ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ 《ᠮᠠᠭᠲᠠᠭᠠᠯ ᠳᠠᠭᠤᠤ᠎ᠪᠠᠨ ᠠᠭᠤᠤ ᠨᠠᠮ᠎ᠳᠤ᠎ᠪᠠᠨ ᠡᠷᠭᠦᠶ᠎ᠡ》 ᠨᠠᠢᠷᠠᠯ ᠳᠠᠭᠤᠤ᠎ᠶᠢᠨ ᠤᠷᠤᠯᠳᠤᠭᠠᠨ ᠡᠷᠬᠢᠯᠡᠪᠡ
2021.07.12

  7᠎ᠳᠤᠭᠠᠷ ᠰᠠᠷ᠎ᠠ᠎ᠶᠢᠨ 9᠎ᠦ ᠦᠳᠡ᠎ᠶᠢᠨ ᠬᠣᠢᠨ᠎ᠠ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠡᠴᠡ ᠦᠢᠯᠡᠰ ᠪᠠᠭᠤᠳᠠᠯ᠎ᠳᠤ 《ᠮᠠᠭᠲᠠᠭᠠᠯ ᠳᠠᠭᠤᠤ᠎ᠪᠠᠨ ᠠᠭᠤᠤ ᠨᠠᠮ᠎ᠳᠤ᠎ᠪᠠᠨ ᠡᠷᠭᠦᠶ᠎ᠡ》 ᠨᠠᠢᠷᠠᠯ ᠳᠠᠭᠤᠤ᠎ᠶᠢᠨ ᠤᠷᠤᠯᠳᠤᠭᠠᠨ ᠡᠷᠬᠢᠯᠡᠨ ᠶᠠᠪᠤᠭᠤᠯᠪᠠ᠃ ᠡᠨᠡ ᠤᠳᠠᠭᠠᠨ᠎ᠤ ᠤᠷᠤᠯᠳᠤᠭᠠᠨ ᠪᠣᠯ ᠪᠦᠯᠦᠭᠯᠡᠯ᠎ᠦᠨ ᠨᠠᠮ᠎ᠤᠨ ᠬᠣᠷᠢᠶ᠎ᠠ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ ᠵᠠᠭᠤᠨ ᠵᠢᠯ᠎ᠦᠨ ᠣᠢ᠎ᠶᠢᠨ ᠪᠠᠶᠠᠷ᠎ᠢ ᠪᠠᠶᠠᠷᠯᠠᠨ ᠪᠡᠯᠭᠡᠯᠡᠬᠦ᠎ᠶᠢᠨ ᠲᠥᠯᠦᠭᠡ ᠡᠷᠬᠢᠯᠡᠭᠰᠡᠨ ᠱᠢᠷᠢᠰ ᠠᠵᠢᠯᠯᠠᠭ᠎ᠠ᠎ᠶᠢᠨ ᠨᠢᠭᠡ ᠪᠠᠢᠵᠤ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠠᠴᠠ ᠵᠣᠬᠢᠶᠠᠨ ᠪᠠᠢᠭᠤᠯᠤᠨ ᠥᠷᠨᠢᠭᠦᠯᠦᠭᠰᠡᠨ 《ᠥᠨᠢ ᠡᠭᠦᠷᠢᠳᠡ ᠨᠠᠮ᠎ᠢᠶᠠᠨ ᠳᠠᠭᠠᠨ ᠤᠷᠤᠭᠱᠢᠯᠠᠬᠤ》 ᠣᠯᠠᠨ ᠲᠦᠮᠡᠨᠴᠢ ᠴᠢᠨᠠᠷᠲᠠᠢ ᠭᠣᠤᠯ ᠰᠡᠳᠦᠪᠲᠦ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠬᠦ ᠱᠠᠭᠠᠷᠳᠠᠯᠭ᠎ᠠ᠎ᠶᠢ ᠢᠳᠡᠪᠬᠢᠲᠡᠢ ᠨᠠᠢᠳᠠᠪᠤᠷᠢᠵᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠦ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠵᠢᠭᠠᠪᠤᠷᠢ᠎ᠶᠢ ᠰᠣᠨᠤᠰᠭᠤ᠂ ᠨᠠᠮ᠎ᠢᠶᠠᠨ ᠳᠠᠭᠠᠨ ᠤᠷᠤᠭᠱᠢᠯᠠᠬᠤ ᠤᠷᠮ᠎ᠠ ᠰᠡᠳᠬᠢᠯᠭᠡ᠎ᠶᠢ ᠬᠥᠭᠵᠢᠭᠡᠬᠦ᠎ᠪᠡᠷ ᠵᠣᠷᠢᠯᠲᠠ᠎ᠪᠠᠨ ᠪᠣᠯᠭᠠᠪᠠ᠃ ᠪᠦᠯᠦᠭᠯᠡᠯ᠎ᠦᠨ ᠬᠠᠷᠢᠶ᠎ᠠ 13 ᠨᠢᠭᠡᠴᠢ᠎ᠶᠢᠨ ᠲᠥᠯᠦᠭᠡᠯᠡᠭᠴᠢᠳ᠎ᠦᠨ ᠪᠦᠯᠬᠦᠮ ᠳᠡᠰ ᠳᠠᠷᠠᠭ᠎ᠠ ᠶᠣᠰᠤᠭᠠᠷ ᠲᠠᠢᠰᠠᠨ᠎ᠳᠤ ᠭᠠᠷᠴᠤ᠂ ᠤᠶᠠᠩᠭ᠎ᠠ ᠳᠠᠭᠤᠤ᠎ᠪᠠᠷ᠎ᠢᠶᠠᠨ ᠨᠠᠮ᠎ᠳᠤ᠎ᠪᠠᠨ ᠦᠨᠡᠨᠴᠢ ᠱᠢᠳᠤᠷᠭᠤ᠎ᠪᠠᠷ ᠵᠢᠳᠬᠦᠬᠦ ᠭᠦᠨ ᠭᠦᠨᠵᠡᠭᠡᠢ ᠬᠠᠢᠷ᠎ᠠ ᠰᠡᠳᠬᠢᠯᠭᠡ᠎ᠪᠡᠨ ᠢᠯᠡᠳᠬᠡᠪᠡ᠃

 

  ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠨᠠᠮ᠎ᠤᠨ᠎ᠢᠶᠠᠨ ᠲᠥᠯᠦᠭᠡ ᠵᠢᠳᠬᠦᠨ ᠴᠢᠷᠮᠠᠢᠵᠤ᠂ ᠦᠳᠡᠱᠢ᠎ᠶᠢᠨ ᠨᠠᠷᠠᠨ᠎ᠤ ᠤᠯᠠᠪᠢᠷ ᠲᠤᠶᠠᠭ᠎ᠠ ᠤᠮᠠᠷᠠᠲᠤ ᠬᠢᠵᠠᠭᠠᠷ᠎ᠢ ᠭᠡᠷᠡᠯᠲᠦᠭᠦᠯᠦᠨ᠎ᠡ᠃ 《ᠡᠪ ᠬᠠᠮᠲᠤ ᠨᠠᠮ ᠪᠠᠢᠬᠤ᠎ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ᠎ᠦᠭᠡᠢ》᠂ 《ᠠᠷᠠᠳ᠎ᠤᠨ ᠳᠠᠭᠤᠤ᠎ᠪᠠᠨ ᠳᠠᠭᠤᠯᠠᠵᠤ ᠠᠭᠤᠤ ᠨᠠᠮ᠎ᠢᠶᠠᠨ ᠮᠠᠭᠲᠠᠨ ᠳᠠᠭᠤᠯᠠᠶ᠎ᠠ》᠂ 《ᠬᠤᠷᠴᠠ ᠤᠯᠠᠭᠠᠨ ᠴᠡᠴᠡᠭ》᠂ 《ᠡᠬᠡ ᠤᠯᠤᠰ᠎ᠤᠨ᠎ᠢᠶᠠᠨ ᠬᠥᠬᠡ ᠣᠭᠲᠠᠷᠭᠤᠢ᠎ᠳᠤ ᠬᠠᠢᠷᠠᠲᠠᠢ》᠂ 《ᠤᠭ ᠰᠠᠨᠠᠭ᠎ᠠ᠎ᠪᠠᠨ ᠮᠠᠷᠲᠠᠬᠤ᠎ᠦᠭᠡᠢ》 ᠭᠡᠬᠦ ᠮᠡᠲᠦ᠎ᠶᠢᠨ ᠰᠣᠨᠤᠷ᠎ᠢ ᠪᠠᠶᠠᠰᠭᠠᠵᠤ ᠰᠡᠳᠬᠢᠯ᠎ᠢ ᠳᠣᠭᠳᠤᠯᠤᠭᠤᠯᠤᠭᠰᠠᠨ ᠤᠶᠠᠩᠭ᠎ᠠ ᠳᠠᠭᠤᠤ᠎ᠶᠢ ᠨᠠᠢᠷᠠᠯ ᠳᠠᠭᠤᠤ᠎ᠶᠢᠨ ᠬᠡᠯᠪᠡᠷᠢ᠎ᠪᠠᠷ ᠤᠶᠠᠩᠭᠠᠯᠠᠨ ᠳᠠᠭᠤᠯᠠᠭᠰᠠᠨ᠎ᠠᠴᠠ ᠨᠡᠩ ᠰᠦᠷ ᠵᠢᠪᠬᠤᠯᠠᠩᠲᠠᠢ ᠪᠥᠭᠡᠳ ᠣᠮᠤᠭ ᠲᠡᠭᠦᠯᠳᠡᠷ᠂ ᠬᠥᠮᠦᠰ᠎ᠦᠨ ᠰᠡᠳᠬᠢᠯ᠎ᠢ ᠨᠡᠩ ᠳᠣᠭᠳᠤᠯᠤᠭᠤᠯᠤᠨ ᠤᠷᠮᠠᠱᠢᠭᠤᠯᠬᠤ ᠬᠠᠷᠠᠯᠲᠠ᠎ᠳᠤ᠎ᠪᠠᠨ ᠬᠦᠷᠴᠦ ᠴᠢᠳᠠᠭᠰᠠᠨ ᠪᠠᠢᠨ᠎ᠠ᠃ ᠤᠷᠤᠯᠳᠤᠭᠠᠨ᠎ᠳᠤ ᠣᠷᠤᠯᠴᠠᠭᠰᠠᠨ ᠡᠯ᠎ᠡ ᠨᠢᠭᠡᠴᠢ᠎ᠶᠢᠨ ᠳᠠᠭᠤᠯᠠᠭᠰᠠᠨ᠎ᠨᠢ ᠥᠪᠡᠷᠮᠢᠴᠡ ᠬᠡᠪ ᠨᠠᠮᠪᠠᠭ᠎ᠠ᠎ᠲᠠᠢ᠂ ᠣᠷᠭᠢᠯᠤᠮ᠎ᠠ ᠪᠠᠬᠠᠳᠤᠮ᠎ᠠ ᠬᠠᠢᠷ᠎ᠠ ᠰᠡᠳᠬᠢᠯᠭᠡ᠎ᠲᠡᠢ᠂ ᠴᠣᠭ ᠵᠢᠪᠬᠤᠭᠠᠯᠢᠭ ᠪᠥᠭᠡᠳ ᠤᠷᠮ᠎ᠠ ᠰᠡᠳᠬᠢᠯᠭᠡ ᠲᠡᠭᠦᠯᠳᠡᠷ ᠪᠠᠢᠵᠤ᠂ ᠱᠢᠨ᠎ᠡ ᠴᠠᠭ ᠦᠶ᠎ᠡ᠎ᠶᠢᠨ ᠬᠡᠪᠯᠡᠯ᠎ᠦᠨ ᠠᠵᠢᠯᠲᠠᠳ᠎ᠤᠨ ᠴᠤᠴᠠᠯᠲᠠ᠎ᠦᠭᠡᠢ ᠴᠢᠷᠮᠠᠢᠨ ᠤᠷᠤᠭᠱᠢᠯᠠᠬᠤ ᠵᠣᠷᠢᠭ ᠰᠠᠨᠠᠭ᠎ᠠ ᠴᠣᠭ ᠵᠢᠪᠬᠤᠭ᠎ᠠ᠎ᠶᠢ ᠭᠦᠢᠴᠡᠳ ᠢᠯᠡᠷᠡᠭᠦᠯᠵᠦ᠂ ᠲᠠᠢᠰᠠᠨ᠎ᠤ ᠳᠣᠤᠷᠠᠬᠢ ᠦᠵᠡᠭᠴᠢᠳ᠎ᠦᠨ ᠵᠢᠷᠦᠬᠡ ᠰᠡᠳᠬᠢᠯ᠎ᠢ ᠳᠣᠭᠳᠤᠯᠤᠭᠤᠯᠵᠤ᠂ ᠣᠮᠤᠭ ᠵᠣᠷᠢᠭ᠎ᠢ ᠬᠥᠭᠵᠢᠭᠡᠵᠦ ᠪᠠᠢᠯ᠎ᠠ᠃

  ᠨᠠᠢᠷᠠᠯ ᠳᠠᠭᠤᠤ᠎ᠶᠢᠨ ᠤᠷᠤᠯᠳᠤᠭᠠᠨ᠎ᠨᠢ 《ᠤᠭ ᠰᠠᠨᠠᠭ᠎ᠠ᠎ᠪᠠᠨ ᠮᠠᠷᠲᠠᠬᠤ᠎ᠦᠭᠡᠢ》 ᠭᠡᠬᠦ ᠠᠶ᠎ᠠ ᠳᠠᠭᠤᠤ᠎ᠶᠢᠨ ᠳᠤᠮᠳᠠ ᠬᠥᠱᠢᠭᠡ᠎ᠪᠡᠨ ᠪᠠᠭᠤᠯᠭᠠᠪᠠ᠃ ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠲᠥᠯᠦᠭᠡᠯᠡᠭᠴᠢᠳ᠎ᠦᠨ ᠪᠦᠯᠬᠦᠮ ᠨᠢᠭᠡᠳᠦᠭᠡᠷ ᠳᠡᠰ᠎ᠦᠨ ᠱᠠᠩᠨᠠᠯ ᠬᠦᠷᠲᠡᠵᠦ᠂ ᠥᠪᠦᠷ ᠮᠣᠩᠭᠤᠯ᠎ᠤᠨ ᠠᠷᠠᠳ᠎ᠤᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠭᠠᠵᠠᠷ᠎ᠤᠨ ᠲᠥᠯᠦᠭᠡᠯᠡᠭᠴᠢᠳ᠎ᠦᠨ ᠪᠦᠯᠬᠦᠮ ᠲᠤᠰ ᠲᠤᠰ ᠬᠣᠶᠠᠳᠤᠭᠠᠷ ᠳᠡᠰ᠎ᠦᠨ ᠱᠠᠩᠨᠠᠯ ᠬᠦᠷᠲᠡᠵᠦ᠂ ᠥᠪᠦᠷ ᠮᠣᠩᠭᠤᠯ᠎ᠤᠨ ᠠᠱᠢᠳᠠ ᠰᠤᠷᠭᠠᠨ ᠬᠥᠮᠦᠵᠢᠯ᠎ᠦᠨ ᠬᠡᠪᠯᠡᠯ᠎ᠦᠨ ᠶᠠᠪᠤᠳᠠᠯ᠎ᠤᠨ ᠬᠠᠷᠢᠭᠤᠴᠠᠯᠭᠠᠲᠤ ᠺᠣᠮᠫᠠᠨᠢ᠂ ᠥᠪᠦᠷ ᠮᠣᠩᠭᠤᠯ᠎ᠤᠨ ᠵᠢᠷᠤᠭᠲᠤ ᠰᠣᠨᠢᠨ᠎ᠤ ᠬᠣᠷᠢᠶ᠎ᠠ᠂ ᠠᠯᠤᠰ᠎ᠤᠨ᠎ᠪᠠᠷ᠎ᠠ ᠬᠡᠪᠯᠡᠯ᠎ᠦᠨ ᠬᠣᠷᠢᠶ᠎ᠠ᠎ᠶᠢᠨ ᠲᠥᠯᠦᠭᠡᠯᠡᠭᠴᠢᠳ᠎ᠦᠨ ᠪᠦᠯᠬᠦᠮ ᠲᠤᠰ ᠲᠤᠰ ᠭᠤᠷᠪᠠᠳᠤᠭᠠᠷ ᠳᠡᠰ᠎ᠦᠨ ᠱᠠᠩᠨᠠᠯ ᠬᠦᠷᠲᠡᠪᠡ᠃ ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶ᠎ᠠ ᠬᠢᠭᠡᠳ ᠥᠪᠦᠷ ᠮᠣᠩᠭᠤᠯ᠎ᠤᠨ ᠦᠢᠯᠡᠰ ᠪᠠᠭᠤᠳᠠᠯ ᠱᠢᠯᠢᠳᠡᠭ ᠵᠣᠬᠢᠶᠠᠨ ᠪᠠᠢᠭᠤᠯᠤᠭᠴᠢ᠎ᠶᠢᠨ ᠱᠠᠩᠨᠠᠯ ᠬᠦᠷᠲᠡᠵᠡᠢ᠃

ᠨᠢᠭᠡᠳᠦᠭᠡᠷ ᠳᠡᠰ᠎ᠦᠨ ᠱᠠᠩᠨᠠᠯ ᠬᠦᠷᠲᠡᠭᠴᠢ

 

ᠬᠣᠶᠠᠳᠤᠭᠠᠷ ᠳᠡᠰ᠎ᠦᠨ ᠱᠠᠩᠨᠠᠯ ᠭᠥᠷᠳᠡᠭᠴᠢᠳ

 

ᠭᠤᠷᠪᠠᠳᠤᠭᠠᠷ ᠳᠡᠰ᠎ᠦᠨ ᠱᠠᠩᠨᠠᠯ ᠬᠦᠷᠲᠡᠭᠴᠢᠳ

 

  ᠡᠨᠡ ᠤᠳᠠᠭᠠᠨ᠎ᠤ ᠨᠠᠢᠷᠠᠯ ᠳᠠᠭᠤᠤ᠎ᠶᠢᠨ ᠤᠷᠤᠯᠳᠤᠭᠠᠨ᠎ᠨᠢ ᠬᠡᠪᠯᠡᠯ᠎ᠦᠨ ᠪᠦᠯᠦᠭᠯᠡᠯ᠎ᠦᠨ ᠪᠦᠬᠦ ᠠᠵᠢᠯᠲᠠᠨ ᠠᠵᠢᠯᠴᠢᠨ᠎ᠤ ᠨᠠᠮ ᠪᠠ ᠤᠯᠤᠰ ᠣᠷᠤᠨ᠎ᠳᠤ᠎ᠪᠠᠨ ᠬᠠᠢᠷᠠᠲᠠᠢ ᠤᠷᠮ᠎ᠠ ᠰᠡᠳᠬᠢᠯᠭᠡ ᠪᠠ ᠲᠡᠮᠡᠴᠡᠯ᠎ᠦᠨ ᠵᠣᠷᠢᠭ᠎ᠢ ᠪᠦᠲᠦᠮᠵᠢᠲᠡᠢ ᠬᠥᠭᠵᠢᠭᠡᠵᠦ᠂ ᠬᠠᠲᠠᠭᠤᠵᠢᠯᠲᠠᠢ ᠲᠡᠮᠡᠴᠡᠵᠦ ᠱᠢᠷᠭᠠᠭᠤ ᠠᠵᠢᠯᠯᠠᠬᠤ ᠣᠮᠤᠭ ᠵᠣᠷᠢᠭ᠎ᠢ ᠶᠡᠬᠡ᠎ᠪᠡᠷ ᠪᠦᠯᠬᠦᠮᠳᠡᠬᠦᠯᠦᠨ ᠳᠠᠢᠴᠢᠯᠠᠪᠠ᠃ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠡᠴᠡ ᠶᠡᠷᠦᠩᠬᠡᠢ ᠱᠦᠵᠢ ᠰᠢ᠎ᠵᠢᠨ ᠫᠢᠩ᠎ᠦᠨ 《7 • 1》᠎ᠦ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠤᠭ ᠰᠠᠨᠠᠭ᠎ᠠ᠎ᠪᠠᠨ ᠬᠡᠵᠢᠶᠡᠳᠡ ᠮᠠᠷᠲᠠᠬᠤ᠎ᠦᠭᠡᠢ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ᠎ᠶᠢ ᠪᠡᠶᠡᠯᠡᠭᠦᠯᠬᠦ ᠱᠢᠨ᠎ᠡ ᠠᠶᠠᠨ᠎ᠳᠤ᠎ᠪᠠᠨ ᠵᠣᠷᠢᠭ᠎ᠢᠶᠠᠨ ᠬᠥᠪᠴᠢᠯᠡᠨ ᠡᠷᠡᠯᠬᠡᠭᠯᠡᠨ ᠤᠷᠤᠭᠱᠢᠯᠠᠵᠤ᠂ ᠴᠤᠴᠠᠯᠲᠠ᠎ᠦᠭᠡᠢ ᠪᠠᠢᠯᠳᠤᠨ ᠲᠡᠮᠡᠴᠡᠵᠦ᠂ ᠨᠠᠮ᠎ᠳᠤ᠎ᠪᠠᠨ ᠣᠰᠤᠯᠳᠠᠬᠤ᠎ᠦᠭᠡᠢ᠂ ᠠᠷᠠᠳ ᠲᠦᠮᠡᠨ᠎ᠳᠦ᠎ᠪᠡᠨ ᠣᠰᠤᠯᠳᠠᠬᠤ᠎ᠦᠭᠡᠢ᠂ ᠴᠠᠭ ᠦᠶ᠎ᠡ᠎ᠳᠦ ᠣᠰᠤᠯᠳᠠᠬᠤ᠎ᠦᠭᠡᠢ᠎ᠴᠤ ᠱᠢᠨ᠎ᠡ ᠠᠮᠵᠢᠯᠲᠠ ᠪᠦᠲᠦᠮᠵᠢ᠎ᠶᠢ ᠴᠢᠷᠮᠠᠢᠨ ᠡᠭᠦᠳᠴᠦ ᠪᠣᠢ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃