ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ ᠬᠥᠬᠡᠬᠤᠲᠠ᠎ᠳᠤ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠲᠤᠰᠭᠠᠢ ᠰᠡᠳᠦᠪᠲᠦ ᠨᠠᠮ᠎ᠤᠨ ᠬᠢᠴᠢᠶᠡᠯ ᠥᠷᠨᠢᠭᠦᠯᠪᠡ
2021.06.24

 6᠎ᠳᠤᠭᠠᠷ ᠰᠠᠷ᠎ᠠ᠎ᠶᠢᠨ 23᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ ᠵᠠᠭᠤᠨ ᠵᠢᠯ᠎ᠦᠨ ᠣᠢ᠎ᠶᠢᠨ ᠪᠠᠶᠠᠷ᠎ᠢᠶᠠᠨ ᠤᠭᠲᠤᠨ ᠠᠪᠬᠤ ᠭᠡᠵᠦ ᠪᠠᠢᠭ᠎ᠠ ᠲᠠᠰᠢᠷᠠᠮ᠎ᠳᠤ᠂ ᠪᠦᠯᠦᠭᠯᠡᠯ᠎ᠦᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠤᠯᠠᠮ ᠭᠦᠨᠵᠡᠭᠡᠢ ᠪᠥᠭᠡᠳ ᠪᠣᠳᠠᠲᠠᠢ᠎ᠪᠠᠷ ᠥᠷᠨᠢᠭᠦᠯᠬᠦ᠎ᠶᠢᠨ ᠲᠥᠯᠦᠭᠡ᠂ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ ᠪᠠ ᠨᠠᠮ ᠪᠠᠢᠭᠤᠯᠤᠭᠳᠠᠭᠰᠠᠨ 100 ᠵᠢᠯ᠎ᠦᠨ ᠣᠢ᠎ᠶᠢ ᠳᠤᠷᠠᠰᠭᠠᠨ ᠪᠡᠯᠭᠡᠯᠡᠬᠦ ᠭᠣᠤᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠬᠦ ᠬᠣᠯᠪᠤᠭᠳᠠᠯ ᠪᠦᠬᠦᠢ ᠲᠣᠬᠢᠷᠠᠭᠤᠯᠤᠯᠲᠠ᠎ᠶᠢ ᠦᠨᠳᠦᠰᠦᠯᠡᠵᠦ᠂ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡ᠎ᠶᠢᠨ ᠳᠣᠲᠤᠷ᠎ᠠ᠎ᠠᠴᠠ ᠤᠷᠤᠭᠰᠢᠯᠠᠨ ᠳᠠᠪᠰᠢᠬᠤ ᠬᠦᠴᠦᠨ ᠴᠢᠳᠠᠯ᠎ᠢ ᠰᠢᠩᠭᠡᠭᠡᠨ ᠠᠪᠤᠶ᠎ᠠ》 ᠭᠡᠬᠦ ᠰᠡᠳᠦᠪ᠎ᠢᠶᠡᠷ ᠪᠦᠯᠦᠭᠯᠡᠯ᠎ᠦᠨ ᠪᠦᠭᠦᠳᠡ ᠨᠠᠮ᠎ᠤᠨ ᠬᠡᠱᠢᠭᠦᠨ᠎ᠳᠦ ᠨᠢᠭᠡᠨ ᠤᠳᠠᠭᠠᠨ᠎ᠤ ᠨᠠᠮ᠎ᠤᠨ ᠬᠢᠴᠢᠶᠡᠯ ᠣᠷᠤᠭᠰᠠᠨ ᠪᠠᠢᠨ᠎ᠠ᠃

 

ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠨᠠᠮ᠎ᠤᠨ ᠬᠢᠴᠢᠶᠡᠯ ᠣᠷᠤᠵᠤ ᠪᠠᠢᠭ᠎ᠠ᠎ᠨᠢ

 

ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠸᠠᠩ ᠹᠦ ᠬᠤᠷᠠᠯ ᠡᠷᠬᠢᠯᠡᠵᠦ ᠪᠠᠢᠭ᠎ᠠ᠎ᠨᠢ

  ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ᠎ᠶᠢᠨ ᠴᠢᠬᠤᠯᠠ ᠠᠴᠢ ᠬᠣᠯᠪᠤᠭᠳᠠᠯ᠎ᠢ ᠭᠦᠢᠴᠡᠳ ᠲᠠᠨᠢᠬᠤ᠂ ᠨᠠᠮ᠎ᠤᠨ ᠵᠠᠭᠤᠨ ᠵᠢᠯ᠎ᠦᠨ ᠲᠡᠦᠬᠡ᠎ᠶᠢᠨ ᠳᠥᠷᠪᠡᠨ ᠲᠡᠦᠬᠡᠨ ᠴᠠᠭ ᠬᠤᠭᠤᠴᠠᠭ᠎ᠠ ᠳᠣᠲᠤᠷᠠᠬᠢ ᠲᠠᠪᠤᠨ ᠴᠢᠬᠤᠯᠠ ᠴᠠᠭ ᠵᠠᠩᠭᠢᠶᠠᠰᠤ᠎ᠠᠴᠠ ᠡᠭᠦᠷᠭᠡ ᠬᠠᠷᠢᠭᠤᠴᠠᠯᠭ᠎ᠠ᠎ᠪᠠᠨ ᠲᠣᠳᠤᠷᠬᠠᠢᠯᠠᠬᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡ᠎ᠶᠢᠨ ᠳᠣᠲᠤᠷ᠎ᠠ᠎ᠠᠴᠠ ᠤᠷᠤᠭᠰᠢᠯᠠᠨ ᠳᠠᠪᠰᠢᠬᠤ ᠬᠦᠴᠦᠨ᠎ᠢ ᠰᠢᠩᠭᠡᠭᠡᠨ ᠠᠪᠬᠤ ᠭᠡᠬᠦ ᠭᠤᠷᠪᠠᠨ ᠲᠠᠯ᠎ᠠ᠎ᠠᠴᠠ ᠣᠯᠠᠨ᠎ᠲᠠᠢ ᠨᠠᠮ᠎ᠤᠨ ᠲᠡᠦᠬᠡ᠎ᠶᠢ ᠰᠤᠷᠤᠯᠴᠠᠬᠤ ᠶᠠᠪᠤᠴᠠ᠎ᠳᠠᠬᠢ ᠣᠯᠤᠯᠲᠠ ᠲᠥᠷᠦᠭᠳᠡᠯ᠎ᠢᠶᠡᠨ ᠬᠤᠪᠢᠶᠠᠯᠴᠠᠭᠰᠠᠨ᠎ᠤ ᠬᠠᠮᠲᠤ᠂ ᠮᠠᠨ᠎ᠤ ᠪᠣᠳᠠᠲᠤ ᠠᠵᠢᠯ᠎ᠲᠠᠢ ᠤᠶᠠᠯᠳᠤᠭᠤᠯᠤᠨ᠂ ᠬᠥᠭᠵᠢᠯᠲᠡ᠎ᠶᠢᠨ ᠴᠢᠭᠯᠡᠯ᠎ᠢ ᠵᠢᠭᠠᠵᠤ᠂ ᠲᠣᠳᠤᠷᠬᠠᠢ ᠱᠠᠭᠠᠷᠳᠠᠯᠭ᠎ᠠ ᠳᠤᠷᠠᠳᠪᠠ᠃ ᠪᠦᠬᠦᠢᠯᠡ ᠨᠠᠮ᠎ᠤᠨ ᠬᠢᠴᠢᠶᠡᠯ᠎ᠦᠨ ᠠᠭᠤᠯᠤᠭᠳᠠᠬᠤᠨ᠎ᠨᠢ ᠪᠠᠶᠠᠯᠢᠭ᠂ ᠰᠡᠩᠬᠡᠷᠡᠭᠦᠯᠬᠦ ᠠᠴᠢ ᠬᠣᠯᠪᠤᠭᠳᠠᠯ᠎ᠢᠶᠠᠷ ᠴᠢᠩᠭ᠎ᠠ ᠪᠠᠢᠵᠤ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠴᠢᠬᠤᠯᠠ ᠠᠴᠢ ᠬᠣᠯᠪᠤᠭᠳᠠᠯ᠂ ᠬᠠᠷᠠᠯᠲᠠ ᠡᠭᠦᠷᠭᠡ᠎ᠶᠢ ᠤᠯᠠᠮ ᠨᠢᠭᠡ ᠠᠯᠬᠤᠮ ᠣᠢᠯᠠᠭᠠᠬᠤ ᠵᠢᠴᠢ ᠪᠦᠯᠦᠭᠯᠡᠯ᠎ᠦᠨ ᠡᠯ᠎ᠡ ᠲᠠᠯ᠎ᠠ᠎ᠶᠢᠨ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠥᠮ ᠲᠤᠢᠯ᠎ᠤᠨ ᠴᠢᠬᠤᠯᠠ ᠠᠴᠢ ᠬᠣᠯᠪᠤᠭᠳᠠᠯ᠎ᠲᠠᠢ ᠪᠠᠢᠳᠠᠭ᠃

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠥᠬᠡᠬᠤᠲᠠ᠎ᠳᠤ ᠪᠠᠢᠭ᠎ᠠ ᠪᠠᠢᠭᠤᠯᠭ᠎ᠠ᠎ᠶᠢᠨ ᠪᠦᠭᠦᠳᠡ ᠨᠠᠮ᠎ᠤᠨ ᠬᠡᠱᠢᠭᠦᠨ ᠬᠤᠷᠠᠯ᠎ᠳᠤ ᠣᠷᠤᠯᠴᠠᠵᠤ᠂ ᠵᠡᠭᠦᠨ ᠭᠤᠷᠪᠠᠨ ᠬᠣᠷᠢᠶ᠎ᠠ᠎ᠶᠢᠨ ᠪᠦᠭᠦᠳᠡ ᠨᠠᠮ᠎ᠤᠨ ᠬᠡᠱᠢᠬᠦᠨ ᠸᠢᠳᠢᠤ ᠬᠤᠷᠠᠯ᠎ᠤᠨ ᠬᠡᠯᠪᠡᠷᠢ᠎ᠪᠡᠷ ᠲᠤᠰ ᠤᠳᠠᠭᠠᠨ᠎ᠤ ᠨᠠᠮ᠎ᠤᠨ ᠬᠢᠴᠢᠶᠡᠯ᠎ᠢ ᠰᠣᠨᠤᠰᠤᠭᠰᠠᠨ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃