ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ (ᠭᠤᠷᠪᠠᠳᠤᠭᠠᠷ ᠪᠦᠯᠦᠭ)
2021.09.16

    ᠭᠤᠷᠪᠠᠳᠤᠭᠠᠷ ᠪᠦᠯᠦᠭ  ᠨᠠᠮ᠎ᠤᠨ ᠲᠥᠪ᠎ᠦᠨ ᠵᠣᠬᠢᠶᠠᠨ ᠪᠠᠢᠭᠤᠯᠤᠯᠲᠠ  

 

  ᠠᠷᠪᠠ ᠶᠢᠰᠦᠳᠦᠭᠡᠷ ᠵᠦᠢᠯ  ᠨᠠᠮ᠎ᠤᠨ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠢ ᠲᠥᠪ ᠬᠣᠷᠢᠶ᠎ᠠ᠎ᠠᠴᠠ ᠲᠠᠪᠤᠨ ᠵᠢᠯ᠎ᠳᠦ ᠨᠢᠭᠡ ᠤᠳᠠᠭ᠎ᠠ ᠬᠤᠷᠠᠯᠳᠤᠭᠤᠯᠤᠨ᠎ᠠ᠃ ᠲᠥᠪ ᠬᠣᠷᠢᠶ᠎ᠠ ᠴᠢᠬᠤᠯᠠᠲᠠᠢ ᠭᠡᠵᠦ ᠦᠵᠡᠪᠡᠯ᠂ ᠡᠰᠡᠬᠦᠯ᠎ᠡ ᠭᠤᠷᠪᠠᠨ᠎ᠤ ᠨᠢᠭᠡ᠎ᠡᠴᠡ ᠳᠡᠭᠡᠭᠱᠢᠬᠢ ᠮᠣᠵᠢ᠎ᠶᠢᠨ ᠱᠠᠲᠤᠨ᠎ᠤ ᠵᠣᠬᠢᠶᠠᠨ ᠪᠠᠢᠭᠤᠯᠤᠯᠲᠠ ᠱᠠᠭᠠᠷᠳᠠᠯᠭ᠎ᠠ ᠭᠠᠷᠭᠠᠪᠠᠯ᠂ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠢ ᠤᠷᠢᠳᠴᠢᠯᠠᠨ ᠬᠤᠷᠠᠯᠳᠤᠭᠤᠯᠵᠤ ᠪᠤᠯᠦᠨ᠎ᠡ; ᠶᠡᠷᠦ ᠪᠤᠰᠦ᠎ᠶᠢᠨ ᠪᠠᠢᠳᠠᠯ ᠲᠣᠬᠢᠶᠠᠯᠳᠤᠬᠤ᠎ᠦᠭᠡᠢ ᠪᠤᠯ᠂ ᠬᠣᠢᠱᠢᠯᠠᠭᠤᠯᠤᠨ ᠬᠤᠷᠠᠯᠳᠤᠭᠤᠯᠵᠤ ᠪᠣᠯᠬᠤ᠎ᠦᠭᠡᠢ᠃

  ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢᠳ᠎ᠦᠨ ᠣᠷᠤᠨ ᠲᠣᠭ᠎ᠠ ᠪᠠ ᠰᠣᠩᠭᠤᠭᠤᠯᠢ᠎ᠶᠢᠨ ᠠᠷᠭ᠎ᠠ᠎ᠶᠢ ᠲᠥᠪ ᠬᠣᠷᠢᠶ᠎ᠠ ᠲᠣᠭᠲᠠᠭᠠᠨ᠎ᠠ᠃

  ᠬᠣᠷᠢᠳᠤᠭᠠᠷ ᠵᠦᠢᠯ  ᠨᠠᠮ᠎ᠤᠨ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠡᠷᠬᠡ ᠲᠤᠱᠢᠶᠠᠯ ᠪᠤᠯ᠄

   (ᠨᠢᠭᠡ) ᠲᠥᠪ ᠬᠣᠷᠢᠶᠠᠨ᠎ᠤ ᠢᠯᠡᠳᠬᠡᠯ᠎ᠢ ᠰᠣᠨᠤᠰᠴᠤ ᠬᠢᠨᠠᠨ ᠪᠠᠢᠴᠠᠭᠠᠨ᠎ᠠ;

   (ᠬᠣᠶᠠᠷ) ᠲᠥᠪ ᠬᠣᠷᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠢᠯᠡᠳᠬᠡᠯ᠎ᠢ ᠬᠢᠨᠠᠨ ᠪᠠᠢᠴᠠᠭᠠᠨ᠎ᠠ;

   (ᠭᠤᠷᠪᠠ) ᠨᠠᠮ᠎ᠤᠨ ᠴᠢᠬᠤᠯᠠ ᠶᠡᠬᠡ ᠠᠰᠠᠭᠤᠳᠠᠯ᠎ᠢ ᠶᠠᠷᠢᠯᠴᠠᠵᠤ ᠲᠣᠭᠲᠠᠭᠠᠨ᠎ᠠ;

   (ᠳᠥᠷᠪᠡ) ᠨᠠᠮ᠎ᠤᠨ ᠳᠦᠷᠢᠮ᠎ᠳᠦ ᠵᠠᠰᠠᠪᠤᠷᠢ ᠣᠷᠤᠭᠤᠯᠤᠨ᠎ᠠ;

   (ᠲᠠᠪᠤ) ᠨᠠᠮ᠎ᠤᠨ ᠲᠥᠪ ᠬᠣᠷᠢᠶ᠎ᠠ᠎ᠶᠢ ᠰᠣᠩᠭᠤᠨ᠎ᠠ;

   (ᠵᠢᠷᠭᠤᠭ᠎ᠠ) ᠲᠥᠪ ᠬᠣᠷᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢ ᠰᠣᠩᠭᠤᠨ᠎ᠠ᠃

  ᠬᠣᠷᠢᠨ ᠨᠢᠭᠡᠳᠦᠭᠡᠷ ᠵᠦᠢᠯ  ᠨᠠᠮ᠎ᠤᠨ ᠪᠦᠬᠦ ᠤᠯᠤᠰ᠎ᠤᠨ ᠲᠥᠯᠦᠭᠡᠯᠡᠭᠴᠢᠳ᠎ᠦᠨ ᠬᠤᠷᠠᠯᠳᠤᠭᠠᠨ᠎ᠤ ᠡᠷᠬᠡ ᠲᠤᠱᠢᠶᠠᠯ ᠪᠤᠯ᠄ ᠴᠢᠬᠤᠯᠠ ᠶᠡᠬᠡ ᠠᠰᠠᠭᠤᠳᠠᠯ᠎ᠢ ᠶᠠᠷᠢᠯᠴᠠᠵᠤ ᠲᠣᠭᠲᠠᠭᠠᠨ᠎ᠠ; ᠲᠥᠪ ᠬᠣᠷᠢᠶ᠎ᠠ᠂ ᠲᠥᠪ  ᠬᠣᠷᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠬᠡᠰᠡᠭ ᠪᠦᠷᠢᠯᠳᠦᠬᠦᠨ᠎ᠢ ᠲᠣᠬᠢᠷᠠᠭᠤᠯᠬᠤ ᠪᠠ ᠨᠡᠮᠡᠵᠦ ᠰᠣᠩᠭᠤᠨ᠎ᠠ᠃ ᠲᠥᠪ ᠬᠣᠷᠢᠶᠠᠨ᠎ᠤ ᠭᠡᠱᠢᠭᠦᠨ ᠪᠣᠯᠤᠨ ᠲᠥᠪ ᠬᠣᠷᠢᠶᠠᠨ᠎ᠤ ᠣᠷᠤᠯᠠᠭᠴᠢ ᠭᠡᠱᠢᠭᠦᠨ᠎ᠢ ᠲᠣᠬᠢᠷᠠᠭᠤᠯᠬᠤ ᠪᠠ ᠨᠡᠮᠡᠵᠦ ᠰᠣᠩᠭᠤᠬᠤ ᠲᠣᠭ᠎ᠠ᠎ᠨᠢ ᠨᠠᠮ᠎ᠤᠨ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠰᠣᠩᠭᠤᠵᠤ ᠭᠠᠷᠭᠠᠭᠰᠠᠨ ᠲᠥᠪ ᠬᠣᠷᠢᠶᠠᠨ᠎ᠤ ᠭᠡᠱᠢᠭᠦᠨ ᠪᠣᠯᠤᠨ ᠲᠥᠪ ᠬᠣᠷᠢᠶᠠᠨ᠎ᠤ ᠣᠷᠤᠯᠠᠭᠴᠢ ᠭᠡᠱᠢᠭᠦᠨ᠎ᠦ ᠲᠤᠰ ᠲᠤᠰ᠎ᠤᠨ ᠪᠦᠬᠦ ᠲᠣᠭᠠᠨ᠎ᠤ ᠲᠠᠪᠤᠨ᠎ᠤ ᠨᠢᠭᠡ᠎ᠡᠴᠡ ᠬᠡᠲᠦᠷᠡᠵᠦ ᠪᠣᠯᠬᠤ᠎ᠦᠭᠡᠢ᠃

  ᠬᠣᠷᠢᠨ ᠬᠣᠶᠠᠳᠤᠭᠠᠷ ᠵᠦᠢᠯ  ᠨᠠᠮ᠎ᠤᠨ ᠲᠥᠪ ᠬᠣᠷᠢᠶᠠᠨ᠎ᠤ ᠬᠤᠭᠤᠴᠠᠭ᠎ᠠ ᠪᠦᠷᠢ᠎ᠶᠢᠨ ᠲᠤᠱᠢᠶᠠᠯ᠎ᠤᠨ ᠬᠤᠭᠤᠴᠠᠭ᠎ᠠ᠎ᠨᠢ ᠲᠠᠪᠤᠨ ᠵᠢᠯ ᠪᠤᠯᠦᠨ᠎ᠡ᠃ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠢ ᠤᠷᠢᠳᠴᠢᠯᠠᠨ ᠬᠤᠷᠠᠯᠳᠤᠭᠤᠯᠬᠤ ᠪᠤᠶᠦ ᠬᠣᠢᠱᠢᠯᠠᠭᠤᠯᠤᠨ ᠬᠤᠷᠠᠯᠳᠤᠭᠤᠯᠪᠠᠯ᠂ ᠲᠡᠭᠦᠨ᠎ᠦ ᠲᠤᠱᠢᠶᠠᠯ᠎ᠤᠨ ᠬᠤᠭᠤᠴᠠᠭ᠎ᠠ᠎ᠨᠢ ᠵᠣᠬᠢᠴᠠᠩᠭᠤᠢ᠎ᠪᠠᠷ ᠬᠤᠪᠢᠷᠠᠨ᠎ᠠ᠃ ᠲᠥᠪ ᠬᠣᠷᠢᠶᠠᠨ᠎ᠤ ᠭᠡᠱᠢᠭᠦᠨ ᠪᠠ ᠣᠷᠤᠯᠠᠭᠴᠢ ᠭᠡᠱᠢᠭᠦᠨ᠎ᠦ ᠨᠠᠮ᠎ᠳᠤ ᠡᠯᠰᠡᠭᠳᠡᠭᠰᠡᠨ ᠣᠨ ᠵᠢᠯ᠎ᠨᠢ ᠡᠷᠬᠡᠪᠱᠢ ᠲᠠᠪᠤᠨ ᠵᠢᠯ᠎ᠡᠴᠡ ᠳᠡᠭᠡᠭᠱᠢ ᠪᠠᠢᠬᠤ ᠬᠡᠷᠡᠭᠲᠡᠢ᠃ ᠲᠥᠪ ᠬᠣᠷᠢᠶᠠᠨ᠎ᠤ ᠭᠡᠱᠢᠭᠦᠨ ᠪᠠ ᠣᠷᠤᠯᠠᠭᠴᠢ ᠭᠡᠱᠢᠭᠦᠨ᠎ᠦ ᠣᠷᠤᠨ ᠲᠣᠭ᠎ᠠ᠎ᠶᠢ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠠᠴᠠ ᠲᠣᠭᠲᠠᠭᠠᠨ᠎ᠠ᠃ ᠲᠥᠪ ᠬᠣᠷᠢᠶᠠᠨ᠎ᠤ ᠭᠡᠱᠢᠭᠦᠨ᠎ᠦ ᠣᠷᠤ ᠰᠤᠯᠠ ᠭᠠᠷᠪᠠᠯ ᠲᠥᠪ ᠬᠣᠷᠢᠶᠠᠨ᠎ᠤ ᠣᠷᠤᠯᠠᠭᠴᠢ ᠭᠡᠱᠢᠭᠦᠨ᠎ᠦ ᠣᠯᠤᠭᠰᠠᠨ ᠫᠢᠶᠤᠤ᠎ᠶᠢᠨ ᠣᠯᠠᠨ ᠴᠥᠭᠡᠨ᠎ᠢ ᠦᠨᠳᠦᠰᠦᠯᠡᠵᠦ ᠳᠡᠰ ᠳᠠᠷᠠᠭᠠᠯᠠᠨ ᠨᠥᠬᠦᠪᠦᠷᠢᠯᠡᠨ᠎ᠡ᠃

  ᠲᠥᠪ ᠬᠣᠷᠢᠶᠠᠨ᠎ᠤ ᠪᠦᠭᠦᠳᠡ ᠬᠤᠷᠠᠯ᠎ᠢ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶ᠎ᠠ᠎ᠠᠴᠠ ᠬᠤᠷᠠᠯᠳᠤᠭᠤᠯᠬᠤ ᠪᠥᠭᠡᠳ ᠵᠢᠯ ᠪᠦᠷᠢ ᠠᠳᠠᠭ᠎ᠲᠤ᠎ᠪᠠᠨ ᠨᠢᠭᠡ ᠤᠳᠠᠭ᠎ᠠ ᠬᠤᠷᠠᠯᠳᠤᠭᠤᠯᠤᠨ᠎ᠠ᠃ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶ᠎ᠠ᠎ᠨᠢ ᠲᠥᠪ ᠬᠣᠷᠢᠶᠠᠨ᠎ᠤ ᠪᠦᠭᠦᠳᠡ ᠬᠤᠷᠠᠯ᠎ᠳᠤ ᠠᠵᠢᠯ᠎ᠢᠶᠠᠨ ᠮᠡᠳᠡᠭᠦᠯᠵᠦ᠂ ᠬᠢᠨᠠᠯᠲᠠ᠎ᠶᠢ ᠬᠦᠯᠢᠶᠡᠨ᠎ᠡ᠃

  ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠬᠤᠷᠠᠯ ᠲᠡᠭᠦᠰᠦᠭᠰᠡᠨ ᠬᠤᠭᠤᠴᠠᠭᠠᠨ᠎ᠳᠤ᠂ ᠲᠥᠪ ᠬᠣᠷᠢᠶ᠎ᠠ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠱᠢᠢᠳᠪᠦᠷᠢ᠎ᠶᠢ ᠬᠡᠷᠡᠭᠵᠢᠭᠦᠯᠦᠨ᠂ ᠨᠠᠮ᠎ᠤᠨ ᠪᠦᠬᠦ ᠠᠵᠢᠯ᠎ᠢ ᠤᠳᠤᠷᠢᠳᠭᠤ ᠪᠥᠭᠡᠳ ᠭᠠᠳᠠᠭᠠᠳᠤ᠎ᠲᠠᠢ ᠬᠠᠷᠢᠯᠴᠠᠬᠤ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠲᠥᠯᠦᠭᠡᠯᠡᠨ᠎ᠡ᠃

  ᠬᠣᠷᠢᠨ ᠭᠤᠷᠪᠠᠳᠤᠭᠠᠷ ᠵᠦᠢᠯ  ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶ᠎ᠠ᠂ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶ᠎ᠠ ᠪᠠ ᠲᠥᠪ ᠬᠣᠷᠢᠶᠠᠨ᠎ᠤ ᠶᠡᠷᠦᠩᠬᠡᠢ ᠱᠦᠵᠢ᠎ᠶᠢ ᠲᠥᠪ ᠬᠣᠷᠢᠶᠠᠨ᠎ᠤ ᠪᠦᠭᠦᠳᠡ ᠬᠤᠷᠠᠯ᠎ᠢᠶᠠᠷ ᠰᠣᠩᠭᠤᠨ᠎ᠠ᠃ ᠲᠥᠪ ᠬᠣᠷᠢᠶᠠᠨ᠎ᠤ ᠶᠡᠷᠦᠩᠬᠡᠢ ᠱᠦᠵᠢ᠎ᠶᠢ ᠡᠷᠬᠡᠪᠱᠢ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶᠠᠨ᠎ᠤ ᠭᠡᠱᠢᠭᠦᠳ᠎ᠦᠨ ᠳᠣᠲᠤᠷ᠎ᠠ᠎ᠠᠴᠠ ᠰᠣᠩᠭᠤᠵᠤ ᠭᠠᠷᠭᠠᠬᠤ ᠬᠡᠷᠡᠭᠲᠡᠢ᠃   

  ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶ᠎ᠠ ᠪᠠ ᠲᠡᠭᠦᠨ᠎ᠦ ᠪᠠᠢᠩᠭᠤ᠎ᠶᠢᠨ ᠬᠣᠷᠢᠶ᠎ᠠ᠎ᠨᠢ ᠲᠥᠪ ᠬᠣᠷᠢᠶᠠᠨ᠎ᠤ ᠪᠦᠭᠦᠳᠡ ᠬᠤᠷᠠᠯ᠎ᠤᠨ ᠬᠤᠷᠠᠯ ᠲᠡᠭᠦᠰᠦᠭᠰᠡᠨ ᠬᠤᠭᠤᠴᠠᠭᠠᠨ᠎ᠳᠤ ᠲᠥᠪ ᠬᠣᠷᠢᠶᠠᠨ᠎ᠤ ᠡᠷᠬᠡ ᠲᠤᠱᠢᠶᠠᠯ᠎ᠢ ᠬᠡᠷᠡᠭᠵᠢᠭᠦᠯᠦᠨ᠎ᠡ᠃

  ᠲᠥᠪ ᠬᠣᠷᠢᠶᠠᠨ᠎ᠤ ᠱᠦᠵᠢ᠎ᠨᠠᠷ᠎ᠤᠨ ᠭᠠᠵᠠᠷ ᠪᠤᠯ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶ᠎ᠠ ᠪᠠ ᠲᠡᠭᠦᠨ᠎ᠦ ᠪᠠᠢᠩᠭᠤ᠎ᠶᠢᠨ ᠬᠣᠷᠢᠶᠠᠨ᠎ᠤ ᠬᠡᠷᠡᠭ ᠡᠷᠬᠢᠯᠡᠬᠦ ᠪᠠᠢᠭᠤᠯᠤᠮᠵᠢ ᠮᠦᠠ; ᠪᠦᠷᠢᠯᠳᠦᠬᠦᠨ᠎ᠢ᠎ᠨᠢ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶ᠎ᠠ᠎ᠠᠴᠠ᠎ᠨᠡᠷ᠎ᠡ ᠳᠤᠷᠠᠳᠴᠤ᠂ ᠲᠥᠪ ᠬᠣᠷᠢᠶᠠᠨ᠎ᠤ ᠪᠦᠭᠦᠳᠡ ᠬᠤᠷᠠᠯ᠎ᠢᠶᠠᠷ ᠪᠠᠲᠤᠯᠠᠨ᠎ᠠ᠃

  ᠲᠥᠪ ᠬᠣᠷᠢᠶᠠᠨ᠎ᠤ ᠶᠡᠷᠦᠩᠬᠡᠢ ᠱᠦᠵᠢ᠎ᠨᠢ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠬᠤᠷᠠᠯᠳᠤᠭᠠᠨ ᠪᠠ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶᠠᠨ᠎ᠤ ᠬᠤᠷᠠᠯᠳᠤᠭᠠᠨ᠎ᠢ ᠬᠠᠷᠢᠭᠤᠴᠠᠨ ᠬᠤᠷᠠᠯᠳᠤᠭᠤᠯᠬᠤ ᠪᠥᠭᠡᠳ ᠲᠥᠪ ᠬᠣᠷᠢᠶᠠᠨ᠎ᠤ ᠱᠦᠵᠢ᠎ᠨᠠᠷ᠎ᠤᠨ ᠭᠠᠵᠠᠷ᠎ᠤᠨ ᠠᠵᠢᠯ᠎ᠢ ᠡᠷᠬᠢᠯᠡᠨ᠎ᠡ᠃

  ᠨᠠᠮ᠎ᠤᠨ ᠲᠥᠪ ᠬᠣᠷᠢᠶᠠᠨ᠎ᠤ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠪᠦᠷᠢᠯᠳᠦᠬᠦᠨ᠎ᠢ ᠲᠥᠪ ᠬᠣᠷᠢᠶ᠎ᠠ᠎ᠠᠴᠠ ᠲᠣᠭᠲᠠᠭᠠᠨ᠎ᠠ᠂ ᠲᠥᠪ ᠬᠣᠷᠢᠶᠠᠨ᠎ᠤ ᠴᠡᠷᠢᠭ᠎ᠦᠨ ᠶᠠᠪᠤᠳᠠᠯ᠎ᠤᠨ ᠬᠣᠷᠢᠶ᠎ᠠ᠎ᠨᠢ ᠲᠡᠷᠢᠭᠦᠯᠡᠭᠴᠢ ᠬᠠᠷᠢᠭᠤᠴᠠᠬᠤ ᠳᠦᠷᠢᠮ᠎ᠢ ᠬᠡᠷᠡᠭᠵᠢᠭᠦᠯᠦᠨ᠎ᠡ᠃

  ᠬᠤᠭᠤᠴᠠᠭ᠎ᠠ ᠪᠦᠷᠢ᠎ᠶᠢᠨ ᠲᠥᠪ ᠬᠣᠷᠢᠶ᠎ᠠ᠎ᠠᠴᠠ ᠰᠣᠩᠭᠤᠭᠳᠠᠨ ᠭᠠᠳᠠᠭᠱᠢ ᠲᠥᠪ ᠬᠣᠷᠢᠶᠠᠨ᠎ᠤ ᠤᠳᠤᠷᠢᠳᠭᠤ ᠪᠠᠢᠭᠤᠯᠤᠮᠵᠢ ᠪᠠ ᠲᠥᠪ ᠬᠣᠷᠢᠶᠠᠨ᠎ᠤ ᠤᠳᠤᠷᠢᠳᠭᠤ ᠬᠥᠮᠦᠰ᠂ ᠳᠠᠷᠠᠭ᠎ᠠ ᠬᠤᠭᠤᠴᠠᠭᠠᠨ᠎ᠤ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠢ ᠬᠤᠷᠠᠯᠳᠤᠭᠤᠯᠵᠤ ᠪᠠᠢᠬᠤ ᠬᠤᠭᠤᠴᠠᠭᠠᠨ᠎ᠳᠤ ᠨᠠᠮ᠎ᠤᠨ ᠪᠠᠢᠩᠭᠤ᠎ᠶᠢᠨ ᠠᠵᠢᠯ᠎ᠢ ᠦᠷᠭᠦᠯᠵᠢᠯᠡᠨ ᠡᠷᠬᠢᠯᠡᠵᠦ᠂ ᠳᠠᠷᠠᠭ᠎ᠠ ᠬᠤᠭᠤᠴᠠᠭᠠᠨ᠎ᠤ ᠲᠥᠪ ᠬᠣᠷᠢᠶ᠎ᠠ᠎ᠠᠴᠠ ᠲᠥᠪ ᠬᠣᠷᠢᠶᠠᠨ᠎ᠤ ᠱᠢᠨ᠎ᠡ ᠤᠳᠤᠷᠢᠳᠭᠤ ᠪᠠᠢᠭᠤᠯᠤᠮᠵᠢ ᠪᠠ ᠲᠥᠪ ᠬᠣᠷᠢᠶᠠᠨ᠎ᠤ ᠤᠳᠤᠷᠢᠳᠭᠤ ᠬᠥᠮᠦᠨ᠎ᠢ ᠰᠣᠩᠭᠤᠵᠤ ᠭᠠᠷᠭᠠᠲᠠᠯ᠎ᠠ ᠠᠵᠢᠯᠯᠠᠨ᠎ᠠ᠃

  ᠬᠣᠷᠢᠨ ᠳᠥᠷᠪᠡᠳᠦᠭᠡᠷ ᠵᠦᠢᠯ  ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠳᠣᠲᠤᠷᠠᠬᠢ ᠨᠠᠮ᠎ᠤᠨ ᠵᠣᠬᠢᠶᠠᠨ ᠪᠠᠢᠭᠤᠯᠤᠯᠲᠠ᠎ᠨᠢ ᠲᠥᠪ ᠬᠣᠷᠢᠶᠠᠨ᠎ᠤ ᠵᠢᠭᠠᠪᠤᠷᠢ᠎ᠪᠠᠷ ᠠᠵᠢᠯᠯᠠᠨ᠎ᠠ᠃ ᠲᠥᠪ ᠬᠣᠷᠢᠶᠠᠨ᠎ᠤ ᠴᠡᠷᠢᠭ᠎ᠦᠨ ᠶᠠᠪᠤᠳᠠᠯ᠎ᠤᠨ ᠬᠣᠷᠢᠶ᠎ᠠ ᠴᠡᠷᠢᠭ ᠠᠩᠭᠢ᠎ᠳᠠᠬᠢ ᠨᠠᠮ᠎ᠤᠨ ᠠᠵᠢᠯ ᠪᠠ ᠤᠯᠤᠰ ᠲᠥᠷᠦ᠎ᠶᠢᠨ ᠠᠵᠢᠯ᠎ᠢ ᠬᠠᠷᠢᠭᠤᠴᠠᠨ᠎ᠠ᠂ ᠴᠡᠷᠢᠭ ᠠᠩᠭᠢ᠎ᠳᠠᠬᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠢᠭᠤᠯᠤᠯ ᠬᠢᠭᠡᠳ ᠪᠠᠢᠭᠤᠯᠤᠮᠵᠢ᠎ᠶᠢᠨ ᠲᠤᠬᠠᠢ ᠲᠣᠭᠲᠠᠭᠠᠯ ᠭᠠᠷᠭᠠᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃