ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ (ᠶᠢᠰᠦᠳᠦᠭᠡᠷ᠂ ᠠᠷᠪᠠᠳᠤᠭᠠᠷ᠂ ᠠᠷᠪᠠᠨ ᠨᠢᠭᠡᠳᠦᠭᠡᠷ ᠪᠦᠯᠦᠭ)
2021.09.16

    ᠶᠢᠰᠦᠳᠦᠭᠡᠷ ᠪᠦᠯᠦᠭ  ᠨᠠᠮ᠎ᠤᠨ ᠤᠳᠤᠷᠢᠳᠭᠤ ᠳᠤᠭᠤᠢᠯᠠᠩ

 

  ᠳᠥᠴᠢᠨ ᠨᠠᠢ᠍ᠮᠠᠳᠤᠭᠠᠷ ᠵᠦᠢᠯ  ᠲᠥᠪ᠎ᠦᠨ ᠪᠠ ᠣᠷᠤᠨ ᠨᠤᠲᠤᠭ᠎ᠤᠨ ᠲᠥᠷᠦ᠎ᠶᠢᠨ ᠪᠠᠢᠭᠤᠯᠭ᠎ᠠ᠂ ᠠᠷᠠᠳ᠎ᠤᠨ ᠪᠦᠯᠬᠦᠮ᠂ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠰᠣᠶᠤᠯ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠪᠤᠰᠦ ᠪᠤᠰᠤᠳ ᠵᠣᠬᠢᠶᠠᠨ ᠪᠠᠢᠭᠤᠯᠤᠯᠲᠠ᠎ᠶᠢᠨ ᠤᠳᠤᠷᠢᠳᠭᠤ ᠪᠠᠢᠭᠤᠯᠭ᠎ᠠ᠎ᠨᠤᠭᠤᠳ᠎ᠲᠤ ᠨᠠᠮ᠎ᠤᠨ ᠤᠳᠤᠷᠢᠳᠭᠤ ᠳᠤᠭᠤᠢᠯᠠᠩ ᠪᠠᠢᠭᠤᠯᠵᠤ ᠪᠤᠯᠦᠨ᠎ᠡ᠃ ᠨᠠᠮ᠎ᠤᠨ ᠤᠳᠤᠷᠢᠳᠭᠤ ᠳᠤᠭᠤᠢᠯᠠᠩ᠎ᠨᠢ ᠤᠳᠤᠷᠢᠳᠭᠤ ᠭᠣᠤᠯᠯᠠᠭᠴᠢ᠎ᠶᠢᠨ ᠦᠢᠯᠡᠳᠦᠯ᠎ᠢ ᠪᠠᠳᠠᠷᠠᠭᠤᠯᠤᠨ᠎ᠠ᠃ ᠨᠠᠮ᠎ᠤᠨ ᠤᠳᠤᠷᠢᠳᠭᠤ ᠳᠤᠭᠤᠢᠯᠠᠩ᠎ᠤᠨ ᠡᠭᠦᠷᠭᠡ᠎ᠨᠢ ᠭᠣᠤᠯᠳᠠᠭᠤ ᠨᠠᠮ᠎ᠤᠨ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ᠎ᠶᠢ ᠲᠤᠭᠤᠱᠢᠯᠠᠭᠤᠯᠤᠨ ᠬᠡᠷᠡᠭᠵᠢᠭᠦᠯᠬᠦ ᠶᠠᠪᠤᠳᠠᠯ᠎ᠢ ᠬᠠᠷᠢᠭᠤᠴᠠᠨ᠎ᠠ; ᠲᠤᠰ ᠨᠢᠭᠡᠴᠢ᠎ᠶᠢᠨ᠎ᠢᠶᠡᠨ ᠨᠠᠮ᠎ᠤᠨ ᠪᠠᠢᠭᠤᠯᠤᠯᠲᠠ᠎ᠶᠢ ᠤᠳᠤᠷᠢᠳᠭᠤ᠎ᠪᠠᠨ ᠴᠢᠩᠭᠠᠳᠭᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ᠎ᠪᠠᠨ ᠭᠦᠢᠴᠡᠳᠬᠡᠨ᠎ᠡ; ᠲᠤᠰ ᠨᠢᠭᠡᠴᠢ᠎ᠶᠢᠨ᠎ᠢᠶᠡᠨ ᠴᠢᠬᠤᠯᠠ ᠶᠡᠬᠡ ᠠᠰᠠᠭᠤᠳᠠᠯ᠎ᠢ ᠶᠠᠷᠢᠯᠴᠠᠨ ᠲᠣᠭᠲᠠᠭᠠᠨ᠎ᠠ; ᠺᠠᠳ᠋ᠷ᠎ᠤᠨ ᠬᠠᠮᠢᠶᠠᠷᠤᠯᠲᠠ᠎ᠶᠢᠨ ᠠᠵᠢᠯ᠎ᠢ ᠰᠠᠢᠲᠤᠷ ᠬᠢᠨ᠎ᠡ; ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠪᠠᠢᠭᠤᠯᠵᠤ ᠲᠣᠬᠢᠷᠠᠭᠤᠯᠬᠤ ᠪᠠ ᠨᠠᠮ᠎ᠤᠨ ᠭᠡᠱᠢᠭᠦᠨ ᠡᠯᠰᠡᠬᠦ᠂ ᠨᠠᠮ᠎ᠤᠨ ᠭᠡᠱᠢᠭᠦᠨ᠎ᠳᠦ ᠱᠢᠢᠳᠬᠡᠯ ᠦᠭᠬᠦ ᠵᠡᠷᠭᠡ ᠴᠢᠬᠤᠯᠠ ᠤᠴᠢᠷ ᠶᠠᠪᠤᠳᠠᠯ᠎ᠢ ᠶᠠᠷᠢᠯᠴᠠᠵᠤ ᠲᠣᠭᠲᠠᠭᠠᠨ᠎ᠠ; ᠨᠠᠮ᠎ᠤᠨ ᠪᠤᠰᠦ ᠺᠠᠳ᠋ᠷ ᠪᠠ ᠣᠯᠠᠨ ᠲᠦᠮᠡᠨ᠎ᠲᠡᠢ ᠪᠦᠯᠬᠦᠮᠳᠡᠨ᠂ ᠨᠠᠮ ᠪᠠ ᠤᠯᠤᠰ᠎ᠠᠴᠠ ᠲᠤᠱᠢᠶᠠᠭᠰᠠᠨ ᠡᠭᠦᠷᠭᠡ᠎ᠶᠢ ᠪᠡᠶᠡᠯᠡᠭᠦᠯᠦᠨ᠎ᠡ; ᠪᠠᠢᠭᠤᠯᠭ᠎ᠠ᠎ᠶᠢᠨ ᠪᠠ ᠱᠢᠭᠤᠳ ᠬᠠᠷᠢᠶ᠎ᠠ ᠨᠢᠭᠡᠴᠢ᠎ᠶᠢᠨ᠎ᠢᠶᠡᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯ᠎ᠢ ᠤᠳᠤᠷᠢᠳᠤᠨ᠎ᠠ᠃

  ᠲᠦᠴᠢ ᠶᠢᠰᠦᠳᠦᠭᠡᠷ ᠵᠦᠢᠯ  ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠎ᠢ ᠨᠠᠮ᠎ᠤᠨ ᠤᠳᠤᠷᠢᠳᠭᠤ ᠳᠤᠭᠤᠢᠯᠠᠩ ᠪᠠᠢᠭᠤᠯᠬᠤ᠎ᠶᠢ ᠵᠥᠪᠱᠢᠶᠡᠷᠡᠭᠰᠡᠨ ᠨᠠᠮ᠎ᠤᠨ ᠵᠣᠬᠢᠶᠠᠨ ᠪᠠᠢᠭᠤᠯᠤᠯᠲᠠ ᠲᠣᠭᠲᠠᠭᠠᠨ᠎ᠠ᠃ ᠨᠠᠮ᠎ᠤᠨ ᠤᠳᠤᠷᠢᠳᠭᠤ ᠳᠤᠭᠤᠢᠯᠠᠩ᠎ᠳᠤ ᠱᠦᠵᠢ ᠲᠠᠯᠪᠢᠵᠤ᠂ ᠴᠢᠬᠤᠯᠠᠲᠠᠢ ᠦᠶ᠎ᠡ᠎ᠳᠤ ᠳᠡᠳ᠋ ᠱᠦᠵᠢ ᠲᠠᠯᠪᠢᠵᠤ ᠪᠤᠯᠦᠨ᠎ᠡ᠃

  ᠨᠠᠮ᠎ᠤᠨ ᠤᠳᠤᠷᠢᠳᠭᠤ ᠳᠤᠭᠤᠢᠯᠠᠩ᠎ᠨᠢ ᠲᠡᠭᠦᠨ᠎ᠦ ᠪᠠᠢᠭᠤᠯᠤᠭᠳᠠᠬᠤ᠎ᠶᠢ ᠵᠥᠪᠱᠢᠶᠡᠷᠡᠭᠰᠡᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠎ᠶᠢ ᠡᠷᠬᠡᠪᠱᠢ ᠳᠠᠭᠠᠬᠤ ᠬᠡᠷᠡᠭᠲᠡᠢ᠃

  ᠲᠠᠪᠢᠳᠤᠭᠠᠷ ᠵᠦᠢᠯ  ᠬᠠᠷᠢᠶ᠎ᠠ ᠨᠢᠭᠡᠴᠢ᠎ᠨᠦᠭᠦᠳ᠎ᠲᠤ᠎ᠪᠠᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠠᠪᠤᠭᠤᠯᠬᠤ ᠲᠥᠷᠦ᠎ᠶᠢᠨ ᠠᠵᠢᠯ᠎ᠤᠨ ᠰᠠᠯᠠᠭ᠎ᠠ ᠮᠥᠴᠢᠷ᠎ᠲᠦ ᠨᠠᠮ᠎ᠤᠨ ᠬᠣᠷᠢᠶ᠎ᠠ ᠪᠠᠢᠭᠤᠯᠵᠤ ᠪᠤᠯᠦᠨ᠎ᠡ᠂ ᠨᠠᠮ᠎ᠤᠨ ᠬᠣᠷᠢᠶ᠎ᠠ᠎ᠶᠢᠨ ᠪᠠᠢᠭᠤᠯᠤᠭᠳᠠᠬᠤ ᠠᠷᠭ᠎ᠠ᠂ ᠡᠷᠬᠡ ᠲᠤᠱᠢᠶᠠᠯ ᠪᠠ ᠠᠵᠢᠯ᠎ᠤᠨ ᠡᠭᠦᠷᠭᠡ᠎ᠶᠢ ᠲᠥᠪ ᠬᠣᠷᠢᠶ᠎ᠠ ᠠᠰ ᠎ᠲᠤᠨᠢ ᠲᠣᠭᠲᠠᠭᠠᠨ᠎ᠠ᠃

 

    ᠠᠷᠪᠠᠳᠤᠭᠠᠷ ᠪᠦᠯᠦᠭ  ᠨᠠᠮ ᠪᠠ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠬᠠᠷᠢᠴᠠᠭ᠎ᠠ

 

  ᠲᠠᠪᠢᠨ ᠨᠢᠭᠡᠳᠦᠭᠡᠷ ᠵᠦᠢᠯ  ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠪᠤᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠲᠡᠷᠢᠭᠦᠨ᠎ᠦ ᠵᠠᠯᠠᠭᠤᠴᠤᠳ᠎ᠤᠨ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ ᠮᠦᠠ᠂ ᠥᠷᠭᠡᠨ ᠣᠯᠠᠨ ᠵᠠᠯᠠᠭᠤᠴᠤᠳ᠎ᠤᠨ ᠦᠢᠯᠡᠳᠦᠯᠭᠡ᠎ᠶᠢᠨ ᠳᠤᠮᠳᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ ᠪᠠ ᠡᠪ ᠬᠠᠮᠲᠤ ᠶᠣᠰᠤ᠎ᠶᠢ ᠰᠤᠷᠤᠯᠴᠠᠬᠤ ᠰᠤᠷᠭᠠᠭᠤᠯᠢ ᠮᠦᠠ᠂ ᠨᠠᠮ᠎ᠤᠨ ᠬᠠᠪᠰᠤᠷᠤᠭᠴᠢ ᠪᠠ ᠪᠡᠯᠡᠳᠬᠡᠯ ᠴᠡᠷᠢᠭ ᠮᠦᠠ᠃ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ᠎ᠨᠢ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ᠎ᠶᠢ ᠬᠦᠯᠢᠶᠡᠨ᠎ᠡ᠃ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠣᠷᠤᠨ ᠨᠤᠲᠤᠭ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠨᠢ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠤᠳᠤᠷᠢᠳᠤᠯᠭ᠎ᠠ᠎ᠶᠢ ᠬᠦᠯᠢᠶᠡᠬᠦ᠎ᠶᠢᠨ ᠬᠠᠮᠲᠤ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠎ᠶᠢ ᠬᠦᠯᠢᠶᠡᠨ᠎ᠡ᠃

  ᠲᠠᠪᠢᠨ ᠬᠣᠶᠠᠳᠤᠭᠠᠷ ᠵᠦᠢᠯ  ᠨᠠᠮ᠎ᠤᠨ ᠡᠯ᠎ᠡ ᠱᠠᠲᠤᠨ᠎ᠤ ᠬᠣᠷᠢᠶ᠎ᠠ᠎ᠨᠢ ᠡᠪ ᠬᠠᠮᠲᠤ ᠵᠠᠯᠠᠭᠤᠴᠤᠳ᠎ᠤᠨ ᠡᠪᠯᠡᠯ᠎ᠢ ᠤᠳᠤᠷᠢᠳᠭᠤ ᠤᠳᠤᠷᠢᠳᠤᠯᠭ᠎ᠠ᠎ᠪᠠᠨ ᠴᠢᠩᠭᠠᠳᠭᠠᠵᠤ᠂ ᠡᠪᠯᠡᠯ᠎ᠦᠨ ᠺᠠᠳ᠋ᠷ᠎ᠢ ᠰᠣᠩᠭᠤᠨ ᠳᠡᠪᠱᠢᠭᠦᠯᠬᠦ ᠪᠠ ᠪᠣᠯᠪᠠᠰᠤᠷᠠᠭᠤᠯᠬᠤ ᠶᠠᠪᠤᠳᠠᠯ᠎ᠢ ᠠᠩᠬᠠᠷᠬᠤ ᠬᠡᠷᠡᠭᠲᠡᠢ᠃ ᠨᠠᠮ᠎ᠠᠴᠠ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠥᠷᠭᠡᠨ ᠣᠯᠠᠨ ᠵᠠᠯᠠᠭᠤᠴᠤᠳ᠎ᠤᠨ ᠣᠨᠴᠠᠯᠢᠭ ᠪᠠ ᠬᠡᠷᠡᠭᠴᠡᠭᠡ᠎ᠶᠢ ᠦᠨᠳᠦᠰᠦᠯᠡᠠ᠂ ᠠᠮᠢᠳᠤ ᠴᠣᠪᠤᠭᠤᠯᠢᠭ᠂ ᠪᠦᠲᠦᠭᠡᠯᠴᠢ᠎ᠪᠡᠷ ᠠᠵᠢᠯᠯᠠᠬᠤ᠎ᠶᠢ ᠡᠷᠡᠰ ᠳᠡᠮᠵᠢᠵᠦ᠂ ᠡᠪᠯᠡᠯ᠎ᠦᠨ ᠭᠠᠪᠱᠢᠭᠠᠢ ᠠᠩᠭᠢ᠎ᠶᠢᠨ ᠦᠢᠯᠡᠳᠦᠯ ᠪᠠ ᠥᠷᠭᠡᠨ ᠣᠯᠠᠨ ᠵᠠᠯᠠᠭᠤᠴᠤᠳ᠎ᠲᠠᠢ ᠬᠠᠷᠢᠯᠴᠬᠠᠦ ᠬᠥᠭᠦᠷᠭᠡ ᠪᠣᠯᠬᠤ ᠦᠢᠯᠡᠳᠦᠯ᠎ᠢ᠎ᠨᠢ ᠪᠦᠷᠢᠨ ᠪᠠᠳᠠᠷᠠᠭᠤᠯᠬᠤ ᠬᠡᠷᠡᠭᠲᠡᠢ᠃  ᠡᠪᠯᠡᠯ᠎ᠦᠨ ᠱᠢᠶᠠᠨ᠎ᠤ ᠱᠠᠲᠤ ᠪᠠ ᠱᠢᠶᠠᠨ᠎ᠤ ᠱᠠᠲᠤᠨ᠎ᠠᠴᠠ ᠳᠣᠷᠤᠭᠱᠢᠬᠢ ᠡᠯ᠎ᠡ ᠱᠠᠲᠤᠨ᠎ᠤ ᠬᠣᠷᠢᠶ᠎ᠠ᠎ᠶᠢᠨ ᠱᠦᠵᠢ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠡᠪᠯᠡᠯ᠎ᠦᠨ ᠬᠣᠷᠢᠶ᠎ᠠ᠎ᠶᠢᠨ ᠱᠦᠵᠢ᠎ᠨᠢ ᠨᠠᠮ᠎ᠤᠨ ᠭᠡᠱᠢᠭᠦᠨ ᠪᠠᠢᠪᠠᠯ᠂ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠪᠠ ᠪᠠᠢᠩᠭᠤ᠎ᠶᠢᠨ ᠬᠣᠷᠢᠶᠠᠨ᠎ᠤ ᠬᠤᠷᠠᠯ᠎ᠳᠤ ᠰᠤᠯᠠ ᠣᠷᠤᠯᠴᠠᠵᠤ ᠪᠤᠯᠦᠨ᠎ᠡ᠃

 

    ᠠᠷᠪᠠᠨ ᠨᠢᠭᠡᠳᠦᠭᠡᠷ ᠪᠦᠯᠦᠭ  ᠨᠠᠮ᠎ᠤᠨ ᠰᠦᠯᠳᠡ ᠨᠠᠮ᠎ᠤᠨ ᠲᠤᠭ

 

  ᠲᠠᠪᠢᠨ ᠭᠤᠷᠪᠠᠳᠤᠭᠠᠷ ᠵᠦᠢᠯ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠯᠳᠡ ᠪᠤᠯ ᠬᠠᠳᠤᠭᠤᠷ ᠠᠯᠤᠬ᠎ᠠ᠎ᠪᠠᠷ ᠪᠦᠷᠢᠯᠳᠦᠭᠰᠡᠨ ᠭᠡ ᠵᠢᠷᠤᠭ ᠪᠤᠯᠦᠨ᠎ᠡ᠃

  ᠲᠠᠪᠢᠨ ᠳᠥᠷᠪᠡᠳᠦᠭᠡᠷ ᠵᠦᠢᠯ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠭ ᠪᠤᠯ ᠨᠠᠮ᠎ᠤᠨ ᠰᠦᠯᠳᠡ᠎ᠶᠢᠨ ᠠᠯᠲᠠᠨ ᠱᠢᠷ᠎ᠠ ᠥᠩᠭᠡᠲᠦ ᠭᠡ ᠵᠢᠷᠤᠭ᠎ᠲᠠᠢ ᠤᠯᠠᠭᠠᠨ ᠲᠤᠭ ᠪᠤᠯᠦᠨ᠎ᠡ᠃

  ᠲᠠᠪᠢᠨ ᠲᠠᠪᠤᠳᠤᠭᠠᠷ ᠵᠦᠢᠯ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠯᠳᠡ ᠪᠣᠯᠤᠨ ᠲᠤᠭ ᠪᠤᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠡᠯᠭᠡᠳᠡᠯ ᠲᠡᠮᠳᠡᠭ ᠮᠦᠠ᠃ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠨᠢᠭᠡᠪᠦᠷᠢ ᠴᠥᠮ ᠨᠠᠮ᠎ᠤᠨ ᠰᠦᠯᠳᠡ ᠨᠠᠮ᠎ᠤᠨ ᠲᠤᠭ᠎ᠤᠨ ᠰᠦᠷ ᠬᠦᠡᠳᠦ᠎ᠶᠢ ᠬᠠᠮᠠᠭᠠᠯᠠᠬᠤ ᠬᠡᠷᠡᠭᠲᠡᠢ᠃ ᠨᠠᠮ᠎ᠤᠨ ᠰᠦᠯᠳᠡ ᠨᠠᠮ᠎ᠤᠨ ᠲᠤᠭ᠎ᠢ ᠲᠣᠭᠲᠠᠭᠠᠯ ᠶᠣᠰᠤᠭᠠᠷ ᠦᠢᠯᠡᠳᠴᠦ ᠬᠡᠷᠡᠭᠯᠡᠬᠦ ᠬᠡᠷᠡᠭᠲᠡᠢ᠃

 

     (ᠢᠷᠡᠯᠲᠡ᠄ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠮᠣᠩᠭᠤᠯ ᠰᠦᠯᠵᠢᠶ᠎ᠡ)

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃