ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ 《ᠨᠠᠮ᠎ᠤᠨ ᠲᠡᠦᠬᠡ᠎ᠶᠢ ᠡᠷᠭᠢᠴᠡᠭᠦᠯᠤᠨ᠂ ᠨᠠᠮ᠎ᠤᠨ ᠠᠴᠢ᠎ᠶᠢ ᠴᠡᠭᠡᠵᠢᠯᠡᠨ᠂ ᠨᠠᠮ᠎ᠢᠶᠠᠨ ᠳᠠᠭᠠᠬᠤ》 ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠭᠣᠤᠯ ᠰᠡᠳᠦᠪᠲᠦ ᠮᠡᠳᠡᠯᠭᠡ᠎ᠶᠢᠨ ᠤᠷᠤᠯᠳᠤᠭᠠᠨ ᠡᠷᠬᠢᠯᠡᠪᠡ
2021.06.30

  2021 ᠣᠨ᠎ᠤ 6᠎ᠳᠤᠭᠠᠷ ᠰᠠᠷ᠎ᠠ᠎ᠶᠢᠨ 29᠎ᠦ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ᠎ᠦᠨ ᠣᠢ᠎ᠶᠢ ᠪᠠᠶᠠᠷᠯᠠᠨ ᠪᠡᠯᠭᠡᠯᠡᠬᠦ᠎ᠶᠢᠨ ᠲᠥᠯᠦᠭᠡ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ ᠦᠢᠯᠡᠰ ᠪᠠᠭᠤᠳᠠᠯ᠎ᠳᠤ 《ᠨᠠᠮ᠎ᠤᠨ ᠲᠡᠦᠬᠡ᠎ᠶᠢ ᠡᠷᠭᠢᠴᠡᠭᠦᠯᠤᠨ᠂ ᠨᠠᠮ᠎ᠤᠨ ᠠᠴᠢ᠎ᠶᠢ ᠴᠡᠭᠡᠵᠢᠯᠡᠨ᠂ ᠨᠠᠮ᠎ᠢᠶᠠᠨ ᠳᠠᠭᠠᠬᠤ》 ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠭᠣᠤᠯ ᠰᠡᠳᠦᠪᠲᠦ ᠮᠡᠳᠡᠯᠭᠡ᠎ᠶᠢᠨ ᠤᠷᠤᠯᠳᠤᠭᠠᠨ ᠡᠷᠬᠢᠯᠡᠪᠡ᠃

ᠨᠢᠭᠡᠳᠦᠭᠡᠷ ᠳᠠᠯᠠᠪᠠᠢ ᠤᠷᠤᠯᠳᠤᠭᠠᠨ᠎ᠤ ᠠᠬᠤᠢ ᠳᠠᠯᠠᠪᠠᠢ

 

ᠬᠣᠶᠠᠳᠤᠭᠠᠷ ᠳᠠᠯᠠᠪᠠᠢ ᠤᠷᠤᠯᠳᠤᠭᠠᠨ᠎ᠤ ᠠᠬᠤᠢ ᠳᠠᠯᠠᠪᠠᠢ

  ᠲᠤᠰ ᠤᠳᠠᠭᠠᠨ᠎ᠤ ᠮᠡᠳᠡᠯᠭᠡ᠎ᠶᠢᠨ ᠤᠷᠤᠯᠳᠤᠭᠠᠨ ᠪᠣᠯ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠨᠠᠮ ᠪᠠᠢᠭᠤᠯᠤᠭᠳᠠᠭᠰᠠᠨ 100 ᠵᠢᠯ᠎ᠦᠨ ᠣᠢ᠎ᠶᠢ ᠪᠠᠶᠠᠷᠯᠠᠨ ᠪᠡᠯᠭᠡᠯᠡᠬᠦ ᠰᠢᠷᠢᠰ ᠠᠵᠢᠯᠯᠠᠭ᠎ᠠ᠎ᠶᠢᠨ ᠨᠢᠭᠡ ᠠᠭᠤᠯᠭ᠎ᠠ ᠪᠠᠢᠵᠤ᠂ ᠡᠷᠬᠢᠯᠡᠭᠰᠡᠨ ᠵᠣᠷᠢᠯᠭ᠎ᠠ᠎ᠨᠢ ᠪᠦᠯᠦᠭᠯᠡᠯ᠎ᠦᠨ ᠬᠠᠷᠢᠶ᠎ᠠ ᠡᠯ᠎ᠡ ᠨᠢᠭᠡᠴᠢ᠎ᠶᠢᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶᠢ ᠰᠢᠯᠭᠠᠨ ᠪᠠᠢᠴᠠᠭᠠᠵᠤ᠂ 《ᠲᠡᠦᠬᠡ᠎ᠶᠢ ᠰᠤᠷᠴᠤ ᠶᠣᠰᠤ ᠤᠴᠢᠷ᠎ᠢ ᠮᠡᠳᠡᠬᠦ᠂ ᠲᠡᠦᠬᠡ᠎ᠶᠢ ᠰᠤᠷᠴᠤ ᠢᠲᠡᠭᠡᠯ᠎ᠢᠶᠡᠨ ᠨᠡᠮᠡᠭᠳᠡᠭᠦᠯᠬᠦ᠂ ᠲᠡᠦᠬᠡ᠎ᠶᠢ ᠰᠤᠷᠴᠤ ᠶᠣᠰᠤ ᠰᠤᠷᠲᠠᠬᠤᠨ᠎ᠢ ᠡᠷᠬᠢᠮᠯᠡᠬᠦ᠂ ᠲᠡᠦᠬᠡ᠎ᠶᠢ ᠰᠤᠷᠴᠤ ᠪᠣᠳᠠᠲᠠᠢ᠎ᠳᠤ ᠦᠢᠯᠡᠳᠦᠯᠭᠡᠵᠢᠭᠦᠯᠬᠦ》 ᠰᠤᠷᠤᠯᠴᠠᠯᠭ᠎ᠠ ᠬᠥᠮᠦᠵᠢᠯ᠎ᠦᠨ ᠱᠠᠭᠠᠷᠳᠠᠯᠭ᠎ᠠ᠎ᠶᠢ ᠶᠡᠬᠡ᠎ᠪᠡᠷ ᠦᠢᠯᠡᠳᠦᠯᠭᠡᠵᠢᠭᠦᠯᠵᠦ᠂ ᠪᠦᠯᠦᠭᠯᠡᠯ᠎ᠦᠨ ᠪᠦᠬᠦ ᠺᠠᠳ᠋ᠷ ᠠᠵᠢᠯᠲᠠᠨ᠎ᠤ ᠲᠡᠦᠬᠡ᠎ᠪᠡᠷ ᠯᠠᠪᠯᠠᠯᠲᠠ ᠪᠣᠯᠭᠠᠬᠤ᠂ ᠲᠡᠦᠬᠡ᠎ᠪᠡᠷ ᠵᠣᠷᠢᠭ᠎ᠢᠶᠠᠨ ᠡᠷᠴᠢᠯᠡᠬᠦ᠂ ᠲᠡᠦᠬᠡ᠎ᠶᠢ ᠮᠡᠳᠡᠵᠦ ᠨᠠᠮ᠎ᠢᠶᠠᠨ ᠬᠠᠢᠷᠠᠯᠠᠬᠤ᠂ ᠲᠡᠦᠬᠡ᠎ᠶᠢ ᠮᠡᠳᠡᠵᠦ ᠤᠯᠤᠰ᠎ᠢᠶᠠᠨ ᠬᠠᠢᠷᠠᠯᠠᠬᠤ᠎ᠶᠢ ᠬᠥᠲᠦᠯᠦᠨ ᠵᠢᠯᠤᠭᠤᠳᠭᠤ᠎ᠶᠢᠨ ᠲᠥᠯᠦᠭᠡ᠎ᠶᠦᠮ᠃

  ᠲᠤᠰ ᠤᠳᠠᠭᠠᠨ᠎ᠤ ᠤᠷᠤᠯᠳᠤᠭᠠᠨ᠎ᠳᠤ᠂ ᠬᠡᠪᠯᠡᠯ᠎ᠦᠨ ᠪᠦᠯᠦᠭᠯᠡᠯ᠎ᠦᠨ ᠬᠠᠷᠢᠶ᠎ᠠ ᠨᠢᠭᠡᠴᠢ᠎ᠶᠢᠨ 12 ᠲᠥᠯᠦᠭᠡᠯᠡᠭᠴᠢᠳ᠎ᠦᠨ ᠪᠦᠯᠬᠦᠮ᠎ᠢ ᠬᠣᠶᠠᠷ ᠳᠤᠭᠤᠢᠯᠠᠩ ᠬᠤᠪᠢᠶᠠᠵᠤ᠂ ᠳᠡᠰ ᠳᠠᠷᠠᠭ᠎ᠠ ᠶᠣᠰᠤᠭᠠᠷ ᠤᠷᠤᠯᠳᠤᠭᠠᠨ᠎ᠳᠤ ᠣᠷᠤᠯᠴᠠᠭᠤᠯᠪᠠ᠃ ᠤᠷᠤᠯᠳᠤᠭᠠᠨ᠎ᠤ ᠰᠡᠳᠦᠪ᠎ᠦᠨ ᠬᠡᠯᠪᠡᠷᠢ᠎ᠶᠢ ᠵᠠᠪᠠᠯ ᠬᠠᠷᠢᠭᠤᠯᠬᠤ ᠰᠡᠳᠦᠪ᠂ ᠬᠠᠮᠲᠤ᠎ᠪᠠᠷ ᠬᠠᠷᠢᠭᠤᠯᠬᠤ ᠰᠡᠳᠦᠪ᠂ ᠥᠷᠢᠰᠦᠯᠳᠦᠨ ᠬᠠᠷᠢᠭᠤᠯᠬᠤ ᠰᠡᠳᠦᠪ᠂ ᠲᠦᠭᠰᠢᠭᠦᠷᠢ᠎ᠲᠡᠢ ᠰᠡᠳᠦᠪ ᠭᠡᠬᠦ ᠳᠥᠷᠪᠡᠨ ᠵᠦᠢᠯ᠎ᠳᠦ ᠬᠤᠪᠢᠶᠠᠪᠠ᠃ ᠵᠠᠪᠠᠯ ᠬᠠᠷᠢᠭᠤᠯᠬᠤ ᠰᠡᠳᠦᠪ ᠬᠢᠭᠡᠳ ᠬᠠᠮᠲᠤ᠎ᠪᠠᠷ ᠬᠠᠷᠢᠭᠤᠯᠬᠤ ᠰᠡᠳᠦᠪ᠎ᠢᠶᠡᠷ ᠤᠷᠤᠯᠳᠤᠭᠠᠨ᠎ᠳᠤ ᠣᠷᠤᠯᠴᠠᠭᠴᠢ᠎ᠶᠢᠨ ᠨᠠᠮ᠎ᠤᠨ ᠲᠡᠦᠬᠡ᠎ᠶᠢᠨ ᠰᠠᠭᠤᠷᠢ ᠮᠡᠳᠡᠯᠭᠡ᠎ᠶᠢ ᠡᠵᠡᠮᠰᠢᠭᠰᠡᠨ ᠪᠠ ᠪᠦᠯᠬᠦᠮ ᠨᠡᠢᠲᠡ᠎ᠶᠢᠨ ᠬᠠᠮᠵᠢᠯᠴᠠᠨ ᠬᠠᠪᠰᠤᠷᠤᠯᠴᠠᠬᠤ ᠴᠢᠳᠠᠪᠤᠷᠢ᠎ᠶᠢ ᠰᠢᠯᠭᠠᠨ ᠬᠢᠨᠠᠪᠠ; ᠥᠷᠢᠰᠦᠯᠳᠦᠨ ᠬᠠᠷᠢᠭᠤᠯᠬᠤ ᠭᠣᠭᠴᠤᠭ᠎ᠠ᠎ᠳᠤ ᠤᠷᠤᠯᠳᠤᠭᠠᠨ᠎ᠳᠤ ᠣᠷᠤᠯᠴᠠᠭᠴᠢ᠎ᠶᠢᠨ ᠨᠠᠮ᠎ᠤᠨ ᠲᠡᠦᠬᠡ᠎ᠶᠢᠨ ᠮᠡᠳᠡᠯᠭᠡ᠎ᠶᠢ ᠪᠣᠯᠪᠠᠰᠤᠷᠠᠩᠭᠤᠢ ᠡᠵᠡᠮᠰᠢᠭᠰᠡᠨ ᠬᠡᠮᠵᠢᠶ᠎ᠡ ᠬᠢᠭᠡᠳ ᠲᠦᠷᠭᠡᠨ ᠲᠤᠰᠭᠠᠬᠤ ᠴᠢᠳᠠᠪᠤᠷᠢ᠎ᠶᠢ ᠰᠢᠯᠭᠠᠨ ᠬᠢᠨᠠᠵᠤ᠂ ᠠᠭᠤᠷ ᠠᠮᠢᠰᠭᠤᠯ᠎ᠨᠢ ᠪᠠᠴᠢᠮ ᠮᠥᠷᠲᠡᠭᠡᠨ ᠳᠤᠷ᠎ᠠ ᠰᠣᠨᠢᠷᠬᠠᠯ᠎ᠲᠠᠢ ᠪᠠᠢᠳᠠᠭ; ᠲᠦᠭᠰᠢᠭᠦᠷᠢ᠎ᠲᠡᠢ ᠰᠡᠳᠦᠪ᠎ᠨᠢ ᠬᠠᠷᠢᠨ ᠬᠤᠪᠢ᠎ᠪᠠᠨ ᠬᠠᠰᠤᠭᠤᠯᠬᠤ ᠪᠤᠶᠤ ᠬᠤᠪᠢ ᠨᠡᠮᠡᠬᠦ ᠵᠠᠩᠭᠢᠯᠠᠭ᠎ᠠ ᠪᠠᠢᠵᠤ᠂ ᠤᠷᠤᠯᠳᠤᠭᠠᠨ᠎ᠳᠤ ᠣᠷᠤᠯᠴᠠᠭᠴᠢ᠎ᠶᠢᠨ ᠣᠶᠤᠨ ᠤᠬᠠᠭᠠᠨ ᠬᠢᠭᠡᠳ ᠵᠣᠷᠢᠭ ᠰᠥᠰᠦ᠎ᠶᠢ ᠰᠢᠯᠭᠠᠨ ᠬᠢᠨᠠᠪᠠ᠃ ᠤᠷᠤᠯᠳᠤᠭᠠᠨ᠎ᠤ ᠶᠠᠪᠤᠴᠠ᠎ᠨᠢ ᠪᠠᠴᠢᠮ ᠪᠥᠭᠡᠳ ᠬᠤᠷᠴᠠ ᠰᠢᠷᠦᠭᠦᠨ᠂ ᠬᠥᠮᠦᠰ᠎ᠦᠨ ᠰᠡᠳᠭᠢᠯ᠎ᠢ ᠳᠣᠭᠳᠤᠯᠤᠭᠤᠯᠤᠮ᠎ᠠ ᠪᠣᠯᠪᠠᠴᠤ ᠡᠶ᠎ᠡ ᠵᠣᠬᠢᠴᠠᠩᠭᠤᠢ ᠪᠥᠭᠡᠳ ᠪᠠᠶᠠᠷ ᠪᠠᠶᠠᠰᠤᠯ᠎ᠲᠠᠢ ᠪᠠᠢᠵᠤ᠂ ᠤᠷᠤᠯᠳᠤᠭᠠᠨ᠎ᠳᠤ ᠣᠷᠤᠯᠴᠠᠭᠴᠢ ᠨᠢᠭᠡᠪᠦᠷᠢ ᠢᠲᠡᠭᠡᠯ ᠲᠡᠭᠦᠯᠳᠡᠷ ᠪᠥᠭᠡᠳ ᠤᠷᠤᠰᠤᠮ᠎ᠠ ᠲᠣᠳᠤ ᠬᠠᠷᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠬᠢᠭᠡᠳ ᠬᠥᠮᠦᠰ᠎ᠦᠨ ᠰᠡᠳᠭᠢᠯ᠎ᠢ ᠳᠣᠭᠳᠤᠯᠤᠭᠤᠯᠤᠭᠰᠠᠨ ᠲᠡᠦᠬᠡ᠎ᠶᠢᠨ ᠬᠠᠭᠤᠳᠠᠰᠤ᠎ᠨᠢ ᠤᠷᠤᠯᠳᠤᠭᠠᠨ᠎ᠤ ᠣᠷᠭᠢᠯ᠎ᠳᠤ᠎ᠪᠠᠨ ᠬᠦᠷᠬᠦ᠎ᠶᠢ ᠳᠠᠭᠠᠯᠳᠤᠨ ᠢᠳᠡᠭ ᠢᠳᠡᠭ᠎ᠢᠶᠡᠷ ᠬᠥᠮᠦᠰ᠎ᠦᠨ ᠡᠮᠦᠨ᠎ᠡ ᠢᠯᠡ ᠲᠣᠳᠤ ᠳᠡᠯᠭᠡᠭᠳᠡᠵᠦ᠂ ᠠᠬᠤᠢ ᠲᠠᠯᠠᠪᠠᠢ᠎ᠳᠤ ᠪᠠᠢᠭ᠎ᠠ ᠦᠵᠡᠭᠴᠢᠳ᠎ᠴᠦ ᠤᠷᠤᠯᠳᠤᠭᠠᠨ᠎ᠤ ᠶᠠᠪᠤᠴᠠ᠎ᠳᠤ ᠨᠠᠮ᠎ᠤᠨ ᠲᠡᠦᠬᠡ᠎ᠶᠢ ᠳᠠᠬᠢᠨᠲᠠ ᠰᠤᠷᠤᠯᠴᠠᠵᠤ᠂ ᠮᠠᠰᠢ ᠭᠦᠨᠵᠡᠭᠡᠢ ᠬᠥᠮᠦᠵᠢᠯ ᠬᠦᠷᠲᠡᠭᠰᠡᠨ ᠪᠠᠢᠨ᠎ᠠ᠃

  ᠨᠢᠭᠡ ᠦᠳᠡ᠎ᠶᠢᠨ ᠡᠮᠦᠨᠡᠬᠢ ᠬᠤᠷᠴᠠ ᠰᠢᠷᠦᠭᠦᠨ ᠥᠷᠢᠰᠦᠯᠳᠦᠭᠡᠨ᠎ᠢᠶᠡᠷ ᠳᠠᠮᠵᠢᠨ᠂ ᠥᠪᠦᠷ ᠮᠣᠩᠭᠤᠯ᠎ᠤᠨ ᠠᠷᠠᠳ᠎ᠤᠨ ᠬᠡᠪᠯᠡᠯ᠎ᠦᠨ ᠬᠣᠷᠢᠶᠠᠨ᠎ᠤ ᠲᠥᠯᠦᠭᠡᠯᠡᠭᠴᠢᠳ᠎ᠦᠨ ᠪᠦᠯᠬᠦᠮ ᠣᠯᠠᠨ᠎ᠠᠴᠠ ᠣᠷᠤᠢᠯᠠᠵᠤ᠂ ᠨᠢᠭᠡᠳᠦᠭᠡᠷ ᠨᠡᠷᠡᠰ᠎ᠲᠦ ᠲᠣᠳᠤᠷᠠᠪᠠ; ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠲᠥᠯᠦᠭᠡᠯᠡᠭᠴᠢᠳ᠎ᠦᠨ ᠪᠦᠯᠬᠦᠮ᠂ ᠥᠪᠦᠷ ᠮᠣᠩᠭᠤᠯ᠎ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ᠎ᠶᠢᠨ ᠲᠥᠯᠦᠭᠡᠯᠡᠭᠴᠢᠳ᠎ᠦᠨ ᠪᠦᠯᠬᠦᠮ ᠲᠤᠰ ᠲᠤᠰ ᠬᠣᠶᠠᠳᠤᠭᠠᠷ ᠨᠡᠷᠡᠰ᠎ᠲᠦ ᠲᠣᠳᠤᠷᠠᠵᠤ᠂ ᠠᠯᠤᠰ᠎ᠤᠨ᠎ᠪᠠᠷ᠎ᠠ ᠬᠡᠪᠯᠡᠯ᠎ᠦᠨ ᠬᠣᠷᠢᠶ᠎ᠠ᠎ᠶᠢᠨ ᠲᠥᠯᠦᠭᠡᠯᠡᠭᠴᠢᠳ᠎ᠦᠨ ᠪᠦᠯᠬᠦᠮ᠂ ᠦᠢᠯᠡᠰ ᠪᠠᠭᠤᠳᠠᠯ᠎ᠤᠨ ᠠᠳᠠᠯ ᠠᠬᠤᠢ᠎ᠶᠢᠨ ᠺᠣᠮᠫᠠᠨᠢ᠎ᠶᠢᠨ ᠬᠣᠯᠪᠤᠭᠠᠲᠤ ᠪᠦᠯᠬᠦᠮ᠂ ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶ᠎ᠠ᠎ᠶᠢᠨ ᠲᠥᠯᠦᠭᠡᠯᠡᠭᠴᠢᠳ᠎ᠦᠨ ᠪᠦᠯᠬᠦᠮ ᠭᠤᠷᠪᠠᠳᠤᠭᠠᠷ ᠨᠡᠷᠡᠰ᠎ᠲᠦ ᠲᠣᠳᠤᠷᠠᠵᠠᠢ᠃

  ᠨᠠᠮ᠎ᠤᠨ ᠵᠠᠭᠤᠨ ᠵᠢᠯ᠎ᠦᠨ ᠲᠡᠦᠬᠡ᠎ᠨᠢ ᠬᠥᠮᠦᠰ᠎ᠦᠨ ᠰᠡᠳᠭᠢᠯ᠎ᠢ ᠤᠷᠮᠠᠰᠢᠭᠤᠯᠤᠨ ᠬᠥᠭᠵᠢᠭᠡᠵᠦ᠂ ᠶᠡᠷᠦ ᠪᠤᠰᠤ᠎ᠶᠢᠨ ᠣᠨ ᠰᠠᠷ᠎ᠠ᠎ᠳᠤ ᠤᠭ ᠰᠠᠨᠠᠭ᠎ᠠ᠎ᠪᠠᠨ ᠡᠭᠦᠷᠢᠳᠡ ᠪᠠᠷᠢᠮᠲᠠᠯᠠᠨ᠎ᠠ᠃ ᠳᠣᠯᠤᠭᠠᠨ ᠰᠠᠷ᠎ᠠ᠎ᠶᠢᠨ ᠨᠢᠭᠡᠨ᠎ᠦ ᠨᠠᠮ ᠪᠠᠢᠭᠤᠯᠤᠭᠳᠠᠭᠰᠠᠨ ᠣᠢ᠎ᠶᠢᠨ ᠪᠠᠶᠠᠷ ᠣᠢᠷᠠᠲᠤᠬᠤ᠎ᠶᠢ ᠳᠠᠭᠠᠯᠳᠤᠨ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠣᠯᠠᠨ ᠵᠦᠢᠯ᠎ᠦᠨ ᠬᠡᠯᠪᠡᠷᠢ᠎ᠶᠢᠨ ᠭᠣᠤᠯ ᠰᠡᠳᠦᠪᠲᠦ ᠠᠵᠢᠯᠯᠠᠭ᠎ᠠ ᠥᠷᠨᠢᠭᠦᠯᠬᠦ᠎ᠪᠡᠷ ᠳᠠᠮᠵᠢᠭᠤᠯᠤᠨ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ᠎ᠦᠨ ᠣᠢ᠎ᠶᠢ ᠪᠠᠶᠠᠷᠯᠠᠨ ᠪᠡᠯᠭᠡᠯᠡᠵᠦ᠂ ᠪᠦᠬᠦ ᠨᠠᠮ᠎ᠤᠨ ᠭᠡᠱ᠌ᠢᠭᠦᠨ ᠺᠠᠳ᠋ᠷ᠎ᠤᠨ ᠬᠦᠰᠡᠯᠡᠩ ᠢᠲᠡᠭᠡᠯ ᠵᠣᠷᠢᠭ᠎ᠢ ᠪᠠᠲᠤᠳᠭᠠᠵᠤ᠂ ᠰᠢᠯᠢᠳᠡᠭ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠶᠠᠪᠤᠴᠠ᠎ᠠᠴᠠ  ᠤᠷᠤᠭᠰᠢᠯᠠᠨ ᠳᠠᠪᠰᠢᠬᠤ ᠣᠶᠤᠨ ᠤᠬᠠᠭᠠᠨ ᠪᠠ ᠬᠦᠴᠦᠨ ᠴᠢᠳᠠᠯ᠎ᠢ ᠰᠢᠩᠭᠡᠭᠡᠨ ᠠᠪᠤᠭᠰᠠᠨ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃