ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ (ᠨᠢᠭᠡᠳᠦᠭᠡᠷ ᠪᠦᠯᠦᠭ)
2021.09.16

    ᠨᠢᠭᠡᠳᠦᠭᠡᠷ ᠪᠦᠯᠦᠭ  ᠨᠠᠮ᠎ᠤᠨ ᠭᠡᠱᠢᠭᠦᠨ  

      

  ᠨᠢᠭᠡᠳᠦᠭᠡᠷ ᠵᠦᠢᠯ  ᠪᠦᠬᠦᠯᠢ ᠠᠷᠪᠠᠨ ᠨᠠᠢ᠍ᠮᠠᠨ ᠨᠠᠰᠤ ᠬᠦᠷᠦᠭᠰᠡᠨ ᠳᠤᠮᠳᠠᠳᠤ ᠤᠯᠤᠰ᠎ᠤᠨ ᠠᠵᠢᠯᠴᠢᠨ᠂ ᠲᠠᠷᠢᠶᠠᠴᠢᠨ᠂ ᠴᠡᠷᠢᠭ᠂ ᠰᠡᠬᠡᠭᠡᠲᠡᠨ ᠪᠠ ᠨᠡᠢᠭᠡᠮ᠎ᠦᠨ ᠪᠤᠰᠤᠳ ᠳᠠᠪᠬᠤᠷᠭ᠎ᠠ᠎ᠶᠢᠨ ᠲᠡᠷᠢᠭᠦᠨ᠎ᠦ ᠬᠥᠮᠦᠰ ᠨᠠᠮ᠎ᠤᠨ ᠬᠥᠲᠦᠯᠪᠦᠷᠢ ᠪᠠ ᠳᠦᠷᠢᠮ᠎ᠢ ᠵᠥᠪᠱᠢᠶᠡᠷᠡᠵᠦ᠂ ᠨᠠᠮ᠎ᠤᠨ ᠨᠢᠭᠡ ᠵᠣᠬᠢᠶᠠᠨ ᠪᠠᠢᠭᠤᠯᠤᠯᠲᠠ᠎ᠳᠤ ᠣᠷᠤᠯᠴᠠᠬᠤ ᠪᠥᠭᠡᠳ ᠲᠡᠳᠡᠨ᠎ᠦ ᠳᠣᠲᠤᠷ᠎ᠠ ᠢᠳᠡᠪᠬᠢᠲᠡᠢ ᠠᠵᠢᠯᠯᠠᠬᠤ᠂ ᠨᠠᠮ᠎ᠤᠨ ᠱᠢᠢᠳᠪᠦᠷᠢ᠎ᠶᠢ ᠭᠦᠢᠴᠡᠳᠬᠡᠬᠦ᠂ ᠨᠠᠮ᠎ᠤᠨ ᠰᠦᠢᠳᠬᠡᠯ᠎ᠢ ᠴᠠᠭ᠎ᠲᠤᠨᠢ ᠲᠤᠱᠢᠶᠠᠬᠤ ᠳᠤᠷᠠᠲᠠᠢ ᠪᠤᠯ ᠡᠷᠭᠦᠳᠡᠯ ᠭᠠᠷᠭᠠᠵᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠤᠵᠤ ᠪᠤᠯᠦᠨ᠎ᠡ᠃

  ᠬᠣᠶᠠᠳᠤᠭᠠᠷ ᠵᠦᠢᠯ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ ᠪᠤᠯ ᠳᠤᠮᠳᠠᠳᠤ ᠤᠯᠤᠰ᠎ᠤᠨ ᠠᠵᠢᠯᠴᠢᠨ ᠠᠩᠭᠢ᠎ᠶᠢᠨ ᠡᠪ ᠬᠠᠮᠲᠤ᠎ᠶᠢᠨ ᠤᠬᠠᠮᠰᠠᠷ᠎ᠲᠠᠢ ᠬᠣᠱᠢᠭᠤᠴᠢ ᠪᠠᠢᠯᠳᠤᠭᠴᠢ ᠮᠦᠠ᠃

  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ ᠡᠷᠬᠡᠪᠱᠢ ᠪᠦᠬᠦ ᠰᠡᠳᠬᠢᠯ ᠪᠦᠬᠦ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠵᠦ᠂ ᠬᠤᠪᠢ ᠪᠡᠶ᠎ᠡ᠎ᠶᠢᠨ ᠠᠯᠢᠪᠠ ᠪᠦᠬᠦᠨ᠎ᠢᠶᠡᠨ ᠬᠠᠷᠠᠮ᠎ᠦᠭᠡᠢ ᠦᠷᠡᠭᠳᠡᠭᠦᠯᠵᠦ᠂ ᠡᠪ ᠬᠠᠮᠲᠤ ᠶᠣᠰᠤ᠎ᠶᠢ ᠪᠡᠶᠡᠯᠡᠭᠦᠯᠬᠦ᠎ᠶᠢᠨ ᠲᠥᠯᠦᠭᠡ ᠨᠠᠰᠤᠨ ᠲᠤᠷᠱᠢᠳᠠ ᠲᠡᠮᠡᠴᠡᠬᠦ ᠬᠡᠷᠡᠭᠲᠡᠢ᠃

  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ ᠪᠤᠯ ᠬᠡᠵᠢᠶᠡᠳᠡ ᠬᠥᠳᠡᠯᠮᠦᠷᠢᠴᠢᠨ ᠠᠷᠠᠳ ᠲᠦᠮᠡᠨ᠎ᠦ ᠵᠢᠷ᠎ᠦᠨ ᠨᠢᠭᠡ ᠭᠡᠱᠢᠭᠦᠨ ᠮᠦᠠ᠃ ᠬᠠᠤᠯᠢ ᠴᠠᠭᠠᠵᠠ ᠪᠠ ᠲᠥᠷᠦ᠎ᠶᠢᠨ ᠪᠣᠳᠤᠯᠭ᠎ᠠ᠎ᠳᠤ ᠲᠣᠭᠲᠠᠭᠠᠭᠰᠠᠨ ᠬᠡᠪᠴᠢᠶᠡᠨ᠎ᠳᠡᠬᠢ ᠬᠤᠪᠢ᠎ᠶᠢᠨ ᠠᠱᠢᠭ ᠲᠤᠰᠠ ᠪᠠ ᠠᠵᠢᠯ᠎ᠤᠨ ᠡᠷᠬᠡ ᠲᠤᠱᠢᠶᠠᠯ᠎ᠠᠴᠠ ᠭᠠᠳᠠᠨ᠎ᠠ᠂ ᠡᠪ ᠬᠠᠮᠲᠤ ᠨᠠᠮ᠎ᠤᠨ ᠭᠡᠱᠢᠭᠦᠨ ᠪᠦᠬᠦᠨ ᠶᠠᠮᠠᠷᠪᠠ ᠬᠤᠪᠢ᠎ᠶᠢᠨ ᠠᠱᠢᠭ ᠲᠤᠰᠠ ᠪᠠ ᠣᠨᠴᠠ ᠡᠷᠬᠡ᠎ᠶᠢᠨ ᠬᠣᠢᠨ᠎ᠠ᠎ᠠᠴᠠ ᠬᠥᠭᠡᠭᠡᠴᠡᠯᠳᠦᠵᠦ ᠪᠣᠯᠬᠤ᠎ᠦᠭᠡᠢ᠃

  ᠭᠤᠷᠪᠠᠳᠤᠭᠠᠷ ᠵᠦᠢᠯ  ᠨᠠᠮ᠎ᠤᠨ ᠭᠡᠱᠢᠭᠦᠨ ᠡᠷᠬᠡᠪᠱᠢ ᠳᠣᠤᠷᠠᠬᠢ ᠡᠭᠦᠷᠭᠡ᠎ᠨᠦᠭᠦᠳ᠎ᠢ ᠭᠦᠢᠴᠡᠳᠬᠡᠬᠦ ᠬᠡᠷᠡᠭᠲᠡᠢ᠄

  (ᠨᠢᠭᠡ) ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠸᠡᠭ ᠱᠢᠶᠤᠣ ᠫᠢᠩ᠎ᠦᠨ ᠣᠨᠤᠯ᠂ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠬᠢᠨᠠᠮᠠᠭᠠᠢ ᠰᠤᠷᠤᠯᠴᠠᠵᠤ᠂ ᠨᠠᠮ᠎ᠤᠨ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ ᠪᠠ ᠱᠢᠢᠳᠪᠦᠷᠢ᠎ᠶᠢ ᠰᠤᠷᠤᠯᠴᠠᠵᠤ᠂ ᠨᠠᠮ᠎ᠤᠨ ᠦᠨᠳᠦᠰᠦᠠ ᠮᠡᠳᠡᠯᠭᠡ᠎ᠶᠢ ᠰᠤᠷᠤᠯᠴᠠᠵᠤ᠂ ᠱᠢᠨᠵᠢᠯᠡᠬᠦ ᠤᠬᠠᠭᠠᠨ᠂ ᠰᠣᠶᠤᠯ᠂ ᠬᠠᠤᠯᠢ ᠴᠠᠭᠠᠵᠠ ᠪᠠ ᠲᠤᠬᠠᠢᠯᠠᠭᠰᠠᠨ ᠠᠵᠢᠯ᠎ᠤᠨ ᠮᠡᠳᠡᠯᠭᠡ᠎ᠶᠢ ᠰᠤᠷᠤᠯᠴᠠᠵᠤ᠂ ᠠᠷᠠᠳ ᠲᠦᠮᠡᠨ᠎ᠳᠦ ᠦᠢᠯᠡᠴᠢᠯᠡᠬᠦ ᠴᠢᠳᠠᠪᠤᠷᠢ᠎ᠪᠠᠨ ᠴᠢᠷᠮᠠᠢᠨ ᠳᠡᠭᠡᠭᠱᠢᠯᠡᠭᠦᠯᠬᠦ ᠬᠡᠷᠡᠭᠲᠡᠢ᠃  

  (ᠬᠣᠶᠠᠷ) ᠨᠠᠮ᠎ᠤᠨ ᠦᠨᠳᠦᠰᠦᠠ ᠱᠤᠭᠤᠮ ᠪᠠ ᠡᠯ᠎ᠡ ᠵᠦᠢᠯ᠎ᠦᠨ ᠴᠢᠭᠯᠡᠯᠲᠡ᠂ ᠲᠥᠷᠦ᠎ᠶᠢᠨ ᠪᠣᠳᠤᠯᠭ᠎ᠠ᠎ᠶᠢ ᠲᠤᠭᠤᠱᠢᠯᠠᠭᠤᠯᠤᠨ ᠬᠡᠷᠡᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠤᠬᠢᠴᠢᠯᠠᠬᠤ ᠪᠦᠲᠦᠭᠡᠨ ᠪᠠᠢᠭᠤᠯᠤᠯᠲᠠ᠎ᠳᠤ ᠲᠦᠷᠦᠭᠦᠯᠡᠨ ᠣᠷᠤᠯᠴᠠᠵᠤ᠂ ᠣᠯᠠᠨ ᠲᠦᠮᠡᠨ᠎ᠢ ᠳᠠᠢᠴᠢᠯᠠᠨ ᠠᠵᠤ ᠠᠬᠤᠢ᠎ᠶᠢᠨ ᠬᠥᠭᠵᠢᠯᠲᠡ ᠪᠣᠯᠤᠨ ᠨᠡᠢᠭᠡᠮ᠎ᠦᠨ ᠳᠡᠪᠱᠢᠯᠲᠡ᠎ᠶᠢᠨ ᠲᠥᠯᠦᠭᠡ ᠲᠡᠰᠪᠦᠷᠢ ᠬᠠᠲᠠᠭᠤᠵᠢᠯᠲᠠᠢ ᠲᠡᠮᠡᠴᠡᠵᠦ᠂ ᠦᠢᠯᠡᠳᠪᠦᠷᠢᠯᠡᠯ᠂ ᠠᠵᠢᠯ᠂ ᠰᠤᠷᠤᠯᠴᠠᠯᠭ᠎ᠠ ᠬᠢᠭᠡᠳ ᠨᠡᠢᠭᠡᠮ᠎ᠦᠨ ᠠᠮᠢᠳᠤᠷᠠᠯ᠎ᠤᠨ ᠳᠤᠮᠳᠠ ᠬᠣᠱᠢᠭᠤᠴᠢ ᠵᠢᠱ᠌ᠢᠶᠡᠴᠢ ᠦᠢᠯᠡᠳᠦᠯ ᠦᠵᠡᠭᠦᠯᠬᠦ ᠬᠡᠷᠡᠭᠲᠡᠢ᠃

  (ᠭᠤᠷᠪᠠ) ᠨᠠᠮ ᠪᠠ ᠠᠷᠠᠳ ᠲᠦᠮᠡᠨ᠎ᠦ ᠠᠱᠢᠭ ᠲᠤᠰᠠ᠎ᠶᠢ ᠶᠠᠭᠤᠨ᠎ᠠᠴᠠ᠎ᠴᠤ ᠢᠯᠡᠭᠦᠦ ᠡᠷᠬᠢᠮᠯᠡᠵᠦ᠂ ᠬᠤᠪᠢ᠎ᠶᠢᠨ ᠠᠱᠢᠭ ᠲᠤᠰᠠ᠎ᠨᠢ ᠨᠠᠮ ᠪᠠ ᠠᠷᠠᠳ ᠲᠦᠮᠡᠨ᠎ᠦ ᠠᠱᠢᠭ ᠲᠤᠰᠠ᠎ᠶᠢ ᠳᠠᠭᠠᠬᠤ᠎ᠶᠢ ᠪᠠᠷᠢᠮᠲᠠᠯᠠᠵᠤ᠂ ᠵᠣᠪᠠᠭᠤᠷᠢ ᠵᠦᠳᠡᠭᠦᠷᠢ᠎ᠶᠢ ᠤᠷᠢᠳ᠎ᠢᠶᠠᠷ ᠠᠮᠰᠠᠵᠤ᠂ ᠵᠣᠯ ᠵᠢᠷᠭᠠᠯ᠎ᠢ ᠬᠣᠢᠨ᠎ᠠ᠎ᠨᠢ ᠡᠳ᠋ᠯᠡᠵᠦ᠂ ᠪᠡᠶ᠎ᠡ᠎ᠪᠡᠨ ᠪᠠᠷᠢᠵᠤ ᠪᠦᠭᠦᠳᠡ᠎ᠶᠢᠨ ᠲᠥᠯᠦᠭᠡ ᠵᠢᠳᠬᠦᠵᠦ᠂ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ᠃

  (ᠳᠥᠷᠪᠡ) ᠨᠠᠮ᠎ᠤᠨ ᠰᠠᠬᠢᠯᠭ᠎ᠠ ᠪᠠᠲᠤ᠂ ᠡᠩ ᠲᠡᠷᠢᠭᠦᠨ᠎ᠳᠦ ᠨᠠᠮ᠎ᠤᠨ ᠤᠯᠤᠰ ᠲᠥᠷᠦ᠎ᠶᠢᠨ ᠰᠠᠬᠢᠯᠭ᠎ᠠ ᠪᠠᠲᠤ ᠪᠠ ᠤᠯᠤᠰ ᠲᠥᠷᠦ᠎ᠶᠢᠨ ᠶᠣᠰᠤ ᠳᠦᠷᠢᠮ᠎ᠢ ᠤᠬᠠᠮᠰᠠᠷ᠎ᠠᠴᠠ᠎ᠪᠠᠨ ᠰᠠᠬᠢᠵᠤ᠂ ᠤᠯᠤᠰ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠢ ᠵᠢᠱ᠌ᠢᠶᠡᠴᠢ ᠪᠡᠷ ᠰᠠᠬᠢᠵᠤ᠂ ᠨᠠᠮ ᠪᠠ ᠤᠯᠤᠰ᠎ᠤᠨ ᠨᠢᠭᠤᠴᠠ᠎ᠶᠢ ᠴᠢᠩᠭ᠎ᠠ ᠬᠠᠮᠠᠭᠠᠯᠠᠨ᠂ ᠨᠠᠮ᠎ᠤᠨ ᠲᠣᠭᠲᠠᠭᠠᠯ᠎ᠢ ᠬᠡᠷᠡᠭᠵᠢᠭᠦᠯᠵᠦ᠂ ᠵᠣᠬᠢᠶᠠᠨ ᠪᠠᠢᠭᠤᠯᠤᠯᠲᠠ᠎ᠶᠢᠨ ᠬᠤᠪᠢᠶᠠᠷᠢᠯᠠᠯᠲᠠ᠎ᠶᠢ ᠳᠠᠭᠠᠵᠤ᠂ ᠨᠠᠮ᠎ᠤᠨ ᠡᠭᠦᠷᠭᠡ᠎ᠶᠢ ᠢᠳᠡᠪᠬᠢᠲᠡᠢ ᠪᠡᠶᠡᠯᠡᠭᠦᠯᠬᠦ ᠬᠡᠷᠡᠭᠲᠡᠢ᠃

  (ᠲᠠᠪᠤ) ᠨᠠᠮ᠎ᠤᠨ ᠪᠦᠯᠬᠦᠮᠳᠡᠯ ᠪᠠ ᠨᠢᠭᠡᠳᠦᠯ᠎ᠢ ᠬᠠᠮᠠᠭᠠᠯᠠᠨ᠂ ᠨᠠᠮ᠎ᠳᠤ ᠦᠨᠡᠨᠴᠢ ᠱᠢᠳᠤᠷᠭᠤ ᠪᠠᠢᠵᠤ᠂ ᠦᠭᠡ ᠶᠠᠷᠢᠶ᠎ᠠ ᠦᠢᠯᠡ ᠠᠵᠢᠯᠯᠠᠭ᠎ᠠ᠎ᠪᠠᠨ ᠨᠢᠭᠡᠳᠬᠡᠵᠦ᠂ ᠠᠢᠮᠠᠭ ᠪᠦᠯᠦᠭ᠎ᠦᠨ ᠵᠣᠬᠢᠶᠠᠨ ᠪᠠᠢᠭᠤᠯᠤᠯᠲᠠ ᠪᠠ ᠵᠢᠵᠢᠭ ᠪᠦᠯᠬᠦᠮ᠎ᠦᠨ ᠠᠵᠢᠯᠯᠠᠭ᠎ᠠ ᠪᠦᠬᠦᠨ᠎ᠢ ᠡᠷᠡᠰ ᠡᠰᠡᠷᠭᠦᠴᠡᠵᠦ᠂ ᠢᠯᠡ ᠳᠠᠭᠠᠵᠤ ᠳᠠᠯᠳᠠᠭᠤᠷ ᠵᠥᠷᠢᠴᠡᠳᠡᠭ ᠬᠣᠶᠠᠷ ᠨᠢᠭᠤᠷᠳᠠᠨ᠎ᠤ ᠦᠢᠯᠡ ᠠᠵᠢᠯᠯᠠᠭ᠎ᠠ ᠪᠠ ᠤᠪ ᠶᠠᠪᠤᠭᠤᠯᠭ᠎ᠠ ᠪᠦᠬᠦᠨ᠎ᠢ ᠡᠰᠡᠷᠭᠦᠴᠡᠬᠦ ᠬᠡᠷᠡᠭᠲᠡᠢ᠃

  (ᠵᠢᠷᠭᠤᠭ᠎ᠠ) ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢ ᠦᠨᠡᠨ᠎ᠬᠦ ᠥᠷᠨᠢᠭᠦᠯᠦᠨ᠂ ᠨᠠᠮ᠎ᠤᠨ ᠵᠠᠷᠴᠢᠮ᠎ᠢ ᠵᠥᠷᠢᠴᠡᠭᠰᠡᠨ ᠦᠭᠡ ᠶᠠᠷᠢᠶ᠎ᠠ ᠦᠢᠯᠡ ᠠᠵᠢᠯᠯᠠᠭ᠎ᠠ ᠪᠣᠯᠤᠨ ᠠᠵᠢᠯ᠎ᠤᠨ ᠳᠤᠮᠳᠠᠬᠢ ᠠᠯᠳᠠᠭ᠎ᠠ ᠳᠤᠲᠠᠭᠳᠠᠯ᠎ᠢ ᠵᠣᠷᠢᠭᠲᠠᠢ᠎ᠪᠠᠷ ᠢᠯᠡᠴᠢᠯᠡᠨ ᠵᠠᠯᠠᠷᠠᠭᠤᠯᠵᠤ᠂ ᠨᠠᠵᠠᠭᠠᠢ ᠢᠯᠵᠠᠷᠠᠮᠠᠯ ᠦᠵᠡᠭᠳᠡᠯ᠎ᠲᠡᠢ ᠡᠷᠡᠰ ᠲᠡᠮᠡᠴᠡᠬᠦ ᠬᠡᠷᠡᠭᠲᠡᠢ᠃

  (ᠳᠣᠯᠤᠭ᠎ᠠ) ᠣᠯᠠᠨ ᠲᠦᠮᠡᠨ᠎ᠲᠡᠢ ᠨᠢᠭᠲᠠ ᠬᠠᠷᠢᠯᠴᠠᠵᠤ᠂ ᠨᠠᠮ᠎ᠤᠨ ᠵᠣᠷᠢᠯᠲᠠ᠎ᠶᠢ ᠣᠯᠠᠨ ᠲᠦᠮᠡᠨ᠎ᠳᠦ ᠤᠬᠠᠭᠤᠯᠤᠨ᠂ ᠤᠴᠢᠷ ᠶᠠᠪᠤᠳᠠᠯ ᠲᠣᠬᠢᠶᠠᠯᠳᠤᠪᠠᠯ ᠣᠯᠠᠨ ᠲᠦᠮᠡᠨ᠎ᠲᠡᠢ ᠵᠥᠪᠳᠡᠯᠴᠡᠵᠦ᠂ ᠣᠯᠠᠨ ᠲᠦᠮᠡᠨ᠎ᠦ ᠰᠠᠨᠠᠯ ᠱᠠᠭᠠᠷᠳᠠᠯᠭ᠎ᠠ᠎ᠶᠢ ᠨᠠᠮ᠎ᠳᠤ ᠴᠠᠭ ᠲᠤᠬᠠᠢ᠎ᠳᠤᠨᠢ ᠲᠤᠰᠭᠠᠵᠤ᠂ ᠣᠯᠠᠨ ᠲᠦᠮᠡᠨ᠎ᠦ ᠵᠦᠢ ᠶᠣᠰᠤᠨ᠎ᠤ ᠠᠱᠢᠭ ᠲᠤᠰᠠ᠎ᠶᠢ ᠬᠠᠮᠠᠭᠠᠯᠠᠬᠤ ᠬᠡᠷᠡᠭᠲᠡᠢ᠃

  (ᠨᠠᠢ᠍ᠮᠠ) ᠨᠡᠢᠭᠡᠮ ᠵᠢᠷᠤᠮ᠎ᠤᠨ ᠱᠢᠨ᠎ᠡ ᠬᠡᠪ ᠰᠤᠷᠲᠠᠯ᠎ᠢ ᠪᠠᠳᠠᠷᠠᠭᠤᠯᠤᠨ᠂ ᠨᠡᠢᠭᠡᠮ ᠵᠢᠷᠤᠮ᠎ᠤᠨ ᠭᠣᠤᠯᠯᠠᠬᠤ ᠥᠷᠲᠡᠭ᠎ᠦᠨ ᠦᠵᠡᠯᠲᠡ ᠪᠣᠯᠤᠨ ᠨᠡᠢᠭᠡᠮ ᠵᠢᠷᠤᠮ᠎ᠤᠨ ᠢᠷᠠᠭᠤ ᠠᠯᠳᠠᠷ ᠢᠴᠢᠭᠦᠷᠢ ᠭᠤᠲᠤᠮᠱᠢᠭ᠎ᠤᠨ ᠦᠵᠡᠯᠲᠡ᠎ᠶᠢ ᠲᠦᠷᠦᠭᠦᠯᠡᠨ ᠦᠢᠯᠡᠳᠦᠯᠭᠡᠵᠢᠭᠦᠯᠵᠦ᠂ ᠡᠪ ᠬᠠᠮᠲᠤ᠎ᠶᠢᠨ ᠶᠣᠰᠤ ᠮᠣᠷᠠᠯ᠎ᠢ ᠡᠷᠬᠢᠮᠯᠡᠵᠦ᠂ ᠳᠤᠮᠳᠠᠳᠤ᠎ᠶᠢᠨ ᠦᠨᠳᠦᠰᠦᠲᠡᠨ᠎ᠦ ᠤᠯᠠᠮᠵᠢᠯᠠᠯᠲᠤ ᠰᠠᠢᠬᠠᠨ ᠰᠤᠷᠲᠠᠯ᠎ᠢ ᠪᠠᠳᠠᠷᠠᠭᠤᠯᠤᠨ᠂ ᠤᠯᠤᠰ ᠣᠷᠤᠨ ᠪᠠ ᠠᠷᠠᠳ ᠲᠦᠮᠡᠨ᠎ᠦ ᠠᠱᠢᠭ ᠲᠤᠰᠠ᠎ᠶᠢ ᠬᠠᠮᠠᠭᠠᠯᠠᠬᠤ᠎ᠶᠢᠨ ᠲᠥᠯᠦᠭᠡ᠂ ᠬᠦᠴᠢᠷ ᠪᠡᠷᠬᠡᠱᠢᠶᠡᠯ ᠪᠠ ᠠᠶᠤᠯ ᠲᠦᠭᠱᠢᠭᠦᠷᠢ ᠲᠣᠬᠢᠶᠠᠯᠳᠤᠬᠤ ᠪᠣᠯᠭᠠᠨ᠎ᠳᠤ ᠴᠡᠭᠡᠵᠢ ᠲᠦᠷᠢᠨ ᠭᠠᠷᠴᠤ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠵᠦ᠂ ᠦᠷᠡᠭᠳᠡᠯ ᠰᠦᠢᠳᠦᠯ᠎ᠡᠴᠡ ᠠᠶᠤᠬᠤ᠎ᠦᠭᠡᠢ ᠪᠠᠢᠬᠤ ᠬᠡᠷᠡᠭᠲᠡᠢ᠃

  ᠳᠥᠷᠪᠡᠳᠦᠭᠡᠷ ᠵᠦᠢᠯ  ᠨᠠᠮ᠎ᠤᠨ ᠭᠡᠱᠢᠭᠦᠨ ᠳᠣᠤᠷᠠᠬᠢ ᠡᠷᠬᠡ᠎ᠨᠦᠭᠦᠳ᠎ᠢ ᠡᠳ᠋ᠯᠡᠨ᠎ᠡ᠄

  (ᠨᠢᠭᠡ) ᠨᠠᠮ᠎ᠤᠨ ᠬᠣᠯᠪᠤᠭᠳᠠᠯ ᠪᠦᠬᠦᠢ ᠬᠤᠷᠠᠯ᠎ᠳᠤ ᠣᠷᠤᠯᠴᠠᠵᠤ᠂ ᠨᠠᠮ᠎ᠤᠨ ᠬᠣᠯᠪᠤᠭᠳᠠᠯ ᠪᠦᠬᠦᠢ ᠪᠢᠴᠢᠭ ᠮᠠᠲᠧᠷᠢᠶᠠᠯ᠎ᠢ ᠦᠵᠡᠵᠦ᠂ ᠨᠠᠮ᠎ᠤᠨ ᠬᠥᠮᠦᠵᠢᠯ ᠪᠠ ᠪᠣᠯᠪᠠᠰᠤᠷᠠᠯ᠎ᠢ ᠬᠦᠯᠢᠶᠡᠨ᠎ᠡ᠃

  (ᠬᠣᠶᠠᠷ) ᠨᠠᠮ᠎ᠤᠨ ᠬᠤᠷᠠᠯ ᠪᠠ ᠨᠠᠮ᠎ᠤᠨ ᠰᠣᠨᠢᠨ ᠰᠡᠳᠬᠦᠯ ᠳᠡᠭᠡᠷ᠎ᠡ ᠶᠠᠪᠤᠭᠳᠠᠬᠤ ᠨᠠᠮ᠎ᠤᠨ ᠲᠥᠷᠦ᠎ᠶᠢᠨ ᠪᠣᠳᠤᠯᠭ᠎ᠠ᠎ᠶᠢᠨ ᠠᠰᠠᠭᠤᠳᠠᠯ᠎ᠤᠨ ᠲᠤᠬᠠᠢ ᠶᠠᠷᠢᠯᠴᠠᠭᠠᠨ᠎ᠳᠤ ᠣᠷᠤᠯᠴᠠᠨ᠎ᠠ᠃

  (ᠭᠤᠷᠪᠠ) ᠨᠠᠮ᠎ᠤᠨ ᠠᠵᠢᠯ᠎ᠳᠤ ᠰᠠᠨᠠᠭᠤᠯᠭ᠎ᠠ ᠪᠠ ᠰᠠᠨᠠᠭᠠᠴᠢᠯᠠᠭ᠎ᠠ ᠭᠠᠷᠭᠠᠨ᠎ᠠ᠃

  (ᠳᠥᠷᠪᠡ) ᠨᠠᠮ᠎ᠤᠨ ᠬᠤᠷᠠᠯ ᠳᠡᠭᠡᠷ᠎ᠡ ᠨᠠᠮ᠎ᠤᠨ ᠶᠠᠮᠠᠷᠪᠠ ᠵᠣᠬᠢᠶᠠᠨ ᠪᠠᠢᠭᠤᠯᠤᠯᠲᠠ ᠪᠠ ᠨᠠᠮ᠎ᠤᠨ ᠶᠠᠮᠠᠷᠪᠠ ᠭᠡᠱᠢᠭᠦᠨ᠎ᠢ ᠦᠨᠳᠦᠰᠦ ᠪᠠᠷᠢᠮᠲᠠ᠎ᠲᠠᠢ᠎ᠪᠠᠷ ᠱᠢᠭᠦᠮᠵᠢᠯᠡᠵᠦ᠂ ᠨᠠᠮ᠎ᠤᠨ ᠶᠠᠮᠠᠷᠪᠠ ᠵᠣᠬᠢᠶᠠᠨ ᠪᠠᠢᠭᠤᠯᠤᠯᠲᠠ ᠪᠠ ᠨᠠᠮ᠎ᠤᠨ ᠶᠠᠮᠠᠷᠪᠠ ᠭᠡᠱᠢᠭᠦᠨ᠎ᠦ ᠬᠠᠤᠯᠢ᠎ᠶᠢ ᠵᠥᠷᠢᠴᠡᠵᠦ ᠰᠠᠬᠢᠯᠭ᠎ᠠ ᠪᠠᠲᠤ᠎ᠶᠢ ᠰᠠᠮᠠᠭᠤᠷᠠᠭᠤᠯᠤᠭᠰᠠᠨ ᠪᠣᠳᠠᠲᠤ ᠬᠡᠷᠡᠭ᠎ᠢ ᠨᠠᠮ᠎ᠳᠤ ᠬᠠᠷᠢᠭᠤᠴᠠᠬᠤ ᠣᠪᠤᠷ᠎ᠢᠶᠠᠷ ᠢᠯᠡᠴᠢᠯᠡᠨ ᠵᠠᠭᠠᠯᠳᠤᠬᠤ ᠪᠥᠭᠡᠳ ᠬᠠᠤᠯᠢ᠎ᠶᠢ ᠵᠥᠷᠢᠴᠡᠵᠦ ᠰᠠᠬᠢᠯᠭ᠎ᠠ ᠪᠠᠲᠤ᠎ᠶᠢ ᠰᠠᠮᠠᠭᠤᠷᠠᠭᠤᠯᠤᠭᠰᠠᠨ ᠨᠠᠮ᠎ᠤᠨ ᠭᠡᠱᠢᠭᠦᠨ᠎ᠢ ᠱᠢᠢᠳᠬᠡᠭᠦᠯᠬᠦ ᠱᠠᠭᠠᠷᠳᠠᠯᠭ᠎ᠠ ᠭᠠᠷᠭᠠᠨ᠎ᠠ᠂ ᠲᠤᠱᠢᠶᠠᠯ᠎ᠳᠤ᠎ᠪᠠᠨ ᠦᠯᠦ ᠲᠡᠩᠴᠡᠬᠦ ᠺᠠᠳ᠋ᠷ᠎ᠢ ᠲᠤᠱᠢᠶᠠᠯ᠎ᠠᠴᠠ᠎ᠨᠢ ᠣᠭᠴᠤᠷᠠᠭᠤᠯᠬᠤ ᠪᠤᠶᠦ ᠰᠣᠯᠢᠬᠤ ᠱᠠᠭᠠᠷᠳᠠᠯᠭ᠎ᠠ ᠭᠠᠷᠭᠠᠨ᠎ᠠ᠃

  (ᠲᠠᠪᠤ) ᠪᠠᠲᠤᠯᠠᠬᠤ ᠡᠷᠬᠡ᠂ ᠰᠣᠩᠭᠤᠬᠤ ᠡᠷᠬᠡ᠎ᠪᠡᠨ ᠬᠡᠷᠡᠭᠵᠢᠭᠦᠯᠬᠦ ᠪᠥᠭᠡᠳ ᠰᠣᠩᠭᠤᠭᠳᠠᠬᠤ ᠡᠷᠬᠡ᠎ᠲᠡᠢ᠃

  (ᠵᠢᠷᠭᠤᠭ᠎ᠠ) ᠨᠠᠮ᠎ᠤᠨ ᠵᠣᠬᠢᠶᠠᠨ ᠪᠠᠢᠭᠤᠯᠤᠯᠲᠠ᠎ᠠᠴᠠ ᠨᠠᠮ᠎ᠤᠨ ᠭᠡᠱᠢᠭᠦᠨ᠎ᠳᠦ ᠨᠠᠮ᠎ᠤᠨ ᠰᠠᠬᠢᠯᠭ᠎ᠠ ᠪᠠᠲᠤ᠎ᠶᠢᠨ ᠱᠢᠢᠳᠬᠡᠯ ᠥᠭᠬᠦ᠎ᠪᠡᠷ ᠶᠠᠷᠢᠯᠴᠠᠨ ᠲᠣᠭᠲᠠᠭᠠᠬᠤ ᠪᠤᠶᠦ ᠬᠢᠨᠠᠨ ᠲᠣᠭᠲᠠᠭᠠᠯᠲᠠ ᠬᠢᠬᠦ ᠦᠶ᠎ᠡ᠎ᠳᠤ ᠲᠤᠰ ᠬᠥᠮᠦᠨ᠎ᠨᠢ ᠪᠡᠶ᠎ᠡ᠎ᠪᠡᠷ᠎ᠢᠶᠡᠨ ᠣᠷᠤᠯᠴᠠᠬᠤ ᠪᠠ ᠥᠪᠡᠷ᠎ᠢ᠎ᠪᠡᠨ ᠵᠥᠪᠲᠦᠭᠡᠨ ᠲᠣᠳᠤᠷᠬᠠᠢᠯᠠᠬᠤ ᠡᠷᠬᠡ᠎ᠲᠡᠢ᠂ ᠨᠠᠮ᠎ᠤᠨ ᠪᠤᠰᠤᠳ ᠭᠡᠱᠢᠭᠦᠨ᠎ᠴᠦ ᠲᠡᠭᠦᠨ᠎ᠳᠦ ᠭᠡᠷᠡᠴᠢ ᠪᠣᠯᠬᠤ ᠪᠠ ᠲᠡᠭᠦᠨ᠎ᠢ ᠥᠮᠦᠭᠯᠡᠵᠦ ᠪᠤᠯᠦᠨ᠎ᠡ᠃

  (ᠳᠣᠯᠤᠭ᠎ᠠ) ᠨᠠᠮ᠎ᠤᠨ ᠱᠢᠢᠳᠪᠦᠷᠢ ᠪᠠ ᠲᠥᠷᠦ᠎ᠶᠢᠨ ᠪᠣᠳᠤᠯᠭ᠎ᠠ᠎ᠳᠤ ᠠᠳᠠᠯᠢ ᠪᠤᠰᠦ ᠰᠠᠨᠠᠯ᠎ᠲᠠᠢ ᠪᠠᠢᠪᠠᠯ᠂ ᠡᠷᠡᠰ ᠬᠡᠷᠡᠭᠵᠢᠭᠦᠯᠬᠦ ᠤᠷᠢᠳᠠᠯ ᠳᠣᠤᠷ᠎ᠠ ᠰᠠᠨᠠᠯ᠎ᠢᠶᠠᠨ ᠤᠢᠯᠡᠳᠡᠭᠡᠬᠦ᠎ᠪᠡᠷ ᠢᠯᠡᠷᠬᠡᠢᠯᠡᠵᠦ ᠪᠣᠯᠬᠤ ᠪᠥᠭᠡᠳ ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠳᠤ ᠴᠢᠨᠠᠭᠱᠢᠯᠠᠪᠠᠯ ᠲᠥᠪ ᠬᠣᠷᠢᠶ᠎ᠠ᠎ᠳᠤ ᠬᠦᠷᠲᠡᠯ᠎ᠡ ᠥᠪᠡᠷ᠎ᠦᠨ ᠰᠠᠨᠠᠯ᠎ᠢᠶᠠᠨ ᠳᠤᠷᠠᠳᠴᠤ ᠪᠤᠯᠦᠨ᠎ᠡ᠃

  (ᠨᠠᠢ᠍ᠮᠠ) ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠳᠤ ᠴᠢᠨᠠᠭᠱᠢᠯᠠᠪᠠᠯ ᠲᠥᠪ ᠬᠣᠷᠢᠶ᠎ᠠ᠎ᠳᠤ ᠬᠦᠷᠲᠡᠯ᠎ᠡ ᠭᠤᠶᠤᠴᠢᠯᠠᠯ ᠭᠠᠷᠭᠠᠬᠤ᠂ ᠭᠣᠮᠤᠳᠠᠯ ᠲᠣᠭᠠᠴᠢᠬᠤ ᠪᠠ ᠵᠠᠭᠠᠯᠳᠤᠵᠤ᠂ ᠲᠡᠷᠡᠴᠢᠯᠡᠨ ᠬᠠᠷᠢᠭᠤᠴᠠᠯᠭ᠎ᠠ ᠪᠦᠬᠦᠢ ᠬᠠᠷᠢᠭᠤᠯᠲᠠ ᠦᠭᠭᠦᠭᠦᠯᠬᠦ᠎ᠪᠡᠷ  ᠬᠣᠯᠪᠤᠭᠳᠠᠯ ᠪᠦᠬᠦᠢ ᠵᠣᠬᠢᠶᠠᠨ ᠪᠠᠢᠭᠤᠯᠤᠯᠲᠠ᠎ᠳᠤ ᠱᠠᠭᠠᠷᠳᠠᠵᠤ ᠪᠤᠯᠦᠨ᠎ᠡ᠃

  ᠳᠡᠭᠡᠷ᠎ᠡ ᠳᠤᠷᠠᠳᠤᠭᠰᠠᠨ ᠨᠠᠮ᠎ᠤᠨ ᠭᠡᠱᠢᠭᠦᠨ᠎ᠦ ᠡᠷᠬᠡ᠎ᠨᠦᠭᠦᠳ᠎ᠢ ᠨᠠᠮ᠎ᠤᠨ ᠠᠯᠢ᠎ᠴᠤ ᠱᠠᠲᠤᠨ᠎ᠤ ᠵᠣᠬᠢᠶᠠᠨ ᠪᠠᠢᠭᠤᠯᠤᠯᠲᠠ ᠴᠢᠨᠠᠭᠱᠢᠯᠠᠪᠠᠯ ᠲᠥᠪ ᠬᠣᠷᠢᠶ᠎ᠠ᠎ᠴᠤ ᠬᠠᠰᠤᠬᠤ ᠡᠷᠬᠡ᠎ᠦᠭᠡᠢ᠃

  ᠲᠠᠪᠤᠳᠤᠭᠠᠷ ᠵᠦᠢᠯ  ᠨᠠᠮ᠎ᠤᠨ ᠭᠡᠱᠢᠭᠦᠨ᠎ᠢ ᠡᠯᠰᠡᠬᠦ᠎ᠳᠤ᠎ᠪᠠᠨ᠂ ᠡᠷᠬᠡᠪᠱᠢ ᠤᠯᠤᠰ ᠲᠥᠷᠦ᠎ᠶᠢᠨ ᠪᠠᠷᠢᠮᠵᠢᠶ᠎ᠠ᠎ᠶᠢ ᠲᠡᠷᠢᠭᠦᠨ ᠪᠠᠢᠷᠢᠨ᠎ᠳᠤ ᠲᠠᠯᠪᠢᠵᠤ᠂ ᠨᠠᠮ᠎ᠤᠨ ᠡᠭᠦᠷ᠎ᠢᠶᠡᠷ ᠳᠡᠮᠵᠢᠵᠦ᠂ ᠲᠤᠰᠭᠠᠢ ᠡᠯᠰᠡᠬᠦ ᠵᠠᠷᠴᠢᠮ᠎ᠢ ᠪᠠᠷᠢᠮᠲᠠᠯᠠᠬᠤ ᠬᠡᠷᠡᠭᠲᠡᠢ᠃

  ᠨᠠᠮ᠎ᠳᠤ ᠣᠷᠤᠬᠤ᠎ᠪᠠᠷ ᠡᠷᠭᠦᠳᠡᠯ ᠭᠠᠷᠭᠠᠭᠰᠠᠨ ᠬᠥᠮᠦᠨ ᠨᠠᠮ᠎ᠳᠤ ᠣᠷᠤᠬᠤ ᠡᠷᠡᠮᠡᠯᠵᠡᠯ᠎ᠦᠨ ᠬᠦᠰᠦᠨᠦᠭᠲᠦ ᠲᠠᠭᠯᠠᠵᠤ᠂ ᠨᠠᠮ᠎ᠤᠨ ᠬᠣᠶᠠᠷ ᠵᠢᠩᠬᠢᠨᠢ ᠭᠡᠱᠢᠭᠦᠨ᠎ᠢᠶᠡᠷ ᠲᠠᠨᠢᠯᠴᠠᠭᠤᠯᠤᠭᠴᠢ ᠪᠣᠯᠭᠠᠬᠤ ᠬᠡᠷᠡᠭᠲᠡᠢ᠂ ᠲᠡᠭᠦᠨ᠎ᠢ ᠨᠠᠮ᠎ᠤᠨ ᠡᠭᠦᠷ᠎ᠦᠨ ᠶᠡᠬᠡ ᠬᠤᠷᠠᠯ᠎ᠢᠶᠠᠷ ᠪᠠᠲᠤᠯᠠᠵᠤ᠂ ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠪᠠᠷ ᠵᠥᠪᠱᠢᠶᠡᠷᠡᠭᠦᠯᠬᠦ ᠬᠡᠷᠡᠭᠲᠡᠢ ᠪᠥᠭᠡᠳ ᠪᠡᠯᠡᠳᠬᠡᠯ ᠬᠤᠭᠤᠴᠠᠭᠠᠨ᠎ᠤ ᠬᠢᠨᠠᠨ ᠱᠢᠯᠭᠠᠯᠲᠠ᠎ᠶᠢ ᠥᠩᠭᠡᠷᠡᠭᠡᠮᠡᠨᠵᠢᠨ ᠰᠠᠶᠢ ᠨᠠᠮ᠎ᠤᠨ ᠵᠢᠩᠬᠢᠨᠢ ᠭᠡᠱᠢᠭᠦᠨ ᠪᠣᠯᠭᠠᠬᠤ ᠬᠡᠷᠡᠭᠲᠡᠢ᠃

  ᠲᠠᠨᠢᠯᠴᠠᠭᠤᠯᠤᠭᠴᠢ᠎ᠨᠢ ᠡᠷᠭᠦᠳᠡᠯ ᠭᠠᠷᠭᠠᠭᠰᠠᠨ ᠬᠥᠮᠦᠨ᠎ᠦ ᠦᠵᠡᠯ ᠰᠠᠨᠠᠭ᠎ᠠ᠂ ᠵᠠᠩ ᠴᠢᠨᠠᠷ᠂ ᠤᠢᠩᠭᠡᠷᠡᠯᠳᠠ ᠪᠠ ᠠᠵᠢᠯ᠎ᠤᠨ ᠢᠯᠡᠷᠡᠯ᠎ᠢ ᠰᠠᠢᠲᠤᠷ ᠣᠢᠯᠠᠭᠠᠭᠠᠳ᠂ ᠲᠡᠭᠦᠨ᠎ᠳᠦ ᠨᠠᠮ᠎ᠤᠨ ᠬᠥᠲᠦᠯᠪᠦᠷᠢ ᠪᠠ ᠨᠠᠮ᠎ᠤᠨ ᠳᠦᠷᠢᠮ᠎ᠢ ᠲᠠᠢᠯᠪᠤᠷᠢᠯᠠᠨ ᠥᠭᠴᠦ᠂ ᠨᠠᠮ᠎ᠤᠨ ᠭᠡᠱᠢᠭᠦᠨ᠎ᠦ ᠨᠥᠬᠦᠴᠡᠯ᠂ ᠡᠭᠦᠷᠭᠡ᠂ ᠡᠷᠬᠡ᠎ᠶᠢ ᠲᠣᠳᠤᠷᠬᠠᠢᠯᠠᠵᠤ ᠥᠭᠬᠦ ᠪᠥᠭᠡᠳ ᠨᠠᠮ᠎ᠤᠨ ᠵᠣᠬᠢᠶᠠᠨ ᠪᠠᠢᠭᠤᠯᠤᠯᠲᠠ᠎ᠳᠤ ᠬᠠᠷᠢᠭᠤᠴᠠᠯᠭ᠎ᠠ᠎ᠲᠠᠢ ᠮᠡᠳᠡᠭᠦᠯᠦᠯᠲᠡ ᠬᠢᠬᠦ ᠬᠡᠷᠡᠭᠲᠡᠢ᠃

  ᠨᠠᠮ᠎ᠤᠨ ᠡᠭᠦᠷ᠎ᠦᠨ ᠭᠡᠱᠢᠭᠦᠳ᠎ᠦᠨ ᠬᠤᠷᠠᠯ᠎ᠨᠢ ᠨᠠᠮ᠎ᠳᠤ ᠣᠷᠤᠬᠤ᠎ᠪᠠᠷ ᠡᠷᠭᠦᠳᠡᠯ ᠭᠠᠷᠭᠠᠭᠰᠠᠨ ᠬᠥᠮᠦᠨ᠎ᠦ ᠲᠤᠬᠠᠢ ᠨᠠᠮ᠎ᠤᠨ ᠳᠣᠲᠤᠨ᠎ᠠ ᠭᠠᠳᠠᠨᠠᠬᠢ ᠬᠣᠯᠪᠤᠭᠳᠠᠯ ᠪᠦᠬᠦᠢ ᠣᠯᠠᠨ ᠲᠦᠮᠡᠨ᠎ᠦ ᠰᠠᠨᠠᠯ᠎ᠢ ᠠᠩᠬᠠᠷᠤᠨ ᠰᠣᠨᠤᠰᠴᠤ᠂ ᠴᠢᠩᠭ᠎ᠠ ᠬᠢᠨᠠᠨ ᠪᠠᠢᠴᠠᠭᠠᠭᠠᠳ ᠬᠢᠷᠢ ᠲᠡᠩᠴᠡᠭᠰᠡᠨ ᠭᠡᠵᠦ ᠦᠵᠡᠪᠡᠯ ᠰᠠᠶᠢ ᠨᠠᠮ᠎ᠤᠨ ᠡᠭᠦᠷ᠎ᠦᠨ ᠶᠡᠬᠡ ᠬᠤᠷᠠᠯ᠎ᠳᠤ ᠳᠡᠪᠱᠢᠭᠦᠯᠵᠦ ᠶᠠᠷᠢᠯᠴᠠᠭᠤᠯᠬᠤ ᠬᠡᠷᠡᠭᠲᠡᠢ᠃

  ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ ᠡᠷᠭᠦᠳᠡᠯ ᠭᠠᠷᠭᠠᠭᠰᠠᠨ ᠬᠥᠮᠦᠨ᠎ᠦ ᠨᠠᠮ᠎ᠳᠤ ᠣᠷᠤᠬᠤ᠎ᠶᠢ ᠵᠥᠪᠱᠢᠶᠡᠷᠡᠬᠦ᠎ᠡᠴᠡ ᠡᠮᠦᠨ᠎ᠡ᠂ ᠬᠥᠮᠦᠨ ᠲᠣᠮᠢᠯᠠᠨ ᠲᠡᠭᠦᠨ᠎ᠲᠡᠢ ᠶᠠᠷᠢᠯᠴᠠᠭᠤᠯᠵᠤ᠂ ᠤᠯᠠᠮ ᠨᠢᠭᠡ ᠠᠯᠬᠤᠮ ᠣᠢᠯᠠᠭᠠᠬᠤ ᠪᠥᠭᠡᠳ ᠲᠡᠭᠦᠨ᠎ᠢ ᠬᠠᠪᠰᠤᠷᠤᠨ ᠨᠠᠮ᠎ᠤᠨ ᠲᠤᠬᠠᠢ ᠲᠠᠨᠢᠯᠲᠠ᠎ᠶᠢ᠎ᠨᠢ ᠳᠡᠭᠡᠭᠱᠢᠯᠡᠭᠦᠯᠬᠦ ᠬᠡᠷᠡᠭᠲᠡᠢ᠃

  ᠣᠨᠴᠠᠭᠠᠢ ᠪᠠᠢᠳᠠᠯ᠎ᠤᠨ ᠳᠣᠤᠷ᠎ᠠ ᠨᠠᠮ᠎ᠤᠨ ᠲᠥᠪ ᠬᠣᠷᠢᠶ᠎ᠠ ᠪᠠ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠬᠣᠷᠢᠶ᠎ᠠ ᠨᠠᠮ᠎ᠤᠨ ᠭᠡᠱᠢᠭᠦᠨ᠎ᠢ ᠱᠢᠭᠤᠳ ᠡᠯᠰᠡᠵᠦ ᠪᠤᠯᠦᠨ᠎ᠡ᠃        

  ᠵᠢᠷᠭᠤᠳᠤᠭᠠᠷ ᠵᠦᠢᠯ  ᠨᠠᠮ᠎ᠤᠨ ᠪᠡᠯᠡᠳᠬᠡᠯ ᠭᠡᠱᠢᠭᠦᠨ ᠡᠷᠬᠡᠪᠱᠢ ᠨᠠᠮ᠎ᠤᠨ ᠲᠤᠭ᠎ᠤᠨ ᠡᠮᠦᠨ᠎ᠡ ᠨᠠᠮ᠎ᠳᠤ ᠣᠷᠤᠬᠤ ᠲᠠᠩᠭᠠᠷᠢᠭ ᠬᠢᠬᠦ ᠬᠡᠷᠡᠭᠲᠡᠢ᠃ ᠲᠠᠩᠭᠠᠷᠢᠭ᠎ᠤᠨ ᠦᠭᠡᠰ᠎ᠨᠢ ᠳᠣᠤᠷᠠᠬᠢ ᠮᠡᠲᠦ᠄ ᠪᠢ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠰᠠᠢᠨ ᠳᠤᠷ᠎ᠠ᠎ᠠᠴᠠ᠎ᠪᠠᠨ ᠣᠷᠤᠵᠤ᠂ ᠨᠠᠮ᠎ᠤᠨ ᠬᠥᠲᠦᠯᠪᠦᠷᠢ᠎ᠶᠢ ᠬᠦᠷᠢᠶᠡᠯᠡᠨ᠂ ᠨᠠᠮ᠎ᠤᠨ ᠳᠦᠷᠢᠮ᠎ᠢ ᠰᠠᠬᠢᠵᠤ᠂ ᠨᠠᠮ᠎ᠤᠨ ᠭᠡᠱᠢᠭᠦᠨ᠎ᠦ ᠡᠭᠦᠷᠭᠡ᠎ᠶᠢ ᠭᠦᠢᠴᠡᠳᠬᠡᠵᠦ᠂ ᠨᠠᠮ᠎ᠤᠨ ᠲᠣᠭᠲᠠᠭᠠᠯ᠎ᠢ ᠬᠡᠷᠡᠭᠵᠢᠭᠦᠯᠦᠨ᠂ ᠨᠠᠮ᠎ᠤᠨ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠨᠠᠮ᠎ᠤᠨ ᠨᠢᠭᠤᠴᠠ᠎ᠶᠢ ᠬᠠᠮᠠᠭᠠᠯᠠᠨ᠂ ᠨᠠᠮ᠎ᠳᠤ᠎ᠪᠠᠨ ᠦᠨᠡᠨᠴᠢ ᠪᠠᠢᠵᠤ᠂ ᠢᠳᠡᠪᠬᠢᠲᠡᠢ ᠠᠵᠢᠯᠯᠠᠨ᠂ ᠡᠪ ᠬᠠᠮᠲᠤ ᠶᠣᠰᠤᠨ᠎ᠤ ᠲᠥᠯᠦᠭᠡ ᠨᠠᠰᠤᠨ ᠲᠤᠷᠱᠢᠲᠠ ᠵᠢᠳᠬᠦᠵᠦ᠂ ᠨᠠᠮ ᠪᠠ ᠠᠷᠠᠳ ᠲᠦᠮᠡᠨ᠎ᠦ ᠲᠥᠯᠦᠭᠡ ᠠᠯᠢᠪᠠ ᠪᠦᠬᠦᠨ᠎ᠢᠶᠡᠨ ᠦᠷᠡᠭᠳᠡᠭᠦᠯᠬᠦ᠎ᠪᠡᠷ ᠴᠠᠭ ᠢᠮᠠᠭᠲᠠ ᠪᠡᠯᠡᠬᠡᠨ ᠪᠠᠢᠵᠤ᠂ ᠬᠡᠵᠢᠶ᠎ᠡ ᠡᠭᠦᠷᠢᠳᠡ ᠨᠠᠮ᠎ᠠᠴᠠ ᠤᠷᠪᠠᠬᠤ᠎ᠦᠭᠡᠢ᠃

  ᠳᠣᠯᠤᠳᠤᠭᠠᠷ ᠵᠦᠢᠯ  ᠨᠠᠮ᠎ᠤᠨ ᠪᠡᠯᠡᠳᠬᠡᠯ ᠭᠡᠱᠢᠭᠦᠨ᠎ᠦ ᠪᠡᠯᠡᠳᠬᠡᠯ᠎ᠦᠨ ᠬᠤᠭᠤᠴᠠᠭ᠎ᠠ᠎ᠨᠢ ᠨᠢᠭᠡ ᠵᠢᠯ ᠪᠤᠯᠦᠨ᠎ᠡ᠃ ᠨᠠᠮ᠎ᠤᠨ ᠵᠣᠬᠢᠶᠠᠨ ᠪᠠᠢᠭᠤᠯᠤᠯᠲᠠ᠎ᠠᠴᠠ ᠨᠠᠮ᠎ᠤᠨ ᠪᠡᠯᠡᠳᠬᠡᠯ ᠭᠡᠱᠢᠭᠦᠨ᠎ᠢ ᠬᠢᠨᠠᠮᠠᠭᠠᠢ ᠬᠥᠮᠦᠵᠢᠭᠦᠯᠦᠨ ᠬᠢᠨᠠᠨ ᠱᠢᠯᠭᠠᠬᠤ ᠬᠡᠷᠡᠭᠲᠡᠢ᠃

  ᠨᠠᠮ᠎ᠤᠨ ᠪᠡᠯᠡᠳᠬᠡᠯ ᠭᠡᠱᠢᠭᠦᠨ᠎ᠦ ᠡᠭᠦᠷᠭᠡ᠎ᠨᠢ ᠨᠠᠮ᠎ᠤᠨ ᠵᠢᠩᠬᠢᠨᠢ ᠭᠡᠱᠢᠭᠦᠨ᠎ᠦ ᠬᠢ᠎ᠲᠡᠢ ᠠᠳᠠᠯᠢ᠃ ᠨᠠᠮ᠎ᠤᠨ ᠪᠡᠯᠡᠳᠬᠡᠯ ᠭᠡᠱᠢᠭᠦᠨ᠎ᠳᠦ ᠪᠠᠲᠤᠯᠠᠬᠤ ᠡᠷᠬᠡ᠂ ᠰᠣᠩᠭᠤᠬᠤ ᠡᠷᠬᠡ ᠪᠠ ᠰᠣᠩᠭᠤᠭᠳᠠᠬᠤ ᠡᠷᠬᠡ᠎ᠦᠭᠡᠢ᠎ᠡᠴᠡ ᠭᠠᠳᠠᠨ᠎ᠠ᠂ ᠪᠤᠰᠤᠳ ᠡᠷᠬᠡ᠎ᠨᠢ ᠨᠠᠮ᠎ᠤᠨ ᠵᠢᠩᠬᠢᠨᠢ ᠭᠡᠱᠢᠭᠦᠨ᠎ᠦ ᠬᠢ᠎ᠲᠡᠢ ᠠᠳᠠᠯᠢ᠃

  ᠨᠠᠮ᠎ᠤᠨ ᠪᠡᠯᠡᠳᠬᠡᠯ ᠭᠡᠱᠢᠭᠦᠨ᠎ᠦ ᠪᠡᠯᠡᠳᠬᠡᠯ᠎ᠦᠨ ᠬᠤᠭᠤᠴᠠᠭ᠎ᠠ᠎ᠨᠢ ᠭᠦᠢᠴᠡᠪᠡᠯ᠂ ᠨᠠᠮ᠎ᠤᠨ ᠵᠢᠩᠬᠢᠨᠢ ᠭᠡᠱᠢᠭᠦᠨ ᠪᠣᠯᠵᠤ ᠴᠢᠳᠠᠬᠤ ᠡᠰᠡᠬᠦ᠎ᠶᠢ ᠨᠠᠮ᠎ᠤᠨ ᠡᠭᠦᠷ᠎ᠡᠴᠡ ᠴᠠᠭ ᠲᠤᠬᠠᠢ᠎ᠳᠤᠨᠢ ᠶᠠᠷᠢᠯᠴᠠᠬᠤ ᠬᠡᠷᠡᠭᠲᠡᠢ᠃ ᠨᠠᠮ᠎ᠤᠨ ᠭᠡᠱᠢᠭᠦᠨ᠎ᠦ ᠡᠭᠦᠷᠭᠡ᠎ᠶᠢ ᠬᠢᠨᠠᠮᠠᠭᠠᠢ ᠭᠦᠢᠴᠡᠳᠬᠡᠵᠦ᠂ ᠨᠠᠮ᠎ᠤᠨ ᠭᠡᠱᠢᠭᠦᠨ᠎ᠦ ᠨᠥᠬᠦᠴᠡᠯ᠎ᠢ ᠪᠦᠷᠢᠯᠳᠦᠭᠦᠯᠦᠭᠰᠡᠨ ᠪᠠᠢᠪᠠᠯ ᠲᠣᠭᠲᠠᠭᠰᠠᠨ ᠬᠤᠭᠤᠴᠠᠭᠠᠨ᠎ᠳᠤᠨᠢ ᠨᠠᠮ᠎ᠤᠨ ᠵᠢᠩᠬᠢᠨᠢ ᠭᠡᠱᠢᠭᠦᠨ ᠪᠣᠯᠭᠠᠬᠤ ᠬᠡᠷᠡᠭᠲᠡᠢ; ᠦᠷᠭᠦᠯᠵᠢᠯᠡᠨ ᠬᠢᠨᠠᠨ ᠱᠢᠯᠭᠠᠵᠤ᠂ ᠬᠥᠮᠦᠵᠢᠭᠦᠯᠬᠦ ᠴᠢᠬᠤᠯᠠᠲᠠᠢ ᠪᠠᠢᠪᠠᠯ ᠪᠡᠯᠡᠳᠬᠡᠯ᠎ᠦᠨ ᠬᠤᠭᠤᠴᠠᠭ᠎ᠠ᠎ᠶᠢ᠎ᠨᠢ ᠤᠷᠲᠤᠳᠭᠠᠵᠤ ᠪᠤᠯᠦᠨ᠎ᠡ᠂ ᠭᠡᠪᠡᠴᠦ ᠨᠢᠭᠡ ᠵᠢᠯ᠎ᠡᠴᠡ ᠬᠡᠲᠦᠷᠡᠭᠦᠯᠵᠦ ᠪᠣᠯᠬᠤ᠎ᠦᠭᠡᠢ; ᠨᠠᠮ᠎ᠤᠨ ᠭᠡᠱᠢᠭᠦᠨ᠎ᠦ ᠡᠭᠦᠷᠭᠡ᠎ᠶᠢ ᠭᠦᠢᠴᠡᠳᠬᠡᠬᠦ᠎ᠦᠭᠡᠢ᠂ ᠨᠠᠮ᠎ᠤᠨ ᠭᠡᠱᠢᠭᠦᠨ᠎ᠦ ᠨᠥᠬᠦᠴᠡᠯ᠎ᠢ ᠪᠦᠷᠢᠯᠳᠦᠭᠦᠯᠦᠭᠰᠡᠨ᠎ᠦᠭᠡᠢ ᠪᠠᠢᠪᠠᠯ ᠨᠠᠮ᠎ᠤᠨ ᠪᠡᠯᠡᠳᠬᠡᠯ ᠭᠡᠱᠢᠭᠦᠨ᠎ᠦ ᠬᠢᠷᠢ ᠭᠡᠮ᠎ᠢ᠎ᠨᠢ ᠬᠠᠰᠤᠬᠤ ᠬᠡᠷᠡᠭᠲᠡᠢ᠃ ᠨᠠᠮ᠎ᠤᠨ ᠪᠡᠯᠡᠳᠬᠡᠯ ᠭᠡᠱᠢᠭᠦᠨ᠎ᠢ ᠵᠢᠩᠬᠢᠨᠢ ᠭᠡᠱᠢᠭᠦᠨ ᠪᠣᠯᠭᠠᠬᠤ᠂ ᠡᠰᠡᠬᠦᠯ᠎ᠡ ᠪᠡᠯᠡᠳᠬᠡᠯ᠎ᠦᠨ ᠬᠤᠭᠤᠴᠠᠭ᠎ᠠ᠎ᠶᠢ᠎ᠨᠢ ᠤᠷᠲᠤᠳᠭᠠᠬᠤ᠂ ᠡᠰᠡᠬᠦᠯ᠎ᠡ ᠨᠠᠮ᠎ᠤᠨ ᠪᠡᠯᠡᠳᠬᠡᠯ ᠭᠡᠱᠢᠭᠦᠨ᠎ᠦ ᠬᠢᠷᠢ ᠭᠡᠮ᠎ᠢ᠎ᠨᠢ ᠬᠠᠰᠤᠬᠤ᠎ᠳᠤ ᠴᠥᠮ ᠨᠠᠮ᠎ᠤᠨ ᠡᠭᠦᠷ᠎ᠦᠨ ᠶᠡᠬᠡ ᠬᠤᠷᠠᠯ᠎ᠢᠶᠠᠷ ᠶᠠᠷᠢᠯᠴᠠᠨ ᠪᠠᠲᠤᠯᠠᠵᠤ᠂ ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠪᠠᠷ ᠵᠥᠪᠱᠢᠶᠡᠷᠡᠭᠦᠯᠬᠦ ᠬᠡᠷᠡᠭᠲᠡᠢ᠃

  ᠨᠠᠮ᠎ᠤᠨ ᠪᠡᠯᠡᠳᠬᠡᠯ ᠭᠡᠱᠢᠭᠦᠨ᠎ᠦ ᠪᠡᠯᠡᠳᠬᠡᠯ᠎ᠦᠨ ᠬᠤᠭᠤᠴᠠᠭ᠎ᠠ᠎ᠶᠢ ᠨᠠᠮ᠎ᠤᠨ ᠡᠭᠦᠷ᠎ᠦᠨ ᠶᠡᠬᠡ ᠬᠤᠷᠠᠯ᠎ᠢᠶᠠᠷ ᠲᠡᠭᠦᠨ᠎ᠢ ᠨᠠᠮ᠎ᠤᠨ ᠪᠡᠯᠡᠳᠬᠡᠯ ᠭᠡᠱᠢᠭᠦᠨ ᠪᠣᠯᠬᠤ᠎ᠶᠢ ᠪᠠᠲᠤᠯᠠᠭᠰᠠᠨ ᠡᠳᠦᠷ᠎ᠡᠴᠡ ᠡᠬᠢᠯᠡᠵᠦ ᠪᠣᠳᠤᠨ᠎ᠠ᠃ ᠨᠠᠮ᠎ᠤᠨ ᠭᠡᠱᠢᠭᠦᠨ᠎ᠦ ᠨᠠᠮ᠎ᠳᠤ ᠡᠯᠰᠡᠭᠳᠡᠭᠰᠡᠨ ᠣᠨ ᠵᠢᠯ᠎ᠢ ᠪᠡᠯᠡᠳᠬᠡᠯ᠎ᠦᠨ ᠬᠤᠭᠤᠴᠠᠭ᠎ᠠ᠎ᠨᠢ ᠭᠦᠢᠴᠡᠭᠡᠳ ᠨᠠᠮ᠎ᠤᠨ ᠵᠢᠩᠬᠢᠨᠢ ᠭᠡᠱᠢᠭᠦᠨ ᠪᠣᠯᠤᠭᠰᠠᠨ ᠡᠳᠦᠷ᠎ᠡᠴᠡ ᠡᠬᠢᠯᠡᠵᠦ ᠪᠣᠳᠤᠨ᠎ᠠ᠃

  ᠨᠠᠢ᠍ᠮᠠᠳᠤᠭᠠᠷ ᠵᠦᠢᠯ  ᠨᠠᠮ᠎ᠤᠨ ᠭᠡᠱᠢᠭᠦᠨ ᠨᠢᠭᠡᠪᠦᠷᠢ ᠲᠤᠱᠢᠶᠠᠯ᠎ᠤᠨ ᠶᠡᠬᠡ ᠪᠠᠭ᠎ᠠ᠎ᠶᠢᠨ ᠢᠯᠭᠠᠯ᠎ᠦᠭᠡᠢ ᠴᠥᠮ ᠡᠷᠬᠡᠪᠱᠢ ᠨᠠᠮ᠎ᠤᠨ ᠨᠢᠭᠡ ᠡᠭᠦᠷ᠂ ᠳᠤᠭᠤᠢᠯᠠᠩ ᠪᠤᠶᠦ ᠪᠤᠰᠤᠳ ᠲᠤᠰᠭᠠᠢ ᠵᠣᠬᠢᠶᠠᠨ ᠪᠠᠢᠭᠤᠯᠤᠯᠲᠠ᠎ᠳᠤ ᠣᠷᠤᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠨ᠂ ᠨᠠᠮ᠎ᠤᠨ ᠳᠣᠲᠤᠨ᠎ᠠ ᠭᠠᠳᠠᠨᠠᠬᠢ ᠣᠯᠠᠨ ᠲᠦᠮᠡᠨ᠎ᠦ ᠬᠢᠨᠠᠯᠲᠠ᠎ᠶᠢ ᠬᠦᠯᠢᠶᠡᠬᠦ ᠬᠡᠷᠡᠭᠲᠡᠢ᠃ ᠨᠠᠮ᠎ᠤᠨ ᠭᠡᠱᠢᠭᠦᠨ ᠤᠳᠤᠷᠢᠳᠭᠤ ᠺᠠᠳ᠋ᠷ ᠪᠠᠰᠠ ᠡᠷᠬᠡᠪᠱᠢ ᠨᠠᠮ᠎ᠤᠨ ᠬᠣᠷᠢᠶ᠎ᠠ᠂ ᠨᠠᠮ᠎ᠤᠨ ᠤᠳᠤᠷᠢᠳᠭᠤ ᠳᠤᠭᠤᠢᠯᠠᠩ᠎ᠤᠨ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠳᠤ ᠣᠷᠤᠯᠴᠠᠬᠤ ᠬᠡᠷᠡᠭᠲᠡᠢ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠬᠤ᠎ᠦᠭᠡᠢ᠂ ᠨᠠᠮ᠎ᠤᠨ ᠳᠣᠲᠤᠨ᠎ᠠ ᠭᠠᠳᠠᠨᠠᠬᠢ ᠣᠯᠠᠨ ᠲᠦᠮᠡᠨ᠎ᠦ ᠬᠢᠨᠠᠯᠲᠠ᠎ᠶᠢ ᠬᠦᠯᠢᠶᠡᠬᠦ᠎ᠦᠭᠡᠢ ᠲᠡᠢᠮᠦ ᠣᠨᠴᠠᠭᠠᠢ ᠨᠠᠮ᠎ᠤᠨ ᠭᠡᠱᠢᠭᠦᠨ ᠪᠠᠢᠬᠤ᠎ᠶᠢ ᠵᠥᠪᠱᠢᠶᠡᠷᠡᠬᠦ᠎ᠦᠭᠡᠢ᠃

  ᠶᠢᠰᠦᠳᠦᠭᠡᠷ ᠵᠦᠢᠯ  ᠨᠠᠮ᠎ᠤᠨ ᠭᠡᠱᠢᠭᠦᠨ ᠨᠠᠮ᠎ᠠᠴᠠ ᠭᠠᠷᠬᠤ ᠡᠷᠬᠡ ᠴᠢᠯᠦᠭᠡ᠎ᠲᠡᠢ᠃ ᠨᠠᠮ᠎ᠤᠨ ᠭᠡᠱᠢᠭᠦᠨ ᠨᠠᠮ᠎ᠠᠴᠠ ᠭᠠᠷᠬᠤ᠎ᠪᠠᠷ ᠱᠠᠭᠠᠷᠳᠠᠪᠠᠯ ᠨᠠᠮ᠎ᠤᠨ ᠡᠭᠦᠷ᠎ᠦᠨ ᠶᠡᠬᠡ ᠬᠤᠷᠠᠯ᠎ᠢᠶᠠᠷ ᠶᠠᠷᠢᠯᠴᠠᠭᠤᠯᠤᠭᠰᠠᠨ᠎ᠤ ᠳᠠᠷᠠᠭ᠎ᠠ᠎ᠨᠡᠷ᠎ᠡ᠎ᠶᠢ᠎ᠨᠢ ᠬᠠᠰᠤᠬᠤ᠎ᠪᠠᠷ ᠨᠡᠢᠲᠡᠯᠡᠬᠦ ᠪᠥᠭᠡᠳ ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃

  ᠨᠠᠮ᠎ᠤᠨ ᠭᠡᠱᠢᠭᠦᠨ ᠬᠡᠷᠪᠡ ᠬᠤᠪᠢᠰᠭᠠᠯᠲᠤ ᠵᠣᠷᠢᠭ᠎ᠦᠭᠡᠢ᠂ ᠨᠠᠮ᠎ᠤᠨ ᠭᠡᠱᠢᠭᠦᠨ᠎ᠦ ᠡᠭᠦᠷᠭᠡ᠎ᠪᠡᠨ ᠭᠦᠢᠴᠡᠳᠬᠡᠬᠦ᠎ᠦᠭᠡᠢ᠂ ᠨᠠᠮ᠎ᠤᠨ ᠭᠡᠱᠢᠭᠦᠨ᠎ᠦ ᠨᠥᠬᠦᠴᠡᠯ᠎ᠳᠦ ᠨᠡᠢᠴᠡᠬᠦ᠎ᠦᠭᠡᠢ ᠪᠣᠯᠤᠭᠰᠠᠨ ᠪᠠᠢᠪᠠᠯ᠂ ᠨᠠᠮ᠎ᠤᠨ ᠡᠭᠦᠷ᠎ᠡᠴᠡ ᠲᠡᠭᠦᠨ᠎ᠢ ᠰᠤᠷᠭᠠᠨ ᠬᠥᠮᠦᠵᠢᠭᠦᠯᠵᠦ᠂ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ᠎ᠪᠠᠷ ᠱᠠᠭᠠᠷᠳᠠᠬᠤ ᠬᠡᠷᠡᠭᠲᠡᠢ; ᠰᠤᠷᠭᠠᠵᠤ ᠬᠥᠮᠦᠵᠢᠭᠦᠯᠦᠭᠰᠡᠨ ᠪᠠᠢᠲᠠᠯ᠎ᠠ ᠮᠦᠠ ᠵᠠᠰᠠᠷᠠᠵᠤ ᠰᠠᠢᠵᠢᠷᠠᠬᠤ᠎ᠦᠭᠡᠢ ᠪᠤᠯ ᠲᠡᠭᠦᠨ᠎ᠢ ᠢᠳᠭᠠᠵᠤ ᠪᠠᠢᠭᠠᠳ ᠨᠠᠮ᠎ᠠᠴᠠ ᠭᠠᠷᠭᠠᠬᠤ ᠬᠡᠷᠡᠭᠲᠡᠢ᠃ ᠨᠠᠮ᠎ᠤᠨ ᠭᠡᠱᠢᠭᠦᠨ᠎ᠢ ᠢᠳᠭᠠᠵᠤ ᠪᠠᠢᠭᠠᠳ ᠨᠠᠮ᠎ᠠᠴᠠ ᠭᠠᠷᠭᠠᠬᠤ᠎ᠳᠤ ᠨᠠᠮ᠎ᠤᠨ ᠡᠭᠦᠷ᠎ᠦᠨ ᠶᠡᠬᠡ ᠬᠤᠷᠠᠯ᠎ᠢᠶᠠᠷ ᠶᠠᠷᠢᠯᠴᠠᠨ ᠲᠣᠭᠲᠠᠭᠠᠬᠤ ᠪᠥᠭᠡᠳ ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠳᠤ ᠮᠡᠳᠡᠭᠦᠯᠦᠨ ᠵᠥᠪᠱᠢᠶᠡᠷᠡᠭᠦᠯᠬᠦ ᠬᠡᠷᠡᠭᠲᠡᠢ᠃ ᠨᠠᠮ᠎ᠠᠴᠠ ᠭᠠᠷᠭᠠᠬᠤ᠎ᠪᠠᠷ ᠢᠳᠭᠠᠭᠳᠠᠭᠰᠠᠨ ᠨᠠᠮ᠎ᠤᠨ ᠭᠡᠱᠢᠭᠦᠨ ᠬᠡᠷᠪᠡ ᠥᠪᠡᠷ᠎ᠢᠶᠡᠨ ᠭᠠᠷᠬᠤ᠎ᠦᠭᠡᠢ ᠭᠡᠵᠦ ᠪᠠᠷᠢᠮᠲᠠᠯᠠᠪᠠᠯ᠂ ᠨᠠᠮ᠎ᠤᠨ ᠡᠭᠦᠷ᠎ᠦᠨ ᠶᠡᠬᠡ ᠬᠤᠷᠠᠯ᠎ᠳᠤ ᠳᠡᠪᠱᠢᠭᠦᠯᠦᠨ ᠶᠠᠷᠢᠯᠴᠠᠭᠤᠯᠵᠤ᠂᠎ᠨᠡᠷ᠎ᠡ᠎ᠶᠢ᠎ᠨᠢ ᠬᠠᠰᠤᠬᠤ᠎ᠪᠠᠷ ᠲᠣᠭᠲᠠᠭᠠᠬᠤ ᠪᠥᠭᠡᠳ ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠳᠤ ᠮᠡᠳᠡᠭᠦᠯᠦᠨ ᠵᠥᠪᠱᠢᠶᠡᠷᠡᠭᠦᠯᠬᠦ ᠬᠡᠷᠡᠭᠲᠡᠢ᠃

  ᠨᠠᠮ᠎ᠤᠨ ᠭᠡᠱᠢᠭᠦᠨ ᠬᠡᠷᠪᠡ ᠵᠦᠢ ᠶᠣᠰᠤᠨ᠎ᠤ ᠱᠢᠯᠲᠠᠭᠠᠨ᠎ᠦᠭᠡᠢ᠎ᠪᠡᠷ ᠵᠢᠷᠭᠤᠭᠠᠨ ᠰᠠᠷ᠎ᠠ ᠳᠠᠷᠠᠭᠠᠯᠠᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠬᠤ᠎ᠦᠭᠡᠢ᠂ ᠡᠰᠡᠬᠦᠯ᠎ᠡ ᠨᠠᠮ᠎ᠤᠨ ᠰᠦᠢᠳᠬᠡᠯ ᠲᠤᠱᠢᠶᠠᠬᠤ᠎ᠦᠭᠡᠢ᠂ ᠡᠰᠡᠬᠦᠯ᠎ᠡ ᠨᠠᠮ᠎ᠠᠴᠠ ᠬᠤᠪᠢᠶᠠᠷᠢᠯᠠᠵᠤ ᠥᠭᠭᠦᠭᠰᠡᠨ ᠠᠵᠢᠯ᠎ᠢ ᠬᠢᠬᠦ᠎ᠦᠭᠡᠢ ᠪᠤᠯ ᠥᠪᠡᠷ᠎ᠢᠶᠡᠨ ᠨᠠᠮ᠎ᠠᠴᠠ ᠰᠠᠯᠤᠭᠰᠠᠨ᠎ᠳᠤ ᠲᠣᠭᠠᠴᠠᠭᠳᠠᠨ᠎ᠠ᠃ ᠨᠠᠮ᠎ᠤᠨ ᠡᠭᠦᠷ᠎ᠦᠨ ᠶᠡᠬᠡ ᠬᠤᠷᠠᠯ᠎ᠨᠢ ᠡᠢᠮᠦ ᠨᠠᠮ᠎ᠤᠨ ᠭᠡᠱᠢᠭᠦᠨ᠎ᠦ᠎ᠨᠡᠷ᠎ᠡ᠎ᠶᠢ ᠬᠠᠰᠤᠬᠤ᠎ᠪᠠᠷ ᠲᠣᠭᠲᠠᠭᠠᠬᠤ ᠪᠥᠭᠡᠳ ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠳᠤ ᠮᠡᠳᠡᠭᠦᠯᠦᠨ ᠵᠥᠪᠱᠢᠶᠡᠷᠡᠭᠦᠯᠬᠦ ᠬᠡᠷᠡᠭᠲᠡᠢ᠃

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃