ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠬᠣᠶᠠᠳᠤᠭᠠᠷ ᠬᠤᠭᠤᠴᠠᠭᠠᠨ᠎ᠤ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠲᠤᠰᠭᠠᠢ ᠰᠡᠳᠦᠪᠲᠦ ᠪᠣᠯᠪᠠᠰᠤᠷᠠᠯ᠎ᠤᠨ ᠠᠩᠭᠢ ᠵᠢᠴᠢ ᠰᠢ᠎ᠵᠢᠨ ᠫᠢᠩ ᠶᠡᠷᠦᠩᠬᠡᠢ ᠱᠦᠵᠢ᠎ᠶᠢᠨ 《7·1》᠎ᠦ ᠴᠢᠬᠤᠯᠠ ᠶᠠᠷᠢᠶ᠎ᠠ᠎ᠶᠢᠨ ᠵᠣᠷᠢᠭ ᠰᠠᠨᠠᠭᠠᠨ᠎ᠤ ᠬᠠᠪᠰᠤᠷᠤᠨ ᠵᠢᠯᠤᠭᠤᠳᠭᠤ ᠲᠠᠢᠯᠤᠮᠵᠢ ᠡᠷᠬᠢᠯᠡᠪᠡ
2021.08.04

  7᠎ᠳᠤᠭᠠᠷ ᠰᠠᠷ᠎ᠠ᠎ᠶᠢᠨ 14᠎ᠦ ᠦᠳᠡ᠎ᠶᠢᠨ ᠬᠣᠢᠨ᠎ᠠ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠡᠴᠡ ᠦᠢᠯᠡᠰ ᠪᠠᠭᠤᠳᠠᠯ᠎ᠳᠤ ᠬᠣᠶᠠᠳᠤᠭᠠᠷ ᠬᠤᠭᠤᠴᠠᠭᠠᠨ᠎ᠤ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠲᠤᠰᠭᠠᠢ ᠰᠡᠳᠦᠪᠲᠦ ᠪᠣᠯᠪᠠᠰᠤᠷᠠᠯ᠎ᠤᠨ ᠠᠩᠭᠢ ᠵᠢᠴᠢ ᠰᠢ᠎ᠵᠢᠨ ᠫᠢᠩ ᠶᠡᠷᠦᠩᠬᠡᠢ ᠱᠦᠵᠢ᠎ᠶᠢᠨ 《7·1》᠎ᠦ ᠴᠢᠬᠤᠯᠠ ᠶᠠᠷᠢᠶ᠎ᠠ᠎ᠶᠢᠨ ᠵᠣᠷᠢᠭ ᠰᠠᠨᠠᠭᠠᠨ᠎ᠤ ᠬᠠᠪᠰᠤᠷᠤᠨ ᠵᠢᠯᠤᠭᠤᠳᠭᠤ ᠲᠠᠢᠯᠤᠮᠵᠢ ᠡᠷᠬᠢᠯᠡᠵᠦ᠂ ᠪᠦᠯᠦᠭᠯᠡᠯ᠎ᠦᠨ ᠶᠡᠷᠦᠩᠬᠡᠢ ᠭᠠᠵᠠᠷ ᠵᠢᠴᠢ ᠬᠠᠷᠢᠶ᠎ᠠ ᠨᠢᠭᠡᠴᠢ᠎ᠶᠢᠨ ᠨᠠᠮ᠎ᠤᠨ ᠭᠡᠱᠢᠭᠦᠳ ᠰᠤᠷᠤᠯᠴᠠᠯᠭ᠎ᠠ᠎ᠳᠤ ᠣᠷᠤᠯᠴᠠᠪᠠ᠃

  7᠎ᠳᠤᠭᠠᠷ ᠰᠠᠷ᠎ᠠ᠎ᠶᠢᠨ 1᠎ᠦ ᠡᠳᠦᠷ ᠰᠢ᠎ᠵᠢᠨ ᠫᠢᠩ ᠶᠡᠷᠦᠩᠬᠡᠢ ᠱᠦᠵᠢ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ᠎ᠦᠨ ᠣᠢ᠎ᠶᠢ ᠪᠠᠶᠠᠷᠯᠠᠨ ᠪᠡᠯᠭᠡᠯᠡᠬᠦ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠭᠡᠷᠡᠯ ᠰᠠᠴᠤᠷᠠᠩᠭᠤᠢ ᠲᠡᠦᠬᠡᠨ ᠥᠩᠭᠡᠷᠡᠯᠲᠡ᠎ᠶᠢ ᠡᠷᠭᠢᠴᠡᠭᠦᠯᠦᠨ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠭᠡᠭᠡᠨ ᠰᠠᠷᠠᠭᠤᠯ ᠠᠯᠤᠰ ᠢᠷᠡᠭᠡᠳᠦᠢ᠎ᠶᠢ ᠪᠠᠷᠠᠯᠠᠵᠤ᠂ ᠱᠢᠨ᠎ᠡ ᠠᠶᠠᠨ ᠵᠠᠮ᠎ᠳᠠᠬᠢ ᠨᠠᠮ ᠲᠥᠷᠦ᠎ᠶᠢᠨ ᠡᠯ᠎ᠡ ᠲᠠᠯ᠎ᠠ᠎ᠶᠢᠨ ᠦᠢᠯᠡᠰ᠎ᠦᠨ ᠬᠥᠭᠵᠢᠯᠲᠡ᠎ᠳᠦ ᠤᠷᠤᠭᠱᠢᠯᠠᠯᠲᠠ᠎ᠶᠢᠨ ᠴᠢᠭᠯᠡᠯ᠎ᠢ ᠲᠣᠳᠤᠷᠬᠠᠢ ᠵᠢᠭᠠᠭᠰᠠᠨ ᠪᠠᠢᠨ᠎ᠠ᠃

  ᠰᠢ᠎ᠵᠢᠨ ᠫᠢᠩ ᠶᠡᠷᠦᠩᠬᠡᠢ ᠱᠦᠵᠢ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠤᠯᠠᠮ ᠨᠢᠭᠡ ᠠᠯᠬᠤᠮ ᠰᠤᠷᠤᠯᠴᠠᠨ ᠲᠤᠭᠤᠱᠢᠯᠠᠭᠤᠯᠬᠤ᠎ᠶᠢᠨ ᠲᠥᠯᠦᠭᠡ᠂ ᠪᠦᠯᠦᠭᠯᠡᠯ᠎ᠡᠴᠡ ᠣᠨᠴᠠᠭᠠᠢᠯᠠᠨ ᠥᠪᠦᠷ ᠮᠣᠩᠭᠤᠯ᠎ᠤᠨ ᠨᠠᠮ᠎ᠤᠨ ᠰᠤᠷᠭᠠᠭᠤᠯᠢ᠎ᠶᠢᠨ ᠯᠢ ᠬᠤᠩ ᠫᠷᠤᠹᠧᠰᠰᠤᠷ ᠎ᠢ ᠤᠷᠢᠵᠤ ᠬᠠᠪᠰᠤᠷᠤᠨ ᠵᠢᠯᠤᠭᠤᠳᠭᠤ ᠲᠠᠢᠯᠤᠮᠵᠢ ᠬᠢᠯᠭᠡᠪᠡ᠃ ᠯᠢ ᠬᠤᠩ ᠫᠷᠤᠹᠧᠰᠰᠤᠷ ᠪᠣᠯ ᠥᠪᠦᠷ ᠮᠣᠩᠭᠤᠯ᠎ᠤᠨ ᠨᠠᠮ᠎ᠤᠨ ᠰᠤᠷᠭᠠᠭᠤᠯᠢ᠎ᠶᠢᠨ ᠬᠢᠴᠢᠶᠡᠯ ᠬᠥᠮᠦᠵᠢᠯ᠎ᠦᠨ ᠭᠠᠵᠠᠷ᠎ᠤᠨ ᠳᠠᠷᠤᠭ᠎ᠠ ᠮᠥᠷᠲᠡᠭᠡᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶᠢᠨ ᠭᠠᠵᠠᠷ᠎ᠤᠨ ᠡᠷᠬᠢᠯᠡᠭᠴᠢ᠂ ᠥᠪᠦᠷ ᠮᠣᠩᠭᠤᠯ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶᠢᠨ ᠨᠡᠢᠭᠡᠮᠯᠢᠭ᠎ᠦᠨ ᠳᠡᠳ ᠨᠠᠷᠢᠨ ᠪᠢᠴᠢᠭ᠎ᠦᠨ ᠳᠠᠷᠤᠭ᠎ᠠ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠲᠤᠰᠭᠠᠢ ᠮᠡᠷᠭᠡᠵᠢᠯᠲᠡᠨ᠎ᠦ ᠪᠦᠯᠬᠦᠮ᠎ᠦᠨ ᠲᠤᠰᠭᠠᠢ ᠮᠡᠷᠭᠡᠵᠢᠯᠲᠡᠨ ᠪᠠᠢᠵᠤ᠂ ᠤᠷᠲᠤ ᠬᠤᠭᠤᠴᠠᠭ᠎ᠠ᠎ᠪᠠᠷ ᠨᠠᠮ᠎ᠤᠨ ᠪᠠᠢᠭᠤᠯᠤᠯᠲᠠ᠂ ᠠᠷᠠᠳᠴᠢᠯᠠᠭᠰᠠᠨ ᠤᠯᠤᠰ ᠲᠥᠷᠦ᠎ᠶᠢᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ ᠵᠡᠷᠭᠡ ᠠᠰᠠᠭᠤᠳᠠᠯ᠎ᠤᠨ ᠵᠢᠭᠠᠨ ᠰᠤᠷᠭᠠᠯᠲᠠ᠂ ᠱᠢᠨᠵᠢᠯᠡᠭᠡ ᠰᠤᠳᠤᠯᠭᠠᠨ ᠬᠢᠭᠡᠳ ᠠᠰᠠᠭᠤᠨ ᠯᠠᠪᠯᠠᠯᠲᠠ᠎ᠶᠢᠨ ᠠᠵᠢᠯ᠎ᠢ ᠡᠷᠬᠢᠯᠡᠭᠰᠡᠭᠡᠷ ᠢᠷᠡᠵᠡᠢ᠃

  ᠬᠣᠶᠠᠷ ᠴᠠᠭ ᠭᠠᠷᠤᠢ ᠲᠠᠢᠯᠤᠮᠵᠢ ᠬᠢᠬᠦ ᠶᠠᠪᠤᠴᠠ᠎ᠳᠤ᠂ ᠯᠢ ᠬᠤᠩ ᠫᠷᠤᠹᠧᠰᠰᠤᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠭᠡᠷᠡᠯ ᠰᠠᠴᠤᠷᠠᠩᠭᠤᠢ ᠲᠡᠦᠬᠡᠨ ᠥᠩᠭᠡᠷᠡᠯᠲᠡ᠎ᠶᠢ ᠡᠷᠭᠢᠴᠡᠭᠦᠯᠬᠦ ᠪᠠ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠭᠡᠭᠡᠨ ᠰᠠᠷᠠᠭᠤᠯ ᠠᠯᠤᠰ ᠢᠷᠡᠭᠡᠳᠦᠢ᠎ᠶᠢ ᠪᠠᠷᠠᠯᠠᠬᠤ ᠭᠡᠬᠦ ᠬᠣᠶᠠᠷ ᠲᠠᠯ᠎ᠠ᠎ᠠᠴᠠ ᠭᠠᠷᠳᠠᠵᠤ᠂ ᠰᠢ᠎ᠵᠢᠨ ᠫᠢᠩ ᠶᠡᠷᠦᠩᠬᠡᠢ ᠱᠦᠵᠢ᠎ᠶᠢᠨ 《7·1》᠎ᠦ ᠶᠠᠷᠢᠶᠠᠨ᠎ᠤ ᠳᠣᠲᠤᠷᠠᠬᠢ 《ᠨᠢᠭᠡ ᠲᠤᠩᠬᠠᠭ᠂ ᠨᠢᠭᠡ ᠭᠣᠤᠯ ᠰᠡᠳᠦᠪ᠂ ᠳᠥᠷᠪᠡᠨ ᠶᠡᠬᠡ ᠠᠮᠵᠢᠯᠲᠠ ᠪᠦᠲᠦᠮᠵᠢ᠂ ᠨᠠᠮ ᠪᠠᠢᠭᠤᠯᠤᠭᠰᠠᠨ ᠵᠣᠷᠢᠭ ᠰᠠᠨᠠᠭ᠎ᠠ᠂ ᠶᠢᠰᠦᠨ ᠡᠷᠬᠡᠪᠱᠢ᠂ ᠬᠣᠶᠠᠷ ᠡᠭᠦᠷᠭᠡ᠂ ᠨᠢᠭᠡ ᠬᠦᠰᠡᠯ ᠡᠷᠡᠮᠡᠯᠵᠡᠯ᠂ ᠨᠢᠭᠡ ᠤᠷᠢᠶᠠᠯᠠᠭ᠎ᠠ》 ᠭᠡᠬᠦ ᠨᠠᠢ᠍ᠮᠠᠨ ᠴᠢᠬᠤᠯᠠ ᠠᠭᠤᠯᠭ᠎ᠠ᠎ᠶᠢᠨ ᠲᠣᠭᠤᠷᠢᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠭᠡᠷᠡᠯ ᠰᠠᠴᠤᠷᠠᠩᠭᠤᠢ ᠲᠡᠦᠬᠡᠨ ᠥᠩᠭᠡᠷᠡᠯᠲᠡ᠂ ᠠᠭᠤᠤ ᠶᠡᠬᠡ ᠠᠮᠵᠢᠯᠲᠠ ᠪᠦᠲᠦᠮᠵᠢ᠂ ᠡᠷᠬᠢᠮ ᠨᠠᠨᠳᠢᠨ ᠲᠤᠷᠱᠢᠯᠭ᠎ᠠ ᠪᠠ ᠦᠢᠯᠡᠳᠦᠯᠭᠡ᠎ᠶᠢᠨ ᠰᠡᠩᠬᠡᠷᠡᠭᠦᠯᠦᠯ᠎ᠳᠦ ᠭᠦᠨᠵᠡᠭᠡᠢ ᠲᠠᠢᠯᠤᠮᠵᠢ ᠬᠢᠵᠦ᠂ ᠮᠠᠨ᠎ᠤ ᠠᠵᠢᠯ᠂ ᠠᠮᠢᠳᠤᠷᠠᠯ᠎ᠤᠨ ᠪᠣᠳᠠᠲᠠᠢ᠎ᠲᠠᠢ ᠤᠶᠠᠯᠳᠤᠭᠤᠯᠤᠨ ᠨᠠᠮ ᠪᠠᠢᠭᠤᠯᠤᠭᠰᠠᠨ ᠠᠭᠤᠤ ᠶᠡᠬᠡ ᠵᠣᠷᠢᠭ ᠰᠠᠨᠠᠭ᠎ᠠ᠎ᠶᠢᠨ ᠭᠦᠨᠵᠡᠭᠡᠢ ᠠᠭᠤᠯᠤᠭᠳᠠᠬᠤᠨ ᠪᠠ ᠴᠠᠭ ᠦᠶ᠎ᠡ᠎ᠶᠢᠨ ᠦᠨ᠎ᠡ ᠥᠷᠲᠡᠭ᠎ᠢ ᠲᠠᠢᠯᠪᠤᠷᠢᠯᠠᠨ ᠥᠭᠦᠯᠡᠪᠡ᠃ ᠯᠢ ᠬᠤᠩ ᠫᠷᠤᠹᠧᠰᠰᠤᠷ᠎ᠤᠨ ᠲᠠᠢᠯᠤᠮᠵᠢ᠎ᠨᠢ ᠭᠦᠨ ᠭᠦᠨᠵᠡᠭᠡᠢ ᠮᠥᠷᠲᠡᠭᠡᠨ ᠬᠢᠯᠪᠠᠷ ᠣᠢᠯᠠᠭᠠᠮᠵᠢᠲᠠᠢ᠂ ᠪᠠᠭ᠎ᠠ ᠰᠡᠳᠦᠪ᠎ᠢᠶᠡᠷ ᠶᠡᠬᠡ ᠶᠣᠰᠤ ᠤᠴᠢᠷ᠎ᠢ ᠲᠤᠰᠭᠠᠵᠤ᠂ ᠠᠮᠢᠳᠤᠯᠢᠭ ᠮᠥᠷᠲᠡᠭᠡᠨ ᠳᠤᠷ᠎ᠠ ᠰᠣᠨᠢᠷᠬᠠᠯ᠎ᠢ ᠲᠠᠲᠠᠵᠤ᠂ ᠰᠢ᠎ᠵᠢᠨ ᠫᠢᠩ ᠶᠡᠷᠦᠩᠬᠡᠢ ᠱᠦᠵᠢ᠎ᠶᠢᠨ 《7·1》᠎ᠦ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠣᠢᠯᠠᠭᠠᠨ ᠡᠵᠡᠮᠳᠡᠵᠦ᠂ ᠱᠢᠨ᠎ᠡ ᠱᠠᠲᠤ ᠦᠶ᠎ᠡ᠎ᠶᠢᠨ ᠤᠷᠤᠭᠱᠢᠯᠠᠨ ᠲᠡᠮᠡᠴᠡᠬᠦ ᠬᠦᠴᠦᠨ᠎ᠢ ᠱᠢᠩᠭᠡᠬᠡᠨ ᠠᠪᠬᠤ᠎ᠳᠤ ᠲᠤᠢᠯ᠎ᠤᠨ ᠴᠢᠬᠤᠯᠠ ᠰᠡᠩᠬᠡᠷᠡᠭᠦᠯᠬᠦ ᠦᠢᠯᠡᠳᠦᠯ᠎ᠲᠡᠢ ᠪᠠᠢᠳᠠᠭ᠃

  ᠲᠠᠢᠯᠤᠮᠵᠢ᠎ᠶᠢ ᠰᠣᠨᠤᠰᠤᠭᠰᠠᠨ᠎ᠤ ᠳᠠᠷᠠᠭ᠎ᠠ᠂ ᠲᠤᠬᠠᠢ᠎ᠶᠢᠨ ᠲᠠᠯᠠᠪᠤᠷ᠎ᠲᠠᠬᠢ ᠨᠠᠮ᠎ᠤᠨ ᠭᠡᠱᠢᠭᠦᠳ᠎ᠲᠦ ᠲᠤᠢᠯ᠎ᠤᠨ ᠶᠡᠬᠡ ᠰᠡᠩᠬᠡᠷᠡᠭᠦᠯᠦᠯ ᠵᠣᠷᠢᠭᠵᠢᠭᠤᠯᠤᠯ ᠪᠣᠯᠵᠤ᠂ ᠪᠦᠯᠦᠭᠯᠡᠯ᠎ᠦᠨ ᠤᠳᠤᠷᠢᠳᠤᠯᠭ᠎ᠠ᠎ᠴᠤ ᠪᠦᠬᠦ ᠠᠵᠢᠯᠲᠠᠨ ᠠᠵᠢᠯᠴᠢᠨ᠎ᠳᠤ ᠱᠠᠭᠠᠷᠳᠠᠯᠭ᠎ᠠ ᠳᠤᠷᠠᠳᠤᠨ ᠬᠦᠰᠡᠯ ᠡᠷᠡᠮᠡᠯᠵᠡᠯ ᠲᠠᠯᠪᠢᠵᠤ᠂ ᠣᠳᠤᠬᠠᠨ᠎ᠤ ᠪᠠ ᠬᠣᠢᠱᠢᠳᠠ᠎ᠶᠢᠨ ᠨᠢᠭᠡ ᠬᠡᠰᠡᠭ ᠬᠤᠭᠤᠴᠠᠭᠠᠨ᠎ᠳᠤ᠂ ᠪᠢᠳᠡ 《7·1》᠎ᠦ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠤᠬᠠᠮᠰᠠᠷ᠎ᠠᠴᠠ᠎ᠪᠠᠨ ᠰᠤᠷᠤᠯᠴᠠᠨ ᠤᠬᠠᠭᠤᠯᠬᠤ ᠪᠠ ᠲᠤᠭᠤᠱᠢᠯᠠᠭᠤᠯᠬᠤ᠎ᠶᠢ ᠨᠢᠭᠡᠨ ᠴᠢᠬᠤᠯᠠ ᠤᠯᠤᠰ ᠲᠥᠷᠦ᠎ᠶᠢᠨ ᠡᠭᠦᠷᠭᠡ ᠪᠣᠯᠭᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠦᠯᠦᠨ ᠵᠢᠯᠤᠭᠤᠳᠴᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠵᠤ ᠨᠡᠪᠲᠡᠷᠡᠲᠡᠯ᠎ᠡ ᠣᠢᠯᠠᠭᠠᠬᠤ᠎ᠶᠢᠨ ᠬᠠᠮᠲᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠠᠵᠢᠯ᠎ᠤᠨ᠎ᠢᠶᠠᠨ ᠦᠨᠡᠨ ᠪᠣᠳᠠᠲᠠᠢ ᠦᠷ᠎ᠡ ᠪᠦᠲᠦᠮᠵᠢ ᠪᠣᠯᠭᠠᠨ ᠤᠯᠠᠷᠢᠭᠤᠯᠵᠤ᠂ ᠢᠲᠡᠭᠡᠯ ᠲᠡᠭᠦᠯᠳᠡᠷ᠎ᠢᠶᠡᠷ ᠬᠣᠶᠠᠳᠤᠭᠠᠷ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ᠎ᠶᠢ ᠪᠡᠶᠡᠯᠡᠭᠦᠯᠬᠦ᠎ᠪᠡᠷ ᠦᠷᠭᠦᠯᠵᠢᠯᠡᠨ ᠴᠤᠴᠠᠯᠲᠠ᠎ᠦᠭᠡᠢ ᠴᠢᠷᠮᠠᠢᠬᠤ ᠬᠡᠷᠡᠭᠲᠡᠢ ᠭᠡᠵᠡᠢ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃