ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠳᠦᠷᠢᠮ
2021.09.29

    ᠨᠢᠭᠡᠳᠦᠭᠡᠷ ᠪᠦᠯᠦᠭ  ᠶᠡᠷᠦᠩᠬᠡᠢ ᠳᠦᠷᠢᠮ


  ᠨᠢᠭᠡᠳᠦᠭᠡᠷ ᠵᠦᠢᠯ  ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢ ᠴᠢᠩᠭᠠᠳᠭᠠᠵᠤ᠂ ᠨᠠᠮ᠎ᠤᠨ ᠭᠡᠱᠢᠭᠦᠨ᠎ᠦ ᠡᠩᠨᠡᠭᠡ᠎ᠶᠢᠨ ᠪᠠᠢᠭᠤᠯᠤᠯᠲᠠ᠎ᠶᠢᠨ ᠴᠢᠨᠠᠷ ᠴᠢᠨᠰᠠᠭ᠎ᠠ᠎ᠶᠢ ᠳᠡᠭᠡᠭᠱᠢᠯᠡᠭᠦᠯᠵᠦ᠂ ᠨᠠᠮ᠎ᠤᠨ ᠭᠡᠱᠢᠭᠦᠨ᠎ᠦ ᠡᠩᠨᠡᠭᠡ᠎ᠶᠢᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠪᠠᠲᠤᠯᠠᠬᠤ᠎ᠶᠢᠨ ᠲᠥᠯᠦᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》ᠪᠠ ᠬᠣᠯᠪᠤᠭᠳᠠᠯ ᠪᠦᠬᠦᠢ ᠨᠠᠮ᠎ᠤᠨ ᠳᠣᠲᠤᠭᠠᠳᠤ᠎ᠶᠢᠨ ᠬᠠᠤᠯᠢ ᠳᠦᠷᠢᠮ᠎ᠢ ᠦᠨᠳᠦᠰᠦᠯᠡᠵᠦ᠂ ᠲᠤᠰ ᠳᠦᠷᠢᠮ᠎ᠢ ᠲᠣᠭᠲᠠᠭᠠᠪᠠ᠃
  ᠬᠣᠶᠠᠳᠤᠭᠠᠷ ᠵᠦᠢᠯ  ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ ᠪᠣᠯ ᠨᠠᠮ᠎ᠤᠨ ᠪᠠᠢᠭᠤᠯᠤᠯᠲᠠ᠎ᠶᠢᠨ ᠰᠠᠭᠤᠷᠢ ᠴᠢᠨᠠᠷᠲᠠᠢ ᠪᠠᠢᠩᠭᠤ᠎ᠶᠢᠨ ᠴᠢᠨᠠᠷᠲᠠᠢ ᠠᠵᠢᠯ ᠮᠥᠨ᠃ ᠨᠠᠮ᠎ᠤᠨ ᠵᠣᠬᠢᠶᠠᠨ ᠪᠠᠢᠭᠤᠯᠤᠯᠲᠠ᠎ᠨᠢ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢ ᠴᠢᠩᠭᠠᠳᠭᠠᠵᠤ᠂ ᠨᠠᠮ᠎ᠤᠨ ᠭᠡᠱᠢᠭᠦᠨ᠎ᠢ ᠬᠥᠲᠦᠯᠦᠨ ᠵᠢᠯᠤᠭᠤᠳᠴᠤ ᠡᠪ ᠬᠠᠮᠲᠤ ᠶᠣᠰᠤᠨ᠎ᠤ ᠠᠯᠤᠰ ᠬᠡᠳᠦ᠎ᠶᠢᠨ ᠬᠦᠰᠡᠯᠡᠩ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠮᠲᠤ᠎ᠶᠢᠨ ᠬᠦᠰᠡᠯᠡᠩ᠎ᠢ ᠪᠠᠲᠤᠳᠭᠠᠵᠤ᠂《ᠳᠥᠷᠪᠡᠨ ᠤᠬᠠᠮᠰᠠᠷ》ᠢ᠋ ᠴᠢᠩᠭᠠᠳᠭᠠᠵᠤ᠂ 《ᠳᠥᠷᠪᠡᠨ ᠢᠲᠡᠭᠡᠯ》 ᠢ᠋ ᠪᠠᠲᠤᠳᠭᠠᠵᠤ᠂ 《ᠬᠣᠶᠠᠷ᠎ᠢ ᠬᠠᠮᠠᠭᠠᠯᠠᠬᠤ》ᠶ᠋ᠢ ᠪᠡᠶᠡᠯᠡᠭᠦᠯᠵᠦ᠂ ᠨᠠᠮᠴᠢ ᠴᠢᠨᠠᠷ᠎ᠢ ᠴᠢᠩᠭᠠᠳᠭᠠᠨ᠂ ᠬᠡᠪ ᠪᠣᠯᠪᠠᠰᠤᠷᠠᠯ᠎ᠢ ᠳᠡᠭᠡᠭᠱᠢᠯᠡᠭᠦᠯᠵᠦ᠂ ᠡᠭᠦᠷᠭᠡ᠎ᠪᠡᠨ ᠨᠠᠷᠢᠨ ᠬᠢᠨᠠᠮᠠᠭᠠᠢ ᠭᠦᠢᠴᠡᠳᠭᠡᠵᠦ᠂ ᠡᠷᠬᠡ᠎ᠪᠡᠨ ᠵᠥᠪ ᠬᠡᠷᠡᠭᠵᠢᠭᠦᠯᠵᠦ᠂ ᠬᠣᠱᠢᠭᠤᠴᠢ ᠵᠢᠱᠢᠶᠡᠴᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ᠃
  ᠭᠤᠷᠪᠠᠳᠤᠭᠠᠷ ᠵᠦᠢᠯ  ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠳᠤ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠣᠣ ᠫᠢᠩ᠎ᠦᠨ ᠣᠨᠤᠯ᠂ 《ᠭᠤᠷᠪᠠ᠎ᠶᠢ ᠲᠥᠯᠦᠭᠡᠯᠡᠬᠦ》ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠱᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ ᠪᠠ ᠱᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠤᠭᠤᠮ᠎ᠢ ᠨᠠᠢᠳᠠᠪᠤᠷᠢᠵᠢᠭᠤᠯᠵᠤ᠂ ᠬᠥᠮᠦᠵᠢᠭᠦᠯᠬᠦ᠂ ᠬᠠᠮᠢᠶᠠᠷᠬᠤ᠂ ᠬᠢᠨᠠᠯᠲᠠ ᠲᠠᠯᠪᠢᠬᠤ᠂ ᠦᠢᠯᠡᠴᠢᠯᠡᠬᠦ᠎ᠶᠢ ᠤᠶᠠᠯᠳᠤᠭᠤᠯᠵᠤ᠂《ᠬᠣᠶᠠᠷ᠎ᠢ ᠰᠤᠷᠤᠯᠴᠠᠵᠤ ᠨᠢᠭᠡ᠎ᠳ᠋ᠦ᠍ ᠲᠡᠩᠴᠡᠭᠦᠯᠬᠦ》ᠰᠤᠷᠤᠯᠴᠠᠯᠭ᠎ᠠ ᠬᠥᠮᠦᠵᠢᠯ᠎ᠦᠨ ᠪᠠᠢᠩᠭᠤᠵᠢᠯ ᠳᠦᠷᠢᠮᠵᠢᠯ᠎ᠢ ᠠᠬᠢᠭᠤᠯᠵᠤ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠴᠢᠭᠯᠡᠭᠦᠯᠦᠯᠳᠦ ᠴᠢᠨᠠᠷ ᠪᠠ ᠪᠦᠲᠦᠮᠵᠢᠲᠦ ᠴᠢᠨᠠᠷ᠎ᠢ ᠲᠠᠰᠤᠷᠠᠯᠲᠠ᠎ᠦᠭᠡᠢ ᠴᠢᠩᠭᠠᠷᠠᠭᠤᠯᠵᠤ᠂ ᠤᠯᠤᠰ ᠲᠥᠷᠦ᠎ᠶᠢᠨ ᠲᠠᠯ᠎ᠠ᠎ᠪᠠᠷ ᠬᠢᠷᠢ ᠲᠡᠩᠴᠡᠭᠰᠡᠨ᠂ ᠰᠠᠬᠢᠯᠭ᠎ᠠ ᠪᠠᠲᠤ ᠬᠡᠷᠡᠭᠵᠢᠭᠦᠯᠬᠦ ᠲᠠᠯ᠎ᠠ᠎ᠪᠠᠷ ᠬᠢᠷᠢ ᠲᠡᠩᠴᠡᠭᠰᠡᠨ᠂ ᠵᠠᠩ ᠰᠤᠷᠲᠠᠯ ᠬᠢᠷᠢ ᠲᠡᠩᠴᠡᠭᠰᠡᠨ᠂ ᠦᠢᠯᠡᠳᠦᠯ᠎ᠢᠶᠡᠨ ᠪᠠᠳᠠᠷᠠᠭᠤᠯᠬᠤ ᠲᠠᠯ᠎ᠠ᠎ᠪᠠᠷ ᠬᠢᠷᠢ ᠲᠡᠩᠴᠡᠭᠰᠡᠨ ᠨᠠᠮ᠎ᠤᠨ ᠭᠡᠱᠢᠭᠦᠨ᠎ᠦ ᠡᠩᠨᠡᠭᠡ᠎ᠶᠢ ᠴᠢᠷᠮᠠᠢᠨ ᠪᠠᠢᠭᠤᠯᠬᠤ ᠬᠡᠷᠡᠭᠲᠡᠢ᠃
  ᠳᠥᠷᠪᠡᠳᠦᠭᠡᠷ ᠵᠦᠢᠯ  ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠳᠤ ᠳᠣᠣᠷᠠᠬᠢ ᠵᠠᠷᠴᠢᠮ᠎ᠢ ᠵᠢᠷᠤᠮᠯᠠᠨ᠎ᠠ᠄
  (ᠨᠢᠭᠡ) ᠨᠠᠮ᠎ᠨᠢ ᠨᠠᠮ᠎ᠢ ᠬᠠᠮᠢᠶᠠᠷᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠵᠤ᠂ ᠴᠢᠩᠭ᠎ᠠ ᠪᠠᠢᠬᠤ ᠱᠠᠭᠠᠷᠳᠠᠯᠭ᠎ᠠ᠎ᠶᠢ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠪᠦᠬᠦ ᠶᠠᠪᠤᠴᠠ ᠪᠠ ᠡᠯ᠎ᠡ ᠲᠠᠯ᠎ᠠ᠎ᠳᠤ ᠨᠠᠢᠳᠠᠪᠤᠷᠢᠵᠢᠭᠤᠯᠵᠤ᠂ ᠨᠠᠮ᠎ᠤᠨ ᠭᠡᠱᠢᠭᠦᠨ ᠤᠳᠤᠷᠢᠳᠬᠤ ᠺᠠᠳ᠋ᠷ ᠲᠦᠷᠦᠭᠦᠯᠡᠨ ᠬᠥᠮᠦᠵᠢᠯ ᠬᠠᠮᠢᠶᠠᠷᠤᠯᠲᠠ᠎ᠶᠢ ᠬᠦᠯᠢᠶᠡᠬᠦ ᠬᠡᠷᠡᠭᠲᠡᠢ;
  (ᠬᠣᠶᠠᠷ) ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠠᠬᠢᠷᠤᠭᠤᠯᠬᠤ᠎ᠶᠢ ᠪᠠᠷᠢᠮᠲᠠᠯᠠᠵᠤ᠂ ᠨᠠᠮᠴᠢ ᠴᠢᠨᠠᠷ᠎ᠤᠨ ᠬᠥᠮᠦᠵᠢᠯ ᠪᠣᠯᠤᠨ ᠤᠯᠤᠰ ᠲᠥᠷᠦ᠎ᠶᠢᠨ ᠣᠨᠤᠯ᠎ᠤᠨ ᠬᠥᠮᠦᠵᠢᠯ᠎ᠢ ᠳᠣᠪᠣᠢᠯᠭᠠᠵᠤ᠂ ᠨᠠᠮ᠎ᠤᠨ ᠭᠡᠱᠢᠭᠦᠨ᠎ᠢ ᠬᠥᠲᠦᠯᠦᠨ ᠵᠢᠯᠤᠭᠤᠳᠴᠤ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ᠎ᠶᠢ ᠵᠢᠷᠤᠮᠯᠠᠨ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ ᠬᠡᠷᠡᠭᠲᠡᠢ;
  (ᠭᠤᠷᠪᠠ) ᠭᠣᠣᠯᠳᠠᠯᠭ᠎ᠠ᠎ᠶᠢᠨ ᠲᠣᠭᠤᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠵᠠᠰᠤ ᠴᠢᠨᠠᠷ ᠪᠠ ᠪᠣᠳᠠᠲᠤ ᠦᠷ᠎ᠡ ᠪᠦᠲᠦᠮᠵᠢ᠎ᠶᠢ ᠴᠢᠬᠤᠯᠠᠴᠢᠯᠠᠵᠤ᠂ ᠨᠠᠮ᠎ᠤᠨ ᠣᠨᠤᠯ ᠪᠠ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢᠨ ᠲᠤᠭᠤᠱᠢᠯᠠᠭᠳᠠᠨ ᠨᠠᠢᠳᠠᠪᠤᠷᠢᠵᠢᠭᠳᠠᠬᠤ᠎ᠶᠢ ᠪᠠᠲᠤᠯᠠᠬᠤ ᠬᠡᠷᠡᠭᠲᠡᠢ;
  (ᠳᠥᠷᠪᠡ) ᠪᠣᠳᠠᠲᠠᠢ ᠪᠠᠢᠳᠠᠯ᠎ᠠᠴᠠ ᠡᠭᠦᠰᠬᠦ᠎ᠶᠢ ᠪᠠᠷᠢᠮᠲᠠᠯᠠᠵᠤ᠂ ᠲᠥᠷᠦᠯ ᠬᠤᠪᠢᠶᠠᠨ ᠵᠢᠯᠣᠭᠣᠳᠭᠤ᠎ᠶᠢ ᠴᠢᠩᠭᠠᠳᠭᠠᠵᠤ᠂ ᠨᠠᠮ᠎ᠤᠨ ᠭᠡᠱᠢᠭᠦᠨ᠎ᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠬᠦᠨᠳᠦᠳᠭᠡᠵᠦ᠂ ᠨᠠᠮ᠎ᠤᠨ ᠡᠭᠦᠷ᠎ᠦᠨ ᠨᠠᠮ᠎ᠤᠨ ᠭᠡᠱᠢᠭᠦᠨ᠎ᠢ ᠬᠥᠮᠦᠵᠢᠭᠦᠯᠬᠦ᠂ ᠬᠠᠮᠢᠶᠠᠷᠬᠤ᠂ ᠬᠢᠨᠠᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ᠃


    ᠬᠣᠶᠠᠳᠤᠭᠠᠷ ᠪᠦᠯᠦᠭ  ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠤᠨ᠎ᠠ


  ᠲᠠᠪᠤᠳᠤᠭᠠᠷ ᠵᠦᠢᠯ  ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠪᠦᠬᠦ ᠨᠠᠮ᠎ᠢ ᠵᠡᠪᠰᠡᠭᠯᠡᠬᠦ᠎ᠶᠢ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠲᠡᠷᠢᠭᠦᠨ ᠴᠢᠬᠤᠯᠠ ᠤᠯᠤᠰ ᠲᠥᠷᠦ᠎ᠶᠢᠨ ᠡᠭᠦᠷᠭᠡ ᠪᠣᠯᠭᠠᠵᠤ᠂ ᠨᠠᠮ᠎ᠤᠨ ᠭᠡᠱᠢᠭᠦᠨ᠎ᠢ ᠬᠥᠲᠦᠯᠦᠨ ᠵᠢᠯᠤᠭᠤᠳᠴᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠬᠤ᠎ᠶᠢᠨ ᠴᠢᠬᠤᠯᠠ ᠶᠡᠬᠡ ᠠᠴᠢ ᠬᠣᠯᠪᠤᠭᠳᠠᠯ᠎ᠢ ᠭᠦᠢᠴᠡᠳ ᠲᠠᠨᠢᠭᠤᠯᠵᠤ᠂ ᠤᠬᠠᠮᠰᠠᠷ᠎ᠠᠴᠠ᠎ᠢᠶᠠᠨ ᠰᠠᠢᠲᠤᠷ ᠣᠢᠯᠠᠭᠠᠵᠤ ᠳᠤᠭᠤᠷᠠᠲᠠᠯ᠎ᠠ ᠮᠡᠳᠡᠵᠦ ᠪᠣᠳᠠᠲᠠᠢ ᠬᠢᠬᠦ ᠪᠣᠯᠭᠠᠬᠤ ᠬᠡᠷᠡᠭᠲᠡᠢ᠃
  ᠵᠢᠷᠭᠤᠳᠤᠭᠠᠷ ᠵᠦᠢᠯ  ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠵᠤ ᠤᠭ ᠪᠦᠲᠦᠭᠡᠯ᠎ᠢ᠎ᠨᠢ ᠤᠩᠱᠢᠵᠤ᠂ ᠤᠭ ᠵᠣᠬᠢᠶᠠᠯ᠎ᠢ᠎ᠨᠢ ᠰᠤᠷᠤᠯᠴᠠᠵᠤ᠂ ᠤᠭ ᠶᠣᠰᠤ᠎ᠶᠢ᠎ᠨᠢ ᠣᠢᠯᠠᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠭᠣᠣᠯ ᠶᠣᠰᠤ ᠤᠴᠢᠷ᠂ ᠦᠨᠳᠦᠰᠦᠨ ᠵᠣᠷᠢᠭ ᠰᠠᠨᠠᠭ᠎ᠠ᠂ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠡᠭᠦᠨ᠎ᠳ᠋ᠦ᠍ ᠲᠤᠭᠤᠱᠢᠯᠠᠭᠳᠠᠵᠤ ᠪᠠᠢᠭ᠎ᠠ ᠮᠠᠷᠺᠰ᠎ᠤᠨ ᠦᠵᠡᠯ᠎ᠦᠨ ᠵᠣᠭᠰᠤᠯᠲᠠ ᠦᠵᠡᠯᠲᠡ ᠠᠷᠭ᠎ᠠ᠎ᠶᠢ ᠡᠵᠡᠮᠱᠢᠵᠦ᠂ ᠤᠯᠤᠰ ᠲᠥᠷᠦ᠎ᠶᠢᠨ ᠤᠬᠠᠮᠰᠠᠷ᠂ ᠣᠨᠤᠯ᠎ᠤᠨ ᠢᠲᠡᠭᠡᠯ᠂ ᠰᠡᠳᠭᠢᠯ ᠰᠠᠨᠠᠭᠠᠨ᠎ᠤ ᠠᠭᠤᠰᠤᠯᠴᠠᠯ᠎ᠢᠶᠠᠨ ᠴᠢᠩᠭᠠᠳᠭᠠᠬᠤ ᠬᠡᠷᠡᠭᠲᠡᠢ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠬᠤ᠎ᠪᠠᠷ ᠭᠣᠣᠯ ᠠᠭᠤᠯᠭ᠎ᠠ ᠪᠣᠯᠭᠠᠭᠰᠠᠨ ᠨᠠᠮ᠎ᠤᠨ ᠭᠡᠱᠢᠭᠦᠨ᠎ᠦ ᠬᠥᠮᠦᠵᠢᠯ᠎ᠦᠨ ᠵᠢᠭᠠᠬᠤ ᠮᠠᠲᠧᠷᠢᠶᠠᠯ᠎ᠤᠨ ᠱᠢᠰᠲᠧᠮ᠎ᠢ ᠪᠠᠢᠭᠤᠯᠬᠤ ᠬᠡᠷᠡᠭᠲᠡᠢ᠃
  ᠨᠠᠮ᠎ᠤᠨ ᠭᠡᠱᠢᠭᠦᠨ᠎ᠢ ᠬᠥᠮᠦᠵᠢᠭᠦᠯᠵᠦ ᠬᠥᠲᠦᠯᠦᠨ ᠵᠢᠯᠤᠭᠤᠳᠴᠤ ᠪᠠᠢᠭᠠᠳ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠬᠤ᠎ᠶᠢ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠣᠣ ᠫᠢᠩ᠎ᠦᠨ ᠣᠨᠤᠯ᠂ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠰᠤᠷᠤᠯᠴᠠᠬᠤ᠎ᠲᠠᠢ ᠨᠢᠭᠲᠠ ᠤᠶᠠᠯᠳᠤᠭᠤᠯᠵᠤ᠂ ᠮᠠᠷᠺᠰ᠎ᠤᠨ ᠦᠵᠡᠯ᠎ᠦᠨ ᠦᠵᠡᠯ ᠰᠠᠨᠠᠭᠠᠨ᠎ᠤ ᠤᠬᠠᠮᠰᠠᠷ ᠪᠣᠯᠤᠨ ᠣᠨᠤᠯ᠎ᠤᠨ ᠲᠦᠪᠱᠢᠨ᠎ᠢ ᠲᠠᠰᠤᠷᠠᠯᠲᠠ᠎ᠦᠭᠡᠢ ᠳᠡᠭᠡᠭᠱᠢᠯᠡᠭᠦᠯᠬᠦ ᠬᠡᠷᠡᠭᠲᠡᠢ᠃
  ᠳᠣᠯᠤᠳᠤᠭᠠᠷ ᠵᠦᠢᠯ  ᠲᠥᠪᠯᠡᠷᠡᠩᠭᠦᠢ ᠬᠥᠮᠦᠵᠢᠯ ᠬᠢᠬᠦ ᠪᠣᠯᠤᠨ ᠪᠠᠢᠩᠭᠤ᠎ᠶᠢᠨ ᠴᠢᠨᠠᠷᠲᠠᠢ ᠬᠥᠮᠦᠵᠢᠯ ᠬᠢᠬᠦ᠎ᠶᠢ ᠤᠶᠠᠯᠳᠤᠭᠤᠯᠵᠤ᠂ ᠵᠣᠬᠢᠶᠠᠨ ᠪᠠᠢᠭᠤᠯᠵᠤ ᠪᠣᠯᠪᠠᠰᠤᠷᠠᠭᠤᠯᠬᠤ ᠪᠣᠯᠤᠨ ᠬᠤᠪᠢ ᠬᠥᠮᠦᠨ᠎ᠦ ᠥᠪᠡᠷ᠎ᠢᠶᠡᠨ ᠰᠤᠷᠤᠯᠴᠠᠬᠤ᠎ᠲᠠᠢ ᠤᠶᠠᠯᠳᠤᠭᠤᠯᠵᠤ᠂ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ)᠎ᠶᠢᠨ ᠣᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ ᠣᠨᠤᠯ᠎ᠢ ᠤᠬᠠᠭᠤᠯᠤᠨ ᠲᠠᠢᠯᠪᠤᠷᠢᠯᠠᠬᠤ᠂ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠂ ᠰᠦᠯᠵᠢᠶᠡᠨ ᠳᠡᠭᠡᠷ᠎ᠡ ᠰᠤᠷᠤᠯᠴᠠᠭᠤᠯᠤᠨ ᠪᠣᠯᠪᠠᠰᠤᠷᠠᠭᠤᠯᠬᠤ ᠵᠡᠷᠭᠡ ᠠᠷᠭ᠎ᠠ ᠬᠡᠯᠪᠡᠷᠢ᠎ᠶᠢ ᠬᠡᠷᠡᠭᠵᠢᠭᠦᠯᠵᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠤᠷᠤᠯᠴᠠᠯᠭ᠎ᠠ ᠬᠥᠮᠦᠵᠢᠯ᠎ᠦᠨ ᠤᠷᠲᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠦᠷᠢᠯᠳᠦᠭᠦᠯᠵᠦ᠂ ᠨᠠᠮ᠎ᠤᠨ ᠭᠡᠱᠢᠭᠦᠳ᠎ᠦᠨ ᠭᠦᠨᠵᠡᠭᠡᠢ ᠰᠤᠷᠤᠯᠴᠠᠵᠤ ᠨᠡᠪᠲᠡᠷᠡᠲᠡᠯ᠎ᠡ ᠮᠡᠳᠡᠵᠦ᠂ ᠲᠠᠷᠢᠬᠢᠨ᠎ᠳᠣ᠌᠎ᠪᠠᠨ ᠰᠠᠭᠤᠯᠭᠠᠨ ᠰᠡᠳᠭᠢᠯ ᠳᠣ᠌᠎ᠪᠠᠨ ᠬᠠᠳᠠᠩᠱᠢᠭᠤᠯᠬᠤ᠎ᠶᠢ ᠠᠬᠢᠭᠤᠯᠬᠤ ᠬᠡᠷᠡᠭᠲᠡᠢ᠃
  ᠨᠠᠢ᠍ᠮᠠᠳᠤᠭᠠᠷ ᠵᠦᠢᠯ  ᠣᠨᠤᠯ᠎ᠢ ᠪᠣᠳᠠᠲᠠᠢ᠎ᠲᠠᠢ ᠤᠶᠠᠯᠳᠤᠭᠤᠯᠬᠤ ᠮᠠᠷᠺᠰ᠎ᠤᠨ ᠦᠵᠡᠯ᠎ᠦᠨ ᠰᠤᠷᠤᠯᠴᠠᠬᠤ ᠰᠤᠷᠲᠠᠯ᠎ᠢ ᠪᠠᠳᠠᠷᠠᠭᠤᠯᠵᠤ᠂ ᠨᠠᠮ᠎ᠤᠨ ᠭᠡᠱᠢᠭᠦᠨ᠎ᠢ ᠰᠤᠷᠤᠯᠴᠠᠯᠭ᠎ᠠ ᠳᠡᠭᠡᠷ᠎ᠡ ᠥᠪᠡᠷ᠎ᠢ᠎ᠢᠶᠡᠨ ᠪᠠᠭᠲᠠᠭᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠭᠲᠠᠭᠠᠵᠤ᠂ ᠠᠵᠢᠯ᠎ᠢᠶᠠᠨ ᠪᠠᠭᠲᠠᠭᠠᠬᠤ᠎ᠶᠢ ᠬᠥᠲᠦᠯᠦᠨ ᠵᠢᠯᠤᠭᠤᠳᠴᠤ᠂ ᠰᠤᠷᠤᠭᠰᠠᠨ᠎ᠢᠶᠠᠨ ᠬᠡᠷᠡᠭᠯᠡᠨ᠂ ᠮᠡᠳᠡᠬᠦᠢ ᠬᠢᠬᠦᠢ᠎ᠶᠢ ᠤᠶᠠᠯᠳᠤᠭᠤᠯᠵᠤ᠂ ᠤᠯᠤᠰ ᠲᠥᠷᠦ᠎ᠶᠢᠨ ᠵᠣᠭᠰᠤᠴᠠ᠎ᠪᠠᠨ ᠳᠡᠭᠡᠭᠱᠢᠯᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠭᠠᠵᠤ᠂ ᠬᠠᠲᠠᠭᠤ ᠴᠢᠩᠭ᠎ᠠ ᠡᠷᠳᠡᠮ᠎ᠢ ᠪᠣᠯᠪᠠᠰᠤᠷᠠᠵᠤ᠂ ᠲᠤᠬᠠᠢᠯᠠᠭᠰᠠᠨ ᠠᠵᠢᠯ᠎ᠢᠶᠠᠨ ᠰᠠᠢᠲᠤᠷ ᠬᠢᠵᠦ᠂ ᠤᠬᠠᠮᠰᠠᠷ᠎ᠠᠴᠠ᠎ᠢᠶᠠᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠡᠷᠡᠰ ᠪᠢᠱᠢᠷᠡᠭᠴᠢ ᠪᠠ ᠱᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃
  ᠨᠠᠮ᠎ᠤᠨ ᠭᠡᠱᠢᠭᠦᠨ ᠤᠳᠤᠷᠢᠳᠬᠤ ᠺᠠᠳ᠋ᠷ ᠨᠡᠩ ᠥᠨᠳᠦᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠎ᠶᠢ ᠪᠠᠷᠢᠮᠲᠠᠯᠠᠵᠤ᠂ ᠪᠦᠬᠦ ᠲᠠᠯ᠎ᠠ᠎ᠪᠠᠷ ᠰᠤᠷᠤᠯᠴᠠᠵᠤ᠂ ᠱᠢᠰᠲᠧᠮ᠎ᠲᠡᠢ ᠰᠤᠷᠤᠯᠴᠠᠵᠤ᠂ ᠨᠡᠪᠲᠡᠷᠡᠲᠡᠯ᠎ᠡ ᠰᠤᠷᠤᠯᠴᠠᠵᠤ᠂ ᠭᠦᠨᠵᠡᠭᠡᠢ ᠰᠤᠷᠤᠯᠴᠠᠵᠤ᠂᠎ᠳᠠᠭᠠᠨ ᠰᠤᠷᠤᠯᠴᠠᠵᠤ᠂ ᠤᠬᠠᠮᠰᠠᠷ᠎ᠠᠴᠠ᠎ᠢᠶᠠᠨ ᠲᠠᠷᠢᠬᠢ ᠲᠣᠯᠤᠭᠠᠢ᠎ᠪᠠᠨ ᠵᠡᠪᠰᠡᠭᠯᠡᠵᠦ᠂ ᠦᠢᠯᠡᠳᠦᠯᠭᠡ᠎ᠪᠡᠨ ᠵᠢᠯᠣᠭᠣᠳᠤᠭᠤᠯᠵᠤ᠂ ᠠᠵᠢᠯ᠎ᠢᠶᠠᠨ ᠠᠬᠢᠭᠤᠯᠵᠤ᠂ ᠵᠢᠱ᠌ᠢᠶ᠎ᠡ ᠦᠵᠡᠭᠦᠯᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ ᠬᠡᠷᠡᠭᠲᠡᠢ᠃


    ᠭᠤᠷᠪᠠᠳᠤᠭᠠᠷ ᠪᠦᠯᠦᠭ  ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠦᠨᠳᠦᠰᠦᠨ ᠡᠭᠦᠷᠭᠡ


  ᠶᠢᠰᠦᠳᠦᠭᠡᠷ ᠵᠦᠢᠯ  ᠤᠯᠤᠰ ᠲᠥᠷᠦ᠎ᠶᠢᠨ ᠣᠨᠤᠯ᠎ᠤᠨ ᠬᠥᠮᠦᠵᠢᠯ᠎ᠢ ᠴᠢᠩᠭᠠᠳᠭᠠᠵᠤ᠂ ᠨᠠᠮ᠎ᠤᠨ ᠱᠢᠨ᠎ᠡ᠎ᠶᠢ ᠡᠭᠦᠳᠦᠭᠰᠡᠨ ᠣᠨᠤᠯ᠎ᠤᠨ ᠰᠤᠷᠤᠯᠴᠠᠯᠭ᠎ᠠ᠎ᠶᠢ ᠳᠣᠪᠣᠢᠯᠭᠠᠵᠤ᠂ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠤᠨ ᠨᠠᠮ᠎ᠤᠨ ᠦᠨᠳᠦᠰᠦᠨ ᠣᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠤᠯᠭ᠎ᠠ᠎ᠶᠢ ᠰᠤᠷᠤᠯᠴᠠᠵᠤ᠂ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠤ ᠪᠣᠯᠤᠨ ᠨᠠᠮ᠎ᠤᠨ ᠦᠨᠳᠦᠰᠦᠨ ᠮᠡᠳᠡᠯᠭᠡ᠎ᠶᠢ ᠰᠤᠷᠤᠯᠴᠠᠵᠤ᠂ ᠨᠠᠮ᠎ᠤᠨ ᠭᠡᠱᠢᠭᠦᠨ᠎ᠦ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠬᠤ᠎ᠶᠢ ᠬᠥᠲᠦᠯᠦᠨ ᠵᠢᠯᠤᠭᠤᠳᠴᠤ᠂ ᠨᠠᠮᠴᠢ ᠴᠢᠨᠠᠷ᠎ᠤᠨ ᠬᠡᠪ ᠪᠣᠯᠪᠠᠰᠤᠷᠠᠯ᠎ᠢᠶᠠᠨ ᠴᠢᠩᠭᠠᠳᠭᠠᠵᠤ᠂ ᠮᠠᠷᠺᠰ᠎ᠤᠨ ᠦᠵᠡᠯ᠎ᠦᠨ ᠵᠣᠭᠰᠤᠯᠲᠠ ᠦᠵᠡᠯᠲᠡ ᠠᠷᠭ᠎ᠠ᠎ᠶᠢ ᠴᠢᠷᠮᠠᠢᠨ ᠡᠵᠡᠮᠱᠢᠬᠦ᠎ᠶᠢᠨ ᠬᠠᠮᠲᠤ ᠤᠬᠠᠮᠰᠠᠷ᠎ᠠᠴᠠ᠎ᠢᠶᠠᠨ ᠬᠡᠷᠡᠭᠯᠡᠬᠦ ᠬᠡᠷᠡᠭᠲᠡᠢ᠃
  ᠠᠷᠪᠠᠳᠤᠭᠠᠷ ᠵᠦᠢᠯ  ᠤᠯᠤᠰ ᠲᠥᠷᠦ᠎ᠶᠢᠨ ᠬᠥᠮᠦᠵᠢᠯ ᠪᠣᠯᠤᠨ ᠤᠯᠤᠰ ᠲᠥᠷᠦ᠎ᠶᠢᠨ ᠪᠣᠯᠪᠠᠰᠤᠷᠠᠯ᠎ᠢ ᠳᠣᠪᠣᠢᠯᠭᠠᠵᠤ᠂ ᠨᠠᠮ᠎ᠤᠨ ᠳᠣᠲᠣᠭᠠᠳᠤᠬᠢ ᠤᠯᠤᠰ ᠲᠥᠷᠦ᠎ᠶᠢᠨ ᠠᠮᠢᠳᠤᠷᠠᠯ᠎ᠤᠨ ᠳᠠᠪᠲᠠᠯᠲᠠ᠎ᠶᠢ ᠴᠢᠩᠭᠠᠳᠭᠠᠵᠤ᠂ ᠨᠠᠮ᠎ᠤᠨ ᠭᠡᠱᠢᠭᠦᠨ᠎ᠢ ᠬᠥᠮᠦᠵᠢᠭᠦᠯᠵᠦ ᠪᠠᠢᠭᠠᠳ ᠲᠤᠭ ᠲᠡᠮᠳᠡᠭ ᠲᠣᠳᠤᠷᠬᠠᠢ᠎ᠪᠠᠷ ᠤᠯᠤᠰ ᠲᠥᠷᠦ᠎ᠶᠢ ᠡᠷᠬᠢᠮᠯᠡᠭᠦᠯᠵᠦ᠂ ᠤᠯᠤᠰ ᠲᠥᠷᠦ᠎ᠶᠢᠨ ᠤᠬᠠᠮᠰᠠᠷ ᠪᠣᠯᠤᠨ ᠤᠯᠤᠰ ᠲᠥᠷᠦ᠎ᠶᠢᠨ ᠴᠢᠳᠠᠪᠤᠷᠢ᠎ᠶᠢ᠎ᠨᠢ ᠳᠡᠭᠡᠭᠱᠢᠯᠡᠭᠦᠯᠵᠦ᠂ ᠤᠯᠤᠰ ᠲᠥᠷᠦ᠎ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠦ᠎ᠶᠢᠨ ᠶᠣᠰᠤ ᠳᠦᠷᠢᠮ᠎ᠢ ᠴᠢᠩᠭ᠎ᠠ ᠰᠠᠬᠢᠭᠤᠯᠵᠤ᠂ ᠡᠪ ᠬᠠᠮᠲᠤᠴᠤᠳ᠎ᠤᠨ ᠤᠯᠤᠰ ᠲᠥᠷᠦ᠎ᠶᠢᠨ ᠤᠭ ᠴᠢᠨᠠᠷ᠎ᠢ ᠡᠭᠦᠷᠢᠳᠡ ᠪᠠᠲᠤᠯᠠᠭᠤᠯᠵᠤ᠂ 《ᠳᠥᠷᠪᠡ᠎ᠶᠢ ᠳᠠᠭᠠᠬᠤ》ᠶ᠋ᠢ ᠭᠦᠢᠴᠡᠳᠭᠡᠵᠦ᠂ ᠦᠵᠡᠯ ᠰᠠᠨᠠᠭ᠎ᠠ ᠤᠯᠤᠰ ᠲᠥᠷᠦ ᠦᠢᠯᠡ ᠠᠵᠢᠯᠯᠠᠭᠠᠨ᠎ᠤ ᠲᠠᠯ᠎ᠠ᠎ᠪᠠᠷ ᠰᠢ ᠵᠢᠨ ᠫᠢᠩ ᠨᠥᠬᠦᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠯᠭᠠᠬᠤ᠎ᠶᠢ ᠪᠠᠲᠤᠯᠠᠬᠤ ᠬᠡᠷᠡᠭᠲᠡᠢ᠃
  ᠠᠷᠪᠠᠨ ᠨᠢᠭᠡᠳᠦᠭᠡᠷ ᠵᠦᠢᠯ  ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ᠎ᠶᠢᠨ ᠬᠥᠮᠦᠵᠢᠯ᠎ᠢ ᠴᠢᠩᠭᠠᠳᠭᠠᠵᠤ᠂ ᠨᠠᠮ᠎ᠤᠨ ᠭᠡᠱᠢᠭᠦᠨ᠎ᠢ ᠬᠥᠲᠦᠯᠦᠨ ᠵᠢᠯᠤᠭᠤᠳᠴᠤ ᠪᠠᠢᠭᠠᠳ ᠨᠠᠮ᠎ᠳᠤ ᠣᠷᠤᠬᠤ ᠲᠠᠩᠭᠠᠷᠢᠭ᠎ᠢ᠎ᠨᠢ ᠪᠠᠲᠤ ᠴᠡᠭᠡᠵᠢᠯᠡᠭᠦᠯᠵᠦ᠂ ᠬᠢᠷᠢ ᠲᠡᠩᠴᠡᠭᠰᠡᠨ ᠨᠠᠮ᠎ᠤᠨ ᠭᠡᠱᠢᠭᠦᠨ᠎ᠦ ᠪᠠᠷᠢᠮᠵᠢᠶ᠎ᠠ᠎ᠶᠢ ᠪᠠᠷᠢᠮᠲᠠᠯᠠᠭᠤᠯᠵᠤ᠂ ᠨᠠᠮ᠎ᠤᠨ ᠰᠠᠬᠢᠯᠭ᠎ᠠ ᠪᠠᠲᠤ᠎ᠶᠢ ᠤᠬᠠᠮᠰᠠᠷ᠎ᠲᠠᠢ᠎ᠢᠶᠠᠷ ᠵᠢᠷᠤᠮᠯᠠᠭᠤᠯᠵᠤ᠂ ᠨᠡᠢᠭᠡᠮ ᠵᠢᠷᠤᠮ᠎ᠤᠨ ᠭᠣᠣᠯᠯᠠᠬᠤ ᠥᠷᠲᠡᠭ᠎ᠦᠨ ᠦᠵᠡᠯᠲᠡ᠎ᠶᠢ ᠪᠡᠶ᠎ᠡ᠎ᠪᠡᠷ᠎ᠪᠡᠨ ᠲᠦᠷᠦᠭᠦᠯᠡᠨ ᠦᠢᠯᠡᠳᠦᠯᠭᠡᠵᠢᠭᠦᠯᠵᠦ᠂ ᠡᠷᠬᠢᠮ ᠳᠡᠭᠡᠳᠦ ᠶᠣᠰᠤ ᠮᠣᠷᠠᠯ᠎ᠤᠨ ᠰᠡᠳᠭᠢᠯᠭᠡ᠎ᠲᠡᠢ ᠪᠣᠯᠭᠠᠨ ᠬᠥᠮᠦᠵᠢᠭᠦᠯᠵᠦ᠂ ᠰᠠᠢᠨ ᠰᠠᠢᠬᠠᠨ ᠦᠵᠡᠯ ᠰᠠᠨᠠᠭ᠎ᠠ ᠬᠡᠪ ᠰᠤᠷᠲᠠᠯ᠂ ᠰᠤᠷᠤᠯᠴᠠᠯᠭ᠎ᠠ᠎ᠶᠢᠨ ᠰᠤᠷᠲᠠᠯ᠂ ᠠᠵᠢᠯ᠎ᠤᠨ ᠰᠤᠷᠲᠠᠯ᠂ ᠠᠮᠢᠳᠤᠷᠠᠯ᠎ᠤᠨ ᠰᠤᠷᠲᠠᠯ ᠪᠣᠯᠤᠨ ᠭᠡᠷ᠎ᠦᠨ ᠰᠤᠷᠲᠠᠯ᠎ᠲᠠᠢ ᠪᠣᠯᠭᠠᠨ ᠬᠥᠮᠦᠵᠢᠭᠦᠯᠬᠦ ᠬᠡᠷᠡᠭᠲᠡᠢ᠃ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ᠎ᠤᠨ ᠬᠥᠮᠦᠵᠢᠯ᠎ᠢ ᠴᠢᠩᠭᠠᠳᠭᠠᠵᠤ᠂ ᠨᠠᠮ᠎ᠤᠨ ᠭᠡᠱᠢᠭᠦᠨ᠎ᠢ ᠬᠥᠲᠦᠯᠦᠨ ᠵᠢᠯᠤᠭᠤᠳᠴᠤ ᠪᠠᠢᠭᠠᠳ ᠬᠠᠤᠯᠢ᠎ᠶᠢ ᠬᠦᠨᠳᠦᠳᠭᠡᠬᠦ ᠬᠠᠤᠯᠢ᠎ᠶᠢ ᠰᠠᠬᠢᠬᠤ ᠬᠠᠤᠯᠢ᠎ᠶᠢ ᠬᠡᠷᠡᠭᠵᠢᠭᠦᠯᠬᠦ ᠪᠣᠯᠭᠠᠨ ᠬᠥᠮᠦᠵᠢᠭᠦᠯᠬᠦ ᠬᠡᠷᠡᠭᠲᠡᠢ᠃
  ᠠᠷᠪᠠᠨ ᠬᠣᠶᠠᠳᠤᠭᠠᠷ ᠵᠦᠢᠯ  ᠨᠠᠮ᠎ᠤᠨ ᠵᠣᠷᠢᠯᠲᠠ᠎ᠶᠢᠨ ᠲᠤᠬᠠᠢ ᠬᠥᠮᠦᠵᠢᠯ᠎ᠢ ᠴᠢᠩᠭᠠᠳᠭᠠᠵᠤ᠂ ᠨᠠᠮ᠎ᠤᠨ ᠭᠡᠱᠢᠭᠦᠨ᠎ᠢ ᠬᠥᠲᠦᠯᠦᠨ ᠵᠢᠯᠤᠭᠤᠳᠴᠤ ᠪᠠᠢᠭᠠᠳ ᠪᠦᠬᠦ ᠰᠡᠳᠭᠢᠯ ᠪᠦᠬᠦ ᠵᠣᠷᠢᠭ᠎ᠢᠶᠠᠷ ᠠᠷᠠᠳ ᠲᠦᠮᠡᠨ᠎ᠳ᠋ᠦ᠍ ᠦᠢᠯᠡᠴᠢᠯᠡᠬᠦ ᠦᠨᠳᠦᠰᠦᠨ ᠵᠣᠷᠢᠯᠲᠠ᠎ᠶᠢ ᠦᠢᠯᠡᠳᠦᠯᠭᠡᠵᠢᠭᠦᠯᠵᠦ᠂ ᠨᠠᠮ᠎ᠤᠨ ᠣᠯᠠᠨ ᠲᠦᠮᠡᠨᠴᠢ ᠱᠤᠭᠤᠮ᠎ᠢ ᠲᠤᠭᠤᠱᠢᠯᠠᠭᠤᠯᠵᠤ᠂ ᠣᠯᠠᠨ ᠲᠦᠮᠡᠨ᠎ᠦ ᠠᠵᠢᠯ᠎ᠤᠨ ᠴᠢᠳᠠᠪᠤᠷᠢ᠎ᠶᠢ᠎ᠨᠢ ᠳᠡᠭᠡᠭᠱᠢᠯᠡᠭᠦᠯᠵᠦ᠂ ᠣᠯᠠᠨ ᠲᠦᠮᠡᠨ᠎ᠲᠡᠢ ᠬᠠᠷᠢᠯᠴᠠᠵᠤ ᠣᠯᠠᠨ ᠲᠦᠮᠡᠨ᠎ᠳ᠋ᠦ᠍ ᠦᠢᠯᠡᠴᠢᠯᠡᠭᠦᠯᠬᠦ ᠬᠡᠷᠡᠭᠲᠡᠢ᠃
  ᠠᠷᠪᠠᠨ ᠭᠤᠷᠪᠠᠳᠤᠭᠠᠷ ᠵᠦᠢᠯ  ᠬᠤᠪᠢᠰᠭᠠᠯᠲᠤ ᠤᠯᠠᠮᠵᠢᠯᠠᠯ᠎ᠤᠨ ᠬᠥᠮᠦᠵᠢᠯ᠎ᠢ ᠬᠢᠵᠦ᠂ ᠨᠠᠮ᠎ᠤᠨ ᠭᠡᠱᠢᠭᠦᠨ᠎ᠢ ᠬᠥᠲᠦᠯᠦᠨ ᠵᠢᠯᠤᠭᠤᠳᠴᠤ ᠪᠠᠢᠭᠠᠳ ᠨᠠᠮ᠎ᠤᠨ ᠲᠡᠦᠬᠡ᠂ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶᠢᠨ ᠲᠡᠦᠬᠡ᠂ ᠨᠡᠢᠭᠡᠮ ᠵᠢᠷᠤᠮ᠎ᠤᠨ ᠬᠥᠭᠵᠢᠯᠲᠡ᠎ᠶᠢᠨ ᠲᠡᠦᠬᠡ ᠪᠣᠯᠤᠨ ᠳᠤᠮᠳᠠᠳᠤ᠎ᠶᠢᠨ ᠦᠨᠳᠦᠰᠦᠲᠡᠨ᠎ᠦ ᠱᠢᠯᠢᠳᠡᠭ ᠤᠯᠠᠮᠵᠢᠯᠠᠯᠲᠤ ᠰᠣᠶᠤᠯ᠎ᠢ ᠰᠤᠷᠤᠯᠴᠠᠭᠤᠯᠵᠤ᠂ ᠨᠠᠮ᠎ᠤᠨ ᠡᠷᠡᠮᠡᠭᠡᠢᠯᠡᠨ ᠲᠡᠮᠡᠴᠡᠭᠰᠡᠨ ᠲᠡᠦᠬᠡᠨ ᠶᠠᠪᠤᠴᠠ᠎ᠶᠢ ᠪᠠᠲᠤ ᠴᠡᠭᠡᠵᠢᠯᠡᠭᠦᠯᠵᠦ᠂ ᠨᠠᠮ᠎ᠤᠨ ᠱᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠬᠤᠪᠢᠰᠭᠠᠯ᠎ᠤᠨ ᠭᠧᠨ᠎ᠢ ᠵᠠᠯᠭᠠᠮᠵᠢᠯᠠᠭᠤᠯᠵᠤ᠂ ᠡᠪ ᠬᠠᠮᠲᠤᠴᠤᠳ᠎ᠤᠨ ᠥᠷᠲᠡᠭ᠎ᠦᠨ ᠦᠵᠡᠯᠲᠡ᠎ᠶᠢ ᠦᠢᠯᠡᠳᠦᠯᠭᠡᠵᠢᠭᠦᠯᠵᠦ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠠᠢᠷ᠎ᠠ ᠰᠡᠳᠭᠢᠯᠭᠡ᠎ᠶᠢ ᠬᠥᠭᠵᠢᠭᠡᠬᠦ ᠬᠡᠷᠡᠭᠲᠡᠢ᠃
  ᠠᠷᠪᠠᠨ ᠳᠥᠷᠪᠡᠳᠦᠭᠡᠷ ᠵᠦᠢᠯ  ᠴᠠᠭ᠎ᠤᠨ ᠪᠠᠢᠳᠠᠯ᠎ᠤᠨ ᠲᠤᠬᠠᠢ ᠲᠥᠷᠦ᠎ᠶᠢᠨ ᠪᠣᠳᠤᠯᠭ᠎ᠠ᠎ᠶᠢᠨ ᠬᠥᠮᠦᠵᠢᠯ᠎ᠢ ᠥᠷᠨᠢᠭᠦᠯᠵᠦ᠂ ᠨᠠᠮ ᠪᠣᠯᠤᠨ ᠤᠯᠤᠰ᠎ᠤᠨ ᠴᠢᠬᠤᠯᠠ ᠶᠡᠬᠡ ᠱᠢᠢᠳᠪᠦᠷᠢᠲᠦ ᠪᠣᠳᠤᠯᠭ᠎ᠠ᠎ᠶᠢ ᠲᠤᠭᠤᠱᠢᠯᠠᠭᠤᠯᠤᠨ ᠬᠡᠷᠡᠭᠵᠢᠭᠦᠯᠬᠦ᠂ ᠴᠢᠬᠤᠯᠠ ᠶᠡᠬᠡ ᠡᠭᠦᠷᠭᠡ᠎ᠶᠢ ᠠᠬᠢᠭᠤᠯᠤᠨ ᠨᠠᠢᠳᠠᠪᠤᠷᠢᠵᠢᠭᠤᠯᠬᠤ᠂ ᠨᠠᠮ᠎ᠤᠨ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠤᠬᠠᠭᠤᠯᠤᠨ ᠲᠠᠢᠯᠪᠤᠷᠢᠯᠠᠬᠤ᠎ᠶᠢᠨ ᠲᠣᠭᠤᠷᠢᠨ᠎ᠳᠤ᠂ ᠳᠡᠯᠡᠬᠡᠢ᠎ᠶᠢᠨ ᠪᠠᠢᠳᠠᠯ ᠤᠯᠤᠰ᠎ᠤᠨ ᠪᠠᠢᠳᠠᠯ ᠨᠠᠮ᠎ᠤᠨ ᠪᠠᠢᠳᠠᠯ᠎ᠢ ᠣᠢᠯᠠᠭᠠᠨ ᠮᠡᠳᠡᠭᠦᠯᠵᠦ᠂ ᠨᠠᠮ᠎ᠤᠨ ᠭᠡᠱᠢᠭᠦᠳ᠎ᠦᠨ ᠠᠩᠬᠠᠷᠴᠤ ᠪᠠᠢᠭ᠎ᠠ ᠠᠰᠠᠭᠤᠳᠠᠯ᠎ᠤᠳ᠎ᠲᠣ᠌ ᠬᠠᠷᠢᠭᠤᠯᠲᠠ ᠥᠭᠴᠦ᠂ ᠨᠠᠮ᠎ᠤᠨ ᠭᠡᠱᠢᠭᠦᠨ᠎ᠢ ᠬᠥᠲᠦᠯᠦᠨ ᠵᠢᠯᠤᠭᠤᠳᠴᠤ ᠪᠠᠢᠭᠠᠳ ᠪᠠᠢᠳᠠᠯ᠎ᠢ ᠵᠥᠪ ᠣᠢᠯᠠᠭᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠶᠢ᠎ᠨᠢ ᠨᠠᠮ᠎ᠤᠨ ᠲᠥᠪ ᠬᠣᠷᠢᠶᠠᠨ᠎ᠤ ᠱᠠᠭᠠᠷᠳᠠᠯᠭ᠎ᠠ᠎ᠯᠤᠭ᠎ᠠ ᠨᠢᠭᠡᠳᠦᠭᠦᠯᠬᠦ ᠬᠡᠷᠡᠭᠲᠡᠢ᠃
  ᠠᠷᠪᠠᠨ ᠲᠠᠪᠤᠳᠤᠭᠠᠷ ᠵᠦᠢᠯ  ᠮᠡᠳᠡᠯᠭᠡ ᠮᠡᠷᠭᠡᠵᠢᠯ ᠴᠢᠳᠠᠪᠤᠷᠢ᠎ᠶᠢᠨ ᠬᠥᠮᠦᠵᠢᠯ᠎ᠢ ᠴᠢᠬᠤᠯᠠᠴᠢᠯᠠᠵᠤ᠂ ᠨᠠᠮ᠎ᠤᠨ ᠭᠡᠱᠢᠭᠦᠨ᠎ᠦ ᠠᠵᠢᠯ᠎ᠤᠨ ᠪᠠᠢᠷᠢ ᠲᠤᠱᠢᠶᠠᠯ ᠬᠠᠷᠢᠭᠤᠴᠠᠯᠭ᠎ᠠ᠎ᠶᠢᠨ ᠱᠠᠭᠠᠷᠳᠠᠯᠭ᠎ᠠ ᠪᠣᠯᠤᠨ ᠠᠵᠢᠯ᠎ᠤᠨ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠨ᠂ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠤᠨ ᠬᠥᠲᠦᠯᠦᠨ ᠵᠢᠯᠤᠭᠤᠳᠴᠤ ᠪᠠᠢᠭᠠᠳ ᠲᠤᠬᠠᠢᠯᠠᠭᠰᠠᠨ ᠠᠵᠢᠯ᠎ᠤᠨ ᠮᠡᠳᠡᠯᠭᠡ᠂ ᠱᠢᠨᠵᠢᠯᠡᠬᠦ ᠤᠬᠠᠭᠠᠨ᠎ᠤ ᠮᠡᠳᠡᠯᠭᠡ᠂ ᠪᠣᠳᠠᠲᠤ ᠬᠡᠷᠡᠭᠯᠡᠭᠡᠨ᠎ᠦ ᠮᠡᠷᠭᠡᠵᠢᠯ ᠵᠡᠷᠭᠡ᠎ᠶᠢ ᠰᠤᠷᠤᠯᠴᠠᠨ ᠡᠵᠡᠮᠱᠢᠭᠦᠯᠵᠦ᠂ ᠨᠠᠮ᠎ᠤᠨ ᠭᠡᠱᠢᠭᠦᠨ᠎ᠢ ᠬᠠᠪᠰᠤᠷᠤᠨ ᠶᠡᠷᠦᠩᠬᠡᠢᠯᠡᠭᠰᠡᠨ ᠬᠡᠪ ᠪᠣᠯᠪᠠᠰᠤᠷᠠᠯ ᠪᠣᠯᠤᠨ ᠲᠤᠱᠢᠶᠠᠯ᠎ᠢᠶᠠᠨ ᠭᠦᠢᠴᠡᠳᠭᠡᠬᠦ ᠴᠢᠳᠠᠪᠤᠷᠢ᠎ᠶᠢ᠎ᠨᠢ ᠳᠡᠭᠡᠭᠱᠢᠯᠡᠭᠦᠯᠵᠦ᠂ ᠦᠢᠯᠡᠴᠢᠯᠡᠬᠦ ᠴᠢᠳᠠᠪᠤᠷᠢ᠎ᠶᠢ᠎ᠨᠢ ᠴᠢᠩᠭᠠᠷᠠᠭᠤᠯᠬᠤ ᠬᠡᠷᠡᠭᠲᠡᠢ᠃


    ᠳᠥᠷᠪᠡᠳᠦᠭᠡᠷ ᠪᠦᠯᠦᠭ  ᠨᠠᠮ᠎ᠤᠨ ᠭᠡᠱᠢᠭᠦᠨ᠎ᠦ ᠡᠳᠦᠷ ᠲᠤᠲᠤᠮ᠎ᠤᠨ ᠬᠥᠮᠦᠵᠢᠯ ᠬᠠᠮᠢᠶᠠᠷᠤᠯᠲᠠ᠎ᠶᠢᠨ ᠭᠣᠣᠯ ᠠᠷᠭ᠎ᠠ ᠬᠡᠯᠪᠡᠷᠢ


  ᠠᠷᠪᠠᠨ ᠵᠢᠷᠭᠤᠳᠤᠭᠠᠷ ᠵᠦᠢᠯ  ᠨᠠᠮ᠎ᠤᠨ ᠡᠭᠦᠷ ᠡᠷᠬᠡᠪᠱᠢ 《ᠭᠤᠷᠪᠠᠨ ᠬᠤᠷᠠᠯ ᠨᠢᠭᠡ ᠬᠢᠴᠢᠶᠡᠯ》᠎ᠦᠨ ᠳᠦᠷᠢᠮ᠎ᠢ ᠬᠡᠷᠡᠭᠯᠡᠨ᠂ ᠨᠠᠮ᠎ᠤᠨ ᠭᠡᠱᠢᠭᠦᠨ᠎ᠳ᠋ᠦ᠍ ᠪᠠᠢᠩᠭᠤ᠎ᠶᠢᠨ ᠴᠢᠨᠠᠷᠲᠠᠢ ᠬᠥᠮᠦᠵᠢᠯ ᠬᠠᠮᠢᠶᠠᠷᠤᠯᠲᠠ ᠬᠢᠬᠦ ᠬᠡᠷᠡᠭᠲᠡᠢ᠃ ᠨᠠᠮ᠎ᠤᠨ ᠭᠡᠱᠢᠭᠦᠨ ᠡᠷᠬᠡᠪᠱᠢ ᠲᠣᠭᠲᠠᠭᠰᠠᠨ ᠬᠤᠭᠤᠴᠠᠭ᠎ᠠ ᠶᠣᠰᠤᠭᠠᠷ ᠨᠠᠮ᠎ᠤᠨ ᠭᠡᠱᠢᠭᠦᠳ᠎ᠦᠨ ᠶᠡᠬᠡ ᠬᠤᠷᠠᠯ᠂ ᠨᠠᠮ᠎ᠤᠨ ᠳᠤᠭᠤᠢᠯᠠᠩ᠎ᠤᠨ ᠬᠤᠷᠠᠯ ᠪᠣᠯᠤᠨ ᠨᠠᠮ᠎ᠤᠨ ᠬᠢᠴᠢᠶᠡᠯ᠎ᠳ᠋ᠦ᠍ ᠣᠷᠤᠯᠴᠠᠵᠤ᠂ ᠰᠤᠷᠤᠯᠴᠠᠭᠰᠠᠨ᠎ᠢᠶᠠᠨ ᠰᠣᠯᠢᠯᠴᠠᠨ ᠶᠠᠷᠢᠯᠴᠠᠵᠤ᠂ ᠦᠵᠡᠯ ᠰᠠᠨᠠᠭ᠎ᠠ᠂ ᠠᠵᠢᠯ ᠵᠡᠷᠭᠡ ᠲᠠᠯ᠎ᠠ᠎ᠶᠢᠨ ᠪᠠᠢᠳᠠᠯ᠎ᠢᠶᠠᠨ ᠬᠠᠷᠢᠭᠤ ᠮᠡᠳᠡᠭᠦᠯᠬᠦ ᠬᠡᠷᠡᠭᠲᠡᠢ᠃ ᠨᠠᠮ᠎ᠤᠨ ᠭᠡᠱᠢᠭᠦᠨ ᠤᠳᠤᠷᠢᠳᠬᠤ ᠺᠠᠳ᠋ᠷ ᠡᠷᠬᠡᠪᠱᠢ ᠬᠣᠣᠰ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠬᠤ ᠬᠡᠷᠡᠭᠲᠡᠢ᠃
  ᠨᠠᠮ᠎ᠤᠨ ᠡᠭᠦᠷ ᠡᠷᠬᠡᠪᠱᠢ ᠰᠠᠷ᠎ᠠ ᠪᠦᠷᠢ 1 ᠤᠳᠠᠭ᠎ᠠ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠦ᠂ ᠨᠠᠮ᠎ᠤᠨ ᠭᠡᠱᠢᠭᠦᠨ᠎ᠦ ᠦᠵᠡᠯ ᠰᠠᠨᠠᠭ᠎ᠠ ᠪᠣᠯᠤᠨ ᠠᠵᠢᠯ᠎ᠤᠨ ᠪᠣᠳᠠᠲᠤ ᠪᠠᠢᠳᠠᠯ᠎ᠲᠠᠢ ᠣᠢᠷᠠᠲᠤᠭᠤᠯᠵᠤ᠂ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠤᠨ ᠲᠥᠪᠯᠡᠷᠡᠩᠭᠦᠢ ᠰᠤᠷᠤᠯᠴᠠᠯᠭ᠎ᠠ ᠬᠢᠬᠦ᠂ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ ᠬᠢᠬᠦ᠂ ᠠᠷᠠᠳᠴᠢᠯᠠᠯ᠎ᠢᠶᠠᠷ ᠤᠴᠢᠷ ᠶᠠᠪᠤᠳᠠᠯ ᠵᠥᠪᠯᠡᠬᠦ ᠪᠠ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ ᠥᠷᠨᠢᠭᠦᠯᠬᠦ ᠵᠡᠷᠭᠡ ᠠᠵᠢᠯ᠎ᠢ ᠬᠢᠬᠦ ᠬᠡᠷᠡᠭᠲᠡᠢ᠃
  ᠨᠠᠮ᠎ᠤᠨ ᠭᠡᠱᠢᠭᠦᠨ ᠡᠷᠬᠡᠪᠱᠢ ᠲᠣᠭᠲᠠᠭᠰᠠᠨ ᠬᠤᠭᠤᠴᠠᠭᠠᠨ᠎ᠳᠤ ᠨᠠᠮ᠎ᠤᠨ ᠰᠦᠢᠳᠭᠡᠯ ᠲᠤᠱᠢᠶᠠᠬᠤ ᠬᠡᠷᠡᠭᠲᠡᠢ᠃ ᠨᠠᠮ᠎ᠤᠨ ᠵᠣᠬᠢᠶᠠᠨ ᠪᠠᠢᠭᠤᠯᠤᠯᠲᠠ ᠡᠷᠬᠡᠪᠱᠢ ᠨᠠᠮ᠎ᠤᠨ ᠰᠦᠢᠳᠭᠡᠯ᠎ᠢ ᠬᠤᠷᠢᠶᠠᠬᠤ᠂ ᠬᠡᠷᠡᠭᠯᠡᠬᠦ ᠪᠠ ᠬᠠᠮᠢᠶᠠᠷᠬᠤ ᠠᠵᠢᠯ᠎ᠢ ᠰᠠᠢᠲᠤᠷ ᠬᠢᠬᠦ ᠬᠡᠷᠡᠭᠲᠡᠢ᠃
  ᠠᠷᠪᠠᠨ ᠳᠣᠯᠤᠳᠤᠭᠠᠷ ᠵᠦᠢᠯ  ᠨᠠᠮ᠎ᠤᠨ ᠡᠭᠦᠷ ᠵᠢᠯ ᠪᠦᠷᠢ ᠠᠳᠠᠭ᠎ᠲᠤ᠎ᠪᠠᠨ 1 ᠤᠳᠠᠭ᠎ᠠ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ ᠬᠢᠬᠦ ᠬᠡᠷᠡᠭᠲᠡᠢ᠂ ᠪᠠᠰᠠ ᠠᠵᠢᠯ᠎ᠤᠨ ᠬᠡᠷᠡᠭᠴᠡᠭᠡ ᠱᠠᠭᠠᠷᠳᠠᠯᠭ᠎ᠠ᠎ᠪᠠᠨ ᠦᠨᠳᠦᠰᠦᠯᠡᠨ ᠴᠠᠭ ᠲᠤᠬᠠᠢ᠎ᠳ᠋ᠤᠨᠢ ᠬᠢᠵᠦ ᠪᠣᠯᠤᠨ᠎ᠠ᠂ ᠡᠭᠦᠨ᠎ᠢ ᠡᠩ᠎ᠦᠨ ᠪᠠᠢᠳᠠᠯ ᠳᠣᠣᠷ᠎ᠠ ᠪᠦᠷ ᠨᠠᠮ᠎ᠤᠨ ᠭᠡᠱᠢᠭᠦᠳ᠎ᠦᠨ ᠶᠡᠬᠡ ᠬᠤᠷᠠᠯ᠂ ᠨᠠᠮ᠎ᠤᠨ ᠡᠭᠦᠷ᠎ᠦᠨ ᠭᠡᠱᠢᠭᠦᠳ᠎ᠦᠨ ᠬᠤᠷᠠᠯ ᠪᠤᠶᠤ ᠨᠠᠮ᠎ᠤᠨ ᠳᠤᠭᠤᠢᠯᠠᠩ᠎ᠤᠨ ᠬᠤᠷᠠᠯ᠎ᠤᠨ ᠬᠡᠯᠪᠡᠷᠢ᠎ᠪᠡᠷ ᠶᠠᠪᠤᠭᠳᠠᠭᠤᠯᠤᠨ᠎ᠠ᠃
  ᠠᠷᠪᠠᠨ ᠨᠠᠢ᠍ᠮᠠᠳᠤᠭᠠᠷ ᠵᠦᠢᠯ  ᠨᠠᠮ᠎ᠤᠨ ᠡᠭᠦᠷ ᠡᠩ᠎ᠦᠨ ᠪᠠᠢᠳᠠᠯ ᠳᠣᠣᠷ᠎ᠠ ᠵᠢᠯ ᠪᠦᠷᠢ 1 ᠤᠳᠠᠭ᠎ᠠ ᠨᠠᠮ᠎ᠤᠨ ᠭᠡᠱᠢᠭᠦᠨ᠎ᠢ ᠠᠷᠠᠳᠴᠢᠯᠠᠯ᠎ᠢᠶᠠᠷ ᠦᠨᠡᠯᠡᠬᠦ ᠬᠡᠷᠡᠭᠲᠡᠢ᠃ ᠨᠠᠮ᠎ᠤᠨ ᠡᠭᠦᠷ᠎ᠡᠴᠡ ᠨᠠᠮ᠎ᠤᠨ ᠭᠡᠱᠢᠭᠦᠳ᠎ᠦᠨ ᠶᠡᠬᠡ ᠬᠤᠷᠠᠯ ᠬᠤᠷᠠᠯᠳᠤᠭᠤᠯᠵᠤ᠂ ᠬᠤᠪᠢ ᠬᠥᠮᠦᠨ ᠥᠪᠡᠷ᠎ᠢ᠎ᠢᠶᠡᠨ ᠦᠨᠡᠯᠡᠬᠦ᠂ ᠨᠠᠮ᠎ᠤᠨ ᠭᠡᠱᠢᠭᠦᠳ ᠬᠠᠷᠢᠯᠴᠠᠨ ᠦᠨᠡᠯᠡᠬᠦ᠂ ᠠᠷᠠᠳᠴᠢᠯᠠᠯ᠎ᠢᠶᠠᠷ ᠱᠢᠯᠭᠠᠨ ᠦᠨᠡᠯᠡᠬᠦ ᠵᠡᠷᠭᠡ ᠳᠡᠰ ᠳᠠᠷᠠᠭᠠᠯᠠᠯ ᠶᠣᠰᠤᠭᠠᠷ ᠨᠠᠮ᠎ᠢ ᠭᠡᠱᠢᠭᠦᠨ᠎ᠢ ᠦᠨᠡᠯᠡᠬᠦ ᠠᠵᠢᠯᠯᠠᠭ᠎ᠠ᠎ᠶᠢ ᠵᠣᠬᠢᠶᠠᠨ ᠪᠠᠢᠭᠤᠯᠵᠤ ᠶᠠᠪᠤᠭᠳᠠᠭᠤᠯᠤᠨ᠎ᠠ᠃ ᠨᠠᠮ᠎ᠤᠨ ᠡᠭᠦᠷ᠎ᠦᠨ ᠭᠡᠱᠢᠭᠦᠳ᠎ᠦᠨ ᠬᠤᠷᠠᠯ ᠪᠤᠶᠤ ᠨᠠᠮ᠎ᠤᠨ ᠭᠡᠱᠢᠭᠦᠳ᠎ᠦᠨ ᠶᠡᠬᠡ ᠬᠤᠷᠠᠯ᠎ᠠᠴᠠ ᠦᠨᠡᠯᠡᠯᠲᠡ ᠬᠢᠭᠰᠡᠨ ᠪᠠᠢᠳᠠᠯ ᠪᠣᠯᠤᠨ ᠨᠠᠮ᠎ᠤᠨ ᠭᠡᠱᠢᠭᠦᠨ᠎ᠦ ᠡᠳᠦᠷ ᠲᠤᠲᠤᠮ᠎ᠤᠨ ᠢᠯᠡᠷᠡᠯ᠎ᠦᠨ ᠪᠠᠢᠳᠠᠯ᠎ᠢ ᠦᠨᠳᠦᠰᠦᠯᠡᠨ ᠦᠨᠡᠯᠡᠨ ᠲᠣᠭᠲᠠᠭᠠᠬᠤ ᠰᠠᠨᠠᠯ ᠳᠤᠷᠠᠳᠤᠨ᠎ᠠ᠃
  ᠨᠠᠮ᠎ᠤᠨ ᠭᠡᠱᠢᠭᠦᠨ᠎ᠢ ᠠᠷᠠᠳᠴᠢᠯᠠᠯ᠎ᠢᠶᠠᠷ ᠦᠨᠡᠯᠡᠬᠦ᠎ᠶᠢ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠎ᠯᠤᠭ᠎ᠠ ᠤᠶᠠᠯᠳᠤᠭᠤᠯᠤᠨ ᠴᠣᠭ᠎ᠲᠤᠨᠢ ᠬᠢᠵᠦ ᠪᠣᠯᠤᠨ᠎ᠠ᠃
  ᠠᠷᠪᠠ ᠶᠢᠰᠦᠳᠦᠭᠡᠷ ᠵᠦᠢᠯ  ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠡᠷᠬᠡᠪᠱᠢ ᠨᠠᠮ᠎ᠤᠨ ᠭᠡᠱᠢᠭᠦᠨ᠎ᠦ ᠦᠵᠡᠯ ᠰᠠᠨᠠᠭᠠᠨ᠎ᠤ ᠪᠠᠢᠳᠠᠯ ᠪᠣᠯᠤᠨ ᠰᠡᠳᠭᠢᠴᠡ᠎ᠶᠢᠨ ᠲᠥᠯᠦᠪ ᠪᠠᠢᠳᠠᠯ᠎ᠢ ᠵᠠᠳᠠᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ᠎ᠨᠢ ᠡᠷᠬᠡᠪᠱᠢ ᠨᠠᠮ᠎ᠤᠨ ᠭᠡᠱᠢᠭᠦᠨ᠎ᠲᠡᠢ ᠦᠷᠭᠦᠯᠵᠢ ᠶᠠᠷᠢᠯᠴᠠᠵᠤ ᠰᠣᠯᠢᠯᠴᠠᠵᠤ᠂ ᠴᠢᠭᠯᠡᠭᠦᠯᠦᠯᠳᠦ ᠴᠢᠨᠠᠷ᠎ᠲᠠᠢ᠎ᠢᠶᠠᠷ ᠦᠵᠡᠯ ᠰᠠᠨᠠᠭ᠎ᠠ ᠤᠯᠤᠰ ᠲᠥᠷᠦ᠎ᠶᠢᠨ ᠠᠵᠢᠯ ᠬᠢᠬᠦ ᠬᠡᠷᠡᠭᠲᠡᠢ᠃
  ᠬᠣᠷᠢᠳᠤᠭᠠᠷ ᠵᠦᠢᠯ  ᠬᠣᠲᠠ᠂ ᠱᠢᠶᠠᠨ᠎ᠤ ᠨᠠᠮ᠎ᠤᠨ ᠬᠣᠷᠢᠶ᠎ᠠ ᠪᠤᠶᠤ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ ᠵᠢᠯ ᠪᠣᠯᠭᠠᠨ ᠨᠠᠮ᠎ᠤᠨ ᠭᠡᠱᠢᠭᠦᠨ᠎ᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ᠎ᠶᠢ ᠵᠣᠬᠢᠶᠠᠨ ᠪᠠᠢᠭᠤᠯᠵᠤ ᠶᠠᠪᠤᠭᠳᠠᠭᠤᠯᠬᠤ ᠬᠡᠷᠡᠭᠲᠡᠢ᠂ ᠭᠣᠣᠯᠳᠠᠭᠤ ᠱᠢᠶᠠᠨ᠎ᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠰᠤᠷᠭᠠᠭᠤᠯᠢ)᠂ ᠦᠨᠳᠦᠰᠦᠨ ᠱᠠᠲᠤᠨ᠎ᠤ ᠨᠠᠮ᠎ᠤᠨ ᠰᠤᠷᠭᠠᠭᠤᠯᠢ ᠵᠡᠷᠭᠡ᠎ᠳ᠋ᠦ᠍ ᠲᠦᠱᠢᠭᠯᠡᠨ ᠶᠠᠪᠤᠭᠳᠠᠭᠤᠯᠤᠨ᠎ᠠ᠃ ᠠᠵᠢᠯ ᠦᠢᠯᠡᠰ᠎ᠦᠨ ᠬᠥᠭᠵᠢᠯᠲᠡ ᠪᠣᠯᠤᠨ ᠨᠠᠮ᠎ᠤᠨ ᠪᠠᠢᠭᠤᠯᠤᠯᠲᠠ᠎ᠶᠢᠨ ᠭᠣᠣᠯᠳᠠᠯᠭᠠᠲᠤ ᠡᠭᠦᠷᠭᠡ᠎ᠶᠢ ᠦᠨᠳᠦᠰᠦᠯᠡᠨ᠂ ᠲᠤᠰ ᠭᠠᠵᠠᠷ ᠣᠷᠤᠨ ᠲᠤᠰ ᠰᠠᠯᠠᠭ᠎ᠠ ᠮᠥᠴᠢᠷ ᠲᠤᠰ ᠨᠢᠭᠡᠴᠢ᠎ᠶᠢᠨ᠎ᠪᠡᠨ ᠭᠣᠣᠯ ᠠᠵᠢᠯ ᠪᠣᠯᠤᠨ ᠨᠠᠮ᠎ᠤᠨ ᠭᠡᠱᠢᠭᠦᠨ᠎ᠦ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠪᠣᠯᠪᠠᠰᠤᠷᠠᠯ᠎ᠤᠨ ᠠᠭᠤᠯᠭ᠎ᠠ ᠪᠣᠯᠤᠨ ᠠᠷᠭ᠎ᠠ ᠬᠡᠮᠵᠢᠶ᠎ᠡ᠎ᠶᠢ ᠲᠣᠭᠲᠠᠭᠠᠨ᠎ᠠ᠃ ᠨᠠᠮ᠎ᠤᠨ ᠭᠡᠱᠢᠭᠦᠨ᠎ᠦ ᠵᠢᠯ ᠪᠣᠯᠭᠠᠨ᠎ᠤ ᠲᠥᠪᠯᠡᠷᠡᠨ ᠰᠤᠷᠤᠯᠴᠠᠵᠤ ᠪᠣᠯᠪᠠᠰᠤᠷᠠᠬᠤ ᠴᠠᠭ᠎ᠨᠢ ᠡᠩ᠎ᠦᠨ ᠪᠠᠢᠳᠠᠯ ᠳᠣᠣᠷ᠎ᠠ 32 ᠬᠢᠴᠢᠶᠡᠯ᠎ᠦᠨ ᠴᠠᠭ᠎ᠠᠴᠠ ᠪᠠᠭ᠎ᠠ ᠪᠠᠢᠵᠤ ᠪᠣᠯᠬᠤ᠎ᠦᠭᠡᠢ᠃
  ᠬᠣᠷᠢᠨ ᠨᠢᠭᠡᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠲᠥᠪ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠦᠨᠳᠦᠰᠦᠯᠡᠨ᠂ ᠨᠠᠮ᠎ᠤᠨ ᠭᠡᠱᠢᠭᠦᠳ᠎ᠢ ᠵᠣᠬᠢᠶᠠᠨ ᠪᠠᠢᠭᠤᠯᠤᠨ ᠨᠠᠮ᠎ᠤᠨ ᠳᠣᠲᠣᠭᠠᠳᠤᠬᠢ ᠲᠥᠪᠯᠡᠷᠡᠭᠦᠯᠦᠨ ᠬᠢᠬᠦ ᠰᠤᠷᠤᠯᠴᠠᠯᠭ᠎ᠠ ᠬᠥᠮᠦᠵᠢᠯ᠎ᠳ᠋ᠦ᠍ ᠨᠠᠷᠢᠨ ᠬᠢᠨᠠᠮᠠᠭᠠᠢ ᠣᠷᠤᠯᠴᠠᠭᠤᠯᠵᠤ᠂ ᠨᠠᠮ᠎ᠤᠨ ᠭᠡᠱᠢᠭᠦᠳ᠎ᠢ ᠬᠥᠲᠦᠯᠦᠨ ᠵᠢᠯᠤᠭᠤᠳᠴᠤ ᠪᠠᠢᠭᠠᠳ ᠰᠤᠷᠤᠯᠴᠠᠯᠭ᠎ᠠ ᠬᠥᠮᠦᠵᠢᠯ᠎ᠦᠨ ᠭᠣᠣᠯ ᠰᠡᠳᠦᠪ᠎ᠦᠨ ᠲᠣᠭᠤᠷᠢᠨ᠎ᠳᠤ᠂ ᠨᠠᠮ᠎ᠤᠨ ᠱᠢᠨ᠎ᠡ᠎ᠶᠢ ᠡᠭᠦᠳᠦᠭᠰᠡᠨ ᠣᠨᠤᠯ᠎ᠢ ᠭᠦᠨᠵᠡᠭᠡᠢ ᠰᠤᠷᠤᠯᠴᠠᠭᠤᠯᠵᠤ᠂ ᠥᠪᠡᠷ᠎ᠦᠨ ᠪᠡᠶ᠎ᠡ ᠳᠡᠭᠡᠷ᠎ᠡ ᠣᠷᠣᠱᠢᠵᠤ ᠪᠠᠢᠭ᠎ᠠ ᠳᠣᠪᠣᠢᠮ᠎ᠠ ᠠᠰᠠᠭᠤᠳᠠᠯ᠎ᠢᠶᠠᠨ ᠡᠷᠢᠵᠦ ᠱᠢᠢᠳᠪᠦᠷᠢᠯᠡᠭᠦᠯᠬᠦ ᠬᠡᠷᠡᠭᠲᠡᠢ᠃
  ᠮᠤᠵᠢ᠎ᠶᠢᠨ ᠱᠠᠲᠤᠨ᠎ᠤ ᠨᠠᠮ᠎ᠤᠨ ᠬᠣᠷᠢᠶ᠎ᠠ᠂ ᠠᠵᠢᠯ ᠲᠥᠷᠦᠯ᠎ᠦᠨ ᠱᠢᠰᠲᠧᠮ᠎ᠦᠨ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ᠎ᠦ ᠦᠵᠡᠯ ᠰᠠᠨᠠᠭᠠᠨ᠎ᠤ ᠪᠠᠢᠳᠠᠯ ᠪᠣᠯᠤᠨ ᠨᠠᠮ᠎ᠤᠨ ᠪᠠᠢᠭᠤᠯᠤᠯᠲᠠ᠎ᠶᠢᠨ ᠱᠠᠭᠠᠷᠳᠠᠯᠭ᠎ᠠ᠎ᠶᠢ ᠦᠨᠳᠦᠰᠦᠯᠡᠨ᠂ ᠵᠣᠬᠢᠰᠲᠠᠢ ᠴᠠᠭ᠎ᠲᠤ ᠲᠤᠰᠭᠠᠢ ᠰᠡᠳᠦᠪᠲᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ ᠪᠣᠯᠤᠨ᠎ᠠ᠃
  ᠬᠣᠷᠢᠨ ᠬᠣᠶᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠳᠠᠯᠢ ᠪᠤᠰᠤ ᠬᠥᠮᠦᠰ᠎ᠦᠨ ᠨᠠᠮ᠎ᠤᠨ ᠭᠡᠱᠢᠭᠦᠨ᠎ᠦ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠬᠡᠪ ᠳᠠᠭᠤᠷᠢᠶᠠᠯ᠎ᠢ ᠪᠣᠢ ᠪᠣᠯᠭᠠᠨ᠂ ᠬᠠᠵᠠᠭᠤ ᠳᠡᠷᠭᠡᠳᠡᠬᠢ ᠦᠯᠢᠭᠡᠷ ᠳᠠᠭᠤᠷᠢᠶᠠᠯ᠎ᠠᠴᠠ ᠰᠤᠷᠤᠯᠴᠠᠬᠤ᠎ᠪᠠᠷ ᠳᠡᠮᠵᠢᠵᠦ᠂ ᠨᠠᠮ᠎ᠤᠨ ᠭᠡᠱᠢᠭᠦᠨ᠎ᠦ ᠵᠢᠱ᠌ᠢᠶ᠎ᠡ ᠦᠵᠡᠭᠦᠯᠬᠦ ᠠᠵᠢᠯ᠎ᠤᠨ ᠪᠠᠢᠷᠢ᠂ ᠨᠠᠮ᠎ᠤᠨ ᠭᠡᠱᠢᠭᠦᠨ᠎ᠦ ᠬᠠᠷᠢᠭᠤᠴᠠᠯᠭᠠᠲᠤ ᠲᠣᠭᠤᠷᠢᠭ᠎ᠢ ᠪᠠᠢᠭᠤᠯᠵᠤ᠂ ᠠᠵᠢᠯ᠎ᠤᠨ ᠪᠠᠢᠷᠢ ᠭᠠᠷᠭᠠᠨ ᠬᠠᠷᠢᠭᠤᠴᠠᠯᠭ᠎ᠠ ᠲᠣᠭᠲᠠᠭᠠᠬᠤ᠂ ᠠᠮᠠᠯᠠᠯᠲᠠ ᠬᠢᠬᠦ ᠠᠮᠠᠯᠠᠯᠲᠠ᠎ᠪᠠᠨ ᠦᠢᠯᠡᠳᠦᠯᠭᠡᠵᠢᠭᠦᠯᠬᠦ ᠵᠡᠷᠭᠡ᠎ᠶᠢ ᠥᠷᠨᠢᠭᠦᠯᠵᠦ᠂ ᠨᠠᠮ᠎ᠤᠨ ᠭᠡᠱᠢᠭᠦᠨ᠎ᠢ ᠬᠥᠲᠦᠯᠦᠨ ᠵᠢᠯᠤᠭᠤᠳᠴᠤ ᠪᠠᠢᠭᠠᠳ ᠲᠤᠬᠠᠢᠯᠠᠭᠰᠠᠨ ᠠᠵᠢᠯ᠎ᠢᠶᠠᠨ ᠰᠠᠢᠲᠤᠷ ᠬᠢᠵᠦ᠂ ᠪᠣᠳᠠᠲᠠᠢ᠎ᠪᠠᠷ ᠠᠵᠢᠯᠯᠠᠨ᠂ ᠡᠮᠦᠨ᠎ᠡ ᠡᠩᠨᠡᠭᠡᠨ᠎ᠳ᠋ᠦ᠍ ᠬᠣᠱᠢᠭᠤᠷᠠᠵᠤ᠂ ᠱᠢᠨ᠎ᠡ᠎ᠶᠢ ᠡᠭᠦᠳᠦᠨ ᠱᠢᠯᠢᠳᠡᠭ᠎ᠢ ᠬᠥᠭᠡᠭᠡᠴᠡᠯᠳᠦᠵᠦ᠂ ᠣᠯᠠᠨ ᠲᠦᠮᠡᠨ᠎ᠲᠡᠢ ᠬᠠᠷᠢᠯᠴᠠᠨ ᠣᠯᠠᠨ ᠲᠦᠮᠡᠨ᠎ᠳ᠋ᠦ᠍ ᠦᠢᠯᠡᠴᠢᠯᠡᠬᠦ᠂ ᠴᠢᠬᠤᠯᠠ ᠶᠡᠬᠡ ᠡᠭᠦᠷᠭᠡ᠎ᠶᠢ ᠭᠦᠢᠴᠡᠳᠭᠡᠬᠦ ᠳᠤᠮᠳᠠ ᠵᠣᠷᠢᠭᠲᠠᠢ᠎ᠪᠠᠷ ᠡᠭᠦᠷᠭᠡᠯᠡᠨ ᠵᠢᠳᠭᠦᠯ ᠴᠢᠷᠮᠠᠢᠯᠭ᠎ᠠ ᠭᠠᠷᠭᠠᠵᠤ᠂ ᠡᠩ᠎ᠦᠨ ᠴᠠᠭ᠎ᠲᠤ ᠵᠢᠳᠭᠦᠯ ᠴᠢᠷᠮᠠᠢᠯᠭ᠎ᠠ᠎ᠶᠢ᠎ᠨᠢ ᠣᠯᠵᠤ ᠬᠠᠷᠠᠬᠤ᠂ ᠵᠠᠩᠭᠢᠯᠠᠭ᠎ᠠ᠎ᠶᠢᠨ ᠴᠠᠭ᠎ᠲᠤ ᠴᠡᠭᠡᠵᠢ ᠲᠦᠷᠢᠨ ᠭᠠᠷᠴᠤ ᠢᠷᠡᠬᠦ᠂ ᠠᠶᠤᠯ ᠲᠦᠭᠱᠢᠭᠦᠷᠢᠲᠦ ᠮᠥᠴᠡ᠎ᠳ᠋ᠦ᠍ ᠡᠷᠡᠯᠬᠡᠭᠯᠡᠨ ᠣᠷᠤᠬᠤ ᠪᠣᠯᠭᠠᠬᠤ ᠬᠡᠷᠡᠭᠲᠡᠢ᠃
  ᠨᠠᠮ᠎ᠤᠨ ᠭᠡᠱᠢᠭᠦᠨ᠎ᠦ ᠰᠠᠢᠨ ᠳᠤᠷ᠎ᠠ᠎ᠶᠢᠨ ᠦᠢᠯᠡᠴᠢᠯᠡᠭᠡ ᠬᠢᠬᠦ᠎ᠳ᠋ᠦ᠍ ᠣᠷᠤᠯᠴᠠᠬᠤ᠎ᠶᠢ ᠵᠣᠷᠢᠭᠵᠢᠭᠤᠯᠤᠨ ᠬᠥᠲᠦᠯᠦᠨ ᠵᠢᠯᠣᠭᠣᠳᠭᠤ ᠬᠡᠷᠡᠭᠲᠡᠢ᠃ ᠨᠠᠮ᠎ᠤᠨ ᠭᠡᠱᠢᠭᠦᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠥᠷᠨᠢᠭᠦᠯᠦᠭᠰᠡᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ᠎ᠳᠤ ᠢᠳᠡᠪᠬᠢᠲᠡᠢ ᠣᠷᠤᠯᠴᠠᠬᠤ ᠬᠡᠷᠡᠭᠲᠡᠢ᠂ ᠥᠪᠡᠷ᠎ᠢᠶᠡᠨ ᠪᠠᠰᠠ ᠰᠠᠢᠨ ᠳᠤᠷ᠎ᠠ᠎ᠶᠢᠨ ᠦᠢᠯᠡᠴᠢᠯᠡᠭᠡ ᠬᠢᠬᠦ ᠠᠵᠢᠯᠯᠠᠭ᠎ᠠ ᠥᠷᠨᠢᠭᠦᠯᠵᠦ ᠪᠣᠯᠤᠨ᠎ᠠ᠃
  ᠬᠣᠷᠢᠨ ᠭᠤᠷᠪᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠴᠢᠩᠭ᠎ᠠ ᠬᠥᠮᠦᠵᠢᠭᠦᠯᠦᠨ ᠬᠠᠮᠢᠶᠠᠷᠬᠤ ᠪᠣᠯᠤᠨ ᠬᠠᠯᠠᠭᠤᠨ ᠰᠡᠳᠭᠢᠯ᠎ᠢᠶᠡᠷ ᠬᠠᠢᠷᠠᠯᠠᠨ ᠬᠠᠯᠠᠮᠵᠢᠯᠠᠵᠤ ᠬᠠᠮᠠᠭᠠᠯᠠᠬᠤ᠎ᠶᠢ ᠨᠢᠭᠡᠳᠦᠯᠲᠡᠢ ᠪᠠᠢᠯᠭᠠᠬᠤ᠎ᠶᠢ ᠪᠠᠷᠢᠮᠲᠠᠯᠠᠵᠤ᠂ ᠤᠯᠤᠰ ᠲᠥᠷᠦ᠂ ᠦᠵᠡᠯ ᠰᠠᠨᠠᠭ᠎ᠠ᠂ ᠠᠵᠢᠯ᠂ ᠠᠮᠢᠳᠤᠷᠠᠯ ᠳᠡᠭᠡᠷ᠎ᠡ ᠨᠠᠮ᠎ᠤᠨ ᠭᠡᠱᠢᠭᠦᠨ᠎ᠢ ᠵᠣᠷᠢᠭᠵᠢᠭᠤᠯᠤᠨ ᠬᠠᠯᠠᠮᠵᠢᠯᠠᠵᠤ ᠬᠠᠪᠰᠤᠷᠤᠨ ᠳᠡᠮᠵᠢᠬᠦ ᠬᠡᠷᠡᠭᠲᠡᠢ᠃
  ᠠᠬᠠᠮᠠᠳ ᠨᠠᠮ᠎ᠤᠨ ᠭᠡᠱᠢᠭᠦᠨ᠎ᠦ ᠪᠡᠶ᠎ᠡ ᠮᠠᠬᠠᠪᠤᠳ᠂ ᠣᠷᠤᠨ ᠰᠠᠭᠤᠴᠠ ᠪᠣᠯᠤᠨ ᠭᠡᠷ ᠪᠦᠯᠢ ᠵᠡᠷᠭᠡ ᠪᠣᠳᠠᠲᠤ ᠪᠠᠢᠳᠠᠯ᠎ᠳᠤ ᠴᠢᠭᠯᠡᠭᠦᠯᠦᠨ᠂ ᠠᠮᠢᠳᠤᠯᠢᠭ ᠠᠷᠭ᠎ᠠ ᠬᠡᠮᠵᠢᠶ᠎ᠡ ᠠᠪᠴᠤ ᠪᠠᠢᠭᠠᠳ ᠬᠥᠮᠦᠵᠢᠭᠦᠯᠬᠦ ᠬᠠᠮᠢᠶᠠᠷᠬᠤ ᠦᠢᠯᠡᠴᠢᠯᠡᠭᠡ ᠬᠠᠩᠭᠠᠬᠤ ᠠᠵᠢᠯ᠎ᠢ ᠰᠠᠢᠲᠤᠷ ᠬᠢᠵᠦ᠂ ᠲᠡᠳᠡᠨ᠎ᠢ ᠵᠣᠬᠢᠶᠠᠨ ᠪᠠᠢᠭᠤᠯᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠭᠤᠯᠵᠤ᠂ ᠴᠢᠳᠠᠯ᠎ᠤᠨ ᠬᠢᠨᠢ ᠬᠢᠷᠢ᠎ᠪᠡᠷ ᠦᠢᠯᠡᠳᠦᠯ᠎ᠢ᠎ᠨᠢ ᠪᠠᠳᠠᠷᠠᠭᠤᠯᠬᠤ ᠬᠡᠷᠡᠭᠲᠡᠢ᠃ ᠨᠠᠰᠤ ᠠᠬᠠᠱᠢᠷᠠᠵᠤ ᠪᠡᠶ᠎ᠡ ᠪᠠᠷᠤᠭᠲᠠᠢ᠂ ᠶᠠᠪᠤᠵᠤ ᠰᠠᠭᠤᠬᠤ᠎ᠳᠤ ᠳᠥᠭᠦᠮ᠎ᠦᠭᠡᠢ᠂ ᠬᠦᠨᠳᠦ ᠡᠪᠡᠳᠴᠢᠯᠡᠭᠰᠡᠨ ᠴᠢᠨᠠᠭᠱᠢᠯᠠᠭᠠᠳ ᠠᠮᠢᠳᠤᠷᠠᠯ᠎ᠤᠨ ᠴᠢᠳᠠᠪᠤᠷᠢ᠎ᠪᠠᠨ ᠠᠯᠳᠠᠭᠰᠠᠨ ᠨᠠᠮ᠎ᠤᠨ ᠭᠡᠱᠢᠭᠦᠨ᠎ᠳ᠋ᠦ᠍᠂ ᠠᠵᠢᠯᠯᠠᠭ᠎ᠠ ᠵᠣᠬᠢᠶᠠᠨ ᠪᠠᠢᠭᠤᠯᠬᠤ ᠪᠠ ᠰᠤᠷᠤᠯᠴᠠᠯᠭ᠎ᠠ ᠬᠥᠮᠦᠵᠢᠯ ᠥᠷᠨᠢᠭᠦᠯᠬᠦ᠎ᠳ᠋ᠦ᠍ ᠣᠷᠤᠯᠴᠠᠭᠤᠯᠬᠤ᠎ᠪᠠᠷ ᠬᠠᠲᠠᠭᠤ ᠱᠠᠭᠠᠷᠳᠠᠯᠭ᠎ᠠ ᠲᠠᠯᠪᠢᠵᠤ ᠪᠣᠯᠬᠤ᠎ᠦᠭᠡᠢ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠭᠡᠷ᠎ᠲᠦ᠋ᠨᠢ ᠣᠴᠢᠵᠤ ᠰᠤᠷᠤᠯᠴᠠᠭᠤᠯᠵᠤ ᠬᠥᠮᠦᠵᠢᠯ ᠬᠦᠷᠲᠡᠭᠡᠬᠦ᠂ ᠠᠢᠯᠴᠢᠯᠠᠨ ᠰᠤᠷᠪᠤᠯᠵᠢᠯᠠᠵᠤ ᠲᠣᠬᠤᠨᠢᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ᠂ ᠨᠡᠩ ᠣᠯᠠᠨ ᠬᠠᠯᠠᠮᠵᠢᠯᠠᠯ ᠬᠠᠷᠠᠭᠠᠯᠵᠠᠯ ᠬᠦᠷᠲᠡᠭᠡᠬᠦ ᠬᠡᠷᠡᠭᠲᠡᠢ᠃


    ᠲᠠᠪᠤᠳᠤᠭᠠᠷ ᠪᠦᠯᠦᠭ  ᠨᠠᠮ᠎ᠤᠨ ᠬᠠᠷᠢᠶ᠎ᠠ ᠪᠣᠯᠤᠨ ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠶᠢᠨ ᠬᠠᠮᠢᠶᠠᠷᠤᠯᠲᠠ


  ᠬᠣᠷᠢᠨ ᠳᠥᠷᠪᠡᠳᠦᠭᠡᠷ ᠵᠦᠢᠯ  ᠨᠠᠮ᠎ᠤᠨ ᠡᠭᠦᠷ᠎ᠦᠨ ᠨᠠᠮ᠎ᠤᠨ ᠭᠡᠱᠢᠭᠦᠨ᠎ᠦ ᠶᠡᠬᠡ ᠬᠤᠷᠠᠯ᠎ᠢᠶᠠᠷ ᠪᠠᠲᠤᠯᠠᠭᠰᠠᠨ᠂ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ᠎ᠠᠴᠠ ᠬᠢᠨᠠᠨ ᠵᠥᠪᠱᠢᠶᠡᠷᠡᠵᠦ ᠬᠦᠯᠢᠶᠡᠨ ᠠᠪᠤᠭᠰᠠᠨ ᠪᠡᠯᠡᠳᠭᠡᠯ ᠨᠠᠮ᠎ᠤᠨ ᠭᠡᠱᠢᠭᠦᠨ᠂ ᠪᠠᠲᠤᠯᠠᠭᠳᠠᠭᠰᠠᠨ ᠡᠳᠦᠷ᠎ᠡᠴᠡ ᠡᠬᠢᠯᠡᠨ ᠨᠠᠮ᠎ᠤᠨ ᠬᠠᠷᠢᠶ᠎ᠠ᠎ᠲᠠᠢ ᠪᠣᠯᠤᠨ᠎ᠠ᠃
  ᠬᠤᠪᠢ᠎ᠶᠢᠨ ᠶᠠᠪᠤᠳᠠᠯ᠎ᠢᠶᠠᠷ ᠭᠠᠳᠠᠭᠠᠳᠤ᠎ᠳᠤ ᠭᠠᠷᠤᠭᠰᠠᠨ ᠪᠥᠭᠡᠳ ᠭᠠᠳᠠᠭᠠᠳᠤ᠎ᠳᠤ ᠤᠷᠲᠤ ᠬᠤᠭᠤᠴᠠᠭ᠎ᠠ᠎ᠪᠠᠷ ᠰᠠᠭᠤᠷᠢᠱᠢᠭᠰᠠᠨ ᠨᠠᠮ᠎ᠤᠨ ᠭᠡᠱᠢᠭᠦᠨ᠂ ᠭᠠᠳᠠᠭᠠᠳᠤ᠎ᠳᠤ ᠭᠠᠷᠴᠤ ᠰᠤᠷᠤᠯᠴᠠᠵᠤ ᠰᠤᠳᠤᠯᠭᠠᠨ ᠬᠢᠵᠦ 5 ᠵᠢᠯ ᠥᠩᠭᠡᠷᠡᠭᠡᠳ ᠪᠠᠰᠠ ᠪᠤᠴᠠᠵᠤ ᠢᠷᠡᠭᠡ᠎ᠦᠭᠡᠢ ᠨᠠᠮ᠎ᠤᠨ ᠭᠡᠱᠢᠭᠦᠨ᠎ᠢ ᠡᠩ᠎ᠦᠨ ᠪᠠᠢᠳᠠᠯ ᠳᠣᠣᠷ᠎ᠠ ᠨᠠᠮ᠎ᠤᠨ ᠬᠠᠷᠢᠶ᠎ᠠ᠎ᠶᠢ᠎ᠨᠢ ᠵᠣᠭᠰᠤᠭᠠᠨ᠎ᠠ᠃ ᠨᠠᠮ᠎ᠤᠨ ᠬᠠᠷᠢᠶ᠎ᠠ᠎ᠶᠢ᠎ᠨᠢ ᠵᠣᠭᠰᠤᠭᠠᠬᠤ ᠱᠢᠢᠳᠪᠦᠷᠢ᠎ᠶᠢ ᠲᠤᠰ ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠶᠢ ᠦᠯᠡᠳᠡᠭᠡᠵᠦ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠠᠮᠢᠶ᠎ᠠ ᠪᠦᠬᠦᠢ ᠲᠣᠭᠲᠠᠭᠠᠯ ᠶᠣᠰᠤᠭᠠᠷ ᠲᠣᠭᠲᠠᠭᠠᠨ᠎ᠠ᠃
  ᠨᠠᠮ᠎ᠤᠨ ᠵᠣᠬᠢᠶᠠᠨ ᠪᠠᠢᠭᠤᠯᠤᠯᠲᠠ᠎ᠲᠠᠢ ᠬᠠᠷᠢᠯᠴᠠᠭ᠎ᠠ ᠲᠠᠰᠤᠷᠠᠭᠠᠳ 6 ᠰᠠᠷ᠎ᠠ᠎ᠠᠴᠠ ᠢᠯᠡᠭᠦᠦ ᠪᠣᠯᠵᠤ᠂ ᠡᠯ᠎ᠡ ᠵᠦᠢᠯ᠎ᠦᠨ ᠠᠷᠭ᠎ᠠ ᠵᠠᠮ᠎ᠢᠶᠠᠷ ᠡᠷᠢᠭᠡᠳ ᠮᠥᠨ᠎ᠯᠡ ᠬᠠᠷᠢᠯᠴᠠᠵᠤ ᠳᠡᠢᠯᠦᠭᠰᠡᠨ᠎ᠦᠭᠡᠢ ᠨᠠᠮ᠎ᠤᠨ ᠭᠡᠱᠢᠭᠦᠨ᠎ᠦ ᠨᠠᠮ᠎ᠤᠨ ᠬᠠᠷᠢᠶ᠎ᠠ᠎ᠶᠢ᠎ᠨᠢ ᠵᠣᠭᠰᠤᠭᠠᠨ᠎ᠠ᠃ ᠨᠠᠮ᠎ᠤᠨ ᠬᠠᠷᠢᠶ᠎ᠠ᠎ᠶᠢ᠎ᠨᠢ ᠵᠣᠭᠰᠤᠭᠠᠬᠤ ᠱᠢᠢᠳᠪᠦᠷᠢ᠎ᠶᠢ ᠨᠠᠮ᠎ᠤᠨ ᠭᠡᠱᠢᠭᠦᠨ᠎ᠦ ᠪᠠᠢᠭ᠎ᠠ ᠨᠠᠮ᠎ᠤᠨ ᠡᠭᠦᠷ ᠪᠤᠶᠤ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠠᠮᠢᠶ᠎ᠠ ᠪᠦᠬᠦᠢ ᠲᠣᠭᠲᠠᠭᠠᠯ᠎ᠢ ᠦᠨᠳᠦᠰᠦᠯᠡᠨ ᠲᠣᠭᠲᠠᠭᠠᠨ᠎ᠠ᠃ ᠨᠠᠮ᠎ᠤᠨ ᠬᠠᠷᠢᠶ᠎ᠠ᠎ᠶᠢ᠎ᠨᠢ ᠵᠣᠭᠰᠤᠭᠠᠭᠠᠳ 2 ᠵᠢᠯ᠎ᠦᠨ ᠳᠠᠷᠠᠭ᠎ᠠ ᠦᠨᠡᠨ᠎ᠬᠦ ᠬᠠᠷᠢᠯᠴᠠᠵᠤ ᠳᠡᠢᠯᠬᠦ᠎ᠦᠭᠡᠢ ᠪᠣᠯᠤᠭᠰᠠᠨ ᠪᠣᠯ᠂ ᠥᠪᠡᠷᠲᠡᠭᠡᠨ ᠨᠠᠮ᠎ᠠᠴᠠ ᠰᠠᠯᠤᠭᠰᠠᠨ᠎ᠢᠶᠠᠷ ᠨᠡᠷ᠎ᠡ᠎ᠶᠢ᠎ᠨᠢ ᠬᠠᠰᠤᠨ᠎ᠠ᠃
  ᠨᠠᠮ᠎ᠤᠨ ᠬᠠᠷᠢᠶ᠎ᠠ᠎ᠶᠢ᠎ᠨᠢ ᠵᠣᠭᠰᠤᠭᠠᠭᠰᠠᠨ ᠨᠠᠮ᠎ᠤᠨ ᠭᠡᠱᠢᠭᠦᠨ᠎ᠳ᠋ᠦ᠍᠂ ᠨᠥᠬᠦᠴᠡᠯ᠎ᠳ᠋ᠦ᠍ ᠨᠡᠢᠴᠡᠭᠰᠡᠨ᠎ᠢ᠎ᠨᠢ ᠲᠣᠭᠲᠠᠭᠰᠠᠨ ᠵᠢᠷᠤᠮ ᠳᠠᠷᠠᠭᠠᠯᠠᠯ ᠶᠣᠰᠤᠭᠠᠷ ᠨᠠᠮ᠎ᠤᠨ ᠬᠠᠷᠢᠶ᠎ᠠ᠎ᠶᠢ᠎ᠨᠢ ᠰᠡᠷᠭᠦᠭᠡᠵᠦ ᠥᠭᠴᠦ ᠪᠣᠯᠤᠨ᠎ᠠ᠃ ᠢᠳᠭᠠᠨ ᠬᠡᠯᠡᠵᠦ ᠪᠠᠢᠭᠠᠳ ᠨᠠᠮ᠎ᠠᠴᠠ ᠭᠠᠷᠭᠠᠭᠰᠠᠨ᠂ ᠢᠳᠭᠠᠭᠰᠠᠨ ᠪᠣᠯᠪᠠᠴᠤ ᠨᠠᠮ᠎ᠠᠴᠠ ᠭᠠᠷᠬᠤ᠎ᠦᠭᠡᠢ ᠪᠣᠯᠬᠣᠷ ᠨᠡᠷ᠎ᠡ᠎ᠶᠢ᠎ᠨᠢ ᠬᠠᠰᠤᠭᠰᠠᠨ᠂ ᠥᠪᠡᠷᠲᠡᠭᠡᠨ ᠨᠠᠮ᠎ᠠᠴᠠ ᠰᠠᠯᠤᠭᠰᠠᠨ᠎ᠠᠴᠠ ᠨᠡᠷ᠎ᠡ᠎ᠶᠢ᠎ᠨᠢ ᠬᠠᠰᠤᠭᠰᠠᠨ᠂ ᠨᠠᠮ᠎ᠠᠴᠠ ᠭᠠᠷᠤᠭᠰᠠᠨ᠎ᠠᠴᠠ ᠨᠡᠷ᠎ᠡ᠎ᠶᠢ᠎ᠨᠢ ᠬᠠᠰᠤᠭᠰᠠᠨ᠂ ᠨᠠᠮ᠎ᠠᠴᠠ ᠬᠥᠭᠡᠭᠡᠭᠰᠡᠨ ᠬᠥᠮᠦᠨ᠎ᠢ ᠵᠠᠷᠴᠢᠮ ᠳᠡᠭᠡᠷ᠎ᠡ᠎ᠪᠡᠨ ᠨᠠᠮ᠎ᠤᠨ ᠬᠠᠷᠢᠶ᠎ᠠ᠎ᠶᠢ᠎ᠨᠢ ᠰᠡᠷᠭᠦᠭᠡᠵᠦ ᠪᠣᠯᠬᠤ᠎ᠦᠭᠡᠢ᠂ ᠨᠥᠬᠦᠴᠡᠯ᠎ᠳ᠋ᠦ᠍ ᠨᠡᠢᠴᠡᠭᠰᠡᠨ᠎ᠨᠢ ᠳᠠᠬᠢᠭᠠᠳ ᠱᠢᠨ᠎ᠡ᠎ᠪᠡᠷ ᠨᠠᠮ᠎ᠳᠤ ᠣᠷᠤᠵᠤ ᠪᠣᠯᠤᠨ᠎ᠠ᠃
  ᠬᠣᠷᠢᠨ ᠲᠠᠪᠤᠳᠤᠭᠠᠷ ᠵᠦᠢᠯ  ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ ᠭᠡᠳᠡᠭ ᠪᠣᠯ ᠨᠠᠮ᠎ᠤᠨ ᠭᠡᠱᠢᠭᠦᠨ᠎ᠦ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠳᠤ ᠬᠠᠷᠢᠶᠠᠯᠠᠭᠳᠠᠬᠤ ᠬᠠᠷᠢᠴᠠᠭ᠎ᠠ᠎ᠶᠢ ᠵᠢᠭᠠᠵᠤ ᠪᠠᠢᠨ᠎ᠠ᠃
  ᠨᠠᠮ᠎ᠤᠨ ᠭᠡᠱᠢᠭᠦᠨ ᠨᠢᠭᠡᠪᠦᠷᠢ᠎ᠶᠢ ᠡᠷᠬᠡᠪᠱᠢ ᠨᠠᠮ᠎ᠤᠨ ᠡᠭᠦᠷ᠂ ᠨᠠᠮ᠎ᠤᠨ ᠳᠤᠭᠤᠢᠯᠠᠩ ᠪᠤᠶᠤ ᠪᠤᠰᠤᠳ ᠣᠨᠴᠠ ᠲᠣᠭᠲᠠᠭᠰᠠᠨ ᠵᠣᠬᠢᠶᠠᠨ ᠪᠠᠢᠭᠤᠯᠤᠯᠲᠠ᠎ᠳᠤ ᠣᠷᠤᠭᠤᠯᠤᠭᠰᠠᠨ ᠪᠠᠢᠬᠤ ᠬᠡᠷᠡᠭᠲᠡᠢ᠃ ᠲᠣᠭᠲᠠᠮᠠᠯ ᠠᠵᠢᠯᠯᠠᠬᠤ ᠨᠢᠭᠡᠴᠢ᠎ᠲᠡᠢ ᠪᠥᠭᠡᠳ ᠨᠢᠭᠡᠴᠢ᠎ᠳ᠋ᠦ᠍ᠨᠢ ᠨᠢᠭᠡᠨᠲᠡ ᠨᠠᠮ᠎ᠤᠨ ᠵᠣᠬᠢᠶᠠᠨ ᠪᠠᠢᠭᠤᠯᠤᠯᠲᠠ ᠪᠠᠢᠭᠤᠯᠤᠭᠰᠠᠨ ᠨᠠᠮ᠎ᠤᠨ ᠭᠡᠱᠢᠭᠦᠨ᠎ᠢ ᠡᠩ᠎ᠦᠨ ᠪᠠᠢᠳᠠᠯ ᠳᠣᠣᠷ᠎ᠠ ᠪᠦᠷ ᠠᠵᠢᠯᠯᠠᠵᠤ ᠪᠠᠢᠭ᠎ᠠ ᠨᠢᠭᠡᠴᠢ᠎ᠶᠢᠨ ᠬᠢᠨᠢ ᠨᠠᠮ᠎ᠤᠨ ᠵᠣᠬᠢᠶᠠᠨ ᠪᠠᠢᠭᠤᠯᠤᠯᠲᠠ᠎ᠳᠤ ᠣᠷᠤᠭᠤᠯᠤᠨ᠎ᠠ᠃ ᠲᠣᠭᠲᠠᠮᠠᠯ ᠠᠵᠢᠯ᠎ᠤᠨ ᠨᠢᠭᠡᠴᠢ᠎ᠦᠭᠡᠢ᠂ ᠡᠰᠡᠬᠦᠯ᠎ᠡ ᠨᠢᠭᠡᠴᠢ᠎ᠳ᠋ᠦ᠍ᠨᠢ ᠨᠠᠮ᠎ᠤᠨ ᠵᠣᠬᠢᠶᠠᠨ ᠪᠠᠢᠭᠤᠯᠤᠯᠲᠠ ᠪᠠᠢᠭᠤᠯᠤᠭᠠᠳᠤᠢ ᠨᠠᠮ᠎ᠤᠨ ᠭᠡᠱᠢᠭᠦᠨ᠎ᠢ ᠡᠩ᠎ᠦᠨ ᠪᠠᠢᠳᠠᠯ ᠳᠣᠣᠷ᠎ᠠ ᠪᠠᠢᠩᠭᠤ ᠰᠠᠭᠤᠭ᠎ᠠ ᠭᠠᠵᠠᠷ ᠪᠤᠶᠤ ᠣᠯᠠᠨ ᠨᠡᠢᠲᠡ᠎ᠶᠢᠨ ᠠᠵᠢᠯ ᠣᠯᠭᠤᠯᠲᠠ ᠪᠣᠯᠤᠨ ᠴᠢᠳᠠᠪᠤᠷᠢᠲᠠᠨ᠎ᠤ ᠦᠢᠯᠡᠴᠢᠯᠡᠭᠡᠨ᠎ᠦ ᠪᠠᠢᠭᠤᠯᠤᠮᠵᠢ᠂ ᠬᠦᠷᠢᠶᠡᠯᠡᠩ ᠲᠣᠭᠤᠷᠢᠭ᠂ ᠠᠰᠠᠷ ᠵᠡᠷᠭᠡ ᠨᠠᠮ᠎ᠤᠨ ᠵᠣᠬᠢᠶᠠᠨ ᠪᠠᠢᠭᠤᠯᠤᠯᠲᠠ᠎ᠳᠤ ᠣᠷᠤᠭᠤᠯᠤᠭᠰᠠᠨ ᠪᠠᠢᠬᠤ ᠬᠡᠷᠡᠭᠲᠡᠢ᠃
  ᠨᠠᠮ᠎ᠤᠨ ᠭᠡᠱᠢᠭᠦᠨ᠎ᠦ ᠠᠵᠢᠯᠯᠠᠵᠤ ᠪᠠᠢᠭ᠎ᠠ ᠨᠢᠭᠡᠴᠢ᠂ ᠪᠠᠢᠩᠭᠤ ᠰᠠᠭᠤᠭ᠎ᠠ ᠭᠠᠵᠠᠷ ᠬᠤᠪᠢᠷᠠᠯᠲᠠ ᠭᠠᠷᠤᠭᠰᠠᠨ ᠪᠠᠢᠪᠠᠯ᠂ ᠡᠰᠡᠬᠦᠯ᠎ᠡ ᠭᠠᠳᠠᠭᠱᠢ ᠭᠠᠷᠴᠤ ᠰᠤᠷᠤᠯᠴᠠᠵᠤ᠂ ᠠᠵᠢᠯᠯᠠᠵᠤ᠂ ᠠᠮᠢᠳᠤᠷᠠᠭᠠᠳ 6 ᠰᠠᠷ᠎ᠠ᠎ᠠᠴᠠ ᠳᠡᠭᠡᠭᠱᠢ ᠪᠣᠯᠤᠭᠰᠠᠨ ᠪᠥᠭᠡᠳ ᠪᠠᠢᠭ᠎ᠠ ᠭᠠᠵᠠᠷ᠎ᠨᠢ ᠬᠠᠷᠢᠴᠠᠩᠭᠤᠢ᠎ᠪᠠᠷ ᠲᠣᠭᠲᠠᠪᠤᠷᠢᠲᠠᠢ ᠪᠠᠢᠪᠠᠯ᠂ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠪᠠᠨ ᠱᠢᠯᠵᠢᠭᠦᠯᠬᠦ ᠬᠡᠷᠡᠭᠲᠡᠢ᠃ ᠪᠡᠯᠡᠳᠭᠡᠯ ᠨᠠᠮ᠎ᠤᠨ ᠭᠡᠱᠢᠭᠦᠨ᠎ᠢ ᠬᠢᠨᠠᠨ ᠵᠥᠪᠱᠢᠶᠡᠷᠡᠬᠦ ᠡᠷᠬᠡ᠎ᠲᠡᠢ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ ᠪᠦᠬᠦ ᠤᠯᠤᠰ᠎ᠤᠨ ᠬᠡᠪᠴᠢᠶᠡᠨ᠎ᠳ᠋ᠦ᠍ ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠶᠢ ᠱᠢᠭᠤᠳ ᠬᠠᠷᠢᠯᠴᠠᠨ ᠱᠢᠯᠵᠢᠭᠦᠯᠬᠦ ᠪᠠ ᠬᠦᠯᠢᠶᠡᠨ ᠠᠪᠴᠤ ᠪᠣᠯᠤᠨ᠎ᠠ᠃ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠶᠢ ᠬᠦᠯᠢᠶᠡᠨ ᠠᠪᠬᠤ ᠳᠣ᠌᠎ᠪᠠᠨ᠂ ᠬᠡᠷᠪᠡ ᠴᠢᠬᠤᠯᠠᠲᠠᠢ ᠪᠣᠯ ᠵᠣᠬᠢᠰᠲᠠᠢ ᠠᠷᠭ᠎ᠠ ᠬᠡᠯᠪᠡᠷᠢ᠎ᠪᠡᠷ ᠨᠠᠮ᠎ᠤᠨ ᠭᠡᠱᠢᠭᠦᠨ᠎ᠦ ᠳᠠᠩᠰᠠ ᠡᠪᠬᠡᠮᠡᠯ᠎ᠢ ᠪᠠᠢᠴᠠᠭᠠᠨ ᠬᠠᠷᠭᠤᠭᠤᠯᠵᠤ ᠪᠣᠯᠤᠨ᠎ᠠ᠃ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠶᠢ᠎ᠨᠢ ᠱᠢᠯᠵᠢᠭᠦᠯᠦᠭᠰᠡᠨ ᠪᠣᠯᠪᠠᠴᠤ ᠬᠦᠯᠢᠶᠡᠨ ᠠᠪᠤᠭᠠᠳᠤᠢ ᠨᠠᠮ᠎ᠤᠨ ᠭᠡᠱᠢᠭᠦᠨ᠎ᠢ ᠤᠤᠯ᠎ᠤᠨ ᠬᠢᠨᠢ ᠪᠠᠢᠭᠰᠠᠨ ᠨᠠᠮ᠎ᠤᠨ ᠵᠣᠬᠢᠶᠠᠨ ᠪᠠᠢᠭᠤᠯᠤᠯᠲᠠ ᠮᠥᠨ ᠬᠠᠮᠢᠶᠠᠷᠬᠤ ᠬᠠᠷᠢᠭᠤᠴᠠᠯᠭ᠎ᠠ᠎ᠲᠠᠢ᠃ ᠨᠠᠮ᠎ᠤᠨ ᠵᠣᠬᠢᠶᠠᠨ ᠪᠠᠢᠭᠤᠯᠤᠯᠲᠠ ᠶᠠᠮᠠᠷ᠎ᠴᠤ ᠱᠢᠯᠲᠠᠭᠠᠨ᠎ᠦᠭᠡᠢ᠎ᠢᠶᠠᠷ ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠶᠢ ᠱᠢᠯᠵᠢᠭᠦᠯᠬᠦ᠎ᠦᠭᠡᠢ ᠬᠦᠯᠢᠶᠡᠨ ᠠᠪᠬᠤ᠎ᠦᠭᠡᠢ ᠪᠠᠢᠵᠤ ᠪᠣᠯᠬᠤ᠎ᠦᠭᠡᠢ᠃
  ᠬᠣᠷᠢᠨ ᠵᠢᠷᠭᠤᠳᠤᠭᠠᠷ ᠵᠦᠢᠯ  ᠠᠵᠢᠯᠲᠠᠨ᠎ᠤ ᠶᠠᠪᠤᠳᠠᠯ᠎ᠤᠨ ᠳᠠᠩᠰᠠ ᠡᠪᠬᠡᠮᠡᠯ᠎ᠦᠭᠡᠢ ᠨᠠᠮ᠎ᠤᠨ ᠭᠡᠱᠢᠭᠦᠨ᠎ᠳ᠋ᠦ᠍ ᠪᠡᠯᠡᠳᠭᠡᠯ ᠨᠠᠮ᠎ᠤᠨ ᠭᠡᠱᠢᠭᠦᠨ᠎ᠢ ᠬᠢᠨᠠᠨ ᠵᠥᠪᠱᠢᠶᠡᠷᠡᠬᠦ ᠡᠷᠬᠡ᠎ᠲᠡᠢ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ᠎ᠠᠴᠠ ᠨᠠᠮ᠎ᠤᠨ ᠭᠡᠱᠢᠭᠦᠨ᠎ᠦ ᠳᠠᠩᠰᠠ ᠡᠪᠬᠡᠮᠡᠯ ᠬᠢᠵᠦ ᠥᠭᠴᠦ᠂ ᠨᠠᠮ᠎ᠤᠨ ᠭᠡᠱᠢᠭᠦᠨ᠎ᠦ ᠪᠠᠢᠭ᠎ᠠ ᠨᠠᠮ᠎ᠤᠨ ᠬᠣᠷᠢᠶ᠎ᠠ ᠪᠤᠶᠤ ᠱᠢᠶᠠᠨ᠎ᠤ ᠱᠠᠲᠤᠨ᠎ᠠᠴᠠ ᠳᠡᠭᠡᠭᠱᠢᠬᠢ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠲᠦ᠍ ᠬᠠᠳᠠᠭᠠᠯᠠᠬᠤ ᠬᠡᠷᠡᠭᠲᠡᠢ᠃
  ᠨᠥᠬᠦᠴᠡᠯ᠎ᠲᠡᠢ ᠭᠠᠵᠠᠷ ᠣᠷᠤᠨ᠎ᠳᠤ᠂ ᠨᠠᠮ᠎ᠤᠨ ᠭᠡᠱᠢᠭᠦᠨ᠎ᠦ ᠳᠠᠩᠰᠠ ᠡᠪᠬᠡᠮᠡᠯ᠎ᠳ᠋ᠦ᠍ ᠡᠯᠧᠺᠲᠷᠣᠨᠴᠢᠯᠠᠭᠰᠠᠨ ᠬᠠᠮᠢᠶᠠᠷᠤᠯᠲᠠ᠎ᠶᠢ ᠬᠡᠷᠡᠭᠵᠢᠭᠦᠯᠦᠨ᠎ᠡ᠃


    ᠵᠢᠷᠭᠤᠳᠤᠭᠠᠷ ᠪᠦᠯᠦᠭ  ᠨᠠᠮ᠎ᠤᠨ ᠭᠡᠱᠢᠭᠦᠨ᠎ᠦ ᠬᠢᠨᠠᠯᠲᠠ ᠪᠠ ᠵᠣᠬᠢᠶᠠᠨ ᠪᠠᠢᠭᠤᠯᠤᠯᠲᠠ᠎ᠶᠢᠨ ᠱᠢᠢᠳᠪᠦᠷᠢᠯᠡᠯᠲᠡ


  ᠬᠣᠷᠢᠨ ᠳᠣᠯᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠲᠥᠪ ᠴᠢᠩᠭ᠎ᠠ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠂ ᠣᠯᠠᠨ ᠲᠦᠮᠡᠨ᠎ᠦ ᠰᠠᠨᠠᠯ᠎ᠢ ᠰᠣᠨᠣᠰᠭᠤ᠂ ᠨᠠᠮ᠎ᠤᠨ ᠭᠡᠱᠢᠭᠦᠨ᠎ᠦ ᠠᠵᠢᠯ᠎ᠢ ᠪᠠᠢᠴᠠᠭᠠᠬᠤ ᠵᠡᠷᠭᠡ ᠣᠯᠠᠨ ᠵᠦᠢᠯ᠎ᠦᠨ ᠠᠷᠭ᠎ᠠ᠎ᠪᠠᠷ ᠳᠠᠮᠵᠢᠨ᠂ ᠨᠠᠮ᠎ᠤᠨ ᠭᠡᠱᠢᠭᠦᠨ᠎ᠦ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ ᠣᠨᠴᠠᠭᠠᠢᠯᠠᠨ ᠤᠯᠤᠰ ᠲᠥᠷᠦ᠎ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠦ᠎ᠶᠢᠨ ᠶᠣᠰᠤ ᠳᠦᠷᠢᠮ᠎ᠢ ᠵᠢᠷᠤᠮᠯᠠᠨ ᠰᠠᠬᠢᠭᠰᠠᠨ ᠪᠠᠢᠳᠠᠯ᠂ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠳᠦᠷᠢᠮ ᠪᠣᠯᠤᠨ ᠶᠣᠰᠤ ᠰᠤᠷᠲᠠᠬᠤᠨ᠎ᠤ ᠵᠢᠷᠤᠮᠵᠢᠯ᠎ᠢ ᠰᠠᠬᠢᠭᠰᠠᠨ ᠪᠠᠢᠳᠠᠯ᠂ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠭᠰᠠᠨ ᠪᠠᠢᠳᠠᠯ᠂ ᠨᠠᠮ᠎ᠤᠨ ᠭᠡᠱᠢᠭᠦᠨ᠎ᠦ ᠡᠭᠦᠷᠭᠡ᠎ᠪᠡᠨ ᠭᠦᠢᠴᠡᠳᠭᠡᠵᠦ᠂ ᠣᠯᠠᠨ ᠲᠦᠮᠡᠨ᠎ᠲᠡᠢ ᠬᠠᠷᠢᠯᠴᠠᠵᠤ᠂ ᠬᠣᠱᠢᠭᠤᠴᠢ ᠵᠢᠱᠢᠶᠡᠴᠢ ᠦᠢᠯᠡᠳᠦᠯ᠎ᠢᠶᠡᠨ ᠪᠠᠳᠠᠷᠠᠭᠤᠯᠤᠭᠰᠠᠨ ᠪᠠᠢᠳᠠᠯ ᠵᠡᠷᠭᠡ᠎ᠳ᠋ᠦ᠍ ᠬᠢᠨᠠᠯᠲᠠ ᠲᠠᠯᠪᠢᠬᠤ ᠬᠡᠷᠡᠭᠲᠡᠢ᠃
  ᠬᠣᠷᠢᠨ ᠨᠠᠢ᠍ᠮᠠᠳᠤᠭᠠᠷ ᠵᠦᠢᠯ  ᠨᠠᠮ᠎ᠤᠨ ᠭᠡᠱᠢᠭᠦᠨ᠎ᠦ ᠦᠵᠡᠯ ᠰᠠᠨᠠᠭ᠎ᠠ᠂ ᠠᠵᠢᠯ᠂ ᠠᠮᠢᠳᠤᠷᠠᠯ᠂ ᠰᠤᠷᠲᠠᠯ ᠪᠣᠯᠤᠨ ᠰᠠᠬᠢᠯᠭ᠎ᠠ ᠪᠠᠲᠤ᠎ᠶᠢᠨ ᠲᠠᠯ᠎ᠠ᠎ᠪᠠᠷ ᠰᠣᠶᠤᠭᠠᠯᠠᠯ᠎ᠤᠨ ᠴᠢᠨᠠᠷᠲᠠᠢ ᠬᠠᠨᠳᠤᠱᠢ᠎ᠶᠢᠨ ᠴᠢᠨᠠᠷᠲᠠᠢ ᠠᠰᠠᠭᠤᠳᠠᠯ ᠪᠠᠢᠬᠤ ᠵᠢᠴᠢ ᠣᠯᠠᠨ ᠲᠦᠮᠡᠨ ᠲᠡᠭᠦᠨ᠎ᠦ ᠲᠤᠬᠠᠢ ᠮᠠᠭᠤ ᠲᠤᠰᠭᠠᠯ᠎ᠲᠠᠢ ᠪᠠᠢᠬᠤ᠎ᠶᠢ ᠣᠯᠵᠤ ᠮᠡᠳᠡᠪᠡᠯ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ ᠴᠠᠭ ᠲᠤᠬᠠᠢ᠎ᠳ᠋ᠤᠨᠢ ᠰᠡᠷᠡᠮᠵᠢᠯᠡᠭᠦᠯᠦᠨ ᠶᠠᠷᠢᠯᠴᠠᠵᠤ᠂ ᠡᠷᠲᠡ᠎ᠡᠴᠡ ᠠᠳᠭᠤᠨ ᠪᠠᠭ᠎ᠠ ᠳᠡᠭᠡᠷ᠎ᠡ᠎ᠨᠢ ᠠᠳᠭᠤᠵᠤ᠂ ᠪᠠᠭ᠎ᠠ ᠳᠡᠭᠡᠷ᠎ᠡ᠎ᠨᠢ ᠰᠡᠷᠭᠡᠢᠯᠡᠬᠦ ᠬᠡᠷᠡᠭᠲᠡᠢ᠃
  ᠬᠣᠷᠢ ᠶᠢᠰᠦᠳᠦᠭᠡᠷ ᠵᠦᠢᠯ  ᠨᠠᠮ᠎ᠤᠨ ᠭᠡᠱᠢᠭᠦᠨ ᠲᠣᠭᠲᠠᠭᠠᠯ ᠶᠣᠰᠤᠭᠠᠷ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠬᠤ᠎ᠦᠭᠡᠢ᠂ ᠨᠠᠮ᠎ᠤᠨ ᠰᠦᠢᠳᠭᠡᠯ᠎ᠢ ᠴᠠᠭ ᠲᠤᠬᠠᠢ᠎ᠳ᠋ᠤᠨᠢ ᠲᠤᠱᠢᠶᠠᠬᠤ᠎ᠦᠭᠡᠢ᠂ ᠭᠠᠳᠠᠷ ᠣᠷᠤᠨ᠎ᠳᠤ ᠱᠢᠯᠵᠢᠨ ᠠᠵᠢᠯᠯᠠᠵᠤ ᠠᠮᠢᠳᠤᠷᠠᠭᠠᠳ ᠨᠠᠮ᠎ᠤᠨ ᠵᠣᠬᠢᠶᠠᠨ ᠪᠠᠢᠭᠤᠯᠤᠯᠲᠠ᠎ᠲᠠᠢ ᠰᠠᠨᠠᠭᠠᠴᠢᠯᠠᠭ᠎ᠠ᠎ᠠᠴᠠ᠎ᠪᠠᠨ ᠬᠠᠷᠢᠯᠴᠠᠬᠤ᠎ᠦᠭᠡᠢ᠂ ᠵᠢᠴᠢ ᠨᠠᠮ᠎ᠤᠨ ᠱᠠᠭᠠᠷᠳᠠᠯᠭ᠎ᠠ᠎ᠲᠠᠢ ᠦᠯᠦ ᠨᠡᠢᠴᠡᠬᠦ ᠪᠤᠰᠤᠳ ᠠᠵᠢᠯᠯᠠᠭ᠎ᠠ᠎ᠲᠠᠢ ᠪᠥᠭᠡᠳ ᠦᠢᠯᠡ ᠪᠠᠢᠳᠠᠯ᠎ᠨᠢ ᠨᠡᠯᠢᠶᠡᠳ ᠬᠥᠩᠭᠡᠨ ᠪᠣᠯ᠂ ᠨᠠᠮ᠎ᠤᠨ ᠵᠣᠬᠢᠶᠠᠨ ᠪᠠᠢᠭᠤᠯᠤᠯᠲᠠ ᠵᠣᠬᠢᠰᠲᠠᠢ ᠠᠷᠭ᠎ᠠ ᠬᠡᠮᠵᠢᠶ᠎ᠡ ᠠᠪᠴᠤ ᠱᠢᠭᠦᠮᠵᠢᠯᠡᠨ ᠰᠤᠷᠭᠠᠵᠤ᠂ ᠲᠡᠭᠦᠨ᠎ᠢ ᠬᠠᠪᠰᠤᠷᠤᠨ ᠥᠭᠡᠷᠡᠴᠢᠯᠡᠨ ᠳᠡᠭᠡᠭᠱᠢᠯᠡᠭᠦᠯᠬᠦ ᠬᠡᠷᠡᠭᠲᠡᠢ᠃
  ᠭᠤᠴᠢᠳᠤᠭᠠᠷ ᠵᠦᠢᠯ  ᠬᠤᠪᠢᠰᠭᠠᠯ᠎ᠤᠨ ᠬᠦᠰᠡᠯ ᠵᠣᠷᠢᠯᠲᠠ ᠳᠤᠲᠠᠮᠠᠭ᠂ ᠨᠠᠮ᠎ᠤᠨ ᠭᠡᠱᠢᠭᠦᠨ᠎ᠦ ᠡᠭᠦᠷᠭᠡ᠎ᠶᠢ ᠭᠦᠢᠴᠡᠳᠭᠡᠬᠦ᠎ᠦᠭᠡᠢ᠂ ᠨᠠᠮ᠎ᠤᠨ ᠭᠡᠱᠢᠭᠦᠨ᠎ᠦ ᠨᠥᠬᠦᠴᠡᠯ᠎ᠳ᠋ᠦ᠍ ᠨᠡᠢᠴᠡᠬᠦ᠎ᠦᠭᠡᠢ ᠪᠣᠯᠪᠠᠴᠤ ᠲᠤᠰ ᠬᠥᠮᠦᠨ ᠠᠯᠳᠠᠭ᠎ᠠ ᠪᠤᠷᠤᠭᠤ᠎ᠪᠠᠨ ᠵᠥᠪ ᠲᠠᠨᠢᠵᠤ᠂ ᠬᠥᠮᠦᠵᠢᠯ ᠬᠠᠮᠢᠶᠠᠷᠤᠯᠲᠠ᠎ᠶᠢ ᠬᠦᠯᠢᠶᠡᠬᠦ ᠳᠤᠷᠠᠲᠠᠢ ᠪᠥᠭᠡᠳ ᠬᠠᠯᠠᠨ ᠰᠠᠢᠵᠢᠷᠠᠭᠤᠯᠬᠤ ᠵᠣᠷᠢᠭ᠎ᠲᠠᠢ ᠨᠠᠮ᠎ᠤᠨ ᠭᠡᠱᠢᠭᠦᠨ᠎ᠢ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠤᠭᠤᠴᠠᠭ᠎ᠠ ᠲᠣᠭᠲᠠᠨ ᠬᠠᠯᠠᠨ ᠰᠠᠢᠵᠢᠷᠠᠭᠤᠯᠬᠤ᠎ᠪᠠᠷ ᠱᠢᠢᠳᠪᠦᠷᠢᠯᠡᠬᠦ ᠬᠡᠷᠡᠭᠲᠡᠢ᠂ ᠬᠤᠭᠤᠴᠠᠭ᠎ᠠ ᠲᠣᠭᠲᠠᠨ ᠬᠠᠯᠠᠨ ᠰᠠᠢᠵᠢᠷᠠᠭᠤᠯᠬᠤ ᠴᠠᠭ᠎ᠨᠢ 1 ᠵᠢᠯ᠎ᠡᠴᠡ ᠬᠡᠲᠦᠷᠡᠵᠦ ᠪᠣᠯᠬᠤ᠎ᠦᠭᠡᠢ᠃ ᠬᠤᠭᠤᠴᠠᠭ᠎ᠠ ᠲᠣᠭᠲᠠᠨ ᠬᠠᠯᠠᠨ ᠰᠠᠢᠵᠢᠷᠠᠭᠤᠯᠬᠤ᠎ᠪᠠᠷ ᠱᠢᠢᠳᠪᠦᠷᠢᠯᠡᠭᠰᠡᠨ ᠨᠠᠮ᠎ᠤᠨ ᠭᠡᠱᠢᠭᠦᠨ᠎ᠳ᠋ᠦ᠍ ᠬᠠᠪᠰᠤᠷᠤᠨ ᠬᠥᠮᠦᠵᠢᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃
  ᠭᠤᠴᠢᠨ ᠨᠢᠭᠡᠳᠦᠭᠡᠷ ᠵᠦᠢᠯ  ᠨᠠᠮ᠎ᠤᠨ ᠭᠡᠱᠢᠭᠦᠨ ᠳᠣᠣᠷᠠᠬᠢ ᠦᠢᠯᠡ ᠪᠠᠢᠳᠠᠯ᠎ᠤᠨ ᠨᠢᠭᠡ ᠪᠠᠢᠪᠠᠯ ᠲᠣᠭᠲᠠᠭᠠᠯ ᠳᠠᠷᠠᠭᠠᠯᠠᠯ ᠶᠣᠰᠤᠭᠠᠷ ᠨᠡᠷ᠎ᠡ᠎ᠶᠢ᠎ᠨᠢ ᠬᠠᠰᠤᠵᠤ ᠱᠢᠢᠳᠪᠦᠷᠢᠯᠡᠨ᠎ᠡ᠄
  (ᠨᠢᠭᠡ) ᠢᠲᠡᠭᠡᠯ ᠪᠢᠱᠢᠷᠡᠯ᠎ᠢᠶᠡᠨ ᠠᠯᠳᠠᠵᠤ᠂ ᠤᠯᠤᠰ ᠲᠥᠷᠦ᠎ᠶᠢᠨ ᠵᠣᠭᠰᠤᠯᠲᠠ᠎ᠨᠢ ᠭᠤᠢᠪᠢᠯᠵᠠᠵᠤ᠂ ᠨᠠᠮ᠎ᠤᠨ ᠭᠡᠱᠢᠭᠦᠨ᠎ᠦ ᠨᠥᠬᠦᠴᠡᠯ᠎ᠢᠶᠡᠨ ᠨᠢᠭᠡᠨᠲᠡ ᠠᠯᠳᠠᠭᠰᠠᠨ ᠪᠣᠯ ᠨᠡᠷ᠎ᠡ᠎ᠶᠢ᠎ᠨᠢ ᠬᠠᠰᠤᠨ᠎ᠠ;
  (ᠬᠣᠶᠠᠷ) ᠱᠠᠱᠢᠨ ᠰᠤᠷᠲᠠᠬᠤᠨ᠎ᠢ ᠱᠢᠲᠦᠨ ᠪᠢᠱᠢᠷᠡᠵᠦ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠠᠪᠰᠤᠷᠤᠨ ᠬᠥᠮᠦᠵᠢᠭᠦᠯᠦᠭᠰᠡᠨ ᠪᠣᠯᠪᠠᠴᠤ ᠮᠥᠨ ᠬᠤᠪᠢᠷᠠᠭᠰᠠᠨ᠎ᠦᠭᠡᠢ ᠪᠣᠯ ᠢᠳᠭᠠᠵᠤ ᠪᠠᠢᠭᠠᠳ ᠨᠠᠮ᠎ᠠᠴᠠ ᠭᠠᠷᠭᠠᠨ᠎ᠠ᠂ ᠢᠳᠭᠠᠭᠠᠳ ᠪᠠᠰᠠ ᠨᠠᠮ᠎ᠠᠴᠠ ᠭᠠᠷᠬᠤ᠎ᠦᠭᠡᠢ ᠪᠣᠯ ᠨᠡᠷ᠎ᠡ᠎ᠶᠢ᠎ᠨᠢ ᠬᠠᠰᠤᠨ᠎ᠠ;
  (ᠭᠤᠷᠪᠠ) ᠦᠵᠡᠯ ᠰᠠᠨᠠᠭ᠎ᠠ᠎ᠨᠢ ᠢᠯᠵᠢᠷᠡᠨ ᠳᠣᠷᠤᠢᠲᠠᠭᠠᠳ ᠨᠠᠮ᠎ᠠᠴᠠ ᠭᠠᠷᠬᠤ᠎ᠪᠠᠷ ᠳᠤᠷᠠᠳᠴᠤ᠂ ᠬᠥᠮᠦᠵᠢᠭᠦᠯᠦᠭᠰᠡᠨ ᠪᠣᠯᠪᠠᠴᠤ ᠮᠥᠨ ᠨᠠᠮ᠎ᠠᠴᠠ ᠭᠠᠷᠬᠤ᠎ᠪᠠᠨ ᠪᠠᠷᠢᠮᠲᠠᠯᠠᠪᠠᠯ᠂ ᠨᠡᠷ᠎ᠡ᠎ᠶᠢ᠎ᠨᠢ ᠬᠠᠰᠤᠨ᠎ᠠ;
  (ᠳᠥᠷᠪᠡ) ᠥᠪᠡᠷ᠎ᠦᠨ ᠵᠣᠷᠢᠯᠭ᠎ᠠ᠎ᠳᠤ ᠬᠦᠷᠬᠦ᠎ᠶᠢᠨ ᠲᠥᠯᠦᠭᠡ ᠨᠠᠮ᠎ᠠᠴᠠ ᠭᠠᠷᠬᠤ᠎ᠪᠠᠷ ᠠᠶᠤᠯᠭᠠᠵᠤ᠂ ᠬᠥᠮᠦᠵᠢᠭᠦᠯᠦᠭᠡᠳ ᠪᠠᠰᠠ ᠵᠠᠰᠠᠷᠠᠬᠤ᠎ᠦᠭᠡᠢ ᠪᠣᠯ ᠢᠳᠭᠠᠵᠤ ᠪᠠᠢᠭᠠᠳ ᠨᠠᠮ᠎ᠠᠴᠠ ᠭᠠᠷᠭᠠᠨ᠎ᠠ᠂ ᠢᠳᠭᠠᠭᠠᠳ ᠪᠠᠰᠠ ᠭᠠᠷᠬᠤ᠎ᠦᠭᠡᠢ ᠪᠣᠯ ᠨᠡᠷ᠎ᠡ᠎ᠶᠢ᠎ᠨᠢ ᠬᠠᠰᠤᠨ᠎ᠠ;
  (ᠲᠠᠪᠤ) ᠬᠤᠭᠤᠴᠠᠭ᠎ᠠ ᠲᠣᠭᠲᠠᠨ ᠬᠠᠯᠠᠨ ᠰᠠᠢᠵᠢᠷᠠᠭᠤᠯᠬᠤ᠎ᠪᠠᠷ ᠱᠠᠭᠠᠷᠳᠠᠭᠠᠳ ᠬᠤᠭᠤᠴᠠᠭ᠎ᠠ ᠳᠦᠭᠦᠷᠦᠭᠰᠡᠨ᠎ᠦ ᠳᠠᠷᠠᠭ᠎ᠠ ᠮᠥᠨ ᠬᠠᠯᠠᠨ ᠰᠠᠢᠵᠢᠷᠠᠭᠤᠯᠤᠭᠰᠠᠨ᠎ᠦᠭᠡᠢ ᠪᠣᠯ ᠢᠳᠭᠠᠵᠤ ᠪᠠᠢᠭᠠᠳ ᠨᠠᠮ᠎ᠠᠴᠠ ᠭᠠᠷᠭᠠᠨ᠎ᠠ᠂ ᠢᠳᠭᠠᠭᠠᠳ ᠪᠠᠰᠠ ᠭᠠᠷᠬᠤ᠎ᠦᠭᠡᠢ ᠪᠣᠯ ᠨᠡᠷ᠎ᠡ᠎ᠶᠢ᠎ᠨᠢ ᠬᠠᠰᠤᠨ᠎ᠠ;
  (ᠵᠢᠷᠭᠤᠭ᠎ᠠ) ᠵᠦᠢ ᠶᠣᠰᠤᠨ᠎ᠤ ᠱᠢᠯᠲᠠᠭᠠᠨ᠎ᠦᠭᠡᠢ᠎ᠢᠶᠠᠷ ᠳᠠᠷᠠᠭᠠᠯᠠᠨ 6 ᠰᠠᠷ᠎ᠠ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠭᠰᠠᠨ᠎ᠦᠭᠡᠢ᠂ ᠡᠰᠡᠬᠦᠯ᠎ᠡ ᠨᠠᠮ᠎ᠤᠨ ᠰᠦᠢᠳᠭᠡᠯ᠎ᠢᠶᠡᠨ ᠲᠤᠱᠢᠶᠠᠭᠰᠠᠨ᠎ᠦᠭᠡᠢ᠂ ᠡᠰᠡᠬᠦᠯ᠎ᠡ ᠨᠠᠮ᠎ᠠᠴᠠ ᠲᠣᠬᠢᠷᠠᠭᠤᠯᠤᠭᠰᠠᠨ ᠠᠵᠢᠯ᠎ᠢ ᠬᠢᠭᠰᠡᠨ᠎ᠦᠭᠡᠢ ᠪᠣᠯ᠂ ᠥᠪᠡᠷ᠎ᠢᠶᠡᠨ ᠨᠠᠮ᠎ᠠᠴᠠ ᠰᠠᠯᠤᠭᠰᠠᠨ᠎ᠢᠶᠠᠷ ᠪᠣᠳᠤᠵᠤ ᠨᠡᠷ᠎ᠡ᠎ᠶᠢ᠎ᠨᠢ ᠬᠠᠰᠤᠨ᠎ᠠ᠃
  ᠨᠠᠮ᠎ᠤᠨ ᠰᠠᠬᠢᠯᠭ᠎ᠠ ᠪᠠᠲᠤ᠎ᠶᠢ ᠵᠥᠷᠢᠴᠡᠭᠰᠡᠨ ᠨᠠᠮ᠎ᠤᠨ ᠭᠡᠱᠢᠭᠦᠨ᠎ᠳ᠋ᠦ᠍᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠥᠭᠬᠦ ᠳᠦᠷᠢᠮ》᠎ᠦᠨ ᠲᠣᠭᠲᠠᠭᠠᠯ ᠶᠣᠰᠤᠭᠠᠷ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠥᠭᠭᠦᠨ᠎ᠡ᠃


    ᠳᠣᠯᠤᠳᠤᠭᠠᠷ ᠪᠦᠯᠦᠭ  ᠨᠡᠭᠦᠳᠡᠯ ᠨᠠᠮ᠎ᠤᠨ ᠭᠡᠱᠢᠭᠦᠨ᠎ᠦ ᠬᠠᠮᠢᠶᠠᠷᠤᠯᠲᠠ


  ᠭᠤᠴᠢᠨ ᠬᠣᠶᠠᠳᠤᠭᠠᠷ ᠵᠦᠢᠯ  ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠡᠭᠦᠳᠡᠯ ᠨᠠᠮ᠎ᠤᠨ ᠭᠡᠱᠢᠭᠦᠨ᠎ᠦ ᠬᠠᠮᠢᠶᠠᠷᠤᠯᠲᠠ᠎ᠶᠢ ᠴᠢᠩᠭᠠᠳᠭᠠᠪᠠᠯ ᠵᠣᠬᠢᠨ᠎ᠠ᠂ ᠭᠠᠳᠠᠭᠱᠢ ᠭᠠᠷᠤᠭᠠᠳ 6 ᠰᠠᠷ᠎ᠠ᠎ᠠᠴᠠ ᠳᠡᠭᠡᠭᠱᠢ ᠪᠣᠯᠤᠭᠰᠠᠨ ᠪᠥᠭᠡᠳ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠪᠠᠨ ᠱᠢᠯᠵᠢᠭᠦᠯᠦᠭᠰᠡᠨ᠎ᠦᠭᠡᠢ ᠨᠡᠭᠦᠳᠡᠯ ᠨᠠᠮ᠎ᠤᠨ ᠭᠡᠱᠢᠭᠦᠨ᠎ᠲᠡᠢ ᠦᠷᠭᠦᠯᠵᠢ ᠬᠠᠷᠢᠯᠴᠠᠬᠤ᠎ᠶᠢ ᠪᠠᠲᠤᠯᠠᠵᠤ᠂ ᠬᠥᠮᠦᠵᠢᠯ ᠪᠣᠯᠪᠠᠰᠤᠷᠠᠯ᠂ ᠬᠠᠮᠢᠶᠠᠷᠤᠯᠲᠠ ᠦᠢᠯᠡᠴᠢᠯᠡᠭᠡ ᠵᠡᠷᠭᠡ ᠠᠵᠢᠯ᠎ᠢ ᠵᠡᠷᠭᠡ᠎ᠪᠡᠷ ᠰᠠᠢᠲᠤᠷ ᠬᠢᠪᠡᠯ ᠵᠣᠬᠢᠨ᠎ᠠ᠃ ᠨᠡᠭᠦᠳᠡᠯ ᠨᠠᠮ᠎ᠤᠨ ᠭᠡᠱᠢᠭᠦᠨ ᠬᠠᠷᠢᠴᠠᠩᠭᠤᠢ ᠲᠥᠪᠯᠡᠷᠡᠩᠭᠦᠢ ᠭᠠᠵᠠᠷ᠎ᠲᠤ᠂ ᠶᠠᠪᠤᠭᠰᠠᠨ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ ᠬᠦᠷᠢᠶᠡᠯᠡᠩ ᠲᠣᠭᠤᠷᠢᠭ᠂ ᠬᠤᠳᠠᠯᠳᠤᠭᠠᠴᠢᠳ᠎ᠤᠨ ᠡᠪᠯᠡᠯ᠂ ᠠᠵᠢᠯ ᠲᠥᠷᠦᠯ᠎ᠦᠨ ᠨᠡᠢᠭᠡᠮᠯᠢᠭ᠂ ᠭᠠᠳᠠᠷ ᠣᠷᠤᠨ᠎ᠳᠤ ᠰᠠᠭᠤᠭ᠎ᠠ ᠠᠵᠢᠯ ᠡᠷᠬᠢᠯᠡᠬᠦ ᠪᠠᠢᠭᠤᠯᠤᠮᠵᠢ ᠵᠡᠷᠭᠡ᠎ᠳ᠋ᠦ᠍ ᠲᠦᠱᠢᠭᠯᠡᠨ ᠨᠡᠭᠦᠳᠡᠯ ᠨᠠᠮ᠎ᠤᠨ ᠭᠡᠱᠢᠭᠦᠨ᠎ᠦ ᠨᠠᠮ᠎ᠤᠨ ᠵᠣᠬᠢᠶᠠᠨ ᠪᠠᠢᠭᠤᠯᠤᠯᠲᠠ᠎ᠶᠢ ᠪᠠᠢᠭᠤᠯᠵᠤ ᠪᠣᠯᠤᠨ᠎ᠠ᠃
  ᠢᠷᠡᠭᠰᠡᠨ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ ᠨᠡᠭᠦᠳᠡᠯ ᠨᠠᠮ᠎ᠤᠨ ᠭᠡᠱᠢᠭᠦᠨ᠎ᠦ ᠡᠳᠦᠷ ᠲᠤᠲᠤᠮ᠎ᠤᠨ ᠬᠠᠮᠢᠶᠠᠷᠤᠯᠲᠠ᠎ᠶᠢ ᠬᠠᠮᠵᠢᠨ ᠰᠠᠢᠲᠤᠷ ᠬᠢᠪᠡᠯ ᠵᠣᠬᠢᠨ᠎ᠠ᠃ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ ᠨᠢᠭᠡ ᠲᠠᠯ᠎ᠠ᠎ᠳᠤ ᠬᠠᠷᠢᠶᠠᠯᠠᠭᠳᠠᠵᠤ᠂ ᠣᠯᠠᠨ ᠳᠠᠪᠬᠤᠷ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠬᠤ ᠬᠡᠯᠪᠡᠷᠢ᠎ᠶᠢ ᠦᠨᠳᠦᠰᠦᠯᠡᠵᠦ᠂ ᠨᠡᠭᠦᠳᠡᠯ ᠨᠠᠮ᠎ᠤᠨ ᠭᠡᠱᠢᠭᠦᠨ ᠣᠢᠷᠠᠬᠠᠨ ᠪᠤᠶᠤ ᠳᠥᠭᠦᠮ᠎ᠢᠶᠡᠨ ᠦᠵᠡᠵᠦ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠤᠯᠴᠠᠨ᠎ᠠ᠃ ᠱᠢᠶᠠᠩ ᠪᠠᠯᠭᠠᠰᠤ᠂ ᠵᠡᠭᠡᠯᠢ ᠭᠤᠳᠤᠮᠵᠢ᠂ ᠲᠣᠰᠭᠣᠨ᠂ ᠨᠡᠢᠭᠡᠮ ᠲᠣᠭᠤᠷᠢᠭ᠂ ᠬᠦᠷᠢᠶᠡᠯᠡᠩ ᠲᠣᠭᠤᠷᠢᠭ ᠵᠡᠷᠭᠡ ᠨᠠᠮ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ ᠨᠡᠭᠦᠳᠡᠯ ᠨᠠᠮ᠎ᠤᠨ ᠭᠡᠱᠢᠭᠦᠨ᠎ᠳ᠋ᠦ᠍ ᠨᠡᠭᠡᠭᠡᠯᠲᠡ᠎ᠲᠡᠢ ᠪᠠᠢᠪᠠᠯ ᠵᠣᠬᠢᠨ᠎ᠠ᠃ ᠨᠡᠭᠦᠳᠡᠯ ᠨᠠᠮ᠎ᠤᠨ ᠭᠡᠱᠢᠭᠦᠨ ᠢᠷᠡᠭᠰᠡᠨ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ ᠪᠤᠶᠤ ᠨᠡᠭᠦᠳᠡᠯ ᠨᠠᠮ᠎ᠤᠨ ᠭᠡᠱᠢᠭᠦᠨ᠎ᠦ ᠨᠠᠮ᠎ᠤᠨ ᠵᠣᠬᠢᠶᠠᠨ ᠪᠠᠢᠭᠤᠯᠤᠯᠲᠠ᠎ᠳᠤ ᠠᠷᠠᠳᠴᠢᠯᠠᠯ᠎ᠤᠨ ᠦᠨᠡᠯᠡᠯᠲᠡ᠎ᠳ᠋ᠦ᠍ ᠣᠷᠤᠯᠴᠠᠵᠤ ᠪᠣᠯᠤᠨ᠎ᠠ᠃ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠪᠠᠨ ᠱᠢᠯᠵᠢᠭᠦᠯᠬᠦ ᠨᠥᠬᠦᠴᠡᠯ ᠪᠦᠷᠢᠳᠦᠭᠰᠡᠨ ᠨᠡᠭᠦᠳᠡᠯ ᠨᠠᠮ᠎ᠤᠨ ᠭᠡᠱᠢᠭᠦᠨ᠎ᠦ ᠶᠠᠪᠤᠭᠰᠠᠨ ᠭᠠᠵᠠᠷ ᠪᠠ ᠢᠷᠡᠭᠰᠡᠨ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ ᠱᠢᠯᠵᠢᠭᠦᠯᠦᠨ ᠬᠦᠯᠢᠶᠡᠨ ᠠᠪᠬᠤ ᠠᠵᠢᠯ᠎ᠢ ᠰᠠᠢᠲᠤᠷ ᠬᠢᠪᠡᠯ ᠵᠣᠬᠢᠨ᠎ᠠ᠃
  ᠭᠤᠴᠢᠨ ᠭᠤᠷᠪᠠᠳᠤᠭᠠᠷ ᠵᠦᠢᠯ  ᠬᠥᠳᠡᠭᠡ ᠲᠣᠰᠭᠣᠨ᠎ᠤ ᠨᠠᠮ᠎ᠤᠨ ᠡᠭᠦᠷ ᠨᠡᠭᠦᠳᠡᠯ ᠨᠠᠮ᠎ᠤᠨ ᠭᠡᠱᠢᠭᠦᠨ᠎ᠲᠡᠢ ᠲᠤᠰᠭᠠᠢ ᠬᠠᠷᠢᠯᠴᠠᠬᠤ ᠬᠥᠮᠦᠨ᠎ᠢᠶᠡᠨ ᠲᠣᠳᠤᠷᠬᠠᠢᠯᠠᠪᠠᠯ ᠵᠣᠬᠢᠨ᠎ᠠ᠃ ᠱᠢᠶᠠᠩ ᠪᠠᠯᠭᠠᠰᠤᠨ᠎ᠤ ᠨᠠᠮ᠎ᠤᠨ ᠬᠣᠷᠢᠶ᠎ᠠ ᠨᠡᠭᠦᠳᠡᠯ ᠨᠠᠮ᠎ᠤᠨ ᠭᠡᠱᠢᠭᠦᠨ᠎ᠦ ᠦᠨᠳᠦᠰᠦᠨ ᠪᠠᠢᠳᠠᠯ᠎ᠢ ᠡᠵᠡᠮᠱᠢᠵᠦ᠂ ᠨᠠᠮ᠎ᠤᠨ ᠡᠭᠦᠷ᠎ᠦᠨ ᠡᠳᠦᠷ ᠲᠤᠲᠤᠮ᠎ᠤᠨ ᠰᠤᠷᠭᠠᠨ ᠬᠥᠮᠦᠵᠢᠯ ᠬᠠᠮᠢᠶᠠᠷᠤᠯᠲᠠ᠎ᠪᠠᠨ ᠴᠢᠩᠭᠠᠳᠭᠠᠬᠤ᠎ᠶᠢ ᠵᠢᠯᠤᠭᠤᠳᠤᠨ ᠱᠠᠯᠠᠪᠳᠠᠭᠤᠯᠪᠠᠯ ᠵᠣᠬᠢᠨ᠎ᠠ᠃ ᠨᠡᠭᠦᠳᠡᠯ ᠨᠠᠮ᠎ᠤᠨ ᠭᠡᠱᠢᠭᠦᠨ ᠲᠥᠪᠯᠡᠷᠡᠨ ᠨᠤᠲᠤᠭ᠎ᠲᠤ᠎ᠢᠶᠠᠨ ᠪᠤᠴᠠᠬᠤ ᠵᠡᠷᠭᠡ ᠵᠠᠪᠱᠢᠶᠠᠨ᠎ᠢ ᠠᠱᠢᠭᠯᠠᠨ ᠲᠡᠳᠡᠨ᠎ᠢ ᠵᠣᠬᠢᠶᠠᠨ ᠪᠠᠢᠭᠤᠯᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ ᠪᠤᠶᠤ ᠬᠥᠮᠦᠵᠢᠯ ᠪᠣᠯᠪᠠᠰᠤᠷᠠᠯ᠎ᠳᠤ ᠣᠷᠤᠯᠴᠠᠭᠤᠯᠤᠨ᠎ᠠ᠃ ᠤᠯᠤᠰ ᠲᠥᠷᠦ᠎ᠶᠢᠨ ᠬᠡᠪ ᠴᠢᠨᠠᠷ ᠨᠡᠯᠢᠶᠡᠳ ᠰᠠᠢᠨ᠂ ᠪᠠᠶᠠᠵᠢᠬᠤ ᠪᠠ ᠳᠠᠭᠠᠭᠤᠯᠤᠨ ᠪᠠᠶᠠᠵᠢᠬᠤ ᠴᠢᠳᠠᠪᠤᠷᠢ᠎ᠲᠠᠢ ᠨᠡᠭᠦᠳᠡᠯ ᠨᠠᠮ᠎ᠤᠨ ᠭᠡᠱᠢᠭᠦᠨ᠎ᠢ ᠴᠠᠭ ᠲᠤᠬᠠᠢ᠎ᠳ᠋ᠤᠨᠢ ᠲᠣᠰᠭᠣᠨ᠎ᠤ ᠪᠡᠯᠡᠳᠭᠡᠯ ᠬᠦᠴᠦᠨ᠎ᠳ᠋ᠦ᠍ ᠣᠷᠤᠭᠤᠯᠤᠨ ᠬᠥᠮᠦᠵᠢᠭᠦᠯᠪᠡᠯ ᠵᠣᠬᠢᠨ᠎ᠠ᠃
  ᠬᠣᠲᠠ᠎ᠶᠢᠨ ᠨᠡᠢᠭᠡᠮ ᠲᠣᠭᠤᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ ᠣᠨᠳᠣᠣ ᠭᠠᠵᠠᠷ ᠰᠠᠭᠤᠵᠤ ᠪᠠᠢᠭ᠎ᠠ ᠨᠡᠭᠦᠳᠡᠯ ᠨᠠᠮ᠎ᠤᠨ ᠭᠡᠱᠢᠭᠦᠨ᠎ᠦ ᠰᠠᠭᠤᠭ᠎ᠠ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ᠎ᠳᠤ᠎ᠪᠠᠨ ᠣᠴᠢᠨ ᠨᠡᠷ᠎ᠡ᠎ᠪᠡᠨ ᠮᠡᠳᠡᠭᠦᠯᠵᠦ᠂ ᠰᠠᠭᠤᠭ᠎ᠠ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯᠯᠠᠭ᠎ᠠ᠎ᠳᠤ ᠤᠬᠠᠮᠰᠠᠷ᠎ᠠᠴᠠ᠎ᠢᠶᠠᠨ ᠣᠷᠤᠯᠴᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠮᠢᠶᠠᠷᠤᠯᠲᠠ᠎ᠶᠢ ᠬᠦᠯᠢᠶᠡᠨ ᠠᠪᠬᠤ᠎ᠶᠢ ᠬᠥᠲᠦᠯᠦᠨ ᠳᠠᠭᠠᠭᠤᠯᠤᠨ᠎ᠠ᠃ ᠣᠨᠳᠣᠣ ᠭᠠᠵᠠᠷ ᠰᠠᠭᠤᠷᠢᠱᠢᠭᠰᠠᠨ ᠨᠠᠮ᠎ᠤᠨ ᠭᠡᠱᠢᠭᠦᠨ᠎ᠦ ᠴᠠᠭ ᠲᠤᠬᠠᠢ᠎ᠳ᠋ᠤᠨᠢ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠪᠠᠨ ᠱᠢᠯᠵᠢᠭᠦᠯᠬᠦ᠎ᠶᠢ ᠬᠥᠲᠦᠯᠦᠨ ᠳᠠᠭᠠᠭᠤᠯᠬᠤ᠎ᠶᠢᠨ ᠬᠠᠮᠲᠤ ᠬᠠᠪᠰᠤᠷᠤᠯᠭ᠎ᠠ ᠦᠵᠡᠭᠦᠯᠦᠨ᠎ᠡ᠃
  ᠣᠯᠠᠨ ᠨᠡᠢᠲᠡ᠎ᠶᠢᠨ ᠠᠵᠢᠯ ᠣᠯᠭᠤᠯᠲᠠ ᠪᠠ ᠴᠢᠳᠠᠪᠤᠷᠢᠲᠠᠨ᠎ᠤ ᠦᠢᠯᠡᠴᠢᠯᠡᠭᠡᠨ᠎ᠦ ᠪᠠᠢᠭᠤᠯᠤᠮᠵᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠨᠡᠭᠦᠳᠡᠯ ᠴᠢᠳᠠᠪᠤᠷᠢᠲᠠᠨ ᠨᠠᠮ᠎ᠤᠨ ᠭᠡᠱᠢᠭᠦᠨ᠎ᠦ ᠨᠠᠮ᠎ᠤᠨ ᠵᠣᠬᠢᠶᠠᠨ ᠪᠠᠢᠭᠤᠯᠤᠯᠲᠠ᠎ᠶᠢ ᠪᠠᠢᠭᠤᠯᠤᠨ ᠪᠦᠷᠢᠨᠱᠢᠭᠦᠯᠵᠤ᠂ ᠨᠡᠭᠦᠳᠡᠯ ᠴᠢᠳᠠᠪᠤᠷᠢᠲᠠᠨ ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠶᠢ ᠵᠣᠬᠢᠴᠠᠭᠤᠯᠵᠤ᠂ ᠨᠡᠭᠦᠳᠡᠯ ᠴᠢᠳᠠᠪᠤᠷᠢᠲᠠᠨ ᠨᠠᠮ᠎ᠤᠨ ᠭᠡᠱᠢᠭᠦᠨ᠎ᠦ ᠡᠳᠦᠷ ᠲᠤᠲᠤᠮ᠎ᠤᠨ ᠬᠥᠮᠦᠵᠢᠯ ᠬᠠᠮᠢᠶᠠᠷᠤᠯᠲᠠ᠎ᠶᠢ ᠴᠢᠩᠭᠠᠳᠭᠠᠨ ᠰᠠᠢᠵᠢᠷᠠᠭᠤᠯᠬᠤ ᠬᠡᠷᠡᠭᠲᠡᠢ᠃
  ᠭᠤᠴᠢᠨ ᠳᠥᠷᠪᠡᠳᠦᠭᠡᠷ ᠵᠦᠢᠯ ᠶᠡᠬᠡ ᠳᠡᠭᠡᠳᠦ ᠰᠤᠷᠭᠠᠭᠤᠯᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠪᠠᠨ ᠰᠤᠷᠭᠠᠭᠤᠯᠢ᠎ᠳᠤ ᠦᠯᠡᠳᠡᠭᠡᠭᠰᠡᠨ ᠶᠡᠬᠡ ᠳᠡᠭᠡᠳᠦ ᠰᠤᠷᠭᠠᠭᠤᠯᠢ᠎ᠶᠢᠨ ᠲᠡᠭᠦᠰᠦᠭᠰᠡᠨ ᠣᠶᠤᠲᠠᠨ ᠨᠡᠭᠦᠳᠡᠯ ᠨᠠᠮ᠎ᠤᠨ ᠭᠡᠱᠢᠭᠦᠨ᠎ᠳ᠋ᠦ᠍ ᠬᠠᠮᠢᠶᠠᠷᠬᠤ ᠬᠠᠷᠢᠭᠤᠴᠠᠯᠭ᠎ᠠ᠎ᠪᠠᠨ ᠦᠷᠭᠦᠯᠵᠢᠯᠡᠨ ᠭᠦᠢᠴᠡᠳᠭᠡᠪᠡᠯ ᠵᠣᠬᠢᠨ᠎ᠠ᠃ ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠶᠢ ᠬᠠᠳᠠᠭᠠᠯᠠᠬᠤ ᠴᠠᠭ᠎ᠢ ᠡᠩ᠎ᠦᠨ ᠪᠠᠢᠳᠠᠯ᠎ᠳᠤ 2 ᠵᠢᠯ᠎ᠡᠴᠡ ᠳᠠᠪᠠᠭᠤᠯᠬᠤ᠎ᠦᠭᠡᠢ᠂ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠪᠠᠨ ᠱᠢᠯᠵᠢᠭᠦᠯᠬᠦ ᠨᠥᠬᠦᠴᠡᠯ᠎ᠳ᠋ᠦ᠍ ᠨᠡᠢᠴᠡᠭᠰᠡᠨ᠎ᠢ᠎ᠨᠢ ᠴᠠᠭ ᠲᠤᠬᠠᠢ᠎ᠳ᠋ᠤᠨᠢ ᠱᠢᠯᠵᠢᠭᠦᠯᠦᠨ᠎ᠡ᠃
  ᠭᠠᠳᠠᠭᠠᠳᠤ᠎ᠳᠤ (ᠬᠢᠯᠢ᠎ᠡᠴᠡ) ᠭᠠᠷᠴᠤ ᠰᠤᠳᠤᠯᠤᠨ ᠰᠤᠷᠤᠯᠴᠠᠬᠤ ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠶᠢ ᠤᠤᠯ᠎ᠤᠨ ᠰᠤᠷᠤᠯᠴᠠᠵᠤ ᠪᠠᠢᠭᠰᠠᠨ ᠶᠡᠬᠡ ᠳᠡᠭᠡᠳᠦ ᠰᠤᠷᠭᠠᠭᠤᠯᠢ ᠪᠤᠶᠤ ᠠᠵᠢᠯᠯᠠᠵᠤ ᠪᠠᠢᠭᠰᠠᠨ ᠪᠠᠢᠭᠤᠯᠭ᠎ᠠ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠳᠤ ᠬᠠᠳᠠᠭᠠᠯᠠᠵᠤ᠂ ᠨᠠᠭᠠᠳᠤ ᠵᠠᠬ᠎ᠠ᠎ᠳᠤ᠎ᠪᠠᠨ ᠬᠠᠭᠠᠰ ᠵᠢᠯ ᠪᠣᠯᠬᠤ ᠪᠦᠷᠢ 1 ᠤᠳᠠᠭ᠎ᠠ ᠬᠠᠷᠢᠯᠴᠠᠬᠤ ᠬᠡᠷᠡᠭᠲᠡᠢ᠃ ᠭᠠᠳᠠᠭᠠᠳᠤ᠎ᠳᠤ (ᠬᠢᠯᠢ᠎ᠡᠴᠡ) ᠭᠠᠷᠴᠤ ᠰᠤᠳᠤᠯᠤᠨ ᠰᠤᠷᠤᠯᠴᠠᠬᠤ ᠨᠠᠮ᠎ᠤᠨ ᠭᠡᠱᠢᠭᠦᠨ ᠤᠯᠤᠰ᠎ᠲᠤ᠎ᠪᠠᠨ ᠪᠤᠴᠠᠵᠤ ᠢᠷᠡᠭᠰᠡᠨ᠎ᠦ ᠳᠠᠷᠠᠭ᠎ᠠ ᠲᠣᠭᠲᠠᠭᠠᠯ ᠶᠣᠰᠤᠭᠠᠷ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠢᠶᠠᠨ ᠰᠡᠷᠭᠦᠭᠡᠨ᠎ᠡ᠃


    ᠨᠠᠢ᠍ᠮᠠᠳᠤᠭᠠᠷ ᠪᠦᠯᠦᠭ  ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢ ᠮᠡᠳᠡᠭᠡ ᠵᠠᠩᠬᠢᠴᠢᠯᠠᠨ᠎ᠠ


  ᠭᠤᠴᠢᠨ ᠲᠠᠪᠤᠳᠤᠭᠠᠷ ᠵᠦᠢᠯ  ᠴᠠᠭ ᠦᠶ᠎ᠡ᠎ᠶᠢᠨ ᠬᠥᠭᠵᠢᠯᠲᠡ᠎ᠶᠢᠨ ᠱᠠᠭᠠᠷᠳᠠᠯᠭ᠎ᠠ᠎ᠳᠤ ᠵᠣᠬᠢᠴᠠᠵᠤ᠂ ᠢᠨᠲᠧᠷ ᠰᠦᠯᠵᠢᠶᠡᠨ᠎ᠦ ᠮᠡᠷᠭᠡᠵᠢᠯ ᠪᠠ ᠮᠡᠳᠡᠭᠡ ᠵᠠᠩᠭᠢᠴᠢᠯᠠᠭᠰᠠᠨ ᠠᠷᠭ᠎ᠠ ᠪᠠᠷᠢᠯ᠎ᠢ ᠭᠦᠢᠴᠡᠳ ᠠᠱᠢᠭᠯᠠᠵᠤ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢ ᠰᠠᠢᠵᠢᠷᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠤᠯᠠᠮᠵᠢᠯᠠᠯᠲᠤ ᠳᠠᠪᠠᠭᠤᠯᠢᠭ ᠪᠣᠯᠤᠨ ᠮᠡᠳᠡᠭᠡ ᠵᠠᠩᠭᠢ᠎ᠶᠢᠨ ᠮᠡᠷᠭᠡᠵᠢᠯ᠎ᠦᠨ ᠭᠦᠨ᠎ᠡ ᠠᠭᠤᠰᠤᠯᠴᠠᠬᠤ᠎ᠶᠢ ᠠᠬᠢᠭᠤᠯᠵᠤ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠣᠳᠣᠬᠢᠴᠢᠯᠠᠯᠲᠠ᠎ᠶᠢᠨ ᠲᠦᠪᠱᠢᠨ᠎ᠢ ᠲᠠᠰᠤᠷᠠᠯᠲᠠ᠎ᠦᠭᠡᠢ ᠳᠡᠭᠡᠭᠱᠢᠯᠡᠭᠦᠯᠦᠨ᠎ᠡ᠃
  ᠭᠤᠴᠢᠨ ᠵᠢᠷᠭᠤᠳᠤᠭᠠᠷ ᠵᠦᠢᠯ  ᠨᠢᠭᠡᠳᠦᠯᠲᠡᠢ ᠲᠥᠯᠦᠪᠵᠢᠭᠦᠯᠵᠦ᠂ ᠡᠬᠢ ᠪᠠᠶᠠᠯᠢᠭ᠎ᠢ ᠨᠡᠢᠳᠭᠡᠵᠦ᠂ ᠨᠠᠮ᠎ᠤᠨ ᠭᠡᠱᠢᠭᠦᠨ᠎ᠦ ᠮᠡᠳᠡᠭᠡ ᠵᠠᠩᠭᠢ᠎ᠶᠢᠨ ᠬᠥᠮᠦᠷᠭᠡ᠎ᠪᠡᠨ ᠪᠦᠷᠢᠨᠱᠢᠭᠦᠯᠵᠦ᠂ ᠪᠦᠬᠦ ᠤᠯᠤᠰ᠎ᠤᠨ ᠨᠠᠮ᠎ᠤᠨ ᠭᠡᠱᠢᠭᠦᠨ᠎ᠦ ᠬᠠᠮᠢᠶᠠᠷᠤᠯᠲᠠ᠎ᠶᠢᠨ ᠮᠡᠳᠡᠭᠡ ᠵᠠᠩᠭᠢ᠎ᠶᠢᠨ ᠱᠢᠰᠲᠧᠮ᠎ᠦᠨ ᠪᠠᠢᠭᠤᠯᠤᠯᠲᠠ᠎ᠶᠢ ᠴᠢᠩᠭᠠᠳᠭᠠᠵᠤ᠂ ᠨᠠᠮ᠎ᠤᠨ ᠭᠡᠱᠢᠭᠦᠨ ᠺᠠᠳ᠋ᠷ᠎ᠤᠨ ᠣᠲᠤ ᠦᠶ᠎ᠡ᠎ᠶᠢᠨ ᠠᠯᠤᠰ ᠰᠤᠷᠭᠠᠨ ᠬᠥᠮᠦᠵᠢᠯ ᠪᠠ ᠨᠠᠮ᠎ᠤᠨ ᠭᠡᠱᠢᠭᠦᠨ᠎ᠦ ᠴᠠᠬᠢᠯᠭᠠᠨᠴᠢᠯᠠᠭᠰᠠᠨ ᠰᠤᠷᠭᠠᠨ ᠬᠥᠮᠦᠵᠢᠯ᠎ᠦᠨ ᠱᠢᠨᠡᠴᠢᠯᠡᠯᠲᠡ ᠬᠥᠭᠵᠢᠯᠲᠡ᠎ᠶᠢ ᠠᠬᠢᠭᠤᠯᠵᠤ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠰᠦᠯᠵᠢᠶ᠎ᠡ᠂ ᠨᠡᠭᠦᠳᠡᠯ ᠱᠢᠯᠵᠢᠶ᠎ᠡ ᠵᠡᠷᠭᠡ ᠲᠠᠪᠴᠠᠩ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢ ᠠᠬᠢᠭᠤᠯᠵᠤ᠂ ᠨᠠᠮᠴᠢ ᠴᠢᠨᠠᠷ᠎ᠤᠨ ᠬᠥᠮᠦᠵᠢᠯ᠎ᠦᠨ ᠰᠠᠭᠤᠷᠢᠨ᠎ᠤ ᠰᠦᠯᠵᠢᠶᠡᠨ ᠳᠡᠭᠡᠷᠡᠬᠢ ᠲᠠᠪᠴᠠᠩ᠎ᠢ ᠪᠠᠢᠭᠤᠯᠵᠤ᠂ ᠨᠠᠮ᠎ᠤᠨ ᠶᠠᠪᠤᠳᠠᠯ᠂ ᠵᠠᠰᠠᠭ᠎ᠤᠨ ᠶᠠᠪᠤᠳᠠᠯ᠂ ᠦᠢᠯᠡᠴᠢᠯᠡᠭᠡ ᠣᠷᠭᠠᠨᠢᠭ᠎ᠢᠶᠠᠷ ᠤᠶᠠᠯᠳᠤᠭᠰᠠᠨ ᠰᠦᠯᠵᠢᠶᠡᠨ᠎ᠦ ᠰᠠᠭᠤᠷᠢᠨ᠎ᠢ ᠪᠠᠢᠭᠤᠯᠤᠨ᠎ᠠ᠃
  ᠭᠤᠴᠢᠨ ᠳᠣᠯᠤᠳᠤᠭᠠᠷ ᠵᠦᠢᠯ  ᠰᠦᠯᠵᠢᠶᠡᠨ ᠳᠡᠭᠡᠷ᠎ᠡ ᠪᠠ ᠰᠦᠯᠵᠢᠶᠡᠨ᠎ᠦ ᠭᠠᠳᠠᠨᠠᠬᠢ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠮᠡᠳᠡᠭᠡ ᠵᠠᠩᠭᠢᠵᠢᠯᠲᠠ᠎ᠶᠢᠨ ᠲᠠᠪᠴᠠᠩ᠎ᠳᠤ ᠲᠦᠱᠢᠭᠯᠡᠨ ᠨᠠᠮ᠎ᠤᠨ ᠭᠡᠱᠢᠭᠦᠨ᠎ᠦ ᠮᠡᠳᠡᠭᠡ ᠵᠠᠩᠭᠢ᠎ᠶᠢᠨ ᠬᠠᠮᠢᠶᠠᠷᠤᠯᠲᠠ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯᠯᠠᠭ᠎ᠠ᠎ᠶᠢᠨ ᠵᠢᠯᠤᠭᠤᠳᠤᠯᠭ᠎ᠠ ᠬᠠᠮᠢᠶᠠᠷᠤᠯᠲᠠ᠂ ᠨᠡᠭᠦᠳᠡᠯ ᠨᠠᠮ᠎ᠤᠨ ᠭᠡᠱᠢᠭᠦᠨ᠎ᠦ ᠬᠠᠮᠢᠶᠠᠷᠤᠯᠲᠠ ᠦᠢᠯᠡᠴᠢᠯᠡᠭᠡ᠂ ᠨᠠᠮ᠎ᠤᠨ ᠭᠡᠱᠢᠭᠦᠨ ᠬᠥᠭᠵᠢᠭᠦᠯᠬᠦ ᠬᠠᠮᠢᠶᠠᠷᠤᠯᠲᠠ ᠪᠠ ᠨᠠᠮ᠎ᠤᠨ ᠰᠦᠢᠳᠭᠡᠯ᠎ᠦᠨ ᠬᠠᠮᠢᠶᠠᠷᠤᠯᠲᠠ ᠵᠡᠷᠭᠡ ᠲᠤᠬᠠᠢᠯᠠᠭᠰᠠᠨ ᠠᠵᠢᠯ᠎ᠤᠨ ᠬᠡᠷᠡᠭᠯᠡᠭᠡ᠎ᠶᠢ ᠥᠷᠨᠢᠭᠦᠯᠵᠦ᠂ ᠨᠠᠮ᠎ᠤᠨ ᠭᠡᠱᠢᠭᠦᠨ᠎ᠳ᠋ᠦ᠍ ᠰᠦᠯᠵᠢᠶᠡᠨ ᠳᠡᠭᠡᠷ᠎ᠡ ᠰᠤᠷᠤᠯᠴᠠᠵᠤ ᠪᠣᠯᠪᠠᠰᠤᠷᠠᠯ ᠬᠦᠷᠲᠡᠬᠦ᠂ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠪᠠᠨ ᠱᠢᠯᠵᠢᠭᠦᠯᠬᠦ᠂ ᠨᠠᠮ᠎ᠤᠨ ᠳᠣᠲᠤᠭᠠᠳᠤ᠎ᠶᠢᠨ ᠶᠠᠪᠤᠳᠠᠯ᠎ᠳᠤ ᠣᠷᠤᠯᠴᠠᠬᠤ ᠪᠠ ᠬᠠᠯᠠᠮᠵᠢᠯᠠᠵᠤ ᠬᠠᠪᠰᠤᠷᠤᠨ ᠲᠡᠳᠭᠦᠬᠦ ᠵᠡᠷᠭᠡ ᠦᠢᠯᠡᠴᠢᠯᠡᠭᠡ ᠬᠠᠩᠭᠠᠨ᠎ᠠ᠃
  ᠮᠡᠳᠡᠭᠡ ᠵᠠᠩᠭᠢ᠎ᠶᠢᠨ ᠲᠣᠭ᠎ᠠ ᠪᠠᠷᠢᠮᠲᠠ᠎ᠶᠢ ᠠᠱᠢᠭᠯᠠᠬᠤ᠎ᠶᠢ ᠴᠢᠬᠤᠯᠠᠴᠢᠯᠠᠵᠤ᠂ ᠨᠠᠮ᠎ᠤᠨ ᠭᠡᠱᠢᠭᠦᠨ᠎ᠦ ᠡᠩᠨᠡᠭᠡᠨ᠎ᠦ ᠪᠠᠢᠳᠠᠯ ᠪᠣᠯᠤᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠳᠤ ᠴᠠᠭ ᠲᠤᠬᠠᠢ᠎ᠳ᠋ᠤᠨᠢ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠠᠰᠠᠭᠤᠳᠠᠯ᠎ᠢ ᠴᠠᠭ ᠲᠤᠬᠠᠢ᠎ᠳ᠋ᠤᠨᠢ ᠢᠯᠡᠷᠡᠭᠦᠯᠵᠦ᠂ ᠠᠵᠢᠯ᠎ᠢᠶᠠᠨ ᠲᠠᠰᠤᠷᠠᠯᠲᠠ᠎ᠦᠭᠡᠢ ᠰᠠᠢᠵᠢᠷᠠᠭᠤᠯᠤᠨ᠎ᠠ᠃
  ᠭᠤᠴᠢᠨ ᠨᠠᠢ᠍ᠮᠠᠳᠤᠭᠠᠷ ᠵᠦᠢᠯ  ᠨᠠᠮ᠎ᠤᠨ ᠭᠡᠱᠢᠭᠦᠨ ᠰᠠᠨᠠᠭᠠᠴᠢᠯᠠᠭ᠎ᠠ᠎ᠠᠴᠠ᠎ᠪᠠᠨ ᠰᠦᠯᠵᠢᠶ᠎ᠡ᠎ᠶᠢᠨ ᠲᠤᠬᠠᠢ ᠰᠤᠷᠤᠯᠴᠠᠵᠤ ᠰᠦᠯᠵᠢᠶ᠎ᠡ᠎ᠶᠢ ᠬᠡᠷᠡᠭᠯᠡᠵᠦ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠡᠯ᠎ᠡ ᠵᠦᠢᠯ᠎ᠦᠨ ᠮᠡᠳᠡᠭᠡ ᠵᠠᠩᠭᠢᠵᠢᠯᠲᠠ᠎ᠶᠢᠨ ᠲᠠᠪᠴᠠᠩ᠎ᠳᠤ ᠲᠦᠱᠢᠭᠯᠡᠵᠦ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠪᠣᠯᠪᠠᠰᠤᠷᠠᠯ᠎ᠳᠤ ᠢᠳᠡᠪᠬᠢᠲᠡᠢ ᠣᠷᠤᠯᠴᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯᠯᠠᠭ᠎ᠠ᠎ᠳᠤ ᠨᠠᠷᠢᠨ ᠬᠢᠨᠠᠮᠠᠭᠠᠢ ᠣᠷᠤᠯᠴᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠥᠮᠦᠵᠢᠯ ᠬᠠᠮᠢᠶᠠᠷᠤᠯᠲᠠ᠎ᠶᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠨ᠎ᠡ᠃ ᠰᠦᠯᠵᠢᠶ᠎ᠡ᠎ᠪᠡᠷ ᠣᠯᠠᠨ ᠲᠦᠮᠡᠨ᠎ᠳ᠋ᠦ᠍ ᠨᠠᠮ᠎ᠤᠨ ᠣᠨᠤᠯ ᠪᠣᠯᠤᠨ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠤᠬᠠᠭᠤᠯᠵᠤ᠂ ᠣᠯᠠᠨ ᠲᠦᠮᠡᠨ᠎ᠦ ᠰᠠᠨᠠᠯ᠎ᠢ ᠰᠣᠨᠤᠰᠴᠤ᠂ ᠣᠯᠠᠨ ᠲᠦᠮᠡᠨ᠎ᠲᠡᠢ ᠬᠠᠷᠢᠯᠴᠠᠵᠤ ᠣᠯᠠᠨ ᠲᠦᠮᠡᠨ᠎ᠳ᠋ᠦ᠍ ᠦᠢᠯᠡᠴᠢᠯᠡᠨ᠎ᠡ᠃
  ᠨᠠᠮ᠎ᠤᠨ ᠵᠣᠬᠢᠶᠠᠨ ᠪᠠᠢᠭᠤᠯᠤᠯᠲᠠ᠎ᠠᠴᠠ ᠨᠠᠮ᠎ᠤᠨ ᠭᠡᠱᠢᠭᠦᠨ᠎ᠢ ᠬᠥᠮᠦᠵᠢᠭᠦᠯᠦᠨ ᠵᠢᠯᠤᠭᠤᠳᠴᠤ ᠪᠠᠢᠭᠠᠳ ᠰᠦᠯᠵᠢᠶᠡᠨ ᠳᠡᠭᠡᠷᠡᠬᠢ ᠠᠵᠢᠯᠯᠠᠭ᠎ᠠ᠎ᠶᠢ᠎ᠨᠢ ᠴᠢᠩᠭ᠎ᠠ ᠵᠢᠷᠤᠮᠵᠢᠭᠤᠯᠬᠤ᠂ ᠰᠦᠯᠵᠢᠶᠡᠨ ᠳᠡᠭᠡᠷᠡᠬᠢ ᠭᠠᠵᠢᠭᠤ ᠪᠤᠷᠤᠭᠤ ᠶᠠᠷᠢᠶ᠎ᠠ ᠬᠡᠯᠡᠯᠭᠡ᠎ᠲᠡᠢ ᠵᠣᠷᠢᠭᠲᠠᠢ ᠲᠡᠮᠡᠴᠡᠯ ᠬᠢᠵᠦ᠂ ᠨᠠᠮ᠎ᠤᠨ ᠰᠠᠬᠢᠯᠭ᠎ᠠ ᠪᠠᠲᠤ ᠳᠦᠷᠢᠮ ᠲᠣᠭᠲᠠᠭᠠᠯ ᠪᠣᠯᠤᠨ ᠬᠠᠤᠯᠢ ᠴᠠᠭᠠᠵᠠ ᠬᠠᠤᠯᠢ ᠳᠦᠷᠢᠮ᠎ᠢ ᠵᠥᠷᠢᠴᠡᠭᠰᠡᠨ ᠮᠡᠳᠡᠭᠡ ᠵᠠᠩᠭᠢ ᠠᠭᠤᠯᠭ᠎ᠠ᠎ᠶᠢ ᠵᠣᠬᠢᠶᠠᠵᠤ᠂ ᠨᠡᠢᠲᠡᠯᠡᠵᠦ᠂ ᠳᠠᠮᠵᠢᠭᠤᠯᠵᠤ ᠪᠣᠯᠬᠤ᠎ᠦᠭᠡᠢ᠃


     ᠶᠢᠰᠦᠳᠦᠭᠡᠷ ᠪᠦᠯᠦᠭ  ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ ᠪᠣᠯᠤᠨ ᠠᠵᠢᠯ᠎ᠤᠨ ᠪᠠᠲᠤᠯᠠᠭ᠎ᠠ


  ᠭᠤᠴᠢ ᠶᠢᠰᠦᠳᠦᠭᠡᠷ ᠵᠦᠢᠯ  ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ ᠳᠣᠣᠷ᠎ᠠ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠡᠴᠡ ᠲᠦᠷᠦᠭᠦᠯᠡᠨ ᠬᠠᠷᠢᠭᠤᠴᠠᠵᠤ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠂ ᠲᠥᠪ᠎ᠦᠨ ᠤᠬᠠᠭᠤᠯᠬᠤ ᠬᠡᠯᠲᠡᠰ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠲᠥᠪ᠎ᠦᠨ ᠪᠠ ᠲᠥᠷᠦ᠎ᠶᠢᠨ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠂ ᠰᠤᠷᠭᠠᠨ ᠬᠥᠮᠦᠵᠢᠯ᠎ᠦᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠂ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠦᠨ ᠡᠳ᠋ ᠬᠥᠷᠦᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ ᠵᠡᠷᠭᠡ ᠣᠷᠤᠯᠴᠠᠵᠤ᠂ ᠪᠦᠬᠦ ᠤᠯᠤᠰ᠎ᠤᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠵᠣᠬᠢᠴᠠᠭᠤᠯᠬᠤ ᠳᠤᠭᠤᠢᠯᠠᠩ ᠪᠠᠢᠭᠤᠯᠵᠤ᠂ ᠪᠦᠬᠦ ᠤᠯᠤᠰ᠎ᠤᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢ ᠲᠥᠯᠦᠪᠵᠢᠭᠦᠯᠦᠨ ᠪᠠᠢᠷᠢᠯᠠᠭᠤᠯᠬᠤ᠂ ᠵᠣᠬᠢᠶᠠᠨ ᠪᠠᠢᠭᠤᠯᠵᠤ ᠵᠣᠬᠢᠴᠠᠭᠤᠯᠬᠤ ᠪᠠ ᠪᠠᠢᠴᠠᠭᠠᠨ ᠵᠢᠯᠣᠭᠣᠳᠭᠤ᠎ᠶᠢ ᠬᠠᠷᠢᠭᠤᠴᠠᠵᠤ᠂ ᠵᠣᠬᠢᠴᠠᠭᠤᠯᠬᠤ ᠳᠤᠭᠤᠢᠯᠠᠩ᠎ᠤᠨ ᠠᠯᠪᠠᠨ ᠭᠡᠷ᠎ᠢ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠲᠦ᠍ ᠪᠠᠢᠷᠢᠯᠠᠭᠤᠯᠤᠨ᠎ᠠ᠃ ᠮᠤᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠨᠠᠮ᠎ᠤᠨ ᠬᠣᠷᠢᠶᠠᠨ᠎ᠤ ᠬᠢᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠵᠣᠬᠢᠴᠠᠭᠤᠯᠬᠤ ᠪᠠᠢᠭᠤᠯᠤᠮᠵᠢ ᠪᠠᠢᠭᠤᠯᠬᠤ ᠬᠡᠷᠡᠭᠲᠡᠢ᠃ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠵᠣᠬᠢᠴᠠᠭᠤᠯᠬᠤ ᠪᠠᠢᠭᠤᠯᠤᠮᠵᠢ᠎ᠶᠢᠨ ᠠᠵᠢᠯᠯᠠᠭᠠᠨ᠎ᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠴᠢᠳᠠᠪᠬᠢ ᠦᠢᠯᠡᠳᠦᠯ᠎ᠢ᠎ᠨᠢ ᠭᠦᠢᠴᠡᠳ ᠪᠠᠳᠠᠷᠠᠭᠤᠯᠤᠨ᠎ᠠ᠃
  ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠦᠨ ᠬᠢᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠬᠤ᠎ᠶᠢ ᠭᠣᠣᠯᠯᠠᠨ ᠬᠠᠷᠢᠭᠤᠴᠠᠵᠤ᠂ ᠨᠠᠮ᠎ᠤᠨ ᠭᠡᠱᠢᠭᠦᠨ᠎ᠢ ᠲᠥᠪᠯᠡᠷᠡᠭᠦᠯᠦᠨ ᠬᠥᠮᠦᠵᠢᠯ ᠬᠦᠷᠲᠡᠭᠡᠬᠦ ᠪᠠ ᠪᠠᠢᠩᠭᠤ᠎ᠶᠢᠨ ᠴᠢᠨᠠᠷᠲᠠᠢ ᠬᠥᠮᠦᠵᠢᠯ ᠬᠦᠷᠲᠡᠭᠡᠬᠦ᠎ᠶᠢ ᠵᠣᠬᠢᠶᠠᠨ ᠪᠠᠢᠭᠤᠯᠵᠤ ᠲᠣᠬᠢᠷᠠᠭᠤᠯᠬᠤ᠎ᠶᠢ ᠰᠠᠢᠲᠤᠷ ᠠᠳᠭᠤᠵᠤ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢ ᠪᠣᠳᠠᠲᠠᠢ ᠵᠢᠭᠠᠨ ᠵᠢᠯᠣᠭᠣᠳᠭᠤ᠎ᠪᠠᠨ ᠴᠢᠩᠭᠠᠳᠭᠠᠨ᠎ᠠ᠃
  ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ ᠨᠠᠮ᠎ᠤᠨ ᠭᠡᠱᠢᠭᠦᠨ᠎ᠦ ᠰᠠᠬᠢᠯᠭ᠎ᠠ ᠪᠠᠲᠤ ᠰᠤᠷᠲᠠᠯ᠎ᠤᠨ ᠬᠥᠮᠦᠵᠢᠯ᠎ᠢ ᠭᠣᠣᠯᠯᠠᠨ ᠬᠠᠷᠢᠭᠤᠴᠠᠵᠤ᠂ ᠨᠠᠮ᠎ᠤᠨ ᠭᠡᠱᠢᠭᠦᠨ᠎ᠳ᠋ᠦ᠍ ᠬᠢᠨᠠᠯᠲᠠ ᠲᠠᠯᠪᠢᠬᠤ᠎ᠶᠢ ᠵᠢᠭᠠᠨ ᠵᠢᠯᠤᠭᠤᠳᠴᠤ᠂ ᠨᠠᠮ᠎ᠤᠨ ᠭᠡᠱᠢᠭᠦᠨ᠎ᠦ ᠨᠠᠮ᠎ᠤᠨ ᠰᠠᠬᠢᠯᠭ᠎ᠠ ᠪᠠᠲᠤ᠎ᠠᠴᠠ ᠵᠥᠷᠢᠴᠡᠭᠰᠡᠨ ᠪᠠ ᠲᠤᠱᠢᠶᠠᠯ᠎ᠳᠤ᠎ᠢᠶᠠᠨ ᠣᠰᠤᠯᠳᠠᠵᠤ ᠬᠠᠤᠯᠢ᠎ᠠᠴᠠ ᠵᠥᠷᠢᠴᠡᠭᠰᠡᠨ᠂ ᠲᠤᠱᠢᠶᠠᠯ᠎ᠢᠶᠠᠨ ᠠᠱᠢᠭᠯᠠᠵᠤ ᠶᠠᠯᠠᠲᠤ ᠠᠵᠢᠯᠯᠠᠭ᠎ᠠ ᠬᠢᠭᠰᠡᠨ ᠪᠠᠢᠳᠠᠯ᠎ᠢ ᠪᠠᠢᠴᠠᠭᠠᠨ ᠱᠢᠢᠳᠭᠡᠨ᠎ᠡ᠃
  ᠲᠥᠪ᠎ᠦᠨ ᠤᠬᠠᠭᠤᠯᠬᠤ ᠬᠡᠯᠲᠡᠰ ᠨᠠᠮ᠎ᠤᠨ ᠭᠡᠱᠢᠭᠦᠨ᠎ᠦ ᠤᠯᠤᠰ ᠲᠥᠷᠦ ᠣᠨᠤᠯ᠎ᠤᠨ ᠬᠥᠮᠦᠵᠢᠯ᠂ ᠪᠠᠢᠳᠠᠯ ᠲᠥᠷᠦ᠎ᠶᠢᠨ ᠪᠣᠳᠤᠯᠭ᠎ᠠ᠎ᠶᠢᠨ ᠬᠥᠮᠦᠵᠢᠯ᠎ᠢ ᠭᠣᠣᠯᠯᠠᠨ ᠬᠠᠷᠢᠭᠤᠴᠠᠵᠤ᠂ ᠨᠠᠮ᠎ᠤᠨ ᠭᠡᠱᠢᠭᠦᠨ᠎ᠦ ᠬᠥᠮᠦᠵᠢᠯ᠎ᠦᠨ ᠵᠢᠭᠠᠬᠤ ᠮᠠᠲᠧᠷᠢᠶᠠᠯ᠎ᠢ ᠨᠠᠢᠷᠠᠭᠤᠯᠤᠨ ᠪᠢᠴᠢᠬᠦ᠎ᠶᠢ ᠵᠢᠭᠠᠨ ᠵᠢᠯᠤᠭᠤᠳᠴᠤ ᠵᠣᠬᠢᠴᠠᠭᠤᠯᠤᠨ᠂ ᠨᠠᠮ᠎ᠤᠨ ᠭᠡᠱᠢᠭᠦᠨ᠎ᠦ ᠲᠡᠷᠢᠭᠦᠨ᠎ᠦ ᠨᠡᠢᠲᠡᠯᠢᠭ ᠵᠢᠱᠢᠶ᠎ᠡ᠎ᠶᠢ ᠰᠤᠷᠤᠯᠴᠠᠵᠤ ᠤᠬᠠᠭᠤᠯᠬᠤ᠎ᠶᠢ ᠵᠣᠬᠢᠶᠠᠨ ᠪᠠᠢᠭᠤᠯᠤᠨ᠎ᠠ᠃
  ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠠᠮ᠎ᠤᠨ ᠭᠡᠱᠢᠭᠦᠨ ᠤᠳᠤᠷᠢᠳᠬᠤ ᠺᠠᠳ᠋ᠷ᠎ᠤᠨ ᠪᠣᠯᠪᠠᠰᠤᠷᠠᠯ᠎ᠢ ᠭᠣᠣᠯᠯᠠᠨ ᠬᠠᠷᠢᠭᠤᠴᠠᠵᠤ᠂ ᠣᠷᠤᠨ ᠨᠤᠲᠤᠭ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠨᠠᠮ᠎ᠤᠨ ᠭᠡᠱᠢᠭᠦᠨ᠎ᠦ ᠬᠥᠮᠦᠵᠢᠯ ᠪᠣᠯᠪᠠᠰᠤᠷᠠᠯ᠎ᠤᠨ ᠠᠵᠢᠯ᠎ᠢ ᠵᠢᠭᠠᠨ ᠰᠤᠷᠭᠠᠯᠲᠠ᠎ᠶᠢᠨ ᠲᠥᠯᠦᠪᠯᠡᠭᠡ ᠳᠣ᠌᠎ᠪᠠᠨ ᠣᠷᠤᠭᠤᠯᠵᠤ᠂ ᠬᠢᠴᠢᠶᠡᠯ᠎ᠦᠨ ᠴᠠᠭ ᠪᠣᠯᠤᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢᠶᠠᠨ ᠪᠠᠲᠤᠯᠠᠬᠤ᠎ᠶᠢ ᠵᠢᠭᠠᠨ ᠵᠢᠯᠤᠭᠤᠳᠤᠨ᠎ᠠ᠃
  ᠲᠥᠪ᠎ᠦᠨ ᠪᠠ ᠲᠥᠷᠦ᠎ᠶᠢᠨ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠎ᠶᠢᠨ ᠬᠢᠨ ᠲᠥᠪ᠎ᠦᠨ ᠪᠠ ᠲᠥᠷᠦ᠎ᠶᠢᠨ ᠪᠠᠢᠭᠤᠯᠭ᠎ᠠ᠎ᠶᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢᠶᠠᠨ ᠰᠠᠢᠲᠤᠷ ᠬᠢᠬᠦ᠎ᠶᠢ ᠵᠢᠭᠠᠨ ᠵᠢᠯᠣᠭᠣᠳᠭᠤ᠎ᠶᠢ ᠭᠣᠣᠯᠯᠠᠨ ᠬᠠᠷᠢᠭᠤᠴᠠᠨ᠎ᠠ᠃
  ᠰᠤᠷᠭᠠᠨ ᠬᠥᠮᠦᠵᠢᠯ᠎ᠦᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠢᠨ ᠶᠡᠬᠡ ᠳᠡᠭᠡᠳᠦ ᠰᠤᠷᠭᠠᠭᠤᠯᠢ᠎ᠶᠢᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢ ᠬᠣᠷᠸ᠎ᠠ ᠵᠢᠭᠠᠨ ᠵᠢᠯᠣᠭᠣᠳᠭᠤ᠎ᠶᠢ ᠭᠣᠣᠯᠯᠠᠨ ᠬᠠᠷᠢᠭᠤᠴᠠᠨ᠎ᠠ᠃
  ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠦᠨ ᠡᠳ᠋ ᠬᠥᠷᠦᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠦᠨ ᠬᠢᠨ ᠬᠢᠨᠠᠨ ᠬᠠᠮᠢᠶᠠᠷᠴᠤ ᠪᠠᠢᠭ᠎ᠠ ᠠᠵᠤ ᠠᠬᠤᠢᠯᠠᠯ᠎ᠤᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢ ᠭᠣᠣᠯᠯᠠᠨ ᠬᠠᠷᠢᠭᠤᠴᠠᠨ᠎ᠠ᠃
  ᠣᠷᠤᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ ᠪᠣᠯᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠂ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠂ ᠰᠤᠷᠭᠠᠨ ᠬᠥᠮᠦᠵᠢᠯ᠎ᠦᠨ ᠠᠵᠢᠯ᠎ᠤᠨ ᠵᠥᠪᠯᠡᠯ᠂ ᠤᠯᠤᠰ᠎ᠤᠨ ᠥᠮᠴᠢᠯᠡᠯ᠎ᠦᠨ ᠡᠳ᠋ ᠬᠥᠷᠦᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠦᠨ ᠨᠠᠮ᠎ᠤᠨ ᠬᠣᠷᠢᠶ᠎ᠠ ᠵᠡᠷᠭᠡ ᠲᠤᠰ ᠲᠤᠰ ᠡᠭᠦᠷᠭᠡ ᠴᠢᠳᠠᠪᠬᠢ᠎ᠪᠠᠨ ᠦᠨᠳᠦᠰᠦᠯᠡᠵᠦ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢᠶᠠᠨ ᠡᠭᠦᠷᠭᠡᠯᠡᠨ ᠬᠠᠷᠢᠭᠤᠴᠠᠨ᠎ᠠ᠃
  ᠳᠥᠴᠢᠳᠦᠭᠡᠷ ᠵᠦᠢᠯ  ᠣᠷᠤᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠰᠠᠯᠠᠭ᠎ᠠ ᠮᠥᠴᠢᠷ ᠨᠢᠭᠡᠴᠢ᠎ᠶᠢᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ)᠎ᠤ᠋ᠨ ᠬᠢᠨ ᠲᠤᠰ ᠣᠷᠤᠨ ᠲᠤᠰ ᠰᠠᠯᠠᠭ᠎ᠠ ᠮᠥᠴᠢᠷ ᠲᠤᠰ ᠪᠠᠢᠭᠤᠯᠭ᠎ᠠ ᠨᠢᠭᠡᠴᠢ᠎ᠶᠢᠨ᠎ᠪᠡᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢ ᠤᠳᠤᠷᠢᠳᠴᠤ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠴᠢᠭᠯᠡᠯᠲᠡ ᠲᠥᠷᠦ᠎ᠶᠢᠨ ᠪᠣᠳᠤᠯᠭ᠎ᠠ ᠪᠣᠯᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠲᠤᠭᠤᠱᠢᠯᠠᠭᠤᠯᠤᠨ ᠬᠡᠷᠡᠭᠵᠢᠭᠦᠯᠵᠦ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢ ᠲᠣᠭᠲᠠᠭᠰᠠᠨ ᠬᠤᠭᠤᠴᠠᠭ᠎ᠠ᠎ᠪᠠᠷ ᠰᠤᠳᠤᠯᠵᠤ᠂ ᠨᠠᠮ᠎ᠤᠨ ᠭᠡᠱᠢᠭᠦᠨ᠎ᠦ ᠡᠩᠨᠡᠭᠡᠨ᠎ᠦ ᠪᠠᠢᠳᠠᠯ᠎ᠢ ᠵᠠᠳᠠᠯᠤᠨ ᠱᠢᠨᠵᠢᠯᠡᠵᠦ᠂ ᠴᠢᠭᠯᠡᠭᠦᠯᠦᠯᠳᠦ ᠴᠢᠨᠠᠷᠲᠠᠢ᠎ᠪᠠᠷ ᠠᠵᠢᠯ᠎ᠤᠨ ᠠᠷᠭ᠎ᠠ ᠬᠡᠮᠵᠢᠶ᠎ᠡ᠎ᠶᠢ ᠳᠤᠷᠠᠳᠤᠨ᠎ᠠ᠃
  ᠦᠨᠳᠦᠰᠦᠨ ᠱᠠᠲᠤᠨ᠎ᠤ ᠨᠠᠮ᠎ᠤᠨ ᠬᠣᠷᠢᠶ᠎ᠠ᠎ᠠᠴᠠ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢ ᠠᠳᠭᠤᠬᠤ ᠦᠨᠳᠦᠰᠦᠨ ᠬᠠᠷᠢᠭᠤᠴᠠᠯᠭ᠎ᠠ᠎ᠶᠢ ᠭᠦᠢᠴᠡᠳᠭᠡᠵᠦ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯ᠎ᠤᠨ ᠲᠣᠬᠢᠷᠠᠭᠤᠯᠤᠯᠲᠠ᠎ᠶᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠨᠠᠮ᠎ᠤᠨ ᠭᠡᠱᠢᠭᠦᠨ᠎ᠢ ᠲᠥᠪᠯᠡᠷᠡᠭᠦᠯᠦᠨ ᠪᠣᠯᠪᠠᠰᠤᠷᠠᠯ ᠬᠦᠷᠲᠡᠭᠡᠬᠦ᠂ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠶᠢ ᠬᠠᠮᠢᠶᠠᠷᠬᠤ᠂ ᠬᠥᠬᠢᠭᠦᠯᠦᠨ ᠱᠠᠩᠨᠠᠵᠤ ᠤᠷᠮᠠᠱᠢᠭᠤᠯᠤᠨ ᠵᠣᠷᠢᠭᠵᠢᠭᠤᠯᠬᠤ᠂ ᠬᠠᠯᠠᠮᠵᠢᠯᠠᠨ ᠬᠠᠪᠰᠤᠷᠬᠤ᠂ ᠵᠣᠬᠢᠶᠠᠨ ᠪᠠᠢᠭᠤᠯᠤᠯᠲᠠ᠎ᠶᠢᠨ ᠱᠢᠢᠳᠪᠦᠷᠢ ᠥᠭᠬᠦ᠂ ᠰᠠᠬᠢᠯᠭ᠎ᠠ ᠪᠠᠲᠤ᠎ᠶᠢᠨ ᠱᠢᠢᠳᠭᠡᠯ ᠥᠭᠬᠦ ᠵᠡᠷᠭᠡ ᠠᠵᠢᠯ᠎ᠢ ᠵᠣᠬᠢᠶᠠᠨ ᠪᠠᠢᠭᠤᠯᠤᠨ ᠰᠠᠢᠲᠤᠷ ᠬᠢᠵᠦ᠂ ᠬᠠᠷᠢᠶ᠎ᠠ ᠨᠠᠮ᠎ᠤᠨ ᠡᠭᠦᠷ᠎ᠦᠨ ᠨᠠᠮ᠎ᠤᠨ ᠭᠡᠱᠢᠭᠦᠨ᠎ᠦ ᠡᠳᠦᠷ ᠲᠤᠲᠤᠮ᠎ᠤᠨ ᠬᠥᠮᠦᠵᠢᠯ ᠬᠠᠮᠢᠶᠠᠷᠤᠯᠲᠠ᠎ᠶᠢᠨ ᠠᠵᠢᠯ᠎ᠢᠶᠠᠨ ᠰᠠᠢᠲᠤᠷ ᠬᠢᠬᠦ᠎ᠶᠢ ᠵᠢᠭᠠᠨ ᠵᠢᠯᠤᠭᠤᠳᠤᠨ᠎ᠠ᠃ ᠨᠠᠮ᠎ᠤᠨ ᠡᠭᠦᠷ᠎ᠡᠴᠡ ᠨᠠᠮ᠎ᠤᠨ ᠳᠦᠷᠢᠮ ᠪᠣᠯᠤᠨ ᠨᠠᠮ᠎ᠤᠨ ᠳᠣᠲᠤᠭᠠᠳᠤ᠎ᠶᠢᠨ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ᠂ ᠬᠣᠯᠪᠤᠭᠳᠠᠯ ᠪᠦᠬᠦᠢ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠨ᠎ᠡ᠃ ᠨᠠᠮ᠎ᠤᠨ ᠳᠤᠭᠤᠢᠯᠠᠩ᠎ᠤᠨ ᠬᠢᠨ ᠨᠠᠮ᠎ᠤᠨ ᠡᠭᠦᠷ᠎ᠦᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠲᠤᠬᠠᠢ ᠱᠠᠭᠠᠷᠳᠠᠯᠭ᠎ᠠ ᠪᠣᠯᠤᠨ ᠡᠭᠦᠷᠭᠡ᠎ᠶᠢ ᠨᠠᠢᠳᠠᠪᠤᠷᠢᠵᠢᠭᠤᠯᠬᠤ ᠬᠡᠷᠡᠭᠲᠡᠢ᠃
  ᠳᠥᠴᠢᠨ ᠨᠢᠭᠡᠳᠦᠭᠡᠷ ᠵᠦᠢᠯ  ᠰᠤᠮᠤ ᠱᠢᠶᠠᠩ ᠪᠠᠯᠭᠠᠰᠤ᠂ ᠵᠡᠭᠡᠯᠢ ᠭᠤᠳᠤᠮᠵᠢ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ ᠵᠡᠷᠭᠡ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ᠂ ᠲᠣᠭᠲᠠᠭᠠᠯ ᠶᠣᠰᠤᠭᠠᠷ ᠵᠣᠬᠢᠬᠤ ᠬᠡᠮᠵᠢᠶᠡᠨ᠎ᠦ ᠲᠤᠰᠭᠠᠢ ᠪᠤᠶᠤ ᠬᠠᠪᠰᠤᠷᠭᠠᠨ ᠬᠠᠷᠢᠭᠤᠴᠠᠬᠤ ᠵᠣᠬᠢᠶᠠᠨ ᠪᠠᠢᠭᠤᠯᠬᠤ ᠭᠡᠱᠢᠭᠦᠨ ᠲᠣᠬᠢᠷᠠᠭᠤᠯᠵᠤ᠂ ᠱᠢᠶᠠᠨ᠎ᠤ ᠱᠠᠲᠤᠨ᠎ᠠᠴᠠ ᠳᠡᠭᠡᠭᠱᠢᠬᠢ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠡᠴᠡ ᠲᠤᠬᠠᠢᠯᠠᠭᠰᠠᠨ ᠠᠵᠢᠯ᠎ᠤᠨ ᠵᠢᠯᠤᠭᠤᠳᠤᠯᠭ᠎ᠠ ᠪᠠ ᠬᠠᠮᠢᠶᠠᠷᠤᠯᠲᠠ ᠬᠢᠵᠦ᠂ ᠨᠠᠮ᠎ᠤᠨ ᠭᠡᠱᠢᠭᠦᠨ ᠬᠥᠭᠵᠢᠭᠦᠯᠬᠦ ᠪᠠ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ ᠵᠡᠷᠭᠡ ᠠᠵᠢᠯ᠎ᠢ ᠵᠢᠭᠠᠨ ᠵᠢᠯᠤᠭᠤᠳᠴᠤ ᠱᠠᠯᠠᠪᠳᠠᠭᠤᠯᠤᠨ ᠭᠦᠢᠴᠡᠳᠭᠡᠬᠦ ᠡᠭᠦᠷᠭᠡ᠎ᠶᠢ ᠡᠭᠦᠷᠭᠡᠯᠡᠨ᠎ᠡ᠃
  ᠨᠠᠮ᠎ᠤᠨ ᠭᠡᠱᠢᠭᠦᠨ᠎ᠦ ᠬᠥᠮᠦᠵᠢᠯ᠎ᠦᠨ ᠯᠧᠺᠲ᠋ᠣᠷ᠎ᠢ ᠤᠷᠢᠵᠤ ᠬᠡᠷᠡᠭᠯᠡᠬᠦ ᠳᠦᠷᠢᠮ᠎ᠢ ᠬᠡᠷᠡᠭᠵᠢᠭᠦᠯᠵᠦ᠂ ᠱᠢᠶᠠᠨ᠎ᠤ ᠱᠠᠲᠤᠨ᠎ᠠᠴᠠ ᠳᠡᠭᠡᠭᠱᠢᠬᠢ ᠨᠠᠮ᠎ᠤᠨ ᠬᠣᠷᠢᠶ᠎ᠠ ᠨᠠᠮ᠎ᠤᠨ ᠰᠤᠷᠭᠠᠭᠤᠯᠢ᠎ᠶᠢᠨ ᠱᠢᠯᠢᠳᠡᠭ ᠪᠠᠭᠱᠢ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠂ ᠲᠡᠷᠢᠭᠦᠨ᠎ᠦ ᠵᠢᠱ᠌ᠢᠶᠡᠴᠢ ᠬᠥᠮᠦᠰ᠂ ᠨᠠᠮ᠎ᠤᠨ ᠠᠵᠢᠯᠲᠠᠨ᠂ ᠲᠤᠰᠭᠠᠢ ᠮᠡᠷᠭᠡᠵᠢᠯᠲᠡᠨ ᠡᠷᠳᠡᠮᠲᠡᠨ᠂ ᠬᠡᠷᠡᠭᠯᠡᠭᠡᠨ᠎ᠦ ᠮᠡᠷᠭᠡᠵᠢᠯ᠎ᠦᠨ ᠴᠢᠳᠠᠪᠤᠷᠢᠲᠠᠨ᠂ ᠠᠵᠢᠯ᠎ᠠᠴᠠ᠎ᠢᠶᠠᠨ ᠠᠮᠠᠷᠠᠵᠤ ᠠᠵᠢᠯ᠎ᠠᠴᠠ᠎ᠢᠶᠠᠨ ᠳᠠᠷᠬᠠᠯᠠᠭᠳᠠᠭᠰᠠᠨ ᠺᠠᠳ᠋ᠷ ᠵᠡᠷᠭᠡ ᠬᠥᠮᠦᠰ᠎ᠦᠨ ᠳᠤᠮᠳᠠ᠎ᠠᠴᠠ ᠨᠠᠮ᠎ᠤᠨ ᠭᠡᠱᠢᠭᠦᠨ᠎ᠦ ᠬᠥᠮᠦᠵᠢᠯ᠎ᠦᠨ ᠯᠧᠺᠲ᠋ᠣᠷ᠎ᠢ ᠰᠣᠩᠭᠤᠨ ᠤᠷᠢᠵᠤ ᠬᠡᠷᠡᠭᠯᠡᠨ᠎ᠡ᠃
  ᠱᠢᠶᠠᠨ᠎ᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠰᠤᠷᠭᠠᠭᠤᠯᠢ) ᠪᠣᠯᠤᠨ ᠦᠨᠳᠦᠰᠦᠨ ᠱᠠᠲᠤᠨ᠎ᠤ ᠨᠠᠮ᠎ᠤᠨ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠭᠠᠨ᠎ᠠ᠃ ᠱᠢᠶᠠᠨ᠎ᠤ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠰᠤᠷᠭᠠᠭᠤᠯᠢ) ᠨᠠᠮ᠎ᠤᠨ ᠭᠡᠱᠢᠭᠦᠨ᠎ᠢ ᠲᠥᠪᠯᠡᠷᠡᠭᠦᠯᠦᠨ ᠪᠣᠯᠪᠠᠰᠤᠷᠠᠯ ᠬᠦᠷᠲᠡᠭᠡᠬᠦ᠎ᠶᠢ ᠴᠢᠬᠤᠯᠠ ᠡᠭᠦᠷᠭᠡ ᠪᠣᠯᠭᠠᠬᠤ ᠬᠡᠷᠡᠭᠲᠡᠢ᠃ ᠨᠠᠮ᠎ᠤᠨ ᠭᠡᠱᠢᠭᠦᠨ᠎ᠦ ᠬᠥᠮᠦᠵᠢᠯ᠎ᠦᠨ ᠯᠧᠺᠲ᠋ᠣᠷ᠎ᠤᠨ ᠦᠨᠳᠦᠰᠦᠨ ᠱᠠᠲᠤᠨ᠎ᠳᠤ ᠬᠦᠷᠴᠦ ᠬᠢᠴᠢᠶᠡᠯ ᠣᠷᠤᠬᠤ᠎ᠶᠢ ᠲᠥᠯᠦᠪᠯᠡᠭᠡ᠎ᠲᠡᠢ᠎ᠪᠡᠷ ᠵᠣᠬᠢᠶᠠᠨ ᠪᠠᠢᠭᠤᠯᠤᠨ ᠲᠣᠬᠢᠷᠠᠭᠤᠯᠤᠨ᠎ᠠ᠃ ᠨᠠᠮ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠂ ᠨᠠᠮ᠎ᠤᠨ ᠭᠡᠱᠢᠭᠦᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠰᠠᠭᠤᠷᠢᠨ᠂ ᠱᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠲᠥᠪ᠎ᠦᠨ ᠦᠢᠯᠡᠳᠦᠯ᠎ᠢ ᠪᠠᠳᠠᠷᠠᠭᠤᠯᠬᠤ᠎ᠶᠢ ᠴᠢᠬᠤᠯᠠᠴᠢᠯᠠᠨ᠎ᠠ᠃
  ᠪᠦᠬᠦ ᠤᠯᠤᠰ᠎ᠤᠨ ᠨᠠᠮ᠎ᠤᠨ ᠭᠡᠱᠢᠭᠦᠨ᠎ᠦ ᠬᠥᠮᠦᠵᠢᠯ ᠪᠣᠯᠪᠠᠰᠤᠷᠠᠯ᠎ᠤᠨ ᠵᠢᠭᠠᠬᠤ ᠮᠠᠲᠧᠷᠢᠶᠠᠯ᠎ᠤᠨ ᠪᠠᠢᠭᠤᠯᠤᠯᠲᠠ᠎ᠶᠢᠨ ᠲᠥᠯᠦᠪᠵᠢᠭᠦᠯᠭᠡ᠎ᠶᠢ ᠴᠢᠩᠭᠠᠳᠭᠠᠵᠤ᠂ ᠪᠦᠬᠦ ᠤᠯᠤᠰ᠎ᠤᠨ ᠨᠠᠮ᠎ᠤᠨ ᠭᠡᠱᠢᠭᠦᠨ᠎ᠦ ᠬᠥᠮᠦᠵᠢᠯ᠎ᠦᠨ ᠦᠨᠳᠦᠰᠦᠨ ᠵᠢᠭᠠᠬᠤ ᠮᠠᠲᠧᠷᠢᠶᠠᠯ᠎ᠢ ᠵᠣᠬᠢᠶᠠᠨ ᠪᠠᠢᠭᠤᠯᠤᠨ ᠨᠠᠢᠷᠠᠭᠤᠯᠤᠨ ᠪᠢᠴᠢᠨ᠎ᠡ᠃ ᠡᠯ᠎ᠡ ᠭᠠᠵᠠᠷ ᠣᠷᠤᠨ ᠡᠯ᠎ᠡ ᠰᠠᠯᠠᠭ᠎ᠠ ᠮᠥᠴᠢᠷ ᠡᠯ᠎ᠡ ᠪᠠᠢᠭᠤᠯᠭ᠎ᠠ ᠨᠢᠭᠡᠴᠢ ᠪᠣᠳᠠᠲᠤ ᠪᠠᠢᠳᠠᠯ᠎ᠲᠠᠢ᠎ᠢᠶᠠᠨ ᠤᠶᠠᠯᠳᠤᠭᠤᠯᠵᠤ᠂ ᠲᠤᠰ ᠲᠤᠰ᠎ᠤᠨ ᠥᠪᠡᠷᠮᠢᠴᠡ ᠣᠨᠴᠠᠯᠢᠭ᠎ᠲᠠᠢ᠂ ᠪᠣᠳᠠᠲᠠᠢ᠎ᠶᠢ ᠡᠷᠬᠢᠮᠯᠡᠭᠰᠡᠨ ᠲᠤᠰᠠᠲᠠᠢ ᠨᠠᠮ᠎ᠤᠨ ᠭᠡᠱᠢᠭᠦᠨ᠎ᠦ ᠬᠥᠮᠦᠵᠢᠯ᠎ᠦᠨ ᠵᠢᠭᠠᠬᠤ ᠮᠠᠲᠧᠷᠢᠶᠠᠯ᠎ᠢ ᠵᠣᠬᠢᠶᠠᠨ ᠨᠠᠢᠷᠠᠭᠤᠯᠬᠤ ᠪᠣᠯᠤᠨ᠎ᠠ᠃
  ᠳᠥᠴᠢᠨ ᠬᠣᠶᠠᠳᠤᠭᠠᠷ ᠵᠦᠢᠯ  ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠵᠠᠷᠤᠳᠠᠯ᠎ᠢ ᠣᠷᠤᠨ ᠨᠤᠲᠤᠭ᠎ᠤᠨ ᠡᠯ᠎ᠡ ᠱᠠᠲᠤᠨ᠎ᠤ ᠡᠳ᠋᠎ᠦᠨ ᠵᠠᠰᠠᠭ᠎ᠤᠨ ᠲᠥᠰᠦᠪ᠎ᠲᠦ᠍ ᠣᠷᠤᠭᠤᠯᠵᠤ᠂ ᠪᠣᠳᠠᠲᠠᠢ ᠪᠠᠢᠳᠠᠯ᠎ᠲᠠᠢ᠎ᠢᠶᠠᠨ ᠤᠶᠠᠯᠳᠤᠭᠤᠯᠤᠨ ᠨᠠᠮ᠎ᠤᠨ ᠭᠡᠱᠢᠭᠦᠨ᠎ᠦ ᠲᠣᠭ᠎ᠠ᠎ᠶᠢ ᠦᠨᠳᠦᠰᠦᠯᠡᠨ ᠬᠤᠪᠢᠶᠠᠷᠢᠯᠠᠨ ᠣᠯᠭᠤᠵᠤ᠂ ᠬᠥᠳᠡᠭᠡ ᠲᠣᠰᠭᠣᠨ᠂ ᠨᠡᠢᠭᠡᠮ ᠲᠣᠭᠤᠷᠢᠭ᠂ ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠪᠣᠯᠤᠨ ᠨᠡᠢᠭᠡᠮ᠎ᠦᠨ ᠵᠣᠬᠢᠶᠠᠨ ᠪᠠᠢᠭᠤᠯᠤᠯᠲᠠ᠂ ᠣᠯᠠᠨ ᠨᠡᠢᠲᠡ᠎ᠶᠢᠨ ᠠᠵᠢᠯ ᠣᠯᠭᠤᠯᠲᠠ ᠪᠣᠯᠤᠨ ᠴᠢᠳᠠᠪᠤᠷᠢᠲᠠᠨ᠎ᠤ ᠦᠢᠯᠡᠴᠢᠯᠡᠭᠡᠨ᠎ᠦ ᠪᠠᠢᠭᠤᠯᠤᠮᠵᠢ ᠵᠡᠷᠭᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ ᠥᠷᠨᠢᠭᠦᠯᠬᠦ᠎ᠶᠢ ᠭᠣᠣᠯᠳᠠᠯᠭ᠎ᠠ᠎ᠲᠠᠢ ᠪᠠᠲᠤᠯᠠᠵᠤ᠂ ᠲᠣᠭᠲᠠᠭᠤᠨ ᠵᠠᠷᠤᠳᠠᠯ᠎ᠤᠨ ᠪᠠᠲᠤᠯᠠᠭ᠎ᠠ᠎ᠶᠢᠨ ᠲᠣᠭᠲᠠᠴᠠ᠎ᠶᠢ ᠪᠦᠷᠢᠯᠳᠦᠭᠦᠯᠦᠨ᠎ᠡ᠃ ᠡᠯ᠎ᠡ ᠱᠠᠲᠤᠨ᠎ᠤ ᠨᠠᠮ᠎ᠤᠨ ᠬᠣᠷᠢᠶ᠎ᠠ᠎ᠶᠢᠨ ᠦᠯᠡᠳᠡᠭᠡᠨ ᠬᠠᠳᠠᠭᠠᠯᠠᠵᠤ ᠪᠠᠢᠭ᠎ᠠ ᠨᠠᠮ᠎ᠤᠨ ᠰᠦᠢᠳᠭᠡᠯ᠎ᠢ ᠭᠣᠣᠯᠳᠠᠭᠤ ᠨᠠᠮ᠎ᠤᠨ ᠭᠡᠱᠢᠭᠦᠨ᠎ᠢ ᠬᠥᠮᠦᠵᠢᠭᠦᠯᠵᠦ ᠪᠣᠯᠪᠠᠰᠤᠷᠠᠯ ᠬᠦᠷᠲᠡᠭᠡᠬᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ ᠥᠷᠨᠢᠭᠦᠯᠬᠦ᠎ᠶᠢ ᠳᠡᠮᠵᠢᠬᠦ᠎ᠳ᠋ᠦ᠍ ᠬᠡᠷᠡᠭᠯᠡᠨ᠎ᠡ᠃ ᠬᠤᠪᠢᠰᠭᠠᠯ᠎ᠤᠨ ᠡᠷᠲᠡ ᠴᠢᠯᠦᠭᠡᠯᠡᠭᠳᠡᠭᠰᠡᠨ ᠣᠷᠤᠨ᠂ ᠦᠨᠳᠦᠰᠦᠲᠡᠨ᠎ᠦ ᠣᠷᠤᠨ᠂ ᠬᠢᠯᠢ ᠬᠢᠵᠠᠭᠠᠷ ᠣᠷᠤᠨ᠂ ᠶᠠᠳᠠᠭᠤ ᠬᠦᠴᠢᠷᠳᠡᠯᠲᠡᠢ ᠣᠷᠤᠨ᠎ᠤ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠳᠤ ᠵᠠᠷᠤᠳᠠᠯ᠎ᠤᠨ ᠳᠡᠮᠵᠢᠯᠭᠡ ᠬᠠᠩᠭᠠᠬᠤ᠎ᠪᠠᠨ ᠴᠢᠩᠭᠠᠳᠭᠠᠨ᠎ᠠ᠃
  ᠳᠥᠴᠢᠨ ᠭᠤᠷᠪᠠᠳᠤᠭᠠᠷ ᠵᠦᠢᠯ  ᠡᠯ᠎ᠡ ᠱᠠᠲᠤᠨ᠎ᠤ ᠨᠠᠮ᠎ᠤᠨ ᠬᠣᠷᠢᠶ᠎ᠠ ᠡᠯ᠎ᠡ ᠨᠠᠮ᠎ᠤᠨ ᠳᠤᠭᠤᠢᠯᠠᠩ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠲᠤᠬᠠᠢ ᠪᠠᠢᠴᠠᠭᠠᠯᠲᠠ ᠬᠢᠨᠠᠨ ᠱᠢᠯᠭᠠᠯᠲᠠ᠎ᠪᠠᠨ ᠴᠢᠩᠭᠠᠳᠭᠠᠬᠤ ᠬᠡᠷᠡᠭᠲᠡᠢ᠃ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ ᠵᠢᠯ ᠪᠣᠯᠭᠠᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠪᠠᠢᠳᠠᠯ᠎ᠢᠶᠠᠨ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠬᠦ ᠠᠵᠢᠯ᠎ᠤᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠲᠤᠱᠢᠶᠠᠯ᠎ᠤᠨ ᠮᠡᠳᠡᠭᠦᠯᠦᠯᠲᠡ᠎ᠶᠢ ᠦᠨᠡᠯᠡᠨ ᠱᠢᠯᠭᠠᠬᠤ᠎ᠳᠤ᠎ᠪᠠᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ᠎ᠤ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠢ ᠠᠳᠭᠤᠭᠰᠠᠨ ᠪᠠᠢᠳᠠᠯ᠎ᠢ᠎ᠨᠢ ᠦᠨᠡᠯᠡᠨ᠎ᠡ᠃ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠣᠨ᠎ᠤ ᠬᠢᠨᠠᠨ ᠪᠠᠢᠴᠠᠭᠠᠯᠲᠠ ᠪᠣᠯᠤᠨ ᠲᠤᠱᠢᠶᠠᠯ᠎ᠤᠨ ᠬᠤᠭᠤᠴᠠᠭᠠᠨ᠎ᠤ ᠬᠢᠨᠠᠨ ᠪᠠᠢᠴᠠᠭᠠᠯᠲᠠ ᠥᠷᠨᠢᠭᠦᠯᠬᠦ᠎ᠳᠦ᠎ᠪᠡᠨ᠂ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠪᠠᠢᠳᠠᠯ᠎ᠢ ᠬᠢᠨᠠᠨ ᠪᠠᠢᠴᠠᠭᠠᠬᠤ ᠬᠡᠷᠡᠭᠲᠡᠢ᠃
  ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠳᠤᠮᠳᠠ ᠲᠤᠱᠢᠶᠠᠯ᠎ᠢᠶᠠᠨ ᠭᠤᠲᠤᠭᠠᠵᠤ ᠬᠠᠷᠢᠭᠤᠴᠠᠯᠭ᠎ᠠ᠎ᠪᠠᠨ ᠠᠯᠳᠠᠭᠰᠠᠨ᠎ᠢ᠎ᠨᠢ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠬᠠᠷᠢᠭᠤᠴᠠᠯᠭ᠎ᠠ ᠲᠤᠯᠭᠠᠵᠤ ᠬᠠᠷᠢᠭᠤᠴᠠᠯᠭ᠎ᠠ ᠨᠡᠬᠡᠮᠵᠢᠯᠡᠨ᠎ᠡ᠃


    ᠠᠷᠪᠠᠳᠤᠭᠠᠷ ᠪᠦᠯᠦᠭ   ᠳᠠᠭᠠᠯᠳᠤᠭᠤᠯᠤᠯ ᠳᠦᠷᠢᠮ


  ᠳᠥᠴᠢᠨ ᠳᠥᠷᠪᠡᠳᠦᠭᠡᠷ ᠵᠦᠢᠯ  ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ ᠪᠣᠯᠤᠨ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭᠠᠨ᠎ᠤ ᠴᠡᠷᠢᠭ ᠠᠩᠭᠢ᠎ᠶᠢᠨ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶᠢᠨ ᠠᠵᠢᠯ᠎ᠤᠨ ᠲᠣᠭᠲᠠᠭᠠᠯ᠎ᠢ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠠᠴᠠ ᠲᠤᠰ ᠳᠦᠷᠢᠮ᠎ᠢ ᠦᠨᠳᠦᠰᠦᠯᠡᠵᠦ ᠲᠣᠭᠲᠠᠭᠠᠨ᠎ᠠ᠃
  ᠳᠥᠴᠢᠨ ᠲᠠᠪᠤᠳᠤᠭᠠᠷ ᠵᠦᠢᠯ  ᠲᠤᠰ ᠳᠦᠷᠢᠮ᠎ᠢ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠡᠴᠡ ᠲᠠᠢᠯᠪᠤᠷᠢᠯᠠᠯᠲᠠ ᠬᠢᠬᠦ᠎ᠶᠢ ᠬᠠᠷᠢᠭᠤᠴᠠᠨ᠎ᠠ᠃
  ᠳᠥᠴᠢᠨ ᠵᠢᠷᠭᠤᠳᠤᠭᠠᠷ ᠵᠦᠢᠯ  ᠲᠤᠰ ᠳᠦᠷᠢᠮ᠎ᠢ 2019 ᠣᠨ᠎ᠤ 5 ᠰᠠᠷ᠎ᠠ᠎ᠶᠢᠨ 6᠎ᠤ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃

 

    (ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ)

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃