ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ (ᠨᠠᠢ᠍ᠮᠠᠳᠤᠭᠠᠷ ᠪᠦᠯᠦᠭ)
2021.09.16

    ᠨᠠᠢ᠍ᠮᠠᠳᠤᠭᠠᠷ ᠪᠦᠯᠦᠭ  ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ

    

  ᠳᠥᠴᠢᠨ ᠲᠠᠪᠤᠳᠤᠭᠠᠷ ᠵᠦᠢᠯ  ᠨᠠᠮ᠎ᠤᠨ ᠲᠥᠪ ᠬᠣᠷᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ᠎ᠶᠢᠨ ᠳᠣᠤᠷ᠎ᠠ ᠠᠵᠢᠯᠯᠠᠨ᠎ᠠ᠃ ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠣᠯᠤᠨ ᠦᠨᠳᠦᠰᠦᠠ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠠᠳᠠᠯᠢ ᠱᠠᠲᠤᠨ᠎ᠤ ᠨᠠᠮ᠎ᠤᠨ ᠬᠣᠷᠢᠶ᠎ᠠ ᠪᠠ ᠳᠡᠭᠡᠳᠦ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠳᠠᠪᠬᠤᠷ ᠤᠳᠤᠷᠢᠳᠤᠯᠭ᠎ᠠ᠎ᠶᠢᠨ ᠳᠣᠤᠷ᠎ᠠ ᠠᠵᠢᠯᠯᠠᠨ᠎ᠠ᠃ ᠳᠡᠭᠡᠳᠦ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠳᠣᠤᠷᠠᠲᠤ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠳᠠᠬᠢ ᠤᠳᠤᠷᠢᠳᠤᠯᠭ᠎ᠠ᠎ᠪᠠᠨ ᠴᠢᠩᠭᠠᠳᠭᠠᠬᠤ ᠬᠡᠷᠡᠭᠲᠡᠢ᠃         

  ᠨᠠᠮ᠎ᠤᠨ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠬᠤᠭᠤᠴᠠᠭ᠎ᠠ ᠪᠦᠷᠢ᠎ᠶᠢᠨ ᠲᠤᠱᠢᠶᠠᠯ᠎ᠤᠨ ᠬᠤᠭᠤᠴᠠᠭ᠎ᠠ᠎ᠨᠢ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠬᠢ᠎ᠲᠡᠢ ᠠᠳᠠᠯᠢ᠃   

  ᠨᠠᠮ᠎ᠤᠨ ᠲᠥᠪ ᠬᠣᠷᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠪᠦᠭᠦᠳᠡ ᠬᠤᠷᠠᠯ᠎ᠨᠢ ᠪᠠᠢᠩᠭᠤ᠎ᠶᠢᠨ ᠬᠣᠷᠢᠶ᠎ᠠ ᠪᠣᠯᠤᠨ ᠱᠦᠵᠢ᠂ ᠳᠡᠳ᠋ ᠱᠦᠵᠢ᠎ᠪᠡᠨ ᠰᠣᠩᠭᠤᠬᠤ ᠪᠥᠭᠡᠳ ᠨᠠᠮ᠎ᠤᠨ ᠲᠥᠪ ᠬᠣᠷᠢᠶᠠᠨ᠎ᠳᠤ ᠮᠡᠳᠡᠭᠦᠯᠵᠦ ᠵᠥᠪᠱᠢᠶᠡᠷᠡᠭᠦᠯᠦᠨ᠎ᠡ᠃ ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠪᠦᠭᠦᠳᠡ ᠬᠤᠷᠠᠯ᠎ᠨᠢ ᠪᠠᠢᠩᠭᠤ᠎ᠶᠢᠨ ᠬᠣᠷᠢᠶ᠎ᠠ ᠪᠣᠯᠤᠨ ᠱᠦᠵᠢ᠂ ᠳᠡᠳ᠋ ᠱᠦᠵᠢ᠎ᠪᠡᠨ ᠰᠣᠩᠭᠤᠬᠤ ᠪᠥᠭᠡᠳ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠪᠠᠷ ᠪᠠᠲᠤᠯᠠᠭᠤᠯᠤᠭᠠᠳ᠂ ᠳᠡᠭᠡᠳᠦ ᠱᠠᠲᠤᠨ᠎ᠤ ᠨᠠᠮ᠎ᠤᠨ ᠬᠣᠷᠢᠶᠠᠨ᠎ᠳᠤ ᠮᠡᠳᠡᠭᠦᠯᠵᠦ ᠵᠥᠪᠱᠢᠶᠡᠷᠡᠭᠦᠯᠦᠨ᠎ᠡ᠃ ᠨᠠᠮ᠎ᠤᠨ ᠦᠨᠳᠦᠰᠦᠠ ᠱᠠᠲᠤᠨ᠎ᠤ ᠬᠣᠷᠢᠶᠠᠨ᠎ᠳᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠠᠢᠭᠤᠯᠬᠤ ᠪᠤᠶᠦ ᠡᠰᠡᠬᠦᠯ᠎ᠡ ᠰᠠᠬᠢᠯᠭ᠎ᠠ ᠪᠠᠲᠤ ᠪᠠᠢᠴᠠᠭᠠᠬᠤ ᠭᠡᠱᠢᠭᠦᠨ ᠲᠠᠯᠪᠢᠬᠤ᠎ᠶᠢ ᠲᠡᠭᠦᠨ᠎ᠦ ᠳᠡᠭᠡᠳᠦ ᠨᠢᠭᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠳᠠᠲᠠᠢ ᠪᠠᠢᠳᠠᠯ᠎ᠢ ᠦᠨᠳᠦᠰᠦᠯᠡᠵᠦ ᠲᠣᠭᠲᠠᠭᠠᠨ᠎ᠠ᠃ ᠨᠠᠮ᠎ᠤᠨ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ ᠪᠠ ᠡᠭᠦᠷ᠎ᠦᠨ ᠭᠡᠱᠢᠭᠦᠳ᠎ᠦᠨ ᠬᠤᠷᠠᠯ᠎ᠳᠤ ᠰᠠᠬᠢᠯᠭ᠎ᠠ ᠪᠠᠲᠤ ᠪᠠᠢᠴᠠᠭᠠᠬᠤ ᠭᠡᠱᠢᠭᠦᠨ ᠲᠠᠯᠪᠢᠨ᠎ᠠ᠃

  ᠨᠠᠮ᠎ᠤᠨ ᠲᠥᠪ᠎ᠦᠨ ᠪᠠ ᠣᠷᠤᠨ ᠨᠤᠲᠤᠭ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠠᠳᠠᠯᠢ ᠱᠠᠲᠤᠨ᠎ᠤ ᠨᠠᠮ ᠪᠠ ᠲᠥᠷᠥ᠎ᠶᠢᠨ ᠪᠠᠢᠭᠤᠯᠭ᠎ᠠ᠎ᠳᠤ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ᠎ᠢ ᠨᠡᠢᠳᠡᠮ ᠳ᠋ᠤᠨᠢ ᠲᠣᠮᠢᠯᠠᠨ ᠰᠠᠭᠤᠯᠭᠠᠨ᠎ᠠ᠃ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ᠎ᠤᠨ ᠳᠠᠷᠤᠭ᠎ᠠ᠎ᠨᠢ ᠲᠡᠭᠦᠨ᠎ᠦ ᠰᠠᠭᠤᠭ᠎ᠠ ᠰᠠᠯᠠᠭ᠎ᠠ ᠮᠥᠴᠢᠷ᠎ᠦᠨ ᠨᠠᠮ᠎ᠤᠨ ᠤᠳᠤᠷᠢᠳᠭᠤ ᠵᠣᠬᠢᠶᠠᠨ ᠪᠠᠢᠭᠤᠯᠤᠯᠲᠠ᠎ᠶᠢᠨ ᠬᠣᠯᠪᠤᠭᠳᠠᠯ ᠪᠦᠬᠦᠢ ᠬᠤᠷᠠᠯ᠎ᠳᠤ ᠣᠷᠤᠯᠴᠠᠨ᠎ᠠ᠃ ᠲᠡᠳᠡᠨ᠎ᠦ ᠠᠵᠢᠯ᠎ᠢ ᠲᠤᠰ ᠪᠠᠢᠭᠤᠯᠭ᠎ᠠ᠎ᠶᠢᠨ ᠨᠠᠮ᠎ᠤᠨ ᠤᠳᠤᠷᠢᠳᠭᠤ ᠵᠣᠬᠢᠶᠠᠨ ᠪᠠᠢᠭᠤᠯᠤᠯᠲᠠ ᠡᠷᠬᠡᠪᠱᠢ ᠳᠡᠮᠵᠢᠬᠦ ᠬᠡᠷᠡᠭᠲᠡᠢ᠃

  ᠳᠥᠴᠢᠨ ᠵᠢᠷᠭᠤᠳᠤᠭᠠᠷ ᠵᠦᠢᠯ  ᠨᠠᠮ᠎ᠤᠨ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠤᠯ ᠨᠠᠮ᠎ᠤᠨ ᠳᠣᠲᠤᠭᠠᠳᠤ᠎ᠶᠢᠨ ᠬᠢᠨᠠᠯᠲᠠ ᠲᠠᠯᠪᠢᠬᠤ ᠲᠤᠰᠭᠠᠢ ᠬᠠᠷᠢᠭᠤᠴᠠᠬᠤ ᠪᠠᠢᠭᠤᠯᠭ᠎ᠠ ᠮᠦᠨ᠂ ᠲᠡᠭᠦᠨ᠎ᠦ ᠭᠣᠤᠯ ᠡᠭᠦᠷᠭᠡ ᠪᠤᠯ᠄ ᠨᠠᠮ᠎ᠤᠨ ᠳᠦᠷᠢᠮ ᠪᠠ ᠨᠠᠮ᠎ᠤᠨ ᠳᠣᠲᠤᠭᠠᠳᠤ᠎ᠶᠢᠨ ᠪᠤᠰᠤᠳ ᠬᠠᠤᠯᠢ ᠲᠣᠭᠲᠠᠭᠠᠯ᠎ᠢ ᠬᠠᠮᠠᠭᠠᠯᠠᠵᠤ᠂ ᠨᠠᠮ᠎ᠤᠨ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ ᠪᠠ ᠱᠢᠢᠳᠪᠦᠷᠢ᠎ᠶᠢ ᠬᠡᠷᠡᠭᠵᠢᠭᠦᠯᠵᠦ ᠪᠠᠢᠭ᠎ᠠ ᠪᠠᠢᠳᠠᠯ᠎ᠢ ᠪᠠᠢᠴᠠᠭᠠᠵᠤ᠂ ᠨᠠᠮ᠎ᠤᠨ ᠬᠣᠷᠢᠶ᠎ᠠ᠎ᠶᠢ ᠬᠠᠪᠰᠤᠷᠤᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠠᠬᠢᠭᠤᠯᠵᠤ᠂ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠭᠠᠬᠤ ᠮᠥᠷᠲᠡᠭᠡᠨ ᠢᠯᠵᠠᠷᠠᠯ᠎ᠢ ᠡᠰᠡᠷᠭᠦᠴᠡᠬᠦ ᠠᠵᠢᠯ᠎ᠢ ᠵᠣᠬᠢᠶᠠᠨ ᠪᠠᠢᠭᠤᠯᠵᠤ ᠵᠣᠬᠢᠴᠠᠭᠤᠯᠤᠨ᠎ᠠ᠃

  ᠨᠠᠮ᠎ᠤᠨ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠤᠱᠢᠶᠠᠯ ᠬᠠᠷᠢᠭᠤᠴᠠᠯᠭ᠎ᠠ ᠪᠤᠯ ᠬᠢᠨᠠᠯᠲᠠ ᠲᠠᠯᠪᠢᠬᠤ᠂ ᠰᠠᠬᠢᠯᠭ᠎ᠠ ᠪᠠᠲᠤ᠎ᠶᠢ ᠬᠡᠷᠡᠭᠵᠢᠭᠦᠯᠬᠦ᠂ ᠬᠠᠷᠢᠭᠤᠴᠠᠯᠭ᠎ᠠ ᠨᠡᠬᠡᠮᠵᠢᠯᠡᠬᠦ ᠶᠠᠪᠤᠳᠠᠯ ᠮᠦᠨ᠂ ᠡᠢᠮᠦ᠎ᠡᠴᠡ ᠦᠷᠭᠦᠯᠵᠢ ᠨᠠᠮ᠎ᠤᠨ ᠭᠡᠱᠢᠭᠦᠳ᠎ᠲᠦ ᠰᠠᠬᠢᠯᠭ᠎ᠠ ᠪᠠᠲᠤ᠎ᠶᠢ ᠵᠢᠷᠤᠮᠯᠠᠨ ᠰᠠᠬᠢᠬᠤ ᠬᠥᠮᠦᠵᠢᠯ ᠬᠢᠵᠦ᠂ ᠨᠠᠮ᠎ᠤᠨ ᠰᠠᠬᠢᠯᠭ᠎ᠠ ᠪᠠᠲᠤ᠎ᠶᠢ ᠬᠠᠮᠠᠭᠠᠯᠠᠬᠤ ᠲᠤᠬᠠᠢ ᠲᠣᠭᠲᠠᠭᠠᠯ ᠭᠠᠷᠭᠠᠬᠤ ᠬᠡᠷᠡᠭᠲᠡᠢ; ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠂ ᠡᠷᠬᠡ᠎ᠪᠡᠨ ᠬᠡᠷᠡᠭᠵᠢᠭᠦᠯᠬᠦ᠎ᠳᠦ ᠬᠢᠨᠠᠯᠲᠠ ᠲᠠᠯᠪᠢᠵᠤ᠂ ᠨᠠᠮ᠎ᠤᠨ ᠭᠡᠱᠢᠭᠦᠨ ᠣᠯᠠᠨ ᠲᠦᠮᠡᠨ᠎ᠦ ᠢᠯᠡᠴᠢᠯᠡᠭᠰᠡᠨ ᠪᠠ ᠢᠯᠡᠴᠢᠯᠡᠵᠦ ᠮᠡᠳᠡᠭᠦᠯᠦᠭᠰᠡᠨ᠎ᠢ ᠬᠦᠯᠢᠶᠡᠨ ᠠᠪᠴᠤ ᠱᠢᠢᠳᠪᠦᠷᠢᠯᠡᠨ᠂ ᠶᠠᠷᠢᠯᠴᠠᠵᠤ ᠰᠠᠨᠠᠭᠤᠯᠬᠤ᠂ ᠪᠣᠯᠵᠤᠨ ᠶᠠᠷᠢᠯᠴᠠᠵᠤ ᠵᠠᠬᠢᠳᠠᠯ᠎ᠢᠶᠠᠷ ᠠᠰᠠᠭᠤᠬᠤ᠎ᠶᠢ ᠥᠷᠨᠢᠭᠦᠯᠬᠦ ᠬᠡᠷᠡᠭᠲᠡᠢ; ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠎ᠦ ᠨᠠᠮ᠎ᠤᠨ ᠳᠦᠷᠢᠮ ᠪᠠ ᠨᠠᠮ᠎ᠤᠨ ᠳᠣᠲᠤᠭᠠᠳᠤ᠎ᠶᠢᠨ ᠪᠤᠰᠤᠳ ᠬᠠᠤᠯᠢ ᠲᠣᠭᠲᠠᠭᠠᠯ᠎ᠢ ᠵᠥᠷᠢᠴᠡᠭᠰᠡᠨ ᠨᠡᠯᠢᠶᠡᠳ ᠴᠢᠬᠤᠯᠠ ᠪᠤᠶᠦ ᠨᠠᠷᠢᠨ ᠪᠤᠳᠤᠯᠢᠶᠠᠨᠲᠠᠢ ᠬᠡᠷᠡᠭ᠎ᠦ᠋ᠳ᠎ᠢ ᠪᠠᠢᠴᠠᠭᠠᠨ ᠱᠢᠢᠳᠪᠦᠷᠢᠯᠡᠵᠦ᠂ ᠡᠳᠡᠭᠡᠷ ᠬᠡᠷᠡᠭ᠎ᠲᠦ ᠣᠷᠤᠯᠴᠠᠭᠰᠠᠨ ᠨᠠᠮ᠎ᠤᠨ ᠭᠡᠱᠢᠭᠦᠨ᠎ᠳᠦ ᠱᠢᠢᠳᠬᠡᠯ ᠥᠭᠬᠦ ᠪᠤᠶᠦ ᠱᠢᠢᠳᠬᠡᠯ᠎ᠢ᠎ᠨᠢ ᠬᠦᠴᠦᠨ᠎ᠦᠭᠡᠢ ᠪᠣᠯᠭᠠᠬᠤ ᠶᠠᠪᠤᠳᠠᠯ᠎ᠢ ᠲᠣᠭᠲᠠᠭᠠᠬᠤ ᠬᠡᠷᠡᠭᠲᠡᠢ; ᠬᠠᠷᠢᠭᠤᠴᠠᠯᠭ᠎ᠠ ᠨᠡᠬᠡᠮᠵᠢᠯᠡᠬᠦ ᠪᠤᠶᠤ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠭᠤ ᠬᠡᠷᠡᠭᠲᠡᠢ; ᠨᠠᠮ᠎ᠤᠨ ᠭᠡᠱᠢᠭᠦᠳ᠎ᠦᠨ ᠵᠠᠭᠠᠯᠳᠤᠯᠭ᠎ᠠ ᠪᠠ ᠭᠣᠮᠤᠳᠠᠯ᠎ᠢ ᠬᠦᠯᠢᠶᠡᠨ ᠠᠪᠴᠤ ᠱᠢᠢᠳᠪᠦᠷᠢᠯᠡᠬᠦ ᠬᠡᠷᠡᠭᠲᠡᠢ; ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠬᠡᠷᠡᠭᠲᠡᠢ᠃

  ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠣᠨᠴᠠ ᠴᠢᠬᠤᠯᠠ ᠪᠤᠶᠦ ᠨᠠᠷᠢᠨ ᠪᠤᠳᠤᠯᠢᠶᠠᠨᠲᠠᠢ ᠬᠡᠷᠡᠭ᠎ᠢ ᠱᠢᠢᠳᠪᠦᠷᠢᠯᠡᠬᠦ ᠳᠤᠮᠳᠠᠬᠢ ᠠᠰᠠᠭᠤᠳᠠᠯ ᠪᠠ ᠱᠢᠢᠳᠪᠦᠷᠢᠯᠡᠭᠰᠡᠨ ᠳ᠋ᠦᠩ᠎ᠢᠶᠡᠨ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠬᠦ ᠬᠡᠷᠡᠭᠲᠡᠢ᠃ ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠣᠯᠤᠨ ᠦᠨᠳᠦᠰᠦᠠ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠡᠭᠦᠨ᠎ᠦ ᠵᠡᠷᠭᠡ᠎ᠪᠡᠷ ᠳᠡᠭᠡᠳᠦ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠳᠤ ᠮᠡᠳᠡᠭᠦᠯᠬᠦ ᠬᠡᠷᠡᠭᠲᠡᠢ᠃    

  ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠭᠡᠱᠢᠭᠦᠨ᠎ᠳᠦ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ ᠪᠠᠢᠬᠤ᠎ᠶᠢ ᠣᠯᠵᠤ ᠮᠡᠳᠡᠪᠡᠯ ᠤᠷᠢᠳ᠎ᠢᠶᠠᠷ ᠠᠩᠬ᠎ᠠ ᠠᠯᠬᠤᠮ ᠬᠢᠨᠠᠨ ᠬᠠᠷᠭᠤᠭᠤᠯᠤᠭᠠᠳ᠂ ᠬᠡᠷᠪᠡ ᠬᠡᠷᠡᠭ ᠪᠣᠯᠭᠠᠨ ᠳᠠᠩᠰᠠᠯᠠᠵᠤ ᠪᠠᠢᠴᠠᠭᠠᠬᠤ ᠴᠢᠬᠤᠯᠠᠲᠠᠢ ᠪᠤᠯ ᠠᠳᠠᠯᠢ ᠱᠠᠲᠤᠨ᠎ᠤ ᠨᠠᠮ᠎ᠤᠨ ᠬᠣᠷᠢᠶᠠᠨ᠎ᠳᠤ ᠮᠡᠳᠡᠭᠦᠯᠬᠦ᠎ᠶᠢᠨ ᠵᠡᠷᠭᠡ᠎ᠪᠡᠷ ᠳᠡᠭᠡᠳᠦ ᠨᠢᠭᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠳᠤ ᠮᠡᠳᠡᠭᠦᠯᠬᠦ ᠬᠡᠷᠡᠭᠲᠡᠢ; ᠪᠠᠢᠩᠭᠤ᠎ᠶᠢᠨ ᠭᠡᠱᠢᠭᠦᠨ᠎ᠳᠦ ᠬᠣᠯᠪᠤᠭᠳᠠᠪᠠᠯ᠂ ᠳᠡᠭᠡᠳᠦ ᠨᠢᠭᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠳᠤ ᠮᠡᠳᠡᠭᠦᠯᠵᠦ᠂ ᠳᠡᠭᠡᠳᠦ ᠨᠢᠭᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠠᠴᠠ ᠠᠩᠬ᠎ᠠ ᠠᠯᠬᠤᠮ ᠬᠢᠨᠠᠨ ᠬᠠᠷᠭᠤᠭᠤᠯᠤᠨ᠎ᠠ᠂ ᠬᠢᠨᠠᠨ ᠪᠠᠢᠴᠠᠭᠠᠬᠤ ᠴᠢᠬᠤᠯᠠᠲᠠᠢ ᠪᠤᠯ᠂ ᠳᠡᠭᠡᠳᠦ ᠨᠢᠭᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠠᠴᠠ ᠲᠡᠭᠦᠨ᠎ᠦ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠳᠤ᠎ᠪᠠᠨ ᠮᠡᠳᠡᠭᠦᠯᠦᠨ ᠵᠥᠪᠱᠢᠶᠡᠷᠡᠭᠦᠯᠬᠦ ᠬᠡᠷᠡᠭᠲᠡᠢ᠃

  ᠳᠥᠴᠢᠨ ᠳᠣᠯᠤᠳᠤᠭᠠᠷ ᠵᠦᠢᠯ  ᠳᠡᠭᠡᠳᠦ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠳᠣᠤᠷᠠᠲᠤ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠢ ᠪᠠᠢᠴᠠᠭᠠᠬᠤ ᠡᠷᠬᠡ᠎ᠲᠡᠢ ᠪᠥᠭᠡᠳ ᠪᠠᠰᠠ ᠬᠡᠷᠡᠭ᠎ᠦᠨ ᠲᠤᠬᠠᠢ ᠳᠣᠤᠷᠠᠲᠤ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠭᠠᠷᠭᠠᠭᠰᠠᠨ ᠲᠣᠭᠲᠠᠭᠠᠯ᠎ᠢ ᠵᠥᠪᠱᠢᠶᠡᠷᠡᠬᠦ ᠪᠠ ᠥᠭᠡᠷᠡᠴᠢᠯᠡᠬᠦ ᠡᠷᠬᠡ᠎ᠲᠡᠢ᠃ ᠬᠡᠷᠪᠡ ᠥᠭᠡᠷᠡᠴᠢᠯᠡᠬᠦ ᠭᠡᠰᠡᠨ ᠲᠤᠰ ᠳᠣᠤᠷᠠᠲᠤ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠲᠣᠭᠲᠠᠭᠠᠯ᠎ᠢ ᠲᠡᠭᠦᠨ᠎ᠦ ᠠᠳᠠᠯᠢ ᠱᠠᠲᠤᠨ᠎ᠤ ᠨᠠᠮ᠎ᠤᠨ ᠬᠣᠷᠢᠶ᠎ᠠ ᠨᠢᠭᠡᠨᠲᠡ ᠵᠥᠪᠱᠢᠶᠡᠷᠡᠴᠢᠬᠡᠭᠰᠡᠨ ᠪᠠᠢᠪᠠᠯ᠂ ᠥᠭᠡᠷᠡᠴᠢᠯᠡᠬᠦ᠎ᠳᠤ᠎ᠪᠠᠨ ᠡᠷᠬᠡᠪᠱᠢ ᠲᠡᠭᠦᠨ᠎ᠦ ᠳᠡᠭᠡᠳᠦ ᠨᠢᠭᠡ ᠱᠠᠲᠤᠨ᠎ᠤ ᠨᠠᠮ᠎ᠤᠨ ᠬᠣᠷᠢᠶ᠎ᠠ᠎ᠪᠠᠷ ᠵᠥᠪᠱᠢᠶᠡᠷᠡᠭᠦᠯᠬᠦ ᠬᠡᠷᠡᠭᠲᠡᠢ᠃

  ᠨᠠᠮ᠎ᠤᠨ ᠣᠷᠤᠨ ᠨᠤᠲᠤᠭ᠎ᠤᠨ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠣᠯᠤᠨ ᠦᠨᠳᠦᠰᠦᠠ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠬᠡᠷᠪᠡ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠬᠡᠷᠡᠭ ᠱᠢᠢᠳᠪᠦᠷᠢᠯᠡᠭᠰᠡᠨ ᠲᠣᠭᠲᠠᠭᠠᠯ᠎ᠳᠤ ᠠᠳᠠᠯᠢ ᠪᠤᠰᠦ ᠰᠠᠨᠠᠯ᠎ᠲᠠᠢ ᠪᠠᠢᠪᠠᠯ᠂ ᠳᠡᠭᠡᠳᠦ ᠨᠢᠭᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠪᠠᠷ ᠳᠠᠬᠢᠨ ᠪᠠᠢᠴᠠᠭᠠᠯᠭᠠᠬᠤ᠎ᠪᠠᠷ ᠭᠤᠶᠤᠴᠢᠯᠠᠵᠤ ᠪᠤᠯᠦᠨ᠎ᠡ; ᠬᠡᠷᠪᠡ ᠠᠳᠠᠯᠢ ᠱᠠᠲᠤᠨ᠎ᠤ ᠨᠠᠮ᠎ᠤᠨ ᠬᠣᠷᠢᠶ᠎ᠠ ᠪᠤᠶᠦ ᠲᠡᠭᠦᠨ᠎ᠦ ᠪᠦᠷᠢᠯᠳᠦᠬᠦᠨ᠎ᠦ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠪᠠᠢᠳᠠᠯ᠎ᠢ ᠣᠯᠵᠤ ᠮᠡᠳᠡᠭᠰᠡᠨ ᠪᠠᠢᠲᠠᠯ᠎ᠠ᠂ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠨᠢ ᠱᠢᠢᠳᠪᠦᠷᠢᠯᠡᠵᠦ ᠥᠭᠬᠦ᠎ᠦᠭᠡᠢ ᠪᠤᠶᠦ ᠵᠥᠪ᠎ᠢᠶᠡᠷ ᠱᠢᠢᠳᠪᠦᠷᠢᠯᠡᠵᠦ ᠥᠭᠬᠦ᠎ᠦᠭᠡᠢ ᠪᠠᠢᠪᠠᠯ᠂ ᠳᠡᠭᠡᠳᠦ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠳᠤ ᠭᠣᠮᠤᠳᠠᠯ ᠲᠣᠭᠠᠴᠢᠵᠤ᠂ ᠬᠠᠪᠰᠤᠷᠤᠨ ᠱᠢᠢᠳᠪᠦᠷᠢᠯᠡᠭᠦᠯᠬᠦ᠎ᠪᠡᠷ ᠭᠤᠶᠤᠴᠢᠯᠠᠬᠤ ᠡᠷᠬᠡ᠎ᠲᠡᠢ᠃

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃