠭ ᠪᠠ ᠲᠤᠰᠭᠠᠢ ᠮᠡᠷᠭᠡᠵᠢᠯ᠎ᠦᠨ ᠳᠠᠪᠠᠭᠤᠯᠢᠭ᠎ᠢᠶᠠᠨ ᠪᠠᠳᠠᠷᠠᠭᠤᠯᠵᠤ᠂ ᠰᠠᠨᠠᠭᠠᠴᠢᠯᠠᠭ᠎ᠠ᠎ᠡᠴᠡ᠎ᠪᠡᠨ ᠣᠯᠠᠨ ᠲᠦᠮᠡᠨ᠎ᠳᠦ ᠪᠣᠳᠠᠲᠤ ᠠᠵᠢᠯ ᠬᠢᠵᠦ᠂ ᠬᠦᠴᠢᠷᠲᠡᠢ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠠᠬᠢᠴᠠ᠎ᠶᠢ ᠲᠣᠬᠢᠷᠠᠭᠤᠯᠬᠤ ᠪᠠ ᠦᠷ᠎ᠡ ᠪᠦᠲᠦᠮᠵᠢ᠎ᠶᠢ ᠮᠥᠷᠳᠡᠨ ᠠᠰᠠᠭᠤᠵᠤ᠂ ᠡᠯ᠎ᠡ ᠵᠦᠢᠯ᠎ᠦᠨ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ᠂ ᠰᠠᠢᠨ ᠤᠴᠢᠷ᠎ᠢ ᠰᠠᠢᠲᠤᠷ ᠬᠢᠵᠦ᠂ ᠪᠣᠳᠠᠲᠤ ᠤᠴᠢᠷ᠎ᠢ ᠪᠣᠳᠠᠲᠠᠢ᠎ᠪᠠᠷ ᠭᠦᠢᠴᠡᠳᠭᠡᠬᠦ ᠬᠡᠷᠡᠭᠲᠡᠢ ᠭᠡᠵᠡᠢ᠃

  ᠬᠤᠷᠠᠯ᠎ᠢ ᠠᠬᠤᠢ ᠲᠠᠯᠠᠪᠠᠢ ᠪᠠ ᠸᠢᠳᠢᠣ᠋ ᠱᠢᠭᠤᠳ ᠨᠡᠪᠲᠡᠷᠡᠭᠦᠯᠭᠡ᠎ᠪᠠᠷ ᠬᠣᠯᠪᠤᠭᠳᠠᠬᠤ ᠬᠡᠯᠪᠡᠷᠢ᠎ᠪᠡᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠶᠢᠰᠦᠳᠦᠭᠡᠷ ᠲᠣᠭᠤᠷᠢᠨ ᠵᠢᠯᠤᠭᠤᠳᠭᠤ ᠳᠤᠭᠤᠢᠯᠠᠩ᠎ᠤᠨ ᠳᠡᠳ᠋ ᠳᠠᠷᠤᠭ᠎ᠠ᠂  ᠰᠢᠯᠢ᠎ᠶᠢᠨ ᠭᠣᠤᠯ ᠠᠢᠮᠠᠭ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠠᠵᠢᠯᠴᠢᠨ᠎ᠤ ᠡᠪᠯᠡᠯ᠎ᠦᠨ ᠳᠡᠳ ᠡᠷᠬᠢᠯᠡᠭᠴᠢ ᠵᠠᠩ ᠶᠤᠸᠠᠢ ᠰᠢᠶᠠ ᠨᠥᠬᠦᠷ᠂ ᠪᠦᠯᠦᠭᠯᠡᠯ᠎ᠦᠨ ᠤᠳᠤᠷᠢᠳᠭᠤ ᠪᠠᠭ᠎ᠤᠨ ᠭᠡᠰᠢᠭᠦᠳ᠂ ᠡᠯ᠎ᠡ ᠬᠠᠷᠢᠶ᠎ᠠ ᠨᠢᠭᠡᠴᠢ᠎ᠶᠢᠨ ᠤᠳᠤᠷᠢᠳᠭᠤ ᠪᠠᠭ᠎ᠤᠨ ᠭᠡᠰᠢᠭᠦᠳ ᠬᠤᠷᠠᠯ᠎ᠳᠤ ᠣᠷᠤᠯᠴᠠᠵᠠᠢ᠃

 

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃