ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠭᠦ ᠳᠦᠷᠢᠮ (ᠨᠢᠭᠡᠳᠦᠭᠡᠷ ᠠᠩᠭᠢ)
2021.09.17

    ᠨᠢᠭᠡᠳᠦᠭᠡᠷ ᠠᠩᠭᠢ  ᠶᠡᠷᠦᠩᠬᠡᠢ ᠳᠦᠷᠢᠮ

 

    ᠨᠢᠭᠡᠳᠦᠭᠡᠷ ᠪᠦᠯᠦᠭ  ᠵᠢᠯᠤᠭᠤᠳᠭᠤ ᠦᠵᠡᠯ ᠰᠠᠨᠠᠭ᠎ᠠ᠂ ᠵᠠᠷᠴᠢᠮ ᠪᠣᠯᠤᠨ ᠬᠡᠷᠡᠭᠯᠡᠬᠦ ᠬᠦᠷᠢᠶ᠎ᠡ ᠬᠡᠪᠴᠢᠶ᠎ᠡ

 

  ᠨᠢᠭᠡᠳᠦᠭᠡᠷ ᠵᠦᠢᠯ  ᠨᠠᠮ᠎ᠤᠨ ᠳᠦᠷᠢᠮ ᠪᠣᠯᠤᠨ ᠨᠠᠮ᠎ᠤᠨ ᠳᠣᠲᠤᠭᠠᠳᠤ᠎ᠶᠢᠨ ᠪᠤᠰᠤᠳ ᠬᠠᠤᠯᠢ ᠳᠦᠷᠢᠮ᠎ᠢ ᠬᠠᠮᠠᠭᠠᠯᠠᠵᠤ᠂ ᠨᠠᠮ᠎ᠤᠨ ᠰᠠᠬᠢᠯᠭ᠎ᠠ ᠪᠠᠲᠤ᠎ᠶᠢ ᠴᠢᠩᠳᠠᠯᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢ ᠴᠡᠪᠡᠷᠱᠢᠭᠦᠯᠵᠦ᠂ ᠨᠠᠮ᠎ᠤᠨ ᠭᠡᠱᠢᠭᠦᠨ᠎ᠦ ᠠᠷᠠᠳᠴᠢᠯᠠᠯ᠎ᠤᠨ ᠡᠷᠬᠡ᠎ᠶᠢ ᠪᠠᠲᠤᠯᠠᠵᠤ᠂ ᠨᠠᠮ᠎ᠤᠨ ᠭᠡᠱᠢᠭᠦᠨ᠎ᠢ ᠰᠤᠷᠭᠠᠨ ᠬᠥᠮᠦᠵᠢᠭᠦᠯᠵᠦ ᠪᠠᠢᠭᠠᠳ ᠰᠠᠬᠢᠯᠭ᠎ᠠ ᠪᠠᠲᠤ᠎ᠶᠢ ᠵᠢᠷᠤᠮᠯᠠᠭᠤᠯᠵᠤ᠂ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭᠠᠯᠠᠵᠤ᠂ ᠨᠠᠮ᠎ᠤᠨ ᠵᠠᠮ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ᠂ ᠱᠢᠢᠳᠪᠦᠷᠢ ᠪᠣᠯᠤᠨ ᠤᠯᠤᠰ᠎ᠤᠨ ᠬᠠᠤᠯᠢ ᠴᠠᠭᠠᠵᠠ ᠬᠠᠤᠯᠢ ᠳᠦᠷᠢᠮ᠎ᠢ ᠲᠤᠭᠤᠱᠢᠯᠠᠭᠤᠯᠤᠨ ᠬᠡᠷᠡᠭᠵᠢᠭᠦᠯᠬᠦ᠎ᠶᠢ ᠪᠠᠲᠤᠯᠠᠬᠤ᠎ᠶᠢᠨ ᠲᠥᠯᠦᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》᠎ᠢ ᠦᠨᠳᠦᠰᠦᠯᠡᠵᠦ᠂ ᠲᠤᠰ ᠳᠦᠷᠢᠮ᠎ᠢ ᠲᠣᠭᠲᠠᠭᠠᠪᠠ᠃

  ᠬᠣᠶᠠᠳᠤᠭᠠᠷ ᠵᠦᠢᠯ  ᠨᠠᠮ᠎ᠤᠨ ᠰᠠᠬᠢᠯᠭ᠎ᠠ ᠪᠠᠲᠤ᠎ᠶᠢᠨ ᠪᠠᠢᠭᠤᠯᠤᠯᠲᠠ ᠡᠷᠬᠡᠪᠱᠢ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠸᠡᠭ ᠱᠢᠶᠤᠣ ᠫᠢᠩ᠎ᠦᠨ ᠣᠨᠤᠯ᠂ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ᠎ᠪᠠᠷᠢᠮᠲᠠᠯᠠᠨ ᠴᠢᠩᠭᠠᠳᠭᠠᠵᠤ᠂ ᠶᠡᠷᠦᠩᠬᠡᠢ ᠱᠦᠵᠢ ᠰᠢ᠎ᠵᠢᠨ ᠫᠢᠩ᠎ᠦᠨ ᠨᠠᠮ᠎ᠤᠨ ᠲᠥᠪ ᠬᠣᠷᠢᠶᠠᠨ᠎ᠤ ᠭᠣᠤᠯᠯᠠᠭᠴᠢ᠂ ᠪᠦᠬᠦ ᠨᠠᠮ᠎ᠤᠨ ᠭᠣᠤᠯᠯᠠᠭᠴᠢ᠎ᠶᠢᠨ ᠪᠠᠢᠷᠢ ᠰᠠᠭᠤᠷᠢ᠎ᠶᠢ ᠡᠷᠡᠰ ᠬᠠᠮᠠᠭᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂ ᠱᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ ᠪᠣᠯᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢᠯᠳᠤᠬᠤ ᠪᠣᠳᠤᠯᠭ᠎ᠠ᠎ᠶᠢᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠨᠠᠮ᠎ᠤᠨ ᠰᠠᠬᠢᠯᠭ᠎ᠠ ᠪᠠᠲᠤ᠎ᠶᠢᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠴᠢᠩᠭᠠᠳᠭᠠᠬᠤ ᠬᠡᠷᠡᠭᠲᠡᠢ᠃

  ᠭᠤᠷᠪᠠᠳᠤᠭᠠᠷ ᠵᠦᠢᠯ  ᠨᠠᠮ᠎ᠤᠨ ᠳᠦᠷᠢᠮ ᠪᠤᠯ ᠨᠠᠮ᠎ᠤᠨ ᠳᠣᠲᠤᠭᠠᠳᠤ᠎ᠶᠢᠨ ᠬᠠᠮᠤᠭ᠎ᠤᠨ ᠦᠨᠳᠦᠰᠦᠨ ᠬᠠᠤᠯᠢ ᠳᠦᠷᠢᠮ ᠮᠦᠨ᠂ ᠨᠠᠮ᠎ᠢ ᠬᠠᠮᠢᠶᠠᠷᠴᠤ ᠨᠠᠮ᠎ᠢ ᠵᠠᠰᠠᠬᠤ ᠶᠡᠷᠦᠩᠬᠡᠢ ᠶᠣᠰᠤ ᠳᠦᠷᠢᠮ ᠮᠦᠨ᠃ ᠨᠠᠮ᠎ᠤᠨ ᠰᠠᠬᠢᠯᠭ᠎ᠠ ᠪᠠᠲᠤ ᠪᠤᠯ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠪᠦᠬᠦ ᠨᠠᠮ᠎ᠤᠨ ᠭᠡᠱᠢᠭᠦᠳ᠎ᠦᠨ ᠡᠷᠬᠡᠪᠱᠢ ᠵᠢᠷᠤᠮᠯᠠᠬᠤ ᠦᠢᠯᠡ ᠠᠵᠢᠯᠯᠠᠭᠠᠨ᠎ᠤ ᠳᠦᠷᠢᠮ ᠮᠦᠨ᠃ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠡᠷᠬᠡᠪᠱᠢ ᠤᠯᠤᠰ ᠲᠥᠷᠦ᠎ᠶᠢᠨ ᠤᠬᠠᠮᠰᠠᠷ᠂ ᠶᠡᠬᠡ ᠲᠠᠯ᠎ᠠ᠎ᠶᠢᠨ ᠤᠬᠠᠮᠰᠠᠷ᠂ ᠭᠣᠤᠯᠯᠠᠬᠤ ᠤᠬᠠᠮᠰᠠᠷ᠂ ᠨᠢᠭᠡᠳᠦᠯᠲᠡᠢ ᠪᠠᠢᠬᠤ ᠤᠬᠠᠮᠰᠠᠷ᠎ᠢ ᠪᠠᠲᠤ ᠪᠣᠢ ᠪᠣᠯᠭᠠᠵᠤ᠂ ᠤᠬᠠᠮᠰᠠᠷ᠎ᠠᠴᠠ᠎ᠪᠠᠨ ᠨᠠᠮ᠎ᠤᠨ ᠳᠦᠷᠢᠮ᠎ᠢ ᠵᠢᠷᠤᠮᠯᠠᠵᠤ᠂ ᠨᠠᠮ᠎ᠤᠨ ᠰᠠᠬᠢᠯᠭ᠎ᠠ ᠪᠠᠲᠤ᠎ᠶᠢ ᠴᠢᠩᠭ᠎ᠠ ᠬᠡᠷᠡᠭᠵᠢᠭᠦᠯᠬᠦ ᠪᠠ ᠬᠠᠮᠠᠭᠠᠯᠠᠵᠤ᠂ ᠨᠠᠮ᠎ᠤᠨ ᠰᠠᠬᠢᠯᠭ᠎ᠠ ᠪᠠᠲᠤ᠎ᠶᠢᠨ ᠬᠢᠵᠠᠭᠠᠷᠯᠠᠯ᠎ᠢ ᠤᠬᠠᠮᠰᠠᠷ᠎ᠠᠴᠠ᠎ᠪᠠᠨ ᠬᠦᠯᠢᠶᠡᠵᠦ᠂ ᠤᠯᠤᠰ᠎ᠤᠨ ᠬᠠᠤᠯᠢ ᠴᠠᠭᠠᠵᠠ ᠬᠠᠤᠯᠢ ᠳᠦᠷᠢᠮ᠎ᠢ ᠵᠢᠱᠢᠶᠡᠴᠢ᠎ᠪᠡᠷ ᠰᠠᠬᠢᠬᠤ ᠬᠡᠷᠡᠭᠲᠡᠢ᠃

  ᠳᠥᠷᠪᠡᠳᠦᠭᠡᠷ ᠵᠦᠢᠯ  ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠭᠦ ᠠᠵᠢᠯ᠎ᠳᠤ ᠳᠣᠤᠷᠠᠬᠢ ᠵᠠᠷᠴᠢᠮ᠎ᠢ ᠪᠠᠷᠢᠮᠲᠠᠯᠠᠬᠤ ᠬᠡᠷᠡᠭᠲᠡᠢ᠄

  (ᠨᠢᠭᠡ) ᠨᠠᠮ᠎ᠨᠢ ᠨᠠᠮ᠎ᠢᠶ᠋ᠠᠨ ᠬᠠᠮᠢᠶᠠᠷᠬᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ᠎ᠪᠠᠷᠢᠮᠲᠠᠯᠠᠬᠤ ᠬᠡᠷᠡᠭᠲᠡᠢ᠃ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠪᠦᠬᠦ ᠨᠠᠮ᠎ᠤᠨ ᠭᠡᠱᠢᠭᠦᠳ᠎ᠲᠦ ᠬᠢᠬᠦ ᠬᠥᠮᠦᠵᠢᠯ᠂ ᠬᠠᠮᠢᠶᠠᠷᠤᠯᠲᠠ ᠪᠣᠯᠤᠨ ᠬᠢᠨᠠᠯᠲᠠ᠎ᠪᠠᠨ ᠴᠢᠩᠭᠠᠳᠭᠠᠵᠤ᠂ ᠰᠠᠬᠢᠯᠭ᠎ᠠ ᠪᠠᠲᠤ᠎ᠶᠢ ᠲᠡᠷᠢᠭᠦᠨ᠎ᠳ᠋ᠦᠨᠢ ᠲᠠᠯᠪᠢᠵᠤ᠂ ᠡᠷᠲᠡ᠎ᠡᠴᠡ ᠠᠳᠭᠤᠬᠤ ᠪᠠ ᠪᠠᠭ᠎ᠠ ᠳᠡᠭᠡᠷ᠎ᠡ᠎ᠨᠢ ᠠᠳᠭᠤᠬᠤ᠎ᠶᠢ ᠴᠢᠬᠤᠯᠠᠴᠢᠯᠠᠵᠤ᠂ ᠬᠡᠷᠡᠭ ᠤᠴᠢᠷ᠎ᠢ ᠪᠠᠭ᠎ᠠ ᠳᠡᠭᠡᠷ᠎ᠡ᠎ᠡᠴᠡ᠎ᠨᠢ ᠰᠡᠷᠭᠡᠢᠯᠡᠬᠦ ᠬᠡᠷᠡᠭᠲᠡᠢ᠃

  (ᠬᠣᠶᠠᠷ) ᠰᠠᠬᠢᠯᠭ᠎ᠠ ᠪᠠᠲᠤ᠎ᠶᠢᠨ ᠡᠮᠦᠨ᠎ᠡ ᠬᠥᠮᠦᠨ ᠪᠦᠬᠦᠨ ᠡᠷᠬᠡ ᠲᠡᠭᠱᠢ ᠪᠠᠢᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ᠎ᠠᠴᠠ ᠵᠥᠷᠢᠴᠡᠭᠰᠡᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠎ᠳᠦ ᠡᠷᠬᠡᠪᠱᠢ ᠲᠥᠪ ᠴᠢᠩᠭ᠎ᠠ᠂ ᠡᠷᠬᠡ ᠲᠡᠭᠱᠢ᠎ᠪᠡᠷ ᠰᠠᠬᠢᠯᠭ᠎ᠠ ᠪᠠᠲᠤ᠎ᠶᠢ ᠬᠡᠷᠡᠭᠵᠢᠭᠦᠯᠬᠦ ᠬᠡᠷᠡᠭᠲᠡᠢ᠂ ᠨᠠᠮ᠎ᠤᠨ ᠳᠣᠲᠤᠭᠠᠳᠤ᠎ᠳᠤ ᠰᠠᠬᠢᠯᠭ᠎ᠠ ᠪᠠᠲᠤ᠎ᠶᠢᠨ ᠬᠢᠵᠠᠭᠠᠷᠯᠠᠯ᠎ᠢ ᠬᠦᠯᠢᠶᠡᠬᠦ᠎ᠦᠭᠡᠢ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠪᠠᠢᠬᠤ᠎ᠶᠢ ᠵᠥᠪᠱᠢᠶᠡᠷᠡᠬᠦ᠎ᠦᠭᠡᠢ᠃

  (ᠭᠤᠷᠪᠠ) ᠦᠨᠡᠨ᠎ᠡᠴᠡ ᠵᠥᠪ᠎ᠢ ᠡᠷᠢᠬᠦ ᠬᠡᠷᠡᠭᠲᠡᠢ᠃ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠎ᠦ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠳᠤ᠂ ᠦᠨᠡᠨ ᠬᠡᠷᠡᠭ᠎ᠢᠶ᠋ᠡᠷ ᠦᠨᠳᠦᠰᠦᠯᠡᠯ ᠪᠣᠯᠭᠠᠵᠤ᠂ ᠨᠠᠮ᠎ᠤᠨ ᠳᠦᠷᠢᠮ᠂ ᠨᠠᠮ᠎ᠤᠨ ᠳᠣᠲᠤᠭᠠᠳᠤ᠎ᠶᠢᠨ ᠪᠤᠰᠤᠳ ᠬᠠᠤᠯᠢ ᠳᠦᠷᠢᠮ ᠪᠣᠯᠤᠨ ᠤᠯᠤᠰ᠎ᠤᠨ ᠬᠠᠤᠯᠢ ᠴᠠᠭᠠᠵᠠ ᠬᠠᠤᠯᠢ ᠳᠦᠷᠢᠮ᠎ᠢᠶ᠋ᠡᠷ᠎ᠪᠠᠷᠢᠮᠵᠢᠶ᠎ᠠ ᠪᠣᠯᠭᠠᠵᠤ᠂ ᠰᠠᠬᠢᠯᠭ᠎ᠠ ᠪᠠᠲᠤ᠎ᠠᠴᠠ ᠵᠥᠷᠢᠴᠡᠭᠰᠡᠨ ᠱᠢᠨᠵᠢ ᠴᠢᠨᠠᠷ᠎ᠢ ᠣᠨᠤᠪᠴᠢᠲᠠᠢ ᠲᠣᠭᠲᠠᠭᠠᠵᠤ᠂ ᠠᠳᠠᠯᠢ ᠪᠤᠰᠤ ᠪᠠᠢᠳᠠᠯ᠎ᠢ ᠢᠯᠭᠠᠵᠤ᠂ ᠲᠣᠬᠢᠷᠠᠮᠵᠢᠲᠠᠢ ᠱᠢᠢᠳᠪᠦᠷᠢᠯᠡᠬᠦ ᠬᠡᠷᠡᠭᠲᠡᠢ᠃

  (ᠳᠥᠷᠪᠡ) ᠠᠷᠠᠳᠴᠢᠯᠠᠯ ᠲᠥᠪᠯᠡᠷᠡᠯ᠎ᠦᠨ ᠶᠣᠰᠤ᠎ᠶᠢ᠎ᠪᠠᠷᠢᠮᠲᠠᠯᠠᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ᠎ᠢ ᠬᠡᠷᠡᠭᠵᠢᠭᠦᠯᠬᠦ᠎ᠳᠦ᠂ ᠲᠣᠭᠲᠠᠭᠠᠭᠰᠠᠨ ᠳᠡᠰ ᠳᠠᠷᠠᠭᠠᠯᠠᠯ ᠶᠣᠰᠤᠭᠠᠷ ᠨᠠᠮ᠎ᠤᠨ ᠵᠣᠬᠢᠶᠠᠨ ᠪᠠᠢᠭᠤᠯᠤᠯᠲᠠ ᠬᠠᠮᠲᠤ᠎ᠪᠠᠷ ᠶᠠᠷᠢᠯᠴᠠᠨ ᠲᠣᠭᠲᠠᠭᠠᠨ᠎ᠠ᠂ ᠶᠠᠮᠠᠷᠪᠠ ᠬᠤᠪᠢ ᠬᠥᠮᠦᠨ ᠡᠰᠡᠬᠦᠯ᠎ᠡ ᠴᠥᠭᠡᠨ ᠲᠣᠭᠠᠨ᠎ᠤ ᠬᠥᠮᠦᠨ ᠳᠤᠷ᠎ᠠ᠎ᠪᠠᠷ ᠲᠣᠭᠲᠠᠭᠠᠬᠤ ᠪᠠ ᠵᠥᠪᠱᠢᠶᠡᠷᠡᠵᠦ ᠪᠣᠯᠬᠤ᠎ᠦᠭᠡᠢ᠃ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠎ᠳᠦ ᠭᠠᠷᠭᠠᠭᠰᠠᠨ ᠱᠢᠢᠳᠪᠦᠷᠢᠯᠡᠬᠦ ᠲᠣᠭᠲᠠᠭᠠᠯ᠎ᠢ ᠳᠣᠤᠷ᠎ᠠ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠡᠷᠬᠡᠪᠱᠢ ᠬᠡᠷᠡᠭᠵᠢᠭᠦᠯᠬᠦ ᠬᠡᠷᠡᠭᠲᠡᠢ᠃

  (ᠲᠠᠪᠤ) ᠥᠩᠭᠡᠷᠡᠭᠰᠡᠨ᠎ᠢ ᠨᠢ ᠵᠠᠯᠬᠠᠭᠠᠵᠤ ᠬᠣᠢᠱᠢ᠎ᠳᠤᠨᠢ ᠴᠡᠭᠡᠷᠯᠡᠯ ᠪᠣᠯᠭᠠᠵᠤ᠂ ᠡᠪᠡᠳᠴᠢᠨ᠎ᠢ᠎ᠨᠢ ᠵᠠᠰᠠᠵᠤ ᠡᠳᠡᠭᠡᠷᠡᠭᠦᠯᠦᠨ ᠠᠪᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠎ᠢ ᠱᠢᠢᠳᠬᠡᠬᠦ᠎ᠳᠦ᠂ ᠵᠠᠯᠬᠠᠭᠠᠨ ᠴᠡᠭᠡᠷᠯᠡᠭᠦᠯᠬᠦ ᠬᠢᠭᠡᠳ ᠰᠤᠷᠭᠠᠨ ᠬᠥᠮᠦᠵᠢᠭᠦᠯᠬᠦ᠎ᠶᠢ ᠤᠶᠠᠯᠳᠤᠭᠤᠯᠵᠤ᠂ ᠠᠭᠤᠴᠢᠯᠠᠬᠤ ᠪᠠ ᠴᠢᠩᠭ᠎ᠠ ᠱᠢᠢᠳᠬᠡᠬᠦ᠎ᠶᠢ ᠬᠣᠤᠰᠯᠠᠭᠤᠯᠬᠤ ᠬᠡᠷᠡᠭᠲᠡᠢ᠃

  ᠲᠠᠪᠤᠳᠤᠭᠠᠷ ᠵᠦᠢᠯ  ᠬᠢᠨᠠᠯᠲᠠ ᠲᠠᠯᠪᠢᠨ ᠰᠠᠬᠢᠯᠭ᠎ᠠ ᠪᠠᠲᠤ ᠬᠡᠷᠡᠭᠵᠢᠭᠦᠯᠬᠦ 《ᠳᠥᠷᠪᠡᠨ ᠵᠦᠢᠯ᠎ᠦᠨ ᠬᠡᠯᠪᠡᠷᠢ》᠎ᠶᠢ ᠬᠡᠷᠡᠭᠯᠡᠵᠦ᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠂ ᠪᠣᠯᠵᠤᠨ ᠶᠠᠷᠢᠯᠴᠠᠬᠤ ᠵᠠᠬᠢᠳᠠᠯ᠎ᠢᠶ᠋ᠠᠷ ᠠᠰᠠᠭᠤᠬᠤ᠎ᠶᠢ ᠪᠠᠢᠩᠭᠤ ᠥᠷᠨᠢᠭᠦᠯᠵᠦ᠂ 《ᠨᠢᠭᠤᠷ ᠤᠯᠠᠢᠯᠭᠠᠬᠤ᠂ ᠬᠥᠯᠦᠰᠦ ᠴᠢᠬᠠᠷᠠᠭᠤᠯᠬᠤ》᠎ᠶᠢ ᠬᠡᠪ᠎ᠦᠨ ᠪᠠᠢᠳᠠᠯ ᠪᠣᠯᠭᠠᠨ᠎ᠠ; ᠨᠠᠮ᠎ᠤᠨ ᠰᠠᠬᠢᠯᠭ᠎ᠠ ᠪᠠᠲᠤ᠎ᠶᠢᠨ ᠬᠥᠩᠭᠡᠨ ᠱᠢᠢᠳᠭᠡᠯ ᠦᠭᠬᠦ᠂ ᠵᠣᠬᠢᠶᠠᠨ ᠪᠠᠢᠭᠤᠯᠤᠯᠲᠠ᠎ᠶᠢᠨ ᠲᠣᠬᠢᠷᠠᠭᠤᠯᠤᠯᠲᠠ ᠬᠢᠬᠦ᠎ᠪᠡᠷ ᠰᠠᠬᠢᠯᠭ᠎ᠠ ᠪᠠᠲᠤ᠎ᠶᠢ ᠵᠥᠷᠢᠴᠡᠭᠰᠡᠳ᠎ᠢ ᠱᠢᠢᠳᠪᠦᠷᠢᠯᠡᠬᠦ᠎ᠪᠡᠷ ᠣᠯᠠᠩᠬᠢ ᠲᠣᠭᠠᠲᠠᠨ ᠪᠣᠯᠭᠠᠨ᠎ᠠ; ᠨᠠᠮ᠎ᠤᠨ ᠰᠠᠬᠢᠯᠭ᠎ᠠ ᠪᠠᠲᠤ᠎ᠶᠢᠨ ᠭᠦᠨᠳᠤ ᠱᠢᠢᠳᠭᠡᠯ ᠦᠭᠬᠦ᠂ ᠴᠢᠬᠤᠯᠠ ᠶᠡᠬᠡ ᠲᠤᠱᠢᠶᠠᠯ᠎ᠤᠨ ᠲᠣᠬᠢᠷᠠᠭᠤᠯᠤᠯᠲᠠ ᠬᠢᠬᠦ᠎ᠪᠡᠷ ᠴᠥᠭᠡᠨ ᠲᠣᠭᠠᠲᠠᠨ ᠪᠣᠯᠭᠠᠨ᠎ᠠ; ᠰᠠᠬᠢᠯᠭ᠎ᠠ ᠪᠠᠲᠤ᠎ᠶᠢ ᠬᠦᠨᠳᠦ ᠨᠣᠴᠢᠲᠠᠢ ᠵᠥᠷᠢᠴᠡᠵᠦ᠂ ᠬᠠᠤᠯᠢ᠎ᠠᠴᠠ ᠵᠥᠷᠢᠴᠡᠵᠦ ᠬᠡᠷᠡᠭ ᠪᠣᠯᠭᠠᠨ ᠬᠢᠨᠠᠨ ᠪᠠᠢᠴᠠᠭᠠᠬᠤ᠎ᠪᠠᠷ ᠲᠤᠢᠯ᠎ᠤᠨ ᠴᠥᠭᠡᠨ ᠲᠣᠭᠠᠲᠠᠨ ᠪᠣᠯᠭᠠᠨ᠎ᠠ᠃

  ᠵᠢᠷᠭᠤᠳᠤᠭᠠᠷ ᠵᠦᠢᠯ  ᠲᠤᠰ ᠳᠦᠷᠢᠮ᠎ᠢ ᠨᠠᠮ᠎ᠤᠨ ᠰᠠᠬᠢᠯᠭ᠎ᠠ ᠪᠠᠲᠤ᠎ᠠᠴᠠ ᠵᠥᠷᠢᠴᠡᠭᠡᠳ ᠨᠠᠮ᠎ᠤᠨ ᠰᠠᠬᠢᠯᠭ᠎ᠠ ᠪᠠᠲᠤ᠎ᠶᠢᠨ ᠬᠠᠷᠢᠭᠤᠴᠠᠯᠭ᠎ᠠ ᠨᠡᠬᠡᠮᠵᠢᠯᠡᠬᠦ ᠶᠣᠰᠤᠲᠠᠢ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠎ᠳᠦ ᠬᠡᠷᠡᠭᠵᠢᠭᠦᠯᠦᠨ᠎ᠡ᠃

 

    ᠬᠣᠶᠠᠳᠤᠭᠠᠷ ᠪᠦᠯᠦᠭ  ᠰᠠᠬᠢᠯᠭ᠎ᠠ ᠪᠠᠲᠤ᠎ᠶᠢ ᠵᠥᠷᠢᠴᠡᠬᠦ ᠪᠠ ᠰᠠᠬᠢᠯᠭ᠎ᠠ ᠪᠠᠲᠤ᠎ᠶᠢᠨ ᠱᠢᠢᠳᠭᠡᠯ ᠦᠭᠬᠦ

 

  ᠳᠣᠯᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠨᠠᠮ᠎ᠤᠨ ᠳᠦᠷᠢᠮ ᠪᠣᠯᠤᠨ ᠨᠠᠮ᠎ᠤᠨ ᠳᠣᠲᠤᠭᠠᠳᠤᠬᠢ ᠪᠤᠰᠤᠳ ᠬᠠᠤᠯᠢ ᠲᠣᠭᠲᠠᠭᠠᠯ᠎ᠢ ᠵᠥᠷᠢᠴᠡᠵᠦ᠂ ᠤᠯᠤᠰ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠢ ᠵᠥᠷᠢᠴᠡᠵᠦ᠂ ᠨᠠᠮ ᠪᠣᠯᠤᠨ ᠤᠯᠤᠰ᠎ᠤᠨ ᠲᠥᠷᠦ᠎ᠶᠢᠨ ᠪᠣᠳᠤᠯᠭ᠎ᠠ᠎ᠶᠢ ᠵᠥᠷᠢᠴᠡᠵᠦ᠂ ᠨᠡᠢᠭᠡᠮ ᠵᠢᠷᠤᠮ᠎ᠤᠨ ᠶᠣᠰᠤ ᠮᠣᠷᠠᠯ᠎ᠢ ᠵᠥᠷᠢᠴᠡᠵᠦ᠂ ᠨᠠᠮ᠂ ᠤᠯᠤᠰ ᠪᠣᠯᠤᠨ ᠠᠷᠠᠳ ᠲᠦᠮᠡᠨ᠎ᠦ ᠠᠱᠢᠭ ᠲᠤᠰᠠ᠎ᠶᠢ ᠬᠥᠨᠦᠭᠡᠭᠰᠡᠨ ᠦᠢᠯᠡ ᠠᠵᠢᠯᠯᠠᠭ᠎ᠠ᠎ᠶᠢ ᠲᠣᠭᠲᠠᠭᠠᠯ ᠶᠣᠰᠤᠭᠠᠷ ᠰᠠᠬᠢᠯᠭ᠎ᠠ ᠪᠠᠲᠤ᠎ᠪᠠᠷ ᠱᠢᠢᠳᠪᠦᠷᠢᠯᠡᠬᠦ ᠪᠤᠶᠤ ᠱᠢᠢᠳᠭᠡᠯ ᠦᠭᠬᠦ ᠶᠣᠰᠤᠲᠠᠢ᠎ᠶᠢ᠎ᠨᠢ ᠡᠷᠬᠡᠪᠱᠢ ᠪᠦᠷ ᠨᠡᠬᠡᠮᠵᠢᠯᠡᠬᠦ ᠬᠡᠷᠡᠭᠲᠡᠢ᠃

  ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠱᠢ ᠰᠠᠨᠠᠭ᠎ᠠ᠎ᠪᠠᠨ ᠬᠤᠷᠢᠶᠠᠬᠤ᠎ᠦᠭᠡᠢ᠂ ᠭᠠᠷ᠎ᠢᠶ᠋ᠠᠨ ᠲᠠᠲᠠᠬᠤ᠎ᠦᠭᠡᠢ ᠪᠠᠢᠬᠤ᠂ ᠲᠤᠰᠭᠠᠭᠰᠠᠨ ᠠᠰᠠᠭᠤᠳᠠᠯ᠎ᠤᠨ ᠰᠦᠪᠡᠭᠴᠢ ᠲᠥᠪᠯᠡᠷᠡᠩᠭᠦᠢ ᠪᠠᠢᠬᠤ᠂ ᠣᠯᠠᠨ ᠲᠦᠮᠡᠨ᠎ᠡᠴᠡ ᠲᠤᠰᠭᠠᠯ ᠶᠡᠬᠡᠲᠡᠢ᠂ ᠤᠯᠤᠰ ᠲᠥᠷᠦ᠎ᠶᠢᠨ ᠠᠰᠠᠭᠤᠳᠠᠯ ᠪᠣᠯᠤᠨ ᠠᠵᠤ ᠠᠬᠤᠢ᠎ᠶᠢᠨ ᠠᠰᠠᠭᠤᠳᠠᠯ ᠬᠣᠯᠢᠯᠳᠤᠭᠰᠠᠨ ᠢᠯᠵᠢᠷᠡᠯ᠎ᠦᠨ ᠬᠡᠷᠡᠭ ᠎ᠦ᠋ᠳ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ ᠰᠠᠨᠠᠭᠠᠨ᠎ᠠᠴᠠ ᠵᠥᠷᠢᠴᠡᠭᠰᠡᠨ ᠠᠰᠠᠭᠤᠳᠠᠯ᠎ᠤᠳ᠎ᠢ ᠭᠣᠤᠯᠳᠠᠯᠭ᠎ᠠ᠎ᠲᠠᠢ ᠪᠠᠢᠴᠠᠭᠠᠨ ᠱᠢᠢᠳᠪᠦᠷᠢᠯᠡᠨ᠎ᠡ᠃

  ᠨᠠᠢ᠍ᠮᠠᠳᠤᠭᠠᠷ ᠵᠦᠢᠯ  ᠨᠠᠮ᠎ᠤᠨ ᠭᠡᠱᠢᠭᠦᠨ᠎ᠳᠦ ᠦᠭᠬᠦ ᠰᠠᠬᠢᠯᠭ᠎ᠠ ᠪᠠᠲᠤ᠎ᠶᠢᠨ ᠱᠢᠢᠳᠭᠡᠯ᠎ᠦᠨ ᠲᠥᠷᠦᠯ ᠵᠦᠢᠯ᠄

  (ᠨᠢᠭᠡ) ᠳᠣᠩᠭᠤᠳᠭᠤ;

  (ᠬᠣᠶᠠᠷ) ᠴᠢᠩᠭ᠎ᠠ ᠳᠣᠩᠭᠤᠳᠭᠤ;

  (ᠭᠤᠷᠪᠠ) ᠨᠠᠮ᠎ᠤᠨ ᠳᠣᠲᠤᠭᠠᠳᠤᠬᠢ ᠲᠤᠱᠢᠶᠠᠯ᠎ᠠᠴᠠ᠎ᠨᠢ ᠣᠭᠴᠤᠷᠠᠭᠤᠯᠬᠤ;

  (ᠳᠥᠷᠪᠡ) ᠨᠠᠮ᠎ᠳᠤ ᠪᠠᠢᠯᠭᠠᠵᠤ ᠬᠢᠨᠠᠨ ᠦᠵᠡᠬᠦ;

  (ᠲᠠᠪᠤ) ᠨᠠᠮ᠎ᠠᠴᠠ ᠬᠥᠭᠡᠭᠡᠬᠦ᠃

  ᠶᠢᠰᠦᠳᠦᠭᠡᠷ ᠵᠦᠢᠯ  ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠨᠠᠮ᠎ᠤᠨ ᠵᠣᠬᠢᠶᠠᠨ ᠪᠠᠢᠭᠤᠯᠤᠯᠲᠠ᠎ᠳᠤ᠂ ᠳᠡᠭᠡᠷ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠡᠭᠦᠨ᠎ᠢ ᠵᠠᠷᠯᠢᠭᠳᠠᠨ ᠪᠠᠢᠴᠠᠭᠠᠯᠲᠠ ᠬᠢᠯᠭᠡᠬᠦ ᠪᠤᠶᠤ ᠵᠠᠷᠯᠠᠨ ᠱᠢᠭᠦᠮᠵᠢᠯᠡᠨ᠎ᠡ᠃ ᠨᠠᠮ᠎ᠤᠨ ᠰᠠᠬᠢᠯᠭ᠎ᠠ ᠪᠠᠲᠤ᠎ᠶᠢ ᠬᠦᠨᠳᠦ ᠨᠣᠴᠢᠲᠠᠢ ᠵᠥᠷᠢᠴᠡᠭᠰᠡᠨ ᠪᠥᠭᠡᠳ ᠥᠪᠡᠷ᠎ᠲᠡᠭᠡᠨ ᠪᠠᠰᠠ ᠵᠠᠯᠠᠷᠠᠭᠤᠯᠵᠤ ᠳᠡᠢᠯᠬᠦ᠎ᠦᠭᠡᠢ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠎ᠳᠤ᠂ ᠳᠡᠭᠡᠷ᠎ᠡ ᠨᠢᠭᠡ ᠱᠠᠲᠤᠨ᠎ᠤ ᠨᠠᠮ᠎ᠤᠨ ᠬᠣᠷᠢᠶ᠎ᠠ᠎ᠠᠴᠠ ᠪᠠᠢᠴᠠᠭᠠᠨ ᠲᠣᠳᠤᠯᠠᠵᠤ ᠬᠠᠷᠭᠤᠭᠤᠯᠤᠭᠰᠠᠨ᠎ᠤ ᠳᠠᠷᠠᠭ᠎ᠠ᠂ ᠦᠢᠯᠡ ᠪᠠᠢᠳᠠᠯ᠎ᠤᠨ ᠬᠦᠨᠳᠦ ᠬᠥᠩᠭᠡᠨ᠎ᠦ ᠬᠡᠮᠵᠢᠶ᠎ᠡ᠎ᠶᠢ᠎ᠨᠢ ᠦᠨᠳᠦᠰᠦᠯᠡᠨ ᠳᠣᠤᠷᠠᠬᠢ ᠮᠡᠲᠦ᠎ᠪᠡᠷ ᠱᠢᠢᠳᠪᠦᠷᠢᠯᠡᠵᠦ ᠪᠤᠯᠤᠨ᠎ᠠ᠄

  (ᠨᠢᠭᠡ) ᠥᠭᠡᠷᠡᠴᠢᠯᠡᠨ ᠪᠠᠢᠭᠤᠯᠬᠤ;

  (ᠬᠣᠶᠠᠷ) ᠲᠠᠷᠬᠠᠭᠠᠬᠤ᠃

  ᠠᠷᠪᠠᠳᠤᠭᠠᠷ ᠵᠦᠢᠯ  ᠨᠠᠮ᠎ᠤᠨ ᠭᠡᠱᠢᠭᠦᠨ ᠳᠣᠩᠭᠤᠳᠭᠤ ᠱᠢᠢᠳᠭᠡᠯ ᠣᠯᠤᠭᠰᠠᠨ ᠨᠢᠭᠡ ᠵᠢᠯ᠎ᠦᠨ ᠳᠣᠲᠤᠷ᠎ᠠ᠂ ᠴᠢᠩᠭ᠎ᠠ ᠳᠣᠩᠭᠤᠳᠭᠤ ᠱᠢᠢᠳᠭᠡᠯ ᠣᠯᠤᠭᠰᠠᠨ ᠨᠢᠭᠡ ᠵᠢᠯ ᠬᠠᠭᠠᠰ᠎ᠤᠨ ᠳᠣᠲᠤᠷ᠎ᠠ᠂ ᠨᠠᠮ᠎ᠤᠨ ᠳᠣᠲᠤᠭᠠᠳᠤ᠎ᠳᠤ ᠲᠤᠱᠢᠶᠠᠯ ᠎ᠢ ᠎ᠨᠢ ᠳᠡᠪᠱᠢᠭᠦᠯᠬᠦ ᠪᠠ ᠨᠠᠮ᠎ᠤᠨ ᠭᠠᠳᠠᠨᠠᠬᠢ ᠵᠣᠬᠢᠶᠠᠨ ᠪᠠᠢᠭᠤᠯᠤᠯᠲᠠ᠎ᠳᠤ ᠤᠤᠯ᠎ᠤᠨ ᠲᠤᠱᠢᠶᠠᠯ᠎ᠠᠴᠠ᠎ᠨᠢ ᠥᠨᠳᠦᠷ ᠨᠠᠮ᠎ᠤᠨ ᠭᠠᠳᠠᠨᠠᠬᠢ ᠲᠤᠱᠢᠶᠠᠯ ᠡᠭᠦᠷᠭᠡᠯᠡᠭᠦᠯᠬᠦ᠎ᠪᠡᠷ ᠲᠠᠨᠢᠯᠴᠠᠭᠤᠯᠵᠤ ᠪᠣᠯᠬᠤ᠎ᠦᠭᠡᠢ᠃

  ᠠᠷᠪᠠᠨ ᠨᠢᠭᠡᠳᠦᠭᠡᠷ ᠵᠦᠢᠯ  ᠨᠠᠮ᠎ᠤᠨ ᠳᠣᠲᠤᠷᠠᠬᠢ ᠲᠤᠱᠢᠶᠠᠯ᠎ᠠᠴᠠ᠎ᠨᠢ ᠣᠭᠴᠤᠷᠠᠭᠤᠯᠬᠤ ᠱᠢᠢᠳᠭᠡᠯ ᠭᠡᠳᠡᠭ᠎ᠨᠢ ᠱᠢᠢᠳᠭᠡᠯ ᠣᠯᠤᠭᠰᠠᠨ ᠨᠠᠮ᠎ᠤᠨ ᠭᠡᠱᠢᠭᠦᠨ᠎ᠦ ᠨᠠᠮ᠎ᠤᠨ ᠳᠣᠲᠤᠭᠠᠳᠤᠬᠢ ᠰᠣᠩᠭᠤᠭᠤᠯᠢ ᠪᠤᠶᠤ ᠵᠣᠬᠢᠶᠠᠨ ᠪᠠᠢᠭᠤᠯᠤᠯᠲᠠ᠎ᠶᠢᠨ ᠲᠣᠮᠢᠯᠠᠯᠲᠠ᠎ᠪᠠᠷ ᠡᠭᠦᠷᠭᠡᠯᠡᠭᠰᠡᠨ ᠨᠠᠮ᠎ᠤᠨ ᠳᠣᠲᠤᠭᠠᠳᠤᠬᠢ ᠲᠤᠱᠢᠶᠠᠯ᠎ᠠᠴᠠ᠎ᠨᠢ ᠣᠭᠴᠤᠷᠠᠭᠤᠯᠬᠤ᠎ᠶᠢ ᠵᠢᠭᠠᠵᠤ ᠪᠣᠢ᠃ ᠨᠠᠮ᠎ᠤᠨ ᠳᠣᠲᠤᠭᠠᠳᠤ᠎ᠳᠤ ᠬᠣᠶᠠᠷ᠎ᠠᠴᠠ ᠢᠯᠡᠭᠦᠦ ᠲᠤᠱᠢᠶᠠᠯ ᠬᠠᠷᠢᠭᠤᠴᠠᠵᠤ ᠪᠠᠢᠪᠠᠯ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠱᠢᠢᠳᠭᠡᠯ ᠦᠭᠬᠦ ᠲᠣᠭᠲᠠᠭᠠᠯ ᠭᠠᠷᠭᠠᠬᠤ ᠳᠣ᠌᠎ᠪᠠᠨ ᠡᠷᠬᠡᠪᠱᠢ ᠲᠡᠭᠦᠨ᠎ᠦ ᠠᠯᠢᠪᠠ ᠲᠤᠱᠢᠶᠠᠯ᠎ᠢ ᠎ᠨᠢ᠎ᠶᠦᠮ᠎ᠦᠦ᠂ ᠡᠰᠡᠪᠡᠯ ᠨᠢᠭᠡ ᠪᠤᠶᠤ ᠬᠡᠳᠦᠨ ᠲᠤᠱᠢᠶᠠᠯ ᠎ᠢ ᠎ᠨᠢ ᠣᠭᠴᠤᠷᠠᠭᠤᠯᠬᠤ᠎ᠶᠢ ᠲᠣᠳᠤᠷᠬᠠᠢᠯᠠᠬᠤ ᠬᠡᠷᠡᠭᠲᠡᠢ᠃ ᠬᠡᠷᠪᠡ ᠲᠡᠭᠦᠨ᠎ᠦ ᠠᠯᠢ ᠨᠢᠭᠡ ᠲᠤᠱᠢᠶᠠᠯ᠎ᠠᠴᠠ᠎ᠨᠢ ᠣᠭᠴᠤᠷᠠᠭᠤᠯᠬᠤ᠎ᠪᠠᠷ ᠲᠣᠭᠲᠠᠭᠠᠪᠠᠯ᠂ ᠡᠷᠬᠡᠪᠱᠢ ᠲᠡᠭᠦᠨ᠎ᠦ ᠬᠠᠷᠢᠭᠤᠴᠠᠵᠤ ᠪᠠᠢᠭ᠎ᠠ ᠬᠠᠮᠤᠭ᠎ᠤᠨ ᠥᠨᠳᠦᠷ ᠲᠤᠱᠢᠶᠠᠯ᠎ᠠᠴᠠ᠎ᠨᠢ ᠣᠭᠴᠤᠷᠠᠭᠤᠯᠬᠤ ᠬᠡᠷᠡᠭᠲᠡᠢ᠃ ᠬᠡᠷᠪᠡ ᠲᠡᠭᠦᠨ᠎ᠦ ᠬᠣᠶᠠᠷ᠎ᠠᠴᠠ ᠢᠯᠡᠭᠦᠦ ᠲᠤᠱᠢᠶᠠᠯ᠎ᠠᠴᠠ᠎ᠨᠢ ᠤᠭᠴᠠᠷᠠᠭᠤᠯᠬᠤ᠎ᠪᠠᠷ ᠲᠣᠭᠲᠠᠭᠠᠪᠠᠯ᠂ ᠡᠷᠬᠡᠪᠱᠢ ᠲᠡᠭᠦᠨ᠎ᠦ ᠬᠠᠷᠢᠭᠤᠴᠠᠵᠤ ᠪᠠᠢᠭ᠎ᠠ ᠬᠠᠮᠤᠭ᠎ᠤᠨ ᠥᠨᠳᠦᠷ ᠲᠤᠱᠢᠶᠠᠯ᠎ᠠᠴᠠ᠎ᠨᠢ ᠡᠬᠢᠯᠡᠨ ᠳᠠᠷᠠᠭᠠᠯᠠᠨ ᠣᠭᠴᠤᠷᠠᠭᠤᠯᠬᠤ ᠬᠡᠷᠡᠭᠲᠡᠢ᠃ ᠨᠠᠮ᠎ᠤᠨ ᠭᠠᠳᠠᠨᠠᠬᠢ ᠵᠣᠬᠢᠶᠠᠨ ᠪᠠᠢᠭᠤᠯᠤᠯᠲᠠ᠎ᠳᠤ ᠲᠤᠱᠢᠶᠠᠯ ᠬᠠᠷᠢᠭᠤᠴᠠᠵᠤ ᠪᠠᠢᠪᠠᠯ᠂ ᠲᠣᠭᠲᠠᠭᠠᠯ ᠶᠣᠰᠤᠭᠠᠷ ᠵᠣᠬᠢᠴᠠᠩᠭᠤᠢ᠎ᠪᠠᠷ ᠱᠢᠢᠳᠪᠦᠷᠢᠯᠡᠬᠦ᠎ᠶᠢ ᠨᠠᠮ᠎ᠤᠨ ᠭᠠᠳᠠᠨᠠᠬᠢ ᠵᠣᠬᠢᠶᠠᠨ ᠪᠠᠢᠭᠤᠯᠤᠯᠲᠠ᠎ᠳᠤ ᠰᠠᠨᠠᠭᠤᠯᠬᠤ ᠬᠡᠷᠡᠭᠲᠡᠢ᠃

  ᠨᠠᠮ᠎ᠤᠨ ᠳᠣᠲᠤᠭᠠᠳᠤᠬᠢ ᠲᠤᠱᠢᠶᠠᠯ᠎ᠠᠴᠠ᠎ᠨᠢ ᠣᠭᠴᠤᠷᠠᠭᠤᠯᠬᠤ ᠱᠢᠢᠳᠭᠡᠯ ᠦᠭᠬᠦ ᠶᠣᠰᠤᠲᠠᠢ ᠪᠠᠢᠭ᠎ᠠ ᠪᠣᠯᠪᠠᠴᠤ᠂ ᠲᠤᠰ ᠬᠥᠮᠦᠨ᠎ᠨᠢ ᠨᠠᠮ᠎ᠤᠨ ᠳᠣᠲᠤᠭᠠᠳᠤ᠎ᠳᠤ ᠲᠤᠱᠢᠶᠠᠯ ᠡᠭᠦᠷᠭᠡᠯᠡᠵᠦ ᠪᠠᠢᠬᠤ᠎ᠦᠭᠡᠢ ᠪᠤᠯ᠂ ᠲᠡᠭᠦᠨ᠎ᠳᠦ ᠴᠢᠩᠭ᠎ᠠ ᠳᠣᠩᠭᠤᠳᠭᠤ ᠱᠢᠢᠳᠭᠡᠯ ᠦᠭᠬᠦ ᠬᠡᠷᠡᠭᠲᠡᠢ᠃ ᠡᠭᠦᠨ᠎ᠳᠦ᠂ ᠨᠠᠮ᠎ᠤᠨ ᠭᠠᠳᠠᠨᠠᠬᠢ ᠵᠣᠬᠢᠶᠠᠨ ᠪᠠᠢᠭᠤᠯᠤᠯᠲᠠ᠎ᠳᠤ ᠲᠤᠱᠢᠶᠠᠯ ᠡᠭᠦᠷᠭᠡᠯᠡᠵᠦ ᠪᠠᠢᠪᠠᠯ᠂ ᠲᠡᠭᠦᠨ᠎ᠦ ᠨᠠᠮ᠎ᠤᠨ ᠭᠠᠳᠠᠨᠠᠬᠢ ᠲᠤᠱᠢᠶᠠᠯ᠎ᠠᠴᠠ᠎ᠨᠢ ᠣᠭᠴᠤᠷᠠᠭᠤᠯᠬᠤ᠎ᠪᠠᠷ ᠨᠠᠮ᠎ᠤᠨ ᠭᠠᠳᠠᠨᠠᠬᠢ ᠵᠣᠬᠢᠶᠠᠨ ᠪᠠᠢᠭᠤᠯᠤᠯᠲᠠ᠎ᠳᠤ ᠰᠠᠨᠠᠭᠤᠯᠬᠤ ᠬᠡᠷᠡᠭᠲᠡᠢ᠃

  ᠨᠠᠮ᠎ᠤᠨ ᠭᠡᠱᠢᠭᠦᠨ ᠨᠠᠮ᠎ᠤᠨ ᠳᠣᠲᠤᠭᠠᠳᠤᠬᠢ ᠲᠤᠱᠢᠶᠠᠯ᠎ᠠᠴᠠ᠎ᠨᠢ ᠣᠭᠴᠤᠷᠠᠭᠤᠯᠬᠤ ᠱᠢᠢᠳᠭᠡᠯ ᠣᠯᠤᠭᠰᠠᠨ ᠪᠠᠢᠪᠠᠯ᠂ ᠡᠰᠡᠪᠡᠰᠦ ᠡᠮᠦᠨᠡᠬᠢ ᠪᠠᠳᠠᠭ᠎ᠤᠨ ᠲᠣᠭᠲᠠᠭᠠᠯ ᠶᠣᠰᠤᠭᠠᠷ ᠴᠢᠩᠭ᠎ᠠ ᠳᠣᠩᠭᠤᠳᠭᠤ ᠱᠢᠢᠳᠭᠡᠯ ᠣᠯᠤᠭᠰᠠᠨ ᠪᠠᠢᠪᠠᠯ᠂ ᠬᠣᠶᠠᠷ ᠵᠢᠯ᠎ᠦᠨ ᠳᠣᠲᠤᠷ᠎ᠠ ᠨᠠᠮ᠎ᠤᠨ ᠳᠣᠲᠤᠭᠠᠳᠤ᠎ᠳᠤ ᠪᠠ ᠨᠠᠮ᠎ᠤᠨ ᠭᠠᠳᠠᠨᠠᠬᠢ ᠵᠣᠬᠢᠶᠠᠨ ᠪᠠᠢᠭᠤᠯᠤᠯᠲᠠ᠎ᠳᠤ ᠤᠤᠯ᠎ᠤᠨ ᠲᠤᠱᠢᠶᠠᠯ᠎ᠲᠠᠢ᠎ᠨᠢ ᠠᠳᠠᠯᠢ ᠪᠤᠶᠤ ᠤᠤᠯ᠎ᠤᠨ ᠲᠤᠱᠢᠶᠠᠯ᠎ᠠᠴᠠ᠎ᠨᠢ ᠥᠨᠳᠦᠷ ᠲᠤᠱᠢᠶᠠᠯ ᠡᠭᠦᠷᠭᠡᠯᠡᠭᠦᠯᠬᠦ᠎ᠪᠡᠷ ᠲᠠᠨᠢᠯᠴᠠᠭᠤᠯᠵᠤ ᠪᠣᠯᠬᠤ᠎ᠦᠭᠡᠢ᠃

  ᠠᠷᠪᠠᠨ ᠬᠣᠶᠠᠳᠤᠭᠠᠷ ᠵᠦᠢᠯ   ᠨᠠᠮ᠎ᠳᠤ ᠪᠠᠢᠯᠭᠠᠵᠤ ᠬᠢᠨᠠᠨ ᠦᠵᠡᠬᠦ ᠱᠢᠢᠳᠭᠡᠯ᠎ᠢ ᠨᠠᠮ᠎ᠳᠤ ᠪᠠᠢᠯᠭᠠᠵᠤ ᠨᠢᠭᠡ ᠵᠢᠯ ᠬᠢᠨᠠᠨ ᠦᠵᠡᠬᠦ᠂ ᠨᠠᠮ᠎ᠳᠤ ᠪᠠᠢᠯᠭᠠᠵᠤ ᠬᠣᠶᠠᠷ ᠵᠢᠯ ᠬᠢᠨᠠᠨ ᠦᠵᠡᠬᠦ ᠭᠡᠵᠦ ᠬᠣᠶᠠᠷ ᠬᠤᠪᠢᠶᠠᠨ᠎ᠠ᠃ ᠨᠠᠮ᠎ᠳᠤ ᠪᠠᠢᠯᠭᠠᠵᠤ ᠨᠢᠭᠡ ᠵᠢᠯ ᠬᠢᠨᠠᠨ ᠦᠵᠡᠬᠦ ᠱᠢᠢᠳᠭᠡᠯ ᠣᠯᠤᠭᠰᠠᠨ ᠨᠠᠮ᠎ᠤᠨ ᠭᠡᠱᠢᠭᠦᠨ ᠬᠤᠭᠤᠴᠠᠭ᠎ᠠ᠎ᠨᠢ ᠳᠦᠭᠦᠷᠦᠭᠰᠡᠨ᠎ᠦ ᠳᠠᠷᠠᠭ᠎ᠠ ᠮᠦᠨ ᠎ᠬᠦ ᠨᠠᠮ᠎ᠤᠨ ᠭᠡᠱᠢᠭᠦᠨ᠎ᠦ ᠡᠷᠬᠡ᠎ᠶᠢ᠎ᠨᠢ ᠰᠡᠷᠭᠦᠭᠡᠬᠦ ᠨᠥᠬᠦᠴᠡᠯ᠎ᠳᠦ ᠬᠦᠷᠦᠭᠰᠡᠨ᠎ᠦᠭᠡᠢ ᠪᠠᠢᠪᠠᠯ᠂ ᠨᠠᠮ᠎ᠳᠤ ᠪᠠᠢᠯᠭᠠᠵᠤ ᠬᠢᠨᠠᠨ ᠦᠵᠡᠬᠦ ᠬᠤᠭᠤᠴᠠᠭ᠎ᠠ᠎ᠶᠢ᠎ᠨᠢ ᠨᠢᠭᠡ ᠵᠢᠯ ᠤᠷᠲᠤᠳᠭᠠᠬᠤ ᠬᠡᠷᠡᠭᠲᠡᠢ᠃ ᠨᠠᠮ᠎ᠳᠤ ᠪᠠᠢᠯᠭᠠᠵᠤ ᠬᠢᠨᠠᠨ ᠦᠵᠡᠬᠦ ᠬᠤᠭᠤᠴᠠᠭ᠎ᠠ᠎ᠶᠢ ᠬᠠᠮᠤᠭ᠎ᠤᠨ ᠤᠷᠲᠤ᠎ᠳᠤ᠎ᠪᠠᠨ ᠬᠣᠶᠠᠷ ᠵᠢᠯ᠎ᠡᠴᠡ ᠳᠠᠪᠠᠭᠤᠯᠵᠤ ᠪᠣᠯᠬᠤ᠎ᠦᠭᠡᠢ᠃

  ᠨᠠᠮ᠎ᠤᠨ ᠭᠡᠱᠢᠭᠦᠨ ᠨᠠᠮ᠎ᠳᠤ ᠪᠠᠢᠯᠭᠠᠵᠤ ᠬᠢᠨᠠᠨ ᠦᠵᠡᠬᠦ ᠱᠢᠢᠳᠭᠡᠯ ᠣᠯᠤᠭᠰᠠᠨ ᠬᠤᠭᠤᠴᠠᠭᠠᠨ᠎ᠳᠤ᠎ᠪᠠᠨ ᠪᠠᠲᠤᠯᠠᠬᠤ ᠡᠷᠬᠡ᠂ ᠰᠣᠩᠭᠤᠬᠤ ᠡᠷᠬᠡ ᠪᠠ ᠰᠣᠩᠭᠤᠭᠳᠠᠬᠤ ᠡᠷᠬᠡ᠎ᠦᠭᠡᠢ᠃ ᠨᠠᠮ᠎ᠳᠤ ᠪᠠᠢᠯᠭᠠᠵᠤ ᠬᠢᠨᠠᠨ ᠦᠵᠡᠬᠦ ᠬᠤᠭᠤᠴᠠᠭᠠᠨ᠎ᠳᠤ᠎ᠪᠠᠨ ᠦᠨᠡᠨ᠎ᠬᠦ ᠭᠡᠮᠱᠢᠨ ᠤᠬᠠᠭᠠᠷᠠᠵᠤ ᠢᠯᠡᠷᠡᠯ ᠰᠠᠢᠲᠠᠢ ᠪᠤᠯᠤᠭᠰᠠᠨ ᠪᠠᠢᠪᠠᠯ᠂ ᠬᠤᠭᠤᠴᠠᠭ᠎ᠠ ᠳᠦᠭᠦᠷᠦᠭᠰᠡᠨ᠎ᠦ ᠳᠠᠷᠠᠭ᠎ᠠ ᠲᠡᠭᠦᠨ᠎ᠦ ᠨᠠᠮ᠎ᠤᠨ ᠭᠡᠱᠢᠭᠦᠨ᠎ᠦ ᠡᠷᠬᠡ᠎ᠶᠢ᠎ᠨᠢ ᠰᠡᠷᠭᠦᠭᠡᠵᠦ ᠥᠭᠭᠦᠨ᠎ᠡ; ᠠᠯᠳᠠᠭ᠎ᠠ᠎ᠪᠠᠨ᠎ᠪᠠᠷᠢᠮᠲᠠᠯᠠᠭᠠᠳ ᠬᠠᠯᠠᠨ ᠵᠠᠰᠠᠬᠤ᠎ᠦᠭᠡᠢ ᠪᠠᠢᠭ᠎ᠠ ᠪᠤᠶᠤ ᠪᠠᠰᠠ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠬᠦ ᠶᠣᠰᠤᠲᠠᠢ ᠪᠤᠰᠤᠳ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢᠬᠤ᠎ᠶᠢ᠎ᠨᠢ ᠣᠯᠵᠤ ᠢᠯᠡᠷᠡᠭᠦᠯᠦᠭᠰᠡᠨ ᠪᠠᠢᠪᠠᠯ ᠡᠷᠬᠡᠪᠱᠢ ᠨᠠᠮ᠎ᠠᠴᠠ ᠬᠥᠭᠡᠭᠡᠬᠦ ᠬᠡᠷᠡᠭᠲᠡᠢ᠃

  ᠨᠠᠮ᠎ᠤᠨ ᠭᠡᠱᠢᠭᠦᠨ ᠨᠠᠮ᠎ᠳᠤ ᠪᠠᠢᠯᠭᠠᠵᠤ ᠬᠢᠨᠠᠨ ᠦᠵᠡᠬᠦ ᠱᠢᠢᠳᠭᠡᠯ ᠣᠯᠤᠭᠰᠠᠨ ᠪᠠᠢᠪᠠᠯ᠂ ᠲᠡᠭᠦᠨ᠎ᠦ ᠨᠠᠮ᠎ᠤᠨ ᠳᠣᠲᠤᠭᠠᠳᠤᠬᠢ ᠲᠤᠱᠢᠶᠠᠯ᠎ᠨᠢ ᠠᠶᠠᠨᠳᠠᠭᠠᠨ ᠣᠭᠴᠤᠷᠠᠭᠤᠯᠤᠭᠳᠠᠨ᠎ᠠ᠃ ᠨᠠᠮ᠎ᠤᠨ ᠭᠠᠳᠠᠨᠠᠬᠢ ᠲᠤᠱᠢᠶᠠᠯ᠎ᠢ ᠡᠭᠦᠷᠭᠡᠯᠡᠭᠰᠡᠨ ᠪᠠᠢᠪᠠᠯ᠂ ᠲᠡᠭᠦᠨ᠎ᠦ ᠨᠠᠮ᠎ᠤᠨ ᠭᠠᠳᠠᠨᠠᠬᠢ ᠲᠤᠱᠢᠶᠠᠯ᠎ᠠᠴᠠ᠎ᠨᠢ ᠤᠭᠴᠠᠷᠠᠭᠤᠯᠬᠤ᠎ᠪᠠᠷ ᠨᠠᠮ᠎ᠤᠨ ᠭᠠᠳᠠᠨᠠᠬᠢ ᠵᠣᠬᠢᠶᠠᠨ ᠪᠠᠢᠭᠤᠯᠤᠯᠲᠠ᠎ᠳᠤ ᠰᠠᠨᠠᠭᠤᠯᠬᠤ ᠬᠡᠷᠡᠭᠲᠡᠢ᠃ ᠨᠠᠮ᠎ᠳᠤ ᠪᠠᠢᠯᠭᠠᠵᠤ ᠬᠢᠨᠠᠨ ᠦᠵᠡᠬᠦ ᠱᠢᠢᠳᠭᠡᠯ ᠣᠯᠤᠭᠰᠠᠨ ᠨᠠᠮ᠎ᠤᠨ ᠭᠡᠱᠢᠭᠦᠨ᠎ᠢ ᠨᠠᠮ᠎ᠤᠨ ᠭᠡᠱᠢᠭᠦᠨ᠎ᠦ ᠡᠷᠬᠡ᠎ᠶᠢ᠎ᠨᠢ ᠰᠡᠷᠭᠦᠭᠡᠭᠰᠡᠨ᠎ᠦ ᠳᠠᠷᠠᠭᠠᠬᠢ ᠬᠣᠶᠠᠷ ᠵᠢᠯ᠎ᠦᠨ ᠳᠣᠲᠤᠷ᠎ᠠ ᠨᠠᠮ᠎ᠤᠨ ᠳᠣᠲᠤᠭᠠᠳᠤ᠎ᠳᠤ ᠪᠠ ᠨᠠᠮ᠎ᠤᠨ ᠭᠠᠳᠠᠨᠠᠬᠢ ᠵᠣᠬᠢᠶᠠᠨ ᠪᠠᠢᠭᠤᠯᠤᠯᠲᠠ᠎ᠳᠤ ᠤᠤᠯ᠎ᠤᠨ ᠡᠭᠦᠷᠭᠡᠯᠡᠵᠦ ᠪᠠᠢᠭᠰᠠᠨ ᠲᠤᠱᠢᠶᠠᠯ᠎ᠲᠠᠢ᠎ᠨᠢ ᠠᠳᠠᠯᠢ ᠪᠤᠶᠤ ᠤᠤᠯ᠎ᠤᠨ ᠡᠭᠦᠷᠭᠡᠯᠡᠵᠦ ᠪᠠᠢᠭᠰᠠᠨ ᠲᠤᠱᠢᠶᠠᠯ᠎ᠠᠴᠠ᠎ᠨᠢ ᠥᠨᠳᠦᠷ ᠲᠤᠱᠢᠶᠠᠯ ᠡᠭᠦᠷᠭᠡᠯᠡᠭᠦᠯᠬᠦ᠎ᠪᠡᠷ ᠲᠠᠨᠢᠯᠴᠠᠭᠤᠯᠵᠤ ᠪᠣᠯᠬᠤ᠎ᠦᠭᠡᠢ᠃

  ᠠᠷᠪᠠᠨ ᠭᠤᠷᠪᠠᠳᠤᠭᠠᠷ ᠵᠦᠢᠯ   ᠨᠠᠮ᠎ᠤᠨ ᠭᠡᠱᠢᠭᠦᠨ ᠨᠠᠮ᠎ᠠᠴᠠ ᠬᠥᠭᠡᠭᠡᠭᠳᠡᠬᠦ ᠱᠢᠢᠳᠭᠡᠯ ᠣᠯᠤᠭᠰᠠᠨ ᠪᠠᠢᠪᠠᠯ᠂ ᠲᠠᠪᠤᠨ ᠵᠢᠯ᠎ᠦᠨ ᠳᠣᠲᠤᠷ᠎ᠠ ᠳᠠᠬᠢᠭᠠᠳ ᠨᠠᠮ᠎ᠳᠤ ᠣᠷᠤᠵᠤ ᠪᠣᠯᠬᠤ᠎ᠦᠭᠡᠢ᠂ ᠤᠤᠯ᠎ᠤᠨ ᠡᠭᠦᠷᠭᠡᠯᠡᠵᠦ ᠪᠠᠢᠭᠰᠠᠨ ᠲᠤᠱᠢᠶᠠᠯ᠎ᠲᠠᠢ᠎ᠨᠢ ᠠᠳᠠᠯᠢ ᠪᠤᠶᠤ ᠤᠤᠯ᠎ᠤᠨ ᠡᠭᠦᠷᠭᠡᠯᠡᠵᠦ ᠪᠠᠢᠭᠰᠠᠨ ᠲᠤᠱᠢᠶᠠᠯ᠎ᠠᠴᠠ᠎ᠨᠢ ᠥᠨᠳᠦᠷ ᠨᠠᠮ᠎ᠤᠨ ᠭᠠᠳᠠᠨᠠᠬᠢ ᠲᠤᠱᠢᠶᠠᠯ ᠎ᠢ ᠡᠭᠦᠷᠭᠡᠯᠡᠵᠦ ᠪᠣᠯᠬᠤ᠎ᠦᠭᠡᠢ᠃ ᠨᠠᠮ᠎ᠳᠤ ᠳᠠᠬᠢᠭᠠᠳ ᠣᠷᠤᠵᠤ ᠪᠣᠯᠬᠤ᠎ᠦᠭᠡᠢ ᠭᠡᠰᠡᠨ ᠠᠰᠲᠠᠭᠠᠨ ᠲᠣᠭᠲᠠᠭᠠᠯ᠎ᠲᠠᠢ ᠪᠠᠢᠪᠠᠯ᠂ ᠲᠡᠷᠡ ᠲᠣᠭᠲᠠᠭᠠᠯ ᠶᠣᠰᠤᠭᠠᠷ ᠶᠠᠪᠤᠭᠤᠯᠤᠨ᠎ᠠ᠃

  ᠠᠷᠪᠠᠨ ᠳᠥᠷᠪᠡᠳᠦᠭᠡᠷ ᠵᠦᠢᠯ  ᠨᠠᠮ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢ ᠨᠠᠮ᠎ᠳᠤ ᠪᠠᠢᠯᠭᠠᠵᠤ ᠬᠢᠨᠠᠨ ᠦᠵᠡᠬᠦ᠎ᠡᠴᠡ ᠳᠡᠭᠡᠭᠱᠢᠬᠢ (ᠨᠠᠮ᠎ᠳᠤ ᠪᠠᠢᠯᠭᠠᠵᠤ ᠬᠢᠨᠠᠨ ᠦᠵᠡᠬᠦ ᠪᠠᠭᠲᠠᠨ᠎ᠠ) ᠱᠢᠢᠳᠭᠡᠯ ᠣᠯᠤᠭᠰᠠᠨ ᠪᠠᠢᠪᠠᠯ᠂ ᠨᠠᠮ᠎ᠤᠨ ᠵᠣᠬᠢᠶᠠᠨ ᠪᠠᠢᠭᠤᠯᠤᠯᠲᠠ ᠡᠷᠬᠡᠪᠱᠢ ᠲᠡᠭᠦᠨ᠎ᠦ ᠲᠥᠯᠦᠭᠡᠯᠡᠭᠴᠢ᠎ᠶᠢᠨ ᠬᠢᠷᠢ ᠭᠡᠮ᠎ᠢ ᠎ᠨᠢ ᠵᠣᠭᠰᠤᠭᠠᠬᠤ ᠬᠡᠷᠡᠭᠲᠡᠢ᠃

  ᠠᠷᠪᠠᠨ ᠲᠠᠪᠤᠳᠤᠭᠠᠷ ᠵᠦᠢᠯ  ᠥᠭᠡᠷᠡᠴᠢᠯᠡᠨ ᠪᠠᠢᠭᠤᠯᠬᠤ᠎ᠪᠠᠷ ᠱᠢᠢᠳᠪᠦᠷᠢᠯᠡᠭᠳᠡᠭᠰᠡᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠭᠤ ᠪᠠᠢᠭᠤᠯᠤᠮᠵᠢ᠎ᠶᠢᠨ ᠪᠦᠷᠢᠯᠳᠦᠬᠦᠨ ᠨᠠᠮ᠎ᠤᠨ ᠳᠣᠲᠤᠭᠠᠳᠤᠬᠢ ᠲᠤᠱᠢᠶᠠᠯ᠎ᠠᠴᠠ᠎ᠨᠢ ᠣᠭᠴᠤᠷᠠᠭᠤᠯᠬᠤ᠎ᠠᠴᠠ ᠳᠡᠭᠡᠭᠱᠢᠬᠢ (ᠨᠠᠮ᠎ᠤᠨ ᠳᠣᠲᠤᠷᠠᠬᠢ ᠲᠤᠱᠢᠶᠠᠯ᠎ᠠᠴᠠ᠎ᠨᠢ ᠣᠭᠴᠤᠷᠠᠭᠤᠯᠬᠤ ᠪᠠᠭᠲᠠᠨ᠎ᠠ) ᠱᠢᠢᠳᠭᠡᠯ ᠣᠯᠬᠤ ᠶᠣᠰᠤᠲᠠᠢ᠎ᠠᠴᠠ ᠪᠤᠰᠤᠳ᠎ᠨᠢ ᠠᠶᠠᠨᠳᠠᠭᠠᠨ ᠪᠦᠷ ᠲᠤᠱᠢᠶᠠᠯ᠎ᠠᠴᠠ᠎ᠪᠠᠨ ᠪᠠᠭᠤᠨ᠎ᠠ᠃

  ᠠᠷᠪᠠᠨ ᠵᠢᠷᠭᠤᠳᠤᠭᠠᠷ ᠵᠦᠢᠯ  ᠲᠠᠷᠬᠠᠭᠠᠬᠤ᠎ᠪᠠᠷ ᠱᠢᠢᠳᠬᠡᠭᠳᠡᠭᠰᠡᠨ ᠨᠠᠮ᠎ᠤᠨ ᠵᠣᠬᠢᠶᠠᠨ ᠪᠠᠢᠭᠤᠯᠤᠯᠲᠠ᠎ᠳᠠᠬᠢ ᠨᠠᠮ᠎ᠤᠨ ᠭᠡᠱᠢᠭᠦᠨ ᠪᠦᠬᠦᠨ᠎ᠢ ᠡᠷᠬᠡᠪᠱᠢ ᠨᠢᠭᠡᠳ ᠨᠢᠭᠡ᠎ᠪᠡᠷ ᠬᠢᠨᠠᠨ ᠪᠠᠢᠴᠠᠭᠠᠬᠤ ᠬᠡᠷᠡᠭᠲᠡᠢ᠃ ᠲᠡᠭᠦᠨ᠎ᠦ ᠳᠣᠲᠤᠷ᠎ᠠ᠂ ᠨᠠᠮ᠎ᠤᠨ ᠭᠡᠱᠢᠭᠦᠨ᠎ᠦ ᠨᠥᠬᠦᠴᠡᠯ᠎ᠳᠦ ᠨᠡᠢᠴᠡᠭᠰᠡᠨ ᠪᠠᠢᠪᠠᠯ᠂ ᠳᠠᠬᠢᠵᠤ ᠳᠠᠩᠰᠠᠯᠠᠬᠤ ᠪᠥᠭᠡᠳ ᠱᠢᠨ᠎ᠡ ᠵᠣᠬᠢᠶᠠᠨ ᠪᠠᠢᠭᠤᠯᠤᠯᠲᠠ᠎ᠳᠤ ᠣᠷᠤᠯᠴᠠᠭᠤᠯᠵᠤ ᠨᠠᠮ᠎ᠤᠨ ᠠᠮᠢᠳᠤᠷᠠᠯ ᠬᠢᠯᠭᠡᠬᠦ ᠬᠡᠷᠡᠭᠲᠡᠢ; ᠨᠠᠮ᠎ᠤᠨ ᠭᠡᠱᠢᠭᠦᠨ᠎ᠦ ᠨᠥᠬᠦᠴᠡᠯ᠎ᠳᠦ ᠨᠡᠢᠴᠡᠬᠦ᠎ᠦᠭᠡᠢ ᠪᠠᠢᠪᠠᠯ᠂ ᠲᠡᠭᠦᠨ᠎ᠢ ᠰᠤᠷᠭᠠᠨ ᠬᠥᠮᠦᠵᠢᠭᠦᠯᠵᠦ᠂ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠲᠡᠢ᠂ ᠰᠤᠷᠭᠠᠨ ᠬᠥᠮᠦᠵᠢᠭᠦᠯᠦᠭᠡᠳ ᠮᠦᠨ ᠎ᠬᠦ ᠬᠤᠪᠢᠷᠠᠭᠰᠠᠨ᠎ᠦᠭᠡᠢ ᠪᠠᠢᠪᠠᠯ᠂ ᠢᠳᠭᠠᠵᠤ ᠨᠠᠮ᠎ᠠᠴᠠ ᠬᠥᠭᠡᠭᠡᠬᠦ ᠪᠤᠶᠤ ᠨᠡᠷ᠎ᠡ᠎ᠶᠢ᠎ᠨᠢ ᠬᠠᠰᠤᠬᠤ ᠬᠡᠷᠡᠭᠲᠡᠢ; ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢᠪᠠᠯ᠂ ᠲᠣᠭᠲᠠᠭᠠᠯ ᠶᠣᠰᠤᠭᠠᠷ ᠨᠡᠬᠡᠮᠵᠢᠯᠡᠬᠦ ᠬᠡᠷᠡᠭᠲᠡᠢ᠃

 

    ᠭᠤᠷᠪᠠᠳᠤᠭᠠᠷ ᠪᠦᠯᠦᠭ  ᠰᠠᠬᠢᠯᠭ᠎ᠠ ᠪᠠᠲᠤ᠎ᠶᠢᠨ ᠱᠢᠢᠳᠭᠡᠯ᠎ᠳᠦ ᠬᠡᠷᠡᠭᠯᠡᠬᠦ ᠳᠦᠷᠢᠮ

 

  ᠠᠷᠪᠠᠨ ᠳᠣᠯᠤᠳᠤᠭᠠᠷ ᠵᠦᠢᠯ  ᠳᠣᠤᠷᠠᠬᠢ ᠦᠢᠯᠡ ᠪᠠᠢᠳᠠᠯ᠎ᠤᠨ ᠨᠢᠭᠡ᠎ᠨᠢ ᠪᠠᠢᠪᠠᠯ ᠬᠥᠩᠭᠡᠨ᠎ᠢᠶ᠋ᠡᠷ ᠱᠢᠢᠳᠬᠡᠬᠦ ᠪᠤᠶᠤ ᠬᠥᠩᠭᠡᠷᠡᠭᠦᠯᠦᠨ ᠱᠢᠢᠳᠭᠡᠵᠦ ᠪᠤᠯᠤᠨ᠎ᠠ᠄

  (ᠨᠢᠭᠡ) ᠥᠪᠡᠷ᠎ᠦᠨ᠎ᠢᠶ᠋ᠡᠨ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠣᠯᠬᠤ ᠶᠣᠰᠤᠲᠠᠢ ᠠᠰᠠᠭᠤᠳᠠᠯ᠎ᠤᠳ᠎ᠢ ᠰᠠᠨᠠᠭᠠᠴᠢᠯᠠᠭ᠎ᠠ᠎ᠠᠴᠠ᠎ᠪᠠᠨ ᠲᠤᠱᠢᠶᠠᠭᠰᠠᠨ;

  (ᠬᠣᠶᠠᠷ) ᠵᠣᠬᠢᠶᠠᠨ ᠪᠠᠢᠭᠤᠯᠤᠯᠲᠠ᠎ᠠᠴᠠ ᠬᠢᠨᠠᠨ ᠬᠠᠷᠭᠤᠭᠤᠯᠬᠤ᠂ ᠬᠡᠷᠡᠭ ᠪᠣᠯᠭᠠᠨ ᠬᠢᠨᠠᠨ ᠪᠠᠢᠴᠠᠭᠠᠬᠤ ᠶᠠᠪᠤᠴᠠ᠎ᠳᠤ᠂ ᠬᠢᠨᠠᠨ ᠬᠠᠷᠭᠤᠭᠤᠯᠬᠤ ᠪᠠ ᠬᠢᠨᠠᠨ ᠪᠠᠢᠴᠠᠭᠠᠬᠤ ᠠᠵᠢᠯ᠎ᠲᠠᠢ ᠬᠠᠮᠵᠢᠯᠴᠠᠵᠤ᠂ ᠥᠪᠡᠷ᠎ᠦᠨ᠎ᠢᠶ᠋ᠡᠨ ᠰᠠᠬᠢᠯᠭ᠎ᠠ ᠪᠠᠲᠤ ᠬᠠᠤᠯᠢ ᠴᠠᠭᠠᠵᠠ᠎ᠠᠴᠠ ᠵᠥᠷᠢᠴᠡᠭᠰᠡᠨ ᠪᠣᠳᠠᠲᠤ ᠶᠠᠪᠤᠳᠠᠯ᠎ᠤᠳ᠎ᠢᠶ᠋ᠠᠨ ᠦᠨᠡᠨ ᠮᠦᠨ᠎ᠢᠶ᠋ᠡᠷ ᠬᠡᠯᠡᠵᠦ ᠲᠣᠳᠤᠷᠬᠠᠢᠯᠠᠭᠰᠠᠨ;

  (ᠭᠤᠷᠪᠠ) ᠬᠠᠮᠲᠤ ᠬᠡᠷᠡᠭᠲᠡᠨ ᠪᠤᠶᠤ ᠪᠤᠰᠤᠳ ᠬᠥᠮᠦᠨ᠎ᠦ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠣᠯᠬᠤ ᠶᠣᠰᠤᠲᠠᠢ ᠪᠤᠶᠤ ᠬᠠᠤᠯᠢ ᠴᠠᠭᠠᠵᠠ᠎ᠶᠢᠨ ᠬᠠᠷᠢᠭᠤᠴᠠᠯᠭ᠎ᠠ ᠨᠡᠬᠡᠮᠵᠢᠯᠡᠬᠦ ᠶᠣᠰᠤᠲᠠᠢ ᠠᠰᠠᠭᠤᠳᠠᠯ᠎ᠤᠳ᠎ᠢ ᠢᠯᠡᠴᠢᠯᠡᠨ ᠵᠠᠭᠠᠯᠳᠤᠵᠤ᠂ ᠪᠠᠢᠴᠠᠭᠠᠨ ᠨᠤᠳᠠᠯᠠᠭᠠᠳ ᠦᠨᠡᠨ ᠪᠣᠳᠠᠲᠠᠢ ᠪᠠᠢᠭ᠎ᠠ;

  (ᠳᠥᠷᠪᠡ) ᠰᠠᠨᠠᠭᠠᠴᠢᠯᠠᠭ᠎ᠠ᠎ᠠᠴᠠ᠎ᠪᠠᠨ ᠬᠣᠬᠢᠷᠠᠯ᠎ᠢ ᠡᠭᠡᠭᠦᠯᠵᠦ᠂ ᠮᠠᠭᠤ ᠨᠥᠯᠦᠭᠡ᠎ᠶᠢ ᠠᠷᠢᠯᠭᠠᠭᠰᠠᠨ ᠪᠤᠶᠤ ᠬᠣᠤᠷ ᠬᠥᠨᠦᠭᠡᠯ᠎ᠲᠡᠢ ᠦᠷ᠎ᠡ ᠳ᠋ᠦᠩ ᠭᠠᠷᠬᠤ᠎ᠶᠢ ᠪᠦᠲᠦᠮᠵᠢᠲᠡᠢ ᠬᠣᠷᠢᠭᠯᠠᠭᠰᠠᠨ;

  (ᠲᠠᠪᠤ) ᠰᠠᠬᠢᠯᠭ᠎ᠠ ᠪᠠᠲᠤ᠎ᠠᠴᠠ ᠵᠥᠷᠢᠴᠡᠭᠡᠳ ᠣᠯᠤᠭᠰᠠᠨ ᠣᠯᠵᠠᠪᠤᠷᠢ᠎ᠪᠠᠨ ᠰᠠᠨᠠᠭᠠᠴᠢᠯᠠᠭ᠎ᠠ᠎ᠠᠴᠠ᠎ᠪᠠᠨ ᠳᠡᠭᠡᠭᠱᠢ ᠲᠤᠱᠢᠶᠠᠭᠰᠠᠨ;

  (ᠵᠢᠷᠭᠤᠭ᠎ᠠ) ᠭᠠᠪᠢᠶ᠎ᠠ ᠪᠠᠢᠭᠤᠯᠤᠭᠰᠠᠨ ᠪᠤᠰᠤᠳ ᠢᠯᠡᠷᠡᠯ᠎ᠲᠡᠢ ᠪᠠᠢᠬᠤ᠃

  ᠠᠷᠪᠠᠨ ᠨᠠᠢ᠍ᠮᠠᠳᠤᠭᠠᠷ ᠵᠦᠢᠯ  ᠬᠡᠷᠡᠭ᠎ᠦᠨ ᠣᠨᠴᠠᠭᠠᠢ ᠪᠠᠢᠳᠠᠯ᠎ᠢ ᠦᠨᠳᠦᠰᠦᠯᠡᠨ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠠᠴᠠ ᠲᠣᠭᠲᠠᠭᠠᠬᠤ ᠪᠤᠶᠤ ᠮᠣᠵᠢ (ᠶᠠᠮᠤᠨ)᠎ᠤ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ (ᠳᠡᠳ᠋ ᠮᠣᠵᠢ᠎ᠶᠢᠨ ᠱᠠᠲᠤᠨ᠎ᠤ ᠬᠣᠲᠠ᠎ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠠᠭᠲᠠᠬᠤ᠎ᠦᠭᠡᠢ)᠎ᠡᠴᠡ ᠲᠣᠭᠲᠠᠭᠠᠵᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠳᠤ ᠮᠡᠳᠡᠭᠦᠯᠦᠨ ᠵᠥᠪᠱᠢᠶᠡᠷᠡᠭᠦᠯᠦᠭᠡᠳ᠂ ᠰᠠᠬᠢᠯᠭ᠎ᠠ ᠪᠠᠲᠤ᠎ᠠᠴᠠ ᠵᠥᠷᠢᠴᠡᠭᠰᠡᠨ ᠨᠠᠮ᠎ᠤᠨ ᠭᠡᠱᠢᠭᠦᠨ᠎ᠳᠦ ᠲᠤᠰ ᠳᠦᠷᠢᠮ᠎ᠳᠦ ᠲᠣᠭᠲᠠᠭᠠᠭᠰᠠᠨ ᠱᠢᠢᠳᠭᠡᠯ ᠦᠭᠬᠦ ᠬᠡᠮᠵᠢᠶ᠎ᠡ᠎ᠡᠴᠡ ᠭᠠᠳᠠᠨ᠎ᠠ ᠬᠥᠩᠭᠡᠷᠡᠭᠦᠯᠦᠨ ᠱᠢᠢᠳᠭᠡᠵᠦ ᠪᠤᠯᠤᠨ᠎ᠠ᠃

  ᠠᠷᠪᠠ ᠶᠢᠰᠦᠳᠦᠭᠡᠷ ᠵᠦᠢᠯ  ᠨᠠᠮ᠎ᠤᠨ ᠭᠡᠱᠢᠭᠦᠨ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠡᠳ ᠳᠣᠩᠭᠤᠳᠭᠤ ᠪᠤᠶᠤ ᠴᠢᠩᠭ᠎ᠠ ᠳᠣᠩᠭᠤᠳᠭᠤ ᠱᠢᠢᠳᠭᠡᠯ ᠣᠯᠬᠤ ᠶᠣᠰᠤᠲᠠᠢ ᠪᠠᠢᠭ᠎ᠠ ᠪᠣᠯᠪᠠᠴᠤ᠂ ᠲᠤᠰ ᠳᠦᠷᠢᠮ᠎ᠦᠨ ᠠᠷᠪᠠᠨ ᠳᠣᠯᠤᠳᠤᠭᠠᠷ ᠵᠦᠢᠯ᠎ᠳᠦ ᠲᠣᠭᠲᠠᠭᠠᠭᠰᠠᠨ ᠦᠢᠯᠡ ᠪᠠᠢᠳᠠᠯ᠎ᠤᠨ ᠨᠢᠭᠡ ᠪᠠᠢᠭ᠎ᠠ ᠪᠤᠶᠤ ᠲᠤᠰ ᠳᠦᠷᠢᠮ᠎ᠦᠨ ᠬᠤᠪᠢᠶᠠᠷᠢ ᠳᠦᠷᠢᠮ᠎ᠳᠦ ᠠᠰᠲᠠᠭᠠᠨ ᠲᠣᠭᠲᠠᠭᠠᠯ᠎ᠲᠠᠢ ᠪᠠᠢᠭ᠎ᠠ ᠪᠠᠢᠪᠠᠯ᠂ ᠱᠢᠭᠦᠮᠵᠢᠯᠡᠨ ᠰᠤᠷᠭᠠᠬᠤ᠂ ᠵᠠᠷᠯᠢᠭᠳᠠᠨ ᠪᠠᠢᠴᠠᠭᠠᠬᠤ᠂ ᠠᠩᠬᠠᠷᠤᠭᠤᠯᠤᠨ ᠰᠠᠨᠠᠭᠤᠯᠬᠤ ᠪᠤᠶᠤ ᠵᠣᠬᠢᠶᠠᠨ ᠪᠠᠢᠭᠤᠯᠤᠯᠲᠠ᠎ᠶᠢᠨ ᠱᠢᠢᠳᠪᠦᠷᠢᠯᠡᠯᠲᠡ ᠦᠭᠴᠤ᠂ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠬᠦ᠎ᠡᠴᠡ ᠬᠡᠯᠲᠦᠷᠢᠭᠦᠯᠵᠦ ᠪᠤᠯᠤᠨ᠎ᠠ᠃ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠨᠠᠮ᠎ᠤᠨ ᠭᠡᠱᠢᠭᠦᠨ᠎ᠳᠦ ᠱᠢᠢᠳᠭᠡᠯ ᠦᠭᠬᠦ᠎ᠶᠢ ᠬᠡᠯᠲᠦᠷᠢᠭᠦᠯᠬᠦ᠎ᠳᠤ᠎ᠪᠠᠨ ᠡᠷᠬᠡᠪᠱᠢ ᠪᠢᠴᠢᠭ᠎ᠦᠨ ᠳ᠋ᠦᠩᠨᠡᠯᠲᠡ ᠬᠢᠬᠦ ᠬᠡᠷᠡᠭᠲᠡᠢ᠃

  ᠬᠣᠷᠢᠳᠤᠭᠠᠷ ᠵᠦᠢᠯ   ᠳᠣᠤᠷᠠᠬᠢ ᠦᠢᠯᠡ ᠪᠠᠢᠳᠠᠯ᠎ᠤᠨ ᠨᠢᠭᠡ᠎ᠨᠢ ᠪᠠᠢᠪᠠᠯ᠂ ᠬᠦᠨᠳᠦ᠎ᠪᠡᠷ ᠱᠢᠢᠳᠬᠡᠬᠦ ᠪᠤᠶᠤ ᠬᠦᠨᠳᠦᠷᠡᠭᠦᠯᠦᠨ ᠱᠢᠢᠳᠬᠡᠬᠦ ᠬᠡᠷᠡᠭᠲᠡᠢ᠃

  (ᠨᠢᠭᠡ) ᠪᠤᠰᠤᠳ᠎ᠢ ᠠᠯᠪᠠᠳᠠᠵᠤ᠂ ᠵᠢᠭᠠᠵᠤ ᠳᠣᠬᠢᠵᠤ ᠪᠠᠢᠭᠠᠳ ᠰᠠᠬᠢᠯᠭ᠎ᠠ ᠪᠠᠲᠤ᠎ᠶᠢ ᠵᠥᠷᠢᠴᠡᠭᠦᠯᠦᠭᠰᠡᠨ;

  (ᠬᠣᠶᠠᠷ) ᠰᠠᠬᠢᠯᠭ᠎ᠠ ᠪᠠᠲᠤ᠎ᠶᠢ ᠵᠥᠷᠢᠴᠡᠭᠡᠳ ᠣᠯᠤᠭᠰᠠᠨ ᠣᠯᠵᠠᠪᠤᠷᠢ᠎ᠪᠠᠨ ᠳᠡᠭᠡᠭᠱᠢ ᠲᠤᠱᠢᠶᠠᠬᠤ᠎ᠦᠭᠡᠢ ᠪᠤᠶᠤ ᠳᠥᠯᠦᠵᠦ ᠪᠤᠴᠠᠭᠠᠬᠤ᠎ᠶᠢ ᠳᠠᠪᠴᠢᠭᠰᠡᠨ;

  (ᠭᠤᠷᠪᠠ) ᠰᠠᠬᠢᠯᠭ᠎ᠠ ᠪᠠᠲᠤ᠎ᠶᠢ ᠵᠥᠷᠢᠴᠡᠭᠡᠳ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ᠎ᠢ ᠣᠯᠤᠭᠰᠠᠨ᠎ᠤ᠎ᠪᠠᠨ ᠳᠠᠷᠠᠭ᠎ᠠ ᠪᠠᠰᠠ ᠵᠣᠷᠢᠭᠤᠳᠠ ᠰᠠᠬᠢᠯᠭ᠎ᠠ ᠪᠠᠲᠤ᠎ᠶᠢ ᠵᠥᠷᠢᠴᠡᠭᠡᠳ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ᠎ᠢ ᠣᠯᠬᠤ ᠶᠣᠰᠤᠲᠠᠢ ᠪᠤᠯᠤᠭᠰᠠᠨ;

  (ᠳᠥᠷᠪᠡ) ᠰᠠᠬᠢᠯᠭ᠎ᠠ ᠪᠠᠲᠤ᠎ᠶᠢ ᠵᠥᠷᠢᠴᠡᠭᠡᠳ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠎ᠢ ᠣᠯᠤᠭᠰᠠᠨ᠎ᠤ᠎ᠪᠠᠨ ᠳᠠᠷᠠᠭ᠎ᠠ᠂ ᠪᠠᠰᠠ ᠱᠢᠢᠳᠭᠡᠯ ᠣᠯᠬᠤ᠎ᠠᠴᠠ᠎ᠪᠠᠨ ᠡᠮᠦᠨᠡᠬᠢ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠨᠢ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠣᠯᠬᠤ ᠶᠣᠰᠤᠲᠠᠢ ᠪᠠᠢᠭ᠎ᠠ᠎ᠶᠢ ᠳᠠᠬᠢᠭᠠᠳ ᠣᠯᠵᠤ ᠢᠯᠡᠷᠡᠭᠦᠯᠦᠭᠰᠡᠨ;

  (ᠲᠠᠪᠤ) ᠲᠤᠰ ᠳᠦᠷᠢᠮ᠎ᠡᠴᠡ ᠠᠰᠲᠠᠭᠠᠨ ᠲᠣᠭᠲᠠᠭᠠᠯ᠎ᠲᠠᠢ ᠪᠠᠢᠬᠤ᠃

  ᠬᠣᠷᠢᠨ ᠨᠢᠭᠡᠳᠦᠭᠡᠷ ᠵᠦᠢᠯ  ᠬᠥᠩᠭᠡᠨ᠎ᠢᠶ᠋ᠡᠷ ᠱᠢᠢᠳᠬᠡᠬᠦ ᠭᠡᠳᠡᠭ᠎ᠨᠢ ᠲᠤᠰ ᠳᠦᠷᠢᠮ᠎ᠳᠦ ᠲᠣᠭᠲᠠᠭᠠᠭᠰᠠᠨ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠨᠢ ᠣᠯᠬᠤ ᠶᠣᠰᠤᠲᠠᠢ ᠱᠢᠢᠳᠭᠡᠯ᠎ᠦᠨ ᠬᠡᠮᠵᠢᠶᠡᠨ᠎ᠦ ᠳᠣᠲᠤᠷ᠎ᠠ ᠪᠠᠢᠭ᠎ᠠ ᠪᠠᠢᠪᠠᠯ ᠨᠡᠯᠢᠶᠡᠳ ᠬᠥᠩᠭᠡᠨ ᠱᠢᠢᠳᠭᠡᠯ ᠦᠭᠬᠦ᠎ᠶᠢ ᠵᠢᠭᠠᠵᠤ ᠪᠣᠢ᠃

  ᠬᠦᠨᠳᠦ᠎ᠪᠡᠷ ᠱᠢᠢᠳᠬᠡᠬᠦ ᠭᠡᠳᠡᠭ᠎ᠨᠢ ᠲᠤᠰ ᠳᠦᠷᠢᠮ᠎ᠳᠦ ᠲᠣᠭᠲᠠᠭᠠᠭᠰᠠᠨ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠨᠢ ᠣᠯᠬᠤ ᠶᠣᠰᠤᠲᠠᠢ ᠱᠢᠢᠳᠭᠡᠯ᠎ᠦᠨ ᠬᠡᠮᠵᠢᠶᠡᠨ᠎ᠦ ᠳᠣᠲᠤᠷ᠎ᠠ ᠪᠠᠢᠭ᠎ᠠ ᠪᠠᠢᠪᠠᠯ᠂ ᠨᠡᠯᠢᠶᠡᠳ ᠬᠦᠨᠳᠦ ᠱᠢᠢᠳᠭᠡᠯ ᠦᠭᠬᠦ᠎ᠶᠢ ᠵᠢᠭᠠᠵᠤ ᠪᠣᠢ᠃

  ᠬᠣᠷᠢᠨ ᠬᠣᠶᠠᠳᠤᠭᠠᠷ ᠵᠦᠢᠯ  ᠬᠥᠩᠭᠡᠷᠡᠭᠦᠯᠦᠨ ᠱᠢᠢᠳᠬᠡᠬᠦ ᠭᠡᠳᠡᠭ᠎ᠨᠢ ᠲᠤᠰ ᠳᠦᠷᠢᠮ᠎ᠳᠦ ᠲᠣᠭᠲᠠᠭᠠᠭᠰᠠᠨ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠨᠢ ᠣᠯᠬᠤ ᠶᠣᠰᠤᠲᠠᠢ ᠱᠢᠢᠳᠭᠡᠯ᠎ᠦᠨ ᠬᠡᠮᠵᠢᠶᠡᠨ᠎ᠦ ᠭᠠᠳᠠᠨ᠎ᠠ ᠪᠠᠢᠭ᠎ᠠ ᠪᠠᠢᠪᠠᠯ᠂ ᠨᠢᠭᠡ ᠳᠡᠰ ᠬᠥᠩᠭᠡᠷᠡᠭᠦᠯᠦᠨ ᠱᠢᠢᠳᠭᠡᠯ ᠦᠭᠬᠦ᠎ᠶᠢ ᠵᠢᠭᠠᠵᠤ ᠪᠣᠢ᠃

  ᠬᠦᠨᠳᠦᠷᠡᠭᠦᠯᠦᠨ ᠱᠢᠢᠳᠬᠡᠬᠦ ᠭᠡᠳᠡᠭ᠎ᠨᠢ ᠲᠤᠰ ᠳᠦᠷᠢᠮ᠎ᠳᠦ ᠲᠣᠭᠲᠠᠭᠠᠭᠰᠠᠨ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠨᠢ ᠣᠯᠬᠤ ᠶᠣᠰᠤᠲᠠᠢ ᠱᠢᠢᠳᠭᠡᠯ᠎ᠦᠨ ᠬᠡᠮᠵᠢᠶᠡᠨ᠎ᠦ ᠭᠠᠳᠠᠨ᠎ᠠ ᠪᠠᠢᠭ᠎ᠠ ᠪᠠᠢᠪᠠᠯ᠂ ᠨᠢᠭᠡ ᠳᠡᠰ ᠬᠦᠨᠳᠦᠷᠡᠭᠦᠯᠦᠨ ᠱᠢᠢᠳᠭᠡᠯ ᠦᠭᠬᠦ᠎ᠶᠢ ᠵᠢᠭᠠᠵᠤ ᠪᠣᠢ᠃

  ᠲᠤᠰ ᠳᠦᠷᠢᠮ᠎ᠳᠦ ᠲᠣᠭᠲᠠᠭᠠᠭᠰᠠᠨ ᠭᠠᠭᠴᠠ᠎ᠬᠦ ᠨᠠᠮ᠎ᠠᠴᠠ ᠬᠥᠭᠡᠭᠡᠬᠦ ᠱᠢᠢᠳᠭᠡᠯ ᠥᠭᠬᠦ ᠨᠢᠭᠡ ᠳᠡᠰ᠎ᠦᠨ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢᠭ᠎ᠠ ᠪᠠᠢᠪᠠᠯ᠂ ᠨᠢᠭᠡᠳᠦᠭᠡᠷ ᠵᠤᠷᠪᠤᠰ᠎ᠤᠨ ᠬᠥᠩᠭᠡᠷᠡᠭᠦᠯᠦᠨ ᠱᠢᠢᠳᠬᠡᠬᠦ ᠲᠣᠭᠲᠠᠭᠠᠯ᠎ᠢ ᠬᠡᠷᠡᠭᠯᠡᠵᠦ ᠪᠣᠯᠬᠤ᠎ᠦᠭᠡᠢ᠃

  ᠬᠣᠷᠢᠨ ᠭᠤᠷᠪᠠᠳᠤᠭᠠᠷ ᠵᠦᠢᠯ  ᠨᠢᠭᠡ ᠬᠥᠮᠦᠨ ᠲᠤᠰ ᠳᠦᠷᠢᠮ᠎ᠳᠦ ᠲᠣᠭᠲᠠᠭᠠᠭᠰᠠᠨ ᠬᠣᠶᠠᠷ ᠵᠦᠢᠯ᠎ᠡᠴᠡ ᠳᠡᠭᠡᠭᠱᠢᠬᠢ (ᠬᠣᠶᠠᠷ ᠵᠦᠢᠯ ᠪᠠᠭᠲᠠᠨ᠎ᠠ) ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠎ᠢ ᠣᠯᠬᠤ ᠶᠣᠰᠤᠲᠠᠢ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢᠪᠠᠯ᠂ ᠨᠡᠢᠯᠡᠭᠦᠯᠦᠨ ᠱᠢᠢᠳᠭᠡᠵᠦ᠂ ᠲᠡᠭᠦᠨ᠎ᠦ ᠰᠠᠬᠢᠯᠭ᠎ᠠ ᠪᠠᠲᠤ᠎ᠠᠴᠠ ᠵᠥᠷᠢᠴᠡᠭᠰᠡᠨ ᠬᠡᠳᠦᠨ ᠵᠦᠢᠯ᠎ᠦᠨ ᠦᠢᠯᠡ ᠠᠵᠢᠯᠯᠠᠭ᠎ᠠ᠎ᠶᠢᠨ ᠳᠣᠲᠤᠷᠠᠬᠢ ᠣᠯᠬᠤ ᠶᠣᠰᠤᠲᠠᠢ ᠬᠠᠮᠤᠭ᠎ᠤᠨ ᠬᠦᠨᠳᠦ ᠱᠢᠢᠳᠭᠡᠯ᠎ᠡᠴᠡ᠎ᠨᠢ ᠨᠢᠭᠡ ᠳᠡᠰ ᠬᠦᠨᠳᠦᠷᠡᠭᠦᠯᠦᠨ ᠱᠢᠢᠳᠭᠡᠯ ᠦᠭᠬᠦ ᠬᠡᠷᠡᠭᠲᠡᠢ; ᠲᠡᠭᠦᠨ᠎ᠦ ᠳᠣᠲᠤᠷᠠᠬᠢ ᠨᠢᠭᠡ ᠵᠦᠢᠯ᠎ᠦᠨ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠨᠢ ᠨᠠᠮ᠎ᠠᠴᠠ ᠬᠥᠭᠡᠭᠡᠬᠦ ᠱᠢᠢᠳᠭᠡᠯ ᠣᠯᠬᠤ ᠶᠣᠰᠤᠲᠠᠢ ᠪᠠᠢᠪᠠᠯ᠂ ᠡᠷᠬᠡᠪᠱᠢ ᠨᠠᠮ᠎ᠠᠴᠠ ᠬᠥᠭᠡᠭᠡᠬᠦ ᠱᠢᠢᠳᠭᠡᠯ ᠦᠭᠬᠦ ᠬᠡᠷᠡᠭᠲᠡᠢ᠃

  ᠬᠣᠷᠢᠨ ᠳᠥᠷᠪᠡᠳᠦᠭᠡᠷ ᠵᠦᠢᠯ  ᠰᠠᠬᠢᠯᠭ᠎ᠠ ᠪᠠᠲᠤ᠎ᠶᠢ ᠵᠥᠷᠢᠴᠡᠭᠰᠡᠨ ᠨᠢᠭᠡ ᠠᠵᠢᠯᠯᠠᠭ᠎ᠠ ᠲᠤᠰ ᠵᠦᠢᠯ᠎ᠦᠨ ᠬᠣᠶᠠᠷ᠎ᠠᠴᠠ ᠳᠡᠭᠡᠭᠱᠢᠬᠢ (ᠬᠣᠶᠠᠷ᠎ᠢ ᠪᠠᠭᠲᠠᠭᠠᠨ᠎ᠠ) ᠵᠦᠢᠯ ᠵᠤᠷᠪᠤᠰᠢ ᠵᠡᠷᠭᠡᠪᠡᠷ ᠵᠥᠷᠢᠴᠡᠭᠰᠡᠨ ᠪᠤᠯ᠂ ᠨᠡᠯᠢᠶᠡᠳ ᠬᠦᠨᠳᠦ ᠱᠢᠢᠳᠭᠡᠯ ᠦᠭᠭᠦ ᠵᠦᠢᠯ ᠵᠤᠷᠪᠤᠰ ᠶᠣᠰᠤᠭᠠᠷ ᠱᠢᠨᠵᠢ ᠴᠢᠨᠠᠷ᠎ᠢ ᠎ᠨᠢ ᠲᠣᠭᠲᠠᠭᠠᠵᠤ ᠱᠢᠢᠳᠪᠦᠷᠢᠯᠡᠨ᠎ᠡ᠃

  ᠨᠢᠭᠡ ᠵᠦᠢᠯ ᠵᠤᠷᠪᠤᠰ᠎ᠲᠤ ᠲᠣᠭᠲᠠᠭᠠᠭᠰᠠᠨ ᠰᠠᠬᠢᠯᠭ᠎ᠠ ᠪᠠᠲᠤ᠎ᠶᠢ ᠵᠥᠷᠢᠴᠡᠬᠦ ᠪᠦᠷᠢᠯᠳᠦᠯ᠎ᠦᠨ ᠴᠢᠬᠤᠯᠠ ᠨᠥᠬᠦᠴᠡᠯ᠎ᠨᠢ ᠪᠤᠰᠤᠳ ᠵᠦᠢᠯ ᠵᠤᠷᠪᠤᠰ᠎ᠲᠤ ᠲᠣᠭᠲᠠᠭᠠᠭᠰᠠᠨ ᠰᠠᠬᠢᠯᠭ᠎ᠠ ᠪᠠᠲᠤ᠎ᠶᠢ ᠵᠥᠷᠢᠴᠡᠬᠦ ᠪᠦᠷᠢᠯᠳᠦᠯ᠎ᠦᠨ ᠴᠢᠬᠤᠯᠠ ᠨᠥᠬᠦᠴᠡᠯ᠎ᠳᠦ ᠪᠦᠭᠦᠳᠡ᠎ᠶᠢ ᠪᠠᠭᠲᠠᠭᠠᠵᠤ᠂ ᠣᠨᠴᠠᠭᠠᠢ ᠲᠣᠭᠲᠠᠭᠠᠯ ᠪᠣᠯᠤᠨ ᠡᠩ᠎ᠦᠨ ᠲᠣᠭᠲᠠᠭᠠᠯ᠎ᠨᠢ ᠠᠳᠠᠯᠢ ᠪᠤᠰᠤ ᠪᠤᠯᠤᠭᠰᠠᠨ ᠦᠶ᠎ᠡ᠎ᠳᠦ᠂ ᠣᠨᠴᠠᠭᠠᠢ ᠲᠣᠭᠲᠠᠭᠠᠯ᠎ᠢ ᠬᠡᠷᠡᠭᠯᠡᠨ᠎ᠡ᠃

  ᠬᠣᠷᠢᠨ ᠲᠠᠪᠤᠳᠤᠭᠠᠷ ᠵᠦᠢᠯ  ᠬᠣᠶᠠᠷ᠎ᠠᠴᠠ ᠳᠡᠭᠡᠭᠱᠢᠬᠢ ᠬᠥᠮᠦᠨ (ᠬᠣᠶᠠᠷ ᠬᠥᠮᠦᠨ᠎ᠢ ᠪᠠᠭᠲᠠᠭᠠᠨ᠎ᠠ) ᠬᠠᠮᠲᠤ᠎ᠪᠠᠷ ᠵᠣᠷᠢᠭᠤᠳᠠ ᠰᠠᠬᠢᠯᠭ᠎ᠠ ᠪᠠᠲᠤ᠎ᠶᠢ ᠵᠥᠷᠢᠴᠡᠭᠰᠡᠨ ᠪᠠᠢᠪᠠᠯ᠂ ᠲᠦᠷᠦᠭᠦᠦ ᠪᠣᠯᠤᠭᠰᠠᠳ᠎ᠲᠤ ᠬᠦᠨᠳᠦ ᠱᠢᠢᠳᠭᠡᠯ ᠥᠭᠭᠦᠨ᠎ᠡ᠂ ᠲᠤᠰ ᠵᠦᠢᠯ ᠵᠤᠷᠪᠤᠰ᠎ᠲᠤ ᠠᠰᠲᠠᠭᠠᠨ ᠲᠣᠭᠲᠠᠭᠠᠭᠰᠠᠨ ᠪᠤᠯ ᠲᠤᠰ ᠵᠦᠢᠯ᠎ᠳᠦ ᠪᠠᠭᠲᠠᠬᠤ᠎ᠦᠭᠡᠢ; ᠪᠤᠰᠤᠳ ᠪᠦᠷᠢᠯᠳᠦᠬᠦᠨ ᠎ᠢ ᠬᠠᠮᠲᠤ᠎ᠪᠠᠷ ᠰᠠᠬᠢᠯᠭ᠎ᠠ ᠪᠠᠲᠤ᠎ᠶᠢ ᠵᠥᠷᠢᠴᠡᠬᠦ ᠠᠵᠢᠯᠯᠠᠭ᠎ᠠ ᠳᠤᠮᠳᠠ ᠲᠡᠭᠦᠨ᠎ᠦ ᠦᠵᠡᠭᠦᠯᠦᠭᠰᠡᠨ ᠦᠢᠯᠡᠳᠦᠯ ᠪᠠ ᠬᠠᠷᠢᠭᠤᠴᠠᠬᠤ ᠶᠣᠰᠤᠲᠠᠢ ᠬᠠᠷᠢᠭᠤᠴᠠᠯᠭ᠎ᠠ᠎ᠶᠢ ᠦᠨᠳᠦᠰᠦᠯᠡᠵᠦ᠂ ᠲᠤᠰ ᠲᠤᠰ᠎ᠲᠤᠨᠢ ᠱᠢᠢᠳᠭᠡᠯ ᠥᠭᠭᠦᠨ᠎ᠡ᠃

  ᠠᠵᠤ ᠠᠬᠤᠢ᠎ᠶᠢᠨ ᠲᠠᠯ᠎ᠠ᠎ᠪᠠᠷ ᠬᠠᠮᠲᠤ᠎ᠪᠠᠷ ᠰᠠᠬᠢᠯᠭ᠎ᠠ ᠪᠠᠲᠤ᠎ᠶᠢ ᠵᠥᠷᠢᠴᠡᠭᠰᠡᠨ ᠪᠤᠯ᠂ ᠬᠤᠪᠢ ᠬᠥᠮᠦᠨ᠎ᠦ ᠣᠯᠤᠭᠰᠠᠨ ᠣᠯᠵᠠ ᠠᠱᠢᠭ᠎ᠤᠨ ᠲᠣᠭ᠎ᠠ ᠬᠡᠮᠵᠢᠶ᠎ᠡ ᠵᠢᠴᠢ ᠦᠵᠡᠭᠦᠯᠦᠭᠰᠡᠨ ᠦᠢᠯᠡᠳᠦᠯ ᠎ᠢ ᠦᠨᠳᠦᠰᠦᠯᠡᠵᠦ᠂ ᠲᠤᠰ ᠲᠤᠰ᠎ᠲᠤᠨᠢ ᠱᠢᠢᠳᠭᠡᠯ ᠥᠭᠭᠦᠨ᠎ᠡ᠃ ᠰᠠᠬᠢᠯᠭ᠎ᠠ ᠪᠠᠲᠤ᠎ᠶᠢ ᠵᠥᠷᠢᠴᠡᠭᠰᠡᠨ ᠪᠦᠯᠦᠭᠯᠡᠯ᠎ᠦᠨ ᠲᠦᠷᠦᠭᠦᠦ ᠪᠣᠯᠤᠭᠰᠠᠳ᠎ᠲᠤ᠂ ᠪᠦᠯᠦᠭᠯᠡᠯ᠎ᠦᠨ ᠰᠠᠬᠢᠯᠭ᠎ᠠ ᠪᠠᠲᠤ᠎ᠶᠢ ᠵᠥᠷᠢᠴᠡᠭᠰᠡᠨ ᠶᠡᠷᠦᠩᠬᠡᠢ ᠵᠣᠭᠤᠰᠤᠨ ᠲᠣᠭ᠎ᠠ᠎ᠶᠢ ᠦᠨᠳᠦᠰᠦᠯᠡᠵᠦ ᠱᠢᠢᠳᠭᠡᠯ ᠥᠭᠭᠦᠨ᠎ᠡ; ᠪᠤᠰᠤᠳ ᠬᠠᠮᠲᠤ᠎ᠪᠠᠷ ᠰᠠᠬᠢᠯᠭ᠎ᠠ ᠪᠠᠲᠤ᠎ᠶᠢ ᠵᠥᠷᠢᠴᠡᠭᠰᠡᠨ ᠬᠥᠮᠦᠰ᠎ᠦᠨ ᠲᠦᠷᠦᠭᠦᠦ ᠪᠣᠯᠤᠭᠰᠠᠳ᠎ᠲᠤ ᠪᠠᠢᠳᠠᠯ᠎ᠨᠢ ᠬᠦᠨᠳᠦ ᠨᠣᠴᠢᠲᠠᠢ ᠪᠤᠯ᠂ ᠬᠠᠮᠲᠤ᠎ᠪᠠᠷ ᠰᠠᠬᠢᠯᠭ᠎ᠠ ᠪᠠᠲᠤ᠎ᠶᠢ ᠵᠥᠷᠢᠴᠡᠭᠰᠡᠨ ᠶᠡᠷᠦᠩᠬᠡᠢ ᠵᠣᠭᠤᠰᠤᠨ ᠲᠣᠭ᠎ᠠ᠎ᠶᠢ ᠦᠨᠳᠦᠰᠦᠯᠡᠵᠦ ᠱᠢᠢᠳᠭᠡᠯ ᠥᠭᠭᠦᠨ᠎ᠡ᠃

  ᠪᠤᠰᠤᠳ ᠬᠥᠮᠦᠨ᠎ᠢ ᠵᠢᠭᠠᠵᠤ ᠳᠣᠬᠢᠵᠤ ᠰᠠᠬᠢᠯᠭ᠎ᠠ ᠪᠠᠲᠤ᠎ᠶᠢ ᠵᠥᠷᠢᠴᠡᠭᠦᠯᠦᠭᠰᠡᠨ ᠪᠤᠯ᠂ ᠬᠠᠮᠲᠤ᠎ᠪᠠᠷ ᠰᠠᠬᠢᠯᠭ᠎ᠠ ᠪᠠᠲᠤ᠎ᠶᠢ ᠵᠥᠷᠢᠴᠡᠭᠰᠡᠨ ᠠᠵᠢᠯᠯᠠᠭ᠎ᠠ ᠳᠤᠮᠳᠠ ᠲᠡᠭᠦᠨ᠎ᠦ ᠦᠵᠡᠭᠦᠯᠦᠭᠰᠡᠨ ᠦᠢᠯᠡᠳᠦᠯ᠎ᠢ ᠦᠨᠳᠦᠰᠦᠯᠡᠵᠦ ᠨᠠᠮ᠎ᠤᠨ ᠰᠠᠬᠢᠯᠭ᠎ᠠ ᠪᠠᠲᠤ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

  ᠬᠣᠷᠢᠨ ᠵᠢᠷᠭᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠭᠤ ᠪᠠᠢᠭᠤᠯᠤᠮᠵᠢ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠲᠣᠭᠲᠠᠭᠠᠯ ᠎ᠢ ᠬᠠᠮᠲᠤ᠎ᠪᠠᠷ ᠭᠠᠷᠭᠠᠭᠰᠠᠨ ᠪᠤᠶᠤ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠪᠤᠰᠤᠳ ᠠᠵᠢᠯᠯᠠᠭ᠎ᠠ᠎ᠶᠢ ᠬᠢᠭᠰᠡᠨ ᠪᠠᠢᠪᠠᠯ᠂ ᠬᠠᠮᠲᠤ᠎ᠪᠠᠷ ᠵᠣᠷᠢᠭᠤᠳᠠ ᠬᠢᠭᠰᠡᠨ ᠪᠦᠷᠢᠯᠳᠦᠬᠦᠨ᠎ᠳᠦ ᠬᠠᠮᠲᠤ᠎ᠪᠠᠷ ᠰᠠᠬᠢᠯᠭ᠎ᠠ ᠪᠠᠲᠤ᠎ᠶᠢ ᠵᠥᠷᠢᠴᠡᠭᠰᠡᠨ᠎ᠢᠶ᠋ᠡᠷ ᠱᠢᠢᠳᠪᠦᠷᠢᠯᠡᠨ᠎ᠡ; ᠡᠨᠳᠡᠯ᠎ᠠᠴᠠ ᠪᠣᠯᠵᠤ ᠰᠠᠬᠢᠯᠭ᠎ᠠ ᠪᠠᠲᠤ᠎ᠶᠢ ᠵᠥᠷᠢᠴᠡᠭᠰᠡᠨ ᠪᠦᠷᠢᠯᠳᠦᠬᠦᠨ᠎ᠳᠦ᠂ ᠲᠤᠰ ᠲᠤᠰ᠎ᠤᠨ ᠬᠢᠨᠢ ᠬᠠᠮᠲᠤ᠎ᠶᠢᠨ ᠰᠠᠬᠢᠯᠭ᠎ᠠ ᠪᠠᠲᠤ᠎ᠶᠢ ᠵᠥᠷᠢᠴᠡᠭᠰᠡᠨ ᠠᠵᠢᠯᠯᠠᠭ᠎ᠠ ᠳᠤᠮᠳᠠ ᠦᠵᠡᠭᠦᠯᠦᠭᠰᠡᠨ ᠦᠢᠯᠡᠳᠦᠯ ᠪᠠ ᠬᠠᠷᠢᠭᠤᠴᠠᠬᠤ ᠶᠣᠰᠤᠲᠠᠢ ᠬᠠᠷᠢᠭᠤᠴᠠᠯᠭ᠎ᠠ᠎ᠶᠢ ᠦᠨᠳᠦᠰᠦᠯᠡᠵᠦ ᠲᠤᠰ ᠲᠤᠰ᠎ᠲᠤᠨᠢ ᠱᠢᠢᠳᠭᠡᠯ ᠥᠭᠭᠦᠨ᠎ᠡ᠃

 

    ᠳᠥᠷᠪᠡᠳᠦᠭᠡᠷ ᠪᠦᠯᠦᠭ  ᠬᠠᠤᠯᠢ᠎ᠶᠢ ᠵᠥᠷᠢᠴᠡᠵᠦ ᠶᠠᠯ᠎ᠠ ᠬᠢᠭᠰᠡᠨ ᠨᠠᠮ᠎ᠤᠨ ᠭᠡᠱᠢᠭᠦᠨ᠎ᠳᠦ ᠦᠭᠬᠦ ᠰᠠᠬᠢᠯᠭ᠎ᠠ ᠪᠠᠲᠤ᠎ᠶᠢᠨ ᠱᠢᠢᠳᠭᠡᠯ

 

  ᠬᠣᠷᠢᠨ ᠳᠣᠯᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠰᠠᠬᠢᠯᠭ᠎ᠠ ᠪᠠᠲᠤ᠎ᠶᠢᠨ ᠬᠢᠨᠠᠨ ᠪᠠᠢᠴᠠᠭᠠᠬᠤ ᠳᠤᠮᠳᠠ ᠨᠠᠮ᠎ᠤᠨ ᠭᠡᠱᠢᠭᠦᠨ᠎ᠦ ᠱᠠᠮᠱᠢᠵᠤ ᠬᠡᠭᠡᠯᠢ ᠬᠠᠬᠤᠤᠯᠢ ᠢᠳᠡᠭᠰᠡᠨ᠂ ᠡᠷᠬᠡ ᠲᠤᠱᠢᠶᠠᠯ᠎ᠢᠶ᠋ᠠᠨ ᠳᠤᠷ᠎ᠠ᠎ᠪᠠᠷ ᠬᠡᠷᠡᠭᠯᠡᠭᠰᠡᠨ᠂ ᠬᠠᠷᠢᠭᠤᠴᠠᠯᠭ᠎ᠠ ᠠᠯᠳᠠᠵᠤ ᠲᠤᠱᠢᠶᠠᠯ᠎ᠢᠶ᠋ᠠᠨ ᠭᠤᠲᠤᠭᠠᠭᠰᠠᠨ᠂ ᠡᠷᠬᠡ ᠲᠤᠱᠢᠶᠠᠯ ᠬᠤᠳᠠᠯᠳᠤᠭᠠᠯᠠᠭᠰᠠᠨ᠂ ᠡᠳ᠋ ᠠᠱᠢᠭ ᠳᠠᠮᠵᠢᠭᠤᠯᠤᠨ ᠬᠦᠷᠭᠡᠭᠰᠡᠨ᠂ ᠭᠣᠶᠠᠴᠢᠯᠠᠨ ᠬᠤᠪᠢ᠎ᠪᠠᠨ ᠪᠣᠷᠳᠤᠭᠰᠠᠨ᠂ ᠤᠯᠤᠰ᠎ᠤᠨ ᠡᠳ᠋ ᠬᠥᠷᠦᠩᠭᠡ᠎ᠶᠢ ᠪᠦᠷᠢᠯᠭᠡᠨ ᠰᠦᠢᠳᠬᠡᠭᠰᠡᠨ ᠵᠡᠷᠭᠡ ᠬᠠᠤᠯᠢ ᠴᠠᠭᠠᠵᠠ᠎ᠠᠴᠠ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠦᠢᠯᠡ ᠠᠵᠢᠯᠯᠠᠭ᠎ᠠ᠎ᠶᠢ ᠢᠯᠡᠷᠡᠭᠦᠯᠪᠡᠯ᠂ ᠨᠠᠮ᠎ᠤᠨ ᠳᠣᠲᠤᠭᠠᠳᠤᠬᠢ ᠲᠤᠱᠢᠶᠠᠯ᠎ᠠᠴᠠ᠎ᠨᠢ ᠪᠠᠭᠤᠯᠭᠠᠬᠤ᠂ ᠨᠠᠮ᠎ᠳᠤ ᠪᠠᠢᠯᠭᠠᠵᠤ ᠬᠢᠨᠠᠨ ᠦᠵᠡᠬᠦ ᠪᠤᠶᠤ ᠨᠠᠮ᠎ᠠᠴᠠ ᠬᠥᠭᠡᠭᠡᠬᠦ ᠱᠢᠢᠳᠭᠡᠯ ᠥᠭᠭᠦᠨ᠎ᠡ᠃

  ᠬᠣᠷᠢᠨ ᠨᠠᠢ᠍ᠮᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠰᠠᠬᠢᠯᠭ᠎ᠠ ᠪᠠᠲᠤ᠎ᠶᠢᠨ ᠬᠢᠨᠠᠨ ᠪᠠᠢᠴᠠᠭᠠᠬᠤ ᠳᠤᠮᠳᠠ ᠡᠷᠡᠭᠦᠦ᠎ᠶᠢᠨ ᠬᠠᠤᠯᠢ᠎ᠳᠤ ᠲᠣᠭᠲᠠᠭᠠᠭᠰᠠᠨ ᠦᠢᠯᠡ ᠠᠵᠢᠯᠯᠠᠭ᠎ᠠ᠎ᠲᠠᠢ᠎ᠴᠤ᠂ ᠶᠠᠯ᠎ᠠ ᠬᠢᠭᠰᠡᠨ᠎ᠳᠦ ᠲᠣᠭᠠᠴᠠᠭᠳᠠᠬᠤ᠎ᠦᠭᠡᠢ ᠪᠣᠯᠪᠠᠴᠤ ᠨᠠᠮ᠎ᠤᠨ ᠰᠠᠬᠢᠯᠭ᠎ᠠ ᠪᠠᠲᠤ᠎ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠤᠶᠤ ᠬᠠᠤᠯᠢ᠎ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠎ᠲᠠᠢ᠂ ᠨᠠᠮ᠂ ᠤᠯᠤᠰ ᠪᠠ ᠠᠷᠠᠳ ᠲᠦᠮᠡᠨ᠎ᠦ ᠠᠱᠢᠭ ᠲᠤᠰᠠ᠎ᠶᠢ ᠬᠣᠬᠢᠷᠠᠭᠤᠯᠤᠭᠰᠠᠨ ᠨᠠᠮ᠎ᠤᠨ ᠭᠡᠱᠢᠭᠦᠨ᠎ᠢ ᠢᠯᠡᠷᠡᠭᠦᠯᠪᠡᠯ ᠪᠣᠳᠠᠲᠠᠢ ᠦᠢᠯᠡ ᠪᠠᠢᠳᠠᠯ᠎ᠢ ᠎ᠨᠢ ᠦᠵᠡᠵᠦ ᠳᠣᠩᠭᠤᠳᠭᠤ ᠪᠤᠶᠤ ᠴᠢᠨᠠᠭᠱᠢᠯᠠᠨ ᠨᠠᠮ᠎ᠠᠴᠠ ᠬᠥᠭᠡᠭᠡᠬᠦ ᠱᠢᠢᠳᠭᠡᠯ ᠥᠭᠭᠦᠨ᠎ᠡ᠃

  ᠬᠤᠷᠢ ᠶᠢᠰᠦᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠰᠠᠬᠢᠯᠭ᠎ᠠ ᠪᠠᠲᠤ᠎ᠶᠢᠨ ᠬᠢᠨᠠᠨ ᠪᠠᠢᠴᠠᠭᠠᠬᠤ ᠳᠤᠮᠳᠠ ᠨᠠᠮ᠎ᠤᠨ ᠭᠡᠱᠢᠭᠦᠨ ᠰᠠᠬᠢᠯᠭ᠎ᠠ ᠪᠠᠲᠤ᠎ᠶᠢ ᠬᠦᠨᠳᠦ ᠨᠣᠴᠢᠲᠠᠢ ᠵᠥᠷᠢᠴᠡᠵᠦ ᠬᠠᠤᠯᠢ᠎ᠠᠴᠠ ᠵᠥᠷᠢᠴᠡᠵᠦ ᠶᠠᠯ᠎ᠠ ᠬᠢᠭᠰᠡᠨ᠎ᠢᠶ᠋ᠡᠷ ᠰᠡᠵᠢᠭᠯᠡᠭᠳᠡᠭᠰᠡᠨ ᠪᠤᠯ᠂ ᠵᠠᠷᠴᠢᠮ ᠳᠡᠭᠡᠷ᠎ᠡ᠎ᠪᠡᠨ ᠤᠷᠢᠳᠠᠪᠠᠷ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠬᠦ ᠲᠣᠭᠲᠠᠭᠠᠯ ᠭᠠᠷᠭᠠᠬᠤ᠎ᠶᠢᠨ ᠵᠡᠷᠭᠡ᠎ᠪᠡᠷ ᠲᠣᠭᠲᠠᠭᠠᠯ ᠶᠣᠰᠤᠭᠠᠷ ᠵᠠᠰᠠᠭ᠎ᠤᠨ ᠶᠠᠪᠤᠳᠠᠯ᠎ᠤᠨ ᠱᠢᠢᠳᠭᠡᠯ ᠥᠭᠭᠦᠭᠰᠡᠨ᠎ᠦ ᠳᠠᠷᠠᠭ᠎ᠠ ᠳᠠᠬᠢᠨ ᠬᠣᠯᠪᠤᠭᠳᠠᠯ ᠪᠦᠬᠦᠢ ᠤᠯᠤᠰ᠎ᠤᠨ ᠪᠠᠢᠭᠤᠯᠭ᠎ᠠ᠎ᠳᠤ ᠱᠢᠯᠵᠢᠭᠦᠯᠦᠨ ᠦᠭᠴᠦ ᠬᠠᠤᠯᠢ ᠶᠣᠰᠤᠭᠠᠷ ᠱᠢᠢᠳᠪᠦᠷᠢᠯᠡᠨ᠎ᠡ᠃

  ᠭᠤᠴᠢᠳᠤᠭᠠᠷ ᠵᠦᠢᠯ  ᠨᠠᠮ᠎ᠤᠨ ᠭᠡᠱᠢᠭᠦᠨ ᠎ᠢ ᠬᠠᠤᠯᠢ ᠶᠣᠰᠤᠭᠠᠷ ᠬᠣᠴᠤᠷᠭᠠᠨ ᠠᠪᠬᠤ᠂᠎ᠪᠠᠷᠢᠪᠴᠢᠯᠠᠭᠰᠠᠨ ᠪᠤᠯ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠠᠮᠢᠶᠠᠷᠤᠯᠲᠠ᠎ᠶᠢᠨ ᠡᠷᠬᠡ᠎ᠶᠢᠨ ᠬᠢᠵᠠᠭᠠᠷᠯᠠᠯ᠎ᠢᠶ᠋ᠠᠨ ᠦᠨᠳᠦᠰᠦᠯᠡᠵᠦ ᠲᠡᠭᠦᠨ᠎ᠦ ᠪᠠᠲᠤᠯᠠᠬᠤ ᠡᠷᠬᠡ᠂ ᠰᠣᠩᠭᠤᠬᠤ ᠡᠷᠬᠡ ᠪᠠ ᠰᠣᠩᠭᠤᠭᠳᠠᠬᠤ ᠡᠷᠬᠡ ᠵᠡᠷᠭᠡ ᠨᠠᠮ᠎ᠤᠨ ᠭᠡᠱᠢᠭᠦᠨ᠎ᠦ ᠡᠷᠬᠡ᠎ᠶᠢ ᠵᠣᠭᠰᠤᠭᠠᠨ᠎ᠠ᠃ ᠬᠢᠨᠠᠨ ᠪᠠᠢᠴᠠᠭᠠᠬᠤ ᠪᠠᠢᠭᠤᠯᠭ᠎ᠠ᠂ ᠬᠠᠤᠯᠢ ᠴᠠᠭᠠᠵᠠ᠎ᠶᠢᠨ ᠪᠠᠢᠭᠤᠯᠭ᠎ᠠ᠎ᠶᠢᠨ ᠱᠢᠢᠳᠪᠦᠷᠢᠯᠡᠭᠰᠡᠨ ᠦᠷ᠎ᠡ ᠳ᠋ᠦᠩ ᠎ᠢ ᠦᠨᠳᠦᠰᠦᠯᠡᠵᠦ᠂ ᠲᠡᠭᠦᠨ᠎ᠦ ᠨᠠᠮ᠎ᠤᠨ ᠭᠡᠱᠢᠭᠦᠨ᠎ᠦ ᠡᠷᠬᠡ᠎ᠶᠢ ᠰᠡᠷᠭᠦᠭᠡᠵᠦ ᠪᠣᠯᠬᠤ ᠪᠤᠯᠤᠭᠰᠠᠨ ᠪᠤᠯ᠂ ᠴᠠᠭ ᠲᠤᠬᠠᠢ᠎ᠳᠤᠨᠢ ᠰᠡᠷᠭᠦᠭᠡᠵᠦ ᠥᠭᠭᠦᠨ᠎ᠡ᠃

  ᠭᠤᠴᠢᠨ ᠨᠢᠭᠡᠳᠦᠭᠡᠷ ᠵᠦᠢᠯ  ᠨᠠᠮ᠎ᠤᠨ ᠭᠡᠱᠢᠭᠦᠨ᠎ᠦ ᠶᠠᠯ᠎ᠠ ᠬᠢᠭᠰᠡᠨ ᠦᠢᠯᠡ ᠪᠠᠢᠳᠠᠯ᠎ᠨᠢ ᠬᠥᠩᠭᠡᠨ᠂ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠬᠠᠤᠯᠢ ᠶᠣᠰᠤᠭᠠᠷ ᠵᠠᠭᠠᠯᠳᠤᠯᠭ᠎ᠠ ᠬᠢᠬᠦ᠎ᠦᠭᠡᠢ ᠭᠡᠵᠦ ᠲᠣᠭᠲᠠᠭᠠᠭᠰᠠᠨ ᠪᠤᠶᠤ ᠠᠷᠠᠳ᠎ᠤᠨ ᠱᠢᠭᠦᠬᠦ ᠬᠣᠷᠢᠶ᠎ᠠ᠎ᠠᠴᠠ ᠬᠠᠤᠯᠢ ᠶᠣᠰᠤᠭᠠᠷ ᠶᠠᠯ᠎ᠠ ᠬᠢᠭᠰᠡᠨ ᠲᠣᠭᠲᠠᠭᠠᠯ ᠭᠠᠷᠭᠠᠬᠤ᠎ᠶᠢᠨ ᠬᠠᠮᠲᠤ ᠡᠷᠡᠭᠦᠦ᠎ᠶᠢᠨ ᠱᠢᠢᠳᠭᠡᠯ ᠦᠭᠬᠦ ᠎ᠦᠭᠡᠢ ᠭᠡᠵᠦ ᠲᠣᠭᠲᠠᠭᠠᠭᠰᠠᠨ ᠪᠤᠯ᠂ ᠨᠠᠮ᠎ᠤᠨ ᠳᠣᠲᠤᠭᠠᠳᠤᠬᠢ ᠲᠤᠱᠢᠶᠠᠯ᠎ᠠᠴᠠ᠎ᠪᠠᠨ ᠪᠠᠭᠤᠯᠭᠠᠬᠤ᠂ ᠨᠠᠮ᠎ᠳᠤ ᠪᠠᠢᠯᠭᠠᠵᠤ ᠬᠢᠨᠠᠨ ᠦᠵᠡᠬᠦ ᠪᠤᠶᠤ ᠨᠠᠮ᠎ᠠᠴᠠ ᠬᠥᠭᠡᠭᠡᠬᠦ ᠱᠢᠢᠳᠭᠡᠯ ᠥᠭᠭᠦᠨ᠎ᠡ᠃

  ᠨᠠᠮ᠎ᠤᠨ ᠭᠡᠱᠢᠭᠦᠨ ᠶᠠᠯ᠎ᠠ ᠬᠢᠵᠦ᠂ ᠮᠥᠩᠭᠦ᠎ᠪᠡᠷ ᠲᠣᠷᠭᠠᠬᠤ ᠳᠠᠩ ᠱᠢᠢᠳᠭᠡᠯ ᠥᠭᠭᠦᠭᠰᠡᠨ ᠪᠤᠯ᠂ ᠡᠮᠦᠨᠡᠬᠢ ᠲᠣᠭᠲᠠᠭᠠᠯ ᠶᠣᠰᠤᠭᠠᠷ ᠱᠢᠢᠳᠪᠦᠷᠢᠯᠡᠨ᠎ᠡ᠃

  ᠭᠤᠴᠢᠨ ᠬᠣᠶᠠᠳᠤᠭᠠᠷ ᠵᠦᠢᠯ  ᠨᠠᠮ᠎ᠤᠨ ᠭᠡᠱᠢᠭᠦᠨ ᠶᠠᠯ᠎ᠠ ᠬᠢᠵᠦ᠂ ᠳᠣᠤᠷᠠᠬᠢ ᠦᠢᠯᠡ ᠪᠠᠢᠳᠠᠯ᠎ᠤᠨ ᠨᠢᠭᠡ᠎ᠨᠢ ᠪᠠᠢᠪᠠᠯ ᠨᠠᠮ᠎ᠠᠴᠠ ᠬᠥᠭᠡᠭᠡᠬᠦ ᠱᠢᠢᠳᠭᠡᠯ ᠥᠭᠭᠦᠨ᠎ᠡ᠄

  (ᠨᠢᠭᠡ) ᠵᠣᠷᠢᠭᠤᠳᠠ ᠶᠠᠯ᠎ᠠ ᠬᠢᠵᠦ ᠡᠷᠡᠭᠦᠦ᠎ᠶᠢᠨ ᠬᠠᠤᠯᠢ᠎ᠳᠤ ᠲᠣᠭᠲᠠᠭᠠᠭᠰᠠᠨ ᠭᠣᠤᠯ ᠡᠷᠡᠭᠦᠦ᠎ᠪᠡᠷ (ᠡᠷᠡᠭᠦᠦ ᠱᠢᠢᠳᠭᠡᠯ᠎ᠢ ᠎ᠨᠢ ᠬᠣᠢᠱᠢᠯᠠᠭᠤᠯᠬᠤ᠎ᠪᠠᠷ ᠵᠠᠷᠯᠠᠭᠰᠠᠨ᠎ᠢ ᠪᠠᠭᠲᠠᠭᠠᠨ᠎ᠠ) ᠬᠠᠤᠯᠢ ᠶᠣᠰᠤᠭᠠᠷ ᠱᠢᠢᠳᠬᠡᠭᠳᠡᠭᠰᠡᠨ;

  (ᠬᠣᠶᠠᠷ) ᠳᠠᠩ ᠱᠢᠢᠳᠭᠡᠯ ᠥᠭᠭᠦᠭᠰᠡᠨ ᠪᠤᠶᠤ ᠳᠠᠭᠠᠯᠳᠤᠭᠤᠯᠤᠨ ᠤᠯᠤᠰ ᠲᠥᠷᠦ᠎ᠶᠢᠨ ᠡᠷᠬᠡ᠎ᠶᠢ᠎ᠨᠢ ᠬᠠᠰᠤᠭᠰᠠᠨ;

  (ᠭᠤᠷᠪᠠ) ᠡᠨᠳᠡᠯ᠎ᠠᠴᠠ ᠪᠣᠯᠵᠤ ᠶᠠᠯ᠎ᠠ ᠬᠢᠵᠦ᠂ ᠬᠠᠤᠯᠢ ᠶᠣᠰᠤᠭᠠᠷ ᠭᠤᠷᠪᠠᠨ ᠵᠢᠯ᠎ᠡᠴᠡ ᠳᠡᠭᠡᠭᠱᠢ (ᠭᠤᠷᠪᠠᠨ ᠵᠢᠯ᠎ᠢ ᠪᠠᠭᠲᠠᠭᠠᠬᠤ᠎ᠦᠭᠡᠢ) ᠬᠤᠭᠤᠴᠠᠭ᠎ᠠ᠎ᠲᠠᠢ ᠬᠤᠷᠢᠬᠤ ᠡᠷᠡᠭᠦᠦ᠎ᠪᠡᠷ ᠱᠢᠢᠳᠬᠡᠭᠳᠡᠭᠰᠡᠨ᠃

  ᠡᠨᠳᠡᠯ᠎ᠠᠴᠠ ᠪᠣᠯᠵᠤ ᠶᠠᠯ᠎ᠠ ᠬᠢᠵᠦ ᠭᠤᠷᠪᠠᠨ ᠵᠢᠯ᠎ᠡᠴᠡ ᠳᠣᠭᠤᠭᠱᠢ (ᠭᠤᠷᠪᠠᠨ ᠵᠢᠯ ᠎ᠢ ᠪᠠᠭᠲᠠᠭᠠᠨ᠎ᠠ) ᠬᠤᠭᠤᠴᠠᠭ᠎ᠠ᠎ᠲᠠᠢ ᠬᠤᠷᠢᠬᠤ ᠡᠷᠡᠭᠦᠦ᠎ᠪᠡᠷ ᠱᠢᠢᠳᠬᠡᠭᠳᠡᠭᠰᠡᠨ ᠪᠤᠶᠤ ᠵᠠᠬᠢᠷᠤᠨ ᠬᠠᠮᠢᠶᠠᠷᠬᠤ᠂ ᠬᠤᠷᠢᠵᠦ ᠬᠥᠳᠡᠯᠮᠦᠷᠢᠯᠡᠭᠦᠯᠬᠦ᠎ᠪᠡᠷ ᠱᠢᠢᠳᠬᠡᠭᠳᠡᠭᠰᠡᠨ ᠪᠤᠯ᠂ ᠡᠩ᠎ᠦᠨ ᠪᠠᠢᠳᠠᠯ᠎ᠳᠤ ᠨᠠᠮ᠎ᠠᠴᠠ ᠬᠥᠭᠡᠭᠡᠨ᠎ᠡ᠃ ᠨᠠᠮ᠎ᠠᠴᠠ ᠬᠥᠭᠡᠭᠡᠬᠦ᠎ᠦᠭᠡᠢ ᠪᠠᠢᠵᠤ ᠪᠣᠯᠬᠤ ᠣᠨᠴᠠ ᠵᠠᠷᠢᠮ ᠨᠠᠮ᠎ᠤᠨ ᠭᠡᠱᠢᠭᠦᠨ᠎ᠳᠦ᠂ ᠱᠢᠢᠳᠭᠡᠯ ᠦᠭᠬᠦ᠎ᠶᠢ ᠵᠥᠪᠱᠢᠶᠡᠷᠡᠬᠦ ᠡᠷᠬᠡ᠎ᠶᠢᠨ ᠬᠢᠵᠠᠭᠠᠷᠯᠠᠯ᠎ᠤᠨ ᠲᠣᠭᠲᠠᠭᠠᠯ᠎ᠲᠠᠢ ᠬᠠᠷᠭᠤᠭᠤᠯᠵᠤ᠂ ᠳᠡᠭᠡᠳᠦ ᠨᠢᠭᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠦᠨ ᠵᠥᠪᠱᠢᠶᠡᠷᠡᠭᠦᠯᠦᠨ᠎ᠡ᠃

  ᠭᠤᠴᠢᠨ ᠭᠤᠷᠪᠠᠳᠤᠭᠠᠷ ᠵᠦᠢᠯ  ᠨᠠᠮ᠎ᠤᠨ ᠭᠡᠱᠢᠭᠦᠨ ᠬᠠᠤᠯᠢ ᠶᠣᠰᠤᠭᠠᠷ ᠡᠷᠡᠭᠦᠦ᠎ᠶᠢᠨ ᠬᠡᠷᠡᠭ᠎ᠦᠨ ᠬᠠᠷᠢᠭᠤᠴᠠᠯᠭ᠎ᠠ ᠨᠡᠬᠡᠮᠵᠢᠯᠡᠭᠳᠡᠭᠰᠡᠨ ᠪᠤᠯ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠠᠤᠯᠢ ᠴᠠᠭᠠᠵᠠ᠎ᠶᠢᠨ ᠪᠠᠢᠭᠤᠯᠭ᠎ᠠ᠎ᠶᠢᠨ ᠬᠦᠴᠦᠨ᠎ᠲᠡᠢ ᠪᠤᠯᠤᠭᠰᠠᠨ ᠲᠠᠰᠤᠯᠠᠯᠳᠠ᠂ ᠬᠢᠨᠠᠨ ᠲᠠᠰᠤᠯᠠᠯᠳᠠ᠂ ᠲᠣᠭᠲᠠᠭᠠᠯ ᠵᠢᠴᠢ ᠬᠢᠨᠠᠨ ᠲᠣᠭᠲᠠᠭᠠᠭᠰᠠᠨ ᠪᠣᠳᠠᠲᠤ ᠬᠡᠷᠡᠭ᠂ ᠱᠢᠨᠵᠢ ᠴᠢᠨᠠᠷ ᠪᠠ ᠪᠠᠢᠳᠠᠯ᠎ᠢ ᠦᠨᠳᠦᠰᠦᠯᠡᠵᠦ᠂ ᠲᠤᠰ ᠵᠦᠢᠯ᠎ᠦᠨ ᠲᠣᠭᠲᠠᠭᠠᠯ ᠶᠣᠰᠤᠭᠠᠷ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠴᠦ᠂ ᠠᠯᠪᠠᠨ ᠲᠤᠱᠢᠶᠠᠯ᠎ᠲᠠᠢ ᠪᠤᠯ ᠬᠢᠨᠠᠨ ᠪᠠᠢᠴᠠᠭᠠᠬᠤ ᠪᠠᠢᠭᠤᠯᠭ᠎ᠠ᠎ᠠᠴᠠ ᠬᠣᠯᠪᠤᠭᠳᠠᠯ ᠪᠦᠬᠦᠢ ᠵᠠᠰᠠᠭ᠎ᠤᠨ ᠶᠠᠪᠤᠳᠠᠯ᠎ᠤᠨ ᠱᠢᠢᠳᠭᠡᠯ ᠥᠭᠭᠦᠨ᠎ᠡ᠃

  ᠨᠠᠮ᠎ᠤᠨ ᠭᠡᠱᠢᠭᠦᠨ ᠬᠠᠤᠯᠢ ᠶᠣᠰᠤᠭᠠᠷ ᠵᠠᠰᠠᠭ᠎ᠤᠨ ᠶᠠᠪᠤᠳᠠᠯ᠎ᠤᠨ ᠱᠢᠢᠳᠭᠡᠯ᠂ ᠵᠠᠰᠠᠭ ᠵᠠᠬᠢᠷᠭᠠᠨ᠎ᠤ ᠱᠢᠢᠳᠭᠡᠯ ᠣᠯᠵᠤ ᠨᠠᠮ᠎ᠤᠨ ᠰᠠᠬᠢᠯᠭ᠎ᠠ ᠪᠠᠲᠤ᠎ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠤᠯ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠦᠴᠦᠨ᠎ᠲᠡᠢ ᠪᠤᠯᠤᠭᠰᠠᠨ ᠵᠠᠰᠠᠭ᠎ᠤᠨ ᠶᠠᠪᠤᠳᠠᠯ᠎ᠤᠨ ᠱᠢᠢᠳᠭᠡᠯ᠂ ᠵᠠᠰᠠᠭ ᠵᠠᠬᠢᠷᠭᠠᠨ᠎ᠤ ᠱᠢᠢᠳᠭᠡᠯ᠎ᠦᠨ ᠲᠣᠭᠲᠠᠭᠠᠯ᠎ᠳᠤ ᠬᠢᠨᠠᠨ ᠲᠣᠭᠲᠠᠭᠠᠭᠰᠠᠨ ᠪᠣᠳᠠᠲᠤ ᠬᠡᠷᠡᠭ᠂ ᠱᠢᠨᠵᠢ ᠴᠢᠨᠠᠷ ᠪᠠ ᠦᠢᠯᠡ ᠪᠠᠢᠳᠠᠯ ᠎ᠢ ᠦᠨᠳᠦᠰᠦᠯᠡᠵᠦ᠂ ᠬᠢᠨᠠᠨ ᠬᠠᠷᠭᠤᠭᠤᠯᠤᠭᠰᠠᠨ᠎ᠤ ᠳᠠᠷᠠᠭ᠎ᠠ ᠲᠣᠭᠲᠠᠭᠠᠯ ᠶᠣᠰᠤᠭᠠᠷ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠬᠦ ᠪᠤᠶᠤ ᠵᠣᠬᠢᠶᠠᠨ ᠪᠠᠢᠭᠤᠯᠤᠯᠲᠠ᠎ᠶᠢᠨ ᠲᠠᠯ᠎ᠠ᠎ᠪᠠᠷ ᠱᠢᠢᠳᠪᠦᠷᠢᠯᠡᠵᠦ ᠪᠤᠯᠤᠨ᠎ᠠ᠃

  ᠨᠠᠮ᠎ᠤᠨ ᠭᠡᠱᠢᠭᠦᠨ ᠤᠯᠤᠰ᠎ᠤᠨ ᠬᠠᠤᠯᠢ ᠴᠠᠭᠠᠵᠠ ᠬᠠᠤᠯᠢ ᠳᠦᠷᠢᠮ᠎ᠡᠴᠡ ᠵᠥᠷᠢᠴᠡᠵᠦ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠪᠤᠶᠤ ᠪᠤᠰᠤᠳ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠳᠦᠷᠢᠮ ᠲᠣᠭᠲᠠᠭᠠᠯ᠎ᠠᠴᠠ ᠵᠥᠷᠢᠴᠡᠵᠦ ᠪᠤᠰᠤᠳ ᠰᠠᠬᠢᠯᠭ᠎ᠠ ᠪᠠᠲᠤ᠎ᠶᠢᠨ ᠱᠢᠢᠳᠭᠡᠯ ᠣᠯᠵᠤ᠂ ᠨᠠᠮ᠎ᠤᠨ ᠰᠠᠬᠢᠯᠭ᠎ᠠ ᠪᠠᠲᠤ᠎ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠤᠯ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠣᠯᠪᠤᠭᠳᠠᠯ ᠪᠦᠬᠦᠢ ᠲᠠᠯ᠎ᠠ᠎ᠶᠢᠨ ᠬᠢᠨᠠᠨ ᠲᠣᠭᠲᠠᠭᠠᠭᠰᠠᠨ ᠪᠣᠳᠠᠲᠤ ᠬᠡᠷᠡᠭ᠂ ᠱᠢᠨᠵᠢ ᠴᠢᠨᠠᠷ ᠪᠠ ᠦᠢᠯᠡ ᠪᠠᠢᠳᠠᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠣᠭᠲᠠᠭᠠᠯ ᠶᠣᠰᠤᠭᠠᠷ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠬᠦ ᠪᠤᠶᠤ ᠵᠣᠬᠢᠶᠠᠨ ᠪᠠᠢᠭᠤᠯᠤᠯᠲᠠ᠎ᠶᠢᠨ ᠲᠠᠯ᠎ᠠ᠎ᠪᠠᠷ ᠱᠢᠢᠳᠪᠦᠷᠢᠯᠡᠵᠦ ᠪᠤᠯᠤᠨ᠎ᠠ᠃

  ᠨᠠᠮ᠎ᠤᠨ ᠵᠣᠬᠢᠶᠠᠨ ᠪᠠᠢᠭᠤᠯᠤᠯᠲᠠ᠎ᠠᠴᠠ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠬᠦ ᠪᠤᠶᠤ ᠵᠣᠬᠢᠶᠠᠨ ᠪᠠᠢᠭᠤᠯᠤᠯᠲᠠ᠎ᠶᠢᠨ ᠲᠠᠯ᠎ᠠ᠎ᠪᠠᠷ ᠱᠢᠢᠳᠪᠦᠷᠢᠯᠡᠬᠦ ᠲᠣᠭᠲᠠᠭᠠᠯ ᠭᠠᠷᠭᠠᠭᠰᠠᠨ᠎ᠤ ᠳᠠᠷᠠᠭ᠎ᠠ᠂ ᠬᠠᠤᠯᠢ ᠴᠠᠭᠠᠵᠠ᠎ᠶᠢᠨ ᠪᠠᠢᠭᠤᠯᠭ᠎ᠠ᠂ ᠵᠠᠰᠠᠭ ᠵᠠᠬᠢᠷᠭᠠᠨ᠎ᠤ ᠪᠠᠢᠭᠤᠯᠭ᠎ᠠ ᠵᠡᠷᠭᠡ᠎ᠡᠴᠡ ᠬᠠᠤᠯᠢ ᠶᠣᠰᠤᠭᠠᠷ ᠤᠤᠯ᠎ᠤᠨ ᠬᠦᠴᠦᠨ᠎ᠲᠡᠢ ᠪᠤᠯᠤᠭᠰᠠᠨ ᠳᠠᠰᠤᠯᠠᠯᠳᠠ᠂ ᠲᠣᠭᠲᠠᠭᠠᠯᠲᠠ᠂ ᠲᠣᠭᠲᠠᠭᠠᠯ ᠵᠡᠷᠭᠡ᠎ᠶᠢ ᠬᠤᠪᠢᠷᠠᠭᠤᠯᠵᠤ᠂ ᠤᠤᠯ᠎ᠤᠨ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠭᠦ ᠪᠤᠶᠤ ᠵᠣᠬᠢᠶᠠᠨ ᠪᠠᠢᠭᠤᠯᠤᠯᠲᠠ᠎ᠶᠢᠨ ᠲᠠᠯ᠎ᠠ᠎ᠪᠠᠷ ᠱᠢᠢᠳᠪᠦᠷᠢᠯᠡᠬᠦ ᠲᠣᠭᠲᠠᠭᠠᠯ᠎ᠢ ᠨᠥᠯᠦᠭᠡᠯᠡᠬᠦ ᠪᠤᠯᠤᠭᠰᠠᠨ ᠪᠠᠢᠪᠠᠯ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠤᠪᠢᠷᠠᠭᠤᠯᠤᠭᠰᠠᠨ᠎ᠤ ᠳᠠᠷᠠᠭᠠᠬᠢ ᠬᠦᠴᠦᠨ᠎ᠲᠡᠢ ᠪᠤᠯᠤᠭᠰᠠᠨ ᠳᠠᠰᠤᠯᠠᠯᠳᠠ᠂ ᠲᠣᠭᠲᠠᠭᠠᠯᠲᠠ᠂ ᠲᠣᠭᠲᠠᠭᠠᠯ ᠵᠡᠷᠭᠡ᠎ᠶᠢ ᠦᠨᠳᠦᠰᠦᠯᠡᠵᠦ ᠳᠠᠬᠢᠨ ᠵᠣᠬᠢᠴᠠᠩᠭᠤᠢ᠎ᠪᠠᠷ ᠱᠢᠢᠳᠪᠦᠷᠢᠯᠡᠨ᠎ᠡ᠃

 

    ᠲᠠᠪᠤᠳᠤᠭᠠᠷ ᠪᠦᠯᠦᠭ  ᠪᠤᠰᠤᠳ ᠲᠣᠭᠲᠠᠭᠠᠯ

 

  ᠭᠤᠴᠢᠨ ᠳᠥᠷᠪᠡᠳᠦᠭᠡᠷ ᠵᠦᠢᠯ  ᠪᠡᠯᠡᠳᠬᠡᠯ ᠨᠠᠮ᠎ᠤᠨ ᠭᠡᠱᠢᠭᠦᠨ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠵᠦ᠂ ᠦᠢᠯᠡ ᠪᠠᠢᠳᠠᠯ᠎ᠨᠢ ᠬᠥᠩᠭᠡᠨ᠂ ᠪᠡᠯᠡᠳᠬᠡᠯ ᠨᠠᠮ᠎ᠤᠨ ᠭᠡᠱᠢᠭᠦᠨ᠎ᠦ ᠬᠢᠷᠢ ᠬᠡᠮ᠎ᠢ᠎ᠨᠢ ᠦᠯᠡᠳᠡᠭᠡᠵᠦ ᠪᠣᠯᠬᠤ ᠪᠠᠢᠳᠠᠯ᠎ᠲᠠᠢ ᠪᠤᠯ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠡᠭᠦᠨ ᠎ᠢ ᠱᠢᠭᠦᠮᠵᠢᠯᠡᠨ ᠰᠤᠷᠭᠠᠬᠤ ᠪᠤᠶᠤ ᠪᠡᠯᠡᠳᠬᠡᠯ ᠨᠠᠮ᠎ᠤᠨ ᠭᠡᠱᠢᠭᠦᠨ᠎ᠦ ᠬᠤᠭᠤᠴᠠᠭ᠎ᠠ᠎ᠶᠢ᠎ᠨᠢ ᠤᠷᠲᠤᠳᠭᠠᠨ᠎ᠠ; ᠦᠢᠯᠡ ᠪᠠᠢᠳᠠᠯ᠎ᠨᠢ ᠨᠡᠯᠢᠶᠡᠳ ᠬᠦᠨᠳᠦ ᠪᠤᠯ᠂ ᠲᠡᠭᠦᠨ᠎ᠦ ᠪᠡᠯᠡᠳᠬᠡᠯ ᠨᠠᠮ᠎ᠤᠨ ᠭᠡᠱᠢᠭᠦᠨ᠎ᠦ ᠬᠢᠷᠢ ᠬᠡᠮ᠎ᠢ᠎ᠨᠢ ᠬᠦᠴᠦᠨ᠎ᠦᠭᠡᠢ ᠪᠣᠯᠭᠠᠨ᠎ᠠ᠃
  ᠭᠤᠴᠢᠨ ᠲᠠᠪᠤᠳᠤᠭᠠᠷ ᠵᠦᠢᠯ  ᠰᠠᠬᠢᠯᠭ᠎ᠠ ᠪᠠᠲᠤ᠎ᠶᠢ ᠵᠥᠷᠢᠴᠡᠭᠡᠳ ᠰᠤᠷᠠᠭ᠎ᠦᠭᠡᠢ ᠪᠤᠯᠤᠭᠰᠠᠨ ᠨᠠᠮ᠎ᠤᠨ ᠭᠡᠱᠢᠭᠦᠨ᠎ᠳᠦ᠂ ᠪᠠᠢᠳᠠᠯ᠎ᠢ᠎ᠨᠢ ᠢᠯᠭᠠᠨ ᠲᠣᠳᠤᠯᠠᠭᠰᠠᠨ᠎ᠤ ᠳᠠᠷᠠᠭ᠎ᠠ ᠱᠢᠢᠳᠪᠦᠷᠢᠯᠡᠬᠦ ᠱᠢᠢᠳᠪᠦᠷᠢ ᠭᠠᠷᠭᠠᠨ᠎ᠠ᠄

  (ᠨᠢᠭᠡ) ᠰᠠᠬᠢᠯᠭ᠎ᠠ ᠪᠠᠲᠤ᠎ᠠᠴᠠ ᠬᠦᠨᠳᠦ ᠨᠣᠴᠢᠲᠠᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢᠵᠤ᠂ ᠨᠠᠮ᠎ᠠᠴᠠ ᠬᠥᠭᠡᠭᠡᠬᠦ ᠱᠢᠢᠳᠭᠡᠯ ᠦᠭᠬᠦ ᠴᠢᠬᠤᠯᠠᠲᠠᠢ ᠪᠤᠯ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠣᠭᠲᠠᠭᠠᠯ ᠭᠠᠷᠭᠠᠵᠤ᠂ ᠲᠡᠭᠦᠨ ᠎ᠢ ᠨᠠᠮ᠎ᠠᠴᠠ ᠬᠥᠭᠡᠭᠡᠨ᠎ᠡ;

  (ᠬᠣᠶᠠᠷ) ᠡᠮᠦᠨᠡᠬᠢ ᠵᠤᠷᠪᠤᠰ᠎ᠤᠨ ᠲᠣᠭᠲᠠᠭᠠᠯ᠎ᠳᠤ ᠲᠣᠭᠲᠠᠭᠠᠭᠰᠠᠨ ᠪᠠᠢᠳᠠᠯ᠎ᠠᠴᠠ ᠭᠠᠳᠠᠨ᠎ᠠ᠂ ᠰᠤᠷᠠᠭ᠎ᠦᠭᠡᠢ ᠪᠤᠯᠤᠭᠰᠠᠨ ᠬᠤᠭᠤᠴᠠᠭ᠎ᠠ᠎ᠨᠢ ᠵᠢᠷᠭᠤᠭᠠᠨ ᠰᠠᠷ᠎ᠠ᠎ᠶᠢ ᠬᠡᠲᠦᠷᠡᠭᠰᠡᠨ ᠪᠤᠯ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠨᠠᠮ᠎ᠤᠨ ᠳᠦᠷᠢᠮ᠎ᠦᠨ ᠲᠣᠭᠲᠠᠭᠠᠯ᠎ᠢ ᠦᠨᠳᠦᠰᠦᠯᠡᠵᠦ ᠲᠡᠭᠦᠨ᠎ᠦ᠎ᠨᠡᠷ᠎ᠡ᠎ᠶᠢ᠎ᠨᠢ ᠬᠠᠰᠤᠨ᠎ᠠ᠃

  ᠭᠤᠴᠢᠨ ᠵᠢᠷᠭᠤᠳᠤᠭᠠᠷ ᠵᠦᠢᠯ   ᠰᠠᠬᠢᠯᠭ᠎ᠠ ᠪᠠᠲᠤ᠎ᠶᠢ ᠵᠥᠷᠢᠴᠡᠭᠰᠡᠨ ᠨᠠᠮ᠎ᠤᠨ ᠭᠡᠱᠢᠭᠦᠨ ᠨᠠᠮ᠎ᠤᠨ ᠵᠣᠬᠢᠶᠠᠨ ᠪᠠᠢᠭᠤᠯᠤᠯᠲᠠ᠎ᠠᠴᠠ ᠱᠢᠢᠳᠭᠡᠯ ᠦᠭᠬᠦ ᠲᠣᠭᠲᠠᠭᠠᠯ ᠭᠠᠷᠭᠠᠬᠤ᠎ᠠᠴᠠ ᠡᠮᠦᠨ᠎ᠡ ᠦᠬᠦᠭᠰᠡᠨ ᠪᠤᠶᠤ ᠦᠬᠦᠭᠰᠡᠨ᠎ᠦ ᠳᠠᠷᠠᠭ᠎ᠠ᠂ ᠲᠡᠭᠦᠨ᠎ᠳᠦ ᠰᠠᠬᠢᠯᠭ᠎ᠠ ᠪᠠᠲᠤ᠎ᠠᠴᠠ ᠬᠦᠨᠳᠦ ᠨᠣᠴᠢᠲᠠᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢᠬᠤ᠎ᠶᠢ ᠢᠯᠡᠷᠡᠭᠦᠯᠦᠭᠰᠡᠨ ᠪᠤᠯ ᠨᠠᠮ᠎ᠠᠴᠠ ᠬᠥᠭᠡᠭᠡᠬᠦ ᠱᠢᠢᠳᠭᠡᠯ ᠦᠭᠬᠦ ᠴᠢᠬᠤᠯᠠᠲᠠᠢ ᠪᠤᠯ ᠨᠠᠮ᠎ᠠᠴᠠ ᠬᠥᠭᠡᠭᠡᠨ᠎ᠡ; ᠨᠠᠮ᠎ᠳᠤ ᠪᠠᠢᠯᠭᠠᠵᠤ ᠬᠢᠨᠠᠨ ᠦᠵᠡᠬᠦ᠎ᠡᠴᠡ ᠳᠣᠭᠤᠭᠱᠢ (ᠨᠠᠮ᠎ᠳᠤ ᠪᠠᠢᠯᠭᠠᠵᠤ ᠬᠢᠨᠠᠨ ᠦᠵᠡᠬᠦ᠎ᠶᠢ ᠪᠠᠭᠲᠠᠭᠠᠨ᠎ᠠ) ᠱᠢᠢᠳᠭᠡᠯ ᠦᠭᠬᠦ ᠴᠢᠬᠤᠯᠠᠲᠠᠢ ᠪᠤᠯ᠂ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠪᠢᠴᠢᠭ᠎ᠦᠨ ᠬᠡᠯᠪᠡᠷᠢ᠎ᠶᠢᠨ ᠳ᠋ᠦᠩᠨᠡᠯᠲᠡ ᠭᠠᠷᠭᠠᠬᠤ ᠪᠠ ᠵᠣᠬᠢᠴᠠᠩᠭᠤᠢ᠎ᠪᠠᠷ ᠱᠢᠢᠳᠪᠦᠷᠢᠯᠡᠨ᠎ᠡ᠃

  ᠭᠤᠴᠢᠨ ᠳᠣᠯᠤᠳᠤᠭᠠᠷ ᠵᠦᠢᠯ  ᠰᠠᠬᠢᠯᠭ᠎ᠠ ᠪᠠᠲᠤ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠲᠠᠢ ᠬᠠᠮᠢᠶ᠎ᠠ ᠪᠦᠬᠦᠢ ᠬᠠᠷᠢᠭᠤᠴᠠᠯᠭ᠎ᠠ᠎ᠲᠠᠢ ᠬᠥᠮᠦᠨ᠎ᠦ ᠢᠯᠭᠠᠭ᠎ᠠ᠄

  (ᠨᠢᠭᠡ) ᠱᠢᠭᠤᠳ ᠬᠠᠷᠢᠭᠤᠴᠠᠯᠭ᠎ᠠ᠎ᠲᠠᠢ ᠬᠥᠮᠦᠨ ᠭᠡᠳᠡᠭ᠎ᠨᠢ ᠲᠡᠭᠦᠨ᠎ᠦ ᠲᠤᠱᠢᠶᠠᠯ ᠬᠠᠷᠢᠭᠤᠴᠠᠯᠭ᠎ᠠ᠎ᠶᠢᠨ᠎ᠢᠶ᠋ᠡᠨ ᠬᠡᠪᠴᠢᠶᠡᠨ᠎ᠳᠦ᠂ ᠥᠪᠡᠷ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠦᠭᠡᠢ ᠪᠤᠶᠤ ᠵᠥᠪ ᠪᠤᠰᠤ᠎ᠪᠠᠷ ᠭᠦᠢᠴᠡᠳᠬᠡᠵᠦ᠂ ᠭᠠᠷᠭᠠᠭᠰᠠᠨ ᠬᠣᠬᠢᠷᠠᠯ ᠪᠤᠶᠤ ᠦᠷ᠎ᠡ ᠳ᠋ᠦᠩ᠎ᠳᠦ ᠱᠢᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠦᠭᠰᠡᠨ ᠨᠠᠮ᠎ᠤᠨ ᠭᠡᠱᠢᠭᠦᠨ ᠪᠤᠶᠤ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠢ ᠵᠢᠭᠠᠨ᠎ᠠ᠃

  (ᠬᠣᠶᠠᠷ) ᠭᠣᠤᠯ ᠤᠳᠤᠷᠢᠳᠭᠤ ᠬᠠᠷᠢᠭᠤᠴᠠᠯᠭ᠎ᠠ᠎ᠲᠠᠢ ᠬᠥᠮᠦᠨ ᠭᠡᠳᠡᠭ᠎ᠨᠢ ᠲᠡᠭᠦᠨ᠎ᠦ ᠲᠤᠱᠢᠶᠠᠯ ᠬᠠᠷᠢᠭᠤᠴᠠᠯᠭ᠎ᠠ᠎ᠶᠢᠨ᠎ᠢᠶ᠋ᠡᠨ ᠬᠡᠪᠴᠢᠶᠡᠨ᠎ᠳᠦ ᠱᠢᠭᠤᠳ ᠭᠣᠤᠯᠯᠠᠨ ᠬᠠᠮᠢᠶᠠᠷᠴᠤ ᠪᠠᠢᠭ᠎ᠠ ᠠᠵᠢᠯ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠦᠭᠡᠢ ᠪᠤᠶᠤ ᠵᠥᠪ ᠪᠤᠰᠤ᠎ᠪᠠᠷ ᠭᠦᠢᠴᠡᠳᠬᠡᠵᠦ᠂ ᠭᠠᠷᠭᠠᠭᠰᠠᠨ ᠬᠣᠬᠢᠷᠠᠯ ᠪᠤᠶᠤ ᠦᠷ᠎ᠡ ᠳ᠋ᠦᠩ᠎ᠳᠦ ᠱᠢᠭᠤᠳ ᠤᠳᠤᠷᠢᠳᠭᠤ ᠬᠠᠷᠢᠭᠤᠴᠠᠯᠭ᠎ᠠ᠎ᠲᠠᠢ ᠨᠠᠮ᠎ᠤᠨ ᠭᠡᠱᠢᠭᠦᠨ ᠤᠳᠤᠷᠢᠳᠭᠤ ᠺᠠᠳ᠋ᠷ ᠎ᠢ ᠵᠢᠭᠠᠨ᠎ᠠ᠃

  (ᠭᠤᠷᠪᠠ) ᠴᠢᠬᠤᠯᠠ ᠤᠳᠤᠷᠢᠳᠭᠤ ᠬᠠᠷᠢᠭᠤᠴᠠᠯᠭ᠎ᠠ᠎ᠲᠠᠢ ᠬᠥᠮᠦᠨ ᠭᠡᠳᠡᠭ᠎ᠨᠢ ᠲᠡᠭᠦᠨ᠎ᠦ ᠲᠤᠱᠢᠶᠠᠯ ᠬᠠᠷᠢᠭᠤᠴᠠᠯᠭ᠎ᠠ᠎ᠶᠢᠨ᠎ᠢᠶᠠᠨ᠎ᠬᠡᠪᠴᠢᠶᠡᠨ᠎ᠳᠦ᠂ ᠬᠠᠮᠢᠶᠠᠷᠬᠤ ᠶᠣᠰᠤᠲᠠᠢ ᠠᠵᠢᠯ ᠪᠤᠶᠤ ᠲᠣᠭᠲᠠᠭᠠᠯ ᠭᠠᠷᠭᠠᠬᠤ᠎ᠳᠤ ᠣᠷᠤᠯᠴᠠᠬᠤ ᠶᠣᠰᠤᠲᠠᠢ ᠠᠵᠢᠯ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠦᠭᠡᠢ ᠪᠤᠶᠤ ᠵᠥᠪ ᠪᠤᠰᠤ᠎ᠪᠠᠷ ᠭᠦᠢᠴᠡᠳᠬᠡᠵᠦ᠂ ᠭᠠᠷᠭᠠᠭᠰᠠᠨ ᠬᠣᠬᠢᠷᠠᠯ ᠪᠤᠶᠤ ᠦᠷ᠎ᠡ ᠳ᠋ᠦᠩ᠎ᠳᠦ ᠭᠣᠤᠯ ᠪᠤᠰᠤ ᠤᠳᠤᠷᠢᠳᠭᠤ ᠬᠠᠷᠢᠭᠤᠴᠠᠯᠭ᠎ᠠ᠎ᠲᠠᠢ ᠨᠠᠮ᠎ᠤᠨ ᠭᠡᠱᠢᠭᠦᠨ ᠤᠳᠤᠷᠢᠳᠭᠤ ᠺᠠᠳ᠋ᠷ ᠎ᠢ ᠵᠢᠭᠠᠨ᠎ᠠ᠃

  ᠲᠤᠰ ᠳᠦᠷᠢᠮ᠎ᠳᠦ ᠬᠡᠯᠡᠵᠦ ᠪᠠᠢᠭ᠎ᠠ ᠤᠳᠤᠷᠢᠳᠭᠤ ᠬᠠᠷᠢᠭᠤᠴᠠᠯᠭ᠎ᠠ᠎ᠲᠠᠢ ᠬᠥᠮᠦᠨ᠎ᠳᠦ ᠭᠣᠤᠯ ᠤᠳᠤᠷᠢᠳᠭᠤ ᠬᠠᠷᠢᠭᠤᠴᠠᠯᠭ᠎ᠠ᠎ᠲᠠᠢ ᠬᠥᠮᠦᠨ ᠪᠠ ᠴᠢᠬᠤᠯᠠ ᠤᠳᠤᠷᠢᠳᠭᠤ ᠬᠠᠷᠢᠭᠤᠴᠠᠯᠭ᠎ᠠ᠎ᠲᠠᠢ ᠬᠥᠮᠦᠨ᠎ᠢ ᠪᠠᠭᠲᠠᠭᠠᠨ᠎ᠠ᠃

  ᠭᠤᠴᠢᠨ ᠨᠠᠢ᠍ᠮᠠᠳᠤᠭᠠᠷ ᠵᠦᠢᠯ  ᠲᠤᠰ ᠳᠦᠷᠢᠮ᠎ᠳᠦ ᠬᠡᠯᠡᠵᠦ ᠪᠠᠢᠭ᠎ᠠ ᠰᠠᠨᠠᠭᠠᠴᠢᠯᠠᠭ᠎ᠠ᠎ᠲᠠᠢ᠎ᠪᠠᠷ ᠲᠤᠱᠢᠶᠠᠬᠤ ᠭᠡᠳᠡᠭ᠎ᠨᠢ ᠰᠠᠬᠢᠯᠭ᠎ᠠ ᠪᠠᠲᠤ᠎ᠶᠢ ᠵᠥᠷᠢᠴᠡᠭᠰᠡᠨ ᠰᠡᠵᠢᠭᠯᠡᠯ᠎ᠲᠡᠢ ᠨᠠᠮ᠎ᠤᠨ ᠭᠡᠱᠢᠭᠦᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠩᠬ᠎ᠠ ᠬᠢᠨᠠᠨ ᠬᠠᠷᠭᠤᠭᠤᠯᠬᠤ᠎ᠠᠴᠠ ᠡᠮᠦᠨ᠎ᠡ ᠬᠣᠯᠪᠤᠭᠳᠠᠯ ᠪᠦᠬᠦᠢ ᠵᠣᠬᠢᠶᠠᠨ ᠪᠠᠢᠭᠤᠯᠤᠯᠲᠠ᠎ᠳᠤ ᠥᠪᠡᠷ᠎ᠦᠨ ᠠᠰᠠᠭᠤᠳᠠᠯ᠎ᠢᠶ᠋ᠠᠨ ᠲᠤᠱᠢᠶᠠᠬᠤ ᠪᠤᠶᠤ ᠲᠡᠭᠦᠨ᠎ᠦ ᠠᠰᠠᠭᠤᠳᠠᠯ᠎ᠢ ᠠᠩᠬ᠎ᠠ ᠬᠢᠨᠠᠨ ᠬᠠᠷᠭᠤᠭᠤᠯᠬᠤ ᠪᠠ ᠬᠡᠷᠡᠭ ᠪᠣᠯᠭᠠᠨ ᠳᠠᠩᠰᠠᠯᠠᠵᠤ ᠬᠢᠨᠠᠨ ᠪᠠᠢᠴᠠᠭᠠᠯᠲᠠ ᠬᠢᠬᠦ ᠬᠤᠭᠤᠴᠠᠭᠠᠨ᠎ᠳᠤ ᠵᠣᠬᠢᠶᠠᠨ ᠪᠠᠢᠭᠤᠯᠤᠯᠲᠠ᠎ᠶᠢᠨ ᠡᠵᠡᠮᠱᠢᠭᠡᠳᠦᠢ ᠠᠰᠠᠭᠤᠳᠠᠯ ᠎ᠢ ᠲᠤᠱᠢᠶᠠᠬᠤ᠎ᠶᠢ ᠵᠢᠭᠠᠨ᠎ᠠ᠃

  ᠭᠤᠴᠢ ᠶᠢᠰᠦᠳᠦᠭᠡᠷ ᠵᠦᠢᠯ  ᠠᠵᠤ ᠠᠬᠤᠢ᠎ᠶᠢᠨ ᠬᠣᠬᠢᠷᠠᠯ᠎ᠢ ᠪᠣᠳᠤᠬᠤ᠎ᠳᠤ ᠭᠣᠤᠯᠳᠠᠭᠤ ᠠᠵᠤ ᠠᠬᠤᠢ᠎ᠶᠢᠨ ᠱᠢᠭᠤᠳ ᠬᠣᠬᠢᠷᠠᠯ᠎ᠢ ᠪᠣᠳᠤᠨ᠎ᠠ᠃ ᠠᠵᠤ ᠠᠬᠤᠢ᠎ᠶᠢᠨ ᠱᠢᠭᠤᠳ ᠬᠣᠬᠢᠷᠠᠯ ᠭᠡᠳᠡᠭ᠎ᠨᠢ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠱᠢᠭᠤᠳ ᠱᠢᠯᠲᠠᠭᠠᠨ ᠦᠷ᠎ᠡ ᠳ᠋ᠦᠩ᠎ᠦᠨ ᠬᠠᠷᠢᠴᠠᠭ᠎ᠠ᠎ᠲᠠᠢ᠎ᠠᠴᠠ ᠪᠣᠯᠵᠤ ᠡᠳ᠋ ᠬᠥᠷᠦᠩᠭᠡ᠎ᠶᠢᠨ ᠬᠣᠬᠢᠷᠠᠯ ᠭᠠᠷᠭᠠᠭᠰᠠᠨ ᠪᠣᠳᠠᠲᠠᠢ ᠥᠷᠲᠡᠭ᠎ᠢ ᠵᠢᠭᠠᠨ᠎ᠠ᠃

  ᠳᠥᠴᠢᠳᠦᠭᠡᠷ ᠵᠦᠢᠯ  ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠠᠴᠠ ᠪᠣᠯᠵᠤ ᠣᠯᠤᠭᠰᠠᠨ ᠠᠵᠤ ᠠᠬᠤᠢ᠎ᠶᠢᠨ ᠠᠱᠢᠭ ᠲᠤᠰᠠ᠎ᠶᠢ ᠬᠤᠷᠢᠶᠠᠮᠵᠢᠯᠠᠵᠤ ᠠᠪᠬᠤ ᠪᠤᠶᠤ ᠪᠤᠴᠠᠭᠠᠨ ᠲᠥᠯᠦᠭᠦᠯᠬᠦ᠎ᠪᠡᠷ ᠵᠠᠷᠯᠢᠭᠳᠠᠨ᠎ᠠ᠃

  ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠠᠴᠠ ᠪᠣᠯᠵᠤ ᠣᠯᠤᠭᠰᠠᠨ ᠲᠤᠱᠢᠶᠠᠯ᠂ ᠮᠡᠷᠭᠡᠵᠢᠯ᠎ᠦᠨ ᠴᠣᠯᠠ᠂ ᠰᠤᠷᠤᠯᠭ᠎ᠠ᠎ᠶᠢᠨ ᠨᠠᠮᠲᠠᠷ᠂ ᠡᠷᠳᠡᠮ᠎ᠦᠨ ᠴᠣᠯᠠ᠂ ᠱᠠᠩᠨᠠᠯ ᠬᠥᠬᠢᠭᠦᠯᠦᠯ᠂ ᠬᠢᠷᠢ ᠭᠡᠮ ᠵᠡᠷᠭᠡ ᠪᠤᠰᠤᠳ ᠠᠱᠢᠭ ᠲᠤᠰᠠ᠎ᠶᠢ ᠬᠡᠷᠡᠭ᠎ᠢ ᠳᠠᠭᠠᠭᠠᠴᠢᠯᠠᠨ ᠱᠢᠢᠳᠭᠡᠵᠦ ᠪᠠᠢᠭ᠎ᠠ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ ᠪᠤᠶᠤ ᠲᠡᠭᠦᠨ᠎ᠦ ᠳᠡᠭᠡᠳᠦ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠎ᠠᠴᠠ ᠬᠣᠯᠪᠤᠭᠳᠠᠯ ᠪᠦᠬᠦᠢ ᠵᠣᠬᠢᠶᠠᠨ ᠪᠠᠢᠭᠤᠯᠤᠯᠲᠠ᠂ ᠰᠠᠯᠠᠭ᠎ᠠ ᠮᠥᠴᠢᠷ᠂ ᠨᠢᠭᠡᠴᠢ᠎ᠶᠢᠨ ᠬᠢᠨ᠎ᠳᠦ ᠲᠣᠭᠲᠠᠭᠠᠯ ᠶᠣᠰᠤᠭᠠᠷ ᠵᠠᠯᠠᠷᠠᠭᠤᠯᠬᠤ᠎ᠶᠢ ᠰᠠᠨᠠᠭᠤᠯᠤᠨ᠎ᠠ᠃

  ᠲᠤᠰ ᠳᠦᠷᠢᠮ᠎ᠦᠨ ᠭᠤᠴᠢᠨ ᠲᠠᠪᠤᠳᠤᠭᠠᠷ ᠵᠦᠢᠯ᠂ ᠭᠤᠴᠢᠨ ᠵᠢᠷᠭᠤᠳᠤᠭᠠᠷ ᠵᠦᠢᠯ᠎ᠦᠨ ᠲᠣᠭᠲᠠᠭᠠᠯ᠎ᠢᠶ᠋ᠠᠷ ᠱᠢᠢᠳᠪᠦᠷᠢᠯᠡᠭᠰᠡᠨ ᠨᠠᠮ᠎ᠤᠨ ᠭᠡᠱᠢᠭᠦᠨ᠎ᠳᠦ᠂ ᠪᠠᠢᠴᠠᠭᠠᠯᠲᠠ᠎ᠪᠠᠷ ᠳᠡᠮᠵᠢᠵᠦ ᠲᠡᠭᠦᠨ᠎ᠦ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠠᠴᠠ ᠪᠣᠯᠵᠤ ᠣᠯᠤᠭᠰᠠᠨ ᠠᠱᠢᠭ ᠲᠤᠰᠠ᠎ᠨᠢ ᠦᠨᠡᠨ ᠪᠣᠳᠠᠲᠠᠢ ᠪᠠᠢᠪᠠᠯ᠂ ᠲᠤᠰ ᠳᠦᠷᠢᠮ᠎ᠦᠨ ᠲᠣᠭᠲᠠᠭᠠᠯ ᠶᠣᠰᠤᠭᠠᠷ ᠱᠢᠢᠳᠪᠦᠷᠢᠯᠡᠨ᠎ᠡ᠃

  ᠳᠥᠴᠢᠨ ᠨᠢᠭᠡᠳᠦᠭᠡᠷ ᠵᠦᠢᠯ  ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠬᠦ ᠲᠣᠭᠲᠠᠭᠠᠯ ᠎ᠢ ᠭᠠᠷᠭᠠᠭᠰᠠᠨ᠎ᠤ ᠳᠠᠷᠠᠭ᠎ᠠ᠂ ᠨᠢᠭᠡ ᠰᠠᠷ᠎ᠠ᠎ᠶᠢᠨ ᠳᠣᠲᠤᠷ᠎ᠠ ᠱᠢᠢᠳᠭᠡᠯ ᠣᠯᠤᠭᠰᠠᠨ ᠨᠠᠮ᠎ᠤᠨ ᠭᠡᠱᠢᠭᠦᠨ᠎ᠦ ᠪᠠᠢᠭ᠎ᠠ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠪᠦᠬᠦ ᠨᠠᠮ᠎ᠤᠨ ᠭᠡᠱᠢᠭᠦᠨ ᠵᠢᠴᠢ ᠲᠡᠭᠦᠨ᠎ᠦ ᠲᠤᠰ ᠬᠥᠮᠦᠨ᠎ᠳᠦ ᠵᠠᠷᠯᠠᠨ ᠮᠡᠳᠡᠭᠳᠡᠵᠦ᠂ ᠤᠳᠤᠷᠢᠳᠭᠤ ᠪᠠᠭ᠎ᠤᠨ ᠪᠦᠷᠢᠯᠳᠦᠬᠦᠨ ᠪᠤᠯ ᠪᠠᠰᠠ ᠲᠡᠭᠦᠨ᠎ᠦ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠭᠤ ᠪᠠᠭ᠎ᠲᠤ ᠵᠠᠷᠯᠠᠨ ᠮᠡᠳᠡᠭᠳᠡᠬᠦ᠎ᠶᠢᠨ ᠵᠡᠷᠭᠡ᠎ᠪᠡᠷ ᠺᠠᠳ᠋ᠷ᠎ᠤᠨ ᠬᠠᠮᠢᠶᠠᠷᠤᠯᠲᠠ᠎ᠶᠢᠨ ᠡᠷᠬᠡ᠎ᠶᠢᠨ ᠬᠡᠪᠴᠢᠶ᠎ᠡ ᠪᠠ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ ᠶᠣᠰᠤᠭᠠᠷ ᠱᠢᠢᠳᠭᠡᠯ ᠦᠭᠬᠦ ᠲᠣᠭᠲᠠᠭᠠᠯ᠎ᠤᠨ ᠮᠠᠲᠧᠷᠢᠶᠠᠯ ᠎ᠢ ᠱᠢᠢᠳᠭᠡᠯ ᠣᠯᠤᠭᠴᠢ᠎ᠶᠢᠨ ᠳᠠᠩᠰᠠ ᠡᠪᠬᠡᠮᠡᠯ᠎ᠳᠦ ᠣᠷᠤᠭᠤᠯᠤᠨ᠎ᠠ; ᠨᠠᠮ᠎ᠤᠨ ᠳᠣᠲᠤᠷᠠᠬᠢ ᠲᠤᠱᠢᠶᠠᠯ᠎ᠠᠴᠠ᠎ᠨᠢ ᠪᠠᠭᠤᠯᠭᠠᠬᠤ᠎ᠠᠴᠠ ᠳᠡᠭᠡᠭᠱᠢᠬᠢ (ᠨᠠᠮ᠎ᠤᠨ ᠳᠣᠲᠤᠷᠠᠬᠢ ᠲᠤᠱᠢᠶᠠᠯ᠎ᠠᠴᠠ᠎ᠨᠢ ᠪᠠᠭᠤᠯᠭᠠᠬᠤ᠎ᠶᠢ ᠪᠠᠭᠲᠠᠭᠠᠨ᠎ᠠ) ᠱᠢᠢᠳᠭᠡᠯ ᠣᠯᠤᠭᠰᠠᠨ ᠪᠤᠯ᠂ ᠨᠢᠭᠡ ᠰᠠᠷ᠎ᠠ᠎ᠶᠢᠨ ᠳᠣᠲᠤᠷ᠎ᠠ ᠲᠤᠱᠢᠶᠠᠯ᠂ ᠴᠠᠯᠢᠩ᠂ ᠠᠵᠢᠯ ᠵᠢᠴᠢ ᠪᠤᠰᠤᠳ ᠬᠣᠯᠪᠤᠭᠳᠠᠯ ᠪᠦᠬᠦᠢ ᠣᠯᠭᠤᠮᠵᠢ ᠬᠦᠷᠲᠡᠭᠡᠮᠵᠢ ᠵᠡᠷᠭᠡ᠎ᠶᠢ ᠬᠤᠪᠢᠷᠠᠭᠤᠯᠬᠤ ᠭᠠᠷᠳᠠᠮ ᠎ᠢ ᠭᠦᠢᠴᠡᠳᠬᠡᠨ᠎ᠡ; ᠨᠠᠮ᠎ᠤᠨ ᠭᠠᠳᠠᠨᠠᠬᠢ ᠲᠤᠱᠢᠶᠠᠯ᠎ᠠᠴᠠ᠎ᠨᠢ ᠪᠠᠭᠤᠯᠭᠠᠬᠤ ᠪᠤᠶᠤ ᠲᠣᠬᠢᠷᠠᠭᠤᠯᠤᠭᠰᠠᠨ ᠪᠤᠯ᠂ ᠨᠠᠮ᠎ᠤᠨ ᠭᠠᠳᠠᠨᠠᠬᠢ ᠵᠣᠬᠢᠶᠠᠨ ᠪᠠᠢᠭᠤᠯᠤᠯᠲᠠ᠎ᠶᠢᠨ ᠬᠢᠨ᠎ᠳᠦ ᠴᠠᠭ ᠲᠤᠬᠠᠢ᠎ᠳᠤᠨᠢ ᠲᠡᠭᠦᠨ᠎ᠦ ᠨᠠᠮ᠎ᠤᠨ ᠭᠠᠳᠠᠨᠠᠬᠢ ᠲᠤᠱᠢᠶᠠᠯ᠎ᠠᠴᠠ᠎ᠨᠢ ᠪᠠᠭᠤᠯᠭᠠᠬᠤ ᠪᠤᠶᠤ ᠲᠣᠬᠢᠷᠠᠭᠤᠯᠬᠤ᠎ᠶᠢ ᠰᠠᠨᠠᠭᠤᠯᠤᠨ᠎ᠠ᠃ ᠣᠨᠴᠠᠭᠠᠢ ᠪᠠᠢᠳᠠᠯ ᠳᠣᠤᠷ᠎ᠠ᠂ ᠱᠢᠢᠳᠭᠡᠯ ᠦᠭᠬᠦ ᠲᠣᠭᠲᠠᠭᠠᠯ ᠭᠠᠷᠭᠠᠭᠰᠠᠨ ᠪᠤᠶᠤ ᠲᠣᠭᠲᠠᠭᠠᠯ᠎ᠢ ᠵᠥᠪᠱᠢᠶᠡᠷᠡᠭᠰᠡᠨ ᠵᠣᠬᠢᠶᠠᠨ ᠪᠠᠢᠭᠤᠯᠤᠯᠲᠠ᠎ᠶᠢᠨ ᠵᠥᠪᠱᠢᠶᠡᠷᠡᠯ᠎ᠲᠡᠢ᠎ᠪᠡᠷ᠂ ᠭᠠᠷᠳᠠᠮ ᠭᠦᠢᠴᠡᠳᠬᠡᠬᠦ ᠬᠤᠭᠤᠴᠠᠭ᠎ᠠ᠎ᠶᠢ ᠵᠣᠬᠢᠰᠲᠠᠢ ᠤᠷᠲᠤᠳᠭᠠᠵᠤ ᠪᠤᠯᠤᠨ᠎ᠠ᠃ ᠭᠠᠷᠳᠠᠮ ᠭᠦᠢᠴᠡᠳᠬᠡᠬᠦ ᠬᠤᠭᠤᠴᠠᠭ᠎ᠠ᠎ᠶᠢ ᠬᠠᠮᠤᠭ ᠤᠷᠲᠤ᠎ᠳᠤ᠎ᠪᠠᠨ ᠵᠢᠷᠭᠤᠭᠠᠨ ᠰᠠᠷ᠎ᠠ᠎ᠠᠴᠠ ᠬᠡᠲᠦᠷᠡᠭᠦᠯᠵᠦ ᠪᠣᠯᠬᠤ᠎ᠦᠭᠡᠢ᠃

  ᠳᠥᠴᠢᠨ ᠬᠣᠶᠠᠳᠤᠭᠠᠷ ᠵᠦᠢᠯ  ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠬᠦ ᠲᠣᠭᠲᠠᠭᠠᠯ ᠎ᠢ ᠬᠡᠷᠡᠭᠵᠢᠭᠦᠯᠬᠦ ᠪᠠᠢᠭᠤᠯᠭ᠎ᠠ ᠪᠤᠶᠤ ᠱᠢᠢᠳᠭᠡᠯ ᠣᠯᠤᠭᠰᠠᠨ ᠨᠠᠮ᠎ᠤᠨ ᠭᠡᠱᠢᠭᠦᠨ᠎ᠦ ᠪᠠᠢᠭ᠎ᠠ ᠨᠢᠭᠡᠴᠢ᠂ ᠵᠢᠷᠭᠤᠭᠠᠨ ᠰᠠᠷ᠎ᠠ᠎ᠶᠢᠨ ᠳᠣᠲᠤᠷ᠎ᠠ ᠱᠢᠢᠳᠭᠡᠯ ᠦᠭᠬᠦ ᠲᠣᠭᠲᠠᠭᠠᠯ᠎ᠢ ᠬᠡᠷᠡᠭᠵᠢᠭᠦᠯᠦᠭᠰᠡᠨ ᠪᠠᠢᠳᠠᠯ ᠎ᠢ ᠱᠢᠢᠳᠭᠡᠯ ᠦᠭᠬᠦ ᠲᠣᠭᠲᠠᠭᠠᠯ ᠭᠠᠷᠭᠠᠭᠰᠠᠨ ᠪᠠᠢᠭᠤᠯᠭ᠎ᠠ ᠪᠤᠶᠤ ᠲᠣᠭᠲᠠᠭᠠᠯ᠎ᠢ ᠵᠥᠪᠱᠢᠶᠡᠷᠡᠭᠰᠡᠨ ᠪᠠᠢᠭᠤᠯᠭ᠎ᠠ᠎ᠳᠤ ᠮᠡᠳᠡᠭᠦᠯᠦᠨ᠎ᠡ᠃

  ᠨᠠᠮ᠎ᠤᠨ ᠭᠡᠱᠢᠭᠦᠨ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠥᠭᠬᠦ᠎ᠶᠢ ᠦᠯᠦ ᠬᠦᠯᠢᠶᠡᠪᠡᠯ᠂ ᠨᠠᠮ᠎ᠤᠨ ᠳᠦᠷᠢᠮ ᠵᠢᠴᠢ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠭᠣᠮᠤᠳᠠᠯ ᠲᠣᠭᠠᠴᠢᠵᠤ ᠪᠤᠯᠤᠨ᠎ᠠ᠃

  ᠳᠥᠴᠢᠨ ᠭᠤᠷᠪᠠᠳᠤᠭᠠᠷ ᠵᠦᠢᠯ  ᠲᠤᠰ ᠳᠦᠷᠢᠮ᠎ᠦᠨ ᠶᠡᠷᠦᠩᠬᠡᠢ ᠳᠦᠷᠢᠮ᠎ᠨᠢ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠦᠭᠬᠦ ᠲᠣᠭᠲᠠᠭᠠᠯ᠎ᠲᠠᠢ ᠪᠤᠰᠤᠳ ᠨᠠᠮ᠎ᠤᠨ ᠳᠣᠲᠤᠭᠠᠳᠤ᠎ᠶᠢᠨ ᠬᠠᠤᠯᠢ ᠳᠦᠷᠢᠮ᠎ᠳᠦ ᠲᠣᠬᠢᠷᠠᠨ᠎ᠠ᠂ ᠭᠡᠪᠡᠴᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠠᠴᠠ ᠨᠡᠢᠲᠡᠯᠡᠭᠰᠡᠨ ᠪᠤᠶᠤ ᠵᠥᠪᠱᠢᠶᠡᠷᠡᠨ ᠨᠡᠢᠲᠡᠯᠡᠭᠰᠡᠨ ᠪᠤᠰᠤᠳ ᠨᠠᠮ᠎ᠤᠨ ᠳᠣᠲᠤᠭᠠᠳᠤ᠎ᠶᠢᠨ ᠬᠠᠤᠯᠢ ᠳᠦᠷᠢᠮ᠎ᠳᠦ ᠣᠨᠴᠠᠭᠠᠢ ᠲᠣᠭᠲᠠᠭᠠᠯ ᠪᠠᠢᠭ᠎ᠠ ᠪᠤᠯ ᠲᠤᠰ ᠳᠦᠷᠢᠮ ᠲᠣᠬᠢᠷᠠᠬᠤ᠎ᠦᠭᠡᠢ᠃

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃