ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠶᠠᠪᠤᠳᠠᠯ᠎ᠢ ᠢᠯᠡ ᠪᠣᠯᠭᠠᠬᠤ ᠳᠦᠷᠢᠮ (ᠲᠤᠷᠱᠢᠨ ᠬᠡᠷᠡᠭᠵᠢᠭᠦᠯᠬᠦ)
2021.09.27

    ᠨᠢᠭᠡᠳᠦᠭᠡᠷ ᠪᠦᠯᠦᠭ   ᠶᠡᠷᠦᠩᠬᠡᠢ ᠳᠦᠷᠢᠮ

 

  ᠨᠢᠭᠡᠳᠦᠭᠡᠷ ᠵᠦᠢᠯ  ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠭᠦᠨ ᠳᠠᠪᠬᠤᠷᠭ᠎ᠠ ᠲᠡᠢᠱᠢ ᠬᠥᠭᠵᠢᠬᠦ᠎ᠶᠢ ᠠᠬᠢᠭᠤᠯᠵᠤ᠂ ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠢ ᠴᠢᠩᠭᠠᠳᠭᠠᠨ ᠵᠢᠷᠤᠮᠵᠢᠭᠤᠯᠵᠤ᠂ ᠨᠠᠮ᠎ᠤᠨ ᠳᠣᠲᠤᠭᠠᠳᠤ᠎ᠶᠢᠨ ᠠᠷᠠᠳᠴᠢᠯᠠᠯ᠎ᠢ ᠬᠥᠭᠵᠢᠭᠦᠯᠵᠦ᠂ ᠨᠠᠮ᠎ᠤᠨ ᠳᠣᠲᠤᠭᠠᠳᠤ᠎ᠶᠢᠨ ᠬᠢᠨᠠᠯᠲᠠ᠎ᠶᠢ ᠡᠷᠴᠢᠮᠵᠢᠭᠦᠯᠵᠦ᠂ ᠥᠷᠭᠡᠨ ᠣᠯᠠᠨ ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠶᠢᠨ ᠬᠡᠷᠡᠭ ᠶᠠᠪᠤᠳᠠᠯ᠎ᠢ ᠨᠡᠩ ᠰᠠᠢᠲᠤᠷ ᠣᠢᠯᠠᠭᠠᠭᠤᠯᠬᠤ ᠪᠠ ᠣᠷᠤᠯᠴᠠᠭᠤᠯᠵᠤ᠂ ᠠᠷᠠᠳ ᠣᠯᠠᠨ᠎ᠢ ᠵᠣᠬᠢᠶᠠᠨ ᠪᠠᠢᠭᠤᠯᠵᠤ ᠨᠠᠮ᠎ᠤᠨ ᠣᠨᠤᠯ ᠪᠠ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠷᠦ ᠪᠠᠷᠢᠬᠤ ᠴᠢᠳᠠᠪᠤᠷᠢ ᠪᠠ ᠤᠳᠤᠷᠢᠳᠭᠤ ᠲᠦᠪᠱᠢᠨ᠎ᠢ ᠳᠡᠭᠡᠭᠱᠢᠯᠡᠭᠦᠯᠬᠦ᠎ᠶᠢᠨ ᠲᠥᠯᠦᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》᠎ᠢ ᠦᠨᠳᠦᠰᠦᠯᠡᠨ ᠲᠤᠰ ᠳᠦᠷᠢᠮ᠎ᠢ ᠲᠣᠭᠲᠠᠭᠠᠵᠠᠢ᠃

  ᠬᠣᠶᠠᠳᠤᠭᠠᠷ ᠵᠦᠢᠯ  ᠲᠤᠰ ᠳᠦᠷᠢᠮ᠎ᠳᠦ ᠬᠡᠯᠡᠵᠦ ᠪᠠᠢᠭ᠎ᠠ ᠨᠠᠮ᠎ᠤᠨ ᠶᠠᠪᠤᠳᠠᠯ᠎ᠢ ᠢᠯᠡ ᠪᠣᠯᠭᠠᠬᠤ ᠭᠡᠳᠡᠭ᠎ᠨᠢ ᠨᠠᠮ᠎ᠤᠨ ᠵᠣᠬᠢᠶᠠᠨ ᠪᠠᠢᠭᠤᠯᠤᠯᠲᠠ᠎ᠠᠴᠠ ᠨᠠᠮ᠎ᠤᠨ ᠤᠳᠤᠷᠢᠳᠭᠤ ᠠᠵᠢᠯᠯᠠᠭ᠎ᠠ ᠥᠷᠨᠢᠭᠦᠯᠦᠭᠰᠡᠨ᠂ ᠨᠠᠮ᠎ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠭᠠᠭᠰᠠᠨ ᠲᠤᠬᠠᠢ ᠶᠠᠪᠤᠳᠠᠯ᠎ᠢ ᠲᠣᠭᠲᠠᠭᠠᠯ ᠶᠣᠰᠤᠭᠠᠷ ᠨᠠᠮ᠎ᠤᠨ ᠳᠣᠲᠤᠭᠠᠳᠤ᠎ᠳᠤ ᠪᠤᠶᠤ ᠨᠠᠮ᠎ᠤᠨ ᠭᠠᠳᠠᠭᠠᠳᠤ᠎ᠳᠤ ᠢᠯᠡ ᠪᠣᠯᠭᠠᠬᠤ᠎ᠶᠢ ᠬᠡᠯᠡᠵᠦ ᠪᠠᠢᠨ᠎ᠠ᠃

  ᠭᠤᠷᠪᠠᠳᠤᠭᠠᠷ ᠵᠦᠢᠯ  ᠲᠤᠰ ᠳᠦᠷᠢᠮ᠎ᠨᠢ ᠨᠠᠮ᠎ᠤᠨ ᠲᠥᠪ ᠬᠣᠷᠢᠶᠠᠨ᠎ᠤ ᠵᠣᠬᠢᠶᠠᠨ ᠪᠠᠢᠭᠤᠯᠤᠯᠲᠠ᠂ ᠣᠷᠤᠨ ᠨᠤᠲᠤᠭ᠎ᠤᠨ ᠵᠣᠬᠢᠶᠠᠨ ᠪᠠᠢᠭᠤᠯᠤᠯᠲᠠ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠂ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠂ ᠠᠵᠢᠯ᠎ᠤᠨ ᠪᠠᠢᠭᠤᠯᠭ᠎ᠠ ᠵᠢᠴᠢ ᠪᠤᠰᠤᠳ ᠨᠠᠮ᠎ᠤᠨ ᠵᠣᠬᠢᠶᠠᠨ ᠪᠠᠢᠭᠤᠯᠤᠯᠲᠠ᠎ᠳᠤ ᠴᠥᠮ ᠲᠣᠬᠢᠷᠠᠨ᠎ᠠ᠃

  ᠳᠥᠷᠪᠡᠳᠦᠭᠡᠷ ᠵᠦᠢᠯ  ᠨᠠᠮ᠎ᠤᠨ ᠶᠠᠪᠤᠳᠠᠯ᠎ᠢ ᠢᠯᠡ ᠪᠣᠯᠭᠠᠬᠤ᠎ᠳᠤ ᠳᠣᠤᠷᠠᠬᠢ ᠵᠠᠷᠴᠢᠮ᠎ᠢ ᠵᠢᠷᠤᠮᠯᠠᠬᠤ ᠬᠡᠷᠡᠭᠲᠡᠢ᠃

  (ᠨᠢᠭᠡ) ᠵᠥᠪ ᠴᠢᠭᠯᠡᠯ᠎ᠢ ᠪᠠᠷᠢᠮᠲᠠᠯᠠᠬᠤ ᠬᠡᠷᠡᠭᠲᠡᠢ᠃ ᠰᠢ᠎ᠵᠢᠨ ᠫᠢᠩ ᠨᠥᠬᠦᠷ᠎ᠢᠶᠡᠷ ᠭᠣᠤᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠳᠥᠷᠪᠡᠨ ᠤᠬᠠᠮᠰᠠᠷ》᠎ᠢ ᠪᠠᠲᠤ ᠪᠣᠢ ᠪᠣᠯᠭᠠᠨ 《ᠳᠥᠷᠪᠡᠨ ᠢᠲᠡᠭᠡᠯ》᠎ᠢᠶᠡᠨ ᠪᠠᠲᠤᠳᠭᠠᠵᠤ᠂ ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠢ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠦᠢᠯᠡᠳᠦᠯᠭᠡ᠎ᠶᠢᠨ ᠳᠤᠮᠳᠠ ᠲᠠᠯᠪᠢᠵᠤ ᠪᠠᠢᠭᠠᠳ ᠲᠥᠯᠦᠪᠯᠡᠨ ᠠᠬᠢᠭᠤᠯᠵᠤ᠂ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠨ ᠲᠡᠭᠦᠯᠳᠡᠷᠵᠢᠭᠦᠯᠬᠦ ᠱᠠᠭᠠᠷᠳᠠᠯᠭ᠎ᠠ᠎ᠶᠢ ᠨᠠᠮ᠎ᠤᠨ ᠶᠠᠪᠤᠳᠠᠯ᠎ᠢ ᠢᠯᠡ ᠪᠣᠯᠭᠠᠬᠤ ᠪᠦᠬᠦ ᠶᠠᠪᠤᠴᠠ ᠪᠣᠯᠤᠨ ᠪᠦᠬᠦ ᠲᠠᠯ᠎ᠠ᠎ᠳᠤ ᠲᠤᠭᠤᠱᠢᠯᠠᠭᠤᠯᠬᠤ ᠬᠡᠷᠡᠭᠲᠡᠢ᠃

  (ᠬᠣᠶᠠᠷ) ᠠᠷᠠᠳᠴᠢᠯᠠᠯ᠎ᠢ ᠪᠠᠳᠠᠷᠠᠭᠤᠯᠬᠤ᠎ᠶᠢ ᠪᠠᠷᠢᠮᠲᠠᠯᠠᠬᠤ ᠬᠡᠷᠡᠭᠲᠡᠢ᠃ ᠨᠠᠮ᠎ᠤᠨ ᠭᠡᠱᠢᠭᠦᠳ᠎ᠦᠨ ᠠᠷᠠᠳᠴᠢᠯᠠᠯ᠎ᠤᠨ ᠡᠷᠬᠡ᠎ᠶᠢ ᠪᠠᠲᠤᠯᠠᠵᠤ᠂ ᠨᠠᠮ᠎ᠤᠨ ᠭᠡᠱᠢᠭᠦᠳ᠎ᠦᠨ ᠪᠠᠢᠳᠠᠯ᠎ᠢ ᠣᠢᠯᠠᠭᠠᠬᠤ ᠡᠷᠬᠡ᠂ ᠣᠷᠤᠯᠴᠠᠬᠤ ᠡᠷᠬᠡ᠂ ᠰᠣᠩᠭᠤᠬᠤ ᠡᠷᠬᠡ᠂ ᠬᠢᠨᠠᠯᠲᠠ ᠲᠠᠯᠪᠢᠬᠤ ᠡᠷᠬᠡ᠎ᠶᠢ ᠨᠠᠢᠳᠠᠪᠤᠷᠢᠵᠢᠭᠤᠯᠵᠤ᠂ ᠪᠦᠬᠦ ᠨᠠᠮ᠎ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠨᠡᠩ ᠰᠠᠢᠲᠤᠷ ᠳᠠᠢᠴᠢᠯᠠᠨ ᠨᠠᠮ᠎ᠤᠨ ᠭᠡᠱᠢᠭᠦᠳ ᠪᠣᠯᠤᠨ ᠣᠯᠠᠨ ᠲᠦᠮᠡᠨ᠎ᠦ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠴᠠᠭ ᠲᠤᠬᠠᠢ᠎ᠳᠤᠨᠢ ᠬᠠᠷᠢᠭᠤᠯᠲᠠ ᠦᠭᠴᠤ᠂ ᠢᠯᠡ ᠪᠣᠯᠭᠠᠬᠤ᠎ᠪᠠᠷ ᠨᠠᠢᠳᠠᠪᠤᠷᠢᠵᠢᠭᠤᠯᠬᠤ᠎ᠶᠢ ᠠᠬᠢᠭᠤᠯᠵᠤ᠂ ᠬᠢᠨᠠᠯᠲᠠ ᠲᠠᠯᠪᠢᠬᠤ᠎ᠶᠢ ᠠᠬᠢᠭᠤᠯᠵᠤ᠂ ᠬᠠᠯᠠᠨ ᠰᠠᠢᠵᠢᠷᠠᠭᠤᠯᠬᠤ᠎ᠶᠢ ᠠᠬᠢᠭᠤᠯᠬᠤ ᠬᠡᠷᠡᠭᠲᠡᠢ᠃

  (ᠭᠤᠷᠪᠠ) ᠢᠳᠡᠪᠬᠢᠲᠡᠢ ᠯᠠᠪᠳᠠᠭᠤᠨ ᠪᠠᠢᠬᠤ᠎ᠶᠢ ᠪᠠᠷᠢᠮᠲᠠᠯᠠᠬᠤ ᠬᠡᠷᠡᠭᠲᠡᠢ᠃ ᠨᠠᠮ᠎ᠤᠨ ᠶᠠᠪᠤᠳᠠᠯ᠎ᠢ ᠢᠯᠡ ᠪᠣᠯᠭᠠᠬᠤ ᠪᠣᠯᠤᠨ ᠵᠠᠰᠠᠭ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠤᠨ ᠵᠤᠯᠭᠠᠯᠴᠠᠭ᠎ᠠ ᠬᠠᠮᠲᠤᠷᠠᠯᠴᠠᠭ᠎ᠠ᠎ᠶᠢ ᠴᠢᠬᠤᠯᠠᠴᠢᠯᠠᠵᠤ᠂ ᠡᠯ᠎ᠡ ᠱᠠᠲᠤ ᠳᠠᠪᠬᠤᠷᠭ᠎ᠠ᠂ ᠡᠯ᠎ᠡ ᠬᠦᠷᠢᠶᠡᠨ᠎ᠦ ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠢ ᠨᠢᠭᠡᠳᠦᠯᠲᠡᠢ ᠲᠥᠯᠦᠪᠵᠢᠭᠦᠯᠵᠦ᠂ ᠡᠩ᠎ᠦᠨ ᠪᠠᠢᠳᠠᠯ᠎ᠳᠤ ᠤᠷᠢᠳ᠎ᠢᠶᠠᠷ ᠨᠠᠮ᠎ᠤᠨ ᠳᠣᠲᠤᠭᠠᠳᠤ᠎ᠳᠤ ᠢᠯᠡ ᠪᠣᠯᠭᠠᠵᠤ ᠳᠠᠷᠠᠭ᠎ᠠ᠎ᠨᠢ ᠨᠠᠮ᠎ᠤᠨ ᠭᠠᠳᠠᠭᠠᠳᠤ᠎ᠳᠤ ᠢᠯᠡ ᠪᠣᠯᠭᠠᠵᠤ᠂ ᠲᠥᠷᠦᠯ ᠬᠤᠪᠢᠶᠠᠨ ᠬᠡᠷᠡᠭᠵᠢᠭᠦᠯᠵᠦ᠂ ᠪᠣᠳᠠᠲᠠᠢ ᠦᠷ᠎ᠡ ᠪᠦᠲᠦᠮᠵᠢ ᠣᠯᠬᠤ᠎ᠶᠢ ᠡᠷᠬᠢᠮᠯᠡᠬᠦ ᠬᠡᠷᠡᠭᠲᠡᠢ᠃

  (ᠳᠥᠷᠪᠡ) ᠬᠠᠤᠯᠢ ᠲᠣᠭᠲᠠᠭᠠᠯ᠎ᠢ ᠵᠢᠷᠤᠮᠯᠠᠬᠤ᠎ᠶᠢ ᠪᠠᠷᠢᠮᠲᠠᠯᠠᠬᠤ ᠬᠡᠷᠡᠭᠲᠡᠢ᠃ ᠨᠠᠮ᠎ᠤᠨ ᠳᠦᠷᠢᠮ᠎ᠢ ᠬᠦᠨᠳᠦᠳᠬᠡᠵᠦ᠂ ᠲᠣᠭᠲᠠᠭᠠᠯ ᠶᠣᠰᠤᠭᠠᠷ ᠨᠠᠮ᠎ᠢ ᠵᠠᠰᠠᠵᠤ᠂ ᠬᠠᠤᠯᠢ ᠶᠣᠰᠤᠭᠠᠷ ᠠᠵᠢᠯ ᠡᠷᠬᠢᠯᠡᠵᠦ᠂ ᠨᠠᠮ᠎ᠤᠨ ᠶᠠᠪᠤᠳᠠᠯ᠎ᠢ ᠢᠯᠡ ᠪᠣᠯᠭᠠᠬᠤ ᠠᠭᠤᠯᠭ᠎ᠠ᠂ ᠬᠦᠷᠢᠶ᠎ᠡ ᠬᠡᠪᠴᠢᠶ᠎ᠡ᠂ ᠳᠡᠰ ᠳᠠᠷᠠᠭᠠᠯᠠᠯ ᠪᠣᠯᠤᠨ ᠠᠷᠭ᠎ᠠ ᠬᠡᠯᠪᠡᠷᠢ᠎ᠶᠢ ᠱᠢᠨᠵᠢᠯᠡᠬᠦ ᠤᠬᠠᠭᠠᠨᠴᠢ᠎ᠪᠠᠷ ᠵᠢᠷᠤᠮᠵᠢᠭᠤᠯᠵᠤ᠂ ᠲᠥᠪ ᠬᠢᠴᠢᠶᠡᠩᠭᠦᠢ ᠴᠢᠨᠠᠷ ᠪᠠ ᠢᠲᠡᠭᠡᠭᠦᠯᠬᠦ ᠬᠦᠴᠦᠨ᠎ᠢ ᠴᠢᠩᠭᠠᠳᠭᠠᠵᠤ᠂ ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠢ ᠳᠦᠷᠢᠮᠵᠢᠭᠦᠯᠬᠦ᠂ ᠵᠢᠷᠤᠮᠵᠢᠭᠤᠯᠬᠤ ᠲᠦᠪᠱᠢᠨ᠎ᠢ ᠲᠠᠰᠤᠷᠠᠯᠲᠠ᠎ᠦᠭᠡᠢ ᠳᠡᠭᠡᠭᠱᠢᠯᠡᠭᠦᠯᠬᠦ ᠬᠡᠷᠡᠭᠲᠡᠢ᠃

  ᠲᠠᠪᠤᠳᠤᠭᠠᠷ ᠵᠦᠢᠯ  ᠨᠠᠮ᠎ᠤᠨ ᠲᠥᠪ ᠬᠣᠷᠢᠶ᠎ᠠ᠎ᠠᠴᠠ ᠨᠢᠭᠡᠳᠦᠯᠲᠡᠢ ᠤᠳᠤᠷᠢᠳᠴᠤ᠂ ᠣᠷᠤᠨ ᠨᠤᠲᠤᠭ᠎ᠤᠨ ᠨᠠᠮ᠎ᠤᠨ ᠬᠣᠷᠢᠶ᠎ᠠ ᠱᠠᠲᠤ ᠬᠤᠪᠢᠶᠠᠨ ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠭᠰᠡᠨ ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠤᠨ ᠤᠳᠤᠷᠢᠳᠭᠤ ᠪᠠᠢᠭᠤᠯᠤᠮᠵᠢ᠎ᠶᠢ ᠪᠠᠢᠭᠤᠯᠤᠨ ᠪᠦᠷᠢᠨᠱᠢᠭᠦᠯᠬᠦ ᠬᠡᠷᠡᠭᠲᠡᠢ᠃

  ᠲᠥᠪ ᠬᠣᠷᠢᠶᠠᠨ᠎ᠤ ᠠᠯᠪᠠᠨ ᠲᠢᠩᠬᠢᠮ᠎ᠦᠨ ᠬᠢᠨ ᠨᠠᠮ᠎ᠤᠨ ᠲᠥᠪ ᠬᠣᠷᠢᠶᠠᠨ᠎ᠤ ᠨᠠᠮ᠎ᠤᠨ ᠶᠠᠪᠤᠳᠠᠯ᠎ᠢ ᠢᠯᠡ ᠪᠣᠯᠭᠠᠬᠤ ᠪᠣᠳᠠᠲᠠᠢ ᠠᠵᠢᠯ᠎ᠢ ᠬᠠᠷᠢᠭᠤᠴᠠᠵᠤ᠂ ᠨᠠᠮ᠎ᠤᠨ ᠶᠠᠪᠤᠳᠠᠯ᠎ᠢ ᠢᠯᠡ ᠪᠣᠯᠭᠠᠬᠤ ᠪᠦᠬᠦ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠬᠤ ᠪᠠ ᠱᠠᠯᠠᠪᠳᠠᠨ ᠵᠢᠯᠤᠭᠤᠳᠤᠨ᠎ᠠ᠃ ᠣᠷᠤᠨ ᠨᠤᠲᠤᠭ᠎ᠤᠨ ᠨᠠᠮ᠎ᠤᠨ ᠬᠣᠷᠢᠶᠠᠨ᠎ᠤ ᠠᠯᠪᠠᠨ ᠲᠢᠩᠬᠢᠮ (ᠠᠯᠪᠠᠨ ᠭᠡᠷ) ᠲᠤᠰ ᠱᠠᠲᠤᠨ᠎ᠤ ᠨᠠᠮ᠎ᠤᠨ ᠬᠣᠷᠢᠶᠠᠨ᠎ᠤ ᠨᠠᠮ᠎ᠤᠨ ᠶᠠᠪᠤᠳᠠᠯ᠎ᠢ ᠢᠯᠡ ᠪᠣᠯᠭᠠᠬᠤ ᠪᠣᠳᠠᠲᠠᠢ ᠠᠵᠢᠯ᠎ᠢ ᠬᠠᠷᠢᠭᠤᠴᠠᠵᠤ᠂ ᠲᠤᠰ ᠭᠠᠵᠠᠷ ᠣᠷᠤᠨ᠎ᠤ᠎ᠪᠠᠨ ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠬᠤ ᠪᠠ ᠱᠠᠯᠠᠪᠳᠠᠨ ᠵᠢᠯᠤᠭᠤᠳᠤᠨ᠎ᠠ᠃ ᠡᠯ᠎ᠡ ᠭᠠᠵᠠᠷ ᠣᠷᠤᠨ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠤᠨ ᠪᠠᠢᠭᠤᠯᠤᠮᠵᠢ ᠪᠣᠯᠤᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠭᠠᠬᠤ ᠬᠡᠷᠡᠭᠲᠡᠢ᠃

  ᠵᠢᠷᠭᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠡᠭᠦᠷᠭᠡᠯᠡᠵᠦ ᠪᠠᠢᠭ᠎ᠠ ᠡᠭᠦᠷᠭᠡ ᠲᠤᠱᠢᠶᠠᠯ᠎ᠢᠶᠠᠨ ᠦᠨᠳᠦᠰᠦᠯᠡᠵᠦ᠂ ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠤᠨ ᠨᠢᠭᠤᠴᠠ᠎ᠶᠢ ᠬᠠᠮᠠᠭᠠᠯᠠᠬᠤ ᠬᠢᠨᠠᠨ ᠪᠠᠢᠴᠠᠭᠠᠬᠤ᠂ ᠠᠶᠤᠯ ᠲᠦᠭᠱᠢᠭᠦᠷᠢ᠎ᠶᠢ ᠦᠨᠡᠯᠡᠨ ᠵᠢᠱᠢᠬᠦ᠂ ᠮᠡᠳᠡᠭᠡ ᠵᠠᠩᠭᠢ ᠨᠡᠢᠲᠡᠯᠡᠬᠦ᠂ ᠲᠥᠷᠦ᠎ᠶᠢᠨ ᠪᠣᠳᠤᠯᠭ᠎ᠠ᠎ᠶᠢᠨ ᠲᠠᠢᠯᠤᠮᠵᠢ ᠬᠢᠬᠦ᠂ ᠶᠠᠷᠢᠶ᠎ᠠ ᠬᠡᠯᠡᠯᠴᠡᠭᠡ᠎ᠶᠢ ᠬᠥᠲᠦᠯᠦᠨ ᠵᠢᠯᠤᠭᠤᠳᠭᠤ᠂ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠵᠠᠳᠠᠯᠬᠤ᠂ ᠪᠠᠴᠢᠮ ᠪᠠᠢᠳᠠᠯ᠎ᠢ ᠠᠷᠭᠠᠴᠠᠭᠠᠬᠤ ᠵᠡᠷᠭᠡ ᠠᠵᠢᠯ᠎ᠤᠨ ᠲᠣᠭᠲᠠᠴᠠ᠎ᠶᠢ ᠪᠠᠢᠭᠤᠯᠤᠨ ᠪᠦᠷᠢᠨᠱᠢᠭᠦᠯᠬᠦ ᠬᠡᠷᠡᠭᠲᠡᠢ᠃

 

    ᠬᠣᠶᠠᠳᠤᠭᠠᠷ ᠪᠦᠯᠦᠭ   ᠢᠯᠡ ᠪᠣᠯᠭᠠᠬᠤ ᠠᠭᠤᠯᠭ᠎ᠠ ᠪᠣᠯᠤᠨ ᠬᠦᠷᠢᠶ᠎ᠡ ᠬᠡᠪᠴᠢᠶ᠎ᠡ

 

  ᠳᠣᠯᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠦᠨᠳᠦᠰᠦᠨ ᠣᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠤᠯᠭ᠎ᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠤᠭᠰᠠᠨ ᠪᠠᠢᠳᠠᠯ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠤᠳᠤᠷᠢᠳᠤᠭᠰᠠᠨ ᠪᠠᠢᠳᠠᠯ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠨᠠᠮ᠎ᠤᠨ ᠪᠠᠢᠭᠤᠯᠤᠯᠲᠠ᠎ᠶᠢ ᠴᠢᠩᠭᠠᠳᠭᠠᠭᠰᠠᠨ ᠪᠠᠢᠳᠠᠯ ᠵᠢᠴᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠡᠭᠦᠷᠭᠡ ᠴᠢᠳᠠᠪᠬᠢ᠂ ᠪᠠᠢᠭᠤᠯᠤᠮᠵᠢ ᠵᠡᠷᠭᠡ᠎ᠶᠢᠨ ᠪᠠᠢᠳᠠᠯ᠂ ᠨᠠᠮ ᠪᠣᠯᠤᠨ ᠤᠯᠤᠰ᠎ᠤᠨ ᠨᠢᠭᠤᠴᠠ᠎ᠳᠤ ᠬᠣᠯᠪᠤᠭᠳᠠᠵᠤ ᠢᠯᠡ ᠪᠣᠯᠭᠠᠬᠤ᠎ᠳᠤ ᠵᠣᠬᠢᠬᠤ᠎ᠦᠭᠡᠢ ᠪᠤᠶᠤ ᠬᠠᠮᠢᠶ᠎ᠠ ᠪᠦᠬᠦᠢ ᠲᠣᠭᠲᠠᠭᠠᠯ ᠶᠣᠰᠤᠭᠠᠷ ᠢᠯᠡ ᠪᠣᠯᠭᠠᠬᠤ᠎ᠳᠤ ᠵᠣᠬᠢᠬᠤ᠎ᠦᠭᠡᠢ ᠶᠠᠪᠤᠳᠠᠯ᠎ᠠᠴᠠ ᠪᠤᠰᠤᠳ᠎ᠢ᠎ᠨᠢ ᠡᠩ᠎ᠦᠨ ᠪᠠᠢᠳᠠᠯ᠎ᠳᠤ ᠢᠯᠡ ᠪᠣᠯᠭᠠᠬᠤ ᠬᠡᠷᠡᠭᠲᠡᠢ᠃

  ᠡᠷᠬᠡ᠎ᠶᠢᠨ ᠠᠵᠢᠯᠯᠠᠭᠠᠨ᠎ᠢ ᠬᠢᠵᠠᠭᠠᠷᠯᠠᠬᠤ ᠪᠠ ᠬᠢᠨᠠᠯᠲᠠ ᠲᠠᠯᠪᠢᠬᠤ᠎ᠶᠢ ᠴᠢᠩᠭᠠᠳᠭᠠᠵᠤ᠂ ᠠᠷᠠᠳ ᠲᠦᠮᠡᠨ᠎ᠢᠶᠡᠷ ᠡᠷᠬᠡ᠎ᠳᠦ ᠬᠢᠨᠠᠯᠲᠠ ᠲᠠᠯᠪᠢᠭᠤᠯᠵᠤ᠂ ᠡᠷᠬᠡ᠎ᠶᠢ ᠢᠯᠡ᠎ᠪᠡᠷ ᠬᠡᠷᠡᠭᠵᠢᠭᠦᠯᠬᠦ᠎ᠶᠢ ᠪᠠᠲᠤᠯᠠᠬᠤ ᠬᠡᠷᠡᠭᠲᠡᠢ᠃

  ᠨᠠᠮ᠎ᠤᠨ ᠶᠠᠪᠤᠳᠠᠯ᠎ᠢ ᠢᠯᠡ ᠪᠣᠯᠭᠠᠬᠤ᠎ᠳᠤ ᠤᠯᠤᠰ ᠲᠥᠷᠦ᠎ᠶᠢᠨ ᠠᠮᠤᠷ ᠲᠦᠪᠱᠢᠨ ᠢᠯᠠᠩᠭᠤᠶ᠎ᠠ ᠵᠠᠰᠠᠭ᠎ᠤᠨ ᠡᠷᠬᠡ᠎ᠶᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ ᠵᠢᠴᠢ ᠠᠵᠤ ᠠᠬᠤᠢ᠎ᠶᠢᠨ ᠠᠮᠤᠷ ᠲᠦᠪᠱᠢᠨ᠂ ᠴᠡᠷᠢᠭ᠎ᠦᠨ ᠶᠠᠪᠤᠳᠠᠯ᠎ᠤᠨ ᠠᠮᠤᠷ ᠲᠦᠪᠱᠢᠨ᠂ ᠰᠣᠶᠤᠯ᠎ᠤᠨ ᠠᠮᠤᠷ ᠲᠦᠪᠱᠢᠨ᠂ ᠨᠡᠢᠭᠡᠮ᠎ᠦᠨ ᠠᠮᠤᠷ ᠲᠦᠪᠱᠢᠨ᠂ ᠤᠯᠤᠰ᠎ᠤᠨ ᠨᠤᠲᠤᠭ ᠳᠡᠪᠢᠰᠬᠡᠷ᠎ᠦᠨ ᠠᠮᠤᠷ ᠲᠦᠪᠱᠢᠨ ᠪᠣᠯᠤᠨ ᠠᠷᠠᠳ ᠢᠷᠭᠡᠳ᠎ᠦᠨ ᠠᠮᠤᠷ ᠲᠦᠪᠱᠢᠨ᠎ᠳᠦ ᠰᠦᠷᠳᠡᠭᠦᠯᠦᠯ ᠪᠣᠯᠵᠤ ᠪᠣᠯᠬᠤ᠎ᠦᠭᠡᠢ᠃

  ᠨᠠᠢ᠍ᠮᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠶᠠᠪᠤᠳᠠᠯ ᠪᠣᠯᠤᠨ ᠨᠠᠮ᠎ᠤᠨ ᠭᠡᠱᠢᠭᠦᠨ᠂ ᠣᠯᠠᠨ ᠲᠦᠮᠡᠨ᠎ᠳᠦ ᠬᠣᠯᠪᠤᠭᠳᠠᠬᠤ ᠬᠡᠮᠵᠢᠶ᠎ᠡ᠎ᠶᠢ ᠦᠨᠳᠦᠰᠦᠯᠡᠵᠦ ᠢᠯᠡ ᠪᠣᠯᠭᠠᠬᠤ ᠬᠦᠷᠢᠶ᠎ᠡ ᠬᠡᠪᠴᠢᠶ᠎ᠡ᠎ᠪᠡᠨ ᠵᠣᠬᠢᠰᠲᠠᠢ ᠲᠣᠭᠲᠠᠭᠠᠬᠤ ᠬᠡᠷᠡᠭᠲᠡᠢ᠄

  (ᠨᠢᠭᠡ) ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠤᠳᠤᠷᠢᠳᠤᠭᠰᠠᠨ᠂ ᠠᠷᠠᠳ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠳᠤ ᠬᠣᠯᠪᠤᠭᠳᠠᠭᠰᠠᠨ ᠨᠠᠮ᠎ᠤᠨ ᠶᠠᠪᠤᠳᠠᠯ᠎ᠢ ᠨᠡᠢᠭᠡᠮ᠎ᠳᠦ ᠢᠯᠡ ᠨᠡᠢᠲᠡᠯᠡᠨ᠎ᠡ;

  (ᠬᠣᠶᠠᠷ) ᠨᠠᠮ᠎ᠤᠨ ᠪᠠᠢᠭᠤᠯᠤᠯᠲᠠ᠎ᠶᠢᠨ ᠴᠢᠬᠤᠯᠠ ᠶᠡᠬᠡ ᠠᠰᠠᠭᠤᠳᠠᠯ ᠪᠤᠶᠤ ᠨᠠᠮ᠎ᠤᠨ ᠭᠡᠱᠢᠭᠦᠨ᠎ᠦ ᠡᠷᠬᠡ ᠡᠭᠦᠷᠭᠡ᠎ᠲᠡᠢ ᠬᠣᠯᠪᠤᠭᠳᠠᠬᠤ᠂ ᠪᠦᠬᠦ ᠨᠠᠮ᠎ᠤᠨ ᠭᠡᠱᠢᠭᠦᠨ᠎ᠦ ᠨᠡᠢᠳᠡᠮ᠎ᠳᠤ᠎ᠪᠠᠨ ᠮᠡᠳᠡᠬᠦ ᠶᠣᠰᠤᠲᠠᠢ ᠪᠠ ᠵᠢᠷᠤᠮᠯᠠᠨ ᠬᠡᠷᠡᠭᠵᠢᠭᠦᠯᠬᠦ ᠶᠣᠰᠤᠲᠠᠢ ᠨᠠᠮ᠎ᠤᠨ ᠶᠠᠪᠤᠳᠠᠯ᠎ᠢ ᠪᠦᠬᠦ ᠨᠠᠮ᠎ᠳᠤ ᠢᠯᠡ ᠨᠡᠢᠲᠡᠯᠡᠨ᠎ᠡ;

  (ᠭᠤᠷᠪᠠ) ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠎ᠶᠢᠨ ᠨᠠᠮ᠎ᠤᠨ ᠶᠠᠪᠤᠳᠠᠯ᠎ᠢ ᠲᠤᠰ ᠭᠠᠵᠠᠷ ᠣᠷᠤᠨ᠂ ᠲᠤᠰ ᠰᠠᠯᠠᠭ᠎ᠠ ᠮᠥᠴᠢᠷ᠂ ᠲᠤᠰ ᠨᠢᠭᠡᠴᠢ᠎ᠳᠦ ᠢᠯᠡ ᠨᠡᠢᠲᠡᠯᠡᠨ᠎ᠡ;

  (ᠳᠥᠷᠪᠡ) ᠣᠨᠴᠠ ᠵᠠᠷᠢᠮ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠭᠡᠱᠢᠭᠦᠨ ᠪᠣᠯᠤᠨ ᠣᠯᠠᠨ ᠲᠦᠮᠡᠨ᠎ᠦ ᠴᠢᠬᠤᠯᠠ ᠠᠱᠢᠭ ᠲᠤᠰᠠ᠎ᠳᠤ ᠬᠣᠯᠪᠤᠭᠳᠠᠬᠤ ᠨᠠᠮ᠎ᠤᠨ ᠶᠠᠪᠤᠳᠠᠯ᠎ᠢ ᠣᠨᠴᠠ ᠵᠠᠷᠢᠮ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠭᠡᠱᠢᠭᠦᠨ ᠪᠣᠯᠤᠨ ᠣᠯᠠᠨ ᠲᠦᠮᠡᠨ᠎ᠳᠦ ᠢᠯᠡ ᠨᠡᠢᠲᠡᠯᠡᠨ᠎ᠡ᠃

  ᠶᠢᠰᠦᠳᠦᠭᠡᠷ ᠵᠦᠢᠯ  ᠨᠠᠮ᠎ᠤᠨ ᠲᠥᠪ ᠬᠣᠷᠢᠶᠠᠨ᠎ᠤ ᠵᠣᠬᠢᠶᠠᠨ ᠪᠠᠢᠭᠤᠯᠤᠯᠲᠠ ᠨᠠᠮ᠎ᠤᠨ ᠣᠨᠤᠯ ᠪᠣᠯᠤᠨ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠢᠯᠡ ᠪᠣᠯᠭᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ᠂ ᠲᠥᠷᠦ᠎ᠶᠢ ᠵᠠᠰᠠᠵᠤ ᠵᠠᠰᠠᠭ᠎ᠢ ᠡᠷᠬᠢᠯᠡᠬᠦ ᠴᠢᠬᠤᠯᠠ ᠶᠡᠬᠡ ᠱᠢᠢᠳᠪᠦᠷᠢᠲᠦ ᠪᠣᠳᠤᠯᠭ᠎ᠠ᠎ᠶᠢᠨ ᠪᠠᠢᠷᠢᠯᠠᠭᠤᠯᠤᠯᠲᠠ᠂ ᠶᠡᠷᠦᠩᠬᠡᠢ ᠱᠦᠵᠢ ᠰᠢ᠎ᠵᠢᠨ ᠫᠢᠩ᠎ᠦᠨ ᠬᠣᠯᠪᠤᠭᠳᠠᠯ ᠪᠦᠬᠦᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠨᠠᠮ᠎ᠤᠨ ᠲᠥᠪ ᠬᠣᠷᠢᠶᠠᠨ᠎ᠤ ᠴᠢᠬᠤᠯᠠ ᠬᠤᠷᠠᠯ᠂ ᠠᠵᠢᠯᠯᠠᠭ᠎ᠠ ᠪᠣᠯᠤᠨ ᠴᠢᠬᠤᠯᠠ ᠠᠵᠢᠯᠲᠠᠨ᠎ᠤ ᠶᠠᠪᠤᠳᠠᠯ᠎ᠤᠨ ᠲᠣᠮᠢᠯᠠᠵᠤ ᠪᠠᠭᠤᠯᠭᠠᠬᠤ᠂ ᠨᠠᠮ᠎ᠤᠨ ᠲᠥᠪ ᠬᠣᠷᠢᠶ᠎ᠠ᠂ ᠲᠥᠪ᠎ᠦᠨ ᠤᠯᠤᠰ ᠲᠥᠷᠦ᠎ᠶᠢᠨ ᠲᠣᠪᠴᠢᠶ᠎ᠠ᠂ ᠲᠥᠪ᠎ᠦᠨ ᠤᠯᠤᠰ ᠲᠥᠷᠦ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶ᠎ᠠ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠭᠠᠭᠰᠠᠨ ᠵᠡᠷᠭᠡ ᠪᠠᠢᠳᠠᠯ᠃

  ᠠᠷᠪᠠᠳᠤᠭᠠᠷ ᠵᠦᠢᠯ  ᠨᠠᠮ᠎ᠤᠨ ᠣᠷᠤᠨ ᠨᠤᠲᠤᠭ᠎ᠤᠨ ᠵᠣᠬᠢᠶᠠᠨ ᠪᠠᠢᠭᠤᠯᠤᠯᠲᠠ ᠳᠣᠤᠷᠠᠬᠢ ᠠᠭᠤᠯᠭ᠎ᠠ᠎ᠶᠢ ᠢᠯᠡ ᠪᠣᠯᠭᠠᠬᠤ ᠬᠡᠷᠡᠭᠲᠡᠢ᠄

  (ᠨᠢᠭᠡ) ᠨᠠᠮ᠎ᠤᠨ ᠲᠥᠪ ᠬᠣᠷᠢᠶ᠎ᠠ ᠪᠣᠯᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠰᠤᠷᠤᠯᠴᠠᠨ ᠲᠤᠭᠤᠱᠢᠯᠠᠭᠤᠯᠵᠤ᠂ ᠰᠢ᠎ᠵᠢᠨ ᠫᠢᠩ ᠨᠥᠬᠦᠷ᠎ᠢᠶᠡᠷ ᠭᠣᠤᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠭᠰᠠᠨ ᠪᠠᠢᠳᠠᠯ;

  (ᠬᠣᠶᠠᠷ) ᠲᠤᠰ ᠭᠠᠵᠠᠷ ᠣᠷᠤᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠷᠢᠯᠠᠭᠤᠯᠤᠯᠲᠠ ᠲᠣᠬᠢᠷᠠᠭᠤᠯᠤᠯᠲᠠ᠂ ᠴᠢᠬᠤᠯᠠ ᠶᠡᠬᠡ ᠥᠭᠡᠷᠡᠴᠢᠯᠡᠯᠲᠡ᠎ᠶᠢᠨ ᠤᠴᠢᠷ ᠶᠠᠪᠤᠳᠠᠯ᠂ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠠᠷᠭ᠎ᠠ ᠬᠡᠮᠵᠢᠶ᠎ᠡ ᠵᠡᠷᠭᠡ ᠴᠢᠬᠤᠯᠠ ᠶᠡᠬᠡ ᠱᠢᠢᠳᠪᠦᠷᠢᠲᠦ ᠪᠣᠳᠤᠯᠭ᠎ᠠ ᠪᠣᠯᠤᠨ ᠨᠠᠢᠳᠠᠪᠤᠷᠢᠵᠢᠭᠤᠯᠤᠯᠲᠠ᠎ᠶᠢ ᠠᠬᠢᠭᠤᠯᠤᠭᠰᠠᠨ ᠪᠠᠢᠳᠠᠯ ᠵᠢᠴᠢ ᠬᠦᠨᠳᠤ ᠶᠡᠬᠡ ᠭᠡᠨᠡᠳᠲᠡ ᠡᠭᠦᠰᠦᠭᠰᠡᠨ ᠬᠡᠷᠡᠭ᠎ᠢ ᠠᠷᠭᠠᠴᠠᠨ ᠱᠢᠢᠳᠪᠦᠷᠢᠯᠡᠭᠰᠡᠨ ᠪᠠᠢᠳᠠᠯ;

  (ᠭᠤᠷᠪᠠ) ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠤᠯ ᠴᠣᠭᠴᠠ᠎ᠶᠢᠨ ᠬᠠᠷᠢᠭᠤᠴᠠᠯᠭ᠎ᠠ᠎ᠪᠠᠨ ᠭᠦᠢᠴᠡᠳᠬᠡᠵᠦ᠂ ᠠᠷᠠᠳᠴᠢᠯᠠᠯ ᠲᠥᠪᠯᠡᠷᠡᠯ᠎ᠦᠨ ᠶᠣᠰᠤ᠎ᠶᠢ ᠪᠠᠷᠢᠮᠲᠠᠯᠠᠨ ᠲᠤᠭᠤᠱᠢᠯᠠᠭᠤᠯᠵᠤ᠂ ᠨᠠᠮ᠎ᠤᠨ ᠳᠣᠲᠤᠭᠠᠳᠤ᠎ᠶᠢᠨ ᠤᠯᠤᠰ ᠲᠥᠷᠦ᠎ᠶᠢᠨ ᠠᠮᠢᠳᠤᠷᠠᠯ᠎ᠢ ᠲᠥᠪ ᠴᠢᠩᠭ᠎ᠠ ᠪᠣᠯᠭᠠᠵᠤ᠂ ᠲᠤᠰ ᠭᠠᠵᠠᠷ ᠣᠷᠤᠨ᠎ᠤ ᠨᠠᠮ᠎ᠤᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠬᠠᠷᠢᠭᠤᠴᠠᠭᠰᠠᠨ ᠪᠠᠢᠳᠠᠯ;

  (ᠳᠥᠷᠪᠡ) ᠲᠤᠰ ᠭᠠᠵᠠᠷ ᠣᠷᠤᠨ᠎ᠤ ᠨᠠᠮ᠎ᠤᠨ ᠴᠢᠬᠤᠯᠠ ᠬᠤᠷᠠᠯ᠂ ᠠᠵᠢᠯᠯᠠᠭ᠎ᠠ ᠪᠣᠯᠤᠨ ᠴᠢᠬᠤᠯᠠ ᠶᠡᠬᠡ ᠠᠵᠢᠯᠲᠠᠨ᠎ᠤ ᠶᠠᠪᠤᠳᠠᠯ᠎ᠤᠨ ᠲᠣᠮᠢᠯᠠᠵᠤ ᠪᠠᠭᠤᠯᠭᠠᠭᠰᠠᠨ ᠪᠠᠢᠳᠠᠯ; ;

  (ᠲᠠᠪᠤ) ᠨᠠᠮ᠎ᠤᠨ ᠣᠷᠤᠨ ᠨᠤᠲᠤᠭ᠎ᠤᠨ ᠬᠣᠷᠢᠶ᠎ᠠ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠭᠠᠭᠰᠠᠨ ᠵᠡᠷᠭᠡ ᠪᠠᠢᠳᠠᠯ;

  (ᠵᠢᠷᠭᠤᠭ᠎ᠠ) ᠪᠤᠰᠤᠳ ᠢᠯᠡ ᠪᠣᠯᠭᠠᠪᠠᠯ ᠵᠣᠬᠢᠬᠤ ᠨᠠᠮ᠎ᠤᠨ ᠶᠠᠪᠤᠳᠠᠯ᠃

  ᠠᠷᠪᠠᠨ ᠨᠢᠭᠡᠳᠦᠭᠡᠷ ᠵᠦᠢᠯ  ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ ᠳᠣᠤᠷᠠᠬᠢ ᠠᠭᠤᠯᠭ᠎ᠠ᠎ᠶᠢ ᠢᠯᠡ ᠪᠣᠯᠭᠠᠬᠤ ᠬᠡᠷᠡᠭᠲᠡᠢ᠄

  (ᠨᠢᠭᠡ) ᠨᠠᠮ᠎ᠤᠨ ᠲᠥᠪ ᠬᠣᠷᠢᠶ᠎ᠠ ᠪᠠ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠰᠤᠷᠤᠯᠴᠠᠨ ᠲᠤᠭᠤᠱᠢᠯᠠᠭᠤᠯᠵᠤ᠂ ᠰᠢ᠎ᠵᠢᠨ ᠫᠢᠩ ᠨᠥᠬᠦᠷ᠎ᠢᠶᠡᠷ ᠭᠣᠤᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠭᠰᠠᠨ ᠪᠠᠢᠳᠠᠯ;

  (ᠬᠣᠶᠠᠷ) ᠲᠤᠱᠢᠶᠠᠯ᠎ᠤᠨ ᠬᠤᠭᠤᠴᠠᠭᠠᠨ᠎ᠤ ᠠᠵᠢᠯ᠎ᠤᠨ ᠬᠠᠷᠠᠯᠲᠠ᠂ ᠱᠠᠲᠤᠴᠢ ᠴᠢᠨᠠᠷᠲᠠᠢ ᠠᠵᠢᠯ᠎ᠤᠨ ᠪᠠᠢᠷᠢᠯᠠᠭᠤᠯᠤᠯᠲᠠ᠂ ᠭᠣᠤᠯᠳᠠᠯᠭ᠎ᠠ᠎ᠲᠠᠢ ᠠᠵᠢᠯ᠎ᠤᠨ ᠡᠭᠦᠷᠭᠡ ᠵᠢᠴᠢ ᠨᠠᠢᠳᠠᠪᠤᠷᠢᠵᠢᠭᠤᠯᠤᠭᠰᠠᠨ ᠪᠠᠢᠳᠠᠯ;

  (ᠭᠤᠷᠪᠠ) ᠦᠵᠡᠯ ᠰᠠᠨᠠᠭ᠎ᠠ ᠤᠯᠤᠰ ᠲᠥᠷᠦ᠎ᠶᠢᠨ ᠠᠵᠢᠯ᠎ᠢ ᠴᠢᠩᠭᠠᠳᠭᠠᠵᠤ᠂ ᠨᠠᠮ᠎ᠤᠨ ᠳᠣᠲᠤᠭᠠᠳᠤ᠎ᠳᠤ ᠰᠤᠷᠤᠯᠴᠠᠯᠭ᠎ᠠ ᠬᠥᠮᠦᠵᠢᠯ ᠥᠷᠨᠢᠭᠦᠯᠦᠭᠰᠡᠨ᠂ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠵᠤ ᠬᠥᠮᠦᠵᠢᠭᠦᠯᠦᠨ ᠪᠣᠯᠪᠠᠰᠤᠷᠠᠭᠤᠯᠤᠭᠰᠠᠨ᠂ 《ᠭᠤᠷᠪᠠᠨ ᠬᠤᠷᠠᠯ ᠨᠢᠭᠡ ᠬᠢᠴᠢᠶᠡᠯ》᠎ᠦᠨ ᠳᠦᠷᠢᠮ᠎ᠢ ᠬᠡᠷᠡᠭᠵᠢᠭᠦᠯᠦᠭᠰᠡᠨ ᠵᠡᠷᠭᠡ ᠪᠠᠢᠳᠠᠯ;

  (ᠳᠥᠷᠪᠡ) ᠬᠤᠭᠤᠴᠠᠭ᠎ᠠ ᠰᠣᠯᠢᠬᠤ ᠰᠣᠩᠭᠤᠭᠤᠯᠢ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠣᠬᠢᠷᠠᠭᠤᠯᠤᠯᠲᠠ᠂ ᠨᠠᠮ᠎ᠤᠨ ᠭᠡᠱᠢᠭᠦᠨ ᠡᠯᠰᠡᠭᠰᠡᠨ᠂ ᠠᠷᠠᠳᠴᠢᠯᠠᠯ᠎ᠢᠶᠠᠷ ᠦᠨᠡᠯᠡᠭᠰᠡᠨ᠂ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠤᠭᠰᠠᠨ᠂ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠭᠰᠠᠨ᠂ ᠨᠠᠮ᠎ᠤᠨ ᠰᠦᠢᠳᠬᠡᠯ ᠬᠣᠷᠢᠶᠠᠨ ᠲᠤᠱᠢᠶᠠᠵᠤ ᠬᠡᠷᠡᠭᠯᠡᠵᠦ ᠬᠠᠮᠢᠶᠠᠷᠤᠭᠰᠠᠨ ᠵᠢᠴᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠤᠰ ᠪᠡᠶ᠎ᠡ᠎ᠶᠢᠨ ᠪᠠᠢᠭᠤᠯᠤᠯᠲᠠ ᠵᠡᠷᠭᠡ ᠪᠠᠢᠳᠠᠯ;

  (ᠲᠠᠪᠤ) 《ᠳᠥᠷᠪᠡᠨ ᠰᠤᠷᠲᠠᠯ》᠎ᠤᠨ ᠦᠵᠡᠭᠳᠡᠯ᠎ᠢ ᠰᠡᠷᠭᠡᠢᠯᠡᠨ ᠵᠠᠯᠠᠷᠠᠭᠤᠯᠵᠤ᠂ ᠨᠠᠮ᠎ᠤᠨ ᠭᠡᠱᠢᠭᠦᠨ ᠪᠣᠯᠤᠨ ᠣᠯᠠᠨ ᠲᠦᠮᠡᠨ᠎ᠲᠡᠢ ᠬᠠᠷᠢᠯᠴᠠᠵᠤ ᠦᠢᠯᠡᠴᠢᠯᠡᠭᠰᠡᠨ ᠪᠠᠢᠳᠠᠯ;

  (ᠵᠢᠷᠭᠤᠭ᠎ᠠ) ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠥᠷᠦ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶᠢ ᠴᠢᠩᠭᠠᠳᠭᠠᠵᠤ᠂ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠤᠯᠲᠠ᠎ᠠᠴᠠ ᠱᠢᠢᠳᠪᠦᠷᠢᠯᠡᠭᠰᠡᠨ ᠪᠠ ᠰᠠᠬᠢᠯᠭ᠎ᠠ ᠪᠠᠲᠤ᠎ᠶᠢᠨ ᠱᠢᠢᠳᠭᠡᠯ ᠦᠭᠬᠦᠭᠰᠡᠡ ᠪᠠᠢᠳᠠᠯ;

  (ᠳᠣᠯᠤᠭ᠎ᠠ) ᠪᠤᠰᠤᠳ ᠢᠯᠡ ᠪᠣᠯᠭᠠᠪᠠᠯ ᠵᠣᠬᠢᠬᠤ ᠨᠠᠮ᠎ᠤᠨ ᠶᠠᠪᠤᠳᠠᠯ᠃

  ᠠᠷᠪᠠᠨ ᠬᠣᠶᠠᠳᠤᠭᠠᠷ ᠵᠦᠢᠯ  ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ ᠳᠣᠤᠷᠠᠬᠢ ᠮᠡᠲᠦ ᠠᠭᠤᠯᠭ᠎ᠠ᠎ᠶᠢ ᠢᠯᠡ ᠪᠣᠯᠭᠠᠬᠤ ᠬᠡᠷᠡᠭᠲᠡᠢ᠃

  (ᠨᠢᠭᠡ) ᠨᠠᠮ᠎ᠤᠨ ᠲᠥᠪ ᠬᠣᠷᠢᠶᠠᠨ᠎ᠤ ᠶᠡᠬᠡ ᠪᠣᠳᠤᠯᠭ᠎ᠠ ᠴᠢᠭᠯᠡᠯᠲᠡ ᠪᠣᠯᠤᠨ ᠴᠢᠬᠤᠯᠠ ᠶᠡᠬᠡ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠰᠤᠷᠤᠯᠴᠠᠨ ᠲᠤᠭᠤᠱᠢᠯᠠᠭᠤᠯᠵᠤ᠂ ᠰᠢ᠎ᠵᠢᠨ ᠫᠢᠩ ᠨᠥᠬᠦᠷ᠎ᠢᠶᠡᠷ ᠭᠣᠤᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂ ᠲᠤᠰ ᠱᠠᠲᠤᠨ᠎ᠤ ᠨᠠᠮ᠎ᠤᠨ ᠬᠣᠷᠢᠶ᠎ᠠ᠂ ᠳᠡᠭᠡᠳᠦ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠎ᠶᠢᠨ ᠠᠵᠢᠯ᠎ᠢ ᠪᠠᠢᠷᠢᠯᠠᠭᠤᠯᠤᠭᠰᠠᠨ ᠪᠠᠢᠳᠠᠯ;

  (ᠬᠣᠶᠠᠷ) ᠰᠠᠬᠢᠯᠭ᠎ᠠ ᠪᠠᠲᠤ᠎ᠶᠢᠨ ᠬᠥᠮᠦᠵᠢᠯ ᠥᠷᠨᠢᠭᠦᠯᠵᠦ᠂ ᠰᠠᠬᠢᠯᠭ᠎ᠠ ᠪᠠᠲᠤ᠎ᠶᠢᠨ ᠪᠠᠢᠭᠤᠯᠤᠯᠲᠠ᠎ᠪᠠᠨ ᠴᠢᠩᠭᠠᠳᠭᠠᠨ᠂ ᠨᠠᠮ᠎ᠤᠨ ᠳᠦᠷᠢᠮ ᠲᠣᠭᠲᠠᠭᠠᠯ ᠪᠣᠯᠤᠨ ᠨᠠᠮ᠎ᠤᠨ ᠰᠠᠬᠢᠯᠭ᠎ᠠ ᠪᠠᠲᠤ᠎ᠶᠢ ᠬᠠᠮᠠᠭᠠᠯᠠᠭᠰᠠᠨ ᠪᠠᠢᠳᠠᠯ;

  (ᠭᠤᠷᠪᠠ) ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ ᠰᠠᠨᠠᠭ᠎ᠠ᠎ᠶᠢ ᠵᠥᠷᠢᠴᠡᠭᠰᠡᠨ᠂ ᠣᠯᠠᠨ ᠲᠦᠮᠡᠨ᠎ᠦ ᠳᠡᠷᠭᠡᠳᠡ ᠭᠠᠷᠤᠭᠰᠠᠨ᠂ ᠮᠠᠭᠤ ᠨᠥᠯᠦᠭᠡ ᠦᠵᠡᠭᠦᠯᠦᠭᠰᠡᠨ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠪᠠᠢᠴᠠᠭᠠᠨ ᠱᠢᠢᠳᠪᠦᠷᠢᠯᠡᠭᠰᠡᠨ ᠪᠠᠢᠳᠠᠯ;

  (ᠳᠥᠷᠪᠡ) ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠰᠠᠬᠢᠯᠭ᠎ᠠ ᠪᠠᠲᠤ᠎ᠶᠢ ᠬᠦᠨᠲᠦ ᠨᠣᠴᠢᠲᠠᠢ ᠵᠥᠷᠢᠴᠡᠵᠦ ᠬᠠᠤᠯᠢ᠎ᠶᠢ ᠵᠥᠷᠢᠴᠡᠨ ᠶᠠᠯ᠎ᠠ ᠬᠢᠭᠰᠡᠨ᠎ᠢᠶᠡᠷ ᠰᠡᠵᠢᠭᠯᠡᠭᠳᠡᠭᠰᠡᠳ᠎ᠢ ᠬᠡᠷᠡᠭ ᠪᠣᠯᠭᠠᠨ ᠳᠠᠩᠰᠠᠯᠠᠵᠤ ᠬᠢᠨᠠᠨ ᠪᠠᠢᠴᠠᠭᠠᠭᠰᠠᠨ᠂ ᠵᠣᠬᠢᠶᠠᠨ ᠪᠠᠢᠭᠤᠯᠤᠯᠲᠠ᠎ᠠᠴᠠ ᠬᠢᠨᠠᠨ ᠪᠠᠢᠴᠠᠭᠠᠭᠰᠠᠨ ᠪᠠ ᠨᠠᠮ᠎ᠠᠴᠠ ᠬᠥᠭᠡᠭᠡᠬᠦ ᠱᠢᠢᠳᠭᠡᠯ ᠦᠭᠭᠦᠭᠰᠡᠡ ᠪᠠᠢᠳᠠᠯ;

  (ᠲᠠᠪᠤ) ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠬᠦᠨᠳᠤ ᠨᠣᠴᠢᠲᠠᠢ ᠬᠠᠷᠢᠭᠤᠴᠠᠯᠭ᠎ᠠ᠎ᠪᠠᠨ ᠠᠯᠳᠠᠭᠰᠠᠳ᠎ᠠᠴᠠ ᠬᠠᠷᠢᠭᠤᠴᠠᠯᠭ᠎ᠠ ᠨᠡᠬᠡᠮᠵᠢᠯᠡᠭᠰᠡᠨ ᠪᠠᠢᠳᠠᠯ;

  (ᠵᠢᠷᠭᠤᠭ᠎ᠠ) ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠎ᠶᠢᠨ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠭᠠᠭᠰᠠᠨ ᠪᠠᠢᠳᠠᠯ;

  (ᠳᠣᠯᠤᠭ᠎ᠠ) ᠪᠤᠰᠤᠳ ᠢᠯᠡ ᠪᠣᠯᠭᠠᠪᠠᠯ ᠵᠣᠬᠢᠬᠤ ᠨᠠᠮ᠎ᠤᠨ ᠶᠠᠪᠤᠳᠠᠯ᠃

  ᠠᠷᠪᠠᠨ ᠭᠤᠷᠪᠠᠳᠤᠭᠠᠷ ᠵᠦᠢᠯ  ᠨᠠᠮ᠎ᠤᠨ ᠠᠵᠢᠯ᠎ᠤᠨ ᠪᠠᠢᠭᠤᠯᠭ᠎ᠠ᠂ ᠨᠠᠮ᠎ᠤᠨ ᠬᠣᠷᠢᠶ᠎ᠠ᠎ᠠᠴᠠ ᠲᠣᠮᠢᠯᠠᠭᠰᠠᠨ ᠪᠠᠢᠭᠤᠯᠭ᠎ᠠ᠂ ᠨᠠᠮ᠎ᠤᠨ ᠬᠣᠷᠢᠶᠠᠨ᠎ᠤ ᠱᠢᠭᠤᠳ ᠬᠠᠷᠢᠶ᠎ᠠ ᠠᠵᠢᠯ ᠦᠢᠯᠡᠰ᠎ᠦᠨ ᠨᠢᠭᠡᠴᠢ ᠪᠣᠯᠤᠨ ᠨᠠᠮ᠎ᠤᠨ ᠵᠣᠬᠢᠶᠠᠨ ᠪᠠᠢᠭᠤᠯᠤᠯᠲᠠ ᠲᠤᠰ ᠳᠦᠷᠢᠮ᠎ᠦᠨ ᠳᠣᠯᠤᠳᠤᠭᠠᠷ ᠵᠦᠢᠯ᠎ᠦᠨ ᠨᠢᠭᠡᠳᠦᠭᠡᠷ ᠵᠤᠷᠪᠤᠰ᠎ᠤᠨ ᠲᠣᠭᠲᠠᠭᠠᠯ᠎ᠢ ᠦᠨᠳᠦᠰᠦᠯᠡᠵᠦ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ ᠪᠠᠢᠭᠠᠳ ᠢᠯᠡ ᠪᠣᠯᠭᠠᠬᠤ ᠠᠭᠤᠯᠭ᠎ᠠ᠎ᠪᠠᠨ ᠲᠣᠭᠲᠠᠭᠠᠬᠤ ᠬᠡᠷᠡᠭᠲᠡᠢ᠃

  ᠨᠠᠮ᠎ᠤᠨ ᠠᠵᠢᠯ᠎ᠤᠨ ᠪᠠᠢᠭᠤᠯᠭ᠎ᠠ ᠪᠣᠯᠤᠨ ᠨᠠᠮ᠎ᠤᠨ ᠬᠣᠷᠢᠶᠠᠨ᠎ᠤ ᠱᠢᠭᠤᠳ ᠬᠠᠷᠢᠶ᠎ᠠ ᠠᠵᠢᠯ ᠦᠢᠯᠡᠰ᠎ᠦᠨ ᠨᠢᠭᠡᠴᠢ ᠨᠠᠮ᠎ᠤᠨ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠨᠠᠮ᠎ᠤᠨ ᠠᠵᠢᠯ᠎ᠢ ᠥᠷᠨᠢᠭᠦᠯᠦᠭᠰᠡᠨ ᠪᠠᠢᠳᠠᠯ᠎ᠢᠶᠠᠨ ᠭᠣᠤᠯᠳᠠᠯᠭ᠎ᠠ᠎ᠲᠠᠢ ᠢᠯᠡ ᠪᠣᠯᠭᠠᠬᠤ ᠬᠡᠷᠡᠭᠲᠡᠢ᠃

  ᠨᠠᠮ᠎ᠤᠨ ᠬᠣᠷᠢᠶ᠎ᠠ᠎ᠠᠴᠠ ᠲᠣᠮᠢᠯᠠᠭᠰᠠᠨ ᠪᠠᠢᠭᠤᠯᠭ᠎ᠠ ᠨᠠᠮ᠎ᠤᠨ ᠬᠣᠷᠢᠶ᠎ᠠ᠎ᠶᠢ ᠲᠥᠯᠦᠭᠡᠯᠡᠵᠦ ᠲᠤᠰ ᠭᠠᠵᠠᠷ ᠣᠷᠤᠨ᠂ ᠲᠤᠰ ᠬᠦᠷᠢᠶ᠎ᠡ᠂ ᠲᠤᠰ ᠠᠵᠢᠯ ᠲᠥᠷᠦᠯ᠂ ᠲᠤᠰ ᠱᠢᠰᠲᠧᠮ᠎ᠦᠨ ᠨᠠᠮ᠎ᠤᠨ ᠠᠵᠢᠯ᠎ᠢ ᠤᠳᠤᠷᠢᠳᠤᠭᠰᠠᠨ ᠪᠠᠢᠳᠠᠯ᠎ᠢᠶᠠᠨ ᠭᠣᠤᠯᠳᠠᠯᠭ᠎ᠠ᠎ᠲᠠᠢ ᠢᠯᠡ ᠪᠣᠯᠭᠠᠬᠤ ᠬᠡᠷᠡᠭᠲᠡᠢ᠃

  ᠨᠠᠮ᠎ᠤᠨ ᠤᠳᠤᠷᠢᠳᠭᠤ ᠳᠤᠭᠤᠢᠯᠠᠩ ᠲᠤᠰ ᠨᠢᠭᠡᠴᠢ᠎ᠳᠦ᠎ᠪᠡᠨ ᠤᠳᠤᠷᠢᠳᠭᠤ ᠦᠢᠯᠡᠳᠦᠯ ᠪᠠᠳᠠᠷᠠᠭᠤᠯᠤᠭᠰᠠᠨ ᠪᠠ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠤᠭᠰᠠᠨ ᠪᠠᠢᠳᠠᠯ᠎ᠢᠶᠠᠨ ᠭᠣᠤᠯᠳᠠᠯᠭ᠎ᠠ᠎ᠲᠠᠢ ᠢᠯᠡ ᠪᠣᠯᠭᠠᠬᠤ ᠬᠡᠷᠡᠭᠲᠡᠢ᠃

  ᠠᠷᠪᠠᠨ ᠳᠥᠷᠪᠡᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠲᠤᠰ ᠳᠦᠷᠢᠮ᠎ᠳᠦ ᠲᠣᠭᠲᠠᠭᠠᠭᠰᠠᠨ ᠨᠠᠮ᠎ᠤᠨ ᠶᠠᠪᠤᠳᠠᠯ᠎ᠢ ᠢᠯᠡ ᠪᠣᠯᠭᠠᠬᠤ ᠠᠭᠤᠯᠭ᠎ᠠ ᠪᠣᠯᠤᠨ ᠬᠦᠷᠢᠶ᠎ᠡ ᠬᠡᠪᠴᠢᠶᠡᠨ᠎ᠳᠦ ᠨᠠᠮ᠎ᠤᠨ ᠶᠠᠪᠤᠳᠠᠯ᠎ᠢ ᠢᠯᠡ ᠪᠣᠯᠭᠠᠬᠤ ᠭᠠᠷᠴᠠᠭ᠎ᠢ ᠨᠠᠢᠷᠠᠭᠤᠯᠤᠨ ᠲᠣᠭᠲᠠᠭᠠᠬᠤ ᠪᠥᠭᠡᠳ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠵᠦ ᠬᠥᠳᠡᠯᠦᠩᠭᠦᠢ ᠲᠣᠬᠢᠷᠠᠭᠤᠯᠤᠯᠲᠠ ᠬᠢᠯᠭᠡᠬᠦ᠎ᠪᠡᠷ ᠱᠠᠭᠠᠷᠳᠠᠬᠤ ᠬᠡᠷᠡᠭᠲᠡᠢ᠃ ᠨᠠᠮ᠎ᠤᠨ ᠶᠠᠪᠤᠳᠠᠯ᠎ᠢ ᠢᠯᠡ ᠪᠣᠯᠭᠠᠬᠤ ᠭᠠᠷᠴᠠᠭ᠎ᠢ ᠨᠠᠮ᠎ᠤᠨ ᠳᠡᠭᠡᠳᠦ ᠨᠢᠭᠡ ᠱᠠᠲᠤᠨ᠎ᠤ ᠵᠣᠬᠢᠶᠠᠨ ᠪᠠᠢᠭᠤᠯᠤᠯᠲᠠ᠎ᠳᠤ ᠮᠡᠳᠡᠭᠦᠯᠵᠦ ᠳᠠᠩᠰᠠᠯᠠᠭᠤᠯᠬᠤ ᠪᠥᠭᠡᠳ ᠲᠣᠭᠲᠠᠭᠠᠯ ᠶᠣᠰᠤᠭᠠᠷ ᠨᠠᠮ᠎ᠤᠨ ᠳᠣᠲᠤᠭᠠᠳᠤ᠎ᠳᠤ ᠪᠤᠶᠤ ᠨᠡᠢᠭᠡᠮ᠎ᠳᠦ ᠢᠯᠡ ᠪᠣᠯᠭᠠᠬᠤ ᠬᠡᠷᠡᠭᠲᠡᠢ᠃

  ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠂ ᠲᠥᠪ᠎ᠦᠨ ᠡᠯ᠎ᠡ ᠰᠠᠯᠠᠭ᠎ᠠ ᠮᠥᠴᠢᠷ ᠡᠷᠬᠡᠪᠱᠢ ᠲᠤᠰ ᠱᠢᠰᠲᠧᠮ ᠲᠤᠰ ᠬᠦᠷᠢᠶᠡᠨ᠎ᠦ᠎ᠪᠡᠨ ᠨᠠᠮ᠎ᠤᠨ ᠶᠠᠪᠤᠳᠠᠯ᠎ᠢ ᠢᠯᠡ ᠪᠣᠯᠭᠠᠬᠤ ᠭᠠᠷᠴᠠᠭ᠎ᠢ ᠨᠠᠢᠷᠠᠭᠤᠯᠤᠨ ᠪᠢᠴᠢᠬᠦ ᠠᠵᠢᠯ᠎ᠢ ᠵᠢᠯᠤᠭᠤᠳᠭᠤ᠎ᠪᠠᠨ ᠴᠢᠩᠭᠠᠳᠭᠠᠬᠤ ᠬᠡᠷᠡᠭᠲᠡᠢ᠃

 

    ᠭᠤᠷᠪᠠᠳᠤᠭᠠᠷ ᠪᠦᠯᠦᠭ   ᠢᠯᠡ ᠪᠣᠯᠭᠠᠬᠤ ᠳᠡᠰ ᠳᠠᠷᠠᠭᠠᠯᠠᠯ ᠬᠢᠭᠡᠳ ᠠᠷᠭ᠎ᠠ ᠬᠡᠯᠪᠡᠷᠢ

 

  ᠠᠷᠪᠠᠨ ᠲᠠᠪᠤᠳᠤᠭᠠᠷ ᠵᠦᠢᠯ  ᠨᠠᠮ᠎ᠤᠨ ᠶᠠᠪᠤᠳᠠᠯ᠎ᠢ ᠢᠯᠡ ᠪᠣᠯᠭᠠᠬᠤ ᠭᠠᠷᠴᠠᠭ᠎ᠲᠤ ᠵᠢᠭᠰᠠᠭᠠᠭᠳᠠᠭᠰᠠᠨ ᠤᠴᠢᠷ ᠶᠠᠪᠤᠳᠠᠯ ᠪᠦᠬᠦᠨ᠎ᠢ ᠬᠣᠯᠪᠤᠭᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ ᠡᠷᠬᠡᠪᠱᠢ ᠳᠣᠤᠷᠠᠬᠢ ᠳᠡᠰ ᠳᠠᠷᠠᠭᠠᠯᠠᠯ ᠶᠣᠰᠤᠭᠠᠷ ᠴᠠᠭ ᠲᠤᠬᠠᠢ᠎ᠳᠤᠨᠢ ᠰᠠᠨᠠᠭᠠᠴᠢᠯᠠᠭ᠎ᠠ᠎ᠲᠠᠢ᠎ᠪᠠᠷ ᠢᠯᠡ ᠪᠣᠯᠭᠠᠬᠤ ᠬᠡᠷᠡᠭᠲᠡᠢ᠄

  (ᠨᠢᠭᠡ) ᠳᠤᠷᠠᠳᠭᠤ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠨᠠᠮ᠎ᠤᠨ ᠶᠠᠪᠤᠳᠠᠯ᠎ᠢ ᠢᠯᠡ ᠪᠣᠯᠭᠠᠬᠤ ᠲᠥᠰᠦᠯ᠎ᠢ ᠰᠤᠳᠤᠯᠤᠨ ᠳᠤᠷᠠᠳᠴᠤ᠂ ᠢᠯᠡ ᠪᠣᠯᠭᠠᠬᠤ ᠠᠭᠤᠯᠭ᠎ᠠ᠂ ᠬᠦᠷᠢᠶ᠎ᠡ ᠬᠡᠪᠴᠢᠶ᠎ᠡ᠂ ᠴᠠᠭ᠂ ᠠᠷᠭ᠎ᠠ ᠬᠡᠯᠪᠡᠷᠢ ᠵᠡᠷᠭᠡ᠎ᠶᠢ ᠲᠣᠭᠲᠠᠭᠠᠨ᠎ᠠ᠃

  (ᠬᠣᠶᠠᠷ) ᠬᠢᠨᠠᠨ ᠬᠠᠷᠭᠤᠭᠤᠯᠬᠤ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠨᠢᠭᠤᠴᠠ᠎ᠶᠢ ᠬᠠᠮᠠᠭᠠᠯᠠᠬᠤ ᠬᠢᠨᠠᠨ ᠪᠠᠢᠴᠠᠭᠠᠬᠤ ᠠᠵᠢᠯ᠎ᠢ ᠬᠢᠬᠦ᠎ᠶᠢᠨ ᠬᠠᠮᠲᠤ᠂ ᠴᠢᠬᠤᠯᠠ ᠴᠢᠨᠠᠷ᠂ ᠣᠨᠤᠪᠴᠢᠲᠤ ᠴᠢᠨᠠᠷ ᠵᠡᠷᠭᠡ ᠲᠠᠯ᠎ᠠ᠎ᠪᠠᠷ ᠬᠢᠨᠠᠨ ᠬᠠᠷᠭᠤᠭᠤᠯᠤᠨ᠎ᠠ᠃

  (ᠭᠤᠷᠪᠠ) ᠬᠢᠨᠠᠨ ᠵᠥᠪᠱᠢᠶᠡᠷᠡᠬᠦ᠃ ᠨᠠᠮ᠎ᠤᠨ ᠵᠣᠬᠢᠶᠠᠨ ᠪᠠᠢᠭᠤᠯᠤᠯᠲᠠ᠎ᠠᠴᠠ ᠡᠷᠬᠡ ᠲᠤᠱᠢᠶᠠᠯ᠎ᠢᠶᠠᠨ ᠦᠨᠳᠦᠰᠦᠯᠡᠨ ᠨᠠᠮ᠎ᠤᠨ ᠶᠠᠪᠤᠳᠠᠯ᠎ᠢ ᠢᠯᠡ ᠪᠣᠯᠭᠠᠬᠤ ᠲᠥᠰᠦᠯ᠎ᠢ ᠬᠢᠨᠠᠨ ᠵᠥᠪᠱᠢᠶᠡᠷᠡᠵᠦ᠂ ᠡᠷᠬᠡ ᠲᠤᠱᠢᠶᠠᠯ᠎ᠤᠨ ᠬᠡᠪᠴᠢᠶᠡᠨ᠎ᠡᠴᠡ ᠳᠠᠪᠠᠭᠰᠠᠨ ᠪᠠᠢᠪᠠᠯ ᠡᠷᠬᠡᠪᠱᠢ ᠳᠡᠰ ᠳᠠᠷᠠᠭᠠᠯᠠᠯ ᠶᠣᠰᠤᠭᠠᠷ ᠳᠡᠭᠡᠭᠱᠢ ᠮᠡᠳᠡᠭᠦᠯᠦᠨ ᠵᠥᠪᠱᠢᠶᠡᠷᠡᠭᠦᠯᠦᠨ᠎ᠡ᠃

  (ᠳᠥᠷᠪᠡ) ᠬᠡᠷᠡᠭᠵᠢᠭᠦᠯᠬᠦ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠣᠯᠪᠤᠭᠳᠠᠯ ᠪᠦᠬᠦᠢ ᠰᠠᠯᠠᠭ᠎ᠠ ᠮᠥᠴᠢᠷ ᠵᠥᠪᠱᠢᠶᠡᠷᠡᠭᠦᠯᠦᠭᠰᠡᠨ ᠲᠥᠰᠦᠯ ᠶᠣᠰᠤᠭᠠᠷ ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠢ ᠬᠡᠷᠡᠭᠵᠢᠭᠦᠯᠦᠨ᠎ᠡ᠃

  ᠠᠷᠪᠠᠨ ᠵᠢᠷᠭᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠶᠠᠪᠤᠳᠠᠯ᠎ᠢ ᠢᠯᠡ ᠪᠣᠯᠭᠠᠬᠤ ᠠᠭᠤᠯᠭ᠎ᠠ ᠪᠣᠯᠤᠨ ᠬᠦᠷᠢᠶ᠎ᠡ ᠬᠡᠪᠴᠢᠶ᠎ᠡ᠎ᠶᠢ ᠦᠨᠳᠦᠰᠦᠯᠡᠵᠦ᠂ ᠢᠯᠡ ᠪᠣᠯᠭᠠᠬᠤ ᠲᠣᠬᠢᠷᠠᠮᠵᠢᠲᠠᠢ ᠠᠷᠭ᠎ᠠ ᠬᠡᠯᠪᠡᠷᠢ᠎ᠶᠢ ᠰᠣᠩᠭᠤᠬᠤ ᠬᠡᠷᠡᠭᠲᠡᠢ᠃

  ᠨᠠᠮ᠎ᠤᠨ ᠳᠣᠲᠤᠭᠠᠳᠤ᠎ᠳᠤ ᠢᠯᠡ ᠪᠣᠯᠭᠠᠬᠤ᠎ᠳᠦ᠎ᠪᠠᠨ᠂ ᠡᠩ᠎ᠦᠨ ᠪᠠᠢᠳᠠᠯ ᠳᠣᠤᠷ᠎ᠠ ᠬᠤᠷᠠᠯ ᠬᠢᠬᠦ᠂ ᠪᠢᠴᠢᠭ ᠮᠠᠲᠧᠷᠢᠶᠠᠯ ᠪᠢᠴᠢᠵᠦ ᠪᠠᠭᠤᠯᠭᠠᠬᠤ᠂ ᠲᠣᠪᠴᠢ ᠰᠣᠨᠢᠨ ᠨᠠᠢᠷᠠᠭᠤᠯᠤᠨ ᠲᠠᠷᠬᠠᠭᠠᠬᠤ᠂ ᠬᠡᠰᠡᠭ ᠬᠡᠪᠴᠢᠶᠡᠨ᠎ᠦ ᠰᠦᠯᠵᠢᠶ᠎ᠡ᠎ᠪᠡᠷ ᠨᠡᠢᠲᠡᠯᠡᠬᠦ ᠵᠡᠷᠭᠡ ᠬᠡᠯᠪᠡᠷᠢ᠎ᠶᠢ ᠬᠡᠷᠡᠭᠯᠡᠨ᠎ᠡ᠃ ᠨᠡᠢᠭᠡᠮ᠎ᠳᠦ ᠢᠯᠡ ᠪᠣᠯᠭᠠᠬᠤ᠎ᠳᠦ᠎ᠪᠠᠨ᠂ ᠡᠩ᠎ᠦᠨ ᠪᠠᠢᠳᠠᠯ ᠳᠣᠤᠷ᠎ᠠ ᠠᠯᠪᠠᠨ ᠮᠡᠳᠡᠭᠡ ᠨᠡᠢᠲᠡᠯᠡᠬᠦ᠂ ᠰᠣᠨᠢᠨ ᠮᠡᠳᠡᠭᠡ ᠨᠡᠢᠲᠡᠯᠡᠬᠦ ᠬᠤᠷᠠᠯ ᠬᠢᠬᠦ᠂ ᠰᠤᠷᠪᠤᠯᠵᠢᠯᠠᠭ᠎ᠠ ᠬᠦᠯᠢᠶᠡᠬᠦ᠂ ᠰᠣᠨᠢᠨ ᠰᠡᠳᠬᠦᠯ᠂ ᠷᠠᠳᠢᠤ᠋᠂ ᠲᠧᠯᠸᠢᠰ᠂ ᠢᠨᠲᠧᠷ ᠰᠦᠯᠵᠢᠶ᠎ᠡ᠂ ᠱᠢᠨ᠎ᠡ ᠵᠠᠭᠤᠴᠢᠯᠠᠭᠤᠷ᠂ ᠢᠯᠡ ᠨᠡᠢᠲᠡᠯᠡᠬᠦ ᠰᠠᠮᠪᠠᠷ᠎ᠠ᠎ᠳᠤ ᠨᠡᠢᠲᠡᠯᠡᠬᠦ ᠵᠡᠷᠭᠡ ᠠᠷᠭ᠎ᠠ ᠬᠡᠯᠪᠡᠷᠢ᠎ᠶᠢ ᠬᠡᠷᠡᠭᠯᠡᠨ᠎ᠡ᠂ ᠭᠡᠬᠦ᠎ᠳᠦ᠎ᠪᠠᠨ ᠡᠩ ᠲᠡᠷᠢᠭᠦᠨ᠎ᠳᠦ ᠨᠠᠮ᠎ᠤᠨ ᠰᠣᠨᠢᠨ ᠰᠡᠳᠬᠦᠯ᠂ ᠷᠠᠳᠢᠣ᠋ ᠲᠧᠯᠸᠢᠰ ᠬᠣᠷᠢᠶ᠎ᠠ᠂ ᠭᠣᠤᠯᠳᠠᠯᠭ᠎ᠠ᠎ᠲᠠᠢ ᠰᠣᠨᠢᠨ ᠮᠡᠳᠡᠭᠡᠨ᠎ᠦ ᠰᠦᠯᠵᠢᠶᠡᠨ᠎ᠦ ᠥᠷᠲᠡᠭᠡ ᠵᠡᠷᠭᠡ ᠨᠠᠮ᠎ᠤᠨ ᠵᠠᠭᠤᠴᠢᠯᠠᠭᠤᠷ᠎ᠲᠤ ᠨᠡᠢᠲᠡᠯᠡᠨ᠎ᠡ᠃

  ᠨᠠᠮ᠎ᠤᠨ ᠲᠥᠪ ᠬᠣᠷᠢᠶᠠᠨ᠎ᠤ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠂ ᠨᠠᠮ᠎ᠤᠨ ᠲᠥᠪ ᠬᠣᠷᠢᠶᠠᠨ᠎ᠤ ᠬᠣᠯᠪᠤᠭᠳᠠᠯ ᠪᠦᠬᠦᠢ ᠠᠵᠢᠯ᠎ᠤᠨ ᠪᠠᠢᠭᠤᠯᠭ᠎ᠠ᠂ ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠨᠠᠮ᠎ᠤᠨ ᠬᠣᠷᠢᠶ᠎ᠠ ᠵᠢᠴᠢ ᠣᠷᠤᠨ ᠨᠤᠲᠤᠭ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠂ ᠣᠷᠤᠨ ᠨᠤᠲᠤᠭ᠎ᠤᠨ ᠨᠠᠮ᠎ᠤᠨ ᠬᠣᠷᠢᠶᠠᠨ᠎ᠤ ᠬᠣᠯᠪᠤᠭᠳᠠᠯ ᠪᠦᠬᠦᠢ ᠠᠵᠢᠯ᠎ᠤᠨ ᠪᠠᠢᠭᠤᠯᠭ᠎ᠠ ᠨᠠᠮ᠎ᠤᠨ ᠬᠣᠷᠢᠶᠠᠨ᠎ᠤ ᠰᠣᠨᠢᠨ ᠮᠡᠳᠡᠭᠡᠨ᠎ᠦ ᠥᠭᠦᠯᠡᠭᠴᠢ᠎ᠶᠢᠨ ᠳᠦᠷᠢᠮ᠎ᠢ ᠲᠣᠭᠲᠠᠭᠠᠨ ᠲᠡᠭᠦᠯᠳᠡᠷᠵᠢᠭᠦᠯᠵᠦ᠂ ᠵᠤᠷᠱᠢᠯᠳᠤ ᠨᠡᠢᠲᠡᠯᠡᠬᠦ ᠳᠦᠷᠢᠮ᠎ᠢ ᠠᠯᠬᠤᠮ ᠠᠯᠬᠤᠮ᠎ᠢᠶᠠᠷ ᠲᠣᠭᠲᠠᠭᠠᠵᠤ᠂ ᠨᠠᠮ᠎ᠤᠨ ᠶᠠᠪᠤᠳᠠᠯ᠎ᠤᠨ ᠲᠠᠯ᠎ᠠ᠎ᠪᠠᠷ ᠬᠢ ᠴᠢᠬᠤᠯᠠ ᠮᠡᠳᠡᠭᠡ ᠵᠠᠩᠭᠢ᠎ᠶᠢ ᠴᠠᠭ ᠲᠤᠬᠠᠢ᠎ᠳᠤᠨᠢ ᠣᠨᠤᠪᠴᠢᠲᠠᠢ ᠨᠡᠢᠲᠡᠯᠡᠬᠦ ᠬᠡᠷᠡᠭᠲᠡᠢ᠃

  ᠠᠷᠪᠠᠨ ᠳᠣᠯᠤᠳᠤᠭᠠᠷ ᠵᠦᠢᠯ  ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠢ ᠵᠠᠰᠠᠭ᠎ᠤᠨ ᠶᠠᠪᠤᠳᠠᠯ᠎ᠢ ᠢᠯᠡ ᠪᠣᠯᠭᠠᠬᠤ᠂ ᠦᠢᠯᠡᠳᠪᠦᠷᠢ᠎ᠶᠢᠨ ᠶᠠᠪᠤᠳᠠᠯ᠎ᠢ ᠢᠯᠡ ᠪᠣᠯᠭᠠᠬᠤ᠂ ᠲᠣᠰᠭᠤᠨ (ᠰᠠᠭᠤᠭᠠᠯᠢ ᠠᠷᠠᠳ᠎ᠤᠨ ᠲᠣᠭᠤᠷᠢᠭ)᠎ᠤ ᠶᠠᠪᠤᠳᠠᠯ᠎ᠢ ᠢᠯᠡ ᠪᠣᠯᠭᠠᠬᠤ᠂ ᠣᠯᠠᠨ ᠨᠡᠢᠲᠡ᠎ᠶᠢᠨ ᠠᠵᠢᠯ ᠦᠢᠯᠡᠰ᠎ᠦᠨ ᠨᠢᠭᠡᠴᠢ᠎ᠶᠢᠨ ᠠᠵᠢᠯ ᠦᠢᠯᠡᠰ ᠡᠷᠬᠢᠯᠡᠬᠦ᠎ᠶᠢ ᠢᠯᠡ ᠪᠣᠯᠭᠠᠬᠤ ᠵᠡᠷᠭᠡ ᠲᠠᠯ᠎ᠠ᠎ᠶᠢᠨ ᠠᠴᠢᠶᠠᠯᠠᠪᠤᠷᠢ ᠪᠣᠯᠤᠨ ᠲᠠᠪᠴᠠᠩ᠎ᠢᠶᠠᠷ ᠳᠠᠮᠵᠢᠨ ᠬᠠᠮᠲᠤᠪᠠᠷ ᠡᠳ᠋ᠯᠡᠬᠦ᠎ᠶᠢ ᠪᠡᠶᠡᠯᠡᠭᠦᠯᠵᠦ ᠳᠡᠢᠯᠪᠡᠯ᠂ ᠡᠷᠬᠡᠪᠱᠢ ᠨᠢᠭᠡᠳᠦᠯᠲᠡᠢ ᠲᠥᠯᠦᠪᠵᠢᠭᠦᠯᠦᠨ ᠬᠡᠷᠡᠭᠯᠡᠬᠦ ᠬᠡᠷᠡᠭᠲᠡᠢ᠃

  ᠨᠥᠬᠦᠴᠡᠯ᠎ᠲᠡᠢ ᠨᠠᠮ᠎ᠤᠨ ᠵᠣᠬᠢᠶᠠᠨ ᠪᠠᠢᠭᠤᠯᠤᠯᠲᠠ᠎ᠨᠢ ᠨᠢᠭᠡᠳᠦᠯᠲᠡᠢ ᠨᠠᠮ᠎ᠤᠨ ᠶᠠᠪᠤᠳᠠᠯ᠎ᠤᠨ ᠮᠡᠳᠡᠭᠡ ᠵᠠᠩᠭᠢ᠎ᠶᠢ ᠢᠯᠡ ᠨᠡᠢᠲᠡᠯᠡᠬᠦ ᠲᠠᠪᠴᠠᠩ ᠪᠠᠢᠭᠤᠯᠵᠤ ᠪᠤᠯᠤᠨ᠎ᠠ᠃

  ᠠᠷᠪᠠᠨ ᠨᠠᠢ᠍ᠮᠠᠳᠤᠭᠠᠷ ᠵᠦᠢᠯ  ᠨᠠᠮ᠎ᠤᠨ ᠶᠠᠪᠤᠳᠠᠯ᠎ᠢ ᠢᠯᠡ ᠪᠣᠯᠭᠠᠬᠤ ᠬᠣᠯᠪᠤᠭᠳᠠᠯ ᠪᠦᠬᠦᠢ ᠮᠡᠳᠡᠭᠡ ᠵᠠᠩᠭᠢ᠎ᠶᠢ ᠬᠢᠨᠠᠨ ᠬᠡᠮᠵᠢᠵᠦ ᠬᠠᠷᠢᠭᠤ ᠳᠤᠰᠭᠠᠬᠤ ᠠᠵᠢᠯ᠎ᠢ ᠴᠢᠬᠤᠯᠠᠴᠢᠯᠠᠵᠤ᠂ ᠴᠢᠬᠤᠯᠠ ᠶᠡᠬᠡ ᠶᠠᠷᠢᠶ᠎ᠠ ᠬᠡᠯᠡᠯᠴᠡᠭᠡᠨ᠎ᠦ ᠲᠤᠰᠭᠠᠯ ᠭᠠᠷᠤᠭᠰᠠᠨ ᠪᠠᠢᠪᠠᠯ ᠴᠠᠭ ᠲᠤᠬᠠᠢ᠎ᠳᠤᠨᠢ ᠮᠡᠳᠡᠭᠦᠯᠬᠦ ᠬᠡᠷᠡᠭᠲᠡᠢ᠃ ᠦᠨᠡᠨ ᠪᠣᠳᠠᠲᠠᠢ ᠪᠤᠰᠤ᠂ ᠪᠦᠷᠢᠨ ᠭᠦᠢᠴᠡᠳ ᠪᠤᠰᠤ᠂ ᠣᠨᠤᠪᠴᠢ᠎ᠦᠭᠡᠢ ᠮᠡᠳᠡᠭᠡ ᠵᠠᠩᠭᠢ᠎ᠶᠢ ᠴᠠᠭ ᠲᠤᠬᠠᠢ᠎ᠳᠤᠨᠢ ᠢᠯᠭᠠᠷᠠᠭᠤᠯᠤᠨ ᠲᠣᠳᠤᠷᠬᠠᠢᠯᠠᠵᠤ ᠬᠥᠲᠦᠯᠦᠨ ᠵᠢᠯᠤᠭᠤᠳᠭᠤ ᠬᠡᠷᠡᠭᠲᠡᠢ᠃

  ᠠᠷᠪᠠ ᠶᠢᠰᠦᠳᠦᠭᠡᠷ ᠵᠦᠢᠯ  ᠨᠠᠮ᠎ᠤᠨ ᠭᠡᠱᠢᠭᠦᠨ ᠨᠠᠮ᠎ᠤᠨ ᠬᠣᠷᠢᠶᠠᠨ᠎ᠤ ᠬᠤᠷᠠᠯ᠎ᠢ ᠰᠤᠯᠠ ᠰᠣᠨᠤᠰᠭᠤ᠂ ᠨᠠᠮ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢ ᠨᠠᠮ᠎ᠤᠨ ᠬᠣᠷᠢᠶᠠᠨ᠎ᠤ ᠬᠤᠷᠠᠯ᠎ᠳᠤ ᠰᠤᠯᠠ ᠣᠷᠤᠯᠴᠠᠬᠤ᠂ ᠨᠠᠮ᠎ᠤᠨ ᠳᠣᠲᠤᠭᠠᠳᠤᠬᠢ ᠪᠠᠢᠳᠠᠯ᠎ᠢ ᠢᠯᠡ ᠨᠡᠢᠲᠡᠯᠡᠨ ᠳᠤᠰᠭᠠᠬᠤ᠂ ᠨᠠᠮ᠎ᠤᠨ ᠳᠣᠲᠤᠭᠠᠳᠤ᠎ᠶᠢᠨ ᠤᠴᠢᠷ ᠶᠠᠪᠤᠳᠠᠯ᠎ᠳᠤ ᠵᠥᠪᠯᠡᠯᠭᠡ ᠠᠪᠬᠤ᠂ ᠴᠢᠬᠤᠯᠠ ᠶᠡᠬᠡ ᠱᠢᠢᠳᠪᠦᠷᠢᠲᠦ ᠪᠣᠳᠤᠯᠭ᠎ᠠ᠎ᠳᠤ ᠰᠠᠨᠠᠯ ᠬᠤᠷᠢᠶᠠᠬᠤ᠂ ᠴᠢᠬᠤᠯᠠ ᠶᠡᠬᠡ ᠤᠴᠢᠷ ᠶᠠᠪᠤᠳᠠᠯ᠎ᠢ ᠨᠡᠢᠭᠡᠮ᠎ᠳᠦ ᠢᠯᠡ ᠨᠡᠢᠲᠡᠯᠡᠬᠦ ᠪᠠ ᠨᠡᠢᠭᠡᠮ᠎ᠦᠨ ᠬᠢᠨ ᠭᠡᠷᠡᠴᠢᠯᠡᠭᠡ ᠰᠣᠨᠤᠰᠭᠤ ᠵᠡᠷᠭᠡ ᠳᠦᠷᠢᠮ᠎ᠢ ᠲᠣᠭᠲᠠᠭᠠᠨ ᠲᠡᠭᠦᠯᠳᠡᠷᠵᠢᠭᠦᠯᠵᠦ᠂ ᠨᠠᠮ᠎ᠤᠨ ᠶᠠᠪᠤᠳᠠᠯ᠎ᠢ ᠢᠯᠡ ᠪᠣᠯᠭᠠᠬᠤ ᠱᠢᠨ᠎ᠡ ᠬᠡᠯᠪᠡᠷᠢ᠎ᠶᠢ ᠬᠥᠭᠵᠢᠭᠦᠯᠦᠨ ᠰᠠᠢᠲᠤᠷ ᠬᠡᠷᠡᠭᠯᠡᠵᠦ᠂ ᠨᠠᠮ᠎ᠤᠨ ᠭᠡᠱᠢᠭᠦᠨ ᠪᠣᠯᠤᠨ ᠣᠯᠠᠨ ᠲᠦᠮᠡᠨ᠎ᠦ ᠨᠠᠮ᠎ᠤᠨ ᠶᠠᠪᠤᠳᠠᠯ᠎ᠢ ᠢᠯᠡ ᠪᠣᠯᠭᠠᠬᠤ᠎ᠳᠤ ᠣᠷᠤᠯᠴᠠᠬᠤ ᠥᠷᠭᠡᠴᠡ ᠪᠣᠯᠤᠨ ᠭᠦᠨᠴᠡ᠎ᠶᠢ ᠲᠠᠰᠤᠷᠠᠯᠲᠠ᠎ᠦᠭᠡᠢ ᠥᠷᠭᠡᠳᠬᠡᠨ ᠭᠦᠨᠵᠡᠭᠡᠢᠷᠡᠭᠦᠯᠬᠦ ᠬᠡᠷᠡᠭᠲᠡᠢ᠃

 

    ᠳᠥᠷᠪᠡᠳᠦᠭᠡᠷ ᠪᠦᠯᠦᠭ  ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ

 

  ᠬᠣᠷᠢᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠶᠠᠪᠤᠳᠠᠯ᠎ᠢ ᠢᠯᠡ ᠪᠣᠯᠭᠠᠭᠰᠠᠨ ᠠᠵᠢᠯ᠎ᠤᠨ ᠪᠠᠢᠳᠠᠯ᠎ᠢᠶᠠᠨ ᠳᠡᠭᠡᠳᠦ ᠨᠢᠭᠡ ᠱᠠᠲᠤᠨ᠎ᠤ ᠵᠣᠬᠢᠶᠠᠨ ᠪᠠᠢᠭᠤᠯᠤᠯᠲᠠ᠎ᠳᠤ ᠠᠵᠢᠯ᠎ᠢᠶᠠᠨ ᠮᠡᠳᠡᠭᠦᠯᠬᠦ ᠪᠤᠶᠤ ᠨᠠᠮ᠎ᠤᠨ ᠪᠠᠢᠭᠤᠯᠤᠯᠲᠠ᠎ᠶᠢᠨ ᠠᠵᠢᠯ᠎ᠢ ᠠᠳᠭᠤᠭᠰᠠᠨ ᠲᠤᠰᠭᠠᠢ ᠰᠡᠳᠦᠪᠲᠦ ᠮᠡᠳᠡᠭᠦᠯᠦᠯᠲᠡ ᠬᠢᠬᠦ᠎ᠶᠢᠨ᠎ᠢᠶᠡᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃

  ᠬᠣᠷᠢᠨ ᠨᠢᠭᠡᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠶᠠᠪᠤᠳᠠᠯ᠎ᠢ ᠢᠯᠡ ᠪᠣᠯᠭᠠᠭᠰᠠᠨ ᠠᠵᠢᠯ᠎ᠤᠨ ᠪᠠᠢᠳᠠᠯ᠎ᠢᠶᠠᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠥᠷᠦ᠎ᠶᠢᠨ ᠬᠠᠷᠢᠭᠤᠴᠠᠯᠭ᠎ᠠ᠎ᠶᠢ ᠭᠦᠢᠴᠡᠳᠬᠡᠭᠰᠡᠨ ᠴᠢᠬᠤᠯᠠ ᠠᠭᠤᠯᠭ᠎ᠠ ᠪᠣᠯᠭᠠᠵᠤ᠂ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ ᠵᠢᠴᠢ ᠲᠡᠭᠦᠨ᠎ᠦ ᠭᠣᠤᠯ ᠬᠠᠷᠢᠭᠤᠴᠠᠯᠭᠠᠲᠠᠨ᠎ᠢ ᠬᠢᠨᠠᠨ ᠱᠢᠯᠭᠠᠬᠤ ᠬᠡᠷᠡᠭᠲᠡᠢ᠃

  ᠨᠠᠮ᠎ᠤᠨ ᠵᠣᠬᠢᠶᠠᠨ ᠪᠠᠢᠭᠤᠯᠤᠯᠲᠠ ᠵᠢᠯ ᠪᠦᠷᠢ ᠬᠠᠮᠢᠶ᠎ᠠ ᠪᠦᠬᠦᠢ ᠨᠠᠮ᠎ᠤᠨ ᠭᠡᠱᠢᠭᠦᠨ ᠪᠣᠯᠤᠨ ᠣᠯᠠᠨ ᠲᠦᠮᠡᠨ᠎ᠳᠦ ᠨᠠᠮ᠎ᠤᠨ ᠶᠠᠪᠤᠳᠠᠯ᠎ᠢ ᠢᠯᠡ ᠪᠣᠯᠭᠠᠭᠰᠠᠨ ᠪᠠᠢᠳᠠᠯ᠎ᠢᠶᠠᠨ ᠢᠯᠡ ᠮᠡᠳᠡᠭᠳᠡᠬᠦ᠎ᠶᠢᠨ ᠬᠠᠮᠲᠤ᠂ ᠲᠡᠭᠦᠨ᠎ᠢ ᠨᠠᠮ᠎ᠤᠨ ᠭᠡᠱᠢᠭᠦᠨ᠎ᠢ ᠠᠷᠠᠳᠴᠢᠯᠠᠯ᠎ᠢᠶᠠᠷ ᠦᠨᠡᠯᠡᠬᠦ ᠬᠦᠷᠢᠶ᠎ᠡ ᠬᠡᠪᠴᠢᠶᠡᠨ᠎ᠳᠦ ᠣᠷᠤᠭᠤᠯᠵᠤ᠂ ᠣᠯᠠᠨ ᠲᠦᠮᠡᠨ᠎ᠦ ᠰᠠᠨᠠᠯ᠎ᠢ ᠰᠠᠨᠠᠭᠠᠴᠢᠯᠠᠭ᠎ᠠ᠎ᠲᠠᠢ᠎ᠪᠠᠷ ᠰᠣᠨᠤᠰᠭᠤ ᠬᠡᠷᠡᠭᠲᠡᠢ᠃

  ᠬᠣᠷᠢᠨ ᠬᠣᠶᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠶᠠᠪᠤᠳᠠᠯ᠎ᠢ ᠢᠯᠡ ᠪᠣᠯᠭᠠᠬᠤ ᠠᠵᠢᠯ᠎ᠢ ᠬᠢᠨᠠᠨ ᠪᠠᠢᠴᠠᠭᠠᠬᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠪᠠᠢᠩᠭᠤ᠎ᠶᠢᠨ ᠴᠢᠨᠠᠷᠲᠠᠢ ᠪᠠᠢᠴᠠᠭᠠᠯᠲᠠ ᠪᠣᠯᠤᠨ ᠲᠤᠰᠭᠠᠢ ᠲᠥᠷᠦᠯ᠎ᠦᠨ ᠬᠢᠨᠠᠨ ᠪᠠᠢᠴᠠᠭᠠᠯᠲᠠ᠎ᠶᠢ ᠥᠷᠨᠢᠭᠦᠯᠬᠦ ᠬᠡᠷᠡᠭᠲᠡᠢ᠂ ᠲᠤᠰᠭᠠᠢ ᠲᠥᠷᠦᠯ᠎ᠦᠨ ᠬᠢᠨᠠᠨ ᠪᠠᠢᠴᠠᠭᠠᠯᠲᠠ᠎ᠶᠢ ᠨᠠᠮ᠎ᠤᠨ ᠰᠤᠷᠲᠠᠯ ᠠᠷᠢᠭᠤᠨ ᠴᠢᠬᠡᠴᠢ ᠵᠠᠰᠠᠭ᠎ᠤᠨ ᠪᠠᠢᠭᠤᠯᠤᠯᠲᠠ᠎ᠶᠢᠨ ᠬᠠᠷᠢᠭᠤᠴᠠᠯᠭ᠎ᠠ᠎ᠶᠢᠨ ᠳᠦᠷᠢᠮ᠎ᠦᠨ ᠪᠠᠢᠴᠠᠭᠠᠯᠲᠠ ᠪᠠ ᠬᠢᠨᠠᠨ ᠱᠢᠯᠭᠠᠯᠲᠠ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠢᠨᠠᠨ ᠱᠢᠯᠭᠠᠯᠲᠠ ᠵᠡᠷᠭᠡ᠎ᠲᠡᠢ ᠤᠶᠠᠯᠳᠤᠭᠤᠯᠵᠤ ᠪᠤᠯᠤᠨ᠎ᠠ᠃ ᠬᠢᠨᠠᠨ ᠪᠠᠢᠴᠠᠭᠠᠭᠰᠠᠨ ᠪᠠᠢᠳᠠᠯ᠎ᠢ ᠡᠷᠬᠡᠪᠱᠢ ᠵᠣᠬᠢᠬᠤ ᠬᠡᠪᠴᠢᠶᠡᠨ᠎ᠳᠦ ᠢᠯᠡ ᠨᠡᠢᠲᠡᠯᠡᠬᠦ ᠬᠡᠷᠡᠭᠲᠡᠢ᠃

  ᠬᠣᠷᠢᠨ ᠭᠤᠷᠪᠠᠳᠤᠭᠠᠷ ᠵᠦᠢᠯ  ᠲᠤᠰ ᠳᠦᠷᠢᠮ᠎ᠢ ᠵᠥᠷᠢᠴᠡᠵᠦ ᠤᠷᠱᠢᠭ ᠲᠠᠲᠠᠭᠰᠠᠨ ᠪᠠᠢᠪᠠᠯ᠂ ᠳᠦᠷᠢᠮ ᠲᠣᠭᠲᠠᠭᠠᠯ ᠶᠣᠰᠤᠭᠠᠷ ᠰᠠᠬᠢᠯᠭ᠎ᠠ ᠪᠠᠲᠤ ᠶᠣᠰᠤᠭᠠᠷ ᠬᠣᠯᠪᠤᠭᠳᠠᠬᠤ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠭᠡᠱᠢᠭᠦᠨ ᠤᠳᠤᠷᠢᠳᠭᠤ ᠺᠠᠳ᠋ᠷ ᠪᠣᠯᠤᠨ ᠠᠵᠢᠯᠲᠠᠨ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

 

    ᠲᠠᠪᠤᠳᠤᠭᠠᠷ ᠪᠦᠯᠦᠭ   ᠳᠠᠭᠠᠯᠳᠤᠭᠤᠯᠤᠯ

 

  ᠬᠣᠷᠢᠨ ᠳᠥᠷᠪᠡᠳᠦᠭᠡᠷ ᠵᠦᠢᠯ  ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠲᠤᠰ ᠳᠦᠷᠢᠮ᠎ᠢ ᠦᠨᠳᠦᠰᠦᠯᠡᠨ᠂ ᠬᠣᠯᠪᠤᠭᠳᠠᠯ ᠪᠦᠬᠦᠢ ᠨᠠᠮ᠎ᠤᠨ ᠶᠠᠪᠤᠳᠠᠯ᠎ᠢ ᠢᠯᠡ ᠪᠣᠯᠭᠠᠬᠤ ᠲᠣᠭᠲᠠᠭᠠᠯ᠎ᠢ ᠲᠣᠭᠲᠠᠭᠠᠵᠤ ᠪᠤᠯᠤᠨ᠎ᠠ᠃

  ᠬᠣᠷᠢᠨ ᠲᠠᠪᠤᠳᠤᠭᠠᠷ ᠵᠦᠢᠯ  ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠂ ᠲᠥᠪ᠎ᠦᠨ ᠡᠯ᠎ᠡ ᠰᠠᠯᠠᠭ᠎ᠠ ᠮᠥᠴᠢᠷ᠂ ᠡᠯ᠎ᠡ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠨᠠᠮ᠎ᠤᠨ ᠬᠣᠷᠢᠶ᠎ᠠ ᠲᠤᠰ ᠳᠦᠷᠢᠮ᠎ᠢ ᠦᠨᠳᠦᠰᠦᠯᠡᠨ᠂ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ ᠬᠡᠷᠡᠭᠲᠡᠢ᠃

  ᠬᠣᠷᠢᠨ ᠵᠢᠷᠭᠤᠳᠤᠭᠠᠷ ᠵᠦᠢᠯ  ᠲᠤᠰ ᠳᠦᠷᠢᠮ᠎ᠢ ᠲᠥᠪ ᠬᠣᠷᠢᠶᠠᠨ᠎ᠤ ᠠᠯᠪᠠᠨ ᠲᠢᠩᠬᠢᠮ ᠲᠥᠪ᠎ᠦᠨ ᠵᠣᠬᠢᠶᠠᠨ ᠪᠠᠢᠭᠤᠯᠬᠤ ᠶᠠᠮᠤᠨ᠎ᠲᠠᠢ ᠬᠠᠮᠲᠤᠷᠠᠨ ᠲᠠᠢᠯᠪᠤᠷᠢᠯᠠᠨ᠎ᠠ᠃

  ᠬᠣᠷᠢᠨ ᠳᠣᠯᠤᠳᠤᠭᠠᠷ ᠵᠦᠢᠯ  ᠲᠤᠰ ᠳᠦᠷᠢᠮ᠎ᠢ 2017 ᠣᠨ᠎ᠤ 12 ᠰᠠᠷ᠎ᠠ᠎ᠶᠢᠨ 20᠎ᠤ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃

 

         (ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ)

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃