ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ (ᠬᠣᠶᠠᠳᠤᠭᠠᠷ ᠪᠦᠯᠦᠭ)
2021.09.16

    ᠬᠣᠶᠠᠳᠤᠭᠠᠷ ᠪᠦᠯᠦᠭ  ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠦᠷᠢᠮ 

  

  ᠠᠷᠪᠠᠳᠤᠭᠠᠷ ᠵᠦᠢᠯ  ᠨᠠᠮ ᠪᠤᠯ ᠥᠪᠡᠷ᠎ᠦᠨ ᠬᠥᠲᠦᠯᠪᠦᠷᠢ᠂ ᠳᠦᠷᠢᠮ᠎ᠢᠶᠡᠨ ᠦᠨᠳᠦᠰᠦᠯᠡᠵᠦ᠂ ᠠᠷᠠᠳᠴᠢᠯᠠᠯ ᠲᠥᠪᠯᠡᠷᠡᠯ᠎ᠦᠨ ᠶᠣᠰᠤ᠎ᠪᠠᠷ ᠵᠣᠬᠢᠶᠠᠨ ᠪᠠᠢᠭᠤᠯᠤᠭᠳᠠᠭᠰᠠᠨ ᠨᠢᠭᠡᠳᠦᠮᠡᠯ ᠴᠣᠭᠴᠠ ᠪᠤᠯᠦᠨ᠎ᠡ᠃ ᠨᠠᠮ᠎ᠤᠨ ᠠᠷᠠᠳᠴᠢᠯᠠᠯ ᠲᠥᠪᠯᠡᠷᠡᠯ᠎ᠦᠨ ᠶᠣᠰᠤᠨ᠎ᠤ ᠦᠨᠳᠦᠰᠦᠠ ᠵᠠᠷᠴᠢᠮ ᠪᠤᠯ᠄

  (ᠨᠢᠭᠡ) ᠨᠠᠮ᠎ᠤᠨ ᠭᠡᠱᠢᠭᠦᠨ ᠬᠤᠪᠢ ᠬᠥᠮᠦᠨ ᠨᠠᠮ᠎ᠤᠨ ᠵᠣᠬᠢᠶᠠᠨ ᠪᠠᠢᠭᠤᠯᠤᠯᠲᠠ᠎ᠪᠠᠨ ᠳᠠᠭᠠᠵᠤ᠂ ᠴᠥᠭᠡᠩᠬᠢ᠎ᠨᠢ ᠣᠯᠠᠩᠬᠢ᠎ᠪᠠᠨ ᠳᠠᠭᠠᠵᠤ᠂ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ᠎ᠨᠢ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠪᠠᠨ ᠳᠠᠭᠠᠵᠤ᠂ ᠪᠦᠬᠦ ᠨᠠᠮ᠎ᠤᠨ ᠡᠯ᠎ᠡ ᠵᠣᠬᠢᠶᠠᠨ ᠪᠠᠢᠭᠤᠯᠤᠯᠲᠠ ᠪᠠ ᠨᠠᠮ᠎ᠤᠨ ᠪᠦᠬᠦ ᠭᠡᠱᠢᠭᠦᠳ ᠨᠠᠮ᠎ᠤᠨ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ ᠪᠠ ᠲᠥᠪ ᠬᠣᠷᠢᠶ᠎ᠠ᠎ᠪᠠᠨ ᠳᠠᠭᠠᠨ᠎ᠠ᠃

  (ᠬᠣᠶᠠᠷ) ᠨᠠᠮ᠎ᠤᠨ ᠡᠯ᠎ᠡ ᠱᠠᠲᠤᠨ᠎ᠤ ᠤᠳᠤᠷᠢᠳᠭᠤ ᠪᠠᠢᠭᠤᠯᠭ᠎ᠠ᠎ᠶᠢᠨ ᠲᠣᠮᠢᠯᠠᠭᠰᠠᠨ ᠲᠥᠯᠦᠭᠡᠯᠡᠬᠦ ᠪᠠᠢᠭᠤᠯᠭ᠎ᠠ ᠪᠠ ᠨᠠᠮ᠎ᠤᠨ ᠪᠤᠰᠦ ᠵᠣᠬᠢᠶᠠᠨ ᠪᠠᠢᠭᠤᠯᠤᠯᠲᠠ᠎ᠳᠠᠬᠢ ᠨᠠᠮ᠎ᠤᠨ ᠤᠳᠤᠷᠢᠳᠭᠤ ᠳᠤᠭᠤᠢᠯᠠᠩ᠎ᠢ ᠭᠠᠷᠭᠠᠪᠠᠯ ᠨᠠᠮ᠎ᠤᠨ ᠡᠯ᠎ᠡ ᠱᠠᠲᠤᠨ᠎ᠤ ᠤᠳᠤᠷᠢᠳᠭᠤ ᠪᠠᠢᠭᠤᠯᠭ᠎ᠠ ᠪᠦᠷ ᠰᠣᠩᠭᠤᠭᠤᠯᠢ᠎ᠪᠠᠷ ᠪᠣᠢ ᠪᠤᠯᠦᠨ᠎ᠡ᠃

  (ᠭᠤᠷᠪᠠ) ᠨᠠᠮ᠎ᠤᠨ ᠬᠠᠮᠤᠭ᠎ᠤᠨ ᠳᠡᠭᠡᠳᠦ ᠤᠳᠤᠷᠢᠳᠭᠤ ᠪᠠᠢᠭᠤᠯᠭ᠎ᠠ ᠪᠤᠯ ᠨᠠᠮ᠎ᠤᠨ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ ᠪᠠ ᠲᠡᠭᠦᠨ᠎ᠡᠴᠡ ᠪᠣᠢ ᠪᠣᠯᠤᠭᠰᠠᠨ ᠲᠥᠪ ᠬᠣᠷᠢᠶ᠎ᠠ ᠪᠤᠯᠦᠨ᠎ᠡ᠃ ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠤᠳᠤᠷᠢᠳᠭᠤ ᠪᠠᠢᠭᠤᠯᠭ᠎ᠠ ᠪᠤᠯ ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ ᠪᠠ ᠲᠡᠭᠦᠨ᠎ᠡᠴᠡ ᠪᠣᠢ ᠪᠣᠯᠤᠭᠰᠠᠨ ᠬᠣᠷᠢᠶ᠎ᠠ ᠪᠤᠯᠦᠨ᠎ᠡ᠃ ᠨᠠᠮ᠎ᠤᠨ ᠡᠯ᠎ᠡ ᠱᠠᠲᠤᠨ᠎ᠤ ᠬᠣᠷᠢᠶ᠎ᠠ ᠠᠳᠠᠯᠢ ᠱᠠᠲᠤᠨ᠎ᠤ᠎ᠪᠠᠨ ᠲᠥᠯᠦᠭᠡᠯᠡᠭᠴᠢᠳ᠎ᠦᠨ ᠶᠡᠬᠡ ᠬᠤᠷᠠᠯ᠎ᠳᠤ ᠬᠠᠷᠢᠭᠤᠴᠠᠬᠤ ᠪᠥᠭᠡᠳ ᠲᠡᠭᠦᠨ᠎ᠳᠦ ᠠᠵᠢᠯ᠎ᠢᠶᠠᠨ ᠮᠡᠳᠡᠭᠦᠯᠦᠨ᠎ᠡ᠃

  (ᠳᠥᠷᠪᠡ) ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠨᠢ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ ᠣᠯᠠᠨ ᠲᠦᠮᠡᠨ᠎ᠦ ᠰᠠᠨᠠᠯ᠎ᠢ ᠦᠷᠭᠦᠯᠵᠢ ᠰᠣᠨᠤᠰᠴᠤ᠂ ᠲᠡᠳᠡᠨ᠎ᠦ ᠳᠤᠷᠠᠳᠴᠤ ᠭᠠᠷᠭᠠᠭᠰᠠᠨ ᠠᠰᠠᠭᠤᠳᠠᠯ᠎ᠢ ᠴᠠᠭ ᠲᠤᠬᠠᠢ᠎ᠳᠤᠨᠢ ᠱᠢᠢᠳᠪᠦᠷᠢᠯᠡᠬᠦ ᠬᠡᠷᠡᠭᠲᠡᠢ᠃ ᠨᠠᠮ᠎ᠤᠨ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ᠎ᠨᠢ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠠᠴᠠ᠎ᠪᠠᠨ ᠵᠢᠭᠠᠪᠤᠷᠢ ᠠᠪᠴᠤ ᠲᠡᠭᠦᠨ᠎ᠳᠦ ᠠᠵᠢᠯ᠎ᠢᠶᠠᠨ ᠮᠡᠳᠡᠭᠦᠯᠬᠦ ᠮᠥᠷᠲᠡᠭᠡᠨ ᠥᠪᠡᠷ᠎ᠦᠨ ᠲᠤᠱᠢᠶᠠᠯ ᠬᠠᠷᠢᠭᠤᠴᠠᠯᠭ᠎ᠠ᠎ᠶᠢᠨ᠎ᠢᠶᠡᠨ ᠬᠡᠪᠴᠢᠶᠡᠨ ᠳᠣᠲᠤᠷᠠᠬᠢ ᠠᠰᠠᠭᠤᠳᠠᠯ᠎ᠢ ᠪᠡᠶ᠎ᠡ᠎ᠪᠡᠨ ᠳᠠᠭᠠᠭᠠᠵᠤ ᠬᠠᠷᠢᠭᠤᠴᠠᠨ ᠱᠢᠢᠳᠪᠦᠷᠢᠯᠡᠬᠦ ᠬᠡᠷᠡᠭᠲᠡᠢ᠃ ᠳᠡᠭᠡᠳᠦ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠬᠣᠭᠤᠷᠤᠨᠳᠤ᠎ᠪᠠᠨ ᠮᠡᠳᠡᠭᠡ ᠴᠢᠮᠡᠭᠡ ᠨᠡᠪᠲᠡᠷᠡᠯᠴᠡᠵᠦ᠂ ᠬᠠᠷᠢᠯᠴᠠᠨ ᠳᠡᠮᠵᠢᠵᠦ ᠬᠠᠷᠢᠯᠴᠠᠨ ᠬᠢᠨᠠᠯᠲᠠ ᠲᠠᠯᠪᠢᠬᠤ ᠬᠡᠷᠡᠭᠲᠡᠢ᠃ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠨᠢ ᠨᠠᠮ᠎ᠤᠨ ᠠᠵᠢᠯ᠎ᠢ ᠢᠯᠡ ᠪᠣᠯᠭᠠᠬᠤ᠎ᠶᠢ ᠲᠣᠭᠲᠠᠭᠠᠯ ᠶᠣᠰᠤᠭᠠᠷ ᠬᠡᠷᠡᠭᠵᠢᠭᠦᠯᠵᠦ᠂ ᠨᠠᠮ᠎ᠤᠨ ᠳᠣᠲᠤᠭᠠᠳᠤ᠎ᠶᠢᠨ ᠠᠵᠢᠯ ᠶᠠᠪᠤᠳᠠᠯ᠎ᠢ ᠨᠠᠮ᠎ᠤᠨ ᠭᠡᠱᠢᠭᠦᠨ᠎ᠳᠦ ᠢᠯᠡᠭᠦᠬᠡᠨ ᠣᠢᠯᠠᠭᠠᠭᠤᠯᠵᠤ᠂ ᠨᠠᠮ᠎ᠤᠨ ᠳᠣᠲᠤᠭᠠᠳᠤ ᠎ᠶᠢᠨ ᠠᠵᠢᠯ ᠶᠠᠪᠤᠳᠠᠯ᠎ᠳᠤ ᠨᠠᠮ᠎ᠤᠨ ᠭᠡᠱᠢᠭᠦᠨ᠎ᠢ ᠢᠯᠡᠭᠦᠬᠡᠨ ᠣᠷᠤᠯᠴᠠᠭᠤᠯᠬᠤ ᠬᠡᠷᠡᠭᠲᠡᠢ᠃

  (ᠲᠠᠪᠤ) ᠨᠠᠮ᠎ᠤᠨ ᠡᠯ᠎ᠡ ᠱᠠᠲᠤᠨ᠎ᠤ ᠬᠣᠷᠢᠶ᠎ᠠ ᠬᠠᠮᠲᠤ᠎ᠪᠠᠷ ᠤᠳᠤᠷᠢᠳᠭᠤ ᠪᠠ ᠬᠤᠪᠢ ᠬᠥᠮᠦᠨ ᠠᠵᠢᠯ ᠬᠤᠪᠢᠶᠠᠨ ᠬᠠᠷᠢᠭᠤᠴᠠᠬᠤ᠎ᠶᠢ ᠤᠶᠠᠯᠳᠤᠭᠤᠯᠤᠭᠰᠠᠨ ᠳᠦᠷᠢᠮ᠎ᠢ ᠬᠡᠷᠡᠭᠵᠢᠭᠦᠯᠦᠨ᠎ᠡ᠃ ᠴᠢᠬᠤᠯᠠ ᠶᠡᠬᠡ ᠠᠰᠠᠭᠤᠳᠠᠯ ᠪᠦᠬᠦᠨ᠎ᠢ ᠴᠥᠮ ᠬᠠᠮᠲᠤ᠎ᠪᠠᠷ ᠤᠳᠤᠷᠢᠳᠭᠤ᠂ ᠠᠷᠠᠳᠴᠢᠯᠠᠯ ᠲᠥᠪᠯᠡᠷᠡᠯ᠎ᠢ ᠬᠡᠷᠡᠭᠵᠢᠭᠦᠯᠬᠦ᠂ ᠲᠤᠰᠭᠠᠢ ᠶᠠᠷᠢᠯᠴᠠᠬᠤ᠂ ᠬᠤᠷᠠᠯ᠎ᠢᠶᠠᠷ ᠲᠣᠭᠲᠠᠭᠠᠬᠤ ᠵᠠᠷᠴᠢᠮ ᠶᠣᠰᠤᠭᠠᠷ᠂ ᠨᠠᠮ᠎ᠤᠨ ᠬᠣᠷᠢᠶ᠎ᠠ ᠬᠠᠮᠲᠤ᠎ᠪᠠᠷ ᠶᠠᠷᠢᠯᠴᠠᠵᠤ ᠲᠣᠭᠲᠠᠭᠠᠯ ᠭᠠᠷᠭᠠᠬᠤ ᠬᠡᠷᠡᠭᠲᠡᠢ; ᠬᠣᠷᠢᠶ᠎ᠠ᠎ᠶᠢᠨ ᠪᠦᠷᠢᠯᠳᠦᠬᠦᠨ᠎ᠨᠠᠷ ᠬᠠᠮᠲᠤ᠎ᠶᠢᠨ ᠲᠣᠭᠲᠠᠭᠠᠯ ᠪᠠ ᠠᠵᠢᠯ᠎ᠤᠨ ᠬᠤᠪᠢᠶᠠᠷᠢᠯᠠᠯᠲᠠ᠎ᠶᠢ ᠦᠨᠳᠦᠰᠦᠯᠡᠠ᠂ ᠥᠪᠡᠷ᠎ᠦᠨ ᠲᠤᠱᠢᠶᠠᠯ ᠬᠠᠷᠢᠭᠤᠴᠠᠯᠭ᠎ᠠ᠎ᠪᠠᠨ ᠦᠨᠡᠨ᠎ᠬᠦ ᠭᠦᠢᠴᠡᠳᠬᠡᠬᠦ ᠬᠡᠷᠡᠭᠲᠡᠢ᠃

  (ᠵᠢᠷᠭᠤᠭ᠎ᠠ) ᠨᠠᠮ ᠶᠠᠮᠠᠷᠪᠠ ᠬᠡᠯᠪᠡᠷᠢ᠎ᠪᠡᠷ ᠬᠤᠪᠢ ᠬᠥᠮᠦᠨ᠎ᠢ ᠱᠢᠲᠦᠬᠦ ᠶᠠᠪᠤᠳᠠᠯ᠎ᠢ ᠴᠠᠭᠠᠵᠠᠯᠠᠨ᠎ᠠ᠃ ᠨᠠᠮ᠎ᠤᠨ ᠤᠳᠤᠷᠢᠳᠭᠤ ᠬᠥᠮᠦᠰ᠎ᠦᠨ ᠠᠵᠢᠯᠯᠠᠭ᠎ᠠ᠎ᠶᠢ ᠨᠠᠮ ᠪᠠ ᠠᠷᠠᠳ ᠲᠦᠮᠡᠨ᠎ᠦ ᠬᠢᠨᠠᠯᠲᠠ᠎ᠶᠢᠨ ᠳᠣᠤᠷ᠎ᠠ ᠪᠠᠢᠯᠭᠠᠬᠤ᠎ᠶᠢ ᠪᠠᠲᠤᠯᠠᠬᠤ᠎ᠶᠢᠨ ᠬᠠᠮᠲᠤ᠂ ᠨᠠᠮ ᠪᠠ ᠠᠷᠠᠳ ᠲᠦᠮᠡᠨ᠎ᠦ ᠠᠱᠢᠭ ᠲᠤᠰᠠ᠎ᠶᠢ ᠲᠥᠯᠦᠭᠡᠯᠡᠬᠦ ᠤᠳᠤᠷᠢᠳᠭᠤ ᠬᠥᠮᠦᠨ ᠪᠦᠬᠦᠨ᠎ᠦ ᠢᠲᠡᠭᠡᠯ ᠬᠦᠡᠳᠦ᠎ᠶᠢ ᠬᠠᠮᠠᠭᠠᠯᠠᠬᠤ ᠬᠡᠷᠡᠭᠲᠡᠢ᠃

  ᠠᠷᠪᠠᠨ ᠨᠢᠭᠡᠳᠦᠭᠡᠷ ᠵᠦᠢᠯ  ᠨᠠᠮ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢ ᠬᠢᠭᠡᠳ ᠬᠣᠷᠢᠶ᠎ᠠ᠎ᠶᠢ ᠭᠠᠷᠭᠠᠬᠤ᠎ᠳᠤ᠎ᠪᠠᠨ ᠰᠣᠩᠭᠤᠭᠰᠠᠳ᠎ᠤᠨ ᠵᠣᠷᠢᠭ ᠰᠠᠨᠠᠭ᠎ᠠ᠎ᠶᠢ ᠬᠠᠷᠠᠭᠤᠯᠬᠤ ᠬᠡᠷᠡᠭᠲᠡᠢ᠃ ᠰᠣᠩᠭᠤᠭᠤᠯᠢ᠎ᠳᠤ ᠨᠢᠭᠤᠴᠠ᠎ᠪᠠᠷ ᠰᠣᠩᠭᠤᠬᠤ ᠠᠷᠭ᠎ᠠ᠎ᠶᠢ ᠬᠡᠷᠡᠭᠯᠡᠨ᠎ᠡ᠃ ᠵᠢᠱ᠌ᠢᠭᠳᠡᠭᠰᠡᠳ᠎ᠦᠨ ᠨᠡᠷᠡᠰ᠎ᠢ ᠨᠠᠮ᠎ᠤᠨ ᠵᠣᠬᠢᠶᠠᠨ ᠪᠠᠢᠭᠤᠯᠤᠯᠲᠠ ᠪᠠ ᠰᠣᠩᠭᠤᠭᠰᠠᠳ ᠭᠦᠢᠴᠡᠳ ᠵᠥᠪᠳᠡᠨ ᠶᠠᠷᠢᠯᠴᠠᠬᠤ ᠬᠡᠷᠡᠭᠲᠡᠢ᠃ ᠵᠢᠱ᠌ᠢᠭᠳᠡᠭᠰᠡᠳ᠎ᠦᠨ ᠲᠣᠭ᠎ᠠ᠎ᠶᠢ ᠰᠣᠩᠭᠤᠭᠳᠠᠬᠤ ᠬᠥᠮᠦᠨ᠎ᠦ ᠲᠣᠭ᠎ᠠ᠎ᠠᠴᠠ ᠢᠯᠡᠭᠦᠦ ᠪᠠᠢᠯᠭᠠᠬᠤ ᠵᠥᠷᠢᠶ᠎ᠡ ᠲᠣᠭᠠᠲᠤ ᠰᠣᠩᠭᠤᠭᠤᠯᠢ᠎ᠶᠢᠨ ᠠᠷᠭ᠎ᠠ᠎ᠶᠢ ᠱᠢᠭᠤᠳ ᠬᠡᠷᠡᠭᠯᠡᠨ ᠵᠢᠩᠬᠢᠨᠢ ᠰᠣᠩᠭᠤᠭᠤᠯᠢ ᠶᠠᠪᠤᠭᠤᠯᠵᠤ ᠪᠤᠯᠦᠨ᠎ᠡ᠃ ᠤᠷᠢᠳ᠎ᠢᠶᠠᠷ ᠵᠥᠷᠢᠶ᠎ᠡ ᠲᠣᠭᠠᠲᠤ ᠰᠣᠩᠭᠤᠭᠤᠯᠢ᠎ᠶᠢᠨ ᠠᠷᠭ᠎ᠠ᠎ᠪᠠᠷ ᠪᠡᠯᠡᠳᠬᠡᠯ ᠰᠣᠩᠭᠤᠭᠤᠯᠢ ᠶᠠᠪᠤᠭᠤᠯᠤᠭᠠᠳ᠂ ᠵᠢᠱ᠌ᠢᠭᠳᠡᠭᠰᠡᠳ᠎ᠦᠨ ᠨᠡᠷᠡᠰ᠎ᠢ ᠭᠠᠷᠭᠠᠭᠰᠠᠨ᠎ᠤ ᠳᠠᠷᠠᠭ᠎ᠠ ᠵᠢᠩᠬᠢᠨᠢ ᠰᠣᠩᠭᠤᠭᠤᠯᠢ ᠶᠠᠪᠤᠭᠤᠯᠤᠭᠰᠠᠨ᠎ᠴᠤ ᠪᠤᠯᠦᠨ᠎ᠡ᠃ ᠰᠣᠩᠭᠤᠭᠰᠠᠳ᠎ᠨᠢ ᠵᠢᠱ᠌ᠢᠭᠳᠡᠭᠰᠡᠳ᠎ᠦᠨ ᠪᠠᠢᠳᠠᠯ᠎ᠢ ᠣᠢᠯᠠᠭᠠᠬᠤ᠂ ᠵᠢᠱ᠌ᠢᠭᠳᠡᠭᠰᠡᠳ᠎ᠢ ᠰᠣᠯᠢᠬᠤ᠎ᠪᠠᠷ ᠱᠠᠭᠠᠷᠳᠠᠬᠤ᠂ ᠠᠯᠢ ᠨᠢᠭᠡ ᠵᠢᠱ᠌ᠢᠭᠳᠡᠭᠴᠢ᠎ᠶᠢ ᠰᠣᠩᠭᠤᠬᠤ᠎ᠦᠭᠡᠢ ᠪᠠᠢᠬᠤ ᠪᠠ ᠦᠭᠡᠷ᠎ᠠ ᠬᠥᠮᠦᠨ᠎ᠢ ᠰᠣᠩᠭᠤᠬᠤ ᠡᠷᠬᠡ᠎ᠲᠡᠢ᠃ ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠶᠠᠮᠠᠷ᠎ᠴᠤ ᠬᠡᠯᠪᠡᠷᠢ᠎ᠪᠡᠷ ᠰᠣᠩᠭᠤᠭᠰᠠᠳ᠎ᠢ ᠠᠯᠪᠠᠳᠠᠵᠤ ᠪᠠᠢᠭᠠᠳ ᠶᠠᠮᠠᠷ ᠨᠢᠭᠡᠨ ᠬᠥᠮᠦᠨ᠎ᠢ ᠰᠣᠩᠭᠤᠭᠤᠯᠬᠤ ᠪᠤᠶᠦ ᠰᠣᠩᠭᠤᠭᠤᠯᠬᠤ᠎ᠦᠭᠡᠢ ᠪᠠᠢᠵᠤ ᠪᠣᠯᠬᠤ᠎ᠦᠭᠡᠢ᠃

  ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ ᠪᠠ ᠦᠨᠳᠦᠰᠦᠠ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠤᠨ ᠰᠣᠩᠭᠤᠭᠤᠯᠢ᠎ᠳᠤ ᠬᠡᠷᠪᠡ ᠨᠠᠮ᠎ᠤᠨ ᠳᠦᠷᠢᠮ᠎ᠡᠴᠡ ᠵᠥᠷᠢᠴᠡᠭᠰᠡᠨ ᠪᠠᠢᠳᠠᠯ ᠭᠠᠷᠪᠠᠯ᠂ ᠳᠡᠭᠡᠳᠦ ᠨᠢᠭᠡ ᠱᠠᠲᠤᠨ᠎ᠤ ᠨᠠᠮ᠎ᠤᠨ ᠬᠣᠷᠢᠶ᠎ᠠ᠎ᠨᠢ ᠪᠠᠢᠴᠠᠭᠠᠨ ᠬᠠᠷᠭᠤᠭᠤᠯᠤᠭᠰᠠᠨ᠎ᠤ ᠳᠠᠷᠠᠭ᠎ᠠ ᠤᠤᠯ ᠰᠣᠩᠭᠤᠭᠤᠯᠢ᠎ᠶᠢ ᠬᠦᠴᠦᠨ᠎ᠦᠭᠡᠢ ᠪᠣᠯᠭᠠᠬᠤ ᠪᠠ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠲᠣᠭᠲᠠᠭᠠᠯ ᠭᠠᠷᠭᠠᠬᠤ᠎ᠶᠢᠨ ᠬᠠᠮᠲᠤ ᠲᠡᠭᠦᠨ᠎ᠡᠴᠡ ᠳᠡᠭᠡᠳᠦ ᠨᠢᠭᠡ ᠱᠠᠲᠤᠨ᠎ᠤ ᠨᠠᠮ᠎ᠤᠨ ᠬᠣᠷᠢᠶᠠᠨ᠎ᠳᠤ ᠮᠡᠳᠡᠭᠦᠯᠵᠦ ᠬᠢᠨᠠᠨ ᠪᠠᠢᠴᠠᠭᠠᠯᠭᠠᠵᠤ ᠵᠥᠪᠱᠢᠶᠡᠷᠡᠭᠦᠯᠦᠭᠡᠳ᠂ ᠠᠯᠪᠠᠨ ᠶᠣᠰᠤᠭᠠᠷ ᠨᠡᠢᠲᠡᠯᠡᠨ ᠬᠡᠷᠡᠭᠵᠢᠭᠦᠯᠬᠦ ᠬᠡᠷᠡᠭᠲᠡᠢ᠃

  ᠨᠠᠮ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢᠳ᠎ᠲᠦ ᠲᠤᠱᠢᠶᠠᠯ᠎ᠤᠨ ᠬᠤᠭᠤᠴᠠᠭᠠᠨ᠎ᠤ ᠳᠦᠷᠢᠮ᠎ᠢ ᠬᠡᠷᠡᠭᠵᠢᠭᠦᠯᠦᠨ᠎ᠡ᠃

  ᠠᠷᠪᠠᠨ ᠬᠣᠶᠠᠳᠤᠭᠠᠷ ᠵᠦᠢᠯ  ᠨᠠᠮ᠎ᠤᠨ ᠲᠥᠪ ᠬᠣᠷᠢᠶ᠎ᠠ ᠪᠠ ᠣᠷᠤᠨ ᠨᠤᠲᠤᠭ᠎ᠤᠨ ᠡᠯ᠎ᠡ ᠱᠠᠲᠤᠨ᠎ᠤ ᠬᠣᠷᠢᠶ᠎ᠠ᠎ᠨᠢ ᠴᠢᠬᠤᠯᠠᠲᠠᠢ ᠦᠶ᠎ᠡ᠎ᠳᠤ ᠲᠥᠯᠦᠭᠡᠯᠡᠭᠴᠢᠳ᠎ᠦᠨ ᠬᠤᠷᠠᠯᠳᠤᠭᠠᠨ᠎ᠢ ᠬᠤᠷᠠᠯᠳᠤᠭᠤᠯᠵᠤ᠂ ᠴᠠᠭ ᠲᠤᠬᠠᠢ᠎ᠳᠤᠨᠢ ᠱᠢᠢᠳᠪᠦᠷᠢᠯᠡᠬᠦ ᠴᠢᠬᠤᠯᠠᠲᠠᠢ ᠴᠢᠬᠤᠯᠠ ᠶᠡᠬᠡ ᠠᠰᠠᠭᠤᠳᠠᠯ᠎ᠢ ᠶᠠᠷᠢᠯᠴᠠᠨ ᠲᠣᠭᠲᠠᠭᠠᠨ᠎ᠠ᠃ ᠲᠥᠯᠦᠭᠡᠯᠡᠭᠴᠢᠳ᠎ᠦᠨ ᠬᠤᠷᠠᠯᠳᠤᠭᠠᠨ᠎ᠳᠤ ᠣᠷᠤᠯᠴᠠᠬᠤ ᠲᠥᠯᠦᠭᠡᠯᠡᠭᠴᠢᠳ᠎ᠦᠨ ᠲᠣᠭ᠎ᠠ ᠪᠠ ᠲᠥᠯᠦᠭᠡᠯᠡᠭᠴᠢᠳ᠎ᠢ ᠭᠠᠷᠭᠠᠬᠤ ᠠᠷᠭ᠎ᠠ᠎ᠶᠢ ᠲᠥᠯᠦᠭᠡᠯᠡᠭᠴᠢᠳ᠎ᠦᠨ ᠬᠤᠷᠠᠯᠳᠤᠭᠠᠨ᠎ᠢ ᠬᠤᠷᠠᠯᠳᠤᠭᠤᠯᠬᠤ ᠬᠣᠷᠢᠶ᠎ᠠ᠎ᠠᠴᠠ ᠲᠣᠭᠲᠠᠭᠠᠨ᠎ᠠ᠃

  ᠠᠷᠪᠠᠨ ᠭᠤᠷᠪᠠᠳᠤᠭᠠᠷ ᠵᠦᠢᠯ  ᠨᠠᠮ᠎ᠤᠨ ᠱᠢᠨ᠎ᠡ ᠵᠣᠬᠢᠶᠠᠨ ᠪᠠᠢᠭᠤᠯᠤᠯᠲᠠ᠎ᠶᠢ ᠪᠠᠢᠭᠤᠯᠬᠤ᠂ ᠡᠰᠡᠬᠦᠯ᠎ᠡ ᠨᠠᠮ᠎ᠤᠨ ᠤᠤᠯ ᠵᠣᠬᠢᠶᠠᠨ ᠪᠠᠢᠭᠤᠯᠤᠯᠲᠠ᠎ᠶᠢ ᠬᠠᠰᠤᠬᠤ ᠶᠠᠪᠤᠳᠠᠯ᠎ᠢ ᠡᠷᠬᠡᠪᠱᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠣᠭᠲᠠᠭᠠᠬᠤ ᠬᠡᠷᠡᠭᠲᠡᠢ᠃

  ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ ᠪᠠ ᠦᠨᠳᠦᠰᠦᠠ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠤᠨ ᠬᠤᠷᠠᠯ ᠲᠡᠭᠦᠰᠦᠭᠰᠡᠨ ᠬᠤᠭᠤᠴᠠᠭᠠᠨ᠎ᠳᠤ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠴᠢᠬᠤᠯᠠᠲᠠᠢ ᠭᠡᠵᠦ ᠦᠵᠡᠪᠡᠯ᠂ ᠳᠣᠤᠷᠠᠲᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ᠎ᠢ ᠱᠢᠯᠵᠢᠭᠦᠯᠬᠦ ᠪᠤᠶᠦ ᠲᠣᠮᠢᠯᠠᠵᠤ ᠪᠤᠯᠦᠨ᠎ᠡ᠃

  ᠨᠠᠮ᠎ᠤᠨ ᠲᠥᠪ ᠬᠣᠷᠢᠶ᠎ᠠ ᠪᠠ ᠣᠷᠤᠨ ᠨᠤᠲᠤᠭ᠎ᠤᠨ ᠡᠯ᠎ᠡ ᠱᠠᠲᠤᠨ᠎ᠤ ᠬᠣᠷᠢᠶ᠎ᠠ᠎ᠨᠢ ᠲᠥᠯᠦᠭᠡᠯᠡᠬᠦ ᠪᠠᠢᠭᠤᠯᠭ᠎ᠠ ᠲᠣᠮᠢᠯᠠᠵᠤ ᠪᠤᠯᠤᠨ᠎ᠠ᠃

  ᠠᠷᠪᠠᠨ ᠳᠥᠷᠪᠡᠳᠦᠭᠡᠷ ᠵᠦᠢᠯ  ᠨᠠᠮ᠎ᠤᠨ ᠲᠥᠪ ᠬᠣᠷᠢᠶ᠎ᠠ ᠪᠠ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠬᠣᠷᠢᠶ᠎ᠠ ᠲᠣᠭᠤᠷᠢᠨ ᠪᠠᠢᠴᠠᠭᠠᠬᠤ ᠳᠦᠷᠢᠮ᠎ᠢ ᠬᠡᠷᠡᠭᠵᠢᠭᠦᠯᠵᠦ᠂ ᠨᠢᠭᠡ ᠲᠤᠱᠢᠶᠠᠯ᠎ᠤᠨ ᠬᠤᠭᠤᠴᠠᠭᠠᠨ᠎ᠳᠤ᠂ ᠬᠠᠮᠢᠶᠠᠷᠴᠤ ᠪᠠᠢᠭ᠎ᠠ ᠣᠷᠤᠨ ᠨᠤᠲᠤᠭ᠂ ᠰᠠᠯᠠᠭ᠎ᠠ ᠮᠥᠴᠢᠷ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢ ᠨᠡᠢᠳᠡᠮ᠎ᠳ᠋ᠦᠨᠢ ᠲᠣᠭᠤᠷᠢᠨ ᠪᠠᠢᠴᠠᠭᠠᠨ᠎ᠠ᠃

  ᠲᠥᠪ᠎ᠦᠨ ᠬᠣᠯᠪᠤᠭᠳᠠᠯ ᠪᠦᠬᠦᠢ ᠶᠠᠮᠤᠨ ᠬᠣᠷᠢᠶ᠎ᠠ ᠪᠠ ᠲᠥᠷᠦ᠎ᠶᠢᠨ ᠪᠠᠢᠭᠤᠯᠭ᠎ᠠ᠎ᠶᠢᠨ ᠰᠠᠯᠠᠭ᠎ᠠ ᠮᠥᠴᠢᠷ᠎ᠦᠨ ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠬᠣᠷᠢᠶ᠎ᠠ) ᠠᠵᠢᠯ᠎ᠤᠨ ᠬᠡᠷᠡᠭᠴᠡᠭᠡ᠎ᠪᠡᠨ ᠦᠨᠳᠦᠰᠦᠯᠡᠵᠦ᠂ ᠲᠣᠭᠤᠷᠢᠨ ᠪᠠᠢᠴᠠᠭᠠᠬᠤ ᠠᠵᠢᠯ ᠥᠷᠨᠢᠭᠦᠯᠦᠨ᠎ᠡ᠃

  ᠨᠠᠮ᠎ᠤᠨ ᠬᠣᠲᠠ (ᠲᠤᠰᠭᠠᠢ ᠣᠷᠤᠨ᠂ ᠵᠧᠦ᠂ ᠠᠢᠮᠠᠭ) ᠪᠠ ᠱᠢᠶᠠᠨ (ᠬᠣᠲᠠ᠂ ᠲᠣᠭᠤᠷᠢᠭ᠂ ᠬᠣᠱᠢᠭᠤ) ᠶᠢᠨ ᠬᠣᠷᠢᠶ᠎ᠠ᠎ᠳᠤ ᠴᠠᠭᠳᠠᠨ ᠪᠠᠢᠴᠠᠭᠠᠬᠤ ᠳᠦᠷᠢᠮ᠎ᠢ ᠪᠠᠢᠭᠤᠯᠤᠨ᠎ᠠ᠃

  ᠠᠷᠪᠠᠨ ᠲᠠᠪᠤᠳᠤᠭᠠᠷ ᠵᠦᠢᠯ  ᠨᠠᠮ᠎ᠤᠨ ᠡᠯ᠎ᠡ ᠱᠠᠲᠤᠨ᠎ᠤ ᠤᠳᠤᠷᠢᠳᠭᠤ ᠪᠠᠢᠭᠤᠯᠭ᠎ᠠ᠎ᠨᠢ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ᠎ᠳᠤ ᠬᠣᠯᠪᠤᠭᠳᠠᠬᠤ ᠴᠢᠬᠤᠯᠠ ᠠᠰᠠᠭᠤᠳᠠᠯ᠎ᠤᠨ ᠲᠤᠬᠠᠢ ᠲᠣᠭᠲᠠᠭᠠᠯ ᠭᠠᠷᠭᠠᠬᠤ᠎ᠳᠤ᠎ᠪᠠᠨ᠂ ᠡᠩ᠎ᠦᠨ ᠪᠠᠢᠳᠠᠯ᠎ᠤᠨ ᠳᠣᠤᠷ᠎ᠠ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠰᠠᠨᠠᠯ᠎ᠢ ᠬᠤᠷᠢᠶᠠᠬᠤ ᠬᠡᠷᠡᠭᠲᠡᠢ᠃ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠥᠪᠡᠷ᠎ᠦᠨ ᠡᠷᠬᠡ ᠲᠤᠱᠢᠶᠠᠯ᠎ᠢᠶᠠᠨ ᠬᠡᠪ᠎ᠦᠨ ᠶᠣᠰᠤᠭᠠᠷ ᠬᠡᠷᠡᠭᠵᠢᠭᠦᠯᠵᠦ ᠴᠢᠳᠠᠬᠤ᠎ᠶᠢ ᠪᠠᠲᠤᠯᠠᠬᠤ ᠬᠡᠷᠡᠭᠲᠡᠢ᠃ ᠣᠨᠴᠠᠭᠠᠢ ᠪᠠᠢᠳᠠᠯ᠎ᠦᠭᠡᠢ ᠪᠤᠯ᠂ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠱᠢᠢᠳᠪᠦᠷᠢᠯᠡᠬᠦ ᠶᠣᠰᠤᠲᠠᠢ ᠠᠰᠠᠭᠤᠳᠠᠯ ᠪᠦᠬᠦᠨ᠎ᠳᠦ ᠳᠡᠭᠡᠳᠦ ᠱᠠᠲᠤᠨ᠎ᠤ ᠤᠳᠤᠷᠢᠳᠭᠤ ᠪᠠᠢᠭᠤᠯᠭ᠎ᠠ ᠭᠠᠷ ᠲᠦᠷᠦᠬᠦ ᠬᠡᠷᠡᠭ᠎ᠦᠭᠡᠢ᠃

  ᠠᠷᠪᠠᠨ ᠵᠢᠷᠭᠤᠳᠤᠭᠠᠷ ᠵᠦᠢᠯ  ᠪᠦᠬᠦ ᠤᠯᠤᠰ᠎ᠤᠨ ᠴᠢᠨᠠᠷᠲᠠᠢ ᠴᠢᠬᠤᠯᠠ ᠶᠡᠬᠡ ᠲᠥᠷᠦ᠎ᠶᠢᠨ ᠪᠣᠳᠤᠯᠭ᠎ᠠ᠎ᠳᠤ ᠬᠣᠯᠪᠤᠭᠳᠠᠬᠤ ᠠᠰᠠᠭᠤᠳᠠᠯ᠎ᠳᠤ ᠭᠠᠭᠴᠠ᠎ᠬᠦ ᠨᠠᠮ᠎ᠤᠨ ᠲᠥᠪ ᠬᠣᠷᠢᠶ᠎ᠠ ᠲᠣᠭᠲᠠᠭᠠᠯ ᠭᠠᠷᠭᠠᠬᠤ ᠡᠷᠬᠡ᠎ᠲᠡᠢ᠂ ᠡᠯ᠎ᠡ ᠰᠠᠯᠠᠭ᠎ᠠ ᠮᠥᠴᠢᠷ᠂ ᠡᠯ᠎ᠡ ᠣᠷᠤᠨ ᠨᠤᠲᠤᠭ᠎ᠤᠨ ᠨᠠᠮ᠎ᠤᠨ ᠵᠣᠬᠢᠶᠠᠨ ᠪᠠᠢᠭᠤᠯᠤᠯᠲᠠ ᠲᠥᠪ ᠬᠣᠷᠢᠶᠠᠨ᠎ᠳᠤ ᠰᠠᠨᠠᠭᠤᠯᠭ᠎ᠠ ᠭᠠᠷᠭᠠᠵᠤ ᠪᠤᠯᠦᠨ᠎ᠡ᠂ ᠭᠡᠪᠡᠴᠦ ᠳᠤᠷ᠎ᠠ᠎ᠪᠠᠷ᠎ᠢᠶᠠᠨ ᠲᠣᠭᠲᠠᠭᠠᠯ ᠭᠠᠷᠭᠠᠬᠤ ᠪᠠ ᠵᠣᠷᠢᠯᠲᠠ᠎ᠪᠠᠨ ᠭᠠᠳᠠᠭᠱᠢ ᠨᠡᠢᠲᠡᠯᠡᠵᠦ ᠪᠣᠯᠬᠤ᠎ᠦᠭᠡᠢ᠃

  ᠨᠠᠮ᠎ᠤᠨ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ ᠡᠷᠬᠡᠪᠱᠢ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠲᠣᠭᠲᠠᠭᠠᠯ᠎ᠢ ᠡᠷᠡᠰ ᠬᠡᠷᠡᠭᠵᠢᠭᠦᠯᠬᠦ ᠬᠡᠷᠡᠭᠲᠡᠢ᠃ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ᠎ᠨᠢ ᠬᠡᠷᠪᠡ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ ᠶᠢᠨ ᠲᠣᠭᠲᠠᠭᠠᠯ᠎ᠢ ᠲᠤᠰ ᠭᠠᠵᠠᠷ ᠣᠷᠤᠨ᠂ ᠲᠤᠰ ᠰᠠᠯᠠᠭ᠎ᠠ ᠮᠥᠴᠢᠷ᠎ᠦᠨ᠎ᠢᠶᠡᠨ ᠪᠣᠳᠠᠲᠤ ᠪᠠᠢᠳᠠᠯ᠎ᠲᠠᠢ ᠨᠡᠢᠴᠡᠬᠦ᠎ᠦᠭᠡᠢ ᠭᠡᠵᠦ ᠦᠵᠡᠪᠡᠯ ᠥᠭᠡᠷᠡᠴᠢᠯᠡᠭᠦᠯᠬᠦ᠎ᠪᠡᠷ ᠭᠤᠶᠤᠴᠢᠯᠠᠵᠤ ᠪᠤᠯᠦᠨ᠎ᠡ; ᠬᠡᠷᠪᠡ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠨᠢ ᠤᠤᠯ ᠲᠣᠭᠲᠠᠭᠠᠯ᠎ᠢᠶᠠᠨ ᠪᠠᠷᠢᠮᠲᠠᠯᠠᠪᠠᠯ᠂ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ᠎ᠨᠢ ᠡᠷᠬᠡᠪᠱᠢ ᠬᠡᠷᠡᠭᠵᠢᠭᠦᠯᠬᠦ ᠬᠡᠷᠡᠭᠲᠡᠢ ᠪᠥᠭᠡᠳ ᠠᠳᠠᠯᠢ ᠪᠤᠰᠦ ᠰᠠᠨᠠᠯ᠎ᠢᠶᠠᠨ ᠢᠯᠡ᠎ᠪᠡᠷ ᠨᠡᠢᠲᠡᠯᠡᠵᠦ ᠪᠣᠯᠬᠤ᠎ᠦᠭᠡᠢ᠂ ᠭᠡᠪᠡᠴᠦ ᠲᠡᠭᠦᠨ᠎ᠡᠴᠡ ᠳᠡᠭᠡᠳᠦ ᠨᠢᠭᠡ ᠱᠠᠲᠤᠨ᠎ᠤ ᠵᠣᠬᠢᠶᠠᠨ ᠪᠠᠢᠭᠤᠯᠤᠯᠲᠠ᠎ᠳᠤ ᠮᠡᠳᠡᠭᠦᠯᠬᠦ ᠡᠷᠬᠡ᠎ᠲᠡᠢ᠃

  ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠰᠣᠨᠢᠨ ᠰᠡᠳᠬᠦᠯ ᠪᠠ ᠤᠬᠠᠭᠤᠯᠭ᠎ᠠ᠎ᠶᠢᠨ ᠪᠤᠰᠤᠳ ᠪᠠᠭᠠᠵᠢ ᠬᠡᠷᠡᠭᠰᠡᠯ᠎ᠨᠢ ᠡᠷᠬᠡᠪᠱᠢ ᠨᠠᠮ᠎ᠤᠨ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ ᠪᠠ ᠱᠢᠢᠳᠪᠦᠷᠢ᠎ᠶᠢ ᠤᠬᠠᠭᠤᠯᠬᠤ ᠬᠡᠷᠡᠭᠲᠡᠢ᠃

  ᠠᠷᠪᠠᠨ ᠳᠣᠯᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠠᠰᠠᠭᠤᠳᠠᠯ᠎ᠢ ᠶᠠᠷᠢᠯᠴᠠᠨ ᠲᠣᠭᠲᠠᠭᠠᠬᠤ᠎ᠳᠤ᠎ᠪᠠᠨ ᠡᠷᠬᠡᠪᠱᠢ ᠴᠥᠭᠡᠩᠬᠢ᠎ᠨᠢ ᠣᠯᠠᠩᠬᠢ᠎ᠪᠠᠨ ᠳᠠᠭᠠᠬᠤ ᠵᠠᠷᠴᠢᠮ᠎ᠢ ᠬᠡᠷᠡᠭᠵᠢᠭᠦᠯᠬᠦ ᠬᠡᠷᠡᠭᠲᠡᠢ᠃ ᠴᠢᠬᠤᠯᠠ ᠠᠰᠠᠭᠤᠳᠠᠯ᠎ᠢ ᠲᠣᠭᠲᠠᠭᠠᠬᠤ᠎ᠳᠤ ᠪᠠᠲᠤᠯᠠᠯᠲᠠ ᠬᠢᠬᠦ ᠬᠡᠷᠡᠭᠲᠡᠢ᠃ ᠴᠥᠭᠡᠩᠬᠢ ᠬᠥᠮᠦᠰ᠎ᠦᠨ ᠠᠳᠠᠯᠢ ᠪᠤᠰᠦ ᠰᠠᠨᠠᠯ᠎ᠢ ᠬᠢᠨᠠᠮᠠᠭᠠᠢ᠎ᠪᠠᠷ ᠪᠣᠳᠤᠯᠬᠢᠯᠠᠬᠤ ᠬᠡᠷᠡᠭᠲᠡᠢ᠃ ᠴᠢᠬᠤᠯᠠ ᠠᠰᠠᠭᠤᠳᠠᠯ᠎ᠤᠨ ᠲᠤᠬᠠᠢ ᠮᠠᠷᠭᠤᠭᠠᠨ ᠭᠠᠷᠴᠤ᠂ ᠬᠣᠶᠠᠷ ᠲᠠᠯ᠎ᠠ᠎ᠶᠢᠨ ᠬᠥᠮᠦᠨ᠎ᠦ ᠲᠣᠭ᠎ᠠ᠎ᠨᠢ ᠣᠢᠷᠠᠯᠴᠠᠭ᠎ᠠ ᠪᠣᠯᠬᠤ᠎ᠳᠤ ᠬᠦᠷᠪᠡᠯ᠂ ᠪᠠᠴᠢᠮ ᠪᠠᠢᠳᠠᠯ᠎ᠤᠨ ᠳᠣᠤᠷ᠎ᠠ ᠡᠷᠬᠡᠪᠱᠢ ᠣᠯᠠᠩᠬᠢ ᠬᠥᠮᠦᠰ᠎ᠦᠨ ᠰᠠᠨᠠᠯ᠎ᠢᠶᠠᠷ ᠬᠡᠷᠡᠭᠵᠢᠭᠦᠯᠬᠦ᠎ᠡᠴᠡ ᠭᠠᠳᠠᠨ᠎ᠠ᠂ ᠲᠣᠭᠲᠠᠭᠠᠯ ᠭᠠᠷᠭᠠᠬᠤ᠎ᠪᠠᠨ ᠲᠦᠷ ᠬᠣᠢᠱᠢᠯᠠᠭᠤᠯᠤᠭᠠᠳ᠂ ᠤᠯᠠᠮ ᠨᠢᠭᠡ ᠠᠯᠬᠤᠮ ᠪᠠᠢᠴᠠᠭᠠᠨ ᠰᠤᠳᠤᠯᠤᠯᠲᠠ ᠬᠢᠵᠦ᠂ ᠰᠠᠨᠠᠯ᠎ᠢᠶᠠᠨ ᠰᠣᠯᠢᠯᠴᠠᠨ᠂ ᠳᠠᠷᠠᠭ᠎ᠠ ᠤᠳᠠᠭ᠎ᠠ ᠳᠠᠬᠢᠨ ᠪᠠᠲᠤᠯᠠᠯᠲᠠ ᠬᠢᠬᠦ ᠬᠡᠷᠡᠭᠲᠡᠢ; ᠣᠨᠴᠠᠭᠠᠢ ᠪᠠᠢᠳᠠᠯ᠎ᠤᠨ ᠳᠣᠤᠷ᠎ᠠ᠂ ᠮᠠᠷᠭᠤᠭᠠᠨ᠎ᠤ ᠪᠠᠢᠳᠠᠯ᠎ᠢᠶᠠᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠳᠤ ᠮᠡᠳᠡᠭᠦᠯᠵᠦ ᠲᠠᠰᠤᠯᠤᠨ ᠲᠣᠭᠲᠠᠭᠠᠯᠭᠠᠬᠤ᠎ᠪᠠᠷ ᠭᠤᠶᠤᠴᠢᠯᠠᠭᠰᠠᠨ᠎ᠴᠤ ᠪᠤᠯᠦᠨ᠎ᠡ᠃

  ᠨᠠᠮ᠎ᠤᠨ ᠭᠡᠱᠢᠭᠦᠨ ᠬᠤᠪᠢ ᠬᠥᠮᠦᠨ᠎ᠦ ᠨᠠᠮ᠎ᠤᠨ ᠵᠣᠬᠢᠶᠠᠨ ᠪᠠᠢᠭᠤᠯᠤᠯᠲᠠ᠎ᠶᠢ ᠲᠥᠯᠦᠭᠡᠯᠡᠨ ᠨᠡᠢᠲᠡᠯᠡᠬᠦ ᠴᠢᠬᠤᠯᠠ ᠵᠣᠷᠢᠯᠲᠠ᠎ᠨᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠨᠢᠭᠡᠨᠲᠡ ᠭᠠᠷᠭᠠᠭᠰᠠᠨ ᠲᠣᠭᠲᠠᠭᠠᠯ᠎ᠤᠨ ᠬᠡᠪᠴᠢᠶ᠎ᠡ᠎ᠡᠴᠡ ᠬᠡᠲᠦᠷᠡᠬᠦ᠎ᠳᠦ ᠬᠦᠷᠪᠡᠯ᠂ ᠡᠷᠬᠡᠪᠱᠢ ᠥᠪᠡᠷ᠎ᠦᠨ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠎ᠳᠤ᠎ᠪᠠᠨ ᠳᠡᠪᠱᠢᠭᠦᠯᠵᠦ ᠶᠠᠷᠢᠯᠴᠠᠭᠤᠯᠤᠨ ᠲᠣᠭᠲᠠᠭᠠᠯᠭᠠᠬᠤ ᠬᠡᠷᠡᠭᠲᠡᠢ᠂ ᠡᠰᠡᠬᠦᠯ᠎ᠡ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠬᠤ ᠬᠡᠷᠡᠭᠲᠡᠢ᠃ ᠶᠠᠮᠠᠷᠪᠠ ᠨᠠᠮ᠎ᠤᠨ ᠭᠡᠱᠢᠭᠦᠨ ᠡᠷᠬᠡ ᠲᠤᠱᠢᠶᠠᠯ᠎ᠤᠨ ᠶᠡᠬᠡ ᠪᠠᠭ᠎ᠠ᠎ᠶᠢᠨ ᠢᠯᠭᠠᠯ᠎ᠦᠭᠡᠢ ᠴᠥᠮ ᠴᠢᠬᠤᠯᠠ ᠶᠡᠬᠡ ᠠᠰᠠᠭᠤᠳᠠᠯ᠎ᠢ ᠬᠤᠪᠢ᠎ᠪᠠᠷ᠎ᠢᠶᠠᠨ ᠲᠣᠭᠲᠠᠭᠠᠵᠤ ᠪᠣᠯᠬᠤ᠎ᠦᠭᠡᠢ; ᠬᠡᠷᠪᠡ ᠪᠠᠴᠢᠮ ᠪᠠᠢᠳᠠᠯ ᠲᠣᠬᠢᠶᠠᠯᠳᠤᠭᠠᠳ ᠵᠠᠪᠠᠯ ᠬᠤᠪᠢ᠎ᠪᠠᠷ᠎ᠢᠶᠠᠨ ᠲᠣᠭᠲᠠᠭᠠᠯ ᠭᠠᠷᠭᠠᠬᠤ ᠴᠢᠬᠤᠯᠠᠲᠠᠢ ᠪᠣᠯᠤᠭᠰᠠᠨ ᠪᠠᠢᠪᠠᠯ᠂ ᠲᠣᠭᠲᠠᠭᠠᠭᠰᠠᠨ᠎ᠤ᠎ᠪᠠᠨ ᠳᠠᠷᠠᠭ᠎ᠠ ᠨᠠᠮ᠎ᠤᠨ ᠵᠣᠬᠢᠶᠠᠨ ᠪᠠᠢᠭᠤᠯᠤᠯᠲᠠ᠎ᠳᠤ ᠳᠠᠷᠤᠢ ᠲᠦᠷᠭᠡᠨ ᠮᠡᠳᠡᠭᠦᠯᠬᠦ ᠬᠡᠷᠡᠭᠲᠡᠢ᠃ ᠶᠠᠮᠠᠷᠪᠠ ᠤᠳᠤᠷᠢᠳᠭᠤ ᠬᠥᠮᠦᠨ᠎ᠦ ᠭᠠᠭᠴᠠᠭᠠᠷ᠎ᠢᠶᠠᠨ ᠡᠵᠡᠨ ᠮᠡᠳᠡᠨ ᠲᠣᠭᠲᠠᠭᠠᠬᠤ ᠪᠠ ᠥᠪᠡᠷ᠎ᠢ᠎ᠪᠡᠨ ᠵᠣᠬᠢᠶᠠᠨ ᠪᠠᠢᠭᠤᠯᠤᠯᠲᠠ᠎ᠠᠴᠠ ᠳᠡᠭᠡᠭᠦᠷ ᠲᠠᠯᠪᠢᠬᠤ᠎ᠶᠢ ᠵᠥᠪᠱᠢᠶᠡᠷᠡᠬᠦ᠎ᠦᠭᠡᠢ᠃

  ᠠᠷᠪᠠᠨ ᠨᠠᠢ᠍ᠮᠠᠳᠤᠭᠠᠷ ᠵᠦᠢᠯ  ᠨᠠᠮ᠎ᠤᠨ ᠲᠥᠪ᠎ᠦᠨ ᠪᠠ ᠣᠷᠤᠨ ᠨᠤᠲᠤᠭ᠎ᠤᠨ ᠵᠢᠴᠢ ᠦᠨᠳᠦᠰᠦᠠ ᠱᠠᠲᠤᠨ᠎ᠤ ᠵᠣᠬᠢᠶᠠᠨ ᠪᠠᠢᠭᠤᠯᠤᠯᠲᠠ ᠴᠥᠮ ᠡᠷᠬᠡᠪᠱᠢ ᠨᠠᠮ᠎ᠤᠨ ᠪᠠᠢᠭᠤᠯᠤᠯᠲᠠ᠎ᠶᠢ ᠴᠢᠬᠤᠯᠠᠴᠢᠯᠠᠨ᠂ ᠨᠠᠮ᠎ᠤᠨ ᠤᠬᠠᠭᠤᠯᠭ᠎ᠠ᠎ᠶᠢᠨ ᠠᠵᠢᠯ᠂ ᠰᠤᠷᠭᠠᠨ ᠬᠥᠮᠦᠵᠢᠯ᠎ᠦᠨ ᠠᠵᠢᠯ᠂ ᠵᠣᠬᠢᠶᠠᠨ ᠪᠠᠢᠭᠤᠯᠤᠯᠲᠠ᠎ᠶᠢᠨ ᠠᠵᠢᠯ᠂ ᠰᠠᠬᠢᠯᠭ᠎ᠠ ᠪᠠᠲᠤ ᠪᠠᠢᠴᠠᠭᠠᠬᠤ ᠠᠵᠢᠯ᠂ ᠣᠯᠠᠨ ᠲᠦᠮᠡᠨ᠎ᠦ ᠠᠵᠢᠯ᠂ ᠨᠢᠭᠡᠳᠦᠮᠡᠯ ᠹᠷᠤᠨᠲ᠎ᠤᠨ ᠠᠵᠢᠯ ᠵᠡᠷᠭᠡ᠎ᠶᠢ ᠦᠷᠭᠦᠯᠵᠢ ᠶᠠᠷᠢᠯᠴᠠᠬᠤ ᠪᠠ ᠪᠠᠢᠴᠠᠭᠠᠵᠤ᠂ ᠨᠠᠮ᠎ᠤᠨ ᠳᠣᠲᠤᠨ᠎ᠠ ᠭᠠᠳᠠᠨᠠᠬᠢ ᠦᠵᠡᠯ ᠰᠠᠨᠠᠭ᠎ᠠ ᠤᠯᠤᠰ ᠲᠥᠷᠦ᠎ᠶᠢᠨ ᠪᠠᠢᠳᠠᠯ᠎ᠢ ᠠᠩᠬᠠᠷᠤᠨ ᠰᠤᠳᠤᠯᠬᠤ ᠬᠡᠷᠡᠭᠲᠡᠢ᠃

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃