ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ ᠪᠣᠯᠤᠨ ᠲᠥᠷᠦ᠎ᠶᠢᠨ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠠᠵᠢᠯ᠎ᠤᠨ ᠳᠦᠷᠢᠮ
2021.09.28

(2010 ᠣᠨ᠎ᠤ 4 ᠰᠠᠷ᠎ᠠ᠎ᠶᠢᠨ 21᠎ᠦ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ ᠲᠥᠷᠦ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶ᠎ᠠ᠎ᠠᠴᠠ ᠬᠢᠨᠠᠨ ᠵᠥᠪᠯᠡᠵᠦ ᠵᠥᠪᠱᠢᠶᠡᠷᠡᠭᠡᠳ᠂ 2010 ᠣᠨ᠎ᠤ 6 ᠰᠠᠷ᠎ᠠ᠎ᠶᠢᠨ 4᠎ᠦ ᠡᠳᠦᠷ ᠨᠠᠮ᠎ᠤᠨ ᠲᠥᠪ ᠬᠣᠷᠢᠶ᠎ᠠ᠎ᠠᠴᠠ ᠨᠡᠢᠲᠡᠯᠡᠵᠦ᠂ 2019 ᠣᠨ᠎ᠤ 11 ᠰᠠᠷ᠎ᠠ᠎ᠶᠢᠨ 29᠎ᠦ ᠡᠳᠦᠷ ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠬᠤᠷᠠᠯ᠎ᠠᠴᠠ ᠵᠠᠰᠠᠪᠤᠷᠢ ᠣᠷᠤᠭᠤᠯᠪᠠ)

 

    ᠨᠢᠭᠡᠳᠦᠭᠡᠷ ᠪᠦᠯᠦᠭ  ᠶᠡᠷᠦᠩᠬᠡᠢ ᠳᠦᠷᠢᠮ

 

  ᠨᠢᠭᠡᠳᠦᠭᠡᠷ ᠵᠦᠢᠯ  ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ ᠪᠣᠯᠤᠨ ᠱᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠤᠭᠤᠮ᠎ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ᠎ᠤᠨ ᠵᠠᠰᠠᠯᠲᠠ᠎ᠶᠢᠨ ᠱᠢᠰᠲᠧᠮ ᠪᠣᠯᠤᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠵᠤ᠂ ᠪᠠᠢᠭᠤᠯᠭ᠎ᠠ᠎ᠶᠢᠨ ᠨᠠᠮ᠎ᠤᠨ ᠠᠵᠢᠯ ᠢ᠋ ᠦᠨᠡᠨ᠎ᠬᠦ ᠴᠢᠩᠭᠠᠳᠭᠠᠨ ᠰᠠᠢᠵᠢᠷᠠᠭᠤᠯᠵᠤ᠂ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠪᠠᠢᠭᠤᠯᠭ᠎ᠠ᠎ᠶᠢᠨ ᠵᠠᠰᠠᠯᠲᠠ ᠪᠣᠯᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠶᠢᠨ ᠲᠥᠯᠦᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》 ᠪᠣᠯᠤᠨ ᠬᠣᠯᠪᠤᠭᠳᠠᠯ ᠪᠦᠬᠦᠢ ᠨᠠᠮ᠎ᠤᠨ ᠳᠣᠲᠤᠭᠠᠳᠤ᠎ᠶᠢᠨ ᠬᠠᠤᠯᠢ ᠳᠦᠷᠢᠮ᠎ᠢ ᠦᠨᠳᠦᠰᠦᠯᠡᠵᠦ᠂ ᠲᠤᠰ ᠳᠦᠷᠢᠮ᠎ᠢ ᠲᠣᠭᠲᠠᠭᠠᠪᠠ᠃

  ᠬᠣᠶᠠᠳᠤᠭᠠᠷ ᠵᠦᠢᠯ  ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠳᠡᠭᠡᠳᠦ ᠱᠠᠲᠤᠨ᠎ᠤ ᠨᠠᠮ᠎ᠤᠨ ᠬᠣᠷᠢᠶ᠎ᠠ ᠪᠤᠶᠤ ᠨᠠᠮ᠎ᠤᠨ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ ᠪᠣᠯᠤᠨ ᠲᠤᠰ ᠨᠢᠭᠡᠴᠢ᠎ᠶᠢᠨ᠎ᠪᠡᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) (ᠨᠠᠮ᠎ᠤᠨ ᠤᠳᠤᠷᠢᠳᠬᠤ ᠳᠤᠭᠤᠢᠯᠠᠩ᠂ ᠨᠠᠮ᠎ᠤᠨ ᠬᠣᠷᠢᠶ᠎ᠠ ᠪᠠᠢᠭᠤᠯᠤᠭᠰᠠᠨ᠎ᠦᠭᠡᠢ ᠨᠢᠭᠡᠴᠢ᠎ᠶᠢᠨ ᠤᠳᠤᠷᠢᠳᠬᠤ ᠪᠠᠭ᠎ᠢ ᠪᠠᠭᠲᠠᠨ᠎ᠠ᠂ ᠳᠣᠷᠣᠭᠱᠢ ᠠᠳᠠᠯᠢ) ᠎ᠤᠨ ᠤᠳᠤᠷᠢᠳᠤᠯᠭ᠎ᠠ ᠳᠣᠣᠷ᠎ᠠ᠂ ᠲᠤᠰ ᠨᠢᠭᠡᠴᠢ᠎ᠶᠢᠨ ᠬᠠᠷᠢᠭᠤᠴᠠᠯᠭᠠᠲᠠᠨ᠎ᠢᠶᠠᠨ ᠬᠠᠮᠵᠢᠵᠤ ᠡᠭᠦᠷᠭᠡ᠎ᠪᠡᠨ ᠪᠡᠶᠡᠯᠡᠭᠦᠯᠵᠦ᠂ ᠠᠵᠢᠯ᠎ᠢᠶᠠᠨ ᠰᠠᠢᠵᠢᠷᠠᠭᠤᠯᠤᠨ᠂ ᠲᠤᠰ ᠨᠢᠭᠡᠴᠢ᠎ᠶᠢᠨ ᠬᠠᠷᠢᠭᠤᠴᠠᠯᠭᠠᠲᠠᠨ ᠢ᠋ ᠪᠠᠭᠲᠠᠭᠠᠭᠰᠠᠨ ᠨᠠᠮ᠎ᠤᠨ ᠭᠡᠱᠢᠭᠦᠨ ᠨᠢᠭᠡᠪᠦᠷᠢ᠎ᠶᠢ ᠬᠥᠮᠦᠵᠢᠭᠦᠯᠬᠦ᠂ ᠬᠠᠮᠢᠶᠠᠷᠬᠤ᠂ ᠬᠢᠨᠠᠯᠲᠠ ᠲᠠᠯᠪᠢᠬᠤ ᠠᠵᠢᠯ᠎ᠢ ᠭᠦᠢᠴᠡᠳᠭᠡᠨ᠎ᠡ᠂ ᠲᠤᠰ ᠨᠢᠭᠡᠴᠢ᠎ᠶᠢᠨ᠎ᠪᠡᠨ ᠲᠤᠬᠠᠢᠯᠠᠭᠰᠠᠨ ᠠᠵᠢᠯ᠎ᠢ ᠤᠳᠤᠷᠢᠳᠬᠤ᠎ᠦᠭᠡᠢ᠃

  ᠭᠤᠷᠪᠠᠳᠤᠭᠠᠷ ᠵᠦᠢᠯ  ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠡᠷᠬᠡᠪᠱᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠦᠷ ᠮᠠᠨᠳᠤᠭᠤᠯᠵᠤ᠂ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠣᠣ ᠫᠢᠩ᠎ᠦᠨ ᠣᠨᠤᠯ᠂《ᠭᠤᠷᠪᠠ᠎ᠶᠢ ᠲᠥᠯᠦᠭᠡᠯᠡᠬᠦ》ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠦᠨᠳᠦᠰᠦᠨ ᠣᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠤᠯᠭ᠎ᠠ᠎ᠶᠢ ᠪᠠᠷᠢᠮᠲᠠᠯᠠᠵᠤ᠂ 《ᠳᠥᠷᠪᠡᠨ ᠤᠬᠠᠮᠰᠠᠷ》᠎ᠢᠶ᠋ᠠᠨ ᠴᠢᠩᠭᠠᠳᠭᠠᠵᠤ᠂ 《ᠳᠥᠷᠪᠡᠨ ᠢᠲᠡᠭᠡᠯ》ᠢ᠋ᠶ᠋ᠡᠨ ᠪᠠᠲᠤᠳᠭᠠᠵᠤ᠂《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠂ ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠵᠤ᠂ ᠵᠣᠬᠢᠶᠠᠨ ᠪᠠᠢᠭᠤᠯᠤᠯᠲᠠ᠎ᠶᠢᠨ ᠬᠦᠴᠦᠨ᠎ᠢ ᠳᠡᠭᠡᠭᠱᠢᠯᠡᠭᠦᠯᠬᠦ᠎ᠪᠡᠷ ᠭᠣᠣᠯᠳᠠᠯᠭ᠎ᠠ ᠪᠣᠯᠭᠠᠵᠤ᠂ ᠨᠠᠮ᠎ᠤᠨ ᠡᠭᠦᠷ᠎ᠦᠨ ᠪᠠᠢᠭᠤᠯᠤᠯᠲᠠ᠎ᠪᠠᠷ ᠰᠠᠭᠤᠷᠢ ᠪᠣᠯᠭᠠᠵᠤ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠴᠢᠨᠠᠷ ᠴᠢᠨᠰᠠᠭ᠎ᠠ᠎ᠶᠢ ᠪᠦᠬᠦ ᠲᠠᠯ᠎ᠠ᠎ᠪᠠᠷ ᠳᠡᠭᠡᠭᠱᠢᠯᠡᠭᠦᠯᠵᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠲᠠᠯ᠎ᠠ᠎ᠪᠠᠷ ᠦᠯᠢᠭᠡᠷ ᠳᠠᠭᠤᠷᠢᠶᠠᠯ ᠪᠣᠯᠵᠤ᠂ ᠢᠮᠠᠭᠲᠠ ᠰᠢ ᠵᠢᠨ ᠫᠢᠩ ᠨᠥᠬᠦᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠲᠠᠯ᠎ᠠ᠎ᠪᠠᠷ ᠦᠯᠢᠭᠡᠷ ᠳᠠᠭᠤᠷᠢᠶᠠᠯ ᠪᠣᠯᠵᠤ᠂ ᠨᠠᠮ᠎ᠤᠨ ᠲᠥᠪ ᠬᠣᠷᠢᠶᠠᠨ᠎ᠤ ᠡᠯ᠎ᠡ ᠵᠦᠢᠯ᠎ᠦᠨ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠯ᠎ᠠ᠎ᠪᠠᠷ ᠦᠯᠢᠭᠡᠷ ᠳᠠᠭᠤᠷᠢᠶᠠᠯ ᠪᠣᠯᠵᠤ᠂ ᠨᠠᠮ᠎ᠤᠨ ᠲᠥᠪ ᠬᠣᠷᠢᠶᠠᠨ᠎ᠤ ᠢᠲᠡᠭᠡᠯ᠎ᠢ ᠣᠯᠵᠤ᠂ ᠠᠷᠠᠳ ᠲᠦᠮᠡᠨ᠎ᠳ᠋ᠦ᠍ ᠲᠠᠭᠠᠱᠢᠶᠠᠭᠳᠠᠭᠰᠠᠨ ᠵᠢᠱ᠌ᠢᠶᠡᠴᠢ ᠪᠠᠢᠭᠤᠯᠭ᠎ᠠ᠎ᠶᠢ ᠪᠠᠢᠭᠤᠯᠵᠤ᠂ ᠲᠤᠰ ᠨᠢᠭᠡᠴᠢ᠎ᠶᠢᠨ᠎ᠪᠡᠨ ᠡᠯ᠎ᠡ ᠵᠦᠢᠯ᠎ᠦᠨ ᠠᠵᠢᠯ᠎ᠤᠨ ᠡᠭᠦᠷᠭᠡ᠎ᠪᠡᠨ ᠪᠡᠶᠡᠯᠡᠭᠦᠯᠬᠦ᠎ᠶᠢ ᠠᠬᠢᠭᠤᠯᠬᠤ ᠬᠡᠷᠡᠭᠲᠡᠢ᠃

  ᠳᠥᠷᠪᠡᠳᠦᠭᠡᠷ ᠵᠦᠢᠯ  ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯ ᠳᠣᠣᠷᠠᠬᠢ ᠵᠠᠷᠴᠢᠮ ᠢ᠋ ᠵᠢᠷᠤᠮᠯᠠᠬᠤ ᠬᠡᠷᠡᠭᠲᠡᠢ᠄

  (ᠨᠢᠭᠡ) ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠭᠠᠵᠤ᠂ ᠲᠤᠭ ᠲᠡᠮᠳᠡᠭ ᠲᠣᠳᠤᠷᠬᠠᠢ᠎ᠪᠠᠷ ᠤᠯᠤᠰ ᠲᠥᠷᠦ᠎ᠶᠢ ᠡᠷᠬᠢᠮᠯᠡᠵᠦ᠂ ᠤᠯᠤᠰ ᠲᠥᠷᠦ᠎ᠶᠢᠨ ᠪᠠᠷᠢᠮᠵᠢᠶ᠎ᠠ᠂ ᠤᠯᠤᠰ ᠲᠥᠷᠦ᠎ᠶᠢᠨ ᠱᠠᠭᠠᠷᠳᠠᠯᠭ᠎ᠠ᠎ᠶᠢ ᠠᠵᠢᠯ᠎ᠤᠨ ᠪᠦᠬᠦ ᠶᠠᠪᠤᠴᠠ ᠪᠣᠯᠤᠨ ᠠᠵᠢᠯ ᠦᠢᠯᠡᠰ᠎ᠦᠨ ᠬᠥᠭᠵᠢᠯᠲᠡ᠎ᠶᠢᠨ ᠡᠯ᠎ᠡ ᠲᠠᠯ᠎ᠠ᠎ᠳᠤ ᠲᠤᠭᠤᠱᠢᠯᠠᠭᠤᠯᠬᠤ ᠬᠡᠷᠡᠭᠲᠡᠢ;

  (ᠬᠣᠶᠠᠷ) ᠨᠠᠮ᠎ᠨᠢ ᠨᠠᠮ᠎ᠢ ᠬᠠᠮᠢᠶᠠᠷᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠵᠤ᠂ 《ᠵᠠᠩᠭᠢᠯᠠᠭ᠎ᠠ᠎ᠶᠢᠨ ᠴᠥᠭᠡᠨ ᠲᠣᠭᠠᠲᠠᠨ᠎ᠢ ᠠᠳᠭᠤᠵᠤ》᠂ 《ᠵᠣᠩᠬᠢᠯᠠᠬᠤ ᠣᠯᠠᠨ ᠲᠣᠭᠠᠲᠠᠨ》 ᠢ᠋ ᠰᠠᠢᠲᠤᠷ ᠬᠠᠮᠢᠶᠠᠷᠴᠤ᠂ ᠨᠠᠮ᠎ᠤᠨ ᠲᠡᠷᠢᠭᠦᠨ᠎ᠦ ᠴᠢᠨᠠᠷ ᠪᠣᠯᠤᠨ ᠴᠡᠪᠡᠷ ᠴᠢᠨᠠᠷ ᠢ᠋ ᠢᠮᠠᠭᠲᠠ ᠪᠠᠲᠤᠯᠠᠬᠤ ᠬᠡᠷᠡᠭᠲᠡᠢ ;

  (ᠭᠤᠷᠪᠠ) ᠭᠣᠣᠯᠳᠠᠯᠭ᠎ᠠ᠎ᠪᠠᠷ ᠭᠣᠣᠯᠴᠢᠯᠠᠬᠤ᠂ ᠡᠩᠨᠡᠭᠡ᠎ᠶᠢ ᠪᠠᠢᠭᠤᠯᠬᠤ᠂ ᠣᠯᠠᠨ ᠲᠦᠮᠡᠨ᠎ᠳ᠋ᠦ᠍ ᠦᠢᠯᠡᠴᠢᠯᠡᠬᠦ᠎ᠶᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶᠢᠨ ᠠᠵᠢᠯ ᠪᠣᠯᠤᠨ ᠲᠤᠬᠠᠢᠯᠠᠭᠰᠠᠨ ᠠᠵᠢᠯ ᠢ᠋ ᠭᠦᠨᠵᠡᠭᠡᠢ ᠠᠭᠤᠰᠤᠯᠴᠠᠭᠤᠯᠵᠤ᠂ ᠬᠠᠷᠢᠯᠴᠠᠨ ᠠᠬᠢᠭᠤᠯᠬᠤ᠎ᠶᠢ ᠠᠬᠢᠭᠤᠯᠬᠤ ᠬᠡᠷᠡᠭᠲᠡᠢ;

  (ᠳᠥᠷᠪᠡ) ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭᠠᠭᠤᠯᠬᠤ᠎ᠶᠢ ᠪᠠᠷᠢᠮᠲᠠᠯᠠᠵᠤ᠂ ᠤᠳᠤᠷᠢᠳᠬᠤ ᠪᠠᠢᠭᠤᠯᠭ᠎ᠠ ᠪᠣᠯᠤᠨ ᠤᠳᠤᠷᠢᠳᠬᠤ ᠺᠠᠳ᠋ᠷ᠎ᠤᠨ ᠵᠢᠱ᠌ᠢᠶ᠎ᠡ ᠦᠵᠡᠭᠦᠯᠵᠦ ᠬᠥᠲᠦᠯᠦᠨ ᠳᠠᠭᠠᠭᠤᠯᠬᠤ ᠦᠢᠯᠡᠳᠦᠯ ᠢ᠋ ᠪᠠᠳᠠᠷᠠᠭᠤᠯᠬᠤ ᠬᠡᠷᠡᠭᠲᠡᠢ;

  (ᠲᠠᠪᠤ) ᠵᠠᠯᠭᠠᠮᠵᠢᠯᠠᠬᠤ ᠪᠠ ᠱᠢᠨ᠎ᠡ᠎ᠶᠢ ᠡᠭᠦᠳᠬᠦ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠪᠣᠳᠠᠲᠤ ᠦᠷ᠎ᠡ ᠪᠦᠲᠦᠮᠵᠢ᠎ᠶᠢ ᠴᠢᠩᠭᠠᠳᠭᠠᠬᠤ ᠬᠡᠷᠡᠭᠲᠡᠢ᠃

 

    ᠬᠣᠶᠠᠳᠤᠭᠠᠷ ᠪᠦᠯᠦᠭ  ᠵᠣᠬᠢᠶᠠᠨ ᠪᠠᠢᠭᠤᠯᠤᠯᠲᠠ᠎ᠶᠢᠨ ᠪᠠᠢᠷᠢᠯᠠᠭᠤᠯᠤᠯᠲᠠ

 

  ᠲᠠᠪᠤᠳᠤᠭᠠᠷ ᠵᠦᠢᠯ  ᠪᠠᠢᠭᠤᠯᠭ᠎ᠠ᠎ᠶᠢᠨ ᠨᠠᠮ᠎ᠤᠨ ᠭᠡᠱᠢᠭᠦᠨ 100 ᠬᠥᠮᠦᠨ᠎ᠡᠴᠡ ᠳᠡᠭᠡᠭᠱᠢ ᠪᠠᠢᠪᠠᠯ᠂ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ᠎ᠶᠢ ᠪᠠᠢᠭᠤᠯᠤᠨ᠎ᠠ᠃ ᠨᠠᠮ᠎ᠤᠨ ᠭᠡᠱᠢᠭᠦᠨ᠎ᠦ ᠲᠣᠭ᠎ᠠ᠎ᠨᠢ 100 ᠬᠥᠮᠦᠨ᠎ᠳ᠋ᠦ᠍ ᠬᠦᠷᠬᠦ᠎ᠦᠭᠡᠢ ᠪᠠᠢᠪᠠᠯ᠂ ᠠᠵᠢᠯ᠎ᠤᠨ ᠬᠡᠷᠡᠭᠴᠡᠭᠡ᠎ᠡᠴᠡ ᠪᠣᠯᠵᠤ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠠᠷ ᠵᠥᠪᠱᠢᠶᠡᠷᠡᠭᠦᠯᠦᠭᠡᠳ᠂ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ᠎ᠶᠢ ᠪᠠᠢᠭᠤᠯᠵᠤ ᠪᠣᠯᠤᠨ᠎ᠠ᠃ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ᠎ᠶᠢ ᠨᠠᠮ᠎ᠤᠨ ᠭᠡᠱᠢᠭᠦᠳ᠎ᠦᠨ ᠶᠡᠬᠡ ᠬᠤᠷᠠᠯ ᠪᠤᠶᠤ ᠨᠠᠮ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠠᠴᠠ ᠰᠣᠩᠭᠤᠨ ᠭᠠᠷᠭᠠᠨ᠎ᠠ᠂ ᠬᠤᠭᠤᠴᠠᠭ᠎ᠠ ᠪᠦᠷᠢ᠎ᠶᠢᠨ ᠲᠤᠱᠢᠶᠠᠯ᠎ᠤᠨ ᠬᠤᠭᠤᠴᠠᠭ᠎ᠠ᠎ᠨᠢ 5 ᠵᠢᠯ ᠪᠣᠯᠤᠨ᠎ᠠ᠃

  ᠪᠠᠢᠭᠤᠯᠭ᠎ᠠ᠎ᠶᠢᠨ ᠨᠠᠮ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢ᠎ᠳ᠋ᠦ᠍ ᠲᠤᠱᠢᠶᠠᠯ᠎ᠤᠨ ᠬᠤᠭᠤᠴᠠᠭ᠎ᠠ᠎ᠶᠢᠨ ᠳᠦᠷᠢᠮ ᠢ᠋ ᠬᠡᠷᠡᠭᠵᠢᠭᠦᠯᠦᠨ᠎ᠡ᠃

  ᠵᠢᠷᠭᠤᠳᠤᠭᠠᠷ ᠵᠦᠢᠯ  ᠪᠠᠢᠭᠤᠯᠭ᠎ᠠ᠎ᠶᠢᠨ ᠨᠠᠮ᠎ᠤᠨ ᠭᠡᠱᠢᠭᠦᠨ᠎ᠦ ᠬᠥᠮᠦᠨ᠎ᠦ ᠲᠣᠭ᠎ᠠ 50 ᠬᠥᠮᠦᠨ᠎ᠡᠴᠡ ᠳᠡᠭᠡᠭᠱᠢ᠂ 100 ᠬᠥᠮᠦᠨ᠎ᠡᠴᠡ ᠳᠣᠷᠣᠭᠱᠢ ᠪᠠᠢᠪᠠᠯ᠂ ᠨᠠᠮ᠎ᠤᠨ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ᠎ᠢ ᠪᠠᠢᠭᠤᠯᠤᠨ᠎ᠠ᠃ ᠨᠠᠮ᠎ᠤᠨ ᠭᠡᠱᠢᠭᠦᠨ᠎ᠦ ᠬᠥᠮᠦᠨ᠎ᠦ ᠲᠣᠭ᠎ᠠ᠎ᠨᠢ 50 ᠬᠥᠮᠦᠨ᠎ᠳ᠋ᠦ᠍ ᠬᠦᠷᠬᠦ᠎ᠦᠭᠡᠢ ᠪᠠᠢᠪᠠᠯ᠂ ᠠᠵᠢᠯ᠎ᠤᠨ ᠬᠡᠷᠡᠭᠴᠡᠭᠡ᠎ᠡᠴᠡ ᠪᠣᠯᠵᠤ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠠᠷ ᠵᠥᠪᠱᠢᠶᠡᠷᠡᠭᠦᠯᠦᠭᠡᠳ᠂ ᠨᠠᠮ᠎ᠤᠨ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ ᠢ᠋ ᠪᠠᠢᠭᠤᠯᠵᠤ ᠪᠣᠯᠤᠨ᠎ᠠ᠃ ᠨᠠᠮ᠎ᠤᠨ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ᠎ᠢ ᠨᠠᠮ᠎ᠤᠨ ᠭᠡᠱᠢᠭᠦᠳ᠎ᠦᠨ ᠶᠡᠬᠡ ᠬᠤᠷᠠᠯ᠎ᠠᠴᠠ ᠰᠣᠩᠭᠤᠨ ᠭᠠᠷᠭᠠᠨ᠎ᠠ᠂ ᠬᠤᠭᠤᠴᠠᠭ᠎ᠠ ᠪᠦᠷᠢ᠎ᠶᠢᠨ ᠲᠤᠱᠢᠶᠠᠯ᠎ᠤᠨ ᠬᠤᠭᠤᠴᠠᠭ᠎ᠠ᠎ᠨᠢ 3 ᠵᠢᠯ ᠪᠣᠯᠤᠨ᠎ᠠ᠃

  ᠳᠣᠯᠤᠳᠤᠭᠠᠷ ᠵᠦᠢᠯ  ᠪᠠᠢᠭᠤᠯᠭ᠎ᠠ᠎ᠶᠢᠨ ᠵᠢᠩᠬᠢᠨᠢ ᠨᠠᠮ᠎ᠤᠨ ᠭᠡᠱᠢᠭᠦᠨ 3᠎ᠠᠴᠠ ᠳᠡᠭᠡᠭᠱᠢ ᠪᠠᠢᠪᠠᠯ᠂ ᠨᠠᠮ᠎ᠤᠨ ᠡᠭᠦᠷ ᠪᠠᠢᠭᠤᠯᠤᠨ᠎ᠠ᠃ 7 ᠬᠥᠮᠦᠨ᠎ᠡᠴᠡ ᠳᠡᠭᠡᠭᠱᠢ ᠵᠢᠩᠬᠢᠨᠢ ᠨᠠᠮ᠎ᠤᠨ ᠭᠡᠱᠢᠭᠦᠨ᠎ᠲᠡᠢ ᠨᠠᠮ᠎ᠤᠨ ᠡᠭᠦᠷ᠎ᠨᠢ ᠡᠭᠦᠷ᠎ᠦᠨ ᠭᠡᠱᠢᠭᠦᠳ᠎ᠦᠨ ᠬᠤᠷᠠᠯ ᠢ᠋ ᠪᠠᠢᠭᠤᠯᠤᠨ᠎ᠠ; ᠵᠢᠩᠬᠢᠨᠢ ᠨᠠᠮ᠎ᠤᠨ ᠭᠡᠱᠢᠭᠦᠨ 7 ᠬᠥᠮᠦᠨ ᠬᠦᠷᠬᠦ᠎ᠦᠭᠡᠢ ᠨᠠᠮ᠎ᠤᠨ ᠡᠭᠦᠷ᠎ᠲᠦ᠍ 1 ᠱᠦᠵᠢ ᠲᠠᠯᠪᠢᠵᠤ᠂ ᠴᠢᠬᠤᠯᠠᠲᠠᠢ ᠦᠶ᠎ᠡ᠎ᠳᠦ 1 ᠳᠡᠳ᠋ ᠱᠦᠵᠢ ᠲᠠᠯᠪᠢᠵᠤ ᠪᠣᠯᠤᠨ᠎ᠠ᠃ ᠨᠠᠮ᠎ᠤᠨ ᠡᠭᠦᠷ᠎ᠦᠨ ᠭᠡᠱᠢᠭᠦᠳ᠎ᠦᠨ ᠬᠤᠷᠠᠯ ᠪᠠ ᠡᠭᠦᠷ᠎ᠦᠨ ᠭᠡᠱᠢᠭᠦᠳ᠎ᠦᠨ ᠬᠤᠷᠠᠯ ᠪᠠᠢᠭᠤᠯᠤᠭᠰᠠᠨ᠎ᠦᠭᠡᠢ ᠡᠭᠦᠷ᠎ᠦᠨ ᠱᠦᠵᠢ᠂ ᠳᠡᠳ᠋ ᠱᠦᠵᠢ᠎ᠶᠢᠨ ᠬᠤᠭᠤᠴᠠᠭ᠎ᠠ ᠪᠦᠷᠢ᠎ᠶᠢᠨ ᠲᠤᠱᠢᠶᠠᠯ᠎ᠤᠨ ᠬᠤᠭᠤᠴᠠᠭ᠎ᠠ᠎ᠨᠢ ᠶᠡᠷᠦ ᠳᠣ᠌᠎ᠪᠠᠨ 3 ᠵᠢᠯ ᠪᠣᠯᠤᠨ᠎ᠠ᠃

  ᠨᠠᠢ᠍ᠮᠠᠳᠤᠭᠠᠷ ᠵᠦᠢᠯ  ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠤᠱᠢᠶᠠᠯ᠎ᠤᠨ ᠬᠤᠭᠤᠴᠠᠭᠠᠨ ᠤ᠋ ᠳᠦᠷᠢᠮ ᠢ᠋ ᠴᠢᠩᠭ᠎ᠠ ᠬᠡᠷᠡᠭᠵᠢᠭᠦᠯᠵᠦ᠂ ᠲᠤᠱᠢᠶᠠᠯ᠎ᠤᠨ ᠬᠤᠭᠤᠴᠠᠭ᠎ᠠ᠎ᠨᠢ ᠳᠦᠭᠦᠷᠪᠡᠯ ᠬᠤᠭᠤᠴᠠᠭ᠎ᠠ ᠰᠣᠯᠢᠬᠤ ᠰᠣᠩᠭᠤᠭᠤᠯᠢ᠎ᠶᠢ ᠲᠣᠭᠲᠠᠭᠰᠠᠨ ᠴᠠᠭ᠎ᠲᠤ ᠬᠢᠬᠦ ᠬᠡᠷᠡᠭᠲᠡᠢ᠃ ᠱᠦᠵᠢ᠂ ᠳᠡᠳ᠋ ᠱᠦᠵᠢ᠎ᠶᠢ ᠰᠣᠩᠭᠤᠵᠤ ᠭᠠᠷᠭᠠᠭᠰᠠᠨ᠎ᠤ ᠳᠠᠷᠠᠭ᠎ᠠ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠵᠦ ᠵᠥᠪᠱᠢᠶᠡᠷᠡᠭᠦᠯᠦᠨ᠎ᠡ᠃

  ᠪᠠᠢᠭᠤᠯᠭ᠎ᠠ᠎ᠶᠢᠨ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ ᠪᠠ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ ᠪᠠᠢᠭᠤᠯᠤᠭᠰᠠᠨ᠎ᠦᠭᠡᠢ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ᠎ᠤᠨ ᠱᠦᠵᠢ᠎ᠶᠢᠨ ᠲᠤᠱᠢᠶᠠᠯ ᠢ᠋ ᠨᠢᠭᠡᠴᠢ᠎ᠶᠢᠨ ᠨᠠᠮ᠎ᠤᠨ ᠭᠡᠱᠢᠭᠦᠨ ᠬᠠᠷᠢᠭᠤᠴᠠᠯᠭᠠᠲᠠᠨ ᠬᠠᠷᠢᠭᠤᠴᠠᠬᠤ ᠬᠡᠷᠡᠭᠲᠡᠢ᠃ ᠨᠠᠮ᠎ᠤᠨ ᠭᠡᠱᠢᠭᠦᠨ᠎ᠦ ᠲᠣᠭ᠎ᠠ ᠪᠠ ᠱᠢᠭᠤᠳ ᠬᠠᠷᠢᠶ᠎ᠠ ᠨᠢᠭᠡᠴᠢ᠎ᠨᠢ ᠨᠡᠯᠢᠶᠡᠳ ᠣᠯᠠᠨ ᠪᠠᠢᠭ᠎ᠠ ᠪᠠᠢᠭᠤᠯᠭ᠎ᠠ ᠶ᠋ᠢᠨ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ᠎ᠳᠤ ᠲᠤᠰᠭᠠᠢ ᠲᠤᠱᠢᠶᠠᠯᠲᠤ ᠳᠡᠳ᠋ ᠱᠦᠵᠢ ᠲᠠᠯᠪᠢᠨ᠎ᠠ᠃ ᠨᠠᠮ᠎ᠤᠨ ᠡᠭᠦᠷ᠎ᠦᠨ ᠱᠦᠵᠢ᠎ᠶᠢᠨ ᠲᠤᠱᠢᠶᠠᠯ᠎ᠢ ᠵᠠᠷᠴᠢᠮ ᠳᠡᠭᠡᠷ᠎ᠡ᠎ᠪᠡᠨ ᠨᠢᠭᠡᠴᠢ᠎ᠶᠢᠨ ᠨᠠᠮ᠎ᠤᠨ ᠭᠡᠱᠢᠭᠦᠨ ᠭᠣᠣᠯ ᠬᠠᠷᠢᠭᠤᠴᠠᠯᠭᠠᠲᠠᠨ ᠬᠠᠷᠢᠭᠤᠴᠠᠨ᠎ᠠ᠃ ᠱᠦᠵᠢ᠂ ᠳᠡᠳ᠋ ᠱᠦᠵᠢ᠎ᠨᠢ ᠲᠤᠱᠢᠶᠠᠯ᠎ᠤᠨ ᠬᠤᠭᠤᠴᠠᠭᠠᠨ ᠳᠣᠲᠤᠷ᠎ᠠ ᠲᠤᠱᠢᠶᠠᠯ᠎ᠤᠨ ᠬᠤᠪᠢᠷᠠᠯᠲᠠ ᠭᠠᠷᠬᠤ᠎ᠳᠤ ᠬᠦᠷᠪᠡᠯ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠠᠷ ᠵᠥᠪᠱᠢᠶᠡᠷᠡᠭᠦᠯᠬᠦ ᠬᠡᠷᠡᠭᠲᠡᠢ᠃

  ᠶᠢᠰᠦᠳᠦᠭᠡᠷ ᠵᠦᠢᠯ  ᠪᠠᠢᠭᠤᠯᠭ᠎ᠠ᠎ᠶᠢᠨ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ᠎ᠨᠢ ᠪᠠᠢᠭᠤᠯᠭ᠎ᠠ᠎ᠶᠢᠨ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠠᠢᠭᠤᠯᠬᠤ ᠬᠡᠷᠡᠭᠲᠡᠢ᠃ ᠪᠠᠢᠭᠤᠯᠭ᠎ᠠ᠎ᠶᠢᠨ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ᠎ᠶᠢᠨ ᠲᠤᠱᠢᠶᠠᠯ ᠢ᠋ ᠪᠠᠢᠭᠤᠯᠭ᠎ᠠ᠎ᠶᠢᠨ ᠨᠠᠮ᠎ᠤᠨ ᠦᠨᠳᠦᠰᠦᠨ ᠱᠠᠲᠤᠨ᠎ᠤ ᠬᠣᠷᠢᠶᠠᠨ᠎ᠤ ᠳᠡᠳ᠋ ᠱᠦᠵᠢ ᠬᠠᠷᠢᠭᠤᠴᠠᠨ᠎ᠠ᠃ ᠪᠠᠢᠭᠤᠯᠭ᠎ᠠ ᠶ᠋ᠢᠨ ᠨᠠᠮ᠎ᠤᠨ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ ᠪᠣᠯᠤᠨ ᠡᠭᠦᠷ᠎ᠦᠨ ᠭᠡᠱᠢᠭᠦᠳ᠎ᠦᠨ ᠬᠤᠷᠠᠯ᠎ᠨᠢ ᠰᠠᠬᠢᠯᠭ᠎ᠠ ᠪᠠᠲᠤ ᠪᠠᠢᠴᠠᠭᠠᠬᠤ ᠭᠡᠱᠢᠭᠦᠨ ᠲᠠᠯᠪᠢᠨ᠎ᠠ᠃

  ᠪᠠᠢᠭᠤᠯᠭ᠎ᠠ᠎ᠶᠢᠨ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠠᠳᠠᠯᠢ ᠱᠠᠲᠤᠨ᠎ᠤ ᠪᠠᠢᠭᠤᠯᠭ᠎ᠠ᠎ᠶᠢᠨ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ ᠪᠠ ᠳᠡᠭᠡᠳᠦ ᠱᠠᠲᠤᠨ᠎ᠤ ᠪᠠᠢᠭᠤᠯᠭ᠎ᠠ᠎ᠶᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠬᠣᠷᠢᠶᠠᠨ᠎ᠤ ᠳᠠᠪᠬᠤᠷ ᠤᠳᠤᠷᠢᠳᠤᠯᠭ᠎ᠠ᠎ᠶᠢᠨ ᠳᠣᠣᠷ᠎ᠠ ᠠᠵᠢᠯᠯᠠᠵᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠲᠤᠬᠠᠢᠯᠠᠭᠰᠠᠨ ᠠᠵᠢᠯ᠎ᠤᠨ ᠵᠢᠭᠠᠨ ᠵᠢᠯᠤᠭᠤᠳᠤᠯᠭ᠎ᠠ ᠪᠠ ᠬᠢᠨᠠᠯᠲᠠ ᠪᠠᠢᠴᠠᠭᠠᠯᠲᠠ᠎ᠶᠢ ᠬᠦᠯᠢᠶᠡᠨ᠎ᠡ᠃

 

    ᠭᠤᠷᠪᠠᠳᠤᠭᠠᠷ ᠪᠦᠯᠦᠭ  ᠦᠨᠳᠦᠰᠦᠨ ᠲᠤᠱᠢᠶᠠᠯ ᠬᠠᠷᠢᠭᠤᠴᠠᠯᠭ᠎ᠠ

 

  ᠠᠷᠪᠠᠳᠤᠭᠠᠷ ᠵᠦᠢᠯ ᠪᠠᠢᠭᠤᠯᠭ᠎ᠠ᠎ᠶᠢᠨ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ (ᠨᠠᠮ᠎ᠤᠨ ᠦᠨᠳᠦᠰᠦᠨ ᠱᠠᠲᠤᠨ᠎ᠤ ᠬᠣᠷᠢᠶ᠎ᠠ ᠪᠠᠢᠭᠤᠯᠤᠭᠰᠠᠨ᠎ᠦᠭᠡᠢ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ᠂ ᠡᠭᠦᠷ᠎ᠦᠨ ᠭᠡᠱᠢᠭᠦᠳ᠎ᠦᠨ ᠬᠤᠷᠠᠯ᠎ᠢ ᠪᠠᠭᠲᠠᠭᠠᠨ᠎ᠠ) ᠶ᠋ᠢᠨ ᠦᠨᠳᠦᠰᠦᠨ ᠲᠤᠱᠢᠶᠠᠯ ᠬᠠᠷᠢᠭᠤᠴᠠᠯᠭ᠎ᠠ ᠪᠣᠯ᠄

  (ᠨᠢᠭᠡ) ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠨᠳᠦᠰᠦᠨ ᠪᠠᠢᠭᠤᠯᠤᠯ᠂ ᠰᠠᠭᠤᠷᠢ ᠪᠠᠢᠭᠤᠯᠤᠯ᠂ ᠴᠢᠬᠤᠯᠠ ᠪᠠᠢᠭᠤᠯᠤᠯ ᠢ᠋ ᠪᠠᠷᠢᠮᠲᠠᠯᠠᠨ ᠨᠠᠢᠳᠠᠪᠤᠷᠢᠵᠢᠭᠤᠯᠵᠤ᠂ ᠨᠠᠮ᠎ᠤᠨ ᠱᠤᠭᠤᠮ᠂ ᠴᠢᠭᠯᠡᠯᠲᠡ᠂ ᠲᠥᠷᠦ ᠶ᠋ᠢᠨ ᠪᠣᠳᠤᠯᠭ᠎ᠠ᠎ᠶᠢ ᠤᠬᠠᠭᠤᠯᠤᠨ ᠬᠡᠷᠡᠭᠵᠢᠭᠦᠯᠵᠦ᠂ ᠨᠠᠮ᠎ᠤᠨ ᠲᠥᠪ ᠬᠣᠷᠢᠶ᠎ᠠ᠂ ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠲᠤᠰ ᠵᠣᠬᠢᠶᠠᠨ ᠪᠠᠢᠭᠤᠯᠤᠯᠲᠠ᠎ᠶᠢᠨ ᠱᠢᠢᠳᠪᠦᠷᠢ᠎ᠶᠢ ᠤᠬᠠᠭᠤᠯᠤᠨ ᠬᠡᠷᠡᠭᠵᠢᠭᠦᠯᠵᠦ᠂ ᠨᠠᠮ᠎ᠤᠨ ᠵᠣᠬᠢᠶᠠᠨ ᠪᠠᠢᠭᠤᠯᠤᠯᠲᠠ ᠶ᠋ᠢᠨ ᠳᠠᠢᠴᠢᠨ ᠪᠡᠬᠢᠯᠡᠯᠲᠡ᠎ᠶᠢᠨ ᠦᠢᠯᠡᠳᠦᠯ ᠪᠣᠯᠤᠨ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠢᠳᠡᠪᠬᠢᠲᠡᠢ᠎ᠪᠡᠷ ᠲᠡᠷᠢᠭᠦᠨ᠎ᠦ ᠬᠢ᠎ᠶᠢ ᠡᠭᠦᠳᠴᠦ ᠱᠢᠯᠢᠳᠡᠭ ᠪᠣᠯᠬᠤ᠎ᠪᠠᠷ ᠴᠢᠷᠮᠠᠢᠵᠤ᠂ ᠨᠠᠮ᠎ᠤᠨ ᠳᠣᠲᠤᠭᠠᠳᠤ ᠭᠠᠳᠠᠭᠠᠳᠤ᠎ᠶᠢᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠵᠣᠬᠢᠶᠠᠨ ᠪᠠᠢᠭᠤᠯᠵᠤ᠂ ᠲᠤᠰ ᠨᠢᠭᠡᠴᠢ᠎ᠶᠢᠨ᠎ᠪᠡᠨ ᠡᠭᠦᠷᠭᠡᠯᠡᠭᠰᠡᠨ ᠡᠭᠦᠷᠭᠡ᠎ᠶᠢ ᠴᠢᠷᠮᠠᠢᠨ ᠪᠡᠶᠡᠯᠡᠭᠦᠯᠦᠨ᠎ᠡ᠃

  (ᠬᠣᠶᠠᠷ) 《ᠬᠣᠶᠠᠷ ᠢ᠋ ᠰᠤᠷᠤᠯᠴᠠᠵᠤ ᠨᠢᠭᠡ᠎ᠳ᠋ᠦ᠍ ᠲᠡᠩᠴᠡᠭᠦᠯᠬᠦ》 ᠰᠤᠷᠤᠯᠴᠠᠯᠭ᠎ᠠ ᠬᠥᠮᠦᠵᠢᠯ ᠢ᠋ ᠪᠠᠢᠩᠭᠤᠵᠢᠭᠤᠯᠵᠤ ᠳᠦᠷᠢᠮᠵᠢᠭᠦᠯᠬᠦ ᠶ᠋ᠢ ᠠᠬᠢᠭᠤᠯᠵᠤ᠂ ᠨᠠᠮ᠎ᠤᠨ ᠭᠡᠱᠢᠭᠦᠨ ᠢ᠋ ᠵᠣᠬᠢᠶᠠᠨ ᠪᠠᠢᠭᠤᠯᠤᠨ ᠨᠠᠮ᠎ᠤᠨ ᠱᠢᠨ᠎ᠡ᠎ᠶᠢ ᠡᠭᠦᠳᠬᠦ ᠣᠨᠤᠯ ᠢ᠋ ᠭᠦᠨᠵᠡᠭᠡᠢ ᠰᠤᠷᠤᠯᠴᠠᠵᠤ᠂ ᠨᠠᠮ᠎ᠤᠨ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ ᠪᠣᠯᠤᠨ ᠱᠢᠢᠳᠪᠦᠷᠢ᠎ᠶᠢ ᠰᠤᠷᠤᠯᠴᠠᠵᠤ᠂ ᠨᠠᠮ᠎ᠤᠨ ᠦᠨᠳᠦᠰᠦᠨ ᠮᠡᠳᠡᠯᠭᠡ ᠪᠣᠯᠤᠨ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶᠢᠨ ᠲᠡᠦᠬᠡ᠎ᠶᠢ ᠰᠤᠷᠤᠯᠴᠠᠵᠤ᠂ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ ᠪᠠ ᠤᠯᠤᠰ᠎ᠤᠨ ᠬᠠᠤᠯᠢ ᠴᠠᠭᠠᠵᠠ ᠳᠦᠷᠢᠮ ᠲᠣᠭᠲᠠᠭᠠᠯ ᠢ᠋ ᠰᠤᠷᠤᠯᠴᠠᠵᠤ᠂ ᠲᠤᠬᠠᠢᠯᠠᠭᠰᠠᠨ ᠠᠵᠢᠯ᠎ᠤᠨ ᠮᠡᠳᠡᠯᠭᠡ ᠪᠣᠯᠤᠨ ᠠᠵᠤ ᠠᠬᠤᠢ᠂ ᠤᠯᠤᠰ ᠲᠥᠷᠦ᠂ ᠰᠣᠶᠤᠯ᠂ ᠨᠡᠢᠭᠡᠮ᠂ ᠠᠮᠢ ᠠᠬᠤᠢ᠎ᠶᠢᠨ ᠪᠣᠯᠪᠠᠰᠤᠨ ᠵᠡᠷᠭᠡ ᠡᠯ᠎ᠡ ᠲᠠᠯ᠎ᠠ᠎ᠶᠢᠨ ᠮᠡᠳᠡᠯᠭᠡ᠎ᠶᠢ ᠰᠤᠷᠤᠯᠴᠠᠨ᠎ᠠ᠃

  (ᠭᠤᠷᠪᠠ) ᠨᠠᠮ᠎ᠤᠨ ᠭᠡᠱᠢᠭᠦᠨ ᠢ᠋ ᠬᠥᠮᠦᠵᠢᠭᠦᠯᠵᠦ᠂ ᠬᠠᠮᠢᠶᠠᠷᠴᠤ᠂ ᠬᠢᠨᠠᠯᠲᠠ ᠲᠠᠯᠪᠢᠨ᠂ ᠲᠡᠳᠡᠨ᠎ᠳ᠋ᠦ᠍ ᠦᠢᠯᠡᠴᠢᠯᠡᠵᠦ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ ᠢ᠋ ᠴᠢᠩᠭᠠᠳᠭᠠᠵᠤ᠂ ᠨᠠᠮ᠎ᠤᠨ ᠰᠠᠬᠢᠯᠭ᠎ᠠ ᠪᠠᠲᠤ᠎ᠶᠢ ᠬᠠᠮᠠᠭᠠᠯᠠᠨ ᠬᠡᠷᠡᠭᠵᠢᠭᠦᠯᠵᠦ᠂ ᠨᠠᠮ᠎ᠤᠨ ᠭᠡᠱᠢᠭᠦᠨ᠎ᠦ ᠡᠭᠦᠷᠭᠡ᠎ᠪᠡᠨ ᠦᠨᠡᠨ᠎ᠬᠦ ᠪᠡᠶᠡᠯᠡᠭᠦᠯᠬᠦ᠎ᠳ᠋ᠦ᠍ ᠬᠢᠨᠠᠯᠲᠠ ᠲᠠᠯᠪᠢᠵᠤ᠂ ᠨᠠᠮ᠎ᠤᠨ ᠭᠡᠱᠢᠭᠦᠨ᠎ᠦ ᠡᠷᠬᠡ ᠠᠱᠢᠭ ᠬᠠᠯᠳᠠᠯᠭ᠎ᠠ᠎ᠳᠤ ᠤᠴᠠᠷᠠᠬᠤ᠎ᠦᠭᠡᠢ ᠪᠠᠢᠬᠤ᠎ᠶᠢ ᠪᠠᠲᠤᠯᠠᠨ᠎ᠠ᠃ ᠨᠠᠮ᠎ᠤᠨ ᠭᠡᠱᠢᠭᠦᠨ ᠺᠠᠳ᠋ᠷ ᠪᠣᠯᠤᠨ ᠪᠤᠰᠤᠳ ᠠᠵᠢᠯᠲᠠᠨ ᠪᠦᠬᠦᠨ᠎ᠦ ᠤᠯᠤᠰ᠎ᠤᠨ ᠬᠠᠤᠯᠢ ᠴᠠᠭᠠᠵᠠ ᠳᠦᠷᠢᠮ ᠲᠣᠭᠲᠠᠭᠠᠯ᠎ᠢ ᠴᠢᠩᠭ᠎ᠠ ᠵᠢᠷᠤᠮᠯᠠᠬᠤ᠎ᠳᠤ ᠬᠢᠨᠠᠯᠲᠠ ᠲᠠᠯᠪᠢᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶᠢ ᠴᠢᠩᠭᠠᠳᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠥᠷᠢᠴᠡᠭᠰᠡᠨ ᠡᠯ᠎ᠡ ᠵᠦᠢᠯ᠎ᠦᠨ ᠠᠵᠢᠯᠯᠠᠭ᠎ᠠ᠎ᠲᠠᠢ ᠡᠷᠡᠰ ᠲᠡᠮᠡᠴᠡᠯ ᠬᠢᠨ᠎ᠡ᠃

  (ᠳᠥᠷᠪᠡ) ᠣᠯᠠᠨ ᠲᠦᠮᠡᠨ᠎ᠲᠡᠢ ᠨᠢᠭᠲᠠ ᠬᠠᠷᠢᠯᠴᠠᠵᠤ᠂ ᠨᠠᠮ᠎ᠤᠨ ᠭᠡᠱᠢᠭᠦᠨ᠂ ᠨᠠᠮ᠎ᠤᠨ ᠠᠵᠢᠯ᠎ᠤᠨ ᠲᠤᠬᠠᠢ ᠣᠯᠠᠨ ᠲᠦᠮᠡᠨ᠎ᠦ ᠱᠢᠭᠦᠮᠵᠢᠯᠡᠯ ᠪᠠ ᠰᠠᠨᠠᠯ ᠢ᠋ ᠦᠷᠭᠦᠯᠵᠢ ᠣᠢᠯᠠᠭᠠᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠣᠢᠯᠠᠭᠠᠵᠤ᠂ ᠣᠯᠠᠨ ᠲᠦᠮᠡᠨ᠎ᠦ ᠵᠦᠢ ᠶᠣᠰᠤᠨ᠎ᠤ ᠡᠷᠬᠡ ᠪᠠ ᠠᠱᠢᠭ ᠲᠤᠰᠠ᠎ᠶᠢ ᠬᠠᠮᠠᠭᠠᠯᠠᠨ᠎ᠠ᠃

  (ᠲᠠᠪᠤ) ᠨᠠᠮ᠎ᠳᠤ ᠣᠷᠤᠬᠤ᠎ᠪᠠᠷ ᠭᠤᠶᠤᠴᠢᠯᠠᠵᠤ ᠪᠠᠢᠭ᠎ᠠ ᠢᠳᠡᠪᠬᠢᠲᠡᠨ᠎ᠢ ᠰᠤᠷᠭᠠᠵᠤ᠂ ᠬᠥᠮᠦᠵᠢᠭᠦᠯᠬᠦ ᠪᠠ ᠪᠠᠢᠴᠠᠭᠠᠵᠤ᠂ ᠨᠠᠮ᠎ᠤᠨ ᠭᠡᠱᠢᠭᠦᠨ ᠡᠯᠰᠡᠬᠦ ᠠᠵᠢᠯ ᠢ᠋ ᠰᠠᠢᠲᠤᠷ ᠬᠢᠨ᠎ᠡ᠃

  (ᠵᠢᠷᠭᠤᠭ᠎ᠠ) ᠦᠵᠡᠯ ᠰᠠᠨᠠᠭ᠎ᠠ ᠤᠯᠤᠰ ᠲᠥᠷᠦ᠎ᠶᠢᠨ ᠠᠵᠢᠯ ᠪᠣᠯᠤᠨ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠢ ᠰᠠᠢᠲᠤᠷ ᠬᠢᠵᠦ᠂ ᠪᠠᠢᠭᠤᠯᠭ᠎ᠠ᠎ᠶᠢᠨ ᠨᠡᠢᠭᠡᠮ ᠵᠢᠷᠤᠮ᠎ᠤᠨ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶᠢ ᠠᠬᠢᠭᠤᠯᠵᠤ᠂ ᠨᠡᠢᠭᠡᠮ ᠵᠢᠷᠤᠮ᠎ᠤᠨ ᠭᠣᠣᠯᠯᠠᠭᠴᠢ ᠥᠷᠲᠡᠭ᠎ᠦᠨ ᠦᠵᠡᠯᠲᠡ᠎ᠶᠢ ᠪᠣᠢᠵᠢᠭᠤᠯᠤᠨ ᠦᠢᠯᠡᠳᠦᠯᠭᠡᠵᠢᠭᠦᠯᠦᠨ᠎ᠡ᠃

  (ᠳᠣᠯᠤᠭ᠎ᠠ) ᠨᠠᠮ᠎ᠤᠨ ᠵᠣᠬᠢᠶᠠᠨ ᠪᠠᠢᠭᠤᠯᠤᠯᠲᠠ (ᠨᠠᠮ᠎ᠤᠨ ᠬᠣᠷᠢᠶ᠎ᠠ) ᠶ᠋ᠢ ᠬᠠᠮᠵᠢᠵᠤ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠣᠯᠠᠨ ᠲᠦᠮᠡᠨ᠎ᠦ ᠪᠦᠯᠬᠦᠮ᠎ᠦᠨ ᠺᠠᠳ᠋ᠷ ᠢ᠋ ᠬᠠᠮᠢᠶᠠᠷᠤᠨ᠎ᠠ ; ᠵᠣᠬᠢᠶᠠᠨ ᠪᠠᠢᠭᠤᠯᠬᠤ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠯᠦᠭᠡ ᠬᠠᠮᠵᠢᠯᠴᠠᠵᠤ ᠪᠠᠢᠭᠤᠯᠭ᠎ᠠ᠎ᠶᠢᠨ ᠤᠳᠤᠷᠢᠳᠬᠤ ᠺᠠᠳ᠋ᠷ ᠢ᠋ ᠪᠠᠢᠴᠠᠭᠠᠬᠤ᠂ ᠱᠢᠯᠭᠠᠨ ᠬᠢᠨᠠᠬᠤ ᠪᠠ ᠠᠷᠠᠳᠴᠢᠯᠠᠯ᠎ᠢᠶᠠᠷ ᠦᠨᠡᠯᠡᠵᠦ᠂ ᠪᠠᠢᠭᠤᠯᠭ᠎ᠠ᠎ᠶᠢᠨ ᠺᠠᠳ᠋ᠷ᠎ᠢ ᠰᠣᠩᠭᠤᠨ ᠳᠡᠪᠱᠢᠭᠦᠯᠵᠦ ᠬᠡᠷᠡᠭᠯᠡᠬᠦ ᠪᠠ ᠱᠠᠩᠨᠠᠨ ᠲᠣᠷᠭᠠᠬᠤ᠎ᠳᠤ ᠰᠠᠨᠠᠯ ᠳᠤᠷᠠᠳᠤᠨ᠎ᠠ᠃

  (ᠨᠠᠢ᠍ᠮᠠ) ᠪᠠᠢᠭᠤᠯᠭ᠎ᠠ᠎ᠶᠢᠨ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢᠴᠦᠳ᠎ᠦᠨ ᠵᠣᠬᠢᠶᠠᠨ ᠪᠠᠢᠭᠤᠯᠤᠯᠲᠠ ᠵᠡᠷᠭᠡ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶᠢ ᠤᠳᠤᠷᠢᠳᠴᠤ᠂ ᠡᠳᠡᠭᠡᠷ ᠵᠣᠬᠢᠶᠠᠨ ᠪᠠᠢᠭᠤᠯᠤᠯᠲᠠ᠎ᠶᠢᠨ ᠲᠤᠰ ᠲᠤᠰ᠎ᠤᠨ᠎ᠢᠶᠠᠨ ᠳᠦᠷᠢᠮ ᠶᠣᠰᠤᠭᠠᠷ ᠪᠡᠶ᠎ᠡ᠎ᠪᠡᠨ ᠳᠠᠭᠠᠭᠠᠵᠤ ᠬᠠᠷᠢᠭᠤᠴᠠᠯᠭ᠎ᠠ᠎ᠲᠠᠢ᠎ᠪᠠᠷ ᠠᠵᠢᠯ᠎ᠢᠶᠠᠨ ᠥᠷᠨᠢᠭᠦᠯᠬᠦ᠎ᠶᠢ ᠳᠡᠮᠵᠢᠨ᠎ᠡ᠃

  (ᠶᠢᠰᠦ) ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠶᠠᠯᠠᠯ᠎ᠤᠨ ᠬᠠᠷᠢᠴᠠᠭ᠎ᠠ ᠶᠣᠰᠤᠭᠠᠷ᠂ ᠱᠢᠭᠤᠳ ᠬᠠᠷᠢᠶ᠎ᠠ ᠨᠢᠭᠡᠴᠢ᠎ᠶᠢᠨ᠎ᠢᠶᠠᠨ ᠨᠠᠮ᠎ᠤᠨ ᠠᠵᠢᠯ᠎ᠢ ᠤᠳᠤᠷᠢᠳᠤᠨ᠎ᠠ᠃

  ᠠᠷᠪᠠᠨ ᠨᠢᠭᠡᠳᠦᠭᠡᠷ ᠵᠦᠢᠯ  ᠪᠠᠢᠭᠤᠯᠭ᠎ᠠ᠎ᠶᠢᠨ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠲᠤᠱᠢᠶᠠᠯ ᠬᠠᠷᠢᠭᠤᠴᠠᠯᠭ᠎ᠠ ᠪᠣᠯ ᠬᠢᠨᠠᠯᠲᠠ ᠲᠠᠯᠪᠢᠬᠤ᠂ ᠰᠠᠬᠢᠯᠭ᠎ᠠ ᠪᠠᠲᠤ᠎ᠶᠢ ᠬᠡᠷᠡᠭᠵᠢᠭᠦᠯᠬᠦ᠂ ᠬᠠᠷᠢᠭᠤᠴᠠᠯᠭ᠎ᠠ ᠲᠤᠯᠭᠠᠬᠤ ᠶᠠᠪᠤᠳᠠᠯ ᠪᠣᠯᠤᠨ᠎ᠠ᠂ ᠭᠣᠣᠯᠳᠠᠭᠤ᠄

  (ᠨᠢᠭᠡ) ᠨᠠᠮ᠎ᠤᠨ ᠳᠦᠷᠢᠮ ᠪᠣᠯᠤᠨ ᠪᠤᠰᠤᠳ ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ ᠢ᠋ ᠬᠠᠮᠠᠭᠠᠯᠠᠵᠤ᠂ ᠨᠠᠮ᠎ᠤᠨ ᠭᠡᠱᠢᠭᠦᠳ᠎ᠲᠦ᠍ ᠰᠠᠬᠢᠯᠭ᠎ᠠ ᠪᠠᠲᠤ᠎ᠶᠢ ᠵᠢᠷᠤᠮᠯᠠᠬᠤ ᠬᠥᠮᠦᠵᠢᠯ᠎ᠢ ᠦᠷᠭᠦᠯᠵᠢ ᠬᠢᠵᠦ᠂ ᠨᠠᠮ᠎ᠤᠨ ᠰᠠᠬᠢᠯᠭ᠎ᠠ ᠪᠠᠲᠤ᠎ᠶᠢ ᠬᠠᠮᠠᠭᠠᠯᠠᠬᠤ ᠲᠤᠬᠠᠢ ᠲᠣᠭᠲᠠᠭᠠᠯ ᠢ᠋ ᠲᠣᠭᠲᠠᠭᠠᠨ᠎ᠠ᠃

  (ᠬᠣᠶᠠᠷ) ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠎ᠦ ᠨᠠᠮ᠎ᠤᠨ ᠱᠤᠭᠤᠮ᠂ ᠴᠢᠭᠯᠡᠯᠲᠡ᠂ ᠲᠥᠷᠦ᠎ᠶᠢᠨ ᠪᠣᠳᠤᠯᠭ᠎ᠠ ᠪᠣᠯᠤᠨ ᠱᠢᠢᠳᠪᠦᠷᠢ᠎ᠶᠢ ᠲᠤᠭᠤᠱᠢᠯᠠᠭᠤᠯᠤᠨ ᠬᠡᠷᠡᠭᠵᠢᠭᠦᠯᠦᠭᠰᠡᠨ ᠪᠠᠢᠳᠠᠯ ᠢ᠋ ᠪᠠᠢᠴᠠᠭᠠᠵᠤ᠂ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ ᠤᠳᠤᠷᠢᠳᠬᠤ ᠺᠠᠳ᠋ᠷ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠂ ᠡᠷᠬᠡ᠎ᠪᠡᠨ ᠬᠡᠷᠡᠭᠵᠢᠭᠦᠯᠦᠭᠰᠡᠨ ᠪᠠᠢᠳᠠᠯ᠎ᠳᠤ ᠬᠢᠨᠠᠯᠲᠠ ᠲᠠᠯᠪᠢᠨ᠎ᠠ᠃

  (ᠭᠤᠷᠪᠠ) ᠪᠠᠢᠭᠤᠯᠭ᠎ᠠ᠎ᠶᠢᠨ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ᠎ᠶᠢ ᠬᠠᠮᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠭᠠᠬᠤ ᠪᠠ ᠢᠯᠵᠠᠷᠠᠯ ᠢ᠋ ᠡᠰᠡᠷᠭᠦᠴᠡᠬᠦ ᠠᠵᠢᠯ᠎ᠢ ᠵᠣᠬᠢᠶᠠᠨ ᠪᠠᠢᠭᠤᠯᠵᠤ ᠵᠣᠬᠢᠴᠠᠭᠤᠯᠬᠤ᠎ᠶᠢ ᠠᠬᠢᠭᠤᠯᠤᠨ᠎ᠠ᠃

  (ᠳᠥᠷᠪᠡ) ᠨᠠᠮ᠎ᠤᠨ ᠭᠡᠱᠢᠭᠦᠨ ᠣᠯᠠᠨ ᠲᠦᠮᠡᠨ᠎ᠦ ᠢᠯᠡᠴᠢᠯᠡᠨ ᠮᠡᠳᠡᠭᠦᠯᠦᠯᠲᠡ᠎ᠶᠢ ᠬᠦᠯᠢᠶᠡᠨ ᠠᠪᠴᠤ ᠱᠢᠢᠳᠪᠦᠷᠢᠯᠡᠵᠦ᠂ ᠶᠠᠷᠢᠯᠴᠠᠨ ᠰᠠᠨᠠᠭᠤᠯᠬᠤ᠂ ᠪᠣᠯᠵᠤᠨ ᠶᠠᠷᠢᠯᠴᠠᠵᠤ ᠵᠠᠬᠢᠳᠠᠯ᠎ᠢᠶᠠᠷ ᠠᠰᠠᠭᠤᠬᠤ ᠠᠵᠢᠯ ᠢ᠋ ᠥᠷᠨᠢᠭᠦᠯᠦᠨ᠎ᠡ᠃

  (ᠲᠠᠪᠤ) ᠬᠣᠯᠪᠤᠭᠳᠠᠯ ᠪᠦᠬᠦᠢ ᠲᠣᠭᠲᠠᠭᠠᠯ ᠶᠣᠰᠤᠭᠠᠷ᠂ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠎ᠦ ᠨᠠᠮ᠎ᠤᠨ ᠳᠦᠷᠢᠮ ᠪᠣᠯᠤᠨ ᠪᠤᠰᠤᠳ ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ ᠢ᠋ ᠵᠥᠷᠢᠴᠡᠭᠰᠡᠨ ᠬᠡᠷᠡᠭ᠎ᠢ ᠪᠠᠢᠴᠠᠭᠠᠨ ᠱᠢᠢᠳᠪᠦᠷᠢᠯᠡᠵᠦ᠂ ᠡᠳᠡᠭᠡᠷ ᠬᠡᠷᠡᠭ᠎ᠲᠦ᠍ ᠬᠣᠯᠪᠤᠭᠳᠠᠭᠰᠠᠨ ᠨᠠᠮ᠎ᠤᠨ ᠭᠡᠱᠢᠭᠦᠨ᠎ᠳ᠋ᠦ᠍ ᠱᠢᠢᠳᠭᠡᠯ ᠥᠭᠬᠦ᠎ᠶᠢ ᠲᠣᠭᠲᠠᠭᠠᠬᠤ ᠪᠤᠶᠤ ᠬᠦᠴᠦᠨ᠎ᠦᠭᠡᠢ ᠪᠣᠯᠭᠠᠨ᠎ᠠ; ᠬᠠᠷᠢᠭᠤᠴᠠᠯᠭ᠎ᠠ ᠲᠤᠯᠭᠠᠬᠤ ᠪᠤᠶᠤ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠤᠨ᠎ᠠ᠃

  (ᠵᠢᠷᠭᠤᠭ᠎ᠠ) ᠨᠠᠮ᠎ᠤᠨ ᠭᠡᠱᠢᠭᠦᠨ᠎ᠢ ᠢᠯᠡᠴᠢᠯᠡᠨ ᠵᠠᠭᠠᠯᠳᠤᠬᠤ ᠪᠠ ᠭᠣᠮᠤᠳᠠᠯ ᠲᠣᠭᠠᠴᠢᠬᠤ᠎ᠶᠢ ᠬᠦᠯᠢᠶᠡᠨ ᠠᠪᠴᠤ ᠱᠢᠢᠳᠪᠦᠷᠢᠯᠡᠨ᠎ᠡ; ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠨ᠎ᠠ᠃

 

    ᠳᠥᠷᠪᠡᠳᠦᠭᠡᠷ ᠪᠦᠯᠦᠭ  ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ

 

  ᠠᠷᠪᠠᠨ ᠬᠣᠶᠠᠳᠤᠭᠠᠷ ᠵᠦᠢᠯ  ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠡᠷᠬᠡᠪᠱᠢ ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠎ᠶᠢ ᠲᠡᠷᠢᠭᠦᠨ ᠪᠠᠢᠷᠢᠨ᠎ᠳᠤ ᠲᠠᠯᠪᠢᠵᠤ᠂ ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠨᠠᠮ ᠪᠣᠯᠤᠨ ᠲᠥᠷᠦ᠎ᠶᠢᠨ ᠪᠠᠢᠭᠤᠯᠭ᠎ᠠ᠎ᠶᠢᠨ ᠤᠯᠤᠰ ᠲᠥᠷᠦ᠎ᠶᠢᠨ ᠱᠢᠨᠵᠢ ᠴᠢᠨᠠᠷ ᠢ᠋ ᠢᠯᠡᠷᠡᠭᠦᠯᠬᠦ᠎ᠶᠢ ᠠᠬᠢᠭᠤᠯᠵᠤ᠂ ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠎ᠶᠢ ᠴᠢᠩᠭᠠᠳᠭᠠᠬᠤ ᠲᠠᠯ᠎ᠠ᠎ᠪᠠᠷ ᠰᠠᠢᠲᠤᠷ ᠳᠠᠭᠠᠭᠤᠯᠤᠭᠠᠳ ᠵᠢᠱ᠌ᠢᠶ᠎ᠡ ᠦᠵᠡᠭᠦᠯᠬᠦ ᠬᠡᠷᠡᠭᠲᠡᠢ᠃

  ᠠᠷᠪᠠᠨ ᠭᠤᠷᠪᠠᠳᠤᠭᠠᠷ ᠵᠦᠢᠯ  ᠨᠠᠮ᠎ᠤᠨ ᠱᠢᠨ᠎ᠡ᠎ᠶᠢ ᠡᠭᠦᠳᠬᠦ ᠣᠨᠤᠯ᠎ᠢᠶᠠᠷ ᠲᠠᠷᠢᠬᠢ ᠲᠣᠯᠤᠭᠠᠢ᠎ᠪᠠᠨ ᠵᠡᠪᠰᠡᠭᠯᠡᠬᠦ᠎ᠶᠢ ᠪᠠᠷᠢᠮᠲᠠᠯᠠᠵᠤ᠂ ᠨᠠᠮ᠎ᠤᠨ ᠭᠡᠱᠢᠭᠦᠨ᠂ ᠺᠠᠳ᠋ᠷ᠎ᠢ ᠬᠥᠲᠦᠯᠦᠨ ᠵᠢᠯᠤᠭᠤᠳᠴᠤ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠠᠭᠤᠰᠤᠯᠴᠠᠭᠤᠯᠤᠨ ᠨᠡᠪᠲᠡᠷᠡᠯᠴᠡᠭᠦᠯᠵᠦ᠂ ᠦᠨᠡᠨ᠎ᠬᠦ ᠢᠲᠡᠭᠡᠵᠦ ᠪᠠᠲᠤᠲᠠᠢ ᠦᠢᠯᠡᠳᠦᠯᠭᠡᠵᠢᠭᠦᠯᠵᠦ᠂ ᠤᠬᠠᠮᠰᠠᠷ᠎ᠠᠴᠠ᠎ᠢᠶᠠᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠪᠠᠲᠤ ᠢᠲᠡᠭᠡᠭᠴᠢ᠂ ᠦᠨᠡᠨᠴᠢ ᠦᠢᠯᠡᠳᠦᠯᠭᠡᠵᠢᠭᠦᠯᠦᠭᠴᠢ ᠪᠣᠯᠭᠠᠨ᠎ᠠ᠃ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠎ᠶᠢ ᠨᠠᠮ᠎ᠤᠨ ᠪᠠᠢᠭᠤᠯᠤᠯᠲᠠ᠎ᠶᠢᠨ ᠡᠭᠦᠷᠢᠳᠡ᠎ᠶᠢᠨ ᠰᠡᠳᠦᠪ ᠪᠣᠯᠤᠨ ᠪᠦᠬᠦ ᠨᠠᠮ᠎ᠤᠨ ᠭᠡᠱᠢᠭᠦᠨ᠂ ᠺᠠᠳ᠋ᠷ᠎ᠤᠨ ᠨᠠᠰᠤᠨ ᠲᠤᠷᠱᠢᠳᠠ᠎ᠶᠢᠨ ᠰᠡᠳᠦᠪ ᠪᠣᠯᠭᠠᠵᠤ᠂ ᠤᠷᠲᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠦᠷᠢᠯᠳᠦᠭᠦᠯᠵᠦ᠂ ᠨᠠᠮ᠎ᠤᠨ ᠭᠡᠱᠢᠭᠦᠨ᠂ ᠺᠠᠳ᠋ᠷ᠎ᠤᠨ ᠦᠨᠡᠨᠴᠢ ᠢᠲᠡᠭᠡᠯ᠎ᠲᠡᠢ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠦ᠎ᠶᠢᠨ ᠬᠡᠪ ᠰᠤᠷᠲᠠᠯ ᠢ᠋ ᠪᠦᠷᠢᠯᠳᠦᠭᠦᠯᠦᠨ᠎ᠡ᠃ ᠤᠳᠤᠷᠢᠳᠬᠤ ᠺᠠᠳ᠋ᠷ᠎ᠤᠨ ᠳᠠᠭᠠᠭᠤᠯᠤᠨ ᠰᠤᠷᠤᠯᠴᠠᠵᠤ ᠠᠬᠢᠭᠤᠯᠤᠨ ᠰᠤᠷᠤᠯᠴᠠᠬᠤ ᠦᠢᠯᠡᠳᠦᠯ᠎ᠢ ᠪᠠᠳᠠᠷᠠᠭᠤᠯᠵᠤ᠂ ᠨᠠᠮ᠎ᠤᠨ ᠭᠡᠱᠢᠭᠦᠨ᠂ ᠺᠠᠳ᠋ᠷ᠎ᠤᠨ ᠨᠠᠮ᠎ᠤᠨ ᠱᠢᠨ᠎ᠡ᠎ᠶᠢ ᠡᠭᠦᠳᠬᠦ ᠣᠨᠤᠯ᠎ᠢᠶᠠᠷ ᠦᠢᠯᠡᠳᠦᠯᠭᠡ᠎ᠪᠡᠨ ᠵᠢᠯᠣᠭᠣᠳᠤᠭᠤᠯᠵᠤ᠂ ᠠᠵᠢᠯ᠎ᠢᠶᠠᠨ ᠠᠬᠢᠭᠤᠯᠬᠤ ᠴᠢᠳᠠᠪᠤᠷᠢ᠎ᠶᠢ ᠳᠡᠭᠡᠭᠱᠢᠯᠡᠭᠦᠯᠦᠨ᠎ᠡ᠃ ᠵᠠᠯᠠᠭᠤ ᠺᠠᠳ᠋ᠷ᠎ᠲᠤ ᠬᠦᠰᠡᠯᠡᠩ ᠢᠲᠡᠭᠡᠯ ᠪᠢᠱᠢᠷᠡᠯ ᠵᠣᠷᠢᠯᠲᠠ᠎ᠶᠢᠨ ᠬᠥᠮᠦᠵᠢᠯ ᠢ᠋ ᠲᠥᠯᠦᠪᠯᠡᠭᠡ᠎ᠲᠡᠢ᠎ᠪᠡᠷ ᠬᠢᠨ᠎ᠡ᠃

  ᠠᠷᠪᠠᠨ ᠳᠥᠷᠪᠡᠳᠦᠭᠡᠷ ᠵᠦᠢᠯ  ᠨᠠᠮ᠎ᠤᠨ ᠤᠯᠤᠰ ᠲᠥᠷᠦ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠭᠡᠱᠢᠭᠦᠨ᠂ ᠺᠠᠳ᠋ᠷ᠎ᠢ ᠬᠥᠲᠦᠯᠦᠨ ᠵᠢᠯᠤᠭᠤᠳᠴᠤ《ᠬᠣᠶᠠᠷ᠎ᠢ ᠬᠠᠮᠠᠭᠠᠯᠠᠬᠤ》ᠶ᠋ᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠰᠢ ᠵᠢᠨ ᠫᠢᠩ ᠨᠥᠬᠦᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠯᠭᠠᠨ᠎ᠠ᠃ ᠨᠠᠮ᠎ᠤᠨ ᠤᠯᠤᠰ ᠲᠥᠷᠦ᠎ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠦ᠎ᠶᠢᠨ ᠶᠣᠰᠤ ᠳᠦᠷᠢᠮ᠎ᠢ ᠴᠢᠩᠳᠠᠯᠠᠵᠤ᠂ ᠨᠠᠮ᠎ᠤᠨ ᠳᠣᠲᠤᠭᠠᠳᠤ᠎ᠶᠢᠨ ᠤᠯᠤᠰ ᠲᠥᠷᠦ᠎ᠶᠢᠨ ᠠᠮᠢᠳᠤᠷᠠᠯ᠎ᠢ ᠴᠢᠩᠭᠠᠳᠭᠠᠵᠤ᠂ ᠢᠳᠡᠪᠬᠢᠲᠡᠢ ᠡᠷᠡᠭᠦᠯ ᠨᠠᠮ᠎ᠤᠨ ᠳᠣᠲᠤᠭᠠᠳᠤ᠎ᠶᠢᠨ ᠤᠯᠤᠰ ᠲᠥᠷᠦ᠎ᠶᠢᠨ ᠰᠣᠶᠤᠯ᠎ᠢ ᠬᠥᠭᠵᠢᠭᠦᠯᠦᠨ᠎ᠡ᠃ ᠨᠠᠮ᠎ᠳᠣ᠌᠎ᠪᠠᠨ ᠦᠨᠡᠨᠴᠢ ᠬᠥᠮᠦᠵᠢᠯ ᠢ᠋ ᠴᠢᠩᠭᠠᠳᠭᠠᠵᠤ᠂《ᠳᠥᠷᠪᠡ᠎ᠶᠢ ᠳᠠᠭᠠᠬᠤ》᠎ᠶ᠋ᠢ ᠨᠠᠢᠳᠠᠪᠤᠷᠢᠵᠢᠭᠤᠯᠵᠤ᠂ ᠴᠢᠬᠤᠯᠠ ᠶᠡᠬᠡ ᠤᠴᠢᠷ ᠶᠠᠪᠤᠳᠠᠯ ᠢ᠋ ᠮᠡᠳᠡᠭᠦᠯᠦᠨ ᠵᠢᠭᠠᠪᠤᠷᠢ ᠠᠪᠬᠤ ᠳᠦᠷᠢᠮ ᠢ᠋ ᠴᠢᠩᠭ᠎ᠠ ᠬᠡᠷᠡᠭᠵᠢᠭᠦᠯᠦᠨ᠎ᠡ᠃

  ᠠᠷᠪᠠᠨ ᠲᠠᠪᠤᠳᠤᠭᠠᠷ ᠵᠦᠢᠯ  ᠤᠯᠤᠰ ᠲᠥᠷᠦ᠎ᠶᠢᠨ ᠴᠢᠳᠠᠪᠤᠷᠢ᠎ᠪᠠᠨ ᠳᠡᠭᠡᠭᠱᠢᠯᠡᠭᠦᠯᠵᠦ᠂ ᠤᠯᠤᠰ ᠲᠥᠷᠦ᠎ᠶᠢᠨ ᠡᠭᠦᠷᠭᠡᠯᠡᠯ᠎ᠢᠶᠡᠨ ᠴᠢᠩᠭᠠᠳᠭᠠᠵᠤ᠂ ᠳᠦᠷᠢᠮ᠎ᠢ ᠬᠡᠷᠡᠭᠵᠢᠭᠦᠯᠬᠦ ᠬᠦᠴᠦᠨ᠎ᠢ ᠴᠢᠩᠭᠠᠳᠭᠠᠵᠤ᠂ ᠨᠠᠮ᠎ᠤᠨ ᠵᠣᠷᠢᠯᠲᠠ ᠪᠣᠯᠤᠨ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠲᠤᠰ ᠨᠢᠭᠡᠴᠢ ᠲᠤᠰ ᠬᠦᠷᠢᠶᠡᠨ᠎ᠦ᠎ᠢᠶᠡᠨ ᠲᠥᠷᠦ᠎ᠶᠢᠨ ᠪᠣᠳᠤᠯᠭ᠎ᠠ ᠬᠠᠤᠯᠢ ᠲᠣᠭᠲᠠᠭᠠᠯ᠂ ᠳᠦᠷᠢᠮ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠵᠠᠰᠠᠯᠲᠠ᠎ᠶᠢᠨ ᠦᠢᠯᠡᠳᠦᠯ ᠴᠢᠳᠠᠪᠬᠢ᠎ᠪᠠᠨ ᠳᠡᠭᠡᠭᠱᠢᠯᠡᠭᠦᠯᠦᠨ᠎ᠡ᠃ ᠲᠡᠮᠡᠴᠡᠯ᠎ᠦᠨ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠠᠶᠤᠯ ᠲᠦᠭᠱᠢᠭᠦᠷᠢ᠎ᠶᠢ ᠪᠦᠲᠦᠮᠵᠢᠲᠡᠢ ᠰᠡᠷᠭᠡᠢᠯᠡᠨ ᠠᠷᠢᠯᠭᠠᠨ᠎ᠠ᠃ ᠪᠦᠬᠦ ᠰᠡᠳᠭᠢᠯ ᠪᠦᠬᠦ ᠵᠣᠷᠢᠭ᠎ᠢᠶᠠᠷ ᠠᠷᠠᠳ ᠲᠦᠮᠡᠨ᠎ᠳ᠋ᠦ᠍ ᠦᠢᠯᠡᠴᠢᠯᠡᠬᠦ ᠦᠨᠳᠦᠰᠦᠨ ᠵᠣᠷᠢᠯᠲᠠ᠎ᠶᠢ ᠪᠠᠷᠢᠮᠲᠠᠯᠠᠵᠤ᠂ ᠨᠠᠮ᠎ᠤᠨ ᠣᠯᠠᠨ ᠲᠦᠮᠡᠨᠴᠢ ᠱᠤᠭᠤᠮ᠎ᠢ ᠲᠤᠭᠤᠱᠢᠯᠠᠭᠤᠯᠵᠤ᠂ ᠨᠠᠮ᠎ᠤᠨ ᠭᠡᠱᠢᠭᠦᠨ᠂ ᠺᠠᠳ᠋ᠷ᠎ᠤᠨ ᠣᠯᠠᠨ ᠲᠦᠮᠡᠨ᠎ᠲᠡᠢ ᠬᠠᠷᠢᠯᠴᠠᠬᠤ ᠳᠦᠷᠢᠮ᠎ᠢ ᠲᠡᠭᠦᠯᠳᠡᠷᠵᠢᠭᠦᠯᠵᠦ᠂ ᠣᠯᠠᠨ ᠲᠦᠮᠡᠨ᠎ᠳ᠋ᠦ᠍ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ᠋᠎ᠨᠢ ᠱᠢᠢᠳᠪᠦᠷᠢᠯᠡᠵᠦ ᠥᠭᠭᠦᠨ᠎ᠡ᠃

  ᠠᠷᠪᠠᠨ ᠵᠢᠷᠭᠤᠳᠤᠭᠠᠷ ᠵᠦᠢᠯ  ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠣᠯᠤᠨ ᠱᠠᠯᠢᠨ ᠪᠦᠷᠢᠯᠭᠡᠬᠦ ᠰᠤᠷᠲᠠᠯ ᠢ᠋ ᠡᠷᠡᠰ ᠡᠰᠡᠷᠭᠦᠴᠡᠵᠦ᠂ ᠨᠠᠮ᠎ᠤᠨ ᠭᠡᠱᠢᠭᠦᠨ᠂ ᠺᠠᠳ᠋ᠷ ᠢ᠋ ᠬᠥᠮᠦᠵᠢᠭᠦᠯᠦᠨ ᠬᠥᠲᠦᠯᠦᠨ ᠵᠢᠯᠤᠭᠤᠳᠴᠤ ᠦᠨᠡᠨ᠎ᠡᠴᠡ ᠵᠥᠪ ᠢ᠋ ᠡᠷᠢᠬᠦ ᠦᠵᠡᠯ ᠰᠠᠨᠠᠭᠠᠨ᠎ᠤ ᠱᠤᠭᠤᠮ᠎ᠢ ᠪᠠᠷᠢᠮᠲᠠᠯᠠᠵᠤ᠂ ᠵᠥᠪ ᠠᠵᠢᠯ᠎ᠤᠨ ᠠᠮᠵᠢᠯᠲᠠ᠎ᠶᠢᠨ ᠦᠵᠡᠯᠲᠡ᠎ᠶᠢ ᠪᠣᠢ ᠪᠣᠯᠭᠠᠵᠤ᠂ ᠳᠡᠭᠡᠳᠦ ᠱᠠᠲᠤᠨ᠎ᠳᠤ᠎ᠪᠠᠨ ᠬᠠᠷᠢᠭᠤᠴᠠᠬᠤ ᠪᠠ ᠳᠣᠣᠷᠠᠳᠤ ᠱᠠᠲᠤᠨ᠎ᠳᠤ᠎ᠪᠠᠨ ᠬᠠᠷᠢᠭᠤᠴᠠᠬᠤ᠎ᠶᠢ ᠨᠢᠭᠡᠳᠭᠡᠵᠦ᠂ ᠰᠤᠷᠲᠠᠯ᠎ᠢᠶᠠᠨ ᠬᠤᠪᠢᠷᠠᠭᠤᠯᠵᠤ᠂ ᠦᠨᠡᠨ᠎ᠬᠦ ᠠᠳᠭᠤᠵᠤ ᠪᠣᠳᠠᠲᠠᠢ ᠠᠵᠢᠯᠯᠠᠨ᠎ᠠ᠃

  ᠠᠷᠪᠠᠨ ᠳᠣᠯᠤᠳᠤᠭᠠᠷ ᠵᠦᠢᠯ  ᠨᠠᠮ ᠪᠣᠯᠤᠨ ᠤᠯᠤᠰ᠎ᠤᠨ ᠴᠢᠬᠤᠯᠠ ᠠᠵᠢᠯ᠎ᠤᠨ ᠪᠠᠢᠷᠢᠯᠠᠭᠤᠯᠤᠯᠲᠠ ᠵᠢᠴᠢ ᠲᠤᠰ ᠨᠢᠭᠡᠴᠢ᠎ᠶᠢᠨ᠎ᠪᠡᠨ ᠲᠤᠬᠠᠢᠯᠠᠭᠰᠠᠨ ᠠᠵᠢᠯ᠎ᠢᠶᠠᠷ ᠭᠣᠣᠯᠳᠠᠭᠤᠯᠵᠤ᠂ ᠪᠠᠢᠭᠤᠯᠭ᠎ᠠ᠎ᠶᠢᠨ ᠠᠵᠢᠯᠲᠠᠨ᠎ᠤ ᠦᠵᠡᠯ ᠰᠠᠨᠠᠭᠠᠨ᠎ᠤ ᠪᠠᠢᠳᠠᠯ᠎ᠳᠤ ᠴᠢᠭᠯᠡᠭᠦᠯᠵᠦ᠂ ᠦᠵᠡᠯ ᠰᠠᠨᠠᠭ᠎ᠠ ᠤᠯᠤᠰ ᠲᠥᠷᠦ᠎ᠶᠢᠨ ᠠᠵᠢᠯ᠎ᠢ ᠰᠠᠢᠲᠤᠷ ᠬᠢᠨ᠎ᠡ᠃ ᠪᠠᠢᠭᠤᠯᠭ᠎ᠠ᠎ᠶᠢᠨ ᠠᠵᠢᠯᠲᠠᠨ᠎ᠳᠤ ᠦᠵᠡᠯ ᠰᠠᠨᠠᠭ᠎ᠠ ᠣᠨᠤᠯ᠎ᠤᠨ ᠬᠥᠮᠦᠵᠢᠯ᠂ ᠤᠯᠤᠰ᠎ᠢᠶᠠᠨ ᠬᠠᠢᠷᠠᠯᠠᠬᠤ ᠦᠵᠡᠯ᠂ ᠬᠠᠮᠲᠤᠴᠢ ᠦᠵᠡᠯ᠂ ᠨᠡᠢᠭᠡᠮ ᠵᠢᠷᠤᠮ᠎ᠤᠨ ᠬᠥᠮᠦᠵᠢᠯ᠂ ᠪᠠᠢᠳᠠᠯ ᠲᠥᠷᠦ᠎ᠶᠢᠨ ᠪᠣᠳᠤᠯᠭ᠎ᠠ᠎ᠶᠢᠨ ᠬᠥᠮᠦᠵᠢᠯ᠂ ᠰᠠᠬᠢᠯᠭ᠎ᠠ ᠪᠠᠲᠤ ᠪᠠ ᠴᠢᠬᠡᠴᠢ ᠵᠠᠰᠠᠭ᠎ᠤᠨ ᠬᠥᠮᠦᠵᠢᠯ᠂ ᠤᠯᠤᠰ ᠲᠥᠷᠦ᠎ᠶᠢᠨ ᠶᠣᠰᠤ ᠮᠣᠷᠠᠯ᠂ ᠲᠤᠬᠠᠢᠯᠠᠭᠰᠠᠨ ᠠᠵᠢᠯ᠎ᠤᠨ ᠶᠣᠰᠤ ᠮᠣᠷᠠᠯ᠂ ᠨᠡᠢᠭᠡᠮ᠎ᠦᠨ ᠶᠣᠰᠤ ᠮᠣᠷᠠᠯ᠂ ᠭᠡᠷ ᠪᠦᠯᠢ᠎ᠶᠢᠨ ᠪᠣᠯᠪᠠᠰᠤᠨ ᠰᠤᠷᠲᠠᠯ᠎ᠤᠨ ᠬᠥᠮᠦᠵᠢᠯ ᠬᠢᠵᠦ᠂ ᠪᠠᠢᠭᠤᠯᠭ᠎ᠠ᠎ᠶᠢᠨ ᠠᠵᠢᠯᠲᠠᠨ ᠢ᠋ ᠬᠥᠲᠦᠯᠦᠨ ᠵᠢᠯᠤᠭᠤᠳᠴᠤ ᠱᠢᠯᠢᠳᠡᠭ ᠤᠯᠠᠮᠵᠢᠯᠠᠯᠲᠤ ᠰᠤᠷᠲᠠᠯ ᠢ᠋ ᠪᠠᠳᠠᠷᠠᠭᠤᠯᠵᠤ᠂ ᠠᠷᠠᠳ᠎ᠤᠨ ᠲᠥᠯᠦᠭᠡ ᠪᠣᠳᠠᠲᠠᠢ᠎ᠶᠢ ᠡᠷᠬᠢᠮᠯᠡᠬᠦ ᠠᠷᠢᠭᠤᠨ ᠴᠢᠬᠡᠴᠢ ᠪᠠᠢᠬᠤ ᠤᠯᠤᠰ ᠲᠥᠷᠦ᠎ᠶᠢᠨ ᠬᠡᠪ ᠰᠤᠷᠲᠠᠯ᠎ᠢ ᠪᠠᠲᠤᠯᠠᠬᠤ ᠪᠣᠯᠭᠠᠨ᠎ᠠ᠃ ᠦᠵᠡᠯ ᠰᠠᠨᠠᠭᠠᠨ᠎ᠤ ᠠᠰᠠᠭᠤᠳᠠᠯ᠎ᠢ ᠱᠢᠢᠳᠪᠦᠷᠢᠯᠡᠬᠦ ᠪᠠ ᠪᠣᠳᠠᠲᠠᠢ ᠠᠰᠠᠭᠤᠳᠠᠯ ᠢ᠋ ᠱᠢᠢᠳᠪᠦᠷᠢᠯᠡᠬᠦ᠎ᠶᠢ ᠤᠶᠠᠯᠳᠤᠭᠤᠯᠵᠤ᠂ ᠦᠵᠡᠯ ᠰᠠᠨᠠᠭ᠎ᠠ ᠤᠯᠤᠰ ᠲᠥᠷᠦ᠎ᠶᠢᠨ ᠠᠵᠢᠯ᠎ᠤᠨ ᠪᠣᠳᠠᠲᠤ ᠦᠷ᠎ᠡ ᠪᠦᠲᠦᠮᠵᠢ᠎ᠶᠢ ᠴᠢᠩᠭᠠᠳᠭᠠᠨ᠎ᠠ᠃ ᠲᠣᠭᠲᠠᠭᠰᠠᠨ ᠬᠤᠭᠤᠴᠠᠭ᠎ᠠ᠎ᠲᠠᠢ᠎ᠪᠠᠷ ᠨᠠᠮ᠎ᠤᠨ ᠪᠠᠢᠭᠤᠯᠭ᠎ᠠ᠎ᠶᠢᠨ ᠠᠵᠢᠯ᠎ᠤᠨ ᠵᠥᠪᠯᠡᠯ ᠪᠣᠯᠤᠨ ᠲᠤᠰ ᠨᠢᠭᠡᠴᠢ᠎ᠶᠢᠨ᠎ᠪᠡᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠳᠣ᠌ ᠪᠠᠢᠭᠤᠯᠭ᠎ᠠ᠎ᠶᠢᠨ ᠦᠵᠡᠯ ᠰᠠᠨᠠᠭ᠎ᠠ ᠤᠯᠤᠰ ᠲᠥᠷᠦ᠎ᠶᠢᠨ ᠠᠵᠢᠯ᠎ᠤᠨ ᠪᠠᠢᠳᠠᠯ᠎ᠢᠶᠠᠨ ᠬᠠᠷᠢᠭᠤ ᠮᠡᠳᠡᠭᠦᠯᠵᠦ᠂ ᠠᠵᠢᠯ᠎ᠢᠶᠠᠨ ᠰᠠᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠤᠨ᠎ᠠ᠃

 

    ᠲᠠᠪᠤᠳᠤᠭᠠᠷ ᠪᠦᠯᠦᠭ  ᠨᠠᠮ᠎ᠤᠨ ᠭᠡᠱᠢᠭᠦᠨ᠎ᠦ ᠡᠩᠨᠡᠭᠡᠨ᠎ᠦ ᠪᠠᠢᠭᠤᠯᠤᠯᠲᠠ

 

  ᠠᠷᠪᠠᠨ ᠨᠠᠢ᠍ᠮᠠᠳᠤᠭᠠᠷ ᠵᠦᠢᠯ  ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠥᠪᠯᠡᠷᠡᠭᠰᠡᠨ ᠬᠥᠮᠦᠵᠢᠯ ᠪᠠ ᠪᠠᠢᠩᠭᠤ᠎ᠶᠢᠨ ᠴᠢᠨᠠᠷᠲᠠᠢ ᠬᠥᠮᠦᠵᠢᠯ ᠢ᠋ ᠬᠠᠷᠢᠯᠴᠠᠨ ᠤᠶᠠᠯᠳᠤᠭᠤᠯᠬᠤ᠂ ᠵᠣᠬᠢᠶᠠᠨ ᠪᠠᠢᠭᠤᠯᠵᠤ ᠪᠣᠯᠪᠠᠰᠤᠷᠠᠭᠤᠯᠬᠤ ᠪᠠ ᠬᠤᠪᠢ ᠬᠥᠮᠦᠨ ᠥᠪᠡᠰᠦᠪᠡᠨ ᠰᠤᠷᠤᠯᠴᠠᠬᠤ᠎ᠶᠢ ᠬᠠᠷᠢᠯᠴᠠᠨ ᠤᠶᠠᠯᠳᠤᠭᠤᠯᠬᠤ᠎ᠶᠢ ᠪᠠᠷᠢᠮᠲᠠᠯᠠᠵᠤ᠂ ᠪᠠᠢᠭᠤᠯᠭ᠎ᠠ᠎ᠶᠢᠨ ᠨᠠᠮ᠎ᠤᠨ ᠭᠡᠱᠢᠭᠦᠨ᠎ᠦ ᠰᠤᠷᠤᠯᠴᠠᠯᠭ᠎ᠠ ᠬᠥᠮᠦᠵᠢᠯ᠎ᠦᠨ ᠴᠢᠭᠯᠡᠭᠦᠯᠦᠯᠳᠦ ᠴᠢᠨᠠᠷ ᠪᠣᠯᠤᠨ ᠪᠣᠳᠠᠲᠤ ᠦᠷ᠎ᠡ ᠪᠦᠲᠦᠮᠵᠢᠲᠦ ᠴᠢᠨᠠᠷ᠎ᠢ ᠳᠡᠭᠡᠭᠱᠢᠯᠡᠭᠦᠯᠬᠦ ᠬᠡᠷᠡᠭᠲᠡᠢ᠃ ᠨᠠᠮ᠎ᠤᠨ ᠭᠡᠱᠢᠭᠦᠨ ᠪᠣᠯᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠪᠠᠭ᠎ᠤᠨ ᠪᠦᠷᠢᠯᠳᠦᠬᠦᠨ ᠢ᠋ ᠵᠣᠬᠢᠶᠠᠨ ᠪᠠᠢᠭᠤᠯᠵᠤ ᠵᠢᠯ ᠪᠦᠷᠢ ᠲᠥᠪᠯᠡᠷᠡᠭᠰᠡᠨ ᠪᠣᠯᠪᠠᠰᠤᠷᠠᠯ᠎ᠳᠤ ᠣᠷᠤᠯᠴᠠᠭᠤᠯᠤᠨ᠎ᠠ᠃ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠵᠤ ᠨᠠᠮ᠎ᠤᠨ ᠳᠣᠲᠤᠭᠠᠳᠤ᠎ᠶᠢᠨ ᠲᠥᠪᠯᠡᠷᠡᠭᠰᠡᠨ ᠰᠤᠷᠤᠯᠴᠠᠯᠭ᠎ᠠ ᠬᠥᠮᠦᠵᠢᠯ᠎ᠳ᠋ᠦ᠍ ᠨᠠᠷᠢᠨ ᠬᠢᠨᠠᠮᠠᠭᠠᠢ ᠣᠷᠤᠯᠴᠠᠭᠤᠯᠤᠨ᠎ᠠ᠃ ᠨᠠᠮ᠎ᠤᠨ ᠭᠡᠱᠢᠭᠦᠨ ᠤᠳᠤᠷᠢᠳᠬᠤ ᠺᠠᠳ᠋ᠷ᠎ᠤᠨ ᠨᠠᠮ᠎ᠤᠨ ᠬᠢᠴᠢᠶᠡᠯ ᠣᠷᠤᠬᠤ ᠳᠦᠷᠢᠮ᠎ᠢ ᠨᠠᠢᠳᠠᠪᠤᠷᠢᠵᠢᠭᠤᠯᠤᠨ᠎ᠠ᠃

  ᠠᠷᠪᠠ ᠶᠢᠰᠦᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ ᠪᠠᠢᠩᠭᠤ᠎ᠶᠢᠨ ᠴᠢᠨᠠᠷᠲᠠᠢ᠂ ᠨᠠᠷᠢᠨ ᠬᠢᠨᠠᠮᠠᠭᠠᠢ᠂ ᠲᠥᠪ ᠴᠢᠩᠭ᠎ᠠ ᠪᠠᠢᠬᠤ᠎ᠶᠢ ᠦᠨᠡᠨ᠎ᠬᠦ ᠪᠠᠲᠤᠯᠠᠨ᠎ᠠ᠃ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠣᠯᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ ᠢ᠋ ᠰᠠᠢᠲᠤᠷ ᠬᠤᠷᠠᠯᠳᠤᠭᠤᠯᠵᠤ᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ ᠢ᠋ ᠨᠠᠷᠢᠨ ᠬᠢᠨᠠᠮᠠᠭᠠᠢ ᠥᠷᠨᠢᠭᠦᠯᠦᠨ᠎ᠡ᠃ ᠨᠠᠮ᠎ᠤᠨ ᠭᠡᠱᠢᠭᠦᠨ᠎ᠦ ᠦᠵᠡᠯ ᠰᠠᠨᠠᠭᠠᠨ᠎ᠤ ᠪᠠᠢᠳᠠᠯ᠎ᠢ ᠪᠠᠢᠩᠭᠤ ᠵᠠᠳᠠᠯᠵᠤ᠂《ᠭᠤᠷᠪᠠᠨ ᠬᠤᠷᠠᠯ ᠨᠢᠭᠡ ᠬᠢᠴᠢᠶᠡᠯ》᠎ᠤ᠋ᠨ ᠴᠢᠨᠠᠷ ᠴᠢᠨᠰᠠᠭ᠎ᠠ᠎ᠶᠢ ᠳᠡᠭᠡᠭᠱᠢᠯᠡᠭᠦᠯᠵᠦ᠂ ᠰᠡᠳᠭᠢᠯ᠎ᠦᠨ ᠦᠭᠡ᠎ᠪᠡᠨ ᠶᠠᠷᠢᠯᠴᠠᠬᠤ᠂ ᠨᠠᠮ᠎ᠤᠨ ᠭᠡᠱᠢᠭᠦᠨ ᠢ᠋ ᠠᠷᠠᠳᠴᠢᠯᠠᠯ᠎ᠢᠶᠠᠷ ᠦᠨᠡᠯᠡᠬᠦ ᠪᠠ ᠭᠣᠣᠯ ᠰᠡᠳᠦᠪᠲᠦ ᠨᠠᠮ᠎ᠤᠨ ᠡᠳᠦᠷ ᠵᠡᠷᠭᠡ ᠳᠦᠷᠢᠮ᠎ᠢ ᠨᠠᠢᠳᠠᠪᠤᠷᠢᠵᠢᠭᠤᠯᠵᠤ᠂ ᠨᠠᠮ᠎ᠳᠤ ᠣᠷᠤᠬᠤ ᠲᠠᠩᠭᠠᠷᠢᠭ᠎ᠤᠨ ᠦᠭᠡ᠂ ᠨᠠᠮ᠎ᠳᠤ ᠣᠷᠤᠬᠤ ᠡᠷᠡᠮᠡᠯᠵᠡᠯ᠎ᠦᠨ ᠪᠢᠴᠢᠭ᠎ᠢᠶᠡᠨ ᠳᠠᠬᠢᠨ ᠡᠷᠭᠢᠴᠡᠭᠦᠯᠬᠦ ᠵᠡᠷᠭᠡ ᠠᠵᠢᠯᠯᠠᠭ᠎ᠠ᠎ᠶᠢ ᠲᠡᠭᠦᠯᠳᠡᠷᠵᠢᠭᠦᠯᠦᠨ᠎ᠡ᠃ ᠨᠠᠮ᠎ᠤᠨ ᠭᠡᠱᠢᠭᠦᠨ ᠤᠳᠤᠷᠢᠳᠬᠤ ᠺᠠᠳ᠋ᠷ ᠬᠣᠣᠰ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠤᠬᠠᠮᠰᠠᠷ᠎ᠠᠴᠠ᠎ᠢᠶᠠᠨ ᠣᠷᠤᠯᠴᠠᠵᠤ᠂ ᠥᠪᠡᠷ᠎ᠦᠨ ᠪᠠᠢᠭ᠎ᠠ ᠨᠠᠮ᠎ᠤᠨ ᠡᠭᠦᠷ᠎ᠢᠶᠡᠨ ᠲᠡᠷᠢᠭᠦᠨ᠎ᠦ ᠨᠠᠮ᠎ᠤᠨ ᠡᠭᠦᠷ ᠪᠣᠯᠭᠠᠨ ᠪᠠᠢᠭᠤᠯᠬᠤ᠎ᠶᠢ ᠠᠬᠢᠭᠤᠯᠬᠤ ᠬᠡᠷᠡᠭᠲᠡᠢ᠃ ᠬᠢᠷᠢ ᠲᠡᠩᠴᠡᠬᠦ᠎ᠦᠭᠡᠢ ᠨᠠᠮ᠎ᠤᠨ ᠭᠡᠱᠢᠭᠦᠨ᠎ᠢ ᠯᠠᠪᠳᠠᠭᠤᠨ ᠪᠠᠲᠤᠲᠠᠢ ᠡᠮᠬᠢ ᠵᠢᠷᠤᠮ᠎ᠲᠠᠢ᠎ᠢᠶᠠᠷ ᠱᠢᠢᠳᠪᠦᠷᠢᠯᠡᠨ᠎ᠡ᠃

  ᠬᠣᠷᠢᠳᠤᠭᠠᠷ ᠵᠦᠢᠯ  ᠨᠠᠮ᠎ᠤᠨ ᠭᠡᠱᠢᠭᠦᠨ᠎ᠳ᠋ᠦ᠍ ᠦᠢᠯᠡᠴᠢᠯᠡᠬᠦ ᠠᠵᠢᠯ᠎ᠢ ᠰᠠᠢᠲᠤᠷ ᠬᠢᠵᠦ᠂ ᠨᠠᠮ᠎ᠤᠨ ᠳᠣᠲᠤᠭᠠᠳᠤ᠎ᠶᠢᠨ ᠬᠠᠢᠷᠠᠯᠠᠨ ᠬᠠᠯᠠᠮᠵᠢᠯᠠᠵᠤ ᠬᠠᠪᠰᠤᠷᠤᠨ ᠲᠡᠳᠭᠦᠬᠦ ᠤᠷᠲᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠠᠢᠭᠤᠯᠤᠨ ᠪᠦᠷᠢᠨᠱᠢᠭᠦᠯᠦᠨ᠎ᠡ᠃ ᠨᠠᠮ᠎ᠤᠨ ᠭᠡᠱᠢᠭᠦᠨ᠎ᠦ ᠦᠵᠡᠯ ᠰᠠᠨᠠᠭ᠎ᠠ᠂ ᠰᠤᠷᠤᠯᠴᠠᠯᠭ᠎ᠠ᠂ ᠠᠵᠢᠯ ᠪᠣᠯᠤᠨ ᠠᠮᠢᠳᠤᠷᠠᠯ᠎ᠢ᠎ᠨᠢ ᠬᠠᠯᠠᠮᠵᠢᠯᠠᠵᠤ᠂ ᠨᠠᠮ᠎ᠤᠨ ᠭᠡᠱᠢᠭᠦᠨ᠎ᠦ ᠬᠡᠷᠡᠭᠴᠡᠭᠡ ᠱᠠᠭᠠᠷᠳᠠᠯᠭ᠎ᠠ᠎ᠶᠢ ᠣᠢᠯᠠᠭᠠᠵᠤ᠂ ᠨᠠᠮ᠎ᠤᠨ ᠭᠡᠱᠢᠭᠦᠨ᠎ᠦ ᠲᠤᠰ ᠪᠡᠶ᠎ᠡ᠎ᠶᠢᠨ ᠠᠱᠢᠭ ᠲᠤᠰᠠ᠎ᠳᠤ ᠬᠣᠯᠪᠤᠭᠳᠠᠭᠰᠠᠨ ᠴᠢᠬᠤᠯᠠ ᠪᠠᠢᠳᠠᠯ᠎ᠢ ᠴᠠᠭ ᠲᠤᠬᠠᠢ᠎ᠳ᠋ᠤᠨᠢ ᠲᠤᠰᠭᠠᠨ᠎ᠠ᠃ ᠠᠯᠪᠠᠨ ᠠᠵᠢᠯ᠎ᠢᠶᠠᠷ ᠪᠡᠶ᠎ᠡ ᠦᠷᠡᠭᠳᠡᠭᠰᠡᠨ᠂ ᠨᠠᠰᠤ ᠪᠠᠷᠠᠭᠰᠠᠨ ᠨᠠᠮ᠎ᠤᠨ ᠭᠡᠱᠢᠭᠦᠨ᠎ᠦ ᠭᠡᠷ ᠪᠦᠯᠢ ᠪᠣᠯᠤᠨ ᠠᠯᠪᠠᠨ ᠠᠵᠢᠯ᠎ᠢᠶᠠᠷ ᠱᠢᠷᠬᠠᠲᠤᠵᠤ ᠵᠡᠮᠳᠡᠭᠷᠡᠭᠰᠡᠨ ᠨᠠᠮ᠎ᠤᠨ ᠭᠡᠱᠢᠭᠦᠨ᠎ᠢ ᠬᠠᠢᠷᠠᠯᠠᠨ ᠬᠠᠯᠠᠮᠵᠢᠯᠠᠨ᠎ᠠ᠃ ᠠᠵᠢᠯ᠎ᠠᠴᠠ᠎ᠢᠶᠠᠨ ᠳᠠᠷᠬᠠᠯᠠᠭᠳᠠᠵᠤ ᠠᠵᠢᠯ᠎ᠠᠴᠠ᠎ᠢᠶᠠᠨ ᠠᠮᠠᠷᠠᠭᠰᠠᠨ ᠺᠠᠳ᠋ᠷ ᠠᠵᠢᠯᠲᠠᠨ ᠨᠠᠮ᠎ᠤᠨ ᠭᠡᠱᠢᠭᠦᠨ᠂ ᠨᠡᠭᠦᠳᠡᠯ ᠨᠠᠮ᠎ᠤᠨ ᠭᠡᠱᠢᠭᠦᠨ᠎ᠳ᠋ᠦ᠍ ᠦᠢᠯᠡᠴᠢᠯᠡᠬᠦ ᠠᠵᠢᠯ ᠢ᠋ ᠨᠠᠷᠢᠨ ᠬᠢᠨᠠᠮᠠᠭᠠᠢ ᠰᠠᠢᠲᠤᠷ ᠬᠢᠵᠦ᠂ ᠠᠮᠢᠳᠤᠷᠠᠯ ᠬᠦᠴᠢᠷᠳᠡᠯᠲᠡᠢ ᠨᠠᠮ᠎ᠤᠨ ᠭᠡᠱᠢᠭᠦᠨ᠎ᠳ᠋ᠦ᠍ ᠳᠡᠮᠵᠢᠯᠭᠡ ᠦᠵᠡᠭᠦᠯᠦᠨ᠎ᠡ᠃

  ᠬᠣᠷᠢᠨ ᠨᠢᠭᠡᠳᠦᠭᠡᠷ ᠵᠦᠢᠯ  ᠨᠠᠮ᠎ᠤᠨ ᠭᠡᠱᠢᠭᠦᠨ᠎ᠦ ᠬᠣᠱᠢᠭᠤᠴᠢ ᠠᠵᠢᠯ᠎ᠤᠨ ᠪᠠᠢᠷᠢ᠎ᠶᠢ ᠡᠭᠦᠳᠦᠨ ᠪᠠᠢᠭᠤᠯᠬᠤ᠂ ᠣᠯᠠᠨ ᠲᠦᠮᠡᠨ᠎ᠳ᠋ᠦ᠍ ᠦᠢᠯᠡᠴᠢᠯᠡᠬᠦ ᠳᠠᠭᠤᠷᠢᠶᠠᠯ ᠪᠣᠯᠬᠤ᠎ᠪᠠᠷ ᠴᠢᠷᠮᠠᠢᠬᠤ᠂ ᠨᠠᠮ᠎ᠤᠨ ᠭᠡᠱᠢᠭᠦᠨ᠎ᠦ ᠠᠮᠠᠯᠠᠯᠲᠠ ᠬᠢᠬᠦ ᠠᠮᠠᠯᠠᠯᠲᠠ᠎ᠪᠠᠨ ᠭᠦᠢᠴᠡᠳᠭᠡᠬᠦ ᠵᠡᠷᠭᠡ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠨᠠᠮ᠎ᠤᠨ ᠭᠡᠱᠢᠭᠦᠳ ᠨᠡᠢᠭᠡᠮ ᠲᠣᠭᠤᠷᠢᠭ᠎ᠲᠤ ᠬᠦᠷᠴᠦ ᠣᠯᠠᠨ ᠲᠦᠮᠡᠨ᠎ᠳ᠋ᠦ᠍ ᠦᠢᠯᠡᠴᠢᠯᠡᠬᠦ᠎ᠶᠢ ᠵᠣᠷᠢᠭᠵᠢᠭᠤᠯᠵᠤ᠂ ᠨᠠᠮ᠎ᠤᠨ ᠭᠡᠱᠢᠭᠦᠨ ᠲᠦᠷᠦᠭᠦᠯᠡᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠤᠬᠠᠢᠯᠠᠭᠰᠠᠨ ᠠᠵᠢᠯ᠎ᠢᠶᠠᠨ ᠰᠠᠢᠲᠤᠷ ᠬᠢᠵᠦ᠂ ᠪᠠᠴᠢᠮ ᠬᠦᠴᠢᠷ ᠠᠶᠤᠯ᠎ᠲᠠᠢ ᠬᠦᠨᠳᠦ ᠡᠭᠦᠷᠭᠡ᠎ᠶᠢ ᠪᠡᠶᠡᠯᠡᠭᠦᠯᠬᠦ᠎ᠶᠢ ᠬᠥᠲᠦᠯᠦᠨ ᠵᠢᠯᠤᠭᠤᠳᠴᠤ ᠤᠷᠮᠠᠱᠢᠭᠤᠯᠤᠨ᠂ ᠪᠠᠢᠭᠤᠯᠭ᠎ᠠ᠎ᠶᠢᠨ ᠠᠵᠢᠯᠲᠠᠨ᠎ᠤ ᠱᠢᠨ᠎ᠡ ᠴᠠᠭ ᠦᠶ᠎ᠡ᠎ᠳ᠋ᠦ᠍ ᠭᠠᠪᠢᠶ᠎ᠠ ᠵᠢᠳᠭᠦᠯ ᠪᠠᠢᠭᠤᠯᠵᠤ᠂ ᠱᠢᠨ᠎ᠡ ᠠᠮᠵᠢᠯᠲᠠ ᠪᠦᠲᠦᠮᠵᠢ ᠭᠠᠷᠭᠠᠬᠤ᠎ᠪᠠᠷ ᠴᠢᠷᠮᠠᠢᠬᠤ᠎ᠶᠢ ᠳᠠᠢᠴᠢᠯᠠᠨ᠎ᠠ᠃

  ᠬᠣᠷᠢᠨ ᠬᠣᠶᠠᠳᠤᠭᠠᠷ ᠵᠦᠢᠯ  ᠤᠯᠤᠰ ᠲᠥᠷᠦ᠎ᠶᠢᠨ ᠪᠠᠷᠢᠮᠵᠢᠶ᠎ᠠ᠎ᠶᠢ ᠲᠡᠷᠢᠭᠦᠨ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠵᠤ᠂ ᠶᠡᠷᠦᠩᠬᠡᠢ ᠬᠡᠮᠵᠢᠶ᠎ᠡ᠎ᠶᠢ ᠡᠵᠡᠮᠳᠡᠬᠦ᠂ ᠪᠦᠲᠦᠴᠡ᠎ᠶᠢ ᠱᠢᠯᠢᠳᠡᠭᠵᠢᠭᠦᠯᠬᠦ᠂ ᠴᠢᠨᠠᠷ ᠴᠢᠨᠰᠠᠭ᠎ᠠ᠎ᠶᠢ ᠳᠡᠭᠡᠭᠱᠢᠯᠡᠭᠦᠯᠬᠦ᠂ ᠦᠢᠯᠡᠳᠦᠯ᠎ᠢᠶᠡᠨ ᠪᠠᠳᠠᠷᠠᠭᠤᠯᠬᠤ ᠶᠡᠷᠦᠩᠬᠡᠢ ᠱᠠᠭᠠᠷᠳᠠᠯᠭ᠎ᠠ ᠪᠣᠯᠤᠨ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠨᠠᠮ᠎ᠤᠨ ᠭᠡᠱᠢᠭᠦᠨ᠎ᠢ ᠡᠯᠰᠡᠵᠦ᠂ ᠡᠯᠰᠡᠬᠦ ᠳᠡᠰ ᠳᠠᠷᠠᠭᠠᠯᠠᠯ ᠢ᠋ ᠴᠢᠩᠭᠠᠳᠭᠠᠵᠤ᠂ ᠠᠵᠢᠯ᠎ᠤᠨ ᠰᠠᠬᠢᠯᠭ᠎ᠠ ᠪᠠᠲᠤ᠎ᠶᠢ ᠴᠢᠩᠳᠠᠯᠠᠨ᠎ᠠ᠃

 

    ᠵᠢᠷᠭᠤᠳᠤᠭᠠᠷ ᠪᠦᠯᠦᠭ  ᠨᠠᠮ᠎ᠤᠨ ᠳᠣᠲᠤᠭᠠᠳᠤ᠎ᠶᠢᠨ ᠠᠷᠠᠳᠴᠢᠯᠠᠯ ᠪᠠ ᠬᠢᠨᠠᠯᠲᠠ ᠲᠠᠯᠪᠢᠯᠲᠠ

 

  ᠬᠣᠷᠢᠨ ᠭᠤᠷᠪᠠᠳᠤᠭᠠᠷ ᠵᠦᠢᠯ  ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠡᠷᠬᠡᠪᠱᠢ ᠠᠷᠠᠳᠴᠢᠯᠠᠯ ᠲᠥᠪᠯᠡᠷᠡᠯ᠎ᠦᠨ ᠶᠣᠰᠤ᠎ᠶᠢ ᠪᠠᠷᠢᠮᠲᠠᠯᠠᠵᠤ᠂ ᠪᠠᠢᠭᠤᠯᠭ᠎ᠠ᠎ᠶᠢᠨ ᠨᠠᠮ᠎ᠤᠨ ᠳᠣᠲᠤᠭᠠᠳᠤ᠎ᠶᠢᠨ ᠦᠨᠳᠦᠰᠦᠨ ᠱᠠᠲᠤᠨ᠎ᠤ ᠠᠷᠠᠳᠴᠢᠯᠠᠯ᠎ᠤᠨ ᠪᠠᠢᠭᠤᠯᠤᠯᠲᠠ᠎ᠶᠢ ᠴᠢᠩᠭᠠᠳᠭᠠᠵᠤ᠂ ᠨᠠᠮ᠎ᠤᠨ ᠳᠣᠲᠤᠭᠠᠳᠤ᠎ᠶᠢᠨ ᠠᠷᠠᠳᠴᠢᠯᠠᠯ᠎ᠢ ᠦᠨᠡᠨ᠎ᠬᠦ ᠠᠬᠢᠭᠤᠯᠵᠤ᠂ ᠪᠠᠢᠭᠤᠯᠭ᠎ᠠ ᠶ᠋ᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠥᠷᠭᠡᠨ ᠣᠯᠠᠨ ᠨᠠᠮ᠎ᠤᠨ ᠭᠡᠱᠢᠭᠦᠨ᠎ᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠳᠠᠪᠤᠷᠢ᠎ᠶᠢ ᠭᠦᠢᠴᠡᠳ ᠪᠠᠳᠠᠷᠠᠭᠤᠯᠵᠤ᠂ ᠨᠠᠮ᠎ᠤᠨ ᠲᠥᠪᠯᠡᠷᠡᠯ ᠨᠢᠭᠡᠳᠦᠯ᠎ᠢ ᠡᠷᠡᠰ ᠬᠠᠮᠠᠭᠠᠯᠠᠬᠤ ᠬᠡᠷᠡᠭᠲᠡᠢ᠃

  ᠬᠣᠷᠢᠨ ᠳᠥᠷᠪᠡᠳᠦᠭᠡᠷ ᠵᠦᠢᠯ  ᠬᠠᠮᠲᠤ᠎ᠶᠢᠨ ᠤᠳᠤᠷᠢᠳᠤᠯᠭ᠎ᠠ᠎ᠶᠢᠨ ᠳᠦᠷᠢᠮ ᠢ᠋ ᠪᠠᠷᠢᠮᠲᠠᠯᠠᠵᠤ᠂ ᠴᠢᠬᠤᠯᠠ ᠵᠦᠢᠯ ᠦ᠋ᠳ ᠢ᠋ ᠴᠥᠮ ᠬᠠᠮᠲᠤ᠎ᠪᠠᠷ ᠤᠳᠤᠷᠢᠳᠬᠤ᠂ ᠠᠷᠠᠳᠴᠢᠯᠠᠯ ᠲᠥᠪᠯᠡᠷᠡᠯ ᠢ᠋ ᠬᠡᠷᠡᠭᠵᠢᠭᠦᠯᠬᠦ᠂ ᠲᠤᠰᠭᠠᠢ ᠶᠠᠷᠢᠯᠴᠠᠬᠤ᠂ ᠬᠤᠷᠠᠯ᠎ᠢᠶᠠᠷ ᠲᠣᠭᠲᠠᠭᠠᠬᠤ ᠵᠠᠷᠴᠢᠮ ᠢ᠋ ᠦᠨᠳᠦᠰᠦᠯᠡᠵᠦ᠂ ᠬᠠᠮᠲᠤ᠎ᠪᠠᠷ ᠶᠠᠷᠢᠯᠴᠠᠵᠤ᠂ ᠴᠥᠭᠡᠩᠬᠢ᠎ᠨᠢ ᠣᠯᠠᠩᠬᠢ᠎ᠪᠠᠨ ᠳᠠᠭᠠᠬᠤ ᠶᠣᠰᠤᠭᠠᠷ ᠲᠣᠭᠲᠠᠭᠠᠯ ᠭᠠᠷᠭᠠᠬᠤ ᠬᠡᠷᠡᠭᠲᠡᠢ᠃ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ ᠲᠦᠷᠦᠭᠦᠯᠡᠨ ᠠᠷᠠᠳᠴᠢᠯᠠᠯ ᠢ᠋ ᠪᠠᠳᠠᠷᠠᠭᠤᠯᠵᠤ᠂ ᠨᠠᠮ᠎ᠤᠨ ᠭᠡᠱᠢᠭᠦᠨ᠎ᠦ ᠬᠢᠨᠠᠯᠲᠠ᠎ᠶᠢ ᠤᠬᠠᠮᠰᠠᠷ᠎ᠠᠴᠠ᠎ᠢᠶᠠᠨ ᠬᠦᠯᠢᠶᠡᠬᠦ ᠬᠡᠷᠡᠭᠲᠡᠢ᠃

  ᠬᠣᠷᠢᠨ ᠲᠠᠪᠤᠳᠤᠭᠠᠷ ᠵᠦᠢᠯ  ᠨᠠᠮ᠎ᠤᠨ ᠭᠡᠱᠢᠭᠦᠨ᠎ᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠬᠦᠨᠳᠦᠳᠭᠡᠵᠦ᠂ ᠨᠠᠮ᠎ᠤᠨ ᠭᠡᠱᠢᠭᠦᠨ᠎ᠦ ᠠᠷᠠᠳᠴᠢᠯᠠᠯ᠎ᠤᠨ ᠡᠷᠬᠡ᠎ᠶᠢ ᠪᠠᠲᠤᠯᠠᠵᠤ᠂ ᠪᠠᠢᠭᠤᠯᠭ᠎ᠠ᠎ᠶᠢᠨ ᠨᠠᠮ᠎ᠤᠨ ᠭᠡᠱᠢᠭᠦᠨ᠎ᠦ ᠪᠠᠢᠳᠠᠯ᠎ᠢ ᠮᠡᠳᠡᠬᠦ ᠡᠷᠬᠡ᠂ ᠣᠷᠤᠯᠴᠠᠬᠤ ᠡᠷᠬᠡ᠂ ᠰᠣᠩᠭᠤᠬᠤ ᠡᠷᠬᠡ᠂ ᠬᠢᠨᠠᠯᠲᠠ ᠲᠠᠯᠪᠢᠬᠤ ᠡᠷᠬᠡ᠎ᠶᠢ ᠨᠠᠢᠳᠠᠪᠤᠷᠢᠵᠢᠭᠤᠯᠤᠨ᠎ᠠ᠃ ᠨᠠᠮ᠎ᠤᠨ ᠶᠠᠪᠤᠳᠠᠯ ᠢ᠋ ᠢᠯᠡ ᠪᠣᠯᠭᠠᠬᠤ᠎ᠶᠢ ᠠᠬᠢᠭᠤᠯᠵᠤ᠂ ᠨᠠᠮ᠎ᠤᠨ ᠳᠣᠲᠤᠭᠠᠳᠤ᠎ᠳᠤ ᠪᠠᠢᠳᠠᠯ ᠢ᠋ ᠮᠡᠳᠡᠭᠳᠡᠬᠦ ᠳᠦᠷᠢᠮ᠂ ᠪᠠᠢᠳᠠᠯ ᠢ᠋ ᠲᠤᠰᠭᠠᠬᠤ ᠳᠦᠷᠢᠮ᠎ᠢ ᠪᠦᠷᠢᠨᠱᠢᠭᠦᠯᠵᠦ᠂ ᠨᠠᠮ᠎ᠤᠨ ᠭᠡᠱᠢᠭᠦᠨ᠎ᠦ ᠨᠠᠮ᠎ᠤᠨ ᠳᠣᠲᠤᠭᠠᠳᠤ᠎ᠶᠢᠨ ᠤᠴᠢᠷ ᠶᠠᠪᠤᠳᠠᠯ ᠢ᠋ ᠶᠠᠷᠢᠯᠴᠠᠬᠤ᠎ᠳᠤ ᠣᠷᠤᠯᠴᠠᠬᠤ ᠠᠷᠭ᠎ᠠ ᠵᠠᠮ᠎ᠢ ᠱᠢᠯᠤᠭᠤᠳᠭᠠᠵᠤ᠂ ᠨᠠᠮ᠎ᠤᠨ ᠭᠡᠱᠢᠭᠦᠨ᠎ᠦ ᠰᠠᠨᠠᠯ᠎ᠢᠶᠠᠨ ᠢᠯᠡᠳᠭᠡᠬᠦ ᠠᠷᠭ᠎ᠠ ᠵᠠᠮ᠎ᠢ ᠥᠷᠭᠡᠳᠭᠡᠨ᠎ᠡ᠃ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠴᠢᠬᠤᠯᠠ ᠤᠴᠢᠷ ᠶᠠᠪᠤᠳᠠᠯ᠎ᠢ ᠶᠠᠷᠢᠯᠴᠠᠨ ᠲᠣᠭᠲᠠᠭᠠᠬᠤ᠎ᠠᠴᠠ ᠡᠮᠦᠨ᠎ᠡ᠂ ᠨᠠᠮ᠎ᠤᠨ ᠭᠡᠱᠢᠭᠦᠨ᠎ᠦ ᠰᠠᠨᠠᠯ᠎ᠢ ᠭᠦᠢᠴᠡᠳ ᠰᠣᠨᠣᠰᠭᠤ ᠬᠡᠷᠡᠭᠲᠡᠢ᠃

  ᠬᠣᠷᠢᠨ ᠵᠢᠷᠭᠤᠳᠤᠭᠠᠷ ᠵᠦᠢᠯ  ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠨᠠᠮ᠎ᠤᠨ ᠭᠡᠱᠢᠭᠦᠨ ᠢᠯᠠᠩᠭᠤᠶ᠎ᠠ ᠨᠠᠮ᠎ᠤᠨ ᠭᠡᠱᠢᠭᠦᠨ ᠤᠳᠤᠷᠢᠳᠬᠤ ᠺᠠᠳ᠋ᠷ᠎ᠲᠤ ᠲᠠᠯᠪᠢᠬᠤ ᠡᠳᠦᠷ ᠲᠤᠲᠤᠮ᠎ᠤᠨ ᠬᠢᠨᠠᠯᠲᠠ᠎ᠪᠠᠨ ᠴᠢᠩᠭᠠᠳᠭᠠᠵᠤ᠂ ᠨᠠᠮ᠎ᠤᠨ ᠭᠡᠱᠢᠭᠦᠨ᠎ᠦ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠬᠤ᠂ ᠳᠦᠷᠢᠮ᠎ᠢ ᠴᠢᠩᠭ᠎ᠠ ᠵᠢᠷᠤᠮᠯᠠᠨ ᠬᠡᠷᠡᠭᠵᠢᠭᠦᠯᠬᠦ᠂ ᠦᠨᠡᠨᠴᠢ ᠱᠢᠳᠤᠷᠭᠤ ᠠᠷᠢᠭᠤᠨ ᠴᠡᠪᠡᠷ ᠬᠠᠷᠢᠭᠤᠴᠠᠯᠭ᠎ᠠ ᠡᠭᠦᠷᠭᠡᠯᠡᠬᠦ᠎ᠶᠢ ᠪᠡᠶᠡᠯᠡᠭᠦᠯᠬᠦ᠎ᠶᠢ ᠪᠠᠲᠤᠯᠠᠵᠤ᠂ ᠨᠠᠮ᠎ᠤᠨ  ᠪᠦᠯᠬᠦᠮᠳᠡᠯ ᠪᠠ ᠨᠢᠭᠡᠳᠦᠯ᠎ᠢ ᠬᠠᠮᠠᠭᠠᠯᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠦᠲᠦᠭᠡᠯᠴᠢ ᠬᠦᠴᠦᠨ᠂ ᠨᠢᠭᠲᠠᠷᠠᠯ᠎ᠤᠨ ᠬᠦᠴᠦᠨ᠂ ᠳᠠᠢᠴᠢᠨ ᠬᠦᠴᠦᠨ᠎ᠢ ᠴᠢᠩᠭᠠᠷᠠᠭᠤᠯᠬᠤ ᠬᠡᠷᠡᠭᠲᠡᠢ᠃

  (ᠨᠢᠭᠡ) ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠭᠰᠠᠨ ᠪᠠᠢᠳᠠᠯ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠪᠠᠢᠴᠠᠭᠠᠨ ᠮᠡᠳᠡᠭᠳᠡᠵᠦ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠨᠠᠮ᠎ᠤᠨ ᠭᠡᠱᠢᠭᠦᠨ ᠤᠳᠤᠷᠢᠳᠬᠤ ᠺᠠᠳ᠋ᠷ᠎ᠤᠨ ᠬᠣᠣᠰ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠭᠰᠠᠨ ᠪᠠᠢᠳᠠᠯ ᠢ᠋ ᠮᠡᠳᠡᠭᠦᠯᠦᠨ᠎ᠡ;

  (ᠬᠣᠶᠠᠷ) ᠨᠠᠮ᠎ᠤᠨ ᠭᠡᠱᠢᠭᠦᠨ ᠤᠳᠤᠷᠢᠳᠬᠤ ᠺᠠᠳ᠋ᠷ᠎ᠤᠨ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠢ᠋ ᠰᠠᠢᠲᠤᠷ ᠬᠤᠷᠠᠯᠳᠤᠭᠤᠯᠬᠤ᠎ᠶᠢ ᠱᠠᠯᠠᠪᠳᠠᠭᠤᠯᠵᠤ᠂ ᠲᠤᠰ ᠨᠢᠭᠡᠴᠢ᠎ᠶᠢᠨ ᠳᠣᠲᠤᠭᠠᠳᠤ ᠪᠠᠢᠭᠤᠯᠤᠮᠵᠢ ᠪᠠ ᠱᠢᠭᠤᠳ ᠬᠠᠷᠢᠶ᠎ᠠ ᠨᠢᠭᠡᠴᠢ᠎ᠶᠢᠨ ᠨᠠᠮ᠎ᠤᠨ ᠭᠡᠱᠢᠭᠦᠨ ᠤᠳᠤᠷᠢᠳᠬᠤ ᠺᠠᠳ᠋ᠷ᠎ᠤᠨ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠢ᠋ ᠵᠢᠯᠣᠭᠣᠳᠭᠤ᠎ᠶᠢ ᠴᠢᠩᠭᠠᠳᠭᠠᠨ᠎ᠠ;

  (ᠭᠤᠷᠪᠠ) ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠤᠰᠭᠠᠢ ᠲᠤᠱᠢᠶᠠᠯᠲᠤ ᠳᠡᠳ᠋ ᠱᠦᠵᠢ ᠲᠤᠰ ᠨᠢᠭᠡᠴᠢ᠎ᠶᠢᠨ᠎ᠪᠡᠨ ᠨᠠᠮ᠎ᠤᠨ ᠭᠡᠱᠢᠭᠦᠨ ᠤᠳᠤᠷᠢᠳᠬᠤ ᠺᠠᠳ᠋ᠷ᠎ᠤᠨ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠪᠠ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠵᠢᠴᠢ ᠲᠤᠰ ᠨᠢᠭᠡᠴᠢ᠎ᠶᠢᠨ ᠬᠠᠷᠢᠭᠤᠴᠠᠯᠭᠠᠲᠠᠨ᠎ᠤ ᠬᠤᠷᠠᠯᠳᠤᠭᠤᠯᠤᠭᠰᠠᠨ ᠬᠣᠯᠪᠤᠭᠳᠠᠯ ᠪᠦᠬᠦᠢ ᠬᠤᠷᠠᠯ᠎ᠳᠤ ᠰᠤᠯᠠ ᠣᠷᠤᠯᠴᠠᠨ᠎ᠠ;

  (ᠳᠥᠷᠪᠡ) ᠪᠠᠢᠭᠤᠯᠭ᠎ᠠ᠎ᠶᠢᠨ ᠨᠠᠮ᠎ᠤᠨ ᠭᠡᠱᠢᠭᠦᠨ ᠵᠢᠴᠢ ᠤᠳᠤᠷᠢᠳᠬᠤ ᠺᠠᠳ᠋ᠷ᠎ᠤᠨ ᠦᠵᠡᠯ ᠰᠠᠨᠠᠭ᠎ᠠ᠂ ᠰᠤᠷᠲᠠᠯ ᠪᠠ ᠠᠵᠢᠯ᠎ᠤᠨ ᠪᠠᠢᠳᠠᠯ ᠢ᠋ ᠣᠢᠯᠠᠭᠠᠨ ᠡᠵᠡᠮᠱᠢᠵᠦ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠲᠤᠰ ᠨᠢᠭᠡᠴᠢ᠎ᠶᠢᠨ᠎ᠪᠡᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠳᠣ᠌ ᠴᠠᠭ ᠲᠤᠬᠠᠢ᠎ᠳ᠋ᠤᠨᠢ ᠲᠤᠰᠭᠠᠨ᠎ᠠ;

  (ᠲᠠᠪᠤ) ᠨᠠᠮ᠎ᠤᠨ ᠭᠡᠱᠢᠭᠦᠨ᠂ ᠺᠠᠳ᠋ᠷ᠎ᠤᠨ ᠴᠢᠬᠡᠴᠢ ᠵᠠᠰᠠᠭ᠎ᠤᠨ ᠲᠠᠯ᠎ᠠ᠎ᠪᠠᠷ ᠬᠢ ᠠᠶᠤᠯ ᠲᠦᠭᠱᠢᠭᠦᠷᠢ᠎ᠶᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠭᠰᠠᠨ ᠪᠠᠢᠳᠠᠯ᠎ᠢ ᠣᠢᠯᠠᠭᠠᠵᠤ᠂ ᠠᠰᠠᠭᠤᠳᠠᠯ ᠢ᠋ ᠢᠯᠡᠷᠡᠭᠦᠯᠵᠦ ᠮᠡᠳᠡᠪᠡᠯ ᠴᠠᠭ ᠲᠤᠬᠠᠢ᠎ᠳ᠋ᠤᠨᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠲᠤᠰ ᠨᠢᠭᠡᠴᠢ᠎ᠶᠢᠨ᠎ᠪᠡᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ)᠎ᠳ᠋ᠤ ᠮᠡᠳᠡᠭᠦᠯᠦᠨ᠎ᠡ;

  (ᠵᠢᠷᠭᠤᠭ᠎ᠠ) ᠪᠠᠢᠭᠤᠯᠭ᠎ᠠ᠎ᠶᠢᠨ ᠨᠠᠮ᠎ᠤᠨ ᠭᠡᠱᠢᠭᠦᠨ ᠺᠠᠳ᠋ᠷ᠎ᠤᠨ ᠶᠡᠬᠡ ᠬᠤᠷᠠᠯ ᠢ᠋ ᠵᠢᠯ ᠪᠦᠷᠢ ᠠᠳᠠᠭ᠎ᠲᠤ᠎ᠪᠠᠨ 1 ᠤᠳᠠᠭ᠎ᠠ ᠬᠤᠷᠠᠯᠳᠤᠭᠤᠯᠵᠤ᠂ ᠲᠤᠰ ᠨᠢᠭᠡᠴᠢ᠎ᠶᠢᠨ᠎ᠪᠡᠨ ᠭᠣᠣᠯ ᠬᠠᠷᠢᠭᠤᠴᠠᠯᠭᠠᠲᠠᠨ᠎ᠤ ᠠᠵᠢᠯ᠎ᠤᠨ ᠪᠠᠢᠳᠠᠯ᠎ᠢᠶᠠᠨ ᠮᠡᠳᠡᠭᠦᠯᠬᠦ᠎ᠶᠢ ᠰᠣᠨᠤᠰᠤᠨ᠎ᠠ;

  (ᠳᠣᠯᠤᠭ᠎ᠠ) ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠤᠨ ᠠᠵᠢᠯ᠎ᠢ ᠰᠠᠢᠲᠤᠷ ᠬᠢᠨ᠎ᠡ;

  (ᠨᠠᠢ᠍ᠮᠠᠨ) ᠨᠠᠮ᠎ᠤᠨ ᠭᠡᠱᠢᠭᠦᠨ᠎ᠦ ᠬᠢᠨᠠᠯᠲᠠ ᠲᠠᠯᠪᠢᠬᠤ ᠡᠷᠬᠡ᠎ᠪᠡᠨ ᠬᠡᠷᠡᠭᠵᠢᠭᠦᠯᠵᠦ᠂ ᠬᠢᠨᠠᠯᠲᠠ ᠲᠠᠯᠪᠢᠬᠤ ᠡᠭᠦᠷᠭᠡ᠎ᠪᠡᠨ ᠭᠦᠢᠴᠡᠳᠭᠡᠬᠦ ᠶ᠋ᠢ ᠳᠡᠮᠵᠢᠵᠦ᠂ ᠡᠯ᠎ᠡ ᠵᠦᠢᠯ᠎ᠦᠨ ᠬᠡᠯᠪᠡᠷᠢ᠎ᠪᠡᠷ ᠴᠣᠬᠢᠯᠲᠠ ᠥᠭᠴᠦ ᠬᠠᠷᠢᠭᠤ ᠠᠪᠬᠤ᠎ᠶᠢ ᠰᠡᠷᠭᠡᠢᠯᠡᠨ᠎ᠡ᠃

  ᠬᠣᠷᠢᠨ ᠳᠣᠯᠤᠳᠤᠭᠠᠷ ᠵᠦᠢᠯ  ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠡᠩ᠎ᠦᠨ ᠦᠶ᠎ᠡ᠎ᠳᠦ ᠨᠠᠮ᠎ᠤᠨ ᠭᠡᠱᠢᠭᠦᠨ᠂ ᠺᠠᠳ᠋ᠷ᠎ᠢ ᠢᠯᠡᠭᠦᠬᠡᠨ ᠠᠰᠠᠭᠤᠨ ᠬᠠᠯᠠᠮᠵᠢᠯᠠᠵᠤ᠂ ᠢᠯᠡᠭᠦᠬᠡᠨ ᠰᠠᠨᠠᠭᠤᠯᠵᠤ᠂ ᠢᠯᠡᠷᠡᠯ᠎ᠦᠨ ᠴᠢᠨᠠᠷᠲᠠᠢ᠂ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠴᠠᠭ ᠲᠤᠬᠠᠢ᠎ᠳ᠋ᠤᠨᠢ ᠢᠯᠡᠷᠡᠭᠦᠯᠦᠨ ᠵᠠᠯᠠᠷᠠᠭᠤᠯᠵᠤ᠂ ᠠᠰᠠᠭᠤᠳᠠᠯ ᠬᠦᠨᠳᠦ ᠨᠣᠴᠢᠲᠠᠢ ᠪᠠᠢᠪᠠᠯ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠬᠦ ᠬᠡᠷᠡᠭᠲᠡᠢ᠃ ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ ᠢ᠋ ᠲᠣᠭᠲᠠᠭᠠᠯ ᠶᠣᠰᠤᠭᠠᠷ ᠵᠣᠬᠢᠰᠲᠠᠢ ᠱᠢᠢᠳᠪᠦᠷᠢᠯᠡᠬᠦ ᠬᠡᠷᠡᠭᠲᠡᠢ᠃

 

    ᠳᠣᠯᠤᠳᠤᠭᠠᠷ ᠪᠦᠯᠦᠭ  ᠨᠠᠮ᠎ᠤᠨ ᠠᠵᠢᠯᠲᠠᠨ᠎ᠤ ᠡᠩᠨᠡᠭᠡᠨ᠎ᠦ ᠪᠠᠢᠭᠤᠯᠤᠯᠲᠠ

 

  ᠬᠣᠷᠢᠨ ᠨᠠᠢ᠍ᠮᠠᠳᠤᠭᠠᠷ ᠵᠦᠢᠯ  ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ᠂ ᠨᠠᠮ᠎ᠤᠨ ᠠᠵᠢᠯ ᠢ᠋ ᠴᠢᠩᠭᠠᠳᠭᠠᠬᠤ᠎ᠳᠤ ᠠᠱᠢᠭᠲᠠᠢ ᠪᠠᠢᠯᠭᠠᠬᠤ ᠪᠠ ᠥᠨᠳᠦᠷ ᠪᠦᠲᠦᠮᠵᠢᠲᠡᠢ ᠪᠠᠢᠯᠭᠠᠬᠤ ᠵᠠᠷᠴᠢᠮ ᠶᠣᠰᠤᠭᠠᠷ ᠤᠴᠢᠷ ᠶᠠᠪᠤᠳᠠᠯ ᠱᠢᠢᠳᠪᠦᠷᠢᠯᠡᠬᠦ ᠪᠠᠢᠭᠤᠯᠤᠮᠵᠢ ᠭᠠᠷᠭᠠᠵᠤ᠂ ᠴᠢᠬᠤᠯᠠ ᠪᠦᠬᠦᠢ ᠠᠵᠢᠯᠲᠠᠨ ᠲᠣᠬᠢᠷᠠᠭᠤᠯᠤᠨ᠎ᠠ᠃

  ᠬᠣᠷᠢ ᠶᠢᠰᠦᠳᠦᠭᠡᠷ ᠵᠦᠢᠯ  ᠨᠠᠮ᠎ᠤᠨ ᠶᠠᠪᠤᠳᠠᠯ᠎ᠤᠨ ᠠᠵᠢᠯ᠎ᠤᠨ ᠪᠠᠢᠷᠢ᠎ᠶᠢ ᠺᠠᠳ᠋ᠷ᠎ᠢ ᠬᠥᠮᠦᠵᠢᠭᠦᠯᠦᠨ ᠪᠣᠯᠪᠠᠰᠤᠷᠠᠭᠤᠯᠬᠤ ᠴᠢᠬᠤᠯᠠ ᠲᠠᠪᠴᠠᠩ ᠪᠣᠯᠭᠠᠬᠤ᠎ᠶᠢ ᠪᠠᠷᠢᠮᠲᠠᠯᠠᠵᠤ᠂ ᠤᠯᠤᠰ ᠲᠥᠷᠦ᠎ᠶᠢᠨ ᠲᠠᠯ᠎ᠠ᠎ᠪᠠᠷ ᠪᠠᠲᠤ ᠴᠢᠩᠭ᠎ᠠ᠂ ᠲᠤᠬᠠᠢᠯᠠᠭᠰᠠᠨ ᠠᠵᠢᠯ᠎ᠳᠤ᠎ᠪᠠᠨ ᠴᠠᠭᠠᠷᠠᠭᠰᠠᠨ᠂ ᠰᠤᠷᠲᠠᠯ ᠰᠠᠢᠨ ᠺᠠᠳ᠋ᠷ᠎ᠢ ᠱᠢᠯᠢᠨ ᠰᠣᠩᠭᠤᠵᠤ ᠨᠠᠮ᠎ᠤᠨ ᠶᠠᠪᠤᠳᠠᠯ᠎ᠤᠨ ᠠᠵᠢᠯ ᠢ᠋ ᠲᠤᠰᠭᠠᠢ ᠬᠠᠷᠢᠭᠤᠴᠠᠬᠤ ᠪᠤᠶᠤ ᠲᠤᠱᠢᠶᠠᠯ ᠬᠠᠪᠰᠤᠷᠭᠠᠨ ᠬᠠᠷᠢᠭᠤᠴᠠᠬᠤ᠎ᠶᠢ ᠴᠢᠬᠤᠯᠠᠴᠢᠯᠠᠵᠤ᠂ ᠥᠨᠳᠦᠷ ᠬᠡᠪ ᠴᠢᠨᠠᠷ ᠪᠦᠬᠦᠢ ᠲᠤᠰᠭᠠᠢᠵᠢᠭᠰᠠᠨ ᠪᠠᠢᠭᠤᠯᠭ᠎ᠠ᠎ᠶᠢᠨ ᠨᠠᠮ᠎ᠤᠨ ᠠᠵᠢᠯᠲᠠᠨ᠎ᠤ ᠡᠩᠨᠡᠭᠡ᠎ᠶᠢ ᠪᠠᠢᠭᠤᠯᠤᠨ᠎ᠠ᠃

  ᠭᠤᠴᠢᠳᠤᠭᠠᠷ ᠵᠦᠢᠯ  ᠪᠠᠢᠭᠤᠯᠭ᠎ᠠ᠎ᠶᠢᠨ ᠲᠤᠰᠭᠠᠢ ᠲᠤᠱᠢᠶᠠᠯᠲᠤ ᠨᠠᠮ᠎ᠤᠨ ᠠᠵᠢᠯᠲᠠᠨ᠎ᠤ ᠲᠣᠬᠢᠷᠠᠭᠤᠯᠤᠯᠲᠠ᠎ᠨᠢ ᠡᠩ᠎ᠦᠨ ᠪᠠᠢᠳᠠᠯ᠎ᠳᠤ ᠪᠠᠢᠭᠤᠯᠭ᠎ᠠ᠎ᠶᠢᠨ ᠠᠵᠢᠯᠲᠠᠨ᠎ᠤ ᠶᠡᠷᠦᠩᠬᠡᠢ ᠲᠣᠭᠠᠨ᠎ᠤ 1᠎ᠡᠴᠡ 2%᠎ᠢ᠋ ᠡᠵᠡᠯᠡᠨ᠎ᠡ᠃ ᠪᠠᠢᠭᠤᠯᠭ᠎ᠠ᠎ᠶᠢᠨ ᠠᠵᠢᠯᠲᠠᠨ ᠨᠡᠯᠢᠶᠡᠳ ᠴᠥᠭᠡᠨ ᠪᠠᠢᠭ᠎ᠠ ᠨᠢᠭᠡᠴᠢ ᠲᠤᠰᠭᠠᠢ ᠬᠥᠮᠦᠨ᠎ᠢᠶᠡᠷ ᠬᠠᠷᠢᠭᠤᠴᠠᠭᠤᠯᠬᠤ᠎ᠶᠢ ᠪᠠᠲᠤᠯᠠᠬᠤ ᠬᠡᠷᠡᠭᠲᠡᠢ᠃ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠡᠭᠦᠷᠭᠡ ᠨᠡᠯᠢᠶᠡᠳ ᠬᠦᠨᠳᠦ᠂ ᠠᠵᠢᠯ᠎ᠤᠨ ᠬᠦᠴᠦᠨ ᠬᠦᠷᠦᠯᠴᠡᠬᠦ᠎ᠦᠭᠡᠢ ᠨᠢᠭᠡᠴᠢ᠎ᠶᠢᠨ ᠬᠢᠨ ᠠᠵᠢᠯᠲᠠᠨ ᠢ᠋ ᠵᠣᠬᠢᠰᠲᠠᠢ᠎ᠪᠠᠷ ᠨᠡᠮᠡᠭᠳᠡᠭᠦᠯᠬᠦ ᠬᠡᠷᠡᠭᠲᠡᠢ᠃ ᠪᠠᠢᠭᠤᠯᠭ᠎ᠠ᠎ᠶᠢᠨ ᠲᠤᠰᠭᠠᠢ ᠲᠤᠱᠢᠶᠠᠯᠳᠤ ᠨᠠᠮ᠎ᠤᠨ ᠠᠵᠢᠯᠲᠠᠨ᠎ᠤ ᠣᠷᠤᠨ ᠲᠣᠭ᠎ᠠ᠎ᠶᠢ ᠪᠠᠢᠭᠤᠯᠭ᠎ᠠ᠎ᠶᠢᠨ ᠵᠠᠰᠠᠭ ᠵᠠᠬᠢᠷᠭᠠᠨ᠎ᠤ ᠣᠷᠤᠨ ᠲᠣᠭ᠎ᠠ᠎ᠳᠤ ᠣᠷᠤᠭᠤᠯᠤᠨ᠎ᠠ᠃

  ᠭᠤᠴᠢᠨ ᠨᠢᠭᠡᠳᠦᠭᠡᠷ ᠵᠦᠢᠯ  ᠢᠲᠡᠭᠡᠯ ᠪᠢᠱᠢᠷᠡᠯ᠎ᠢᠶᠡᠨ ᠰᠠᠬᠢᠬᠤ᠂ ᠬᠤᠪᠢ ᠨᠡᠮᠡᠷᠢ ᠦᠵᠡᠭᠦᠯᠬᠦ᠎ᠶᠢ ᠡᠷᠬᠢᠮᠯᠡᠬᠦ᠂ ᠴᠢᠳᠠᠪᠤᠷᠢ᠎ᠲᠠᠢ᠂ ᠬᠡᠪ ᠰᠤᠷᠲᠠᠯ ᠢ᠋ ᠴᠢᠬᠤᠯᠠᠴᠢᠯᠠᠬᠤ ᠱᠠᠭᠠᠷᠳᠠᠯᠭ᠎ᠠ ᠶᠣᠰᠤᠭᠠᠷ᠂ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠶ᠋ᠢᠨ ᠱᠦᠵᠢ᠎ᠶᠢᠨ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠭᠠᠨ᠎ᠠ᠃ ᠬᠠᠷᠢᠭᠤᠴᠠᠯᠭ᠎ᠠ᠎ᠶᠢ ᠲᠣᠳᠤᠷᠬᠠᠢᠯᠠᠬᠤ᠂ ᠬᠢᠨᠠᠨ ᠱᠢᠯᠭᠠᠵᠤ ᠬᠢᠨᠠᠯᠲᠠ ᠲᠠᠯᠪᠢᠬᠤ᠂ ᠦᠢᠯᠡᠴᠢᠯᠡᠭᠡ᠎ᠶᠢ ᠪᠠᠲᠤᠯᠠᠬᠤ᠎ᠪᠠᠷ ᠭᠣᠣᠯᠳᠠᠯᠭ᠎ᠠ ᠪᠣᠯᠭᠠᠵᠤ᠂ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠪᠠᠭ᠎ᠤᠨ ᠬᠠᠮᠢᠶᠠᠷᠤᠯᠲᠠ᠎ᠶᠢ ᠴᠢᠩᠭᠠᠳᠭᠠᠨ᠎ᠠ᠃ ᠪᠠᠢᠭᠤᠯᠭ᠎ᠠ᠎ᠶᠢᠨ ᠠᠵᠢᠯᠲᠠᠨ ᠢᠯᠠᠩᠭᠤᠶ᠎ᠠ ᠪᠠᠢᠭᠤᠯᠭ᠎ᠠ ᠶ᠋ᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠡᠭᠡᠯᠵᠢᠯᠡᠨ ᠪᠣᠯᠪᠠᠰᠤᠷᠠᠭᠤᠯᠤᠨ᠎ᠠ᠃ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠢᠨ᠎ᠡ᠎ᠪᠡᠷ ᠲᠤᠱᠢᠶᠠᠯ᠎ᠳᠤ ᠭᠠᠷᠬᠤ ᠬᠠᠷᠢᠭᠤᠴᠠᠯᠭᠠᠲᠠᠨ᠎ᠳᠤ ᠲᠤᠱᠢᠶᠠᠯ ᠡᠭᠦᠷᠭᠡᠯᠡᠬᠦ ᠪᠣᠯᠪᠠᠰᠤᠷᠠᠯ ᠬᠦᠷᠲᠡᠭᠡᠨ᠎ᠡ᠃

  ᠭᠤᠴᠢᠨ ᠬᠣᠶᠠᠳᠤᠭᠠᠷ ᠵᠦᠢᠯ  ᠪᠠᠢᠭᠤᠯᠭ᠎ᠠ᠎ᠶᠢᠨ ᠲᠤᠰᠭᠠᠢ ᠲᠤᠱᠢᠶᠠᠯᠲᠤ ᠨᠠᠮ᠎ᠤᠨ ᠠᠵᠢᠯᠲᠠᠨ ᠪᠣᠯᠤᠨ ᠵᠠᠰᠠᠭ ᠵᠠᠬᠢᠷᠭ᠎ᠠ᠂ ᠲᠤᠬᠠᠢᠯᠠᠭᠰᠠᠨ ᠠᠵᠢᠯ᠎ᠤᠨ ᠠᠵᠢᠯᠲᠠᠨ᠎ᠤ ᠬᠣᠭᠤᠷᠤᠨᠳᠤᠬᠢ ᠬᠣᠶᠠᠷ ᠲᠠᠯ᠎ᠠ᠎ᠶᠢᠨ ᠰᠣᠯᠢᠯᠴᠠᠭ᠎ᠠ᠎ᠶᠢ ᠲᠥᠯᠦᠪᠯᠡᠭᠡ᠎ᠲᠡᠢ᠎ᠪᠡᠷ ᠲᠣᠬᠢᠷᠠᠭᠤᠯᠤᠨ᠎ᠠ᠃ ᠲᠤᠱᠢᠶᠠᠯ ᠬᠠᠪᠰᠤᠷᠭᠠᠭᠰᠠᠨ ᠨᠠᠮ᠎ᠤᠨ ᠠᠵᠢᠯᠲᠠᠨ᠎ᠤ ᠨᠠᠮ᠎ᠤᠨ ᠠᠵᠢᠯ ᠥᠷᠨᠢᠭᠦᠯᠦᠭᠰᠡᠨ ᠪᠠᠢᠳᠠᠯ᠎ᠢ ᠺᠠᠳ᠋ᠷ᠎ᠤᠨ ᠣᠨ᠎ᠤ ᠬᠢᠨᠠᠨ ᠱᠢᠯᠭᠠᠯᠲᠠ ᠪᠣᠯᠤᠨ ᠱᠢᠯᠢᠳᠡᠭ᠎ᠢ ᠱᠢᠯᠭᠠᠷᠠᠭᠤᠯᠬᠤ ᠲᠡᠷᠢᠭᠦᠨ᠎ᠦ ᠬᠢ᠎ᠶᠢ ᠱᠢᠯᠭᠠᠷᠠᠭᠤᠯᠬᠤ ᠴᠢᠬᠤᠯᠠ ᠯᠠᠪᠯᠠᠯᠲᠠ ᠪᠣᠯᠭᠠᠬᠤ ᠬᠡᠷᠡᠭᠲᠡᠢ᠃ ᠨᠠᠮ᠎ᠤᠨ ᠠᠵᠢᠯᠲᠠᠨ᠎ᠤ ᠳᠣᠲᠤᠷᠠᠬᠢ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠴᠠᠭ ᠲᠤᠬᠠᠢ᠎ᠳ᠋ᠤᠨᠢ ᠢᠯᠡᠷᠡᠭᠦᠯᠵᠦ᠂ ᠬᠥᠬᠢᠭᠦᠯᠦᠨ ᠰᠠᠢᠱᠢᠶᠠᠬᠤ ᠪᠠ ᠤᠬᠠᠭᠤᠯᠬᠤ ᠬᠡᠷᠡᠭᠲᠡᠢ᠃

 

    ᠨᠠᠢ᠍ᠮᠠᠳᠤᠭᠠᠷ ᠪᠦᠯᠦᠭ  ᠤᠳᠤᠷᠢᠳᠬᠤ ᠪᠠ ᠪᠠᠲᠤᠯᠠᠬᠤ

 

  ᠭᠤᠴᠢᠨ ᠭᠤᠷᠪᠠᠳᠤᠭᠠᠷ ᠵᠦᠢᠯ  ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠣᠷ᠎ᠠ᠂ ᠠᠳᠠᠯᠢ ᠱᠠᠲᠤᠨ᠎ᠤ ᠨᠠᠮ᠎ᠤᠨ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ ᠨᠢᠭᠡᠳᠦᠯᠲᠡᠢ ᠤᠳᠤᠷᠢᠳᠴᠤ᠂ ᠨᠢᠭᠡᠴᠢ᠎ᠶᠢᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠪᠣᠳᠠᠲᠠᠢ ᠤᠳᠤᠷᠢᠳᠤᠨ ᠬᠠᠮᠢᠶᠠᠷᠴᠤ᠂ ᠬᠣᠯᠪᠤᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢᠴᠡᠳᠭᠡᠵᠦ᠂ ᠨᠢᠭᠲᠠ ᠬᠠᠮᠵᠢᠯᠴᠠᠨ᠂ ᠠᠵᠢᠯ᠎ᠤᠨ ᠬᠠᠮᠲᠤᠷᠠᠯ ᠬᠦᠴᠦᠨ ᠢ᠋ ᠪᠦᠷᠢᠯᠳᠦᠭᠦᠯᠦᠨ᠎ᠡ᠃

  ᠭᠤᠴᠢᠨ ᠳᠥᠷᠪᠡᠳᠦᠭᠡᠷ ᠵᠦᠢᠯ  ᠨᠠᠮ᠎ᠤᠨ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠎ᠨᠢ ᠬᠠᠷᠢᠶ᠎ᠠ ᠪᠠᠢᠭᠤᠯᠭ᠎ᠠ᠎ᠶᠢᠨ᠎ᠪᠠᠨ ᠨᠠᠮ᠎ᠤᠨ ᠠᠵᠢᠯ᠎ᠢ ᠨᠢᠭᠡᠳᠦᠯᠲᠡᠢ ᠤᠳᠤᠷᠢᠳᠴᠤ᠂ ᠡᠯ᠎ᠡ ᠨᠢᠭᠡᠴᠢ᠎ᠶᠢᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ)᠎ᠶ᠋ᠢ ᠵᠢᠯᠤᠭᠤᠳᠤᠨ ᠱᠠᠯᠠᠪᠳᠠᠭᠤᠯᠵᠤ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠨ᠎ᠠ᠃ ᠡᠯ᠎ᠡ ᠨᠢᠭᠡᠴᠢ᠎ᠶᠢᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ)᠂ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠭᠡᠱᠢᠭᠦᠨ ᠤᠳᠤᠷᠢᠳᠬᠤ ᠺᠠᠳ᠋ᠷ᠎ᠤᠨ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠠᠷᠢᠭᠤᠴᠠᠯᠭ᠎ᠠ ᠶ᠋ᠢᠨ ᠳᠦᠷᠢᠮ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠭᠣᠣᠯᠳᠠᠯᠭ᠎ᠠ᠎ᠲᠠᠢ ᠠᠵᠢᠯ ᠪᠠ ᠴᠢᠬᠤᠯᠠ ᠳᠦᠷᠢᠮ ᠢ᠋ ᠨᠠᠢᠳᠠᠪᠤᠷᠢᠵᠢᠭᠤᠯᠤᠭᠰᠠᠨ ᠪᠠᠢᠳᠠᠯ ᠢ᠋ ᠲᠣᠭᠲᠠᠭᠰᠠᠨ ᠬᠤᠭᠤᠴᠠᠭ᠎ᠠ᠎ᠲᠠᠢ᠎ᠪᠠᠷ ᠱᠠᠯᠠᠪᠳᠠᠨ ᠪᠠᠢᠴᠠᠭᠠᠵᠤ᠂ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠳᠤ ᠬᠣᠯᠪᠤᠭᠳᠠᠯ ᠪᠦᠬᠦᠢ ᠪᠠᠢᠳᠠᠯ ᠢ᠋ ᠴᠠᠭ ᠲᠤᠬᠠᠢ᠎ᠳ᠋ᠤᠨᠢ ᠮᠡᠳᠡᠭᠦᠯᠦᠨ᠎ᠡ᠃

  ᠪᠠᠢᠭᠤᠯᠭ᠎ᠠ᠎ᠶᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠵᠥᠪᠯᠡᠯ᠎ᠨᠢ ᠠᠳᠠᠯᠢ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠲᠣᠮᠢᠯᠠᠭᠰᠠᠨ ᠪᠠᠢᠭᠤᠯᠤᠮᠵᠢ ᠪᠣᠯᠤᠭᠰᠠᠨ᠎ᠤ ᠬᠤᠪᠢ᠎ᠳᠤ᠂ ᠠᠳᠠᠯᠢ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠂ ᠨᠠᠮ᠎ᠤᠨ ᠪᠠᠢᠭᠤᠯᠭ᠎ᠠ᠎ᠶᠢᠨ ᠠᠵᠢᠯ᠎ᠤᠨ ᠬᠣᠷᠢᠶᠠᠨ᠎ᠤ ᠳᠠᠪᠬᠤᠷ ᠤᠳᠤᠷᠢᠳᠤᠯᠭ᠎ᠠ ᠳᠣᠣᠷ᠎ᠠ᠂ ᠡᠯ᠎ᠡ ᠨᠢᠭᠡᠴᠢ᠎ᠶᠢᠨ ᠪᠠᠢᠭᠤᠯᠭ᠎ᠠ᠎ᠶᠢᠨ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠵᠥᠪᠯᠡᠯ᠎ᠦᠨ ᠠᠵᠢᠯ ᠢ᠋ ᠤᠳᠤᠷᠢᠳᠤᠨ᠎ᠠ᠃

  ᠭᠤᠴᠢᠨ ᠲᠠᠪᠤᠳᠤᠭᠠᠷ ᠵᠦᠢᠯ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ)᠎ᠶᠢᠨ ᠤᠳᠤᠷᠢᠳᠬᠤ ᠪᠠᠢᠭᠤᠯᠭ᠎ᠠ ᠪᠠ ᠱᠢᠭᠤᠳ ᠬᠠᠷᠢᠶ᠎ᠠ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯ᠎ᠳᠤ ᠨᠠᠮ ᠢ᠋ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠬᠡᠷᠡᠭᠵᠢᠭᠦᠯᠦᠨ᠎ᠡ᠃

  ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ ᠢ᠋ ᠲᠣᠭᠲᠠᠭᠰᠠᠨ ᠬᠤᠭᠤᠴᠠᠭ᠎ᠠ᠎ᠲᠠᠢ᠎ᠪᠠᠷ ᠰᠤᠳᠤᠯᠵᠤ᠂ ᠡᠯ᠎ᠡ ᠵᠦᠢᠯ᠎ᠦᠨ ᠡᠭᠦᠷᠭᠡ᠎ᠶᠢ ᠱᠠᠯᠠᠪᠳᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠠᠷ ᠳᠠᠮᠵᠢᠭᠤᠯᠤᠨ ᠪᠠᠢᠭᠤᠯᠭ᠎ᠠ᠎ᠶᠢᠨ ᠠᠵᠢᠯᠲᠠᠨ᠎ᠤ ᠦᠵᠡᠯ ᠰᠠᠨᠠᠭᠠᠨ᠎ᠤ ᠪᠠᠢᠳᠠᠯ ᠵᠢᠴᠢ ᠴᠢᠬᠤᠯᠠ ᠱᠢᠢᠳᠪᠦᠷᠢᠲᠦ ᠪᠣᠳᠤᠯᠭ᠎ᠠ ᠪᠠ ᠤᠳᠤᠷᠢᠳᠬᠤ ᠺᠠᠳ᠋ᠷ᠎ᠤᠨ ᠠᠷᠢᠭᠤᠨ ᠴᠢᠬᠡᠴᠢ᠎ᠪᠡᠷ ᠥᠪᠡᠷ ᠢ᠋᠎ᠢᠶᠡᠨ ᠱᠠᠭᠠᠷᠳᠠᠬᠤ ᠵᠡᠷᠭᠡ ᠲᠠᠯ᠎ᠠ᠎ᠶᠢᠨ ᠲᠤᠰᠭᠠᠯ ᠪᠠ ᠰᠠᠨᠠᠯ᠎ᠢ ᠣᠢᠯᠠᠭᠠᠵᠤ᠂ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠨᠠᠮ᠎ᠤᠨ ᠭᠡᠱᠢᠭᠦᠨ ᠢᠯᠠᠩᠭᠤᠶ᠎ᠠ ᠨᠠᠮ᠎ᠤᠨ ᠭᠡᠱᠢᠭᠦᠨ ᠤᠳᠤᠷᠢᠳᠬᠤ ᠺᠠᠳ᠋ᠷ᠎ᠲᠤ ᠬᠢᠨᠠᠯᠲᠠ ᠲᠠᠯᠪᠢᠬᠤ᠎ᠶᠢ ᠳᠡᠮᠵᠢᠨ᠎ᠡ᠃ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠳᠦᠷᠢᠮ᠎ᠦᠨ ᠱᠢᠰᠲᠧᠮ ᠢ᠋ ᠪᠠᠢᠭᠤᠯᠤᠨ ᠪᠦᠷᠢᠨᠱᠢᠭᠦᠯᠵᠦ᠂ ᠨᠠᠮ᠎ᠤᠨ ᠪᠠᠢᠭᠤᠯᠤᠯᠲᠠ ᠶ᠋ᠢᠨ ᠠᠵᠢᠯ᠎ᠤᠨ ᠪᠠᠲᠤᠯᠠᠭ᠎ᠠ᠎ᠶᠢ ᠴᠢᠩᠭᠠᠳᠭᠠᠨ᠎ᠠ᠃

  ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠶ᠋ᠢᠨ ᠭᠣᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ᠎ᠤ ᠲᠤᠱᠢᠶᠠᠯ ᠬᠠᠷᠢᠭᠤᠴᠠᠯᠭ᠎ᠠ᠎ᠶᠢ ᠭᠦᠢᠴᠡᠳᠭᠡᠵᠦ᠂ ᠪᠤᠰᠤᠳ ᠪᠦᠷᠢᠯᠳᠦᠬᠦᠨ᠎ᠨᠡᠷ《ᠨᠢᠭᠡ ᠠᠵᠢᠯ᠎ᠤᠨ ᠪᠠᠢᠷᠢ᠎ᠳᠤ ᠬᠣᠶᠠᠷ ᠵᠦᠢᠯ᠎ᠦᠨ ᠬᠠᠷᠢᠭᠤᠴᠠᠯᠭ᠎ᠠ᠎ᠲᠠᠢ ᠪᠠᠢᠬᠤ》ᠱᠠᠭᠠᠷᠳᠠᠯᠭ᠎ᠠ ᠶᠣᠰᠤᠭᠠᠷ ᠲᠤᠱᠢᠶᠠᠯ ᠬᠠᠷᠢᠭᠤᠴᠠᠯᠭ᠎ᠠ᠎ᠶᠢᠨ᠎ᠪᠠᠨ ᠬᠡᠪᠴᠢᠶᠡᠨ᠎ᠳᠡᠬᠢ ᠨᠠᠮ᠎ᠤᠨ ᠪᠠᠢᠭᠤᠯᠤᠯᠲᠠ ᠶ᠋ᠢᠨ ᠠᠵᠢᠯ᠎ᠢ ᠰᠠᠢᠲᠤᠷ ᠠᠳᠭᠤᠨ᠎ᠠ᠃ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ)᠎ᠨᠢ ᠵᠢᠯ ᠪᠦᠷᠢ ᠲᠤᠰ ᠨᠢᠭᠡᠴᠢ᠎ᠶᠢᠨ᠎ᠪᠡᠨ ᠵᠣᠬᠢᠬᠤ ᠬᠡᠪᠴᠢᠶᠡᠨ᠎ᠳ᠋ᠦ᠍ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠠᠳᠭᠤᠭᠰᠠᠨ ᠪᠠᠢᠳᠠᠯ ᠢ᠋ ᠮᠡᠳᠡᠭᠳᠡᠵᠦ᠂ ᠦᠨᠡᠯᠡᠨ ᠵᠥᠪᠯᠡᠬᠦ᠎ᠶᠢ ᠬᠦᠯᠢᠶᠡᠨ᠎ᠡ᠃

  ᠭᠤᠴᠢᠨ ᠵᠢᠷᠭᠤᠳᠤᠭᠠᠷ ᠵᠦᠢᠯ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠳᠤ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ᠎ᠶᠢ ᠬᠡᠷᠡᠭᠵᠢᠭᠦᠯᠵᠦ ᠪᠠᠢᠭ᠎ᠠ ᠳᠣᠣᠷᠠᠳᠤ ᠱᠠᠲᠤᠨ᠎ᠤ ᠨᠢᠭᠡᠴᠢ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠳᠤ᠂ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠲᠡᠭᠦᠨ᠎ᠦ ᠪᠠᠢᠭ᠎ᠠ ᠭᠠᠵᠠᠷ᠎ᠤᠨ ᠨᠠᠮ᠎ᠤᠨ ᠬᠣᠷᠢᠶ᠎ᠠ᠎ᠯᠤᠭ᠎ᠠ᠎ᠶᠢᠨ ᠣᠯᠤᠯᠴᠠᠭ᠎ᠠ ᠬᠠᠮᠵᠢᠯᠴᠠᠭ᠎ᠠ᠎ᠪᠠᠨ ᠴᠢᠩᠭᠠᠳᠭᠠᠵᠤ᠂ ᠴᠢᠬᠤᠯᠠ ᠠᠰᠠᠭᠤᠳᠠᠯ᠎ᠢ ᠴᠠᠭ ᠲᠤᠬᠠᠢ᠎ᠳ᠋ᠤᠨᠢ ᠰᠤᠳᠤᠯᠤᠨ ᠱᠢᠢᠳᠪᠦᠷᠢᠯᠡᠬᠦ ᠬᠡᠷᠡᠭᠲᠡᠢ᠃

  ᠱᠢᠰᠲᠧᠮᠵᠢᠭᠦᠯᠦᠨ ᠤᠳᠤᠷᠢᠳᠬᠤ ᠪᠤᠶᠤ ᠬᠠᠮᠢᠶᠠᠷᠴᠤ ᠪᠠᠢᠬᠤ ᠨᠢᠭᠡᠴᠢ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠬᠢᠨᠠᠯᠲᠠ ᠲᠠᠯᠪᠢᠵᠤ ᠵᠢᠭᠠᠨ ᠵᠢᠯᠣᠭᠣᠳᠭᠤ᠎ᠪᠠᠨ ᠴᠢᠩᠭᠠᠳᠭᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠬᠣᠯᠪᠤᠭᠳᠠᠯ ᠪᠦᠬᠦᠢ ᠬᠠᠷᠢᠭᠤᠴᠠᠯᠭ᠎ᠠ᠎ᠶᠢ ᠭᠦᠢᠴᠡᠳᠭᠡᠬᠦ ᠬᠡᠷᠡᠭᠲᠡᠢ᠃

  ᠭᠤᠴᠢᠨ ᠳᠣᠯᠤᠳᠤᠭᠠᠷ ᠵᠦᠢᠯ ᠪᠠᠢᠭᠤᠯᠭ᠎ᠠ᠎ᠶᠢᠨ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ (ᠨᠠᠮ᠎ᠤᠨ ᠦᠨᠳᠦᠰᠦᠨ ᠱᠠᠲᠤᠨ᠎ᠤ ᠬᠣᠷᠢᠶ᠎ᠠ ᠪᠠᠢᠭᠤᠯᠤᠭᠰᠠᠨ᠎ᠦᠭᠡᠢ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ᠂ ᠡᠭᠦᠷ᠎ᠦᠨ ᠭᠡᠱᠢᠭᠦᠳ᠎ᠦᠨ ᠬᠤᠷᠠᠯ ᠢ᠋ ᠪᠠᠭᠲᠠᠭᠠᠨ᠎ᠠ) ᠶ᠋ᠢ ᠪᠠᠢᠭᠤᠯᠤᠨ ᠲᠣᠬᠢᠷᠠᠭᠤᠯᠬᠤ᠂ ᠬᠤᠭᠤᠴᠠᠭ᠎ᠠ ᠰᠣᠯᠢᠬᠤ᠂ ᠬᠣᠷᠢᠶᠠᠨ᠎ᠤ ᠪᠦᠷᠢᠯᠳᠦᠯ ᠵᠢᠴᠢ ᠪᠠᠢᠭᠤᠯᠭ᠎ᠠ᠎ᠶᠢᠨ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠪᠦᠷᠢᠯᠳᠦᠯ᠂ ᠱᠦᠵᠢ᠂ ᠳᠡᠳ᠋ ᠱᠦᠵᠢ᠎ᠶᠢ ᠲᠣᠮᠢᠯᠠᠵᠤ ᠪᠠᠭᠤᠯᠭᠠᠬᠤ ᠵᠡᠷᠭᠡ᠎ᠶᠢ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠶᠠᠷᠢᠯᠴᠠᠵᠤ ᠲᠣᠭᠲᠠᠭᠠᠭᠰᠠᠨ᠎ᠤ ᠳᠠᠷᠠᠭ᠎ᠠ᠂ ᠨᠠᠮ᠎ᠤᠨ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠎ᠳᠤ ᠮᠡᠳᠡᠭᠦᠯᠵᠦ ᠬᠢᠨᠠᠨ ᠵᠥᠪᠱᠢᠶᠡᠷᠡᠭᠦᠯᠬᠦ ᠬᠡᠷᠡᠭᠲᠡᠢ᠃

  ᠪᠠᠢᠭᠤᠯᠭ᠎ᠠ᠎ᠶᠢᠨ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ ᠨᠠᠮ᠎ᠤᠨ ᠪᠡᠯᠡᠳᠭᠡᠯ ᠭᠡᠱᠢᠭᠦᠨ ᠪᠤᠶᠤ ᠨᠠᠮ᠎ᠤᠨ ᠪᠡᠯᠡᠳᠭᠡᠯ ᠭᠡᠱᠢᠭᠦᠨ᠎ᠢ ᠵᠢᠩᠬᠢᠨᠢ ᠭᠡᠱᠢᠭᠦᠨ ᠪᠣᠯᠭᠠᠬᠤ᠎ᠶᠢ ᠬᠢᠨᠠᠨ ᠵᠥᠪᠱᠢᠶᠡᠷᠡᠬᠦ᠎ᠳ᠋ᠦ᠍᠂ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠳ᠋ᠦ᠍ ᠤᠷᠢᠳᠴᠢᠯᠠᠨ ᠮᠡᠳᠡᠭᠦᠯᠵᠦ ᠶᠠᠷᠢᠯᠴᠠᠭᠤᠯᠤᠨ ᠲᠣᠭᠲᠠᠭᠠᠯᠭᠠᠬᠤ ᠬᠡᠷᠡᠭᠲᠡᠢ᠃ ᠪᠠᠢᠭᠤᠯᠭ᠎ᠠ᠎ᠨᠢ ᠨᠠᠮ᠎ᠤᠨ ᠦᠨᠳᠦᠰᠦᠨ ᠱᠠᠲᠤᠨ᠎ᠤ ᠬᠣᠷᠢᠶ᠎ᠠ ᠪᠠᠢᠭᠤᠯᠤᠭᠰᠠᠨ᠎ᠦᠭᠡᠢ ᠶᠡᠷᠦᠩᠬᠡᠢ ᠡᠭᠦᠷ᠎ᠦᠨ ᠭᠡᠱᠢᠭᠦᠳ᠎ᠦᠨ ᠬᠤᠷᠠᠯ᠂ ᠡᠭᠦᠷ᠎ᠦᠨ ᠭᠡᠱᠢᠭᠦᠳ᠎ᠦᠨ ᠬᠤᠷᠠᠯ᠎ᠨᠢ ᠨᠠᠮ᠎ᠤᠨ ᠪᠡᠯᠡᠳᠭᠡᠯ ᠭᠡᠱᠢᠭᠦᠨ ᠡᠯᠰᠡᠬᠦ ᠪᠤᠶᠤ ᠨᠠᠮ᠎ᠤᠨ ᠪᠡᠯᠡᠳᠭᠡᠯ ᠭᠡᠱᠢᠭᠦᠨ᠎ᠢ ᠶᠠᠷᠢᠯᠴᠠᠵᠤ ᠵᠢᠩᠬᠢᠨᠢ ᠭᠡᠱᠢᠭᠦᠨ ᠪᠣᠯᠭᠠᠬᠤ᠎ᠳᠤ᠂ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ)᠎ᠪᠠᠷ ᠬᠢᠨᠠᠭᠤᠯᠤᠭᠰᠠᠨ᠎ᠤ ᠳᠠᠷᠠᠭ᠎ᠠ᠂ ᠨᠠᠮ᠎ᠤᠨ ᠪᠠᠢᠭᠤᠯᠭ᠎ᠠ᠎ᠶᠢᠨ ᠠᠵᠢᠯ᠎ᠤᠨ ᠬᠣᠷᠢᠶᠠᠨ᠎ᠳᠤ ᠮᠡᠳᠡᠭᠦᠯᠵᠦ ᠬᠢᠨᠠᠨ ᠵᠥᠪᠱᠢᠶᠡᠷᠡᠭᠦᠯᠬᠦ ᠬᠡᠷᠡᠭᠲᠡᠢ᠃

  ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ)᠎ᠨᠢ ᠺᠠᠳ᠋ᠷ᠎ᠤᠨ ᠬᠠᠮᠢᠶᠠᠷᠤᠯᠲᠠ᠎ᠶᠢᠨ ᠡᠷᠬᠡ᠎ᠶᠢᠨ ᠬᠢᠵᠠᠭᠠᠷ ᠢ᠋ ᠦᠨᠳᠦᠰᠦᠯᠡᠵᠦ᠂ ᠨᠠᠮ᠎ᠤᠨ ᠭᠡᠱᠢᠭᠦᠨ᠎ᠳ᠋ᠦ᠍ ᠱᠢᠢᠳᠭᠡᠯ ᠥᠭᠬᠦ ᠬᠣᠯᠪᠤᠭᠳᠠᠯ ᠪᠦᠬᠦᠢ ᠵᠦᠢᠯᠡᠰ᠎ᠢ ᠶᠠᠷᠢᠯᠴᠠᠨ ᠲᠣᠭᠲᠠᠭᠠᠬᠤ᠎ᠳᠤ᠂ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠥᠭᠬᠦ ᠲᠣᠭᠲᠠᠭᠠᠯ ᠭᠠᠷᠭᠠᠬᠤ᠎ᠠᠴᠠ ᠡᠮᠦᠨ᠎ᠡ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠲᠠᠢ ᠰᠠᠨᠠᠯ᠎ᠢᠶᠠᠨ ᠰᠣᠯᠢᠯᠴᠠᠬᠤ ᠬᠡᠷᠡᠭᠲᠡᠢ᠃ ᠱᠢᠢᠳᠭᠡᠯ ᠥᠭᠬᠦ ᠲᠣᠭᠲᠠᠭᠠᠯ ᠬᠦᠴᠦᠨ᠎ᠲᠡᠢ ᠪᠣᠯᠤᠭᠰᠠᠨ᠎ᠤ ᠳᠠᠷᠠᠭ᠎ᠠ᠂ ᠬᠣᠯᠪᠤᠭᠳᠠᠯ ᠪᠦᠬᠦᠢ ᠱᠢᠢᠳᠭᠡᠯ ᠥᠭᠬᠦ ᠲᠣᠭᠲᠠᠭᠠᠯ ᠪᠠ ᠮᠠᠲᠧᠷᠢᠶᠠᠯ᠎ᠢ ᠱᠠᠭᠠᠷᠳᠠᠯᠭ᠎ᠠ ᠶᠣᠰᠤᠭᠠᠷ ᠪᠠᠢᠭᠤᠯᠭ᠎ᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠵᠥᠪᠯᠡᠯ᠎ᠳ᠋ᠦ᠍ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃

  ᠭᠤᠴᠢᠨ ᠨᠠᠢ᠍ᠮᠠᠳᠤᠭᠠᠷ ᠵᠦᠢᠯ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠭᠰᠠᠨ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠭᠠᠭᠰᠠᠨ ᠪᠠᠢᠳᠠᠯ᠎ᠢ ᠡᠯ᠎ᠡ ᠨᠢᠭᠡᠴᠢ᠎ᠶᠢᠨ ᠤᠳᠤᠷᠢᠳᠬᠤ ᠪᠠᠭ ᠵᠢᠴᠢ ᠤᠳᠤᠷᠢᠳᠬᠤ ᠺᠠᠳ᠋ᠷ᠎ᠢ ᠱᠢᠯᠭᠠᠨ ᠬᠢᠨᠠᠬᠤ ᠠᠭᠤᠯᠭ᠎ᠠ᠎ᠳᠤ ᠣᠷᠤᠭᠤᠯᠬᠤ ᠬᠡᠷᠡᠭᠲᠡᠢ᠃ ᠣᠷᠤᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠪᠠᠢᠩᠭᠤ᠎ᠶᠢᠨ ᠬᠣᠷᠢᠶ᠎ᠠ ᠵᠢᠯ ᠪᠦᠷᠢ ᠠᠳᠠᠭ᠎ᠲᠤ᠎ᠪᠠᠨ ᠨᠢᠭᠡ ᠤᠳᠠᠭ᠎ᠠ ᠨᠠᠮ᠎ᠤᠨ ᠪᠠᠢᠭᠤᠯᠭ᠎ᠠ᠎ᠶᠢᠨ ᠠᠵᠢᠯ᠎ᠤᠨ ᠬᠣᠷᠢᠶᠠᠨ᠎ᠤ ᠰᠠᠨᠠᠯ᠎ᠢ ᠰᠣᠨᠣᠰᠭᠤ ᠬᠡᠷᠡᠭᠲᠡᠢ᠃

  ᠭᠤᠴᠢ ᠶᠢᠰᠦᠳᠦᠭᠡᠷ ᠵᠦᠢᠯ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢ ᠠᠳᠭᠤᠭᠰᠠᠨ ᠲᠤᠱᠢᠶᠠᠯ᠎ᠤᠨ ᠮᠡᠳᠡᠭᠦᠯᠦᠯᠲᠡ᠎ᠶᠢ ᠦᠨᠡᠯᠡᠨ ᠶᠠᠷᠢᠯᠴᠠᠵᠤ ᠱᠢᠯᠭᠠᠨ ᠬᠢᠨᠠᠬᠤ ᠠᠵᠢᠯ᠎ᠢ ᠥᠷᠨᠢᠭᠦᠯᠬᠦ ᠬᠡᠷᠡᠭᠲᠡᠢ᠃ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ᠂ ᠨᠠᠮ᠎ᠤᠨ ᠪᠠᠢᠭᠤᠯᠭ᠎ᠠ᠎ᠶᠢᠨ ᠠᠵᠢᠯ᠎ᠤᠨ ᠬᠣᠷᠢᠶᠠᠨ᠎ᠤ ᠱᠦᠵᠢ ᠵᠢᠯ ᠪᠦᠷᠢ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠳᠤ ᠲᠤᠱᠢᠶᠠᠯ᠎ᠤᠨ ᠮᠡᠳᠡᠭᠦᠯᠦᠯᠲᠡ ᠬᠢᠵᠦ᠂ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ ᠵᠢᠯ ᠪᠦᠷᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠲᠤᠱᠢᠶᠠᠯ᠎ᠤᠨ ᠮᠡᠳᠡᠭᠦᠯᠦᠯᠲᠡ ᠬᠢᠵᠦ᠂ ᠦᠨᠡᠯᠡᠨ ᠶᠠᠷᠢᠯᠴᠠᠵᠤ ᠱᠢᠯᠭᠠᠨ ᠬᠢᠨᠠᠬᠤ᠎ᠶᠢ ᠬᠦᠯᠢᠶᠡᠬᠦ ᠬᠡᠷᠡᠭᠲᠡᠢ᠃

  ᠳᠥᠴᠢᠳᠦᠭᠡᠷ ᠵᠦᠢᠯ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠠᠵᠢᠯᠯᠠᠭ᠎ᠠ ᠥᠷᠨᠢᠭᠦᠯᠬᠦ᠎ᠳ᠋ᠦ᠍ ᠬᠡᠷᠡᠭᠰᠡᠬᠦ ᠡᠳ᠋᠎ᠦᠨ ᠵᠠᠰᠠᠭ᠎ᠤᠨ ᠪᠡᠯᠡ ᠮᠥᠩᠭᠦ᠎ᠶᠢ ᠲᠤᠰ ᠨᠢᠭᠡᠴᠢ᠎ᠶᠢᠨ ᠰᠠᠯᠠᠭ᠎ᠠ ᠮᠥᠴᠢᠷ᠎ᠦᠨ ᠲᠥᠰᠦᠪ᠎ᠲᠦ᠍ ᠣᠷᠤᠭᠤᠯᠵᠤ᠂ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ᠂ ᠨᠠᠮ᠎ᠤᠨ ᠭᠡᠱᠢᠭᠦᠨ ᠪᠣᠯᠤᠨ ᠨᠠᠮ᠎ᠳᠤ ᠣᠷᠤᠬᠤ ᠢᠳᠡᠪᠬᠢᠲᠡᠨ᠎ᠦ ᠬᠥᠮᠦᠵᠢᠯ ᠪᠣᠯᠪᠠᠰᠤᠷᠠᠯ᠂ ᠰᠤᠷᠤᠯᠴᠠᠯᠭ᠎ᠠ ᠪᠠᠢᠴᠠᠭᠠᠨ ᠰᠤᠳᠤᠯᠤᠯᠲᠠ ᠵᠡᠷᠭᠡ ᠬᠡᠷᠡᠭᠴᠡᠭᠡ᠎ᠶᠢ ᠪᠠᠲᠤᠯᠠᠬᠤ ᠬᠡᠷᠡᠭᠲᠡᠢ᠃ ᠨᠠᠮ᠎ᠤᠨ ᠰᠦᠢᠳᠭᠡᠯ᠎ᠢ ᠭᠣᠣᠯᠳᠠᠭᠤ ᠨᠠᠮ᠎ᠤᠨ ᠭᠡᠱᠢᠭᠦᠨ᠎ᠦ ᠬᠥᠮᠦᠵᠢᠯ᠎ᠦᠨ ᠵᠠᠷᠤᠳᠠᠯ᠎ᠤᠨ ᠨᠥᠬᠦᠪᠦᠷᠢ ᠪᠣᠯᠭᠠᠬᠤ ᠬᠡᠷᠡᠭᠲᠡᠢ᠃

 

    ᠶᠢᠰᠦᠳᠦᠭᠡᠷ ᠪᠦᠯᠦᠭ  ᠳᠠᠭᠠᠯᠳᠤᠭᠤᠯᠤᠯ

 

  ᠳᠥᠴᠢᠨ ᠨᠢᠭᠡᠳᠦᠭᠡᠷ ᠵᠦᠢᠯ  ᠲᠤᠰ ᠳᠦᠷᠢᠮ᠎ᠨᠢ ᠱᠢᠶᠠᠨ᠎ᠤ ᠱᠠᠲᠤᠨ᠎ᠠᠴᠠ ᠳᠡᠭᠡᠭᠱᠢᠬᠢ ᠡᠯ᠎ᠡ ᠱᠠᠲᠤᠨ᠎ᠤ ᠨᠠᠮ᠎ᠤᠨ ᠪᠠᠢᠭᠤᠯᠭ᠎ᠠ᠂ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ ᠤ᠋ᠨ ᠪᠠᠢᠭᠤᠯᠭ᠎ᠠ᠂ ᠵᠠᠰᠠᠭ ᠵᠠᠬᠢᠷᠭᠠᠨ᠎ᠤ ᠪᠠᠢᠭᠤᠯᠭ᠎ᠠ᠂ ᠤᠯᠤᠰ ᠲᠥᠷᠦ᠎ᠶᠢᠨ ᠵᠥᠪᠯᠡᠯᠭᠡᠨ᠎ᠦ ᠪᠠᠢᠭᠤᠯᠭ᠎ᠠ᠂ ᠬᠢᠨᠠᠨ ᠪᠠᠢᠴᠠᠭᠠᠬᠤ ᠪᠠᠢᠭᠤᠯᠭ᠎ᠠ᠂ ᠱᠢᠭᠦᠨ ᠲᠠᠰᠤᠯᠬᠤ ᠪᠠᠢᠭᠤᠯᠭ᠎ᠠ᠂ ᠪᠠᠢᠴᠠᠭᠠᠬᠤ ᠪᠠᠢᠭᠤᠯᠭ᠎ᠠ ᠵᠢᠴᠢ ᠣᠯᠠᠨ ᠲᠦᠮᠡᠨ᠎ᠦ ᠪᠦᠯᠬᠦᠮ᠎ᠦᠨ ᠪᠠᠢᠭᠤᠯᠭ᠎ᠠ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠳᠤ ᠲᠣᠬᠢᠷᠠᠨ᠎ᠠ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠨᠢ ᠨᠠᠮ᠎ᠤᠨ ᠪᠠᠢᠭᠤᠯᠭ᠎ᠠ᠎ᠶᠢᠨ ᠠᠵᠢᠯ᠎ᠤᠨ ᠬᠣᠷᠢᠶᠠᠨ᠎ᠳᠤ ᠪᠠᠢᠭ᠎ᠠ ᠪᠤᠰᠤᠳ ᠨᠢᠭᠡᠴᠢ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠤᠰ ᠳᠦᠷᠢᠮ᠎ᠢ ᠯᠠᠪᠯᠠᠯᠲᠠ ᠪᠣᠯᠭᠠᠨ ᠬᠡᠷᠡᠭᠵᠢᠭᠦᠯᠵᠦ᠂ ᠠᠰᠲᠠᠭᠠᠨ ᠲᠣᠭᠲᠠᠭᠠᠯ᠎ᠲᠠᠢ ᠪᠠᠢᠪᠠᠯ ᠲᠡᠷᠡ ᠲᠣᠭᠲᠠᠭᠠᠯ᠎ᠢ ᠵᠢᠷᠤᠮᠯᠠᠨ ᠬᠡᠷᠡᠭᠵᠢᠭᠦᠯᠦᠨ᠎ᠡ᠃

  ᠳᠥᠴᠢᠨ ᠬᠣᠶᠠᠳᠤᠭᠠᠷ ᠵᠦᠢᠯ  ᠲᠤᠰ ᠳᠦᠷᠢᠮ᠎ᠢ ᠨᠠᠮ᠎ᠤᠨ ᠲᠥᠪ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ ᠬᠠᠷᠢᠭᠤᠴᠠᠨ ᠲᠠᠢᠯᠪᠤᠷᠢᠯᠠᠨ᠎ᠠ᠃

  ᠳᠥᠴᠢᠨ ᠭᠤᠷᠪᠠᠳᠤᠭᠠᠷ ᠵᠦᠢᠯ  ᠲᠤᠰ ᠳᠦᠷᠢᠮ᠎ᠢ ᠨᠡᠢᠲᠡᠯᠡᠭᠰᠡᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

 

    (ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ)

 

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃