ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠳᠦᠷᠢᠮ
2021.09.29

    ᠨᠢᠭᠡᠳᠦᠭᠡᠷ ᠪᠦᠯᠦᠭ   ᠶᠡᠷᠦᠩᠬᠡᠢ ᠳᠦᠷᠢᠮ


  ᠨᠢᠭᠡᠳᠦᠭᠡᠷ ᠵᠦᠢᠯ  ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠠᠵᠢᠯ᠎ᠢ ᠴᠢᠩᠭᠠᠳᠭᠠᠨ ᠵᠢᠷᠤᠮᠵᠢᠭᠤᠯᠵᠤ᠂ ᠨᠠᠮ᠎ᠤᠨ ᠤᠯᠤᠰ ᠲᠥᠷᠦ᠎ᠶᠢᠨ ᠰᠠᠬᠢᠯᠭ᠎ᠠ ᠪᠠᠲᠤ᠂ ᠵᠣᠬᠢᠶᠠᠨ ᠪᠠᠢᠭᠤᠯᠤᠯᠲᠠ᠎ᠶᠢᠨ ᠰᠠᠬᠢᠯᠭ᠎ᠠ ᠪᠠᠲᠤ ᠪᠣᠯᠤᠨ ᠠᠵᠢᠯ᠎ᠤᠨ ᠰᠠᠬᠢᠯᠭ᠎ᠠ ᠪᠠᠲᠤ᠎ᠶᠢ ᠴᠢᠩᠳᠠᠯᠠᠨ᠂ ᠪᠦᠬᠦ ᠨᠠᠮ ᠪᠦᠬᠦ ᠤᠯᠤᠰ᠎ᠢᠶᠠᠷ᠎ᠢᠶᠠᠨ ᠨᠠᠮ᠎ᠤᠨ ᠲᠥᠪ ᠬᠣᠷᠢᠶ᠎ᠠ᠎ᠶᠢ ᠳᠠᠭᠠᠬᠤ᠂ ᠵᠠᠰᠠᠭ᠎ᠤᠨ ᠵᠠᠷᠯᠢᠭ ᠰᠠᠭᠠᠳ᠎ᠦᠭᠡᠢ ᠨᠡᠪᠲᠡᠷᠡᠬᠦ᠎ᠶᠢ ᠪᠠᠲᠤᠯᠠᠬᠤ᠎ᠶᠢᠨ ᠲᠥᠯᠦᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》᠂ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠤᠭᠠᠳᠤ᠎ᠶᠢᠨ ᠤᠯᠤᠰ ᠲᠥᠷᠦ᠎ᠶᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠵᠡᠷᠭᠡ ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ᠎ᠢ ᠦᠨᠳᠦᠰᠦᠯᠡᠨ ᠲᠤᠰ ᠳᠦᠷᠢᠮ᠎ᠢ ᠲᠣᠭᠲᠠᠭᠠᠪᠠ᠃
  ᠬᠣᠶᠠᠳᠤᠭᠠᠷ ᠵᠦᠢᠯ  ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠠᠵᠢᠯ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠨ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠭᠠᠵᠤ᠂ ᠨᠠᠮ᠎ᠨᠢ ᠨᠠᠮ᠎ᠢ ᠬᠠᠮᠢᠶᠠᠷᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠨ᠂ ᠠᠷᠠᠳᠴᠢᠯᠠᠯ ᠲᠥᠪᠯᠡᠷᠡᠯ᠎ᠦᠨ ᠶᠣᠰᠤ᠎ᠶᠢ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭᠴᠢ᠂ ᠪᠦᠬᠦ ᠨᠠᠮ᠎ᠤᠨ ᠭᠣᠣᠯᠯᠠᠭᠴᠢ᠎ᠶᠢᠨ ᠪᠠᠢᠷᠢ ᠰᠠᠭᠤᠷᠢ᠎ᠶᠢ ᠡᠷᠡᠰ ᠬᠠᠮᠠᠭᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂ ᠪᠦᠬᠦ ᠨᠠᠮ᠎ᠤᠨ ᠪᠦᠯᠬᠦᠮᠳᠡᠯ ᠨᠢᠭᠡᠳᠦᠯ ᠪᠣᠯᠤᠨ ᠦᠢᠯᠡ ᠠᠵᠢᠯᠯᠠᠭ᠎ᠠ᠎ᠶᠢᠨ ᠨᠢᠭᠡᠳᠦᠯ᠎ᠢ ᠪᠠᠲᠤᠯᠠᠵᠤ᠂ ᠨᠠᠮ ᠢᠮᠠᠭᠲᠠ ᠪᠦᠬᠦ ᠲᠠᠯ᠎ᠠ᠎ᠶᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶᠢ ᠵᠣᠬᠢᠴᠠᠭᠤᠯᠬᠤ᠎ᠶᠢ ᠦᠨᠡᠨ᠎ᠬᠦ ᠪᠠᠲᠤᠯᠠᠬᠤ ᠬᠡᠷᠡᠭᠲᠡᠢ᠃
  ᠭᠤᠷᠪᠠᠳᠤᠭᠠᠷ ᠵᠦᠢᠯ  ᠲᠤᠰ ᠳᠦᠷᠢᠮ᠎ᠨᠢ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ᠂ ᠵᠢᠴᠢ ᠨᠠᠮ᠎ᠤᠨ ᠭᠡᠱᠢᠭᠦᠨ᠂ ᠤᠳᠤᠷᠢᠳᠬᠤ ᠺᠠᠳ᠋ᠷ ᠨᠠᠮ᠎ᠤᠨ ᠵᠣᠬᠢᠶᠠᠨ ᠪᠠᠢᠭᠤᠯᠤᠯᠲᠠ᠎ᠠᠴᠠ ᠴᠢᠬᠤᠯᠠ ᠶᠡᠬᠡ ᠤᠴᠢᠷ ᠶᠠᠪᠤᠳᠠᠯ᠎ᠤᠨ ᠲᠤᠬᠠᠢ ᠵᠢᠭᠠᠪᠤᠷᠢ ᠠᠪᠴᠤ ᠮᠡᠳᠡᠭᠦᠯᠬᠦ ᠬᠠᠮᠢᠶ᠎ᠠ ᠪᠦᠬᠦᠢ ᠠᠵᠢᠯᠯᠠᠭ᠎ᠠ᠎ᠳᠤ ᠲᠣᠬᠢᠷᠠᠨ᠎ᠠ᠃
  ᠲᠤᠰ ᠳᠦᠷᠢᠮ᠎ᠳ᠋ᠦ᠍ ᠬᠡᠯᠡᠵᠦ ᠪᠠᠢᠭ᠎ᠠ ᠴᠢᠬᠤᠯᠠ ᠶᠡᠬᠡ ᠤᠴᠢᠷ ᠶᠠᠪᠤᠳᠠᠯ ᠭᠡᠳᠡᠭ᠎ᠨᠢ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠂ ᠤᠳᠤᠷᠢᠳᠬᠤ ᠺᠠᠳ᠋ᠷ᠎ᠤᠨ ᠲᠤᠰ ᠪᠡᠶ᠎ᠡ᠎ᠶᠢᠨ ᠡᠷᠬᠡ ᠲᠤᠱᠢᠶᠠᠯ᠎ᠤᠨ ᠬᠡᠪᠴᠢᠶ᠎ᠡ᠎ᠡᠴᠡ ᠳᠠᠪᠠᠭᠰᠠᠨ᠂ ᠡᠰᠡᠬᠦᠯ᠎ᠡ ᠬᠡᠳᠦᠢᠪᠡᠷ ᠲᠤᠰ ᠪᠡᠶ᠎ᠡ᠎ᠶᠢᠨ ᠡᠷᠬᠡ ᠲᠤᠱᠢᠶᠠᠯ᠎ᠤᠨ ᠬᠡᠪᠴᠢᠶᠡᠨ᠎ᠳ᠋ᠦ᠍ ᠪᠠᠢᠬᠤ ᠪᠣᠯᠪᠠᠴᠤ ᠪᠦᠬᠦ ᠲᠠᠯ᠎ᠠ᠎ᠳᠤ ᠬᠣᠯᠪᠤᠭᠳᠠᠬᠤ᠂ ᠨᠥᠯᠦᠭᠡ ᠶᠡᠬᠡ᠎ᠲᠡᠢ ᠴᠢᠬᠤᠯᠠ ᠶᠡᠬᠡ ᠤᠴᠢᠷ ᠶᠠᠪᠤᠳᠠᠯ ᠪᠠ ᠴᠢᠬᠤᠯᠠ ᠶᠡᠬᠡ ᠪᠠᠢᠳᠠᠯ᠎ᠢ ᠬᠡᠯᠡᠵᠦ ᠪᠣᠢ᠃ ᠡᠭᠦᠨ᠎ᠳ᠋ᠦ᠍ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ ᠪᠠ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠣᠭᠲᠠᠭᠠᠯ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠤᠴᠢᠷ ᠶᠠᠪᠤᠳᠠᠯ᠎ᠢ ᠤᠳᠤᠷᠢᠳᠬᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠂ ᠨᠠᠮ᠎ᠤᠨ ᠭᠡᠱᠢᠭᠦᠨ᠎ᠦ ᠡᠭᠦᠷᠭᠡ᠎ᠪᠡᠨ ᠭᠦᠢᠴᠡᠳᠭᠡᠬᠦ᠂ ᠡᠷᠬᠡ᠎ᠪᠡᠨ ᠬᠡᠷᠡᠭᠯᠡᠬᠦ᠂ ᠤᠳᠤᠷᠢᠳᠬᠤ ᠺᠠᠳ᠋ᠷᠴᠤᠳ ᠡᠷᠬᠡ᠎ᠪᠡᠨ ᠬᠡᠷᠡᠭᠯᠡᠬᠦ᠂ ᠬᠠᠷᠢᠭᠤᠴᠠᠯᠭ᠎ᠠ᠎ᠪᠠᠨ ᠡᠭᠦᠷᠭᠡᠯᠡᠬᠦ ᠴᠢᠬᠤᠯᠠ ᠶᠡᠬᠡ ᠤᠴᠢᠷ ᠶᠠᠪᠤᠳᠠᠯ ᠪᠠ ᠴᠢᠬᠤᠯᠠ ᠪᠠᠢᠳᠠᠯ᠎ᠢ ᠪᠠᠭᠲᠠᠭᠠᠨ᠎ᠠ᠃
  ᠲᠤᠰ ᠳᠦᠷᠢᠮ᠎ᠳ᠋ᠦ᠍ ᠬᠡᠯᠡᠵᠦ ᠪᠠᠢᠭ᠎ᠠ ᠵᠢᠭᠠᠪᠤᠷᠢ ᠠᠪᠬᠤ ᠭᠡᠳᠡᠭ᠎ᠨᠢ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ᠂ ᠨᠠᠮ᠎ᠤᠨ ᠭᠡᠱᠢᠭᠦᠨ᠂ ᠤᠳᠤᠷᠢᠳᠬᠤ ᠺᠠᠳ᠋ᠷ ᠨᠠᠮ᠎ᠤᠨ ᠵᠣᠬᠢᠶᠠᠨ ᠪᠠᠢᠭᠤᠯᠤᠯᠲᠠ᠎ᠠᠴᠠ ᠴᠢᠬᠤᠯᠠ ᠶᠡᠬᠡ ᠬᠡᠷᠡᠭ ᠶᠠᠪᠤᠳᠠᠯ᠎ᠳᠤ ᠵᠢᠭᠠᠪᠤᠷᠢ ᠠᠪᠬᠤ᠎ᠪᠠᠷ ᠭᠤᠶᠤᠴᠢᠯᠠᠬᠤ ᠪᠤᠶᠤ ᠵᠥᠪᠱᠢᠶᠡᠷᠡᠭᠦᠯᠬᠦ᠎ᠶᠢ ᠬᠡᠯᠡᠵᠦ ᠪᠠᠢᠨ᠎ᠠ; ᠮᠡᠳᠡᠭᠦᠯᠬᠦ ᠭᠡᠳᠡᠭ᠎ᠨᠢ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ᠂ ᠨᠠᠮ᠎ᠤᠨ ᠭᠡᠱᠢᠭᠦᠨ᠂ ᠤᠳᠤᠷᠢᠳᠬᠤ ᠺᠠᠳ᠋ᠷ ᠨᠠᠮ᠎ᠤᠨ ᠵᠣᠬᠢᠶᠠᠨ ᠪᠠᠢᠭᠤᠯᠤᠯᠲᠠ᠎ᠳᠤ ᠴᠢᠬᠤᠯᠠ ᠶᠡᠬᠡ ᠤᠴᠢᠷ ᠶᠠᠪᠤᠳᠠᠯ ᠪᠣᠯᠤᠨ ᠴᠢᠬᠤᠯᠠ ᠪᠠᠢᠳᠠᠯ᠎ᠢ ᠮᠡᠳᠡᠭᠦᠯᠬᠦ᠎ᠶᠢ ᠬᠡᠯᠡᠵᠦ ᠪᠠᠢᠨ᠎ᠠ᠃
  ᠳᠥᠷᠪᠡᠳᠦᠭᠡᠷ ᠵᠦᠢᠯ  ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠠᠵᠢᠯ᠎ᠢ ᠥᠷᠨᠢᠭᠦᠯᠬᠦ᠎ᠳ᠋ᠦ᠍ ᠳᠣᠣᠷᠠᠬᠢ ᠵᠠᠷᠴᠢᠮ᠎ᠢ ᠵᠢᠷᠤᠮᠯᠠᠬᠤ ᠬᠡᠷᠡᠭᠲᠡᠢ᠄
  (ᠨᠢᠭᠡ) ᠤᠯᠤᠰ ᠲᠥᠷᠦ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠬᠤ ᠬᠡᠷᠡᠭᠲᠡᠢ᠃《ᠳᠥᠷᠪᠡᠨ ᠤᠬᠠᠮᠰᠠᠷ》᠎ᠢ᠋ ᠪᠠᠲᠤ ᠪᠣᠢ ᠪᠣᠯᠭᠠᠨ᠂ 《ᠳᠥᠷᠪᠡ᠎ᠶᠢ ᠳᠠᠭᠠᠬᠤ》ᠶ᠋ᠢ ᠨᠠᠢᠳᠠᠪᠤᠷᠢᠵᠢᠭᠤᠯᠵᠤ᠂ ᠵᠢᠭᠠᠪᠤᠷᠢ ᠠᠪᠴᠤ ᠮᠡᠳᠡᠭᠦᠯᠬᠦ᠎ᠶᠢ ᠴᠢᠬᠤᠯᠠ ᠤᠯᠤᠰ ᠲᠥᠷᠦ᠎ᠶᠢᠨ ᠰᠠᠬᠢᠯᠭ᠎ᠠ ᠪᠠᠲᠤ ᠪᠠ ᠤᠯᠤᠰ ᠲᠥᠷᠦ᠎ᠶᠢᠨ ᠶᠣᠰᠤ ᠳᠦᠷᠢᠮ ᠪᠣᠯᠭᠠᠨ᠂ ᠤᠯᠤᠰ ᠲᠥᠷᠦ᠎ᠶᠢ ᠡᠷᠬᠢᠮᠯᠡᠬᠦ ᠱᠠᠭᠠᠷᠳᠠᠯᠭ᠎ᠠ᠎ᠶᠢ ᠵᠢᠭᠠᠪᠤᠷᠢ ᠠᠪᠴᠤ ᠮᠡᠳᠡᠭᠦᠯᠬᠦ ᠠᠵᠢᠯ᠎ᠤᠨ ᠪᠦᠬᠦ ᠶᠠᠪᠤᠴᠠ ᠪᠣᠯᠤᠨ ᠡᠯ᠎ᠡ ᠲᠠᠯ᠎ᠠ᠎ᠳᠤ ᠲᠤᠭᠤᠱᠢᠯᠠᠭᠤᠯᠬᠤ ᠬᠡᠷᠡᠭᠲᠡᠢ᠃
  (ᠬᠣᠶᠠᠷ) ᠡᠷᠬᠡ ᠬᠠᠷᠢᠭᠤᠴᠠᠯᠭ᠎ᠠ ᠲᠣᠳᠤᠷᠬᠠᠢ ᠪᠠᠢᠬᠤ᠎ᠶᠢ ᠪᠠᠷᠢᠮᠲᠠᠯᠠᠬᠤ ᠬᠡᠷᠡᠭᠲᠡᠢ᠃ ᠡᠷᠬᠡ ᠣᠯᠭᠤᠯᠲᠠ ᠬᠢᠵᠠᠭᠠᠷ᠎ᠲᠠᠢ ᠪᠠᠢᠬᠤ ᠭᠡᠳᠡᠭ᠎ᠢ ᠪᠠᠲᠤ ᠴᠡᠭᠡᠵᠢᠯᠡᠵᠦ᠂ ᠵᠢᠭᠠᠪᠤᠷᠢ ᠠᠪᠬᠤ ᠴᠢᠬᠤᠯᠠᠲᠠᠢ ᠪᠣᠯ ᠡᠷᠬᠡᠪᠱᠢ ᠵᠢᠭᠠᠪᠤᠷᠢ ᠠᠪᠴᠤ᠂ ᠮᠡᠳᠡᠭᠦᠯᠬᠦ ᠴᠢᠬᠤᠯᠠᠲᠠᠢ ᠪᠣᠯ ᠡᠷᠬᠡᠪᠱᠢ ᠮᠡᠳᠡᠭᠦᠯᠬᠦ ᠬᠡᠷᠡᠭᠲᠡᠢ; ᠪᠠᠰᠠ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ᠎ᠶᠢ ᠪᠠᠲᠤ ᠴᠡᠭᠡᠵᠢᠯᠡᠵᠦ᠂ ᠬᠠᠷᠢᠭᠤᠴᠠᠬᠤ ᠴᠢᠬᠤᠯᠠᠲᠠᠢ ᠪᠣᠯ ᠡᠷᠬᠡᠪᠱᠢ ᠬᠠᠷᠢᠭᠤᠴᠠᠵᠤ᠂ ᠡᠭᠦᠷᠭᠡᠯᠡᠬᠦ ᠴᠢᠬᠤᠯᠠᠲᠠᠢ ᠪᠣᠯ ᠡᠷᠬᠡᠪᠱᠢ ᠡᠭᠦᠷᠭᠡᠯᠡᠬᠦ ᠬᠡᠷᠡᠭᠲᠡᠢ᠃
  (ᠭᠤᠷᠪᠠ) ᠪᠤᠰᠤᠳᠴᠢ ᠪᠥᠭᠡᠳ ᠦᠨᠡᠨ ᠪᠣᠳᠠᠲᠠᠢ ᠪᠠᠢᠬᠤ᠎ᠶᠢ ᠪᠠᠷᠢᠮᠲᠠᠯᠠᠬᠤ ᠬᠡᠷᠡᠭᠲᠡᠢ᠃ ᠪᠦᠬᠦ ᠲᠠᠯ᠎ᠠ᠎ᠪᠠᠷ ᠦᠨᠡᠨ ᠮᠥᠨ᠎ᠢᠶᠡᠷ᠎ᠨᠢ ᠵᠢᠭᠠᠪᠤᠷᠢ ᠠᠪᠴᠤ ᠠᠵᠢᠯ᠎ᠢᠶᠠᠨ ᠮᠡᠳᠡᠭᠦᠯᠵᠦ᠂ ᠪᠠᠢᠳᠠᠯ᠎ᠢ ᠲᠤᠰᠭᠠᠨ᠂ ᠠᠰᠠᠭᠤᠳᠠᠯ᠎ᠢ ᠵᠠᠳᠠᠯᠵᠤ᠂ ᠰᠠᠨᠠᠭᠤᠯᠭ᠎ᠠ ᠳᠤᠷᠠᠳᠬᠤ᠎ᠶᠢ ᠪᠡᠶᠡᠯᠡᠭᠦᠯᠬᠦ ᠬᠡᠷᠡᠭᠲᠡᠢ᠂ ᠰᠠᠢᠨ᠎ᠢᠶᠠᠨ ᠮᠡᠳᠡᠭᠦᠯᠬᠦ ᠪᠥᠭᠡᠳ ᠪᠠᠰᠠ ᠮᠠᠭᠤ᠎ᠪᠠᠨ ᠮᠡᠳᠡᠭᠦᠯᠵᠦ᠂ ᠭᠠᠪᠢᠶ᠎ᠠ᠎ᠪᠠᠨ ᠮᠡᠳᠡᠭᠦᠯᠬᠦ ᠪᠥᠭᠡᠳ ᠪᠠᠰᠠ ᠠᠯᠳᠠᠭ᠎ᠠ᠎ᠪᠠᠨ ᠮᠡᠳᠡᠭᠦᠯᠬᠦ᠂ ᠦᠷ᠎ᠡ ᠳ᠋ᠦᠩ᠎ᠢᠶᠡᠨ ᠮᠡᠳᠡᠭᠦᠯᠬᠦ ᠪᠥᠭᠡᠳ ᠪᠠᠰᠠ ᠶᠠᠪᠤᠴᠠ᠎ᠪᠠᠨ ᠮᠡᠳᠡᠭᠦᠯᠬᠦ ᠬᠡᠷᠡᠭᠲᠡᠢ᠃
  (ᠳᠥᠷᠪᠡ) ᠵᠢᠷᠤᠮᠵᠢᠯ᠎ᠲᠠᠢ ᠡᠮᠬᠢ ᠵᠢᠷᠤᠮ᠎ᠲᠠᠢ ᠪᠠᠢᠬᠤ᠎ᠶᠢ ᠪᠠᠷᠢᠮᠲᠠᠯᠠᠬᠤ ᠬᠡᠷᠡᠭᠲᠡᠢ᠃ ᠳᠦᠷᠢᠮ ᠲᠣᠭᠲᠠᠭᠠᠯ ᠶᠣᠰᠤᠭᠠᠷ ᠨᠠᠮ᠎ᠢ ᠵᠠᠰᠠᠬᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠨᠠᠮ᠎ᠤᠨ ᠳᠦᠷᠢᠮ ᠲᠣᠭᠲᠠᠭᠠᠯ᠎ᠳᠤ ᠲᠣᠭᠲᠠᠭᠠᠭᠰᠠᠨ ᠭᠣᠣᠯ ᠴᠣᠭᠴᠠ᠂ ᠬᠦᠷᠢᠶ᠎ᠡ ᠬᠡᠪᠴᠢᠶ᠎ᠡ᠂ ᠳᠡᠰ ᠳᠠᠷᠠᠭᠠᠯᠠᠯ ᠪᠣᠯᠤᠨ ᠠᠷᠭ᠎ᠠ ᠬᠡᠯᠪᠡᠷᠢ ᠶᠣᠰᠤᠭᠠᠷ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠠᠵᠢᠯ᠎ᠢ ᠴᠢᠩᠭ᠎ᠠ ᠥᠷᠨᠢᠭᠦᠯᠬᠦ ᠬᠡᠷᠡᠭᠲᠡᠢ᠃
  ᠲᠠᠪᠤᠳᠤᠭᠠᠷ ᠵᠦᠢᠯ  ᠡᠯ᠎ᠡ ᠭᠠᠵᠠᠷ ᠣᠷᠤᠨ ᠡᠯ᠎ᠡ ᠰᠠᠯᠠᠭ᠎ᠠ ᠮᠥᠴᠢᠷ᠎ᠦᠨ ᠨᠠᠮ᠎ᠤᠨ ᠵᠣᠬᠢᠶᠠᠨ ᠪᠠᠢᠭᠤᠯᠤᠯᠲᠠ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠠᠵᠢᠯ᠎ᠤᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠭᠣᠣᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠪᠣᠯᠵᠤ᠂ ᠵᠢᠭᠠᠪᠤᠷᠢ ᠠᠪᠴᠤ ᠮᠡᠳᠡᠭᠦᠯᠬᠦ ᠠᠵᠢᠯ᠎ᠳᠤ ᠶᠡᠷᠦᠩᠬᠡᠢ ᠬᠠᠷᠢᠭᠤᠴᠠᠯᠭ᠎ᠠ᠎ᠶᠢ ᠬᠠᠷᠢᠭᠤᠴᠠᠨ᠎ᠠ᠃
  ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠨᠠᠮ᠎ᠤᠨ ᠲᠥᠪ ᠬᠣᠷᠢᠶ᠎ᠠ᠎ᠠᠴᠠ ᠵᠢᠭᠠᠪᠤᠷᠢ ᠠᠪᠴᠤ ᠮᠡᠳᠡᠭᠦᠯᠬᠦ ᠴᠢᠬᠤᠯᠠ ᠶᠡᠬᠡ ᠤᠴᠢᠷ ᠶᠠᠪᠤᠳᠠᠯ᠎ᠢ ᠬᠦᠯᠢᠶᠡᠨ ᠠᠪᠴᠤ ᠱᠢᠢᠳᠪᠦᠷᠢᠯᠡᠬᠦ᠎ᠶᠢ ᠬᠠᠷᠢᠭᠤᠴᠠᠬᠤ ᠪᠥᠭᠡᠳ ᠡᠯ᠎ᠡ ᠭᠠᠵᠠᠷ ᠣᠷᠤᠨ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠲᠥᠪ ᠬᠣᠷᠢᠶ᠎ᠠ᠎ᠠᠴᠠ ᠵᠢᠭᠠᠪᠤᠷᠢ ᠠᠪᠴᠤ ᠮᠡᠳᠡᠭᠦᠯᠬᠦ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠤᠨ᠎ᠠ᠃ ᠣᠷᠤᠨ ᠨᠤᠲᠤᠭ᠎ᠤᠨ ᠨᠠᠮ᠎ᠤᠨ ᠬᠣᠷᠢᠶᠠᠨ᠎ᠤ ᠠᠯᠪᠠᠨ ᠲᠢᠩᠬᠢᠮ (ᠭᠡᠷ) ᠲᠤᠰ ᠱᠠᠲᠤᠨ᠎ᠤ ᠨᠠᠮ᠎ᠤᠨ ᠬᠣᠷᠢᠶ᠎ᠠ᠎ᠠᠴᠠ ᠵᠢᠭᠠᠪᠤᠷᠢ ᠠᠪᠴᠤ ᠮᠡᠳᠡᠭᠦᠯᠬᠦ ᠴᠢᠬᠤᠯᠠ ᠶᠡᠬᠡ ᠤᠴᠢᠷ ᠶᠠᠪᠤᠳᠠᠯ᠎ᠢ ᠬᠦᠯᠢᠶᠡᠨ ᠠᠪᠴᠤ ᠱᠢᠢᠳᠪᠦᠷᠢᠯᠡᠬᠦ᠎ᠶᠢ ᠬᠠᠷᠢᠭᠤᠴᠠᠬᠤ ᠪᠥᠭᠡᠳ ᠲᠤᠰ ᠭᠠᠵᠠᠷ ᠣᠷᠤᠨ᠎ᠤ᠎ᠢᠶᠠᠨ ᠵᠢᠭᠠᠪᠤᠷᠢ ᠠᠪᠴᠤ ᠮᠡᠳᠡᠭᠦᠯᠬᠦ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠤᠨ᠎ᠠ᠃


    ᠬᠣᠶᠠᠳᠤᠭᠠᠷ ᠪᠦᠯᠦᠭ   ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠴᠤ ᠮᠡᠳᠡᠭᠦᠯᠬᠦ ᠭᠣᠣᠯ ᠴᠣᠭᠴᠠ


  ᠵᠢᠷᠭᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠴᠤ ᠮᠡᠳᠡᠭᠦᠯᠬᠦ ᠠᠵᠢᠯ ᠡᠩ᠎ᠦᠨ ᠪᠠᠢᠳᠠᠯ᠎ᠳᠤ ᠵᠣᠬᠢᠶᠠᠨ ᠪᠠᠢᠭᠤᠯᠤᠯᠲᠠ᠎ᠶᠢᠨ ᠨᠡᠷ᠎ᠡ᠎ᠪᠡᠷ ᠶᠠᠪᠤᠭᠳᠠᠵᠤ᠂ ᠤᠳᠤᠷᠢᠳᠬᠤ ᠪᠤᠶᠤ ᠬᠢᠨᠠᠨ ᠵᠢᠯᠣᠭᠣᠳᠭᠤ ᠲᠤᠱᠢᠶᠠᠯ ᠬᠠᠷᠢᠭᠤᠴᠠᠯᠭ᠎ᠠ᠎ᠲᠠᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠴᠤ ᠮᠡᠳᠡᠭᠦᠯᠦᠨ᠎ᠡ᠃ ᠣᠨᠴᠠᠭᠠᠢ ᠪᠠᠢᠳᠠᠯ᠎ᠳᠤ᠂ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ ᠨᠥᠬᠦᠳ᠎ᠦᠨ ᠨᠡᠷ᠎ᠡ᠎ᠪᠡᠷ ᠨᠠᠮ᠎ᠤᠨ ᠵᠣᠬᠢᠶᠠᠨ ᠪᠠᠢᠭᠤᠯᠤᠯᠲᠠ᠎ᠶᠢ ᠲᠥᠯᠦᠭᠡᠯᠡᠨ ᠵᠢᠭᠠᠪᠤᠷᠢ ᠠᠪᠴᠤ ᠮᠡᠳᠡᠭᠦᠯᠵᠦ ᠪᠣᠯᠤᠨ᠎ᠠ᠃
  ᠵᠢᠭᠠᠪᠤᠷᠢ ᠠᠪᠴᠤ ᠮᠡᠳᠡᠭᠦᠯᠬᠦ᠎ᠳ᠋ᠦ᠍ ᠱᠠᠲᠤ ᠳᠠᠷᠠᠭᠠᠯᠠᠨ ᠭᠦᠢᠴᠡᠳᠭᠡᠬᠦ ᠬᠡᠷᠡᠭᠲᠡᠢ᠂ ᠡᠩ᠎ᠦᠨ ᠪᠠᠢᠳᠠᠯ᠎ᠳᠤ ᠱᠠᠲᠤ ᠠᠯᠤᠰᠯᠠᠨ ᠵᠢᠭᠠᠪᠤᠷᠢ ᠠᠪᠴᠤ ᠮᠡᠳᠡᠭᠦᠯᠵᠦ ᠪᠣᠯᠬᠤ᠎ᠦᠭᠡᠢ᠃ ᠣᠨᠴᠠᠭᠠᠢ ᠪᠠᠢᠳᠠᠯ᠎ᠳᠤ᠂ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠱᠢᠭᠤᠳ ᠨᠡᠩ ᠳᠡᠭᠡᠳᠦ ᠳᠡᠰ᠎ᠦᠨ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠴᠤ ᠮᠡᠳᠡᠭᠦᠯᠵᠦ ᠪᠣᠯᠤᠨ᠎ᠠ᠃
  ᠳᠣᠯᠤᠳᠤᠭᠠᠷ ᠵᠦᠢᠯ  ᠳᠠᠪᠬᠤᠷ ᠤᠳᠤᠷᠢᠳᠤᠯᠭ᠎ᠠ ᠬᠦᠯᠢᠶᠡᠵᠦ ᠪᠠᠢᠭ᠎ᠠ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠨᠢ ᠤᠴᠢᠷ ᠶᠠᠪᠤᠳᠠᠯ᠎ᠤᠨ ᠱᠢᠨᠵᠢ ᠴᠢᠨᠠᠷ ᠪᠠ ᠠᠭᠤᠯᠭ᠎ᠠ᠎ᠶᠢ ᠦᠨᠳᠦᠰᠦᠯᠡᠨ ᠭᠣᠣᠯ ᠤᠳᠤᠷᠢᠳᠬᠤ ᠲᠤᠱᠢᠶᠠᠯ ᠬᠠᠷᠢᠭᠤᠴᠠᠯᠭ᠎ᠠ᠎ᠶᠢ ᠡᠭᠦᠷᠭᠡᠯᠡᠵᠦ ᠪᠠᠢᠭ᠎ᠠ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠴᠤ ᠮᠡᠳᠡᠭᠦᠯᠦᠨ᠎ᠡ᠂ ᠡᠭᠦᠨ᠎ᠦ ᠵᠡᠷᠭᠡ᠎ᠪᠡᠷ ᠨᠥᠬᠦᠭᠡ ᠨᠢᠭᠡ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠬᠠᠭᠤᠯᠵᠤ ᠬᠦᠷᠭᠡᠨ᠎ᠡ᠃ ᠣᠨᠴᠠᠭᠠᠢ ᠪᠠᠢᠳᠠᠯ᠎ᠳᠤ ᠨᠥᠭᠦᠭᠡ ᠨᠢᠭᠡ ᠨᠠᠮ᠎ᠤᠨ ᠵᠣᠬᠢᠶᠠᠨ ᠪᠠᠢᠭᠤᠯᠤᠯᠲᠠ᠎ᠳᠤ ᠬᠠᠭᠤᠯᠵᠤ ᠬᠦᠷᠭᠡᠬᠦ᠎ᠦᠭᠡᠢ ᠪᠠᠢᠵᠤ ᠪᠣᠯᠤᠨ᠎ᠠ᠃
  ᠨᠠᠢ᠍ᠮᠠᠳᠤᠭᠠᠷ ᠵᠦᠢᠯ  ᠱᠢᠰᠲᠧᠮ᠎ᠦᠨ ᠤᠳᠤᠷᠢᠳᠤᠯᠭ᠎ᠠ᠂ ᠬᠠᠮᠢᠶᠠᠷᠤᠯᠲᠠ᠎ᠶᠢ ᠬᠦᠯᠢᠶᠡᠵᠦ ᠪᠠᠢᠭ᠎ᠠ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠨᠢ ᠡᠷᠬᠡᠪᠱᠢ ᠲᠡᠭᠦᠨ᠎ᠦ ᠨᠠᠮ᠎ᠤᠨ ᠵᠣᠬᠢᠶᠠᠨ ᠪᠠᠢᠭᠤᠯᠤᠯᠲᠠ ᠪᠠᠢᠭᠤᠯᠬᠤ᠎ᠶᠢ ᠵᠥᠪᠱᠢᠶᠡᠷᠡᠭᠰᠡᠨ ᠵᠣᠬᠢᠶᠠᠨ ᠪᠠᠢᠭᠤᠯᠤᠯᠲᠠ᠎ᠶᠢᠨ᠎ᠪᠠᠨ ᠤᠳᠤᠷᠢᠳᠤᠯᠭ᠎ᠠ᠎ᠶᠢ ᠳᠠᠭᠠᠵᠤ᠂ ᠲᠡᠭᠦᠨ᠎ᠡᠴᠡ ᠵᠢᠭᠠᠪᠤᠷᠢ ᠠᠪᠴᠤ ᠠᠵᠢᠯ᠎ᠢᠶᠠᠨ ᠮᠡᠳᠡᠭᠦᠯᠵᠦ᠂ ᠲᠡᠷᠡᠴᠢᠯᠡᠨ ᠬᠣᠯᠪᠤᠭᠳᠠᠯ ᠪᠦᠬᠦᠢ ᠲᠣᠭᠲᠠᠭᠠᠯ᠎ᠢ ᠦᠨᠳᠦᠰᠦᠯᠡᠨ ᠱᠢᠰᠲᠧᠮ᠎ᠢᠶᠡᠷ ᠤᠳᠤᠷᠢᠳᠴᠤ᠂ ᠬᠠᠮᠢᠶᠠᠷᠴᠤ ᠪᠠᠢᠬᠤ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠴᠤ ᠮᠡᠳᠡᠭᠦᠯᠦᠨ᠎ᠡ᠃
  ᠶᠢᠰᠦᠳᠦᠭᠡᠷ ᠵᠦᠢᠯ  ᠱᠢᠰᠲᠧᠮ᠎ᠦᠨ ᠵᠢᠯᠤᠭᠤᠳᠤᠯᠭ᠎ᠠ᠂ ᠵᠣᠬᠢᠴᠠᠭᠤᠯᠭ᠎ᠠ ᠪᠤᠶᠤ ᠬᠢᠨᠠᠯᠲᠠ᠎ᠶᠢ ᠬᠦᠯᠢᠶᠡᠵᠦ ᠪᠠᠢᠬᠤ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠨᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠴᠤ ᠮᠡᠳᠡᠭᠦᠯᠬᠦ᠎ᠳ᠋ᠦ᠍ ᠡᠩ᠎ᠦᠨ ᠪᠠᠢᠳᠠᠯ᠎ᠳᠤ ᠵᠢᠯᠣᠭᠣᠳᠭᠤ᠂ ᠵᠣᠬᠢᠴᠠᠭᠤᠯᠬᠤ ᠪᠤᠶᠤ ᠬᠢᠨᠠᠯᠲᠠ ᠲᠠᠯᠪᠢᠬᠤ ᠬᠠᠷᠢᠭᠤᠴᠠᠯᠭ᠎ᠠ᠎ᠲᠠᠢ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠳᠤ ᠬᠠᠭᠤᠯᠵᠤ ᠬᠦᠷᠭᠡᠨ᠎ᠡ᠃
  ᠵᠢᠯᠣᠭᠣᠳᠭᠤ᠂ ᠵᠣᠬᠢᠴᠠᠭᠤᠯᠬᠤ ᠪᠤᠶᠤ ᠬᠢᠨᠠᠯᠲᠠ ᠲᠠᠯᠪᠢᠬᠤ ᠬᠠᠷᠢᠭᠤᠴᠠᠯᠭ᠎ᠠ᠎ᠲᠠᠢ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠨᠢ ᠬᠠᠷᠢᠭᠤᠴᠠᠵᠤ ᠪᠠᠢᠭ᠎ᠠ ᠣᠷᠤᠨ ᠪᠦᠰᠡ᠂ ᠬᠦᠷᠢᠶ᠎ᠡ ᠬᠡᠪᠴᠢᠶ᠎ᠡ᠂ ᠠᠵᠢᠯ ᠲᠥᠷᠦᠯ᠂ ᠱᠢᠰᠲᠧᠮ᠎ᠦᠨ ᠳᠣᠲᠤᠷᠠᠬᠢ ᠡᠯ᠎ᠡ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠴᠤ ᠮᠡᠳᠡᠭᠦᠯᠬᠦ ᠠᠵᠢᠯ᠎ᠢ ᠨᠢᠭᠡᠳᠦᠯᠲᠡᠢ ᠲᠥᠯᠦᠪᠵᠢᠭᠦᠯᠵᠦ᠂ ᠡᠮᠬᠢᠯᠡᠨ ᠨᠢᠭᠡᠳᠭᠡᠭᠡᠳ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠶᠡᠷᠦᠩᠬᠡᠢ ᠪᠠᠢᠳᠠᠯ᠂ ᠲᠦᠷᠦᠭᠦᠯᠡᠨ ᠬᠢᠭᠰᠡᠨ ᠤᠴᠢᠷ ᠶᠠᠪᠤᠳᠠᠯ᠎ᠢ ᠪᠡᠶᠡᠯᠡᠭᠦᠯᠦᠭᠰᠡᠨ ᠪᠠᠢᠳᠠᠯ ᠵᠡᠷᠭᠡ᠎ᠪᠡᠨ ᠮᠡᠳᠡᠭᠦᠯᠵᠦ ᠵᠢᠭᠠᠪᠤᠷᠢ ᠠᠪᠤᠨ᠎ᠠ᠃
  ᠠᠷᠪᠠᠳᠤᠭᠠᠷ ᠵᠦᠢᠯ  ᠣᠷᠤᠨ ᠪᠦᠰᠡ ᠠᠯᠤᠰᠯᠠᠭᠰᠠᠨ᠂ ᠬᠦᠷᠢᠶ᠎ᠡ ᠬᠡᠪᠴᠢᠶ᠎ᠡ ᠠᠯᠤᠰᠯᠠᠭᠰᠠᠨ᠂ ᠠᠵᠢᠯ ᠲᠥᠷᠦᠯ ᠠᠯᠤᠰᠯᠠᠭᠰᠠᠨ ᠴᠢᠬᠤᠯᠠ ᠤᠴᠢᠷ ᠶᠠᠪᠤᠳᠠᠯ᠎ᠳᠤ ᠬᠣᠯᠪᠣᠭᠳᠠᠪᠠᠯ᠂ ᠬᠣᠯᠪᠤᠭᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠢᠨ ᠬᠠᠮᠲᠤ᠎ᠶᠢᠨ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠲᠠᠢ᠎ᠪᠠᠨ ᠬᠣᠯᠪᠤᠭᠠᠯᠠᠨ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃ ᠬᠣᠯᠪᠤᠭᠠᠯᠠᠨ ᠵᠢᠭᠠᠪᠤᠷᠢ ᠠᠪᠴᠤ ᠮᠡᠳᠡᠭᠦᠯᠬᠦ ᠪᠢᠴᠢᠭ ᠮᠠᠲᠧᠷᠢᠶᠠᠯ᠎ᠳᠤ ᠳᠠᠭᠠᠭᠤᠯᠤᠭᠰᠠᠨ ᠨᠠᠮ᠎ᠤᠨ ᠵᠣᠬᠢᠶᠠᠨ ᠪᠠᠢᠭᠤᠯᠤᠯᠲᠠ᠎ᠶᠢ ᠲᠣᠳᠤᠷᠬᠠᠢᠯᠠᠬᠤ ᠬᠡᠷᠡᠭᠲᠡᠢ᠃
  ᠨᠠᠮ ᠵᠠᠰᠠᠭ᠎ᠤᠨ ᠪᠠᠢᠭᠤᠯᠭ᠎ᠠ ᠬᠣᠯᠪᠤᠭᠠᠯᠠᠨ ᠵᠢᠭᠠᠪᠤᠷᠢ ᠠᠪᠴᠤ ᠮᠡᠳᠡᠭᠦᠯᠬᠦ᠎ᠳ᠋ᠦ᠍ ᠡᠩ᠎ᠦᠨ ᠪᠠᠢᠳᠠᠯ᠎ᠳᠤ ᠳᠡᠭᠡᠳᠦ ᠱᠠᠲᠤᠨ᠎ᠤ ᠨᠠᠮ ᠵᠠᠰᠠᠭ᠎ᠤᠨ ᠪᠠᠢᠭᠤᠯᠭ᠎ᠠ᠎ᠶᠢ ᠵᠡᠷᠭᠡ᠎ᠪᠡᠷ ᠵᠢᠭᠠᠪᠤᠷᠢ ᠠᠪᠴᠤ ᠮᠡᠳᠡᠭᠦᠯᠬᠦ ᠡᠲᠡᠭᠡᠳ᠎ᠢᠶᠡᠨ ᠪᠣᠯᠭᠠᠬᠤ ᠬᠡᠷᠡᠭᠲᠡᠢ᠃
  ᠠᠷᠪᠠᠨ ᠨᠢᠭᠡᠳᠦᠭᠡᠷ ᠵᠦᠢᠯ  ᠨᠠᠮ᠎ᠤᠨ ᠳᠣᠲᠤᠭᠠᠳᠤ᠎ᠶᠢᠨ ᠬᠠᠤᠯᠢ ᠳᠦᠷᠢᠮ᠎ᠦᠨ ᠲᠣᠭᠲᠠᠭᠠᠯ᠎ᠢ ᠦᠨᠳᠦᠰᠦᠯᠡᠪᠡᠯ᠂ ᠨᠠᠮ᠎ᠤᠨ ᠱᠢᠢᠳᠪᠦᠷᠢᠲᠦ ᠪᠣᠳᠤᠯᠭ᠎ᠠ ᠲᠣᠭᠲᠠᠭᠠᠬᠤ ᠤᠴᠢᠷ ᠶᠠᠪᠤᠳᠠᠯ ᠵᠥᠪᠯᠡᠬᠦ ᠵᠣᠬᠢᠴᠠᠭᠤᠯᠬᠤ ᠪᠠᠢᠭᠤᠯᠤᠮᠵᠢ ᠪᠣᠯᠤᠨ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠬᠢᠨ ᠲᠡᠭᠦᠨ᠎ᠦ ᠡᠷᠬᠡ ᠲᠤᠱᠢᠶᠠᠯ᠎ᠤᠨ ᠬᠡᠪᠴᠢᠶᠡᠨ ᠳᠣᠲᠤᠷ᠎ᠠ᠎ᠪᠠᠨ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠴᠤ ᠮᠡᠳᠡᠭᠦᠯᠬᠦ᠎ᠶᠢ ᠬᠦᠯᠢᠶᠡᠨ ᠠᠪᠴᠤ ᠱᠢᠢᠳᠪᠦᠷᠢ ᠭᠠᠷᠭᠠᠵᠤ ᠪᠣᠯᠤᠨ᠎ᠠ᠃
  ᠨᠠᠮ᠎ᠤᠨ ᠵᠣᠬᠢᠶᠠᠨ ᠪᠠᠢᠭᠤᠯᠤᠯᠲᠠ᠎ᠶᠢᠨ ᠭᠣᠣᠯ ᠬᠠᠷᠢᠭᠤᠴᠠᠯᠭᠠᠲᠠᠨ ᠨᠥᠬᠦᠳ ᠪᠦᠬᠦ ᠲᠠᠯ᠎ᠠ᠎ᠶᠢᠨ ᠠᠵᠢᠯ ᠪᠤᠶᠤ ᠵᠠᠷᠢᠮ ᠠᠵᠢᠯ᠎ᠤᠨ ᠲᠠᠯ᠎ᠠ᠎ᠪᠠᠷ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠴᠤ ᠮᠡᠳᠡᠭᠦᠯᠬᠦ᠎ᠶᠢ ᠬᠦᠯᠢᠶᠡᠨ ᠠᠪᠴᠤ ᠪᠣᠯᠤᠨ᠎ᠠ; ᠬᠣᠯᠪᠤᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠪᠢᠳᠠᠨ ᠬᠠᠷᠢᠭᠤᠴᠠᠵᠤ ᠪᠠᠢᠭ᠎ᠠ ᠬᠦᠷᠢᠶᠡᠨ᠎ᠦ ᠠᠵᠢᠯ᠎ᠤᠨ ᠲᠤᠬᠠᠢ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠴᠤ ᠮᠡᠳᠡᠭᠦᠯᠬᠦ᠎ᠶᠢ ᠬᠦᠯᠢᠶᠡᠨ ᠠᠪᠴᠤ ᠪᠣᠯᠤᠨ᠎ᠠ᠂ ᠨᠠᠮ᠎ᠤᠨ ᠵᠣᠬᠢᠶᠠᠨ ᠪᠠᠢᠭᠤᠯᠤᠯᠲᠠ ᠪᠤᠶᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠭᠣᠣᠯ ᠬᠠᠷᠢᠭᠤᠴᠠᠯᠭᠠᠲᠠᠨ ᠨᠥᠬᠦᠳ᠎ᠦᠨ ᠨᠠᠢᠳᠠᠯᠭ᠎ᠠ᠎ᠪᠠᠷ ᠪᠦᠬᠦ ᠲᠠᠯ᠎ᠠ᠎ᠶᠢᠨ ᠠᠵᠢᠯ᠎ᠤᠨ ᠲᠤᠬᠠᠢ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠴᠤ ᠮᠡᠳᠡᠭᠦᠯᠬᠦ᠎ᠶᠢ ᠬᠦᠯᠢᠶᠡᠨ ᠠᠪᠴᠤ ᠪᠣᠯᠤᠨ᠎ᠠ᠃


    ᠭᠤᠷᠪᠠᠳᠤᠭᠠᠷ ᠪᠦᠯᠦᠭ   ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠴᠤ ᠮᠡᠳᠡᠭᠦᠯᠬᠦ ᠤᠴᠢᠷ ᠶᠠᠪᠤᠳᠠᠯ


  ᠠᠷᠪᠠᠨ ᠬᠣᠶᠠᠳᠤᠭᠠᠷ ᠵᠦᠢᠯ  ᠨᠠᠮ ᠪᠣᠯᠤᠨ ᠤᠯᠤᠰ᠎ᠤᠨ ᠠᠵᠢᠯ᠎ᠤᠨ ᠪᠦᠬᠦ ᠲᠠᠯ᠎ᠠ᠎ᠳᠤ ᠬᠣᠯᠪᠤᠭᠳᠠᠬᠤ ᠴᠢᠬᠤᠯᠠ ᠶᠡᠬᠡ ᠴᠢᠭᠯᠡᠯᠲᠡ ᠲᠥᠷᠦ᠎ᠶᠢᠨ ᠪᠣᠳᠤᠯᠭ᠎ᠠ᠂ ᠠᠵᠤ ᠠᠬᠤᠢ᠂ ᠤᠯᠤᠰ ᠲᠥᠷᠦ᠂ ᠰᠣᠶᠤᠯ᠂ ᠨᠡᠢᠭᠡᠮ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠪᠣᠯᠤᠨ ᠨᠠᠮ᠎ᠤᠨ ᠪᠠᠢᠭᠤᠯᠤᠯᠲᠠ᠎ᠶᠢᠨ ᠴᠢᠬᠤᠯᠠ ᠶᠡᠬᠡ ᠵᠠᠷᠴᠢᠮ ᠪᠣᠯᠤᠨ ᠠᠰᠠᠭᠤᠳᠠᠯ᠂ ᠤᠯᠤᠰ᠎ᠤᠨ ᠠᠮᠤᠷ ᠲᠦᠪᠱᠢᠨ᠂ ᠱᠢᠶᠠᠩᠭᠠᠩ ᠣᠣᠮᠧᠨ ᠲᠠᠢᠸᠠᠨ ᠳᠤᠮᠳᠠᠳᠤ᠎ᠶᠢᠨ ᠬᠠᠷᠢᠶᠠᠲᠤ᠂ ᠭᠠᠳᠠᠭᠠᠳᠤ ᠬᠠᠷᠢᠯᠴᠠᠭ᠎ᠠ᠂ ᠴᠡᠷᠢᠭ ᠠᠩᠭᠢ ᠵᠡᠷᠭᠡ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ᠎ᠳᠤ ᠬᠣᠯᠪᠤᠭᠳᠠᠬᠤ ᠤᠴᠢᠷ ᠶᠠᠪᠤᠳᠠᠯ᠂ ᠵᠢᠴᠢ ᠪᠤᠰᠤᠳ ᠵᠥᠪᠬᠡᠨ ᠨᠠᠮ᠎ᠤᠨ ᠲᠥᠪ ᠬᠣᠷᠢᠶᠠᠨ᠎ᠠᠴᠠ ᠤᠳᠤᠷᠢᠳᠬᠤ ᠪᠠ ᠱᠢᠢᠳᠪᠦᠷᠢᠲᠦ ᠪᠣᠳᠤᠯᠭ᠎ᠠ ᠲᠣᠭᠲᠠᠭᠠᠬᠤ ᠴᠢᠬᠤᠯᠠ ᠶᠡᠬᠡ ᠤᠴᠢᠷ ᠶᠠᠪᠤᠳᠠᠯ᠎ᠢ ᠡᠷᠬᠡᠪᠱᠢ ᠨᠠᠮ᠎ᠤᠨ ᠲᠥᠪ ᠬᠣᠷᠢᠶ᠎ᠠ᠎ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃
  ᠠᠷᠪᠠᠨ ᠭᠤᠷᠪᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠴᠤ ᠮᠡᠳᠡᠭᠦᠯᠬᠦ ᠤᠴᠢᠷ ᠶᠠᠪᠤᠳᠠᠯ᠎ᠨᠢ ᠳᠣᠣᠷᠠᠬᠢ ᠮᠡᠲᠦ᠄
  (ᠨᠢᠭᠡ) ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ ᠪᠣᠯᠤᠨ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠣᠭᠲᠠᠭᠠᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠶᠠᠪᠤᠴᠠ᠎ᠳᠠᠬᠢ ᠴᠢᠬᠤᠯᠠ ᠪᠠᠢᠳᠠᠯ ᠪᠣᠯᠤᠨ ᠠᠰᠠᠭᠤᠳᠠᠯ᠂ ᠲᠣᠬᠢᠷᠠᠭᠤᠯᠬᠤ ᠴᠢᠬᠤᠯᠠᠲᠠᠢ ᠲᠥᠷᠦ᠎ᠶᠢᠨ ᠪᠣᠳᠤᠯᠭ᠎ᠠ ᠠᠷᠭ᠎ᠠ ᠬᠡᠮᠵᠢᠶ᠎ᠡ᠂ ᠳᠡᠮᠵᠢᠵᠦ ᠱᠢᠢᠳᠪᠦᠷᠢᠯᠡᠬᠦ ᠴᠢᠬᠤᠯᠠᠲᠠᠢ ᠣᠨᠴᠠ ᠬᠦᠴᠢᠷᠳᠡᠯ;
  (ᠬᠣᠶᠠᠷ) ᠴᠢᠬᠤᠯᠠ ᠶᠡᠬᠡ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠂ ᠴᠢᠬᠤᠯᠠ ᠶᠡᠬᠡ ᠬᠠᠤᠯᠢ ᠲᠣᠭᠲᠠᠭᠠᠬᠤ ᠤᠴᠢᠷ ᠶᠠᠪᠤᠳᠠᠯ᠂ ᠴᠢᠬᠤᠯᠠ ᠶᠡᠬᠡ ᠪᠠᠢᠭᠤᠯᠤᠮᠵᠢ᠎ᠶᠢᠨ ᠬᠤᠪᠢᠷᠠᠯᠲᠠ᠂ ᠴᠢᠬᠤᠯᠠ ᠶᠡᠬᠡ ᠲᠥᠷᠦᠯ ᠵᠦᠢᠯ᠎ᠦᠨ ᠠᠬᠢᠭᠤᠯᠤᠯᠲᠠ᠂ ᠬᠦᠨᠳᠦ ᠶᠡᠬᠡ ᠭᠡᠨᠡᠳᠲᠡ᠎ᠶᠢᠨ ᠬᠡᠷᠡᠭ ᠤᠴᠢᠷ᠂ ᠴᠢᠬᠤᠯᠠ ᠶᠡᠬᠡ ᠪᠠᠢᠭᠤᠯᠤᠮᠵᠢ᠎ᠶᠢᠨ ᠲᠣᠬᠢᠷᠠᠭᠤᠯᠤᠯᠲᠠ᠂ ᠴᠢᠬᠤᠯᠠ ᠺᠠᠳ᠋ᠷ᠎ᠢ ᠲᠤᠱᠢᠶᠠᠯ᠎ᠳᠤ ᠲᠣᠮᠢᠯᠠᠬᠤ ᠪᠠ ᠲᠤᠱᠢᠶᠠᠯ᠎ᠠᠴᠠ᠎ᠨᠢ ᠪᠠᠭᠤᠯᠭᠠᠬᠤ᠂ ᠴᠢᠬᠤᠯᠠ ᠬᠥᠬᠢᠭᠦᠯᠦᠯ ᠱᠠᠩᠨᠠᠯ᠂ ᠴᠢᠬᠤᠯᠠ ᠶᠡᠬᠡ ᠰᠠᠬᠢᠯᠭ᠎ᠠ ᠪᠠᠲᠤ ᠬᠠᠤᠯᠢ ᠳᠦᠷᠢᠮ᠎ᠡᠴᠡ ᠵᠥᠷᠢᠴᠡᠭᠰᠡᠨ ᠪᠠ ᠪᠤᠳᠤᠯᠢᠶᠠᠨᠲᠠᠢ ᠰᠡᠷᠭᠡᠭ ᠬᠡᠷᠡᠭ᠎ᠢ ᠱᠢᠢᠳᠪᠦᠷᠢᠯᠡᠬᠦ ᠵᠡᠷᠭᠡ;
  (ᠭᠤᠷᠪᠠ) ᠲᠣᠳᠤᠷᠬᠠᠢ ᠲᠣᠭᠲᠠᠭᠠᠭᠰᠠᠨ ᠵᠢᠭᠠᠪᠤᠷᠢ ᠠᠪᠬᠤ ᠴᠢᠬᠤᠯᠠᠲᠠᠢ ᠴᠢᠬᠤᠯᠠ ᠬᠤᠷᠠᠯ᠂ ᠴᠢᠬᠤᠯᠠ ᠠᠵᠢᠯᠯᠠᠭ᠎ᠠ᠂ ᠴᠢᠬᠤᠯᠠ ᠪᠢᠴᠢᠭ ᠮᠠᠲᠧᠷᠢᠶᠠᠯ ᠵᠡᠷᠭᠡ;
  (ᠳᠥᠷᠪᠡ) ᠴᠢᠬᠤᠯᠠ ᠶᠡᠬᠡ ᠠᠵᠢᠯᠯᠠᠭ᠎ᠠ᠂ ᠴᠢᠬᠤᠯᠠ ᠲᠥᠷᠦ᠎ᠶᠢᠨ ᠪᠣᠳᠤᠯᠭ᠎ᠠ᠎ᠶᠢ ᠤᠬᠠᠭᠤᠯᠬᠤ ᠮᠡᠳᠡᠭᠡᠯᠡᠬᠦ ᠠᠷᠭ᠎ᠠ ᠬᠡᠯᠡᠯᠭᠡ᠂ ᠰᠣᠨᠢᠨ ᠮᠡᠳᠡᠭᠡ ᠰᠤᠷᠲᠠᠯ ᠤᠬᠠᠭᠤᠯᠭ᠎ᠠ ᠪᠣᠯᠤᠨ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠳᠠᠬᠢ ᠪᠦᠬᠦ ᠲᠠᠯ᠎ᠠ᠎ᠶᠢᠨ ᠴᠢᠨᠠᠷᠲᠠᠢ ᠠᠰᠠᠭᠤᠳᠠᠯ ᠪᠣᠯᠤᠨ ᠡᠵᠡᠮᠳᠡᠬᠦ᠎ᠳ᠋ᠦ᠍ ᠬᠦᠴᠢᠷ ᠠᠰᠠᠭᠤᠳᠠᠯ;
  (ᠲᠠᠪᠤ) ᠴᠢᠬᠤᠯᠠ ᠶᠡᠬᠡ ᠱᠢᠨ᠎ᠡ᠎ᠶᠢ ᠡᠭᠦᠳᠬᠦ ᠠᠷᠭ᠎ᠠ ᠬᠡᠮᠵᠢᠶ᠎ᠡ᠎ᠶᠢ ᠲᠣᠭᠲᠠᠭᠠᠬᠤ᠂ ᠣᠨᠴᠠᠭᠠᠢᠯᠠᠨ ᠱᠢᠨ᠎ᠡ ᠪᠠᠢᠳᠠᠯ ᠱᠢᠨ᠎ᠡ ᠠᠰᠠᠭᠤᠳᠠᠯ᠎ᠳᠤ ᠲᠤᠯᠭᠠᠷᠠᠬᠤ ᠮᠥᠷᠲᠡᠭᠡᠨ ᠲᠣᠳᠤᠷᠬᠠᠢ ᠲᠣᠭᠲᠠᠭᠠᠯ᠎ᠦᠭᠡᠢ᠂ ᠤᠷᠢᠳᠴᠢᠯᠠᠨ ᠬᠡᠷᠡᠭᠵᠢᠭᠦᠯᠵᠦ ᠤᠷᠢᠳᠴᠢᠯᠠᠨ ᠲᠤᠷᠱᠢᠬᠤ ᠴᠢᠬᠤᠯᠠᠲᠠᠢ ᠪᠤᠶᠤ ᠱᠢᠨ᠎ᠡ᠎ᠶᠢ ᠡᠭᠦᠳᠬᠦ ᠠᠷᠭ᠎ᠠ ᠬᠡᠮᠵᠢᠶ᠎ᠡ᠎ᠨᠢ ᠣᠲᠤ᠎ᠶᠢᠨ ᠬᠡᠷᠡᠭᠵᠢᠭᠦᠯᠵᠦ ᠪᠠᠢᠭ᠎ᠠ ᠲᠣᠭᠲᠠᠭᠠᠯ᠎ᠲᠠᠢ ᠵᠥᠷᠢᠴᠡᠯᠳᠦᠵᠦ᠂ ᠡᠷᠬᠡ ᠣᠯᠭᠤᠪᠠᠯ ᠰᠠᠶᠢ ᠬᠡᠷᠡᠭᠵᠢᠭᠦᠯᠵᠦ ᠪᠣᠯᠬᠤ ᠪᠠᠢᠳᠠᠯ;
  (ᠵᠢᠷᠭᠤᠭ᠎ᠠ) ᠲᠤᠰ ᠪᠡᠶ᠎ᠡ᠎ᠶᠢᠨ ᠡᠷᠬᠡ ᠲᠤᠱᠢᠶᠠᠯ᠎ᠤᠨ ᠬᠡᠪᠴᠢᠶᠡᠨ᠎ᠳ᠋ᠦ᠍ ᠬᠠᠷᠢᠶᠠᠯᠠᠭᠳᠠᠬᠤ ᠪᠣᠯᠪᠠᠴᠤ ᠴᠢᠬᠤᠯᠠ ᠶᠡᠬᠡ ᠶᠠᠪᠤᠳᠠᠯ ᠪᠤᠶᠤ ᠣᠨᠴᠠᠭᠠᠢ ᠰᠡᠷᠭᠡᠭ ᠶᠠᠪᠤᠳᠠᠯ᠎ᠳᠤ ᠬᠣᠯᠪᠤᠭᠳᠠᠬᠤ ᠤᠴᠢᠷ ᠶᠠᠪᠤᠳᠠᠯ;
  (ᠳᠣᠯᠤᠭ᠎ᠠ) ᠴᠢᠬᠤᠯᠠ ᠶᠡᠬᠡ ᠱᠢᠢᠳᠪᠦᠷᠢᠲᠦ ᠪᠣᠳᠤᠯᠭ᠎ᠠ ᠲᠣᠭᠲᠠᠭᠠᠬᠤ ᠦᠶ᠎ᠡ᠎ᠳ᠋ᠦ᠍ ᠨᠡᠯᠢᠶᠡᠳ ᠶᠡᠬᠡ ᠰᠠᠨᠠᠯ ᠵᠥᠷᠢᠯᠳᠦᠭᠡᠨ᠎ᠲᠡᠢ ᠪᠠᠢᠬᠤ ᠪᠠᠢᠳᠠᠯ;
  (ᠨᠠᠢ᠍ᠮᠠ) ᠣᠷᠤᠨ ᠪᠦᠰᠡ ᠠᠯᠤᠰᠯᠠᠭᠰᠠᠨ᠂ ᠬᠦᠷᠢᠶ᠎ᠡ ᠬᠡᠪᠴᠢᠶ᠎ᠡ ᠠᠯᠤᠰᠯᠠᠭᠰᠠᠨ᠂ ᠠᠵᠢᠯ ᠲᠥᠷᠦᠯ ᠠᠯᠤᠰᠯᠠᠭᠰᠠᠨ᠂ ᠱᠢᠰᠲᠧᠮ ᠠᠯᠤᠰᠯᠠᠭᠰᠠᠨ ᠠᠵᠢᠯ᠎ᠳᠤ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠨᠢᠭᠡᠳᠦᠯᠲᠡᠢ ᠲᠥᠯᠦᠪᠵᠢᠭᠦᠯᠦᠨ ᠠᠬᠢᠭᠤᠯᠬᠤ ᠬᠡᠷᠡᠭᠲᠡᠢ ᠴᠢᠬᠤᠯᠠ ᠶᠡᠬᠡ ᠤᠴᠢᠷ ᠶᠠᠪᠤᠳᠠᠯ;
  (ᠶᠢᠰᠦ) ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠢᠴᠢᠭ ᠮᠠᠲᠧᠷᠢᠶᠠᠯ᠂ ᠬᠤᠷᠠᠯ᠎ᠤᠨ ᠵᠣᠷᠢᠭ ᠰᠠᠨᠠᠭ᠎ᠠ᠎ᠶᠢ ᠳᠠᠮᠵᠢᠭᠤᠯᠬᠤ᠎ᠳᠤ ᠮᠡᠳᠡᠵᠦ ᠣᠢᠯᠠᠭᠠᠬᠤ ᠬᠡᠪᠴᠢᠶ᠎ᠡ᠎ᠶᠢ᠎ᠨᠢ ᠲᠣᠬᠢᠷᠠᠭᠤᠯᠬᠤ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ ᠨᠥᠬᠦᠳ᠎ᠦᠨ ᠢᠯᠡ ᠨᠡᠢᠲᠡᠯᠡᠭᠡᠳᠦᠢ ᠶᠠᠷᠢᠶ᠎ᠠ᠂ ᠳᠠᠭᠤ ᠳᠦᠷᠰᠦ᠎ᠶᠢᠨ ᠮᠠᠲᠧᠷᠢᠶᠠᠯ᠎ᠢ ᠬᠡᠷᠡᠭᠯᠡᠬᠦ ᠵᠡᠷᠭᠡ;
  (ᠠᠷᠪᠠ) ᠪᠤᠰᠤᠳ ᠵᠢᠭᠠᠪᠤᠷᠢ ᠠᠪᠤᠪᠠᠯ ᠵᠣᠬᠢᠬᠤ ᠴᠢᠬᠤᠯᠠ ᠶᠡᠬᠡ ᠤᠴᠢᠷ ᠶᠠᠪᠤᠳᠠᠯ᠃
  ᠳᠣᠣᠷᠠᠬᠢ ᠤᠴᠢᠷ ᠶᠠᠪᠤᠳᠠᠯ᠎ᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠬᠤ ᠴᠢᠬᠤᠯᠠ᠎ᠦᠭᠡᠢ᠄ ᠲᠤᠰ ᠪᠡᠶ᠎ᠡ᠎ᠶᠢᠨ ᠡᠷᠬᠡ ᠲᠤᠱᠢᠶᠠᠯ᠎ᠤᠨ ᠬᠡᠪᠴᠢᠶᠡᠨ᠎ᠳᠡᠬᠢ ᠡᠳᠦᠷ ᠲᠤᠲᠤᠮ᠎ᠤᠨ ᠠᠵᠢᠯ; ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠣᠯᠪᠤᠭᠳᠠᠯ ᠪᠦᠬᠦᠢ ᠠᠰᠠᠭᠤᠳᠠᠯ᠎ᠤᠨ ᠲᠤᠬᠠᠢ ᠨᠢᠭᠡᠨᠲᠡ ᠲᠣᠳᠤᠷᠬᠠᠢ ᠴᠣᠬᠤᠯᠠᠪᠤᠷᠢᠯᠠᠵᠤ ᠬᠠᠷᠢᠭᠤᠯᠤᠭᠰᠠᠨ; ᠤᠴᠢᠷ ᠶᠠᠪᠤᠳᠠᠯ᠎ᠤᠨ ᠳᠠᠷᠠᠭ᠎ᠠ ᠮᠡᠳᠡᠭᠦᠯᠪᠡᠯ ᠪᠣᠯᠴᠢᠬᠠᠬᠤ ᠤᠴᠢᠷ ᠶᠠᠪᠤᠳᠠᠯ ᠵᠡᠷᠭᠡ᠃
  ᠠᠷᠪᠠᠨ ᠳᠥᠷᠪᠡᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠳᠣᠣᠷᠠᠬᠢ ᠵᠦᠢᠯᠡᠰ᠎ᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠬᠦ ᠬᠡᠷᠡᠭᠲᠡᠢ᠄
  (ᠨᠢᠭᠡ) ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠵᠤ᠂《ᠲᠠᠪᠤ᠎ᠶᠢ ᠨᠢᠭᠡ ᠴᠣᠭᠴᠠᠵᠢᠭᠤᠯᠬᠤ》ᠶᠡᠷᠦᠩᠬᠡᠢ ᠪᠠᠢᠷᠢᠱᠢᠭᠤᠯᠤᠯᠲᠠ᠎ᠶᠢ ᠨᠢᠭᠡᠳᠦᠯᠲᠡᠢ ᠲᠥᠯᠦᠪᠵᠢᠭᠦᠯᠦᠨ ᠠᠬᠢᠭᠤᠯᠬᠤ ᠪᠠ 《ᠳᠥᠷᠪᠡᠨ ᠪᠦᠬᠦ ᠲᠠᠯ᠎ᠠ》᠎ᠶᠢᠨ ᠪᠠᠢᠯᠳᠤᠬᠤ ᠪᠣᠳᠤᠯᠭ᠎ᠠ᠎ᠶᠢᠨ ᠪᠠᠢᠷᠢᠱᠢᠭᠤᠯᠤᠯᠲᠠ᠎ᠶᠢ ᠵᠣᠬᠢᠴᠠᠭᠤᠯᠤᠨ ᠠᠬᠢᠭᠤᠯᠬᠤ ᠴᠢᠬᠤᠯᠠ ᠪᠠᠢᠳᠠᠯ;
  (ᠬᠣᠶᠠᠷ) ᠨᠠᠮ᠎ᠤᠨ ᠲᠥᠪ ᠬᠣᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠢᠬᠤᠯᠠ ᠬᠤᠷᠠᠯ᠂ ᠴᠢᠬᠤᠯᠠ ᠪᠢᠴᠢᠭ ᠮᠠᠲᠧᠷᠢᠶᠠᠯ᠂ ᠴᠢᠬᠤᠯᠠ ᠶᠡᠬᠡ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠤᠭᠰᠠᠨ ᠪᠠᠢᠳᠠᠯ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠣᠬᠤᠯᠠᠪᠤᠷᠢ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠤᠭᠰᠠᠨ ᠪᠠᠢᠳᠠᠯ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ ᠨᠥᠬᠦᠳ᠎ᠡᠴᠡ ᠲᠤᠱᠢᠶᠠᠨ ᠬᠢᠯᠭᠡᠭᠰᠡᠨ ᠵᠦᠢᠯᠡᠰ᠎ᠢ ᠰᠤᠳᠤᠯᠤᠨ ᠭᠦᠢᠴᠡᠳᠭᠡᠭᠰᠡᠨ ᠪᠠᠢᠳᠠᠯ;
  (ᠭᠤᠷᠪᠠ) ᠨᠠᠮ᠎ᠤᠨ ᠪᠠᠢᠭᠤᠯᠤᠯᠲᠠ᠎ᠶᠢ ᠴᠢᠩᠭᠠᠳᠭᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ᠎ᠶᠢ ᠭᠦᠢᠴᠡᠳᠭᠡᠭᠰᠡᠨ ᠪᠠᠢᠳᠠᠯ᠂ ᠡᠭᠦᠨ᠎ᠳ᠋ᠦ᠍ ᠲᠥᠪᠯᠡᠷᠡᠭᠦᠯᠦᠨ ᠰᠤᠷᠤᠯᠴᠠᠭᠤᠯᠬᠤ ᠬᠥᠮᠦᠵᠢᠯ᠎ᠦᠨ ᠠᠵᠢᠯᠯᠠᠭ᠎ᠠ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠢᠷᠢᠯᠠᠭᠤᠯᠤᠯᠲᠠ ᠵᠢᠴᠢ ᠬᠠᠷᠢᠶᠠᠯᠠᠭᠳᠠᠬᠤ ᠬᠠᠷᠢᠴᠠᠭ᠎ᠠ᠎ᠶᠢ ᠲᠣᠬᠢᠷᠠᠭᠤᠯᠬᠤ᠂ ᠠᠷᠠᠳᠴᠢᠯᠠᠯ ᠤ᠋ᠨ ᠠᠮᠢᠳᠤᠷᠠᠯ᠎ᠤᠨ ᠬᠤᠷᠠᠯ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ ᠰᠠᠨᠠᠭ᠎ᠠ᠎ᠶᠢ ᠨᠠᠢᠳᠠᠪᠤᠷᠢᠵᠢᠭᠤᠯᠬᠤ᠂ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠲᠡᠢ ᠱᠢᠭᠤᠳ ᠬᠠᠷᠢᠯᠴᠠᠬᠤ᠂ ᠲᠣᠭᠤᠷᠢᠨ ᠪᠠᠢᠴᠠᠭᠠᠵᠤ ᠴᠠᠭᠳᠠᠨ ᠪᠠᠢᠴᠠᠭᠠᠭᠰᠠᠨ ᠠᠵᠢᠯ᠎ᠢ ᠴᠡᠭᠴᠡᠯᠡᠨ ᠰᠠᠢᠵᠢᠷᠠᠭᠤᠯᠬᠤ᠂ ᠬᠠᠤᠯᠢ ᠴᠠᠭᠠᠵᠠ ᠰᠠᠬᠢᠯᠭ᠎ᠠ ᠪᠠᠲᠤ᠎ᠶᠢ ᠵᠥᠷᠢᠴᠡᠭᠰᠡᠨ ᠬᠦᠨᠳᠦ ᠶᠡᠬᠡ ᠠᠰᠠᠭᠤᠳᠠᠯ᠎ᠢ ᠢᠯᠡᠷᠡᠭᠦᠯᠬᠦ ᠵᠡᠷᠭᠡ ᠪᠠᠢᠳᠠᠯ ᠪᠠᠭᠲᠠᠨ᠎ᠠ;
  (ᠳᠥᠷᠪᠡ) ᠪᠦᠬᠦ ᠲᠠᠯ᠎ᠠ᠎ᠶᠢᠨ ᠠᠵᠢᠯ᠎ᠤᠨ ᠳ᠋ᠦᠩᠨᠡᠯᠲᠡ ᠪᠠ ᠲᠥᠯᠦᠪᠯᠡᠭᠡ;
  (ᠲᠠᠪᠤ) ᠴᠢᠬᠤᠯᠠ ᠶᠡᠬᠡ ᠲᠤᠰᠭᠠᠢ ᠲᠥᠷᠦᠯ᠎ᠦᠨ ᠠᠵᠢᠯ᠎ᠢ ᠥᠷᠨᠢᠭᠦᠯᠦᠭᠰᠡᠨ ᠪᠠᠢᠳᠠᠯ;
  (ᠵᠢᠷᠭᠤᠭ᠎ᠠ) ᠬᠦᠨᠳᠦ ᠶᠡᠬᠡ ᠰᠡᠷᠭᠡᠭ ᠤᠴᠢᠷ ᠶᠠᠪᠤᠳᠠᠯ᠂ ᠭᠡᠨᠡᠳᠲᠡ᠎ᠶᠢᠨ ᠤᠴᠢᠷ ᠶᠠᠪᠤᠳᠠᠯ ᠪᠠ ᠣᠯᠠᠭᠤᠯᠠ᠎ᠶᠢᠨ ᠴᠢᠨᠠᠷᠲᠠᠢ ᠤᠴᠢᠷ ᠶᠠᠪᠤᠳᠠᠯ᠎ᠢ ᠠᠷᠭᠠᠴᠠᠭᠠᠵᠤ ᠱᠢᠢᠳᠪᠦᠷᠢᠯᠡᠭᠰᠡᠨ ᠪᠠᠢᠳᠠᠯ;
  (ᠳᠣᠯᠤᠭ᠎ᠠ) ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠠᠪᠤᠴᠠ᠎ᠳᠤ ᠢᠯᠡᠷᠡᠭᠰᠡᠨ ᠴᠢᠬᠤᠯᠠ ᠪᠠᠢᠳᠠᠯ ᠪᠠ ᠴᠢᠬᠤᠯᠠ ᠶᠡᠬᠡ ᠶᠠᠷᠢᠶ᠎ᠠ ᠬᠡᠯᠡᠯᠴᠡᠭᠡᠨ᠎ᠦ ᠪᠠᠢᠳᠠᠯ;
  (ᠨᠠᠢ᠍ᠮᠠ) ᠲᠤᠰ ᠭᠠᠵᠠᠷ ᠣᠷᠤᠨ᠂ ᠲᠤᠰ ᠰᠠᠯᠠᠭ᠎ᠠ ᠮᠥᠴᠢᠷ᠂ ᠲᠤᠰ ᠪᠠᠢᠭᠤᠯᠭ᠎ᠠ ᠨᠢᠭᠡᠴᠢ᠎ᠶᠢᠨ ᠠᠵᠢᠯ᠎ᠳᠠᠬᠢ ᠨᠡᠩ ᠶᠡᠬᠡ ᠬᠡᠪᠴᠢᠶᠡᠨ ᠳ᠋ᠦ᠍ ᠳᠡᠯᠭᠡᠷᠡᠭᠦᠯᠬᠦ ᠦᠨ᠎ᠡ ᠥᠷᠲᠡᠭ᠎ᠲᠡᠢ ᠲᠤᠷᠱᠢᠯᠭ᠎ᠠ ᠬᠢᠳᠡᠯ ᠪᠠ ᠰᠠᠨᠠᠯ ᠰᠠᠨᠠᠭᠤᠯᠭ᠎ᠠ;
  (ᠶᠢᠰᠦ) ᠪᠤᠰᠤᠳ ᠮᠡᠳᠡᠭᠦᠯᠪᠡᠯ ᠵᠣᠬᠢᠬᠤ ᠴᠢᠬᠤᠯᠠ ᠶᠡᠬᠡ ᠤᠴᠢᠷ ᠶᠠᠪᠤᠳᠠᠯ᠃
  ᠳᠣᠣᠷᠠᠬᠢ ᠵᠦᠢᠯᠡᠰ᠎ᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠬᠦ ᠴᠢᠬᠤᠯᠠ᠎ᠦᠭᠡᠢ᠄ ᠪᠣᠳᠠᠲᠠᠢ ᠠᠵᠢᠯ ᠶᠠᠪᠤᠳᠠᠯ᠎ᠤᠨ ᠴᠢᠨᠠᠷᠲᠠᠢ ᠠᠵᠢᠯ; ᠪᠣᠳᠠᠲᠠᠢ ᠠᠭᠤᠯᠭ᠎ᠠ᠎ᠦᠭᠡᠢ ᠣᠪᠤᠷ᠎ᠢᠶᠠᠨ ᠢᠯᠡᠳᠭᠡᠭᠰᠡᠨ ᠪᠠ ᠪᠠᠢᠳᠠᠯ᠎ᠢ ᠲᠤᠰᠭᠠᠭᠰᠠᠨ ᠵᠡᠷᠭᠡ᠃
  ᠠᠷᠪᠠᠨ ᠲᠠᠪᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠬᠣᠯᠪᠤᠭᠳᠠᠯ ᠪᠦᠬᠦᠢ ᠲᠣᠭᠲᠠᠭᠠᠯ᠎ᠢ ᠦᠨᠳᠦᠰᠦᠯᠡᠨ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠳᠣᠣᠷᠠᠬᠢ ᠤᠴᠢᠷ ᠶᠠᠪᠤᠳᠠᠯ᠎ᠢ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠄
  (ᠨᠢᠭᠡ) ᠨᠠᠮ᠎ᠤᠨ ᠳᠣᠲᠤᠭᠠᠳᠤ᠎ᠶᠢᠨ ᠬᠠᠤᠯᠢ ᠳᠦᠷᠢᠮ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲᠧᠷᠢᠶᠠᠯ;
  (ᠬᠣᠶᠠᠷ) ᠤᠳᠤᠷᠢᠳᠬᠤ ᠪᠠᠭ᠎ᠤᠨ ᠪᠦᠷᠢᠯᠳᠦᠬᠦᠨ᠎ᠦ ᠠᠵᠢᠯ᠎ᠤᠨ ᠬᠤᠪᠢᠶᠠᠷᠢᠯᠠᠯ;
  (ᠭᠤᠷᠪᠠ) ᠬᠣᠯᠪᠤᠭᠳᠠᠯ ᠪᠦᠬᠦᠢ ᠺᠠᠳ᠋ᠷ᠎ᠢ ᠲᠣᠮᠢᠯᠠᠬᠤ ᠪᠠᠭᠤᠯᠭᠠᠬᠤ;
  (ᠳᠥᠷᠪᠡ) ᠨᠠᠮ᠎ᠤᠨ ᠬᠣᠷᠢᠶᠠᠨ᠎ᠤ ᠭᠡᠱᠢᠭᠦᠨ᠂ ᠣᠷᠤᠯᠠᠭᠴᠢ ᠭᠡᠱᠢᠭᠦᠨ᠎ᠦ ᠲᠤᠱᠢᠶᠠᠯ᠎ᠠᠴᠠ᠎ᠢᠶᠠᠨ ᠪᠠᠭᠤᠭᠰᠠᠨ᠂ ᠲᠤᠱᠢᠶᠠᠯ᠎ᠠᠴᠠ᠎ᠨᠢ ᠪᠠᠭᠤᠯᠭᠠᠭᠰᠠᠨ ᠪᠤᠶᠤ ᠠᠶᠠᠨᠳᠠᠭᠠᠨ ᠲᠤᠱᠢᠶᠠᠯ᠎ᠢᠶᠠᠨ ᠵᠣᠭᠰᠤᠭᠰᠠᠨ;
  (ᠲᠠᠪᠤ) ᠪᠤᠰᠤᠳ ᠮᠡᠳᠡᠭᠦᠯᠦᠨ ᠳᠠᠩᠰᠠᠯᠠᠭᠤᠯᠪᠠᠯ ᠵᠣᠬᠢᠬᠤ ᠴᠢᠬᠤᠯᠠ ᠶᠡᠬᠡ ᠤᠴᠢᠷ ᠶᠠᠪᠤᠳᠠᠯ᠃
  ᠠᠷᠪᠠᠨ ᠵᠢᠷᠭᠤᠳᠤᠭᠠᠷ ᠵᠦᠢᠯ  ᠲᠥᠪ᠎ᠦᠨ ᠡᠯ᠎ᠡ ᠵᠦᠢᠯ᠎ᠦᠨ ᠱᠢᠢᠳᠪᠦᠷᠢᠲᠦ ᠪᠣᠳᠤᠯᠭ᠎ᠠ ᠲᠣᠭᠲᠠᠭᠠᠬᠤ ᠤᠴᠢᠷ ᠶᠠᠪᠤᠳᠠᠯ ᠵᠥᠪᠯᠡᠬᠦ᠎ᠶᠢ ᠵᠣᠬᠢᠴᠠᠭᠤᠯᠬᠤ ᠪᠠᠢᠭᠤᠯᠤᠮᠵᠢ᠂ ᠲᠥᠪ᠎ᠦᠨ ᠡᠯ᠎ᠡ ᠰᠠᠯᠠᠭ᠎ᠠ ᠮᠥᠴᠢᠷ᠂ ᠲᠥᠪ᠎ᠦᠨ ᠲᠥᠷᠦ᠎ᠶᠢᠨ ᠪᠠᠢᠭᠤᠯᠭ᠎ᠠ᠎ᠶᠢᠨ ᠬᠣᠯᠪᠤᠭᠳᠠᠯ ᠪᠦᠬᠦᠢ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠥᠪᠡᠷ᠎ᠦᠨ ᠠᠵᠢᠯ᠎ᠤᠨ ᠬᠦᠷᠢᠶ᠎ᠡ ᠬᠡᠪᠴᠢᠶ᠎ᠡ᠂ ᠠᠵᠢᠯ ᠲᠥᠷᠦᠯ᠂ ᠱᠢᠰᠲᠧᠮ᠎ᠦᠨ ᠳᠣᠲᠤᠭᠠᠳᠤ᠎ᠳᠣ᠌᠎ᠪᠠᠨ ᠵᠢᠭᠠᠪᠤᠷᠢ ᠠᠪᠴᠤ ᠮᠡᠳᠡᠭᠦᠯᠬᠦ ᠪᠣᠳᠠᠲᠠᠢ ᠤᠴᠢᠷ ᠶᠠᠪᠤᠳᠠᠯ᠎ᠳᠤ ᠲᠣᠳᠤᠷᠬᠠᠢ ᠱᠠᠭᠠᠷᠳᠠᠯᠭ᠎ᠠ ᠳᠤᠷᠠᠳᠴᠤ᠂ ᠠᠵᠢᠯ᠎ᠤᠨ ᠵᠢᠯᠤᠭᠤᠳᠤᠯᠭ᠎ᠠ᠎ᠪᠠᠨ ᠴᠢᠩᠭᠠᠳᠭᠠᠬᠤ ᠬᠡᠷᠡᠭᠲᠡᠢ᠃
  ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠳᠠᠲᠠᠢ ᠪᠠᠢᠳᠠᠯ᠎ᠠᠴᠠ᠎ᠢᠶᠠᠨ ᠡᠭᠦᠰᠴᠦ᠂ ᠳᠣᠣᠷ᠎ᠠ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠴᠤ ᠮᠡᠳᠡᠭᠦᠯᠬᠦ ᠤᠴᠢᠷ ᠶᠠᠪᠤᠳᠠᠯ᠎ᠤᠨ ᠭᠣᠣᠯ ᠰᠡᠳᠦᠪ᠎ᠨᠢ ᠠᠳᠠᠯᠢᠪᠲᠤᠷ᠂ ᠠᠭᠤᠯᠭ᠎ᠠ᠎ᠨᠢ ᠬᠠᠷᠢᠴᠠᠭ᠎ᠠ ᠬᠣᠯᠪᠤᠭ᠎ᠠ᠎ᠲᠠᠢ ᠠᠳᠠᠯᠢ ᠲᠥᠷᠦᠯ᠎ᠦᠨ ᠤᠴᠢᠷ ᠶᠠᠪᠤᠳᠠᠯ᠎ᠢ ᠨᠡᠢᠯᠡᠭᠦᠯᠦᠨ ᠨᠡᠢᠳᠭᠡᠭᠡᠳ ᠱᠠᠭᠠᠷᠳᠠᠯᠭ᠎ᠠ ᠳᠤᠷᠠᠳᠴᠤ᠂ ᠵᠢᠭᠠᠪᠤᠷᠢ ᠠᠪᠴᠤ ᠮᠡᠳᠡᠭᠦᠯᠬᠦ ᠠᠵᠢᠯ᠎ᠢ ᠴᠣᠮᠬᠠᠳᠭᠠᠨ ᠪᠣᠳᠠᠲᠠᠢ᠎ᠶᠢ ᠡᠷᠬᠢᠮᠯᠡᠬᠦ ᠪᠣᠯᠭᠠᠬᠤ ᠬᠡᠷᠡᠭᠲᠡᠢ᠃
  ᠠᠷᠪᠠᠨ ᠳᠣᠯᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠲᠤᠰ ᠳᠦᠷᠢᠮ᠎ᠳ᠋ᠦ᠍ ᠲᠣᠭᠲᠠᠭᠠᠭᠰᠠᠨ ᠵᠢᠭᠠᠪᠤᠷᠢ ᠠᠪᠴᠤ ᠮᠡᠳᠡᠭᠦᠯᠬᠦ ᠳᠦᠷᠢᠮ᠎ᠦᠨ ᠤᠴᠢᠷ ᠶᠠᠪᠤᠳᠠᠯ᠎ᠤᠨ ᠬᠦᠷᠢᠶ᠎ᠡ ᠬᠡᠪᠴᠢᠶ᠎ᠡ ᠪᠣᠯᠤᠨ ᠠᠭᠤᠯᠭ᠎ᠠ᠎ᠶᠢ ᠦᠨᠳᠦᠰᠦᠯᠡᠵᠦ᠂ ᠳᠡᠭᠡᠳᠦ ᠱᠠᠲᠤᠨ᠎ᠤ ᠱᠠᠭᠠᠷᠳᠠᠯᠭ᠎ᠠ ᠪᠣᠯᠤᠨ ᠲᠤᠰ ᠪᠡᠶ᠎ᠡ᠎ᠶᠢᠨ ᠪᠣᠳᠠᠲᠤ ᠪᠠᠢᠳᠠᠯ᠎ᠲᠠᠢ᠎ᠢᠶᠠᠨ ᠤᠶᠠᠯᠳᠤᠭᠤᠯᠵᠤ ᠪᠠᠢᠭᠠᠳ ᠵᠢᠭᠠᠪᠤᠷᠢ ᠠᠪᠴᠤ ᠮᠡᠳᠡᠭᠦᠯᠬᠦ ᠤᠴᠢᠷ ᠶᠠᠪᠤᠳᠠᠯ᠎ᠤᠨ ᠨᠠᠷᠢᠨ ᠳᠠᠩᠰᠠ᠎ᠶᠢ ᠲᠣᠭᠲᠠᠭᠠᠬᠤ ᠬᠡᠷᠡᠭᠲᠡᠢ᠃


    ᠳᠥᠷᠪᠡᠳᠦᠭᠡᠷ ᠪᠦᠯᠦᠭ   ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠴᠤ ᠮᠡᠳᠡᠭᠦᠯᠬᠦ ᠳᠦᠷᠢᠮ᠎ᠦᠨ ᠳᠡᠰ ᠳᠠᠷᠠᠭᠠᠯᠠᠯ


  ᠠᠷᠪᠠᠨ ᠨᠠᠢ᠍ᠮᠠᠳᠤᠭᠠᠷ ᠵᠦᠢᠯ  ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ᠎ᠳ᠋ᠦ᠍ ᠡᠩ᠎ᠦᠨ ᠪᠠᠢᠳᠠᠯ᠎ᠳᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠪᠠᠭ ᠬᠠᠮᠲᠤ᠎ᠪᠠᠷ ᠰᠤᠳᠤᠯᠬᠤ ᠪᠤᠶᠤ ᠳᠠᠮᠵᠢᠭᠤᠯᠤᠨ ᠵᠥᠪᠱᠢᠶᠡᠷᠡᠭᠦᠯᠵᠦ ᠬᠢᠨᠠᠨ ᠲᠣᠭᠲᠠᠭᠠᠯᠭᠠᠵᠤ᠂ ᠭᠣᠣᠯ ᠤᠳᠤᠷᠢᠳᠤᠯᠭ᠎ᠠ ᠭᠠᠷ᠎ᠤᠨ ᠥᠰᠦᠭ ᠵᠢᠷᠤᠵᠤ ᠨᠡᠢᠲᠡᠯᠡᠬᠦ ᠪᠤᠶᠤ ᠲᠣᠭᠲᠠᠭᠠᠬᠤ ᠬᠡᠷᠡᠭᠲᠡᠢ᠃ ᠴᠢᠬᠤᠯᠠ᠎ᠲᠠᠢ ᠦᠶ᠎ᠡ᠎ᠳ᠋ᠦ᠍ ᠤᠷᠢᠳ᠎ᠢᠶᠠᠷ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠤᠪᠢᠲᠠᠨ ᠬᠠᠮᠢᠶᠠᠷᠴᠤ ᠪᠠᠢᠭ᠎ᠠ ᠬᠠᠷᠢᠭᠤᠴᠠᠯᠭᠠᠲᠠᠨ᠎ᠢᠶᠠᠷ ᠵᠥᠪᠱᠢᠶᠡᠷᠡᠭᠦᠯᠬᠦ ᠬᠡᠷᠡᠭᠲᠡᠢ᠃
  ᠬᠣᠶᠠᠷ᠎ᠠᠴᠠ ᠳᠡᠭᠡᠭᠱᠢ ᠨᠠᠮ᠎ᠤᠨ ᠵᠣᠬᠢᠶᠠᠨ ᠪᠠᠢᠭᠤᠯᠤᠯᠲᠠ ᠬᠣᠯᠪᠤᠭᠠᠯᠠᠵᠤ ᠵᠢᠭᠠᠪᠤᠷᠢ ᠠᠪᠴᠤ ᠮᠡᠳᠡᠭᠦᠯᠬᠦ᠎ᠳ᠋ᠦ᠍ ᠬᠦᠷᠪᠡᠯ᠂ ᠵᠥᠪᠳᠡᠯᠴᠡᠵᠦ ᠰᠠᠨᠠᠯ ᠨᠢᠭᠡᠳᠦᠭᠰᠡᠨ᠎ᠦ ᠳᠠᠷᠠᠭ᠎ᠠ ᠳᠡᠭᠡᠭᠱᠢ ᠮᠡᠳᠡᠭᠦᠯᠬᠦ ᠬᠡᠷᠡᠭᠲᠡᠢ᠃ ᠰᠠᠨᠠᠯ ᠨᠢᠭᠡᠳᠴᠦ ᠴᠢᠳᠠᠭᠰᠠᠨ᠎ᠦᠭᠡᠢ ᠪᠠᠢᠪᠠᠯ ᠬᠣᠯᠪᠤᠭᠳᠠᠯ ᠪᠦᠬᠦᠢ ᠪᠠᠢᠳᠠᠯ᠎ᠤᠨ ᠲᠤᠬᠠᠢ ᠲᠣᠳᠤᠷᠬᠠᠢᠯᠠᠯᠲᠠ ᠬᠢᠬᠦ ᠬᠡᠷᠡᠭᠲᠡᠢ᠃
  ᠠᠷᠪᠠ ᠶᠢᠰᠦᠳᠦᠭᠡᠷ ᠵᠦᠢᠯ  ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠬᠤ᠎ᠳᠣ᠌᠎ᠪᠠᠨ ᠡᠷᠬᠡᠪᠱᠢ ᠤᠷᠢᠳᠴᠢᠯᠠᠨ ᠵᠢᠭᠠᠪᠤᠷᠢ ᠠᠪᠴᠤ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠰᠤᠳᠤᠯᠤᠨ ᠮᠠᠭᠠᠳᠯᠠᠵᠤ ᠱᠢᠢᠳᠪᠦᠷᠢᠲᠦ ᠪᠣᠳᠤᠯᠭ᠎ᠠ ᠲᠣᠭᠲᠠᠭᠠᠬᠤ ᠭᠦᠢᠴᠡᠳ ᠴᠠᠭ ᠥᠭᠬᠦ ᠬᠡᠷᠡᠭᠲᠡᠢ᠃ ᠪᠠᠢᠳᠠᠯ ᠪᠠᠴᠢᠮ ᠪᠣᠯᠵᠤ ᠵᠢᠭᠠᠪᠤᠷᠢ ᠠᠪᠴᠤ ᠠᠮᠵᠢᠬᠤ᠎ᠦᠭᠡᠢ ᠡᠷᠬᠡᠪᠱᠢ ᠪᠠᠷᠢᠨ ᠱᠢᠢᠳᠪᠦᠷᠢᠯᠡᠬᠦ ᠴᠢᠬᠤᠯᠠᠲᠠᠢ ᠤᠴᠢᠷ ᠶᠠᠪᠤᠳᠠᠯ᠎ᠳᠤ ᠲᠣᠬᠢᠶᠠᠯᠳᠤᠪᠠᠯ᠂ ᠲᠣᠭᠲᠠᠭᠠᠯ ᠶᠣᠰᠤᠭᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠂ ᠳᠠᠷᠠᠭᠠᠴᠢ᠎ᠪᠠᠷ ᠵᠢᠭᠠᠪᠤᠷᠢ ᠠᠪᠴᠤ ᠮᠡᠳᠡᠭᠦᠯᠬᠦ ᠠᠵᠢᠯ᠎ᠢ ᠴᠠᠭ ᠲᠤᠬᠠᠢ᠎ᠳ᠋ᠤᠨᠢ ᠭᠦᠢᠴᠡᠳᠭᠡᠬᠦ ᠬᠡᠷᠡᠭᠲᠡᠢ᠃
  ᠲᠣᠭᠲᠠᠭᠰᠠᠨ ᠬᠤᠭᠤᠴᠠᠭ᠎ᠠ᠎ᠲᠠᠢ ᠮᠡᠳᠡᠭᠦᠯᠬᠦ ᠤᠴᠢᠷ ᠶᠠᠪᠤᠳᠠᠯ᠎ᠢ ᠲᠣᠭᠲᠠᠭᠰᠠᠨ ᠴᠠᠭ᠎ᠲᠤᠨᠢ ᠭᠦᠢᠴᠡᠳᠭᠡᠬᠦ ᠬᠡᠷᠡᠭᠲᠡᠢ᠃ ᠲᠤᠰᠭᠠᠢ ᠰᠡᠳᠦᠪ᠎ᠢᠶᠡᠷ ᠮᠡᠳᠡᠭᠦᠯᠬᠦ ᠤᠴᠢᠷ ᠶᠠᠪᠤᠳᠠᠯ᠎ᠢ ᠠᠵᠢᠯ᠎ᠤᠨ ᠠᠬᠢᠴᠠ᠎ᠶᠢᠨ ᠪᠠᠢᠳᠠᠯ᠎ᠢ ᠦᠨᠳᠦᠰᠦᠯᠡᠨ ᠵᠣᠬᠢᠰᠲᠠᠢ ᠴᠠᠭ᠎ᠲᠤᠨᠢ ᠭᠦᠢᠴᠡᠳᠭᠡᠬᠦ ᠬᠡᠷᠡᠭᠲᠡᠢ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠢᠬᠤᠯᠠ ᠬᠤᠷᠠᠯ ᠪᠣᠯᠤᠨ ᠪᠢᠴᠢᠭ ᠮᠠᠲᠧᠷᠢᠶᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠤᠭᠰᠠᠨ ᠪᠠᠢᠳᠠᠯ᠎ᠢ ᠲᠤᠰᠭᠠᠢ ᠰᠡᠳᠦᠪ᠎ᠢᠶᠡᠷ ᠮᠡᠳᠡᠭᠦᠯᠬᠦ᠎ᠳ᠋ᠦ᠍ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠭᠰᠠᠨ ᠪᠠᠢᠳᠠᠯ᠎ᠢ ᠲᠤᠰᠭᠠᠬᠤ᠎ᠶᠢ ᠴᠢᠬᠤᠯᠠᠴᠢᠯᠠᠬᠤ ᠬᠡᠷᠡᠭᠲᠡᠢ᠂ ᠲᠦᠷᠭᠡᠨ ᠮᠡᠳᠡᠭᠦᠯᠬᠦ᠎ᠶᠢ᠎ᠯᠡ ᠬᠥᠭᠡᠭᠡᠴᠡᠯᠳᠦᠵᠦ ᠪᠣᠯᠬᠤ᠎ᠦᠭᠡᠢ᠃ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠤᠱᠢᠶᠠᠵᠤ ᠭᠦᠢᠴᠡᠳᠭᠡᠯᠬᠡᠭᠰᠡᠨ ᠴᠢᠬᠤᠯᠠ ᠶᠡᠬᠡ ᠤᠴᠢᠷ ᠶᠠᠪᠤᠳᠠᠯ᠎ᠢ ᠴᠠᠭ᠎ᠤᠨ ᠬᠢᠵᠠᠭᠠᠷ ᠶᠣᠰᠤᠭᠠᠷ ᠮᠡᠳᠡᠭᠦᠯᠬᠦ ᠬᠡᠷᠡᠭᠲᠡᠢ᠃ ᠭᠡᠨᠡᠳᠲᠡ᠎ᠶᠢᠨ ᠴᠢᠨᠠᠷᠲᠠᠢ ᠴᠢᠬᠤᠯᠠ ᠶᠡᠬᠡ ᠤᠴᠢᠷ ᠶᠠᠪᠤᠳᠠᠯ᠎ᠢ ᠴᠠᠭ ᠲᠤᠬᠠᠢ᠎ᠳ᠋ᠤᠨᠢ ᠮᠡᠳᠡᠭᠦᠯᠬᠦ ᠪᠥᠭᠡᠳ ᠤᠴᠢᠷ ᠶᠠᠪᠤᠳᠠᠯ᠎ᠤᠨ ᠬᠥᠭᠵᠢᠯᠲᠡ ᠱᠢᠢᠳᠪᠦᠷᠢᠯᠡᠭᠰᠡᠨ ᠪᠠᠢᠳᠠᠯ᠎ᠢ ᠦᠨᠳᠦᠰᠦᠯᠡᠨ ᠳᠠᠷᠠᠭᠠᠴᠢ᠎ᠪᠠᠷ ᠮᠡᠳᠡᠭᠦᠯᠬᠦ ᠠᠵᠢᠯ᠎ᠢ ᠰᠠᠢᠲᠤᠷ ᠬᠢᠬᠦ ᠬᠡᠷᠡᠭᠲᠡᠢ᠃
  ᠬᠣᠷᠢᠳᠤᠭᠠᠷ ᠵᠦᠢᠯ  ᠵᠢᠭᠠᠪᠤᠷᠢ ᠠᠪᠬᠤ᠎ᠳᠠᠭᠠᠨ ᠭᠤᠶᠤᠴᠢᠯᠠᠬᠤ ᠤᠴᠢᠷ ᠶᠠᠪᠤᠳᠠᠯ ᠵᠢᠴᠢ ᠬᠣᠯᠪᠤᠭᠳᠠᠯ ᠪᠦᠬᠦᠢ ᠤᠴᠢᠷ ᠱᠢᠯᠲᠠᠭᠠᠨ᠎ᠢ ᠲᠣᠳᠤᠷᠬᠠᠢᠯᠠᠬᠤ ᠬᠡᠷᠡᠭᠲᠡᠢ᠃ ᠵᠢᠭᠠᠪᠤᠷᠢ ᠠᠪᠬᠤ ᠤᠴᠢᠷ ᠶᠠᠪᠤᠳᠠᠯ᠎ᠢ ᠳᠡᠭᠡᠭᠱᠢ ᠮᠡᠳᠡᠭᠦᠯᠬᠦ᠎ᠳᠣ᠌᠎ᠪᠠᠨ ᠨᠢᠭᠡ ᠤᠴᠢᠷ ᠶᠠᠪᠤᠳᠠᠯ᠎ᠳᠤ ᠨᠢᠭᠡ ᠪᠢᠴᠢᠭ ᠮᠠᠲᠧᠷᠢᠶᠠᠯ ᠪᠢᠴᠢᠬᠦ ᠬᠡᠷᠡᠭᠲᠡᠢ᠂ ᠮᠡᠳᠡᠭᠦᠯᠬᠦ ᠵᠡᠷᠭᠡ ᠵᠢᠭᠠᠪᠤᠷᠢ ᠠᠪᠬᠤ ᠪᠤᠰᠤ ᠴᠢᠨᠠᠷᠲᠠᠢ ᠪᠢᠴᠢᠭ ᠮᠠᠲᠧᠷᠢᠶᠠᠯ᠎ᠳᠤ ᠵᠢᠭᠠᠪᠤᠷᠢ ᠠᠪᠬᠤ ᠤᠴᠢᠷ ᠶᠠᠪᠤᠳᠠᠯ᠎ᠢ ᠳᠠᠭᠠᠯᠳᠤᠭᠤᠯᠵᠤ ᠪᠣᠯᠬᠤ᠎ᠦᠭᠡᠢ᠃
  ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠬᠤ ᠴᠢᠬᠤᠯᠠ ᠶᠡᠬᠡ ᠤᠴᠢᠷ ᠶᠠᠪᠤᠳᠠᠯ᠎ᠢ ᠬᠦᠯᠢᠶᠡᠨ ᠠᠪᠤᠭᠰᠠᠨ ᠨᠠᠮ᠎ᠤᠨ ᠵᠣᠬᠢᠶᠠᠨ ᠪᠠᠢᠭᠤᠯᠤᠯᠲᠠ ᠲᠡᠭᠦᠨ᠎ᠦ ᠨᠡᠷ᠎ᠡ᠎ᠪᠡᠷ᠎ᠨᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠬᠤ ᠴᠢᠬᠤᠯᠠᠲᠠᠢ ᠪᠠᠢᠪᠠᠯ᠂ ᠨᠠᠷᠢᠨ ᠬᠢᠨᠠᠮᠠᠭᠠᠢ ᠰᠤᠳᠤᠯᠬᠤ ᠪᠥᠭᠡᠳ ᠬᠠᠷᠢᠭᠤᠴᠠᠯᠭ᠎ᠠ᠎ᠲᠠᠢ᠎ᠪᠠᠷ ᠱᠢᠢᠳᠪᠦᠷᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ᠂ ᠤᠤᠯ ᠪᠢᠴᠢᠭ ᠮᠠᠲᠧᠷᠢᠶᠠᠯ᠎ᠢ ᠲᠡᠷᠡ ᠬᠡᠪ᠎ᠢᠶᠡᠷ᠎ᠨᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠳᠠᠮᠵᠢᠭᠤᠯᠵᠤ ᠵᠢᠭᠠᠪᠤᠷᠢ ᠠᠪᠴᠤ ᠪᠣᠯᠬᠤ᠎ᠦᠭᠡᠢ᠃
  ᠬᠣᠷᠢᠨ ᠨᠢᠭᠡᠳᠦᠭᠡᠷ ᠵᠦᠢᠯ  ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠢᠭᠠᠪᠤᠷᠢ ᠠᠪᠬᠤ ᠭᠤᠶᠤᠴᠢᠯᠠᠯ᠎ᠢ ᠬᠦᠯᠢᠶᠡᠨ ᠠᠪᠤᠭᠰᠠᠨ᠎ᠤ ᠳᠠᠷᠠᠭ᠎ᠠ᠂ ᠡᠩ᠎ᠦᠨ ᠪᠠᠢᠳᠠᠯ᠎ᠳᠤ ᠶᠡᠷᠦᠩᠬᠡᠢ ᠰᠠᠯᠠᠭ᠎ᠠ ᠮᠥᠴᠢᠷ᠎ᠡᠴᠡ ᠱᠢᠢᠳᠪᠦᠷᠢᠯᠡᠬᠦ ᠰᠠᠨᠠᠯ ᠳᠤᠷᠠᠳᠴᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ᠎ᠳᠤ ᠳᠡᠪᠱᠢᠭᠦᠯᠵᠦ ᠲᠣᠭᠲᠠᠭᠠᠯ ᠶᠣᠰᠤᠭᠠᠷ ᠵᠥᠪᠱᠢᠶᠡᠷᠡᠭᠦᠯᠦᠨ ᠭᠦᠢᠴᠡᠳᠭᠡᠨ᠎ᠡ᠃
  ᠨᠠᠮ ᠵᠠᠰᠠᠭ᠎ᠤᠨ ᠪᠠᠢᠭᠤᠯᠭ᠎ᠠ ᠬᠣᠯᠪᠤᠭᠠᠯᠠᠵᠤ ᠵᠢᠭᠠᠪᠤᠷᠢ ᠠᠪᠬᠤ᠎ᠪᠠᠷ ᠳᠤᠷᠠᠳᠤᠭᠰᠠᠨ ᠪᠠᠢᠪᠠᠯ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠦᠷᠦᠭᠦᠯᠡᠨ ᠭᠦᠢᠴᠡᠳᠭᠡᠨ᠎ᠡ᠃
  ᠬᠣᠷᠢᠨ ᠬᠣᠶᠠᠳᠤᠭᠠᠷ ᠵᠦᠢᠯ  ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠬᠦᠯᠢᠶᠡᠨ ᠠᠪᠤᠭᠰᠠᠨ ᠵᠢᠭᠠᠪᠤᠷᠢ ᠠᠪᠬᠤ ᠪᠠᠴᠢᠮ ᠤᠴᠢᠷ ᠶᠠᠪᠤᠳᠠᠯ᠎ᠢ ᠳᠠᠷᠤᠢ ᠲᠦᠷᠭᠡᠨ ᠱᠢᠢᠳᠪᠦᠷᠢᠯᠡᠵᠦ ᠥᠭᠬᠦ ᠬᠡᠷᠡᠭᠲᠡᠢ᠃ ᠱᠢᠢᠳᠪᠦᠷᠢᠯᠡᠬᠦ ᠴᠠᠭ ᠬᠤᠭᠤᠴᠠᠭᠠᠨ᠎ᠤ ᠲᠣᠳᠤᠷᠬᠠᠢ ᠱᠠᠭᠠᠷᠳᠠᠯᠭ᠎ᠠ ᠪᠠᠢᠪᠠᠯ ᠲᠣᠭᠲᠠᠭᠰᠠᠨ ᠴᠠᠭ ᠬᠤᠭᠤᠴᠠᠭᠠᠨ ᠳᠣᠲᠤᠷ᠎ᠠ᠎ᠨᠢ ᠱᠢᠢᠳᠪᠦᠷᠢᠯᠡᠬᠦ ᠬᠡᠷᠡᠭᠲᠡᠢ᠂ ᠨᠡᠭᠡᠷᠡᠨ ᠣᠨᠴᠠᠭᠠᠢ ᠪᠠᠢᠳᠠᠯ᠎ᠲᠠᠢ ᠪᠣᠯᠤᠭᠠᠳ ᠲᠣᠭᠲᠠᠭᠰᠠᠨ ᠴᠠᠭ ᠬᠤᠭᠤᠴᠠᠭᠠᠨ ᠳᠣᠲᠤᠷ᠎ᠠ ᠱᠢᠢᠳᠪᠦᠷᠢᠯᠡᠵᠦ ᠳᠡᠢᠯᠬᠦ᠎ᠦᠭᠡᠢ ᠪᠠᠢᠪᠠᠯ ᠰᠠᠨᠠᠭᠠᠴᠢᠯᠠᠭ᠎ᠠ᠎ᠠᠴᠠ᠎ᠪᠠᠨ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠪᠠᠢᠳᠠᠯ᠎ᠢ ᠲᠣᠳᠤᠷᠬᠠᠢᠯᠠᠵᠤ ᠥᠭᠬᠦ ᠬᠡᠷᠡᠭᠲᠡᠢ᠃
  ᠬᠣᠷᠢᠨ ᠭᠤᠷᠪᠠᠳᠤᠭᠠᠷ ᠵᠦᠢᠯ  ᠵᠢᠭᠠᠪᠤᠷᠢ ᠠᠪᠤᠭᠰᠠᠨ ᠤᠴᠢᠷ ᠶᠠᠪᠤᠳᠠᠯ᠎ᠳᠤ ᠬᠠᠷᠢᠭᠤᠯᠲᠠ ᠥᠭᠬᠦ᠎ᠳ᠋ᠦ᠍ ᠡᠩ᠎ᠦᠨ ᠪᠠᠢᠳᠠᠯ᠎ᠳᠤ ᠬᠡᠨ᠎ᠡᠴᠡ ᠵᠢᠭᠠᠪᠤᠷᠢ ᠠᠪᠤᠭᠰᠠᠨ ᠪᠣᠯ ᠬᠡᠨ ᠬᠠᠷᠢᠭᠤᠯᠲᠠ ᠥᠭᠬᠦ ᠬᠡᠷᠡᠭᠲᠡᠢ᠂ ᠣᠨᠴᠠᠭᠠᠢ ᠪᠠᠢᠳᠠᠯ᠎ᠳᠤ ᠵᠢᠭᠠᠪᠤᠷᠢ ᠠᠪᠬᠤ ᠤᠴᠢᠷ ᠶᠠᠪᠤᠳᠠᠯ᠎ᠢ ᠬᠦᠯᠢᠶᠡᠨ ᠠᠪᠤᠭᠰᠠᠨ ᠨᠠᠮ᠎ᠤᠨ ᠵᠣᠬᠢᠶᠠᠨ ᠪᠠᠢᠭᠤᠯᠤᠯᠲᠠ᠎ᠨᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠣᠯᠪᠤᠭᠳᠠᠯ ᠪᠦᠬᠦᠢ ᠰᠠᠯᠠᠭ᠎ᠠ ᠮᠥᠴᠢᠷ᠎ᠲᠦ᠍ ᠡᠷᠬᠡ ᠣᠯᠭᠤᠵᠤ ᠣᠷᠤᠯᠠᠨ ᠬᠠᠷᠢᠭᠤᠯᠲᠠ ᠥᠭᠭᠦᠭᠦᠯᠵᠦ ᠪᠣᠯᠤᠨ᠎ᠠ᠃
  ᠬᠣᠷᠢᠨ ᠳᠥᠷᠪᠡᠳᠦᠭᠡᠷ ᠵᠦᠢᠯ  ᠮᠡᠳᠡᠭᠦᠯᠦᠯᠲᠡ᠎ᠨᠢ ᠪᠣᠳᠠᠲᠠᠢ ᠠᠭᠤᠯᠭ᠎ᠠ ᠪᠣᠯᠤᠨ ᠯᠠᠪᠯᠠᠯᠲᠠ ᠪᠣᠯᠭᠠᠬᠤ ᠦᠨ᠎ᠡ ᠥᠷᠲᠡᠭ᠎ᠢ ᠪᠦᠷᠢᠯᠳᠦᠭᠦᠯᠬᠦ ᠬᠡᠷᠡᠭᠲᠡᠢ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠢᠳᠠᠯ᠎ᠢ ᠣᠢᠯᠠᠭᠠᠬᠤ᠂ ᠱᠢᠨᠵᠢᠯᠡᠬᠦ ᠤᠬᠠᠭᠠᠨᠴᠢ᠎ᠪᠠᠷ ᠱᠢᠢᠳᠪᠦᠷᠢᠲᠦ ᠪᠣᠳᠤᠯᠭ᠎ᠠ ᠲᠣᠭᠲᠠᠭᠠᠬᠤ᠎ᠳᠤ ᠠᠱᠢᠭᠲᠠᠢ ᠪᠠᠢᠵᠤ᠂ ᠶᠠᠮᠠᠷ᠎ᠴᠤ ᠪᠣᠳᠠᠲᠤ ᠠᠭᠤᠯᠭ᠎ᠠ᠎ᠦᠭᠡᠢ᠂ ᠭᠠᠪᠢᠶ᠎ᠠ ᠲᠣᠭᠠᠴᠠᠬᠤ᠂ ᠬᠡᠯᠪᠡᠷᠢᠴᠢ ᠦᠵᠡᠯ ᠭᠠᠷᠭᠠᠬᠤ᠎ᠶᠢ ᠡᠷᠡᠰ ᠰᠡᠷᠭᠡᠢᠯᠡᠬᠦ ᠬᠡᠷᠡᠭᠲᠡᠢ᠃ ᠮᠡᠳᠡᠭᠦᠯᠦᠯᠲᠡ᠎ᠨᠢ ᠲᠣᠪᠴᠢ ᠠᠪᠰᠠᠷᠬᠠᠨ᠂ ᠵᠣᠬᠢᠶᠠᠯ᠎ᠤᠨ ᠰᠤᠷᠲᠠᠯ ᠪᠣᠷᠤᠭᠵᠢᠭᠤᠨ ᠪᠠᠢᠬᠤ ᠬᠡᠷᠡᠭᠲᠡᠢ᠂ ᠨᠠᠮ᠎ᠤᠨ ᠲᠥᠪ ᠬᠣᠷᠢᠶᠠᠨ᠎ᠳᠤ ᠮᠡᠳᠡᠭᠦᠯᠬᠦ ᠶᠡᠷᠦᠩᠬᠡᠢ ᠮᠡᠳᠡᠭᠦᠯᠦᠯᠲᠡ᠎ᠨᠢ ᠡᠩ᠎ᠦᠨ ᠪᠠᠢᠳᠠᠯ᠎ᠳᠤ 5000 ᠥᠰᠦᠭ᠎ᠡᠴᠡ ᠳᠠᠪᠠᠵᠤ ᠪᠣᠯᠬᠤ᠎ᠦᠭᠡᠢ᠂ ᠲᠤᠰᠭᠠᠢ ᠵᠦᠢᠯ᠎ᠦᠨ ᠮᠡᠳᠡᠭᠦᠯᠦᠯᠲᠡ᠎ᠨᠢ ᠡᠩ᠎ᠦᠨ ᠪᠠᠢᠳᠠᠯ᠎ᠳᠤ 3000 ᠥᠰᠦᠭ᠎ᠡᠴᠡ ᠳᠠᠪᠠᠵᠤ ᠪᠣᠯᠬᠤ᠎ᠦᠭᠡᠢ᠂ ᠪᠠᠢᠳᠠᠯ ᠨᠠᠷᠢᠨ ᠪᠤᠳᠤᠯᠢᠶᠠᠨᠲᠠᠢ ᠪᠣᠯᠤᠭᠠᠳ ᠨᠠᠷᠢᠨ ᠮᠡᠳᠡᠭᠦᠯᠬᠦ ᠴᠢᠬᠤᠯᠠᠲᠠᠢ ᠪᠣᠯᠤᠭᠰᠠᠨ ᠪᠠᠢᠪᠠᠯ ᠬᠠᠮᠢᠶ᠎ᠠ ᠪᠦᠬᠦᠢ ᠠᠭᠤᠯᠭ᠎ᠠ᠎ᠶᠢ ᠳᠠᠭᠠᠯᠳᠤᠭᠤᠯᠤᠯ  ᠮᠠᠲᠧᠷᠢᠶᠠᠯ᠎ᠢᠶᠠᠷ ᠳᠠᠮᠵᠢᠭᠤᠯᠤᠨ ᠬᠠᠷᠢᠭᠤ ᠲᠤᠰᠭᠠᠵᠤ ᠪᠣᠯᠤᠨ᠎ᠠ᠃
  ᠬᠣᠷᠢᠨ ᠲᠠᠪᠤᠳᠤᠭᠠᠷ ᠵᠦᠢᠯ  ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠮᠡᠳᠡᠭᠦᠯᠦᠯᠲᠡ᠎ᠶᠢ ᠣᠯᠤᠭᠰᠠᠨ᠎ᠤ ᠳᠠᠷᠠᠭ᠎ᠠ᠂ ᠶᠡᠷᠦᠩᠬᠡᠢ ᠰᠠᠯᠠᠭ᠎ᠠ ᠮᠥᠴᠢᠷ᠎ᠨᠢ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ ᠨᠥᠬᠦᠳ᠎ᠲᠦ᠍ ᠬᠦᠷᠭᠡᠵᠦ ᠪᠢᠴᠢᠭ ᠮᠠᠲᠧᠷᠢᠶᠠᠯ᠎ᠢ ᠤᠩᠱᠢᠭᠤᠯᠵᠤ ᠵᠢᠭᠠᠪᠤᠷᠢ ᠠᠪᠬᠤ ᠬᠡᠷᠡᠭᠲᠡᠢ᠃ ᠶᠡᠷᠦᠩᠬᠡᠢ ᠰᠠᠯᠠᠭ᠎ᠠ ᠮᠥᠴᠢᠷ᠎ᠨᠢ ᠭᠣᠣᠯ ᠰᠡᠳᠦᠪ ᠠᠳᠠᠯᠢᠪᠲᠤᠷ᠂ ᠠᠭᠤᠯᠭ᠎ᠠ ᠣᠢᠷᠠᠯᠴᠠᠭ᠎ᠠ ᠪᠠᠢᠭ᠎ᠠ ᠮᠡᠳᠡᠭᠦᠯᠦᠯᠲᠡ᠎ᠶᠢ ᠨᠢᠭᠡᠳᠦᠯᠲᠡᠢ ᠲᠥᠪᠯᠡᠷᠡᠭᠦᠯᠵᠦ ᠬᠦᠷᠭᠡᠬᠦ ᠪᠤᠶᠤ ᠲᠣᠪᠴᠢᠯᠠᠯ᠎ᠤᠨ ᠬᠡᠯᠪᠡᠷᠢ᠎ᠪᠡᠷ ᠶᠡᠷᠦᠩᠬᠡᠢᠯᠡᠭᠰᠡᠨ ᠮᠠᠲᠧᠷᠢᠶᠠᠯ ᠪᠣᠯᠭᠠᠵᠤ ᠬᠦᠷᠭᠡᠵᠦ ᠪᠣᠯᠤᠨ᠎ᠠ᠃
  ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ ᠨᠥᠬᠦᠳ ᠮᠡᠳᠡᠭᠦᠯᠦᠯᠲᠡ᠎ᠳ᠋ᠦ᠍ ᠴᠣᠬᠤᠯᠠᠪᠤᠷᠢ ᠵᠢᠭᠠᠪᠤᠷᠢ ᠥᠭᠭᠦᠭᠰᠡᠨ ᠪᠣᠯ᠂ ᠶᠡᠷᠦᠩᠬᠡᠢ ᠰᠠᠯᠠᠭ᠎ᠠ ᠮᠥᠴᠢᠷ᠎ᠡᠴᠡ ᠴᠠᠭ ᠲᠤᠬᠠᠢ᠎ᠳ᠋ᠤᠨᠢ ᠱᠠᠭᠠᠷᠳᠠᠯᠭ᠎ᠠ ᠶᠣᠰᠤᠭᠠᠷ ᠱᠢᠢᠳᠪᠦᠷᠢᠯᠡᠬᠦ ᠬᠡᠷᠡᠭᠲᠡᠢ᠃
  ᠬᠣᠷᠢᠨ ᠵᠢᠷᠭᠤᠳᠤᠭᠠᠷ ᠵᠦᠢᠯ  ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠮᠡᠳᠡᠭᠦᠯᠦᠯᠲᠡ᠎ᠶᠢ ᠶᠡᠷᠦᠩᠬᠡᠢᠯᠡᠨ ᠵᠠᠳᠠᠯᠵᠤ ᠠᠱᠢᠭᠯᠠᠬᠤ᠎ᠶᠢ ᠴᠢᠩᠭᠠᠳᠭᠠᠬᠤ ᠬᠡᠷᠡᠭᠲᠡᠢ᠃ ᠳᠡᠯᠭᠡᠷᠡᠭᠦᠯᠬᠦ ᠦᠨ᠎ᠡ ᠥᠷᠲᠡᠭ᠎ᠲᠡᠢ ᠨᠡᠢᠲᠡᠯᠢᠭ ᠲᠤᠷᠱᠢᠯᠭ᠎ᠠ ᠠᠷᠭ᠎ᠠ ᠠᠪᠴᠠᠯ᠎ᠢ ᠵᠣᠬᠢᠬᠤ ᠬᠡᠯᠪᠡᠷᠢ᠎ᠪᠡᠷ ᠤᠬᠠᠭᠤᠯᠵᠤ ᠪᠣᠯᠤᠨ᠎ᠠ; ᠨᠡᠢᠲᠡᠴᠢ ᠴᠢᠨᠠᠷ᠎ᠲᠠᠢ ᠠᠰᠠᠭᠤᠳᠠᠯ᠎ᠢ ᠴᠢᠬᠤᠯᠠᠴᠢᠯᠠᠬᠤ ᠪᠥᠭᠡᠳ ᠰᠤᠳᠤᠯᠤᠨ ᠱᠢᠢᠳᠪᠦᠷᠢᠯᠡᠬᠦ ᠬᠡᠷᠡᠭᠲᠡᠢ; ᠦᠨ᠎ᠡ ᠥᠷᠲᠡᠭ᠎ᠲᠡᠢ ᠰᠠᠨᠠᠯ ᠰᠠᠨᠠᠭᠤᠯᠭ᠎ᠠ᠎ᠶᠢ ᠨᠠᠷᠢᠨ ᠬᠢᠨᠠᠮᠠᠭᠠᠢ ᠰᠤᠳᠤᠯᠤᠨ ᠠᠱᠢᠭᠯᠠᠵᠤ᠂ ᠬᠠᠯᠠᠨ ᠰᠠᠢᠵᠢᠷᠠᠭᠤᠯᠬᠤ ᠠᠵᠢᠯ᠎ᠢ ᠠᠬᠢᠭᠤᠯᠬᠤ ᠬᠡᠷᠡᠭᠲᠡᠢ᠃
  ᠬᠣᠷᠢᠨ ᠳᠣᠯᠤᠳᠤᠭᠠᠷ ᠵᠦᠢᠯ  ᠴᠢᠬᠤᠯᠠ ᠶᠡᠬᠡ ᠤᠴᠢᠷ ᠶᠠᠪᠤᠳᠠᠯ᠎ᠢ ᠵᠢᠭᠠᠪᠤᠷᠢ ᠠᠪᠴᠤ ᠮᠡᠳᠡᠭᠦᠯᠬᠦ ᠠᠵᠢᠯ᠎ᠳᠤ ᠲᠥᠪ ᠭᠣᠣᠯᠴᠢ᠎ᠪᠠᠷ ᠱᠢᠢᠳᠪᠦᠷᠢᠯᠡᠬᠦ᠎ᠶᠢ ᠨᠥᠯᠦᠭᠡᠯᠡᠬᠦ ᠪᠠᠢᠳᠠᠯ ᠣᠷᠣᠱᠢᠬᠤ ᠪᠣᠯᠤᠯᠴᠠᠭ᠎ᠠ᠎ᠲᠠᠢ ᠪᠠᠢᠪᠠᠯ ᠬᠠᠮᠢᠶ᠎ᠠ ᠪᠦᠬᠦᠢ ᠬᠥᠮᠦᠰ ᠵᠠᠢᠯᠠᠬᠤ ᠬᠡᠷᠡᠭᠲᠡᠢ᠃


    ᠲᠠᠪᠤᠳᠤᠭᠠᠷ ᠪᠦᠯᠦᠭ   ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠠᠪᠤᠷᠢ ᠠᠪᠴᠤ ᠮᠡᠳᠡᠭᠦᠯᠬᠦ ᠠᠷᠭ᠎ᠠ ᠬᠡᠯᠪᠡᠷᠢ


  ᠬᠣᠷᠢᠨ ᠨᠠᠢ᠍ᠮᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠴᠢᠬᠤᠯᠠ ᠶᠡᠬᠡ ᠤᠴᠢᠷ ᠶᠠᠪᠤᠳᠠᠯ᠎ᠤᠨ ᠲᠥᠷᠦᠯ ᠵᠦᠢᠯ ᠪᠣᠯᠤᠨ ᠠᠯᠭᠤᠷ ᠪᠠᠴᠢᠮ᠎ᠤᠨ ᠬᠡᠮᠵᠢᠶ᠎ᠡ᠎ᠶᠢ ᠦᠨᠳᠦᠰᠦᠯᠡᠨ ᠠᠮᠠᠨ᠎ᠤ᠂ ᠪᠢᠴᠢᠭ᠎ᠦᠨ ᠬᠡᠯᠪᠡᠷᠢ᠎ᠪᠡᠷ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃
  ᠬᠣᠷᠢ ᠶᠢᠰᠦᠳᠦᠭᠡᠷ ᠵᠦᠢᠯ  ᠴᠢᠬᠤᠯᠠ ᠶᠡᠬᠡ ᠤᠴᠢᠷ ᠶᠠᠪᠤᠳᠠᠯ᠎ᠢ ᠵᠢᠭᠠᠪᠤᠷᠢ ᠠᠪᠴᠤ ᠮᠡᠳᠡᠭᠦᠯᠬᠦ ᠠᠵᠢᠯ᠎ᠢ ᠲᠣᠪᠴᠢ ᠳᠥᠭᠦᠮ᠎ᠢᠶᠡᠷ ᠭᠦᠢᠴᠡᠳᠭᠡᠬᠦ᠎ᠳ᠋ᠦ᠍ ᠵᠣᠬᠢᠴᠠᠪᠠᠯ ᠠᠮᠠᠨ ᠬᠡᠯᠪᠡᠷᠢ᠎ᠪᠡᠷ ᠮᠡᠳᠡᠭᠳᠡᠬᠦ ᠠᠷᠭ᠎ᠠ᠎ᠶᠢ ᠬᠡᠷᠡᠭᠯᠡᠵᠦ ᠪᠣᠯᠤᠨ᠎ᠠ᠃ ᠪᠠᠢᠳᠠᠯ ᠪᠠᠴᠢᠮ ᠪᠤᠶᠤ ᠴᠢᠬᠤᠯᠠ ᠶᠡᠬᠡ ᠤᠴᠢᠷ ᠶᠠᠪᠤᠳᠠᠯ᠎ᠢ ᠱᠢᠢᠳᠪᠦᠷᠢᠯᠡᠵᠦ ᠪᠠᠢᠭ᠎ᠠ ᠪᠠᠢᠳᠠᠯ ᠠᠩᠬ᠎ᠠ ᠠᠯᠬᠤᠮ᠎ᠤᠨ ᠵᠥᠪᠳᠡᠯᠴᠡᠬᠦ ᠱᠠᠲᠤᠨ᠎ᠳᠤ ᠪᠠᠢᠪᠠᠯ᠂ ᠠᠮᠠᠨ ᠬᠡᠯᠪᠡᠷᠢ᠎ᠪᠡᠷ ᠤᠷᠢᠳ᠎ᠢᠶᠠᠷ ᠵᠢᠭᠠᠪᠤᠷᠢ ᠠᠪᠴᠤ ᠮᠡᠳᠡᠭᠦᠯᠬᠦ ᠠᠷᠭ᠎ᠠ᠎ᠶᠢ ᠠᠪᠴᠤ᠂ ᠳᠠᠷᠠᠭ᠎ᠠ᠎ᠨᠢ ᠪᠢᠴᠢᠭ᠎ᠦᠨ ᠬᠡᠯᠪᠡᠷᠢ᠎ᠪᠡᠷ ᠨᠥᠬᠦᠪᠦᠷᠢᠯᠡᠨ ᠵᠢᠭᠠᠪᠤᠷᠢ ᠠᠪᠴᠤ ᠮᠡᠳᠡᠭᠦᠯᠵᠦ ᠪᠣᠯᠤᠨ᠎ᠠ᠃
  ᠭᠤᠴᠢᠳᠤᠭᠠᠷ ᠵᠦᠢᠯ  ᠠᠮᠠᠨ ᠬᠡᠯᠪᠡᠷᠢ᠎ᠪᠡᠷ ᠵᠢᠭᠠᠪᠤᠷᠢ ᠠᠪᠴᠤ ᠮᠡᠳᠡᠭᠦᠯᠬᠦ᠎ᠳ᠋ᠦ᠍ ᠪᠠᠢᠳᠠᠯ᠎ᠢ ᠦᠵᠡᠵᠦ ᠤᠲᠠᠰᠤ᠎ᠪᠠᠷ ᠶᠠᠷᠢᠯᠴᠠᠬᠤ᠂ ᠨᠢᠭᠤᠷᠳᠠᠨ ᠶᠠᠷᠢᠯᠴᠠᠬᠤ᠂ ᠬᠤᠷᠠᠯ ᠬᠤᠷᠠᠯᠳᠤᠭᠤᠯᠬᠤ ᠵᠡᠷᠭᠡ ᠠᠷᠭ᠎ᠠ ᠬᠡᠯᠪᠡᠷᠢ᠎ᠶᠢ ᠬᠡᠷᠡᠭᠯᠡᠨ᠎ᠡ᠃ ᠠᠭᠤᠯᠭ᠎ᠠ᠎ᠨᠢ ᠳᠥᠭᠦᠮ ᠪᠤᠶᠤ ᠪᠠᠢᠳᠠᠯ᠎ᠨᠢ ᠲᠤᠢᠯ᠎ᠤᠨ ᠪᠠᠴᠢᠮ ᠪᠠᠢᠪᠠᠯ ᠤᠲᠠᠰᠤ᠎ᠪᠠᠷ ᠶᠠᠷᠢᠯᠴᠠᠬᠤ ᠠᠷᠭ᠎ᠠ᠎ᠶᠢ ᠬᠡᠷᠡᠭᠯᠡᠨ᠎ᠡ; ᠠᠭᠤᠯᠭ᠎ᠠ᠎ᠨᠢ ᠪᠤᠳᠤᠯᠢᠶᠠᠨᠲᠠᠢ ᠪᠤᠶᠤ ᠪᠠᠢᠳᠠᠯ ᠰᠡᠷᠭᠡᠭ ᠣᠨᠴᠠᠭᠠᠢ ᠪᠠᠢᠪᠠᠯ ᠨᠢᠭᠤᠷᠳᠠᠨ ᠶᠠᠷᠢᠯᠴᠠᠬᠤ ᠬᠡᠯᠪᠡᠷᠢ᠎ᠶᠢ ᠬᠡᠷᠡᠭᠯᠡᠨ᠎ᠡ; ᠠᠭᠤᠯᠭ᠎ᠠ᠎ᠨᠢ ᠠᠯᠪᠠᠨ ᠶᠣᠰᠤᠨ᠎ᠤ ᠪᠤᠶᠤ ᠬᠣᠯᠪᠤᠭᠳᠠᠬᠤ ᠭᠣᠣᠯ ᠴᠣᠭᠴᠠ᠎ᠨᠢ ᠣᠯᠠᠨ ᠪᠠᠢᠪᠠᠯ ᠬᠤᠷᠠᠯ ᠬᠤᠷᠠᠯᠳᠤᠭᠤᠯᠬᠤ ᠠᠷᠭ᠎ᠠ ᠬᠡᠯᠪᠡᠷᠢ᠎ᠶᠢ ᠬᠡᠷᠡᠭᠯᠡᠵᠦ ᠪᠣᠯᠤᠨ᠎ᠠ᠃
  ᠠᠮᠠᠨ ᠬᠡᠯᠪᠡᠷᠢ᠎ᠪᠡᠷ ᠵᠢᠭᠠᠪᠤᠷᠢ ᠠᠪᠴᠤ ᠮᠡᠳᠡᠭᠦᠯᠬᠦ᠎ᠳ᠋ᠦ᠍ ᠲᠡᠮᠳᠡᠭᠯᠡᠯ ᠪᠣᠯᠤᠨ ᠮᠠᠲᠧᠷᠢᠶᠠᠯ᠎ᠢᠶᠠᠨ ᠦᠯᠡᠳᠡᠭᠡᠨ ᠬᠠᠳᠠᠭᠠᠯᠠᠬᠤ ᠠᠵᠢᠯ᠎ᠢ ᠰᠠᠢᠲᠤᠷ ᠬᠢᠵᠦ᠂ ᠪᠠᠢᠴᠠᠭᠠᠬᠤ᠎ᠳᠤ ᠭᠡᠷᠡᠴᠢ᠎ᠲᠡᠢ ᠪᠠᠢᠬᠤ᠎ᠶᠢ ᠪᠠᠲᠤᠯᠠᠬᠤ ᠬᠡᠷᠡᠭᠲᠡᠢ᠃
  ᠭᠤᠴᠢᠨ ᠨᠢᠭᠡᠳᠦᠭᠡᠷ ᠵᠦᠢᠯ  ᠪᠠᠴᠢᠮ ᠪᠤᠰᠤ ᠪᠠᠢᠳᠠᠯ᠂ ᠴᠢᠬᠤᠯᠠ ᠶᠡᠬᠡ ᠤᠴᠢᠷ ᠶᠠᠪᠤᠳᠠᠯ᠎ᠢ ᠱᠢᠢᠳᠪᠦᠷᠢᠯᠡᠵᠦ ᠪᠠᠢᠭ᠎ᠠ ᠪᠠᠢᠳᠠᠯ᠎ᠨᠢ ᠬᠠᠷᠢᠴᠠᠩᠭᠤᠢ᠎ᠪᠠᠷ ᠪᠣᠯᠪᠠᠰᠤᠷᠠᠩᠭᠤᠢ ᠱᠠᠲᠤᠨ᠎ᠳᠤ ᠪᠠᠢᠬᠤ ᠪᠤᠶᠤ ᠳᠥᠭᠦᠮ᠎ᠢᠶᠡᠷ ᠭᠦᠢᠴᠡᠳᠭᠡᠬᠦ᠎ᠳ᠋ᠦ᠍ ᠵᠣᠬᠢᠰ᠎ᠦᠭᠡᠢ ᠪᠠᠢᠬᠤ ᠵᠢᠭᠠᠪᠤᠷᠢ ᠠᠪᠴᠤ ᠮᠡᠳᠡᠭᠦᠯᠬᠦ ᠤᠴᠢᠷ ᠶᠠᠪᠤᠳᠠᠯ᠎ᠳᠤ ᠪᠢᠴᠢᠭ᠎ᠦᠨ ᠬᠡᠯᠪᠡᠷᠢ᠎ᠶᠢ ᠬᠡᠷᠡᠭᠯᠡᠬᠦ ᠬᠡᠷᠡᠭᠲᠡᠢ᠃
  ᠭᠤᠴᠢᠨ ᠬᠣᠶᠠᠳᠤᠭᠠᠷ ᠵᠦᠢᠯ  ᠪᠢᠴᠢᠭ᠎ᠦᠨ ᠬᠡᠯᠪᠡᠷᠢ᠎ᠪᠡᠷ ᠮᠡᠳᠡᠭᠦᠯᠬᠦ᠎ᠳ᠋ᠦ᠍ ᠪᠠᠢᠳᠠᠯ᠎ᠢ ᠦᠵᠡᠵᠦ ᠠᠯᠪᠠᠨ ᠶᠣᠰᠤ᠎ᠪᠠᠷ ᠮᠡᠳᠡᠭᠦᠯᠬᠦ᠂ ᠮᠡᠳᠡᠭᠡ ᠵᠠᠩᠭᠢ᠂ ᠲᠣᠪᠴᠢ ᠮᠡᠳᠡᠭᠡ ᠵᠡᠷᠭᠡ ᠠᠷᠭ᠎ᠠ ᠬᠡᠯᠪᠡᠷᠢ᠎ᠶᠢ ᠬᠡᠷᠡᠭᠯᠡᠵᠦ ᠪᠣᠯᠤᠨ᠎ᠠ᠃ ᠮᠡᠳᠡᠭᠡ ᠵᠠᠩᠭᠢ᠎ᠨᠢ ᠴᠢᠬᠤᠯᠠ ᠶᠡᠬᠡ ᠭᠡᠨᠡᠳᠲᠡ᠎ᠶᠢᠨ ᠤᠴᠢᠷ ᠶᠠᠪᠤᠳᠠᠯ᠂ ᠠᠩᠬᠠᠷᠬᠤ ᠴᠢᠬᠤᠯᠠᠲᠠᠢ ᠠᠰᠠᠭᠤᠳᠠᠯ᠂ ᠦᠵᠡᠭᠳᠡᠯ ᠪᠣᠯᠤᠨ ᠪᠠᠢᠳᠠᠯ ᠵᠡᠷᠭᠡ᠎ᠶᠢ ᠴᠢᠬᠤᠯᠠᠴᠢᠯᠠᠵᠤ᠂ ᠴᠠᠭ ᠲᠤᠬᠠᠢ᠎ᠳ᠋ᠤᠨᠢ ᠥᠨᠳᠦᠷ ᠪᠦᠲᠦᠮᠵᠢᠲᠡᠢ᠂ ᠡᠷᠬᠡ ᠰᠦᠷ᠎ᠲᠡᠢ ᠣᠨᠤᠪᠴᠢᠲᠠᠢ ᠪᠠᠢᠬᠤ᠎ᠶᠢ ᠪᠠᠲᠤᠯᠠᠬᠤ ᠬᠡᠷᠡᠭᠲᠡᠢ᠃ ᠲᠣᠪᠴᠢ ᠰᠣᠨᠢᠨ᠎ᠨᠢ ᠵᠠᠷᠢᠮ ᠲᠠᠯ᠎ᠠ᠎ᠶᠢᠨ ᠠᠵᠢᠯ᠎ᠤᠨ ᠲᠣᠪᠴᠢ ᠪᠠᠢᠳᠠᠯ᠎ᠢ ᠴᠢᠬᠤᠯᠠᠴᠢᠯᠠᠬᠤ ᠬᠡᠷᠡᠭᠲᠡᠢ᠃
  ᠨᠠᠮ᠎ᠤᠨ ᠵᠣᠬᠢᠶᠠᠨ ᠪᠠᠢᠭᠤᠯᠤᠯᠲᠠ ᠪᠢᠴᠢᠭ᠎ᠦᠨ ᠬᠡᠯᠪᠡᠷᠢ᠎ᠪᠡᠷ ᠮᠡᠳᠡᠭᠦᠯᠬᠦ ᠠᠷᠭ᠎ᠠ ᠬᠡᠯᠪᠡᠷᠢ᠎ᠶᠢ ᠨᠢᠭᠡᠳᠦᠯᠲᠡᠢ ᠲᠥᠯᠦᠪᠵᠢᠭᠦᠯᠵᠦ ᠬᠡᠷᠡᠭᠯᠡᠬᠦ ᠬᠡᠷᠡᠭᠲᠡᠢ᠂ 《ᠨᠢᠭᠡ ᠶᠠᠪᠤᠳᠠᠯ᠎ᠢ ᠬᠣᠶᠠᠷ ᠤᠳᠠᠭ᠎ᠠ ᠮᠡᠳᠡᠭᠦᠯᠬᠦ᠎ᠦᠭᠡᠢ》 ᠪᠠᠢᠬᠤ᠎ᠶᠢ ᠪᠠᠷᠢᠮᠲᠠᠯᠠᠵᠤ᠂ ᠡᠩ᠎ᠦᠨ ᠪᠠᠢᠳᠠᠯ᠎ᠳᠤ ᠠᠳᠠᠯᠢ ᠨᠢᠭᠡ ᠠᠭᠤᠯᠭ᠎ᠠ᠎ᠶᠢ ᠣᠯᠠᠨ ᠵᠦᠢᠯ᠎ᠦᠨ ᠠᠷᠭ᠎ᠠ᠎ᠪᠠᠷ ᠳᠠᠪᠲᠠᠨ ᠮᠡᠳᠡᠭᠦᠯᠵᠦ ᠪᠣᠯᠬᠤ᠎ᠦᠭᠡᠢ᠃ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠠᠯᠪᠠᠨ ᠶᠣᠰᠤ᠎ᠪᠠᠷ ᠮᠡᠳᠡᠭᠦᠯᠬᠦ᠎ᠶᠢ ᠲᠣᠳᠤᠷᠬᠠᠢ ᠱᠠᠭᠠᠷᠳᠠᠭᠰᠠᠨ ᠪᠠᠢᠪᠠᠯ ᠪᠤᠰᠤᠳ ᠵᠦᠢᠯ᠎ᠦᠨ ᠠᠷᠭ᠎ᠠ᠎ᠪᠠᠷ ᠣᠷᠤᠯᠠᠭᠤᠯᠵᠤ ᠪᠣᠯᠬᠤ᠎ᠦᠭᠡᠢ᠃
  ᠭᠤᠴᠢᠨ ᠭᠤᠷᠪᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠤᠲᠠᠰᠤ᠂ ᠪᠢᠴᠢᠭ ᠮᠠᠲᠧᠷᠢᠶᠠᠯ᠂ ᠳᠦᠷᠰᠦᠲᠦ ᠴᠠᠬᠢᠯᠭᠠᠨ᠂ ᠴᠠᠬᠢᠯᠭᠠᠨ ᠴᠢᠮᠡᠭᠡ᠂ ᠰᠦᠯᠵᠢᠶ᠎ᠡ ᠵᠡᠷᠭᠡ ᠠᠴᠢᠶᠠᠯᠠᠪᠤᠷᠢ᠎ᠶᠢ ᠠᠱᠢᠭᠯᠠᠨ ᠵᠢᠭᠠᠪᠤᠷᠢ ᠠᠪᠴᠤ ᠮᠡᠳᠡᠭᠦᠯᠬᠦ ᠠᠵᠢᠯ᠎ᠢ ᠥᠷᠨᠢᠭᠦᠯᠵᠦ ᠪᠣᠯᠤᠨ᠎ᠠ᠃ ᠨᠢᠭᠤᠴᠠ᠎ᠳᠤ ᠬᠣᠯᠪᠤᠭᠳᠠᠬᠤ ᠵᠦᠢᠯᠡᠰ᠎ᠢ ᠨᠢᠭᠤᠴᠠ᠎ᠶᠢ ᠬᠠᠮᠠᠭᠠᠯᠠᠬᠤ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠭᠦᠢᠴᠡᠳᠭᠡᠬᠦ ᠬᠡᠷᠡᠭᠲᠡᠢ᠃
  ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠢᠭᠠᠪᠤᠷᠢ ᠠᠪᠴᠤ ᠮᠡᠳᠡᠭᠦᠯᠬᠦ ᠠᠵᠢᠯ᠎ᠢ ᠥᠷᠨᠢᠭᠦᠯᠬᠦ᠎ᠳᠦ᠎ᠪᠡᠨ ᠨᠡᠩ ᠠᠮᠢᠳᠤᠯᠢᠭ ᠪᠥᠭᠡᠳ ᠳᠥᠭᠦᠮ ᠲᠦᠳᠡ ᠠᠷᠭ᠎ᠠ ᠬᠡᠯᠪᠡᠷᠢ᠎ᠶᠢ ᠠᠪᠴᠤ᠂ ᠦᠷ᠎ᠡ ᠪᠦᠲᠦᠮᠵᠢ᠎ᠶᠢ ᠳᠣᠪᠣᠢᠯᠭᠠᠬᠤ ᠬᠡᠷᠡᠭᠲᠡᠢ᠃


    ᠵᠢᠷᠭᠤᠳᠤᠭᠠᠷ ᠪᠦᠯᠦᠭ   ᠨᠠᠮ᠎ᠤᠨ ᠭᠡᠱᠢᠭᠦᠨ᠂ ᠤᠳᠤᠷᠢᠳᠬᠤ ᠺᠠᠳ᠋ᠷ ᠵᠢᠭᠠᠪᠤᠷᠢ ᠠᠪᠴᠤ ᠮᠡᠳᠡᠭᠦᠯᠬᠦ


  ᠭᠤᠴᠢᠨ ᠳᠥᠷᠪᠡᠳᠦᠭᠡᠷ ᠵᠦᠢᠯ  ᠨᠠᠮ᠎ᠤᠨ ᠭᠡᠱᠢᠭᠦᠨ ᠡᠩ᠎ᠦᠨ ᠪᠠᠢᠳᠠᠯ᠎ᠳᠤ ᠥᠪᠡᠷ᠎ᠦᠨ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ ᠳᠣ᠌᠎ᠪᠠᠨ ᠴᠢᠬᠤᠯᠠ ᠶᠡᠬᠡ ᠤᠴᠢᠷ ᠶᠠᠪᠤᠳᠠᠯ᠎ᠢ ᠮᠡᠳᠡᠭᠦᠯᠵᠦ ᠵᠢᠭᠠᠪᠤᠷᠢ ᠠᠪᠬᠤ ᠬᠡᠷᠡᠭᠲᠡᠢ᠃ ᠤᠳᠤᠷᠢᠳᠬᠤ ᠺᠠᠳ᠋ᠷ ᠡᠩ᠎ᠦᠨ ᠪᠠᠢᠳᠠᠯ᠎ᠳᠤ ᠬᠠᠷᠢᠶᠠᠯᠠᠭᠳᠠᠬᠤ ᠨᠠᠮ᠎ᠤᠨ ᠵᠣᠬᠢᠶᠠᠨ ᠪᠠᠢᠭᠤᠯᠤᠯᠲᠠ᠎ᠳᠣ᠌᠎ᠪᠠᠨ ᠴᠢᠬᠤᠯᠠ ᠠᠵᠢᠯ᠎ᠢᠶᠠᠨ ᠮᠡᠳᠡᠭᠦᠯᠵᠦ ᠵᠢᠭᠠᠪᠤᠷᠢ ᠠᠪᠬᠤ ᠬᠡᠷᠡᠭᠲᠡᠢ᠃
  ᠨᠠᠮ᠎ᠤᠨ ᠭᠡᠱᠢᠭᠦᠨ᠂ ᠤᠳᠤᠷᠢᠳᠬᠤ ᠺᠠᠳ᠋ᠷ ᠬᠤᠪᠢ ᠬᠥᠮᠦᠨ᠎ᠦ ᠬᠣᠯᠪᠤᠭᠳᠠᠯ ᠪᠦᠬᠦᠢ ᠤᠴᠢᠷ ᠶᠠᠪᠤᠳᠠᠯ᠎ᠢᠶᠠᠨ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠵᠦ ᠵᠢᠭᠠᠪᠤᠷᠢ ᠠᠪᠬᠤ᠎ᠳᠤ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠭᠦᠢᠴᠡᠳᠭᠡᠬᠦ ᠬᠡᠷᠡᠭᠲᠡᠢ᠃
  ᠭᠤᠴᠢᠨ ᠲᠠᠪᠤᠳᠤᠭᠠᠷ ᠵᠦᠢᠯ  ᠨᠠᠮ᠎ᠤᠨ ᠭᠡᠱᠢᠭᠦᠨ ᠳᠣᠣᠷᠠᠬᠢ ᠤᠴᠢᠷ ᠶᠠᠪᠤᠳᠠᠯ᠎ᠢ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠬᠤ ᠬᠡᠷᠡᠭᠲᠡᠢ᠄
  (ᠨᠢᠭᠡ) ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠤᠪᠢᠶᠠᠷᠢᠯᠠᠨ ᠥᠭᠭᠦᠭᠰᠡᠨ ᠠᠵᠢᠯ᠎ᠢ ᠬᠢᠬᠦ ᠶᠠᠪᠤᠴᠠ᠎ᠳᠤ ᠲᠤᠯᠭᠠᠷᠠᠭᠰᠠᠨ ᠴᠢᠬᠤᠯᠠ ᠠᠰᠠᠭᠤᠳᠠᠯ;
  (ᠬᠣᠶᠠᠷ) ᠨᠠᠮ᠎ᠤᠨ ᠵᠣᠬᠢᠶᠠᠨ ᠪᠠᠢᠭᠤᠯᠤᠯᠲᠠ᠎ᠶᠢ ᠲᠥᠯᠦᠭᠡᠯᠡᠨ ᠵᠣᠷᠢᠯᠲᠠ ᠨᠡᠢᠲᠡᠯᠡᠬᠦ ᠪᠤᠶᠤ ᠲᠣᠭᠲᠠᠭᠠᠯ ᠭᠠᠷᠭᠠᠬᠤ;
  (ᠭᠤᠷᠪᠠ) ᠲᠣᠭᠲᠠᠭᠠᠯ ᠶᠣᠰᠤᠭᠠᠷ ᠵᠢᠭᠠᠪᠤᠷᠢ ᠠᠪᠬᠤ ᠴᠢᠬᠤᠯᠠᠲᠠᠢ ᠭᠠᠳᠠᠭᠠᠳᠤ᠎ᠳᠤ ᠬᠣᠯᠪᠤᠭᠳᠠᠬᠤ ᠠᠵᠢᠯ᠎ᠤᠨ ᠬᠠᠷᠢᠯᠴᠠᠭᠠᠨ᠎ᠤ ᠠᠵᠢᠯᠯᠠᠭ᠎ᠠ;
  (ᠳᠥᠷᠪᠡ) ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠪᠠᠨ ᠱᠢᠯᠵᠢᠭᠦᠯᠬᠦ;
  (ᠲᠠᠪᠤ) ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠬᠤ ᠶᠣᠰᠤᠲᠠᠢ ᠪᠤᠰᠤᠳ ᠤᠴᠢᠷ ᠶᠠᠪᠤᠳᠠᠯ᠃
  ᠭᠤᠴᠢᠨ ᠵᠢᠷᠭᠤᠳᠤᠭᠠᠷ ᠵᠦᠢᠯ  ᠨᠠᠮ᠎ᠤᠨ ᠭᠡᠱᠢᠭᠦᠨ ᠳᠣᠣᠷᠠᠬᠢ ᠤᠴᠢᠷ ᠶᠠᠪᠤᠳᠠᠯ᠎ᠢ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠬᠦ ᠬᠡᠷᠡᠭᠲᠡᠢ᠄
  (ᠨᠢᠭᠡ) ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠢᠢᠳᠪᠦᠷᠢ᠎ᠶᠢ ᠲᠤᠭᠤᠱᠢᠯᠠᠭᠤᠯᠤᠨ ᠬᠡᠷᠡᠭᠵᠢᠭᠦᠯᠦᠭᠰᠡᠨ ᠪᠠᠢᠳᠠᠯ ᠪᠠ ᠨᠠᠮ᠎ᠤᠨ ᠵᠣᠬᠢᠶᠠᠨ ᠪᠠᠢᠭᠤᠯᠤᠯᠲᠠ᠎ᠠᠴᠠ ᠳᠠᠭᠠᠭᠠᠯᠭᠠᠭᠰᠠᠨ ᠠᠵᠢᠯ ᠡᠭᠦᠷᠭᠡ᠎ᠶᠢ ᠪᠡᠶᠡᠯᠡᠭᠦᠯᠦᠭᠰᠡᠨ ᠪᠠᠢᠳᠠᠯ;
  (ᠬᠣᠶᠠᠷ) ᠨᠠᠮ᠎ᠤᠨ ᠠᠵᠢᠯ ᠪᠠ ᠤᠳᠤᠷᠢᠳᠬᠤ ᠺᠠᠳ᠋ᠷ᠎ᠤᠨ ᠲᠤᠬᠠᠢ ᠰᠠᠨᠠᠯ ᠰᠠᠨᠠᠭᠤᠯᠭ᠎ᠠ;
  (ᠭᠤᠷᠪᠠ) ᠨᠠᠮ᠎ᠤᠨ ᠭᠡᠱᠢᠭᠦᠨ᠂ ᠤᠳᠤᠷᠢᠳᠬᠤ ᠺᠠᠳ᠋ᠷ᠎ᠤᠨ ᠬᠠᠤᠯᠢ ᠰᠠᠬᠢᠯᠭ᠎ᠠ᠎ᠶᠢ ᠵᠥᠷᠢᠴᠡᠭᠰᠡᠨ ᠰᠦᠪᠡᠭᠴᠢ᠎ᠶᠢ ᠢᠯᠡᠷᠡᠭᠦᠯᠦᠭᠰᠡᠨ ᠪᠠᠢᠳᠠᠯ;
  (ᠳᠥᠷᠪᠡ) ᠨᠡᠭᠦᠵᠦ ᠱᠢᠯᠵᠢᠭᠰᠡᠨ ᠪᠠ ᠭᠠᠳᠠᠭᠱᠢ ᠭᠠᠷᠤᠭᠰᠠᠨ ᠪᠠᠢᠳᠠᠯ;
  (ᠲᠠᠪᠤ) ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠬᠦ ᠶᠣᠰᠤᠲᠠᠢ ᠪᠤᠰᠤᠳ ᠤᠴᠢᠷ ᠶᠠᠪᠤᠳᠠᠯ᠃
  ᠭᠤᠴᠢᠨ ᠳᠣᠯᠤᠳᠤᠭᠠᠷ ᠵᠦᠢᠯ  ᠤᠳᠤᠷᠢᠳᠬᠤ ᠺᠠᠳ᠋ᠷ ᠳᠣᠣᠷᠠᠬᠢ ᠤᠴᠢᠷ ᠶᠠᠪᠤᠳᠠᠯ᠎ᠢ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠬᠤ ᠬᠡᠷᠡᠭᠲᠡᠢ᠄
  (ᠨᠢᠭᠡ) ᠲᠤᠰ ᠪᠡᠶ᠎ᠡ᠎ᠶᠢᠨ ᠡᠷᠬᠡ ᠲᠤᠱᠢᠶᠠᠯ᠎ᠤᠨ ᠬᠡᠪᠴᠢᠶ᠎ᠡ᠎ᠡᠴᠡ ᠳᠠᠪᠠᠵᠤ᠂ ᠥᠪᠡᠷ᠎ᠦᠨ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ ᠪᠤᠶᠤ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠣᠭᠲᠠᠭᠠᠯ ᠭᠠᠷᠭᠠᠬᠤ ᠶᠣᠰᠤᠲᠠᠢ ᠴᠢᠬᠤᠯᠠ ᠶᠡᠬᠡ ᠤᠴᠢᠷ ᠶᠠᠪᠤᠳᠠᠯ;
  (ᠬᠣᠶᠠᠷ) ᠲᠤᠰ ᠪᠡᠶ᠎ᠡ᠎ᠶᠢᠨ ᠡᠷᠬᠡ ᠲᠤᠱᠢᠶᠠᠯ᠎ᠤᠨ ᠬᠡᠪᠴᠢᠶᠡᠨ᠎ᠳ᠋ᠦ᠍ ᠪᠠᠢᠬᠤ ᠪᠣᠯᠪᠠᠴᠤ ᠴᠢᠬᠤᠯᠠ ᠶᠡᠬᠡ ᠠᠰᠠᠭᠤᠳᠠᠯ ᠪᠠ ᠪᠠᠢᠳᠠᠯ᠎ᠳᠤ ᠬᠣᠯᠪᠤᠭᠳᠠᠬᠤ ᠤᠴᠢᠷ ᠶᠠᠪᠤᠳᠠᠯ;
  (ᠭᠤᠷᠪᠠ) ᠨᠠᠮ᠎ᠤᠨ ᠵᠣᠬᠢᠶᠠᠨ ᠪᠠᠢᠭᠤᠯᠤᠯᠲᠠ᠎ᠶᠢ ᠲᠥᠯᠦᠭᠡᠯᠡᠨ ᠭᠠᠳᠠᠭᠱᠢ᠎ᠪᠠᠨ ᠴᠢᠬᠤᠯᠠ ᠰᠠᠨᠠᠯ ᠨᠡᠢᠲᠡᠯᠡᠬᠦ;
  (ᠳᠥᠷᠪᠡ) ᠤᠴᠢᠷ ᠱᠢᠯᠲᠠᠭᠠᠨ᠎ᠠᠴᠠ ᠪᠣᠯᠤᠭᠠᠳ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ ᠠᠷᠭ᠎ᠠ᠎ᠦᠭᠡᠢ ᠪᠣᠯᠤᠭᠰᠠᠨ ᠪᠤᠶᠤ ᠠᠵᠢᠯᠯᠠᠵᠤ ᠪᠠᠢᠭ᠎ᠠ ᠭᠠᠵᠠᠷ᠎ᠠᠴᠠ᠎ᠢᠶᠠᠨ ᠰᠠᠯᠬᠤ;
  (ᠲᠠᠪᠤ) ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠢᠭᠠᠪᠤᠷᠢ ᠠᠪᠬᠤ ᠶᠣᠰᠤᠲᠠᠢ ᠪᠤᠰᠤᠳ ᠤᠴᠢᠷ ᠶᠠᠪᠤᠳᠠᠯ᠃
  ᠭᠤᠴᠢᠨ ᠨᠠᠢ᠍ᠮᠠᠳᠤᠭᠠᠷ ᠵᠦᠢᠯ  ᠤᠳᠤᠷᠢᠳᠬᠤ ᠺᠠᠳ᠋ᠷ ᠳᠣᠣᠷᠠᠬᠢ ᠤᠴᠢᠷ ᠶᠠᠪᠤᠳᠠᠯ᠎ᠢ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠬᠦ ᠬᠡᠷᠡᠭᠲᠡᠢ᠄
  (ᠨᠢᠭᠡ) ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠤᠭᠰᠠᠨ ᠵᠢᠴᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠣᠭᠲᠠᠭᠠᠯ᠎ᠳᠠᠬᠢ ᠴᠢᠬᠤᠯᠠ ᠪᠠᠢᠳᠠᠯ ᠪᠠ ᠠᠰᠠᠭᠤᠳᠠᠯ;
  (ᠬᠣᠶᠠᠷ) ᠤᠯᠤᠰ ᠲᠥᠷᠦ᠎ᠶᠢᠨ ᠰᠠᠬᠢᠯᠭ᠎ᠠ ᠪᠠᠲᠤ ᠪᠠ ᠤᠯᠤᠰ ᠲᠥᠷᠦ᠎ᠶᠢᠨ ᠶᠣᠰᠤ ᠳᠦᠷᠢᠮ᠎ᠢ ᠵᠢᠷᠤᠮᠯᠠᠨ ᠰᠠᠬᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭᠴᠢ᠂ ᠪᠦᠬᠦ ᠨᠠᠮ᠎ᠤᠨ ᠭᠣᠣᠯᠯᠠᠭᠴᠢ᠎ᠶᠢᠨ ᠪᠠᠢᠷᠢ ᠰᠠᠭᠤᠷᠢ᠎ᠶᠢ ᠡᠷᠡᠰ ᠬᠠᠮᠠᠭᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠭᠰᠠᠨ ᠪᠠᠢᠳᠠᠯ;
  (ᠭᠤᠷᠪᠠ) ᠠᠷᠠᠳᠴᠢᠯᠠᠯ ᠲᠥᠪᠯᠡᠷᠡᠯ᠎ᠦᠨ ᠶᠣᠰᠤ᠎ᠶᠢ ᠪᠠᠷᠢᠮᠲᠠᠯᠠᠵᠤ᠂ ᠨᠠᠮ᠎ᠤᠨ ᠳᠣᠲᠤᠭᠠᠳᠤ᠎ᠶᠢᠨ ᠠᠷᠠᠳᠴᠢᠯᠠᠯ᠎ᠢ ᠪᠠᠳᠠᠷᠠᠭᠤᠯᠵᠤ᠂ ᠡᠷᠬᠡ᠎ᠪᠡᠨ ᠵᠥᠪ ᠬᠡᠷᠡᠭᠯᠡᠵᠦ᠂ ᠬᠠᠮᠲᠤ᠎ᠶᠢᠨ ᠤᠳᠤᠷᠢᠳᠤᠯᠭ᠎ᠠ᠎ᠳᠤ ᠣᠷᠤᠯᠴᠠᠭᠰᠠᠨ ᠪᠠᠢᠳᠠᠯ;
  (ᠳᠥᠷᠪᠡ) ᠤᠳᠤᠷᠢᠳᠬᠤ ᠪᠠᠭ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠥᠪᠡᠷ᠎ᠦᠨ ᠪᠠᠢᠭ᠎ᠠ ᠨᠠᠮ᠎ᠤᠨ ᠡᠭᠦᠷ (ᠨᠠᠮ᠎ᠤᠨ ᠤᠳᠤᠷᠢᠳᠬᠤ ᠳᠤᠭᠤᠢᠯᠠᠩ)᠎ᠤ᠋ᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠎ᠳᠤ ᠣᠷᠤᠯᠴᠠᠭᠰᠠᠨ ᠪᠠᠢᠳᠠᠯ;
  (ᠲᠠᠪᠤ) ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠭᠦᠢᠴᠡᠳᠭᠡᠵᠦ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ ᠵᠢᠴᠢ ᠠᠷᠢᠭᠤᠨ ᠴᠢᠬᠡᠴᠢ᠎ᠶᠢᠨ ᠰᠠᠬᠢᠯᠭ᠎ᠠ ᠪᠠᠲᠤ᠎ᠶᠢ ᠵᠢᠷᠤᠮᠯᠠᠨ ᠰᠠᠬᠢᠭᠰᠠᠨ ᠪᠠᠢᠳᠠᠯ;
  (ᠵᠢᠷᠭᠤᠭ᠎ᠠ) ᠴᠢᠬᠤᠯᠠ ᠶᠡᠬᠡ ᠱᠢᠢᠳᠪᠦᠷᠢᠲᠦ ᠪᠣᠳᠤᠯᠭ᠎ᠠ ᠲᠣᠭᠲᠠᠭᠠᠬᠤ᠎ᠳᠤ ᠠᠯᠳᠠᠱᠢ ᠭᠠᠷᠭᠠᠭᠰᠠᠨ ᠪᠤᠶᠤ ᠭᠡᠨᠡᠳᠲᠡ᠎ᠶᠢᠨ ᠬᠡᠷᠡᠭ᠎ᠢ ᠱᠢᠢᠳᠪᠦᠷᠢᠯᠡᠭᠰᠡᠨ᠎ᠨᠢ ᠵᠣᠬᠢᠰ᠎ᠦᠭᠡᠢ ᠪᠣᠯᠤᠭᠰᠠᠨ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠤᠷᠢᠨ ᠪᠠᠢᠴᠠᠭᠠᠬᠤ ᠪᠠ ᠬᠢᠨᠠᠨ ᠪᠣᠳᠤᠬᠤ᠎ᠳᠤ ᠢᠯᠡᠷᠡᠭᠦᠯᠦᠭᠰᠡᠨ ᠴᠢᠬᠤᠯᠠ ᠠᠰᠠᠭᠤᠳᠠᠯ ᠵᠢᠴᠢ ᠰᠠᠬᠢᠯᠭ᠎ᠠ ᠪᠠᠲᠤ᠎ᠶᠢ ᠵᠥᠷᠢᠴᠡᠵᠦ ᠬᠠᠤᠯᠢ ᠴᠠᠭᠠᠵᠠ᠎ᠶᠢ ᠵᠥᠷᠢᠴᠡᠭᠰᠡᠨ ᠪᠠᠢᠳᠠᠯ;
  (ᠳᠣᠯᠤᠭ᠎ᠠ) ᠲᠤᠱᠢᠶᠠᠯ ᠬᠠᠷᠢᠭᠤᠴᠠᠯᠭ᠎ᠠ᠎ᠪᠠᠨ ᠬᠡᠪ᠎ᠦᠨ ᠶᠣᠰᠤᠭᠠᠷ ᠭᠦᠢᠴᠡᠳᠭᠡᠬᠦ᠎ᠶᠢ ᠨᠥᠯᠦᠭᠡᠯᠡᠵᠦ ᠮᠡᠳᠡᠬᠦ ᠬᠦᠨᠳᠦ ᠡᠪᠡᠳᠴᠢᠨ᠎ᠳ᠋ᠦ᠍ ᠨᠡᠷᠪᠡᠭᠳᠡᠭᠰᠡᠨ ᠵᠡᠷᠭᠡ ᠪᠠᠢᠳᠠᠯ;
  (ᠨᠠᠢ᠍ᠮᠠ) ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠬᠦ ᠶᠣᠰᠤᠲᠠᠢ ᠪᠤᠰᠤᠳ ᠤᠴᠢᠷ ᠶᠠᠪᠤᠳᠠᠯ᠃
  ᠭᠤᠴᠢᠨ ᠶᠢᠰᠦᠳᠦᠭᠡᠷ ᠵᠦᠢᠯ ᠨᠠᠮ᠎ᠤᠨ ᠭᠡᠱᠢᠭᠦᠨ᠂ ᠤᠳᠤᠷᠢᠳᠬᠤ ᠺᠠᠳ᠋ᠷ ᠲᠣᠭᠲᠠᠭᠠᠯ ᠶᠣᠰᠤᠭᠠᠷ ᠠᠮᠠᠨ ᠬᠡᠯᠪᠡᠷᠢ᠂ ᠪᠢᠴᠢᠭ᠎ᠦᠨ ᠬᠡᠯᠪᠡᠷᠢ᠎ᠪᠡᠷ ᠵᠢᠭᠠᠪᠤᠷᠢ ᠠᠪᠴᠤ ᠮᠡᠳᠡᠭᠦᠯᠦᠨ᠎ᠡ᠃ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ᠂ ᠤᠳᠤᠷᠢᠳᠬᠤ ᠺᠠᠳ᠋ᠷ᠎ᠤᠨ ᠵᠢᠭᠠᠪᠤᠷᠢ ᠠᠪᠤᠭᠰᠠᠨ ᠤᠴᠢᠷ ᠶᠠᠪᠤᠳᠠᠯ᠎ᠢ ᠴᠠᠭ ᠲᠤᠬᠠᠢ᠎ᠳ᠋ᠤᠨᠢ ᠱᠢᠢᠳᠪᠦᠷᠢᠯᠡᠵᠦ᠂ ᠴᠢᠬᠤᠯᠠ᠎ᠲᠠᠢ ᠦᠶ᠎ᠡ᠎ᠳ᠋ᠦ᠍ ᠮᠡᠳᠡᠭᠦᠯᠦᠭᠰᠡᠨ ᠤᠴᠢᠷ ᠶᠠᠪᠤᠳᠠᠯ᠎ᠢ ᠰᠤᠳᠤᠯᠵᠤ ᠱᠢᠢᠳᠪᠦᠷᠢᠯᠡᠵᠦ ᠪᠣᠯᠤᠨ᠎ᠠ᠃


    ᠳᠣᠯᠤᠳᠤᠭᠠᠷ ᠪᠦᠯᠦᠭ   ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ


  ᠳᠥᠴᠢᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠠᠵᠢᠯ ᠥᠷᠨᠢᠭᠦᠯᠦᠭᠰᠡᠨ ᠪᠠᠢᠳᠠᠯ᠎ᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠠᠵᠢᠯ᠎ᠢᠶᠠᠨ ᠮᠡᠳᠡᠭᠦᠯᠬᠦ ᠴᠢᠬᠤᠯᠠ ᠠᠭᠤᠯᠭ᠎ᠠ᠎ᠳᠤ ᠣᠷᠤᠭᠤᠯᠬᠤ ᠬᠡᠷᠡᠭᠲᠡᠢ᠃
  ᠳᠥᠴᠢᠨ ᠨᠢᠭᠡᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠠᠵᠢᠯ᠎ᠤᠨ ᠱᠠᠭᠠᠷᠳᠠᠨ ᠪᠠᠢᠴᠠᠭᠠᠬᠤ ᠲᠣᠭᠲᠠᠴᠠ᠎ᠶᠢ ᠪᠠᠢᠭᠤᠯᠵᠤ ᠪᠦᠷᠢᠨᠱᠢᠭᠦᠯᠭᠦ ᠪᠥᠭᠡᠳ ᠵᠢᠭᠠᠪᠤᠷᠢ ᠠᠪᠴᠤ ᠮᠡᠳᠡᠭᠦᠯᠬᠦ ᠳᠦᠷᠢᠮ᠎ᠢ ᠬᠡᠷᠡᠭᠵᠢᠭᠦᠯᠦᠭᠰᠡᠨ ᠪᠠᠢᠳᠠᠯ᠎ᠢ ᠡᠳᠦᠷ ᠲᠤᠲᠤᠮ᠎ᠤᠨ ᠬᠢᠨᠠᠯᠲᠠ ᠲᠠᠯᠪᠢᠬᠤ ᠪᠠ ᠲᠣᠭᠤᠷᠢᠨ ᠪᠠᠢᠴᠠᠭᠠᠬᠤ ᠴᠠᠭᠳᠠᠨ ᠪᠠᠢᠴᠠᠭᠠᠬᠤ ᠬᠡᠪᠴᠢᠶᠡᠨ᠎ᠳ᠋ᠦ᠍ ᠣᠷᠤᠭᠤᠯᠬᠤ ᠬᠡᠷᠡᠭᠲᠡᠢ᠃
  ᠳᠥᠴᠢᠨ ᠬᠣᠶᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠪᠠᠢᠳᠠᠯ᠎ᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠥᠷᠦ᠎ᠶᠢᠨ ᠬᠠᠷᠢᠭᠤᠴᠠᠯᠭ᠎ᠠ᠎ᠶᠢ ᠭᠦᠢᠴᠡᠳᠭᠡᠬᠦ ᠴᠢᠬᠤᠯᠠ ᠠᠭᠤᠯᠭ᠎ᠠ᠎ᠪᠠᠨ ᠪᠣᠯᠭᠠᠵᠤ᠂ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠢᠴᠢ ᠲᠡᠭᠦᠨ᠎ᠦ ᠭᠣᠣᠯ ᠬᠠᠷᠢᠭᠤᠴᠠᠯᠭᠠᠲᠠᠨ ᠨᠥᠬᠦᠳ᠎ᠢ ᠬᠢᠨᠠᠨ ᠱᠢᠯᠭᠠᠵᠤ ᠦᠨᠡᠯᠡᠬᠦ ᠬᠡᠷᠡᠭᠲᠡᠢ᠃ ᠬᠢᠨᠠᠨ ᠱᠢᠯᠭᠠᠵᠤ ᠦᠨᠡᠯᠡᠬᠦ ᠠᠵᠢᠯ᠎ᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶᠢᠨ ᠬᠠᠷᠢᠭᠤᠴᠠᠯᠭ᠎ᠠ᠎ᠶᠢᠨ ᠳᠦᠷᠢᠮ᠎ᠢ ᠪᠠᠢᠴᠠᠭᠠᠬᠤ ᠬᠢᠨᠠᠨ ᠱᠢᠯᠭᠠᠬᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠢ ᠬᠢᠨᠠᠨ ᠱᠢᠯᠭᠠᠬᠤ ᠵᠡᠷᠭᠡ᠎ᠲᠡᠢ ᠤᠶᠠᠯᠳᠤᠭᠤᠯᠵᠤ᠂ ᠦᠷ᠎ᠡ ᠳ᠋ᠦᠩ᠎ᠢ ᠵᠣᠬᠢᠰᠲᠠᠢ ᠠᠷᠭ᠎ᠠ᠎ᠪᠠᠷ ᠵᠠᠷᠯᠠᠨ ᠮᠡᠳᠡᠭᠳᠡᠬᠦ ᠬᠡᠷᠡᠭᠲᠡᠢ᠃
  ᠳᠥᠴᠢᠨ ᠭᠤᠷᠪᠠᠳᠤᠭᠠᠷ ᠵᠦᠢᠯ  ᠠᠯᠳᠠᠭ᠎ᠠ ᠪᠤᠷᠤᠭᠤ᠎ᠶᠢ ᠵᠠᠯᠠᠷᠠᠭᠤᠯᠬᠤ ᠲᠣᠭᠲᠠᠴᠠ᠎ᠶᠢ ᠪᠠᠢᠭᠤᠯᠤᠨ ᠪᠦᠷᠢᠨᠱᠢᠭᠦᠯᠵᠤ᠂ ᠴᠢᠬᠤᠯᠠ ᠶᠡᠬᠡ ᠤᠴᠢᠷ ᠶᠠᠪᠤᠳᠠᠯ᠎ᠢ ᠵᠢᠭᠠᠪᠤᠷᠢ ᠠᠪᠴᠤ ᠮᠡᠳᠡᠭᠦᠯᠬᠦ ᠠᠵᠢᠯ᠎ᠳᠤ ᠪᠡᠶᠡᠴᠢ ᠴᠣᠭᠴᠠ ᠵᠣᠬᠢᠰ᠎ᠦᠭᠡᠢ᠂ ᠠᠭᠤᠯᠭ᠎ᠠ ᠣᠨᠤᠪᠴᠢᠲᠠᠢ ᠪᠢᠱᠢ᠂ ᠳᠡᠰ ᠳᠠᠷᠠᠭᠠᠯᠠᠯ᠎ᠨᠢ ᠵᠢᠷᠤᠮᠵᠢᠯ᠎ᠦᠭᠡᠢ᠂ ᠠᠷᠭ᠎ᠠ ᠬᠡᠯᠪᠡᠷᠢ᠎ᠨᠢ ᠵᠣᠬᠢᠰ᠎ᠦᠭᠡᠢ ᠪᠠᠢᠬᠤ ᠵᠡᠷᠭᠡ ᠠᠰᠠᠭᠤᠳᠠᠯ ᠢᠯᠡᠷᠡᠪᠡᠯ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠴᠠᠭ ᠲᠤᠬᠠᠢ᠎ᠳ᠋ᠤᠨᠢ ᠰᠠᠨᠠᠭᠤᠯᠤᠨ ᠵᠠᠯᠠᠷᠠᠭᠤᠯᠬᠤ ᠪᠥᠭᠡᠳ ᠬᠠᠮᠢᠶ᠎ᠠ ᠪᠦᠬᠦᠢ ᠪᠠᠢᠳᠠᠯ᠎ᠢ ᠬᠢᠨᠠᠨ ᠱᠢᠯᠭᠠᠵᠤ ᠵᠠᠷᠯᠠᠨ ᠮᠡᠳᠡᠭᠳᠡᠬᠦ᠎ᠳ᠋ᠦ᠍ ᠢᠯᠡᠷᠡᠭᠦᠯᠬᠦ ᠬᠡᠷᠡᠭᠲᠡᠢ᠃
  ᠳᠥᠴᠢᠨ ᠳᠥᠷᠪᠡᠳᠦᠭᠡᠷ ᠵᠦᠢᠯ  ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠬᠡᠷᠡᠭᠵᠢᠭᠦᠯᠬᠦ᠎ᠳ᠋ᠦ᠍᠂ ᠳᠣᠣᠷᠠᠬᠢ ᠪᠠᠢᠳᠠᠯ᠎ᠤᠨ ᠨᠢᠭᠡ᠎ᠨᠢ ᠪᠠᠢᠪᠠᠯ ᠲᠣᠭᠲᠠᠭᠠᠯ ᠶᠣᠰᠤᠭᠠᠷ ᠰᠠᠬᠢᠯᠭ᠎ᠠ ᠪᠠᠲᠤ ᠶᠣᠰᠤᠭᠠᠷ ᠬᠠᠮᠢᠶ᠎ᠠ ᠪᠦᠬᠦᠢ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠂ ᠤᠳᠤᠷᠢᠳᠬᠤ ᠺᠠᠳ᠋ᠷ ᠵᠢᠴᠢ ᠠᠵᠢᠯᠲᠠᠨ᠎ᠠᠴᠠ ᠬᠠᠷᠢᠭᠤᠴᠠᠯᠭ᠎ᠠ ᠨᠡᠬᠡᠮᠵᠢᠯᠡᠵᠦ᠂ ᠬᠠᠤᠯᠢ᠎ᠠᠴᠠ ᠵᠥᠷᠢᠴᠡᠵᠦ ᠶᠠᠯ᠎ᠠ ᠬᠢᠭᠰᠡᠨ᠎ᠳ᠋ᠦ᠍ ᠬᠣᠯᠪᠤᠭᠳᠠᠭᠰᠠᠨ ᠪᠠᠢᠪᠠᠯ ᠬᠠᠮᠢᠶ᠎ᠠ ᠪᠦᠬᠦᠢ ᠬᠠᠤᠯᠢ ᠴᠠᠭᠠᠵᠠ ᠲᠣᠭᠲᠠᠭᠠᠯ ᠶᠣᠰᠤᠭᠠᠷ ᠱᠢᠢᠳᠪᠦᠷᠢᠯᠡᠬᠦ ᠬᠡᠷᠡᠭᠲᠡᠢ᠄
  (ᠨᠢᠭᠡ) ᠤᠯᠤᠰ ᠲᠥᠷᠦ᠎ᠶᠢᠨ ᠰᠠᠬᠢᠯᠭ᠎ᠠ ᠪᠠᠲᠤ ᠪᠠ ᠤᠯᠤᠰ ᠲᠥᠷᠦ᠎ᠶᠢᠨ ᠶᠣᠰᠤ ᠳᠦᠷᠢᠮ᠎ᠡᠴᠡ ᠵᠥᠷᠢᠴᠡᠵᠦ᠂ ᠨᠠᠮ᠎ᠤᠨ ᠲᠥᠪ ᠬᠣᠷᠢᠶᠠᠨ᠎ᠠᠴᠠ ᠲᠣᠭᠲᠠᠭᠠᠬᠤ ᠶᠣᠰᠤᠲᠠᠢ ᠴᠢᠬᠤᠯᠠ ᠶᠡᠬᠡ ᠤᠴᠢᠷ ᠶᠠᠪᠤᠳᠠᠯ᠎ᠢ ᠳᠤᠷ᠎ᠠ᠎ᠪᠠᠷ᠎ᠪᠠᠨ ᠲᠣᠭᠲᠠᠭᠠᠬᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠣᠬᠢᠷᠠᠭᠤᠯᠤᠭᠰᠠᠨ;
  (ᠬᠣᠶᠠᠷ) ᠤᠳᠤᠷᠢᠳᠬᠤ ᠬᠠᠷᠢᠭᠤᠴᠠᠯᠭ᠎ᠠ᠎ᠶᠢ ᠭᠦᠢᠴᠡᠳᠭᠡᠭᠰᠡᠨ᠎ᠢᠶᠡᠷ ᠬᠦᠷᠦᠯᠴᠡᠬᠦ᠎ᠦᠭᠡᠢ᠂ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠠᠵᠢᠯ᠎ᠢ ᠴᠢᠬᠤᠯᠠᠴᠢᠯᠠᠬᠤ᠎ᠦᠭᠡᠢ ᠪᠠᠢᠷᠢᠯᠠᠭᠤᠯᠬᠤ᠎ᠦᠭᠡᠢ᠂ ᠠᠵᠢᠯ᠎ᠢ ᠰᠠᠢᠲᠤᠷ ᠥᠷᠨᠢᠭᠦᠯᠦᠭᠰᠡᠨ᠎ᠦᠭᠡᠢ;
  (ᠭᠤᠷᠪᠠ) ᠵᠣᠬᠢᠶᠠᠨ ᠪᠠᠢᠭᠤᠯᠤᠯᠲᠠ᠎ᠶᠢᠨ ᠵᠠᠷᠴᠢᠮ᠎ᠠᠴᠠ ᠵᠥᠷᠢᠴᠡᠵᠦ᠂ ᠵᠢᠭᠠᠪᠤᠷᠢ ᠠᠪᠬᠤ ᠴᠢᠬᠤᠯᠠᠲᠠᠢ᠎ᠶᠢ᠎ᠨᠢ ᠵᠢᠭᠠᠪᠤᠷᠢ ᠠᠪᠬᠤ᠎ᠦᠭᠡᠢ᠂ ᠮᠡᠳᠡᠭᠦᠯᠬᠦ ᠴᠢᠬᠤᠯᠠᠲᠠᠢ᠎ᠶᠢ᠎ᠨᠢ ᠮᠡᠳᠡᠭᠦᠯᠦᠭᠰᠡᠨ᠎ᠦᠭᠡᠢ;
  (ᠳᠥᠷᠪᠡ) ᠬᠠᠷᠢᠭᠤᠴᠠᠯᠭ᠎ᠠ ᠡᠭᠦᠷᠭᠡᠯᠡᠬᠦ ᠲᠠᠯ᠎ᠠ᠎ᠪᠠᠷ ᠳᠤᠲᠠᠮᠠᠭ᠂ ᠬᠠᠷᠢᠯᠴᠠᠨ ᠲᠦᠯᠬᠢᠯᠴᠡᠵᠦ ᠠᠯᠪᠠ ᠬᠠᠱᠢᠵᠤ᠂ ᠵᠥᠷᠢᠴᠡᠯ᠎ᠢ ᠳᠡᠭᠡᠭᠱᠢ ᠲᠤᠱᠢᠶᠠᠵᠤ᠂ ᠠᠵᠢᠯ᠎ᠳᠣ᠌᠎ᠪᠠᠨ ᠨᠠᠵᠠᠭᠠᠢ ᠪᠠᠢᠬᠤ;
  (ᠲᠠᠪᠤ) ᠬᠡᠯᠪᠡᠷᠢᠴᠢ ᠦᠵᠡᠯ᠂ ᠨᠣᠶᠠᠨᠴᠢ ᠦᠵᠡᠯ ᠭᠠᠷᠭᠠᠬᠤ᠂ ᠵᠢᠭᠠᠪᠤᠷᠢ ᠠᠪᠴᠤ ᠮᠡᠳᠡᠭᠦᠯᠬᠦ ᠠᠭᠤᠯᠭ᠎ᠠ᠎ᠨᠢ ᠪᠣᠳᠠᠲᠠᠢ ᠪᠢᠱᠢ᠂ ᠮᠡᠳᠡᠭᠡ ᠵᠠᠩᠭᠢ᠎ᠨᠢ ᠣᠨᠤᠪᠴᠢᠲᠠᠢ ᠪᠢᠱᠢ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ;
  (ᠵᠢᠷᠭᠤᠭ᠎ᠠ) ᠠᠵᠢᠯ᠎ᠤᠨ ᠱᠠᠭᠠᠷᠳᠠᠯᠭ᠎ᠠ᠎ᠠᠴᠠ ᠵᠥᠷᠢᠴᠡᠵᠦ᠂ ᠲᠣᠭᠲᠠᠭᠰᠠᠨ ᠳᠡᠰ ᠳᠠᠷᠠᠭᠠᠯᠠᠯ ᠪᠠ ᠠᠷᠭ᠎ᠠ ᠬᠡᠯᠪᠡᠷᠢ ᠶᠣᠰᠤᠭᠠᠷ ᠵᠢᠭᠠᠪᠤᠷᠢ ᠠᠪᠴᠤ ᠮᠡᠳᠡᠭᠦᠯᠬᠦ᠎ᠦᠭᠡᠢ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ;
  (ᠳᠣᠯᠤᠭ᠎ᠠ) ᠬᠠᠷᠢᠭᠤᠴᠠᠯᠭ᠎ᠠ ᠨᠡᠬᠡᠮᠵᠢᠯᠡᠬᠦ ᠶᠣᠰᠤᠲᠠᠢ ᠪᠤᠰᠤᠳ ᠪᠠᠢᠳᠠᠯ᠃


    ᠨᠠᠢ᠍ᠮᠠᠳᠤᠭᠠᠷ ᠪᠦᠯᠦᠭ   ᠳᠠᠭᠠᠯᠳᠤᠭᠤᠯᠤᠯ


  ᠳᠥᠴᠢᠨ ᠲᠠᠪᠤᠳᠤᠭᠠᠷ ᠵᠦᠢᠯ  ᠡᠯ᠎ᠡ ᠮᠤᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠨᠠᠮ᠎ᠤᠨ ᠬᠣᠷᠢᠶ᠎ᠠ᠂ ᠲᠥᠪ᠎ᠦᠨ ᠡᠯ᠎ᠡ ᠵᠦᠢᠯ᠎ᠦᠨ ᠱᠢᠢᠳᠪᠦᠷᠢᠲᠦ ᠪᠣᠳᠤᠯᠭ᠎ᠠ ᠲᠣᠭᠲᠠᠭᠠᠬᠤ ᠤᠴᠢᠷ ᠶᠠᠪᠤᠳᠠᠯ ᠵᠥᠪᠯᠡᠬᠦ᠎ᠶᠢ ᠵᠣᠬᠢᠴᠠᠭᠤᠯᠬᠤ ᠪᠠᠢᠭᠤᠯᠤᠮᠵᠢ᠂ ᠲᠥᠪ᠎ᠦᠨ ᠡᠯ᠎ᠡ ᠰᠠᠯᠠᠭ᠎ᠠ ᠮᠥᠴᠢᠷ᠂ ᠲᠥᠪ᠎ᠦᠨ ᠲᠥᠷᠦ᠎ᠶᠢᠨ ᠪᠠᠢᠭᠤᠯᠭ᠎ᠠ᠎ᠶᠢᠨ ᠡᠯ᠎ᠡ ᠶᠠᠮᠤᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠠᠵᠢᠯ᠎ᠤᠨ ᠪᠣᠳᠠᠲᠤ ᠪᠠᠢᠳᠠᠯ᠎ᠲᠠᠢ᠎ᠢᠶᠠᠨ ᠨᠢᠭᠲᠠ ᠤᠶᠠᠯᠳᠤᠭᠤᠯᠵᠤ ᠪᠣᠳᠠᠲᠠᠢ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠢ᠃
  ᠳᠥᠴᠢᠨ ᠵᠢᠷᠭᠤᠳᠤᠭᠠᠷ ᠵᠦᠢᠯ  ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠲᠤᠰ ᠳᠦᠷᠢᠮ᠎ᠢ ᠦᠨᠳᠦᠰᠦᠯᠡᠨ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ ᠪᠠ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭᠠᠨ᠎ᠤ ᠴᠡᠷᠢᠭ ᠠᠩᠭᠢ᠎ᠶᠢᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠬᠠᠮᠢᠶ᠎ᠠ ᠪᠦᠬᠦᠢ ᠲᠣᠭᠲᠠᠭᠠᠯ ᠲᠣᠭᠲᠠᠭᠠᠵᠤ ᠪᠣᠯᠤᠨ᠎ᠠ᠃
  ᠳᠥᠴᠢᠨ ᠳᠣᠯᠤᠳᠤᠭᠠᠷ ᠵᠦᠢᠯ  ᠲᠤᠰ ᠳᠦᠷᠢᠮ᠎ᠢ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠡᠴᠡ ᠬᠠᠷᠢᠭᠤᠴᠠᠵᠤ ᠲᠠᠢᠯᠪᠤᠷᠢᠯᠠᠨ᠎ᠠ᠃
  ᠳᠥᠴᠢᠨ ᠨᠠᠢ᠍ᠮᠠᠳᠤᠭᠠᠷ ᠵᠦᠢᠯ  ᠲᠤᠰ ᠳᠦᠷᠢᠮ᠎ᠢ 2019 ᠣᠨ᠎ᠤ 1 ᠰᠠᠷ᠎ᠠ᠎ᠶᠢᠨ 31᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

 

    (ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ)

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃