ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ (ᠲᠠᠪᠤᠳᠤᠭᠠᠷ ᠪᠦᠯᠦᠭ)
2021.09.16

    ᠲᠠᠪᠤᠳᠤᠭᠠᠷ ᠪᠦᠯᠦᠭ  ᠨᠠᠮ᠎ᠤᠨ ᠦᠨᠳᠦᠰᠦᠠ ᠱᠠᠲᠤᠨ᠎ᠤ ᠵᠣᠬᠢᠶᠠᠨ ᠪᠠᠢᠭᠤᠯᠤᠯᠲᠠ

 

  ᠭᠤᠴᠢᠳᠤᠭᠠᠷ ᠵᠦᠢᠯ  ᠠᠵᠤ ᠠᠬᠤᠢᠯᠠᠯ᠂ ᠬᠥᠳᠡᠭᠡ ᠲᠣᠰᠭᠤᠨ᠂ ᠪᠠᠢᠭᠤᠯᠭ᠎ᠠ᠂ ᠰᠤᠷᠭᠠᠭᠤᠯᠢ᠂ ᠱᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠵᠡᠭᠡᠯᠢ ᠭᠤᠳᠤᠮᠵᠢ ᠨᠡᠢᠭᠡᠮ ᠲᠣᠭᠤᠷᠢᠭ᠂ ᠨᠡᠢᠭᠡᠮ᠎ᠦᠨ ᠵᠣᠬᠢᠶᠠᠨ ᠪᠠᠢᠭᠤᠯᠤᠯᠲᠠ᠂ ᠠᠷᠠᠳ᠎ᠤᠨ ᠴᠢᠯᠦᠭᠡᠯᠡᠬᠦ ᠴᠡᠷᠢᠭ᠎ᠦᠨ ᠰᠤᠮᠤᠨ ᠠᠩᠭᠢ ᠪᠠ ᠪᠤᠰᠤᠳ ᠦᠨᠳᠦᠰᠦᠠ ᠱᠠᠲᠤᠨ᠎ᠤ ᠨᠢᠭᠡᠴᠢ᠎ᠳᠦ ᠨᠠᠮ᠎ᠤᠨ ᠵᠢᠩᠬᠢᠨᠢ ᠭᠡᠱᠢᠭᠦᠨ ᠭᠤᠷᠪᠠ᠎ᠠᠴᠠ ᠳᠡᠭᠡᠭᠱᠢ ᠪᠠᠢᠪᠠᠯ᠂ ᠴᠥᠮ ᠨᠠᠮ᠎ᠤᠨ ᠦᠨᠳᠦᠰᠦᠠ ᠱᠠᠲᠤᠨ᠎ᠤ ᠵᠣᠬᠢᠶᠠᠨ ᠪᠠᠢᠭᠤᠯᠤᠯᠲᠠ᠎ᠶᠢ ᠪᠠᠢᠭᠤᠯᠬᠤ ᠬᠡᠷᠡᠭᠲᠡᠢ᠃

  ᠨᠠᠮ᠎ᠤᠨ ᠦᠨᠳᠦᠰᠦᠠ ᠱᠠᠲᠤᠨ᠎ᠤ ᠵᠣᠬᠢᠶᠠᠨ ᠪᠠᠢᠭᠤᠯᠤᠯᠲᠠ᠎ᠨᠢ ᠠᠵᠢᠯ᠎ᠤᠨ ᠬᠡᠷᠡᠭᠴᠡᠭᠡ ᠪᠠ ᠨᠠᠮ᠎ᠤᠨ ᠭᠡᠱᠢᠭᠦᠨ᠎ᠦ ᠲᠣᠭ᠎ᠠ᠎ᠶᠢ ᠦᠨᠳᠦᠰᠦᠯᠡᠵᠦ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠠᠷ ᠵᠥᠪᠱᠢᠶᠡᠷᠡᠭᠦᠯᠦᠭᠡᠳ᠂ ᠨᠠᠮ᠎ᠤᠨ ᠦᠨᠳᠦᠰᠦᠠ ᠱᠠᠲᠤᠨ᠎ᠤ ᠬᠣᠷᠢᠶ᠎ᠠ᠂ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ᠂ ᠡᠭᠦᠷ᠎ᠦᠨ ᠭᠡᠱᠢᠭᠦᠳ᠎ᠦᠨ ᠬᠤᠷᠠᠯ᠎ᠢ ᠲᠤᠰ ᠲᠤᠰ ᠪᠠᠢᠭᠤᠯᠤᠨ᠎ᠠ᠃ ᠦᠨᠳᠦᠰᠦᠠ ᠱᠠᠲᠤᠨ᠎ᠤ ᠬᠣᠷᠢᠶ᠎ᠠ᠎ᠶᠢ ᠨᠠᠮ᠎ᠤᠨ ᠭᠡᠱᠢᠭᠦᠳ᠎ᠦᠨ ᠶᠡᠬᠡ ᠬᠤᠷᠠᠯ ᠪᠤᠶᠦ ᠲᠥᠯᠦᠭᠡᠯᠡᠭᠴᠢᠳ᠎ᠦᠨ ᠶᠡᠬᠡ ᠬᠤᠷᠠᠯ᠎ᠢᠶᠠᠷ ᠰᠣᠩᠭᠤᠵᠤ ᠭᠠᠷᠭᠠᠨ᠎ᠠ᠂ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ ᠪᠠ ᠡᠭᠦᠷ᠎ᠦᠨ ᠭᠡᠱᠢᠭᠦᠳ᠎ᠦᠨ ᠬᠤᠷᠠᠯ᠎ᠢ ᠨᠠᠮ᠎ᠤᠨ ᠭᠡᠱᠢᠭᠦᠳ᠎ᠦᠨ ᠶᠡᠬᠡ ᠬᠤᠷᠠᠯ᠎ᠢᠶᠠᠷ ᠰᠣᠩᠭᠤᠵᠤ ᠭᠠᠷᠭᠠᠨ᠎ᠠ᠂ ᠭᠡᠱᠢᠭᠦᠨ᠎ᠢᠶᠡᠷ ᠵᠢᠱᠢᠭᠳᠡᠭᠰᠡᠳ᠎ᠢ ᠳᠤᠷᠠᠳᠭᠤ᠎ᠳᠤ᠎ᠪᠠᠨ ᠭᠡᠱᠢᠭᠦᠨ ᠪᠠ ᠣᠯᠠᠨ ᠲᠦᠮᠡᠨ᠎ᠦ ᠰᠠᠨᠠᠯ᠎ᠢ ᠥᠷᠭᠡᠨ᠎ᠢᠶᠡᠷ ᠬᠤᠷᠢᠶᠠᠬᠤ ᠬᠡᠷᠡᠭᠲᠡᠢ᠃

  ᠭᠤᠴᠢᠨ ᠨᠢᠭᠡᠳᠦᠭᠡᠷ ᠵᠦᠢᠯ  ᠨᠠᠮ᠎ᠤᠨ ᠦᠨᠳᠦᠰᠦᠠ ᠱᠠᠲᠤᠨ᠎ᠤ ᠬᠣᠷᠢᠶ᠎ᠠ᠂ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ᠂ ᠡᠭᠦᠷ᠎ᠦᠨ ᠭᠡᠱᠢᠭᠦᠳ᠎ᠦᠨ ᠬᠤᠷᠠᠯ᠎ᠤᠨ ᠬᠤᠭᠤᠴᠠᠭ᠎ᠠ ᠪᠦᠷᠢ᠎ᠶᠢᠨ ᠲᠤᠱᠢᠶᠠᠯ᠎ᠤᠨ ᠬᠤᠭᠤᠴᠠᠭ᠎ᠠ᠎ᠨᠢ ᠭᠤᠷᠪᠠᠨ ᠵᠢᠯ᠎ᠡᠴᠡ ᠲᠠᠪᠤᠨ ᠵᠢᠯ ᠪᠤᠯᠦᠨ᠎ᠡ᠃ ᠦᠨᠳᠦᠰᠦᠠ ᠱᠠᠲᠤᠨ᠎ᠤ ᠬᠣᠷᠢᠶ᠎ᠠ᠂ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ᠂ ᠡᠭᠦᠷ᠎ᠦᠨ ᠭᠡᠱᠢᠭᠦᠳ᠎ᠦᠨ ᠬᠤᠷᠠᠯ᠎ᠤᠨ ᠱᠦᠵᠢ᠂ ᠳᠡᠳ᠋ ᠱᠦᠵᠢ᠎ᠶᠢ ᠰᠣᠩᠭᠤᠵᠤ ᠭᠠᠷᠭᠠᠭᠰᠠᠨ᠎ᠤ ᠳᠠᠷᠠᠭ᠎ᠠ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠵᠦ ᠵᠥᠪᠱᠢᠶᠡᠷᠡᠭᠦᠯᠬᠦ ᠬᠡᠷᠡᠭᠲᠡᠢ᠃

  ᠭᠤᠴᠢᠨ ᠬᠣᠶᠠᠳᠤᠭᠠᠷ ᠵᠦᠢᠯ  ᠨᠠᠮ᠎ᠤᠨ ᠦᠨᠳᠦᠰᠦᠠ ᠱᠠᠲᠤᠨ᠎ᠤ ᠵᠣᠬᠢᠶᠠᠨ ᠪᠠᠢᠭᠤᠯᠤᠯᠲᠠ ᠪᠤᠯ ᠨᠡᠢᠭᠡᠮ᠎ᠦᠨ ᠦᠨᠳᠦᠰᠦᠠ ᠱᠠᠲᠤᠨ᠎ᠤ ᠵᠣᠬᠢᠶᠠᠨ ᠪᠠᠢᠭᠤᠯᠤᠯᠲᠠ᠎ᠳᠠᠬᠢ ᠨᠠᠮ᠎ᠤᠨ ᠳᠠᠢᠴᠢᠨ ᠪᠡᠬᠢᠯᠡᠯᠲᠡ ᠮᠦᠠ᠂ ᠨᠠᠮ᠎ᠤᠨ ᠪᠦᠬᠦ ᠠᠵᠢᠯ ᠪᠠ ᠳᠠᠢᠴᠢᠨ ᠬᠦᠴᠦᠨ᠎ᠦ ᠰᠠᠭᠤᠷᠢ ᠮᠦᠠ᠃ ᠲᠡᠭᠦᠨ᠎ᠦ ᠦᠨᠳᠦᠰᠦᠠ ᠡᠭᠦᠷᠭᠡ ᠪᠤᠯ᠄  

  (ᠨᠢᠭᠡ) ᠨᠠᠮ᠎ᠤᠨ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ᠎ᠶᠢ ᠤᠬᠠᠭᠤᠯᠤᠨ ᠬᠡᠷᠡᠭᠵᠢᠭᠦᠯᠵᠦ᠂ ᠨᠠᠮ᠎ᠤᠨ ᠲᠥᠪ ᠬᠣᠷᠢᠶ᠎ᠠ᠂ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ ᠪᠠ ᠲᠤᠰ ᠵᠣᠬᠢᠶᠠᠨ ᠪᠠᠢᠭᠤᠯᠤᠯᠲᠠ᠎ᠶᠢᠨ ᠱᠢᠢᠳᠪᠦᠷᠢ᠎ᠶᠢ ᠤᠬᠠᠭᠤᠯᠤᠨ ᠬᠡᠷᠡᠭᠵᠢᠭᠦᠯᠵᠦ᠂ ᠨᠠᠮ᠎ᠤᠨ ᠭᠡᠱᠢᠭᠦᠨ᠎ᠦ ᠬᠣᠱᠢᠭᠤᠴᠢ ᠵᠢᠱᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠢᠳᠡᠪᠬᠢᠲᠡᠢ᠎ᠪᠡᠷ ᠲᠡᠷᠢᠭᠦᠨ᠎ᠦ ᠬᠢ᠎ᠶᠢ ᠪᠣᠢ ᠪᠣᠯᠭᠠᠵᠤ ᠱᠢᠯᠢᠳᠡᠭ ᠪᠣᠯᠬᠤ᠎ᠪᠠᠷ ᠴᠢᠷᠮᠠᠢᠵᠤ᠂ ᠨᠠᠮ᠎ᠤᠨ ᠳᠣᠲᠤᠨ᠎ᠠ ᠭᠠᠳᠠᠨᠠᠬᠢ ᠺᠠᠳ᠋ᠷ ᠪᠠ ᠣᠯᠠᠨ ᠲᠦᠮᠡᠨ᠎ᠲᠡᠢ ᠪᠦᠯᠬᠦᠮᠳᠡᠨ᠂ ᠲᠡᠳᠡᠨ᠎ᠢ ᠵᠣᠬᠢᠶᠠᠨ ᠪᠠᠢᠭᠤᠯᠵᠤ᠂ ᠲᠤᠰ ᠨᠢᠭᠡᠴᠢ᠎ᠶᠢᠨ᠎ᠢᠶᠡᠨ ᠡᠭᠦᠷᠭᠡᠯᠡᠭᠰᠡᠨ ᠡᠭᠦᠷᠭᠡ᠎ᠶᠢ ᠴᠢᠷᠮᠠᠢᠨ ᠪᠡᠶᠡᠯᠡᠭᠦᠯᠦᠨ᠎ᠡ᠃

  (ᠬᠣᠶᠠᠷ) ᠨᠠᠮ᠎ᠤᠨ ᠭᠡᠱᠢᠭᠦᠳ᠎ᠢ ᠵᠣᠬᠢᠶᠠᠨ ᠪᠠᠢᠭᠤᠯᠤᠨ᠂ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠸᠡᠭ ᠱᠢᠶᠤᠣ ᠫᠢᠩ᠎ᠦᠨ ᠣᠨᠤᠯ᠂ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠬᠢᠨᠠᠮᠠᠭᠠᠢ ᠰᠤᠷᠤᠯᠴᠠᠵᠤ᠂ 《ᠬᠣᠶᠠᠷ᠎ᠢ ᠰᠤᠷᠤᠯᠴᠠᠵᠤ ᠬᠢᠷᠢ ᠲᠡᠩᠴᠡᠭᠰᠡᠨ ᠨᠠᠮ᠎ᠤᠨ ᠭᠡᠱᠢᠭᠦᠨ ᠪᠣᠯᠬᠤ》 ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠤᠨ ᠳᠦᠷᠢᠮᠵᠢᠭᠦᠯᠬᠦ᠎ᠶᠢ ᠠᠬᠢᠭᠤᠯᠵᠤ᠂ ᠨᠠᠮ᠎ᠤᠨ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ ᠬᠢᠭᠡᠳ ᠱᠢᠢᠳᠪᠦᠷᠢ᠎ᠶᠢ ᠰᠤᠷᠤᠯᠴᠠᠵᠤ᠂ ᠨᠠᠮ᠎ᠤᠨ ᠦᠨᠳᠦᠰᠦᠠ ᠮᠡᠳᠡᠯᠭᠡ᠎ᠶᠢ ᠰᠤᠷᠤᠯᠴᠠᠵᠤ᠂ ᠱᠢᠨᠵᠢᠯᠡᠬᠦ ᠤᠬᠠᠭᠠᠨ᠂ ᠰᠣᠶᠤᠯ᠂ ᠬᠠᠤᠯᠢ ᠴᠠᠭᠠᠵᠠ ᠪᠠ ᠲᠤᠬᠠᠢᠯᠠᠭᠰᠠᠨ ᠠᠵᠢᠯ᠎ᠤᠨ ᠮᠡᠳᠡᠯᠭᠡ᠎ᠶᠢ ᠰᠤᠷᠤᠯᠴᠠᠨ᠎ᠠ᠃

  (ᠭᠤᠷᠪᠠ) ᠨᠠᠮ᠎ᠤᠨ ᠭᠡᠱᠢᠭᠦᠳ᠎ᠢ ᠬᠥᠮᠦᠵᠢᠭᠦᠯᠵᠦ᠂ ᠬᠠᠮᠢᠶᠠᠷᠴᠤ᠂ ᠲᠡᠳᠡᠨ᠎ᠳᠦ ᠬᠢᠨᠠᠯᠲᠠ ᠲᠠᠯᠪᠢᠨ᠂ ᠲᠡᠳᠡᠨ᠎ᠳᠦ ᠦᠢᠯᠡᠴᠢᠯᠡᠵᠦ᠂ ᠨᠠᠮ᠎ᠤᠨ ᠭᠡᠱᠢᠭᠦᠳ᠎ᠦᠨ ᠬᠡᠪ ᠴᠢᠨᠠᠷ᠎ᠢ ᠳᠡᠭᠡᠭᠱᠢᠯᠡᠭᠦᠯᠵᠦ᠂ ᠬᠦᠰᠡᠯᠡᠩ ᠪᠠ ᠢᠲᠡᠭᠡᠯ ᠵᠣᠷᠢᠭ᠎ᠢᠶᠠᠨ ᠪᠠᠲᠤᠳᠭᠠᠨ᠂ ᠨᠠᠮᠴᠢ ᠴᠢᠨᠠᠷ᠎ᠢ ᠴᠢᠩᠭᠠᠳᠭᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠢ ᠴᠢᠩᠳᠠᠯᠠᠨ᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢ ᠥᠷᠨᠢᠭᠦᠯᠦᠨ᠂ ᠨᠠᠮ᠎ᠤᠨ ᠰᠠᠬᠢᠯᠭ᠎ᠠ ᠪᠠᠲᠤ᠎ᠶᠢ ᠬᠠᠮᠠᠭᠠᠯᠠᠨ ᠬᠡᠷᠡᠭᠵᠢᠭᠦᠯᠵᠦ᠂ ᠨᠠᠮ᠎ᠤᠨ ᠭᠡᠱᠢᠭᠦᠳ᠎ᠦᠨ ᠡᠭᠦᠷᠭᠡ᠎ᠪᠡᠨ ᠦᠨᠡᠨ᠎ᠬᠦ ᠭᠦᠢᠴᠡᠳᠬᠡᠬᠦ᠎ᠳᠦ ᠬᠢᠨᠠᠯᠲᠠ ᠲᠠᠯᠪᠢᠵᠤ᠂ ᠨᠠᠮ᠎ᠤᠨ ᠭᠡᠱᠢᠭᠦᠳ᠎ᠦᠨ ᠡᠷᠬᠡ᠎ᠶᠢᠨ ᠬᠠᠯᠳᠠᠭᠳᠠᠱᠢ᠎ᠦᠭᠡᠢ ᠪᠠᠢᠬᠤ᠎ᠶᠢ ᠪᠠᠲᠤᠯᠠᠨ᠎ᠠ᠃ ᠨᠡᠭᠦᠳᠡᠯ ᠨᠠᠮ᠎ᠤᠨ ᠭᠡᠱᠢᠭᠦᠨ᠎ᠦ ᠬᠠᠮᠢᠶᠠᠷᠤᠯᠲᠠ᠎ᠶᠢ ᠴᠢᠩᠭᠠᠳᠭᠠᠨ ᠰᠠᠢᠵᠢᠷᠠᠭᠤᠯᠤᠨ᠎ᠠ᠃   

  (ᠳᠥᠷᠪᠡ) ᠣᠯᠠᠨ ᠲᠦᠮᠡᠨ᠎ᠲᠡᠢ ᠨᠢᠭᠲᠠ ᠬᠠᠷᠢᠯᠴᠠᠵᠤ᠂ ᠨᠠᠮ᠎ᠤᠨ ᠭᠡᠱᠢᠭᠦᠳ ᠪᠠ ᠨᠠᠮ᠎ᠤᠨ ᠠᠵᠢᠯ᠎ᠤᠨ ᠲᠤᠬᠠᠢ ᠣᠯᠠᠨ ᠲᠦᠮᠡᠨ᠎ᠦ ᠱᠢᠭᠦᠮᠵᠢᠯᠡᠯ ᠪᠠ ᠰᠠᠨᠠᠯ᠎ᠢ ᠦᠷᠭᠦᠯᠵᠢ ᠣᠢᠯᠠᠭᠠᠵᠤ᠂ ᠣᠯᠠᠨ ᠲᠦᠮᠡᠨ᠎ᠦ ᠵᠦᠢ ᠶᠣᠰᠤᠨ᠎ᠤ ᠡᠷᠬᠡ ᠪᠠ ᠠᠱᠢᠭ ᠲᠤᠰᠠ᠎ᠶᠢ ᠬᠠᠮᠠᠭᠠᠯᠠᠨ᠂ ᠣᠯᠠᠨ ᠲᠦᠮᠡᠨ᠎ᠦ ᠦᠵᠡᠯ ᠰᠠᠨᠠᠭ᠎ᠠ ᠤᠯᠤᠰ ᠲᠥᠷᠦ᠎ᠶᠢᠨ ᠠᠵᠢᠯ᠎ᠢ ᠰᠠᠢᠲᠤᠷ ᠬᠢᠨ᠎ᠡ᠃

  (ᠲᠠᠪᠤ) ᠨᠠᠮ᠎ᠤᠨ ᠭᠡᠱᠢᠭᠦᠨ ᠪᠠ ᠣᠯᠠᠨ ᠲᠦᠮᠡᠨ᠎ᠦ ᠢᠳᠡᠪᠬᠢᠵᠢᠯ᠂ ᠪᠦᠲᠦᠭᠡᠯᠴᠢ ᠴᠢᠨᠠᠷ᠎ᠢ ᠭᠦᠢᠴᠡᠳ ᠪᠠᠳᠠᠷᠠᠭᠤᠯᠵᠤ᠂ ᠲᠡᠳᠡᠨ᠎ᠦ ᠳᠣᠲᠤᠷᠠᠬᠢ ᠱᠢᠯᠢᠳᠡᠭ ᠴᠢᠳᠠᠪᠤᠷᠢᠲᠠᠨ᠎ᠢ ᠢᠯᠡᠷᠡᠭᠦᠯᠵᠦ᠂ ᠬᠥᠮᠦᠵᠢᠭᠦᠯᠵᠦ᠂ ᠲᠠᠨᠢᠯᠴᠠᠭᠤᠯᠵᠤ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠤᠬᠢᠴᠢᠯᠠᠬᠤ ᠪᠦᠲᠦᠭᠡᠨ ᠪᠠᠢᠭᠤᠯᠤᠯᠲᠠ᠎ᠳᠤ ᠲᠡᠳᠡᠨ᠎ᠦ ᠣᠶᠤᠨ ᠤᠬᠠᠭᠠᠨ ᠠᠪᠢᠶᠠᠰ ᠴᠢᠳᠠᠪᠤᠷᠢ᠎ᠪᠠᠨ ᠵᠣᠷᠢᠭᠤᠯᠬᠤ᠎ᠶᠢ ᠵᠣᠷᠢᠭᠵᠢᠭᠤᠯᠤᠨ ᠳᠡᠮᠵᠢᠨ᠎ᠡ᠃

  (ᠵᠢᠷᠭᠤᠭ᠎ᠠ) ᠨᠠᠮ᠎ᠳᠤ ᠣᠷᠤᠬᠤ᠎ᠪᠠᠷ ᠭᠤᠶᠤᠴᠢᠯᠠᠵᠤ ᠪᠠᠢᠭ᠎ᠠ ᠢᠳᠡᠪᠬᠢᠲᠡᠨ᠎ᠨᠠᠷ᠎ᠢ ᠰᠤᠷᠭᠠᠵᠤ᠂ ᠬᠥᠮᠦᠵᠢᠭᠦᠯᠵᠦ᠂ ᠨᠠᠮ᠎ᠤᠨ ᠭᠡᠱᠢᠭᠦᠨ ᠡᠯᠰᠡᠬᠦ ᠪᠠᠢᠩᠭᠤ᠎ᠶᠢᠨ ᠴᠢᠨᠠᠷᠲᠠᠢ ᠠᠵᠢᠯ᠎ᠢ ᠰᠠᠢᠲᠤᠷ ᠬᠢᠵᠦ᠂ ᠦᠢᠯᠡᠳᠪᠦᠷᠢᠯᠡᠯ᠂ ᠠᠵᠢᠯ᠎ᠤᠨ ᠨᠢᠭᠡᠳᠦᠭᠡᠷ ᠹᠷᠤᠨᠲ ᠪᠠ ᠵᠠᠯᠠᠭᠤᠴᠤᠳ᠎ᠤᠨ ᠳᠣᠲᠤᠷ᠎ᠠ᠎ᠠᠴᠠ ᠨᠠᠮ᠎ᠤᠨ ᠭᠡᠱᠢᠭᠦᠨ ᠡᠯᠰᠡᠬᠦ᠎ᠶᠢ ᠴᠢᠬᠤᠯᠠᠴᠢᠯᠠᠨ᠎ᠠ᠃

  (ᠳᠣᠯᠤᠭ᠎ᠠ) ᠨᠠᠮ᠎ᠤᠨ ᠭᠡᠱᠢᠭᠦᠨ ᠺᠠᠳ᠋ᠷ ᠪᠣᠯᠤᠨ ᠪᠤᠰᠤᠳ ᠠᠵᠢᠯᠲᠠᠨ ᠪᠦᠬᠦᠨ᠎ᠳᠦ ᠬᠢᠨᠠᠯᠲᠠ ᠲᠠᠯᠪᠢᠵᠤ᠂ ᠤᠯᠤᠰ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠢ ᠴᠢᠩᠭ᠎ᠠ ᠰᠠᠬᠢᠭᠤᠯᠵᠤ᠂ ᠤᠯᠤᠰ᠎ᠤᠨ ᠡᠳ᠋᠎ᠦᠨ ᠵᠠᠰᠠᠭ ᠠᠵᠤ ᠠᠬᠤᠢ᠎ᠶᠢᠨ ᠬᠠᠤᠯᠢ ᠲᠣᠭᠲᠠᠭᠠᠯ ᠪᠠ ᠠᠵᠢᠯᠲᠠᠨ᠎ᠤ ᠶᠠᠪᠤᠳᠠᠯ᠎ᠤᠨ ᠳᠦᠷᠢᠮ᠎ᠢ ᠴᠢᠩᠭ᠎ᠠ ᠰᠠᠬᠢᠭᠤᠯᠵᠤ᠂ ᠤᠯᠤᠰ ᠣᠷᠤᠨ᠂ ᠬᠠᠮᠲᠤ ᠨᠡᠢᠲᠡ ᠪᠠ ᠣᠯᠠᠨ ᠲᠦᠮᠡᠨ᠎ᠦ ᠠᠱᠢᠭ ᠲᠤᠰᠠ᠎ᠳᠤ ᠦᠯᠦ ᠬᠠᠯᠳᠠᠭᠤᠯᠤᠨ᠎ᠠ᠃

  (ᠨᠠᠢ᠍ᠮᠠ) ᠨᠠᠮ᠎ᠤᠨ ᠭᠡᠱᠢᠭᠦᠨ ᠪᠠ ᠣᠯᠠᠨ ᠲᠦᠮᠡᠨ᠎ᠢ ᠰᠤᠷᠭᠠᠨ ᠬᠥᠮᠦᠵᠢᠭᠦᠯᠵᠦ ᠪᠠᠢᠭᠠᠳ ᠮᠠᠭᠤ ᠬᠡᠯᠪᠡᠷᠢᠯ᠎ᠢ ᠤᠬᠠᠮᠰᠠᠷ᠎ᠠᠴᠠ᠎ᠪᠠᠨ ᠡᠰᠡᠷᠭᠦᠴᠡᠬᠦ ᠪᠣᠯᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠥᠷᠢᠴᠡᠭᠰᠡᠨ ᠡᠯ᠎ᠡ ᠵᠦᠢᠯ᠎ᠦᠨ ᠦᠢᠯᠡ ᠠᠵᠢᠯᠯᠠᠭ᠎ᠠ᠎ᠲᠠᠢ ᠡᠷᠡᠰ ᠲᠡᠮᠡᠴᠡᠭᠦᠯᠦᠨ᠎ᠡ᠃

  ᠭᠤᠴᠢᠨ ᠭᠤᠷᠪᠠᠳᠤᠭᠠᠷ ᠵᠦᠢᠯ  ᠵᠡᠭᠡᠯᠢ ᠭᠤᠳᠤᠮᠵᠢ᠂ ᠱᠢᠶᠠᠩ᠂ ᠪᠠᠯᠭᠠᠰᠤᠨ᠎ᠤ ᠨᠠᠮ᠎ᠤᠨ ᠦᠨᠳᠦᠰᠦᠠ ᠱᠠᠲᠤᠨ᠎ᠤ ᠬᠣᠷᠢᠶ᠎ᠠ ᠪᠠ ᠭᠠᠴᠠᠭ᠎ᠠ᠂ ᠨᠡᠢᠭᠡᠮ ᠲᠣᠭᠤᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠨᠢ ᠲᠤᠰ ᠭᠠᠵᠠᠷ ᠣᠷᠤᠨ᠎ᠤ᠎ᠪᠠᠨ ᠠᠵᠢᠯ ᠪᠠ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶᠢ ᠤᠳᠤᠷᠢᠳᠴᠤ᠂ ᠵᠠᠰᠠᠭ ᠵᠠᠬᠢᠷᠭᠠᠨ᠎ᠤ ᠵᠣᠬᠢᠶᠠᠨ ᠪᠠᠢᠭᠤᠯᠤᠯᠲᠠ᠂ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠪᠠ ᠣᠯᠠᠨ ᠲᠦᠮᠡᠨ᠎ᠦ ᠥᠪᠡᠷᠲᠡᠭᠡᠨ ᠵᠠᠰᠠᠬᠤ ᠵᠣᠬᠢᠶᠠᠨ ᠪᠠᠢᠭᠤᠯᠤᠯᠲᠠ᠎ᠶᠢᠨ ᠡᠷᠬᠡ ᠲᠤᠱᠢᠶᠠᠯ᠎ᠢᠶᠠᠨ ᠭᠦᠢᠴᠡᠳ ᠬᠡᠷᠡᠭᠵᠢᠭᠦᠯᠬᠦ᠎ᠶᠢ ᠳᠡᠮᠵᠢᠵᠦ ᠪᠠᠲᠤᠯᠠᠨ᠎ᠠ᠃

  ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠤᠳᠤᠷᠢᠳᠭᠤ ᠦᠢᠯᠡᠳᠦᠯ᠎ᠢᠶᠡᠨ ᠪᠠᠳᠠᠷᠠᠭᠤᠯᠤᠨ᠂ ᠴᠢᠭᠯᠡᠯ᠎ᠢ ᠡᠵᠡᠮᠳᠡᠵᠦ᠂ ᠶᠡᠬᠡ ᠲᠠᠯ᠎ᠠ᠎ᠶᠢ ᠬᠠᠮᠢᠶᠠᠷᠤᠨ᠂ ᠨᠠᠢᠳᠠᠪᠤᠷᠢᠵᠢᠭᠤᠯᠬᠤ᠎ᠶᠢ ᠪᠠᠲᠤᠯᠠᠵᠤ᠂ ᠲᠣᠭᠲᠠᠭᠠᠯ ᠶᠣᠰᠤᠭᠠᠷ ᠠᠵᠤ ᠠᠬᠤᠢᠯᠠᠯ᠎ᠤᠨ ᠴᠢᠬᠤᠯᠠ ᠶᠡᠬᠡ ᠬᠡᠷᠡᠭ ᠶᠠᠪᠤᠳᠠᠯ᠎ᠢ ᠶᠠᠷᠢᠯᠴᠠᠵᠤ ᠲᠣᠭᠲᠠᠭᠠᠨ᠎ᠠ᠃ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠪᠠ ᠬᠠᠮᠲᠤ᠎ᠶᠢᠨ ᠠᠵᠤ ᠠᠬᠤᠢᠯᠠᠯ᠎ᠳᠠᠬᠢ ᠨᠠᠮ᠎ᠤᠨ ᠦᠨᠳᠦᠰᠦᠠ ᠱᠠᠲᠤᠨ᠎ᠤ ᠵᠣᠬᠢᠶᠠᠨ ᠪᠠᠢᠭᠤᠯᠤᠯᠲᠠ᠎ᠨᠢ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠲᠡᠢ ᠤᠶᠠᠯᠳᠤᠭᠤᠯᠵᠤ ᠠᠵᠢᠯ᠎ᠢᠶᠠᠨ ᠥᠷᠨᠢᠭᠦᠯᠦᠨ᠎ᠡ᠃ ᠨᠠᠮ ᠪᠠ ᠤᠯᠤᠰ᠎ᠤᠨ ᠴᠢᠭᠯᠡᠯᠲᠡ᠂ ᠲᠥᠷᠦ᠎ᠶᠢᠨ ᠪᠣᠳᠤᠯᠭ᠎ᠠ᠎ᠶᠢᠨ ᠲᠤᠰ ᠠᠵᠤ ᠠᠬᠤᠢᠯᠠᠯ᠎ᠳᠤ ᠲᠤᠭᠤᠱᠢᠯᠠᠭᠳᠠᠨ ᠬᠡᠷᠡᠭᠵᠢᠭᠦᠯᠦᠭᠳᠡᠬᠦ᠎ᠶᠢ ᠪᠠᠲᠤᠯᠠᠵᠤ ᠲᠡᠭᠦᠨ᠎ᠳᠦ ᠬᠢᠨᠠᠯᠲᠠ ᠲᠠᠯᠪᠢᠨ᠎ᠠ; ᠬᠤᠪᠢ ᠣᠷᠤᠯᠠᠭᠴᠢᠳ᠎ᠤᠨ ᠵᠥᠪᠯᠡᠯ᠂ ᠬᠡᠷᠡᠭ ᠮᠡᠳᠡᠭᠴᠢᠳ᠎ᠦᠨ ᠵᠥᠪᠯᠡᠯ᠂ ᠬᠡᠷᠡᠭ ᠬᠢᠨᠠᠭᠴᠢᠳ᠎ᠤᠨ ᠵᠥᠪᠯᠡᠯ ᠪᠠ ᠳᠠᠭᠠᠭᠠᠮᠠᠯ (ᠦᠢᠯᠡᠳᠪᠦᠷᠢ᠎ᠶᠢᠨ ᠳᠠᠷᠤᠭ᠎ᠠ)᠎ᠶᠢᠨ ᠬᠠᠤᠯᠢ ᠶᠣᠰᠤᠭᠠᠷ ᠡᠷᠬᠡ ᠲᠤᠱᠢᠶᠠᠯ᠎ᠢᠶᠠᠨ ᠬᠡᠷᠡᠭᠵᠢᠭᠦᠯᠬᠦ᠎ᠶᠢ ᠳᠡᠮᠵᠢᠨ᠎ᠡ; ᠪᠦᠬᠦ ᠰᠡᠳᠬᠢᠯ ᠪᠦᠬᠦ ᠵᠣᠷᠢᠭ᠎ᠢᠶᠠᠷ᠎ᠢᠶᠠᠨ ᠠᠵᠢᠯᠲᠠᠨ ᠠᠵᠢᠯᠴᠢᠨ ᠣᠯᠠᠨ ᠲᠦᠮᠡᠨ᠎ᠳᠦ ᠲᠦᠱᠢᠭᠯᠡᠵᠦ᠂ ᠠᠵᠢᠯᠲᠠᠨ ᠠᠵᠢᠯᠴᠢᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠤᠨ ᠠᠵᠢᠯ᠎ᠢᠶᠠᠨ ᠥᠷᠨᠢᠭᠦᠯᠬᠦ᠎ᠶᠢ ᠳᠡᠮᠵᠢᠨ᠎ᠡ; ᠠᠵᠤ ᠠᠬᠤᠢᠯᠠᠯ᠎ᠤᠨ ᠴᠢᠬᠤᠯᠠ ᠶᠡᠬᠡ ᠠᠰᠠᠭᠤᠳᠠᠯ᠎ᠤᠨ ᠲᠤᠬᠠᠢ ᠱᠢᠢᠳᠪᠦᠷᠢᠲᠦ ᠪᠣᠳᠤᠯᠭ᠎ᠠ ᠲᠣᠭᠲᠠᠭᠠᠬᠤ᠎ᠳᠤ ᠣᠷᠤᠯᠴᠠᠨ᠎ᠠ; ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠭᠠᠵᠤ᠂ ᠦᠵᠡᠯ ᠰᠠᠨᠠᠭ᠎ᠠ ᠤᠯᠤᠰ ᠲᠥᠷᠦ᠎ᠶᠢᠨ ᠠᠵᠢᠯ᠂ ᠣᠶᠤᠨ᠎ᠤ ᠪᠣᠯᠪᠠᠰᠤᠨ᠎ᠤ ᠪᠠᠢᠭᠤᠯᠤᠯᠲᠠ ᠪᠠ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ ᠵᠡᠷᠭᠡ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶᠢ ᠤᠳᠤᠷᠢᠳᠤᠨ᠎ᠠ᠃

  ᠨᠡᠢᠲᠡ᠎ᠶᠢᠨ ᠥᠮᠴᠢᠯᠡᠯ᠎ᠦᠨ ᠪᠤᠰᠦ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠳᠠᠬᠢ ᠨᠠᠮ᠎ᠤᠨ ᠦᠨᠳᠦᠰᠦᠠ ᠱᠠᠲᠤᠨ᠎ᠤ ᠵᠣᠬᠢᠶᠠᠨ ᠪᠠᠢᠭᠤᠯᠤᠯᠲᠠ᠎ᠨᠢ ᠨᠠᠮ᠎ᠤᠨ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠲᠤᠭᠤᠱᠢᠯᠠᠭᠤᠯᠵᠤ᠂ ᠠᠵᠤ ᠠᠬᠤᠢᠯᠠᠯ᠎ᠤᠨ ᠤᠯᠤᠰ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠢ ᠵᠢᠷᠤᠮᠯᠠᠬᠤ ᠶᠠᠪᠤᠳᠠᠯ᠎ᠢ ᠬᠥᠲᠦᠯᠦᠨ ᠵᠢᠯᠤᠭᠤᠳᠭᠤ ᠪᠠ ᠲᠡᠭᠦᠨ᠎ᠳᠦ ᠬᠢᠨᠠᠯᠲᠠ ᠲᠠᠯᠪᠢᠵᠤ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ ᠵᠡᠷᠭᠡ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶᠢ ᠤᠳᠤᠷᠢᠳᠤᠨ᠂ ᠠᠵᠢᠯᠲᠠᠨ ᠠᠵᠢᠯᠴᠢᠨ ᠣᠯᠠᠨ ᠲᠦᠮᠡᠨ᠎ᠢ ᠪᠦᠯᠬᠦᠮᠳᠡᠭᠦᠯᠦᠨ ᠨᠢᠭᠲᠠᠷᠠᠭᠤᠯᠵᠤ᠂ ᠡᠯ᠎ᠡ ᠲᠠᠯ᠎ᠠ᠎ᠶᠢᠨ ᠬᠢᠨ᠎ᠦ ᠬᠠᠤᠯᠢ ᠶᠣᠰᠤᠨ᠎ᠤ ᠡᠷᠬᠡ ᠠᠱᠢᠭ᠎ᠢ ᠬᠠᠮᠠᠭᠠᠯᠠᠵᠤ᠂ ᠠᠵᠤ ᠠᠬᠤᠢᠯᠠᠯ᠎ᠤᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠤᠨ᠎ᠠ᠃

  ᠨᠡᠢᠭᠡᠮ᠎ᠦᠨ ᠵᠣᠬᠢᠶᠠᠨ ᠪᠠᠢᠭᠤᠯᠤᠯᠲᠠ᠎ᠳᠠᠬᠢ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠨᠢ ᠨᠠᠮ᠎ᠤᠨ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ᠎ᠶᠢ ᠤᠬᠠᠭᠤᠯᠤᠨ ᠬᠡᠷᠡᠭᠵᠢᠭᠦᠯᠵᠦ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ ᠵᠡᠷᠭᠡ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶᠢ ᠤᠳᠤᠷᠢᠳᠤᠨ᠂ ᠨᠠᠮ᠎ᠤᠨ ᠭᠡᠱᠢᠭᠦᠳ᠎ᠢ ᠬᠥᠮᠦᠵᠢᠭᠦᠯᠦᠨ ᠬᠠᠮᠢᠶᠠᠷᠴᠤ᠂ ᠣᠯᠠᠨ ᠲᠦᠮᠡᠨ᠎ᠢ ᠬᠥᠲᠦᠯᠦᠨ ᠳᠠᠭᠠᠭᠤᠯᠬᠤ ᠪᠠ ᠲᠡᠳᠡᠨ᠎ᠳᠦ ᠦᠢᠯᠡᠴᠢᠯᠡᠵᠦ᠂ ᠠᠵᠢᠯ ᠦᠢᠯᠡᠰ᠎ᠦᠨ ᠬᠥᠭᠵᠢᠯᠲᠡ᠎ᠶᠢ ᠲᠦᠯᠬᠢᠨ ᠠᠬᠢᠭᠤᠯᠤᠨ᠎ᠠ᠃

  ᠵᠠᠰᠠᠭ ᠵᠠᠬᠢᠷᠭᠠᠨ᠎ᠤ ᠤᠳᠤᠷᠢᠳᠭᠤ ᠬᠥᠮᠦᠨ ᠬᠠᠷᠢᠭᠤᠴᠠᠬᠤ ᠳᠦᠷᠢᠮ᠎ᠢ ᠬᠡᠷᠡᠭᠵᠢᠭᠦᠯᠵᠦ ᠪᠠᠢᠭ᠎ᠠ ᠠᠵᠢᠯ ᠦᠢᠯᠡᠰ᠎ᠦᠨ ᠨᠢᠭᠡᠴᠢ᠎ᠳᠡᠬᠢ ᠨᠠᠮ᠎ᠤᠨ ᠦᠨᠳᠦᠰᠦᠠ ᠱᠠᠲᠤᠨ᠎ᠤ ᠵᠣᠬᠢᠶᠠᠨ ᠪᠠᠢᠭᠤᠯᠤᠯᠲᠠ᠎ᠨᠢ ᠳᠠᠢᠴᠢᠨ ᠪᠡᠬᠢᠯᠡᠯᠲᠡ᠎ᠶᠢᠨ ᠦᠢᠯᠡᠳᠦᠯ᠎ᠢᠶᠡᠨ ᠪᠠᠳᠠᠷᠠᠭᠤᠯᠤᠨ᠎ᠠ᠃ ᠨᠠᠮ᠎ᠤᠨ ᠬᠣᠷᠢᠶᠠᠨ᠎ᠤ ᠤᠳᠤᠷᠢᠳᠤᠯᠭ᠎ᠠ᠎ᠶᠢᠨ ᠳᠣᠤᠷᠠᠬᠢ ᠵᠠᠰᠠᠭ ᠵᠠᠬᠢᠷᠭᠠᠨ᠎ᠤ ᠤᠳᠤᠷᠢᠳᠭᠤ ᠬᠥᠮᠦᠨ ᠬᠠᠷᠢᠭᠤᠴᠠᠬᠤ ᠳᠦᠷᠢᠮ᠎ᠢ ᠬᠡᠷᠡᠭᠵᠢᠭᠦᠯᠵᠦ ᠪᠠᠢᠭ᠎ᠠ ᠠᠵᠢᠯ ᠦᠢᠯᠡᠰ᠎ᠦᠨ ᠨᠢᠭᠡᠴᠢ᠎ᠳᠡᠬᠢ ᠨᠠᠮ᠎ᠤᠨ ᠦᠨᠳᠦᠰᠦᠠ ᠱᠠᠲᠤᠨ᠎ᠤ ᠵᠣᠬᠢᠶᠠᠨ ᠪᠠᠢᠭᠤᠯᠤᠯᠲᠠ᠎ᠨᠢ ᠴᠢᠬᠤᠯᠠ ᠶᠡᠬᠡ ᠠᠰᠠᠭᠤᠳᠠᠯ᠎ᠤᠨ ᠲᠤᠬᠠᠢ ᠶᠠᠷᠢᠯᠴᠠᠬᠤ ᠪᠠ ᠲᠣᠭᠲᠠᠭᠠᠯ ᠭᠠᠷᠭᠠᠬᠤ᠎ᠶᠢᠨ ᠬᠠᠮᠲᠤ ᠵᠠᠰᠠᠭ ᠵᠠᠬᠢᠷᠭᠠᠨ᠎ᠤ ᠤᠳᠤᠷᠢᠳᠭᠤ ᠬᠥᠮᠦᠨ᠎ᠦ ᠡᠷᠬᠡ ᠲᠤᠱᠢᠶᠠᠯ᠎ᠢᠶᠠᠨ ᠭᠦᠢᠴᠡᠳ ᠬᠡᠷᠡᠭᠵᠢᠭᠦᠯᠬᠦ᠎ᠶᠢ ᠪᠠᠲᠤᠯᠠᠨ᠎ᠠ᠃

  ᠡᠯ᠎ᠡ ᠱᠠᠲᠤᠨ᠎ᠤ ᠨᠠᠮ ᠪᠠ ᠲᠥᠷᠦ᠎ᠶᠢᠨ ᠪᠠᠢᠭᠤᠯᠭ᠎ᠠ᠎ᠳᠠᠬᠢ ᠨᠠᠮ᠎ᠤᠨ ᠦᠨᠳᠦᠰᠦᠠ ᠱᠠᠲᠤᠨ᠎ᠤ ᠵᠣᠬᠢᠶᠠᠨ ᠪᠠᠢᠭᠤᠯᠤᠯᠲᠠ᠎ᠨᠢ ᠵᠠᠰᠠᠭ ᠵᠠᠬᠢᠷᠭᠠᠨ᠎ᠤ ᠬᠠᠷᠢᠭᠤᠴᠠᠯᠭᠠᠲᠠᠨ᠎ᠨᠠᠷ᠎ᠲᠤ ᠬᠠᠪᠰᠤᠷᠤᠨ ᠡᠭᠦᠷᠭᠡ᠎ᠶᠢ᠎ᠨᠢ ᠪᠡᠶᠡᠯᠡᠭᠦᠯᠵᠦ᠂ ᠠᠵᠢᠯ᠎ᠢ᠎ᠨᠢ ᠰᠠᠢᠵᠢᠷᠠᠭᠤᠯᠤᠨ᠎ᠠ᠂ ᠵᠠᠰᠠᠭ ᠵᠠᠬᠢᠷᠭᠠᠨ᠎ᠤ ᠬᠠᠷᠢᠭᠤᠴᠠᠯᠭᠠᠲᠠᠨ᠎ᠢ ᠪᠠᠭᠲᠠᠭᠠᠭᠰᠠᠨ ᠨᠠᠮ᠎ᠤᠨ ᠭᠡᠱᠢᠭᠦᠨ ᠨᠢᠭᠡᠪᠦᠷᠢ᠎ᠶᠢ ᠬᠥᠮᠦᠵᠢᠭᠦᠯᠵᠦ᠂ ᠬᠠᠮᠢᠶᠠᠷᠴᠤ᠂ ᠲᠡᠳᠡᠨ᠎ᠳᠦ ᠬᠢᠨᠠᠯᠲᠠ ᠲᠠᠯᠪᠢᠨ᠎ᠠ᠂ ᠲᠤᠰ ᠨᠢᠭᠡᠴᠢ᠎ᠶᠢᠨ᠎ᠢᠶᠡᠨ ᠲᠤᠬᠠᠢᠯᠠᠭᠰᠠᠨ ᠠᠵᠢᠯ᠎ᠢ ᠤᠳᠤᠷᠢᠳᠭᠤ᠎ᠦᠭᠡᠢ᠃  

  ᠭᠤᠴᠢᠨ ᠳᠥᠷᠪᠡᠳᠦᠭᠡᠷ ᠵᠦᠢᠯ  ᠨᠠᠮ᠎ᠤᠨ ᠡᠭᠦᠷ ᠪᠤᠯ ᠨᠠᠮ᠎ᠤᠨ ᠰᠠᠭᠤᠷᠢ ᠵᠣᠬᠢᠶᠠᠨ ᠪᠠᠢᠭᠤᠯᠤᠯᠲᠠ ᠮᠦᠨ᠂ ᠱᠢᠭᠤᠳ ᠨᠠᠮ᠎ᠤᠨ ᠭᠡᠱᠢᠭᠦᠳ᠎ᠢ ᠬᠥᠮᠦᠵᠢᠭᠦᠯᠬᠦ᠂ ᠨᠠᠮ᠎ᠤᠨ ᠭᠡᠱᠢᠭᠦᠳ᠎ᠢ ᠬᠠᠮᠢᠶᠠᠷᠬᠤ᠂ ᠨᠠᠮ᠎ᠤᠨ ᠭᠡᠱᠢᠭᠦᠳ᠎ᠲᠦ ᠬᠢᠨᠠᠯᠲᠠ ᠲᠠᠯᠪᠢᠬᠤ ᠪᠠ ᠣᠯᠠᠨ ᠲᠦᠮᠡᠨ᠎ᠢ ᠵᠣᠬᠢᠶᠠᠨ ᠪᠠᠢᠭᠤᠯᠬᠤ᠂ ᠣᠯᠠᠨ ᠲᠦᠮᠡᠨ᠎ᠳᠦ ᠤᠬᠠᠭᠤᠯᠬᠤ᠂ ᠣᠯᠠᠨ ᠲᠦᠮᠡᠨ᠎ᠢ ᠨᠢᠭᠲᠠᠷᠠᠭᠤᠯᠬᠤ᠂ ᠣᠯᠠᠨ ᠲᠦᠮᠡᠨ᠎ᠳᠦ ᠦᠢᠯᠡᠴᠢᠯᠡᠬᠦ ᠲᠤᠱᠢᠶᠠᠯ ᠬᠠᠷᠢᠭᠤᠴᠠᠯᠭ᠎ᠠ᠎ᠶᠢ ᠡᠭᠦᠷᠭᠡᠯᠡᠨ᠎ᠡ᠃

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃