ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ
2021.09.29

  ᠨᠢᠭᠡᠳᠦᠭᠡᠷ ᠵᠦᠢᠯ  ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶᠢ ᠴᠢᠩᠭᠠᠳᠭᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠨᠠᠮ᠎ᠤᠨ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ ᠪᠣᠯᠤᠨ ᠲᠥᠪ᠎ᠦᠨ ᠴᠢᠬᠤᠯᠠ ᠶᠡᠬᠡ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶᠢ ᠪᠠᠲᠤᠯᠠᠵᠤ᠂ ᠨᠠᠮ᠎ᠤᠨ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠢ ᠵᠢᠷᠤᠮᠵᠢᠭᠤᠯᠤᠨ ᠴᠢᠩᠭᠠᠳᠭᠠᠬᠤ᠎ᠶᠢᠨ ᠲᠥᠯᠦᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》᠎ᠢ᠋ ᠦᠨᠳᠦᠰᠦᠯᠡᠨ᠂ ᠲᠤᠰ ᠳᠦᠷᠢᠮ᠎ᠢ ᠲᠣᠭᠲᠠᠭᠠᠪᠠ᠃
  ᠬᠣᠶᠠᠳᠤᠭᠠᠷ ᠵᠦᠢᠯ  ᠨᠠᠮ᠎ᠤᠨ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠳᠤ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠣᠣ ᠫᠢᠩ᠎ᠦᠨ ᠣᠨᠤᠯ᠂《ᠭᠤᠷᠪᠠ᠎ᠶᠢ ᠲᠥᠯᠦᠭᠡᠯᠡᠬᠦ》ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶᠢ ᠪᠠᠷᠢᠮᠲᠠᠯᠠᠵᠤ᠂ 《ᠳᠥᠷᠪᠡᠨ ᠤᠬᠠᠮᠰᠠᠷ》 ᠢ᠋ᠶ᠋ᠠᠨ ᠴᠢᠩᠭᠠᠳᠭᠠᠵᠤ᠂《ᠳᠥᠷᠪᠡᠨ ᠢᠲᠡᠭᠡᠯ》ᠢ᠋ᠶ᠋ᠡᠨ ᠪᠠᠲᠤᠳᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭᠴᠢ᠂ ᠪᠦᠬᠦ ᠨᠠᠮ᠎ᠤᠨ ᠭᠣᠣᠯᠯᠠᠭᠴᠢ ᠪᠣᠯᠬᠤ ᠪᠠᠢᠷᠢ ᠰᠠᠭᠤᠷᠢ᠎ᠶᠢ ᠡᠷᠡᠰ ᠬᠠᠮᠠᠭᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂《ᠲᠠᠪᠤ᠎ᠶᠢ ᠨᠢᠭᠡ ᠴᠣᠭᠴᠠᠵᠢᠭᠤᠯᠬᠤ》ᠶᠡᠷᠦᠩᠬᠡᠢ ᠪᠠᠢᠷᠢᠱᠢᠭᠤᠯᠤᠯᠲᠠ᠎ᠶᠢ ᠲᠥᠯᠦᠪᠵᠢᠭᠦᠯᠦᠨ ᠠᠬᠢᠭᠤᠯᠬᠤ ᠪᠠ 《ᠳᠥᠷᠪᠡᠨ ᠪᠦᠬᠦ ᠲᠠᠯ᠎ᠠ》᠎ᠶᠢᠨ ᠪᠠᠢᠯᠳᠤᠬᠤ ᠪᠣᠳᠤᠯᠭ᠎ᠠ᠎ᠶᠢᠨ ᠪᠠᠢᠷᠢᠱᠢᠭᠤᠯᠤᠯᠲᠠ᠎ᠶᠢ ᠵᠣᠬᠢᠴᠠᠭᠤᠯᠤᠨ ᠠᠬᠢᠭᠤᠯᠬᠤ᠎ᠪᠠᠷ ᠭᠣᠣᠯᠳᠠᠭᠤᠯᠵᠤ᠂ ᠨᠠᠮ᠎ᠢ ᠬᠠᠮᠢᠶᠠᠷᠬᠤ ᠨᠠᠮ᠎ᠢ ᠵᠠᠰᠠᠬᠤ ᠤᠯᠤᠰ ᠲᠥᠷᠦ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠤᠳᠤᠷᠢᠳᠬᠤ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭ᠎ᠠ᠎ᠪᠠᠨ ᠰᠠᠬᠢᠬᠤ ᠬᠠᠷᠢᠭᠤᠴᠠᠯᠭ᠎ᠠ᠎ᠪᠠᠨ ᠭᠦᠢᠴᠡᠳᠭᠡᠬᠦ᠎ᠶᠢ ᠱᠠᠯᠠᠪᠳᠠᠭᠤᠯᠤᠨ ᠱᠠᠭᠠᠷᠳᠠᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠎ᠶᠢ ᠦᠢᠯᠡᠳᠦᠯᠭᠡᠵᠢᠭᠦᠯᠦᠨ᠎ᠡ᠃
  ᠭᠤᠷᠪᠠᠳᠤᠭᠠᠷ ᠵᠦᠢᠯ  ᠨᠠᠮ᠎ᠤᠨ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠳᠤ ᠳᠣᠣᠷᠠᠬᠢ ᠵᠠᠷᠴᠢᠮ᠎ᠢ ᠪᠠᠷᠢᠮᠲᠠᠯᠠᠬᠤ ᠬᠡᠷᠡᠭᠲᠡᠢ᠄
  (ᠨᠢᠭᠡ) ᠳᠦᠷᠢᠮ ᠲᠣᠭᠲᠠᠭᠠᠯ ᠰᠠᠬᠢᠯᠭ᠎ᠠ ᠪᠠᠲᠤ᠎ᠶᠢ ᠵᠢᠷᠤᠮᠯᠠᠵᠤ᠂ ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠨ᠎ᠠ;
  (ᠬᠣᠶᠠᠷ) ᠬᠠᠷᠢᠭᠤᠴᠠᠯᠭ᠎ᠠ ᠠᠯᠳᠠᠪᠠᠯ ᠡᠷᠬᠡᠪᠱᠢ ᠨᠡᠬᠡᠮᠵᠢᠯᠡᠵᠦ᠂ ᠬᠠᠷᠢᠭᠤᠴᠠᠯᠭ᠎ᠠ᠎ᠶᠢ ᠡᠷᠬᠡᠪᠱᠢ ᠴᠢᠩᠭ᠎ᠠ ᠨᠡᠬᠡᠮᠵᠢᠯᠡᠨ᠎ᠡ;
  (ᠭᠤᠷᠪᠠ) ᠡᠷᠬᠡ ᠬᠠᠷᠢᠭᠤᠴᠠᠯᠭ᠎ᠠ᠎ᠶᠢ ᠨᠢᠭᠡᠳᠦᠯᠲᠡᠢ ᠪᠠᠢᠯᠭᠠᠵᠤ᠂ ᠠᠯᠳᠠᠱᠢ ᠬᠠᠷᠢᠭᠤᠴᠠᠯᠭ᠎ᠠ᠎ᠶᠢ ᠠᠳᠠᠯᠢᠬᠠᠨ ᠪᠠᠢᠯᠭᠠᠬᠤ;
  (ᠳᠥᠷᠪᠡ) ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶᠢ ᠤᠶᠠᠯᠳᠤᠭᠤᠯᠵᠤ᠂ ᠤᠷᠮᠠᠱᠢᠭᠤᠯᠬᠤ ᠪᠠ ᠬᠢᠵᠠᠭᠠᠷᠯᠠᠬᠤ᠎ᠶᠢ ᠵᠡᠷᠭᠡ᠎ᠪᠡᠷ ᠴᠢᠬᠤᠯᠠᠴᠢᠯᠠᠨ᠎ᠠ;
  (ᠲᠠᠪᠤ) ᠥᠩᠭᠡᠷᠡᠭᠰᠡᠨ᠎ᠢ᠎ᠨᠢ ᠵᠠᠯᠬᠠᠭᠠᠵᠤ ᠬᠣᠢᠱᠢ᠎ᠳ᠋ᠤᠨᠢ ᠴᠡᠭᠡᠷᠯᠡᠯ ᠪᠣᠯᠭᠠᠵᠤ᠂ ᠡᠪᠡᠳᠴᠢᠨ᠎ᠢ᠎ᠨᠢ ᠵᠠᠰᠠᠵᠤ ᠡᠳᠡᠭᠡᠷᠡᠭᠦᠯᠦᠨ ᠠᠪᠤᠨ᠎ᠠ;
  (ᠵᠢᠷᠭᠤᠭ᠎ᠠ) ᠬᠠᠮᠲᠤ᠎ᠪᠠᠷ ᠲᠣᠭᠲᠠᠭᠠᠯ ᠭᠠᠷᠭᠠᠵᠤ᠂ ᠬᠠᠷᠢᠭᠤᠴᠠᠯᠭ᠎ᠠ᠎ᠶᠢ ᠲᠣᠳᠤᠷᠬᠠᠢᠯᠠᠨ᠎ᠠ᠃
  ᠳᠥᠷᠪᠡᠳᠦᠭᠡᠷ ᠵᠦᠢᠯ  ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠭᠦᠢᠴᠡᠳᠭᠡᠵᠦ᠂ ᠲᠤᠰ ᠭᠠᠵᠠᠷ ᠣᠷᠤᠨ ᠲᠤᠰ ᠰᠠᠯᠠᠭ᠎ᠠ ᠮᠥᠴᠢᠷ ᠲᠤᠰ ᠨᠢᠭᠡᠴᠢ᠎ᠶᠢᠨ᠎ᠪᠡᠨ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠳᠠᠬᠢ ᠤᠳᠤᠷᠢᠳᠤᠯᠭ᠎ᠠ᠎ᠪᠠᠨ ᠴᠢᠩᠭᠠᠳᠭᠠᠵᠤ᠂ ᠨᠠᠮ᠎ᠤᠨ ᠪᠠᠢᠭᠤᠯᠤᠯᠲᠠ᠂ ᠨᠠᠮ᠎ᠤᠨ ᠦᠢᠯᠡᠰ ᠳᠤᠮᠳᠠ ᠲᠤᠱᠢᠶᠠᠯ ᠬᠠᠷᠢᠭᠤᠴᠠᠯᠭ᠎ᠠ᠎ᠪᠠᠨ ᠠᠯᠳᠠᠭᠰᠠᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠤᠳᠤᠷᠢᠳᠬᠤ ᠺᠠᠳ᠋ᠷ᠎ᠠᠴᠠ ᠭᠣᠣᠯ ᠴᠣᠭᠴᠠ᠎ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠂ ᠤᠳᠤᠷᠢᠳᠬᠤ ᠬᠠᠷᠢᠭᠤᠴᠠᠯᠭ᠎ᠠ ᠨᠡᠬᠡᠮᠵᠢᠯᠡᠨ᠎ᠡ᠃
  ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠯᠲᠠ ᠲᠠᠯᠪᠢᠬᠤ ᠲᠤᠰᠭᠠᠢ ᠬᠠᠷᠢᠭᠤᠴᠠᠯᠭ᠎ᠠ᠎ᠪᠠᠨ ᠭᠦᠢᠴᠡᠳᠭᠡᠵᠦ᠂ ᠲᠤᠰ ᠱᠠᠲᠤᠨ᠎ᠤ ᠨᠠᠮ᠎ᠤᠨ ᠬᠣᠷᠢᠶ᠎ᠠ᠎ᠳᠤ ᠬᠠᠮᠵᠢᠯᠴᠠᠨ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠢ ᠬᠢᠨ᠎ᠡ᠃ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠣᠮᠢᠯᠠᠨ ᠰᠠᠭᠤᠯᠭᠠᠭᠰᠠᠨ (ᠲᠣᠮᠢᠯᠠᠭᠰᠠᠨ) ᠪᠠᠢᠭᠤᠯᠤᠮᠵᠢ ᠲᠤᠱᠢᠶᠠᠯ ᠬᠠᠷᠢᠭᠤᠴᠠᠯᠭ᠎ᠠ᠎ᠶᠢᠨ ᠡᠷᠬᠡ᠎ᠶᠢᠨ ᠬᠢᠵᠠᠭᠠᠷ᠎ᠢᠶᠠᠨ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠠᠵᠢᠯ ᠥᠷᠨᠢᠭᠦᠯᠦᠨ᠎ᠡ᠃
  ᠨᠠᠮ᠎ᠤᠨ ᠠᠵᠢᠯ᠎ᠤᠨ ᠪᠠᠢᠭᠤᠯᠭ᠎ᠠ ᠡᠭᠦᠷᠭᠡ ᠴᠢᠳᠠᠪᠬᠢ᠎ᠪᠠᠨ ᠦᠨᠳᠦᠰᠦᠯᠡᠨ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠂ ᠲᠤᠰ ᠪᠠᠢᠭᠤᠯᠭ᠎ᠠ ᠲᠤᠰ ᠱᠢᠰᠲᠧᠮ ᠲᠤᠰ ᠬᠦᠷᠢᠶᠡᠨ᠎ᠦ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠢ ᠬᠢᠨ᠎ᠡ᠃
  ᠲᠠᠪᠤᠳᠤᠭᠠᠷ ᠵᠦᠢᠯ  ᠬᠠᠷᠢᠭᠤᠴᠠᠯᠭ᠎ᠠ ᠨᠡᠬᠡᠮᠵᠢᠯᠡᠭᠳᠡᠬᠦ ᠡᠲᠡᠭᠡᠳ ᠪᠣᠯ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠤᠳᠤᠷᠢᠳᠬᠤ ᠺᠠᠳ᠋ᠷ ᠪᠣᠯᠤᠨ᠎ᠠ᠂ ᠭᠣᠣᠯᠳᠠᠯᠭ᠎ᠠ᠎ᠨᠢ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ)᠂ ᠨᠠᠮ᠎ᠤᠨ ᠠᠵᠢᠯ᠎ᠤᠨ ᠪᠠᠢᠭᠤᠯᠭ᠎ᠠ ᠵᠢᠴᠢ ᠲᠡᠭᠦᠨ᠎ᠦ ᠤᠳᠤᠷᠢᠳᠬᠤ ᠪᠦᠷᠢᠯᠳᠦᠬᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠣᠮᠢᠯᠠᠨ ᠰᠠᠭᠤᠯᠭᠠᠭᠰᠠᠨ (ᠲᠣᠮᠢᠯᠠᠭᠰᠠᠨ) ᠪᠠᠢᠭᠤᠯᠤᠮᠵᠢ ᠵᠢᠴᠢ ᠲᠡᠭᠦᠨ᠎ᠦ ᠤᠳᠤᠷᠢᠳᠬᠤ ᠪᠦᠷᠢᠯᠳᠦᠬᠦᠨ ᠪᠣᠯᠤᠨ᠎ᠠ᠃
  ᠵᠢᠷᠭᠤᠳᠤᠭᠠᠷ ᠵᠦᠢᠯ  ᠬᠠᠷᠢᠭᠤᠴᠠᠯᠭ᠎ᠠ ᠨᠡᠬᠡᠮᠵᠢᠯᠡᠬᠦ᠎ᠳ᠋ᠦ᠍ ᠬᠠᠷᠢᠭᠤᠴᠠᠯᠭ᠎ᠠ᠎ᠶᠢ ᠲᠣᠳᠤᠷᠬᠠᠢᠯᠠᠭᠰᠠᠨ ᠪᠠᠢᠬᠤ ᠬᠡᠷᠡᠭᠲᠡᠢ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠪᠠᠭ ᠲᠤᠱᠢᠶᠠᠯ ᠬᠠᠷᠢᠭᠤᠴᠠᠯᠭ᠎ᠠ᠎ᠶᠢᠨ ᠬᠡᠪᠴᠢᠶᠡᠨ ᠳᠣᠲᠤᠷ᠎ᠠ ᠪᠦᠬᠦ ᠲᠠᠯ᠎ᠠ᠎ᠶᠢᠨ ᠤᠳᠤᠷᠢᠳᠬᠤ ᠬᠠᠷᠢᠭᠤᠴᠠᠯᠭ᠎ᠠ᠎ᠶᠢ ᠡᠭᠦᠷᠭᠡᠯᠡᠨ᠎ᠡ᠂ ᠤᠳᠤᠷᠢᠳᠬᠤ ᠪᠠᠭ᠎ᠤᠨ ᠭᠣᠣᠯ ᠬᠠᠷᠢᠭᠤᠴᠠᠯᠭᠠᠲᠠᠨ ᠪᠣᠯᠤᠨ ᠱᠢᠭᠤᠳ ᠭᠣᠣᠯᠯᠠᠨ ᠬᠠᠮᠢᠶᠠᠷᠴᠤ ᠪᠠᠢᠭ᠎ᠠ ᠤᠳᠤᠷᠢᠳᠬᠤ ᠪᠠᠭ᠎ᠤᠨ ᠪᠦᠷᠢᠯᠳᠦᠬᠦᠨ ᠲᠤᠱᠢᠶᠠᠯ ᠬᠠᠷᠢᠭᠤᠴᠠᠯᠭ᠎ᠠ᠎ᠶᠢᠨ ᠬᠡᠪᠴᠢᠶᠡᠨ ᠳᠣᠲᠤᠷ᠎ᠠ ᠭᠣᠣᠯ ᠤᠳᠤᠷᠢᠳᠬᠤ ᠬᠠᠷᠢᠭᠤᠴᠠᠯᠭ᠎ᠠ᠎ᠶᠢ ᠡᠭᠦᠷᠭᠡᠯᠡᠵᠦ᠂ ᠱᠢᠢᠳᠪᠦᠷᠢ ᠭᠠᠷᠭᠠᠬᠤ ᠪᠣᠯᠤᠨ ᠠᠵᠢᠯ᠎ᠳᠤ ᠣᠷᠤᠯᠴᠠᠭᠰᠠᠨ ᠤᠳᠤᠷᠢᠳᠬᠤ ᠪᠠᠭ᠎ᠤᠨ ᠪᠦᠷᠢᠯᠳᠦᠬᠦᠨ ᠲᠤᠱᠢᠶᠠᠯ ᠬᠠᠷᠢᠭᠤᠴᠠᠯᠭ᠎ᠠ᠎ᠶᠢᠨ᠎ᠪᠠᠨ ᠬᠡᠪᠴᠢᠶᠡᠨ ᠳᠣᠲᠤᠷ᠎ᠠ ᠴᠢᠬᠤᠯᠠ ᠤᠳᠤᠷᠢᠳᠬᠤ ᠬᠠᠷᠢᠭᠤᠴᠠᠯᠭ᠎ᠠ᠎ᠶᠢ ᠡᠭᠦᠷᠭᠡᠯᠡᠨ᠎ᠡ᠃
  ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠠᠷᠢᠭᠤᠴᠠᠯᠭ᠎ᠠ ᠨᠡᠬᠡᠮᠵᠢᠯᠡᠬᠦ᠎ᠳ᠋ᠦ᠍᠂ ᠲᠤᠰ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠣᠲᠤᠷᠠᠬᠢ ᠬᠠᠷᠢᠭᠤᠴᠠᠯᠭ᠎ᠠ᠎ᠲᠠᠢ ᠤᠳᠤᠷᠢᠳᠬᠤ ᠪᠠᠭ᠎ᠤᠨ ᠪᠦᠷᠢᠯᠳᠦᠬᠦᠨ᠎ᠡᠴᠡ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
  ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠤᠳᠤᠷᠢᠳᠬᠤ ᠺᠠᠳ᠋ᠷ ᠥᠪᠡᠷ᠎ᠢ᠎ᠢᠶᠡᠨ ᠪᠠᠭᠲᠠᠭᠠᠨ ᠣᠷᠤᠭᠤᠯᠬᠤ᠂ ᠲᠤᠱᠢᠶᠠᠯ ᠬᠠᠷᠢᠭᠤᠴᠠᠯᠭ᠎ᠠ᠎ᠪᠠᠨ ᠪᠠᠭᠲᠠᠭᠠᠨ ᠣᠷᠤᠭᠤᠯᠬᠤ᠂ ᠠᠵᠢᠯ᠎ᠢᠶᠠᠨ ᠪᠠᠭᠲᠠᠭᠠᠨ ᠣᠷᠤᠭᠤᠯᠬᠤ᠎ᠶᠢ ᠪᠠᠷᠢᠮᠲᠠᠯᠠᠵᠤ᠂ ᠥᠪᠡᠷ᠎ᠦᠨ ᠪᠡᠶ᠎ᠡ᠎ᠡᠴᠡ᠎ᠪᠡᠨ ᠠᠰᠠᠭᠤᠳᠠᠯ ᠡᠷᠢᠬᠦ᠂ ᠱᠢᠯᠲᠠᠭᠠᠨ ᠡᠷᠢᠬᠦ᠎ᠶᠢ ᠴᠢᠬᠤᠯᠠᠴᠢᠯᠠᠵᠤ᠂ ᠵᠣᠷᠢᠭᠲᠠᠢ᠎ᠪᠠᠷ ᠡᠭᠦᠷᠭᠡᠯᠡᠯ ᠡᠭᠦᠷᠭᠡᠯᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠺᠠᠳ᠋ᠷ᠎ᠲᠤ ᠬᠠᠷᠢᠭᠤᠴᠠᠯᠭ᠎ᠠ᠎ᠪᠠᠨ ᠲᠦᠯᠬᠢᠵᠦ ᠪᠣᠯᠬᠤ᠎ᠦᠭᠡᠢ᠃
  ᠳᠣᠯᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠤᠳᠤᠷᠢᠳᠬᠤ ᠺᠠᠳ᠋ᠷ ᠨᠠᠮ᠎ᠤᠨ ᠳᠦᠷᠢᠮ ᠪᠣᠯᠤᠨ ᠨᠠᠮ᠎ᠤᠨ ᠳᠣᠲᠤᠭᠠᠳᠤ᠎ᠶᠢᠨ ᠪᠤᠰᠤᠳ ᠬᠠᠤᠯᠢ ᠲᠣᠭᠲᠠᠭᠠᠯ᠎ᠠᠴᠠ ᠵᠥᠷᠢᠴᠡᠵᠦ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭᠰᠡᠨ᠎ᠦᠭᠡᠢ ᠪᠤᠶᠤ ᠵᠥᠪ᠎ᠢᠶᠡᠷ ᠭᠦᠢᠴᠡᠳᠭᠡᠭᠰᠡᠨ᠎ᠦᠭᠡᠢ ᠪᠠᠢᠵᠤ᠂ ᠳᠣᠣᠷᠠᠬᠢ ᠪᠠᠢᠳᠠᠯ᠎ᠤᠨ ᠨᠢᠭᠡ᠎ᠨᠢ ᠪᠠᠢᠪᠠᠯ᠂ ᠬᠠᠷᠢᠭᠤᠴᠠᠯᠭ᠎ᠠ ᠨᠡᠬᠡᠮᠵᠢᠯᠡᠨ᠎ᠡ᠄
  (ᠨᠢᠭᠡ) ᠨᠠᠮ᠎ᠤᠨ ᠤᠳᠤᠷᠢᠳᠤᠯᠭ᠎ᠠ᠎ᠶᠢ ᠰᠤᠯᠠᠷᠠᠭᠤᠯᠵᠤ᠂《ᠳᠥᠷᠪᠡᠨ ᠤᠬᠠᠮᠰᠠᠷ》 ᠴᠢᠩᠭ᠎ᠠ ᠪᠢᠱᠢ᠂ 《ᠬᠣᠶᠠᠷ᠎ᠢ ᠬᠠᠮᠠᠭᠠᠯᠠᠬᠤ》ᠲᠠᠯ᠎ᠠ᠎ᠪᠠᠷ ᠬᠦᠴᠦᠨ᠎ᠦᠭᠡᠢ᠂ ᠨᠠᠮ᠎ᠤᠨ ᠦᠨᠳᠦᠰᠦᠨ ᠣᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠤᠯᠭ᠎ᠠ᠎ᠶᠢ ᠪᠦᠲᠦᠮᠵᠢᠲᠡᠢ ᠬᠡᠷᠡᠭᠵᠢᠭᠦᠯᠦᠭᠰᠡᠨ᠎ᠦᠭᠡᠢ᠂ ᠱᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠱᠢᠯᠠᠭᠤᠯᠵᠤ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠤᠯᠤᠰ ᠲᠥᠷᠦ᠎ᠶᠢᠨ ᠪᠠᠢᠭᠤᠯᠤᠯᠲᠠ᠂ ᠰᠣᠶᠤᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠳᠤᠮᠳᠠ ᠬᠦᠨᠳᠦ ᠶᠡᠬᠡ ᠠᠰᠠᠭᠤᠳᠠᠯ ᠪᠠ ᠠᠯᠳᠠᠭ᠎ᠠ ᠭᠠᠷᠭᠠᠵᠤ᠂ ᠨᠠᠮ᠎ᠤᠨ ᠪᠠᠢᠭᠤᠯᠤᠯᠲᠠ ᠪᠣᠯᠤᠨ ᠠᠷᠠᠳ ᠲᠦᠮᠡᠨ᠎ᠦ ᠠᠱᠢᠭ ᠲᠤᠰᠠ᠎ᠶᠢ ᠬᠦᠨᠳᠦ ᠨᠣᠴᠢᠲᠠᠢ ᠬᠣᠬᠢᠷᠠᠭᠤᠯᠵᠤ᠂ ᠮᠠᠭᠤ ᠨᠥᠯᠦᠭᠡ ᠭᠠᠷᠭᠠᠭᠰᠠᠨ;
  (ᠬᠣᠶᠠᠷ) ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠎ᠶᠢ ᠠᠳᠭᠤᠭᠰᠠᠨ᠎ᠢᠶᠠᠷ ᠪᠣᠳᠠᠲᠠᠢ ᠪᠢᠱᠢ᠂ ᠴᠢᠬᠤᠯᠠ ᠶᠡᠬᠡ ᠵᠠᠷᠴᠢᠮ᠎ᠤᠨ ᠠᠰᠠᠭᠤᠳᠠᠯ ᠳᠡᠭᠡᠷ᠎ᠡ ᠨᠠᠮ᠎ᠤᠨ ᠲᠥᠪ ᠬᠣᠷᠢᠶ᠎ᠠ᠎ᠲᠠᠢ ᠨᠢᠭᠡᠳᠦᠯᠲᠡᠢ ᠪᠠᠢᠬᠤ᠎ᠶᠢ ᠭᠦᠢᠴᠡᠳᠭᠡᠭᠰᠡᠨ᠎ᠦᠭᠡᠢ᠂ ᠨᠠᠮ᠎ᠤᠨ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠯᠤᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠬᠡᠷᠡᠭᠵᠢᠭᠦᠯᠬᠦ᠎ᠪᠡᠷ ᠬᠦᠴᠦᠨ᠎ᠦᠭᠡᠢ᠂ ᠴᠢᠬᠤᠯᠠ ᠶᠡᠬᠡ ᠬᠡᠷᠡᠭ᠎ᠢ ᠮᠡᠳᠡᠭᠦᠯᠦᠨ ᠵᠢᠭᠠᠪᠤᠷᠢ ᠠᠪᠬᠤ ᠳᠦᠷᠢᠮ᠎ᠢ ᠵᠢᠷᠤᠮᠯᠠᠬᠤ᠎ᠦᠭᠡᠢ᠂ ᠵᠠᠷᠯᠢᠭ ᠪᠠᠢᠪᠠᠴᠤ ᠬᠡᠷᠡᠭᠵᠢᠭᠦᠯᠬᠦ᠎ᠦᠭᠡᠢ᠂ ᠴᠠᠭᠠᠵᠠ ᠪᠠᠢᠪᠠᠴᠤ ᠳᠠᠭᠠᠬᠤ᠎ᠦᠭᠡᠢ ᠪᠠᠢᠵᠤ᠂ ᠥᠩᠭᠡᠨ ᠳᠡᠭᠡᠷ᠎ᠡ᠎ᠪᠡᠨ ᠵᠢᠷᠤᠮᠯᠠᠨ ᠳᠠᠯᠳᠠᠭᠤᠷ ᠵᠥᠷᠢᠴᠡᠵᠦ᠂ ᠳᠡᠭᠡᠳᠦ ᠱᠠᠲᠤ᠎ᠪᠠᠨ ᠮᠡᠬᠡᠯᠡᠨ ᠳᠣᠣᠷᠠᠳᠤ ᠱᠠᠲᠤ᠎ᠪᠠᠨ ᠬᠠᠭᠤᠷᠴᠤ᠂ ᠠᠢᠮᠠᠭ ᠪᠦᠯᠦᠭ ᠬᠤᠪᠢᠶᠠᠬᠤ᠂ ᠠᠢᠮᠠᠭ ᠬᠠᠮᠰᠠᠭ᠎ᠠ ᠪᠠᠢᠭᠤᠯᠬᠤ ᠠᠰᠠᠭᠤᠳᠠᠯ ᠳᠣᠪᠣᠢᠮ᠎ᠠ ᠪᠠᠢᠵᠤ᠂ ᠨᠠᠮ᠎ᠤᠨ ᠳᠣᠲᠤᠭᠠᠳᠤ᠎ᠶᠢᠨ ᠤᠯᠤᠰ ᠲᠥᠷᠦ᠎ᠶᠢᠨ ᠠᠮᠢᠳᠤᠷᠠᠯ ᠲᠥᠪ ᠴᠢᠩᠭ᠎ᠠ ᠪᠢᠱᠢ ᠡᠷᠡᠭᠦᠯ ᠰᠠᠷᠠᠭᠤᠯ ᠪᠢᠱᠢ᠂ ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠪᠣᠳᠠᠲᠠᠢᠵᠢᠭᠤᠯᠤᠨ ᠨᠠᠢᠳᠠᠪᠤᠷᠢᠵᠢᠭᠤᠯᠤᠭᠰᠠᠨ᠎ᠦᠭᠡᠢ᠎ᠠᠴᠠ ᠪᠣᠯᠵᠤ ᠬᠦᠨᠳᠦ ᠨᠣᠴᠢᠲᠠᠢ ᠦᠷ᠎ᠡ ᠳ᠋ᠦᠩ ᠪᠤᠶᠤ ᠮᠠᠭᠤ ᠨᠥᠯᠦᠭᠡ ᠭᠠᠷᠭᠠᠭᠰᠠᠨ;
  (ᠭᠤᠷᠪᠠ) ᠨᠠᠮ᠎ᠤᠨ ᠦᠵᠡᠯ ᠰᠠᠨᠠᠭᠠᠨ᠎ᠤ ᠪᠠᠢᠭᠤᠯᠤᠯᠲᠠ᠎ᠶᠢ ᠪᠣᠳᠠᠲᠠᠢ ᠬᠢᠭᠰᠡᠨ᠎ᠦᠭᠡᠢ ᠪᠠᠢᠵᠤ᠂ ᠨᠠᠮᠴᠢ ᠴᠢᠨᠠᠷ᠎ᠤᠨ ᠬᠥᠮᠦᠵᠢᠯ ᠢᠯᠠᠩᠭᠤᠶ᠎ᠠ ᠬᠦᠰᠡᠯᠡᠩ ᠢᠲᠡᠭᠡᠯ ᠪᠢᠱᠢᠷᠡᠯ ᠵᠣᠷᠢᠯᠲᠠ᠎ᠶᠢᠨ ᠬᠥᠮᠦᠵᠢᠯ ᠬᠡᠯᠪᠡᠷᠢ᠎ᠶᠢᠨ ᠲᠡᠳᠦᠢ ᠪᠠᠢᠵᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠪᠣᠳᠠᠲᠠᠢᠵᠢᠭᠤᠯᠤᠨ ᠨᠠᠢᠳᠠᠪᠤᠷᠢᠵᠢᠭᠤᠯᠤᠭᠰᠠᠨ᠎ᠦᠭᠡᠢ᠎ᠠᠴᠠ ᠪᠣᠯᠵᠤ ᠬᠦᠨᠳᠦ ᠨᠣᠴᠢᠲᠠᠢ ᠦᠷ᠎ᠡ ᠳ᠋ᠦᠩ ᠪᠤᠶᠤ ᠮᠠᠭᠤ ᠨᠥᠯᠦᠭᠡ ᠭᠠᠷᠭᠠᠭᠰᠠᠨ;
  (ᠳᠥᠷᠪᠡ) ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ ᠪᠠᠭᠤᠷᠠᠢ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠤᠭᠰᠠᠨ᠎ᠦᠭᠡᠢ᠂ ᠠᠷᠠᠳᠴᠢᠯᠠᠯ ᠲᠥᠪᠯᠡᠷᠡᠯ᠎ᠦᠨ ᠶᠣᠰᠤ᠎ᠶᠢ ᠬᠦᠨᠳᠦ ᠨᠣᠴᠢᠲᠠᠢ ᠵᠥᠷᠢᠴᠡᠵᠦ᠂ ᠤᠳᠤᠷᠢᠳᠬᠤ ᠪᠠᠭ᠎ᠤᠨ ᠬᠡᠷᠡᠭ ᠵᠥᠪᠳᠡᠵᠦ ᠱᠢᠢᠳᠪᠦᠷᠢ ᠭᠠᠷᠭᠠᠬᠤ ᠵᠠᠷᠴᠢᠮ᠎ᠢ ᠬᠡᠷᠡᠭᠵᠢᠭᠦᠯᠦᠭᠰᠡᠨ᠎ᠦᠭᠡᠢ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠳᠦᠷᠢᠮ᠎ᠢ ᠬᠡᠷᠡᠭᠵᠢᠭᠦᠯᠦᠭᠰᠡᠨ᠎ᠦᠭᠡᠢ᠂ ᠤᠳᠤᠷᠢᠳᠬᠤ ᠺᠠᠳ᠋ᠷ ᠬᠤᠪᠢ ᠬᠥᠮᠦᠨ᠎ᠦ ᠬᠣᠯᠪᠤᠭᠳᠠᠯ ᠪᠦᠬᠦᠢ ᠬᠡᠷᠡᠭ ᠶᠠᠪᠤᠳᠠᠯ᠎ᠢᠶᠠᠨ ᠮᠡᠳᠡᠭᠦᠯᠬᠦ ᠳᠦᠷᠢᠮ᠎ᠢ ᠭᠦᠢᠴᠡᠳᠭᠡᠬᠦ ᠲᠠᠯ᠎ᠠ᠎ᠪᠠᠷ ᠬᠦᠴᠦᠨ᠎ᠦᠭᠡᠢ᠂ ᠨᠠᠮ᠎ᠤᠨ ᠵᠣᠬᠢᠶᠠᠨ ᠪᠠᠢᠭᠤᠯᠤᠯᠲᠠ ᠰᠤᠯᠠ ᠳᠣᠷᠤᠢ ᠲᠠᠷᠠᠬᠠᠢ᠂ ᠺᠠᠳ᠋ᠷ᠎ᠢ ᠲᠣᠭᠲᠠᠭᠠᠯ᠎ᠠᠴᠠ ᠵᠥᠷᠢᠴᠡᠨ ᠰᠣᠩᠭᠤᠨ ᠳᠡᠪᠱᠢᠭᠦᠯᠦᠭᠰᠡᠨ ᠵᠡᠷᠭᠡ ᠠᠰᠠᠭᠤᠳᠠᠯ ᠳᠣᠪᠣᠢᠮ᠎ᠠ ᠪᠠᠢᠬᠤ᠎ᠠᠴᠠ ᠪᠣᠯᠵᠤ ᠮᠠᠭᠤ ᠨᠥᠯᠦᠭᠡ ᠭᠠᠷᠭᠠᠭᠰᠠᠨ;
  (ᠲᠠᠪᠤ) ᠨᠠᠮ᠎ᠤᠨ ᠰᠤᠷᠲᠠᠯ᠎ᠤᠨ ᠪᠠᠢᠭᠤᠯᠤᠯᠲᠠ ᠰᠤᠯᠠ᠂ ᠲᠥᠪ᠎ᠦᠨ ᠨᠠᠢ᠍ᠮᠠᠨ ᠲᠣᠭᠲᠠᠭᠠᠯ ᠵᠢᠴᠢ ᠡᠭᠦᠨ᠎ᠦ ᠬᠡᠷᠡᠭᠵᠢᠭᠦᠯᠬᠦ ᠨᠠᠷᠢᠨ ᠳᠦᠷᠢᠮ᠎ᠦᠨ ᠵᠣᠷᠢᠭ ᠰᠠᠨᠠᠭ᠎ᠠ᠎ᠶᠢ ᠨᠠᠢᠳᠠᠪᠤᠷᠢᠵᠢᠭᠤᠯᠵᠤ ᠪᠠᠢᠬᠤ᠎ᠪᠠᠷ ᠬᠦᠴᠦᠨ᠎ᠦᠭᠡᠢ᠂《ᠳᠥᠷᠪᠡᠨ ᠰᠤᠷᠲᠠᠯ》ᠤ᠋ᠨ ᠠᠰᠠᠭᠤᠳᠠᠯ᠎ᠢ ᠪᠦᠲᠦᠮᠵᠢᠲᠡᠢ ᠴᠡᠭᠴᠡᠯᠡᠨ ᠵᠠᠰᠠᠵᠤ ᠳᠡᠢᠯᠬᠦ᠎ᠦᠭᠡᠢ ᠪᠠᠢᠬᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ ᠳᠣᠪᠣᠢᠮ᠎ᠠ᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠬᠡᠷᠡᠭᠵᠢᠭᠦᠯᠬᠦ᠎ᠳ᠋ᠦ᠍ ᠣᠪᠤᠷ᠎ᠢᠶᠠᠨ ᠢᠯᠡᠳᠭᠡᠬᠦ᠎ᠳᠣ᠌᠎ᠪᠠᠨ ᠰᠠᠢᠨ᠂ ᠪᠣᠳᠠᠲᠠᠢ᠎ᠪᠠᠷ ᠨᠠᠢᠳᠠᠪᠤᠷᠢᠵᠢᠭᠤᠯᠬᠤ ᠠᠵᠢᠯᠯᠠᠭ᠎ᠠ ᠴᠥᠭᠡᠨ ᠪᠠᠢᠵᠤ᠂ ᠪᠣᠳᠠᠲᠤ ᠪᠠᠢᠳᠠᠯ᠎ᠠᠴᠠ ᠰᠠᠯᠤᠩᠭᠢᠷᠠᠵᠤ᠂ ᠣᠯᠠᠨ ᠲᠦᠮᠡᠨ᠎ᠡᠴᠡ ᠰᠠᠯᠤᠩᠭᠢᠷᠠᠵᠤ᠂ ᠬᠠᠱᠢ ᠶᠠᠱᠢ᠎ᠪᠠᠷ ᠠᠯᠪᠠ ᠬᠠᠱᠢᠵᠤ᠂ ᠬᠠᠷᠢᠭᠤᠴᠠᠯᠭ᠎ᠠ᠎ᠪᠠᠨ ᠲᠦᠯᠬᠢᠯᠴᠡᠨ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ;
  (ᠵᠢᠷᠭᠤᠭ᠎ᠠ) ᠨᠠᠮ᠎ᠤᠨ ᠰᠠᠬᠢᠯᠭ᠎ᠠ ᠪᠠᠲᠤ᠎ᠶᠢᠨ ᠪᠠᠢᠭᠤᠯᠤᠯᠲᠠ᠎ᠶᠢ ᠴᠢᠩᠭ᠎ᠠ ᠠᠳᠭᠤᠭᠰᠠᠨ᠎ᠦᠭᠡᠢ᠂ ᠨᠠᠮ᠎ᠤᠨ ᠤᠯᠤᠰ ᠲᠥᠷᠦ᠎ᠶᠢᠨ ᠰᠠᠬᠢᠯᠭ᠎ᠠ ᠪᠠᠲᠤ᠂ ᠵᠣᠬᠢᠶᠠᠨ ᠪᠠᠢᠭᠤᠯᠤᠯᠲᠠ᠎ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ᠎ᠶᠢᠨ ᠰᠠᠬᠢᠯᠭ᠎ᠠ ᠪᠠᠲᠤ᠂ ᠣᠯᠠᠨ ᠲᠦᠮᠡᠨ᠎ᠦ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ᠂ ᠠᠮᠢᠳᠤᠷᠠᠯ᠎ᠤᠨ ᠰᠠᠬᠢᠯᠭ᠎ᠠ ᠪᠠᠲᠤ᠎ᠶᠢ ᠰᠠᠢᠲᠤᠷ ᠬᠠᠮᠠᠭᠠᠯᠠᠭᠰᠠᠨ᠎ᠦᠭᠡᠢ᠎ᠠᠴᠠ ᠪᠣᠯᠵᠤ ᠳᠦᠷᠢᠮ᠎ᠡᠴᠡ ᠵᠥᠷᠢᠴᠡᠵᠦ ᠰᠠᠬᠢᠯᠭ᠎ᠠ ᠪᠠᠲᠤ᠎ᠠᠴᠠ ᠵᠥᠷᠢᠴᠡᠭᠰᠡᠨ ᠠᠵᠢᠯᠯᠠᠭ᠎ᠠ ᠣᠯᠠᠨ ᠡᠭᠦᠰᠴᠦ᠂ ᠮᠠᠭᠤ ᠨᠥᠯᠦᠭᠡ ᠭᠠᠷᠭᠠᠭᠰᠠᠨ;
  (ᠳᠣᠯᠤᠭ᠎ᠠ) ᠨᠠᠮ᠎ᠤᠨ ᠰᠤᠷᠲᠠᠯ ᠴᠡᠭᠡᠵᠢ ᠵᠠᠰᠠᠭ᠎ᠤᠨ ᠪᠠᠢᠭᠤᠯᠤᠯᠲᠠ ᠪᠠ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠡᠷᠡᠰ ᠪᠠᠲᠤ ᠯᠠᠪᠳᠠᠭᠤᠨ ᠪᠠᠲᠤᠲᠠᠢ ᠠᠬᠢᠭᠤᠯᠤᠭᠰᠠᠨ᠎ᠦᠭᠡᠢ᠂ ᠬᠠᠳᠠᠭᠠᠯᠠᠯᠲᠠ᠎ᠶᠢᠨ ᠬᠡᠮᠵᠢᠶ᠎ᠡ᠎ᠶᠢ ᠬᠠᠰᠤᠵᠤ᠂ ᠨᠡᠮᠡᠭᠳᠡᠯ᠎ᠦᠨ ᠬᠡᠮᠵᠢᠶ᠎ᠡ᠎ᠶᠢ ᠬᠣᠷᠢᠭᠯᠠᠭᠰᠠᠨ᠎ᠢᠶᠠᠷ ᠬᠦᠴᠦᠨ᠎ᠦᠭᠡᠢ᠂ ᠢᠯᠠᠩᠭᠤᠶ᠎ᠠ ᠰᠠᠨᠠᠭ᠎ᠠ᠎ᠪᠠᠨ ᠬᠤᠷᠢᠶᠠᠬᠤ᠎ᠦᠭᠡᠢ᠂ ᠭᠠᠷ᠎ᠢᠶᠠᠨ ᠲᠠᠲᠠᠬᠤ᠎ᠦᠭᠡᠢ᠂ ᠠᠰᠠᠭᠤᠳᠠᠯ᠎ᠤᠨ ᠰᠦᠪᠡᠭᠴᠢ᠎ᠶᠢ ᠲᠤᠰᠭᠠᠭᠰᠠᠨ᠎ᠢᠶᠠᠷ ᠲᠥᠪᠯᠡᠷᠡᠩᠭᠦᠢ᠂ ᠣᠯᠠᠨ ᠲᠦᠮᠡᠨ᠎ᠦ ᠲᠤᠰᠭᠠᠯ ᠴᠢᠩᠭ᠎ᠠ᠂ ᠤᠯᠤᠰ ᠲᠥᠷᠦ᠎ᠶᠢᠨ ᠠᠰᠠᠭᠤᠳᠠᠯ ᠪᠠ ᠠᠵᠤ ᠠᠬᠤᠢ᠎ᠶᠢᠨ ᠠᠰᠠᠭᠤᠳᠠᠯ ᠰᠣᠯᠪᠢᠴᠠᠭᠰᠠᠨ ᠢᠯᠵᠠᠷᠠᠯ᠎ᠤᠨ ᠬᠡᠷᠡᠭ᠎ᠢ ᠬᠠᠮᠢᠶᠠᠷᠤᠭᠰᠠᠨ᠎ᠦᠭᠡᠢ᠎ᠠᠴᠠ ᠪᠣᠯᠵᠤ ᠮᠠᠭᠤ ᠨᠥᠯᠦᠭᠡ ᠭᠠᠷᠭᠠᠭᠰᠠᠨ;
  (ᠨᠠᠢ᠍ᠮᠠ) ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠶᠢ ᠪᠣᠳᠠᠲᠠᠢ ᠨᠠᠢᠳᠠᠪᠤᠷᠢᠵᠢᠭᠤᠯᠤᠭᠰᠠᠨ᠎ᠦᠭᠡᠢ᠂ ᠨᠡᠢᠲᠡ᠎ᠶᠢᠨ ᠡᠷᠬᠡ᠎ᠳ᠋ᠦ᠍ ᠬᠢᠨᠠᠯᠲᠠ ᠲᠠᠯᠪᠢᠵᠤ ᠬᠢᠵᠠᠭᠠᠷᠯᠠᠭᠰᠠᠨ᠎ᠢᠶᠠᠷ ᠬᠦᠴᠦᠨ᠎ᠦᠭᠡᠢ᠂ ᠰᠠᠢᠮᠰᠤᠷᠠᠬᠤ ᠦᠵᠡᠯ ᠳᠡᠯᠭᠡᠷᠡᠵᠦ᠂ ᠬᠠᠷᠢᠭᠤᠴᠠᠯᠭ᠎ᠠ ᠡᠭᠦᠷᠭᠡᠯᠡᠬᠦ᠎ᠦᠭᠡᠢ᠂ ᠨᠠᠮ᠎ᠤᠨ ᠳᠣᠲᠤᠭᠠᠳᠤ᠎ᠶᠢᠨ ᠬᠢᠨᠠᠯᠲᠠ ᠲᠠᠯᠪᠢᠯᠲᠠ ᠬᠦᠴᠦᠨ᠎ᠦᠭᠡᠢ ᠪᠣᠯᠤᠭᠰᠠᠨ᠎ᠠᠴᠠ ᠢᠯᠡᠷᠡᠭᠦᠯᠬᠦ ᠶᠣᠰᠤᠲᠠᠢ ᠠᠰᠠᠭᠤᠳᠠᠯ᠎ᠢ ᠢᠯᠡᠷᠡᠭᠦᠯᠦᠭᠰᠡᠨ᠎ᠦᠭᠡᠢ᠂ ᠠᠰᠠᠭᠤᠳᠠᠯ᠎ᠢ ᠢᠯᠡᠷᠡᠭᠦᠯᠦᠭᠡᠳ ᠮᠡᠳᠡᠭᠦᠯᠬᠦ᠎ᠦᠭᠡᠢ ᠱᠢᠢᠳᠪᠦᠷᠢᠯᠡᠬᠦ᠎ᠦᠭᠡᠢ᠂ ᠤᠳᠤᠷᠢᠳᠤᠯᠭ᠎ᠠ᠎ᠶᠢᠨ ᠲᠣᠭᠤᠷᠢᠨ ᠪᠠᠢᠴᠠᠭᠠᠬᠤ ᠴᠠᠭᠳᠠᠨ ᠪᠠᠢᠴᠠᠭᠠᠬᠤ ᠠᠵᠢᠯ᠎ᠤᠨ ᠬᠦᠴᠦᠨ ᠴᠢᠩᠭ᠎ᠠ ᠪᠢᠱᠢ᠂ ᠲᠣᠭᠤᠷᠢᠨ ᠪᠠᠢᠴᠠᠭᠠᠬᠤ ᠴᠠᠭᠳᠠᠨ ᠪᠠᠢᠴᠠᠭᠠᠬᠤ᠎ᠶᠢᠨ ᠴᠡᠭᠴᠡᠯᠡᠨ ᠰᠠᠢᠵᠢᠷᠠᠭᠤᠯᠬᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠬᠤ᠎ᠶᠢ ᠬᠡᠯᠪᠡᠷᠢ᠎ᠶᠢᠨ ᠲᠡᠳᠦᠢ ᠪᠣᠯᠭᠠᠵᠤ᠂ ᠪᠣᠳᠠᠲᠠᠢᠵᠢᠭᠤᠯᠤᠨ ᠨᠠᠢᠳᠠᠪᠤᠷᠢᠵᠢᠭᠤᠯᠤᠭᠰᠠᠨ᠎ᠦᠭᠡᠢ᠂ ᠬᠠᠷᠢᠭᠤᠴᠠᠯᠭ᠎ᠠ ᠨᠡᠬᠡᠮᠵᠢᠯᠡᠬᠦ ᠶᠣᠰᠤᠲᠠᠢ ᠪᠠᠢᠲᠠᠯ᠎ᠠ ᠬᠠᠷᠢᠭᠤᠴᠠᠯᠭ᠎ᠠ ᠨᠡᠬᠡᠮᠵᠢᠯᠡᠭᠰᠡᠨ᠎ᠦᠭᠡᠢ᠎ᠡᠴᠡ ᠪᠣᠯᠵᠤ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ;
  (ᠶᠢᠰᠦ) ᠬᠠᠮᠢᠶᠠᠷᠬᠤ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢᠴᠡᠳᠭᠡᠭᠰᠡᠨ᠎ᠢᠶᠡᠷ ᠴᠢᠩᠭ᠎ᠠ ᠪᠢᠱᠢ᠂ ᠲᠤᠱᠢᠶᠠᠯ ᠬᠠᠷᠢᠭᠤᠴᠠᠯᠭ᠎ᠠ᠎ᠶᠢᠨ ᠬᠡᠪᠴᠢᠶᠡᠨ ᠳᠣᠲᠤᠷ᠎ᠠ ᠬᠦᠨᠳᠦ ᠣᠨᠴᠠ ᠶᠡᠬᠡ ᠦᠢᠯᠡᠳᠪᠦᠷᠢᠯᠡᠯ᠎ᠦᠨ ᠠᠮᠤᠷ ᠲᠦᠪᠱᠢᠨ᠎ᠦ ᠬᠡᠷᠡᠭ᠂ ᠪᠦᠯᠬᠦᠮ ᠨᠡᠢᠲᠡ᠎ᠶᠢᠨ ᠴᠢᠨᠠᠷᠲᠠᠢ ᠬᠡᠷᠡᠭ᠂ ᠣᠯᠠᠨ ᠨᠡᠢᠲᠡ᠎ᠶᠢᠨ ᠠᠮᠤᠷ ᠲᠦᠪᠱᠢᠨ᠎ᠦ ᠬᠡᠷᠡᠭ ᠡᠭᠦᠰᠦᠭᠰᠡᠨ ᠪᠤᠶᠤ ᠪᠤᠰᠤᠳ ᠬᠦᠨᠳᠦ ᠶᠡᠬᠡ ᠠᠳᠠᠯ᠂ ᠬᠡᠷᠡᠭ ᠡᠭᠦᠰᠴᠦ᠂ ᠬᠦᠨᠳᠦ ᠶᠡᠬᠡ ᠬᠣᠬᠢᠷᠠᠯ ᠪᠤᠶᠤ ᠮᠠᠭᠤ ᠨᠥᠯᠦᠭᠡ ᠭᠠᠷᠭᠠᠭᠰᠠᠨ;
  (ᠠᠷᠪᠠ) ᠰᠤᠷᠭᠠᠨ ᠬᠥᠮᠦᠵᠢᠯ᠂ ᠡᠮ ᠡᠮᠨᠡᠯᠭᠡ᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠂ ᠢᠳᠡᠭᠡᠨ ᠪᠠ ᠡᠮ᠎ᠦᠨ ᠵᠦᠢᠯᠡᠰ᠎ᠦᠨ ᠠᠮᠤᠷ ᠲᠦᠪᠱᠢᠨ᠂ ᠶᠠᠳᠠᠭᠤ᠎ᠶᠢ ᠲᠡᠳᠭᠦᠵᠦ ᠶᠠᠳᠠᠭᠤ᠎ᠠᠴᠠ ᠠᠩᠭᠢᠵᠢᠷᠠᠭᠤᠯᠬᠤ᠂ ᠨᠡᠢᠭᠡᠮ᠎ᠦᠨ ᠪᠠᠲᠤᠯᠠᠭ᠎ᠠ ᠵᠡᠷᠭᠡ ᠠᠷᠠᠳ ᠣᠯᠠᠨ᠎ᠤ ᠬᠠᠮᠤᠭ᠎ᠠᠴᠠ ᠢᠯᠡᠭᠦᠦ ᠠᠩᠬᠠᠷᠴᠤ ᠪᠠᠢᠭ᠎ᠠ ᠬᠠᠮᠤᠭ᠎ᠤᠨ ᠱᠢᠭᠤᠳ ᠬᠠᠮᠤᠭ᠎ᠤᠨ ᠪᠣᠳᠠᠲᠠᠢ ᠠᠱᠢᠭ ᠲᠤᠰᠠ᠎ᠶᠢᠨ ᠠᠰᠠᠭᠤᠳᠠᠯ ᠳᠡᠭᠡᠷ᠎ᠡ ᠠᠵᠢᠯ ᠶᠠᠪᠤᠳᠠᠯ ᠬᠢᠬᠦ᠎ᠦᠭᠡᠢ᠂ ᠡᠰᠡᠬᠦᠯ᠎ᠡ ᠳᠤᠷ᠎ᠠ᠎ᠪᠠᠷ ᠬᠢᠬᠦ᠂ ᠠᠵᠢᠯ ᠶᠠᠪᠤᠳᠠᠯ᠎ᠢ ᠠᠯᠭᠤᠷᠯᠠᠭᠤᠯᠤᠨ ᠬᠣᠢᠱᠢᠯᠠᠭᠤᠯᠬᠤ᠂ ᠬᠤᠳᠠᠯ ᠬᠠᠭᠤᠷᠮᠠᠭ᠎ᠢᠶᠠᠷ ᠬᠢᠵᠦ᠂ ᠣᠯᠠᠨ ᠲᠦᠮᠡᠨ᠎ᠦ ᠠᠱᠢᠭ ᠲᠤᠰᠠ᠎ᠶᠢ ᠬᠣᠬᠢᠷᠠᠭᠤᠯᠤᠭᠰᠠᠨ ᠪᠠ ᠡᠵᠡᠯᠡᠭᠰᠡᠨ ᠠᠰᠠᠭᠤᠳᠠᠯ᠎ᠢ ᠴᠡᠭᠴᠡᠯᠡᠨ ᠵᠠᠰᠠᠬᠤ᠎ᠦᠭᠡᠢ᠂ ᠦᠭᠡ᠎ᠪᠡᠷ᠎ᠪᠡᠨ ᠬᠠᠤᠯᠢ᠎ᠶᠢ ᠣᠷᠤᠯᠠᠭᠤᠯᠬᠤ᠂ ᠡᠷᠬᠡ᠎ᠪᠡᠷ ᠬᠠᠤᠯᠢ᠎ᠶᠢ ᠳᠠᠷᠤᠬᠤ᠂ ᠬᠤᠪᠢ᠎ᠶᠢᠨ ᠨᠠᠢᠷ᠎ᠢᠶᠠᠷ ᠬᠠᠤᠯᠢ᠎ᠶᠢ ᠭᠠᠵᠢᠭᠤᠳᠠᠭᠤᠯᠬᠤ ᠵᠡᠷᠭᠡ ᠠᠰᠠᠭᠤᠳᠠᠯ ᠳᠣᠪᠣᠢᠮ᠎ᠠ ᠪᠠᠢᠵᠤ᠂ ᠣᠯᠠᠨ ᠲᠦᠮᠡᠨ᠎ᠦ ᠳᠡᠷᠭᠡᠳᠡᠬᠢ ᠢᠯᠵᠠᠷᠠᠯ ᠪᠠ ᠰᠤᠷᠲᠠᠯ᠎ᠤᠨ ᠠᠰᠠᠭᠤᠳᠠᠯ ᠬᠦᠨᠳᠦ ᠨᠣᠴᠢᠲᠠᠢ᠎ᠠᠴᠠ ᠪᠣᠯᠵᠤ ᠮᠠᠭᠤ ᠨᠥᠯᠦᠭᠡ ᠭᠠᠷᠭᠠᠭᠰᠠᠨ;
  (ᠠᠷᠪᠠᠨ ᠨᠢᠭᠡ) ᠪᠤᠰᠤᠳ ᠬᠠᠷᠢᠭᠤᠴᠠᠯᠭ᠎ᠠ ᠨᠡᠬᠡᠮᠵᠢᠯᠡᠬᠦ ᠵᠣᠬᠢᠰᠲᠠᠢ ᠲᠤᠱᠢᠶᠠᠯ᠎ᠳᠤ᠌᠎ᠪᠠᠨ ᠣᠰᠤᠯᠳᠠᠵᠤ ᠬᠠᠷᠢᠭᠤᠴᠠᠯᠭ᠎ᠠ ᠠᠯᠳᠠᠭᠰᠠᠨ ᠪᠠᠢᠳᠠᠯ᠃
  ᠨᠠᠢ᠍ᠮᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠠᠷᠢᠭᠤᠴᠠᠯᠭ᠎ᠠ ᠨᠡᠬᠡᠮᠵᠢᠯᠡᠬᠦ᠎ᠳ᠋ᠦ᠍᠂ ᠬᠣᠣᠷ ᠬᠥᠨᠦᠭᠡᠯ᠎ᠦᠨ ᠬᠡᠮᠵᠢᠶ᠎ᠡ ᠵᠢᠴᠢ ᠪᠣᠳᠠᠲᠤ ᠪᠠᠢᠳᠠᠯ᠎ᠢ᠎ᠨᠢ ᠦᠨᠳᠦᠰᠦᠯᠡᠵᠦ᠂ ᠳᠣᠣᠷᠠᠬᠢ ᠮᠡᠲᠦ ᠠᠷᠭ᠎ᠠ᠎ᠶᠢ ᠠᠪᠴᠤ ᠪᠣᠯᠤᠨ᠎ᠠ᠄
  (ᠨᠢᠭᠡ) ᠪᠠᠢᠴᠠᠭᠠᠯᠲᠠ ᠬᠢᠯᠭᠡᠨ᠎ᠡ᠃ ᠪᠠᠢᠴᠠᠭᠠᠯᠲᠠ᠎ᠶᠢᠨ ᠪᠢᠴᠢᠭ ᠪᠢᠴᠢᠭᠦᠯᠬᠦ ᠪᠥᠭᠡᠳ ᠦᠨᠡᠨ᠎ᠬᠦ ᠴᠡᠭᠴᠡᠯᠡᠨ ᠰᠠᠢᠵᠢᠷᠠᠭᠤᠯᠬᠤ᠎ᠪᠠᠷ ᠵᠠᠷᠯᠢᠭᠳᠠᠨ᠎ᠠ᠃
  (ᠬᠣᠶᠠᠷ) ᠵᠠᠷᠯᠠᠨ ᠮᠡᠳᠡᠭᠳᠡᠨ᠎ᠡ᠃ ᠴᠡᠭᠴᠡᠯᠡᠨ ᠰᠠᠢᠵᠢᠷᠠᠭᠤᠯᠬᠤ᠎ᠪᠠᠷ ᠵᠠᠷᠯᠢᠭᠳᠠᠬᠤ ᠪᠥᠭᠡᠳ ᠵᠣᠬᠢᠬᠤ ᠬᠡᠪᠴᠢᠶᠡᠨ᠎ᠳ᠋ᠦ᠍ ᠵᠠᠷᠯᠠᠨ ᠮᠡᠳᠡᠭᠳᠡᠨ᠎ᠡ᠃
  (ᠭᠤᠷᠪᠠ) ᠥᠭᠡᠷᠡᠴᠢᠯᠡᠨ ᠪᠠᠢᠭᠤᠯᠤᠨ᠎ᠠ᠃ ᠲᠤᠱᠢᠶᠠᠯ᠎ᠢᠶᠠᠨ ᠭᠤᠲᠤᠭᠠᠵᠤ ᠬᠠᠷᠢᠭᠤᠴᠠᠯᠭ᠎ᠠ᠎ᠪᠠᠨ ᠠᠯᠳᠠᠭᠰᠠᠨ᠂ ᠨᠠᠮ᠎ᠤᠨ ᠰᠠᠬᠢᠯᠭ᠎ᠠ ᠪᠠᠲᠤ᠎ᠶᠢ ᠬᠦᠨᠳᠦ ᠨᠣᠴᠢᠲᠠᠢ ᠵᠥᠷᠢᠴᠡᠭᠡᠳ ᠥᠪᠡᠷᠲᠡᠭᠡᠨ ᠵᠠᠯᠠᠷᠠᠭᠤᠯᠵᠤ ᠳᠡᠢᠯᠬᠦ᠎ᠦᠭᠡᠢ ᠵᠣᠬᠢᠶᠠᠨ ᠪᠠᠢᠭᠤᠯᠤᠯᠲᠠ᠎ᠶᠢ ᠥᠭᠡᠷᠡᠴᠢᠯᠡᠨ ᠪᠠᠢᠭᠤᠯᠪᠠᠯ ᠵᠣᠬᠢᠨ᠎ᠠ᠃
  ᠨᠠᠮ᠎ᠤᠨ ᠤᠳᠤᠷᠢᠳᠬᠤ ᠺᠠᠳ᠋ᠷ᠎ᠠᠴᠠ ᠬᠠᠷᠢᠭᠤᠴᠠᠯᠭ᠎ᠠ ᠨᠡᠬᠡᠮᠵᠢᠯᠡᠬᠦ᠎ᠳ᠋ᠦ᠍᠂ ᠬᠣᠣᠷ ᠬᠥᠨᠦᠭᠡᠯ᠎ᠦᠨ ᠬᠡᠮᠵᠢᠶ᠎ᠡ ᠵᠢᠴᠢ ᠪᠣᠳᠠᠲᠤ ᠪᠠᠢᠳᠠᠯ᠎ᠢ᠎ᠨᠢ ᠦᠨᠳᠦᠰᠦᠯᠡᠵᠦ ᠳᠣᠣᠷᠠᠬᠢ ᠮᠡᠲᠦ ᠠᠷᠭ᠎ᠠ᠎ᠶᠢ ᠠᠪᠴᠤ ᠪᠣᠯᠤᠨ᠎ᠠ᠄
  (ᠨᠢᠭᠡ) ᠵᠠᠷᠯᠠᠨ ᠮᠡᠳᠡᠭᠳᠡᠨ᠎ᠡ᠃ ᠴᠢᠩᠭ᠎ᠠ ᠱᠢᠭᠦᠮᠵᠢᠯᠡᠵᠦ᠂ ᠪᠠᠢᠴᠠᠭᠠᠯᠲᠠ᠎ᠶᠢᠨ ᠪᠢᠴᠢᠭ ᠪᠢᠴᠢᠭᠦᠯᠬᠦ᠂ ᠦᠨᠡᠨ᠎ᠬᠦ ᠴᠡᠭᠴᠡᠯᠡᠨ ᠰᠠᠢᠵᠢᠷᠠᠭᠤᠯᠬᠤ᠎ᠪᠠᠷ ᠵᠠᠷᠯᠢᠭᠳᠠᠬᠤ ᠪᠥᠭᠡᠳ ᠵᠣᠬᠢᠬᠤ ᠬᠡᠪᠴᠢᠶᠡᠨ᠎ᠳ᠋ᠦ᠍ ᠵᠠᠷᠯᠠᠨ ᠮᠡᠳᠡᠭᠳᠡᠨ᠎ᠡ᠃
  (ᠬᠣᠶᠠᠷ) ᠰᠡᠷᠡᠮᠵᠢᠯᠡᠭᠦᠯᠦᠨ ᠢᠳᠭᠠᠨ᠎ᠠ᠃ ᠶᠠᠷᠢᠯᠴᠠᠬᠤ ᠬᠡᠯᠪᠡᠷᠢ ᠪᠤᠶᠤ ᠪᠢᠴᠢᠭ᠎ᠦᠨ ᠬᠡᠯᠪᠡᠷᠢ᠎ᠪᠡᠷ ᠰᠡᠷᠡᠮᠵᠢᠯᠡᠭᠦᠯᠦᠨ ᠢᠳᠭᠠᠨ᠎ᠠ᠃
  (ᠭᠤᠷᠪᠠ) ᠵᠣᠬᠢᠶᠠᠨ ᠪᠠᠢᠭᠤᠯᠤᠯᠲᠠ᠎ᠶᠢᠨ ᠲᠣᠬᠢᠷᠠᠭᠤᠯᠤᠯᠲᠠ ᠬᠢᠬᠦ ᠪᠤᠶᠤ ᠵᠣᠬᠢᠶᠠᠨ ᠪᠠᠢᠭᠤᠯᠤᠯᠲᠠ᠎ᠶᠢᠨ ᠱᠢᠢᠳᠪᠦᠷᠢ ᠣᠯᠭᠤᠨ᠎ᠠ᠃ ᠲᠤᠱᠢᠶᠠᠯ᠎ᠢᠶᠠᠨ ᠭᠤᠲᠤᠭᠠᠵᠤ ᠬᠠᠷᠢᠭᠤᠴᠠᠯᠭ᠎ᠠ᠎ᠪᠠᠨ ᠠᠯᠳᠠᠭᠰᠠᠨ᠂ ᠬᠣᠣᠷ ᠬᠥᠨᠦᠭᠡᠯ ᠨᠡᠯᠢᠶᠡᠳ ᠬᠦᠨᠳᠦ ᠨᠣᠴᠢᠲᠠᠢ᠂ ᠣᠲᠤ᠎ᠶᠢᠨ ᠲᠤᠱᠢᠶᠠᠯ᠎ᠢᠶᠠᠨ ᠦᠷᠭᠦᠯᠵᠢᠯᠡᠨ ᠡᠭᠦᠷᠭᠡᠯᠡᠬᠦ᠎ᠳ᠋ᠦ᠍ ᠲᠣᠬᠢᠷᠠᠬᠤ᠎ᠦᠭᠡᠢ ᠪᠣᠯ᠂ ᠪᠠᠢᠳᠠᠯ᠎ᠢ᠎ᠨᠢ ᠦᠨᠳᠦᠰᠦᠯᠡᠵᠦ ᠲᠤᠱᠢᠶᠠᠯ᠎ᠠᠴᠠ᠎ᠨᠢ ᠵᠣᠭᠰᠤᠭᠠᠵᠤ ᠪᠠᠢᠴᠠᠭᠠᠬᠤ᠂ ᠲᠤᠱᠢᠶᠠᠯ᠎ᠢ᠎ᠨᠢ ᠳᠠᠬᠢᠨ ᠲᠣᠬᠢᠷᠠᠭᠤᠯᠬᠤ᠂ ᠲᠤᠱᠢᠶᠠᠯ᠎ᠠᠴᠠ᠎ᠢᠶᠠᠨ ᠪᠠᠭᠤᠬᠤ᠎ᠪᠠᠷ ᠡᠷᠡᠮᠡᠯᠵᠡᠯᠡᠬᠦ᠂ ᠲᠤᠱᠢᠶᠠᠯ᠎ᠠᠴᠠ᠎ᠨᠢ ᠣᠭᠴᠣᠷᠠᠭᠤᠯᠬᠤ᠂ ᠲᠤᠱᠢᠶᠠᠯ᠎ᠢ᠎ᠨᠢ ᠪᠠᠭᠤᠷᠠᠭᠤᠯᠬᠤ᠎ᠪᠠᠷ ᠵᠠᠷᠯᠢᠭᠳᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ᠃
  (ᠳᠥᠷᠪᠡ) ᠰᠠᠬᠢᠯᠭ᠎ᠠ ᠪᠠᠲᠤ᠎ᠶᠢᠨ ᠱᠢᠢᠳᠭᠡᠯ ᠥᠭᠭᠦᠨ᠎ᠡ᠃ ᠲᠤᠱᠢᠶᠠᠯ᠎ᠢᠶᠠᠨ ᠭᠤᠲᠤᠭᠠᠵᠤ ᠬᠠᠷᠢᠭᠤᠴᠠᠯᠭ᠎ᠠ᠎ᠪᠠᠨ ᠠᠯᠳᠠᠭᠰᠠᠨ᠂ ᠬᠣᠣᠷ ᠬᠥᠨᠦᠭᠡᠯ᠎ᠨᠢ ᠬᠦᠨᠳᠦ ᠨᠣᠴᠢᠲᠠᠢ ᠪᠣᠯ ᠰᠠᠬᠢᠯᠭ᠎ᠠ ᠪᠠᠲᠤ᠎ᠶᠢᠨ ᠱᠢᠢᠳᠭᠡᠯ ᠥᠭᠴᠦ᠂《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶᠢᠨ ᠱᠢᠢᠳᠭᠡᠯ ᠥᠭᠬᠦ ᠳᠦᠷᠢᠮ》 ᠶᠣᠰᠤᠭᠠᠷ ᠰᠠᠬᠢᠯᠭ᠎ᠠ ᠪᠠᠲᠤ᠎ᠶᠢᠨ ᠬᠠᠷᠢᠭᠤᠴᠠᠯᠭ᠎ᠠ ᠨᠡᠬᠡᠮᠵᠢᠯᠡᠪᠡᠯ ᠵᠣᠬᠢᠨ᠎ᠠ᠃
  ᠳᠡᠭᠡᠷ᠎ᠡ ᠳᠤᠷᠠᠳᠤᠭᠰᠠᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ᠎ᠶᠢ ᠲᠤᠰᠠᠭᠠᠷ ᠬᠡᠷᠡᠭᠯᠡᠵᠦ ᠪᠣᠯᠬᠤ ᠪᠥᠭᠡᠳ ᠪᠠᠰᠠ ᠲᠣᠭᠲᠠᠭᠠᠯ ᠶᠣᠰᠤᠭᠠᠷ ᠬᠠᠮᠲᠤᠷᠠᠭᠤᠯᠤᠨ ᠬᠡᠷᠡᠭᠯᠡᠵᠦ ᠪᠣᠯᠤᠨ᠎ᠠ᠃ ᠬᠠᠷᠢᠭᠤᠴᠠᠯᠭ᠎ᠠ ᠨᠡᠬᠡᠮᠵᠢᠯᠡᠬᠦ ᠠᠷᠭ᠎ᠠ᠎ᠨᠢ ᠨᠥᠯᠦᠭᠡ ᠪᠦᠬᠦᠢ ᠬᠤᠭᠤᠴᠠᠭ᠎ᠠ᠎ᠲᠠᠢ ᠪᠣᠯ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠬᠡᠷᠡᠭᠵᠢᠭᠦᠯᠦᠨ᠎ᠡ᠃
  ᠶᠢᠰᠦᠳᠦᠭᠡᠷ ᠵᠦᠢᠯ  ᠲᠤᠰ ᠳᠦᠷᠢᠮ᠎ᠦᠨ ᠳᠣᠯᠤᠳᠤᠭᠠᠷ ᠵᠦᠢᠯ᠎ᠳ᠋ᠦ᠍ ᠵᠢᠭᠰᠠᠭᠠᠭᠰᠠᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠠᠢᠳᠠᠯ ᠣᠷᠣᠱᠢᠵᠤ᠂ ᠬᠠᠷᠢᠭᠤᠴᠠᠯᠭ᠎ᠠ ᠨᠡᠬᠡᠮᠵᠢᠯᠡᠬᠦ ᠪᠠᠢᠴᠠᠭᠠᠯᠲᠠ ᠬᠢᠬᠦ ᠴᠢᠬᠤᠯᠠᠲᠠᠢ ᠪᠣᠯ ᠬᠠᠮᠢᠶᠠᠷᠬᠤ ᠡᠷᠬᠡ ᠮᠠᠲᠠᠯ᠎ᠲᠠᠢ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ)᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠂ ᠨᠠᠮ᠎ᠤᠨ ᠠᠵᠢᠯ᠎ᠤᠨ ᠪᠠᠢᠭᠤᠯᠭ᠎ᠠ᠎ᠠᠴᠠ ᠭᠣᠣᠯ ᠬᠠᠷᠢᠭᠤᠴᠠᠯᠭᠠᠲᠠᠨ᠎ᠢᠶᠠᠷ᠎ᠢᠶᠠᠨ ᠬᠢᠨᠠᠨ ᠵᠥᠪᠱᠢᠶᠡᠷᠡᠭᠦᠯᠵᠦ ᠬᠠᠷᠢᠭᠤᠴᠠᠯᠭ᠎ᠠ ᠨᠡᠬᠡᠮᠵᠢᠯᠡᠬᠦ ᠪᠠᠢᠴᠠᠭᠠᠯᠲᠠ᠎ᠪᠠᠨ ᠴᠠᠭ ᠲᠤᠬᠠᠢ᠎ᠳ᠋ᠤᠨᠢ ᠡᠬᠢᠯᠡᠭᠦᠯᠪᠡᠯ ᠵᠣᠬᠢᠨ᠎ᠠ᠃ ᠡᠭᠦᠨ᠎ᠳ᠋ᠦ᠍᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠂ ᠨᠠᠮ᠎ᠤᠨ ᠠᠵᠢᠯ᠎ᠤᠨ ᠪᠠᠢᠭᠤᠯᠭ᠎ᠠ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠶᠢᠨ ᠱᠢᠭᠤᠳ ᠤᠳᠤᠷᠢᠳᠬᠤ ᠨᠠᠮ᠎ᠤᠨ ᠵᠣᠬᠢᠶᠠᠨ ᠪᠠᠢᠭᠤᠯᠤᠯᠲᠠ ᠵᠢᠴᠢ ᠭᠣᠣᠯ ᠬᠠᠷᠢᠭᠤᠴᠠᠯᠭᠠᠲᠠᠨ᠎ᠳᠤ ᠬᠠᠷᠢᠭᠤᠴᠠᠯᠭ᠎ᠠ ᠨᠡᠬᠡᠮᠵᠢᠯᠡᠬᠦ ᠪᠠᠢᠴᠠᠭᠠᠯᠲᠠ᠎ᠪᠠᠨ ᠡᠬᠢᠯᠡᠭᠦᠯᠬᠦ᠎ᠳ᠋ᠦ᠍᠂ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠶᠢᠨ ᠭᠣᠣᠯ ᠬᠠᠷᠢᠭᠤᠴᠠᠯᠭᠠᠲᠠᠨ᠎ᠳᠤ ᠮᠡᠳᠡᠭᠦᠯᠵᠦ ᠵᠥᠪᠱᠢᠶᠡᠷᠡᠭᠦᠯᠪᠡᠯ ᠵᠣᠬᠢᠨ᠎ᠠ᠃
  ᠬᠠᠷᠢᠭᠤᠴᠠᠯᠭ᠎ᠠ ᠨᠡᠬᠡᠮᠵᠢᠯᠡᠬᠦ ᠪᠠᠢᠴᠠᠭᠠᠯᠲᠠ ᠬᠢᠬᠦ ᠶᠣᠰᠤᠲᠠᠢ ᠪᠠᠢᠭᠠᠳ ᠴᠠᠭ ᠲᠤᠬᠠᠢ᠎ᠳ᠋ᠤᠨᠢ ᠪᠠᠢᠴᠠᠭᠠᠯᠲᠠ᠎ᠪᠠᠨ ᠡᠬᠢᠯᠡᠭᠦᠯᠦᠭᠰᠡᠨ᠎ᠦᠭᠡᠢ᠎ᠢ᠎ᠨᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ᠎ᠠᠴᠠ ᠬᠠᠮᠢᠶᠠᠷᠬᠤ ᠡᠷᠬᠡ ᠮᠠᠲᠠᠯ᠎ᠲᠠᠢ ᠨᠠᠮ᠎ᠤᠨ ᠵᠣᠬᠢᠶᠠᠨ ᠪᠠᠢᠭᠤᠯᠤᠯᠲᠠ᠎ᠶᠢ ᠵᠠᠷᠯᠢᠭᠳᠠᠵᠤ ᠳᠠᠷᠤᠢ ᠲᠦᠷᠭᠡᠨ ᠡᠬᠢᠯᠡᠭᠦᠯᠪᠡᠯ ᠵᠣᠬᠢᠨ᠎ᠠ᠃ ᠠᠰᠠᠭᠤᠳᠠᠯ᠎ᠤᠨ ᠱᠢᠨᠵᠢ ᠴᠢᠨᠠᠷ ᠪᠤᠶᠤ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠵᠦ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠠᠷᠢᠭᠤᠴᠠᠯᠭ᠎ᠠ ᠨᠡᠬᠡᠮᠵᠢᠯᠡᠬᠦ ᠪᠠᠢᠴᠠᠭᠠᠯᠲᠠ᠎ᠪᠠᠨ ᠱᠢᠭᠤᠳ ᠡᠬᠢᠯᠡᠭᠦᠯᠵᠦ ᠪᠣᠯᠬᠤ ᠪᠥᠭᠡᠳ ᠵᠢᠭᠠᠵᠤ ᠲᠣᠭᠲᠠᠭᠠᠭᠰᠠᠨ ᠪᠤᠰᠤᠳ ᠨᠠᠮ᠎ᠤᠨ ᠵᠣᠬᠢᠶᠠᠨ ᠪᠠᠢᠭᠤᠯᠤᠯᠲᠠ᠎ᠪᠠᠷ ᠡᠬᠢᠯᠡᠭᠦᠯᠦᠭᠰᠡᠨ ᠴᠦ᠍ ᠪᠣᠯᠤᠨ᠎ᠠ᠃
  ᠨᠢᠭᠡᠨᠲᠡ ᠬᠡᠷᠡᠭ ᠪᠣᠯᠭᠠᠨ ᠳᠠᠩᠰᠠᠯᠠᠵᠤ ᠬᠢᠨᠠᠨ ᠪᠠᠢᠴᠠᠭᠠᠭᠳᠠᠵᠤ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠤᠳᠤᠷᠢᠳᠬᠤ ᠺᠠᠳ᠋ᠷ᠎ᠠᠴᠠ ᠬᠠᠷᠢᠭᠤᠴᠠᠯᠭ᠎ᠠ ᠨᠡᠬᠡᠮᠵᠢᠯᠡᠬᠦ᠎ᠳ᠋ᠦ᠍ ᠬᠠᠷᠢᠭᠤᠴᠠᠯᠭ᠎ᠠ ᠨᠡᠬᠡᠮᠵᠢᠯᠡᠬᠦ ᠪᠠᠢᠴᠠᠭᠠᠯᠲᠠ᠎ᠶᠢ ᠠᠰ᠎ᠲᠤᠨᠢ ᠶᠠᠪᠤᠭᠳᠠᠭᠤᠯᠬᠤ ᠴᠢᠬᠤᠯᠠ᠎ᠦᠭᠡᠢ᠃
  ᠠᠷᠪᠠᠳᠤᠭᠠᠷ ᠵᠦᠢᠯ  ᠬᠠᠷᠢᠭᠤᠴᠠᠯᠭ᠎ᠠ ᠨᠡᠬᠡᠮᠵᠢᠯᠡᠬᠦ ᠪᠠᠢᠴᠠᠭᠠᠯᠲᠠ᠎ᠶᠢ ᠡᠬᠢᠯᠡᠭᠦᠯᠦᠭᠰᠡᠨ᠎ᠦ ᠳᠠᠷᠠᠭ᠎ᠠ᠂ ᠪᠠᠢᠴᠠᠭᠠᠬᠤ ᠳᠤᠭᠤᠢᠯᠠᠩ᠎ᠢ ᠵᠣᠬᠢᠶᠠᠨ ᠪᠠᠢᠭᠤᠯᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠤᠭᠠᠷ ᠪᠠᠢᠴᠠᠭᠠᠯᠲᠠ ᠬᠢᠵᠦ᠂ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠤᠳᠤᠷᠢᠳᠬᠤ ᠺᠠᠳ᠋ᠷ᠎ᠤᠨ ᠲᠤᠱᠢᠶᠠᠯ᠎ᠢᠶᠠᠨ ᠭᠤᠲᠤᠭᠠᠵᠤ ᠬᠠᠷᠢᠭᠤᠴᠠᠯᠭ᠎ᠠ᠎ᠪᠠᠨ ᠠᠯᠳᠠᠭᠰᠠᠨ ᠠᠰᠠᠭᠤᠳᠠᠯ᠎ᠢ ᠪᠠᠢᠴᠠᠭᠠᠨ ᠲᠣᠳᠤᠯᠠᠵᠤ᠂ ᠪᠡᠶᠡᠴᠢ ᠪᠠ ᠪᠤᠰᠤᠳᠴᠢ ᠬᠦᠴᠦᠨ ᠵᠦᠢᠯ᠎ᠢ ᠶᠡᠷᠦᠩᠬᠡᠢᠯᠡᠨ ᠪᠣᠳᠤᠯᠬᠢᠯᠠᠵᠤ᠂ ᠨᠠᠮ᠎ᠤᠨ ᠲᠥᠪ ᠬᠣᠷᠢᠶ᠎ᠠ ᠪᠤᠶᠤ ᠳᠡᠭᠡᠳᠦ ᠱᠠᠲᠤᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠬᠡᠷᠡᠭᠵᠢᠭᠦᠯᠬᠦ ᠶᠠᠪᠤᠴᠠ ᠳᠤᠮᠳᠠ ᠢᠯᠡᠷᠡᠭᠰᠡᠨ ᠵᠣᠬᠢᠰ᠎ᠦᠭᠡᠢ ᠬᠡᠷᠡᠭᠵᠢᠭᠦᠯᠦᠭᠰᠡᠨ᠂ ᠰᠠᠢᠲᠤᠷ ᠬᠡᠷᠡᠭᠵᠢᠭᠦᠯᠦᠭᠰᠡᠨ᠎ᠦᠭᠡᠢ᠂ ᠡᠰᠡ ᠬᠡᠷᠡᠭᠵᠢᠭᠦᠯᠦᠭᠰᠡᠨ ᠵᠡᠷᠭᠡ ᠠᠳᠠᠯᠢ ᠪᠤᠰᠤ ᠪᠠᠢᠳᠠᠯ᠎ᠢ ᠵᠥᠪ ᠢᠯᠭᠠᠵᠤ᠂ ᠱᠢᠢᠳᠪᠦᠷᠢᠯᠡᠬᠦ ᠰᠠᠨᠠᠯ᠎ᠢᠶᠠᠨ ᠣᠨᠤᠪᠴᠢᠲᠠᠢ ᠳᠤᠷᠠᠳᠴᠤ᠂ ᠤᠴᠢᠷ ᠶᠠᠪᠤᠳᠠᠯ᠎ᠨᠢ ᠲᠣᠳᠤᠷᠬᠠᠢ᠂ ᠭᠡᠷᠡᠴᠢ ᠪᠠᠷᠢᠮᠲᠠ᠎ᠨᠢ ᠪᠠᠲᠤᠲᠠᠢ᠂ ᠦᠨᠳᠦᠰᠦᠯᠡᠯ᠎ᠨᠢ ᠭᠦᠢᠴᠡᠳ᠂ ᠬᠠᠷᠢᠭᠤᠴᠠᠯᠭ᠎ᠠ᠎ᠨᠢ ᠲᠣᠳᠤ᠂ ᠳᠡᠰ ᠳᠠᠷᠠᠭᠠᠯᠠᠯ᠎ᠨᠢ ᠲᠣᠭᠲᠠᠭᠠᠯ᠎ᠳᠤ ᠨᠡᠢᠴᠡᠬᠦ᠂ ᠱᠢᠢᠳᠪᠦᠷᠢᠯᠡᠭᠰᠡᠨ᠎ᠨᠢ ᠵᠣᠬᠢᠰᠲᠠᠢ ᠪᠠᠢᠬᠤ᠎ᠶᠢ ᠪᠠᠲᠤᠯᠠᠵᠤ᠂ ᠬᠠᠷᠢᠭᠤᠴᠠᠯᠭ᠎ᠠ᠎ᠶᠢ᠎ᠨᠢ ᠰᠠᠢᠲᠤᠷ ᠨᠡᠬᠡᠮᠵᠢᠯᠡᠭᠰᠡᠨ᠎ᠦᠭᠡᠢ ᠪᠤᠶᠤ ᠬᠡᠳᠦ ᠶᠡᠷᠦᠮᠳᠡᠭ ᠬᠠᠱᠢ ᠶᠠᠱᠢ᠂ ᠳᠥᠬᠦᠮᠬᠡᠨ᠎ᠢᠶᠡᠷ ᠬᠠᠷᠢᠭᠤᠴᠠᠯᠭ᠎ᠠ ᠨᠡᠬᠡᠮᠵᠢᠯᠡᠬᠦ᠎ᠡᠴᠡ ᠰᠡᠷᠭᠡᠢᠯᠡᠬᠦ ᠬᠡᠷᠡᠭᠲᠡᠢ᠃
  ᠠᠷᠪᠠᠨ ᠨᠢᠭᠡᠳᠦᠭᠡᠷ ᠵᠦᠢᠯ  ᠪᠠᠢᠴᠠᠭᠠᠭᠳᠠᠵᠤ ᠪᠠᠢᠭ᠎ᠠ ᠡᠲᠡᠭᠡᠳ᠎ᠦᠨ ᠲᠤᠱᠢᠶᠠᠯ᠎ᠢᠶᠠᠨ ᠭᠤᠲᠤᠭᠠᠵᠤ ᠬᠠᠷᠢᠭᠤᠴᠠᠯᠭ᠎ᠠ᠎ᠪᠠᠨ ᠠᠯᠳᠠᠭᠰᠠᠨ ᠠᠰᠠᠭᠤᠳᠠᠯ᠎ᠢ ᠪᠠᠢᠴᠠᠭᠠᠨ ᠲᠣᠳᠤᠷᠬᠠᠢᠯᠠᠭᠰᠠᠨ᠎ᠤ ᠳᠠᠷᠠᠭ᠎ᠠ᠂ ᠪᠠᠢᠴᠠᠭᠠᠬᠤ ᠳᠤᠭᠤᠢᠯᠠᠩ᠎ᠤᠨ ᠬᠢᠨ ᠪᠣᠳᠠᠲᠤ ᠬᠡᠷᠡᠭ᠎ᠦᠨ ᠮᠠᠲᠧᠷᠢᠶᠠᠯ᠎ᠢ ᠲᠤᠭᠤᠷᠪᠢᠵᠤ᠂ ᠪᠠᠢᠴᠠᠭᠠᠭᠳᠠᠵᠤ ᠪᠠᠢᠭ᠎ᠠ ᠡᠲᠡᠭᠡᠳ᠎ᠲᠡᠢ ᠠᠭᠤᠯᠵᠠᠵᠤ᠂ ᠲᠡᠳᠡᠨ᠎ᠦ ᠥᠭᠦᠯᠡᠬᠦ ᠪᠠ ᠲᠣᠳᠤᠷᠬᠠᠢᠯᠠᠬᠤ᠎ᠶᠢ᠎ᠨᠢ ᠰᠣᠨᠣᠰᠭᠤ ᠬᠡᠷᠡᠭᠲᠡᠢ ᠪᠥᠭᠡᠳ ᠲᠡᠮᠳᠡᠭᠯᠡᠨ ᠳᠠᠩᠰᠠᠯᠠᠬᠤ ᠬᠡᠷᠡᠭᠲᠡᠢ; ᠵᠣᠬᠢᠰᠲᠠᠢ ᠰᠠᠨᠠᠯ᠎ᠢ᠎ᠨᠢ ᠬᠦᠯᠢᠶᠡᠨ ᠠᠪᠤᠪᠠᠯ ᠵᠣᠬᠢᠨ᠎ᠠ᠃ ᠪᠠᠢᠴᠠᠭᠠᠭᠳᠠᠵᠤ ᠪᠠᠢᠭ᠎ᠠ ᠡᠲᠡᠭᠡᠳ᠎ᠢᠶᠡᠷ ᠪᠣᠳᠠᠲᠤ ᠬᠡᠷᠡᠭ᠎ᠦᠨ ᠮᠠᠲᠧᠷᠢᠶᠠᠯ ᠳᠡᠭᠡᠷ᠎ᠡ ᠰᠠᠨᠠᠯ᠎ᠢ᠎ᠨᠢ ᠪᠢᠴᠢᠭᠦᠯᠪᠡᠯ ᠵᠣᠬᠢᠨ᠎ᠠ᠂ ᠠᠳᠠᠯᠢ ᠪᠤᠰᠤ ᠰᠠᠨᠠᠯ᠎ᠢᠶᠠᠨ ᠪᠢᠴᠢᠬᠦ ᠪᠤᠶᠤ ᠰᠠᠨᠠᠯ᠎ᠢᠶᠠᠨ ᠪᠢᠴᠢᠬᠦ᠎ᠶᠢ ᠲᠡᠪᠴᠢᠭᠰᠡᠳ᠎ᠲᠦ᠍ ᠪᠠᠢᠴᠠᠭᠠᠬᠤ ᠳᠤᠭᠤᠢᠯᠠᠩ᠎ᠤᠨ ᠬᠢᠨ ᠲᠣᠳᠤᠷᠬᠠᠢᠯᠠᠯᠲᠠ ᠪᠢᠴᠢᠬᠦ ᠪᠤᠶᠤ ᠪᠠᠢᠳᠠᠯ᠎ᠤᠨ ᠲᠠᠢᠯᠪᠤᠷᠢ ᠬᠠᠲᠠᠬᠤ ᠬᠡᠷᠡᠭᠲᠡᠢ᠃
  ᠪᠠᠢᠴᠠᠭᠠᠬᠤ ᠠᠵᠢᠯ ᠳᠠᠭᠤᠰᠤᠭᠰᠠᠨ᠎ᠤ ᠳᠠᠷᠠᠭ᠎ᠠ᠂ ᠪᠠᠢᠴᠠᠭᠠᠬᠤ ᠳᠤᠭᠤᠢᠯᠠᠩ᠎ᠤᠨ ᠬᠢᠨ ᠬᠠᠮᠲᠤ᠎ᠪᠠᠷ ᠶᠠᠷᠢᠯᠴᠠᠵᠤ ᠪᠠᠢᠭᠠᠳ ᠪᠠᠢᠴᠠᠭᠠᠯᠲᠠ᠎ᠶᠢᠨ ᠮᠡᠳᠡᠭᠦᠯᠦᠯᠲᠡ ᠭᠠᠷᠭᠠᠵᠤ᠂ ᠪᠠᠢᠴᠠᠭᠠᠭᠰᠠᠨ ᠡᠲᠡᠭᠡᠳ᠎ᠦᠨ ᠦᠨᠳᠦᠰᠦᠨ ᠪᠠᠢᠳᠠᠯ᠂ ᠪᠠᠢᠴᠠᠭᠠᠭᠰᠠᠨ ᠭᠡᠷᠡᠴᠢ ᠪᠠᠷᠢᠮᠲᠠ᠂ ᠪᠠᠢᠴᠠᠭᠠᠭᠰᠠᠨ ᠶᠠᠪᠤᠴᠠ᠂ ᠬᠠᠷᠢᠭᠤᠴᠠᠯᠭ᠎ᠠ ᠨᠡᠬᠡᠮᠵᠢᠯᠡᠭᠰᠡᠨ ᠪᠣᠳᠠᠲᠤ ᠬᠡᠷᠡᠭ᠂ ᠪᠠᠢᠴᠠᠭᠠᠭᠳᠠᠭᠰᠠᠨ ᠡᠲᠡᠭᠡᠳ᠎ᠦᠨ ᠣᠪᠤᠷ᠂ ᠲᠠᠨᠢᠯᠲᠠ ᠵᠢᠴᠢ ᠲᠣᠳᠤᠷᠬᠠᠢᠯᠠᠯ᠂ ᠱᠢᠢᠳᠪᠦᠷᠢᠯᠡᠭᠰᠡᠨ ᠰᠠᠨᠠᠯ ᠵᠢᠴᠢ ᠭᠡᠷᠡᠴᠢ ᠪᠠᠷᠢᠮᠲᠠ᠎ᠶᠢ ᠵᠢᠭᠰᠠᠭᠠᠨ ᠲᠣᠳᠤᠷᠬᠠᠢᠯᠠᠵᠤ᠂ ᠪᠠᠢᠴᠠᠭᠠᠬᠤ ᠳᠤᠭᠤᠢᠯᠠᠩ᠎ᠤᠨ ᠳᠠᠷᠤᠭ᠎ᠠ ᠵᠢᠴᠢ ᠬᠣᠯᠪᠤᠭᠳᠠᠯ ᠪᠦᠬᠦᠢ ᠬᠥᠮᠦᠰ ᠭᠠᠷ᠎ᠤᠨ ᠥᠰᠦᠭ᠎ᠢᠶᠡᠨ ᠵᠢᠷᠤᠭᠰᠠᠨ᠎ᠤ ᠳᠠᠷᠠᠭ᠎ᠠ᠂ ᠬᠢᠨᠠᠨ ᠵᠥᠪᠱᠢᠶᠡᠷᠡᠬᠦ ᠭᠠᠷᠳᠠᠮ ᠭᠦᠢᠴᠡᠳᠭᠡᠨ᠎ᠡ᠃
  ᠠᠷᠪᠠᠨ ᠬᠣᠶᠠᠳᠤᠭᠠᠷ ᠵᠦᠢᠯ  ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ᠎ᠢ ᠬᠠᠮᠢᠶᠠᠷᠬᠤ ᠡᠷᠬᠡ ᠮᠠᠲᠠᠯ᠎ᠲᠠᠢ ᠨᠠᠮ᠎ᠤᠨ ᠵᠣᠬᠢᠶᠠᠨ ᠪᠠᠢᠭᠤᠯᠤᠯᠲᠠ᠎ᠠᠴᠠ ᠭᠠᠷᠭᠠᠪᠠᠯ ᠵᠣᠬᠢᠨ᠎ᠠ᠃
  ᠠᠳᠠᠯᠢ ᠱᠠᠲᠤᠨ᠎ᠤ ᠨᠠᠮ᠎ᠤᠨ ᠬᠣᠷᠢᠶ᠎ᠠ᠎ᠠᠴᠠ ᠱᠢᠭᠤᠳ ᠤᠳᠤᠷᠢᠳᠴᠤ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠣᠯᠤᠨ ᠨᠠᠮ᠎ᠤᠨ ᠠᠵᠢᠯ᠎ᠤᠨ ᠪᠠᠢᠭᠤᠯᠭ᠎ᠠ ᠠᠳᠠᠯᠢ ᠱᠠᠲᠤᠨ᠎ᠤ ᠨᠠᠮ᠎ᠤᠨ ᠬᠣᠷᠢᠶ᠎ᠠ ᠪᠤᠶᠤ ᠨᠠᠮ᠎ᠤᠨ ᠬᠣᠷᠢᠶᠠᠨ᠎ᠤ ᠭᠣᠣᠯ ᠬᠠᠷᠢᠭᠤᠴᠠᠯᠭᠠᠲᠠᠨ᠎ᠤ ᠵᠥᠪᠱᠢᠶᠡᠷᠡᠯ᠎ᠢᠶᠡᠷ᠂ ᠪᠠᠢᠴᠠᠭᠠᠬᠤ᠂ ᠵᠠᠷᠯᠠᠨ ᠮᠡᠳᠡᠭᠳᠡᠬᠦ ᠬᠡᠯᠪᠡᠷᠢ᠎ᠪᠡᠷ ᠬᠠᠷᠢᠭᠤᠴᠠᠯᠭ᠎ᠠ ᠨᠡᠬᠡᠮᠵᠢᠯᠡᠵᠦ ᠪᠣᠯᠤᠨ᠎ᠠ᠃ ᠵᠣᠬᠢᠶᠠᠨ ᠪᠠᠢᠭᠤᠯᠤᠯᠲᠠ᠎ᠶᠢ ᠥᠭᠡᠷᠡᠴᠢᠯᠡᠨ ᠪᠠᠢᠭᠤᠯᠬᠤ ᠬᠡᠯᠪᠡᠷᠢ᠎ᠪᠡᠷ ᠬᠠᠷᠢᠭᠤᠴᠠᠯᠭ᠎ᠠ ᠨᠡᠬᠡᠮᠵᠢᠯᠡᠬᠦ᠎ᠳ᠋ᠦ᠍᠂ ᠨᠠᠮ᠎ᠤᠨ ᠳᠦᠷᠢᠮ ᠪᠣᠯᠤᠨ ᠬᠣᠯᠪᠤᠭᠳᠠᠯ ᠪᠦᠬᠦᠢ ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ᠎ᠳᠤ ᠲᠣᠭᠲᠠᠭᠠᠭᠰᠠᠨ ᠡᠷᠬᠡ ᠮᠠᠲᠠᠯ᠎ᠤᠨ ᠬᠡᠪᠴᠢᠶ᠎ᠡ᠂ ᠵᠢᠷᠤᠮ ᠶᠣᠰᠤᠭᠠᠷ ᠬᠡᠷᠡᠭᠵᠢᠭᠦᠯᠦᠨ᠎ᠡ᠃
  ᠠᠳᠠᠯᠢ ᠱᠠᠲᠤᠨ᠎ᠤ ᠨᠠᠮ᠎ᠤᠨ ᠬᠣᠷᠢᠶ᠎ᠠ᠎ᠠᠴᠠ ᠬᠠᠮᠢᠶᠠᠷᠴᠤ ᠪᠠᠢᠭ᠎ᠠ ᠤᠳᠤᠷᠢᠳᠬᠤ ᠺᠠᠳ᠋ᠷ᠎ᠢ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠠ ᠨᠠᠮ᠎ᠤᠨ ᠠᠵᠢᠯ᠎ᠤᠨ ᠪᠠᠢᠭᠤᠯᠭ᠎ᠠ᠎ᠠᠴᠠ ᠠᠳᠠᠯᠢ ᠱᠠᠲᠤᠨ᠎ᠤ ᠨᠠᠮ᠎ᠤᠨ ᠬᠣᠷᠢᠶ᠎ᠠ ᠪᠤᠶᠤ ᠨᠠᠮ᠎ᠤᠨ ᠬᠣᠷᠢᠶᠠᠨ᠎ᠤ ᠭᠣᠣᠯ ᠬᠠᠷᠢᠭᠤᠴᠠᠯᠭᠠᠲᠠᠨ᠎ᠳᠤ ᠮᠡᠳᠡᠭᠦᠯᠵᠦ ᠵᠥᠪᠱᠢᠶᠡᠷᠡᠭᠦᠯᠦᠭᠰᠡᠨ᠎ᠦ ᠳᠠᠷᠠᠭ᠎ᠠ᠂ ᠵᠠᠷᠯᠠᠨ ᠮᠡᠳᠡᠭᠳᠡᠬᠦ᠂ ᠰᠡᠷᠡᠮᠵᠢᠯᠡᠭᠦᠯᠦᠨ ᠢᠳᠭᠠᠬᠤ ᠬᠡᠯᠪᠡᠷᠢ᠎ᠪᠡᠷ ᠬᠠᠷᠢᠭᠤᠴᠠᠯᠭ᠎ᠠ ᠨᠡᠬᠡᠮᠵᠢᠯᠡᠵᠦ ᠪᠣᠯᠤᠨ᠎ᠠ᠃ ᠵᠣᠬᠢᠶᠠᠨ ᠪᠠᠢᠭᠤᠯᠤᠯᠲᠠ᠎ᠶᠢᠨ ᠲᠣᠬᠢᠷᠠᠭᠤᠯᠤᠯᠲᠠ ᠬᠢᠬᠦ ᠪᠤᠶᠤ ᠵᠣᠬᠢᠶᠠᠨ ᠪᠠᠢᠭᠤᠯᠤᠯᠲᠠ᠎ᠶᠢᠨ ᠱᠢᠢᠳᠪᠦᠷᠢ ᠭᠠᠷᠭᠠᠬᠤ ᠲᠤᠬᠠᠢ ᠰᠠᠨᠠᠭᠤᠯᠭ᠎ᠠ ᠳᠤᠷᠠᠳᠤᠨ᠎ᠠ᠃ ᠰᠠᠬᠢᠯᠭ᠎ᠠ ᠪᠠᠲᠤ᠎ᠶᠢᠨ ᠱᠢᠢᠳᠭᠡᠯ ᠥᠭᠬᠦ ᠬᠡᠯᠪᠡᠷᠢ᠎ᠪᠡᠷ ᠬᠠᠷᠢᠭᠤᠴᠠᠯᠭ᠎ᠠ ᠨᠡᠬᠡᠮᠵᠢᠯᠡᠬᠦ᠎ᠳ᠋ᠦ᠍᠂ ᠨᠠᠮ᠎ᠤᠨ ᠳᠦᠷᠢᠮ ᠪᠣᠯᠤᠨ ᠬᠣᠯᠪᠤᠭᠳᠠᠯ ᠪᠦᠬᠦᠢ ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ᠎ᠳᠤ ᠲᠣᠭᠲᠠᠭᠠᠭᠰᠠᠨ ᠡᠷᠬᠡ ᠮᠠᠲᠠᠯ᠎ᠤᠨ ᠬᠡᠪᠴᠢᠶ᠎ᠡ᠂ ᠵᠢᠷᠤᠮ ᠶᠣᠰᠤᠭᠠᠷ ᠬᠡᠷᠡᠭᠵᠢᠭᠦᠯᠦᠨ᠎ᠡ᠃
  ᠠᠷᠪᠠᠨ ᠭᠤᠷᠪᠠᠳᠤᠭᠠᠷ ᠵᠦᠢᠯ  ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ᠎ᠢ ᠭᠠᠷᠭᠠᠭᠰᠠᠨ᠎ᠤ ᠳᠠᠷᠠᠭ᠎ᠠ᠂ ᠬᠠᠷᠢᠭᠤᠴᠠᠯᠭ᠎ᠠ ᠨᠡᠬᠡᠮᠵᠢᠯᠡᠭᠳᠡᠭᠰᠡᠨ ᠨᠠᠮ᠎ᠤᠨ ᠵᠣᠬᠢᠶᠠᠨ ᠪᠠᠢᠭᠤᠯᠤᠯᠲᠠ᠂ ᠬᠠᠷᠢᠭᠤᠴᠠᠯᠭ᠎ᠠ ᠨᠡᠬᠡᠮᠵᠢᠯᠡᠭᠳᠡᠭᠰᠡᠨ ᠤᠳᠤᠷᠢᠳᠬᠤ ᠺᠠᠳ᠋ᠷ ᠵᠢᠴᠢ ᠲᠡᠳᠡᠨ᠎ᠦ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠳᠡᠬᠦ ᠬᠡᠷᠡᠭᠲᠡᠢ ᠪᠥᠭᠡᠳ ᠬᠡᠷᠡᠭᠵᠢᠭᠦᠯᠬᠦ᠎ᠶᠢ᠎ᠨᠢ ᠱᠠᠯᠠᠪᠳᠠᠭᠤᠯᠤᠨ ᠱᠠᠭᠠᠷᠳᠠᠬᠤ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠭᠰᠡᠨ ᠬᠣᠯᠪᠤᠭᠳᠠᠯ ᠪᠦᠬᠦᠢ ᠪᠠᠢᠳᠠᠯ᠎ᠢ᠎ᠨᠢ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠠ ᠵᠣᠬᠢᠶᠠᠨ ᠪᠠᠢᠭᠤᠯᠤᠯᠲᠠ᠎ᠶᠢᠨ ᠰᠠᠯᠠᠭ᠎ᠠ ᠮᠥᠴᠢᠷ᠎ᠲᠦ᠍ ᠵᠠᠷᠯᠠᠨ ᠮᠡᠳᠡᠭᠳᠡᠵᠦ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠠᠴᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ᠎ᠤᠨ ᠮᠠᠲᠧᠷᠢᠶᠠᠯ᠎ᠢ ᠬᠠᠷᠢᠭᠤᠴᠠᠯᠭ᠎ᠠ ᠨᠡᠬᠡᠮᠵᠢᠯᠡᠭᠳᠡᠭᠰᠡᠨ ᠤᠳᠤᠷᠢᠳᠬᠤ ᠺᠠᠳ᠋ᠷ᠎ᠤᠨ ᠴᠢᠬᠡᠴᠢ ᠵᠠᠰᠠᠭ᠎ᠤᠨ ᠳᠠᠩᠰᠠ ᠡᠪᠬᠡᠮᠡᠯ᠎ᠳ᠋ᠦ᠍ ᠣᠷᠤᠭᠤᠯᠵᠤ᠂ ᠵᠣᠬᠢᠶᠠᠨ ᠪᠠᠢᠭᠤᠯᠤᠯᠲᠠ᠎ᠶᠢᠨ ᠰᠠᠯᠠᠭ᠎ᠠ ᠮᠥᠴᠢᠷ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ᠎ᠤᠨ ᠮᠠᠲᠧᠷᠢᠶᠠᠯ᠎ᠢ ᠬᠠᠷᠢᠭᠤᠴᠠᠯᠭ᠎ᠠ ᠨᠡᠬᠡᠮᠵᠢᠯᠡᠭᠳᠡᠭᠰᠡᠨ ᠤᠳᠤᠷᠢᠳᠬᠤ ᠺᠠᠳ᠋ᠷ᠎ᠤᠨ ᠠᠵᠢᠯᠲᠠᠨ᠎ᠤ ᠶᠠᠪᠤᠳᠠᠯ᠎ᠤᠨ ᠳᠠᠩᠰᠠ ᠡᠪᠬᠡᠮᠡᠯ᠎ᠳ᠋ᠦ᠍ ᠣᠷᠤᠭᠤᠯᠬᠤ ᠪᠥᠭᠡᠳ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠰᠠᠯᠠᠭ᠎ᠠ ᠮᠥᠴᠢᠷ᠎ᠲᠦ᠍ ᠮᠡᠳᠡᠭᠦᠯᠦᠨ ᠳᠠᠩᠰᠠᠯᠠᠭᠤᠯᠤᠨ᠎ᠠ; ᠵᠣᠬᠢᠶᠠᠨ ᠪᠠᠢᠭᠤᠯᠤᠯᠲᠠ᠎ᠶᠢᠨ ᠲᠣᠬᠢᠷᠠᠭᠤᠯᠤᠯᠲᠠ ᠬᠢᠬᠦ ᠪᠤᠶᠤ ᠵᠣᠬᠢᠶᠠᠨ ᠪᠠᠢᠭᠤᠯᠤᠯᠲᠠ᠎ᠶᠢᠨ ᠱᠢᠢᠳᠪᠦᠷᠢ᠎ᠳ᠋ᠦ᠍ ᠬᠣᠯᠪᠣᠭᠳᠠᠪᠠᠯ᠂ ᠬᠠᠮᠢᠶ᠎ᠠ ᠪᠦᠬᠦᠢ ᠭᠠᠷᠳᠠᠮ᠎ᠢ 1 ᠰᠠᠷ᠎ᠠ᠎ᠶᠢᠨ ᠳᠣᠲᠤᠷ᠎ᠠ ᠭᠦᠢᠴᠡᠳᠭᠡᠬᠦ ᠬᠡᠷᠡᠭᠲᠡᠢ᠃
  ᠬᠠᠷᠢᠭᠤᠴᠠᠯᠭ᠎ᠠ ᠨᠡᠬᠡᠮᠵᠢᠯᠡᠭᠳᠡᠭᠰᠡᠨ ᠤᠳᠤᠷᠢᠳᠬᠤ ᠺᠠᠳ᠋ᠷ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠭᠠᠷᠭᠠᠭᠰᠠᠨ ᠨᠠᠮ᠎ᠤᠨ ᠵᠣᠬᠢᠶᠠᠨ ᠪᠠᠢᠭᠤᠯᠤᠯᠲᠠ᠎ᠳᠤ ᠪᠠᠢᠴᠠᠭᠠᠯᠲᠠ᠎ᠶᠢᠨ ᠪᠢᠴᠢᠭ ᠳᠡᠪᠱᠢᠭᠦᠯᠬᠦ ᠬᠡᠷᠡᠭᠲᠡᠢ ᠪᠥᠭᠡᠳ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ ᠪᠤᠶᠤ ᠨᠠᠮ᠎ᠤᠨ ᠪᠤᠰᠤᠳ ᠬᠤᠷᠠᠯ ᠳᠡᠭᠡᠷ᠎ᠡ ᠭᠦᠨᠵᠡᠭᠡᠢ ᠪᠠᠢᠴᠠᠭᠠᠯᠲᠠ ᠬᠢᠪᠡᠯ ᠵᠣᠬᠢᠨ᠎ᠠ᠃ ᠬᠠᠷᠢᠭᠤᠴᠠᠯᠭ᠎ᠠ ᠨᠡᠬᠡᠮᠵᠢᠯᠡᠭᠰᠡᠨ ᠨᠡᠢᠲᠡᠯᠢᠭ ᠠᠰᠠᠭᠤᠳᠠᠯ᠎ᠢ ᠣᠯᠠᠨ᠎ᠳᠤ ᠵᠠᠷᠯᠠᠨ ᠮᠡᠳᠡᠭᠳᠡᠵᠦ ᠢᠯᠡᠴᠢᠯᠡᠨ ᠮᠡᠳᠡᠭᠦᠯᠬᠦ ᠳᠦᠷᠢᠮ᠎ᠢ ᠪᠠᠢᠭᠤᠯᠤᠨ ᠪᠦᠷᠢᠠᠱᠢᠭᠦᠯᠵᠦ᠂ ᠵᠣᠬᠢᠶᠠᠨ ᠪᠠᠢᠭᠤᠯᠤᠯᠲᠠ᠎ᠶᠢᠨ ᠲᠣᠬᠢᠷᠠᠭᠤᠯᠤᠯᠲᠠ ᠬᠢᠬᠦ ᠪᠤᠶᠤ ᠵᠣᠬᠢᠶᠠᠨ ᠪᠠᠢᠭᠤᠯᠤᠯᠲᠠ᠎ᠶᠢᠨ ᠱᠢᠢᠳᠪᠦᠷᠢ᠂ ᠰᠠᠬᠢᠯᠭ᠎ᠠ ᠪᠠᠲᠤ᠎ᠶᠢᠨ ᠱᠢᠢᠳᠭᠡᠯ ᠥᠭᠬᠦ ᠬᠡᠯᠪᠡᠷᠢ᠎ᠪᠡᠷ ᠬᠠᠷᠢᠭᠤᠴᠠᠯᠭ᠎ᠠ ᠨᠡᠬᠡᠮᠵᠢᠯᠡᠭᠰᠡᠨ ᠪᠣᠯ ᠵᠣᠬᠢᠰᠲᠠᠢ ᠬᠡᠯᠪᠡᠷᠢ᠎ᠪᠡᠷ ᠢᠯᠡ ᠨᠡᠢᠲᠡᠯᠡᠪᠡᠯ ᠵᠣᠬᠢᠨ᠎ᠠ᠃
  ᠠᠷᠪᠠᠨ ᠳᠥᠷᠪᠡᠳᠦᠭᠡᠷ ᠵᠦᠢᠯ  ᠬᠠᠷᠢᠭᠤᠴᠠᠯᠭ᠎ᠠ ᠨᠡᠬᠡᠮᠵᠢᠯᠡᠭᠳᠡᠭᠰᠡᠨ ᠨᠠᠮ᠎ᠤᠨ ᠵᠣᠬᠢᠶᠠᠨ ᠪᠠᠢᠭᠤᠯᠤᠯᠲᠠ᠂ ᠬᠠᠷᠢᠭᠤᠴᠠᠯᠭ᠎ᠠ ᠨᠡᠬᠡᠮᠵᠢᠯᠡᠭᠳᠡᠭᠰᠡᠨ ᠤᠳᠤᠷᠢᠳᠬᠤ ᠺᠠᠳ᠋ᠷ ᠵᠢᠴᠢ ᠲᠡᠳᠡᠨ᠎ᠦ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ ᠭᠦᠨᠵᠡᠭᠡᠢ ᠰᠤᠷᠭᠠᠮᠵᠢ ᠠᠪᠴᠤ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠪᠡᠨ ᠲᠣᠳᠤᠷᠬᠠᠢᠯᠠᠬᠤ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠭᠠᠷᠭᠠᠭᠰᠠᠨ ᠨᠠᠮ᠎ᠤᠨ ᠵᠣᠬᠢᠶᠠᠨ ᠪᠠᠢᠭᠤᠯᠤᠯᠲᠠ ᠱᠠᠯᠠᠪᠳᠠᠭᠤᠯᠤᠨ ᠪᠠᠢᠴᠠᠭᠠᠬᠤ᠎ᠪᠠᠨ ᠴᠢᠩᠭᠠᠳᠭᠠᠵᠤ᠂ ᠬᠡᠷᠡᠭ᠎ᠦᠨ ᠵᠢᠱᠢᠶ᠎ᠡ᠎ᠪᠡᠷ ᠴᠡᠭᠴᠡᠯᠡᠨ ᠰᠠᠢᠵᠢᠷᠠᠭᠤᠯᠬᠤ᠎ᠶᠢ ᠠᠬᠢᠭᠤᠯᠬᠤ ᠬᠡᠷᠡᠭᠲᠡᠢ᠃
  ᠠᠷᠪᠠᠨ ᠲᠠᠪᠤᠳᠤᠭᠠᠷ ᠵᠦᠢᠯ  ᠬᠠᠷᠢᠭᠤᠴᠠᠯᠭ᠎ᠠ ᠨᠡᠬᠡᠮᠵᠢᠯᠡᠭᠳᠡᠬᠦ ᠡᠲᠡᠭᠡᠳ᠎ᠲᠦ᠍ ᠵᠠᠰᠠᠭ᠎ᠤᠨ ᠶᠠᠪᠤᠳᠠᠯ᠎ᠤᠨ ᠱᠢᠢᠳᠭᠡᠯ ᠥᠭᠬᠦ ᠪᠤᠶᠤ ᠪᠤᠰᠤᠳ ᠱᠢᠢᠳᠭᠡᠯ ᠥᠭᠬᠦ ᠴᠢᠬᠤᠯᠠ᠎ᠲᠠᠢ ᠪᠣᠯ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠭᠠᠷᠭᠠᠭᠰᠠᠨ ᠨᠠᠮ᠎ᠤᠨ ᠵᠣᠬᠢᠶᠠᠨ ᠪᠠᠢᠭᠤᠯᠤᠯᠲᠠ ᠬᠣᠯᠪᠤᠭᠳᠠᠯ ᠪᠦᠬᠦᠢ ᠨᠢᠭᠡᠴᠢ᠎ᠳ᠋ᠦ᠍ ᠵᠠᠷᠯᠠᠨ ᠮᠡᠳᠡᠭᠳᠡᠵᠦ᠂ ᠬᠣᠯᠪᠤᠭᠳᠠᠯ ᠪᠦᠬᠦᠢ ᠨᠢᠭᠡᠴᠢ ᠴᠠᠭ ᠲᠤᠬᠠᠢ᠎ᠳ᠋ᠤᠨᠢ ᠱᠢᠢᠳᠪᠦᠷᠢᠯᠡᠬᠦ ᠬᠡᠷᠡᠭᠲᠡᠢ ᠪᠥᠭᠡᠳ ᠦᠷ᠎ᠡ ᠳ᠋ᠦᠩ᠎ᠢᠶᠡᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠭᠠᠷᠭᠠᠭᠰᠠᠨ ᠨᠠᠮ᠎ᠤᠨ ᠵᠣᠬᠢᠶᠠᠨ ᠪᠠᠢᠭᠤᠯᠤᠯᠲᠠ᠎ᠳᠤ ᠵᠠᠷᠯᠠᠨ ᠮᠡᠳᠡᠭᠳᠡᠬᠦ ᠪᠤᠶᠤ ᠮᠡᠳᠡᠭᠦᠯᠬᠦ ᠬᠡᠷᠡᠭᠲᠡᠢ᠃
  ᠠᠷᠪᠠᠨ ᠵᠢᠷᠭᠤᠳᠤᠭᠠᠷ ᠵᠦᠢᠯ  ᠨᠠᠰᠤᠨ ᠲᠤᠷᠱᠢᠲᠠ ᠬᠠᠷᠢᠭᠤᠴᠠᠯᠭ᠎ᠠ ᠨᠡᠬᠡᠮᠵᠢᠯᠡᠬᠦ᠎ᠶᠢ ᠬᠡᠷᠡᠭᠵᠢᠭᠦᠯᠵᠦ᠂ ᠲᠤᠱᠢᠶᠠᠯ᠎ᠢᠶᠠᠨ ᠭᠤᠲᠤᠭᠠᠵᠤ ᠬᠠᠷᠢᠭᠤᠴᠠᠯᠭ᠎ᠠ᠎ᠪᠠᠨ ᠠᠯᠳᠠᠭᠰᠠᠨ ᠱᠢᠨᠵᠢ ᠴᠢᠨᠠᠷ᠎ᠨᠢ ᠬᠠᠷ᠎ᠠ ᠬᠣᠣᠷᠲᠠᠢ᠂ ᠦᠷ᠎ᠡ ᠳ᠋ᠦᠩ᠎ᠨᠢ ᠬᠦᠨᠳᠦ ᠨᠣᠴᠢᠲᠠᠢ ᠪᠣᠯ᠂ ᠬᠠᠷᠢᠭᠤᠴᠠᠯᠭ᠎ᠠ᠎ᠲᠠᠢ ᠬᠥᠮᠦᠰ᠎ᠨᠢ ᠠᠵᠢᠯ ᠱᠢᠯᠵᠢᠭᠰᠡᠨ ᠡᠰᠡᠬᠦ᠂ ᠵᠡᠷᠭᠡ ᠳᠡᠪᠱᠢᠭᠰᠡᠨ ᠡᠰᠡᠬᠦ ᠡᠰᠡᠬᠦᠯ᠎ᠡ ᠠᠵᠢᠯ᠎ᠠᠴᠠ᠎ᠪᠠᠨ ᠪᠠᠭᠤᠭᠰᠠᠨ ᠡᠰᠡᠬᠦ᠎ᠶᠢ ᠬᠠᠮᠢᠶᠠᠷᠬᠤ᠎ᠦᠭᠡᠢ᠎ᠪᠠᠷ ᠴᠥᠮ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
  ᠠᠷᠪᠠᠨ ᠳᠣᠯᠤᠳᠤᠭᠠᠷ ᠵᠦᠢᠯ  ᠳᠣᠣᠷᠠᠬᠢ ᠪᠠᠢᠳᠠᠯ᠎ᠤᠨ ᠨᠢᠭᠡ᠎ᠨᠢ ᠪᠠᠢᠪᠠᠯ᠂ ᠬᠠᠷᠢᠭᠤᠴᠠᠯᠭ᠎ᠠ ᠨᠡᠬᠡᠮᠵᠢᠯᠡᠬᠦ᠎ᠦᠭᠡᠢ ᠪᠤᠶᠤ ᠬᠠᠷᠢᠭᠤᠴᠠᠯᠭ᠎ᠠ ᠨᠡᠬᠡᠮᠵᠢᠯᠡᠬᠦ᠎ᠡᠴᠡ ᠭᠡᠯᠳᠦᠷᠢᠭᠦᠯᠵᠦ ᠪᠣᠯᠤᠨ᠎ᠠ᠃
  (ᠨᠢᠭᠡ) ᠥᠭᠡᠷᠡᠴᠢᠯᠡᠯᠲᠡ᠎ᠶᠢ ᠠᠬᠢᠭᠤᠯᠬᠤ ᠶᠠᠪᠤᠴᠠ᠎ᠳᠤ ᠲᠤᠷᠱᠢᠯᠭ᠎ᠠ ᠳᠤᠲᠠᠮᠠᠭ᠎ᠠᠴᠠ ᠪᠣᠯᠵᠤ ᠤᠷᠢᠳ᠎ᠢᠶᠠᠷ ᠲᠤᠷᠱᠢᠵᠤ ᠤᠷᠢᠳ᠎ᠢᠶᠠᠷ ᠬᠢᠬᠦ᠎ᠳᠣ᠌᠎ᠪᠠᠨ ᠭᠠᠷᠭᠠᠭᠰᠠᠨ ᠠᠯᠳᠠᠭ᠎ᠠ᠂ ᠬᠠᠷᠠᠬᠠᠨ ᠲᠣᠳᠤᠷᠬᠠᠢ ᠬᠢᠵᠠᠭᠠᠷᠯᠠᠯ᠎ᠦᠭᠡᠢ ᠬᠠᠢᠨ ᠰᠦᠪᠡᠭᠴᠢᠯᠡᠯᠲᠡ᠎ᠶᠢᠨ ᠴᠢᠨᠠᠷᠲᠠᠢ ᠲᠤᠷᠱᠢᠯᠲᠠ᠎ᠶᠢᠨ ᠳᠤᠮᠳᠠᠬᠢ ᠠᠯᠳᠠᠭ᠎ᠠ᠂ ᠬᠥᠭᠵᠢᠯᠲᠡ᠎ᠶᠢ ᠠᠬᠢᠭᠤᠯᠬᠤ᠎ᠶᠢᠨ ᠲᠥᠯᠦᠭᠡ ᠰᠠᠨᠠᠭᠠᠨ᠎ᠳᠤ᠎ᠦᠭᠡᠢ ᠭᠠᠷᠭᠠᠭᠰᠠᠨ ᠠᠯᠳᠠᠭ᠎ᠠ;
  (ᠬᠣᠶᠠᠷ) ᠬᠠᠮᠲᠤ᠎ᠶᠢᠨ ᠱᠢᠢᠳᠪᠦᠷᠢᠲᠦ ᠪᠣᠳᠤᠯᠭ᠎ᠠ ᠭᠠᠷᠭᠠᠬᠤ ᠳᠤᠮᠳᠠ ᠪᠤᠷᠤᠭᠤ ᠱᠢᠢᠳᠪᠦᠷᠢᠲᠦ ᠪᠣᠳᠤᠯᠭ᠎ᠠ᠎ᠳᠤ ᠡᠰᠡᠷᠭᠦᠴᠡᠬᠦ ᠰᠠᠨᠠᠯ᠎ᠢᠶᠠᠨ ᠲᠣᠳᠤᠷᠬᠠᠢ ᠳᠤᠷᠠᠳᠤᠭᠰᠠᠨ ᠪᠤᠶᠤ ᠰᠠᠨᠠᠯ᠎ᠢᠶᠠᠨ ᠦᠯᠡᠳᠡᠭᠡᠭᠰᠡᠨ;
  (ᠭᠤᠷᠪᠠ) ᠱᠢᠢᠳᠪᠦᠷᠢᠲᠦ ᠪᠣᠳᠤᠯᠭ᠎ᠠ᠎ᠶᠢ ᠬᠡᠷᠡᠭᠵᠢᠭᠦᠯᠬᠦ ᠶᠠᠪᠤᠴᠠ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭᠰᠡᠨ ᠪᠣᠯᠪᠠᠴᠤ ᠬᠣᠷᠢᠭᠯᠠᠭᠳᠠᠱᠢ᠎ᠦᠭᠡᠢ ᠬᠦᠴᠦᠨ᠂ ᠤᠷᠢᠳᠴᠢᠯᠠᠨ ᠵᠢᠱᠢᠬᠦᠶ᠎ᠡ ᠪᠡᠷᠬᠡ ᠪᠠᠢᠳᠠᠯ ᠵᠡᠷᠭᠡ ᠬᠦᠴᠦᠨ ᠵᠦᠢᠯ᠎ᠡᠴᠡ ᠪᠣᠯᠵᠤ ᠬᠣᠬᠢᠷᠠᠯ ᠤᠴᠠᠷᠠᠭᠤᠯᠤᠭᠰᠠᠨ᠃
  ᠳᠡᠭᠡᠳᠦ ᠱᠠᠲᠤᠨ᠎ᠤ ᠪᠤᠷᠤᠭᠤ ᠱᠢᠢᠳᠪᠦᠷᠢ᠎ᠳ᠋ᠦ᠍ ᠵᠠᠯᠠᠷᠠᠭᠤᠯᠬᠤ ᠪᠤᠶᠤ ᠬᠦᠴᠦᠨ᠎ᠦᠭᠡᠢ ᠪᠣᠯᠭᠠᠬᠤ ᠰᠠᠨᠠᠯ ᠳᠤᠷᠠᠳᠤᠭᠠᠳ ᠬᠦᠯᠢᠶᠡᠵᠦ ᠠᠪᠤᠭᠰᠠᠨ᠎ᠦᠭᠡᠢ᠎ᠠᠴᠠ ᠪᠣᠯᠵᠤ ᠲᠤᠰ ᠳᠦᠷᠢᠮ᠎ᠦᠨ ᠳᠣᠯᠤᠳᠤᠭᠠᠷ ᠵᠦᠢᠯ᠎ᠳ᠋ᠦ᠍ ᠵᠢᠭᠰᠠᠭᠠᠭᠰᠠᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠠᠢᠳᠠᠯ ᠭᠠᠷᠤᠭᠰᠠᠨ ᠪᠣᠯ᠂ ᠡᠮᠦᠨᠡᠬᠢ ᠲᠣᠭᠲᠠᠭᠠᠯ᠎ᠢᠶᠠᠷ ᠱᠢᠢᠳᠪᠦᠷᠢᠯᠡᠨ᠎ᠡ᠃ ᠳᠡᠭᠡᠳᠦ ᠱᠠᠲᠤᠨ᠎ᠤ ᠭᠠᠷᠭᠠᠭᠰᠠᠨ ᠪᠤᠷᠤᠭᠤ ᠱᠢᠢᠳᠪᠦᠷᠢ᠎ᠨᠢ ᠢᠯᠡᠳᠲᠡ ᠬᠠᠤᠯᠢ ᠲᠣᠭᠲᠠᠭᠠᠯ᠎ᠠᠴᠠ ᠵᠥᠷᠢᠴᠡᠭᠰᠡᠨ ᠪᠣᠯ ᠬᠠᠷᠠᠭᠠᠯᠵᠠᠭᠰᠠᠨ ᠬᠠᠷᠢᠭᠤᠴᠠᠯᠭ᠎ᠠ᠎ᠶᠢ ᠡᠭᠦᠷᠭᠡᠯᠡᠬᠦ ᠬᠡᠷᠡᠭᠲᠡᠢ᠃
  ᠠᠷᠪᠠᠨ ᠨᠠᠢ᠍ᠮᠠᠳᠤᠭᠠᠷ ᠵᠦᠢᠯ  ᠳᠣᠣᠷᠠᠬᠢ ᠪᠠᠢᠳᠠᠯ᠎ᠤᠨ ᠨᠢᠭᠡ᠎ᠨᠢ ᠪᠠᠢᠪᠠᠯ᠂ ᠬᠠᠷᠢᠭᠤᠴᠠᠯᠭ᠎ᠠ᠎ᠶᠢ᠎ᠨᠢ ᠬᠥᠩᠭᠡᠨ᠎ᠢᠶᠡᠷ ᠪᠤᠶᠤ ᠬᠥᠩᠭᠡᠷᠡᠭᠦᠯᠦᠨ ᠨᠡᠬᠡᠮᠵᠢᠯᠡᠵᠦ ᠪᠣᠯᠤᠨ᠎ᠠ᠄
  (ᠨᠢᠭᠡ) ᠴᠠᠭ ᠲᠤᠬᠠᠢ᠎ᠳ᠋ᠤᠨᠢ ᠵᠠᠯᠠᠷᠠᠭᠤᠯᠬᠤ ᠠᠷᠭ᠎ᠠ ᠬᠡᠮᠵᠢᠶ᠎ᠡ ᠠᠪᠴᠤ᠂ ᠬᠣᠬᠢᠷᠠᠯ᠎ᠢ ᠪᠦᠲᠦᠮᠵᠢᠲᠡᠢ ᠡᠷᠭᠢᠭᠦᠯᠦᠨ ᠠᠪᠴᠢᠷᠠᠭᠰᠠᠨ ᠪᠤᠶᠤ ᠮᠠᠭᠤ ᠨᠥᠯᠦᠭᠡ᠎ᠶᠢ ᠠᠷᠢᠯᠭᠠᠭᠰᠠᠨ;
  (ᠬᠣᠶᠠᠷ) ᠬᠠᠷᠢᠭᠤᠴᠠᠯᠭ᠎ᠠ ᠨᠡᠬᠡᠮᠵᠢᠯᠡᠬᠦ ᠪᠠᠢᠴᠠᠭᠠᠯᠲᠠ᠎ᠶᠢᠨ ᠠᠵᠢᠯ᠎ᠳᠤ ᠢᠳᠡᠪᠬᠢᠲᠡᠢ ᠬᠠᠮᠵᠢᠯᠴᠠᠵᠤ᠂ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ᠎ᠪᠠᠨ ᠡᠭᠦᠷᠭᠡᠯᠡᠭᠰᠡᠨ;
  (ᠭᠤᠷᠪᠠ) ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ᠎ᠳᠤ ᠲᠣᠭᠲᠠᠭᠠᠭᠰᠠᠨ ᠪᠤᠰᠤᠳ ᠬᠥᠩᠭᠡᠨ᠎ᠢᠶᠡᠷ ᠪᠤᠶᠤ ᠬᠥᠩᠭᠡᠷᠡᠭᠦᠯᠦᠨ ᠱᠢᠢᠳᠭᠡᠬᠦ ᠪᠠᠢᠳᠠᠯ᠃
  ᠠᠷᠪᠠ ᠶᠢᠰᠦᠳᠦᠭᠡᠷ ᠵᠦᠢᠯ  ᠳᠣᠣᠷᠠᠬᠢ ᠪᠠᠢᠳᠠᠯ᠎ᠤᠨ ᠨᠢᠭᠡ᠎ᠨᠢ ᠪᠠᠢᠪᠠᠯ᠂ ᠬᠠᠷᠢᠭᠤᠴᠠᠯᠭ᠎ᠠ᠎ᠶᠢ᠎ᠨᠢ ᠬᠦᠨᠳᠦ᠎ᠪᠡᠷ ᠪᠤᠶᠤ ᠬᠦᠨᠳᠦᠷᠡᠭᠦᠯᠦᠨ ᠨᠡᠬᠡᠮᠵᠢᠯᠡᠬᠦ ᠬᠡᠷᠡᠭᠲᠡᠢ᠄
  (ᠨᠢᠭᠡ) ᠨᠠᠮ᠎ᠤᠨ ᠲᠥᠪ ᠬᠣᠷᠢᠶ᠎ᠠ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠳᠠᠬᠢᠨ ᠳᠠᠪᠲᠠᠨ ᠲᠣᠳᠤᠷᠬᠠᠢᠯᠠᠭᠰᠠᠨ ᠵᠢᠭᠠᠪᠤᠷᠢ ᠱᠠᠭᠠᠷᠳᠠᠯᠭ᠎ᠠ᠎ᠶᠢ ᠭᠦᠢᠴᠡᠳᠭᠡᠭᠰᠡᠨ᠎ᠦᠭᠡᠢ ᠪᠤᠶᠤ ᠰᠠᠢᠲᠤᠷ ᠭᠦᠢᠴᠡᠳᠭᠡᠭᠰᠡᠨ᠎ᠦᠭᠡᠢ;
  (ᠬᠣᠶᠠᠷ) ᠬᠠᠷᠢᠭᠤᠴᠠᠯᠭ᠎ᠠ ᠨᠡᠬᠡᠮᠵᠢᠯᠡᠬᠦ ᠪᠠᠢᠴᠠᠭᠠᠯᠲᠠ ᠪᠠ ᠱᠢᠢᠳᠪᠦᠷᠢᠯᠡᠯᠲᠡ᠎ᠶᠢ ᠬᠦᠯᠢᠶᠡᠬᠦ᠎ᠳᠤ᠎ᠪᠠᠨ ᠪᠠᠢᠳᠠᠯ᠎ᠢᠶᠠᠨ ᠦᠨᠡᠨ᠎ᠢᠶᠡᠷ ᠮᠡᠳᠡᠭᠦᠯᠦᠭᠰᠡᠨ᠎ᠦᠭᠡᠢ᠂ ᠠᠯᠪᠠ ᠬᠠᠱᠢᠵᠤ ᠠᠮᠠ ᠪᠥᠭᠯᠡᠭᠰᠡᠨ᠂ ᠬᠠᠷᠢᠭᠤᠴᠠᠯᠭ᠎ᠠ᠎ᠪᠠᠨ ᠲᠦᠯᠬᠢᠭᠰᠡᠨ ᠪᠤᠶᠤ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠢᠯᠲᠠᠨ᠎ᠤ ᠬᠤᠳᠠᠯ ᠬᠡᠯᠡᠵᠦ ᠬᠠᠭᠤᠷᠮᠠᠭ᠎ᠢᠶᠠᠷ ᠵᠣᠬᠢᠶᠠᠬᠤ᠂ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠢ ᠬᠠᠷᠱᠢᠯᠠᠬᠤ᠎ᠶᠢ ᠵᠢᠭᠠᠨ ᠳᠣᠬᠢᠵᠤ᠂ ᠳᠤᠭᠤᠢ ᠵᠥᠪᠱᠢᠶᠡᠷᠡᠭᠰᠡᠨ;
  (ᠭᠤᠷᠪᠠ) ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ᠎ᠳᠤ ᠲᠣᠭᠲᠠᠭᠠᠭᠰᠠᠨ ᠪᠤᠰᠤᠳ ᠬᠦᠨᠳᠦ᠎ᠪᠡᠷ ᠪᠤᠶᠤ ᠬᠦᠨᠳᠦᠷᠡᠭᠦᠯᠦᠨ ᠱᠢᠢᠳᠭᠡᠬᠦ ᠪᠠᠢᠳᠠᠯ᠃
  ᠬᠣᠷᠢᠳᠤᠭᠠᠷ ᠵᠦᠢᠯ  ᠬᠠᠷᠢᠭᠤᠴᠠᠯᠭ᠎ᠠ ᠨᠡᠬᠡᠮᠵᠢᠯᠡᠭᠳᠡᠬᠦ ᠡᠲᠡᠭᠡᠳ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ᠎ᠢ ᠵᠥᠪᠱᠢᠶᠡᠷᠡᠬᠦ᠎ᠦᠭᠡᠢ ᠪᠣᠯ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ᠎ᠢ ᠣᠯᠤᠭᠰᠠᠨ ᠡᠳᠦᠷ᠎ᠡᠴᠡ ᠡᠬᠢᠯᠡᠨ ᠨᠢᠭᠡ ᠰᠠᠷ᠎ᠠ᠎ᠶᠢᠨ ᠳᠣᠲᠤᠷ᠎ᠠ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠭᠠᠷᠭᠠᠭᠰᠠᠨ ᠨᠠᠮ᠎ᠤᠨ ᠵᠣᠬᠢᠶᠠᠨ ᠪᠠᠢᠭᠤᠯᠤᠯᠲᠠ᠎ᠳᠤ ᠪᠢᠴᠢᠭ᠎ᠦᠨ ᠬᠡᠯᠪᠡᠷᠢ᠎ᠪᠡᠷ ᠭᠣᠮᠤᠳᠠᠯ ᠲᠣᠭᠠᠴᠢᠵᠤ ᠪᠣᠯᠤᠨ᠎ᠠ᠃ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠭᠠᠷᠭᠠᠭᠰᠠᠨ ᠨᠠᠮ᠎ᠤᠨ ᠵᠣᠬᠢᠶᠠᠨ ᠪᠠᠢᠭᠤᠯᠤᠯᠲᠠ ᠭᠣᠮᠤᠳᠠᠯ ᠲᠣᠭᠠᠴᠢᠭᠰᠠᠨ ᠪᠢᠴᠢᠭ᠎ᠢ᠎ᠨᠢ ᠣᠯᠤᠭᠰᠠᠨ᠎ᠤ ᠳᠠᠷᠠᠭ᠎ᠠ᠂ ᠨᠢᠭᠡ ᠰᠠᠷ᠎ᠠ᠎ᠶᠢᠨ ᠳᠣᠲᠤᠷ᠎ᠠ ᠭᠣᠮᠤᠳᠠᠯ ᠲᠣᠭᠠᠴᠢᠯᠲᠠ᠎ᠶᠢ ᠱᠢᠢᠳᠪᠦᠷᠢᠯᠡᠬᠦ ᠲᠣᠭᠲᠠᠭᠠᠯ ᠭᠠᠷᠭᠠᠵᠤ᠂ ᠲᠡᠷᠡᠴᠢᠯᠡᠨ ᠪᠢᠴᠢᠭ᠎ᠦᠨ ᠬᠡᠯᠪᠡᠷᠢ᠎ᠪᠡᠷ ᠭᠣᠮᠤᠳᠠᠯ ᠲᠣᠭᠠᠴᠢᠭᠰᠠᠨ ᠨᠠᠮ᠎ᠤᠨ ᠵᠣᠬᠢᠶᠠᠨ ᠪᠠᠢᠭᠤᠯᠤᠯᠲᠠ᠂ ᠤᠳᠤᠷᠢᠳᠬᠤ ᠺᠠᠳ᠋ᠷ ᠵᠢᠴᠢ ᠲᠡᠭᠦᠨ᠎ᠦ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠳᠡᠨ᠎ᠡ᠃
  ᠭᠣᠮᠤᠳᠠᠯ ᠲᠣᠭᠠᠴᠢᠬᠤ ᠬᠤᠭᠤᠴᠠᠭᠠᠨ᠎ᠳᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ᠎ᠢ ᠬᠡᠷᠡᠭᠵᠢᠭᠦᠯᠬᠦ᠎ᠪᠡᠨ ᠵᠣᠭᠰᠤᠭᠠᠬᠤ᠎ᠦᠭᠡᠢ᠃
  ᠬᠣᠷᠢᠨ ᠨᠢᠭᠡᠳᠦᠭᠡᠷ ᠵᠦᠢᠯ  ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ᠎ᠢ ᠭᠠᠷᠭᠠᠭᠰᠠᠨ᠎ᠤ ᠳᠠᠷᠠᠭ᠎ᠠ᠂ ᠬᠠᠷᠢᠭᠤᠴᠠᠯᠭ᠎ᠠ ᠨᠡᠬᠡᠮᠵᠢᠯᠡᠬᠦ ᠪᠣᠳᠠᠲᠤ ᠬᠡᠷᠡᠭ᠎ᠢ ᠮᠠᠭᠠᠳᠯᠠᠨ ᠲᠣᠭᠲᠠᠭᠠᠭᠰᠠᠨ᠎ᠨᠢ ᠲᠣᠳᠤᠷᠬᠠᠢ᠎ᠦᠭᠡᠢ᠂ ᠭᠡᠷᠡᠴᠢ ᠪᠠᠷᠢᠮᠲᠠ᠎ᠨᠢ ᠣᠨᠤᠪᠴᠢ᠎ᠦᠭᠡᠢ᠂ ᠡᠱᠢ ᠪᠠᠷᠢᠮᠲᠠ ᠭᠦᠢᠴᠡᠳ ᠪᠤᠰᠤ᠂ ᠬᠠᠷᠢᠭᠤᠴᠠᠯᠭ᠎ᠠ ᠲᠣᠳᠤᠷᠬᠠᠢ᠎ᠦᠭᠡᠢ᠂ ᠵᠢᠷᠤᠮ᠎ᠨᠢ ᠲᠣᠭᠲᠠᠭᠠᠯ᠎ᠳᠤ ᠨᠡᠢᠴᠡᠬᠦ᠎ᠦᠭᠡᠢ᠂ ᠱᠢᠢᠳᠪᠦᠷᠢᠯᠡᠭᠰᠡᠨ᠎ᠨᠢ ᠵᠣᠬᠢᠰ᠎ᠦᠭᠡᠢ᠂ ᠡᠰᠡᠬᠦᠯ᠎ᠡ ᠪᠤᠰᠤᠳ ᠵᠦᠢᠯ᠎ᠦᠨ ᠬᠠᠷᠢᠭᠤᠴᠠᠯᠭ᠎ᠠ ᠨᠡᠬᠡᠮᠵᠢᠯᠡᠬᠦ ᠶᠣᠰᠤ᠎ᠦᠭᠡᠢ᠂ ᠬᠠᠷᠢᠭᠤᠴᠠᠯᠭ᠎ᠠ ᠨᠡᠬᠡᠮᠵᠢᠯᠡᠭᠰᠡᠨ᠎ᠨᠢ ᠣᠨᠤᠪᠴᠢ᠎ᠦᠭᠡᠢ ᠪᠠᠢᠳᠠᠯ ᠣᠷᠣᠱᠢᠪᠠᠯ᠂ ᠴᠠᠭ ᠲᠤᠬᠠᠢ᠎ᠳ᠋ᠤᠨᠢ ᠵᠠᠯᠠᠷᠠᠭᠤᠯᠬᠤ ᠬᠡᠷᠡᠭᠲᠡᠢ᠃ ᠴᠢᠬᠤᠯᠠ᠎ᠲᠠᠢ ᠦᠶ᠎ᠡ᠎ᠳ᠋ᠦ᠍᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠱᠢᠭᠤᠳ ᠵᠠᠯᠠᠷᠠᠭᠤᠯᠬᠤ ᠪᠤᠶᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠭᠠᠷᠭᠠᠭᠰᠠᠨ ᠨᠠᠮ᠎ᠤᠨ ᠵᠣᠬᠢᠶᠠᠨ ᠪᠠᠢᠭᠤᠯᠤᠯᠲᠠ᠎ᠶᠢ ᠵᠠᠷᠯᠢᠭᠳᠠᠵᠤ ᠵᠠᠯᠠᠷᠠᠭᠤᠯᠵᠤ ᠪᠣᠯᠤᠨ᠎ᠠ᠃
  ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠤᠳᠤᠷᠢᠳᠬᠤ ᠺᠠᠳ᠋ᠷ ᠳᠤᠷ᠎ᠠ᠎ᠪᠠᠷ᠎ᠪᠠᠨ ᠬᠠᠷᠢᠭᠤᠴᠠᠯᠭ᠎ᠠ ᠨᠡᠬᠡᠮᠵᠢᠯᠡᠬᠦ ᠪᠤᠶᠤ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠤᠨ ᠳᠤᠮᠳᠠ ᠬᠠᠷᠢᠭᠤᠴᠠᠯᠭ᠎ᠠ᠎ᠪᠠᠨ ᠬᠦᠨᠳᠦ ᠨᠣᠴᠢᠲᠠᠢ ᠠᠯᠳᠠᠵᠤ᠂ ᠮᠠᠭᠤ ᠨᠥᠯᠦᠭᠡ ᠭᠠᠷᠭᠠᠭᠰᠠᠨ ᠪᠣᠯ ᠬᠠᠷᠢᠭᠤᠴᠠᠯᠭ᠎ᠠ᠎ᠶᠢ ᠴᠢᠩᠭ᠎ᠠ ᠨᠡᠬᠡᠮᠵᠢᠯᠡᠨ᠎ᠡ᠃
  ᠬᠣᠷᠢᠨ ᠬᠣᠶᠠᠳᠤᠭᠠᠷ ᠵᠦᠢᠯ  ᠬᠠᠷᠢᠭᠤᠴᠠᠯᠭ᠎ᠠ ᠨᠡᠬᠡᠮᠵᠢᠯᠡᠭᠳᠡᠭᠰᠡᠨ ᠺᠠᠳ᠋ᠷ᠎ᠲᠤ ᠵᠥᠪ᠎ᠢᠶᠡᠷ ᠬᠠᠨᠳᠤᠵᠤ᠂ ᠨᠥᠯᠦᠭᠡ ᠪᠦᠬᠦᠢ ᠬᠤᠭᠤᠴᠠᠭ᠎ᠠ᠎ᠨᠢ ᠲᠤᠯᠤᠭᠰᠠᠨ᠂ ᠢᠯᠡᠷᠡᠯ ᠰᠠᠢᠲᠠᠢ ᠺᠠᠳ᠋ᠷ᠂ ᠬᠡᠷᠪᠡ ᠨᠥᠬᠦᠴᠡᠯ᠎ᠳ᠋ᠦ᠍ ᠨᠡᠢᠴᠡᠪᠡᠯ᠂ ᠺᠠᠳ᠋ᠷ ᠰᠣᠩᠭᠤᠨ ᠬᠡᠷᠡᠭᠯᠡᠬᠦ ᠬᠠᠮᠢᠶ᠎ᠠ ᠪᠦᠬᠦᠢ ᠲᠣᠭᠲᠠᠭᠠᠯ ᠶᠣᠰᠤᠭᠠᠷ ᠬᠡᠪ᠎ᠦᠨ ᠪᠠᠢᠳᠠᠯ᠎ᠢᠶᠠᠷ ᠬᠡᠷᠡᠭᠯᠡᠨ᠎ᠡ᠃
  ᠬᠣᠷᠢᠨ ᠭᠤᠷᠪᠠᠳᠤᠭᠠᠷ ᠵᠦᠢᠯ  ᠲᠤᠰ ᠳᠦᠷᠢᠮ᠎ᠳ᠋ᠦ᠍ ᠬᠣᠯᠪᠤᠭᠳᠠᠭᠰᠠᠨ ᠬᠢᠨᠠᠨ ᠵᠥᠪᠱᠢᠶᠡᠷᠡᠬᠦ ᠡᠷᠬᠡ ᠮᠠᠲᠠᠯ᠎ᠨᠢ ᠴᠥᠮ ᠬᠠᠮᠤᠭ᠎ᠤᠨ ᠨᠠᠭᠠᠳᠤ ᠵᠠᠬ᠎ᠠ᠎ᠶᠢᠨ ᠬᠢᠨᠠᠨ ᠵᠥᠪᠱᠢᠶᠡᠷᠡᠬᠦ ᠡᠷᠬᠡ ᠮᠠᠲᠠᠯ᠎ᠢ ᠵᠢᠭᠠᠵᠤ ᠪᠠᠢᠨ᠎ᠠ᠂ ᠠᠵᠢᠯ᠎ᠤᠨ ᠳᠤᠮᠳᠠ ᠬᠡᠷᠡᠭᠴᠡᠭᠡ᠎ᠪᠡᠨ ᠦᠨᠳᠦᠰᠦᠯᠡᠵᠦ ᠨᠡᠩ ᠳᠡᠭᠡᠳᠦ ᠳᠡᠰ᠎ᠦᠨ ᠬᠢᠨᠠᠨ ᠵᠥᠪᠱᠢᠶᠡᠷᠡᠬᠦ ᠡᠷᠬᠡ ᠮᠠᠲᠠᠯ ᠶᠣᠰᠤᠭᠠᠷ ᠮᠡᠳᠡᠭᠦᠯᠦᠨ ᠵᠥᠪᠱᠢᠶᠡᠷᠡᠭᠦᠯᠵᠦ ᠪᠣᠯᠤᠨ᠎ᠠ᠃
  ᠬᠣᠷᠢᠨ ᠳᠥᠷᠪᠡᠳᠦᠭᠡᠷ ᠵᠦᠢᠯ  ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠲᠣᠮᠢᠯᠠᠨ ᠰᠠᠭᠤᠯᠭᠠᠭᠰᠠᠨ (ᠲᠣᠮᠢᠯᠠᠭᠰᠠᠨ) ᠪᠠᠢᠭᠤᠯᠤᠮᠵᠢ ᠲᠤᠰ ᠳᠦᠷᠢᠮ᠎ᠢ ᠬᠡᠷᠡᠭᠵᠢᠭᠦᠯᠬᠦ᠎ᠡᠴᠡ ᠭᠠᠳᠠᠨ᠎ᠠ᠂ ᠨᠠᠮ᠎ᠤᠨ ᠲᠥᠪ ᠬᠣᠷᠢᠶ᠎ᠠ ᠪᠠ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠬᠠᠮᠢᠶ᠎ᠠ ᠪᠦᠬᠦᠢ ᠲᠣᠭᠲᠠᠭᠠᠯ᠎ᠢ ᠬᠡᠷᠡᠭᠵᠢᠭᠦᠯᠬᠦ ᠬᠡᠷᠡᠭᠲᠡᠢ᠃
  ᠬᠣᠷᠢᠨ ᠲᠠᠪᠤᠳᠤᠭᠠᠷ ᠵᠦᠢᠯ  ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠲᠤᠰ ᠳᠦᠷᠢᠮ᠎ᠢ ᠦᠨᠳᠦᠰᠦᠯᠡᠵᠦ ᠬᠠᠮᠢᠶ᠎ᠠ ᠪᠦᠬᠦᠢ ᠲᠣᠭᠲᠠᠭᠠᠯ ᠭᠠᠷᠭᠠᠵᠤ ᠪᠣᠯᠤᠨ᠎ᠠ᠃
  ᠬᠣᠷᠢᠨ ᠵᠢᠷᠭᠤᠳᠤᠭᠠᠷ ᠵᠦᠢᠯ  ᠲᠤᠰ ᠳᠦᠷᠢᠮ᠎ᠢ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠠᠴᠠ ᠬᠠᠷᠢᠭᠤᠴᠠᠵᠤ ᠲᠠᠢᠯᠪᠤᠷᠢᠯᠠᠨ᠎ᠠ᠃
  ᠬᠣᠷᠢᠨ ᠳᠣᠯᠤᠳᠤᠭᠠᠷ ᠵᠦᠢᠯ  ᠲᠤᠰ ᠳᠦᠷᠢᠮ᠎ᠢ 2019 ᠣᠨ᠎ᠤ 9 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 2016 ᠣᠨ᠎ᠤ 7 ᠰᠠᠷ᠎ᠠ᠎ᠶᠢᠨ 8᠎ᠤ᠋ ᠡᠳᠦᠷ ᠨᠠᠮ᠎ᠤᠨ ᠲᠥᠪ ᠬᠣᠷᠢᠶᠠᠨ᠎ᠠᠴᠠ ᠳᠠᠷᠤᠮᠠᠯᠯᠠᠨ ᠲᠠᠷᠬᠠᠭᠠᠭᠰᠠᠨ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ》᠎ᠢ᠋ ᠬᠠᠮᠲᠤ᠎ᠳ᠋ᠤᠨᠢ ᠬᠦᠴᠦᠨ᠎ᠦᠭᠡᠢ ᠪᠣᠯᠭᠠᠨ᠎ᠠ᠃ ᠡᠭᠦᠨ᠎ᠡᠴᠡ ᠡᠮᠦᠨ᠎ᠡ ᠨᠡᠢᠲᠡᠯᠡᠭᠰᠡᠨ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ᠎ᠳᠠᠬᠢ ᠲᠤᠰ ᠳᠦᠷᠢᠮ᠎ᠲᠡᠢ ᠨᠢᠭᠡᠳᠦᠯ᠎ᠦᠭᠡᠢ ᠵᠦᠢᠯ᠎ᠢ ᠲᠤᠰ ᠳᠦᠷᠢᠮ ᠶᠣᠰᠤᠭᠠᠷ ᠬᠡᠷᠡᠭᠵᠢᠭᠦᠯᠦᠨ᠎ᠡ᠃

 

    (ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ)

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃