ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ (ᠶᠡᠷᠦᠩᠬᠡᠢ ᠬᠥᠲᠦᠯᠪᠦᠷᠢ)
2021.09.16

(ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠤᠳᠠᠭ᠎ᠠ᠎ᠶᠢᠨ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠠᠴᠠ ᠬᠡᠰᠡᠭ ᠵᠠᠰᠠᠪᠤᠷᠢ ᠣᠷᠤᠭᠤᠯᠵᠤ᠂ 2017 ᠣᠨ᠎ᠤ 10 ᠰᠠᠷ᠎ᠠ᠎ᠶᠢᠨ 24᠎ᠦ ᠡᠳᠦᠷ ᠪᠠᠲᠤᠯᠠᠪᠠ)

 

    ᠶᠡᠷᠦᠩᠬᠡᠢ ᠬᠥᠲᠦᠯᠪᠦᠷᠢ

 

  ᠳᠤᠮᠳᠠᠳᠤ ᠤᠯᠤᠰ᠎ᠤᠨ ᠡᠪ ᠬᠠᠮᠲᠤ ᠨᠠᠮ ᠪᠤᠯ ᠳᠤᠮᠳᠠᠳᠤ ᠤᠯᠤᠰ᠎ᠤᠨ ᠠᠵᠢᠯᠴᠢᠨ ᠠᠩᠭᠢ᠎ᠶᠢᠨ ᠬᠣᠱᠢᠭᠤᠴᠢ ᠠᠩᠭᠢ ᠮᠦᠠ᠂ ᠮᠦᠨ᠎ᠴᠦ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶᠢᠨ ᠦᠨᠳᠦᠰᠦᠲᠡᠨ᠎ᠶᠢᠨ ᠬᠣᠱᠢᠭᠤᠴᠢ ᠠᠩᠭᠢ ᠮᠦᠠ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠢᠯᠡᠰ᠎ᠢ ᠤᠳᠤᠷᠢᠳᠭᠤ ᠭᠣᠤᠯᠯᠠᠭᠴᠢ ᠮᠦᠠ᠂ ᠳᠤᠮᠳᠠᠳᠤ ᠤᠯᠤᠰ᠎ᠤᠨ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠱᠠᠭᠠᠷᠳᠠᠯᠭ᠎ᠠ᠎ᠶᠢ ᠲᠥᠯᠦᠭᠡᠯᠡᠵᠦ᠂ ᠳᠤᠮᠳᠠᠳᠤ ᠤᠯᠤᠰ᠎ᠤᠨ ᠲᠡᠷᠢᠭᠦᠨ᠎ᠦ ᠰᠣᠶᠤᠯ᠎ᠤᠨ ᠤᠷᠤᠭᠱᠢᠯᠠᠯᠲᠠ᠎ᠶᠢᠨ ᠴᠢᠭᠯᠡᠯ᠎ᠢ ᠲᠥᠯᠦᠭᠡᠯᠡᠵᠦ᠂ ᠳᠤᠮᠳᠠᠳᠤ ᠤᠯᠤᠰ᠎ᠤᠨ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶᠢ ᠲᠥᠯᠦᠭᠡᠯᠡᠵᠦ ᠪᠠᠢᠳᠠᠭ᠃ ᠨᠠᠮ᠎ᠤᠨ ᠬᠠᠮᠤᠭ᠎ᠤᠨ ᠳᠡᠭᠡᠳᠦ ᠬᠦᠰᠡᠯᠡᠩ ᠪᠠ ᠬᠠᠮᠤᠭ ᠡᠴᠦᠰ᠎ᠦᠨ ᠬᠠᠷᠠᠯᠲᠠ ᠪᠤᠯ ᠡᠪ ᠬᠠᠮᠲᠤ ᠶᠣᠰᠤ᠎ᠶᠢ ᠪᠡᠶᠡᠯᠡᠭᠦᠯᠬᠦ ᠶᠠᠪᠤᠳᠠᠯ ᠮᠦᠠ᠃

  ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠸᠡᠭ ᠱᠢᠶᠤᠣ ᠫᠢᠩ᠎ᠦᠨ ᠣᠨᠤᠯ᠂ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠠᠵᠢᠯᠯᠠᠭ᠎ᠠ᠎ᠶᠢᠨ᠎ᠢᠶ᠋ᠡᠨ ᠵᠦᠭᠯᠡᠭᠦᠷ ᠪᠣᠯᠭᠠᠨ᠎ᠠ᠃

  ᠮᠠᠷᠺᠰ ᠯᠧᠨᠢᠨ᠎ᠦ ᠦᠵᠡᠯ ᠬᠥᠮᠦᠨ ᠲᠥᠷᠦᠯᠬᠢᠲᠡᠨ᠎ᠦ ᠨᠡᠢᠭᠡᠮ᠎ᠦᠨ ᠲᠡᠦᠬᠡᠨ ᠬᠥᠭᠵᠢᠯᠲᠡ᠎ᠶᠢᠨ ᠵᠢᠮ᠎ᠡ ᠶᠣᠰᠤ᠎ᠶᠢ ᠢᠯᠡᠷᠡᠭᠦᠯᠦᠭᠰᠡᠨ᠎ᠶᠦᠮ᠂ ᠲᠡᠭᠦᠨ᠎ᠦ ᠭᠣᠤᠯ ᠦᠨᠳᠦᠰᠦᠯᠡᠯ ᠪᠤᠯ ᠵᠥᠪ᠎ᠶᠦᠮ᠂ ᠲᠡᠭᠦᠨ᠎ᠳᠦ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠲᠡᠢ ᠪᠠᠢᠳᠠᠭ᠃ ᠳᠤᠮᠳᠠᠳᠤ ᠤᠯᠤᠰ᠎ᠤᠨ ᠡᠪ ᠬᠠᠮᠳᠦᠴᠤᠤᠠ᠎ᠤᠨ ᠬᠥᠭᠡᠭᠡᠴᠡᠯᠳᠦᠵᠦ ᠪᠠᠢᠭ᠎ᠠ ᠡᠪ ᠬᠠᠮᠲᠤ ᠶᠣᠰᠤᠨ᠎ᠤ ᠬᠠᠮᠤᠭ᠎ᠤᠨ ᠳᠡᠭᠡᠳᠦ ᠬᠦᠰᠡᠯᠡᠩ ᠪᠤᠯ ᠭᠠᠭᠴᠠ᠎ᠬᠦ ᠨᠡᠢᠭᠡᠮ ᠵᠢᠷᠤᠮᠲᠤ ᠨᠡᠢᠭᠡᠮ ᠭᠦᠢᠴᠡᠳ ᠬᠥᠭᠵᠢᠭᠰᠡᠨ ᠪᠥᠭᠡᠳ ᠳᠡᠭᠡᠳᠦ ᠬᠡᠮᠵᠢᠶ᠎ᠡ᠎ᠪᠡᠷ ᠬᠥᠭᠵᠢᠭᠰᠡᠨ ᠰᠠᠭᠤᠷᠢᠨ ᠳᠡᠭᠡᠷ᠎ᠡ ᠰᠠᠶᠢ ᠪᠡᠶᠡᠯᠡᠭᠳᠡᠵᠦ ᠴᠢᠳᠠᠨ᠎ᠠ᠃ ᠨᠡᠢᠭᠡᠮ ᠵᠢᠷᠤᠮᠲᠤ ᠪᠠᠢᠭᠤᠯᠤᠯ᠎ᠤᠨ ᠬᠥᠭᠵᠢᠨ ᠲᠡᠭᠦᠯᠳᠡᠷᠵᠢᠬᠦ ᠪᠤᠯ ᠨᠢᠭᠡᠨ ᠤᠷᠲᠤ ᠬᠤᠭᠤᠴᠠᠭᠠᠨ᠎ᠤ ᠲᠡᠦᠬᠡᠨ ᠶᠠᠪᠤᠴᠠ ᠮᠦᠠ᠃ ᠮᠠᠷᠺᠰ ᠯᠧᠨᠢᠨ᠎ᠦ ᠦᠵᠡᠯ᠎ᠦᠨ ᠭᠣᠤᠯ ᠦᠨᠳᠦᠰᠦᠯᠡᠯ᠎ᠢ᠎ᠪᠠᠷᠢᠮᠲᠠᠯᠠᠨ᠂ ᠳᠤᠮᠳᠠᠳᠤ ᠤᠯᠤᠰ᠎ᠤᠨ ᠠᠷᠠᠳ ᠲᠦᠮᠡᠨ᠎ᠦ ᠰᠠᠢᠨ ᠳᠤᠷ᠎ᠠ᠎ᠠᠴᠠ᠎ᠪᠠᠨ ᠰᠣᠩᠭᠤᠭᠰᠠᠨ ᠳᠤᠮᠳᠠᠳᠤ ᠤᠯᠤᠰ᠎ᠤᠨ ᠪᠠᠢᠳᠠᠯ᠎ᠲᠠᠢ᠎ᠵᠣᠬᠢᠴᠠᠭᠰᠠᠨ ᠵᠠᠮ᠎ᠢᠶ᠋ᠠᠷ ᠵᠠᠮᠨᠠᠪᠠᠯ᠂ ᠳᠤᠮᠳᠠᠳᠤ ᠤᠯᠤᠰ᠎ᠤᠨ ᠨᠡᠢᠭᠡᠮ ᠵᠢᠷᠤᠮ᠎ᠤᠨ ᠦᠢᠯᠡᠰ ᠯᠠᠪᠲᠠᠶ᠎ᠠ ᠡᠴᠦᠰ᠎ᠦᠨ ᠢᠯᠠᠯᠲᠠ᠎ᠶᠢ ᠣᠯᠵᠤ ᠴᠢᠳᠠᠨ᠎ᠠ᠃

  ᠮᠠᠤ ᠽᠧ ᠳ᠋ᠦᠩ ᠨᠥᠬᠦᠷ᠎ᠢᠶ᠋ᠡᠷ ᠭᠣᠤᠯ ᠲᠥᠯᠦᠭᠡᠯᠡᠭᠴᠢ᠎ᠪᠡᠨ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠳᠦᠴᠤᠤᠠ᠂ ᠮᠠᠷᠺᠰ ᠯᠧᠨᠢᠨ᠎ᠦ ᠦᠵᠡᠯ᠎ᠦᠨ ᠭᠣᠤᠯ ᠦᠨᠳᠦᠰᠦᠯᠡᠯ᠎ᠢ ᠳᠤᠮᠳᠠᠳᠤ ᠤᠯᠤᠰ᠎ᠤᠨ ᠬᠤᠪᠢᠰᠭᠠᠯ᠎ᠤᠨ ᠪᠣᠳᠠᠲᠤ ᠦᠢᠯᠡᠳᠦᠯᠭᠡ᠎ᠲᠡᠢ ᠤᠶᠠᠯᠳᠤᠭᠤᠯᠤᠭᠠᠳ᠂ ᠮᠠᠤ ᠽᠧ ᠳ᠋ᠦᠩ᠎ᠦᠨ ᠦᠵᠡᠯ ᠰᠠᠨᠠᠭ᠎ᠠ᠎ᠶᠢ ᠪᠣᠢ ᠪᠣᠯᠭᠠᠵᠠᠢ᠃ ᠮᠠᠤ ᠽᠧ ᠳ᠋ᠦᠩ᠎ᠦᠨ ᠦᠵᠡᠯ ᠰᠠᠨᠠᠭ᠎ᠠ ᠪᠤᠯ ᠮᠠᠷᠺᠰ ᠯᠧᠨᠢᠨ᠎ᠦ ᠦᠵᠡᠯ᠎ᠦᠨ ᠳᠤᠮᠳᠠᠳᠤ ᠤᠯᠤᠰ᠎ᠳᠠᠬᠢ ᠬᠡᠷᠡᠭᠯᠡᠯᠲᠡ ᠪᠠ ᠬᠥᠭᠵᠢᠭᠦᠯᠦᠯᠲᠡ ᠮᠦᠠ᠂ ᠦᠢᠯᠡᠳᠦᠯᠭᠡ᠎ᠪᠡᠷ ᠭᠡᠷᠡᠴᠢᠯᠡᠭᠳᠡᠭᠰᠡᠨ ᠳᠤᠮᠳᠠᠳᠤ ᠤᠯᠤᠰ᠎ᠤᠨ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶᠢᠨ ᠲᠤᠬᠠᠢ ᠵᠥᠪ ᠣᠨᠤᠪᠴᠢᠲᠠᠢ ᠣᠨᠤᠯ᠎ᠤᠨ ᠵᠠᠷᠴᠢᠮ ᠪᠠ ᠲᠤᠷᠱᠢᠯᠭ᠎ᠠ᠎ᠶᠢᠨ ᠳ᠋ᠦᠩᠨᠡᠯᠲᠡ ᠮᠦᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠲᠤ᠎ᠶᠢᠨ ᠣᠶᠤᠨ ᠤᠬᠠᠭᠠᠨ᠎ᠤ ᠣᠬᠢ ᠪᠦᠲᠦᠭᠡᠯ ᠮᠦᠠ᠃ ᠮᠠᠤ ᠽᠧ ᠳ᠋ᠦᠩ᠎ᠦᠨ ᠦᠵᠡᠯ ᠰᠠᠨᠠᠭᠠᠨ᠎ᠤ ᠵᠢᠯᠤᠭᠤᠳᠤᠯᠭ᠎ᠠ ᠳᠣᠤᠷ᠎ᠠ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠤᠯᠤᠰ᠎ᠤᠨ ᠦᠨᠳᠦᠰᠦᠲᠡᠨ᠎ᠨᠤᠭᠦᠳ᠎ᠤᠨ ᠠᠷᠠᠳ ᠲᠦᠮᠡᠨ᠎ᠢ ᠤᠳᠤᠷᠢᠳᠤᠨ᠂ ᠡᠵᠡᠷᠬᠡᠭ ᠲᠦᠷᠢᠮᠡᠬᠡᠢ ᠶᠣᠰᠤ᠂ ᠹᠧᠤᠳᠠᠯ ᠶᠣᠰᠤ᠂ ᠨᠣᠶᠠᠨᠴᠢ ᠬᠥᠷᠦᠩᠭᠡᠲᠦ ᠶᠣᠰᠤ᠎ᠶᠢ ᠡᠰᠡᠷᠭᠦᠴᠡᠬᠦ ᠤᠷᠲᠤ ᠬᠤᠭᠤᠴᠠᠭᠠᠨ᠎ᠤ ᠬᠤᠪᠢᠰᠭᠠᠯᠲᠤ ᠲᠡᠮᠡᠴᠡᠯ᠎ᠢ ᠥᠩᠭᠡᠷᠡᠭᠡᠭᠡᠳ᠂ ᠱᠢᠨ᠎ᠡ ᠠᠷᠠᠳᠴᠢᠯᠠᠭᠰᠠᠨ ᠬᠤᠪᠢᠰᠭᠠᠯ᠎ᠤᠨ ᠢᠯᠠᠯᠲᠠ᠎ᠶᠢ ᠣᠯᠵᠤ᠂ ᠠᠷᠠᠳ᠎ᠤᠨ ᠠᠷᠠᠳᠴᠢᠯᠠᠭᠰᠠᠨ ᠳᠠᠷᠤᠩᠭᠤᠢᠯᠠᠬᠤ ᠵᠠᠰᠭᠠᠲᠦ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠢ ᠪᠠᠢᠭᠤᠯᠪᠠ; ᠱᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠤ ᠳᠠᠷᠠᠭ᠎ᠠ᠂ ᠨᠡᠢᠭᠡᠮ ᠵᠢᠷᠤᠮᠲᠤ ᠥᠭᠡᠷᠡᠴᠢᠯᠡᠯᠲᠡ᠎ᠶᠢ ᠤᠷᠤᠭᠱᠢᠲᠠᠢ ᠶᠠᠪᠤᠭᠤᠯᠵᠤ᠂ ᠱᠢᠨ᠎ᠡ ᠠᠷᠠᠳᠴᠢᠯᠠᠭᠰᠠᠨ ᠶᠣᠰᠤᠨ᠎ᠠᠴᠠ ᠨᠡᠢᠭᠡᠮ ᠵᠢᠷᠤᠮ᠎ᠳᠤ ᠣᠷᠤᠬᠤ ᠱᠢᠯᠵᠢᠯᠲᠡ᠎ᠶᠢ ᠪᠡᠶᠡᠯᠡᠭᠦᠯᠦᠨ᠂ ᠨᠡᠢᠭᠡᠮ ᠵᠢᠷᠤᠮ᠎ᠤᠨ ᠦᠨᠳᠦᠰᠦᠨ ᠪᠠᠢᠭᠤᠯᠤᠯ᠎ᠢ ᠪᠠᠢᠭᠤᠯᠤᠭᠠᠳ᠂ ᠨᠡᠢᠭᠡᠮ ᠵᠢᠷᠤᠮ᠎ᠤᠨ ᠠᠵᠤ ᠠᠬᠤᠢ᠂ ᠤᠯᠤᠰ ᠲᠥᠷᠦ ᠪᠠ ᠰᠣᠶᠤᠯ᠎ᠢ ᠬᠥᠭᠵᠢᠭᠦᠯᠪᠡ᠃

  ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠠᠴᠠ ᠨᠠᠭᠠᠱᠢ᠂ ᠳ᠋ᠸᠡᠭ ᠱᠢᠶᠤᠣ ᠫᠢᠩ ᠨᠥᠬᠦᠷ᠎ᠢᠶ᠋ᠡᠷ ᠭᠣᠤᠯ ᠲᠥᠯᠦᠭᠡᠯᠡᠭᠴᠢ᠎ᠪᠡᠨ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠳᠦᠴᠤᠤᠠ ᠱᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠠᠴᠠ ᠨᠠᠭᠠᠱᠢᠬᠢ ᠵᠥᠪ ᠪᠤᠷᠤᠭᠤ ᠬᠣᠶᠠᠷ ᠲᠠᠯ᠎ᠠ᠎ᠶᠢᠨ ᠲᠤᠷᠱᠢᠯᠭ᠎ᠠ᠎ᠶᠢ ᠳ᠋ᠦᠩᠨᠡᠵᠦ᠂ ᠦᠵᠡᠯ ᠰᠠᠨᠠᠭ᠎ᠠ᠎ᠪᠠᠨ ᠴᠢᠯᠦᠭᠡᠯᠡᠨ᠂ ᠦᠨᠡᠨ᠎ᠠᠴᠠ ᠵᠥᠪ᠎ᠢ ᠡᠷᠢᠵᠦ᠂ ᠪᠦᠬᠦ ᠨᠠᠮ᠎ᠤᠨ ᠠᠵᠢᠯ᠎ᠤᠨ ᠭᠣᠤᠯᠳᠠᠯᠭ᠎ᠠ᠎ᠶᠢ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠳᠤ ᠱᠢᠯᠵᠢᠭᠦᠯᠬᠦ᠎ᠶᠢ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠬᠢᠵᠦ᠂ ᠨᠡᠢᠭᠡᠮ ᠵᠢᠷᠤᠮ᠎ᠤᠨ ᠦᠢᠯᠡᠰ᠎ᠦᠨ ᠬᠥᠭᠵᠢᠯᠲᠡ᠎ᠶᠢᠨ ᠱᠢᠨ᠎ᠡ ᠴᠠᠭ ᠦᠶ᠎ᠡ᠎ᠶᠢ ᠨᠡᠭᠡᠭᠡᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ ᠪᠦᠲᠦᠭᠡᠨ ᠪᠠᠢᠭᠤᠯᠬᠤ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ᠎ᠶᠢ ᠠᠯᠬᠤᠮ ᠠᠯᠬᠤᠮ᠎ᠢᠶ᠋ᠠᠷ ᠪᠦᠷᠢᠯᠳᠦᠭᠦᠯᠵᠦ᠂ ᠳᠤᠮᠳᠠᠳᠤ ᠤᠯᠤᠰ᠎ᠲᠤ ᠨᠡᠢᠭᠡᠮ ᠵᠢᠷᠤᠮ᠎ᠢ ᠪᠦᠲᠦᠭᠡᠨ ᠪᠠᠢᠭᠤᠯᠬᠤ᠂ ᠨᠡᠢᠭᠡᠮ ᠵᠢᠷᠤᠮ᠎ᠢ ᠪᠡᠬᠢᠵᠢᠭᠦᠯᠵᠦ ᠬᠥᠭᠵᠢᠭᠦᠯᠬᠦ ᠦᠨᠳᠦᠰᠦᠨ ᠠᠰᠠᠭᠤᠳᠠᠯ᠎ᠢ ᠲᠣᠳᠤᠷᠬᠠᠢᠯᠠᠭᠠᠳ᠂ ᠳ᠋ᠸᠡᠭ ᠱᠢᠶᠤᠣ ᠫᠢᠩ᠎ᠦᠨ ᠣᠨᠤᠯ᠎ᠢ ᠪᠣᠢ ᠪᠣᠯᠭᠠᠪᠠ᠃ ᠳ᠋ᠸᠡᠭ ᠱᠢᠶᠤᠣ ᠫᠢᠩ᠎ᠦᠨ ᠣᠨᠤᠯ ᠪᠤᠯ ᠮᠠᠷᠺᠰ ᠯᠧᠨᠢᠨ᠎ᠦ ᠦᠵᠡᠯ᠎ᠦᠨ ᠭᠣᠤᠯ ᠦᠨᠳᠦᠰᠦᠯᠡᠯ᠎ᠢ ᠣᠲᠤ ᠦᠶ᠎ᠡ᠎ᠶᠢᠨ ᠳᠤᠮᠳᠠᠳᠤ ᠤᠯᠤᠰ᠎ᠤᠨ ᠦᠢᠯᠡᠳᠦᠯᠭᠡ ᠪᠣᠯᠤᠨ ᠴᠠᠭ ᠦᠶ᠎ᠡ᠎ᠶᠢᠨ ᠣᠨᠴᠠᠯᠢᠭ ᠱᠢᠨᠵᠢ᠎ᠲᠡᠢ ᠤᠶᠠᠯᠳᠤᠭᠤᠯᠤᠭᠰᠠᠨ᠎ᠤ ᠪᠦᠲᠦᠭᠡᠭᠳᠡᠬᠦᠨ ᠮᠦᠠ᠂ ᠮᠠᠤ ᠽᠧ ᠳ᠋ᠦᠩ᠎ᠦᠨ ᠦᠵᠡᠯ ᠰᠠᠨᠠᠭᠠᠨ᠎ᠤ ᠲᠡᠦᠬᠡᠨ ᠱᠢᠨ᠎ᠡ ᠨᠥᠬᠦᠴᠡᠯ ᠳᠣᠤᠷᠠᠬᠢ ᠵᠠᠯᠭᠠᠮᠵᠢᠯᠠᠯ ᠪᠠ ᠬᠥᠭᠵᠢᠭᠦᠯᠦᠯ ᠮᠦᠠ᠂ ᠮᠠᠷᠺᠰ᠎ᠤᠨ ᠦᠵᠡᠯ᠎ᠦᠨ ᠳᠤᠮᠳᠠᠳᠤ ᠤᠯᠤᠰ᠎ᠳᠠᠬᠢ ᠬᠥᠭᠵᠢᠯ᠎ᠦᠨ ᠱᠢᠨ᠎ᠡ ᠱᠠᠲᠤ ᠦᠶ᠎ᠡ ᠮᠦᠠ᠂ ᠣᠲᠤ ᠦᠶ᠎ᠡ᠎ᠶᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ ᠮᠦᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠲᠤ᠎ᠶᠢᠨ ᠣᠶᠤᠨ ᠤᠬᠠᠭᠠᠨ᠎ᠤ ᠣᠬᠢ ᠪᠦᠲᠦᠭᠡᠯ ᠮᠦᠠ᠂ ᠡᠨᠡ᠎ᠨᠢ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠣᠳᠤᠬᠢᠴᠢᠯᠠᠬᠤ ᠦᠢᠯᠡᠰ᠎ᠢ ᠬᠥᠲᠦᠯᠦᠨ ᠵᠢᠯᠤᠭᠤᠳᠴᠤ ᠲᠠᠰᠤᠷᠠᠯᠲᠠ᠎ᠦᠭᠡᠢ ᠤᠷᠤᠭᠱᠢᠯᠠᠭᠤᠯᠵᠤ ᠪᠠᠢᠨ᠎ᠠ᠃

  ᠠᠷᠪᠠᠨ ᠭᠤᠷᠪᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠠᠴᠠ ᠨᠠᠭᠠᠱᠢ᠂ ᠵᠢᠶᠠᠩ ᠽᠧ ᠮᠢᠨ ᠨᠥᠬᠦᠷ᠎ᠢᠶ᠋ᠡᠷ ᠭᠣᠤᠯ ᠲᠥᠯᠦᠭᠡᠯᠡᠭᠴᠢ᠎ᠪᠡᠨ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠳᠦᠴᠤᠤᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ ᠪᠦᠲᠦᠭᠡᠨ ᠪᠠᠢᠭᠤᠯᠬᠤ ᠦᠢᠯᠡᠳᠦᠯᠭᠡ᠎ᠶᠢᠨ ᠳᠤᠮᠳᠠ ᠶᠠᠭᠤ᠎ᠶᠢ ᠨᠡᠢᠭᠡᠮ ᠵᠢᠷᠤᠮ ᠭᠡᠬᠦ᠂ ᠨᠡᠢᠭᠡᠮ ᠵᠢᠷᠤᠮ᠎ᠢ ᠬᠡᠷᠬᠢᠨ ᠪᠦᠲᠦᠭᠡᠨ ᠪᠠᠢᠭᠤᠯᠬᠤ ᠪᠠ ᠶᠠᠮᠠᠷ ᠶᠠᠩᠵᠤ᠎ᠶᠢᠨ ᠨᠠᠮ᠎ᠢ ᠪᠠᠢᠭᠤᠯᠬᠤ᠂ ᠨᠠᠮ᠎ᠢ ᠬᠡᠷᠬᠢᠨ ᠪᠠᠢᠭᠤᠯᠬᠤ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠦ᠂ ᠨᠠᠮ᠎ᠢ ᠵᠠᠰᠠᠬᠤ ᠲᠥᠷᠦ᠎ᠶᠢ ᠵᠠᠰᠠᠬᠤ ᠡᠷᠬᠢᠮ ᠨᠠᠨᠳᠢᠨ ᠱᠢᠨ᠎ᠡ ᠲᠤᠷᠱᠢᠯᠭ᠎ᠠ᠎ᠶᠢ ᠬᠤᠷᠠᠮᠳᠤᠭᠤᠯᠤᠭᠠᠳ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠎ᠶᠢ ᠪᠦᠷᠢᠯᠳᠦᠭᠦᠯᠪᠡ᠃ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ ᠪᠤᠯ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠸᠡᠭ ᠱᠢᠶᠤᠣ ᠫᠢᠩ᠎ᠦᠨ ᠣᠨᠤᠯ᠎ᠤᠨ ᠵᠠᠯᠭᠠᠮᠵᠢᠯᠠᠯ ᠪᠠ ᠬᠥᠭᠵᠢᠭᠦᠯᠦᠯ ᠮᠦᠠ᠂ ᠣᠲᠤ ᠦᠶ᠎ᠡ᠎ᠶᠢᠨ ᠳᠡᠯᠡᠬᠡᠢ᠎ᠶᠢᠨ ᠪᠠ ᠳᠤᠮᠳᠠᠳᠤ ᠤᠯᠤᠰ᠎ᠤᠨ ᠬᠥᠭᠵᠢᠯᠲᠡ ᠬᠤᠪᠢᠷᠠᠯᠲᠠ᠎ᠠᠴᠠ ᠨᠠᠮ ᠪᠠ ᠲᠥᠷᠦ᠎ᠶᠢᠨ ᠠᠵᠢᠯ᠎ᠳᠤ ᠲᠠᠯᠪᠢᠭᠰᠠᠨ ᠱᠢᠨ᠎ᠡ ᠱᠠᠭᠠᠷᠳᠠᠯᠭ᠎ᠠ᠎ᠶᠢ ᠲᠤᠰᠭᠠᠭᠰᠠᠨ᠂ ᠨᠠᠮ᠎ᠤᠨ ᠪᠠᠢᠭᠤᠯᠤᠯᠲᠠ᠎ᠶᠢ ᠴᠢᠩᠭᠠᠳᠭᠠᠨ ᠰᠠᠢᠵᠢᠷᠠᠭᠤᠯᠬᠤ᠂ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠥᠪᠡᠷ᠎ᠢ᠎ᠪᠡᠨ ᠲᠡᠭᠦᠯᠳᠡᠷᠵᠢᠭᠦᠯᠦᠨ ᠬᠥᠭᠵᠢᠭᠦᠯᠬᠦ᠎ᠶᠢ ᠠᠬᠢᠭᠤᠯᠬᠤ ᠬᠦᠴᠦᠷᠬᠡᠭ ᠶᠡᠬᠡ ᠣᠨᠤᠯ᠎ᠤᠨ ᠵᠡᠪᠰᠡᠭ ᠮᠦᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠲᠤ᠎ᠶᠢᠨ ᠣᠶᠤᠨ ᠤᠬᠠᠭᠠᠨ᠎ᠤ ᠣᠬᠢ ᠪᠦᠲᠦᠭᠡᠯ ᠮᠦᠠ᠂ ᠨᠠᠮ᠎ᠤᠨ ᠡᠷᠬᠡᠪᠱᠢ ᠤᠷᠲᠤ ᠬᠤᠭᠤᠴᠠᠭ᠎ᠠ᠎ᠪᠠᠷ᠎ᠪᠠᠷᠢᠮᠲᠠᠯᠠᠬᠤ ᠬᠡᠷᠡᠭᠲᠡᠢ ᠵᠢᠯᠤᠭᠤᠳᠭᠤ ᠦᠵᠡᠯ ᠰᠠᠨᠠᠭ᠎ᠠ ᠮᠦᠠ᠃ 《ᠭᠤᠷᠪᠠ᠎ᠶᠢ ᠲᠥᠯᠦᠭᠡᠯᠡᠬᠦ》᠎ᠶᠢ ᠢᠮᠠᠭᠲᠠ ᠪᠡᠶᠡᠯᠡᠭᠦᠯᠬᠦ ᠶᠠᠪᠤᠳᠠᠯ ᠪᠤᠯ ᠮᠠᠨ᠎ᠤ ᠨᠠᠮ᠎ᠤᠨ ᠨᠠᠮ ᠪᠠᠢᠭᠤᠯᠬᠤ᠎ᠶᠢᠨ ᠦᠨᠳᠦᠰᠦ᠂ ᠲᠥᠷᠦ᠎ᠪᠠᠷᠢᠬᠤ᠎ᠶᠢᠨ ᠰᠠᠭᠤᠷᠢ᠂ ᠬᠦᠴᠦᠨ ᠴᠢᠳᠠᠯ᠎ᠤᠨ ᠰᠤᠷᠪᠤᠯᠵᠢ ᠮᠦᠠ᠃

  ᠠᠷᠪᠠᠨ ᠵᠢᠷᠭᠤᠳᠤᠭᠠᠷ ᠶᠡᠬᠡ ᠬᠤᠷᠠᠯ᠎ᠠᠴᠠ ᠨᠠᠭᠠᠱᠢ᠂ ᠬᠣ᠌ ᠵᠢᠨ ᠲᠤᠤ ᠨᠥᠬᠦᠷ᠎ᠢᠶ᠋ᠡᠷ ᠭᠣᠤᠯ ᠲᠥᠯᠦᠭᠡᠯᠡᠭᠴᠢ᠎ᠪᠡᠨ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ ᠳ᠋ᠧᠩ ᠱᠢᠶᠤᠣ ᠫᠢᠩ᠎ᠦᠨ ᠣᠨᠤᠯ ᠪᠠ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶᠢ᠎ᠪᠠᠷᠢᠮᠲᠠᠯᠠᠨ᠂ ᠬᠥᠭᠵᠢᠯᠲᠡ᠎ᠶᠢᠨ ᠱᠢᠨ᠎ᠡ ᠱᠠᠭᠠᠷᠳᠠᠯᠭ᠎ᠠ᠎ᠶᠢ ᠦᠨᠳᠦᠰᠦᠯᠡᠵᠦ᠂ ᠱᠢᠨ᠎ᠡ ᠪᠠᠢᠳᠠᠯ᠎ᠤᠨ ᠳᠣᠤᠷ᠎ᠠ ᠶᠠᠮᠠᠷ ᠶᠠᠩᠵᠤ᠎ᠶᠢᠨ ᠬᠥᠭᠵᠢᠯᠲᠡ᠎ᠶᠢ ᠪᠡᠶᠡᠯᠡᠭᠦᠯᠬᠦ᠂ ᠬᠡᠷᠬᠢᠨ ᠬᠥᠭᠵᠢᠭᠦᠯᠬᠦ ᠵᠡᠷᠭᠡ ᠴᠢᠬᠤᠯᠠ ᠶᠡᠬᠡ ᠠᠰᠠᠭᠤᠳᠠᠯ᠎ᠢ ᠭᠦᠨᠵᠡᠭᠡᠢ ᠲᠠᠨᠢᠭᠰᠠᠨ ᠪᠠ ᠲᠡᠭᠦᠨ᠎ᠳᠦ ᠬᠠᠷᠢᠭᠤᠯᠲᠠ ᠥᠭᠭᠦᠭᠡᠳ᠂ ᠬᠥᠮᠦᠨ᠎ᠢᠶ᠋ᠡᠷ ᠦᠨᠳᠦᠰᠦ ᠪᠣᠯᠭᠠᠬᠤ᠂ ᠪᠦᠬᠦ ᠲᠠᠯ᠎ᠠ᠎ᠪᠠᠷ ᠵᠣᠬᠢᠴᠠᠯᠳᠤᠭᠤᠯᠤᠨ ᠦᠷᠭᠦᠯᠵᠢᠯᠡᠨ ᠬᠥᠭᠵᠢᠭᠦᠯᠬᠦ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠪᠦᠷᠢᠯᠳᠦᠭᠦᠯᠪᠡ᠃ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ ᠪᠤᠯ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠣ ᠫᠢᠩ᠎ᠦᠨ ᠣᠨᠤᠯ᠂ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠎ᠲᠠᠢ ᠤᠯᠠᠮᠵᠢᠯᠠᠯ ᠨᠢᠭᠡᠲᠡᠢ ᠮᠥᠷᠲᠡᠭᠡᠨ ᠴᠠᠭ ᠦᠶ᠎ᠡ᠎ᠲᠡᠢ ᠵᠡᠷᠭᠡ᠎ᠪᠡᠷ ᠤᠷᠤᠭᠱᠢᠯᠠᠭᠰᠠᠨ ᠱᠢᠨᠵᠢᠯᠡᠬᠦ ᠤᠬᠠᠭᠠᠨᠴᠢ ᠣᠨᠤᠯ ᠮᠦᠨ᠂ ᠬᠥᠭᠵᠢᠯᠲᠡ᠎ᠶᠢᠨ ᠲᠤᠬᠠᠢ ᠮᠠᠷᠺᠰ᠎ᠤᠨ ᠦᠵᠡᠯ᠎ᠦᠨ ᠶᠢᠷᠲᠢᠨᠴᠦ᠎ᠶᠢᠨ ᠦᠵᠡᠯᠲᠡ ᠪᠠ ᠠᠷᠭ᠎ᠠ᠎ᠶᠢᠨ ᠣᠨᠤᠯ᠎ᠤᠨ ᠲᠥᠪᠯᠡᠷᠡᠩᠭᠦᠢ ᠢᠯᠡᠷᠡᠯ ᠮᠥᠨ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠴᠢᠬᠤᠯᠠ ᠶᠡᠬᠡ ᠦᠷ᠎ᠡ ᠪᠦᠲᠦᠭᠡᠯ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠲᠤ᠎ᠶᠢᠨ ᠣᠶᠤᠨ ᠤᠬᠠᠭᠠᠨ᠎ᠤ ᠣᠬᠢ ᠪᠦᠲᠦᠭᠡᠯ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ ᠬᠥᠭᠵᠢᠭᠦᠯᠬᠦ᠎ᠳᠦ ᠡᠷᠬᠡᠪᠱᠢ ᠤᠷᠲᠤ ᠬᠤᠭᠤᠴᠠᠭ᠎ᠠ᠎ᠪᠠᠷ᠎ᠪᠠᠷᠢᠮᠲᠠᠯᠠᠬᠤ ᠬᠡᠷᠡᠭᠲᠡᠢ ᠵᠢᠯᠤᠭᠤᠳᠭᠤ ᠦᠵᠡᠯ ᠰᠠᠨᠠᠭ᠎ᠠ ᠮᠦᠨ᠃

  ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠱᠢ᠂ ᠰᠢ᠎ᠵᠢᠨ ᠫᠢᠩ ᠨᠥᠬᠦᠷ᠎ᠢᠶ᠋ᠡᠷ ᠭᠣᠤᠯ ᠲᠥᠯᠦᠭᠡᠯᠡᠭᠴᠢ᠎ᠪᠡᠨ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠳᠤᠴᠤᠳ ᠴᠠᠭ ᠦᠶ᠎ᠡ᠎ᠶᠢᠨ ᠬᠥᠭᠵᠢᠯᠲᠡ᠎ᠶᠢ ᠳᠠᠭᠠᠵᠤ᠂ ᠱᠢᠨ᠎ᠡ ᠴᠠᠭ ᠦᠶ᠎ᠡ᠎ᠳᠦ ᠶᠠᠮᠠᠷ ᠶᠠᠩᠵᠤ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ᠎ᠪᠠᠷᠢᠮᠲᠠᠯᠠᠨ ᠬᠥᠭᠵᠢᠭᠦᠯᠬᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ ᠬᠡᠷᠬᠢᠨ᠎ᠪᠠᠷᠢᠮᠲᠠᠯᠠᠨ ᠬᠥᠭᠵᠢᠭᠦᠯᠬᠦ ᠭᠡᠬᠦ ᠡᠨᠡ᠎ᠬᠦ ᠴᠠᠭ ᠦᠶ᠎ᠡ᠎ᠶᠢᠨ ᠴᠢᠬᠤᠯᠠ ᠶᠡᠬᠡ ᠰᠡᠳᠦᠪ᠎ᠢ ᠣᠨᠤᠯ ᠪᠠ ᠦᠢᠯᠡᠳᠦᠯᠭᠡ᠎ᠶᠢ ᠤᠶᠠᠯᠳᠤᠭᠤᠯᠬᠤ ᠡᠭᠦᠳᠡᠨ᠎ᠡᠴᠡ ᠱᠢᠰᠲᠧᠮ᠎ᠲᠡᠢ᠎ᠪᠡᠷ ᠬᠠᠷᠢᠭᠤᠯᠤᠭᠠᠳ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠣᠢ ᠪᠣᠯᠭᠠᠪᠠ᠃ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠤᠯ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠸᠡᠭ ᠱᠢᠶᠤᠣ ᠫᠢᠩ᠎ᠦᠨ ᠣᠨᠤᠯ᠂ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢᠨ ᠵᠠᠯᠭᠠᠮᠵᠢᠯᠠᠯ ᠪᠠ ᠬᠥᠭᠵᠢᠭᠦᠯᠦᠯ ᠮᠦᠠ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠮᠥᠨ᠂ ᠨᠠᠮ ᠪᠠ ᠠᠷᠠᠳ ᠲᠦᠮᠡᠨ᠎ᠦ ᠦᠢᠯᠡᠳᠦᠯᠭᠡ᠎ᠶᠢᠨ ᠲᠤᠷᠱᠢᠯᠭ᠎ᠠ ᠪᠠ ᠬᠠᠮᠲᠤ᠎ᠶᠢᠨ ᠣᠶᠤᠨ ᠤᠬᠠᠭᠠᠨ᠎ᠤ ᠣᠬᠢ ᠪᠦᠲᠦᠭᠡᠯ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠣᠨᠤᠯ᠎ᠤᠨ ᠱᠢᠰᠲᠧᠮ᠎ᠦᠨ ᠴᠢᠬᠤᠯᠠ ᠪᠦᠷᠢᠯᠳᠦᠬᠦᠨ ᠬᠡᠰᠡᠭ ᠮᠦᠨ᠂ ᠪᠦᠬᠦ ᠨᠠᠮ ᠪᠦᠬᠦ ᠤᠯᠤᠰ᠎ᠤᠨ ᠠᠷᠠᠳ ᠲᠦᠮᠡᠨ᠎ᠦ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠲᠥᠯᠦᠭᠡ ᠲᠡᠮᠡᠴᠡᠬᠦ ᠠᠵᠢᠯᠯᠠᠭᠠᠨ᠎ᠤ ᠵᠦᠭᠯᠡᠭᠦᠷ ᠮᠦᠨ᠂ ᠡᠷᠬᠡᠪᠱᠢ ᠤᠷᠲᠤ ᠬᠤᠭᠤᠴᠠᠭ᠎ᠠ᠎ᠪᠠᠷ᠎ᠪᠠᠷᠢᠮᠲᠠᠯᠠᠵᠤ ᠲᠠᠰᠤᠷᠠᠯᠲᠠ᠎ᠦᠭᠡᠢ ᠬᠥᠭᠵᠢᠭᠦᠯᠬᠦ ᠬᠡᠷᠡᠭᠲᠡᠢ᠃ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠵᠢᠯᠤᠭᠤᠳᠤᠯᠭ᠎ᠠ ᠳᠣᠤᠷ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ᠂ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢᠯᠡᠰ᠂ ᠠᠭᠤᠤ ᠶᠡᠬᠡ ᠬᠦᠰᠡᠯ ᠡᠷᠡᠮᠡᠯᠵᠡᠯ᠎ᠢ ᠶᠡᠷᠦᠩᠬᠡᠢᠯᠡᠨ ᠵᠢᠯᠤᠭᠤᠳᠴᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ ᠠᠬᠢᠭᠤᠯᠤᠭᠠᠳ ᠱᠢᠨ᠎ᠡ ᠴᠠᠭ ᠦᠶ᠎ᠡ᠎ᠳᠦ ᠣᠷᠤᠭᠤᠯᠪᠠ᠃

  ᠥᠭᠡᠷᠡᠴᠢᠯᠡᠯᠲᠡ ᠨᠡᠭᠡᠭᠡᠯᠲᠡ ᠬᠢᠭᠰᠡᠨ᠎ᠡᠴᠡ ᠨᠠᠭᠠᠱᠢᠬᠢ ᠪᠢᠳᠡᠨ᠎ᠦ ᠣᠯᠤᠭᠰᠠᠨ ᠠᠯᠢᠪᠠ ᠠᠮᠵᠢᠯᠲᠠ ᠪᠦᠲᠦᠮᠵᠢ ᠪᠣᠯᠤᠨ ᠳᠠᠪᠱᠢᠯᠲᠠ᠎ᠶᠢᠨ ᠦᠨᠳᠦᠰᠦᠨ ᠱᠢᠯᠲᠠᠭᠠᠨ᠎ᠢ ᠬᠤᠷᠢᠶᠠᠩᠭᠤᠢᠯᠠᠪᠠᠯ᠄ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢ ᠨᠡᠭᠡᠭᠡᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠣᠨᠤᠯ᠎ᠤᠨ ᠱᠢᠰᠲᠧᠮ᠎ᠢ ᠪᠦᠷᠢᠯᠳᠦᠭᠦᠯᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮᠲᠤ ᠪᠠᠢᠭᠤᠯᠤᠯ᠎ᠢ ᠲᠣᠭᠲᠠᠭᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠰᠣᠶᠤᠯ᠎ᠢ ᠬᠥᠭᠵᠢᠭᠦᠯᠦᠭᠰᠡᠨ᠎ᠳᠦ ᠣᠷᠤᠱᠢᠨ᠎ᠠ᠃ ᠪᠦᠬᠦ ᠨᠠᠮ᠎ᠤᠨ ᠨᠥᠬᠦᠳ ᠨᠠᠮ᠎ᠤᠨ ᠠᠯᠢ ᠣᠯᠠᠨ ᠬᠦᠴᠢᠷ᠎ᠪᠡᠷᠬᠡᠱᠢᠶᠡᠯ᠎ᠢ ᠳᠤᠭᠤᠯᠤᠨ ᠨᠡᠭᠡᠭᠡᠭᠰᠡᠨ ᠡᠨᠡ᠎ᠬᠦ ᠵᠠᠮ᠂ ᠡᠨᠡ᠎ᠬᠦ ᠣᠨᠤᠯ᠎ᠤᠨ ᠱᠢᠰᠲᠧᠮ᠂ ᠡᠨᠡ᠎ᠬᠦ ᠪᠠᠢᠭᠤᠯᠤᠯ᠂ ᠡᠨᠡ᠎ᠬᠦ ᠰᠣᠶᠤᠯ᠎ᠢ ᠬᠤᠪᠢ ᠳᠠᠬᠢᠨ ᠨᠠᠨᠳᠢᠩᠨᠠᠵᠤ᠂ ᠤᠷᠲᠤ ᠬᠤᠭᠤᠴᠠᠭ᠎ᠠ᠎ᠪᠠᠷ᠎ᠪᠠᠷᠢᠮᠲᠠᠯᠠᠬᠤ ᠪᠠ ᠲᠠᠰᠤᠷᠠᠯᠲᠠ᠎ᠦᠭᠡᠢ ᠬᠥᠭᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠦᠷ ᠮᠠᠨᠳᠤᠭᠤᠯᠤᠨ᠂ ᠵᠠᠮ᠎ᠤᠨ ᠢᠲᠡᠭᠡᠯ᠂ ᠣᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠤᠯ᠎ᠤᠨ ᠢᠲᠡᠭᠡᠯ᠎ᠢᠶ᠋ᠡᠨ ᠪᠠᠲᠤᠳᠭᠠᠵᠤ᠂ ᠨᠠᠮ᠎ᠤᠨ ᠦᠨᠳᠦᠰᠦᠨ ᠣᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠤᠯᠭ᠎ᠠ᠎ᠶᠢ ᠲᠤᠭᠤᠱᠢᠯᠠᠭᠤᠯᠤᠨ᠂ ᠣᠳᠤᠬᠢᠴᠢᠯᠠᠬᠤ ᠪᠦᠲᠦᠭᠡᠨ ᠪᠠᠢᠭᠤᠯᠤᠯᠲᠠ᠎ᠶᠢ ᠠᠬᠢᠭᠤᠯᠬᠤ᠂ ᠡᠬᠡ ᠣᠷᠤᠨ᠎ᠤ ᠨᠢᠭᠡᠳᠦᠯ᠎ᠢ ᠪᠡᠶᠡᠯᠡᠭᠦᠯᠬᠦ᠂ ᠳᠡᠯᠡᠬᠡᠢ᠎ᠶᠢᠨ ᠡᠩᠬᠡ᠎ᠲᠠᠢᠪᠤᠩ᠎ᠢ ᠬᠠᠮᠠᠭᠠᠯᠠᠬᠤ ᠪᠠ ᠬᠠᠮᠲᠤ᠎ᠶᠢᠨ ᠬᠥᠭᠵᠢᠯᠲᠡ᠎ᠶᠢ ᠠᠬᠢᠭᠤᠯᠬᠤ ᠡᠨᠡ᠎ᠬᠦ ᠭᠤᠷᠪᠠᠨ ᠶᠡᠬᠡ ᠲᠡᠦᠬᠡᠲᠦ ᠡᠭᠦᠷᠭᠡ᠎ᠶᠢ ᠪᠡᠶᠡᠯᠡᠭᠦᠯᠵᠦ᠂ 《ᠬᠣᠤᠰ ᠵᠠᠭᠤᠨ ᠵᠢᠯ》᠎ᠦᠨ ᠲᠡᠮᠡᠴᠡᠯ᠎ᠦᠨ ᠬᠠᠷᠠᠯᠲᠠ᠎ᠪᠠᠨ ᠪᠡᠶᠡᠯᠡᠭᠦᠯᠦᠨ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ ᠤᠯᠤᠰ᠎ᠤᠨ ᠬᠦᠰᠡᠯ᠎ᠢ ᠪᠡᠶᠡᠯᠡᠭᠦᠯᠬᠦ᠎ᠶᠢᠨ ᠲᠥᠯᠦᠭᠡ ᠲᠡᠮᠡᠴᠡᠬᠦ ᠬᠡᠷᠡᠭᠲᠡᠢ᠃

  ᠮᠠᠨ᠎ᠤ ᠤᠯᠤᠰ ᠶᠠᠭ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠣᠷᠤᠱᠢᠵᠤ ᠪᠠᠢᠬᠤ ᠪᠥᠭᠡᠳ ᠤᠷᠲᠤ ᠬᠤᠭᠤᠴᠠᠭ᠎ᠠ᠎ᠪᠠᠷ ᠣᠷᠤᠱᠢᠬᠤ ᠪᠤᠯᠦᠨ᠎ᠡ᠃ ᠡᠨᠡ ᠪᠤᠯ ᠠᠵᠤ ᠠᠬᠤᠢ ᠰᠣᠶᠤᠯ᠎ᠢᠶ᠋ᠠᠷ ᠬᠣᠴᠤᠷᠤᠩᠭᠤᠢ ᠪᠠᠢᠭᠰᠠᠨ ᠳᠤᠮᠳᠠᠳᠤ ᠤᠯᠤᠰ᠎ᠲᠤ ᠨᠡᠢᠭᠡᠮ ᠵᠢᠷᠤᠮᠲᠤ ᠣᠳᠤᠬᠢᠴᠢᠯᠠᠯᠲᠠ᠎ᠶᠢ ᠪᠦᠲᠦᠭᠡᠨ ᠪᠠᠢᠭᠤᠯᠬᠤ᠎ᠳᠤ ᠵᠠᠭᠤ ᠭᠠᠷᠤᠢ ᠵᠢᠯ᠎ᠦᠨ ᠴᠠᠭ ᠬᠡᠷᠡᠭᠰᠡᠨ ᠵᠠᠪᠠᠯ ᠳᠣᠭᠤᠯᠬᠤ ᠲᠡᠦᠬᠡ᠎ᠶᠢᠨ ᠱᠠᠲᠤ ᠦᠶ᠎ᠡ ᠮᠦᠠ᠃ ᠮᠠᠨ᠎ᠤ ᠤᠯᠤᠰ᠎ᠤᠨ ᠨᠡᠢᠭᠡᠮ ᠵᠢᠷᠤᠮᠲᠤ ᠪᠦᠲᠦᠭᠡᠨ ᠪᠠᠢᠭᠤᠯᠤᠯᠲᠠ ᠡᠷᠬᠡᠪᠱᠢ ᠮᠠᠨ᠎ᠤ ᠤᠯᠤᠰ᠎ᠤᠨ ᠤᠯᠤᠰ᠎ᠤᠨ ᠪᠠᠢᠳᠠᠯ᠎ᠢ ᠦᠨᠳᠦᠰᠦᠯᠡᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢᠶ᠋ᠠᠷ ᠵᠠᠮᠨᠠᠬᠤ ᠬᠡᠷᠡᠭᠲᠡᠢ᠃ ᠣᠳᠤᠬᠢ ᠱᠠᠲᠤᠨ᠎ᠳᠤ᠂ ᠮᠠᠨ᠎ᠤ ᠤᠯᠤᠰ᠎ᠤᠨ ᠨᠡᠢᠭᠡᠮ᠎ᠦᠨ ᠭᠣᠤᠯ ᠵᠥᠷᠢᠴᠡᠯ ᠪᠤᠯ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ ᠪᠠ ᠲᠡᠩᠴᠡᠭᠦᠷᠢ᠎ᠦᠭᠡᠢ ᠭᠦᠢᠴᠡᠳ᠎ᠦᠭᠡᠢ ᠬᠥᠭᠵᠢᠯᠲᠡ᠎ᠶᠢᠨ ᠬᠣᠭᠤᠷᠤᠨᠳᠤᠬᠢ ᠵᠥᠷᠢᠴᠡᠯ ᠮᠦᠠ᠃ ᠤᠯᠤᠰ᠎ᠤᠨ ᠳᠣᠲᠤᠭᠠᠳᠤ᠎ᠶᠢᠨ ᠬᠦᠴᠦᠨ ᠵᠦᠢᠯ ᠪᠠ ᠳᠡᠯᠡᠬᠡᠢ᠎ᠶᠢᠨ ᠨᠥᠯᠦᠭᠡ᠎ᠡᠴᠡ ᠪᠣᠯᠵᠤ ᠠᠩᠭᠢ᠎ᠶᠢᠨ ᠲᠡᠮᠡᠴᠡᠯ ᠪᠠᠰᠠ ᠵᠣᠬᠢᠬᠤ ᠬᠡᠪᠴᠢᠶᠡᠨ ᠳᠣᠲᠤᠷ᠎ᠠ ᠤᠷᠲᠤ ᠬᠤᠭᠤᠴᠠᠭ᠎ᠠ᠎ᠪᠠᠷ ᠣᠷᠤᠱᠢᠬᠤ ᠪᠥᠭᠡᠳ ᠶᠠᠮᠠᠷ ᠨᠢᠭᠡᠨ ᠨᠥᠬᠦᠴᠡᠯ᠎ᠦᠨ ᠳᠣᠤᠷ᠎ᠠ ᠪᠠᠰᠠ ᠱᠢᠷᠦᠭᠦᠰᠴᠦ ᠮᠡᠳᠡᠨ᠎ᠡ᠂ ᠭᠡᠪᠡᠴᠦ ᠨᠢᠭᠡᠨᠲᠡ ᠭᠣᠤᠯ ᠵᠥᠷᠢᠴᠡᠯ ᠪᠢᠱᠢ ᠪᠤᠯᠪᠠ᠃ ᠮᠠᠨ᠎ᠤ ᠤᠯᠤᠰ᠎ᠤᠨ ᠨᠡᠢᠭᠡᠮ ᠵᠢᠷᠤᠮᠲᠤ ᠪᠦᠲᠦᠭᠡᠨ ᠪᠠᠢᠭᠤᠯᠤᠯᠲᠠ᠎ᠶᠢᠨ ᠦᠨᠳᠦᠰᠦᠨ ᠡᠭᠦᠷᠭᠡ ᠪᠤᠯ ᠤᠯᠠᠮ ᠨᠢᠭᠡ ᠠᠯᠬᠤᠮ ᠦᠢᠯᠡᠳᠪᠦᠷᠢᠯᠡᠯ᠎ᠦᠨ ᠬᠦᠴᠦᠨ᠎ᠢ ᠴᠢᠯᠦᠭᠡᠯᠡᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠨᠡᠢᠭᠡᠮ ᠵᠢᠷᠤᠮᠲᠤ ᠣᠳᠤᠬᠢᠴᠢᠯᠠᠯᠲᠠ᠎ᠶᠢ ᠠᠯᠬᠤᠮ ᠠᠯᠬᠤᠮ᠎ᠢᠶ᠋ᠠᠷ ᠪᠡᠶᠡᠯᠡᠭᠦᠯᠬᠦ᠎ᠶᠢᠨ ᠬᠠᠮᠲᠤ ᠡᠭᠦᠨ᠎ᠦ ᠲᠤᠯᠠᠳᠠ ᠦᠢᠯᠡᠳᠪᠦᠷᠢᠯᠡᠯ᠎ᠦᠨ ᠬᠠᠷᠢᠴᠠᠭ᠎ᠠ ᠪᠣᠯᠤᠨ ᠳᠠᠪᠬᠤᠷᠭ᠎ᠠ᠎ᠳᠠᠬᠢ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠦ ᠦᠯᠦ ᠲᠣᠬᠢᠷᠠᠬᠤ ᠲᠠᠯ᠎ᠠ ᠪᠠ ᠭᠣᠭᠴᠤᠭ᠎ᠠ᠎ᠶᠢ ᠥᠭᠡᠷᠡᠴᠢᠯᠡᠬᠦ ᠶᠠᠪᠤᠳᠠᠯ ᠪᠤᠯᠦᠨ᠎ᠡ᠃ ᠡᠷᠬᠡᠪᠱᠢ ᠨᠡᠢᠲᠡ᠎ᠶᠢᠨ ᠥᠮᠴᠢᠯᠡᠯ᠎ᠢᠶ᠋ᠡᠷ ᠭᠣᠤᠯ ᠴᠣᠭᠴᠠ ᠪᠣᠯᠭᠠᠭᠰᠠᠨ᠂ ᠣᠯᠠᠨ ᠲᠥᠷᠦᠯ᠎ᠦᠨ ᠥᠮᠴᠢᠯᠡᠯ᠎ᠦᠨ ᠠᠵᠤ ᠠᠬᠤᠢ᠎ᠶᠢ ᠬᠠᠮᠲᠤ᠎ᠪᠠᠷ ᠬᠥᠭᠵᠢᠭᠦᠯᠬᠦ ᠠᠵᠤ ᠠᠬᠤᠢ᠎ᠶᠢᠨ ᠦᠨᠳᠦᠰᠦᠨ ᠪᠠᠢᠭᠤᠯᠤᠯ᠎ᠢ᠎ᠪᠠᠷᠢᠮᠲᠠᠯᠠᠨ ᠲᠡᠭᠦᠯᠳᠡᠷᠵᠢᠭᠦᠯᠵᠦ᠂ ᠬᠥᠳᠡᠯᠮᠦᠷᠢᠯᠡᠭᠰᠡᠨ᠎ᠦ ᠬᠢᠨᠢ ᠬᠢᠷᠢ᠎ᠪᠡᠷ ᠬᠤᠪᠢᠶᠠᠷᠢᠯᠠᠬᠤ᠎ᠪᠠᠷ ᠭᠣᠤᠯ ᠴᠣᠭᠴᠠ ᠪᠣᠯᠭᠠᠭᠰᠠᠨ᠂ ᠣᠯᠠᠨ ᠵᠦᠢᠯ᠎ᠦᠨ ᠬᠤᠪᠢᠶᠠᠷᠢᠯᠠᠬᠤ ᠠᠷᠭ᠎ᠠ ᠮᠠᠶᠢᠭ ᠵᠡᠷᠭᠡᠴᠡᠨ ᠣᠷᠤᠱᠢᠭᠰᠠᠨ ᠬᠤᠪᠢᠶᠠᠷᠢᠯᠠᠯᠲᠠ᠎ᠶᠢᠨ ᠳᠦᠷᠢᠮ᠎ᠢ᠎ᠪᠠᠷᠢᠮᠲᠠᠯᠠᠨ ᠲᠡᠭᠦᠯᠳᠡᠷᠵᠢᠭᠦᠯᠵᠦ᠂ ᠬᠡᠰᠡᠭ ᠭᠠᠵᠠᠷ ᠣᠷᠤᠨ ᠪᠠ ᠬᠡᠰᠡᠭ ᠬᠥᠮᠦᠰ᠎ᠦᠨ ᠤᠷᠢᠳ᠎ᠢᠶ᠋ᠠᠷ ᠪᠠᠶᠠᠵᠢᠬᠤ᠎ᠶᠢ ᠵᠣᠷᠢᠭᠵᠢᠭᠤᠯᠵᠤ᠂ ᠶᠠᠳᠠᠭᠤ ᠬᠣᠭᠤᠰᠤᠨ ᠪᠠᠢᠳᠠᠯ᠎ᠢ ᠠᠯᠬᠤᠮ ᠠᠯᠬᠤᠮ᠎ᠢᠶ᠋ᠠᠷ ᠠᠷᠢᠯᠭᠠᠨ᠂ ᠬᠠᠮᠲᠤ᠎ᠪᠠᠷ ᠪᠠᠶᠠᠵᠢᠬᠤ᠎ᠶᠢ ᠪᠡᠶᠡᠯᠡᠭᠦᠯᠵᠦ᠂ ᠦᠢᠯᠡᠳᠪᠦᠷᠢᠯᠡᠯ ᠬᠥᠭᠵᠢᠭᠰᠡᠨ ᠪᠠ ᠨᠡᠢᠭᠡᠮ᠎ᠦᠨ ᠡᠳ᠋ ᠪᠠᠶᠠᠯᠢᠭ ᠨᠡᠮᠡᠭᠳᠡᠭᠰᠡᠨ ᠰᠠᠭᠤᠷᠢᠨ ᠳᠡᠭᠡᠷ᠎ᠡ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠲᠠᠰᠤᠷᠠᠯᠲᠠ᠎ᠦᠭᠡᠢ ᠬᠠᠩᠭᠠᠵᠤ᠂ ᠬᠥᠮᠦᠨ᠎ᠦ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠬᠥᠭᠵᠢᠭᠦᠯᠬᠦ ᠪᠤᠯ ᠮᠠᠨ᠎ᠤ ᠨᠠᠮ᠎ᠤᠨ ᠲᠥᠷᠦ᠎ᠪᠠᠷᠢᠵᠤ ᠤᠯᠤᠰ᠎ᠢᠶ᠋ᠠᠨ ᠮᠠᠨᠳᠤᠭᠤᠯᠬᠤ᠎ᠶᠢᠨ ᠲᠡᠷᠢᠭᠦᠨ ᠴᠢᠬᠤᠯᠠ ᠡᠭᠦᠷᠭᠡ ᠮᠦᠠ᠃ ᠡᠷᠬᠡᠪᠱᠢ ᠠᠷᠠᠳ ᠲᠦᠮᠡᠨ᠎ᠢᠶ᠋ᠡᠷ ᠭᠣᠤᠯᠳᠠᠯᠭ᠎ᠠ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ᠎ᠪᠠᠷᠢᠮᠲᠠᠯᠠᠨ᠂ ᠱᠢᠨ᠎ᠡ᠎ᠶᠢ ᠡᠭᠦᠳᠬᠦ᠂ ᠵᠣᠬᠢᠴᠠᠩᠭᠤᠢ᠂ ᠪᠣᠬᠢᠷᠲᠤᠯ᠎ᠦᠭᠡᠢ᠂ ᠨᠡᠭᠡᠭᠡᠯᠲᠡ᠎ᠲᠡᠢ᠂ ᠬᠠᠮᠲᠤ᠎ᠪᠠᠷ ᠡᠳ᠋ᠯᠡᠬᠦ ᠬᠥᠭᠵᠢᠯᠲᠡ᠎ᠶᠢᠨ ᠣᠢᠯᠠᠭᠠᠭᠳᠠᠬᠤᠨ᠎ᠢ᠎ᠪᠠᠷᠢᠮᠲᠠᠯᠠᠬᠤ ᠬᠡᠷᠡᠭᠲᠡᠢ᠃ ᠡᠯ᠎ᠡ ᠵᠦᠢᠯ᠎ᠦᠨ ᠠᠵᠢᠯ ᠴᠥᠮ ᠨᠡᠢᠭᠡᠮ ᠵᠢᠷᠤᠮᠲᠤ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ ᠠᠱᠢᠭᠲᠠᠢ ᠪᠠᠢᠬᠤ᠂ ᠨᠡᠢᠭᠡᠮ ᠵᠢᠷᠤᠮᠲᠤ ᠤᠯᠤᠰ᠎ᠤᠨ ᠤᠯᠤᠰ᠎ᠤᠨ ᠶᠡᠷᠦᠩᠬᠡᠢ ᠬᠦᠴᠦᠨ᠎ᠢ ᠴᠢᠩᠭᠠᠷᠠᠭᠤᠯᠬᠤ᠎ᠳᠤ ᠠᠱᠢᠭᠲᠠᠢ ᠪᠠᠢᠬᠤ᠂ ᠠᠷᠠᠳ ᠲᠦᠮᠡᠨ᠎ᠦ ᠠᠮᠢᠳᠤᠷᠠᠯ᠎ᠤᠨ ᠲᠦᠪᠱᠢᠨ᠎ᠢ ᠳᠡᠭᠡᠭᠱᠢᠯᠡᠭᠦᠯᠬᠦ᠎ᠳᠦ ᠠᠱᠢᠭᠲᠠᠢ ᠪᠠᠢᠬᠤ᠎ᠪᠠᠷ ᠶᠡᠷᠦᠩᠬᠡᠢ ᠡᠭᠦᠰᠦᠯᠲᠡ ᠪᠠ ᠱᠢᠯᠭᠠᠬᠤ᠎ᠪᠠᠷᠢᠮᠵᠢᠶ᠎ᠠ ᠪᠣᠯᠭᠠᠵᠤ᠂ ᠬᠥᠳᠡᠯᠮᠦᠷᠢ᠎ᠶᠢ ᠬᠦᠨᠳᠦᠳᠬᠡᠵᠦ᠂ ᠮᠡᠳᠡᠯᠭᠡ᠎ᠶᠢ ᠬᠦᠨᠳᠦᠳᠬᠡᠵᠦ᠂ ᠴᠢᠳᠠᠪᠤᠷᠢᠲᠠᠨ᠎ᠢ ᠬᠦᠨᠳᠦᠳᠬᠡᠵᠦ᠂ ᠡᠭᠦᠳᠦᠨ ᠪᠦᠲᠦᠭᠡᠯᠲᠡ᠎ᠶᠢ ᠬᠦᠨᠳᠦᠳᠬᠡᠨ᠂ ᠬᠥᠭᠵᠢᠭᠦᠯᠬᠦ᠎ᠨᠢ ᠠᠷᠠᠳ ᠲᠦᠮᠡᠨ᠎ᠦ ᠲᠥᠯᠦᠭᠡ ᠪᠠᠢᠬᠤ᠂ ᠬᠥᠭᠵᠢᠭᠦᠯᠬᠦ᠎ᠳᠦ ᠠᠷᠠᠳ ᠲᠦᠮᠡᠨ᠎ᠢ ᠲᠦᠱᠢᠭᠯᠡᠬᠦ᠂ ᠬᠥᠭᠵᠢᠯᠲᠡ᠎ᠶᠢᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ ᠬᠡᠷᠡᠭᠲᠡᠢ᠃ ᠱᠢᠨ᠎ᠡ ᠵᠠᠭᠤᠨ᠎ᠳᠤ ᠣᠷᠤᠭᠰᠠᠨ᠎ᠤ ᠳᠠᠷᠠᠭ᠎ᠠ᠂ ᠮᠠᠨ᠎ᠤ ᠤᠯᠤᠰ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠢᠭᠤᠯᠬᠤ᠂ ᠨᠡᠢᠭᠡᠮ ᠵᠢᠷᠤᠮᠲᠤ ᠣᠳᠤᠬᠢᠴᠢᠯᠠᠯᠲᠠ᠎ᠶᠢ ᠲᠦᠷᠭᠡᠳᠬᠡᠨ ᠠᠬᠢᠭᠤᠯᠬᠤ ᠬᠥᠭᠵᠢᠯ᠎ᠦᠨ ᠱᠢᠨ᠎ᠡ ᠱᠠᠲᠤᠨ᠎ᠳᠤ ᠣᠷᠤᠪᠠ᠃ ᠡᠷᠬᠡᠪᠱᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠢᠯᠡᠰ᠎ᠦᠨ 《ᠲᠠᠪᠤ᠎ᠶᠢ ᠨᠢᠭᠡ ᠴᠤᠭᠴᠠᠵᠢᠭᠤᠯᠬᠤ》 ᠶᠡᠷᠦᠩᠬᠡᠢ ᠪᠠᠢᠷᠢᠯᠠᠭᠤᠯᠤᠯᠲᠠ ᠪᠠ 《ᠳᠥᠷᠪᠡᠨ ᠪᠦᠬᠦ ᠲᠠᠯ᠎ᠠ》᠎ᠶᠢᠨ ᠪᠠᠢᠯᠳᠤᠬᠤ ᠪᠣᠳᠤᠯᠭ᠎ᠠ᠎ᠶᠢᠨ ᠪᠠᠢᠷᠢᠯᠠᠭᠤᠯᠤᠯᠲᠠ᠎ᠶᠢᠨ ᠶᠣᠰᠤᠭᠠᠷ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠤᠯᠤᠰ ᠲᠥᠷᠦ᠎ᠶᠢᠨ ᠪᠠᠢᠭᠤᠯᠤᠯᠲᠠ᠂ ᠰᠣᠶᠤᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠨᠢᠭᠡᠳᠦᠯᠲᠡᠢ ᠲᠥᠯᠦᠪᠯᠡᠨ ᠠᠬᠢᠭᠤᠯᠵᠤ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠠᠢᠭᠤᠯᠤᠨ ᠪᠦᠲᠦᠭᠡᠬᠦ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠂ ᠪᠦᠬᠦ ᠲᠠᠯ᠎ᠠ᠎ᠪᠠᠷ ᠬᠠᠤᠯᠢ ᠶᠣᠰᠤᠭᠠᠷ ᠤᠯᠤᠰ᠎ᠢᠶ᠋ᠠᠨ ᠵᠠᠰᠠᠬᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠵᠣᠬᠢᠴᠠᠯᠳᠤᠭᠤᠯᠤᠨ ᠠᠬᠢᠭᠤᠯᠬᠤ ᠬᠡᠷᠡᠭᠲᠡᠢ᠃ ᠱᠢᠨ᠎ᠡ ᠵᠠᠭᠤᠨ ᠱᠢᠨ᠎ᠡ ᠴᠠᠭ ᠦᠶ᠎ᠡ᠎ᠳᠡᠬᠢ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠪᠠᠢᠯᠳᠤᠬᠤ ᠪᠣᠳᠤᠯᠭ᠎ᠠ᠎ᠶᠢᠨ ᠬᠠᠷᠠᠯᠲᠠ ᠪᠤᠯ ᠨᠠᠮ ᠪᠠᠢᠭᠤᠯᠤᠭᠳᠠᠭᠰᠠᠨ ᠵᠠᠭᠤᠨ ᠵᠢᠯ᠎ᠦᠨ ᠣᠢ ᠪᠣᠯᠬᠤ᠎ᠳᠤ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠠᠢᠭᠤᠯᠤᠨ ᠪᠦᠲᠦᠭᠡᠨ᠎ᠡ; ᠱᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ ᠵᠠᠭᠤᠨ ᠵᠢᠯ᠎ᠦᠨ ᠣᠢ ᠪᠣᠯᠬᠤ᠎ᠳᠤ ᠨᠡᠢᠭᠡᠮ ᠵᠢᠷᠤᠮ᠎ᠤᠨ ᠣᠳᠤᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢᠭᠤᠯᠤᠨ ᠪᠦᠲᠦᠭᠡᠨ᠎ᠡ᠃

  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠦᠨᠳᠦᠰᠦᠨ ᠱᠤᠭᠤᠮ ᠪᠤᠯ᠄ ᠪᠦᠬᠦ ᠤᠯᠤᠰ᠎ᠤᠨ ᠦᠨᠳᠦᠰᠦᠲᠡᠨ᠎ᠨᠤᠭᠦᠳ᠎ᠤᠨ ᠠᠷᠠᠳ ᠲᠦᠮᠡᠨ᠎ᠢ ᠤᠳᠤᠷᠢᠳᠤᠨ ᠪᠦᠯᠬᠦᠮᠳᠡᠭᠦᠯᠵᠦ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠪᠠᠷ ᠭᠣᠤᠯᠳᠠᠯᠭ᠎ᠠ ᠪᠣᠯᠭᠠᠨ᠂ ᠳᠥᠷᠪᠡᠨ ᠦᠨᠳᠦᠰᠦᠨ ᠵᠠᠷᠴᠢᠮ᠎ᠢ᠎ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠬᠢᠬᠦ᠎ᠶᠢ᠎ᠪᠠᠷᠢᠮᠲᠠᠯᠠᠵᠤ᠂ ᠥᠪᠡᠷ᠎ᠦᠨ ᠬᠦᠴᠦ᠎ᠪᠡᠷ᠎ᠢᠶ᠋ᠡᠨ ᠳᠡᠭᠵᠢᠷᠡᠨ᠂ ᠲᠡᠰᠪᠦᠷᠢ ᠬᠠᠲᠠᠭᠤᠵᠢᠯᠲᠠᠢ᠎ᠪᠠᠷ ᠠᠳᠠᠯ ᠦᠢᠯᠡᠰ ᠪᠤᠰᠭᠠᠵᠦ᠂ ᠮᠠᠨ᠎ᠤ ᠤᠯᠤᠰ᠎ᠢᠶ᠋ᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ᠎ᠲᠠᠢ ᠦᠵᠡᠰᠬᠦᠯᠡᠩᠲᠦ ᠰᠠᠢᠬᠠᠨ ᠨᠡᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠢᠭᠤᠯᠬᠤ᠎ᠪᠠᠷ ᠲᠡᠮᠡᠴᠡᠬᠦ ᠶᠠᠪᠤᠳᠠᠯ ᠪᠤᠯᠦᠨ᠎ᠡ᠃

  ᠳᠤᠮᠳᠠᠳᠤ ᠤᠯᠤᠰ᠎ᠤᠨ ᠡᠪ ᠬᠠᠮᠲᠤ ᠨᠠᠮ ᠨᠡᠢᠭᠡᠮ ᠵᠢᠷᠤᠮ᠎ᠤᠨ ᠦᠢᠯᠡᠰ᠎ᠢ ᠤᠳᠤᠷᠢᠳᠭᠤ᠎ᠳᠤ᠎ᠪᠠᠨ ᠡᠷᠬᠡᠪᠱᠢ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠪᠠᠷ ᠭᠣᠤᠯᠳᠠᠯᠭ᠎ᠠ ᠪᠣᠯᠭᠠᠬᠤ᠎ᠶᠢ᠎ᠪᠠᠷᠢᠮᠲᠠᠯᠠᠵᠤ᠂ ᠪᠤᠰᠤᠳ ᠡᠯ᠎ᠡ ᠵᠦᠢᠯ᠎ᠦᠨ ᠠᠵᠢᠯ᠎ᠳᠤ ᠴᠥᠮ ᠡᠨᠡ᠎ᠬᠦ ᠭᠣᠤᠯᠳᠠᠯᠭ᠎ᠠ᠎ᠶᠢ ᠳᠠᠭᠠᠵᠤ᠂ ᠡᠭᠦᠨ᠎ᠳᠦ ᠦᠢᠯᠡᠴᠢᠯᠡᠬᠦ ᠬᠡᠷᠡᠭᠲᠡᠢ᠃ ᠱᠢᠨᠵᠢᠯᠡᠬᠦ ᠤᠬᠠᠭᠠᠨ ᠰᠤᠷᠭᠠᠨ ᠬᠥᠮᠦᠵᠢᠯ᠎ᠢᠶ᠋ᠡᠷ ᠤᠯᠤᠰ᠎ᠢᠶ᠋ᠠᠨ ᠮᠠᠨᠳᠤᠭᠤᠯᠬᠤ ᠪᠠᠢᠯᠳᠤᠬᠤ ᠪᠣᠳᠤᠯᠭ᠎ᠠ᠂ ᠴᠢᠳᠠᠪᠤᠷᠢᠲᠠᠨ᠎ᠢᠶ᠋ᠠᠷ ᠤᠯᠤᠰ᠎ᠢᠶ᠋ᠠᠨ ᠬᠦᠴᠦᠷᠬᠡᠭᠵᠢᠭᠦᠯᠬᠦ ᠪᠠᠢᠯᠳᠤᠬᠤ ᠪᠣᠳᠤᠯᠭ᠎ᠠ᠂ ᠱᠢᠨ᠎ᠡ᠎ᠶᠢ ᠡᠭᠦᠳᠬᠦ᠎ᠪᠡᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠤᠯᠭ᠎ᠠ᠂ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠤᠯᠭ᠎ᠠ᠂ ᠣᠷᠤᠨ ᠪᠦᠰᠡ᠎ᠶᠢ ᠵᠣᠬᠢᠴᠠᠯᠳᠤᠭᠤᠯᠤᠨ ᠬᠥᠭᠵᠢᠭᠦᠯᠬᠦ ᠪᠠᠢᠯᠳᠤᠬᠤ ᠪᠣᠳᠤᠯᠭ᠎ᠠ᠂ ᠦᠷᠭᠦᠯᠵᠢᠯᠡᠬᠦ ᠬᠥᠭᠵᠢᠯᠲᠡ᠎ᠶᠢᠨ ᠪᠠᠢᠯᠳᠤᠬᠤ ᠪᠣᠳᠤᠯᠭ᠎ᠠ᠂ ᠴᠡᠷᠢᠭ᠎ᠦᠨ ᠬᠡᠷᠡᠭᠯᠡᠭᠡ ᠪᠠ ᠠᠷᠠᠳ᠎ᠤᠨ ᠬᠡᠷᠡᠭᠯᠡᠭᠡ᠎ᠶᠢ ᠠᠭᠤᠰᠤᠯᠳᠤᠭᠤᠯᠤᠨ ᠬᠥᠭᠵᠢᠭᠦᠯᠬᠦ ᠪᠠᠢᠯᠳᠤᠬᠤ ᠪᠣᠳᠤᠯᠭ᠎ᠠ᠎ᠶᠢ ᠬᠡᠷᠡᠭᠵᠢᠭᠦᠯᠵᠦ᠂ ᠱᠢᠨᠵᠢᠯᠡᠬᠦ ᠤᠬᠠᠭᠠᠨ ᠮᠡᠷᠭᠡᠵᠢᠯ᠎ᠦᠨ ᠨᠢᠭᠡᠳᠦᠭᠡᠷ ᠦᠢᠯᠡᠳᠪᠦᠷᠢᠯᠡᠯ᠎ᠦᠨ ᠬᠦᠴᠦᠨ ᠪᠣᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠱᠢᠨ᠎ᠡ᠎ᠶᠢ ᠡᠭᠦᠳᠬᠦ᠎ᠶᠢᠨ ᠬᠥᠭᠵᠢᠯᠲᠡ᠎ᠶᠢ ᠬᠥᠲᠦᠯᠦᠨ ᠳᠠᠭᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠪᠣᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠱᠢᠨᠵᠢᠯᠡᠬᠦ ᠤᠬᠠᠭᠠᠨ ᠮᠡᠷᠭᠡᠵᠢᠯ᠎ᠦᠨ ᠳᠠᠪᠱᠢᠯᠲᠠ᠎ᠳᠤ ᠲᠦᠱᠢᠭᠯᠡᠨ᠂ ᠬᠥᠳᠡᠯᠮᠦᠷᠢᠴᠢᠳ᠎ᠦᠨ ᠬᠡᠪ ᠴᠢᠨᠠᠷ᠎ᠢ ᠳᠡᠭᠡᠭᠱᠢᠯᠡᠭᠦᠯᠵᠦ᠂ ᠤᠯᠤᠰ ᠠᠷᠠᠳ᠎ᠤᠨ ᠠᠵᠤ ᠠᠬᠤᠢ᠎ᠶᠢᠨ ᠨᠡᠩ ᠴᠢᠨᠠᠷ ᠰᠠᠢᠲᠠᠢ᠂ ᠨᠡᠩ ᠦᠷ᠎ᠡ ᠪᠦᠲᠦᠮᠵᠢ᠎ᠲᠡᠢ᠂ ᠨᠡᠩ ᠭᠣᠤᠯᠴᠢ᠂ ᠨᠡᠩ ᠦᠷᠭᠦᠯᠵᠢᠯᠡᠬᠦ ᠬᠥᠭᠵᠢᠯᠲᠡ᠎ᠶᠢ ᠠᠬᠢᠭᠤᠯᠬᠤ ᠬᠡᠷᠡᠭᠲᠡᠢ᠃

  ᠨᠡᠢᠭᠡᠮ ᠵᠢᠷᠤᠮ᠎ᠤᠨ ᠵᠠᠮ᠎ᠢ᠎ᠪᠠᠷᠢᠮᠲᠠᠯᠠᠬᠤ᠂ ᠠᠷᠠᠳ᠎ᠤᠨ ᠠᠷᠠᠳᠴᠢᠯᠠᠭᠰᠠᠨ ᠳᠠᠷᠤᠩᠭᠤᠢᠯᠠᠬᠤ ᠵᠠᠰᠠᠭ᠎ᠢ᠎ᠪᠠᠷᠢᠮᠲᠠᠯᠠᠬᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ᠎ᠪᠠᠷᠢᠮᠲᠠᠯᠠᠬᠤ᠂ ᠮᠠᠷᠺᠰ ᠯᠧᠨᠢᠨ᠎ᠦ ᠦᠵᠡᠯ ᠮᠠᠤ ᠽᠧ ᠳ᠋ᠦᠩ᠎ᠦᠨ ᠦᠵᠡᠯ ᠰᠠᠨᠠᠭ᠎ᠠ᠎ᠶᠢ᠎ᠪᠠᠷᠢᠮᠲᠠᠯᠠᠬᠤ ᠡᠨᠡ ᠳᠥᠷᠪᠡᠨ ᠦᠨᠳᠦᠰᠦᠨ ᠵᠠᠷᠴᠢᠮ ᠪᠤᠯ ᠮᠠᠨ᠎ᠤ ᠤᠯᠤᠰ᠎ᠢᠶ᠋ᠠᠨ ᠲᠣᠭᠲᠠᠨᠢᠭᠤᠯᠬᠤ᠎ᠶᠢᠨ ᠦᠨᠳᠦᠰᠦ ᠮᠦᠠ᠃ ᠨᠡᠢᠭᠡᠮ ᠵᠢᠷᠤᠮ᠎ᠤᠨ ᠣᠳᠤᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠪᠦᠬᠦ ᠶᠠᠪᠤᠴᠠ᠎ᠳᠤ ᠡᠷᠬᠡᠪᠱᠢ ᠳᠥᠷᠪᠡᠨ ᠦᠨᠳᠦᠰᠦᠨ ᠵᠠᠷᠴᠢᠮ᠎ᠢ᠎ᠪᠠᠷᠢᠮᠲᠠᠯᠠᠵᠤ᠂ ᠬᠥᠷᠦᠩᠭᠡᠲᠡᠨ ᠠᠩᠭᠢ᠎ᠶᠢᠨ ᠴᠢᠯᠦᠭᠡᠵᠢᠯ᠎ᠢ ᠡᠰᠡᠷᠭᠦᠴᠡᠬᠦ ᠬᠡᠷᠡᠭᠲᠡᠢ᠃

  ᠥᠭᠡᠷᠡᠴᠢᠯᠡᠯᠲᠡ ᠨᠡᠭᠡᠭᠡᠯᠲᠡ ᠬᠢᠬᠦ᠎ᠶᠢ᠎ᠪᠠᠷᠢᠮᠲᠠᠯᠠᠬᠤ ᠪᠤᠯ ᠮᠠᠨ᠎ᠤ ᠤᠯᠤᠰ᠎ᠢᠶ᠋ᠠᠨ ᠬᠦᠴᠦᠷᠬᠡᠭᠵᠢᠭᠦᠯᠬᠦ ᠵᠠᠮ ᠮᠦᠠ᠃ ᠭᠠᠭᠴᠠ᠎ᠬᠦ ᠥᠭᠡᠷᠡᠴᠢᠯᠡᠯᠲᠡ ᠨᠡᠭᠡᠭᠡᠯᠲᠡ ᠬᠢᠪᠡᠯ ᠰᠠᠶᠢ ᠳᠤᠮᠳᠠᠳᠤ ᠤᠯᠤᠰ᠎ᠢ ᠬᠥᠭᠵᠢᠭᠦᠯᠵᠦ᠂ ᠨᠡᠢᠭᠡᠮ ᠵᠢᠷᠤᠮ᠎ᠢ ᠬᠥᠭᠵᠢᠭᠦᠯᠵᠦ᠂ ᠮᠠᠷᠺᠰ᠎ᠤᠨ ᠦᠵᠡᠯ᠎ᠢ ᠬᠥᠭᠵᠢᠭᠦᠯᠵᠦ ᠴᠢᠳᠠᠨ᠎ᠠ᠃ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮᠲᠤ ᠪᠠᠢᠭᠤᠯᠤᠯ᠎ᠢ ᠲᠡᠭᠦᠯᠳᠡᠷᠵᠢᠭᠦᠯᠦᠨ ᠬᠥᠭᠵᠢᠭᠦᠯᠵᠦ᠂ ᠲᠥᠷᠦ᠎ᠶᠢ ᠵᠠᠰᠠᠬᠤ ᠱᠢᠰᠲᠧᠮ ᠪᠠ ᠵᠠᠰᠠᠬᠤ ᠴᠢᠳᠠᠪᠤᠷᠢ᠎ᠶᠢᠨ ᠣᠳᠤᠬᠢᠴᠢᠯᠠᠯᠲᠠ᠎ᠶᠢ ᠠᠬᠢᠭᠤᠯᠬᠤ ᠬᠡᠷᠡᠭᠲᠡᠢ᠃ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠬᠦᠯᠢᠶᠡᠰᠦᠯᠡᠵᠦ ᠪᠠᠢᠭ᠎ᠠ ᠠᠵᠤ ᠠᠬᠤᠢ᠎ᠶᠢᠨ ᠪᠠᠢᠭᠤᠯᠤᠯ᠎ᠢ ᠦᠨᠳᠦᠰᠦᠨ᠎ᠠᠴᠠ᠎ᠨᠢ ᠥᠭᠡᠷᠡᠴᠢᠯᠡᠵᠦ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ᠎ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠲᠡᠢ; ᠡᠭᠦᠨ᠎ᠳᠦ ᠵᠣᠬᠢᠴᠠᠭᠤᠯᠤᠨ ᠤᠯᠤᠰ ᠲᠥᠷᠦ᠎ᠶᠢᠨ ᠪᠠᠢᠭᠤᠯᠤᠯ᠎ᠤᠨ ᠥᠭᠡᠷᠡᠴᠢᠯᠡᠯᠲᠡ ᠪᠣᠯᠤᠨ ᠪᠤᠰᠤᠳ ᠬᠦᠷᠢᠶᠡᠨ᠎ᠳᠡᠬᠢ ᠥᠭᠡᠷᠡᠴᠢᠯᠡᠯᠲᠡ᠎ᠶᠢ ᠬᠢᠬᠦ ᠬᠡᠷᠡᠭᠲᠡᠢ᠃ ᠭᠠᠳᠠᠭᠱᠢ ᠨᠡᠭᠡᠭᠡᠯᠲᠡ ᠬᠢᠬᠦ ᠤᠯᠤᠰ᠎ᠤᠨ ᠦᠨᠳᠦᠰᠦᠨ ᠪᠣᠳᠤᠯᠭ᠎ᠠ᠎ᠶᠢ᠎ᠪᠠᠷᠢᠮᠲᠠᠯᠠᠵᠤ᠂ ᠬᠥᠮᠦᠨ ᠲᠥᠷᠦᠯᠬᠢᠲᠡᠨ᠎ᠦ ᠨᠡᠢᠭᠡᠮ᠎ᠦᠨ ᠡᠭᠦᠳᠦᠨ ᠪᠦᠲᠦᠭᠡᠭᠰᠡᠨ ᠠᠯᠢᠪᠠ ᠪᠣᠯᠪᠠᠰᠤᠨ᠎ᠤ ᠦᠷ᠎ᠡ ᠪᠦᠲᠦᠭᠡᠯ᠎ᠢ ᠱᠢᠩᠭᠡᠬᠡᠨ ᠠᠪᠴᠤ ᠳᠤᠯᠢᠳᠠᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠬᠢᠬᠦ᠎ᠳᠦ ᠡᠷᠬᠡᠪᠱᠢ ᠵᠣᠷᠢᠭᠲᠠᠢ᠎ᠪᠠᠷ ᠬᠠᠢᠨ ᠰᠦᠪᠡᠭᠴᠢᠯᠡᠵᠦ᠂ ᠵᠣᠷᠢᠭᠲᠠᠢ᠎ᠪᠠᠷ ᠨᠡᠭᠡᠭᠡᠨ ᠤᠷᠤᠭᠱᠢᠯᠠᠵᠤ᠂ ᠥᠭᠡᠷᠡᠴᠢᠯᠡᠯᠲᠡ᠎ᠶᠢᠨ ᠱᠢᠢᠳᠪᠦᠷᠢᠲᠦ ᠪᠣᠳᠤᠯᠭ᠎ᠠ᠎ᠶᠢᠨ ᠱᠢᠨᠵᠢᠯᠡᠬᠦ ᠤᠬᠠᠭᠠᠨᠴᠢ ᠴᠢᠨᠠᠷ᠎ᠢ ᠳᠡᠭᠡᠭᠱᠢᠯᠡᠭᠦᠯᠦᠨ᠂ ᠥᠭᠡᠷᠡᠴᠢᠯᠡᠯᠲᠡ᠎ᠶᠢᠨ ᠱᠢᠰᠲᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠨᠡᠩ ᠢᠯᠡᠭᠦᠦ ᠴᠢᠬᠤᠯᠠᠴᠢᠯᠠᠨ᠂ ᠦᠢᠯᠡᠳᠦᠯᠭᠡ᠎ᠶᠢᠨ ᠳᠤᠮᠳᠠ ᠱᠢᠨ᠎ᠡ ᠵᠠᠮ ᠨᠡᠭᠡᠭᠡᠬᠦ ᠬᠡᠷᠡᠭᠲᠡᠢ᠃

  ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢ ᠬᠥᠭᠵᠢᠭᠦᠯᠦᠨ᠎ᠡ᠃ ᠨᠡᠢᠲᠡ᠎ᠶᠢᠨ ᠥᠮᠴᠢᠯᠡᠯ᠎ᠦᠨ ᠠᠵᠤ ᠠᠬᠤᠢ᠎ᠶᠢ ᠥᠴᠦᠬᠡᠨ᠎ᠴᠦ ᠭᠤᠢᠪᠢᠱᠢ᠎ᠦᠭᠡᠢ᠎ᠪᠡᠷ ᠪᠡᠬᠢᠵᠢᠭᠦᠯᠦᠨ ᠬᠥᠭᠵᠢᠭᠦᠯᠵᠦ᠂ ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠬᠥᠭᠵᠢᠯᠲᠡ᠎ᠶᠢ ᠥᠴᠦᠬᠡᠨ᠎ᠴᠦ ᠭᠤᠢᠪᠢᠱᠢ᠎ᠦᠭᠡᠢ᠎ᠪᠡᠷ ᠵᠣᠷᠢᠭᠵᠢᠭᠤᠯᠤᠨ ᠳᠡᠮᠵᠢᠵᠦ᠂ ᠬᠥᠲᠦᠯᠦᠨ ᠵᠢᠯᠤᠭᠤᠳᠤᠨ᠎ᠠ᠃ ᠡᠬᠢ ᠪᠠᠶᠠᠯᠢᠭ᠎ᠢ ᠲᠣᠬᠢᠷᠠᠭᠤᠯᠬᠤ᠎ᠳᠤ ᠦᠵᠡᠭᠦᠯᠬᠦ ᠵᠠᠬ᠎ᠠ ᠳᠡᠯᠭᠡᠭᠦᠷ᠎ᠦᠨ ᠱᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠪᠠᠳᠠᠷᠠᠭᠤᠯᠤᠨ᠂ ᠵᠠᠰᠠᠭ᠎ᠤᠨ ᠣᠷᠳᠤᠨ᠎ᠤ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠬᠣᠷᠸ᠎ᠠ ᠲᠣᠬᠢᠷᠠᠭᠤᠯᠤᠯ ᠡᠵᠡᠮᠳᠡᠯ᠎ᠦᠨ ᠪᠦᠷᠢᠨ ᠲᠥᠬᠦᠷ ᠱᠢᠰᠲᠧᠮ᠎ᠢ ᠪᠠᠢᠭᠤᠯᠤᠨ᠎ᠠ᠃ ᠬᠣᠲᠠ ᠬᠥᠳᠡᠭᠡ᠎ᠶᠢᠨ ᠬᠥᠭᠵᠢᠯᠲᠡ᠂ ᠣᠷᠤᠨ ᠪᠦᠰᠡ᠎ᠶᠢᠨ ᠬᠥᠭᠵᠢᠯᠲᠡ᠂ ᠠᠵᠤ ᠠᠬᠤᠢ ᠨᠡᠢᠭᠡᠮ᠎ᠦᠨ ᠬᠥᠭᠵᠢᠯᠲᠡ᠂ ᠬᠥᠮᠦᠨ ᠬᠢᠭᠡᠳ ᠪᠠᠢᠭᠠᠯᠢ᠎ᠶᠢᠨ ᠡᠶ᠎ᠡ ᠵᠣᠬᠢᠴᠠᠯ᠎ᠲᠠᠢ ᠬᠥᠭᠵᠢᠯᠲᠡ᠂ ᠤᠯᠤᠰ᠎ᠤᠨ ᠳᠣᠲᠤᠭᠠᠳᠤ᠎ᠶᠢᠨ ᠬᠥᠭᠵᠢᠯᠲᠡ ᠪᠣᠯᠤᠨ ᠭᠠᠳᠠᠭᠱᠢ ᠨᠡᠭᠡᠭᠡᠯᠲᠡ᠎ᠶᠢ ᠨᠢᠭᠡᠳᠦᠯᠲᠡᠢ ᠲᠥᠯᠦᠪᠯᠡᠵᠦ᠂ ᠠᠵᠤ ᠠᠬᠤᠢ᠎ᠶᠢᠨ ᠪᠦᠲᠦᠴᠡ᠎ᠶᠢ ᠲᠣᠬᠢᠷᠠᠭᠤᠯᠤᠨ᠂ ᠠᠵᠤ ᠠᠬᠤᠢ᠎ᠶᠢᠨ ᠬᠥᠭᠵᠢᠯᠲᠡ᠎ᠶᠢᠨ ᠠᠷᠭ᠎ᠠ ᠮᠠᠶᠢᠭ᠎ᠢ ᠬᠤᠪᠢᠷᠠᠭᠤᠯᠵᠤ᠂ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠠᠬᠢᠭᠤᠯᠤᠨ᠎ᠠ᠃ ᠱᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠡ᠂ ᠬᠣᠲᠠ ᠪᠠᠯᠭᠠᠰᠤᠵᠢᠯᠲᠠ᠂ ᠲᠠᠷᠢᠶᠠᠯᠠᠩ᠎ᠤᠨ ᠣᠳᠤᠬᠢᠴᠢᠯᠠᠯᠲᠠ᠎ᠶᠢ ᠵᠡᠷᠭᠡ᠎ᠪᠡᠷ ᠬᠥᠭᠵᠢᠭᠦᠯᠬᠦ᠎ᠶᠢ ᠠᠬᠢᠭᠤᠯᠵᠤ᠂ ᠨᠡᠢᠭᠡᠮ ᠵᠢᠷᠤᠮ᠎ᠤᠨ ᠱᠢᠨ᠎ᠡ ᠬᠥᠳᠡᠭᠡ ᠲᠣᠰᠭᠤᠨ᠎ᠢ ᠪᠦᠲᠦᠭᠡᠨ ᠪᠠᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠱᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢᠨ ᠵᠠᠮ᠎ᠢᠶ᠋ᠠᠷ ᠵᠠᠮᠨᠠᠵᠤ᠂ ᠱᠢᠨ᠎ᠡ᠎ᠶᠢ ᠡᠭᠦᠳᠬᠦ ᠬᠡᠯᠪᠡᠷᠢ᠎ᠶᠢᠨ ᠤᠯᠤᠰ ᠪᠠ ᠳᠡᠯᠡᠬᠡᠢ᠎ᠶᠢᠨ ᠱᠢᠨᠵᠢᠯᠡᠬᠦ ᠤᠬᠠᠭᠠᠨ ᠮᠡᠷᠭᠡᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠤᠨ᠎ᠠ᠃

  ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠨᠡᠢᠭᠡᠮ ᠵᠢᠷᠤᠮ᠎ᠤᠨ ᠠᠷᠠᠳᠴᠢᠯᠠᠭᠰᠠᠨ ᠤᠯᠤᠰ ᠲᠥᠷᠦ᠎ᠶᠢ ᠬᠥᠭᠵᠢᠭᠦᠯᠦᠨ᠎ᠡ᠃ ᠨᠠᠮ᠎ᠤᠨ ᠤᠳᠤᠷᠢᠳᠤᠯᠭ᠎ᠠ᠎ᠶᠢ᠎ᠪᠠᠷᠢᠮᠲᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠤᠭᠠᠷ ᠤᠯᠤᠰ᠎ᠢᠶ᠋ᠠᠨ ᠵᠠᠰᠠᠬᠤ᠎ᠶᠢ ᠣᠷᠭᠠᠨᠢᠭ᠎ᠢᠶ᠋ᠠᠷ ᠨᠢᠭᠡᠳᠦᠭᠦᠯᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠤᠯᠤᠰ ᠲᠥᠷᠦ᠎ᠶᠢᠨ ᠬᠥᠭᠵᠢᠯᠲᠡ᠎ᠶᠢᠨ ᠵᠠᠮ᠎ᠢᠶ᠋ᠠᠷ ᠵᠠᠮᠨᠠᠵᠤ᠂ ᠨᠡᠢᠭᠡᠮ ᠵᠢᠷᠤᠮ᠎ᠤᠨ ᠠᠷᠠᠳᠴᠢᠯᠠᠯ᠎ᠢ ᠥᠷᠭᠡᠳᠬᠡᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲᠧᠮ᠎ᠢ ᠪᠠᠢᠭᠤᠯᠵᠤ᠂ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠲᠦᠭᠡᠨ ᠪᠠᠢᠭᠤᠯᠵᠤ᠂ ᠠᠷᠠᠳ᠎ᠤᠨ ᠠᠷᠠᠳᠴᠢᠯᠠᠭᠰᠠᠨ ᠳᠠᠷᠤᠩᠭᠤᠢᠯᠠᠬᠤ ᠵᠠᠰᠠᠭ᠎ᠢ ᠪᠡᠬᠢᠵᠢᠭᠦᠯᠦᠨ᠂ ᠨᠡᠢᠭᠡᠮ ᠵᠢᠷᠤᠮ᠎ᠤᠨ ᠤᠯᠤᠰ ᠲᠥᠷᠦ᠎ᠶᠢᠨ ᠪᠣᠯᠪᠠᠰᠤᠨ᠎ᠢ ᠪᠠᠢᠭᠤᠯᠤᠨ᠎ᠠ᠃ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠣᠯᠠᠨ ᠨᠠᠮ᠎ᠤᠨ ᠬᠠᠮᠲᠤᠷᠠᠨ ᠠᠵᠢᠯᠯᠠᠬᠤ ᠪᠠ ᠤᠯᠤᠰ ᠲᠥᠷᠦ᠎ᠶᠢᠨ ᠵᠥᠪᠯᠡᠯᠭᠡ ᠬᠢᠬᠦ ᠪᠠᠢᠭᠤᠯᠤᠯ᠂ ᠦᠨᠳᠦᠰᠦᠲᠡᠨ᠎ᠦ ᠣᠷᠤᠨ᠎ᠤ ᠥᠪᠡᠷᠲᠡᠭᠡᠨ ᠵᠠᠰᠠᠬᠤ ᠪᠠᠢᠭᠤᠯᠤᠯ ᠵᠢᠴᠢ ᠦᠨᠳᠦᠰᠦᠨ ᠱᠠᠲᠤᠨ᠎ᠤ ᠣᠯᠠᠨ ᠲᠦᠮᠡᠨ᠎ᠦ ᠥᠪᠡᠷᠲᠡᠭᠡᠨ ᠵᠠᠰᠠᠬᠤ ᠪᠠᠢᠭᠤᠯᠤᠯ᠎ᠢ᠎ᠪᠠᠷᠢᠮᠲᠠᠯᠠᠨ ᠲᠡᠭᠦᠯᠳᠡᠷᠵᠢᠭᠦᠯᠦᠨ᠎ᠡ᠃ ᠨᠡᠩ ᠥᠷᠭᠡᠨ ᠳᠡᠯᠭᠡᠷ᠂ ᠨᠡᠩ ᠪᠦᠷᠢᠨ ᠭᠦᠢᠴᠡᠳ᠂ ᠨᠡᠩ ᠲᠡᠭᠦᠰ ᠲᠡᠭᠦᠯᠳᠡᠷ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠂ ᠵᠥᠪᠯᠡᠬᠦ ᠠᠷᠠᠳᠴᠢᠯᠠᠯ᠎ᠤᠨ ᠥᠷᠭᠡᠨ ᠳᠡᠯᠭᠡᠷᠡᠩᠭᠦᠢ᠂ ᠣᠯᠠᠨ ᠳᠡᠰ ᠳᠠᠪᠬᠤᠷᠭᠠᠲᠤ᠂ ᠳᠦᠷᠢᠮᠵᠢᠭᠰᠡᠨ ᠬᠥᠭᠵᠢᠯᠲᠡ᠎ᠶᠢ ᠠᠬᠢᠭᠤᠯᠵᠤ᠂ ᠠᠷᠠᠳ ᠲᠦᠮᠡᠨ᠎ᠦ ᠲᠥᠷᠦ᠎ᠶᠢᠨ ᠬᠡᠷᠡᠭ ᠶᠠᠪᠤᠳᠠᠯ ᠪᠠ ᠨᠡᠢᠭᠡᠮ᠎ᠦᠨ ᠬᠡᠷᠡᠭ ᠶᠠᠪᠤᠳᠠᠯ᠎ᠢ ᠬᠠᠮᠢᠶᠠᠷᠬᠤ᠂ ᠠᠵᠤ ᠠᠬᠤᠢ ᠪᠠ ᠰᠣᠶᠤᠯ᠎ᠤᠨ ᠦᠢᠯᠡᠰ᠎ᠢ ᠬᠠᠮᠢᠶᠠᠷᠬᠤ ᠡᠷᠬᠡ᠎ᠶᠢ ᠦᠨᠡᠨ᠎ᠬᠦ ᠪᠠᠲᠤᠯᠠᠨ᠎ᠠ᠃ ᠬᠥᠮᠦᠨ᠎ᠦ ᠡᠷᠬᠡ᠎ᠶᠢ ᠬᠦᠨᠳᠦᠳᠬᠡᠨ ᠪᠠᠲᠤᠯᠠᠨ᠎ᠠ᠃ ᠶᠠᠷᠢᠶ᠎ᠠ ᠥᠭᠦᠯᠡᠯ᠎ᠦᠨ ᠵᠠᠮ᠎ᠢ ᠥᠷᠭᠡᠳᠭᠡᠵᠦ᠂ ᠠᠷᠠᠳᠴᠢᠯᠠᠯ᠎ᠢᠶ᠋ᠠᠷ ᠰᠣᠩᠭᠤᠭᠤᠯᠢ ᠶᠠᠪᠤᠭᠤᠯᠬᠤ᠂ ᠠᠷᠠᠳᠴᠢᠯᠠᠯ᠎ᠢᠶ᠋ᠠᠷ ᠱᠢᠢᠳᠪᠦᠷᠢᠲᠦ ᠪᠣᠳᠤᠯᠭ᠎ᠠ ᠲᠣᠭᠲᠠᠭᠠᠬᠤ᠂ ᠠᠷᠠᠳᠴᠢᠯᠠᠯ᠎ᠢᠶ᠋ᠠᠷ ᠬᠠᠮᠢᠶᠠᠷᠬᠤ᠂ ᠠᠷᠠᠳᠴᠢᠯᠠᠯ᠎ᠢᠶ᠋ᠠᠷ ᠬᠢᠨᠠᠯᠲᠠ ᠲᠠᠯᠪᠢᠬᠤ ᠳᠦᠷᠢᠮ ᠪᠠ ᠵᠢᠷᠤᠮ᠎ᠢ ᠪᠠᠢᠭᠤᠯᠤᠨ ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶᠢᠨ ᠱᠢᠰᠲᠧᠮ᠎ᠢ ᠲᠡᠭᠦᠯᠳᠡᠷᠵᠢᠭᠦᠯᠵᠦ᠂ ᠬᠠᠤᠯᠢ ᠴᠠᠭᠠᠵᠠ᠎ᠶᠢ ᠬᠡᠷᠡᠭᠵᠢᠭᠦᠯᠬᠦ ᠠᠵᠢᠯ᠎ᠢ ᠴᠢᠩᠭᠠᠳᠭᠠᠨ᠂ ᠤᠯᠤᠰ᠎ᠤᠨ ᠡᠯ᠎ᠡ ᠵᠦᠢᠯ᠎ᠦᠨ ᠠᠵᠢᠯ᠎ᠢ ᠬᠠᠤᠯᠢ᠎ᠪᠠᠷ ᠵᠠᠰᠠᠬᠤ ᠵᠠᠮ᠎ᠳᠤ ᠣᠷᠤᠭᠤᠯᠤᠨ᠎ᠠ᠃

  ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠨᠡᠢᠭᠡᠮ ᠵᠢᠷᠤᠮ᠎ᠤᠨ ᠲᠡᠷᠢᠭᠦᠨ᠎ᠦ ᠰᠣᠶᠤᠯ᠎ᠢ ᠬᠥᠭᠵᠢᠭᠦᠯᠦᠨ᠎ᠡ᠃ ᠨᠡᠢᠭᠡᠮ ᠵᠢᠷᠤᠮ᠎ᠤᠨ ᠣᠶᠤᠨ᠎ᠤ ᠪᠣᠯᠪᠠᠰᠤᠨ᠎ᠢ ᠪᠠᠢᠭᠤᠯᠵᠤ᠂ ᠬᠠᠤᠯᠢ ᠶᠣᠰᠤᠭᠠᠷ ᠤᠯᠤᠰ᠎ᠢᠶ᠋ᠠᠨ ᠵᠠᠰᠠᠬᠤ ᠪᠣᠯᠤᠨ ᠶᠣᠰᠤ ᠮᠣᠷᠠᠯ᠎ᠢᠶ᠋ᠠᠷ ᠤᠯᠤᠰ᠎ᠢᠶ᠋ᠠᠨ ᠵᠠᠰᠠᠬᠤ᠎ᠶᠢ ᠤᠶᠠᠯᠳᠤᠭᠤᠯᠬᠤ᠎ᠶᠢ ᠬᠡᠷᠡᠭᠵᠢᠭᠦᠯᠦᠨ᠂ ᠪᠦᠬᠦ ᠦᠨᠳᠦᠰᠦᠲᠡᠨ᠎ᠶᠢᠨ ᠦᠵᠡᠯ ᠰᠠᠨᠠᠭ᠎ᠠ ᠶᠣᠰᠤ ᠮᠣᠷᠠᠯ᠎ᠤᠨ ᠬᠡᠪ ᠴᠢᠨᠠᠷ ᠪᠠ ᠱᠢᠨᠵᠢᠯᠡᠬᠦ ᠤᠬᠠᠭᠠᠨ ᠰᠣᠶᠤᠯ᠎ᠤᠨ ᠬᠡᠪ ᠴᠢᠨᠠᠷ᠎ᠢ ᠳᠡᠭᠡᠭᠱᠢᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠤᠬᠢᠴᠢᠯᠠᠬᠤ ᠪᠦᠲᠦᠭᠡᠨ ᠪᠠᠢᠭᠤᠯᠤᠯᠲᠠ᠎ᠳᠤ ᠬᠦᠴᠦᠷᠬᠡᠭ ᠶᠡᠬᠡ ᠦᠵᠡᠯ ᠰᠠᠨᠠᠭᠠᠨ᠎ᠤ ᠪᠠᠲᠤᠯᠠᠭ᠎ᠠ᠂ ᠣᠶᠤᠨ ᠰᠠᠨᠠᠭᠠᠨ᠎ᠤ ᠬᠥᠳᠡᠯᠭᠡᠭᠴᠢ ᠬᠦᠴᠦᠨ ᠪᠠ ᠣᠶᠤᠨ ᠴᠢᠳᠠᠯ᠎ᠤᠨ ᠳᠡᠮᠵᠢᠯᠭᠡ ᠣᠯᠭᠤᠵᠤ᠂ ᠨᠡᠢᠭᠡᠮ ᠵᠢᠷᠤᠮ᠎ᠤᠨ ᠰᠣᠶᠤᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠤᠨ᠎ᠠ᠃ ᠨᠡᠢᠭᠡᠮ ᠵᠢᠷᠤᠮ᠎ᠤᠨ ᠭᠣᠤᠯᠯᠠᠬᠤ ᠥᠷᠲᠡᠭ᠎ᠦᠨ ᠱᠢᠰᠲᠧᠮ᠎ᠦᠨ ᠪᠠᠢᠭᠤᠯᠤᠯᠲᠠ᠎ᠶᠢ ᠴᠢᠩᠭᠠᠳᠭᠠᠨ᠂ ᠮᠠᠷᠺᠰ᠎ᠤᠨ ᠦᠵᠡᠯ᠎ᠦᠨ ᠵᠢᠯᠤᠭᠤᠳᠭᠤ ᠦᠵᠡᠯ ᠰᠠᠨᠠᠭ᠎ᠠ᠎ᠶᠢ᠎ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠮᠲᠤ᠎ᠶᠢᠨ ᠬᠦᠰᠡᠯᠡᠩ᠎ᠢ ᠪᠣᠢ ᠪᠣᠯᠭᠠᠵᠤ᠂ ᠡᠬᠡ ᠣᠷᠤᠨᠴᠢ ᠦᠵᠡᠯ᠎ᠢᠶ᠋ᠡᠷ ᠭᠣᠤᠯ ᠪᠣᠯᠭᠠᠭᠰᠠᠨ ᠦᠨᠳᠦᠰᠦᠲᠡᠨ᠎ᠦ ᠵᠣᠷᠢᠭ ᠰᠠᠨᠠᠭ᠎ᠠ ᠪᠣᠯᠤᠨ ᠥᠭᠡᠷᠡᠴᠢᠯᠡᠯᠲᠡ ᠬᠢᠵᠦ ᠱᠢᠨ᠎ᠡ᠎ᠶᠢ ᠡᠭᠦᠳᠬᠦ᠎ᠪᠡᠷ ᠭᠣᠤᠯ ᠪᠣᠯᠭᠠᠭᠰᠠᠨ ᠴᠠᠭ ᠦᠶ᠎ᠡ᠎ᠶᠢᠨ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠨᠡᠢᠭᠡᠮ ᠵᠢᠷᠤᠮ᠎ᠤᠨ ᠭᠣᠤᠯᠯᠠᠬᠤ ᠥᠷᠲᠡᠭ᠎ᠦᠨ ᠦᠵᠡᠯᠲᠡ᠎ᠶᠢ ᠪᠣᠢᠵᠢᠭᠤᠯᠤᠨ ᠦᠢᠯᠡᠳᠦᠯᠭᠡᠵᠢᠭᠦᠯᠵᠦ᠂ ᠨᠡᠢᠭᠡᠮ ᠵᠢᠷᠤᠮ᠎ᠤᠨ ᠢᠷᠠᠭᠤ ᠠᠯᠳᠠᠷ ᠢᠴᠢᠭᠦᠷᠢ ᠭᠤᠲᠤᠮᠱᠢᠭ᠎ᠤᠨ ᠦᠵᠡᠯᠲᠡ᠎ᠶᠢ ᠰᠠᠨᠠᠭᠠᠴᠢᠯᠠᠨ᠂ ᠦᠨᠳᠦᠰᠦᠲᠡᠨ᠎ᠤ ᠥᠪᠡᠷ᠎ᠢ᠎ᠪᠡᠨ ᠬᠦᠨᠳᠦᠳᠬᠡᠬᠦ᠂ ᠥᠪᠡᠷ᠎ᠢ᠎ᠪᠡᠨ ᠢᠲᠡᠭᠡᠬᠦ ᠪᠠ ᠥᠪᠡᠷ᠎ᠢ᠎ᠪᠡᠨ ᠬᠦᠴᠦᠷᠬᠡᠭᠵᠢᠭᠦᠯᠬᠦ ᠵᠣᠷᠢᠭ ᠰᠠᠨᠠᠭ᠎ᠠ᠎ᠶᠢ ᠴᠢᠩᠭᠠᠷᠠᠭᠤᠯᠵᠤ᠂ ᠬᠥᠷᠦᠩᠭᠡᠲᠦ ᠶᠣᠰᠤᠨ᠎ᠤ ᠪᠠ ᠹᠧᠤᠳᠠᠯ ᠶᠣᠰᠤᠨ᠎ᠤ ᠢᠯᠵᠠᠷᠠᠮᠠᠯ ᠦᠵᠡᠯ ᠰᠠᠨᠠᠭᠠᠨ᠎ᠤ᠎ᠨᠡᠷᠪᠡᠯᠲᠡ᠎ᠶᠢ ᠡᠰᠡᠷᠭᠦᠴᠡᠨ ᠬᠣᠷᠢᠭᠯᠠᠵᠤ᠂ ᠨᠡᠢᠭᠡᠮ᠎ᠦᠨ ᠡᠯ᠎ᠡ ᠵᠦᠢᠯ᠎ᠦᠨ ᠵᠢᠭᠱᠢᠭᠦᠷᠢᠲᠦ ᠦᠵᠡᠭᠳᠡᠯ᠎ᠢ ᠱᠦᠭᠦᠷᠳᠡᠨ ᠠᠷᠢᠯᠭᠠᠵᠤ᠂ ᠮᠠᠨ᠎ᠤ ᠤᠯᠤᠰ᠎ᠤᠨ ᠠᠷᠠᠳ ᠲᠦᠮᠡᠨ᠎ᠢᠶ᠋ᠡᠨ ᠬᠦᠰᠡᠯᠡᠩ᠎ᠲᠡᠢ᠂ ᠮᠣᠷᠠᠯ᠎ᠲᠠᠢ᠂ ᠰᠣᠶᠤᠯ᠎ᠲᠠᠢ᠂ ᠰᠠᠬᠢᠯᠭ᠎ᠠ ᠪᠠᠲᠤ᠎ᠲᠠᠢ ᠠᠷᠠᠳ ᠲᠦᠮᠡᠨ ᠪᠣᠯᠭᠠᠬᠤ᠎ᠪᠠᠷ ᠴᠢᠷᠮᠠᠢᠨ᠎ᠠ᠃ ᠨᠠᠮ᠎ᠤᠨ ᠭᠡᠱᠢᠭᠦᠳ᠎ᠲᠦ ᠡᠪ ᠬᠠᠮᠲᠤ ᠶᠣᠰᠤᠨ᠎ᠤ ᠠᠯᠤᠰ᠎ᠤᠨ ᠬᠦᠰᠡᠯᠡᠩ᠎ᠦᠨ ᠲᠤᠬᠠᠢ ᠬᠥᠮᠦᠵᠢᠯ ᠬᠢᠬᠦ ᠬᠡᠷᠡᠭᠲᠡᠢ᠃ ᠰᠤᠷᠭᠠᠨ ᠬᠥᠮᠦᠵᠢᠯ᠂ ᠱᠢᠨᠵᠢᠯᠡᠬᠦ ᠤᠬᠠᠭᠠᠨ᠂ ᠰᠣᠶᠤᠯ᠎ᠤᠨ ᠦᠢᠯᠡᠰ᠎ᠢ ᠶᠡᠬᠡ᠎ᠪᠡᠷ ᠬᠥᠭᠵᠢᠭᠦᠯᠵᠦ᠂ ᠳᠤᠮᠳᠠᠳᠤ᠎ᠶᠢᠨ ᠤᠯᠠᠮᠵᠢᠯᠠᠯᠲᠤ ᠱᠢᠯᠢᠳᠡᠭ ᠰᠣᠶᠤᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠱᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠎ᠶᠢ ᠠᠬᠢᠭᠤᠯᠵᠤ᠂ ᠬᠤᠪᠢᠰᠭᠠᠯᠳᠤ ᠰᠣᠶᠤᠯ᠎ᠢ ᠵᠠᠯᠭᠠᠮᠵᠢᠯᠠᠨ᠂ ᠨᠡᠢᠭᠡᠮ ᠵᠢᠷᠤᠮ᠎ᠤᠨ ᠲᠡᠷᠢᠭᠦᠨ᠎ᠦ ᠰᠣᠶᠤᠯ᠎ᠢ ᠬᠥᠭᠵᠢᠭᠦᠯᠵᠦ᠂ ᠤᠯᠤᠰ᠎ᠤᠨ ᠰᠣᠶᠤᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭᠱᠢᠯᠡᠭᠦᠯᠦᠨ᠎ᠡ᠃ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠤᠳᠤᠷᠢᠳᠭᠤ ᠡᠷᠬᠡ᠎ᠶᠢ ᠪᠠᠲᠤ ᠡᠵᠡᠮᠱᠢᠨ᠂ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠵᠢᠯᠤᠭᠤᠳᠭᠤ ᠪᠠᠢᠷᠢ ᠰᠠᠭᠤᠷᠢ᠎ᠶᠢ ᠲᠠᠰᠤᠷᠠᠯᠲᠠ᠎ᠦᠭᠡᠢ ᠪᠡᠬᠢᠵᠢᠭᠦᠯᠵᠦ᠂ ᠪᠦᠬᠦ ᠨᠠᠮ ᠪᠦᠬᠦ ᠤᠯᠤᠰ᠎ᠤᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ ᠬᠠᠮᠲᠤ᠎ᠶᠢᠨ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠦᠨ᠎ᠡ᠃

  ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠨᠡᠢᠭᠡᠮ ᠵᠢᠷᠤᠮ᠎ᠤᠨ ᠡᠶ᠎ᠡ ᠵᠣᠬᠢᠴᠠᠯ᠎ᠲᠠᠢ ᠨᠡᠢᠭᠡᠮ᠎ᠢ ᠪᠦᠲᠦᠭᠡᠨ ᠪᠠᠢᠭᠤᠯᠤᠨ᠎ᠠ᠃ ᠠᠷᠠᠳᠴᠢᠯᠠᠯ᠎ᠢ ᠬᠡᠷᠡᠭᠵᠢᠭᠦᠯᠦᠨ ᠬᠠᠤᠯᠢ᠎ᠪᠠᠷ ᠵᠠᠰᠠᠬᠤ᠂ ᠭᠣᠤᠯᠴᠢ ᠱᠢᠳᠤᠷᠭᠤ ᠪᠠᠢᠬᠤ᠂ ᠦᠨᠡᠨᠴᠢ ᠢᠲᠡᠭᠡᠮᠵᠢᠲᠡᠢ ᠪᠥᠭᠡᠳ ᠨᠥᠬᠦᠷᠰᠡᠭ ᠳᠣᠲᠤᠨᠤ ᠪᠠᠢᠬᠤ᠂ ᠠᠮᠢᠵᠢᠷᠠᠯ᠎ᠤᠨ ᠬᠦᠴᠦᠨ᠎ᠢᠶ᠋ᠡᠷ ᠪᠢᠯᠬᠠᠮ᠎ᠠ᠂ ᠲᠦᠪᠱᠢᠷᠡᠯ᠎ᠲᠡᠢ ᠪᠥᠭᠡᠳ ᠡᠮᠬᠢ ᠵᠢᠷᠤᠮ᠎ᠲᠠᠢ᠂ ᠬᠥᠮᠦᠨ ᠬᠢᠭᠡᠳ ᠪᠠᠢᠭᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠤᠱᠢᠬᠤ ᠶᠡᠷᠦᠩᠬᠡᠢ ᠱᠠᠭᠠᠷᠳᠠᠯᠭ᠎ᠠ ᠪᠠ ᠬᠠᠮᠲᠤ᠎ᠪᠠᠷ ᠪᠦᠲᠦᠭᠡᠨ ᠪᠠᠢᠭᠤᠯᠵᠤ ᠬᠠᠮᠲᠤ᠎ᠪᠠᠷ ᠡᠳ᠋ᠯᠡᠬᠦ ᠵᠠᠷᠴᠢᠮ᠎ᠤᠨ ᠶᠣᠰᠤᠭᠠᠷ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠪᠠᠷ ᠭᠣᠤᠯᠳᠠᠯᠭ᠎ᠠ ᠪᠣᠯᠭᠠᠨ᠂ ᠠᠷᠠᠳ ᠲᠦᠮᠡᠨ᠎ᠦ ᠬᠠᠮᠤᠭ᠎ᠠᠴᠠ ᠰᠡᠳᠬᠢᠯ ᠲᠠᠯᠪᠢᠵᠤ ᠪᠠᠢᠭ᠎ᠠ᠂ ᠬᠠᠮᠤᠭ᠎ᠤᠨ ᠱᠢᠭᠤᠳ᠂ ᠬᠠᠮᠤᠭ᠎ᠤᠨ ᠪᠣᠳᠠᠲᠠᠢ ᠠᠱᠢᠭ ᠲᠤᠰᠠ᠎ᠶᠢᠨ ᠠᠰᠠᠭᠤᠳᠠᠯ᠎ᠢ ᠰᠠᠢᠲᠤᠷ ᠱᠢᠢᠳᠪᠦᠷᠢᠯᠡᠵᠦ᠂ ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠨᠡᠩ ᠠᠷᠪᠢᠨ ᠨᠡᠩ ᠭᠣᠤᠯᠴᠢ᠎ᠪᠠᠷ ᠬᠦᠷᠲᠡᠭᠡᠵᠦ᠂ ᠠᠷᠠᠳ ᠣᠯᠠᠨ᠎ᠤ ᠠᠱᠢᠭ ᠬᠦᠷᠲᠡᠭᠰᠡᠨ ᠲᠥᠷᠦᠭᠳᠡᠯ᠎ᠢ ᠲᠠᠰᠤᠷᠠᠯᠲᠠ᠎ᠦᠭᠡᠢ ᠨᠡᠮᠡᠭᠳᠡᠭᠦᠯᠦᠨ᠂ ᠪᠦᠬᠦ ᠠᠷᠠᠳ ᠲᠦᠮᠡᠨ᠎ᠦ ᠥᠪᠡᠷ ᠥᠪᠡᠷ᠎ᠦᠨ ᠠᠪᠢᠶᠠᠰ ᠴᠢᠳᠠᠪᠤᠷᠢ᠎ᠪᠠᠨ ᠭᠦᠢᠴᠡᠳ ᠪᠠᠳᠠᠷᠠᠭᠤᠯᠤᠨ᠂ ᠲᠤᠰ ᠲᠤᠰ᠎ᠤᠨ ᠲᠣᠬᠢᠷᠠᠮᠵᠢᠲᠠᠢ ᠪᠠᠢᠷᠢ᠎ᠪᠠᠨ ᠣᠯᠤᠭᠰᠠᠨ ᠮᠥᠷᠲᠡᠭᠡᠨ ᠡᠶ᠎ᠡ ᠵᠣᠬᠢᠴᠠᠯ᠎ᠲᠠᠢ ᠬᠠᠮᠲᠤ ᠣᠷᠤᠱᠢᠬᠤ ᠪᠠᠢᠳᠠᠯ᠎ᠢ ᠴᠢᠷᠮᠠᠢᠨ ᠪᠣᠢ ᠪᠣᠯᠭᠠᠨ᠎ᠠ᠃ ᠨᠡᠢᠭᠡᠮ᠎ᠦᠨ ᠵᠠᠰᠠᠯᠲᠠ᠎ᠶᠢ ᠴᠢᠩᠭᠠᠳᠭᠠᠵᠤ ᠨᠡᠢᠭᠡᠮ᠎ᠦᠨ ᠵᠠᠰᠠᠯᠲᠠ᠎ᠶᠢᠨ ᠲᠠᠯ᠎ᠠ᠎ᠪᠠᠷ ᠱᠢᠨ᠎ᠡ᠎ᠶᠢ ᠡᠭᠦᠳᠦᠨ᠎ᠡ᠃ ᠳᠠᠢᠰᠤᠨ ᠮᠠᠨ᠎ᠤ ᠬᠣᠭᠤᠷᠤᠨᠳᠤᠬᠢ ᠵᠥᠷᠢᠴᠡᠯ ᠪᠠ ᠠᠷᠠᠳ᠎ᠤᠨ ᠳᠣᠲᠤᠭᠠᠳᠤ᠎ᠶᠢᠨ ᠵᠥᠷᠢᠴᠡᠯ ᠭᠡᠬᠦ ᠡᠨᠡ ᠬᠣᠶᠠᠷ ᠲᠥᠷᠦᠯ᠎ᠦᠨ ᠠᠳᠠᠯᠢ ᠪᠤᠰᠤ ᠱᠢᠨᠵᠢ ᠴᠢᠨᠠᠷ᠎ᠲᠠᠢ ᠵᠥᠷᠢᠴᠡᠯ᠎ᠢ ᠴᠢᠩᠭ᠎ᠠ ᠢᠯᠭᠠᠨ ᠵᠥᠪ ᠱᠢᠢᠳᠪᠦᠷᠢᠯᠡᠨ᠎ᠡ᠃ ᠨᠡᠢᠭᠡᠮ᠎ᠦᠨ ᠠᠮᠤᠷ ᠲᠦᠪᠱᠢᠨ᠎ᠢ ᠶᠡᠷᠦᠩᠬᠡᠢᠯᠡᠨ ᠵᠠᠰᠠᠬᠤ᠎ᠶᠢ ᠴᠢᠩᠭᠠᠳᠭᠠᠵᠤ᠂ ᠤᠯᠤᠰ ᠣᠷᠤᠨ᠎ᠤ ᠠᠮᠤᠷ ᠲᠦᠪᠱᠢᠨ ᠪᠠ ᠠᠱᠢᠭ ᠲᠤᠰᠠ᠎ᠳᠤ ᠬᠣᠤᠷ ᠬᠥᠨᠦᠭᠡᠯ ᠤᠴᠠᠷᠠᠭᠤᠯᠤᠭᠰᠠᠨ᠂ ᠨᠡᠢᠭᠡᠮ᠎ᠦᠨ ᠲᠣᠭᠲᠠᠭᠤᠨ ᠪᠠᠢᠳᠠᠯ ᠪᠠ ᠠᠵᠤ ᠠᠬᠤᠢ᠎ᠶᠢᠨ ᠬᠥᠭᠵᠢᠯᠲᠡ᠎ᠳᠦ ᠬᠣᠤᠷ ᠬᠥᠨᠦᠭᠡᠯ ᠤᠴᠠᠷᠠᠭᠤᠯᠤᠭᠰᠠᠨ ᠡᠯ᠎ᠡ ᠵᠦᠢᠯ᠎ᠦᠨ ᠶᠠᠯᠠᠲᠤ ᠠᠵᠢᠯᠯᠠᠭ᠎ᠠ ᠪᠠ ᠶᠠᠯᠠᠲᠤ ᠡᠲᠡᠭᠡᠳ᠎ᠲᠦ ᠬᠠᠤᠯᠢ ᠶᠣᠰᠤᠭᠠᠷ ᠡᠷᠡᠰ ᠴᠣᠬᠢᠯᠲᠠ ᠦᠭᠴᠦ᠂ ᠨᠡᠢᠭᠡᠮ᠎ᠢ ᠤᠷᠲᠤ ᠬᠤᠭᠤᠴᠠᠭ᠎ᠠ᠎ᠪᠠᠷ ᠲᠣᠭᠲᠠᠭᠤᠨ ᠪᠠᠢᠯᠭᠠᠨ᠎ᠠ᠃ ᠤᠯᠤᠰ᠎ᠤᠨ ᠠᠮᠤᠷ ᠲᠣᠪᠱᠢᠨ᠎ᠤ ᠶᠡᠷᠦᠩᠬᠡᠢ ᠴᠣᠭᠴᠠ᠎ᠶᠢᠨ ᠦᠵᠡᠯᠲᠡ᠎ᠶᠢ᠎ᠪᠠᠷᠢᠮᠲᠠᠯᠠᠨ᠂ ᠤᠯᠤᠰ ᠣᠷᠤᠨ᠎ᠤ ᠡᠷᠬᠡ ᠮᠠᠲᠠᠯ᠂ ᠠᠮᠤᠷ ᠲᠣᠪᠱᠢᠨ᠂ ᠬᠦ᠋ᠭᠵᠢᠯᠳᠡ᠎ᠶᠢᠨ ᠠᠱᠢᠭ ᠲᠤᠰᠠ᠎ᠶᠢ ᠡᠷᠡᠰ ᠬᠠᠮᠠᠭᠠᠯᠠᠨ᠎ᠠ᠃

  ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠨᠡᠢᠭᠡᠮ ᠵᠢᠷᠤᠮ᠎ᠤᠨ ᠠᠮᠢ ᠠᠬᠤᠢ᠎ᠶᠢᠨ ᠪᠣᠯᠪᠠᠰᠤᠨ᠎ᠢ ᠪᠠᠢᠭᠤᠯᠤᠨ᠎ᠠ᠃ ᠪᠠᠢᠭᠠᠯᠢ᠎ᠶᠢ ᠬᠦᠨᠳᠦᠳᠬᠡᠬᠦ᠂ ᠪᠠᠢᠭᠠᠯᠢ᠎ᠲᠠᠢ ᠡᠶᠡᠳᠡᠨ ᠵᠣᠬᠢᠴᠠᠬᠤ᠂ ᠪᠠᠢᠭᠠᠯᠢ᠎ᠶᠢ ᠬᠠᠮᠠᠭᠠᠯᠠᠬᠤ ᠠᠮᠢ ᠠᠬᠤᠢ᠎ᠶᠢᠨ ᠪᠣᠯᠪᠠᠰᠤᠨ᠎ᠤ ᠣᠢᠯᠠᠭᠠᠭᠳᠠᠬᠤᠨ᠎ᠢ ᠪᠣᠢ ᠪᠣᠯᠭᠠᠵᠤ᠂ ᠬᠥᠬᠡ ᠠᠭᠤᠯᠠ ᠬᠥᠬᠡᠮᠳᠦᠭ ᠤᠰᠤ ᠪᠤᠯ ᠠᠯᠲᠠᠨ ᠠᠭᠤᠯᠠ ᠮᠥᠩᠭᠦᠨ ᠬᠠᠢᠷᠬᠠᠨ ᠮᠦᠨ ᠭᠡᠬᠦ ᠤᠬᠠᠮᠰᠠᠷ᠎ᠢ ᠴᠢᠩᠭᠠᠷᠠᠭᠤᠯᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠠᠬᠤᠢ᠎ᠶᠢ ᠬᠠᠮᠠᠭᠠᠯᠠᠬᠤ ᠤᠯᠤᠰ᠎ᠤᠨ ᠦᠨᠳᠦᠰᠦᠨ ᠪᠣᠳᠤᠯᠭ᠎ᠠ᠎ᠶᠢ᠎ᠪᠠᠷᠢᠮᠲᠠᠯᠠᠨ᠂ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠬᠠᠮᠠᠭᠠᠯᠠᠬᠤ᠎ᠶᠢ ᠲᠡᠷᠢᠭᠦᠨ᠎ᠳᠦ ᠲᠠᠯᠪᠢᠬᠤ᠂ ᠠᠶᠠᠨᠳᠠᠭᠠᠨ ᠰᠡᠷᠭᠦᠭᠡᠬᠦ᠎ᠪᠡᠷ ᠭᠣᠤᠯ ᠪᠣᠯᠭᠠᠬᠤ ᠴᠢᠭᠯᠡᠯᠲᠡ᠎ᠶᠢ᠎ᠪᠠᠷᠢᠮᠲᠠᠯᠠᠵᠤ᠂ ᠦᠢᠯᠡᠳᠪᠦᠷᠢᠯᠡᠯ᠎ᠢ ᠬᠥᠭᠵᠢᠭᠦᠯᠬᠦ᠂ ᠠᠮᠢᠳᠤᠷᠠᠯ᠎ᠢ ᠴᠢᠨᠡᠭᠡᠯᠢᠭᠵᠢᠭᠦᠯᠬᠦ᠂ ᠠᠮᠢ ᠠᠬᠤᠢ᠎ᠶᠢ ᠰᠠᠢᠨ ᠰᠠᠢᠬᠠᠨ ᠪᠣᠯᠭᠠᠬᠤ ᠪᠣᠯᠪᠠᠰᠤᠨ ᠬᠥᠭᠵᠢᠯᠲᠡ᠎ᠶᠢᠨ ᠵᠠᠮ᠎ᠢ᠎ᠪᠠᠷᠢᠮᠲᠠᠯᠠᠨ᠎ᠠ᠃ ᠡᠬᠢ ᠪᠠᠶᠠᠯᠢᠭ ᠠᠷᠪᠢᠯᠠᠬᠤ ᠬᠡᠯᠪᠡᠷᠢ᠎ᠶᠢᠨ᠂ ᠣᠷᠴᠢᠨ ᠠᠬᠤᠢ᠎ᠲᠠᠢ ᠨᠥᠬᠦᠷᠰᠡᠭ ᠬᠡᠯᠪᠡᠷᠢ᠎ᠶᠢᠨ ᠨᠡᠢᠭᠡᠮ᠎ᠢ ᠬᠦᠴᠦᠯᠡᠨ ᠪᠠᠢᠭᠤᠯᠵᠤ᠂ ᠬᠠᠮᠤᠭ᠎ᠤᠨ ᠴᠢᠩᠭ᠎ᠠ ᠠᠮᠢ ᠠᠬᠤᠢ᠎ᠶᠢᠨ ᠣᠷᠴᠢᠨ ᠨᠥᠬᠦᠴᠡᠯ᠎ᠦᠨ ᠬᠠᠮᠠᠭᠠᠯᠠᠯᠲᠠ᠎ᠶᠢᠨ ᠳᠦᠷᠢᠮ᠎ᠢ ᠬᠡᠷᠡᠭᠵᠢᠭᠦᠯᠦᠨ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠠᠬᠤᠢ᠎ᠶᠢ ᠬᠠᠮᠠᠭᠠᠯᠠᠬᠤ ᠣᠷᠤᠨ ᠵᠠᠢ᠎ᠶᠢᠨ ᠪᠠᠢᠷᠢᠱᠢᠯ᠂ ᠠᠵᠤ ᠦᠢᠯᠡᠰ᠎ᠦᠨ ᠪᠦᠲᠦᠴᠡ᠂ ᠦᠢᠯᠡᠳᠪᠦᠷᠢᠯᠡᠯ᠎ᠦᠨ ᠠᠷᠭ᠎ᠠ ᠮᠠᠶᠢᠭ᠂ ᠠᠮᠢᠳᠤᠷᠠᠯ᠎ᠤᠨ ᠠᠷᠭ᠎ᠠ ᠮᠠᠶᠢᠭ᠎ᠢ ᠪᠣᠢ ᠪᠣᠯᠭᠠᠵᠤ᠂ ᠠᠷᠠᠳ ᠲᠦᠮᠡᠨ᠎ᠳᠦ ᠦᠢᠯᠡᠳᠪᠦᠷᠢᠯᠡᠯ ᠠᠮᠢᠳᠤᠷᠠᠯ᠎ᠤᠨ ᠰᠠᠢᠨ ᠰᠠᠢᠬᠠᠨ ᠣᠷᠴᠢᠨ ᠨᠥᠬᠦᠴᠡᠯ᠎ᠢ ᠡᠭᠦᠳᠦᠨ ᠥᠭᠴᠦ᠂ ᠳᠤᠮᠳᠠᠳᠤ᠎ᠶᠢᠨ ᠦᠨᠳᠦᠰᠦᠲᠡᠨ᠎ᠦ ᠥᠨᠢᠳᠡ᠎ᠶᠢᠨ ᠦᠷᠭᠦᠯᠵᠢᠯᠡᠬᠦ ᠬᠥᠭᠵᠢᠯᠲᠡ᠎ᠶᠢ ᠪᠡᠶᠡᠯᠡᠭᠦᠯᠦᠨ᠎ᠡ᠃

  ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ᠎ᠤᠨ ᠴᠢᠯᠦᠭᠡᠯᠡᠬᠦ ᠴᠡᠷᠢᠭ ᠪᠠ ᠠᠷᠠᠳ᠎ᠤᠨ ᠪᠤᠰᠤᠳ ᠵᠡᠪᠰᠡᠭᠲᠦ ᠬᠦᠴᠦᠨ᠎ᠳᠡᠬᠢ ᠬᠠᠷᠢᠴᠠᠯᠠᠱᠢ᠎ᠦᠭᠡᠢ ᠤᠳᠤᠷᠢᠳᠤᠯᠭ᠎ᠠ᠎ᠶᠢ᠎ᠪᠠᠷᠢᠮᠲᠠᠯᠠᠨ᠂ ᠰᠢ᠎ᠵᠢᠨ ᠫᠢᠩ᠎ᠦᠨ ᠴᠡᠷᠢᠭ᠎ᠢᠶ᠋ᠡᠨ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠲᠤᠭᠤᠱᠢᠯᠠᠭᠤᠯᠵᠤ᠂ ᠠᠷᠠᠳ᠎ᠤᠨ ᠴᠢᠯᠦᠭᠡᠯᠡᠬᠦ ᠴᠡᠷᠢᠭ᠎ᠦᠨ ᠪᠠᠢᠭᠤᠯᠤᠯᠲᠠ᠎ᠶᠢ ᠴᠢᠩᠭᠠᠳᠭᠠᠵᠤ᠂ ᠤᠯᠤᠰ ᠲᠥᠷᠦ᠎ᠪᠡᠷ ᠴᠡᠷᠢᠭ᠎ᠢ ᠪᠠᠢᠭᠤᠯᠬᠤ᠂ ᠥᠭᠡᠷᠡᠴᠢᠯᠡᠯᠲᠡ᠎ᠪᠡᠷ ᠴᠡᠷᠢᠭ᠎ᠢ ᠬᠦᠴᠦᠷᠬᠡᠭᠵᠢᠭᠦᠯᠬᠦ᠂ ᠱᠢᠨᠵᠢᠯᠡᠬᠦ ᠤᠬᠠᠭᠠᠨ ᠮᠡᠷᠭᠡᠵᠢᠯ᠎ᠢᠶ᠋ᠡᠷ ᠴᠡᠷᠢᠭ᠎ᠢ ᠮᠠᠨᠳᠤᠭᠤᠯᠬᠤ᠂ ᠬᠠᠤᠯᠢ ᠶᠣᠰᠤᠭᠠᠷ ᠴᠡᠷᠢᠭ᠎ᠢ ᠵᠠᠰᠠᠬᠤ᠎ᠶᠢ᠎ᠪᠠᠷᠢᠮᠲᠠᠯᠠᠨ᠂ ᠨᠠᠮ᠎ᠤᠨ ᠵᠢᠯᠤᠭᠤᠳᠤᠯᠭ᠎ᠠ᠎ᠶᠢ ᠳᠠᠭᠠᠬᠤ᠂ ᠢᠯᠠᠭᠤᠭᠰᠠᠨ᠎ᠲᠡᠢᠨ ᠬᠢᠵᠦ ᠳᠡᠢᠯᠬᠦ᠂ ᠬᠡᠪ ᠰᠤᠷᠲᠠᠯ ᠱᠢᠯᠢᠳᠡᠭ ᠰᠠᠢᠨ ᠠᠷᠠᠳ᠎ᠤᠨ ᠴᠡᠷᠢᠭ ᠠᠩᠭᠢ᠎ᠶᠢ ᠪᠦᠲᠦᠭᠡᠨ ᠪᠠᠢᠭᠤᠯᠵᠤ᠂ ᠠᠷᠠᠳ᠎ᠤᠨ ᠴᠢᠯᠦᠭᠡᠯᠡᠬᠦ ᠴᠡᠷᠢᠭ᠎ᠦᠨ ᠱᠢᠨ᠎ᠡ ᠴᠠᠭ ᠦᠶ᠎ᠡ᠎ᠳᠡᠬᠢ ᠴᠡᠷᠢᠭ ᠠᠩᠭᠢ᠎ᠶᠢᠨ ᠡᠭᠦᠷᠭᠡ ᠬᠠᠷᠢᠭᠤᠴᠠᠯᠭ᠎ᠠ᠎ᠪᠠᠨ ᠪᠦᠲᠦᠮᠵᠢᠲᠡᠢ ᠭᠦᠢᠴᠡᠳᠬᠡᠬᠦ᠎ᠶᠢ ᠦᠨᠡᠨ᠎ᠬᠦ ᠪᠠᠲᠤᠯᠠᠵᠤ᠂ ᠠᠷᠠᠳ᠎ᠤᠨ ᠴᠢᠯᠦᠭᠡᠯᠡᠬᠦ ᠴᠡᠷᠢᠭ᠎ᠦᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠪᠡᠬᠢᠵᠢᠭᠦᠯᠬᠦ᠂ ᠡᠬᠡ ᠣᠷᠤᠨ᠎ᠢᠶ᠋ᠠᠨ ᠬᠠᠮᠠᠭᠠᠯᠠᠬᠤ ᠪᠠ ᠨᠡᠢᠭᠡᠮ ᠵᠢᠷᠤᠮ᠎ᠤᠨ ᠣᠳᠤᠬᠢᠴᠢᠯᠠᠬᠤ ᠪᠦᠲᠦᠭᠡᠨ ᠪᠠᠢᠭᠤᠯᠤᠯᠲᠠ᠎ᠳᠤ ᠣᠷᠤᠯᠴᠠᠬᠤ ᠳᠤᠮᠳᠠᠬᠢ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃

  ᠳᠤᠮᠳᠠᠳᠤ ᠤᠯᠤᠰ᠎ᠤᠨ ᠡᠪ ᠬᠠᠮᠲᠤ ᠨᠠᠮ ᠡᠷᠬᠡ ᠲᠡᠭᠱᠢ᠂ ᠪᠦᠯᠬᠦᠮᠳᠡᠯ᠎ᠲᠡᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ᠎ᠲᠠᠢ ᠨᠡᠢᠭᠡᠮ ᠵᠢᠷᠤᠮ᠎ᠤᠨ ᠦᠨᠳᠦᠰᠦᠲᠡᠨ᠎ᠦ ᠬᠠᠷᠢᠴᠠᠭ᠎ᠠ᠎ᠶᠢ ᠬᠠᠮᠠᠭᠠᠯᠠᠨ ᠬᠥᠭᠵᠢᠭᠦᠯᠵᠦ᠂ ᠴᠥᠭᠡᠨ ᠲᠣᠭᠠᠲᠤ ᠦᠨᠳᠦᠰᠦᠲᠡᠨ᠎ᠶᠢᠨ ᠺᠠᠳ᠋ᠷ᠎ᠢ ᠢᠳᠡᠪᠬᠢᠲᠡᠢ ᠬᠥᠮᠦᠵᠢᠭᠦᠯᠬᠦ ᠪᠥᠭᠡᠳ ᠰᠣᠩᠭᠤᠨ ᠳᠡᠪᠱᠢᠭᠦᠯᠵᠦ᠂ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ᠎ᠦ ᠭᠠᠵᠠᠷ ᠣᠷᠤᠨ᠎ᠢ ᠬᠠᠪᠰᠤᠷᠤᠨ ᠠᠵᠤ ᠠᠬᠤᠢ᠂ ᠰᠣᠶᠤᠯ ᠪᠠ ᠨᠡᠢᠭᠡᠮ᠎ᠦᠨ ᠦᠢᠯᠡᠰ᠎ᠢ᠎ᠨᠢ ᠬᠥᠭᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠪᠡᠬᠢ ᠪᠣᠢ ᠪᠣᠯᠭᠠᠵᠤ᠂ ᠦᠨᠳᠦᠰᠦᠲᠡᠨ᠎ᠨᠤᠭᠤᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ᠎ᠶᠢ ᠪᠡᠶᠡᠯᠡᠭᠦᠯᠦᠨ᠎ᠡ᠃ ᠨᠠᠮ᠎ᠤᠨ ᠱᠠᠱᠢᠨ ᠰᠤᠷᠲᠠᠬᠤᠨ᠎ᠤ ᠠᠵᠢᠯ᠎ᠤᠨ ᠲᠤᠬᠠᠢ ᠦᠨᠳᠦᠰᠦᠨ ᠴᠢᠭᠯᠡᠯᠲᠡ᠎ᠶᠢ ᠪᠦᠬᠦ ᠲᠠᠯ᠎ᠠ᠎ᠪᠠᠷ ᠲᠤᠭᠤᠱᠢᠯᠠᠭᠤᠯᠤᠨ᠂ ᠱᠠᠱᠢᠨ ᠱᠢᠲᠦᠳᠡᠭ ᠣᠯᠠᠨ ᠲᠦᠮᠡᠨ᠎ᠲᠡᠢ ᠪᠦᠯᠬᠦᠮᠳᠡᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠤᠪᠢ ᠨᠡᠮᠡᠷᠢ ᠦᠵᠡᠭᠦᠯᠦᠨ᠎ᠡ᠃

  ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠤᠯᠤᠰ᠎ᠤᠨ ᠦᠨᠳᠦᠰᠦᠲᠡᠨ᠎ᠨᠤᠭᠦᠳ᠎ᠤᠨ ᠠᠵᠢᠯᠴᠢᠨ᠂ ᠲᠠᠷᠢᠶᠠᠴᠢᠨ᠂ ᠰᠡᠬᠡᠭᠡᠲᠡᠨ᠎ᠲᠡᠢ ᠪᠦᠯᠬᠦᠮᠳᠡᠨ ᠨᠢᠭᠡᠳᠴᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ᠎ᠦᠨ ᠪᠤᠰᠦ ᠬᠥᠮᠦᠰ᠂ ᠦᠨᠳᠦᠰᠦᠲᠡᠨ᠎ᠨᠤᠭᠦᠳ᠎ᠤᠨ ᠡᠬᠡ ᠣᠷᠤᠨᠴᠢ ᠬᠦᠴᠦᠨ᠎ᠲᠡᠢ ᠪᠦᠯᠬᠦᠮᠳᠡᠨ ᠨᠢᠭᠡᠳᠴᠦ᠂ ᠪᠦᠬᠦ ᠨᠡᠢᠭᠡᠮ ᠵᠢᠷᠤᠮᠲᠤ ᠬᠥᠳᠡᠯᠮᠦᠷᠢᠴᠢᠳ᠂ ᠨᠡᠢᠭᠡᠮ ᠵᠢᠷᠤᠮᠲᠤ ᠦᠢᠯᠡᠰ᠎ᠦᠨ ᠪᠦᠲᠦᠭᠡᠨ ᠪᠠᠢᠭᠤᠯᠤᠭᠴᠢᠳ᠂ ᠨᠡᠢᠭᠡᠮ ᠵᠢᠷᠤᠮ᠎ᠢ ᠬᠦᠷᠢᠶᠡᠯᠡᠳᠡᠭ ᠡᠬᠡ ᠣᠷᠤᠨᠴᠢᠳ᠂ ᠡᠬᠡ ᠣᠷᠤᠨ᠎ᠤ ᠨᠢᠭᠡᠳᠦᠯ᠎ᠢ ᠬᠦᠷᠢᠶᠡᠯᠡᠳᠡᠭ ᠡᠬᠡ ᠣᠷᠤᠨᠴᠢᠳ ᠪᠠ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠥᠯᠦᠭᠡ ᠴᠢᠷᠮᠠᠢᠨ ᠵᠢᠳᠬᠦᠳᠡᠭ ᠡᠬᠡ ᠣᠷᠤᠨᠴᠢᠳ᠎ᠢᠶ᠋ᠠᠷ ᠪᠦᠷᠢᠯᠳᠦᠭᠰᠡᠨ ᠬᠠᠮᠤᠭ᠎ᠤᠨ ᠥᠷᠭᠡᠨ ᠳᠡᠯᠭᠡᠷ ᠡᠬᠡ ᠣᠷᠤᠨᠴᠢ ᠨᠢᠭᠡᠳᠦᠮᠡᠯ ᠹᠷᠤᠨᠲ᠎ᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠢᠷᠠᠭᠤᠯᠤᠨ᠎ᠠ᠃ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠢ ᠣᠷᠤᠨ᠎ᠤ ᠠᠬ᠎ᠠ ᠳᠡᠭᠦᠦ᠎ᠨᠠᠷ᠂ ᠤᠤᠮᠸᠠ᠎ᠶᠢᠨ ᠵᠠᠰᠠᠭ ᠵᠠᠬᠢᠷᠭᠠᠨ᠎ᠤ ᠣᠨᠴᠠᠭᠠᠢ ᠣᠷᠤᠨ᠎ᠤ ᠠᠬ᠎ᠠ ᠳᠡᠭᠦᠦ᠎ᠨᠠᠷ᠂᠎ᠲᠠᠢᠸᠠᠨ᠎ᠤ ᠠᠬ᠎ᠠ ᠳᠡᠭᠦᠦ᠎ᠨᠠᠷ ᠪᠠ ᠭᠠᠳᠠᠭᠠᠳᠤ᠎ᠳᠤ ᠰᠠᠭᠤᠭ᠎ᠠ ᠳᠤᠮᠳᠠᠳᠤ᠎ᠶᠢᠨ ᠬᠠᠷᠢᠶᠡᠳᠦ ᠠᠬ᠎ᠠ ᠳᠡᠭᠦᠦ᠎ᠨᠠᠷ᠎ᠢ ᠪᠠᠭᠲᠠᠭᠠᠭᠰᠠᠨ ᠪᠦᠬᠦ ᠤᠯᠤᠰ᠎ᠤᠨ ᠠᠷᠠᠳ ᠲᠦᠮᠡᠨ᠎ᠦ ᠪᠦᠯᠬᠦᠮᠳᠡᠯ᠎ᠢ ᠲᠠᠰᠤᠷᠠᠯᠲᠠ᠎ᠦᠭᠡᠢ ᠴᠢᠩᠭᠠᠳᠭᠠᠨ᠎ᠠ᠃ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭᠵᠢᠭᠦᠯᠬᠦ》 ᠴᠢᠭᠯᠡᠯᠲᠡ᠎ᠶᠢᠨ ᠶᠣᠰᠤᠭᠠᠷ ᠱᠢᠶᠠᠩᠭᠠᠩ᠂ ᠣᠣᠮᠧᠨ᠎ᠦ ᠤᠷᠲᠤ ᠬᠤᠭᠤᠴᠠᠭᠠᠨ᠎ᠤ ᠴᠡᠴᠡᠭᠯᠡᠯ ᠬᠥᠭᠵᠢᠯ ᠪᠠ ᠲᠣᠭᠲᠠᠭᠤᠨ ᠪᠠᠢᠳᠠᠯ᠎ᠢ ᠠᠬᠢᠭᠤᠯᠵᠤ᠂ ᠡᠬᠡ ᠣᠷᠤᠨ᠎ᠢᠶ᠋ᠠᠨ ᠨᠢᠭᠡᠳᠬᠡᠬᠦ ᠶᠡᠬᠡ ᠦᠢᠯᠡᠰ᠎ᠢ ᠪᠡᠶᠡᠯᠡᠭᠦᠯᠦᠨ᠎ᠡ᠃

  ᠳᠤᠮᠳᠠᠳᠤ ᠤᠯᠤᠰ᠎ᠤᠨ ᠡᠪ ᠬᠠᠮᠲᠤ ᠨᠠᠮ ᠪᠡᠶ᠎ᠡ᠎ᠪᠡᠨ ᠳᠠᠭᠠᠭᠠᠵᠤ ᠡᠵᠡᠨ ᠮᠡᠳᠡᠬᠦ ᠨᠠᠢᠷᠠᠮᠳᠠᠯ᠎ᠤᠨ ᠭᠠᠳᠠᠭᠠᠳᠤ ᠬᠠᠷᠢᠯᠴᠠᠭᠠᠨ᠎ᠤ ᠲᠥᠷᠦ᠎ᠶᠢᠨ ᠪᠣᠳᠤᠯᠭ᠎ᠠ᠎ᠶᠢ᠎ᠪᠠᠷᠢᠮᠲᠠᠯᠠᠵᠤ᠂ ᠡᠩᠬᠡ᠎ᠲᠠᠢᠪᠤᠩ ᠬᠥᠭᠵᠢᠯᠲᠡ᠎ᠶᠢᠨ ᠵᠠᠮ᠎ᠢ᠎ᠪᠠᠷᠢᠮᠲᠠᠯᠠᠵᠤ᠂ ᠬᠠᠷᠢᠯᠴᠠᠨ ᠠᠱᠢᠭ ᠣᠯᠭᠤᠵᠤ ᠬᠠᠮᠲᠤ᠎ᠪᠠᠷ ᠠᠱᠢᠭ ᠬᠦᠷᠲᠡᠬᠦ ᠨᠡᠭᠡᠭᠡᠯᠲᠡ᠎ᠶᠢᠨ ᠪᠠᠢᠯᠳᠤᠬᠤ ᠪᠣᠳᠤᠯᠭ᠎ᠠ᠎ᠶᠢ᠎ᠪᠠᠷᠢᠮᠲᠠᠯᠠᠨ᠂ ᠤᠯᠤᠰ᠎ᠤᠨ ᠳᠣᠲᠤᠭᠠᠳᠤ ᠭᠠᠳᠠᠭᠠᠳᠤ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠦᠪᠯᠡᠨ᠂ ᠭᠠᠳᠠᠭᠠᠳᠤ ᠬᠠᠷᠢᠯᠴᠠᠭ᠎ᠠ᠎ᠪᠠᠨ ᠢᠳᠡᠪᠬᠢᠲᠡᠢ ᠬᠥᠭᠵᠢᠭᠦᠯᠵᠦ᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠪᠠ ᠣᠳᠤᠬᠢᠴᠢᠯᠠᠬᠤ ᠪᠦᠲᠦᠭᠡᠨ ᠪᠠᠢᠭᠤᠯᠤᠯᠲᠠ᠎ᠳᠤ ᠠᠱᠢᠭᠲᠠᠢ ᠳᠡᠯᠡᠬᠡᠢ᠎ᠶᠢᠨ ᠣᠷᠴᠢᠨ ᠨᠥᠬᠦᠴᠡᠯ᠎ᠢ ᠴᠢᠷᠮᠠᠢᠨ ᠪᠣᠢ ᠪᠣᠯᠭᠠᠨ᠎ᠠ᠃ ᠳᠡᠯᠡᠬᠡᠢ᠎ᠶᠢᠨ ᠬᠡᠷᠡᠭ ᠶᠠᠪᠤᠳᠠᠯ᠎ᠳᠤ ᠵᠥᠪ ᠵᠢᠷᠤᠮ ᠠᠱᠢᠭ᠎ᠤᠨ ᠦᠵᠡᠯᠲᠡ᠎ᠶᠢ᠎ᠪᠠᠷᠢᠮᠲᠠᠯᠠᠵᠤ᠂ ᠮᠠᠨ᠎ᠤ ᠤᠯᠤᠰ᠎ᠤᠨ ᠲᠤᠰᠠᠭᠠᠷ ᠲᠣᠭᠲᠠᠨᠢᠯ ᠪᠠ ᠡᠷᠬᠡ ᠮᠠᠲᠠᠯ᠎ᠢ ᠬᠠᠮᠠᠭᠠᠯᠠᠨ᠂ ᠡᠵᠡᠷᠬᠡᠬᠦ ᠦᠵᠡᠯ ᠪᠣᠯᠤᠨ ᠬᠦᠴᠦᠷᠬᠡᠭᠯᠡᠯ᠎ᠦᠨ ᠤᠯᠤᠰ ᠲᠥᠷᠦ᠎ᠶᠢ ᠡᠰᠡᠷᠭᠦᠴᠡᠵᠦ᠂ ᠳᠡᠯᠡᠬᠡᠢ᠎ᠶᠢᠨ ᠡᠩᠬᠡ᠎ᠲᠠᠢᠪᠤᠩ᠎ᠢ ᠬᠠᠮᠠᠭᠠᠯᠠᠨ᠂ ᠬᠥᠮᠦᠨ ᠲᠥᠷᠦᠯᠬᠢᠲᠡᠨ᠎ᠦ ᠳᠠᠪᠱᠢᠯᠲᠠ᠎ᠶᠢ ᠠᠬᠢᠭᠤᠯᠵᠤ᠂ ᠬᠥᠮᠦᠨ ᠲᠥᠷᠦᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠢᠭᠤᠯᠬᠤ᠎ᠶᠢ ᠠᠬᠢᠭᠤᠯᠵᠤ᠂ ᠥᠨᠢ ᠤᠳᠠᠭᠠᠨ ᠡᠩᠬᠡ᠎ᠲᠠᠢᠪᠤᠩ᠂ ᠬᠠᠮᠲᠤ᠎ᠪᠠᠷ ᠴᠡᠴᠡᠭᠯᠡᠨ ᠬᠥᠭᠵᠢᠭᠰᠡᠨ ᠡᠶ᠎ᠡ ᠵᠣᠬᠢᠴᠠᠯ᠎ᠲᠠᠢ ᠳᠡᠯᠡᠬᠡᠢ ᠶᠢᠷᠲᠢᠨᠴᠦ᠎ᠶᠢ ᠪᠠᠢᠭᠤᠯᠬᠤ᠎ᠶᠢ ᠠᠬᠢᠭᠤᠯᠤᠨ᠎ᠠ᠃ ᠡᠷᠬᠡ ᠮᠠᠲᠠᠯ ᠪᠠ ᠨᠤᠲᠤᠭ ᠳᠡᠪᠢᠰᠬᠡᠷ᠎ᠦᠨ ᠪᠦᠷᠢᠨ ᠪᠦᠲᠦᠨ ᠪᠠᠢᠬᠤ᠎ᠶᠢ ᠬᠠᠷᠢᠯᠴᠠᠨ ᠬᠦᠨᠳᠦᠳᠬᠡᠬᠦ᠂ ᠬᠠᠷᠢᠯᠴᠠᠨ ᠦᠯᠦ ᠬᠠᠯᠳᠠᠬᠤ᠂ ᠳᠣᠲᠤᠭᠠᠳᠤ ᠵᠠᠰᠠᠭ᠎ᠲᠤ ᠬᠠᠷᠢᠯᠴᠠᠨ ᠦᠯᠦ ᠭᠠᠷ ᠲᠦᠷᠦᠬᠦ᠂ ᠡᠷᠬᠡ ᠲᠡᠭᠱᠢ ᠬᠠᠷᠢᠯᠴᠠᠨ ᠠᠱᠢᠭᠲᠠᠢ ᠪᠠᠢᠬᠤ᠂ ᠨᠠᠢᠷᠠᠮᠳᠠᠯ᠎ᠢᠶ᠋ᠠᠷ ᠵᠡᠷᠭᠡᠴᠡᠨ ᠣᠷᠤᠱᠢᠬᠤ ᠲᠠᠪᠤᠨ ᠵᠠᠷᠴᠢᠮ᠎ᠤᠨ ᠰᠠᠭᠤᠷᠢᠨ ᠳᠡᠭᠡᠷ᠎ᠡ ᠮᠠᠨ᠎ᠤ ᠤᠯᠤᠰ ᠪᠣᠯᠤᠨ ᠳᠡᠯᠡᠬᠡᠢ᠎ᠶᠢᠨ ᠡᠯ᠎ᠡ ᠤᠯᠤᠰ᠎ᠤᠨ ᠬᠣᠭᠤᠷᠤᠨᠳᠤᠬᠢ ᠬᠠᠷᠢᠴᠠᠭ᠎ᠠ᠎ᠶᠢ ᠬᠥᠭᠵᠢᠭᠦᠯᠦᠨ᠎ᠡ᠃ ᠮᠠᠨ᠎ᠤ ᠤᠯᠤᠰ᠎ᠤᠨ ᠡᠷᠭᠢᠨ ᠲᠣᠭᠤᠷᠢᠨ᠎ᠤ ᠤᠯᠤᠰ᠎ᠯᠤᠭ᠎ᠠ᠎ᠶᠢᠨ ᠬᠥᠷᠱᠢ ᠵᠡᠷᠭᠡᠯᠡᠳᠡᠭᠡ᠎ᠶᠢᠨ ᠨᠥᠬᠦᠷᠰᠡᠭ ᠬᠠᠷᠢᠴᠠᠭ᠎ᠠ᠎ᠶᠢ ᠲᠠᠰᠤᠷᠠᠯᠲᠠ᠎ᠦᠭᠡᠢ ᠬᠥᠭᠵᠢᠭᠦᠯᠵᠦ᠂ ᠬᠥᠭᠵᠢᠵᠦ ᠪᠠᠢᠭ᠎ᠠ ᠤᠯᠤᠰ᠎ᠯᠤᠭ᠎ᠠ᠎ᠶᠢᠨ ᠪᠦᠯᠬᠦᠮᠳᠡᠯ ᠬᠠᠮᠲᠤᠷᠠᠯᠴᠠᠭ᠎ᠠ᠎ᠶᠢ ᠴᠢᠩᠭᠠᠳᠭᠠᠨ᠎ᠠ᠃ ᠬᠠᠮᠲᠤ᠎ᠪᠠᠷ ᠵᠥᠪᠳᠡᠯᠴᠡᠬᠦ ᠬᠠᠮᠲᠤ᠎ᠪᠠᠷ ᠪᠠᠢᠭᠤᠯᠬᠤ ᠬᠠᠮᠲᠤ᠎ᠪᠠᠷ ᠡᠳ᠋ᠯᠡᠬᠦ ᠵᠠᠷᠴᠢᠮ᠎ᠢ ᠵᠢᠷᠤᠮᠯᠠᠨ᠂ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠂ ᠪᠦᠷᠢᠮᠦᠰᠦᠨ ᠡᠷᠬᠡ ᠲᠡᠭᠱᠢ ᠪᠠᠢᠬᠤ᠂ ᠬᠠᠷᠢᠯᠴᠠᠨ ᠬᠦᠨᠳᠦᠳᠬᠡᠬᠦ᠂ ᠳᠣᠲᠤᠭᠠᠳᠤ ᠵᠠᠰᠠᠭ᠎ᠲᠤ ᠬᠠᠷᠢᠯᠴᠠᠨ ᠦᠯᠦ ᠭᠠᠷ ᠲᠦᠷᠦᠬᠦ ᠵᠠᠷᠴᠢᠮ᠎ᠢ ᠵᠢᠷᠤᠮᠯᠠᠨ᠂ ᠮᠠᠨ᠎ᠤ ᠨᠠᠮ᠎ᠤᠨ ᠡᠯ᠎ᠡ ᠤᠯᠤᠰ᠎ᠤᠨ ᠡᠪ ᠬᠠᠮᠲᠤ ᠨᠠᠮ ᠪᠣᠯᠤᠨ ᠪᠤᠰᠤᠳ ᠲᠥᠷᠦ᠎ᠶᠢᠨ ᠨᠠᠮ᠎ᠯᠤᠭ᠎ᠠ᠎ᠶᠢᠨ ᠬᠣᠭᠤᠷᠤᠨᠳᠤᠬᠢ ᠬᠠᠷᠢᠴᠠᠭ᠎ᠠ᠎ᠶᠢ ᠬᠥᠭᠵᠢᠭᠦᠯᠦᠨ᠎ᠡ᠃

  ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠤᠯᠤᠰ᠎ᠤᠨ ᠦᠨᠳᠦᠰᠦᠲᠡᠨ᠎ᠨᠤᠭᠦᠳ᠎ᠤᠨ ᠠᠷᠠᠳ ᠲᠦᠮᠡᠨ᠎ᠢ ᠤᠳᠤᠷᠢᠳᠤᠨ 《ᠬᠣᠤᠰ ᠵᠠᠭᠤᠨ ᠵᠢᠯ》᠎ᠦᠨ ᠲᠡᠮᠡᠴᠡᠯ᠎ᠦᠨ ᠬᠠᠷᠠᠯᠲᠠ᠎ᠪᠠᠨ ᠪᠡᠶᠡᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ ᠤᠯᠤᠰ᠎ᠤᠨ ᠬᠦᠰᠡᠯ᠎ᠢ ᠪᠡᠶᠡᠯᠡᠭᠦᠯᠬᠦ᠎ᠳᠦ ᠡᠷᠬᠡᠪᠱᠢ ᠨᠠᠮ᠎ᠤᠨ ᠦᠨᠳᠦᠰᠦᠨ ᠱᠤᠭᠤᠮ᠎ᠲᠠᠢ ᠨᠢᠭᠲᠠ ᠤᠶᠠᠯᠳᠤᠭᠤᠯᠤᠨ᠂ ᠨᠠᠮ᠎ᠢ ᠨᠠᠮ ᠬᠠᠮᠢᠶᠠᠷᠬᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ᠎ᠪᠠᠷᠢᠮᠲᠠᠯᠠᠵᠤ᠂ ᠨᠠᠮ᠎ᠤᠨ ᠤᠷᠲᠤ ᠬᠤᠭᠤᠴᠠᠭ᠎ᠠ᠎ᠪᠠᠷ ᠲᠥᠷᠦ᠎ᠪᠠᠷᠢᠬᠤ ᠴᠢᠳᠠᠪᠤᠷᠢ᠎ᠶᠢᠨ ᠪᠠᠢᠭᠤᠯᠤᠯᠲᠠ᠂ ᠲᠡᠷᠢᠭᠦᠨ᠎ᠦ ᠴᠢᠨᠠᠷ ᠪᠣᠯᠤᠨ ᠴᠡᠪᠡᠷ ᠴᠢᠨᠠᠷ᠎ᠤᠨ ᠪᠠᠢᠭᠤᠯᠤᠯᠲᠠ᠎ᠶᠢ ᠴᠢᠩᠭᠠᠳᠭᠠᠵᠤ᠂ ᠥᠭᠡᠷᠡᠴᠢᠯᠡᠯᠲᠡ ᠬᠢᠵᠦ ᠱᠢᠨ᠎ᠡ᠎ᠶᠢ ᠡᠭᠦᠳᠬᠦ ᠵᠣᠷᠢᠭ ᠰᠠᠨᠠᠭ᠎ᠠ᠎ᠪᠠᠷ ᠨᠠᠮ᠎ᠤᠨ ᠪᠠᠢᠭᠤᠯᠤᠯᠲᠠ᠎ᠶᠢᠨ ᠠᠭᠤᠤ ᠶᠡᠬᠡ ᠱᠢᠨ᠎ᠡ ᠢᠨᠵᠧᠨᠧᠷᠢᠩ᠎ᠢ ᠪᠦᠬᠦ ᠲᠠᠯ᠎ᠠ᠎ᠪᠠᠷ ᠠᠬᠢᠭᠤᠯᠵᠤ᠂ ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠎ᠪᠠᠷ ᠶᠡᠷᠦᠩᠬᠡᠢ ᠵᠢᠯᠤᠭᠤᠳᠤᠯᠭ᠎ᠠ ᠪᠣᠯᠭᠠᠨ᠂ ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠂ ᠦᠵᠡᠯ ᠰᠠᠨᠠᠭᠠᠨ᠎ᠤ ᠪᠠᠢᠭᠤᠯᠤᠯᠲᠠ᠂ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠲᠠ᠂ ᠬᠡᠪ ᠰᠤᠷᠲᠠᠯ᠎ᠤᠨ ᠪᠠᠢᠭᠤᠯᠤᠯᠲᠠ᠂ ᠰᠠᠬᠢᠯᠭ᠎ᠠ ᠪᠠᠲᠤ᠎ᠶᠢᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠵᠤ᠂ ᠳᠦᠷᠢᠮ᠎ᠦᠨ ᠪᠠᠢᠭᠤᠯᠤᠯᠲᠠ᠎ᠶᠢ ᠡᠨᠡ᠎ᠬᠦ ᠶᠠᠪᠤᠴᠠ᠎ᠳᠤ ᠲᠤᠭᠤᠱᠢᠯᠠᠭᠤᠯᠵᠤ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠵᠤ᠂ ᠨᠠᠮ᠎ᠤᠨ ᠪᠠᠢᠭᠤᠯᠤᠯᠲᠠ᠎ᠶᠢᠨ ᠱᠢᠨᠵᠢᠯᠡᠬᠦ ᠤᠬᠠᠭᠠᠨᠴᠢᠯᠠᠬᠤ ᠲᠦᠪᠱᠢᠨ᠎ᠢ ᠪᠦᠬᠦ ᠲᠠᠯ᠎ᠠ᠎ᠪᠠᠷ ᠳᠡᠭᠡᠭᠱᠢᠯᠡᠭᠦᠯᠬᠦ ᠬᠡᠷᠡᠭᠲᠡᠢ᠃ ᠨᠡᠢᠲᠡ᠎ᠶᠢᠨ ᠲᠥᠯᠦᠭᠡ ᠨᠠᠮ ᠪᠠᠢᠭᠤᠯᠵᠤ᠂ ᠠᠷᠠᠳ᠎ᠤᠨ ᠲᠥᠯᠦᠭᠡ ᠲᠥᠷᠦ᠎ᠪᠠᠷᠢᠬᠤ᠎ᠶᠢ᠎ᠪᠠᠷᠢᠮᠲᠠᠯᠠᠵᠤ᠂ ᠨᠠᠮ᠎ᠤᠨ ᠱᠢᠯᠢᠳᠡᠭ ᠤᠯᠠᠮᠵᠢᠯᠠᠯ ᠪᠠ ᠰᠤᠷᠲᠠᠯ᠎ᠢ ᠪᠠᠳᠠᠷᠠᠭᠤᠯᠵᠤ᠂ ᠨᠠᠮ᠎ᠤᠨ ᠤᠳᠤᠷᠢᠳᠭᠤ ᠲᠦᠪᠱᠢᠨ ᠪᠣᠯᠤᠨ ᠲᠥᠷᠦ᠎ᠪᠠᠷᠢᠬᠤ ᠲᠦᠪᠱᠢᠨ᠎ᠢ ᠲᠠᠰᠤᠷᠠᠯᠲᠠ᠎ᠦᠭᠡᠢ ᠳᠡᠭᠡᠭᠱᠢᠯᠡᠭᠦᠯᠵᠦ᠂ ᠢᠯᠵᠠᠷᠠᠯ᠎ᠢ ᠡᠰᠡᠷᠭᠦᠴᠡᠵᠦ ᠬᠤᠪᠢᠷᠠᠬᠤ᠎ᠶᠢ ᠰᠡᠷᠭᠡᠢᠯᠡᠬᠦ ᠪᠠ ᠠᠶᠤᠯ ᠲᠦᠭᠱᠢᠭᠦᠷᠢ᠎ᠶᠢ ᠡᠰᠡᠷᠭᠦᠴᠡᠨ ᠲᠤᠯᠬᠤ ᠴᠢᠳᠠᠪᠤᠷᠢ᠎ᠪᠠᠨ ᠳᠡᠭᠡᠭᠱᠢᠯᠡᠭᠦᠯᠦᠨ᠂ ᠥᠪᠡᠷ᠎ᠢ᠎ᠪᠡᠨ ᠴᠡᠪᠡᠷᠱᠢᠭᠦᠯᠬᠦ᠂ ᠥᠪᠡᠷ᠎ᠢ᠎ᠪᠡᠨ ᠲᠡᠭᠦᠯᠳᠡᠷᠵᠢᠭᠦᠯᠬᠦ᠂ ᠥᠪᠡᠷ᠎ᠢ᠎ᠪᠡᠨ ᠱᠢᠨᠡᠴᠢᠯᠡᠬᠦ᠂ ᠥᠪᠡᠷ᠎ᠢ᠎ᠪᠡᠨ ᠳᠡᠭᠡᠭᠱᠢᠯᠡᠭᠦᠯᠬᠦ ᠴᠢᠳᠠᠪᠤᠷᠢ᠎ᠪᠠᠨ ᠲᠠᠰᠤᠷᠠᠯᠲᠠ᠎ᠦᠭᠡᠢ ᠴᠢᠩᠭᠠᠷᠠᠭᠤᠯᠤᠨ᠂ ᠨᠠᠮ᠎ᠤᠨ ᠠᠩᠭᠢ᠎ᠶᠢᠨ ᠰᠠᠭᠤᠷᠢ᠎ᠶᠢ ᠲᠠᠰᠤᠷᠠᠯᠲᠠ᠎ᠦᠭᠡᠢ ᠴᠢᠩᠭᠠᠷᠠᠭᠤᠯᠤᠨ᠂ ᠨᠠᠮ᠎ᠤᠨ ᠣᠯᠠᠨ ᠲᠦᠮᠡᠨᠴᠢ ᠰᠠᠭᠤᠷᠢ᠎ᠶᠢ ᠲᠠᠰᠤᠷᠠᠯᠲᠠ᠎ᠦᠭᠡᠢ ᠥᠷᠭᠡᠳᠭᠡᠵᠦ᠂ ᠨᠠᠮ᠎ᠤᠨ ᠪᠦᠲᠦᠭᠡᠯᠴᠢ ᠬᠦᠴᠦᠨ᠂ ᠨᠢᠭᠲᠠᠷᠠᠯ᠎ᠤᠨ ᠬᠦᠴᠦᠨ᠂ ᠳᠠᠢᠴᠢᠨ ᠬᠦᠴᠦᠨ᠎ᠢ ᠲᠠᠰᠤᠷᠠᠯᠲᠠ᠎ᠦᠭᠡᠢ ᠳᠡᠭᠡᠭᠱᠢᠯᠡᠭᠦᠯᠦᠨ᠂ ᠰᠤᠷᠤᠯᠴᠠᠬᠤ ᠮᠠᠶᠢᠭ᠎ᠤᠨ᠂ ᠦᠢᠯᠡᠴᠢᠯᠡᠬᠦ ᠮᠠᠶᠢᠭ᠎ᠤᠨ᠂ ᠱᠢᠨ᠎ᠡ᠎ᠶᠢ ᠡᠭᠦᠳᠬᠦ ᠮᠠᠶᠢᠭ᠎ᠤᠨ ᠮᠠᠷᠺᠰ᠎ᠤᠨ ᠦᠵᠡᠯ᠎ᠦᠨ ᠲᠥᠷᠦ᠎ᠪᠠᠷᠢᠭᠴᠢ ᠨᠠᠮ᠎ᠢ ᠪᠠᠢᠭᠤᠯᠵᠤ᠂ ᠮᠠᠨ᠎ᠤ ᠨᠠᠮ᠎ᠢᠶ᠋ᠠᠨ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠤᠷᠤᠭᠱᠢᠯᠠᠭᠤᠯᠵᠤ᠂ ᠪᠦᠬᠦ ᠤᠯᠤᠰ᠎ᠤᠨ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢᠶ᠋ᠠᠷ ᠲᠠᠰᠤᠷᠠᠯᠲᠠ᠎ᠦᠭᠡᠢ ᠤᠷᠤᠭᠱᠢᠯᠠᠬᠤ ᠪᠠᠲᠤ ᠴᠢᠩᠭ᠎ᠠ ᠭᠣᠤᠯᠯᠠᠭᠴᠢ ᠬᠦᠴᠦᠨ ᠪᠣᠯᠭᠠᠬᠤ ᠬᠡᠷᠡᠭᠲᠡᠢ᠃ ᠨᠠᠮ᠎ᠤᠨ ᠪᠠᠢᠭᠤᠯᠤᠯᠲᠠ᠎ᠳᠤ ᠡᠷᠬᠡᠪᠱᠢ ᠳᠣᠤᠷᠠᠬᠢ ᠲᠠᠪᠤᠨ ᠵᠦᠢᠯ᠎ᠦᠨ ᠦᠨᠳᠦᠰᠦᠨ ᠱᠠᠭᠠᠷᠳᠠᠯᠭ᠎ᠠ᠎ᠶᠢ ᠡᠷᠡᠰ ᠪᠡᠶᠡᠯᠡᠭᠦᠯᠬᠦ ᠬᠡᠷᠡᠭᠲᠡᠢ᠄

  ᠨᠢᠭᠡᠳᠦᠭᠡᠷ᠎ᠲᠦ᠂ ᠨᠠᠮ᠎ᠤᠨ ᠦᠨᠳᠦᠰᠦᠨ ᠱᠤᠭᠤᠮ᠎ᠢ᠎ᠪᠠᠷᠢᠮᠲᠠᠯᠠᠬᠤ ᠬᠡᠷᠡᠭᠲᠡᠢ᠃ ᠪᠦᠬᠦ ᠨᠠᠮ᠎ᠢᠶ᠋ᠠᠷ᠎ᠢᠶ᠋ᠠᠨ ᠳ᠋ᠸᠡᠭ ᠱᠢᠶᠤᠣ ᠫᠢᠩ᠎ᠦᠨ ᠣᠨᠤᠯ᠂ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠦᠨᠳᠦᠰᠦᠨ ᠱᠤᠭᠤᠮ᠎ᠢᠶ᠋ᠠᠷ ᠦᠵᠡᠯ ᠰᠠᠨᠠᠭ᠎ᠠ᠎ᠪᠠᠨ ᠨᠢᠭᠡᠳᠬᠡᠨ᠂ ᠦᠢᠯᠡ ᠠᠵᠢᠯᠯᠠᠭ᠎ᠠ᠎ᠪᠠᠨ ᠨᠢᠭᠡᠳᠬᠡᠬᠦ ᠬᠡᠷᠡᠭᠲᠡᠢ ᠪᠥᠭᠡᠳ ᠤᠷᠲᠤ ᠬᠤᠭᠤᠴᠠᠭ᠎ᠠ᠎ᠪᠠᠷ ᠭᠤᠢᠪᠢᠱᠢ᠎ᠦᠭᠡᠢ᠎ᠪᠠᠷᠢᠮᠲᠠᠯᠠᠬᠤ ᠬᠡᠷᠡᠭᠲᠡᠢ᠃ ᠡᠷᠬᠡᠪᠱᠢ ᠥᠭᠡᠷᠡᠴᠢᠯᠡᠯᠲᠡ ᠨᠡᠭᠡᠭᠡᠯᠲᠡ ᠬᠢᠬᠦ ᠶᠠᠪᠤᠳᠠᠯ᠎ᠢ ᠳᠥᠷᠪᠡᠨ ᠦᠨᠳᠦᠰᠦᠨ ᠵᠠᠷᠴᠢᠮ᠎ᠲᠠᠢ ᠨᠢᠭᠡᠳᠬᠡᠵᠦ᠂ ᠨᠠᠮ᠎ᠤᠨ ᠦᠨᠳᠦᠰᠦᠨ ᠱᠤᠭᠤᠮ᠎ᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠤᠨ᠂ ᠠᠯᠢᠪᠠ 《ᠵᠡᠭᠦᠨ》᠎ᠦ ᠪᠠ᠎ᠪᠠᠷᠠᠭᠤᠨ᠎ᠤ ᠪᠤᠷᠤᠭᠤ ᠬᠡᠯᠪᠡᠷᠢᠯ᠎ᠢ ᠡᠰᠡᠷᠭᠦᠴᠡᠬᠦ ᠬᠡᠷᠡᠭᠲᠡᠢ᠂᠎ᠪᠠᠷᠠᠭᠤᠨ᠎ᠤ ᠬᠢ᠎ᠶᠢ ᠰᠡᠷᠡᠮᠵᠢᠯᠡᠬᠦ ᠬᠡᠷᠡᠭᠲᠡᠢ᠂ ᠭᠡᠬᠦ᠎ᠳᠤ᠎ᠪᠠᠨ ᠭᠣᠤᠯᠳᠠᠭᠤ 《ᠵᠡᠭᠦᠨ》᠎ᠦ ᠬᠢ᠎ᠶᠢ ᠰᠡᠷᠭᠡᠢᠯᠡᠬᠦ ᠬᠡᠷᠡᠭᠲᠡᠢ᠃ ᠡᠯ᠎ᠡ ᠱᠠᠲᠤᠨ᠎ᠤ ᠤᠳᠤᠷᠢᠳᠭᠤ ᠪᠠᠭ᠎ᠤᠨ ᠪᠠᠢᠭᠤᠯᠤᠯᠲᠠ᠎ᠶᠢ ᠴᠢᠩᠭᠠᠳᠭᠠᠨ᠂ ᠨᠠᠮ ᠪᠠ ᠠᠷᠠᠳ ᠲᠦᠮᠡᠨ᠎ᠳᠦ ᠬᠡᠷᠡᠭᠴᠡᠭᠡ᠎ᠲᠡᠢ ᠰᠠᠢᠨ ᠺᠠᠳ᠋ᠷ᠎ᠢ ᠬᠥᠮᠦᠵᠢᠭᠦᠯᠬᠦ ᠪᠠ ᠰᠣᠩᠭᠤᠨ ᠳᠡᠪᠱᠢᠭᠦᠯᠵᠦ᠂ ᠨᠡᠢᠭᠡᠮ ᠵᠢᠷᠤᠮᠲᠤ ᠦᠢᠯᠡᠰ᠎ᠦᠨ ᠦᠢ ᠣᠯᠠᠨ ᠵᠠᠯᠭᠠᠮᠵᠢᠯᠠᠭᠴᠢ᠎ᠶᠢ ᠬᠥᠮᠦᠵᠢᠭᠦᠯᠦᠨ ᠭᠠᠷᠭᠠᠵᠤ᠂ ᠨᠠᠮ᠎ᠤᠨ ᠦᠨᠳᠦᠰᠦᠨ ᠣᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠤᠯᠭ᠎ᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶᠢ ᠵᠣᠬᠢᠶᠠᠨ ᠪᠠᠢᠭᠤᠯᠤᠯᠲᠠ᠎ᠶᠢᠨ ᠲᠠᠯ᠎ᠠ᠎ᠠᠴᠠ ᠪᠠᠲᠤᠯᠠᠬᠤ ᠬᠡᠷᠡᠭᠲᠡᠢ᠃

  ᠬᠣᠶᠠᠳᠤᠭᠠᠷ᠎ᠲᠤ᠂ ᠦᠵᠡᠯ ᠰᠠᠨᠠᠭ᠎ᠠ᠎ᠪᠠᠨ ᠴᠢᠯᠦᠭᠡᠯᠡᠬᠦ᠂ ᠦᠨᠡᠨ᠎ᠠᠴᠠ ᠵᠥᠪ᠎ᠢ ᠡᠷᠢᠬᠦ᠂ ᠴᠠᠭ ᠦᠶ᠎ᠡ᠎ᠲᠠᠢ ᠵᠡᠷᠭᠡ᠎ᠪᠡᠷ ᠤᠷᠤᠭᠱᠢᠯᠠᠬᠤ᠂ ᠦᠨᠡᠨ᠎ᠢ᠎ᠪᠠᠷᠢᠮᠲᠠᠯᠠᠨ ᠪᠣᠳᠠᠲᠤ ᠠᠵᠢᠯᠯᠠᠭ᠎ᠠ᠎ᠶᠢ ᠡᠷᠬᠢᠮᠯᠡᠬᠦ᠎ᠶᠢ᠎ᠪᠠᠷᠢᠮᠲᠠᠯᠠᠬᠤ ᠬᠡᠷᠡᠭᠲᠡᠢ᠃ ᠨᠠᠮ᠎ᠤᠨ ᠦᠵᠡᠯ ᠰᠠᠨᠠᠭᠠᠨ᠎ᠤ ᠱᠤᠭᠤᠮ ᠪᠤᠯ ᠠᠯᠢᠪᠠ ᠪᠦᠬᠦᠨ᠎ᠳᠦ ᠪᠣᠳᠠᠲᠤ ᠪᠠᠢᠳᠠᠯ᠎ᠠᠴᠠ ᠡᠭᠦᠰᠬᠦ᠂ ᠣᠨᠤᠯ᠎ᠢ ᠪᠣᠳᠠᠲᠠᠢ᠎ᠲᠠᠢ ᠤᠶᠠᠯᠳᠤᠭᠤᠯᠬᠤ᠂ ᠦᠨᠡᠨ᠎ᠠᠴᠠ ᠵᠥᠪ᠎ᠢ ᠡᠷᠢᠬᠦ᠂ ᠦᠢᠯᠡᠳᠦᠯᠭᠡ᠎ᠶᠢᠨ ᠳᠤᠮᠳᠠ ᠦᠨᠡᠨ ᠶᠣᠰᠤ᠎ᠶᠢ ᠱᠢᠯᠭᠠᠨ ᠬᠥᠭᠵᠢᠭᠦᠯᠬᠦ ᠶᠠᠪᠤᠳᠠᠯ ᠮᠦᠠ᠃ ᠪᠦᠬᠦ ᠨᠠᠮ᠎ᠢᠶ᠋ᠠᠷ᠎ᠢᠶ᠋ᠠᠨ ᠡᠷᠬᠡᠪᠱᠢ ᠡᠨᠡ᠎ᠬᠦ ᠦᠵᠡᠯ ᠰᠠᠨᠠᠭᠠᠨ᠎ᠤ ᠱᠤᠭᠤᠮ᠎ᠢ᠎ᠪᠠᠷᠢᠮᠲᠠᠯᠠᠵᠤ᠂ ᠢᠳᠡᠪᠬᠢᠲᠡᠢ᠎ᠪᠡᠷ ᠰᠦᠪᠡᠭᠴᠢᠯᠡᠵᠦ᠂ ᠵᠣᠷᠢᠭᠲᠠᠢ᠎ᠪᠠᠷ ᠲᠤᠷᠱᠢᠯᠲᠠ ᠬᠢᠵᠦ᠂ ᠨᠡᠭᠡᠭᠡᠨ ᠤᠷᠤᠭᠱᠢᠯᠠᠵᠤ ᠱᠢᠨ᠎ᠡ᠎ᠶᠢ ᠡᠭᠦᠳᠦᠨ᠂ ᠠᠵᠢᠯ᠎ᠢᠶ᠋ᠠᠨ ᠪᠦᠲᠦᠭᠡᠯᠴᠢ᠎ᠪᠡᠷ ᠥᠷᠨᠢᠭᠦᠯᠦᠨ᠂ ᠱᠢᠨ᠎ᠡ ᠪᠠᠢᠳᠠᠯ᠎ᠢ ᠲᠠᠰᠤᠷᠠᠯᠲᠠ᠎ᠦᠭᠡᠢ ᠰᠤᠳᠤᠯᠵᠤ᠂ ᠱᠢᠨ᠎ᠡ ᠲᠤᠷᠱᠢᠯᠭ᠎ᠠ᠎ᠶᠢ ᠳ᠋ᠦᠩᠨᠡᠨ᠂ ᠱᠢᠨ᠎ᠡ ᠠᠰᠠᠭᠤᠳᠠᠯ᠎ᠢ ᠱᠢᠢᠳᠪᠦᠷᠢᠯᠡᠵᠦ᠂ ᠦᠢᠯᠡᠳᠦᠯᠭᠡ᠎ᠶᠢᠨ ᠳᠤᠮᠳᠠ ᠮᠠᠷᠺᠰ᠎ᠤᠨ ᠦᠵᠡᠯ᠎ᠢ ᠪᠠᠶᠠᠯᠢᠭᠵᠢᠭᠤᠯᠤᠨ ᠬᠥᠭᠵᠢᠭᠦᠯᠵᠦ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶᠢ ᠠᠬᠢᠭᠤᠯᠬᠤ ᠬᠡᠷᠡᠭᠲᠡᠢ᠃

  ᠭᠤᠷᠪᠠᠳᠤᠭᠠᠷ᠎ᠲᠤ᠂ ᠪᠦᠬᠦ ᠰᠡᠳᠬᠢᠯ ᠪᠦᠬᠦ ᠵᠣᠷᠢᠭ᠎ᠢᠶ᠋ᠠᠷ᠎ᠢᠶ᠋ᠠᠨ ᠠᠷᠠᠳ ᠲᠦᠮᠡᠨ᠎ᠳᠦ ᠦᠢᠯᠡᠴᠢᠯᠡᠬᠦ᠎ᠶᠢ᠎ᠪᠠᠷᠢᠮᠲᠠᠯᠠᠬᠤ ᠬᠡᠷᠡᠭᠲᠡᠢ᠃ ᠠᠵᠢᠯᠴᠢᠨ ᠠᠩᠭᠢ᠎ᠶᠢᠨ ᠪᠠ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠦ ᠠᠱᠢᠭ ᠲᠤᠰᠠ᠎ᠠᠴᠠ ᠭᠠᠳᠠᠨ᠎ᠠ᠂ ᠨᠠᠮ᠎ᠳᠤ ᠥᠪᠡᠷ᠎ᠦᠨ ᠣᠨᠴᠠᠭᠠᠢ ᠠᠱᠢᠭ ᠲᠤᠰᠠ ᠭᠡᠵᠦ ᠪᠠᠢᠳᠠᠭ᠎ᠦᠭᠡᠢ᠎ᠶᠦᠮ᠃ ᠨᠠᠮ ᠶᠠᠮᠠᠷᠪᠠ ᠦᠶ᠎ᠡ᠎ᠳᠦ᠎ᠴᠦ ᠭᠡᠰᠡᠨ ᠣᠯᠠᠨ ᠲᠦᠮᠡᠨ᠎ᠦ ᠠᠱᠢᠭ ᠲᠤᠰᠠ᠎ᠶᠢ ᠲᠡᠷᠢᠭᠦᠨ ᠪᠠᠢᠷᠢᠨ᠎ᠳᠤ ᠲᠠᠯᠪᠢᠵᠤ᠂ ᠣᠯᠠᠨ ᠲᠦᠮᠡᠨ᠎ᠲᠡᠢ ᠵᠢᠷᠭᠠᠯ ᠵᠣᠪᠠᠯᠠᠩ᠎ᠢᠶ᠋ᠠᠨ ᠬᠠᠮᠲᠤᠳᠭᠠᠨ᠂ ᠣᠯᠠᠨ ᠲᠦᠮᠡᠨ᠎ᠲᠡᠢ ᠬᠠᠮᠤᠭ᠎ᠤᠨ ᠨᠢᠭᠲᠠ ᠬᠠᠷᠢᠯᠴᠠᠭ᠎ᠠ᠎ᠲᠠᠢ ᠪᠠᠢᠵᠤ᠂ ᠡᠷᠬᠡ᠎ᠪᠡᠨ ᠠᠷᠠᠳ᠎ᠤᠨ ᠲᠥᠯᠦᠭᠡ ᠬᠡᠷᠡᠭᠯᠡᠬᠦ᠂ ᠰᠡᠳᠬᠢᠯᠭᠡ᠎ᠪᠡᠨ ᠠᠷᠠᠳ᠎ᠲᠠᠢ ᠬᠣᠯᠪᠤᠬᠤ᠂ ᠠᠱᠢᠭ᠎ᠢ ᠠᠷᠠᠳ᠎ᠲᠤ ᠣᠯᠭᠤᠬᠤ᠎ᠶᠢ᠎ᠪᠠᠷᠢᠮᠲᠠᠯᠠᠬᠤ ᠬᠡᠷᠡᠭᠲᠡᠢ᠂ ᠶᠠᠮᠠᠷᠪᠠ ᠨᠠᠮ᠎ᠤᠨ ᠭᠡᠱᠢᠭᠦᠨ᠎ᠦ ᠣᠯᠠᠨ ᠲᠦᠮᠡᠨ᠎ᠡᠴᠡ ᠬᠥᠨᠳᠡᠢᠷᠡᠨ᠂ ᠪᠡᠶ᠎ᠡ᠎ᠪᠡᠨ ᠣᠯᠠᠨ ᠲᠦᠮᠡᠨ᠎ᠡᠴᠡ ᠳᠡᠭᠡᠭᠦᠷ ᠪᠠᠢᠯᠭᠠᠬᠤ᠎ᠶᠢ ᠵᠥᠪᠱᠢᠶᠡᠷᠡᠬᠦ᠎ᠦᠭᠡᠢ᠃ ᠮᠠᠨ᠎ᠤ ᠨᠠᠮ᠎ᠤᠨ ᠤᠯᠤᠰ ᠲᠥᠷᠦ᠎ᠶᠢᠨ ᠲᠠᠯ᠎ᠠ᠎ᠪᠠᠷ ᠬᠢ ᠬᠠᠮᠤᠭ᠎ᠤᠨ ᠶᠡᠬᠡ ᠳᠠᠪᠠᠭᠤᠯᠢᠭ ᠲᠠᠯ᠎ᠠ ᠪᠤᠯ ᠣᠯᠠᠨ ᠲᠦᠮᠡᠨ᠎ᠲᠡᠢ ᠨᠢᠭᠲᠠ ᠬᠠᠷᠢᠯᠴᠠᠬᠤ ᠶᠠᠪᠤᠳᠠᠯ ᠮᠦᠠ᠂ ᠨᠠᠮ ᠲᠥᠷᠦ᠎ᠪᠠᠷᠢᠭᠰᠠᠨ᠎ᠤ ᠳᠠᠷᠠᠭᠠᠬᠢ ᠬᠠᠮᠤᠭ᠎ᠤᠨ ᠶᠡᠬᠡ ᠠᠶᠤᠯ ᠲᠦᠭᠱᠢᠭᠦᠷᠢ ᠪᠤᠯ ᠣᠯᠠᠨ ᠲᠦᠮᠡᠨ᠎ᠡᠴᠡ ᠬᠥᠨᠳᠡᠢᠷᠡᠬᠦ ᠶᠠᠪᠤᠳᠠᠯ ᠮᠦᠠ᠃ ᠨᠠᠮ᠎ᠤᠨ ᠰᠤᠷᠲᠠᠯ᠎ᠤᠨ ᠠᠰᠠᠭᠤᠳᠠᠯ᠂ ᠨᠠᠮ ᠪᠣᠯᠤᠨ ᠠᠷᠠᠳ ᠣᠯᠠᠨ᠎ᠤ ᠬᠣᠭᠤᠷᠤᠨᠳᠤᠬᠢ ᠬᠠᠷᠢᠯᠴᠠᠭ᠎ᠠ᠎ᠶᠢᠨ ᠠᠰᠠᠭᠤᠳᠠᠯ ᠪᠤᠯ ᠨᠠᠮ᠎ᠤᠨ ᠮᠠᠨᠳᠤᠵᠤ ᠮᠥᠬᠦᠬᠦ᠎ᠳᠦ ᠬᠣᠯᠪᠤᠭᠳᠠᠬᠤ ᠠᠰᠠᠭᠤᠳᠠᠯ ᠮᠦᠠ᠃ ᠨᠠᠮ ᠥᠪᠡᠷ᠎ᠦᠨ ᠠᠵᠢᠯ᠎ᠤᠨ ᠳᠤᠮᠳᠠ᠎ᠪᠠᠨ ᠣᠯᠠᠨ ᠲᠦᠮᠡᠨᠴᠢ ᠱᠤᠭᠤᠮ᠎ᠢ ᠬᠡᠷᠡᠭᠵᠢᠭᠦᠯᠦᠨ᠂ ᠠᠯᠢᠪᠠ ᠪᠦᠬᠦᠨ᠎ᠳᠦ ᠣᠯᠠᠨ ᠲᠦᠮᠡᠨ᠎ᠦ ᠲᠥᠯᠦᠭᠡ ᠵᠢᠳᠬᠦᠵᠦ᠂ ᠠᠯᠢᠪᠠ ᠶᠠᠪᠤᠳᠠᠯ᠎ᠳᠤ ᠣᠯᠠᠨ ᠲᠦᠮᠡᠨ᠎ᠢ ᠲᠦᠱᠢᠭᠯᠡᠨ᠂ ᠣᠯᠠᠨ ᠲᠦᠮᠡᠨ᠎ᠦ ᠳᠣᠲᠤᠷ᠎ᠠ᠎ᠠᠴᠠ ᠠᠪᠴᠤ ᠣᠯᠠᠨ ᠲᠦᠮᠡᠨ᠎ᠦ ᠳᠤᠮᠳᠠ ᠬᠡᠷᠡᠭᠵᠢᠭᠦᠯᠵᠦ᠂ ᠨᠠᠮ᠎ᠤᠨ ᠵᠥᠪ ᠵᠣᠷᠢᠯᠲᠠ᠎ᠶᠢ ᠣᠯᠠᠨ ᠲᠦᠮᠡᠨ᠎ᠦ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠢ᠃

  ᠳᠥᠷᠪᠡᠳᠦᠭᠡᠷ᠎ᠲᠦ᠂ ᠠᠷᠠᠳᠴᠢᠯᠠᠯ ᠲᠥᠪᠯᠡᠷᠡᠯ᠎ᠦᠨ ᠶᠣᠰᠤ᠎ᠶᠢ᠎ᠪᠠᠷᠢᠮᠲᠠᠯᠠᠬᠤ ᠬᠡᠷᠡᠭᠲᠡᠢ᠃ ᠠᠷᠠᠳᠴᠢᠯᠠᠯ ᠲᠥᠪᠯᠡᠷᠡᠯ᠎ᠦᠨ ᠶᠣᠰᠤ ᠪᠤᠯ ᠠᠷᠠᠳᠴᠢᠯᠠᠯ᠎ᠤᠨ ᠰᠠᠭᠤᠷᠢ ᠳᠡᠭᠡᠷᠡᠬᠢ ᠲᠥᠪᠯᠡᠷᠡᠯ ᠪᠠ ᠲᠥᠪᠯᠡᠷᠡᠯ᠎ᠦᠨ ᠵᠢᠯᠤᠭᠤᠳᠤᠯᠭ᠎ᠠ ᠳᠣᠤᠷᠠᠬᠢ ᠠᠷᠠᠳᠴᠢᠯᠠᠯ᠎ᠤᠨ ᠤᠶᠠᠯᠳᠤᠯ ᠮᠦᠠ᠃ ᠲᠡᠷᠡ ᠪᠤᠯ ᠨᠠᠮ᠎ᠤᠨ ᠵᠣᠬᠢᠶᠠᠨ ᠪᠠᠢᠭᠤᠯᠤᠯᠲᠠ᠎ᠶᠢᠨ ᠦᠨᠳᠦᠰᠦᠨ ᠵᠠᠷᠴᠢᠮ ᠮᠦᠠ ᠪᠥᠭᠡᠳ ᠪᠠᠰᠠ᠎ᠴᠤ ᠣᠯᠠᠨ ᠲᠦᠮᠡᠨᠴᠢ ᠱᠤᠭᠤᠮ᠎ᠢ ᠨᠠᠮ᠎ᠤᠨ ᠠᠮᠢᠳᠤᠷᠠᠯ᠎ᠳᠤ ᠬᠡᠷᠡᠭᠯᠡᠬᠦ ᠶᠠᠪᠤᠳᠠᠯ ᠮᠦᠠ᠃ ᠡᠷᠬᠡᠪᠱᠢ ᠨᠠᠮ᠎ᠤᠨ ᠳᠣᠲᠤᠭᠠᠳᠤ᠎ᠶᠢᠨ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠨᠠᠮ᠎ᠤᠨ ᠭᠡᠱᠢᠭᠦᠨ᠎ᠦ ᠪᠡᠶᠡᠴᠢ ᠴᠣᠭᠴᠠ᠎ᠶᠢᠨ ᠪᠠᠢᠷᠢ ᠰᠠᠭᠤᠷᠢ᠎ᠶᠢ ᠬᠦᠨᠳᠦᠳᠬᠡᠨ᠂ ᠨᠠᠮ᠎ᠤᠨ ᠭᠡᠱᠢᠭᠦᠨ᠎ᠦ ᠠᠷᠠᠳᠴᠢᠯᠠᠯ᠎ᠤᠨ ᠡᠷᠬᠡ᠎ᠶᠢ ᠪᠠᠲᠤᠯᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠥᠷᠭᠡᠨ ᠣᠯᠠᠨ ᠨᠠᠮ᠎ᠤᠨ ᠭᠡᠱᠢᠭᠦᠨ᠎ᠦ ᠢᠳᠡᠪᠬᠢᠵᠢᠯ ᠪᠣᠯᠤᠨ ᠪᠦᠲᠦᠭᠡᠯᠴᠢ ᠴᠢᠨᠠᠷ᠎ᠢ ᠪᠠᠳᠠᠷᠠᠭᠤᠯᠬᠤ ᠬᠡᠷᠡᠭᠲᠡᠢ᠃ ᠡᠷᠬᠡᠪᠱᠢ ᠵᠥᠪ ᠲᠥᠪᠯᠡᠷᠡᠯ᠎ᠢ ᠬᠡᠷᠡᠭᠵᠢᠭᠦᠯᠦᠨ᠂ ᠤᠯᠤᠰ ᠲᠥᠷᠦ᠎ᠶᠢᠨ ᠤᠬᠠᠮᠰᠠᠷ᠂ ᠶᠡᠬᠡ ᠲᠠᠯ᠎ᠠ᠎ᠶᠢᠨ ᠤᠬᠠᠮᠰᠠᠷ᠂ ᠭᠣᠤᠯᠯᠠᠬᠤ ᠤᠬᠠᠮᠰᠠᠷ᠂ ᠨᠢᠭᠡᠳᠦᠯᠲᠡᠢ ᠪᠠᠢᠬᠤ ᠤᠬᠠᠮᠰᠠᠷ᠎ᠢ ᠪᠠᠲᠤ ᠪᠡᠬᠢ ᠪᠣᠢ ᠪᠣᠯᠭᠠᠵᠤ᠂ ᠰᠢ᠎ᠵᠢᠨ ᠫᠢᠩ ᠨᠥᠬᠦᠷ᠎ᠢᠶ᠋ᠡᠷ ᠭᠣᠤᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠨ᠂ ᠪᠦᠬᠦ ᠨᠠᠮ᠎ᠤᠨ ᠪᠦᠯᠬᠦᠮᠳᠡᠯ ᠨᠢᠭᠡᠳᠦᠯ ᠪᠠ ᠠᠵᠢᠯᠯᠠᠭᠠᠨ᠎ᠤ ᠨᠢᠭᠡᠳᠦᠯᠲᠡᠢ ᠪᠠᠢᠬᠤ᠎ᠶᠢ ᠪᠠᠲᠤᠯᠠᠵᠤ᠂ ᠨᠠᠮ᠎ᠤᠨ ᠲᠣᠭᠲᠠᠭᠠᠯ᠎ᠤᠨ ᠲᠦᠷᠭᠡᠨ ᠪᠥᠭᠡᠳ ᠪᠦᠲᠦᠮᠵᠢᠲᠡᠢ ᠲᠤᠭᠤᠱᠢᠯᠠᠭᠳᠠᠨ ᠬᠡᠷᠡᠭᠵᠢᠭᠦᠯᠦᠭᠳᠡᠬᠦ᠎ᠶᠢ ᠪᠠᠲᠤᠯᠠᠬᠤ ᠬᠡᠷᠡᠭᠲᠡᠢ᠃ ᠨᠠᠮ᠎ᠤᠨ ᠳᠣᠲᠤᠭᠠᠳᠤ᠎ᠶᠢᠨ ᠤᠯᠤᠰ ᠲᠥᠷᠦ᠎ᠶᠢᠨ ᠠᠮᠢᠳᠤᠷᠠᠯ᠎ᠢ ᠴᠢᠩᠭᠠᠳᠭᠠᠨ ᠵᠢᠷᠤᠮᠵᠢᠭᠤᠯᠵᠤ᠂ ᠨᠠᠮ᠎ᠤᠨ ᠳᠣᠲᠤᠭᠠᠳᠤ᠎ᠶᠢᠨ ᠤᠯᠤᠰ ᠲᠥᠷᠦ᠎ᠶᠢᠨ ᠠᠮᠢᠳᠤᠷᠠᠯ᠎ᠤᠨ ᠤᠯᠤᠰ ᠲᠦᠷᠤᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠳᠠᠢᠴᠢᠨ ᠴᠢᠨᠠᠷ᠎ᠢ ᠴᠢᠩᠭᠠᠷᠠᠭᠤᠯᠤᠨ᠂ ᠢᠳᠡᠪᠬᠢᠲᠡᠢ ᠪᠥᠭᠡᠳ ᠡᠷᠡᠭᠦᠯ ᠨᠠᠮ᠎ᠤᠨ ᠳᠣᠲᠤᠭᠠᠳᠤ᠎ᠶᠢᠨ ᠤᠯᠤᠰ ᠲᠥᠷᠦ᠎ᠶᠢᠨ ᠰᠣᠶᠤᠯ᠎ᠢ ᠬᠥᠭᠵᠢᠭᠦᠯᠵᠦ᠂ ᠲᠥᠪ ᠴᠢᠬᠡᠴᠢ ᠬᠡᠪ ᠰᠤᠷᠲᠠᠯ ᠪᠦᠬᠦᠢ ᠰᠠᠢᠨ ᠰᠠᠢᠬᠠᠨ ᠤᠯᠤᠰ ᠲᠥᠷᠦ᠎ᠶᠢᠨ ᠠᠮᠢ ᠠᠬᠤᠢ᠎ᠶᠢ ᠪᠣᠢ ᠪᠣᠯᠭᠠᠬᠤ ᠬᠡᠷᠡᠭᠲᠡᠢ᠃ ᠨᠠᠮ ᠤᠯᠤᠰ ᠲᠥᠷᠦ᠎ᠶᠢᠨ ᠠᠮᠢᠳᠤᠷᠠᠯ᠎ᠤᠨ ᠳᠤᠮᠳᠠ᠎ᠪᠠᠨ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢ ᠵᠥᠪ᠎ᠢᠶ᠋ᠡᠷ ᠥᠷᠨᠢᠭᠦᠯᠵᠦ᠂ ᠵᠠᠷᠴᠢᠮ᠎ᠤᠨ ᠠᠰᠠᠭᠤᠳᠠᠯ ᠳᠡᠭᠡᠷ᠎ᠡ ᠦᠵᠡᠯ ᠰᠠᠨᠠᠭᠠᠨ᠎ᠤ ᠲᠡᠮᠡᠴᠡᠯ ᠶᠠᠪᠤᠭᠤᠯᠤᠨ᠂ ᠦᠨᠡᠨ ᠶᠣᠰᠤ᠎ᠶᠢ᠎ᠪᠠᠷᠢᠮᠲᠠᠯᠠᠵᠤ᠂ ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠬᠡᠷᠡᠭᠲᠡᠢ᠃ ᠲᠥᠪᠯᠡᠷᠡᠯ᠎ᠲᠡᠢ ᠪᠥᠭᠡᠳ ᠠᠷᠠᠳᠴᠢᠯᠠᠯ᠎ᠲᠠᠢ᠂ ᠰᠠᠬᠢᠯᠭ᠎ᠠ ᠪᠠᠲᠤ᠎ᠲᠠᠢ ᠪᠥᠭᠡᠳ ᠡᠷᠬᠡ ᠴᠢᠯᠦᠭᠡ᠎ᠲᠡᠢ᠂ ᠨᠢᠭᠡᠳᠦᠭᠰᠡᠨ ᠵᠣᠷᠢᠭ ᠰᠠᠨᠠᠭ᠎ᠠ᠎ᠲᠠᠢ ᠪᠥᠭᠡᠳ ᠬᠤᠪᠢ ᠬᠥᠮᠦᠨ᠎ᠦ ᠰᠡᠳᠬᠢᠯ ᠰᠠᠨᠠᠭ᠎ᠠ ᠲᠠᠭᠠᠯᠠᠮᠵᠢᠲᠠᠢ ᠠᠮᠢᠳᠤ ᠴᠣᠪᠤᠭᠤᠯᠢᠭ ᠤᠯᠤᠰ ᠲᠥᠷᠦ᠎ᠶᠢᠨ ᠪᠠᠢᠳᠠᠯ᠎ᠢ ᠴᠢᠷᠮᠠᠢᠨ ᠪᠣᠢ ᠪᠣᠯᠭᠠᠬᠤ ᠬᠡᠷᠡᠭᠲᠡᠢ᠃

  ᠲᠠᠪᠤᠳᠤᠭᠠᠷ᠎ᠲᠤ᠂ ᠨᠠᠮ᠎ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ᠎ᠶᠢ᠎ᠪᠠᠷᠢᠮᠲᠠᠯᠠᠬᠤ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠨᠢ ᠡᠭᠦᠷᠢᠳᠡ ᠵᠣᠭᠰᠤᠱᠢ᠎ᠦᠭᠡᠢ ᠪᠠᠢᠳᠠᠭ᠃ ᠱᠢᠨ᠎ᠡ ᠪᠠᠢᠳᠠᠯ᠎ᠤᠨ ᠳᠣᠤᠷ᠎ᠠ᠂ ᠨᠠᠮ᠎ᠳᠤ ᠲᠤᠯᠭᠠᠷᠠᠵᠤ ᠪᠦᠬᠦᠢ ᠲᠥᠷᠦ᠎ᠪᠠᠷᠢᠬᠤ ᠱᠢᠯᠭᠠᠯᠲᠠ᠂ ᠥᠭᠡᠷᠡᠴᠢᠯᠡᠯᠲᠡ ᠨᠡᠭᠡᠭᠡᠯᠲᠡ᠎ᠶᠢᠨ ᠱᠢᠯᠭᠠᠯᠲᠠ᠂ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠱᠢᠯᠭᠠᠯᠲᠠ᠂ ᠭᠠᠳᠠᠭᠠᠳᠤ ᠣᠷᠴᠢᠨ᠎ᠤ ᠱᠢᠯᠭᠠᠯᠲᠠ ᠪᠤᠯ ᠤᠷᠲᠤ ᠬᠤᠭᠤᠴᠠᠭᠠᠨ᠎ᠤ᠂ ᠲᠦᠪᠡᠭ ᠪᠤᠳᠤᠯᠢᠶᠠᠨᠲᠠᠢ᠂ ᠬᠠᠲᠠᠭᠤ ᠴᠢᠩᠭ᠎ᠠ ᠪᠠᠢᠭ᠎ᠠ᠎ᠶᠤᠮ᠂ ᠣᠶᠤᠨ ᠰᠠᠨᠠᠭ᠎ᠠ ᠴᠠᠯᠠᠭᠠᠢᠷᠠᠬᠤ ᠠᠶᠤᠯ᠂ ᠴᠢᠳᠠᠪᠤᠷᠢ ᠬᠦᠷᠦᠯᠴᠡᠬᠦ᠎ᠦᠭᠡᠢ ᠠᠶᠤᠯ᠂ ᠣᠯᠠᠨ ᠲᠦᠮᠡᠨ᠎ᠡᠴᠡ ᠬᠥᠨᠳᠡᠢᠷᠡᠬᠦ ᠠᠶᠤᠯ᠂ ᠨᠠᠵᠠᠭᠠᠢᠷᠠᠵᠤ ᠢᠯᠵᠠᠷᠠᠨ ᠳᠣᠷᠤᠢᠲᠠᠬᠤ ᠠᠶᠤᠯ ᠪᠦᠬᠦ ᠨᠠᠮ᠎ᠤᠨ ᠡᠮᠦᠨ᠎ᠡ ᠨᠡᠩ ᠬᠤᠷᠴᠠ ᠱᠢᠷᠦᠭᠦᠨ᠎ᠢᠶ᠋ᠡᠷ ᠲᠠᠯᠪᠢᠭᠳᠠᠵᠤ ᠪᠠᠢᠨ᠎ᠠ᠃ ᠴᠢᠩᠭ᠎ᠠ᠎ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ᠎ᠶᠢ ᠨᠠᠮ᠎ᠢ ᠬᠠᠮᠢᠶᠠᠷᠴᠤ ᠨᠠᠮ᠎ᠢ ᠵᠠᠰᠠᠬᠤ᠎ᠶᠢᠨ ᠪᠦᠬᠦ ᠶᠠᠪᠤᠴᠠ ᠪᠠ ᠡᠯ᠎ᠡ ᠲᠠᠯ᠎ᠠ᠎ᠳᠤ ᠲᠤᠭᠤᠱᠢᠯᠠᠭᠤᠯᠬᠤ ᠬᠡᠷᠡᠭᠲᠡᠢ᠃ ᠳᠦᠷᠢᠮ ᠲᠣᠭᠲᠠᠭᠠᠯ ᠶᠣᠰᠤᠭᠠᠷ ᠨᠠᠮ᠎ᠢ ᠵᠠᠰᠠᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠶᠢ ᠵᠡᠷᠭᠡ᠎ᠪᠡᠷ ᠵᠠᠰᠠᠬᠤ᠎ᠶᠢ᠎ᠪᠠᠷᠢᠮᠲᠠᠯᠠᠨ᠂ ᠰᠠᠬᠢᠯᠭ᠎ᠠ ᠪᠠᠲᠤ᠎ᠶᠢ ᠲᠡᠷᠢᠭᠦᠨ᠎ᠳᠦ ᠲᠠᠯᠪᠢᠬᠤ᠎ᠶᠢ᠎ᠪᠠᠷᠢᠮᠲᠠᠯᠠᠵᠤ᠂ ᠵᠣᠬᠢᠶᠠᠨ ᠪᠠᠢᠭᠤᠯᠤᠯᠲᠠᠲᠤ ᠴᠢᠨᠠᠷ ᠰᠠᠬᠢᠯᠭ᠎ᠠ ᠪᠠᠲᠤᠴᠢ ᠴᠢᠨᠠᠷ᠎ᠢ ᠴᠢᠩᠭᠠᠳᠭᠠᠵᠤ᠂ ᠨᠠᠮ᠎ᠤᠨ ᠰᠠᠬᠢᠯᠭ᠎ᠠ ᠪᠠᠲᠤ᠎ᠶᠢᠨ ᠡᠮᠦᠨ᠎ᠡ ᠬᠥᠮᠦᠨ ᠪᠦᠬᠦᠨ ᠡᠷᠬᠡ ᠲᠡᠭᠱᠢ ᠪᠠᠢᠬᠤ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠪᠡᠶᠡᠴᠢ ᠴᠣᠭᠴᠠ᠎ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ᠎ᠶᠢ ᠴᠢᠩᠭᠠᠳᠭᠠᠨ᠂ ᠨᠠᠮ᠎ᠤᠨ ᠤᠳᠤᠷᠢᠳᠭᠤ ᠪᠠᠢᠭᠤᠯᠭ᠎ᠠ ᠪᠣᠯᠤᠨ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ ᠢᠯᠠᠩᠭᠤᠶ᠎ᠠ ᠭᠣᠤᠯ ᠤᠳᠤᠷᠢᠳᠭᠤ ᠺᠠᠳ᠋ᠷᠴᠤᠳ᠎ᠲᠤ ᠲᠠᠯᠪᠢᠬᠤ ᠬᠢᠨᠠᠯᠲᠠ᠎ᠶᠢ ᠴᠢᠩᠭᠠᠳᠭᠠᠵᠤ᠂ ᠨᠠᠮ᠎ᠤᠨ ᠳᠣᠲᠤᠭᠠᠳᠤ᠎ᠶᠢᠨ ᠬᠢᠨᠠᠯᠲᠠ ᠲᠠᠯᠪᠢᠬᠤ ᠱᠢᠰᠲᠧᠮ᠎ᠢ ᠲᠠᠰᠤᠷᠠᠯᠲᠠ᠎ᠦᠭᠡᠢ ᠲᠡᠭᠦᠯᠳᠡᠷᠵᠢᠭᠦᠯᠬᠦ ᠬᠡᠷᠡᠭᠲᠡᠢ᠃ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠡᠷ ᠵᠠᠰᠠᠭ᠎ᠪᠠᠷᠢᠬᠤ ᠪᠠᠢᠭᠤᠯᠤᠯᠲᠠ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠵᠤ᠂ ᠣᠭᠲᠤᠬᠠᠨ᠎ᠴᠤ ᠦᠯᠦ ᠬᠦᠯᠢᠴᠡᠬᠦ ᠣᠪᠤᠷ᠎ᠢᠶ᠋ᠠᠷ ᠢᠯᠵᠠᠷᠠᠯ᠎ᠢ ᠵᠠᠯᠬᠠᠭᠠᠨ ᠱᠢᠢᠳᠬᠡᠵᠦ᠂ ᠢᠯᠵᠠᠷᠠᠬᠤ ᠵᠣᠷᠢᠭ᠎ᠦᠭᠡᠢ᠂ ᠢᠯᠵᠠᠷᠠᠵᠤ ᠳᠡᠢᠯᠬᠦ᠎ᠦᠭᠡᠢ᠂ ᠢᠯᠵᠠᠷᠠᠬᠤ᠎ᠶᠢ ᠪᠣᠳᠤᠬᠤ᠎ᠦᠭᠡᠢ ᠪᠣᠯᠭᠠᠬᠤ ᠪᠦᠲᠦᠮᠵᠢᠲᠡᠢ ᠲᠣᠭᠲᠠᠴᠠ᠎ᠶᠢ ᠪᠠᠢᠭᠤᠯᠬᠤ ᠬᠡᠷᠡᠭᠲᠡᠢ᠃

  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠤᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠮᠤᠭ᠎ᠤᠨ ᠮᠦᠨ ᠴᠢᠨᠠᠷ᠎ᠤᠨ ᠣᠨᠴᠠᠯᠢᠭ ᠱᠢᠨᠵᠢ ᠮᠦᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠬᠠᠮᠤᠭ᠎ᠤᠨ ᠶᠡᠬᠡ ᠳᠠᠪᠠᠭᠤᠯᠢᠭ ᠮᠦᠨ᠃ ᠨᠠᠮ᠂ ᠵᠠᠰᠠᠭ᠂ ᠴᠡᠷᠢᠭ᠂ ᠠᠷᠠᠳ᠂ ᠰᠡᠬᠡᠭᠡᠲᠡᠨ ᠪᠠ ᠳᠥᠷᠪᠡᠨ ᠵᠦᠭ ᠨᠠᠢ᠍ᠮᠠᠨ ᠵᠣᠪᠬᠢᠰ᠎ᠲᠤ ᠨᠠᠮ ᠠᠯᠢᠪᠠ᠎ᠶᠢ ᠤᠳᠤᠷᠢᠳᠤᠨ᠎ᠠ᠃ ᠨᠠᠮ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠤᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠱᠠᠭᠠᠷᠳᠠᠯᠭ᠎ᠠ᠎ᠳᠤ ᠵᠣᠬᠢᠴᠠᠭᠤᠯᠤᠨ᠂ ᠱᠢᠨᠵᠢᠯᠡᠬᠦ ᠤᠬᠠᠭᠠᠨᠴᠢ᠎ᠪᠠᠷ ᠲᠥᠷᠦ᠎ᠪᠠᠷᠢᠬᠤ᠂ ᠠᠷᠠᠳᠴᠢᠯᠠᠯ᠎ᠢᠶ᠋ᠠᠷ ᠲᠥᠷᠦ᠎ᠪᠠᠷᠢᠬᠤ᠂ ᠬᠠᠤᠯᠢ ᠶᠣᠰᠤᠭᠠᠷ ᠲᠥᠷᠦ᠎ᠪᠠᠷᠢᠬᠤ᠎ᠶᠢ᠎ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠎ᠶᠢ ᠴᠢᠩᠭᠠᠳᠭᠠᠨ ᠰᠠᠢᠵᠢᠷᠠᠭᠤᠯᠬᠤ ᠬᠡᠷᠡᠭᠲᠡᠢ᠃ ᠨᠠᠮ ᠡᠷᠬᠡᠪᠱᠢ ᠪᠦᠬᠦ ᠲᠠᠯ᠎ᠠ᠎ᠶᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶᠢᠨ ᠬᠢᠨ᠎ᠢ ᠵᠣᠬᠢᠴᠠᠭᠤᠯᠬᠤ ᠵᠠᠷᠴᠢᠮ᠎ᠤᠨ ᠶᠣᠰᠤᠭᠠᠷ ᠠᠳᠠᠯᠢ ᠱᠠᠲᠤᠨ᠎ᠤ ᠡᠯ᠎ᠡ ᠵᠦᠢᠯ᠎ᠦᠨ ᠵᠣᠬᠢᠶᠠᠨ ᠪᠠᠢᠭᠤᠯᠤᠯᠲᠠ᠎ᠶᠢᠨ ᠳᠣᠲᠤᠷ᠎ᠠ ᠤᠳᠤᠷᠢᠳᠭᠤ ᠭᠣᠤᠯᠯᠠᠭᠴᠢ ᠬᠦᠴᠦᠨ ᠪᠣᠯᠬᠤ ᠦᠢᠯᠡᠳᠦᠯ᠎ᠢᠶ᠋ᠡᠨ ᠪᠠᠳᠠᠷᠠᠭᠤᠯᠬᠤ ᠬᠡᠷᠡᠭᠲᠡᠢ᠃ ᠨᠠᠮ ᠡᠷᠬᠡᠪᠱᠢ ᠣᠶᠤᠨ ᠴᠢᠳᠠᠯ᠎ᠢᠶ᠋ᠠᠨ ᠲᠥᠪᠯᠡᠷᠡᠭᠦᠯᠦᠨ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠶᠢ ᠤᠳᠤᠷᠢᠳᠴᠤ᠂ ᠡᠯ᠎ᠡ ᠲᠠᠯ᠎ᠠ᠎ᠶᠢᠨ ᠬᠦᠴᠦᠨ᠎ᠢ ᠵᠣᠬᠢᠶᠠᠨ ᠪᠠᠢᠭᠤᠯᠤᠨ ᠵᠣᠬᠢᠴᠠᠭᠤᠯᠵᠤ᠂ ᠰᠡᠳᠬᠢᠯ᠎ᠢᠶ᠋ᠡᠨ ᠨᠢᠭᠡᠳᠬᠡᠵᠦ ᠬᠦᠴᠦ᠎ᠪᠡᠨ ᠬᠠᠮᠲᠤᠳᠭᠠᠨ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠪᠠᠷ ᠭᠣᠤᠯᠯᠠᠭᠤᠯᠤᠨ ᠠᠵᠢᠯ᠎ᠢᠶ᠋ᠠᠨ ᠥᠷᠨᠢᠭᠦᠯᠵᠦ᠂ ᠠᠵᠤ ᠠᠬᠤᠢ ᠨᠡᠢᠭᠡᠮ᠎ᠦᠨ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠨᠠᠮ ᠡᠷᠬᠡᠪᠱᠢ ᠠᠷᠠᠳᠴᠢᠯᠠᠯ᠎ᠢᠶ᠋ᠠᠷ ᠱᠢᠨᠵᠢᠯᠡᠬᠦ ᠤᠬᠠᠭᠠᠨᠴᠢ᠎ᠪᠠᠷ ᠱᠢᠢᠳᠪᠦᠷᠢᠲᠦ ᠪᠣᠳᠤᠯᠭ᠎ᠠ ᠲᠣᠭᠲᠠᠭᠠᠵᠤ᠂ ᠵᠥᠪ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ᠎ᠶᠢ ᠲᠣᠭᠲᠠᠭᠠᠨ ᠬᠡᠷᠡᠭᠵᠢᠭᠦᠯᠵᠦ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯ ᠪᠠ ᠤᠬᠠᠭᠤᠯᠭ᠎ᠠ ᠬᠥᠮᠦᠵᠢᠯ᠎ᠦᠨ ᠠᠵᠢᠯ᠎ᠢ ᠰᠠᠢᠨ ᠬᠢᠵᠦ᠂ ᠪᠦᠬᠦ ᠨᠠᠮ᠎ᠤᠨ ᠭᠡᠱᠢᠭᠦᠨ᠎ᠦ ᠬᠣᠱᠢᠭᠤᠴᠢ ᠵᠢᠱᠢᠶᠡᠴᠢ ᠦᠢᠯᠡᠳᠦᠯ᠎ᠢ ᠪᠠᠳᠠᠷᠠᠭᠤᠯᠬᠤ ᠬᠡᠷᠡᠭᠲᠡᠢ᠃ ᠨᠠᠮ ᠡᠷᠬᠡᠪᠱᠢ ᠦᠨᠳᠦᠰᠦᠨ ᠬᠠᠤᠯᠢ ᠪᠠ ᠬᠠᠤᠯᠢ ᠴᠠᠭᠠᠵᠠ᠎ᠶᠢᠨ ᠬᠡᠪᠴᠢᠶᠡᠨ ᠳᠣᠲᠤᠷ᠎ᠠ ᠠᠵᠢᠯᠯᠠᠬᠤ ᠬᠡᠷᠡᠭᠲᠡᠢ᠃ ᠨᠠᠮ ᠡᠷᠬᠡᠪᠱᠢ ᠤᠯᠤᠰ᠎ᠤᠨ ᠬᠠᠤᠯᠢ ᠲᠣᠭᠲᠠᠭᠠᠬᠤ ᠪᠠᠢᠭᠤᠯᠭ᠎ᠠ᠂ ᠬᠠᠤᠯᠢ᠎ᠪᠠᠷᠢᠬᠤ ᠪᠠᠢᠭᠤᠯᠭ᠎ᠠ᠂ ᠵᠠᠰᠠᠭ ᠵᠠᠬᠢᠷᠭᠠᠨ᠎ᠤ ᠪᠠᠢᠭᠤᠯᠭ᠎ᠠ᠂ ᠬᠢᠨᠠᠨ ᠪᠠᠢᠴᠠᠭᠠᠬᠤ ᠪᠠᠢᠭᠤᠯᠭ᠎ᠠ᠂ ᠠᠵᠤ ᠠᠬᠤᠢ ᠰᠣᠶᠤᠯ᠎ᠤᠨ ᠵᠣᠬᠢᠶᠠᠨ ᠪᠠᠢᠭᠤᠯᠤᠯᠲᠠ ᠬᠢᠭᠡᠳ ᠠᠷᠠᠳ᠎ᠤᠨ ᠪᠦᠯᠬᠦᠮ᠎ᠦᠳ᠎ᠦᠨ ᠢᠳᠡᠪᠬᠢ ᠰᠠᠨᠠᠭᠠᠴᠢᠯᠠᠭ᠎ᠠ᠎ᠲᠠᠢ᠎ᠪᠠᠷ᠂ ᠪᠡᠶ᠎ᠡ᠎ᠪᠡᠨ ᠳᠠᠭᠠᠭᠠᠵᠤ ᠬᠠᠷᠢᠭᠤᠴᠠᠯᠭ᠎ᠠ᠎ᠲᠠᠢ᠎ᠪᠠᠷ᠂ ᠵᠣᠬᠢᠴᠠᠯ᠎ᠲᠠᠢ ᠨᠢᠭᠡᠳᠦᠯ᠎ᠲᠡᠢ᠎ᠪᠡᠷ ᠠᠵᠢᠯᠯᠠᠬᠤ᠎ᠶᠢ ᠪᠠᠲᠤᠯᠠᠬᠤ ᠬᠡᠷᠡᠭᠲᠡᠢ᠃ ᠨᠠᠮ ᠡᠷᠬᠡᠪᠱᠢ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢᠴᠦᠳ᠎ᠦᠨ ᠬᠣᠯᠪᠤᠭᠠᠲᠤ ᠬᠤᠷᠠᠯ ᠵᠡᠷᠭᠡ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠳᠠᠬᠢ ᠤᠳᠤᠷᠢᠳᠤᠯᠭ᠎ᠠ᠎ᠪᠠᠨ ᠴᠢᠩᠭᠠᠳᠭᠠᠵᠤ᠂ ᠲᠡᠳᠡᠨ᠎ᠢ ᠤᠯᠤᠰ ᠲᠦᠷᠤᠴᠢ ᠴᠢᠨᠠᠷ᠂ ᠲᠡᠷᠢᠭᠦᠨ᠎ᠦ ᠴᠢᠨᠠᠷ᠂ ᠣᠯᠠᠨ ᠲᠦᠮᠡᠨᠴᠢ ᠴᠢᠨᠠᠷ᠎ᠢᠶ᠋ᠠᠨ᠎ᠪᠠᠷᠢᠮᠲᠠᠯᠠᠨ ᠴᠢᠩᠭᠠᠷᠠᠭᠤᠯᠵᠤ᠂ ᠦᠢᠯᠡᠳᠦᠯ᠎ᠢᠶ᠋ᠡᠨ ᠭᠦᠢᠴᠡᠳ ᠪᠠᠳᠠᠷᠠᠭᠤᠯᠬᠤ ᠪᠣᠯᠭᠠᠬᠤ ᠬᠡᠷᠡᠭᠲᠡᠢ᠃ ᠨᠠᠮ ᠡᠷᠬᠡᠪᠱᠢ ᠪᠠᠢᠳᠠᠯ᠎ᠤᠨ ᠬᠥᠭᠵᠢᠯᠲᠡ ᠪᠣᠯᠤᠨ ᠪᠠᠢᠳᠠᠯ᠎ᠤᠨ ᠬᠤᠪᠢᠷᠠᠯᠲᠠ᠎ᠳᠤ ᠵᠣᠬᠢᠴᠠᠭᠤᠯᠤᠨ᠂ ᠤᠳᠤᠷᠢᠳᠭᠤ ᠪᠠᠢᠭᠤᠯᠤᠯ᠎ᠢᠶ᠋ᠠᠨ ᠲᠡᠭᠦᠯᠳᠡᠷᠵᠢᠭᠦᠯᠵᠦ᠂ ᠤᠳᠤᠷᠢᠳᠭᠤ ᠠᠷᠭ᠎ᠠ ᠮᠠᠶᠢᠭ᠎ᠢᠶ᠋ᠠᠨ ᠰᠠᠢᠵᠢᠷᠠᠭᠤᠯᠤᠨ᠂ ᠲᠥᠷᠦ᠎ᠪᠠᠷᠢᠬᠤ ᠴᠢᠳᠠᠪᠤᠷᠢ᠎ᠪᠠᠨ ᠴᠢᠩᠭᠠᠷᠠᠭᠤᠯᠬᠤ ᠬᠡᠷᠡᠭᠲᠡᠢ᠃ ᠡᠪ ᠬᠠᠮᠲᠤ ᠨᠠᠮ᠎ᠤᠨ ᠭᠡᠱᠢᠭᠦᠳ ᠡᠷᠬᠡᠪᠱᠢ ᠨᠠᠮ᠎ᠤᠨ ᠭᠠᠳᠠᠨᠠᠬᠢ ᠣᠯᠠᠨ ᠲᠦᠮᠡᠨ᠎ᠲᠡᠢ ᠳᠣᠲᠤᠨᠤ᠎ᠪᠠᠷ ᠬᠠᠮᠲᠤᠷᠠᠨ ᠠᠵᠢᠯᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ ᠪᠦᠲᠦᠭᠡᠨ ᠪᠠᠢᠭᠤᠯᠬᠤ᠎ᠶᠢᠨ ᠲᠥᠯᠦᠭᠡ ᠬᠠᠮᠲᠤ᠎ᠪᠠᠷ ᠲᠡᠮᠡᠴᠡᠬᠦ ᠬᠡᠷᠡᠭᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠳᠠᠷᠠᠭᠠᠬᠢ ᠵᠣᠬᠢᠶᠠᠯ: ᠵᠣᠬᠢᠶᠠᠯ᠎ᠦᠭᠡᠢ ᠪᠣᠯᠵᠠᠢ
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃