ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ (ᠳᠥᠷᠪᠡᠳᠦᠭᠡᠷ ᠪᠦᠯᠦᠭ)
2021.09.16

    ᠳᠥᠷᠪᠡᠳᠦᠭᠡᠷ ᠪᠦᠯᠦᠭ  ᠨᠠᠮ᠎ᠤᠨ ᠣᠷᠤᠨ ᠨᠤᠲᠤᠭ᠎ᠤᠨ ᠵᠣᠬᠢᠶᠠᠨ ᠪᠠᠢᠭᠤᠯᠤᠯᠲᠠ

 

  ᠬᠣᠷᠢᠨ ᠲᠠᠪᠤᠳᠤᠭᠠᠷ ᠵᠦᠢᠯ  ᠨᠠᠮ᠎ᠤᠨ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠲᠥᠯᠦᠭᠡᠯᠡᠭᠴᠢᠳ᠎ᠦᠨ ᠶᠡᠬᠡ ᠬᠤᠷᠠᠯ᠂ ᠲᠣᠭᠤᠷᠢᠭ ᠪᠦᠬᠦᠢ ᠬᠣᠲᠠ ᠪᠠ ᠥᠪᠡᠷᠲᠡᠭᠡᠨ ᠵᠠᠰᠠᠬᠤ ᠵᠧᠦ᠎ᠶᠢᠨ ᠲᠥᠯᠦᠭᠡᠯᠡᠭᠴᠢᠳ᠎ᠦᠨ ᠶᠡᠬᠡ ᠬᠤᠷᠠᠯ᠂ ᠱᠢᠶᠠᠨ (ᠬᠣᠱᠢᠭᠤ)᠂ ᠥᠪᠡᠷᠲᠡᠭᠡᠨ ᠵᠠᠰᠠᠬᠤ ᠱᠢᠶᠠᠨ᠂ ᠲᠣᠭᠤᠷᠢᠭ᠎ᠦᠭᠡᠢ ᠬᠣᠲᠠ ᠪᠠ ᠬᠣᠲᠠ᠎ᠶᠢᠨ ᠬᠠᠷᠢᠶ᠎ᠠ ᠲᠣᠭᠤᠷᠢᠭ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠢ ᠲᠠᠪᠤᠨ ᠵᠢᠯ᠎ᠳᠦ ᠨᠢᠭᠡ ᠤᠳᠠᠭ᠎ᠠ ᠬᠤᠷᠠᠯᠳᠤᠭᠤᠯᠤᠨ᠎ᠠ᠃

  ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠢ ᠠᠳᠠᠯᠢ ᠱᠠᠲᠤᠨ᠎ᠤ ᠨᠠᠮ᠎ᠤᠨ ᠬᠣᠷᠢᠶ᠎ᠠ ᠬᠤᠷᠠᠯᠳᠤᠭᠤᠯᠤᠨ᠎ᠠ᠃ ᠣᠨᠴᠠᠭᠠᠢ ᠪᠠᠢᠳᠠᠯ᠎ᠤᠨ ᠳᠣᠤᠷ᠎ᠠ᠂ ᠳᠡᠭᠡᠳᠦ ᠨᠢᠭᠡ ᠱᠠᠲᠤᠨ᠎ᠤ ᠬᠣᠷᠢᠶ᠎ᠠ᠎ᠪᠠᠷ ᠵᠥᠪᠱᠢᠶᠡᠷᠡᠭᠦᠯᠦᠭᠡᠳ ᠤᠷᠢᠳᠴᠢᠯᠠᠨ ᠬᠤᠷᠠᠯᠳᠤᠭᠤᠯᠬᠤ ᠪᠤᠶᠦ ᠬᠣᠢᠱᠢᠯᠠᠭᠤᠯᠤᠨ ᠬᠤᠷᠠᠯᠳᠤᠭᠤᠯᠵᠤ ᠪᠤᠯᠦᠨ᠎ᠡ᠃   

  ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢᠳ᠎ᠦᠨ ᠣᠷᠤᠨ ᠲᠣᠭ᠎ᠠ ᠪᠠ ᠰᠣᠩᠭᠤᠭᠤᠯᠢ᠎ᠶᠢᠨ ᠠᠷᠭ᠎ᠠ᠎ᠶᠢ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠠᠴᠠ ᠲᠣᠭᠲᠠᠭᠠᠬᠤ ᠪᠥᠭᠡᠳ ᠳᠡᠭᠡᠳᠦ ᠨᠢᠭᠡ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠵᠦ ᠵᠥᠪᠱᠢᠶᠡᠷᠡᠭᠦᠯᠦᠨ᠎ᠡ᠃

  ᠬᠣᠷᠢᠨ ᠵᠢᠷᠭᠤᠳᠤᠭᠠᠷ ᠵᠦᠢᠯ  ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠤᠨ ᠡᠷᠬᠡ ᠲᠤᠱᠢᠶᠠᠯ ᠪᠤᠯ᠄

  (ᠨᠢᠭᠡ) ᠠᠳᠠᠯᠢ ᠱᠠᠲᠤᠨ᠎ᠤ ᠬᠣᠷᠢᠶᠠᠨ᠎ᠤ ᠢᠯᠡᠳᠬᠡᠯ᠎ᠢ ᠰᠣᠨᠤᠰᠴᠤ ᠬᠢᠨᠠᠨ ᠪᠠᠢᠴᠠᠭᠠᠨ᠎ᠠ;

  (ᠬᠣᠶᠠᠷ) ᠠᠳᠠᠯᠢ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠢᠯᠡᠳᠬᠡᠯ᠎ᠢ ᠬᠢᠨᠠᠨ ᠪᠠᠢᠴᠠᠭᠠᠨ᠎ᠠ;

  (ᠭᠤᠷᠪᠠ) ᠲᠤᠰ ᠭᠠᠵᠠᠷ ᠣᠷᠤᠨ᠎ᠤ᠎ᠪᠠᠨ ᠬᠡᠪᠴᠢᠶᠡᠨ᠎ᠳᠡᠬᠢ ᠴᠢᠬᠤᠯᠠ ᠶᠡᠬᠡ ᠠᠰᠠᠭᠤᠳᠠᠯ᠎ᠢ ᠶᠠᠷᠢᠯᠴᠠᠬᠤ ᠪᠥᠭᠡᠳ ᠱᠢᠢᠳᠪᠦᠷᠢ ᠭᠠᠷᠭᠠᠨ᠎ᠠ;

  (ᠳᠥᠷᠪᠡ) ᠠᠳᠠᠯᠢ ᠱᠠᠲᠤᠨ᠎ᠤ ᠨᠠᠮ᠎ᠤᠨ ᠬᠣᠷᠢᠶ᠎ᠠ᠎ᠶᠢ ᠰᠣᠩᠭᠤᠵᠤ᠂ ᠠᠳᠠᠯᠢ ᠱᠠᠲᠤᠨ᠎ᠤ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢ ᠰᠣᠩᠭᠤᠨ᠎ᠠ᠃  

  ᠬᠣᠷᠢᠨ ᠳᠣᠯᠤᠳᠤᠭᠠᠷ ᠵᠦᠢᠯ  ᠨᠠᠮ᠎ᠤᠨ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠂ ᠲᠣᠭᠤᠷᠢᠭ ᠪᠦᠬᠦᠢ ᠬᠣᠲᠠ ᠪᠠ ᠥᠪᠡᠷᠲᠡᠭᠡᠨ ᠵᠠᠰᠠᠬᠤ ᠵᠧᠦ᠎ᠶᠢᠨ ᠬᠣᠷᠢᠶ᠎ᠠ᠎ᠶᠢᠨ ᠬᠤᠭᠤᠴᠠᠭ᠎ᠠ ᠪᠦᠷᠢ᠎ᠶᠢᠨ ᠲᠤᠱᠢᠶᠠᠯ᠎ᠤᠨ ᠬᠤᠭᠤᠴᠠᠭ᠎ᠠ᠎ᠨᠢ ᠲᠠᠪᠤᠨ ᠵᠢᠯ ᠪᠤᠯᠦᠨ᠎ᠡ᠃ ᠡᠳᠡᠭᠡᠷ ᠬᠣᠷᠢᠶᠠᠨ᠎ᠤ ᠭᠡᠱᠢᠭᠦᠨ ᠪᠠ ᠣᠷᠤᠯᠠᠭᠴᠢ ᠭᠡᠱᠢᠭᠦᠨ᠎ᠦ ᠨᠠᠮ᠎ᠳᠤ ᠡᠯᠰᠡᠭᠳᠡᠭᠰᠡᠨ ᠣᠨ ᠵᠢᠯ᠎ᠨᠢ ᠡᠷᠬᠡᠪᠱᠢ ᠲᠠᠪᠤᠨ ᠵᠢᠯ᠎ᠡᠴᠡ ᠳᠡᠭᠡᠭᠱᠢ ᠪᠠᠢᠬᠤ ᠬᠡᠷᠡᠭᠲᠡᠢ᠃     

  ᠨᠠᠮ᠎ᠤᠨ ᠱᠢᠶᠠᠨ (ᠬᠣᠱᠢᠭᠤ)᠂ ᠥᠪᠡᠷᠲᠡᠭᠡᠨ ᠵᠠᠰᠠᠬᠤ ᠱᠢᠶᠠᠨ᠂ ᠲᠣᠭᠤᠷᠢᠭ᠎ᠦᠭᠡᠢ ᠬᠣᠲᠠ ᠪᠠ ᠬᠣᠲᠠ᠎ᠶᠢᠨ ᠬᠠᠷᠢᠶ᠎ᠠ ᠲᠣᠭᠤᠷᠢᠭ᠎ᠤᠨ ᠬᠣᠷᠢᠶ᠎ᠠ᠎ᠶᠢᠨ ᠬᠤᠭᠤᠴᠠᠭ᠎ᠠ ᠪᠦᠷᠢ᠎ᠶᠢᠨ ᠲᠤᠱᠢᠶᠠᠯ᠎ᠤᠨ ᠬᠤᠭᠤᠴᠠᠭ᠎ᠠ᠎ᠨᠢ ᠲᠠᠪᠤᠨ ᠵᠢᠯ ᠪᠤᠯᠦᠨ᠎ᠡ᠃ ᠡᠳᠡᠭᠡᠷ ᠬᠣᠷᠢᠶᠠᠨ᠎ᠤ ᠭᠡᠱᠢᠭᠦᠨ ᠪᠠ ᠣᠷᠤᠯᠠᠭᠴᠢ ᠭᠡᠱᠢᠭᠦᠨ᠎ᠦ ᠨᠠᠮ᠎ᠳᠤ ᠡᠯᠰᠡᠭᠳᠡᠭᠰᠡᠨ ᠣᠨ ᠵᠢᠯ᠎ᠨᠢ ᠡᠷᠬᠡᠪᠱᠢ ᠭᠤᠷᠪᠠᠨ ᠵᠢᠯ᠎ᠡᠴᠡ ᠳᠡᠭᠡᠭᠱᠢ ᠪᠠᠢᠬᠤ ᠬᠡᠷᠡᠭᠲᠡᠢ᠃

  ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠢ ᠤᠷᠢᠳᠴᠢᠯᠠᠨ ᠬᠤᠷᠠᠯᠳᠤᠭᠤᠯᠬᠤ ᠪᠤᠶᠦ ᠬᠣᠢᠱᠢᠯᠠᠭᠤᠯᠤᠨ ᠬᠤᠷᠠᠯᠳᠤᠭᠤᠯᠬᠤ᠎ᠳᠤ ᠬᠦᠷᠪᠡᠯ᠂ ᠲᠡᠭᠦᠨ᠎ᠦ ᠰᠣᠩᠭᠤᠵᠤ ᠭᠠᠷᠭᠠᠭᠰᠠᠨ ᠨᠠᠮ᠎ᠤᠨ ᠬᠣᠷᠢᠶ᠎ᠠ᠎ᠶᠢᠨ ᠲᠤᠱᠢᠶᠠᠯ᠎ᠤᠨ ᠬᠤᠭᠤᠴᠠᠭ᠎ᠠ᠎ᠨᠢ ᠵᠣᠬᠢᠴᠠᠩᠭᠤᠢ᠎ᠪᠠᠷ ᠬᠤᠪᠢᠷᠠᠨ᠎ᠠ᠃

  ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠬᠣᠷᠢᠶᠠᠨ᠎ᠤ ᠭᠡᠱᠢᠭᠦᠨ ᠪᠠ ᠣᠷᠤᠯᠠᠭᠴᠢ ᠭᠡᠱᠢᠭᠦᠨ᠎ᠦ ᠣᠷᠤᠨ ᠲᠣᠭ᠎ᠠ᠎ᠶᠢ ᠳᠡᠭᠡᠳᠦ ᠨᠢᠭᠡ ᠱᠠᠲᠤᠨ᠎ᠤ ᠬᠣᠷᠢᠶ᠎ᠠ᠎ᠠᠴᠠ ᠲᠤᠰ ᠲᠤᠰ ᠲᠣᠭᠲᠠᠭᠠᠨ᠎ᠠ᠃ ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠬᠣᠷᠢᠶᠠᠨ᠎ᠤ ᠭᠡᠱᠢᠭᠦᠨ᠎ᠦ ᠣᠷᠤ ᠰᠤᠯᠠ ᠭᠠᠷᠪᠠᠯ᠂ ᠣᠷᠤᠯᠠᠭᠴᠢ ᠭᠡᠱᠢᠭᠦᠳ᠎ᠦᠨ ᠣᠯᠤᠭᠰᠠᠨ ᠫᠢᠶᠤᠤ᠎ᠶᠢᠨ ᠣᠯᠠᠨ ᠴᠥᠭᠡᠨ᠎ᠢ ᠦᠨᠳᠦᠰᠦᠯᠡᠵᠦ ᠳᠡᠰ ᠳᠠᠷᠠᠭᠠᠯᠠᠨ ᠨᠥᠬᠦᠪᠦᠷᠢᠯᠡᠨ᠎ᠡ᠃

  ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠬᠣᠷᠢᠶᠠᠨ᠎ᠤ ᠪᠦᠭᠦᠳᠡ ᠬᠤᠷᠠᠯ᠎ᠢ ᠵᠢᠯ ᠪᠦᠷᠢ ᠠᠳᠠᠭ᠎ᠲᠤ᠎ᠪᠠᠨ ᠬᠣᠶᠠᠷ ᠤᠳᠠᠭ᠎ᠠ ᠬᠤᠷᠠᠯᠳᠤᠭᠤᠯᠤᠨ᠎ᠠ᠃

  ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠬᠣᠷᠢᠶ᠎ᠠ᠎ᠨᠢ ᠲᠥᠯᠦᠭᠡᠯᠡᠭᠴᠢᠳ᠎ᠦᠨ ᠶᠡᠬᠡ ᠬᠤᠷᠠᠯ᠎ᠤᠨ ᠬᠤᠷᠠᠯ ᠲᠡᠭᠦᠰᠦᠭᠰᠡᠨ ᠬᠤᠭᠤᠴᠠᠭᠠᠨ᠎ᠳᠤ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠪᠠ ᠠᠳᠠᠯᠢ ᠱᠠᠲᠤᠨ᠎ᠤ ᠨᠠᠮ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠱᠢᠢᠳᠪᠦᠷᠢ᠎ᠶᠢ ᠬᠡᠷᠡᠭᠵᠢᠭᠦᠯᠦᠨ᠂ ᠲᠤᠰ ᠣᠷᠤᠨ ᠨᠤᠲᠤᠭ᠎ᠤᠨ᠎ᠢᠶᠠᠨ ᠠᠵᠢᠯ᠎ᠢ ᠤᠳᠤᠷᠢᠳᠴᠤ᠂ ᠳᠡᠭᠡᠳᠦ ᠱᠠᠲᠤᠨ᠎ᠤ ᠨᠠᠮ᠎ᠤᠨ ᠬᠣᠷᠢᠶ᠎ᠠ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯ᠎ᠢᠶᠠᠨ ᠮᠡᠳᠡᠭᠦᠯᠦᠨ᠎ᠡ᠃

  ᠬᠣᠷᠢᠨ ᠨᠠᠢ᠍ᠮᠠᠳᠤᠭᠠᠷ ᠵᠦᠢᠯ  ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠬᠣᠷᠢᠶᠠᠨ᠎ᠤ ᠪᠦᠭᠦᠳᠡ ᠬᠤᠷᠠᠯ᠎ᠨᠢ ᠪᠠᠢᠩᠭᠤ᠎ᠶᠢᠨ ᠬᠣᠷᠢᠶ᠎ᠠ ᠪᠠ ᠱᠦᠵᠢ᠂ ᠳᠡᠳ᠋ ᠱᠦᠵᠢ᠎ᠨᠠᠷ᠎ᠢ ᠰᠣᠩᠭᠤᠵᠤ ᠭᠠᠷᠭᠠᠬᠤ ᠪᠥᠭᠡᠳ ᠳᠡᠭᠡᠳᠦ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠵᠦ ᠵᠥᠪᠱᠢᠶᠡᠷᠡᠭᠦᠯᠦᠨ᠎ᠡ᠃ ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠬᠣᠷᠢᠶᠠᠨ᠎ᠤ ᠪᠠᠢᠩᠭᠤ᠎ᠶᠢᠨ ᠬᠣᠷᠢᠶ᠎ᠠ᠎ᠨᠢ ᠨᠠᠮ᠎ᠤᠨ ᠬᠣᠷᠢᠶᠠᠨ᠎ᠤ ᠪᠦᠭᠦᠳᠡ ᠬᠤᠷᠠᠯ᠎ᠤᠨ ᠬᠤᠷᠠᠯ ᠲᠡᠭᠦᠰᠦᠭᠰᠡᠨ ᠬᠤᠭᠤᠴᠠᠭᠠᠨ᠎ᠳᠤ ᠨᠠᠮ᠎ᠤᠨ ᠬᠣᠷᠢᠶᠠᠨ᠎ᠤ ᠡᠷᠬᠡ ᠲᠤᠱᠢᠶᠠᠯ᠎ᠢ ᠬᠡᠷᠡᠭᠵᠢᠭᠦᠯᠦᠨ᠎ᠡ; ᠳᠠᠷᠠᠭ᠎ᠠ ᠬᠤᠭᠤᠴᠠᠭᠠᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠢ ᠬᠤᠷᠠᠯᠳᠤᠭᠤᠯᠵᠤ ᠪᠠᠢᠬᠤ ᠬᠤᠭᠤᠴᠠᠭᠠᠨ᠎ᠳᠤ ᠪᠠᠢᠩᠭᠤ᠎ᠶᠢᠨ ᠠᠵᠢᠯ᠎ᠢ ᠦᠷᠭᠦᠯᠵᠢᠯᠡᠨ ᠡᠷᠬᠢᠯᠡᠵᠦ᠂ ᠱᠢᠨ᠎ᠡ ᠪᠠᠢᠩᠭᠤ᠎ᠶᠢᠨ ᠬᠣᠷᠢᠶ᠎ᠠ᠎ᠶᠢ ᠰᠣᠩᠭᠤᠵᠤ ᠭᠠᠷᠭᠠᠲᠠᠯ᠎ᠠ ᠠᠵᠢᠯᠯᠠᠨ᠎ᠠ᠃ ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠬᠣᠷᠢᠶᠠᠨ᠎ᠤ ᠪᠠᠢᠩᠭᠤ᠎ᠶᠢᠨ ᠬᠣᠷᠢᠶ᠎ᠠ᠎ᠨᠢ ᠨᠠᠮ᠎ᠤᠨ ᠬᠣᠷᠢᠶᠠᠨ᠎ᠤ ᠪᠦᠭᠦᠳᠡ ᠬᠤᠷᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯ᠎ᠢᠶᠠᠨ ᠮᠡᠳᠡᠭᠦᠯᠵᠦ᠂ ᠬᠢᠨᠠᠯᠲᠠ ᠬᠦᠯᠢᠶᠡᠨ᠎ᠡ᠃

  ᠬᠤᠷᠢ ᠶᠢᠰᠦᠳᠦᠭᠡᠷ ᠵᠦᠢᠯ  ᠨᠠᠮ᠎ᠤᠨ ᠲᠤᠰᠭᠠᠢ ᠣᠷᠤᠨ᠎ᠤ ᠬᠣᠷᠢᠶ᠎ᠠ ᠪᠠ ᠲᠤᠰᠭᠠᠢ ᠣᠷᠤᠨ᠎ᠤ ᠬᠣᠷᠢᠶ᠎ᠠ᠎ᠲᠠᠢ ᠲᠡᠩᠴᠡᠬᠦ ᠵᠣᠬᠢᠶᠠᠨ ᠪᠠᠢᠭᠤᠯᠤᠯᠲᠠ ᠪᠤᠯ ᠨᠠᠮ᠎ᠤᠨ ᠮᠣᠵᠢ᠂ ᠥᠪᠡᠷᠲᠡᠭᠡᠨ ᠵᠠᠰᠠᠬᠤ ᠣᠷᠤᠨ᠎ᠤ ᠬᠣᠷᠢᠶ᠎ᠠ᠎ᠠᠴᠠ ᠬᠡᠳᠦᠨ ᠱᠢᠶᠠᠨ᠂ ᠥᠪᠡᠷᠲᠡᠭᠡᠨ ᠵᠠᠰᠠᠬᠤ ᠱᠢᠶᠠᠨ᠂ ᠬᠣᠲᠠ᠎ᠶᠢᠨ ᠬᠡᠪᠴᠢᠶᠡᠨ᠎ᠳᠦ ᠲᠣᠮᠢᠯᠠᠭᠰᠠᠨ ᠲᠥᠯᠦᠭᠡᠯᠡᠬᠦ ᠪᠠᠢᠭᠤᠯᠭ᠎ᠠ ᠪᠤᠯᠤᠨ᠎ᠠ᠃ ᠲᠡᠷᠡ᠎ᠨᠢ ᠮᠣᠵᠢ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠣᠯᠭᠤᠭᠰᠠᠨ ᠡᠷᠬᠡ᠎ᠶᠢᠨ ᠶᠣᠰᠤᠭᠠᠷ ᠲᠤᠰ ᠲᠤᠰᠭᠠᠢ ᠣᠷᠤᠨ᠎ᠤ᠎ᠪᠠᠨ ᠠᠵᠢᠯ᠎ᠢ ᠤᠳᠤᠷᠢᠳᠤᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃