ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠬᠡᠯᠲᠡᠰ᠎ᠦᠨ ᠨᠠᠮ᠎ᠤᠨ ᠡᠭᠦᠷ᠎ᠡᠴᠡ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠲᠤᠰᠭᠠᠢ ᠰᠡᠳᠦᠪᠲᠦ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠪᠠ
2021.08.05

  7᠎ᠳ᠋ᠤᠭᠠᠷ ᠰᠠᠷ᠎ᠠ᠎ᠶᠢᠨ 31᠎ᠦ ᠦᠳᠡ᠎ᠶᠢᠨ ᠡᠮᠦᠨ᠎ᠡ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠬᠡᠯᠲᠡᠰ᠎ᠦᠨ ᠨᠠᠮ᠎ᠤᠨ ᠡᠭᠦᠷ᠎ᠡᠴᠡ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠲᠤᠰᠭᠠᠢ ᠰᠡᠳᠦᠪᠲᠦ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠪᠠ ᠃ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠶᠢᠰᠦᠳᠦᠭᠡᠷ ᠲᠣᠭᠤᠷᠢᠨ ᠵᠢᠯᠤᠭᠤᠳᠭᠤ ᠳᠤᠭᠤᠢᠯᠠᠩ᠎ᠤᠨ ᠳᠠᠷᠤᠭ᠎ᠠ ᠯᠢ ᠶᠠᠨ ᠵᠢᠶᠦ᠋ᠨ᠂ ᠬᠣᠯᠪᠤᠭᠠᠴᠢᠨ ᠬᠠᠨ ᠭᠦᠸᠧ ᠴᠢᠩ ᠬᠤᠷᠠᠯ᠎ᠳᠤ ᠰᠤᠯᠠ ᠣᠷᠣᠯᠴᠠᠵᠤ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠲᠤᠰᠭᠠᠢ ᠰᠡᠳᠦᠪᠲᠦ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠎ᠤᠨ ᠵᠢᠭᠠᠨ ᠵᠢᠯᠤᠭᠤᠳᠭᠤ ᠳᠤᠭᠤᠢᠯᠠᠩ᠎ᠤᠨ ᠭᠡᠱᠢᠭᠦᠨ ᠯᠦ᠍ ᠵᠢᠢ ᠶᠢᠩ ᠬᠤᠷᠠᠯ᠎ᠤᠨ ᠠᠬᠤᠢ ᠲᠠᠯᠠᠪᠠᠢ᠎ᠳᠤ ᠬᠦᠷᠴᠦ ᠵᠢᠭᠠᠨ ᠵᠢᠯᠣᠭᠣᠳᠴᠤ᠂ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠡᠩ᠎ᠦᠨ ᠨᠠᠮ᠎ᠤᠨ ᠭᠡᠱᠢᠭᠦᠨ᠎ᠦ ᠭᠠᠷᠤᠯ᠎ᠢᠶ᠋ᠠᠷ ᠬᠤᠷᠠᠯ᠎ᠳᠤ ᠣᠷᠣᠯᠴᠠᠨ᠂ ᠪᠦᠯᠦᠭᠯᠡᠯ᠎ᠦᠨ ᠶᠡᠷᠦᠩᠬᠡᠢ ᠬᠡᠯᠲᠡᠰ᠎ᠦᠨ ᠨᠠᠮ᠎ᠤᠨ ᠡᠭᠦᠷ᠎ᠦᠨ ᠱᠦᠵᠢ ᠬᠤᠸᠠᠩ ᠲᠤᠤ ᠬᠤᠷᠠᠯ᠎ᠢ ᠡᠷᠬᠢᠯᠡᠪᠡ᠃

  ᠬᠤᠷᠠᠯ ᠳᠡᠭᠡᠷ᠎ᠡ᠂ ᠪᠦᠯᠦᠭᠯᠡᠯ᠎ᠦᠨ ᠶᠡᠷᠦᠩᠬᠡᠢ ᠬᠡᠯᠲᠡᠰ᠎ᠦᠨ ᠨᠠᠮ᠎ᠤᠨ ᠡᠭᠦᠷ᠎ᠦᠨ ᠱᠦᠵᠢ ᠬᠤᠸᠠᠩ ᠲᠤᠤ ᠨᠥᠬᠦᠷ ᠨᠠᠮ᠎ᠤᠨ ᠡᠭᠦᠷ᠎ᠦᠨ ᠡᠮᠦᠨ᠎ᠡ᠎ᠡᠴᠡ ᠳᠡᠭᠡᠷ᠎ᠡ ᠣᠨ᠎ᠤ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠎ᠤᠨ ᠴᠡᠭᠴᠡᠯᠡᠨ ᠥᠭᠡᠷᠡᠴᠢᠯᠡᠵᠦ ᠨᠠᠢᠳᠠᠪᠤᠷᠢᠵᠢᠭᠤᠯᠤᠭᠰᠠᠨ ᠪᠠᠢᠳᠠᠯ ᠵᠢᠴᠢ ᠳᠡᠭᠡᠷ᠎ᠡ ᠬᠠᠭᠠᠰ ᠵᠢᠯ᠎ᠦᠨ ᠨᠠᠮ᠎ᠤᠨ ᠡᠭᠦᠷ᠎ᠦᠨ ᠠᠵᠢᠯ᠎ᠢ ᠥᠷᠨᠢᠭᠦᠯᠦᠭᠰᠡᠨ ᠪᠠᠢᠳᠠᠯ᠂ ᠣᠨᠴᠠᠭᠠᠢᠯᠠᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠪᠠᠢᠳᠠᠯ᠎ᠤᠨ ᠲᠤᠬᠠᠢ ᠮᠡᠳᠡᠭᠦᠯᠦᠯᠲᠡ ᠬᠢᠭᠰᠡᠨ᠎ᠦ ᠬᠠᠮᠲᠤ 《ᠨᠠᠮ᠎ᠤᠨ ᠲᠡᠦᠬᠡ᠎ᠶᠢ ᠰᠤᠷᠴᠦ᠂ ᠦᠵᠡᠯ ᠰᠠᠨᠠᠭ᠎ᠠ᠎ᠪᠠᠨ ᠰᠡᠬᠡᠭᠡᠷᠡᠭᠦᠯᠬᠦ᠂ ᠪᠣᠳᠠᠲᠤ ᠠᠵᠢᠯ ᠬᠢᠬᠦ᠂ ᠱᠢᠨ᠎ᠡ ᠪᠠᠢᠳᠠᠯ᠎ᠢ ᠡᠬᠢᠯᠡᠭᠦᠯᠬᠦ》 ᠡᠨᠡ᠎ᠬᠦ ᠭᠣᠤᠯ ᠰᠡᠳᠦᠪ᠎ᠲᠦ ᠠᠩᠬᠠᠷᠤᠯ᠎ᠢᠶ᠋ᠠᠨ ᠲᠥᠪᠯᠡᠷᠡᠭᠦᠯᠵᠦ᠂ 《ᠲᠡᠦᠬᠡ᠎ᠶᠢ ᠰᠤᠷᠴᠤ ᠶᠣᠰᠤ ᠤᠴᠢᠷ᠎ᠢ ᠣᠢᠯᠠᠭᠠᠬᠤ᠂ ᠲᠡᠦᠬᠡ᠎ᠶᠢ ᠰᠤᠷᠴᠤ ᠢᠲᠡᠭᠡᠯ᠎ᠢᠶ᠋ᠡᠨ ᠨᠡᠮᠡᠭᠳᠡᠭᠦᠯᠬᠦ᠂ ᠲᠡᠦᠬᠡ᠎ᠶᠢ ᠰᠤᠷᠴᠤ ᠶᠣᠰᠤ ᠰᠤᠷᠲᠠᠬᠤᠨ᠎ᠢ ᠡᠷᠬᠢᠮᠯᠡᠬᠦ᠂ ᠲᠡᠦᠬᠡ᠎ᠶᠢ ᠰᠤᠷᠴᠤ ᠪᠣᠳᠠᠲᠠᠢ᠎ᠳᠤ ᠦᠢᠯᠡᠳᠦᠯᠭᠡᠵᠢᠭᠦᠯᠬᠦ》 ᠬᠠᠷᠠᠯᠲᠠ᠎ᠶᠢᠨ ᠲᠣᠭᠤᠷᠢᠨ᠎ᠳ᠋ᠤ᠌᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ ᠥᠷᠨᠢᠭᠦᠯᠦᠭᠰᠡᠨ᠂ ᠨᠠᠮ᠎ᠤᠨ ᠭᠡᠱᠢᠭᠦᠨ ᠣᠯᠠᠨ ᠲᠦᠮᠡᠨ᠎ᠲᠡᠢ ᠤᠶᠠᠯᠳᠤᠨ ᠦᠢᠯᠡᠴᠢᠯᠡᠭᠰᠡᠨ᠂ ᠬᠡᠯᠪᠡᠷᠢᠴᠢ ᠦᠵᠡᠯ ᠨᠣᠶᠠᠨᠴᠢ ᠰᠤᠷᠲᠠᠯ᠎ᠢ ᠬᠦᠴᠦᠯᠡᠨ  ᠵᠠᠯᠠᠷᠠᠭᠤᠯᠤᠭᠰᠠᠨ ᠵᠡᠷᠭᠡ ᠲᠠᠯ᠎ᠠ᠎ᠪᠠᠷ ᠣᠷᠤᠱᠢᠵᠤ ᠪᠠᠢᠭ᠎ᠠ ᠠᠰᠠᠭᠤᠳᠠᠯ᠎ᠢ ᠪᠠᠢᠴᠠᠭᠠᠨ ᠵᠠᠳᠠᠯᠵᠤ᠂ ᠪᠦᠯᠦᠭᠯᠡᠯ᠎ᠦᠨ ᠶᠡᠷᠦᠩᠬᠡᠢ ᠬᠡᠯᠲᠡᠰ᠎ᠦᠨ ᠨᠠᠮ᠎ᠤᠨ ᠡᠭᠦᠷ᠎ᠦᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠳᠤᠮᠳᠠ ᠣᠷᠤᠱᠢᠵᠤ ᠪᠠᠢᠭ᠎ᠠ ᠠᠰᠠᠭᠤᠳᠠᠯ ᠪᠠ ᠬᠦᠷᠦᠯᠴᠡᠬᠦ᠎ᠦᠭᠡᠢ ᠲᠠᠯ᠎ᠠ᠎ᠶᠢ ᠬᠢᠨᠠᠮᠠᠭᠠᠢ ᠪᠠᠢᠴᠠᠭᠠᠨ ᠬᠢᠨᠠᠵᠤ᠂ ᠦᠨᠳᠦᠰᠦ ᠰᠤᠷᠪᠤᠯᠵᠢ᠎ᠶᠢ᠎ᠨᠢ ᠵᠠᠳᠠᠯᠤᠨ ᠱᠢᠨᠵᠢᠯᠡᠵᠦ᠂ ᠡᠭᠦᠨ᠎ᠡᠴᠡ ᠬᠣᠢᠱᠢᠳᠠ᠎ᠶᠢᠨ ᠴᠢᠷᠮᠠᠢᠬᠤ ᠬᠠᠷᠠᠯᠲᠠ ᠪᠠ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠎ᠶᠢ ᠲᠣᠳᠣᠷᠬᠠᠢᠯᠠᠪᠠ᠃

  ᠱᠤᠸᠠᠩ ᠯᠦᠩ ᠨᠥᠬᠦᠷ ᠣᠯᠠᠨ᠎ᠲᠠᠢ ᠦᠵᠡᠯ ᠰᠠᠨᠠᠭ᠎ᠠ᠎ᠪᠠᠨ ᠰᠣᠯᠢᠯᠴᠠᠬᠤ ᠦᠶ᠎ᠡ᠎ᠳ᠋ᠦ᠍᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠬᠢᠨᠠᠮᠠᠭᠠᠢ ᠥᠷᠨᠢᠭᠦᠯᠵᠦ᠂ ᠰᠢ᠎ᠵᠢᠨ ᠫᠢᠩ ᠶᠡᠷᠦᠩᠬᠡᠢ ᠱᠦᠵᠢ᠎ᠦᠨ 《 7 · 1 》᠎ᠦ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠬᠤ ᠪᠣᠯ ᠣᠳᠤᠬᠠᠨ᠎ᠤ ᠪᠠ ᠬᠣᠢᠱᠢᠳᠠ᠎ᠶᠢᠨ ᠨᠢᠭᠡ ᠬᠡᠰᠡᠭ ᠬᠤᠭᠤᠴᠠᠭᠠᠨ᠎ᠤ ᠴᠢᠬᠤᠯᠠ ᠤᠯᠤᠰ ᠲᠥᠷᠦ᠎ᠶᠢᠨ ᠡᠭᠦᠷᠭᠡ ᠪᠣᠯᠤᠨ᠎ᠠ᠃ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶᠢ ᠪᠠᠷᠢᠮᠲᠠᠯᠠᠵᠤ᠂ 《ᠳᠥᠷᠪᠡᠨ ᠤᠬᠠᠮᠰᠠᠷ》᠎ᠢᠶ᠋ᠠᠨ ᠴᠢᠩᠭᠠᠷᠠᠭᠤᠯᠤᠨ᠂ 《ᠳᠥᠷᠪᠡᠨ ᠢᠲᠡᠭᠡᠯ》᠎ᠢᠶ᠋ᠡᠨ ᠪᠠᠲᠤᠳᠬᠠᠵᠤ᠂ 《ᠬᠣᠶᠠᠷ᠎ᠢ ᠬᠦᠷᠢᠶᠡᠯᠡᠬᠦ》᠎ᠶᠢ ᠭᠦᠢᠴᠡᠳᠬᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠤᠯᠠᠮ ᠨᠢᠭᠡ ᠠᠯᠬᠤᠮ ᠪᠠᠲᠤᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ 《 7 · 1 》᠎ᠦ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠦᠨᠡᠨ᠎ᠬᠦ ᠨᠢᠭᠡᠳᠦᠭᠦᠯᠦᠨ᠂ ᠪᠦᠲᠦᠭᠡᠯᠴᠢ ᠴᠢᠨᠠᠷ᠎ᠲᠠᠢ᠎ᠪᠠᠷ ᠠᠵᠢᠯ᠎ᠢᠶ᠋ᠠᠨ ᠥᠷᠨᠢᠭᠦᠯᠵᠦ᠂ ᠪᠦᠯᠦᠭᠯᠡᠯ᠎ᠦᠨ ᠡᠯ᠎ᠡ ᠲᠠᠯ᠎ᠠ᠎ᠶᠢᠨ ᠦᠢᠯᠡᠰ᠎ᠦᠨ ᠴᠢᠨᠠᠷᠯᠢᠭ ᠬᠥᠭᠵᠢᠯᠲᠡ᠎ᠶᠢ ᠬᠠᠪᠰᠤᠷᠤᠨ ᠠᠬᠢᠭᠤᠯᠬᠤ ᠬᠡᠷᠡᠭᠲᠡᠢ ᠭᠡᠵᠡᠢ᠃

  ᠪᠦᠯᠦᠭᠯᠡᠯ᠎ᠦᠨ ᠶᠡᠷᠦᠩᠬᠡᠢ ᠬᠡᠯᠲᠡᠰ᠎ᠦᠨ ᠨᠠᠮ᠎ᠤᠨ ᠡᠭᠦᠷ᠎ᠦᠨ ᠨᠠᠮ᠎ᠤᠨ ᠭᠡᠱᠢᠭᠦᠳ ᠨᠢᠭᠡᠳ ᠨᠢᠭᠡ᠎ᠪᠡᠷ ᠥᠪᠡᠷ᠎ᠢ᠋᠎ᠪᠡᠨ ᠪᠠᠢᠴᠠᠭᠠᠨ ᠬᠢᠨᠠᠬᠤ ᠪᠠ ᠵᠠᠳᠠᠯᠤᠨ ᠱᠢᠨᠵᠢᠯᠡᠵᠦ᠂ ᠰᠤᠷᠤᠯᠴᠠᠯᠭ᠎ᠠ᠎ᠶᠢᠨ ᠪᠠᠢᠳᠠᠯ᠎ᠢᠶ᠋ᠠᠨ ᠶᠠᠷᠢᠬᠤ᠂ ᠦᠵᠡᠯ ᠰᠠᠨᠠᠭ᠎ᠠ ᠲᠠᠨᠢᠯᠲᠠ᠎ᠪᠠᠨ ᠶᠠᠷᠢᠬᠤ ᠪᠠ ᠵᠣᠷᠢᠶ᠎ᠠ ᠳᠤᠲᠠᠭᠳᠠᠯ᠎ᠢᠶ᠋ᠠᠨ ᠡᠷᠢᠵᠦ᠂ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠨᠢᠭᠲᠠ ᠤᠶᠠᠯᠳᠤᠭᠤᠯᠤᠨ᠂ ᠣᠷᠤᠱᠢᠵᠤ ᠪᠠᠢᠭ᠎ᠠ ᠠᠰᠠᠭᠤᠳᠠᠯ᠎ᠢᠶ᠋ᠠᠨ ᠭᠦᠨᠵᠡᠭᠡᠢ ᠪᠠᠢᠴᠠᠭᠠᠨ ᠢᠯᠡᠷᠡᠭᠦᠯᠵᠦ᠂ ᠠᠰᠠᠭᠤᠳᠠᠯ ᠡᠭᠦᠰᠦᠭᠰᠡᠨ ᠤᠴᠢᠷ ᠱᠢᠯᠲᠠᠭᠠᠨ᠎ᠢᠶ᠋ᠠᠨ ᠭᠦᠨᠵᠡᠭᠡᠢ ᠵᠠᠳᠠᠯᠤᠨ ᠱᠢᠨᠵᠢᠯᠡᠵᠦ᠂ ᠲᠥᠪ ᠴᠢᠩᠭ᠎ᠠ ᠪᠥᠭᠡᠳ ᠨᠠᠷᠢᠨ ᠬᠢᠨᠠᠮᠠᠭᠠᠢ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ ᠥᠷᠨᠢᠭᠦᠯᠵᠦ᠂ ᠬᠠᠮᠲᠤ᠎ᠪᠠᠷ ᠨᠢᠭᠡ ᠤᠳᠠᠭᠠᠨ᠎ᠤ ᠭᠦᠨ ᠭᠦᠨᠵᠡᠭᠡᠢ ᠨᠠᠮᠴᠢ ᠴᠢᠨᠠᠷ᠎ᠤᠨ ᠳᠠᠪᠲᠠᠨ ᠪᠣᠯᠪᠠᠰᠤᠷᠠᠯ ᠪᠠ ᠦᠵᠡᠯ ᠰᠠᠨᠠᠭᠠᠨ᠎ᠤ ᠠᠷᠢᠭᠤᠳᠭᠠᠯ ᠬᠢᠵᠦ᠂ ᠦᠵᠡᠯ ᠰᠠᠨᠠᠭ᠎ᠠ᠎ᠪᠠᠨ ᠨᠢᠭᠡᠳᠬᠡᠬᠦ᠂ ᠬᠠᠮᠲᠤ᠎ᠶᠢᠨ ᠲᠠᠨᠢᠯᠲᠠ᠎ᠪᠠᠨ ᠨᠢᠭᠲᠠᠷᠠᠭᠤᠯᠬᠤ ᠪᠠ ᠠᠵᠢᠯ᠎ᠢᠶ᠋ᠠᠨ ᠠᠬᠢᠭᠤᠯᠬᠤ ᠦᠷ᠎ᠡ ᠪᠦᠲᠦᠮᠵᠢ᠎ᠳᠦ ᠬᠦᠷᠴᠦ ᠴᠢᠳᠠᠭᠰᠠᠨ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃