ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠤᠨᠲ᠎ᠤᠨ ᠠᠵᠢᠯ᠎ᠤᠨ ᠳᠦᠷᠢᠮ ( ᠲᠤᠷᠱᠢᠨ ᠬᠡᠷᠡᠭᠵᠢᠭᠦᠯᠬᠦ )
2021.09.30

  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠬᠤᠷᠠᠯᠳᠤᠭᠠᠨ᠎ᠠᠴᠠ ᠵᠠᠰᠠᠪᠤᠷᠢ ᠣᠷᠣᠭᠤᠯᠵᠤ᠂ 2020 ᠣᠨ᠎ᠤ 12 ᠰᠠᠷ᠎ᠠ᠎ᠶᠢᠨ 21᠎ᠦ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠠᠴᠠ ᠨᠡᠢᠲᠡᠯᠡᠪᠡ᠃

 

    ᠨᠢᠭᠡᠳᠦᠭᠡᠷ ᠪᠦᠯᠦᠭ   ᠶᠡᠷᠦᠩᠬᠡᠢ ᠳᠦᠷᠢᠮ

 

  ᠨᠢᠭᠡᠳᠦᠭᠡᠷ ᠵᠦᠢᠯ  ᠨᠢᠭᠡᠳᠦᠮᠡᠯ ᠹᠷᠤᠨᠲ᠎ᠤᠨ ᠠᠵᠢᠯ᠎ᠳᠠᠬᠢ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠴᠢᠩᠭᠠᠳᠬᠠᠵᠤ᠂ ᠨᠢᠭᠡᠳᠦᠮᠡᠯ ᠹᠷᠤᠨᠲ᠎ᠤᠨ ᠠᠵᠢᠯ᠎ᠤᠨ ᠱᠢᠨᠵᠢᠯᠡᠬᠦ ᠤᠬᠠᠭᠠᠨᠵᠢᠭᠤᠯᠤᠯᠳᠠ᠂ ᠵᠢᠷᠤᠮᠵᠢᠭᠤᠯᠤᠯᠲᠠ᠂ ᠳᠦᠷᠢᠮᠵᠢᠭᠦᠯᠦᠯᠲᠡ᠎ᠶᠢᠨ ᠲᠦᠪᠱᠢᠨ᠎ᠢ ᠳᠡᠭᠡᠭᠰᠢᠯᠡᠭᠦᠯᠵᠦ᠂ ᠤᠯᠤᠰ᠎ᠢᠶ᠋ᠠᠨ ᠬᠠᠢᠷᠠᠯᠠᠬᠤ ᠨᠢᠭᠡᠳᠦᠮᠡᠯ ᠹᠷᠤᠨᠲ᠎ᠢ ᠪᠡᠬᠢᠵᠢᠭᠦᠯᠦᠨ ᠬᠥᠭᠵᠢᠭᠦᠯᠬᠦ᠎ᠶᠢᠨ ᠲᠤᠰᠠᠳᠠ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》᠎ᠢ ᠦᠨᠳᠦᠰᠦᠯᠡᠨ ᠲᠤᠰ ᠳᠦᠷᠢᠮ᠎ᠢ ᠲᠣᠭᠲᠠᠭᠠᠪᠠ᠃

  ᠬᠣᠶᠠᠳᠤᠭᠠᠷ ᠵᠦᠢᠯ  ᠲᠤᠰ ᠳᠦᠷᠢᠮ᠎ᠳᠦ ᠬᠡᠯᠡᠵᠦ ᠪᠠᠶ᠋ᠢᠭ᠎ᠠ ᠨᠢᠭᠡᠳᠦᠮᠡᠯ ᠹᠷᠤᠨᠲ ᠭᠡᠳᠡᠭ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ᠂ ᠠᠵᠢᠯᠴᠢᠨ ᠲᠠᠷᠢᠶᠠᠴᠢᠨ᠎ᠤ ᠬᠣᠯᠪᠤᠭ᠎ᠠ᠎ᠪᠠᠷ ᠰᠠᠭᠤᠷᠢ ᠪᠣᠯᠭᠠᠭᠰᠠᠨ᠂ ᠪᠦᠬᠦ ᠨᠡᠢᠭᠡᠮ ᠵᠢᠷᠤᠮᠲᠤ ᠬᠥᠳᠡᠯᠮᠦᠷᠢᠴᠢᠳ᠂ ᠨᠡᠢᠭᠡᠮ ᠵᠢᠷᠤᠮᠲᠤ ᠦᠢᠯᠡᠰ᠎ᠦᠨ ᠪᠦᠲᠦᠭᠡᠨ ᠪᠠᠶ᠋ᠢᠭᠤᠯᠤᠭᠴᠢᠳ᠂ ᠨᠡᠢᠭᠡᠮ ᠵᠢᠷᠤᠮ᠎ᠢ ᠬᠦᠷᠢᠶᠡᠯᠡᠳᠡᠭ ᠤᠯᠤᠰ᠎ᠢᠶ᠋ᠠᠨ ᠬᠠᠢᠷᠠᠯᠠᠭᠴᠢᠳ᠂ ᠤᠯᠤᠰ᠎ᠤᠨ ᠨᠢᠭᠡᠳᠦᠯ᠎ᠢ ᠬᠦᠷᠢᠶᠡᠯᠡᠳᠡᠭ ᠪᠠ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠥᠯᠦᠭᠡ ᠬᠦᠴᠦᠯᠡᠨ ᠴᠢᠷᠮᠠᠢᠳᠠᠭ ᠤᠯᠤᠰ᠎ᠢᠶ᠋ᠠᠨ ᠬᠠᠢᠷᠠᠯᠠᠭᠴᠢᠳ᠎ᠤᠨ ᠬᠣᠯᠪᠤᠭ᠎ᠠ᠎ᠶᠢ ᠵᠢᠭᠠᠵᠤ ᠪᠠᠶ᠋ᠢᠨ᠎ᠠ᠃

  ᠨᠢᠭᠡᠳᠦᠮᠡᠯ ᠹᠷᠤᠨᠲ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠥᠮᠦᠰ᠎ᠦᠨ ᠰᠡᠳᠬᠢᠯ᠎ᠢ ᠨᠢᠭᠲᠠᠷᠠᠭᠤᠯᠬᠤ᠂ ᠬᠦᠴᠦᠨ ᠴᠢᠳᠠᠯ᠎ᠢ ᠬᠤᠷᠠᠮᠳᠤᠭᠤᠯᠬᠤ ᠤᠯᠤᠰ ᠲᠥᠷᠦ᠎ᠶᠢᠨ ᠳᠠᠪᠠᠭᠤᠯᠢᠭ ᠪᠠ ᠪᠠᠶ᠋ᠢᠯᠳᠤᠬᠤ ᠪᠣᠳᠤᠯᠭ᠎ᠠ᠎ᠶᠢᠨ ᠴᠢᠭᠯᠡᠯᠲᠡ ᠮᠥᠨ᠂ ᠬᠤᠪᠢᠰᠬᠠᠯ᠂ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ᠎ᠶᠢᠨ ᠦᠢᠯᠡᠰ᠎ᠦᠨ ᠢᠯᠠᠯᠲᠠ᠎ᠶᠢ ᠲᠡᠮᠡᠴᠡᠨ ᠣᠯᠬᠤ᠎ᠶᠢᠨ ᠴᠢᠬᠤᠯᠠ ᠡᠷᠳᠡᠨᠢ ᠮᠥᠨ᠂ ᠨᠠᠮ᠎ᠤᠨ ᠠᠩᠭᠢ᠎ᠶᠢᠨ ᠰᠠᠭᠤᠷᠢ᠎ᠶᠢ ᠴᠢᠩᠭᠠᠳᠬᠠᠬᠤ᠂ ᠨᠠᠮ᠎ᠤᠨ ᠣᠯᠠᠨ ᠲᠦᠮᠡᠨ᠎ᠦ ᠰᠠᠭᠤᠷᠢ᠎ᠶᠢ ᠥᠷᠭᠡᠳᠬᠡᠬᠦ᠌᠂ ᠨᠠᠮ᠎ᠤᠨ ᠲᠥᠷᠦ ᠪᠠᠷᠢᠬᠤ ᠪᠠᠶ᠋ᠢᠷᠢ ᠰᠠᠭᠤᠷᠢ᠎ᠶᠢ ᠪᠡᠬᠢᠵᠢᠭᠦᠯᠬᠦ᠎ᠶᠢᠨ ᠴᠢᠬᠤᠯᠠ ᠡᠷᠳᠡᠨᠢ ᠮᠥᠨ᠂ ᠨᠡᠢᠭᠡᠮ ᠵᠢᠷᠤᠮᠲᠤ ᠣᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠴᠢᠬᠤᠯᠠ ᠡᠷᠳᠡᠨᠢ ᠮᠥᠨ᠃

  ᠭᠤᠷᠪᠠᠳᠤᠭᠠᠷ ᠵᠦᠢᠯ  ᠱᠢᠨ᠎ᠡ ᠴᠠᠭ ᠦᠶ᠎ᠡ᠎ᠶᠢᠨ ᠨᠢᠭᠡᠳᠦᠮᠡᠯ ᠹᠷᠤᠨᠲ᠎ᠤᠨ ᠠᠵᠢᠯ᠎ᠤᠨ ᠵᠢᠯᠤᠭᠤᠳᠭᠤ ᠦᠵᠡᠯ ᠰᠠᠨᠠᠭ᠎ᠠ ᠪᠠ ᠭᠣᠤᠯ ᠡᠭᠦᠷᠭᠡ ᠪᠣᠯ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠣ ᠫᠢᠩ᠎ᠦᠨ ᠣᠨᠣᠯ᠂ 《ᠭᠤᠷᠪᠠ᠎ᠶᠢ ᠲᠥᠯᠦᠭᠡᠯᠡᠬᠦ》ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠵᠠᠮ᠎ᠢᠶ᠋ᠠᠷ ᠭᠤᠶ᠋ᠢᠪᠢᠱᠢ᠎ᠦᠭᠡᠢ ᠵᠠᠮᠨᠠᠵᠤ᠂ 《ᠳᠥᠷᠪᠡᠨ ᠤᠬᠠᠮᠰᠠᠷ》᠎ᠢᠶ᠋ᠠᠨ ᠴᠢᠩᠭᠠᠳᠬᠠᠵᠤ᠂ 《ᠳᠥᠷᠪᠡᠨ ᠢᠲᠡᠭᠡᠯ》᠎ᠢᠶ᠋ᠡᠨ ᠪᠠᠲᠤᠳᠬᠠᠵᠤ᠂《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠶᠡᠷᠦᠩᠬᠡᠢ ᠱᠦᠵᠢ ᠰᠢ᠎ᠵᠢᠨ ᠫᠢᠩ᠎ᠦᠨ ᠨᠢᠭᠡᠳᠦᠮᠡᠯ ᠹᠷᠤᠨᠲ᠎ᠤᠨ ᠠᠵᠢᠯ᠎ᠢ ᠴᠢᠩᠭᠠᠳᠭᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂《ᠲᠠᠪᠤ᠋᠎ᠶᠢ ᠨᠢᠭᠡ ᠴᠤᠭᠴᠠᠵᠢᠭᠤᠯᠬᠤ》ᠶᠡᠷᠦᠩᠬᠡᠢ ᠪᠠᠢᠷᠢᠱᠢᠭᠤᠯᠤᠯᠲᠠ᠎ᠶᠢ ᠨᠢᠭᠡᠳᠦᠯᠲᠡᠢ ᠲᠥᠯᠦᠪᠵᠢᠭᠦᠯᠦᠨ ᠠᠬᠢᠭᠤᠯᠬᠤ᠂《ᠳᠥᠷᠪᠡᠨ ᠪᠦᠬᠦ ᠲᠠᠯ᠎ᠠ》᠎ᠶᠢᠨ ᠪᠠᠶ᠋ᠢᠯᠳᠤᠬᠤ ᠪᠣᠳᠤᠯᠭ᠎ᠠ᠎ᠶᠢᠨ ᠪᠠᠢᠷᠢᠱᠢᠭᠤᠯᠤᠯᠲᠠ᠎ᠶᠢ ᠵᠣᠬᠢᠴᠠᠭᠤᠯᠤᠨ ᠠᠬᠢᠭᠤᠯᠬᠤ᠎ᠶᠢᠨ ᠲᠣᠭᠤᠷᠢᠨ᠎ᠳ᠋ᠤ᠌᠂ ᠲᠥᠷᠦ᠎ᠶᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠦ ᠬᠠᠷᠢᠴᠠᠭ᠎ᠠ᠂ ᠱᠠᠱᠢᠨ ᠰᠤᠷᠲᠠᠬᠤᠨ᠎ᠤ ᠬᠠᠷᠢᠴᠠᠭ᠎ᠠ᠂ ᠳᠠᠪᠬᠤᠷᠭ᠎ᠠ᠎ᠶᠢᠨ ᠬᠠᠷᠢᠴᠠᠭ᠎ᠠ᠂ ᠤᠯᠤᠰ᠎ᠤᠨ ᠳᠣᠲᠤᠭᠠᠳᠤ ᠭᠠᠳᠠᠭᠠᠳᠤ᠎ᠶᠢᠨ ᠨᠠᠢᠵᠠ ᠨᠥᠬᠦᠳ᠎ᠦᠨ ᠬᠠᠷᠢᠴᠠᠭᠠᠨ᠎ᠤ ᠡᠶ᠎ᠡ ᠵᠣᠬᠢᠴᠠᠯ᠎ᠲᠠᠢ ᠪᠠᠶ᠋ᠢᠬᠤ᠎ᠶᠢ ᠢᠳᠡᠪᠬᠢᠲᠡᠢ ᠠᠬᠢᠭᠤᠯᠵᠤ᠂ ᠬᠠᠮᠤᠭ᠎ᠤᠨ ᠥᠷᠭᠡᠨ ᠳᠡᠯᠭᠡᠷ ᠤᠯᠤᠰ᠎ᠢᠶ᠋ᠠᠨ ᠬᠠᠢᠷᠠᠯᠠᠬᠤ ᠨᠢᠭᠡᠳᠦᠮᠡᠯ ᠹᠷᠤᠨᠲ᠎ᠢ ᠪᠡᠬᠢᠵᠢᠭᠦᠯᠦᠨ ᠬᠥᠭᠵᠢᠭᠦᠯᠵᠦ᠂ ᠨᠡᠶ᠋ᠢᠭᠡᠮ ᠵᠢᠷᠤᠮᠲᠤ ᠣᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳᠦ ᠦᠢᠯᠡᠴᠢᠯᠡᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮᠲᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ᠎ᠤᠨ ᠵᠠᠰᠠᠯᠲᠠ᠎ᠶᠢᠨ ᠲᠣᠭᠲᠠᠯᠴᠠᠭ᠎ᠠ ᠪᠣᠯᠤᠨ ᠵᠠᠰᠠᠯᠲᠠ᠎ᠶᠢᠨ ᠴᠢᠳᠠᠪᠤᠷᠢ᠎ᠶᠢᠨ ᠣᠳᠤᠬᠢᠴᠢᠯᠠᠯᠲᠠ᠎ᠶᠢ ᠠᠬᠢᠭᠤᠯᠬᠤ᠎ᠳᠤ ᠦᠢᠯᠡᠴᠢᠯᠡᠵᠦ᠂ ᠨᠡᠶ᠋ᠢᠭᠡᠮ᠎ᠦᠨ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠬᠠᠮᠠᠭᠠᠯᠠᠨ᠂ ᠤᠯᠤᠰ᠎ᠤᠨ ᠡᠷᠬᠡ ᠮᠠᠲᠠᠯ ᠠᠮᠤᠷ ᠲᠦᠪᠱᠢᠨ ᠬᠥᠭᠵᠢᠯᠲᠡ᠎ᠶᠢᠨ ᠠᠱᠢᠭ ᠲᠤᠰᠠ᠎ᠶᠢ ᠬᠠᠮᠠᠭᠠᠯᠠᠬᠤ᠎ᠳᠤ ᠦᠢᠯᠡᠴᠢᠯᠡᠵᠦ᠂ ᠱᠢᠶᠠᠩᠭᠠᠩ ᠣᠣᠮᠧᠨ᠎ᠦ ᠤᠷᠲᠤ ᠬᠤᠭᠤᠴᠠᠭᠠᠨ᠎ᠤ ᠴᠡᠴᠡᠭᠯᠡᠯ ᠬᠥᠭᠵᠢᠯ ᠪᠠ ᠲᠣᠭᠲᠠᠭᠤᠨ ᠪᠠᠶ᠋ᠢᠳᠠᠯ᠎ᠢ ᠪᠠᠲᠤᠯᠠᠵᠤ᠂ ᠤᠯᠤᠰ᠎ᠤᠨ ᠪᠦᠷᠢᠨ ᠨᠢᠭᠡᠳᠦᠯ᠎ᠢ ᠪᠡᠶᠡᠯᠡᠭᠦᠯᠬᠦ᠎ᠳᠦ ᠦᠢᠯᠡᠴᠢᠯᠡᠬᠦ ᠶᠠᠪᠤᠳᠠᠯ ᠪᠤᠯᠤᠨ᠎ᠠ᠃

  ᠳᠥᠷᠪᠡᠳᠦᠭᠡᠷ ᠵᠦᠢᠯ  ᠨᠢᠭᠡᠳᠦᠮᠡᠯ ᠹᠷᠤᠨᠲ᠎ᠤᠨ ᠠᠵᠢᠯ᠎ᠤᠨ ᠵᠠᠷᠴᠢᠮ ᠪᠣᠯ᠄

  (ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠨ᠎ᠠ;

  (ᠬᠣᠶᠠᠷ) ᠤᠯᠤᠰ᠎ᠢᠶ᠋ᠠᠨ ᠬᠠᠢᠷᠠᠯᠠᠬᠤ ᠦᠵᠡᠯ᠂ ᠨᠡᠢᠭᠡᠮ ᠵᠢᠷᠤᠮ᠎ᠤᠨ ᠲᠤᠭ᠎ᠢ ᠥᠨᠳᠦᠷ ᠮᠠᠨᠳᠤᠭᠤᠯᠬᠤ᠎ᠶᠢ ᠪᠠᠷᠢᠮᠲᠠᠯᠠᠨ᠎ᠠ;

  (ᠭᠤᠷᠪᠠ) ᠭᠣᠤᠯ ᠠᠵᠢᠯ᠎ᠤᠨ ᠲᠣᠭᠤᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ᠎ᠶᠢ ᠪᠠᠷᠢᠮᠲᠠᠯᠠᠨ᠎ᠠ;

  (ᠳᠥᠷᠪᠡ) ᠶᠡᠬᠡ ᠪᠦᠯᠬᠦᠮᠳᠡᠯ ᠶᠡᠬᠡ ᠬᠣᠯᠪᠤᠭᠠᠯᠠᠯ᠎ᠢ ᠪᠠᠷᠢᠮᠲᠠᠯᠠᠨ᠎ᠠ;

  (ᠲᠠᠪᠤ᠋) ᠨᠢᠭᠡᠳᠦᠮᠡᠯ ᠴᠢᠨᠠᠷ ᠬᠢᠭᠡᠳ ᠣᠯᠠᠨ ᠶᠠᠩᠵᠤᠲᠤ ᠴᠢᠨᠠᠷ᠎ᠤᠨ ᠬᠠᠷᠢᠴᠠᠭ᠎ᠠ᠎ᠶᠢ ᠵᠥᠪ ᠱᠢᠢᠳᠪᠦᠷᠢᠯᠡᠬᠦ᠎ᠶᠢ ᠪᠠᠷᠢᠮᠲᠠᠯᠠᠨ᠎ᠠ;

  (ᠵᠢᠷᠭᠤᠭ᠎ᠠ) ᠬᠣᠯᠪᠤᠭᠠᠲᠠᠨ᠎ᠤ᠋᠎ᠪᠠᠨ ᠠᠱᠢᠭ ᠲᠤᠰᠠ᠎ᠶᠢ ᠬᠦᠨᠳᠦᠳᠬᠡᠵᠦ᠂ ᠬᠠᠮᠠᠭᠠᠯᠠᠬᠤ ᠪᠠ ᠬᠠᠷᠠᠭᠠᠯᠵᠠᠬᠤ᠎ᠶᠢ ᠪᠠᠷᠢᠮᠲᠠᠯᠠᠨ᠎ᠠ;

  (ᠳᠣᠯᠤᠭ᠎ᠠ) ᠨᠠᠮ᠎ᠤᠨ ᠭᠠᠳᠠᠨᠠᠬᠢ ᠨᠥᠬᠦᠳ᠎ᠲᠡᠢ ᠥᠷᠭᠡᠨ᠎ᠢᠶ᠋ᠡᠷ ᠨᠠᠢᠵᠠᠯᠠᠵᠤ᠂ ᠭᠦᠨ ᠨᠥᠬᠦᠷᠯᠡᠬᠦ᠎ᠶᠢ ᠪᠠᠷᠢᠮᠲᠠᠯᠠᠨ᠎ᠠ;

  (ᠨᠠᠢ᠍ᠮᠠ) ᠲᠣᠮᠤ ᠨᠢᠭᠡᠳᠦᠮᠡᠯ ᠹᠷᠤᠨᠲ᠎ᠤᠨ ᠠᠵᠢᠯ᠎ᠤᠨ ᠪᠠᠶ᠋ᠢᠷᠢᠱᠢᠯ᠎ᠢ ᠪᠠᠷᠢᠮᠲᠠᠯᠠᠨ᠎ᠠ᠃

  ᠲᠠᠪᠤᠳᠤᠭᠠᠷ ᠵᠦᠢᠯ  ᠨᠢᠭᠡᠳᠦᠮᠡᠯ ᠹᠷᠤᠨᠲ᠎ᠤᠨ ᠠᠵᠢᠯ᠎ᠤᠨ ᠬᠦᠷᠢᠶ᠎ᠡ ᠬᠡᠪᠴᠢᠶ᠎ᠡ ᠪᠣᠯ᠄

  (ᠨᠢᠭᠡ) ᠠᠷᠠᠳᠴᠢᠯᠠᠭᠰᠠᠨ ᠨᠠᠮ ᠪᠦᠯᠦᠭ᠎ᠦᠨ ᠪᠦᠷᠢᠯᠳᠦᠬᠦᠨ;

  (ᠬᠣᠶᠠᠷ) ᠨᠠᠮ ᠪᠦᠯᠦᠭ᠎ᠦᠨ ᠪᠤᠰᠤ ᠬᠥᠮᠦᠰ;

  (ᠭᠤᠷᠪᠠ) ᠨᠠᠮ᠎ᠤᠨ ᠭᠠᠳᠠᠨᠠᠬᠢ ᠰᠡᠭᠡᠭᠡᠲᠡᠳ;

  (ᠳᠥᠷᠪᠡ) ᠴᠥᠭᠡᠨ ᠲᠣᠭᠠᠲᠤ ᠦᠨᠳᠦᠰᠦᠲᠡᠨ᠎ᠦ ᠬᠥᠮᠦᠰ;

  (ᠲᠠᠪᠤ᠋) ᠱᠠᠱᠢᠨ ᠰᠤᠷᠲᠠᠬᠤᠨ᠎ᠤ ᠡᠲᠡᠭᠡᠳ᠎ᠦᠨ ᠬᠥᠮᠦᠰ;

  (ᠵᠢᠷᠭᠤᠭ᠎ᠠ) ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠤᠨ ᠬᠥᠮᠦᠰ;

  (ᠳᠣᠯᠤᠭ᠎ᠠ) ᠨᠡᠢᠭᠡᠮ᠎ᠦᠨ ᠱᠢᠨ᠎ᠡ ᠳᠠᠪᠬᠤᠷᠭ᠎ᠠ᠎ᠶᠢᠨ ᠬᠥᠮᠦᠰ;

  (ᠨᠠᠢ᠍ᠮᠠ) ᠭᠠᠳᠠᠭᠠᠳᠤ᠎ᠳᠤ ᠰᠤᠷᠤᠯᠴᠠᠭᠰᠠᠳ ᠪᠠ ᠤᠯᠤᠰ᠎ᠲᠤ᠎ᠪᠠᠨ ᠪᠤᠴᠠᠵᠤ ᠢᠷᠡᠭᠰᠡᠳ;

  (ᠶᠢᠰᠦ) ᠱᠢᠶᠠᠩᠭᠠᠩ᠎ᠤᠨ ᠠᠬ᠎ᠠ ᠳᠡᠭᠦᠦ ᠨᠠᠷ᠂ ᠣᠣᠮᠧᠨ᠎ᠦ ᠠᠬ᠎ᠠ ᠳᠡᠭᠦᠦ ᠨᠠᠷ;

  (ᠠᠷᠪᠠ) ᠲᠠᠶ᠋ᠢᠸᠠᠨ᠎ᠤ ᠠᠬ᠎ᠠ ᠳᠡᠭᠦᠦ᠎ᠨᠠᠷ ᠵᠢᠴᠢ ᠲᠡᠳᠡᠨ᠎ᠦ ᠡᠬᠡ ᠬᠠᠭᠤᠷᠠᠢ᠎ᠳᠠᠬᠢ ᠲᠥᠷᠦᠯ ᠰᠠᠳᠤᠨ;

  (ᠠᠷᠪᠠᠨ ᠨᠢᠭᠡ) ᠳᠤᠮᠳᠠᠳᠤ᠎ᠶᠢᠨ ᠬᠠᠷᠢᠶᠠᠲᠤ ᠨᠠᠷ᠂ ᠤᠯᠤᠰ᠎ᠲᠤ᠎ᠪᠠᠨ ᠪᠤᠴᠠᠵᠤ ᠢᠷᠡᠭᠰᠡᠨ ᠬᠠᠷᠢᠶᠠᠲᠤ᠎ᠨᠠᠷ ᠪᠠ ᠬᠠᠷᠢᠶᠠᠲᠤ ᠨᠠᠷ᠎ᠤᠨ ᠲᠥᠷᠦᠯ ᠰᠠᠳᠤᠨ;  

  (ᠠᠷᠪᠠᠨ ᠬᠣᠶᠠᠷ) ᠬᠠᠷᠢᠯᠴᠠᠬᠤ ᠪᠠ ᠪᠦᠯᠬᠦᠮᠳᠡᠬᠦ ᠴᠢᠬᠤᠯᠠᠲᠠᠢ ᠪᠤᠰᠤᠳ ᠬᠥᠮᠦᠰ᠃

  ᠨᠢᠭᠡᠳᠦᠮᠡᠯ ᠹᠷᠤᠨᠲ᠎ᠤᠨ ᠠᠵᠢᠯ᠎ᠤᠨ ᠬᠠᠨᠳᠤᠬᠤ ᠡᠲᠡᠭᠡᠳ ᠪᠣᠯ ᠨᠠᠮ᠎ᠤᠨ ᠭᠠᠳᠠᠨᠠᠬᠢ ᠬᠥᠮᠦᠰ ᠮᠥᠨ᠂ ᠲᠡᠳᠡᠨ᠎ᠦ ᠳᠣᠲᠤᠷᠠᠬᠢ ᠲᠥᠯᠦᠭᠡᠯᠡᠭᠴᠢ ᠬᠥᠮᠦᠰ᠎ᠢᠶ᠋ᠡᠷ ᠭᠣᠤᠯᠳᠠᠯᠭ᠎ᠠ ᠪᠣᠯᠭᠠᠨ᠎ᠠ᠃

 

    ᠬᠣᠶᠠᠳᠤᠭᠠᠷ ᠪᠦᠯᠦᠭ   ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠤᠯᠭ᠎ᠠ ᠪᠠ ᠲᠤᠱᠢᠶᠠᠯ ᠬᠠᠷᠢᠭᠤᠴᠠᠯᠭ᠎ᠠ

 

  ᠵᠢᠷᠭᠤᠳᠤᠭᠠᠷ ᠵᠦᠢᠯ  ᠨᠢᠭᠡᠳᠦᠮᠡᠯ ᠹᠷᠤᠨᠲ᠎ᠤᠨ ᠠᠵᠢᠯ᠎ᠳᠠᠬᠢ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠴᠢᠩᠭᠠᠳᠬᠠᠵᠤ᠂ ᠨᠠᠮ᠎ᠠᠴᠠ ᠨᠢᠭᠡᠳᠦᠮᠡᠯ ᠹᠷᠤᠨᠲ᠎ᠤᠨ ᠠᠵᠢᠯ᠎ᠤᠨ ᠪᠦᠬᠦ ᠲᠠᠯ᠎ᠠ᠎ᠶᠢ ᠶᠡᠷᠦᠩᠬᠡᠶ᠋ᠢᠯᠡᠨ ᠡᠵᠡᠮᠳᠡᠨ᠂ ᠡᠯ᠎ᠡ ᠲᠠᠯ᠎ᠠ᠎ᠶᠢ ᠵᠣᠬᠢᠴᠠᠭᠤᠯᠬᠤ᠎ᠶᠢ ᠦᠨᠡᠨ᠎ᠬᠦ ᠪᠠᠲᠤᠯᠠᠵᠤ᠂ ᠨᠢᠭᠡᠳᠦᠮᠡᠯ ᠹᠷᠤᠨᠲ᠎ᠤᠨ ᠠᠵᠢᠯ᠎ᠤᠨ ᠢᠮᠠᠭᠲᠠ ᠤᠯᠤᠰ ᠲᠥᠷᠦ᠎ᠶᠢᠨ ᠵᠥᠪ ᠴᠢᠭᠯᠡᠯ᠎ᠢᠶ᠋ᠡᠷ ᠤᠷᠤᠭᠱᠢᠯᠠᠬᠤ᠎ᠶᠢ ᠪᠠᠲᠤᠯᠠᠨ᠎ᠠ᠃

  ᠨᠠᠮ᠎ᠤᠨ ᠬᠣᠷᠢᠶ᠎ᠠ ᠨᠢᠭᠡᠳᠦᠯᠲᠡᠢ ᠤᠳᠤᠷᠢᠳᠤᠭᠰᠠᠨ᠂ ᠨᠢᠭᠡᠳᠦᠮᠡᠯ ᠹᠷᠤᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠤᠭᠰᠠᠨ᠂ ᠬᠣᠯᠪᠤᠭᠳᠠᠯ ᠪᠦᠬᠦᠢ ᠲᠠᠯ᠎ᠠ᠎ᠶᠢᠨ ᠬᠢᠨ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠲᠣᠮᠤ ᠨᠢᠭᠡᠳᠦᠮᠡᠯ ᠹᠷᠤᠨᠲ᠎ᠤᠨ ᠠᠵᠢᠯ᠎ᠤᠨ ᠪᠠᠢᠷᠢᠯᠠᠭᠤᠯᠤᠯᠲᠠ᠎ᠶᠢ ᠪᠠᠢᠭᠤᠯᠤᠨ᠎ᠠ᠃

  ᠳᠣᠯᠤᠳᠤᠭᠠᠷ ᠵᠦᠢᠯ  ᠨᠠᠮ᠎ᠤᠨ ᠲᠥᠪ ᠬᠣᠷᠢᠶᠠᠨ᠎ᠤ ᠨᠢᠭᠡᠳᠦᠮᠡᠯ ᠹᠷᠤᠨᠲ᠎ᠤᠨ ᠠᠵᠢᠯ᠎ᠤᠨ ᠤᠳᠤᠷᠢᠳᠭᠤ ᠳᠤᠭᠤᠶ᠋ᠢᠯᠠᠩ᠎ᠢ ᠪᠠᠶ᠋ᠢᠭᠤᠯᠤᠨ᠎ᠠ᠃ ᠨᠠᠮ᠎ᠤᠨ ᠲᠥᠪ ᠬᠣᠷᠢᠶᠠᠨ᠎ᠤ ᠨᠢᠭᠡᠳᠦᠮᠡᠯ ᠹᠷᠤᠨᠲ᠎ᠤᠨ ᠠᠵᠢᠯ᠎ᠤᠨ ᠤᠳᠤᠷᠢᠳᠭᠤ ᠳᠤᠭᠤᠶ᠋ᠢᠯᠠᠩ᠎ᠨᠢ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶ᠎ᠠ ᠵᠢᠴᠢ ᠲᠡᠭᠦᠨ᠎ᠦ ᠪᠠᠶ᠋ᠢᠩᠭᠤ᠎ᠶᠢᠨ ᠬᠣᠷᠢᠶ᠎ᠠ᠎ᠶᠢᠨ ᠤᠳᠤᠷᠢᠳᠤᠯᠭ᠎ᠠ ᠳᠣᠤᠷ᠎ᠠ ᠠᠵᠢᠯ᠎ᠢᠶᠠᠨ ᠥᠷᠨᠢᠭᠦᠯᠵᠦ᠂ ᠨᠢᠭᠡᠳᠦᠮᠡᠯ ᠹᠷᠤᠨᠲ᠎ᠤᠨ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠣᠨᠤᠯ ᠴᠢᠭᠯᠡᠯᠲᠡ ᠲᠥᠷᠦ᠎ᠶᠢᠨ ᠪᠣᠳᠤᠯᠭ᠎ᠠ ᠪᠠ ᠨᠢᠭᠡᠳᠦᠮᠡᠯ ᠹᠷᠤᠨᠲ᠎ᠤᠨ ᠠᠵᠢᠯ᠎ᠳᠤ ᠬᠣᠯᠪᠤᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠎ᠢ ᠰᠤᠷᠤᠯᠴᠠᠨ ᠲᠤᠭᠤᠱᠢᠯᠠᠭᠤᠯᠵᠤ ᠨᠠᠶ᠋ᠢᠳᠠᠪᠤᠷᠢᠵᠢᠭᠤᠯᠬᠤ ᠲᠤᠬᠠᠢ ᠰᠤᠳᠤᠯᠤᠨ ᠪᠠᠶ᠋ᠢᠷᠢᠯᠠᠭᠤᠯᠵᠤ᠂ ᠵᠣᠬᠢᠴᠠᠭᠤᠯᠤᠨ ᠵᠢᠯᠤᠭᠤᠳᠭᠤ ᠪᠠ ᠱᠢᠪᠠᠳᠠᠨ ᠪᠠᠶ᠋ᠢᠴᠠᠭᠠᠵᠤ᠂ ᠨᠢᠭᠡᠳᠦᠮᠡᠯ ᠹᠷᠤᠨᠲ᠎ᠤᠨ ᠴᠢᠬᠤᠯᠠ ᠶᠡᠬᠡ ᠠᠰᠠᠭᠤᠳᠠᠯ᠎ᠢ ᠰᠤᠳᠤᠯᠵᠤ᠂ ᠨᠠᠮ᠎ᠤᠨ ᠲᠥᠪ ᠬᠣᠷᠢᠶ᠎ᠠ᠎ᠳᠤ ᠰᠠᠨᠠᠭᠤᠯᠭ᠎ᠠ ᠳᠤᠷᠠᠳᠤᠨ᠎ᠠ᠃

  ᠨᠠᠮ᠎ᠤᠨ ᠲᠥᠪ ᠬᠣᠷᠢᠶᠠᠨ᠎ᠤ ᠨᠢᠭᠡᠳᠦᠮᠡᠯ ᠹᠷᠤᠨᠲ᠎ᠤᠨ ᠠᠵᠢᠯ᠎ᠤᠨ ᠤᠳᠤᠷᠢᠳᠭᠤ ᠳᠤᠭᠤᠶ᠋ᠢᠯᠠᠩ᠎ᠤᠨ ᠠᠯᠪᠠᠨ ᠭᠡᠷ᠎ᠢ ᠲᠥᠪ᠎ᠦᠨ ᠨᠢᠭᠡᠳᠦᠮᠡᠯ ᠹᠷᠤᠨᠲ᠎ᠤᠨ ᠬᠡᠯᠲᠡᠰ᠎ᠲᠦ ᠪᠠᠢᠷᠢᠰᠢᠯᠠᠭᠤᠯᠤᠨ᠎ᠠ᠃

  ᠨᠠᠢ᠍ᠮᠠᠳᠤᠭᠠᠷ ᠵᠦᠢᠯ  ᠣᠷᠤᠨ ᠨᠤᠲᠤᠭ᠎ᠤᠨ ᠨᠠᠮ᠎ᠤᠨ ᠬᠣᠷᠢᠶ᠎ᠠ᠎ᠨᠢ ᠲᠤᠰ ᠭᠠᠵᠠᠷ ᠣᠷᠤᠨ᠎ᠤ᠋᠎ᠪᠠᠨ ᠨᠢᠭᠡᠳᠦᠮᠡᠯ ᠹᠷᠤᠨᠲ᠎ᠤᠨ ᠠᠵᠢᠯ᠎ᠳᠤ ᠭᠣᠤᠯ ᠴᠣᠭᠴᠠ᠎ᠶᠢᠨ ᠬᠠᠷᠢᠭᠤᠴᠠᠯᠭ᠎ᠠ ᠡᠭᠦᠷᠭᠡᠯᠡᠨ᠎ᠡ᠂ ᠭᠣᠤᠯ ᠲᠤᠱᠢᠶᠠᠯ ᠬᠠᠷᠢᠭᠤᠴᠠᠯᠭ᠎ᠠ ᠨᠢ᠄

  (ᠨᠢᠭᠡ) ᠨᠢᠭᠡᠳᠦᠮᠡᠯ ᠹᠷᠤᠨᠲ᠎ᠤᠨ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠶ᠋ᠢᠷᠢᠯᠠᠭᠤᠯᠤᠯᠲᠠ ᠪᠠ ᠠᠵᠢᠯ᠎ᠤᠨ ᠱᠠᠭᠠᠷᠳᠠᠯᠭ᠎ᠠ᠎ᠶᠢ ᠲᠤᠭᠤᠱᠢᠯᠠᠭᠤᠯᠤᠨ ᠨᠠᠶ᠋ᠢᠳᠠᠪᠤᠷᠢᠵᠢᠭᠤᠯᠵᠤ᠂ ᠳᠣᠤᠷᠠᠲᠤ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠨᠢᠭᠡᠳᠦᠮᠡᠯ ᠹᠷᠤᠨᠲ᠎ᠤᠨ ᠠᠵᠢᠯ᠎ᠢ ᠰᠠᠶ᠋ᠢᠲᠤᠷ ᠬᠢᠬᠦ᠎ᠶᠢ ᠵᠢᠯᠤᠭᠤᠳᠭᠤ ᠪᠠ ᠱᠢᠪᠠᠳᠠᠨ ᠪᠠᠢᠴᠠᠭᠠᠵᠤ᠂ ᠦᠨᠳᠦᠰᠦᠨ ᠱᠠᠲᠤᠨ᠎ᠤ ᠨᠢᠭᠡᠳᠦᠮᠡᠯ ᠹᠷᠤᠨᠲ᠎ᠤᠨ ᠠᠵᠢᠯ᠎ᠢ ᠴᠢᠬᠤᠯᠠᠴᠢᠯᠠᠨ ᠴᠢᠩᠭᠠᠳᠭᠠᠨ᠎ᠠ;  

  (ᠬᠣᠶᠠᠷ) ᠨᠢᠭᠡᠳᠦᠮᠡᠯ ᠹᠷᠤᠨᠲ᠎ᠤᠨ ᠴᠢᠬᠤᠯᠠ ᠶᠡᠬᠡ ᠠᠰᠠᠭᠤᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠤᠳᠤᠯᠵᠤ᠂ ᠴᠢᠬᠤᠯᠠ ᠠᠵᠢᠯ᠎ᠢ ᠪᠠᠶ᠋ᠢᠷᠢᠯᠠᠭᠤᠯᠤᠨ᠂ ᠵᠢᠯ ᠪᠦᠷᠢ ᠨᠠᠮ᠎ᠤᠨ ᠲᠥᠪ ᠬᠣᠷᠢᠶ᠎ᠠ ᠪᠤᠶᠤ ᠳᠡᠭᠡᠷ᠎ᠡ ᠨᠢᠭᠡ ᠱᠠᠲᠤᠨ᠎ᠤ ᠨᠠᠮ᠎ᠤᠨ ᠬᠣᠷᠢᠶᠠᠨ᠎ᠳᠤ ᠨᠢᠭᠡᠳᠦᠮᠡᠯ ᠹᠷᠤᠨᠲ᠎ᠤᠨ ᠠᠵᠢᠯ᠎ᠤᠨ ᠪᠠᠶ᠋ᠢᠳᠠᠯ᠎ᠢ ᠮᠡᠳᠡᠭᠦᠯᠦᠨ᠎ᠡ;  

  (ᠭᠤᠷᠪᠠ) ᠡᠷᠬᠡ᠎ᠶᠢᠨ ᠬᠡᠪᠴᠢᠶ᠎ᠡ ᠬᠢᠵᠠᠭᠠᠷ ᠶᠣᠰᠤᠭᠠᠷ ᠨᠢᠭᠡᠳᠦᠮᠡᠯ ᠹᠷᠤᠨᠲ᠎ᠤᠨ ᠠᠵᠢᠯ᠎ᠲᠠᠢ ᠬᠠᠮᠢᠶᠠᠳᠠᠬᠤ ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ᠂ ᠵᠢᠷᠤᠮᠵᠢᠯ᠎ᠤᠨ ᠴᠢᠨᠠᠷᠲᠠᠢ ᠪᠢᠴᠢᠭ ᠮᠠᠲᠧᠷᠢᠶᠠᠯ ᠪᠠ ᠴᠢᠬᠤᠯᠠ ᠲᠥᠷᠦ᠎ᠶᠢᠨ ᠪᠣᠳᠤᠯᠭ᠎ᠠ᠎ᠶᠢ ᠲᠣᠭᠲᠠᠭᠠᠵᠤ᠂ ᠨᠢᠭᠡᠳᠦᠮᠡᠯ ᠹᠷᠤᠨᠲ᠎ᠤᠨ ᠠᠵᠢᠯ᠎ᠤᠨ ᠬᠣᠯᠪᠤᠭᠳᠠᠯ ᠪᠦᠬᠦᠢ ᠣᠷᠤᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ᠎ᠢ ᠲᠣᠭᠲᠠᠭᠠᠬᠤ᠎ᠶᠢ ᠠᠬᠢᠭᠤᠯᠬᠤ᠎ᠶᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ;  

  (ᠳᠥᠷᠪᠡ) ᠨᠢᠭᠡᠳᠦᠮᠡᠯ ᠹᠷᠤᠨᠲ᠎ᠤᠨ ᠣᠨᠤᠯ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠰᠤᠷᠤᠯᠴᠠᠬᠤ᠂ ᠰᠤᠳᠤᠯᠬᠤ᠂ ᠤᠬᠠᠭᠤᠯᠬᠤ ᠪᠠ ᠬᠥᠮᠦᠵᠢᠯ᠎ᠦᠨ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠢᠭᠡᠳᠦᠮᠡᠯ ᠹᠷᠤᠨᠲ᠎ᠤᠨ ᠣᠨᠤᠯ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠨᠠᠮ᠎ᠤᠨ ᠬᠣᠷᠢᠶᠠᠨ᠎ᠤ ᠣᠨᠤᠯ ᠰᠤᠷᠤᠯᠴᠠᠬᠤ ᠭᠣᠤᠯ ᠳᠤᠭᠤᠶ᠋ᠢᠯᠠᠩ᠎ᠤᠨ ᠰᠤᠷᠤᠯᠴᠠᠬᠤ ᠠᠭᠤᠯᠭ᠎ᠠ ᠪᠠ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠺᠠᠳ᠋ᠷ᠎ᠤᠨ ᠳᠡᠭᠡᠳᠦ ᠰᠤᠷᠭᠠᠭᠤᠯᠢ᠂ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠵᠢᠭᠠᠨ ᠰᠤᠷᠭᠠᠬᠤ ᠠᠭᠤᠯᠭ᠎ᠠ᠎ᠳᠤ ᠣᠷᠣᠭᠤᠯᠵᠤ᠂ ᠨᠢᠭᠡᠳᠦᠮᠡᠯ ᠹᠷᠤᠨᠲ᠎ᠤᠨ ᠠᠵᠢᠯ᠎ᠢ ᠤᠬᠠᠭᠤᠯᠭ᠎ᠠ᠎ᠶᠢᠨ ᠠᠵᠢᠯ᠎ᠤᠨ ᠲᠥᠯᠦᠪᠯᠡᠭᠡ᠎ᠳᠦ ᠣᠷᠣᠭᠤᠯᠵᠤ᠂ ᠨᠢᠭᠡᠳᠦᠮᠡᠯ ᠹᠷᠤᠨᠲ᠎ᠤᠨ ᠮᠡᠳᠡᠯᠭᠡ᠎ᠶᠢ ᠤᠯᠤᠰ ᠠᠷᠠᠳ᠎ᠤᠨ ᠰᠤᠷᠭᠠᠨ ᠬᠥᠮᠦᠵᠢᠯ᠎ᠦᠨ ᠠᠭᠤᠯᠭ᠎ᠠ᠎ᠳᠤ ᠣᠷᠤᠭᠤᠯᠤᠨ᠎ᠠ;  

  (ᠲᠠᠪᠤ᠋) ᠨᠢᠭᠡᠳᠦᠮᠡᠯ ᠹᠷᠤᠨᠲ᠎ᠤᠨ ᠠᠵᠢᠯ᠎ᠤᠨ ᠰᠠᠯᠠᠭ᠎ᠠ ᠮᠥᠴᠢᠷ ᠪᠠ ᠨᠢᠭᠡᠳᠦᠮᠡᠯ ᠹᠷᠤᠨᠲ᠎ᠤᠨ ᠺᠠᠳ᠋ᠷ᠎ᠤᠨ ᠡᠩᠨᠡᠭᠡᠨ᠎ᠦ ᠪᠠᠶ᠋ᠢᠭᠤᠯᠤᠯᠲᠠ᠎ᠶᠢᠨ ᠲᠤᠬᠠᠢ ᠨᠠᠮ᠎ᠤᠨ ᠲᠥᠪ ᠬᠣᠷᠢᠶᠠᠨ᠎ᠤ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠵᠤ᠂ ᠨᠢᠭᠡᠳᠦᠮᠡᠯ ᠹᠷᠤᠨᠲ᠎ᠤᠨ ᠱᠢᠰᠲᠧᠮ᠎ᠦᠨ ᠤᠳᠤᠷᠢᠳᠭᠤ ᠪᠠᠭ ᠪᠠ ᠭᠣᠤᠯ ᠬᠠᠷᠢᠭᠤᠴᠠᠯᠭᠠᠲᠠᠨ᠎ᠢ ᠱᠢᠯᠢᠳᠡᠭ᠎ᠢ᠎ᠨᠢ ᠰᠣᠩᠭᠤᠨ ᠲᠣᠬᠢᠷᠠᠭᠤᠯᠵᠤ᠂ ᠨᠢᠭᠡᠳᠦᠮᠡᠯ ᠹᠷᠤᠨᠲ᠎ᠤᠨ ᠺᠠᠳ᠋ᠷ᠂ ᠴᠢᠳᠠᠪᠤᠷᠢᠲᠠᠨ᠎ᠤ ᠡᠩᠨᠡᠭᠡ᠎ᠶᠢᠨ ᠪᠠᠶ᠋ᠢᠭᠤᠯᠤᠯᠲᠠ᠎ᠶᠢ ᠴᠢᠩᠭᠠᠳᠭᠠᠨ᠎ᠠ;

  (ᠵᠢᠷᠭᠤᠭ᠎ᠠ) ᠠᠳᠠᠯᠢ ᠱᠠᠲᠤᠨ᠎ᠤ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠦ᠎ᠶᠢᠨ ᠵᠥᠪᠯᠡᠯᠭᠡᠨ᠂ ᠬᠢᠨᠠᠨ ᠪᠠᠶ᠋ᠢᠴᠠᠭᠠᠬᠤ ᠵᠥᠪᠯᠡᠯ᠂ ᠱᠢᠭᠦᠬᠦ ᠬᠣᠷᠢᠶ᠎ᠠ᠂ ᠪᠠᠶ᠋ᠢᠴᠠᠭᠠᠬᠤ ᠬᠣᠷᠢᠶ᠎ᠠ ᠪᠠ ᠬᠣᠯᠪᠤᠭᠳᠠᠯ ᠪᠦᠬᠦᠢ ᠠᠷᠠᠳ᠎ᠤᠨ ᠪᠦᠯᠬᠦᠮ᠂ ᠠᠵᠤ ᠠᠬᠤᠶ᠋ᠢᠯᠠᠯ ᠠᠵᠢᠯ ᠦᠢᠯᠡᠰ᠎ᠦᠨ ᠨᠢᠭᠡᠴᠢ ᠵᠡᠷᠭᠡ᠎ᠶᠢ ᠤᠳᠤᠷᠢᠳᠴᠤ ᠲᠤᠰ ᠰᠠᠯᠠᠭ᠎ᠠ ᠮᠥᠴᠢᠷ ᠲᠤᠰ ᠨᠢᠭᠡᠴᠢ ᠲᠤᠰ ᠬᠦᠷᠢᠶ᠎ᠡ ᠴᠠᠷᠠᠭᠠᠨ᠎ᠳᠠᠬᠢ ᠨᠢᠭᠡᠳᠦᠮᠡᠯ ᠹᠷᠤᠨᠲ᠎ᠤᠨ ᠠᠵᠢᠯ᠎ᠢ ᠰᠠᠶ᠋ᠢᠲᠤᠷ ᠬᠢᠨ᠎ᠡ;  

  (ᠳᠣᠯᠤᠭ᠎ᠠ) ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠢ ᠢᠯᠡᠷᠡᠭᠦᠯᠵᠦ᠂ ᠬᠥᠮᠦᠵᠢᠭᠦᠯᠵᠦ᠂ ᠬᠡᠷᠡᠭᠯᠡᠵᠦ᠂ ᠬᠠᠮᠢᠶᠠᠷᠤᠨ᠂ ᠤᠳᠤᠷᠢᠳᠭᠤ ᠺᠠᠳ᠋ᠷ ᠪᠣᠯᠤᠨ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠦᠨ ᠨᠥᠬᠦᠷᠯᠡᠯ᠎ᠦᠨ ᠳᠦᠷᠢᠮ᠎ᠢ ᠲᠡᠭᠦᠯᠳᠡᠷᠵᠢᠭᠦᠯᠦᠨ᠎ᠡ᠃

  ᠪᠤᠰᠤᠳ ᠰᠠᠯᠠᠭ᠎ᠠ ᠮᠥᠴᠢᠷ᠂ ᠨᠢᠭᠡᠴᠢ᠎ᠶᠢᠨ ᠨᠠᠮ᠎ᠤᠨ ᠤᠳᠤᠷᠢᠳᠭᠤ ᠳᠤᠭᠤᠶ᠋ᠢᠯᠠᠩ (ᠨᠠᠮ᠎ᠤᠨ ᠬᠣᠷᠢᠶ᠎ᠠ)᠎ᠨᠢ ᠡᠮᠦᠨᠡᠬᠢ ᠵᠤᠷᠪᠤᠰ᠎ᠤ᠋ᠳ᠎ᠤᠨ ᠲᠣᠭᠲᠠᠭᠠᠯ᠎ᠢᠶ᠋ᠠᠷ ᠯᠠᠪᠯᠠᠯᠲᠠ ᠪᠣᠯᠭᠠᠨ ᠨᠢᠭᠡᠳᠦᠮᠡᠯ ᠹᠷᠤᠨᠲ᠎ᠤᠨ ᠠᠵᠢᠯ᠎ᠲᠠᠢ ᠬᠠᠷᠠᠭᠠᠯᠵᠠᠭᠰᠠᠨ ᠲᠤᠱᠢᠶᠠᠯ ᠬᠠᠷᠢᠭᠤᠴᠠᠯᠭ᠎ᠠ᠎ᠶᠢ ᠭᠦᠢᠴᠡᠳᠬᠡᠨ᠎ᠡ᠃ ᠲᠥᠪ᠎ᠦᠨ ᠪᠠ ᠲᠥᠷᠦ᠎ᠶᠢᠨ ᠱᠢᠭᠤᠳ  ᠬᠠᠷᠢᠶ᠎ᠠ ᠪᠠᠶ᠋ᠢᠭᠤᠯᠭ᠎ᠠ᠎ᠶᠢᠨ ᠠᠵᠢᠯ᠎ᠤᠨ ᠬᠣᠷᠢᠶ᠎ᠠ ᠵᠢᠴᠢ ᠡᠯ᠎ᠡ ᠱᠠᠲᠤᠨ᠎ᠤ ᠱᠢᠭᠤᠳ ᠬᠠᠷᠢᠶ᠎ᠠ ᠪᠠᠶ᠋ᠢᠭᠤᠯᠭ᠎ᠠ᠎ᠶᠢᠨ ᠠᠵᠢᠯ᠎ᠤᠨ ᠬᠣᠷᠢᠶ᠎ᠠ᠎ᠨᠢ ᠡᠷᠬᠡ ᠲᠤᠱᠢᠶᠠᠯ᠎ᠤᠨ ᠶᠣᠰᠤᠭᠠᠷ᠎ᠢᠶ᠋ᠠᠷ᠎ᠢᠶ᠋ᠠᠨ᠂ ᠨᠠᠮ ᠪᠠ ᠲᠥᠷᠦ᠎ᠶᠢᠨ ᠪᠠᠶ᠋ᠢᠭᠤᠯᠭ᠎ᠠ᠎ᠶᠢᠨ ᠨᠢᠭᠡᠳᠦᠮᠡᠯ ᠹᠷᠤᠨᠲ᠎ᠤᠨ ᠠᠵᠢᠯ᠎ᠢ ᠵᠢᠯᠤᠭᠤᠳᠭᠤ ᠪᠠ ᠬᠢᠨᠠᠯᠲᠠ ᠲᠠᠯᠪᠢᠵᠤ ᠪᠠᠶ᠋ᠢᠴᠠᠭᠠᠬᠤ᠎ᠶᠢ ᠴᠢᠩᠭᠠᠳᠬᠠᠨ᠎ᠠ᠃

  ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠶ᠋ᠢᠯᠠᠩ)᠎ᠤᠨ ᠭᠣᠤᠯ ᠬᠠᠷᠢᠭᠤᠴᠠᠯᠭᠠᠲᠠᠨ ᠪᠣᠯ ᠲᠤᠰ ᠭᠠᠵᠠᠷ ᠣᠷᠤᠨ ᠲᠤᠰ ᠰᠠᠯᠠᠭ᠎ᠠ ᠮᠥᠴᠢᠷ ᠲᠤᠰ ᠨᠢᠭᠡᠴᠢ᠎ᠶᠢᠨ ᠨᠢᠭᠡᠳᠦᠮᠡᠯ ᠹᠷᠤᠨᠲ᠎ᠤᠨ ᠠᠵᠢᠯ᠎ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠶ᠋ᠢᠯᠠᠩ)᠎ᠤᠨ ᠤᠳᠤᠷᠢᠳᠭᠤ ᠪᠠᠭ᠎ᠤᠨ ᠪᠦᠷᠢᠯᠳᠦᠬᠦᠨ ᠨᠢᠭᠡᠳᠦᠮᠡᠯ ᠹᠷᠤᠨᠲ᠎ᠤᠨ ᠣᠨᠤᠯ ᠴᠢᠭᠯᠡᠯᠲᠡ ᠲᠥᠷᠦ᠎ᠶᠢᠨ ᠪᠣᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ᠎ᠢ ᠲᠦᠷᠦᠭᠦᠯᠡᠨ ᠰᠤᠷᠤᠯᠴᠠᠵᠤ᠂ ᠤᠬᠠᠭᠤᠯᠬᠤ ᠪᠠ ᠲᠤᠭᠤᠱᠢᠯᠠᠭᠤᠯᠤᠨ ᠨᠠᠶ᠋ᠢᠳᠠᠪᠤᠷᠢᠵᠢᠭᠤᠯᠵᠤ᠂ ᠨᠢᠭᠡᠳᠦᠮᠡᠯ ᠹᠷᠤᠨᠲ᠎ᠤᠨ ᠴᠢᠬᠤᠯᠠ ᠠᠵᠢᠯᠯᠠᠭ᠎ᠠ᠎ᠳᠤ ᠲᠦᠷᠦᠭᠦᠯᠡᠨ ᠣᠷᠣᠯᠴᠠᠵᠤ᠂ ᠨᠠᠮ᠎ᠤᠨ ᠭᠠᠳᠠᠨᠠᠬᠢ ᠨᠠᠶ᠋ᠢᠵᠠ ᠨᠠᠷ᠎ᠲᠠᠢ ᠥᠷᠭᠡᠨ᠎ᠢᠶ᠋ᠡᠷ ᠨᠠᠢᠵᠠᠯᠠᠵᠤ ᠭᠦᠨ ᠨᠥᠬᠦᠷᠯᠡᠬᠦ ᠬᠡᠷᠡᠭᠲᠡᠢ᠃

  ᠣᠷᠤᠨ ᠨᠤᠲᠤᠭ᠎ᠤᠨ ᠨᠠᠮ᠎ᠤᠨ ᠬᠣᠷᠢᠶ᠎ᠠ᠎ᠨᠢ ᠨᠢᠭᠡᠳᠦᠮᠡᠯ ᠹᠷᠤᠨᠲ᠎ᠤᠨ ᠠᠵᠢᠯ᠎ᠤᠨ ᠤᠳᠤᠷᠢᠳᠭᠤ ᠳᠤᠭᠤᠶ᠋ᠢᠯᠠᠩ᠎ᠢ ᠪᠠᠶ᠋ᠢᠭᠤᠯᠵᠤ᠂ ᠳᠤᠭᠤᠶ᠋ᠢᠯᠠᠩ᠎ᠤᠨ ᠳᠠᠷᠤᠭ᠎ᠠ᠎ᠶᠢᠨ ᠲᠤᠱᠢᠶᠠᠯ᠎ᠢ ᠡᠩ᠎ᠦᠨ ᠪᠠᠶ᠋ᠢᠳᠠᠯ᠎ᠳᠤ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠱᠦᠵᠢ ᠡᠭᠦᠷᠭᠡᠯᠡᠨ᠎ᠡ᠃

  ᠶᠢᠰᠦᠳᠦᠭᠡᠷ ᠵᠦᠢᠯ  ᠨᠠᠮ᠎ᠤᠨ ᠲᠥᠪ ᠬᠣᠷᠢᠶ᠎ᠠ ᠪᠠ ᠣᠷᠤᠨ ᠨᠤᠲᠤᠭ᠎ᠤᠨ ᠨᠠᠮ᠎ᠤᠨ ᠬᠣᠷᠢᠶᠠᠨ᠎ᠳᠤ ᠨᠢᠭᠡᠳᠦᠮᠡᠯ ᠹᠷᠤᠨᠲ᠎ᠤᠨ ᠬᠡᠯᠲᠡᠰ᠎ᠢ ᠪᠠᠶ᠋ᠢᠭᠤᠯᠤᠨ᠎ᠠ᠃ ᠨᠢᠭᠡᠳᠦᠮᠡᠯ ᠹᠷᠤᠨᠲ᠎ᠤᠨ ᠬᠡᠯᠲᠡᠰ ᠪᠣᠯ ᠨᠠᠮ᠎ᠤᠨ ᠬᠣᠷᠢᠶᠠᠨ᠎ᠤ ᠨᠢᠭᠡᠳᠦᠮᠡᠯ ᠹᠷᠤᠨᠲ᠎ᠤᠨ ᠠᠵᠢᠯ᠎ᠢ ᠭᠣᠤᠯᠯᠠᠨ ᠬᠠᠮᠢᠶᠠᠷᠬᠤ ᠡᠭᠦᠷᠭᠡ ᠲᠤᠱᠢᠶᠠᠯᠲᠤ ᠰᠠᠯᠠᠭ᠎ᠠ ᠮᠥᠴᠢᠷ ᠮᠥᠨ᠂ ᠪᠠᠰᠠ᠎ᠴᠤ ᠨᠠᠮ᠎ᠤᠨ ᠬᠣᠷᠢᠶᠠᠨ᠎ᠤ ᠨᠢᠭᠡᠳᠦᠮᠡᠯ ᠹᠷᠤᠨᠲ᠎ᠤᠨ ᠠᠵᠢᠯ᠎ᠤᠨ ᠲᠠᠯ᠎ᠠ᠎ᠶᠢᠨ ᠵᠥᠪᠯᠡᠭᠴᠢ ᠂ ᠵᠣᠬᠢᠶᠠᠨ ᠪᠠᠢᠭᠤᠯᠤᠨ ᠵᠣᠬᠢᠴᠠᠭᠤᠯᠤᠭᠴᠢ᠂ ᠪᠣᠳᠠᠲᠠᠢ ᠭᠦᠢᠴᠡᠳᠬᠡᠭᠴᠢ᠂ ᠱᠢᠪᠠᠳᠠᠨ ᠪᠠᠢᠴᠠᠭᠠᠭᠴᠢ ᠪᠠᠶ᠋ᠢᠭᠤᠯᠤᠮᠵᠢ ᠮᠥᠨ᠂ ᠲᠡᠷᠡ᠎ᠨᠢ ᠪᠠᠶ᠋ᠢᠳᠠᠯ᠎ᠢ ᠣᠶ᠋ᠢᠯᠠᠭᠠᠬᠤ᠂ ᠲᠥᠷᠦ᠎ᠶᠢᠨ ᠪᠣᠳᠤᠯᠭ᠎ᠠ᠎ᠶᠢ ᠡᠵᠡᠮᠰᠢᠬᠦ᠌᠂ ᠬᠠᠷᠢᠴᠠᠭ᠎ᠠ᠎ᠶᠢ ᠵᠣᠬᠢᠴᠠᠭᠤᠯᠬᠤ᠂ ᠠᠵᠢᠯᠲᠠᠨ᠎ᠤ ᠶᠠᠪᠤᠳᠠᠯ᠎ᠢ ᠲᠣᠬᠢᠷᠠᠭᠤᠯᠬᠤ᠂ ᠬᠠᠮᠲᠤ᠎ᠶᠢᠨ ᠲᠠᠨᠢᠯᠲᠠ᠎ᠶᠢ ᠨᠡᠮᠡᠭᠳᠡᠭᠦᠯᠬᠦ᠌᠂ ᠪᠦᠯᠬᠦᠮᠳᠡᠯ᠎ᠢ ᠴᠢᠩᠭᠠᠳᠭᠠᠬᠤ ᠵᠡᠷᠭᠡ ᠲᠤᠱᠢᠶᠠᠯ ᠬᠠᠷᠢᠭᠤᠴᠠᠯᠭ᠎ᠠ᠎ᠶᠢ ᠡᠭᠦᠷᠭᠡᠯᠡᠵᠦ ᠪᠠᠶ᠋ᠢᠳᠠᠭ᠂ ᠭᠣᠣᠯᠳᠠᠭᠤ᠄

  (ᠨᠢᠭᠡ) ᠨᠢᠭᠡᠳᠦᠮᠡᠯ ᠹᠷᠤᠨᠲ᠎ᠤᠨ ᠠᠵᠢᠯ᠎ᠤᠨ ᠲᠤᠬᠠᠢ ᠨᠠᠮ᠎ᠤᠨ ᠣᠨᠤᠯ ᠴᠢᠭᠯᠡᠯᠲᠡ ᠲᠥᠷᠦ᠎ᠶᠢᠨ ᠪᠣᠳᠤᠯᠭ᠎ᠠ ᠪᠠ ᠱᠢᠢᠳᠪᠦᠷᠢᠲᠦ ᠪᠣᠳᠤᠯᠭ᠎ᠠ᠎ᠶᠢᠨ ᠪᠠᠶ᠋ᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠶ᠋ᠢᠳᠠᠪᠤᠷᠢᠵᠢᠭᠤᠯᠵᠤ᠂ ᠨᠢᠭᠡᠳᠦᠮᠡᠯ ᠹᠷᠤᠨᠲ᠎ᠤᠨ ᠠᠵᠢᠯ᠎ᠤᠨ ᠲᠥᠷᠦ᠎ᠶᠢᠨ ᠪᠣᠳᠤᠯᠭ᠎ᠠ ᠪᠠ ᠲᠥᠯᠦᠪᠵᠢᠭᠦᠯᠭᠡ᠎ᠶᠢ ᠲᠤᠭᠤᠷᠪᠢᠨ ᠲᠣᠭᠲᠠᠭᠠᠵᠤ᠂ ᠠᠳᠠᠯᠢ ᠱᠠᠲᠤᠨ᠎ᠤ ᠨᠠᠮ᠎ᠤᠨ ᠬᠣᠷᠢᠶᠠᠨ᠎ᠳᠤ ᠨᠢᠭᠡᠳᠦᠮᠡᠯ ᠹᠷᠤᠨᠲ᠎ᠤᠨ ᠠᠵᠢᠯ᠎ᠢ ᠮᠡᠳᠡᠭᠦᠯᠦᠨ ᠵᠢᠭᠠᠪᠤᠷᠢ ᠠᠪᠬᠤ᠎ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃

  (ᠬᠣᠶᠠᠷ) ᠨᠢᠭᠡᠳᠦᠮᠡᠯ ᠹᠷᠤᠨᠲ᠎ᠤᠨ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠬᠤ᠎ᠶᠢ ᠵᠢᠯᠣᠭᠣᠳᠤᠨ᠂ ᠡᠳᠦᠷ ᠲᠤᠲᠤᠮ᠎ᠤᠨ ᠬᠢᠨᠠᠯᠲᠠ ᠪᠠᠶ᠋ᠢᠴᠠᠭᠠᠯᠲᠠ᠎ᠶᠢ  ᠵᠣᠬᠢᠴᠠᠭᠤᠯᠤᠨ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃

  (ᠭᠤᠷᠪᠠ) ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠢ ᠢᠯᠡᠷᠡᠭᠦᠯᠬᠦ᠌᠂ ᠬᠠᠷᠢᠯᠴᠠᠬᠤ ᠪᠠ ᠬᠥᠮᠦᠵᠢᠭᠦᠯᠬᠦ᠎ᠶᠢ ᠬᠠᠷᠢᠭᠤᠴᠠᠵᠤ᠂ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠣᠷ᠎ᠠ᠂ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠦᠨ ᠤᠯᠤᠰ ᠲᠥᠷᠦ᠎ᠶᠢᠨ ᠲᠣᠬᠢᠷᠠᠭᠤᠯᠤᠯᠲᠠ᠎ᠶᠢ ᠰᠠᠶ᠋ᠢᠲᠤᠷ ᠬᠢᠵᠦ᠂ ᠬᠣᠯᠪᠤᠭᠳᠠᠯ ᠪᠦᠬᠦᠢ ᠰᠠᠯᠠᠭ᠎ᠠ ᠮᠥᠴᠢᠷ᠎ᠲᠡᠢ ᠬᠠᠮᠵᠢᠯᠴᠠᠨ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠢ ᠵᠠᠰᠠᠭ᠎ᠤᠨ ᠣᠷᠳᠤᠨ ᠪᠠ ᠱᠢᠭᠦᠨ ᠲᠠᠰᠤᠯᠬᠤ ᠪᠠᠶ᠋ᠢᠭᠤᠯᠭ᠎ᠠ᠂ ᠪᠠᠶ᠋ᠢᠴᠠᠭᠠᠬᠤ ᠪᠠᠶ᠋ᠢᠭᠤᠯᠭ᠎ᠠ ᠵᠡᠷᠭᠡ᠎ᠶᠢᠨ ᠤᠳᠤᠷᠢᠳᠭᠤ ᠲᠤᠱᠢᠶᠠᠯ᠎ᠳᠤ ᠲᠣᠬᠢᠷᠠᠭᠤᠯᠬᠤ ᠠᠵᠢᠯ᠎ᠢ ᠰᠠᠶ᠋ᠢᠲᠤᠷ ᠬᠢᠨ᠎ᠡ᠃

  (ᠳᠥᠷᠪᠡ) ᠠᠷᠠᠳᠴᠢᠯᠠᠭᠰᠠᠨ ᠨᠠᠮ ᠪᠦᠯᠦᠭ᠎ᠲᠡᠢ ᠬᠠᠷᠢᠯᠴᠠᠵᠤ᠂ ᠨᠠᠮ ᠪᠦᠯᠦᠭ᠎ᠦᠨ ᠪᠤᠰᠤ ᠬᠥᠮᠦᠰ᠎ᠦᠨ ᠠᠵᠢᠯ᠎ᠢ ᠲᠦᠷᠦᠭᠦᠯᠡᠨ ᠵᠣᠬᠢᠴᠠᠭᠤᠯᠵᠤ᠂ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ᠎ᠦᠨ ᠪᠤᠰᠤ ᠬᠥᠮᠦᠰ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠦᠢᠯᠡᠳᠦᠯ᠎ᠢᠶ᠋ᠡᠨ ᠪᠠᠳᠠᠷᠠᠭᠤᠯᠬᠤ᠎ᠶᠢ᠎ᠨᠢ ᠳᠡᠮᠵᠢᠵᠦ᠂ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ᠎ᠦᠨ ᠪᠤᠰᠤ ᠬᠥᠮᠦᠰ᠎ᠦᠨ ᠲᠤᠰ ᠪᠡᠶ᠎ᠡ᠎ᠶᠢᠨ ᠪᠠᠶ᠋ᠢᠭᠤᠯᠤᠯᠲᠠ᠎ᠪᠠᠨ ᠴᠢᠩᠭᠠᠳᠭᠠᠬᠤ᠎ᠶᠢ ᠳᠡᠮᠵᠢᠵᠦ ᠬᠠᠪᠰᠤᠷᠤᠨ᠎ᠠ᠃

  (ᠲᠠᠪᠤ᠋) ᠨᠠᠮ᠎ᠤᠨ ᠭᠠᠳᠠᠨᠠᠬᠢ ᠰᠡᠬᠡᠭᠡᠲᠡᠨ᠎ᠦ ᠨᠢᠭᠡᠳᠦᠮᠡᠯ ᠹᠷᠤᠨᠲ᠎ᠤᠨ ᠠᠵᠢᠯ᠎ᠢ ᠥᠷᠨᠢᠭᠦᠯᠦᠨ᠎ᠡ᠃

  (ᠵᠢᠷᠭᠤᠭ᠎ᠠ) ᠦᠨᠳᠦᠰᠦᠲᠡᠨ᠎ᠦ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠵᠤ᠂ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ᠎ᠢ ᠤᠳᠤᠷᠢᠳᠤᠨ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠤᠭᠠᠷ ᠬᠠᠮᠢᠶᠠᠷᠤᠨ᠎ᠠ᠃

  (ᠳᠣᠯᠤᠭ᠎ᠠ) ᠱᠠᠱᠢᠨ ᠰᠤᠷᠲᠠᠬᠤᠨ᠎ᠤ ᠠᠵᠢᠯ᠎ᠢ ᠨᠢᠭᠡᠳᠦᠯᠲᠡᠢ ᠬᠠᠮᠢᠶᠠᠷᠴᠤ᠂ ᠱᠠᠱᠢᠨ ᠰᠤᠷᠲᠠᠬᠤᠨ᠎ᠤ ᠠᠵᠢᠯ᠎ᠤᠨ ᠰᠠᠯᠠᠭ᠎ᠠ ᠮᠥᠴᠢᠷ᠎ᠢ ᠤᠳᠤᠷᠢᠳᠤᠨ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠢ ᠬᠠᠤᠯᠢ ᠶᠣᠰᠤᠭᠠᠷ ᠬᠠᠮᠢᠶᠠᠷᠤᠨ᠎ᠠ᠃

  (ᠨᠠᠢ᠍ᠮᠠ) ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠬᠥᠭᠵᠢᠯᠲᠡ᠎ᠶᠢ ᠵᠣᠷᠢᠭᠵᠢᠭᠤᠯᠤᠨ ᠳᠡᠮᠵᠢᠵᠦ᠂ ᠬᠥᠲᠦᠯᠦᠨ ᠵᠢᠯᠤᠭᠤᠳᠭᠤ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠲᠣᠭᠲᠠᠭᠠᠬᠤ ᠪᠠ ᠨᠠᠶ᠋ᠢᠳᠠᠪᠤᠷᠢᠵᠢᠭᠤᠯᠬᠤ᠎ᠶᠢ ᠠᠬᠢᠭᠤᠯᠬᠤ᠎ᠳᠤ ᠣᠷᠣᠯᠴᠠᠵᠤ᠂ ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢᠯᠠᠯᠲᠠᠳ᠎ᠤᠨ ᠨᠢᠭᠡᠳᠦᠮᠡᠯ ᠹᠷᠤᠨᠲ᠎ᠤᠨ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠥᠷᠨᠢᠭᠦᠯᠦᠨ᠎ᠡ᠃

  (ᠶᠢᠰᠦ) ᠨᠡᠢᠭᠡᠮ᠎ᠦᠨ ᠱᠢᠨ᠎ᠡ ᠳᠠᠪᠬᠤᠷᠭ᠎ᠠ᠎ᠶᠢᠨ ᠬᠥᠮᠦᠰ᠎ᠦᠨ ᠨᠢᠭᠡᠳᠦᠮᠡᠯ ᠹᠷᠤᠨᠲ᠎ᠤᠨ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠥᠷᠨᠢᠭᠦᠯᠦᠨ᠎ᠡ᠃

  (ᠠᠷᠪᠠ) ᠬᠣᠯᠪᠤᠭᠳᠠᠯ ᠪᠦᠬᠦᠢ ᠰᠠᠯᠠᠭ᠎ᠠ ᠮᠥᠴᠢᠷ᠎ᠲᠡᠢ ᠬᠠᠮᠲᠤᠷᠠᠨ ᠱᠢᠶᠠᠩᠭᠠᠩ ᠣᠣᠮᠧᠨ᠎ᠦ ᠨᠢᠭᠡᠳᠦᠮᠡᠯ ᠹᠷᠤᠨᠲ᠎ᠤᠨ ᠠᠵᠢᠯ᠎ᠢ ᠥᠷᠨᠢᠭᠦᠯᠵᠦ᠂ ᠲᠠᠶ᠋ᠢᠸᠠᠨ᠎ᠤ ᠲᠤᠬᠠᠢ ᠨᠢᠭᠡᠳᠦᠮᠡᠯ ᠹᠷᠤᠨᠲ᠎ᠤᠨ ᠠᠵᠢᠯ᠎ᠢ ᠥᠷᠨᠢᠭᠦᠯᠦᠨ᠎ᠡ᠃

  (ᠠᠷᠪᠠᠨ ᠨᠢᠭᠡ) ᠭᠠᠳᠠᠭᠠᠳᠤ᠎ᠳᠠᠬᠢ ᠨᠢᠭᠡᠳᠦᠮᠡᠯ ᠹᠷᠤᠨᠲ᠎ᠤᠨ ᠠᠵᠢᠯ᠎ᠢ ᠨᠢᠭᠡᠳᠦᠯᠲᠡᠢ ᠤᠳᠤᠷᠢᠳᠴᠤ᠂ ᠬᠠᠷᠢᠶᠠᠲᠤ ᠨᠠᠷ᠎ᠤᠨ ᠲᠤᠬᠠᠢ ᠠᠵᠢᠯ᠎ᠢ ᠨᠢᠭᠡᠳᠦᠯᠲᠡᠢ ᠬᠠᠮᠢᠶᠠᠷᠴᠤ᠂ ᠬᠣᠯᠪᠤᠭᠳᠠᠯ ᠪᠦᠬᠦᠢ ᠰᠠᠯᠠᠭ᠎ᠠ ᠮᠥᠴᠢᠷ ᠪᠠ ᠨᠡᠢᠭᠡᠮ᠎ᠦᠨ ᠪᠦᠯᠬᠦᠮ᠎ᠦᠨ ᠬᠠᠷᠢᠶᠠᠲᠤ ᠨᠠᠷ᠎ᠲᠠᠢ ᠬᠣᠯᠪᠤᠭᠳᠠᠬᠤ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠤᠨ᠎ᠠ᠃

  (ᠠᠷᠪᠠᠨ ᠬᠣᠶᠠᠷ) ᠨᠢᠭᠡᠳᠦᠮᠡᠯ ᠹᠷᠤᠨᠲ᠎ᠤᠨ ᠬᠦᠷᠢᠶᠡᠨ᠎ᠦ ᠬᠠᠤᠯᠢ᠎ᠪᠠᠷ ᠵᠠᠰᠠᠬᠤ ᠪᠠᠶ᠋ᠢᠭᠤᠯᠤᠯᠲᠠ᠎ᠶᠢ ᠵᠣᠬᠢᠴᠠᠭᠤᠯᠤᠨ ᠠᠬᠢᠭᠤᠯᠤᠨ᠎ᠠ᠃

  (ᠠᠷᠪᠠᠨ ᠭᠤᠷᠪᠠ) ᠨᠢᠭᠡᠳᠦᠮᠡᠯ ᠹᠷᠤᠨᠲ᠎ᠤᠨ ᠠᠵᠢᠯ᠎ᠤᠨ ᠳᠤᠮᠳᠠ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠶ᠋ᠢᠳᠠᠪᠤᠷᠢᠵᠢᠭᠤᠯᠵᠤ᠂ ᠨᠢᠭᠡᠳᠦᠮᠡᠯ ᠹᠷᠤᠨᠲ᠎ᠤᠨ ᠤᠬᠠᠭᠤᠯᠭ᠎ᠠ᠎ᠶᠢᠨ ᠠᠵᠢᠯ᠎ᠢ ᠬᠠᠷᠢᠭᠤᠴᠠᠨ ᠥᠷᠨᠢᠭᠦᠯᠦᠨ᠎ᠡ᠃

  (ᠠᠷᠪᠠᠨ ᠳᠥᠷᠪᠡ) ᠳᠣᠤᠷᠠᠲᠤ ᠱᠠᠲᠤᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠤᠨᠲ᠎ᠤᠨ ᠠᠵᠢᠯ᠎ᠢ ᠵᠢᠯᠣᠭᠣᠳᠴᠤ᠂ ᠳᠣᠤᠷᠠᠲᠤ ᠨᠢᠭᠡ ᠱᠠᠲᠤᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠤᠨᠲ᠎ᠤᠨ ᠬᠡᠯᠲᠡᠰ᠎ᠦᠨ ᠳᠠᠷᠤᠭ᠎ᠠ᠎ᠶᠢ ᠬᠠᠪᠰᠤᠷᠤᠨ ᠬᠠᠮᠢᠶᠠᠷᠤᠨ᠎ᠠ; ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠎ᠦᠨ ᠨᠢᠭᠡᠳᠦᠮᠡᠯ ᠹᠷᠤᠨᠲ᠎ᠤᠨ ᠠᠵᠢᠯ᠎ᠢ ᠵᠣᠬᠢᠴᠠᠭᠤᠯᠵᠤ᠂ ᠦᠨᠳᠦᠰᠦᠲᠡᠨ᠂ ᠱᠠᠱᠢᠨ ᠰᠤᠷᠲᠠᠬᠤᠨ ᠵᠡᠷᠭᠡ ᠠᠵᠢᠯ᠎ᠤᠨ ᠰᠠᠯᠠᠭ᠎ᠠ ᠮᠥᠴᠢᠷ᠎ᠦᠨ ᠤᠳᠤᠷᠢᠳᠭᠤ ᠪᠠᠭ᠎ᠤᠨ ᠪᠦᠷᠢᠯᠳᠦᠬᠦᠨ᠎ᠢ ᠲᠠᠨᠢᠯᠴᠠᠭᠤᠯᠬᠤ ᠠᠵᠢᠯ᠎ᠢ ᠰᠠᠶ᠋ᠢᠲᠤᠷ ᠬᠠᠮᠵᠢᠨ ᠬᠢᠨ᠎ᠡ; ᠤᠯᠤᠰ ᠲᠥᠷᠦ᠎ᠶᠢᠨ ᠵᠥᠪᠯᠡᠯᠭᠡᠨ᠎ᠦ ᠵᠣᠬᠢᠶᠠᠨ ᠪᠠᠶ᠋ᠢᠭᠤᠯᠤᠯᠲᠠ᠎ᠯᠤᠭ᠎ᠠ᠎ᠶᠢᠨ ᠨᠡᠪᠲᠡᠷᠡᠯᠴᠡᠭᠡ ᠵᠣᠬᠢᠴᠠᠭᠤᠯᠭ᠎ᠠ ᠬᠠᠮᠵᠢᠯᠴᠠᠭ᠎ᠠ᠎ᠶᠢ ᠴᠢᠩᠭᠠᠳᠭᠠᠨ᠎ᠠ; ᠵᠥᠪᠳᠡᠭᠴᠢ᠎ᠶᠢᠨ ᠲᠠᠰᠤᠭ᠂ ᠰᠣᠶᠤᠯ ᠲᠡᠦᠬᠡ ᠰᠤᠳᠤᠯᠬᠤ ᠣᠷᠳᠤᠨ᠎ᠳᠠᠬᠢ ᠠᠵᠢᠯ᠎ᠤᠨ ᠵᠢᠯᠤᠭᠤᠳᠤᠯᠭ᠎ᠠ᠎ᠶᠢ ᠴᠢᠩᠭᠠᠳᠭᠠᠨ᠎ᠠ; ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠎ᠶᠢᠨ ᠨᠠᠮ᠎ᠤᠨ ᠤᠳᠤᠷᠢᠳᠭᠤ ᠳᠤᠭᠤᠶ᠋ᠢᠯᠠᠩ᠎ᠢ ᠤᠳᠤᠷᠢᠳᠴᠤ᠂ ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠎ᠶᠢᠨ ᠠᠵᠢᠯ᠎ᠢ ᠵᠢᠯᠤᠭᠤᠳᠤᠨ᠎ᠠ; ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢ ᠵᠢᠯᠤᠭᠤᠳᠤᠨ ᠬᠠᠮᠢᠶᠠᠷᠤᠨ᠎ᠠ; ᠨᠢᠭᠡᠳᠦᠮᠡᠯ ᠹᠷᠤᠨᠲ᠎ᠤᠨ ᠬᠣᠯᠪᠤᠭᠳᠠᠯ ᠪᠦᠬᠦᠢ ᠨᠢᠭᠡᠴᠢ ᠪᠠ ᠪᠦᠯᠬᠦᠮ᠎ᠦᠨ ᠬᠠᠮᠢᠶᠠᠷᠤᠯᠲᠠ᠎ᠶᠢᠨ ᠠᠵᠢᠯ᠎ᠢ ᠰᠠᠶ᠋ᠢᠲᠤᠷ ᠬᠢᠨ᠎ᠡ᠃

  (ᠠᠷᠪᠠᠨ ᠲᠠᠪᠤ) ᠠᠳᠠᠯᠢ ᠱᠠᠲᠤᠨ᠎ᠤ ᠨᠠᠮ᠎ᠤᠨ ᠬᠣᠷᠢᠶ᠎ᠠ ᠪᠠ ᠳᠡᠭᠡᠳᠦ ᠱᠠᠲᠤᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠤᠨᠲ᠎ᠤᠨ ᠬᠡᠯᠲᠡᠰ᠎ᠡᠴᠡ ᠳᠠᠭᠠᠭᠠᠯᠭᠠᠭᠰᠠᠨ ᠪᠤᠰᠤᠳ ᠡᠭᠦᠷᠭᠡ᠎ᠶᠢ ᠪᠡᠶᠡᠯᠡᠭᠦᠯᠦᠨ᠎ᠡ᠃

  ᠠᠷᠪᠠᠳᠤᠭᠠᠷ ᠵᠦᠢᠯ  ᠨᠢᠭᠡᠳᠦᠮᠡᠯ ᠹᠷᠤᠨᠲ᠎ᠤᠨ ᠠᠵᠢᠯ᠎ᠤᠨ ᠡᠭᠦᠷᠭᠡ ᠬᠦᠨᠳᠦ ᠪᠠᠶ᠋ᠢᠭ᠎ᠠ ᠨᠠᠮ᠎ᠤᠨ ᠲᠥᠪ ᠬᠣᠷᠢᠶ᠎ᠠ ᠵᠢᠴᠢ ᠮᠣᠵᠢ᠂ ᠬᠣᠲᠠ ᠬᠣᠶᠠᠷ ᠱᠠᠲᠤᠨ᠎ᠤ ᠨᠠᠮ᠎ᠤᠨ ᠬᠣᠷᠢᠶᠠᠨ᠎ᠠᠴᠠ ᠲᠣᠮᠢᠯᠠᠭᠰᠠᠨ ᠪᠠᠶ᠋ᠢᠭᠤᠯᠭ᠎ᠠ᠎ᠳᠤ ᠨᠢᠭᠡᠳᠦᠮᠡᠯ ᠹᠷᠤᠨᠲ᠎ᠤᠨ ᠠᠵᠢᠯ᠎ᠤᠨ ᠪᠠᠶ᠋ᠢᠭᠤᠯᠤᠮᠵᠢ᠎ᠶᠢ ᠭᠠᠷᠭᠠᠨ᠎ᠠ᠃ ᠱᠢᠶᠠᠩ (ᠪᠠᠯᠭᠠᠰᠤ᠂ ᠵᠡᠭᠡᠯᠢ ᠭᠤᠳᠤᠮᠵᠢ)᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠨᠢᠭᠡᠳᠦᠮᠡᠯ ᠹᠷᠤᠨᠲ᠎ᠤᠨ ᠠᠵᠢᠯ᠎ᠢ ᠬᠠᠷᠢᠭᠤᠴᠠᠬᠤ ᠠᠵᠢᠯᠲᠠᠨ᠎ᠲᠠᠢ ᠪᠠᠶ᠋ᠢᠬᠤ ᠬᠡᠷᠡᠭᠲᠡᠢ᠂ ᠡᠭᠦᠨ᠎ᠳᠦ ᠨᠢᠭᠡᠳᠦᠮᠡᠯ ᠹᠷᠤᠨᠲ᠎ᠤᠨ ᠠᠵᠢᠯ᠎ᠤᠨ ᠡᠭᠦᠷᠭᠡ ᠬᠦᠨᠳᠦ ᠪᠠᠢᠭ᠎ᠠ᠎ᠳᠤ᠎ᠨᠢ ᠲᠤᠰᠭᠠᠢ ᠬᠥᠮᠦᠨ᠎ᠢ ᠲᠣᠭᠲᠠᠭᠠᠵᠤ ᠬᠠᠷᠢᠭᠤᠴᠠᠭᠤᠯᠤᠨ᠎ᠠ᠃ ᠬᠣᠯᠪᠤᠭᠳᠠᠯ ᠪᠦᠬᠦᠢ ᠠᠷᠠᠳ᠎ᠤᠨ ᠪᠦᠯᠬᠦᠮ᠎ᠨᠢ ᠬᠠᠮᠢᠶ᠎ᠠ ᠪᠦᠬᠦᠢ ᠪᠠᠶ᠋ᠢᠭᠤᠯᠤᠮᠵᠢ᠎ᠶᠢ ᠲᠣᠳᠤᠷᠬᠠᠢ ᠲᠣᠭᠲᠠᠭᠠᠨ ᠨᠢᠭᠡᠳᠦᠮᠡᠯ ᠹᠷᠤᠨᠲ᠎ᠤᠨ ᠠᠵᠢᠯ᠎ᠢ ᠬᠠᠷᠢᠭᠤᠴᠠᠭᠤᠯᠤᠨ᠎ᠠ᠃ ᠨᠢᠭᠡᠳᠦᠮᠡᠯ ᠹᠷᠤᠨᠲ᠎ᠤᠨ ᠠᠵᠢᠯ᠎ᠤᠨ ᠡᠭᠦᠷᠭᠡ ᠬᠦᠨᠳᠦ ᠪᠠᠶ᠋ᠢᠭ᠎ᠠ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠨᠠᠮ᠎ᠤᠨ ᠬᠣᠷᠢᠶ᠎ᠠ᠎ᠳᠤ ᠨᠢᠭᠡᠳᠦᠮᠡᠯ ᠹᠷᠤᠨᠲ᠎ᠤᠨ ᠠᠵᠢᠯ᠎ᠤᠨ ᠪᠠᠶ᠋ᠢᠭᠤᠯᠤᠮᠵᠢ᠎ᠶᠢ ᠭᠠᠷᠭᠠᠵᠤ᠂ ᠪᠤᠰᠤᠳ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠨᠠᠮ᠎ᠤᠨ ᠬᠣᠷᠢᠶ᠎ᠠ᠎ᠨᠢ ᠨᠢᠭᠡᠳᠦᠮᠡᠯ ᠹᠷᠤᠨᠲ᠎ᠲᠠᠢ ᠬᠠᠷᠠᠭᠠᠯᠵᠠᠭᠰᠠᠨ ᠪᠠᠶ᠋ᠢᠭᠤᠯᠤᠮᠵᠢ᠎ᠶᠢ ᠲᠣᠳᠤᠷᠬᠠᠢ ᠲᠣᠭᠲᠠᠭᠠᠵᠤ᠂  ᠨᠢᠭᠡᠳᠦᠮᠡᠯ ᠹᠷᠤᠨᠲ᠎ᠤᠨ ᠠᠵᠢᠯ᠎ᠢ ᠬᠠᠷᠢᠭᠤᠴᠠᠭᠤᠯᠬᠤ ᠬᠡᠷᠡᠭᠲᠡᠢ᠃

  ᠨᠢᠭᠡᠳᠦᠮᠡᠯ ᠹᠷᠤᠨᠲ᠎ᠤᠨ ᠠᠵᠢᠯ᠎ᠤᠨ ᠡᠭᠦᠷᠭᠡ ᠬᠦᠨᠳᠦ ᠪᠠᠶ᠋ᠢᠭ᠎ᠠ ᠲᠣᠮᠤ ᠬᠡᠯᠪᠡᠷᠢ᠎ᠶᠢᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠶ᠋ᠢᠯᠠᠩ)᠎ᠨᠢ ᠨᠢᠭᠡᠳᠦᠮᠡᠯ ᠹᠷᠤᠨᠲ᠎ᠤᠨ ᠪᠠᠶ᠋ᠢᠭᠤᠯᠤᠮᠵᠢ ᠪᠠ ᠠᠵᠢᠯᠲᠠᠨ᠎ᠢ ᠲᠣᠳᠤᠷᠬᠠᠢ ᠲᠣᠭᠲᠠᠭᠠᠵᠤ ᠨᠢᠭᠡᠳᠦᠮᠡᠯ ᠹᠷᠤᠨᠲ᠎ᠤᠨ ᠠᠵᠢᠯ᠎ᠢ ᠬᠠᠷᠢᠭᠤᠴᠠᠭᠤᠯᠤᠨ᠎ᠠ᠃ ᠨᠢᠭᠡᠳᠦᠮᠡᠯ ᠹᠷᠤᠨᠲ᠎ᠤᠨ ᠠᠵᠢᠯ᠎ᠤᠨ ᠡᠭᠦᠷᠭᠡ ᠬᠦᠨᠳᠦ ᠪᠠᠢᠭ᠎ᠠ ᠪᠤᠰᠤᠳ ᠨᠢᠭᠡᠴᠢ᠎ᠶᠢᠨ ᠨᠠᠮ᠎ᠤᠨ ᠤᠳᠤᠷᠢᠳᠭᠤ ᠳᠤᠭᠤᠶ᠋ᠢᠯᠠᠩ (ᠨᠠᠮ᠎ᠤᠨ ᠬᠣᠷᠢᠶ᠎ᠠ)᠎ᠨᠢ ᠨᠢᠭᠡᠳᠦᠮᠡᠯ ᠹᠷᠤᠨᠲ᠎ᠤᠨ ᠬᠣᠯᠪᠤᠭᠳᠠᠯ ᠪᠦᠬᠦᠢ ᠪᠠᠶ᠋ᠢᠭᠤᠯᠤᠮᠵᠢ᠎ᠶᠢ ᠲᠣᠳᠤᠷᠬᠠᠢ ᠲᠣᠭᠲᠠᠭᠠᠵᠤ ᠨᠢᠭᠡᠳᠦᠮᠡᠯ ᠹᠷᠤᠨᠲ᠎ᠤᠨ ᠠᠵᠢᠯ᠎ᠢ  ᠬᠠᠷᠢᠭᠤᠴᠠᠭᠤᠯᠤᠨ᠎ᠠ᠃

  ᠠᠷᠪᠠᠨ ᠨᠢᠭᠡᠳᠦᠭᠡᠷ ᠵᠦᠢᠯ  ᠮᠣᠵᠢ᠂ ᠬᠣᠲᠠ ᠬᠣᠶᠠᠷ ᠱᠠᠲᠤᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠤᠨᠲ᠎ᠤᠨ ᠬᠡᠯᠲᠡᠰ᠎ᠦᠨ ᠳᠠᠷᠤᠭ᠎ᠠ᠎ᠶᠢ ᠡᠩ᠎ᠦᠨ ᠪᠠᠶ᠋ᠢᠳᠠᠯ᠎ᠳᠤ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠪᠠᠶ᠋ᠢᠩᠭᠤ᠎ᠶᠢᠨ ᠭᠡᠱᠢᠭᠦᠨ ᠡᠭᠦᠷᠭᠡᠯᠡᠨ᠎ᠡ᠂ ᠱᠢᠶᠠᠨ᠎ᠤ ᠱᠠᠲᠤᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠤᠨᠲ᠎ᠤᠨ ᠬᠡᠯᠲᠡᠰ᠎ᠦᠨ ᠳᠠᠷᠤᠭ᠎ᠠ᠎ᠶᠢ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠪᠠᠶ᠋ᠢᠩᠭᠤ᠎ᠶᠢᠨ ᠭᠡᠱᠢᠭᠦᠨ ᠡᠭᠦᠷᠭᠡᠯᠡᠬᠦ ᠪᠤᠶᠤ ᠬᠠᠪᠰᠤᠷᠭᠠᠨ ᠡᠭᠦᠷᠭᠡᠯᠡᠨ᠎ᠡ᠂ ᠡᠳᠦᠷ ᠲᠤᠲᠤᠮ᠎ᠤᠨ ᠠᠵᠢᠯ᠎ᠢ ᠬᠤᠪᠢᠲᠠᠨ ᠬᠠᠮᠢᠶᠠᠷᠴᠤ ᠪᠠᠶ᠋ᠢᠭ᠎ᠠ ᠬᠡᠯᠲᠡᠰ᠎ᠦᠨ ᠳᠡᠳ᠋ ᠳᠠᠷᠤᠭ᠎ᠠ᠎ᠶᠢᠨ ᠲᠤᠱᠢᠶᠠᠯ᠎ᠳᠤ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠰᠠᠯᠠᠭ᠎ᠠ ᠮᠥᠴᠢᠷ᠎ᠦᠨ ᠵᠢᠩᠬᠢᠨᠢ ᠲᠤᠱᠢᠶᠠᠯ᠎ᠲᠠᠢ ᠤᠳᠤᠷᠢᠳᠭᠤ ᠺᠠᠳ᠋ᠷ᠎ᠢ ᠲᠣᠬᠢᠷᠠᠭᠤᠯᠤᠨ᠎ᠠ᠃ ᠦᠨᠳᠦᠰᠦᠲᠡᠨ᠂ ᠱᠠᠱᠢᠨ ᠰᠤᠷᠲᠠᠬᠤᠨ᠎ᠤ ᠠᠵᠢᠯ᠎ᠤᠨ ᠰᠠᠯᠠᠭ᠎ᠠ ᠮᠥᠴᠢᠷ᠎ᠦᠨ ᠭᠣᠤᠯ ᠬᠠᠷᠢᠭᠤᠴᠠᠯᠭᠠᠲᠠᠨ᠎ᠤ ᠨᠥᠬᠦᠴᠡᠯ᠎ᠨᠢ ᠪᠦᠷᠢᠯᠳᠦᠭᠰᠡᠨ ᠪᠠᠢᠪᠠᠯ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠤᠨᠲ᠎ᠤᠨ ᠬᠡᠯᠲᠡᠰ᠎ᠦᠨ ᠳᠡᠳ᠋ ᠳᠠᠷᠤᠭ᠎ᠠ᠎ᠶᠢᠨ ᠲᠤᠱᠢᠶᠠᠯ᠎ᠢ ᠡᠭᠦᠷᠭᠡᠯᠡᠵᠦ ᠪᠣᠯᠤᠨ᠎ᠠ᠃ ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠎ᠶᠢᠨ ᠲᠤᠱᠢᠶᠠᠯ᠎ᠢ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠤᠨᠲ᠎ᠤᠨ ᠬᠡᠯᠲᠡᠰ᠎ᠦᠨ ᠳᠡᠳ᠋ ᠳᠠᠷᠤᠭ᠎ᠠ ᠡᠭᠦᠷᠭᠡᠯᠡᠨ᠎ᠡ᠃ ᠶᠡᠬᠡ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠨᠢᠭᠡᠳᠦᠮᠡᠯ ᠹᠷᠤᠨᠲ᠎ᠤᠨ ᠬᠡᠯᠲᠡᠰ᠎ᠦᠨ ᠳᠠᠷᠤᠭ᠎ᠠ᠎ᠶᠢᠨ ᠲᠤᠱᠢᠶᠠᠯ᠎ᠢ ᠨᠠᠮ᠎ᠤᠨ ᠬᠣᠷᠢᠶᠠᠨ᠎ᠤ ᠪᠠᠶ᠋ᠢᠩᠭᠤ᠎ᠶᠢᠨ ᠭᠡᠱᠢᠭᠦᠨ ᠡᠰᠡᠬᠦᠯ᠎ᠡ ᠪᠠᠶ᠋ᠢᠩᠭᠤ᠎ᠶᠢᠨ ᠬᠣᠷᠢᠶ᠎ᠠ ᠪᠠᠢᠭᠤᠯᠤᠭᠰᠠᠨ᠎ᠦᠭᠡᠢ ᠨᠠᠮ᠎ᠤᠨ ᠬᠣᠷᠢᠶ᠎ᠠ᠎ᠨᠢ ᠨᠠᠮ᠎ᠤᠨ ᠬᠣᠷᠢᠶᠠᠨ᠎ᠤ ᠭᠡᠰᠢᠭᠦᠨ᠎ᠢᠶᠠᠷ ᠲᠤᠱᠢᠶᠠᠯ᠎ᠢ ᠡᠭᠦᠷᠭᠡᠯᠡᠭᠦᠯᠦᠨ᠎ᠡ᠃

 

    ᠭᠤᠷᠪᠠᠳᠤᠭᠠᠷ ᠪᠦᠯᠦᠭ  ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ᠎ᠦᠨ ᠪᠤᠰᠤ ᠬᠥᠮᠦᠰ᠎ᠦᠨ ᠠᠵᠢᠯ

 

  ᠠᠷᠪᠠᠨ ᠬᠣᠶᠠᠳᠤᠭᠠᠷ ᠵᠦᠢᠯ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠦ᠎ᠶᠢᠨ ᠵᠥᠪᠯᠡᠯᠭᠡ ᠬᠢᠬᠦ ᠪᠠᠶ᠋ᠢᠭᠤᠯᠤᠯ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠱᠢᠨ᠎ᠡ ᠬᠡᠯᠪᠡᠷᠢ᠎ᠶᠢᠨ ᠲᠥᠷᠦ᠎ᠶᠢᠨ ᠨᠠᠮ᠎ᠤᠨ ᠪᠠᠶ᠋ᠢᠭᠤᠯᠤᠯ ᠮᠥᠨ᠂ ᠮᠦᠨ᠎ᠴᠦ ᠮᠠᠨ᠎ᠤ ᠤᠯᠤᠰ᠎ᠤᠨ ᠤᠯᠤᠰ ᠲᠥᠷᠦ᠎ᠶᠢᠨ ᠨᠢᠭᠡᠨ ᠦᠨᠳᠦᠰᠦᠨ ᠪᠠᠶ᠋ᠢᠭᠤᠯᠤᠯ ᠮᠥᠨ᠃ ᠲᠡᠷᠡ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠯ᠎ᠡ ᠠᠷᠠᠳᠴᠢᠯᠠᠭᠰᠠᠨ ᠨᠠᠮ ᠪᠦᠯᠦᠭ᠎ᠲᠡᠢ ᠤᠷᠲᠤ ᠬᠤᠭᠤᠴᠠᠭ᠎ᠠ᠎ᠪᠠᠷ ᠵᠡᠷᠭᠡᠴᠡᠨ ᠣᠷᠣᠰᠢᠬᠤ᠂ ᠬᠠᠷᠢᠯᠴᠠᠨ ᠬᠢᠨᠠᠯᠲᠠ ᠲᠠᠯᠪᠢᠬᠤ᠂ ᠦᠨᠡᠨ ᠰᠡᠳᠬᠢᠯ᠎ᠡᠴᠡ᠎ᠪᠡᠨ ᠨᠥᠬᠥᠷᠯᠡᠬᠦ᠌᠂ ᠵᠣᠪᠠᠯ ᠵᠢᠷᠭᠠᠯ᠎ᠢᠶ᠋ᠠᠨ ᠬᠠᠮᠲᠤᠳᠭᠠᠬᠤ ᠦᠨᠳᠦᠰᠦᠨ ᠴᠢᠭᠯᠡᠯᠲᠡ᠎ᠶᠢ ᠬᠡᠷᠡᠭᠵᠢᠭᠦᠯᠦᠨ᠎ᠡ᠃

  ᠠᠷᠠᠳᠴᠢᠯᠠᠭᠰᠠᠨ ᠨᠠᠮ ᠪᠦᠯᠦᠭ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠬᠦᠯᠢᠶᠡᠭᠰᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠲᠠᠢ ᠬᠦᠴᠦ᠎ᠪᠡᠨ ᠬᠠᠮᠲᠤᠳᠭᠠᠨ ᠬᠠᠮᠲᠤᠷᠠᠨ ᠠᠵᠢᠯᠯᠠᠭᠰᠠᠨ ᠳᠣᠲᠤᠨᠤ ᠨᠥᠬᠦᠷᠰᠡᠭ ᠨᠠᠮ ᠮᠥᠨ᠂ ᠲᠡᠷᠡᠴᠢᠯᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠢᠨ ᠵᠥᠪᠯᠡᠭᠴᠢ᠂ ᠰᠠᠢᠨ ᠬᠠᠪᠰᠤᠷᠤᠭᠴᠢ᠂ ᠰᠠᠢᠨ ᠬᠠᠮᠲᠤ ᠠᠵᠢᠯᠯᠠᠭᠴᠢ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠲᠥᠷᠦ᠎ᠶᠢᠨ ᠶᠠᠪᠤᠳᠠᠯ᠎ᠳᠤ ᠣᠷᠤᠯᠴᠠᠭᠴᠢ ᠨᠠᠮ ᠮᠥᠨ᠃

  ᠨᠠᠮ ᠪᠦᠯᠦᠭ᠎ᠦᠨ ᠪᠤᠰᠤ ᠬᠥᠮᠦᠰ ᠭᠡᠳᠡᠭ᠎ᠨᠢ ᠶᠠᠮᠠᠷᠪᠠ ᠲᠥᠷᠦ᠎ᠶᠢᠨ ᠨᠠᠮ᠎ᠳᠤ ᠣᠷᠤᠯᠴᠠᠭᠰᠠᠨ ᠦᠭᠡᠢ᠂ ᠭᠡᠲᠡᠯ᠎ᠡ ᠲᠥᠷᠦ᠎ᠶᠢᠨ ᠶᠠᠪᠤᠳᠠᠯ᠎ᠳᠤ ᠣᠷᠤᠯᠴᠠᠨ ᠵᠠᠰᠠᠭ᠎ᠤᠨ ᠶᠠᠪᠤᠳᠠᠯ᠎ᠢ ᠵᠥᠪᠯᠡᠬᠦ ᠬᠦᠰᠡᠯ ᠡᠷᠡᠮᠡᠯᠵᠡᠯ ᠪᠠ ᠴᠢᠳᠠᠪᠤᠷᠢ᠎ᠲᠠᠢ᠂ ᠨᠡᠢᠭᠡᠮ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠ ᠵᠣᠬᠢᠬᠤ ᠨᠥᠯᠦᠭᠡ᠎ᠲᠡᠢ ᠬᠥᠮᠦᠰ᠎ᠢ ᠵᠢᠭᠠᠵᠤ ᠪᠠᠶ᠋ᠢᠨ᠎ᠠ᠂ ᠲᠡᠭᠦᠨ᠎ᠦ ᠭᠣᠤᠯ ᠴᠣᠭᠴᠠ ᠪᠣᠯ ᠰᠡᠭᠡᠭᠡᠲᠡᠳ ᠪᠣᠯᠤᠨ᠎ᠠ᠃

  ᠠᠷᠠᠳᠴᠢᠯᠠᠭᠰᠠᠨ ᠨᠠᠮ ᠪᠦᠯᠦᠭ᠎ᠦᠨ ᠦᠨᠳᠦᠰᠦᠨ ᠡᠭᠦᠷᠭᠡ ᠲᠤᠱᠢᠶᠠᠯ ᠪᠣᠯ ᠲᠥᠷᠦ᠎ᠶᠢᠨ ᠶᠠᠪᠤᠳᠠᠯ᠎ᠳᠤ ᠣᠷᠤᠯᠴᠠᠨ ᠲᠥᠷᠦ᠎ᠶᠢᠨ ᠶᠠᠪᠤᠳᠠᠯ᠎ᠢ ᠵᠥᠪᠯᠡᠬᠦ᠌᠂ ᠠᠷᠠᠳᠴᠢᠯᠠᠯ᠎ᠢᠶ᠋ᠠᠷ ᠬᠢᠨᠠᠯᠲᠠ ᠲᠠᠯᠪᠢᠬᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠤᠯᠤᠰ ᠲᠥᠷᠦ᠎ᠶᠢᠨ ᠵᠥᠪᠯᠡᠯᠭᠡ᠎ᠳᠦ ᠣᠷᠣᠯᠴᠠᠨ᠎ᠠ᠃ ᠨᠠᠮ ᠪᠦᠯᠦᠭ᠎ᠦᠨ ᠪᠤᠰᠤ ᠬᠥᠮᠦᠰ᠎ᠨᠢ ᠠᠷᠠᠳᠴᠢᠯᠠᠭᠰᠠᠨ ᠨᠠᠮ ᠪᠦᠯᠦᠭ᠎ᠦᠨ ᠡᠭᠦᠷᠭᠡ ᠬᠠᠷᠢᠭᠤᠴᠠᠯᠭ᠎ᠠ᠎ᠪᠠᠷ ᠯᠠᠪᠯᠠᠯᠲᠠ ᠪᠣᠯᠭᠠᠨ ᠡᠭᠦᠷᠭᠡ ᠲᠤᠱᠢᠶᠠᠯ᠎ᠢᠶ᠋ᠠᠨ ᠭᠦᠢᠴᠡᠳᠬᠡᠨ᠎ᠡ᠃

  ᠠᠷᠪᠠᠨ ᠭᠤᠷᠪᠠᠳᠤᠭᠠᠷ ᠵᠦᠢᠯ  ᠲᠥᠷᠦ᠎ᠶᠢᠨ ᠨᠠᠮ᠎ᠤᠨ ᠵᠥᠪᠯᠡᠯᠭᠡ ᠬᠢᠬᠦ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳᠴᠢᠯᠠᠭᠰᠠᠨ ᠨᠠᠮ ᠪᠦᠯᠦᠭ᠎ᠯᠦᠭᠡ᠎ᠶᠢᠨ ᠤᠯᠤᠰ ᠲᠥᠷᠦ᠎ᠶᠢᠨ ᠵᠥᠪᠯᠡᠯᠭᠡ ᠬᠢᠬᠦ ᠶᠠᠪᠤᠳᠠᠯ ᠪᠣᠯᠣᠨ᠎ᠠ᠃ ᠨᠠᠮ ᠪᠦᠯᠦᠭ᠎ᠦᠨ ᠪᠤᠰᠤ ᠬᠥᠮᠦᠰ ᠪᠣᠯ ᠤᠯᠤᠰ ᠲᠥᠷᠦ᠎ᠶᠢᠨ ᠵᠥᠪᠯᠡᠯᠭᠡ᠎ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠲᠡᠳᠡ ᠲᠥᠷᠦ᠎ᠶᠢᠨ ᠨᠠᠮ᠎ᠤᠨ ᠵᠥᠪᠯᠡᠯᠭᠡ᠎ᠳᠦ ᠣᠷᠣᠯᠴᠠᠨ᠎ᠠ᠃ ᠲᠥᠷᠦ᠎ᠶᠢᠨ ᠨᠠᠮ᠎ᠤᠨ ᠵᠥᠪᠯᠡᠯᠭᠡ᠎ᠳᠦ ᠭᠣᠤᠯᠳᠠᠭᠤ ᠳᠣᠤᠷᠠᠬᠢ ᠠᠭᠤᠯᠭ᠎ᠠ ᠪᠠᠭᠲᠠᠨ᠎ᠠ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠤᠯᠤᠰ᠎ᠤᠨ ᠪᠠ ᠣᠷᠤᠨ ᠨᠤᠲᠤᠭ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠂ ᠨᠠᠮ᠎ᠤᠨ ᠲᠥᠪ ᠬᠣᠷᠢᠶ᠎ᠠ ᠪᠠ ᠣᠷᠤᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠬᠣᠯᠪᠤᠭᠳᠠᠯ ᠪᠦᠬᠦᠢ ᠴᠢᠬᠤᠯᠠ ᠪᠢᠴᠢᠭ ᠮᠠᠲᠧᠷᠢᠶᠠᠯ᠎ᠢ ᠲᠣᠭᠲᠠᠭᠠᠬᠤ ᠪᠠ ᠲᠡᠭᠦᠨ᠎ᠳᠦ ᠵᠠᠰᠠᠪᠤᠷᠢ ᠣᠷᠤᠭᠤᠯᠬᠤ; ᠦᠨᠳᠦᠰᠦᠨ ᠬᠠᠤᠯᠢ᠎ᠳᠤ ᠵᠠᠰᠠᠪᠤᠷᠢ ᠣᠷᠤᠭᠤᠯᠬᠤ ᠰᠠᠨᠠᠭᠤᠯᠭ᠎ᠠ᠂ ᠬᠣᠯᠪᠤᠭᠳᠠᠯ ᠪᠦᠬᠦᠢ ᠴᠢᠬᠤᠯᠠ ᠬᠠᠤᠯᠢ ᠴᠠᠭᠠᠵᠠ᠎ᠶᠢ ᠲᠣᠭᠲᠠᠭᠠᠬᠤ ᠪᠠ ᠲᠡᠭᠦᠨ᠎ᠳᠦ ᠵᠠᠰᠠᠪᠤᠷᠢ ᠣᠷᠤᠭᠤᠯᠬᠤ ᠰᠠᠨᠠᠭᠤᠯᠭ᠎ᠠ᠂ ᠣᠷᠤᠨ ᠨᠤᠲᠤᠭ᠎ᠤᠨ ᠴᠢᠨᠠᠷᠲᠠᠢ ᠬᠣᠯᠪᠤᠭᠳᠠᠯ ᠪᠦᠬᠦᠢ ᠴᠢᠬᠤᠯᠠ ᠬᠠᠤᠯᠢ ᠲᠣᠭᠲᠠᠭᠠᠯ᠎ᠢ ᠲᠣᠭᠲᠠᠭᠠᠬᠤ ᠪᠠ ᠲᠡᠭᠦᠨ᠎ᠳᠦ ᠵᠠᠰᠠᠪᠤᠷᠢ ᠣᠷᠤᠭᠤᠯᠬᠤ ᠰᠠᠨᠠᠭᠤᠯᠭ᠎ᠠ ᠭᠠᠷᠭᠠᠬᠤ; ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠦ᠎ᠶᠢᠨ ᠵᠥᠪᠯᠡᠯᠭᠡᠨ᠎ᠦ ᠤᠳᠤᠷᠢᠳᠭᠤ ᠪᠠᠭ᠎ᠤᠨ ᠪᠦᠷᠢᠯᠳᠦᠬᠦᠨ ᠪᠠ ᠬᠢᠨᠠᠨ ᠪᠠᠶ᠋ᠢᠴᠠᠭᠠᠬᠤ ᠵᠥᠪᠯᠡᠯ᠎ᠦᠨ ᠡᠷᠬᠢᠯᠡᠭᠴᠢ᠂ ᠱᠢᠭᠦᠬᠦ ᠬᠣᠷᠢᠶᠠᠨ᠎ᠤ ᠳᠠᠷᠤᠭ᠎ᠠ᠂ ᠪᠠᠶ᠋ᠢᠴᠠᠭᠠᠬᠤ ᠬᠣᠷᠢᠶᠠᠨ᠎ᠤ ᠳᠠᠷᠤᠭ᠎ᠠ᠎ᠪᠠᠷ ᠵᠢᠱᠢᠭᠳᠡᠭᠰᠡᠳ᠎ᠲᠦ ᠰᠠᠨᠠᠭᠤᠯᠭ᠎ᠠ ᠭᠠᠷᠭᠠᠬᠤ; ᠨᠢᠭᠡᠳᠦᠮᠡᠯ ᠹᠷᠤᠨᠲ ᠪᠠ ᠣᠯᠠᠨ ᠨᠠᠮ ᠬᠠᠮᠲᠤᠷᠠᠨ ᠠᠵᠢᠯᠯᠠᠬᠤ᠎ᠳᠤ ᠬᠣᠯᠪᠤᠭᠳᠠᠬᠤ ᠴᠢᠬᠤᠯᠠ ᠶᠡᠬᠡ ᠠᠰᠠᠭᠤᠳᠠᠯ᠎ᠤ᠋ᠳ᠎ᠲᠤ ᠳᠤᠷᠠᠳᠤᠯᠭ᠎ᠠ ᠭᠠᠷᠭᠠᠬᠤ ᠪᠤᠯᠤᠨ᠎ᠠ᠃

  ᠨᠠᠮ᠎ᠤᠨ ᠲᠥᠪ ᠬᠣᠷᠢᠶ᠎ᠠ ᠵᠢᠴᠢ ᠣᠷᠤᠨ ᠨᠤᠲᠤᠭ᠎ᠤᠨ ᠨᠠᠮ᠎ᠤᠨ ᠬᠣᠷᠢᠶᠠᠨ᠎ᠠᠴᠠ ᠲᠣᠭᠲᠠᠭᠠᠭᠰᠠᠨ ᠲᠣᠭᠲᠠᠭᠠᠯ ᠵᠢᠷᠤᠮ᠎ᠤᠨ ᠶᠣᠰᠤᠭᠠᠷ ᠲᠥᠷᠦ᠎ᠶᠢᠨ ᠨᠠᠮ᠎ᠲᠠᠢ ᠵᠥᠪᠯᠡᠯᠭᠡ ᠬᠢᠨ᠎ᠡ᠃

  ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ᠎ᠦᠨ ᠪᠤᠰᠤ ᠬᠥᠮᠦᠰ᠎ᠦᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠵᠥᠪᠯᠡᠯᠭᠡ᠂ ᠵᠠᠰᠠᠭ᠎ᠤᠨ ᠣᠷᠳᠤᠨ᠎ᠤ ᠵᠥᠪᠯᠡᠯᠭᠡ᠂ ᠤᠯᠤᠰ ᠲᠥᠷᠦ᠎ᠶᠢᠨ ᠵᠥᠪᠯᠡᠯᠭᠡᠨ᠎ᠦ ᠵᠥᠪᠯᠡᠯᠭᠡ ᠵᠢᠴᠢ ᠪᠤᠰᠤᠳ ᠲᠠᠯ᠎ᠠ᠎ᠶᠢᠨ ᠵᠥᠪᠯᠡᠯᠭᠡ᠎ᠳᠦ ᠣᠷᠤᠯᠴᠠᠬᠤ᠎ᠶᠢ ᠳᠡᠮᠵᠢᠨ᠎ᠡ᠃

  ᠠᠷᠪᠠᠨ ᠳᠥᠷᠪᠡᠳᠦᠭᠡᠷ ᠵᠦᠢᠯ  ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ᠎ᠦᠨ ᠪᠤᠰᠤ ᠬᠥᠮᠦᠰ᠎ᠦᠨ ᠲᠥᠷᠦ᠎ᠶᠢᠨ ᠶᠠᠪᠤᠳᠠᠯ᠎ᠳᠤ ᠣᠷᠤᠯᠴᠠᠬᠤ᠎ᠶᠢ ᠳᠡᠮᠵᠢᠬᠦ ᠭᠣᠤᠯ ᠠᠭᠤᠯᠭ᠎ᠠ ᠪᠣᠯ᠄ ᠲᠥᠷᠦ᠎ᠶᠢᠨ ᠵᠠᠰᠠᠭ᠎ᠤᠨ ᠡᠷᠬᠡ᠎ᠳᠦ ᠣᠷᠣᠯᠴᠠᠵᠤ᠂ ᠴᠢᠬᠤᠯᠠ ᠴᠢᠭᠯᠡᠯᠲᠡ ᠲᠥᠷᠦ᠎ᠶᠢᠨ ᠪᠣᠳᠣᠯᠭ᠎ᠠ᠂ ᠴᠢᠬᠤᠯᠠ ᠤᠳᠤᠷᠢᠳᠭᠤ ᠬᠥᠮᠦᠰ᠎ᠦᠨ ᠵᠢᠱᠢᠭᠳᠡᠭᠴᠢ᠎ᠶᠢ ᠵᠥᠪᠯᠡᠬᠦ ᠪᠠ ᠲᠥᠷᠦ᠎ᠶᠢᠨ ᠬᠡᠷᠡᠭ ᠶᠠᠪᠤᠳᠠᠯ᠎ᠤᠨ ᠬᠠᠮᠢᠶᠠᠷᠤᠯᠲᠠ᠎ᠳᠤ ᠣᠷᠣᠯᠴᠠᠨ᠂ ᠤᠯᠤᠰ᠎ᠤᠨ ᠴᠢᠭᠯᠡᠯᠲᠡ ᠲᠥᠷᠦ᠎ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠎ᠢ ᠲᠣᠭᠲᠠᠭᠠᠬᠤ ᠪᠠ ᠬᠡᠷᠡᠭᠵᠢᠭᠦᠯᠬᠦ᠎ᠳᠦ ᠣᠷᠣᠯᠴᠠᠨ᠎ᠠ᠃

  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠳᠤᠷᠢᠳᠭᠤ ᠨᠥᠬᠦᠳ᠎ᠦᠨ ᠤᠯᠤᠰ᠎ᠤᠨ ᠳᠣᠲᠤᠭᠠᠳᠤ᠎ᠳᠤ ᠱᠢᠨᠵᠢᠯᠡᠨ ᠪᠠᠶ᠋ᠢᠴᠠᠭᠠᠵᠤ ᠪᠠᠶ᠋ᠢᠴᠠᠭᠠᠨ ᠰᠤᠳᠤᠯᠤᠯᠲᠠ ᠬᠢᠬᠦ ᠪᠠ ᠴᠢᠬᠤᠯᠠ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠶᠢᠨ ᠨᠢᠭᠡᠳᠦᠯᠲᠡᠢ ᠲᠣᠬᠢᠷᠠᠭᠤᠯᠤᠯᠲᠠ ᠪᠠ ᠠᠵᠢᠯ᠎ᠤᠨ ᠬᠡᠷᠡᠭᠴᠡᠭᠡ᠎ᠶᠢ ᠦᠨᠳᠦᠰᠦᠯᠡᠨ᠂ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶᠠᠨ᠎ᠤ ᠬᠠᠷᠢᠭᠤᠴᠠᠯᠭᠠᠲᠠᠨ᠂ ᠨᠠᠮ ᠪᠦᠯᠦᠭ᠎ᠦᠨ ᠪᠤᠰᠤ ᠬᠥᠮᠦᠰ᠎ᠢ ᠤᠷᠢᠨ ᠣᠷᠤᠯᠴᠠᠭᠤᠯᠵᠤ ᠪᠣᠯᠤᠨ᠎ᠠ᠃

  ᠠᠷᠪᠠᠨ ᠲᠠᠪᠤᠳᠤᠭᠠᠷ ᠵᠦᠢᠯ  ᠳᠤᠮᠳᠠᠳᠤ ᠤᠯᠤᠰ᠎ᠤᠨ ᠡᠪ ᠬᠠᠮᠲᠤ ᠨᠠᠮ ᠪᠠ ᠡᠯ᠎ᠡ ᠠᠷᠠᠳᠴᠢᠯᠠᠭᠰᠠᠨ ᠨᠠᠮ ᠪᠦᠯᠦᠭ᠎ᠨᠢ ᠬᠣᠭᠤᠷᠤᠨᠳᠤ᠎ᠪᠠᠨ ᠬᠠᠷᠢᠯᠴᠠᠨ ᠬᠢᠨᠠᠯᠲᠠ  ᠲᠠᠯᠪᠢᠬᠤ᠎ᠶᠢ ᠬᠡᠷᠡᠭᠵᠢᠭᠦᠯᠦᠨ᠎ᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠨᠢ ᠤᠳᠤᠷᠢᠳᠭᠤ ᠪᠠ ᠲᠥᠷᠦ ᠪᠠᠷᠢᠬᠤ ᠪᠠᠶ᠋ᠢᠷᠢᠨ᠎ᠳᠤ ᠪᠠᠶ᠋ᠢᠵᠤ᠂ ᠤᠬᠠᠮᠰᠠᠷ᠎ᠠ᠋ᠴᠠ᠎ᠪᠠᠨ ᠠᠷᠠᠳᠴᠢᠯᠠᠭᠰᠠᠨ ᠨᠠᠮ ᠪᠦᠯᠦᠭ᠎ᠦᠨ ᠬᠢᠨᠠᠯᠲᠠ᠎ᠶᠢ ᠬᠦᠯᠢᠶᠡᠨ᠎ᠡ᠃

  ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ᠎ᠦᠨ ᠪᠤᠰᠤ ᠬᠥᠮᠦᠰ᠎ᠦᠨ ᠳᠥᠷᠪᠡᠨ ᠦᠨᠳᠦᠰᠦᠨ ᠵᠠᠷᠴᠢᠮ᠎ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠤᠯᠤᠰ ᠲᠥᠷᠦ᠎ᠶᠢᠨ ᠵᠥᠪᠯᠡᠯᠭᠡ ᠬᠢᠬᠦ᠌᠂ ᠪᠠᠶ᠋ᠢᠴᠠᠭᠠᠨ ᠰᠤᠳᠤᠯᠵᠤ ᠱᠢᠨᠵᠢᠯᠡᠨ ᠪᠠᠶ᠋ᠢᠴᠠᠭᠠᠬᠤ᠂ ᠨᠠᠮ ᠪᠠ ᠤᠯᠤᠰ᠎ᠤᠨ ᠬᠣᠯᠪᠤᠭᠳᠠᠯ ᠪᠦᠬᠦᠢ ᠴᠢᠬᠤᠯᠠ ᠶᠡᠬᠡ ᠴᠢᠭᠯᠡᠯᠲᠡ ᠲᠥᠷᠦ᠎ᠶᠢᠨ ᠪᠣᠳᠣᠯᠭ᠎ᠠ᠂ ᠱᠢᠢᠳᠪᠦᠷᠢᠲᠦ ᠪᠣᠳᠤᠯᠭ᠎ᠠ᠎ᠶᠢᠨ ᠪᠠᠶ᠋ᠢᠷᠢᠯᠠᠭᠤᠯᠤᠯᠲᠠ᠎ᠶᠢ ᠭᠦᠢᠴᠡᠳᠬᠡᠭᠰᠡᠨ ᠪᠠ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭᠠᠬᠤ᠎ᠳᠤ ᠣᠷᠣᠯᠴᠠᠬᠤ᠂ ᠨᠠᠮ᠎ᠤᠨ ᠬᠣᠷᠢᠶᠠᠨ᠎ᠤ ᠨᠠᠶ᠋ᠢᠳᠠᠯᠭ᠎ᠠ᠎ᠪᠠᠷ ᠬᠣᠯᠪᠤᠭᠳᠠᠯ ᠪᠦᠬᠦᠢ ᠴᠢᠬᠤᠯᠠ ᠶᠡᠬᠡ ᠠᠰᠠᠭᠤᠳᠠᠯ᠎ᠳᠤ ᠲᠤᠰᠭᠠᠢ ᠬᠢᠨᠠᠯᠲᠠ ᠲᠠᠯᠪᠢᠬᠤ ᠵᠡᠷᠭᠡ ᠠᠵᠢᠯ᠎ᠤᠨ ᠳᠤᠮᠳᠠ ᠰᠠᠨᠠᠯ᠂ ᠰᠢᠭᠦᠮᠵᠢᠯᠡᠯ᠂ ᠰᠠᠨᠠᠭᠤᠯᠭ᠎ᠠ ᠳᠤᠷᠠᠳᠭᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠠᠷᠠᠳᠴᠢᠯᠠᠯ᠎ᠢᠶ᠋ᠠᠷ ᠬᠢᠨᠠᠯᠲᠠ ᠲᠠᠯᠪᠢᠬᠤ᠎ᠶᠢ ᠳᠡᠮᠵᠢᠨ᠎ᠡ᠃

  ᠠᠷᠪᠠᠨ ᠵᠢᠷᠭᠤᠳᠤᠭᠠᠷ ᠵᠦᠢᠯ  ᠡᠯ᠎ᠡ ᠱᠠᠲᠤᠨ᠎ᠤ ᠨᠠᠮ᠎ᠤᠨ ᠬᠣᠷᠢᠶ᠎ᠠ᠎ᠨᠢ ᠠᠷᠠᠳᠴᠢᠯᠠᠭᠰᠠᠨ ᠨᠠᠮ ᠪᠦᠯᠦᠭ᠎ᠦᠨ ᠬᠢᠨ᠎ᠦ ᠦᠵᠡᠯ ᠰᠠᠨᠠᠭ᠎ᠠ ᠤᠯᠤᠰ ᠲᠥᠷᠦ᠎ᠶᠢᠨ ᠪᠠᠶ᠋ᠢᠭᠤᠯᠤᠯᠲᠠ᠂ ᠵᠣᠬᠢᠶᠠᠨ ᠪᠠᠶ᠋ᠢᠭᠤᠯᠤᠯᠲᠠ᠎ᠶᠢᠨ ᠴᠣᠭᠴᠠᠯᠠᠯᠲᠠ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠶᠢᠨ ᠪᠠᠶ᠋ᠢᠭᠤᠯᠤᠯᠲᠠ᠂ ᠣᠪᠤᠷ ᠰᠤᠷᠲᠠᠯ᠎ᠤᠨ ᠪᠠᠶ᠋ᠢᠭᠤᠯᠤᠯᠲᠠ᠂ ᠳᠦᠷᠢᠮ ᠲᠣᠭᠲᠠᠭᠠᠯ᠎ᠤᠨ ᠪᠠᠶ᠋ᠢᠭᠤᠯᠤᠯᠲᠠ᠎ᠪᠠᠨ ᠴᠢᠩᠭᠠᠳᠭᠠᠬᠤ᠎ᠶᠢ ᠳᠡᠮᠵᠢᠵᠦ᠂ ᠨᠠᠮ ᠪᠦᠯᠦᠭ᠎ᠦᠨ ᠪᠤᠰᠤ ᠬᠥᠮᠦᠰ᠎ᠦᠨ ᠲᠤᠰ ᠪᠡᠶ᠎ᠡ᠎ᠶᠢᠨ ᠪᠠᠶ᠋ᠢᠭᠤᠯᠤᠯᠲᠠ᠎ᠪᠠᠨ ᠴᠢᠩᠭᠠᠳᠭᠠᠬᠤ ᠵᠡᠷᠭᠡ᠎ᠶᠢ ᠳᠡᠮᠵᠢᠬᠦ ᠬᠡᠷᠡᠭᠲᠡᠢ᠃  

  ᠠᠷᠠᠳᠴᠢᠯᠠᠭᠰᠠᠨ ᠨᠠᠮ ᠪᠦᠯᠦᠭ᠎ᠢ ᠬᠠᠪᠰᠤᠷᠴᠤ ᠪᠠᠶ᠋ᠢᠭᠤᠯᠤᠮᠵᠢ᠂ ᠣᠷᠤᠨ ᠲᠣᠭ᠎ᠠ᠂ ᠵᠠᠷᠤᠳᠠᠯ᠂ ᠠᠵᠢᠯᠯᠠᠬᠤ ᠭᠠᠵᠠᠷ᠂ ᠺᠠᠳ᠋ᠷ ᠰᠣᠯᠢᠯᠴᠠᠬᠤ ᠪᠠ ᠲᠤᠱᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠵᠡᠷᠭᠡ ᠲᠠᠯ᠎ᠠ᠎ᠶᠢᠨ ᠠᠰᠠᠭᠤᠳᠠᠯ᠎ᠢ᠎ᠨᠢ ᠱᠢᠢᠳᠪᠦᠷᠢᠯᠡᠵᠦ ᠥᠭᠭᠦᠨ᠎ᠡ᠃ ᠨᠠᠮ ᠪᠦᠯᠦᠭ᠎ᠦᠨ ᠪᠤᠰᠤ ᠬᠥᠮᠦᠰ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠳᠦ ᠴᠢᠬᠤᠯᠠ ᠪᠦᠬᠦᠢ ᠪᠠᠲᠤᠯᠠᠭ᠎ᠠ ᠬᠠᠩᠭᠠᠨ᠎ᠠ᠃

 

    ᠳᠥᠷᠪᠡᠳᠦᠭᠡᠷ ᠪᠦᠯᠦᠭ   ᠨᠠᠮ᠎ᠤᠨ ᠭᠠᠳᠠᠨᠠᠬᠢ ᠰᠡᠬᠡᠭᠡᠲᠡᠨ᠎ᠦ ᠠᠵᠢᠯ

 

  ᠠᠷᠪᠠᠨ ᠳᠣᠯᠤᠳᠤᠭᠠᠷ ᠵᠦᠢᠯ  ᠲᠥᠷᠦ᠎ᠶᠢᠨ ᠪᠠᠶ᠋ᠢᠭᠤᠯᠭ᠎ᠠ ᠪᠠ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ ᠠᠵᠢᠯ ᠦᠢᠯᠡᠰ᠎ᠦᠨ ᠨᠢᠭᠡᠴᠢ᠎ᠶᠢᠨ ᠨᠠᠮ᠎ᠤᠨ ᠭᠠᠳᠠᠨᠠᠬᠢ ᠰᠡᠬᠡᠭᠡᠲᠡᠨ᠎ᠦ ᠠᠵᠢᠯ᠎ᠤᠨ ᠭᠣᠤᠯᠳᠠᠯᠭ᠎ᠠ᠎ᠲᠠᠢ ᠡᠲᠡᠭᠡᠳ ᠪᠣᠯ᠄ ᠵᠣᠬᠢᠬᠤ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠲᠠᠢ ᠨᠠᠮ᠎ᠤᠨ ᠭᠠᠳᠠᠨᠠᠬᠢ ᠰᠡᠬᠡᠭᠡᠲᠡᠨ᠂ ᠡᠷᠳᠡᠮ ᠱᠢᠨᠵᠢᠯᠡᠭᠡᠨ᠎ᠦ ᠳᠠᠭᠠᠭᠤᠯᠤᠭᠴᠢ ᠪᠤᠶᠤ ᠲᠤᠬᠠᠶ᠋ᠢᠯᠠᠭᠰᠠᠨ ᠠᠵᠢᠯ᠎ᠤᠨ ᠴᠢᠬᠤᠯᠠ ᠭᠣᠤᠯᠯᠠᠭᠴᠢ ᠬᠦᠴᠦᠨ᠎ᠦ ᠳᠣᠲᠤᠷᠠᠬᠢ ᠨᠠᠮ᠎ᠤᠨ ᠭᠠᠳᠠᠨᠠᠬᠢ ᠰᠡᠬᠡᠭᠡᠲᠡᠨ᠂ ᠲᠥᠷᠦ᠎ᠶᠢᠨ ᠪᠠᠶ᠋ᠢᠭᠤᠯᠭ᠎ᠠ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠂ ᠤᠯᠤᠰ᠎ᠤᠨ ᠥᠮᠴᠢᠯᠡᠯᠲᠦ ᠲᠣᠮᠤ ᠳᠤᠮᠳᠠ ᠬᠡᠯᠪᠡᠷᠢ᠎ᠶᠢᠨ ᠠᠵᠤ ᠠᠬᠤᠶ᠋ᠢᠯᠠᠯ᠎ᠤᠨ ᠳᠤᠮᠳᠠ ᠳᠡᠰ᠎ᠡᠴᠡ ᠳᠡᠭᠡᠭᠱᠢᠬᠢ ᠤᠳᠤᠷᠢᠳᠭᠤ ᠲᠤᠱᠢᠶᠠᠯ᠎ᠲᠠᠢ ᠨᠠᠮ᠎ᠤᠨ ᠭᠠᠳᠠᠨᠠᠬᠢ ᠰᠡᠬᠡᠭᠡᠲᠡᠨ᠂ ᠠᠮᠵᠢᠯᠲᠠ᠎ᠲᠠᠢ᠂ ᠨᠥᠯᠦᠭᠡ᠎ᠲᠡᠢ ᠨᠠᠮ᠎ᠤᠨ ᠭᠠᠳᠠᠨᠠᠬᠢ ᠪᠤᠰᠤᠳ ᠰᠡᠬᠡᠭᠡᠲᠡᠨ ᠪᠣᠯᠣᠨ᠎ᠠ᠃

  ᠲᠥᠷᠦ᠎ᠶᠢᠨ ᠪᠠᠶ᠋ᠢᠭᠤᠯᠭ᠎ᠠ ᠪᠠ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠠᠵᠢᠯ ᠦᠢᠯᠡᠰ᠎ᠦᠨ ᠨᠢᠭᠡᠴᠢ᠎ᠶᠢᠨ ᠨᠠᠮ᠎ᠤᠨ ᠤᠳᠤᠷᠢᠳᠭᠤ ᠳᠤᠭᠤᠶ᠋ᠢᠯᠠᠩ (ᠨᠠᠮ᠎ᠤᠨ ᠬᠣᠷᠢᠶ᠎ᠠ)᠎ᠨᠢ ᠲᠤᠰ ᠬᠦᠷᠢᠶ᠎ᠡ ᠴᠠᠷᠠᠭ᠎ᠠ ᠲᠤᠰ ᠨᠢᠭᠡᠴᠢ᠎ᠶᠢᠨ᠎ᠢᠶ᠋ᠡᠨ ᠨᠠᠮ᠎ᠤᠨ ᠭᠠᠳᠠᠨᠠᠬᠢ ᠰᠡᠬᠡᠭᠡᠲᠡᠨ᠎ᠦ ᠠᠵᠢᠯ᠎ᠢ ᠬᠠᠷᠢᠭᠤᠴᠠᠵᠤ᠂ ᠦᠵᠡᠯ ᠰᠠᠨᠠᠭᠠᠨ᠎ᠤ ᠵᠢᠯᠤᠭᠤᠳᠤᠯᠭ᠎ᠠ᠎ᠪᠠᠨ ᠴᠢᠩᠭᠠᠳᠬᠠᠨ᠂ ᠦᠢᠯᠡᠳᠦᠯ᠎ᠢᠶ᠋ᠡᠨ ᠪᠠᠳᠠᠷᠠᠭᠤᠯᠬᠤ᠎ᠶᠢ ᠳᠡᠮᠵᠢᠵᠦ᠂ ᠨᠠᠮ᠎ᠤᠨ ᠭᠠᠳᠠᠨᠠᠬᠢ ᠰᠡᠭᠡᠭᠡᠲᠡᠳ᠎ᠢ ᠵᠣᠬᠢᠶᠠᠨ ᠪᠠᠶ᠋ᠢᠭᠤᠯᠵᠤ ᠨᠢᠭᠡᠳᠦᠮᠡᠯ ᠹᠷᠤᠨᠲ᠎ᠤᠨ ᠠᠵᠢᠯ ᠪᠠ ᠠᠵᠢᠯᠯᠠᠭ᠎ᠠ᠎ᠳᠤ ᠣᠷᠣᠯᠴᠠᠭᠤᠯᠤᠨ᠎ᠠ᠃

  ᠠᠷᠪᠠᠨ ᠨᠠᠢ᠍ᠮᠠᠳᠤᠭᠠᠷ ᠵᠦᠢᠯ  ᠥᠷᠭᠡᠨ᠎ᠢᠶ᠋ᠡᠷ ᠪᠦᠯᠬᠦᠮᠳᠡᠬᠦ᠌᠂ ᠬᠠᠯᠠᠭᠤᠮᠰᠤᠭ᠎ᠢᠶ᠋ᠠᠷ ᠦᠢᠯᠡᠴᠢᠯᠡᠬᠦ᠌᠂ ᠢᠳᠡᠪᠬᠢᠲᠡᠢ ᠬᠥᠲᠦᠯᠦᠨ ᠵᠢᠯᠣᠭᠣᠳᠬᠤ᠂ ᠦᠢᠯᠡᠳᠦᠯ᠎ᠢᠶ᠋ᠡᠨ ᠪᠠᠳᠠᠷᠠᠭᠤᠯᠬᠤ ᠴᠢᠭᠯᠡᠯᠲᠡ᠎ᠶᠢ ᠪᠠᠷᠢᠮᠲᠠᠯᠠᠵᠤ᠂ ᠭᠠᠳᠠᠭᠠᠳᠤ᠎ᠳᠤ ᠭᠠᠷᠤᠭᠰᠠᠨ ᠪᠠ ᠭᠠᠳᠠᠭᠠᠳᠤ᠎ᠳᠤ ᠰᠤᠷᠤᠯᠴᠠᠭᠠᠳ ᠤᠯᠤᠰ᠎ᠲᠤ᠎ᠪᠠᠨ ᠪᠤᠴᠠᠵᠤ ᠢᠷᠡᠭᠰᠡᠳ᠎ᠦᠨ ᠨᠢᠭᠡᠳᠦᠮᠡᠯ ᠹᠷᠤᠨᠲ᠎ᠤᠨ ᠠᠵᠢᠯ᠎ᠢ ᠰᠠᠶ᠋ᠢᠲᠤᠷ ᠬᠢᠨ᠎ᠡ᠃

  ᠧᠦ᠋ᠷᠤᠫᠠ ᠠᠮᠧᠷᠢᠺᠠ᠎ᠶᠢᠨ ᠬᠠᠮᠲᠤ ᠰᠤᠷᠤᠯᠭᠠᠲᠠᠨ᠎ᠤ ᠡᠪᠯᠡᠯ (ᠳᠤᠮᠳᠠᠳᠤ ᠤᠯᠤᠰ᠎ᠤᠨ ᠭᠠᠳᠠᠭᠠᠳᠤ᠎ᠳᠤ ᠰᠤᠷᠤᠯᠴᠠᠭᠰᠠᠳ᠎ᠤᠨ ᠨᠥᠬᠦᠷᠯᠡᠯ᠎ᠦᠨ ᠬᠤᠷᠠᠯ) ᠪᠣᠯ ᠨᠠᠮ᠎ᠤᠨ ᠭᠠᠳᠠᠭᠠᠳᠤ᠎ᠳᠤ ᠰᠤᠷᠤᠯᠴᠠᠭᠰᠠᠳ᠎ᠲᠠᠢ ᠬᠠᠷᠢᠯᠴᠠᠬᠤ ᠬᠥᠭᠦᠷᠭᠡ ᠬᠣᠯᠪᠣᠭᠠᠰᠤ᠂ ᠭᠠᠳᠠᠭᠠᠳᠤ᠎ᠳᠤ ᠰᠤᠷᠤᠯᠴᠠᠭᠰᠠᠳ᠎ᠤᠨ ᠠᠵᠢᠯ᠎ᠢ ᠰᠠᠶ᠋ᠢᠲᠤᠷ ᠬᠢᠳᠡᠭ ᠬᠠᠪᠰᠤᠷᠤᠭᠴᠢ ᠪᠠ ᠭᠠᠳᠠᠭᠠᠳᠤ᠎ᠳᠤ ᠰᠤᠷᠤᠯᠴᠠᠭᠰᠠᠳ᠎ᠤᠨ ᠭᠡᠷ ᠪᠦᠯᠢ ᠮᠥᠨ᠃ ᠡᠯ᠎ᠡ ᠮᠣᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠂ ᠳᠡᠳ᠋ ᠮᠣᠵᠢ᠎ᠶᠢᠨ ᠳᠡᠰ᠎ᠦᠨ ᠬᠣᠲᠠ ᠪᠠ ᠮᠣᠵᠢ᠎ᠶᠢᠨ ᠲᠥᠪ ᠬᠣᠲᠠ᠎ᠳᠤ ᠭᠠᠳᠠᠭᠠᠳᠤ᠎ᠳᠤ ᠰᠤᠷᠤᠯᠴᠠᠭᠰᠠᠳ᠎ᠤᠨ ᠵᠣᠬᠢᠶᠠᠨ ᠪᠠᠶ᠋ᠢᠭᠤᠯᠤᠯᠲᠠ᠎ᠶᠢ ᠪᠠᠶ᠋ᠢᠭᠤᠯᠬᠤ ᠬᠡᠷᠡᠭᠲᠡᠢ᠃ ᠭᠠᠳᠠᠭᠠᠳᠤ᠎ᠳᠤ ᠰᠤᠷᠤᠯᠴᠠᠭᠰᠠᠳ ᠨᠡᠯᠢᠶᠡᠳ ᠲᠥᠪᠯᠡᠷᠡᠭᠰᠡᠨ ᠪᠤᠰᠤᠳ ᠬᠣᠲᠠ ᠪᠠ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠵᠡᠷᠭᠡ ᠨᠢᠭᠡᠴᠢ᠎ᠨᠦᠭᠦᠳ᠎ᠨᠢ ᠭᠠᠳᠠᠭᠠᠳᠤ᠎ᠳᠤ ᠰᠤᠷᠤᠯᠴᠠᠭᠰᠠᠳ᠎ᠤᠨ ᠵᠣᠬᠢᠶᠠᠨ ᠪᠠᠶ᠋ᠢᠭᠤᠯᠤᠯᠲᠠ᠎ᠶᠢ ᠪᠠᠶ᠋ᠢᠭᠤᠯᠵᠤ ᠪᠣᠯᠤᠨ᠎ᠠ᠃

  ᠠᠷᠪᠠ ᠶᠢᠰᠦᠳᠦᠭᠡᠷ ᠵᠦᠢᠯ  ᠡᠯ᠎ᠡ ᠮᠣᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠂ ᠳᠡᠳ᠋ ᠮᠣᠵᠢ᠎ᠶᠢᠨ ᠳᠡᠰ᠎ᠦᠨ ᠬᠣᠲᠠ ᠪᠠ ᠮᠣᠵᠢ᠎ᠶᠢᠨ ᠲᠥᠪ ᠬᠣᠲᠠ᠎ᠳᠤ ᠨᠠᠮ᠎ᠤᠨ ᠭᠠᠳᠠᠨᠠᠬᠢ ᠰᠡᠬᠡᠭᠡᠲᠡᠨ᠎ᠦ ᠨᠥᠬᠦᠷᠯᠡᠯ᠎ᠦᠨ ᠬᠤᠷᠠᠯ᠎ᠢ ᠪᠠᠶ᠋ᠢᠭᠤᠯᠵᠤ ᠪᠣᠯᠬᠤ ᠪᠥᠭᠡᠳ ᠨᠠᠮ᠎ᠤᠨ ᠭᠠᠳᠠᠨᠠᠬᠢ ᠰᠡᠬᠡᠭᠡᠲᠡᠨ᠎ᠦ ᠦᠵᠡᠯ ᠰᠠᠨᠠᠭ᠎ᠠ ᠤᠯᠤᠰ ᠲᠥᠷᠦ᠎ᠶᠢᠨ ᠲᠠᠯ᠎ᠠ᠎ᠪᠠᠷ ᠬᠥᠲᠦᠯᠦᠨ ᠳᠠᠭᠠᠭᠤᠯᠬᠤ ᠠᠵᠢᠯ᠎ᠢ ᠰᠠᠶ᠋ᠢᠲᠤᠷ ᠬᠢᠨ᠎ᠡ᠃

  ᠨᠢᠭᠡᠳᠦᠮᠡᠯ ᠹᠷᠤᠨᠲ᠎ᠤᠨ ᠰᠠᠯᠠᠭ᠎ᠠ ᠮᠥᠴᠢᠷ᠎ᠦᠨ ᠨᠠᠮ᠎ᠤᠨ ᠭᠠᠳᠠᠨᠠᠬᠢ ᠰᠡᠬᠡᠭᠡᠲᠡᠨ᠎ᠦ ᠨᠥᠬᠦᠷᠯᠡᠯ᠎ᠦᠨ ᠬᠤᠷᠠᠯ᠎ᠤᠨ ᠤᠳᠤᠷᠢᠳᠤᠯᠭ᠎ᠠ᠎ᠶᠢ ᠴᠢᠩᠭᠠᠳᠭᠠᠬᠤ ᠬᠡᠷᠡᠭᠲᠡᠢ᠃

 

    ᠲᠠᠪᠤᠳᠤᠭᠠᠷ ᠪᠦᠯᠦᠭ   ᠦᠨᠳᠦᠰᠦᠲᠡᠨ᠎ᠦ ᠠᠵᠢᠯ

 

  ᠬᠣᠷᠢᠳᠤᠭᠠᠷ ᠵᠦᠢᠯ  ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ ᠵᠥᠪ ᠵᠠᠮ᠎ᠢᠶ᠋ᠠᠷ ᠡᠷᠡᠰ ᠭᠤᠶ᠋ᠢᠪᠢᠱᠢ᠎ᠦᠭᠡᠢ ᠵᠠᠮᠨᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠭᠠᠬᠤ᠎ᠪᠠᠷ ᠭᠣᠤᠯ ᠱᠢᠵᠢᠮ ᠪᠣᠯᠭᠠᠵᠤ᠂ ᠦᠨᠳᠦᠰᠦᠲᠡᠨ᠎ᠨᠦᠭᠦᠳ ᠴᠥᠮ ᠡᠷᠬᠡ ᠲᠡᠭᠱᠢ ᠪᠠᠶ᠋ᠢᠬᠤ᠎ᠶᠢ ᠪᠠᠷᠢᠮᠲᠠᠯᠠᠨ᠂ ᠨᠠᠮ᠎ᠤᠨ ᠦᠨᠳᠦᠰᠦᠲᠡᠨ᠎ᠦ ᠲᠥᠷᠦ᠎ᠶᠢᠨ ᠪᠣᠳᠤᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠨᠳᠦᠰᠦᠲᠡᠨ᠎ᠦ ᠣᠷᠤᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠬᠥᠮᠦᠵᠢᠯ᠎ᠢ ᠭᠦᠨᠵᠡᠭᠡᠶ᠋ᠢᠷᠡᠭᠦᠯᠦᠨ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ᠎ᠶᠢ ᠪᠡᠶᠡᠯᠡᠭᠦᠯᠦᠨ᠎ᠡ᠃

  ᠬᠣᠷᠢᠨ ᠨᠢᠭᠡᠳᠦᠭᠡᠷ ᠵᠦᠢᠯ  ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠎ᠶᠢᠨ ᠲᠣᠭᠤᠷᠢᠨ᠎ᠳᠤ ᠦᠨᠳᠦᠰᠦᠲᠡᠨ᠎ᠦ ᠭᠠᠵᠠᠷ ᠣᠷᠤᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠵᠤ᠂ ᠦᠨᠳᠦᠰᠦᠲᠡᠨ ᠨᠦᠭᠦᠳ᠎ᠦᠨ ᠣᠯᠠᠨ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠲᠠᠰᠤᠷᠠᠯᠲᠠ᠎ᠦᠭᠡᠢ ᠬᠠᠩᠭᠠᠨ᠎ᠠ᠃ ᠡᠯ᠎ᠡ ᠦᠨᠳᠦᠰᠦᠲᠡᠨ᠎ᠦ ᠰᠣᠶᠤᠯ᠎ᠢ ᠤᠯᠠᠮᠵᠢᠯᠠᠨ ᠬᠠᠮᠠᠭᠠᠯᠠᠬᠤ ᠪᠠ ᠱᠢᠨ᠎ᠡ᠎ᠶᠢ ᠡᠭᠦᠳᠦᠨ ᠠᠭᠤᠰᠤᠯᠴᠠᠭᠤᠯᠬᠤ᠎ᠶᠢ ᠠᠬᠢᠭᠤᠯᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠡᠯ᠎ᠡ ᠴᠥᠭᠡᠨ ᠲᠣᠭᠠᠲᠤ ᠦᠨᠳᠦᠰᠦᠲᠡᠨ᠎ᠦ ᠦᠭᠡ ᠬᠡᠯᠡ ᠥᠰᠦᠭ ᠪᠢᠴᠢᠭ᠎ᠢᠶ᠋ᠡᠨ ᠰᠤᠷᠴᠤ ᠬᠡᠷᠡᠭᠯᠡᠬᠦ᠎ᠶᠢ ᠬᠦᠨᠳᠦᠳᠬᠡᠨ ᠳᠡᠮᠵᠢᠨ᠎ᠡ᠃ ᠦᠨᠳᠦᠰᠦᠲᠡᠨ᠎ᠦ ᠭᠠᠵᠠᠷ ᠣᠷᠤᠨ᠎ᠤ ᠦᠨᠳᠦᠰᠦᠲᠡᠨ ᠨᠦᠭᠦᠳ᠎ᠦᠨ ᠺᠠᠳ᠋ᠷ᠎ᠢ ᠶᠡᠬᠡ᠎ᠪᠡᠷ ᠬᠥᠮᠦᠵᠢᠭᠦᠯᠵᠦ᠂ ᠴᠥᠭᠡᠨ ᠲᠣᠭᠠᠲᠤ ᠦᠨᠳᠦᠰᠦᠲᠡᠨ᠎ᠦ ᠺᠠᠳ᠋ᠷ᠎ᠢ ᠶᠡᠬᠡ᠎ᠪᠡᠷ ᠰᠣᠩᠭᠤᠨ ᠬᠡᠷᠡᠭᠯᠡᠵᠦ᠂ ᠴᠥᠭᠡᠨ ᠲᠣᠭᠠᠲᠤ ᠦᠨᠳᠦᠰᠦᠲᠡᠨ᠎ᠦ ᠲᠤᠰᠭᠠᠢ ᠮᠡᠷᠭᠡᠵᠢᠯ᠎ᠦᠨ ᠴᠢᠳᠠᠪᠤᠷᠢᠲᠠᠨ᠎ᠢ ᠢᠳᠡᠪᠬᠢᠲᠡᠢ ᠬᠥᠮᠦᠵᠢᠭᠦᠯᠦᠨ᠎ᠡ᠃

  ᠬᠣᠷᠢᠨ ᠬᠣᠶᠠᠳᠤᠭᠠᠷ ᠵᠦᠢᠯ  ᠮᠠᠷᠺᠰ᠎ᠤᠨ ᠦᠵᠡᠯ᠎ᠦᠨ ᠤᠯᠤᠰ᠎ᠤᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠤᠯ᠎ᠤᠨ ᠦᠵᠡᠯᠲᠡ᠂ ᠲᠡᠦᠬᠡ᠎ᠶᠢᠨ ᠦᠵᠡᠯᠲᠡ᠎ᠶᠢᠨ ᠤᠬᠠᠭᠤᠯᠭ᠎ᠠ ᠬᠥᠮᠦᠵᠢᠯ᠎ᠢ ᠪᠦᠬᠦ ᠲᠠᠯ᠎ᠠ᠎ᠪᠠᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠨᠠᠮ᠎ᠤᠨ ᠦᠨᠳᠦᠰᠦᠲᠡᠨ᠎ᠦ ᠣᠨᠣᠯ᠂ ᠲᠥᠷᠦ᠎ᠶᠢᠨ ᠪᠣᠳᠤᠯᠭ᠎ᠠ᠎ᠶᠢᠨ ᠰᠤᠷᠤᠯᠴᠠᠯᠭ᠎ᠠ ᠤᠬᠠᠭᠤᠯᠭ᠎ᠠ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠡᠭᠦᠳᠦᠨ ᠪᠠᠶ᠋ᠢᠭᠤᠯᠬᠤ ᠠᠵᠢᠯᠯᠠᠭ᠎ᠠ᠎ᠶᠢ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠭᠤᠤ ᠶᠡᠬᠡ ᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠲᠤᠬᠠᠢ ᠬᠠᠮᠲᠤ᠎ᠶᠢᠨ ᠲᠠᠨᠢᠯᠲᠠ᠎ᠶᠢ ᠨᠡᠮᠡᠭᠳᠡᠭᠦᠯᠦᠨ᠎ᠡ᠃

  ᠡᠷᠬᠡ ᠲᠡᠭᠱᠢ ᠪᠦᠯᠬᠦᠮᠳᠡᠯ᠎ᠲᠡᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠨᠡᠢᠭᠡᠮ ᠵᠢᠷᠤᠮ᠎ᠤᠨ ᠦᠨᠳᠦᠰᠦᠲᠡᠨ᠎ᠦ ᠬᠠᠷᠢᠴᠠᠭ᠎ᠠ᠎ᠶᠢ ᠪᠡᠬᠢᠵᠢᠭᠦᠯᠦᠨ ᠬᠥᠭᠵᠢᠭᠦᠯᠵᠦ᠂ ᠠᠯᠢᠪᠠ ᠬᠡᠯᠪᠡᠷᠢ᠎ᠶᠢᠨ ᠦᠨᠳᠦᠰᠦᠲᠡᠨ᠎ᠦ ᠭᠠᠳᠠᠭᠤᠷᠴᠢᠯᠠᠯ᠎ᠢ ᠡᠰᠡᠷᠭᠦᠴᠡᠵᠦ᠂ ᠬᠢᠲᠠᠳ᠎ᠤᠨ ᠳᠡᠭᠡᠷᠡᠩᠭᠦᠢ ᠦᠵᠡᠯ ᠪᠠ ᠣᠷᠤᠨ ᠨᠤᠲᠤᠭ᠎ᠤᠨ ᠦᠨᠳᠦᠰᠦᠲᠡᠨ᠎ᠦ ᠦᠵᠡᠯ᠎ᠢ ᠡᠰᠡᠷᠭᠦᠴᠡᠨ᠎ᠡ᠃ ᠴᠥᠭᠡᠨ ᠲᠣᠭᠠᠲᠤ ᠦᠨᠳᠦᠰᠦᠲᠡᠨ᠎ᠦ ᠵᠠᠩ ᠳᠠᠳᠭᠠᠯ᠎ᠢ ᠬᠦᠨᠳᠦᠳᠬᠡᠵᠦ᠂ ᠴᠥᠭᠡᠨ ᠲᠣᠭᠠᠲᠤ ᠦᠨᠳᠦᠰᠦᠲᠡᠨ᠎ᠦ ᠬᠠᠤᠯᠢ ᠶᠣᠰᠤᠨ᠎ᠤ ᠡᠷᠬᠡ ᠠᠱᠢᠭ᠎ᠢ ᠪᠠᠲᠤᠯᠠᠨ᠎ᠠ᠃ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠤᠭᠠᠷ ᠵᠠᠰᠠᠵᠤ᠂ ᠦᠨᠳᠦᠰᠦᠲᠡᠨ᠎ᠦ ᠬᠦᠴᠦᠨ ᠵᠦᠢᠯ᠎ᠳᠦ ᠬᠣᠯᠪᠤᠭᠳᠠᠭᠰᠠᠨ ᠵᠥᠷᠢᠴᠡᠯ ᠵᠢᠭᠤᠷᠠᠯᠳᠤᠭᠠᠨ᠎ᠢ ᠲᠣᠬᠢᠲᠠᠢ ᠰᠢᠢᠳᠪᠦᠷᠢᠯᠡᠨ᠎ᠡ᠃ ᠬᠣᠲᠠ᠎ᠶᠢᠨ ᠦᠨᠳᠦᠰᠦᠲᠡᠨ᠎ᠦ ᠠᠵᠢᠯ᠎ᠢ ᠰᠠᠶ᠋ᠢᠲᠤᠷ ᠬᠢᠨ᠎ᠡ᠃

  ᠡᠯ᠎ᠡ ᠵᠦᠢᠯ᠎ᠦᠨ ᠨᠡᠪᠴᠢᠯᠲᠡ ᠨᠤᠷᠠᠭᠠᠯᠲᠠ ᠡᠪᠳᠡᠯᠡᠭᠡ ᠬᠢᠬᠦ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ᠎ᠦᠨ ᠠᠵᠢᠯᠯᠠᠭ᠎ᠠ᠂ ᠦᠨᠳᠦᠰᠦᠲᠡᠨ᠎ᠢ ᠬᠠᠭᠠᠴᠠᠭᠤᠯᠬᠤ ᠠᠵᠢᠯᠯᠠᠭ᠎ᠠ᠂ ᠱᠠᠱᠢᠨ ᠰᠤᠷᠲᠠᠬᠤᠨ᠎ᠤ ᠬᠡᠲᠦᠷᠡᠮᠡᠬᠡᠢ ᠠᠵᠢᠯᠯᠠᠭ᠎ᠠ᠎ᠶᠢ ᠰᠡᠷᠭᠡᠶ᠋ᠢᠯᠡᠨ ᠴᠣᠬᠢᠯᠲᠠ ᠥᠭᠴᠦ᠂ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭᠲᠠᠭᠤᠨ ᠪᠠᠶ᠋ᠢᠳᠠᠯ᠎ᠢ ᠬᠠᠮᠠᠭᠠᠯᠠᠨ᠎ᠠ᠃

 

    ᠵᠢᠷᠭᠤᠳᠤᠭᠠᠷ ᠪᠦᠯᠦᠭ   ᠱᠠᠱᠢᠨ ᠰᠤᠷᠲᠠᠬᠤᠨ᠎ᠤ ᠠᠵᠢᠯ

 

  ᠬᠣᠷᠢᠨ ᠭᠤᠷᠪᠠᠳᠤᠭᠠᠷ ᠵᠦᠢᠯ  ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠱᠠᠱᠢᠨ ᠰᠤᠷᠲᠠᠬᠤᠨ᠎ᠤ ᠣᠨᠤᠯ᠎ᠢ ᠪᠠᠷᠢᠮᠲᠠᠯᠠᠨ ᠬᠥᠭᠵᠢᠭᠦᠯᠵᠦ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠨ᠂ 《ᠵᠢᠯᠤᠭᠤᠳᠭᠤ》ᠣᠪᠤᠷ᠎ᠢᠶ᠋ᠠᠷ ᠱᠠᠱᠢᠨ ᠰᠤᠷᠲᠠᠬᠤᠨ᠎ᠳᠤ ᠬᠠᠨᠳᠤᠬᠤ᠎ᠶᠢ ᠪᠠᠷᠢᠮᠲᠠᠯᠠᠵᠤ᠂ ᠬᠠᠤᠯᠢ ᠶᠣᠰᠤᠨ᠎ᠤ ᠬᠢ᠎ᠶᠢ ᠬᠠᠮᠠᠭᠠᠯᠠᠨ᠂ ᠬᠠᠤᠯᠢ ᠪᠤᠰᠤ᠎ᠶᠢ᠎ᠨᠢ ᠬᠣᠷᠢᠭᠯᠠᠨ ᠵᠣᠭᠰᠣᠭᠠᠵᠤ᠂ ᠬᠡᠲᠦᠷᠡᠮᠡᠬᠡᠢ᠎ᠶᠢ ᠬᠣᠷᠢᠭᠯᠠᠨ ᠳᠠᠷᠤᠵᠤ᠂ ᠨᠡᠪᠴᠢᠯᠲᠡ ᠬᠢᠬᠦ᠎ᠶᠢ ᠡᠰᠡᠷᠭᠦᠴᠡᠨ ᠬᠣᠷᠢᠭᠯᠠᠵᠤ᠂ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ᠂ ᠱᠠᠱᠢᠨ ᠰᠤᠷᠲᠠᠬᠤᠨ᠎ᠤ ᠢᠳᠡᠪᠬᠢᠲᠡᠢ ᠪᠥᠭᠡᠳ ᠡᠷᠡᠭᠦᠯ ᠬᠠᠷᠢᠴᠠᠭ᠎ᠠ᠎ᠶᠢ ᠪᠠᠶ᠋ᠢᠭᠤᠯᠤᠨ᠎ᠠ᠃

  ᠬᠣᠷᠢᠨ ᠳᠥᠷᠪᠡᠳᠦᠭᠡᠷ ᠵᠦᠢᠯ  ᠨᠠᠮ᠎ᠤᠨ ᠱᠠᠱᠢᠨ ᠰᠤᠷᠲᠠᠬᠤᠨ᠎ᠤ ᠠᠵᠢᠯ᠎ᠤᠨ ᠦᠨᠳᠦᠰᠦᠨ ᠴᠢᠭᠯᠡᠯᠲᠡ᠎ᠶᠢ ᠪᠠᠷᠢᠮᠲᠠᠯᠠᠨ᠎ᠠ᠄ ᠱᠠᠱᠢᠨ ᠱᠢᠲᠦᠯᠭᠡ ᠡᠷᠬᠡ ᠴᠢᠯᠦᠭᠡᠲᠡᠢ ᠪᠠᠶ᠋ᠢᠬᠤ ᠲᠤᠬᠠᠢ ᠨᠠᠮ᠎ᠤᠨ ᠲᠥᠷᠦ᠎ᠶᠢᠨ ᠪᠣᠳᠤᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠢ ᠬᠠᠤᠯᠢ ᠶᠣᠰᠤᠭᠠᠷ ᠬᠠᠮᠢᠶᠠᠷᠴᠤ᠂ ᠪᠡᠶ᠎ᠡ᠎ᠪᠡᠨ ᠳᠠᠭᠠᠭᠠᠨ ᠡᠵᠡᠨ ᠮᠡᠳᠡᠵᠦ ᠥᠪᠡᠰᠦᠪᠡᠨ ᠡᠷᠬᠢᠯᠡᠬᠦ ᠵᠠᠷᠴᠢᠮ᠎ᠢ ᠪᠠᠷᠢᠮᠲᠠᠯᠠᠨ᠂ ᠱᠠᠱᠢᠨ ᠰᠤᠷᠲᠠᠬᠤᠨ᠎ᠢ ᠢᠳᠡᠪᠬᠢᠲᠡᠢ ᠬᠥᠲᠦᠯᠦᠨ ᠵᠢᠯᠤᠭᠤᠳᠴᠤ ᠪᠠᠶ᠋ᠢᠭᠠᠳ ᠨᠡᠢᠭᠡᠮ ᠵᠢᠷᠤᠮᠲᠤ ᠨᠡᠢᠭᠡᠮ᠎ᠯᠦᠭᠡ ᠵᠣᠬᠢᠴᠠᠭᠤᠯᠤᠨ᠎ᠠ᠃

  ᠠᠷᠠᠳ ᠢᠷᠭᠡᠨ᠎ᠦ ᠱᠠᠱᠢᠨ ᠱᠢᠲᠦᠬᠦ ᠪᠠ ᠱᠠᠱᠢᠨ ᠦᠯᠦ ᠱᠢᠲᠦᠬᠦ ᠡᠷᠬᠡ ᠴᠢᠯᠦᠭᠡ᠎ᠶᠢ ᠬᠦᠨᠳᠦᠳᠬᠡᠨ ᠬᠠᠮᠠᠭᠠᠯᠠᠨ᠎ᠠ᠃ ᠲᠥᠷᠦ ᠱᠠᠱᠢᠨ᠎ᠢ ᠰᠠᠯᠭᠠᠬᠤ᠎ᠶᠢ ᠪᠠᠷᠢᠮᠲᠠᠯᠠᠨ᠎ᠠ᠃

  ᠱᠠᠱᠢᠨ ᠰᠤᠷᠲᠠᠬᠤᠨ᠎ᠤ ᠠᠵᠢᠯ᠎ᠤᠨ ᠬᠠᠤᠯᠢ᠎ᠪᠠᠷ ᠵᠠᠰᠠᠬᠤ ᠬᠢᠷᠢ ᠲᠦᠪᠱᠢᠨ᠎ᠢ ᠳᠡᠭᠡᠭᠰᠢᠯᠡᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ᠎ᠢᠶ᠋ᠠᠷ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠤᠨ ᠬᠠᠮᠢᠶᠠᠷᠤᠯᠲᠠ᠎ᠶᠢ ᠵᠢᠷᠤᠮᠵᠢᠭᠤᠯᠬᠤ᠂ ᠱᠠᠱᠢᠨ ᠰᠤᠷᠲᠠᠬᠤᠨ᠎ᠳᠤ ᠬᠣᠯᠪᠤᠭᠳᠠᠬᠤ ᠡᠯ᠎ᠡ ᠵᠦᠢᠯ᠎ᠦᠨ ᠨᠡᠢᠭᠡᠮ᠎ᠦᠨ ᠬᠠᠷᠢᠴᠠᠭ᠎ᠠ᠎ᠶᠢ ᠵᠣᠬᠢᠴᠠᠭᠤᠯᠬᠤ᠎ᠳ᠋ᠤ᠎ᠪᠠᠨ ᠴᠢᠳᠠᠮᠠᠭᠠᠢ ᠪᠠᠶ᠋ᠢᠵᠤ᠂ ᠬᠠᠤᠯᠢ᠎ᠪᠠᠷ ᠵᠠᠰᠠᠬᠤ ᠰᠡᠳᠭᠢᠬᠦᠢ ᠪᠠ ᠬᠠᠤᠯᠢ᠎ᠪᠠᠷ ᠵᠠᠰᠠᠬᠤ ᠠᠷᠭ᠎ᠠ ᠬᠡᠯᠪᠡᠷᠢ᠎ᠶᠢ ᠬᠡᠷᠡᠭᠯᠡᠨ᠂ ᠱᠠᠱᠢᠨ ᠰᠤᠷᠲᠠᠬᠤᠨ᠎ᠤ ᠬᠦᠷᠢᠶᠡᠨ᠎ᠳᠡᠬᠢ ᠵᠥᠷᠢᠴᠡᠯ ᠪᠠ ᠠᠰᠠᠭᠤᠳᠠᠯ᠎ᠢ ᠲᠣᠬᠢᠲᠠᠢ ᠰᠢᠢᠳᠪᠦᠷᠢᠯᠡᠵᠦ᠂ ᠱᠠᠱᠢᠨ ᠰᠤᠷᠲᠠᠬᠤᠨ᠎ᠤ ᠡᠲᠡᠭᠡᠳ᠎ᠦᠨ ᠬᠥᠮᠦᠰ ᠪᠠ ᠱᠠᠱᠢᠨ ᠱᠢᠲᠦᠳᠡᠭ ᠣᠯᠠᠨ ᠲᠦᠮᠡᠨ᠎ᠢ ᠬᠥᠮᠦᠵᠢᠭᠦᠯᠬᠦ᠎ᠪᠡᠷ ᠬᠥᠲᠦᠯᠦᠨ ᠵᠢᠯᠤᠭᠤᠳᠴᠤ ᠪᠠᠶ᠋ᠢᠭᠠᠳ᠂ ᠦᠨᠳᠦᠰᠦᠨ ᠬᠠᠤᠯᠢ ᠬᠠᠤᠯᠢ ᠴᠠᠭᠠᠵᠠ᠎ᠶᠢᠨ ᠡᠷᠬᠡ ᠰᠦᠷ᠎ᠢ ᠤᠬᠠᠮᠰᠠᠷ᠎ᠠ᠋ᠴᠠ᠎ᠪᠠᠨ ᠬᠠᠮᠠᠭᠠᠯᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ᠎ᠤᠨ ᠲᠣᠭᠲᠠᠭᠠᠭᠰᠠᠨ ᠬᠡᠪᠴᠢᠶᠡᠨ᠎ᠳᠦ ᠠᠵᠢᠯᠯᠠᠭ᠎ᠠ᠎ᠶᠢ᠎ᠨᠢ ᠥᠷᠨᠢᠭᠦᠯᠦᠨ᠎ᠡ᠃

  ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠪᠦᠯᠬᠦᠮ ᠪᠠ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠳᠤ ᠭᠠᠳᠠᠭᠠᠳᠤ᠎ᠶᠢᠨ ᠬᠦᠴᠦᠨ᠎ᠦ ᠭᠠᠷ ᠲᠦᠷᠦᠭᠦ ᠪᠠ ᠵᠠᠬᠢᠷᠬᠤ᠎ᠶᠢ ᠰᠡᠷᠭᠡᠶ᠋ᠢᠯᠡᠨ᠎ᠡ᠃ ᠬᠢᠯᠢ᠎ᠶᠢᠨ ᠭᠠᠳᠠᠨᠠᠬᠢ᠎ᠶᠢᠨ ᠬᠢᠨ᠎ᠦ ᠱᠠᠱᠢᠨ ᠰᠤᠷᠲᠠᠬᠤᠨ᠎ᠢ ᠠᠱᠢᠭᠯᠠᠨ ᠨᠡᠪᠴᠢᠯᠲᠡ ᠬᠢᠬᠦ᠎ᠶᠢ ᠰᠡᠷᠭᠡᠶ᠋ᠢᠯᠡᠨ ᠬᠣᠷᠢᠭᠯᠠᠨ᠎ᠠ᠃ ᠱᠠᠱᠢᠨ ᠰᠤᠷᠲᠠᠬᠤᠨ᠎ᠤ ᠡᠲᠡᠭᠡᠳ᠎ᠦᠨ ᠬᠢᠨ᠎ᠦ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠂ ᠡᠷᠬᠡ ᠲᠡᠭᠱᠢ ᠨᠥᠬᠦᠷᠰᠡᠭ ᠪᠠᠶ᠋ᠢᠬᠤ᠂ ᠬᠠᠷᠢᠯᠴᠠᠨ ᠬᠦᠨᠳᠦᠳᠭᠡᠬᠦ ᠰᠠᠭᠤᠷᠢᠨ ᠳᠡᠭᠡᠷ᠎ᠡ ᠭᠠᠳᠠᠭᠠᠳᠤ ᠬᠠᠷᠢᠯᠴᠠᠭ᠎ᠠ ᠥᠷᠨᠢᠭᠦᠯᠬᠦ᠎ᠶᠢ ᠳᠠᠮᠵᠢᠨ ᠵᠣᠷᠢᠭᠵᠢᠭᠤᠯᠤᠨ᠎ᠠ᠃

  ᠨᠡᠢᠭᠡᠮ ᠵᠢᠷᠤᠮ᠎ᠤᠨ ᠭᠣᠤᠯᠯᠠᠭᠴᠢ ᠥᠷᠲᠡᠭ᠎ᠦᠨ ᠦᠵᠡᠯᠲᠡ᠎ᠪᠡᠷ ᠱᠠᠱᠢᠨ ᠰᠤᠷᠲᠠᠬᠤᠨ᠎ᠤ ᠡᠲᠡᠭᠡᠳ᠎ᠦᠨ ᠬᠥᠮᠦᠰ ᠬᠢᠭᠡᠳ ᠱᠠᠱᠢᠨ ᠱᠢᠲᠦᠳᠡᠭ ᠣᠯᠠᠨ ᠲᠦᠮᠡᠨ᠎ᠢ ᠬᠥᠲᠦᠯᠦᠨ ᠳᠠᠭᠠᠭᠤᠯᠬᠤ ᠪᠠ ᠬᠥᠮᠦᠵᠢᠭᠦᠯᠵᠦ᠂ ᠱᠠᠱᠢᠨ ᠰᠤᠷᠲᠠᠬᠤᠨ᠎ᠤ ᠡᠲᠡᠭᠡᠳ᠎ᠦᠨ ᠬᠥᠮᠦᠰ᠎ᠦᠨ ᠱᠠᠱᠢᠨ᠎ᠤ ᠨᠣᠮᠯᠠᠯ ᠪᠠ ᠱᠠᠱᠢᠨ᠎ᠤ ᠳᠦᠷᠢᠮ᠎ᠳᠦ ᠣᠲᠤ ᠦᠶ᠎ᠡ᠎ᠶᠢᠨ ᠳᠤᠮᠳᠠᠳᠤ ᠤᠯᠤᠰ᠎ᠤᠨ ᠬᠥᠭᠵᠢᠯᠲᠡ ᠳᠠᠪᠱᠢᠯᠲᠠ᠎ᠶᠢᠨ ᠱᠠᠭᠠᠷᠳᠠᠯᠭ᠎ᠠ᠎ᠳᠤ ᠨᠡᠢᠴᠡᠭᠰᠡᠨ᠂ ᠳᠤᠮᠳᠠᠳᠤ᠎ᠶᠢᠨ ᠱᠢᠯᠢᠳᠡᠭ ᠰᠣᠶᠤᠯ᠎ᠳᠤ ᠨᠡᠢᠴᠡᠭᠰᠡᠨ ᠲᠠᠶ᠋ᠢᠯᠪᠤᠷᠢᠯᠠᠯᠲᠠ ᠬᠢᠬᠦ᠎ᠶᠢ ᠳᠡᠮᠵᠢᠬᠦ ᠪᠠ ᠬᠥᠲᠦᠯᠦᠨ ᠵᠢᠯᠣᠭᠣᠳᠴᠤ᠂ ᠱᠠᠱᠢᠨ ᠰᠤᠷᠲᠠᠬᠤᠨ᠎ᠤ ᠡᠲᠡᠭᠡᠳ᠎ᠦᠨ ᠬᠥᠮᠦᠰ ᠬᠢᠭᠡᠳ ᠱᠠᠱᠢᠨ ᠱᠢᠲᠦᠳᠡᠭ ᠣᠯᠠᠨ ᠲᠦᠮᠡᠨ᠎ᠦ ᠠᠭᠤᠤ ᠶᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠲᠤᠬᠠᠢ ᠬᠠᠮᠲᠤ᠎ᠶᠢᠨ ᠲᠠᠨᠢᠯᠲᠠ᠎ᠶᠢ ᠠᠬᠢᠭᠤᠯᠤᠨ᠎ᠠ᠃ ᠱᠠᠱᠢᠨ ᠰᠤᠷᠲᠠᠬᠤᠨ᠎ᠤ ᠢᠳᠡᠪᠬᠢ ᠦᠢᠯᠡᠳᠦᠯ᠎ᠢ ᠪᠠᠳᠠᠷᠠᠭᠤᠯᠵᠤ᠂ ᠱᠠᠱᠢᠨ ᠰᠤᠷᠲᠠᠬᠤᠨ᠎ᠤ ᠨᠠᠵᠠᠭᠠᠢ ᠦᠢᠯᠡᠳᠦᠯ᠎ᠢ ᠬᠣᠷᠢᠭᠯᠠᠨ᠎ᠠ᠃

  ᠬᠣᠷᠢᠨ ᠲᠠᠪᠤᠳᠤᠭᠠᠷ ᠵᠦᠢᠯ  ᠤᠯᠤᠰ ᠲᠥᠷᠦ᠎ᠶᠢᠨ ᠲᠠᠯ᠎ᠠ᠎ᠪᠠᠷ ᠪᠦᠯᠬᠦᠮᠳᠡᠨ ᠬᠠᠮᠲᠤᠷᠠᠯᠴᠠᠬᠤ᠂ ᠢᠲᠡᠭᠡᠯ ᠪᠢᠱᠢᠷᠡᠯ᠎ᠦᠨ ᠲᠠᠯ᠎ᠠ᠎ᠪᠠᠷ ᠬᠠᠷᠢᠯᠴᠠᠨ ᠬᠦᠨᠳᠦᠳᠭᠡᠬᠦ᠎ᠶᠢ ᠪᠠᠷᠢᠮᠲᠠᠯᠠᠵᠤ᠂ ᠱᠠᠱᠢᠨ ᠰᠤᠷᠲᠠᠬᠤᠨ᠎ᠤ ᠪᠦᠯᠬᠦᠮ᠎ᠦᠨ ᠲᠤᠰ ᠪᠡᠶ᠎ᠡ᠎ᠶᠢᠨ ᠪᠠᠶ᠋ᠢᠭᠤᠯᠤᠯᠲᠠ ᠪᠠ ᠴᠢᠳᠠᠪᠤᠷᠢᠲᠠᠨ ᠬᠥᠮᠦᠵᠢᠭᠦᠯᠬᠦ᠎ᠪᠡᠨ ᠴᠢᠩᠭᠠᠳᠭᠠᠬᠤ᠎ᠶᠢ ᠳᠡᠮᠵᠢᠵᠦ᠂ ᠨᠠᠮ ᠪᠣᠯᠤᠨ ᠱᠠᠱᠢᠨ ᠰᠤᠷᠲᠠᠬᠤᠨ᠎ᠤ ᠡᠲᠡᠭᠡᠳ᠎ᠦᠨ ᠤᠯᠤᠰ᠎ᠢᠶ᠋ᠠᠨ ᠬᠠᠢᠷᠠᠯᠠᠬᠤ ᠨᠢᠭᠡᠳᠦᠮᠡᠯ ᠹᠷᠤᠨᠲ᠎ᠢ ᠪᠡᠬᠢᠵᠢᠭᠦᠯᠦᠨ ᠬᠥᠭᠵᠢᠭᠦᠯᠦᠨ᠎ᠡ᠃

  ᠡᠪ ᠬᠠᠮᠲᠤ ᠨᠠᠮ᠎ᠤᠨ ᠭᠡᠱᠢᠭᠦᠳ ᠱᠠᠱᠢᠨ ᠱᠢᠲᠦᠳᠡᠭ ᠣᠯᠠᠨ ᠲᠦᠮᠡᠨ᠎ᠲᠡᠢ ᠪᠦᠯᠬᠦᠮᠳᠡᠬᠦ ᠬᠡᠷᠡᠭᠲᠡᠢ᠂ ᠭᠡᠪᠡᠴᠦ ᠱᠠᠱᠢᠨ ᠱᠢᠲᠦᠵᠦ ᠪᠣᠯᠬᠤ ᠦᠭᠡᠢ᠃

  ᠬᠣᠷᠢᠨ ᠵᠢᠷᠭᠤᠳᠤᠭᠠᠷ ᠵᠦᠢᠯ  ᠦᠨᠳᠦᠰᠦᠨ ᠱᠠᠲᠤᠨ᠎ᠤ ᠱᠠᠱᠢᠨ ᠰᠤᠷᠲᠠᠬᠤᠨ᠎ᠤ ᠠᠵᠢᠯ᠎ᠢ ᠴᠢᠩᠭᠠᠳᠬᠠᠵᠤ᠂ ᠱᠢᠶᠠᠨ (ᠬᠣᠲᠠ᠂ ᠲᠣᠭᠣᠷᠢᠭ᠂ ᠬᠣᠱᠢᠭᠤ)᠂ ᠱᠢᠶᠠᠩ (ᠪᠠᠯᠭᠠᠰᠤ᠂ ᠵᠡᠭᠡᠯᠢ ᠭᠤᠳᠤᠮᠵᠢ)᠂ ᠲᠣᠰᠭᠤᠨ (ᠨᠡᠢᠭᠡᠮ ᠲᠣᠭᠤᠷᠢᠭ) ᠭᠤᠷᠪᠠᠨ ᠱᠠᠲᠤᠨ᠎ᠤ ᠱᠠᠱᠢᠨ ᠰᠤᠷᠲᠠᠬᠤᠨ᠎ᠤ ᠠᠵᠢᠯ᠎ᠤᠨ ᠲᠣᠤᠷ ᠪᠠ ᠱᠢᠶᠠᠩ (ᠪᠠᠯᠭᠠᠰᠤ᠂ ᠵᠡᠭᠡᠯᠢ ᠭᠤᠳᠤᠮᠵᠢ)᠂ ᠲᠣᠰᠭᠤᠨ (ᠨᠡᠢᠭᠡᠮ ᠲᠣᠭᠤᠷᠢᠭ) ᠬᠣᠶᠠᠷ ᠱᠠᠲᠤᠨ᠎ᠤ ᠬᠠᠷᠢᠭᠤᠴᠠᠯᠭ᠎ᠠ᠎ᠶᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠱᠠᠲᠤ ᠬᠤᠪᠢᠶᠠᠨ ᠬᠠᠷᠢᠭᠤᠴᠠᠬᠤ᠂ ᠬᠠᠷᠢᠶᠠᠯᠠᠭᠳᠠᠬᠤ ᠭᠠᠵᠠᠷ᠎ᠲᠤ᠎ᠨᠢ ᠬᠠᠮᠢᠶᠠᠷᠤᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠱᠠᠱᠢᠨ ᠰᠤᠷᠲᠠᠬᠤᠨ᠎ᠤ ᠠᠵᠢᠯ᠎ᠤᠨ ᠡᠭᠦᠷᠭᠡ ᠬᠦᠨᠳᠦ ᠪᠠᠶ᠋ᠢᠭ᠎ᠠ ᠱᠢᠶᠠᠩ (ᠪᠠᠯᠭᠠᠰᠤ᠂ ᠵᠡᠭᠡᠯᠢ ᠭᠤᠳᠤᠮᠵᠢ)᠎ᠶᠢᠨ ᠨᠠᠮ᠎ᠤᠨ ᠬᠣᠷᠢᠶ᠎ᠠ᠎ᠳᠤ ᠱᠠᠱᠢᠨ ᠰᠤᠷᠲᠠᠬᠤᠨ᠎ᠤ ᠠᠵᠢᠯ᠎ᠢ ᠬᠤᠪᠢᠲᠠᠨ ᠬᠠᠮᠢᠶᠠᠷᠬᠤ ᠤᠳᠤᠷᠢᠳᠭᠤ ᠺᠠᠳ᠋ᠷ ᠪᠠᠶ᠋ᠢᠬᠤ ᠬᠡᠷᠡᠭᠲᠡᠢ ᠪᠥᠭᠡᠳ ᠲᠤᠰᠭᠠᠢ ᠬᠥᠮᠦᠨ᠎ᠢ ᠲᠣᠭᠲᠠᠭᠠᠵᠤ ᠬᠠᠷᠢᠭᠤᠴᠠᠭᠤᠯᠬᠤ ᠬᠡᠷᠡᠭᠲᠡᠢ᠃

 

    ᠳᠣᠯᠤᠳᠤᠭᠠᠷ ᠪᠦᠯᠦᠭ   ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠬᠦᠷᠢᠶᠡᠨ᠎ᠳᠡᠬᠢ ᠨᠢᠭᠡᠳᠦᠮᠡᠯ ᠹᠷᠤᠨᠲ᠎ᠤᠨ ᠠᠵᠢᠯ

 

  ᠬᠣᠷᠢᠨ ᠳᠣᠯᠤᠳᠤᠭᠠᠷ ᠵᠦᠢᠯ  ᠨᠡᠢᠭᠡᠮ ᠵᠢᠷᠤᠮ᠎ᠤᠨ ᠠᠵᠤ ᠠᠬᠤᠢ᠎ᠶᠢᠨ ᠦᠨᠳᠦᠰᠦᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢ ᠬᠥᠭᠵᠢᠭᠦᠯᠬᠦ ᠲᠤᠬᠠᠢ ᠨᠠᠮ᠎ᠤᠨ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠲᠣᠭᠲᠠᠭᠠᠵᠤ ᠤᠬᠠᠭᠤᠯᠤᠨ ᠲᠤᠭᠤᠰᠢᠯᠠᠭᠤᠯᠤᠨ᠎ᠠ᠃ ᠵᠠᠰᠠᠭ᠎ᠤᠨ ᠣᠷᠳᠤᠨ ᠪᠠ ᠠᠷᠠᠯᠵᠢᠶᠠᠴᠢᠨ᠎ᠤ ᠬᠣᠭᠤᠷᠤᠨᠳᠤᠬᠢ ᠳᠣᠲᠤᠨᠤ ᠴᠢᠬᠡᠴᠢ ᠬᠠᠷᠢᠴᠠᠭ᠎ᠠ ᠪᠠᠶ᠋ᠢᠭᠤᠯᠬᠤ᠎ᠶᠢ ᠠᠬᠢᠭᠤᠯᠵᠤ᠂ ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠬᠥᠭᠵᠢᠯᠲᠡ᠎ᠳᠦ ᠠᠱᠢᠭᠲᠠᠢ ᠲᠥᠷᠦ᠎ᠶᠢᠨ ᠪᠣᠳᠣᠯᠭ᠎ᠠ᠂ ᠬᠠᠤᠯᠢ᠎ᠪᠠᠷ ᠵᠠᠰᠠᠬᠤ᠂ ᠵᠠᠬ᠎ᠠ ᠳᠡᠯᠭᠡᠭᠦᠷ᠂ ᠨᠡᠢᠭᠡᠮ᠎ᠦᠨ ᠣᠷᠴᠢᠨ᠎ᠢ ᠪᠣᠢ ᠪᠣᠯᠭᠠᠨ᠎ᠠ᠃ ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢ ᠬᠥᠲᠦᠯᠦᠨ ᠵᠢᠯᠤᠭᠤᠳᠴᠤ ᠪᠠᠶ᠋ᠢᠭᠠᠳ ᠱᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠦᠢᠯᠡᠳᠦᠯᠭᠡᠵᠢᠭᠦᠯᠦᠨ᠎ᠡ᠃

  ᠬᠣᠷᠢᠨ ᠨᠠᠢ᠍ᠮᠠᠳᠤᠭᠠᠷ ᠵᠦᠢᠯ  ᠢᠲᠡᠭᠡᠬᠦ᠌᠂ ᠪᠦᠯᠬᠦᠮᠳᠡᠬᠦ᠌᠂ ᠦᠢᠯᠡᠴᠢᠯᠡᠬᠦ᠌᠂ ᠬᠥᠲᠦᠯᠦᠨ ᠵᠢᠯᠣᠭᠣᠳᠬᠤ᠂ ᠬᠥᠮᠦᠵᠢᠭᠦᠯᠬᠦ ᠴᠢᠭᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠢᠲᠡᠭᠡᠯ ᠬᠦᠰᠡᠯᠡᠩ᠎ᠦᠨ ᠬᠥᠮᠦᠵᠢᠯ᠎ᠢ ᠭᠦᠨᠵᠡᠭᠡᠢ ᠥᠷᠨᠢᠭᠦᠯᠵᠦ᠂ ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠬᠥᠮᠦᠰ᠎ᠦᠨ ᠤᠯᠤᠰ᠎ᠢᠶ᠋ᠠᠨ ᠬᠠᠶ᠋ᠢᠷᠠᠯᠠᠬᠤ᠂ ᠦᠢᠯᠡᠰ᠎ᠢᠶ᠋ᠡᠨ ᠳᠡᠭᠡᠳᠦᠯᠡᠬᠦ᠌᠂ ᠱᠢᠨ᠎ᠡ᠎ᠶᠢ ᠡᠭᠦᠳᠬᠦ᠌᠂ ᠬᠠᠤᠯᠢ᠎ᠶᠢ ᠰᠠᠬᠢᠬᠤ᠂ ᠦᠨᠡᠨᠴᠢ ᠢᠲᠡᠭᠡᠮᠵᠢᠲᠡᠢ ᠪᠠᠶ᠋ᠢᠬᠤ᠂ ᠬᠤᠪᠢ ᠨᠡᠮᠡᠷᠢ ᠦᠵᠡᠭᠦᠯᠬᠦ᠎ᠶᠢ ᠬᠥᠲᠦᠯᠦᠨ ᠵᠢᠯᠣᠭᠣᠳᠴᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠢᠯᠡᠰ᠎ᠦᠨ ᠬᠢᠷᠢ ᠲᠡᠩᠴᠡᠭᠰᠡᠨ ᠪᠦᠲᠦᠭᠡᠨ ᠪᠠᠶ᠋ᠢᠭᠤᠯᠤᠭᠴᠢ ᠪᠣᠯᠭᠠᠨ᠎ᠠ᠃

  ᠵᠠᠰᠠᠭ ᠪᠠ ᠠᠵᠤ ᠠᠬᠤᠶ᠋ᠢᠯᠠᠯ᠎ᠤᠨ ᠨᠡᠪᠲᠡᠷᠡᠯᠴᠡᠨ ᠵᠥᠪᠳᠡᠯᠴᠡᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠤᠨ ᠬᠥᠮᠦᠰ᠎ᠦᠨ ᠬᠦᠰᠡᠯ ᠱᠠᠭᠠᠷᠳᠠᠯᠭ᠎ᠠ᠎ᠶᠢ ᠤᠶ᠋ᠢᠯᠠᠭᠠᠨ ᠳᠤᠰᠬᠠᠵᠤ᠂ ᠲᠡᠳᠡᠨ᠎ᠢ ᠬᠠᠪᠰᠤᠷᠤᠨ ᠬᠠᠤᠯᠢ᠎ᠪᠠᠷ ᠲᠣᠭᠲᠠᠭᠠᠭᠰᠠᠨ ᠡᠮᠬᠢ ᠵᠢᠷᠤᠮ᠎ᠤᠨ ᠶᠣᠰᠤᠭᠠᠷ ᠬᠠᠤᠯᠢ ᠶᠣᠰᠤᠨ᠎ᠤ ᠡᠷᠬᠡ ᠠᠱᠢᠭ᠎ᠢ᠎ᠨᠢ ᠬᠠᠮᠠᠭᠠᠯᠠᠨ᠎ᠠ᠃ ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠤᠨ ᠬᠥᠮᠦᠰ᠎ᠦᠨ ᠤᠯᠤᠰ ᠲᠥᠷᠦ᠎ᠳᠦ ᠡᠮᠬᠢ ᠵᠢᠷᠤᠮ᠎ᠲᠠᠢ᠎ᠪᠠᠷ ᠣᠷᠤᠯᠴᠠᠬᠤ ᠠᠷᠭ᠎ᠠ ᠵᠠᠮ᠎ᠢ᠎ᠨᠢ ᠰᠢᠯᠤᠭᠤᠳᠬᠠᠵᠤ᠂ ᠤᠯᠤᠰ ᠲᠥᠷᠦ᠎ᠳᠦ ᠣᠷᠤᠯᠴᠠᠬᠤ ᠦᠢᠯᠡ ᠠᠵᠢᠯᠯᠠᠭ᠎ᠠ᠎ᠶᠢ᠎ᠨᠢ ᠬᠥᠲᠦᠯᠦᠨ ᠵᠢᠯᠤᠭᠤᠳᠴᠤ ᠵᠢᠷᠤᠮᠵᠢᠭᠤᠯᠤᠨ᠎ᠠ᠃

  ᠳᠤᠮᠳᠠᠳᠤ ᠤᠯᠤᠰ᠎ᠤᠨ ᠣᠨᠴᠠᠯᠢᠭ ᠪᠦᠬᠦᠢ ᠬᠤᠳᠠᠯᠳᠤᠭᠠᠴᠢᠳ᠎ᠤᠨ ᠡᠪᠯᠡᠯ᠎ᠦᠨ ᠵᠣᠬᠢᠶᠠᠨ ᠪᠠᠶ᠋ᠢᠭᠤᠯᠤᠯᠲᠠ᠎ᠶᠢ ᠪᠣᠶ᠋ᠢᠵᠢᠭᠤᠯᠤᠨ ᠬᠥᠭᠵᠢᠭᠦᠯᠵᠦ᠂ ᠨᠢᠭᠡᠳᠦᠮᠡᠯ ᠹᠷᠤᠨᠲ᠎ᠤᠨ ᠠᠵᠢᠯ᠎ᠢ ᠠᠷᠠᠯᠵᠢᠶᠠᠴᠢᠳ᠎ᠤᠨ ᠡᠪᠯᠡᠯ᠎ᠦᠨ ᠵᠣᠬᠢᠶᠠᠨ ᠪᠠᠶ᠋ᠢᠭᠤᠯᠤᠯᠲᠠ ᠲᠡᠶ᠋ᠢᠱᠢ ᠪᠦᠲᠦᠮᠵᠢᠲᠡᠢ᠎ᠪᠡᠷ ᠲᠦᠭᠡᠮᠡᠯᠵᠢᠭᠦᠯᠬᠦ᠎ᠶᠢ ᠠᠬᠢᠭᠤᠯᠤᠨ᠎ᠠ᠃

  ᠬᠣᠷᠢ ᠶᠢᠰᠦᠳᠦᠭᠡᠷ ᠵᠦᠢᠯ  ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ ᠪᠣᠯ ᠨᠠᠮ᠎ᠤᠨ ᠤᠳᠤᠷᠢᠳᠤᠭᠰᠠᠨ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠣᠯᠤᠨ ᠠᠷᠠᠳ᠎ᠠᠴᠠ ᠡᠵᠡᠩᠨᠡᠭᠰᠡᠨ ᠠᠵᠤ ᠠᠬᠤᠢ᠎ᠤᠨ ᠬᠥᠮᠦᠰ᠎ᠢᠶᠡᠷ ᠭᠣᠤᠯ ᠴᠣᠭᠴᠠ ᠪᠣᠯᠭᠠᠭᠰᠠᠨ᠂ ᠨᠢᠭᠡᠳᠦᠮᠡᠯ ᠹᠷᠤᠨᠲ᠎ᠤᠨ ᠴᠢᠨᠠᠷ᠂ ᠠᠵᠤ ᠠᠬᠤᠢᠯᠠᠯ᠎ᠤᠨ ᠴᠢᠨᠠᠷ ᠪᠣᠯᠤᠨ ᠠᠷᠠᠳᠴᠢ ᠴᠢᠨᠠᠷ᠎ᠢ ᠣᠷᠭᠠᠨᠢᠭ᠎ᠢᠶ᠋ᠠᠷ ᠨᠢᠭᠡᠳᠬᠡᠭᠰᠡᠨ ᠦᠨᠳᠦᠰᠦᠨ ᠣᠨᠴᠠᠯᠢᠭ᠎ᠲᠠᠢ ᠠᠷᠠᠳ᠎ᠤᠨ ᠪᠦᠯᠬᠦᠮ  ᠪᠠ ᠬᠤᠳᠠᠯᠳᠤᠭᠠᠴᠢᠳ᠎ᠤᠨ ᠡᠪᠯᠡᠯ᠎ᠦᠨ ᠵᠣᠬᠢᠶᠠᠨ ᠪᠠᠶ᠋ᠢᠭᠤᠯᠤᠯᠲᠠ ᠪᠣᠯᠬᠤ ᠶᠤᠮ᠃ ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠎ᠨᠢ ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠡᠷᠡᠭᠦᠯ᠎ᠢᠶ᠋ᠡᠷ ᠬᠥᠭᠵᠢᠬᠦ ᠪᠠ ᠨᠡᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠬᠥᠮᠦᠰ᠎ᠦᠨ ᠡᠷᠡᠭᠦᠯ᠎ᠢᠶ᠋ᠡᠷ ᠦᠰᠦᠨ ᠪᠣᠶ᠋ᠢᠵᠢᠬᠤ᠎ᠶᠢ ᠠᠬᠢᠭᠤᠯᠬᠤ ᠭᠣᠤᠯ ᠰᠡᠳᠦᠪ᠎ᠦᠨ ᠲᠣᠭᠤᠷᠢᠨ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠦᠢᠯᠡᠳᠦᠯ᠎ᠢᠶ᠋ᠡᠨ ᠪᠠᠳᠠᠷᠠᠭᠤᠯᠤᠨ᠎ᠠ᠃

  ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠎ᠶᠢᠨ ᠤᠯᠤᠰ ᠲᠥᠷᠦ᠎ᠶᠢᠨ ᠵᠥᠪᠯᠡᠯᠭᠡ ᠬᠢᠬᠦ᠌᠂ ᠲᠥᠷᠦ᠎ᠶᠢᠨ ᠶᠠᠪᠤᠳᠠᠯ᠎ᠳᠤ ᠣᠷᠤᠯᠴᠠᠨ ᠵᠠᠰᠠᠭ᠎ᠤᠨ ᠶᠠᠪᠤᠳᠠᠯ᠎ᠢ ᠵᠥᠪᠯᠡᠬᠦ᠌᠂ ᠠᠷᠠᠳᠴᠢᠯᠠᠯ᠎ᠢᠶ᠋ᠠᠷ ᠬᠢᠨᠠᠯᠲᠠ ᠲᠠᠯᠪᠢᠬᠤ᠎ᠳᠤ ᠣᠷᠤᠯᠴᠠᠬᠤ ᠪᠣᠳᠠᠲᠠᠢ ᠠᠭᠤᠯᠭ᠎ᠠ ᠪᠠ ᠬᠡᠯᠪᠡᠷᠢ᠎ᠶᠢ ᠲᠤᠰ ᠳᠦᠷᠢᠮ᠎ᠤᠨ ᠭᠤᠷᠪᠠᠳᠤᠭᠠᠷ ᠪᠦᠯᠦᠭ᠎ᠦᠨ ᠬᠣᠯᠪᠤᠭᠳᠠᠯ ᠪᠦᠬᠦᠢ ᠲᠣᠭᠲᠠᠭᠠᠯ᠎ᠢᠶ᠋ᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃

  ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠎ᠨᠢ ᠬᠠᠷᠢᠶᠠᠯᠠᠭᠳᠠᠬᠤ ᠬᠤᠳᠠᠯᠳᠤᠭᠠᠴᠢᠳ᠎ᠤᠨ ᠡᠪᠯᠡᠯ᠎ᠦᠨ ᠲᠤᠬᠠᠶ᠋ᠢᠯᠠᠭᠰᠠᠨ ᠠᠵᠢᠯ᠎ᠢ ᠭᠣᠤᠯᠯᠠᠨ ᠬᠠᠮᠢᠶᠠᠷᠬᠤ ᠨᠢᠭᠡᠴᠢ᠎ᠶᠢᠨ ᠲᠤᠱᠢᠶᠠᠯ ᠬᠠᠷᠢᠭᠤᠴᠠᠯᠭ᠎ᠠ᠎ᠶᠢ ᠭᠦᠢᠴᠡᠳᠬᠡᠵᠦ᠂ ᠡᠪᠯᠡᠯ᠎ᠦᠨ ᠭᠡᠱᠢᠭᠦᠳ᠎ᠲᠦ ᠦᠵᠡᠯ ᠰᠠᠨᠠᠭ᠎ᠠ ᠤᠯᠤᠰ ᠲᠥᠷᠦ᠎ᠶᠢᠨ ᠠᠵᠢᠯ ᠪᠠ ᠬᠥᠮᠦᠵᠢᠯ ᠪᠣᠯᠪᠠᠰᠤᠷᠠᠯ᠎ᠢ ᠥᠷᠨᠢᠭᠦᠯᠦᠨ᠂ ᠬᠠᠷᠢᠶᠠᠯᠠᠭᠳᠠᠬᠤ ᠬᠤᠳᠠᠯᠳᠤᠭᠠᠴᠢᠳ᠎ᠤᠨ ᠡᠪᠯᠡᠯ᠎ᠦᠨ ᠭᠣᠤᠯ ᠬᠠᠷᠢᠭᠤᠴᠠᠯᠭᠠᠲᠠᠨ᠎ᠢ ᠱᠢᠯᠭᠠᠨ ᠪᠠᠶ᠋ᠢᠴᠠᠭᠠᠵᠤ ᠬᠢᠨᠠᠨ ᠰᠢᠯᠭᠠᠨ᠎ᠠ᠃ ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠎ᠶᠢᠨ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠣᠯᠤᠨ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠬᠥᠮᠦᠰ᠎ᠢᠶ᠋ᠡᠷ ᠭᠣᠤᠯ ᠴᠣᠭᠴᠠ ᠪᠣᠯᠭᠠᠭᠰᠠᠨ ᠪᠤᠰᠤᠳ ᠠᠵᠢᠯ ᠲᠥᠷᠦᠯ᠎ᠦᠨ ᠨᠡᠢᠭᠡᠮᠯᠢᠭ᠂ ᠬᠤᠳᠠᠯᠳᠤᠭᠠᠴᠢᠳ᠎ᠤᠨ ᠡᠪᠯᠡᠯ᠎ᠦᠨ ᠬᠠᠷᠢᠯᠴᠠᠭ᠎ᠠ᠂ ᠵᠢᠯᠤᠭᠤᠳᠤᠯᠭ᠎ᠠ ᠪᠠ ᠦᠢᠯᠡᠴᠢᠯᠡᠭᠡ᠎ᠪᠡᠨ ᠴᠢᠩᠭᠠᠳᠬᠠᠨ᠎ᠠ᠃

  ᠭᠤᠴᠢᠳᠤᠭᠠᠷ ᠵᠦᠢᠯ  ᠨᠢᠭᠡᠳᠦᠮᠡᠯ ᠹᠷᠤᠨᠲ᠎ᠤᠨ ᠬᠡᠯᠲᠡᠰ᠂ ᠦᠢᠯᠡᠳᠪᠦᠷᠢ ᠬᠤᠳᠠᠯᠳᠤᠭᠠᠨ᠎ᠤ  ᠬᠣᠯᠪᠤᠭ᠎ᠠ᠎ᠨᠢ ᠠᠳᠠᠯᠢ ᠱᠠᠲᠤᠨ᠎ᠤ ᠨᠠᠮ᠎ᠤᠨ ᠬᠣᠷᠢᠶᠠᠨ᠎ᠤ ᠲᠣᠬᠢᠷᠠᠭᠤᠯᠤᠯᠲᠠ ᠶᠣᠰᠣᠭᠠᠷ᠂ ᠠᠷᠠᠳ᠎ᠠᠴᠠ ᠡᠵᠡᠡᠭᠨᠡᠭᠰᠡᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠳᠤ ᠣᠷᠣᠯᠴᠠᠨ᠎ᠠ᠃ ᠦᠢᠯᠡᠳᠪᠦᠷᠢ  ᠬᠤᠳᠠᠯᠳᠤᠭᠠᠨ᠎ᠤ ᠬᠣᠯᠪᠤᠭ᠎ᠠ᠎ᠶᠢᠨ ᠨᠠᠮ᠎ᠤᠨ ᠤᠳᠤᠷᠢᠳᠭᠤ ᠳᠤᠭᠤᠶ᠋ᠢᠯᠠᠩ᠎ᠨᠢ ᠬᠠᠷᠢᠶᠠᠨ᠎ᠳᠠᠬᠢ ᠭᠡᠱᠢᠭᠦᠨ ᠠᠵᠤ ᠠᠬᠤᠶ᠋ᠢᠯᠠᠯ᠎ᠤᠨ ᠨᠠᠮ᠎ᠤ᠋ᠨ᠎ᠢᠶ᠋ᠠᠨ ᠵᠣᠬᠢᠶᠠᠨ ᠪᠠᠶ᠋ᠢᠭᠤᠯᠤᠯᠲᠠ᠎ᠶᠢ ᠵᠣᠬᠢᠶᠠᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠬᠦ᠎ᠶᠢ ᠳᠡᠮᠵᠢᠬᠦ ᠪᠠ ᠬᠠᠮᠵᠢᠯᠴᠠᠬᠤ ᠬᠡᠷᠡᠭᠲᠡᠢ᠃

  ᠦᠢᠯᠡᠳᠪᠦᠷᠢ ᠬᠤᠳᠠᠯᠳᠤᠭᠠᠴᠢᠳ᠎ᠤᠨ ᠬᠣᠯᠪᠤᠭᠠᠲᠤ ᠬᠤᠷᠠᠯ᠎ᠤᠨ ᠨᠠᠮ᠎ᠤᠨ ᠤᠳᠤᠷᠢᠳᠭᠤ ᠳᠤᠭᠤᠶ᠋ᠢᠯᠠᠩ᠎ᠨᠢ ᠬᠠᠷᠢᠶᠠᠨ᠎ᠳᠠᠬᠢ ᠬᠤᠳᠠᠯᠳᠤᠭᠠᠴᠢᠳ᠎ᠤᠨ ᠡᠪᠯᠡᠯ᠎ᠦᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠳᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠭᠦᠢᠴᠡᠳᠬᠡᠨ᠎ᠡ᠃

 

    ᠨᠠᠢ᠍ᠮᠠᠳᠤᠭᠠᠷ ᠪᠦᠯᠦᠭ   ᠨᠡᠢᠭᠡᠮ᠎ᠦᠨ ᠱᠢᠨ᠎ᠡ ᠳᠠᠪᠬᠤᠷᠭ᠎ᠠ᠎ᠶᠢᠨ ᠬᠥᠮᠦᠰ᠎ᠦᠨ ᠨᠢᠭᠡᠳᠦᠮᠡᠯ ᠹᠷᠤᠨᠲ᠎ᠤᠨ ᠠᠵᠢᠯ

 

  ᠭᠤᠴᠢᠨ ᠨᠢᠭᠡᠳᠦᠭᠡᠷ ᠵᠦᠢᠯ  ᠨᠡᠢᠭᠡᠮ᠎ᠦᠨ ᠱᠢᠨ᠎ᠡ ᠳᠠᠪᠬᠤᠷᠭ᠎ᠠ᠎ᠶᠢᠨ ᠬᠥᠮᠦᠰ᠎ᠲᠦ ᠭᠣᠣᠯᠳᠠᠭᠤ᠄ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠣᠯᠤᠨ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠤᠭᠤᠯᠤᠭᠰᠠᠨ ᠠᠵᠤ ᠠᠬᠤᠶ᠋ᠢᠯᠠᠯ᠎ᠤᠨ ᠬᠠᠮᠢᠶᠠᠷᠤᠯᠲᠠ᠎ᠶᠢᠨ ᠮᠡᠷᠭᠡᠵᠢᠯ᠎ᠦᠨ ᠠᠵᠢᠯᠲᠠᠨ᠂ ᠵᠠᠭᠤᠴᠢᠯᠠᠬᠤ ᠵᠣᠬᠢᠶᠠᠨ ᠪᠠᠶ᠋ᠢᠭᠤᠯᠤᠯᠲᠠ ᠪᠠ ᠨᠡᠢᠭᠡᠮ᠎ᠦᠨ ᠵᠣᠬᠢᠶᠠᠨ ᠪᠠᠶ᠋ᠢᠭᠤᠯᠤᠯᠲᠠ᠎ᠶᠢᠨ ᠠᠵᠢᠯᠯᠠᠭᠴᠢᠳ᠂ ᠴᠢᠯᠦᠭᠡᠲᠦ ᠠᠵᠢᠯ ᠮᠡᠷᠭᠡᠵᠢᠯ ᠡᠷᠭᠢᠯᠡᠭᠰᠡᠳ᠂ ᠱᠢᠨ᠎ᠡ ᠵᠠᠭᠤᠴᠢᠯᠠᠭᠤᠷ᠎ᠤᠨ ᠠᠵᠢᠯᠯᠠᠭᠴᠢᠳ ᠵᠡᠷᠭᠡ ᠪᠠᠭᠲᠠᠨ᠎ᠠ᠃

  ᠭᠤᠴᠢᠨ ᠬᠣᠶᠠᠳᠤᠭᠠᠷ ᠵᠦᠢᠯ  ᠢᠳᠡᠭᠡᠨ ᠬᠦᠨᠳᠦᠳᠭᠡᠬᠦ᠂ ᠪᠦᠯᠬᠦᠮᠳᠡᠭᠦᠯᠵᠦ ᠬᠥᠲᠦᠯᠦᠨ ᠵᠢᠯᠣᠭᠣᠳᠬᠤ᠂ ᠵᠣᠬᠢᠶᠠᠨ ᠪᠠᠶ᠋ᠢᠭᠤᠯᠬᠤ᠂ ᠦᠢᠯᠡᠳᠦᠯ᠎ᠢᠶ᠋ᠡᠨ ᠪᠠᠳᠠᠷᠠᠭᠤᠯᠬᠤ ᠰᠡᠳᠬᠢᠮᠵᠢ᠎ᠶᠢ ᠪᠠᠷᠢᠮᠲᠠᠯᠠᠵᠤ᠂ ᠨᠡᠢᠭᠡᠮᠴᠢᠯᠡᠭᠰᠡᠨ᠂ ᠰᠦᠯᠵᠢᠶᠡᠵᠢᠭᠰᠡᠨ ᠠᠷᠭ᠎ᠠ᠎ᠶᠢ ᠬᠡᠷᠡᠭᠯᠡᠨ᠂  ᠱᠢᠨ᠎ᠡ᠎ᠶᠢ ᠡᠭᠦᠳᠬᠦ ᠦᠢᠯᠡᠳᠦᠯᠭᠡ᠎ᠶᠢᠨ ᠰᠠᠭᠤᠷᠢᠨ ᠭᠠᠵᠠᠷ᠂ ᠨᠥᠬᠦᠷᠯᠡᠯ᠎ᠦᠨ ᠵᠣᠬᠢᠶᠠᠨ ᠪᠠᠶ᠋ᠢᠭᠤᠯᠤᠯᠲᠠ ᠵᠡᠷᠭᠡ ᠬᠡᠯᠪᠡᠷᠢ᠎ᠪᠡᠷ ᠳᠠᠮᠵᠢᠭᠤᠯᠤᠨ ᠲᠥᠷᠦᠯ ᠬᠤᠪᠢᠶᠠᠨ᠂ ᠣᠯᠠᠨ᠎ᠠᠴᠠ ᠢᠯᠭᠠᠭᠳᠠᠬᠤ ᠠᠷᠭ᠎ᠠ ᠪᠣᠳᠤᠯᠭ᠎ᠠ᠎ᠶᠢ ᠬᠡᠷᠡᠭᠵᠢᠭᠦᠯᠵᠦ᠂ ᠦᠵᠡᠯ ᠰᠠᠨᠠᠭᠠᠨ᠎ᠤ ᠲᠠᠯ᠎ᠠ᠎ᠪᠠᠷ ᠬᠥᠲᠦᠯᠦᠨ ᠳᠠᠭᠠᠭᠤᠯᠬᠤ᠎ᠶᠢ ᠴᠢᠩᠭᠠᠳᠬᠠᠨ᠂ ᠤᠯᠤᠰ ᠲᠥᠷᠦ᠎ᠶᠢᠨ ᠬᠠᠮᠲᠤ᠎ᠶᠢᠨ ᠲᠠᠨᠢᠯᠲᠠ᠎ᠶᠢ ᠨᠢᠭᠲᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠢᠯᠡᠰ᠎ᠢ ᠪᠦᠲᠦᠭᠡᠨ ᠪᠠᠶ᠋ᠢᠭᠤᠯᠬᠤ᠎ᠳᠤ ᠨᠡᠢᠭᠡᠮ᠎ᠦᠨ ᠱᠢᠨ᠎ᠡ ᠳᠠᠪᠬᠤᠷᠭ᠎ᠠ᠎ᠶᠢᠨ ᠬᠥᠮᠦᠰ᠎ᠦᠨ ᠴᠢᠬᠤᠯᠠ ᠦᠢᠯᠡᠳᠦᠯ᠎ᠢ ᠪᠠᠳᠠᠷᠠᠭᠤᠯᠤᠨ᠎ᠠ᠃

  ᠭᠤᠴᠢᠨ ᠭᠤᠷᠪᠠᠳᠤᠭᠠᠷ ᠵᠦᠢᠯ  ᠨᠡᠢᠭᠡᠮ᠎ᠦᠨ ᠱᠢᠨ᠎ᠡ ᠳᠠᠪᠬᠤᠷᠭ᠎ᠠ᠎ᠶᠢᠨ ᠬᠥᠮᠦᠰ᠎ᠯᠦᠭᠡ ᠨᠢᠭᠲᠠ ᠬᠠᠷᠢᠯᠴᠠᠭ᠎ᠠ᠎ᠲᠠᠢ ᠨᠠᠮ ᠵᠠᠰᠠᠭ᠎ᠤᠨ ᠰᠠᠯᠠᠭ᠎ᠠ ᠮᠥᠴᠢᠷ᠂ ᠣᠯᠠᠨ ᠲᠦᠮᠡᠨ᠎ᠦ ᠪᠦᠯᠬᠦᠮ᠂ ᠨᠡᠢᠭᠡᠮ᠎ᠦᠨ ᠵᠣᠬᠢᠶᠠᠨ ᠪᠠᠶ᠋ᠢᠭᠤᠯᠤᠯᠲᠠ ᠵᠡᠷᠭᠡ ᠨᠢ᠂ ᠡᠷᠬᠡ ᠲᠤᠱᠢᠶᠠᠯ᠎ᠤᠨ ᠦᠢᠯᠡᠳᠦᠯ᠎ᠢᠶ᠋ᠡᠨ ᠪᠠᠳᠠᠷᠠᠭᠤᠯᠵᠤ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠦᠨ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠨᠡᠢᠭᠡᠮ᠎ᠦᠨ ᠱᠢᠨ᠎ᠡ ᠳᠠᠪᠬᠤᠷᠭ᠎ᠠ᠎ᠶᠢᠨ ᠬᠥᠮᠦᠰ᠎ᠦᠨ ᠨᠢᠭᠡᠳᠦᠮᠡᠯ ᠹᠷᠤᠨᠲ᠎ᠤᠨ ᠠᠵᠢᠯ᠎ᠢ ᠬᠠᠮᠲᠤ᠎ᠪᠠᠷ ᠰᠠᠶ᠋ᠢᠲᠤᠷ ᠬᠢᠬᠦ ᠬᠡᠷᠡᠭᠲᠡᠢ᠃

  ᠨᠡᠢᠭᠡᠮ᠎ᠦᠨ ᠱᠢᠨ᠎ᠡ ᠳᠠᠪᠬᠤᠷᠭ᠎ᠠ᠎ᠶᠢᠨ ᠬᠥᠮᠦᠰ᠎ᠦᠨ ᠪᠠᠶ᠋ᠢᠭ᠎ᠠ ᠵᠡᠭᠡᠯᠢ ᠭᠤᠳᠤᠮᠵᠢ᠂ ᠨᠡᠢᠭᠡᠮ ᠲᠣᠭᠣᠷᠢᠭ᠂ ᠬᠦᠷᠢᠶᠡᠯᠡᠩ ᠬᠣᠷᠣᠭᠠᠯᠠᠯ᠂ ᠠᠵᠤ ᠠᠬᠤᠶ᠋ᠢᠯᠠᠯ ᠵᠡᠷᠭᠡ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠭᠣᠤᠯ ᠴᠣᠭᠴᠠ᠎ᠶᠢᠨ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ᠂ ᠨᠡᠢᠭᠡᠮ᠎ᠦᠨ ᠱᠢᠨ᠎ᠡ ᠳᠠᠪᠬᠤᠷᠭ᠎ᠠ᠎ᠶᠢᠨ ᠬᠥᠮᠦᠰ᠎ᠦᠨ ᠨᠢᠭᠡᠳᠦᠮᠡᠯ ᠹᠷᠤᠨᠲ᠎ᠤᠨ ᠠᠵᠢᠯ᠎ᠢ ᠴᠢᠬᠤᠯᠠ ᠠᠵᠢᠯ᠎ᠤᠨ ᠲᠤᠱᠢᠶᠠᠯ ᠬᠠᠷᠢᠭᠤᠴᠠᠯᠭ᠎ᠠ᠎ᠳᠤ ᠣᠷᠣᠭᠤᠯᠵᠤ᠂ ᠳᠣᠪᠤᠢᠮ᠎ᠠ ᠠᠰᠠᠭᠤᠳᠠᠯ᠎ᠢ ᠰᠤᠳᠤᠯᠤᠨ ᠱᠢᠢᠳᠪᠦᠷᠢᠯᠡᠬᠦ ᠬᠡᠷᠡᠭᠲᠡᠢ᠃

 

    ᠶᠢᠰᠦᠳᠦᠭᠡᠷ ᠪᠦᠯᠦᠭ   ᠱᠢᠶᠠᠩᠭᠠᠩ ᠣᠣᠮᠧᠨ ᠲᠠᠶ᠋ᠢᠸᠠᠨ᠎ᠤ ᠨᠢᠭᠡᠳᠦᠮᠡᠯ ᠹᠷᠤᠨᠲ᠎ᠤᠨ ᠠᠵᠢᠯ

 

  ᠭᠤᠴᠢᠨ ᠳᠥᠷᠪᠡᠳᠦᠭᠡᠷ ᠵᠦᠢᠯ  ᠱᠢᠶᠠᠩᠭᠠᠩ ᠣᠣᠮᠧᠨ᠎ᠦ ᠨᠢᠭᠡᠳᠦᠮᠡᠯ ᠹᠷᠤᠨᠲ᠎ᠤᠨ ᠠᠵᠢᠯ᠎ᠤᠨ ᠭᠣᠤᠯ ᠡᠭᠦᠷᠭᠡ ᠪᠣᠯ᠄ 《ᠨᠢᠭᠡ ᠤᠯᠤᠰ᠎ᠲᠤ ᠬᠣᠶᠠᠷ ᠪᠠᠶ᠋ᠢᠭᠤᠯᠤᠯ᠎ᠢ ᠬᠡᠷᠡᠭᠵᠢᠭᠦᠯᠬᠦ》᠂ 《ᠱᠢᠶᠠᠩᠭᠠᠩᠴᠤᠳ ᠱᠢᠶᠠᠩᠭᠠᠩ᠎ᠢ ᠵᠠᠰᠠᠬᠤ》᠂ 《ᠤᠤᠮᠸᠨᠴᠤᠳ ᠣᠣᠮᠧᠨ᠎ᠢ ᠵᠠᠰᠠᠬᠤ》᠂ ᠳᠡᠭᠡᠳᠦ ᠬᠡᠮᠵᠢᠶ᠎ᠡ᠎ᠪᠡᠷ ᠥᠪᠡᠷᠲᠡᠭᠡᠨ ᠵᠠᠰᠠᠬᠤ ᠴᠢᠭᠯᠡᠯᠲᠡ᠎ᠶᠢ ᠪᠦᠬᠦ ᠲᠠᠯ᠎ᠠ᠎ᠪᠠᠷ ᠣᠨᠤᠪᠴᠢᠲᠠᠢ ᠲᠤᠭᠤᠰᠢᠯᠠᠭᠤᠯᠵᠤ᠂ 《ᠨᠢᠭᠡ ᠤᠯᠤᠰ᠎ᠲᠤ ᠬᠣᠶᠠᠷ ᠪᠠᠶ᠋ᠢᠭᠤᠯᠤᠯ᠎ᠢ ᠬᠡᠷᠡᠭᠵᠢᠭᠦᠯᠬᠦ》ᠳᠦᠷᠢᠮ᠎ᠦᠨ ᠲᠣᠭᠲᠠᠯᠴᠠᠭ᠎ᠠ᠎ᠶᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠨ ᠬᠠᠤᠯᠢ ᠪᠠ ᠭᠣᠤᠯ ᠬᠠᠤᠯᠢ᠎ᠶᠢ ᠴᠢᠩᠭ᠎ᠠ ᠵᠢᠷᠤᠮᠯᠠᠨ ᠠᠵᠢᠯᠯᠠᠵᠤ᠂ ᠵᠠᠰᠠᠭ ᠵᠠᠬᠢᠷᠭᠠᠨ᠎ᠤ ᠣᠨᠴᠠᠭᠠᠢ ᠣᠷᠤᠨ᠎ᠤ ᠵᠠᠰᠠᠭ ᠵᠠᠬᠢᠷᠭᠠᠨ᠎ᠤ ᠳᠠᠷᠤᠭ᠎ᠠ ᠪᠠ ᠵᠠᠰᠠᠭ᠎ᠤᠨ ᠣᠷᠳᠤᠨ᠎ᠤ ᠬᠠᠤᠯᠢ ᠶᠣᠰᠤᠭᠠᠷ ᠵᠠᠰᠠᠭ ᠶᠠᠪᠤᠭᠤᠯᠬᠤ᠎ᠶᠢ ᠳᠡᠮᠵᠢᠨ᠎ᠡ᠂  ᠱᠢᠶᠠᠩᠭᠠᠩ ᠣᠣᠮᠧᠨ᠎ᠦ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠲᠠᠢ ᠠᠭᠤᠰᠤᠯᠴᠠᠬᠤ᠎ᠶᠢ ᠳᠡᠮᠵᠢᠵᠦ᠂ ᠤᠯᠤᠰ᠎ᠢᠶ᠋ᠠᠨ ᠬᠠᠶ᠋ᠢᠷᠠᠯᠠᠵᠤ ᠱᠢᠶᠠᠩᠭᠠᠩ᠎ᠢᠶ᠋ᠠᠨ ᠬᠠᠶ᠋ᠢᠷᠠᠯᠠᠬᠤ᠂ ᠤᠯᠤᠰ᠎ᠢᠶ᠋ᠠᠨ ᠬᠠᠢᠷᠠᠯᠠᠵᠤ ᠣᠣᠮᠧᠨ᠎ᠢᠶ᠋ᠡᠨ ᠬᠠᠶ᠋ᠢᠷᠠᠯᠠᠬᠤ ᠬᠦᠴᠦᠨ᠎ᠢ ᠬᠥᠭᠵᠢᠭᠦᠯᠦᠨ ᠪᠤᠵᠠᠭᠠᠢᠷᠠᠭᠤᠯᠵᠤ᠂ ᠱᠢᠶᠠᠩᠭᠠᠩ᠎ᠤᠨ ᠠᠬ᠎ᠠ ᠳᠡᠭᠦᠦ᠎ᠨᠠᠷ ᠪᠠ ᠣᠣᠮᠧᠨ᠎ᠦ ᠠᠬ᠎ᠠ ᠳᠡᠭᠦᠦ ᠨᠠᠷ᠎ᠤᠨ ᠤᠯᠤᠰ ᠣᠷᠤᠨ᠎ᠤ ᠤᠬᠠᠮᠰᠠᠷ ᠪᠠ ᠤᠯᠤᠰ᠎ᠢᠶ᠋ᠠᠨ ᠬᠠᠢᠷᠠᠯᠠᠬᠤ ᠵᠣᠷᠢᠭ ᠰᠠᠨᠠᠭ᠎ᠠ᠎ᠶᠢ ᠴᠢᠩᠭᠠᠷᠠᠭᠤᠯᠤᠨ᠎ᠠ᠂ ᠤᠯᠤᠰ᠎ᠤᠨ ᠡᠷᠬᠡ ᠮᠠᠲᠠᠯ᠎ᠤᠨ ᠠᠮᠤᠷ ᠲᠦᠪᠱᠢᠨ ᠬᠥᠭᠵᠢᠯᠲᠡ᠎ᠶᠢᠨ ᠠᠱᠢᠭ ᠲᠤᠰᠠ᠎ᠶᠢ ᠬᠠᠮᠠᠭᠠᠯᠠᠵᠤ᠂ ᠰᠢᠶᠠᠩᠭᠠᠩ᠂ ᠣᠣᠮᠧᠨ᠎ᠦ ᠤᠷᠲᠤ ᠬᠤᠭᠤᠴᠠᠭᠠᠨ᠎ᠤ ᠴᠡᠴᠡᠭᠯᠡᠯ ᠬᠥᠭᠵᠢᠯ ᠪᠠ ᠲᠣᠭᠲᠠᠭᠤᠨ ᠪᠠᠶ᠋ᠢᠳᠠᠯ᠎ᠢ ᠬᠠᠮᠠᠭᠠᠯᠠᠵᠤ᠂ 《ᠨᠢᠭᠡ ᠤᠯᠤᠰ᠎ᠲᠤ ᠬᠣᠶᠠᠷ ᠪᠠᠶ᠋ᠢᠭᠤᠯᠤᠯ᠎ᠢ ᠬᠡᠷᠡᠭᠵᠢᠭᠦᠯᠬᠦ》ᠦᠢᠯᠡᠳᠦᠯᠭᠡ᠎ᠶᠢᠨ ᠯᠠᠪᠳᠠᠭᠤᠨ᠎ᠢᠶ᠋ᠠᠷ ᠤᠷᠤᠭᠱᠢᠯᠠᠬᠤ᠎ᠶᠢ ᠦᠨᠡᠨ᠎ᠬᠦ ᠪᠠᠲᠤᠯᠠᠬᠤ ᠶᠠᠪᠤᠳᠠᠯ ᠪᠤᠯᠤᠨ᠎ᠠ᠃

  ᠭᠤᠴᠢᠨ ᠲᠠᠪᠤᠳᠤᠭᠠᠷ ᠵᠦᠢᠯ  ᠲᠠᠶ᠋ᠢᠸᠠᠨ᠎ᠤ ᠲᠤᠬᠠᠢ ᠨᠢᠭᠡᠳᠦᠮᠡᠯ ᠹᠷᠤᠨᠲ᠎ᠤᠨ ᠠᠵᠢᠯ᠎ᠤᠨ ᠭᠣᠤᠯ ᠡᠭᠦᠷᠭᠡ ᠪᠣᠯ᠄ ᠲᠠᠶ᠋ᠢᠸᠠᠨ᠎ᠤ ᠲᠤᠬᠠᠢ ᠨᠠᠮ᠎ᠤᠨ ᠲᠥᠪ ᠬᠣᠷᠢᠶᠠᠨ᠎ᠤ ᠦᠨᠳᠦᠰᠦᠨ ᠪᠣᠳᠤᠯᠭ᠎ᠠ ᠴᠢᠭᠯᠡᠯᠲᠡ᠎ᠶᠢ ᠲᠤᠭᠤᠱᠢᠯᠠᠭᠤᠯᠤᠨ ᠬᠡᠷᠡᠭᠵᠢᠭᠦᠯᠵᠦ᠂ ᠨᠢᠭᠡ᠎ᠯᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠪᠠᠷᠢᠮᠲᠠᠯᠠᠨ᠂ ᠤᠯᠤᠰ᠎ᠤᠨ ᠳᠣᠲᠤᠭᠠᠳᠤ ᠭᠠᠳᠠᠭᠠᠳᠤ᠎ᠶᠢᠨ ᠲᠠᠶ᠋ᠢᠸᠠᠨ᠎ᠤ ᠠᠬ᠎ᠠ ᠳᠡᠭᠦᠦ ᠨᠠᠷ᠎ᠲᠠᠢ ᠥᠷᠭᠡᠨ᠎ᠢᠶ᠋ᠡᠷ ᠪᠦᠯᠬᠦᠮᠳᠡᠵᠦ᠂ ᠲᠠᠶ᠋ᠢᠸᠠᠨ᠎ᠤ ᠤᠯᠤᠰ᠎ᠢᠶ᠋ᠠᠨ ᠬᠠᠢᠷᠠᠯᠠᠬᠤ ᠨᠢᠭᠡᠳᠦᠭᠰᠡᠨ ᠬᠦᠴᠦᠨ᠎ᠢ ᠬᠥᠭᠵᠢᠭᠦᠯᠦᠨ ᠪᠤᠵᠠᠭᠠᠢᠷᠠᠭᠤᠯᠤᠨ᠎ᠠ᠂ 《ᠲᠠᠶ᠋ᠢᠸᠠᠨ᠎ᠢ ᠲᠤᠰᠠᠭᠠᠷ ᠲᠣᠭᠲᠠᠨᠢᠭᠤᠯᠬᠤ》ᠬᠠᠭᠠᠴᠠᠭᠤᠯᠬᠤ ᠠᠵᠢᠯᠯᠠᠭ᠎ᠠ᠎ᠶᠢ ᠡᠰᠡᠷᠭᠦᠴᠡᠨ᠂ ᠡᠬᠡ ᠤᠯᠤᠰ᠎ᠢᠶ᠋ᠠᠨ ᠨᠠᠶ᠋ᠢᠷᠠᠮᠳᠠᠯ᠎ᠢᠶ᠋ᠠᠷ ᠨᠢᠭᠡᠳᠬᠡᠬᠦ ᠠᠬᠢᠴᠠ᠎ᠶᠢ ᠲᠠᠰᠤᠷᠠᠯᠲᠠ᠎ᠦᠭᠡᠢ ᠲᠦᠯᠬᠢᠨ ᠤᠷᠤᠭᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠰᠡᠳᠬᠢᠯ ᠨᠢᠭᠡᠲᠡᠢ ᠪᠡᠶᠡᠯᠡᠭᠦᠯᠬᠦ ᠶᠠᠪᠤᠳᠠᠯ ᠪᠣᠯᠤᠨ᠎ᠠ᠃

  ᠭᠤᠴᠢᠨ ᠵᠢᠷᠭᠤᠳᠤᠭᠠᠷ ᠵᠦᠢᠯ  ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ᠎ᠦᠨ ᠪᠤᠰᠤ ᠬᠥᠮᠦᠰ᠎ᠢ ᠳᠡᠮᠵᠢᠵᠦ᠂ ᠬᠣᠯᠪᠤᠭᠳᠠᠯ ᠪᠦᠬᠦᠢ ᠠᠷᠠᠳ᠎ᠤᠨ ᠪᠦᠯᠬᠦᠮ ᠪᠠ ᠨᠡᠢᠭᠡᠮ᠎ᠦᠨ ᠪᠦᠯᠬᠦᠮ᠎ᠢ ᠵᠢᠯᠣᠭᠣᠳᠴᠤ᠂ ᠱᠢᠶᠠᠩᠭᠠᠩ ᠣᠣᠮᠧᠨ ᠲᠠᠶ᠋ᠢᠸᠠᠨ᠎ᠤ ᠨᠢᠭᠡᠳᠦᠮᠡᠯ ᠹᠷᠤᠨᠲ᠎ᠤᠨ ᠠᠵᠢᠯ᠎ᠤᠨ ᠳᠤᠮᠳᠠᠬᠢ ᠦᠢᠯᠡᠳᠦᠯ᠎ᠢ᠎ᠨᠢ ᠪᠠᠳᠠᠷᠠᠭᠤᠯᠤᠨ᠎ᠠ᠃

 

    ᠠᠷᠪᠠᠳᠤᠭᠠᠷ ᠪᠦᠯᠦᠭ   ᠭᠠᠳᠠᠭᠠᠳᠤ᠎ᠳᠠᠬᠢ ᠨᠢᠭᠡᠳᠦᠮᠡᠯ ᠹᠷᠤᠨᠲ᠎ᠤᠨ ᠠᠵᠢᠯ ᠪᠠ ᠬᠠᠷᠢᠶᠠᠲᠤ ᠨᠠᠷ᠎ᠤᠨ ᠲᠤᠬᠠᠢ ᠠᠵᠢᠯ

 

  ᠭᠤᠴᠢᠨ ᠳᠣᠯᠤᠳᠤᠭᠠᠷ ᠵᠦᠢᠯ  ᠭᠠᠳᠠᠭᠠᠳᠤ᠎ᠳᠠᠬᠢ ᠨᠢᠭᠡᠳᠦᠮᠡᠯ ᠹᠷᠤᠨᠲ᠎ᠤᠨ ᠠᠵᠢᠯ᠎ᠤᠨ ᠭᠣᠤᠯ ᠡᠭᠦᠷᠭᠡ ᠪᠣᠯ᠄ ᠦᠵᠡᠯ ᠰᠠᠨᠠᠭ᠎ᠠ ᠤᠯᠤᠰ ᠲᠥᠷᠦ᠎ᠶᠢᠨ ᠵᠢᠯᠤᠭᠤᠳᠤᠯᠭ᠎ᠠ᠎ᠪᠠᠨ ᠴᠢᠩᠭᠠᠳᠬᠠᠵᠤ᠂ ᠳᠤᠮᠳᠠᠳᠤ᠎ᠶᠢᠨ ᠬᠠᠷᠢᠶᠠᠲᠤ ᠪᠠ ᠭᠠᠳᠠᠭᠠᠳᠤ᠎ᠳᠤ ᠭᠠᠷᠴᠤ ᠰᠤᠷᠤᠯᠴᠠᠭᠰᠠᠳ ᠵᠡᠷᠭᠡ᠎ᠶᠢᠨ ᠡᠬᠡ ᠤᠯᠤᠰ᠎ᠢᠶ᠋ᠠᠨ ᠬᠠᠶ᠋ᠢᠷᠠᠯᠠᠬᠤ ᠰᠡᠳᠬᠢᠯᠭᠡ ᠪᠠ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠲᠤᠬᠠᠢ ᠬᠠᠮᠲᠤ᠎ᠶᠢᠨ ᠣᠢᠯᠠᠭᠠᠯᠲᠠ ᠲᠠᠨᠢᠯᠲᠠ᠎ᠶᠢ ᠨᠡᠮᠡᠭᠳᠡᠭᠦᠯᠦᠨ᠎ᠡ; ᠳᠤᠮᠳᠠᠳᠤ᠎ᠶᠢᠨ ᠱᠢᠯᠢᠳᠡᠭ ᠰᠣᠶᠤᠯ᠎ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠭᠠᠳᠠᠭᠠᠳᠤ᠎ᠶᠢᠨ ᠰᠣᠶᠤᠯ᠎ᠤᠨ ᠰᠣᠯᠢᠯᠴᠠᠭ᠎ᠠ᠎ᠶᠢ ᠠᠬᠢᠭᠤᠯᠤᠨ᠎ᠠ; ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠤᠬᠢᠴᠢᠯᠠᠬᠤ ᠪᠦᠲᠦᠭᠡᠨ ᠪᠠᠶ᠋ᠢᠭᠤᠯᠤᠯᠲᠠ᠎ᠳᠤ ᠳᠤᠮᠳᠠᠳᠤ᠎ᠶᠢᠨ ᠬᠠᠷᠢᠶᠠᠲᠤ ᠨᠠᠷ᠎ᠤᠨ ᠣᠷᠤᠯᠴᠠᠬᠤ᠎ᠶᠢ ᠵᠣᠷᠢᠭᠵᠢᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠲᠡᠢ ᠠᠭᠤᠰᠤᠯᠴᠠᠭᠤᠯᠤᠨ᠎ᠠ; 《ᠲᠠᠶ᠋ᠢᠸᠠᠨ᠎ᠢ ᠲᠤᠰᠠᠭᠠᠷ ᠲᠣᠭᠲᠠᠨᠢᠭᠤᠯᠬᠤ》ᠵᠡᠷᠭᠡ ᠬᠠᠭᠠᠴᠠᠭᠤᠯᠬᠤ ᠬᠦᠴᠦᠨ᠎ᠢ ᠬᠣᠷᠢᠭᠯᠠᠨ ᠳᠠᠷᠤᠵᠤ᠂ ᠤᠯᠤᠰ ᠣᠷᠤᠨ᠎ᠤ ᠭᠣᠤᠯᠯᠠᠬᠤ ᠠᠱᠢᠭ ᠲᠤᠰᠠ᠎ᠶᠢ ᠬᠠᠮᠠᠭᠠᠯᠠᠨ᠎ᠠ; ᠳᠤᠮᠳᠠᠳᠤ ᠭᠠᠳᠠᠭᠠᠳᠤ᠎ᠶᠢᠨ ᠨᠥᠬᠦᠷᠯᠡᠯ᠎ᠢ ᠠᠬᠢᠭᠤᠯᠬᠤ ᠬᠥᠭᠦᠷᠭᠡ ᠬᠣᠯᠪᠤᠭᠠᠰᠤ᠎ᠶᠢᠨ ᠦᠢᠯᠡᠳᠦᠯ᠎ᠢ ᠪᠠᠳᠠᠷᠠᠭᠤᠯᠵᠤ᠂ ᠣᠯᠠᠨ ᠤᠯᠤᠰ᠎ᠤᠨ ᠰᠠᠢᠨ ᠰᠠᠢᠬᠠᠨ ᠣᠷᠴᠢᠨ ᠨᠥᠬᠦᠴᠡᠯ᠎ᠢ ᠪᠣᠢ ᠪᠣᠯᠭᠠᠨ᠎ᠠ᠃

  ᠭᠤᠴᠢᠨ ᠨᠠᠢ᠍ᠮᠠᠳᠤᠭᠠᠷ ᠵᠦᠢᠯ  ᠬᠠᠷᠢᠶᠠᠲᠤ ᠨᠠᠷ᠎ᠤᠨ ᠲᠤᠬᠠᠢ ᠠᠵᠢᠯ᠎ᠤᠨ ᠭᠣᠤᠯ ᠡᠭᠦᠷᠭᠡ ᠪᠣᠯ᠄ ᠰᠡᠳᠬᠢᠯ ᠨᠢᠭᠡᠳᠦᠨ ᠬᠦᠴᠦ᠎ᠪᠡᠨ ᠬᠠᠮᠲᠤᠳᠭᠠᠵᠤ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠪᠡᠶᠡᠯᠡᠭᠦᠯᠵᠦ ᠬᠠᠮᠲᠤ᠎ᠪᠠᠷ ᠡᠳ᠋ᠯᠡᠬᠦ ᠭᠣᠤᠯ ᠰᠡᠳᠦᠪ᠎ᠦᠨ ᠲᠣᠭᠤᠷᠢᠨ᠎ᠳᠤ ᠳᠤᠮᠳᠠᠳᠤ᠎ᠶᠢᠨ ᠬᠠᠷᠢᠶᠠᠲᠤ ᠨᠠᠷ᠂ ᠤᠯᠤᠰ᠎ᠲᠤ᠎ᠪᠠᠨ ᠪᠤᠴᠠᠵᠤ ᠢᠷᠡᠭᠰᠡᠨ ᠬᠠᠷᠢᠶᠠᠲᠤ ᠨᠠᠷ᠂ ᠬᠠᠷᠢᠶᠠᠲᠤ ᠨᠠᠷ᠎ᠤᠨ ᠭᠡᠷ ᠪᠦᠯᠢ᠎ᠶᠢᠨ ᠲᠥᠯᠦᠭᠡᠯᠡᠭᠴᠢ ᠬᠥᠮᠦᠰ᠎ᠦᠨ ᠠᠵᠢᠯ᠎ᠢ ᠴᠢᠩᠭᠠᠳᠬᠠᠵᠤ᠂ ᠬᠠᠷᠢᠶᠠᠲᠤ ᠨᠠᠷ᠎ᠤᠨ ᠰᠡᠳᠬᠢᠯ᠎ᠢ ᠨᠢᠭᠲᠠᠷᠠᠭᠤᠯᠤᠨ᠂ ᠬᠠᠷᠢᠶᠠᠲᠤ ᠨᠠᠷ᠎ᠤᠨ ᠣᠶᠤᠨ ᠤᠬᠠᠭᠠᠨ᠎ᠢ ᠲᠥᠪᠯᠡᠷᠡᠭᠦᠯᠵᠦ᠂ ᠬᠠᠷᠢᠶᠠᠲᠤ ᠨᠠᠷ᠎ᠤᠨ ᠬᠦᠴᠦᠨ ᠴᠢᠳᠠᠯ᠎ᠢ ᠪᠠᠳᠠᠷᠠᠭᠤᠯᠤᠨ᠂ ᠬᠠᠷᠢᠶᠠᠲᠤ ᠨᠠᠷ᠎ᠤᠨ ᠠᠱᠢᠭ ᠲᠤᠰᠠ᠎ᠶᠢ ᠬᠠᠮᠠᠭᠠᠯᠠᠵᠤ᠂ ᠬᠠᠷᠢᠶᠠᠲᠤ ᠨᠠᠷ᠎ᠲᠤ ᠦᠢᠯᠡᠴᠢᠯᠡᠨ᠎ᠡ; ᠤᠯᠤᠰ᠎ᠤᠨ ᠳᠣᠲᠤᠭᠠᠳᠤ᠎ᠶᠢᠨ ᠬᠠᠷᠢᠶᠠᠲᠤ᠎ᠨᠠᠷ ᠪᠠ ᠭᠠᠳᠠᠭᠠᠳᠤ᠎ᠳᠤ ᠰᠠᠭᠤᠭ᠎ᠠ ᠬᠠᠷᠢᠶᠠᠲᠤ ᠨᠠᠷ᠎ᠤᠨ ᠲᠤᠬᠠᠢ ᠠᠵᠢᠯ᠎ᠢ ᠨᠢᠭᠡᠳᠦᠯᠲᠡᠢ ᠲᠥᠯᠥᠪᠵᠢᠭᠦᠯᠵᠦ᠂ ᠬᠠᠷᠢᠶᠠᠲᠤ ᠨᠠᠷ᠎ᠤᠨ ᠶᠠᠪᠤᠳᠠᠯ᠎ᠤᠨ ᠡᠬᠢ ᠪᠠᠶᠠᠯᠢᠭ᠎ᠢ ᠬᠦᠴᠦᠯᠡᠨ ᠬᠠᠳᠠᠭᠠᠯᠠᠵᠤ᠂ ᠳᠤᠮᠳᠠᠳᠤ᠎ᠶᠢᠨ ᠬᠠᠷᠢᠶᠠᠲᠤ ᠨᠠᠷ᠂ ᠤᠯᠤᠰ᠎ᠲᠤ᠎ᠪᠠᠨ ᠪᠤᠴᠠᠵᠤ ᠢᠷᠡᠭᠰᠡᠨ ᠬᠠᠷᠢᠶᠠᠲᠤ ᠨᠠᠷ᠂ ᠬᠠᠷᠢᠶᠠᠲᠤ ᠨᠠᠷ᠎ᠤᠨ ᠭᠡᠷ ᠪᠦᠯᠢ᠎ᠶᠢᠨ ᠬᠢᠨ᠎ᠢ ᠬᠥᠲᠦᠯᠦᠨ ᠵᠢᠯᠤᠭᠤᠳᠴᠤ ᠪᠠᠶ᠋ᠢᠭᠠᠳ ᠡᠬᠡ ᠤᠯᠤᠰ᠎ᠤᠨ ᠣᠳᠤᠬᠢᠴᠢᠯᠠᠯᠲᠠ᠎ᠶᠢᠨ ᠪᠦᠲᠦᠭᠡᠨ ᠪᠠᠶ᠋ᠢᠭᠤᠯᠤᠯᠲᠠ᠎ᠶᠢᠨ ᠲᠥᠯᠦᠭᠡ  ᠴᠢᠷᠮᠠᠢᠯᠭᠠᠵᠤ᠂ ᠳᠤᠮᠳᠠᠳᠤ ᠤᠯᠤᠰ᠎ᠤᠨ ᠨᠢᠭᠡᠳᠦᠯ᠎ᠢ ᠬᠠᠮᠠᠭᠠᠯᠠᠨ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠡᠯᠡᠬᠡᠢ᠎ᠶᠢᠨ ᠠᠷᠠᠳ ᠲᠦᠮᠡᠨ᠎ᠦ ᠬᠣᠭᠤᠷᠤᠨᠳᠤᠬᠢ ᠨᠥᠬᠦᠷᠰᠡᠭ ᠬᠠᠮᠲᠤᠷᠠᠯᠴᠠᠭ᠎ᠠ ᠰᠣᠯᠢᠯᠴᠠᠭ᠎ᠠ᠎ᠶᠢ ᠨᠡᠮᠡᠭᠳᠡᠭᠦᠯᠬᠦ᠎ᠪᠡᠷ ᠴᠢᠷᠮᠠᠶ᠋ᠢᠵᠤ᠂ ᠬᠥᠮᠦᠨ ᠲᠥᠷᠦᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠤᠨ᠎ᠠ᠃

  ᠳᠤᠮᠳᠠᠳᠤ᠎ᠶᠢᠨ ᠬᠠᠷᠢᠶᠠᠲᠤ ᠨᠠᠷ᠎ᠤᠨ ᠵᠦᠢ ᠶᠣᠰᠤᠨ᠎ᠤ ᠡᠷᠬᠡ ᠠᠱᠢᠭ᠎ᠢ ᠬᠠᠮᠠᠭᠠᠯᠠᠵᠤ᠂ ᠳᠤᠮᠳᠠᠳᠤ᠎ᠶᠢᠨ ᠬᠠᠷᠢᠶᠠᠲᠤ ᠨᠠᠷ᠎ᠤᠨ ᠣᠷᠤᠱᠢᠨ ᠬᠥᠭᠵᠢᠬᠦ᠎ᠶᠢ ᠬᠠᠯᠠᠮᠵᠢᠯᠠᠵᠤ᠂ ᠳᠤᠮᠳᠠᠳᠤ᠎ᠶᠢᠨ ᠬᠠᠷᠢᠶᠠᠲᠤ ᠨᠠᠷ᠎ᠢᠶ᠋ᠠᠷ ᠪᠦᠷᠢᠯᠳᠦᠭᠰᠡᠨ ᠡᠶ᠎ᠡ ᠵᠣᠬᠢᠴᠠᠯ᠎ᠲᠠᠢ ᠨᠡᠢᠭᠡᠮ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ᠎ᠶᠢ ᠠᠬᠢᠭᠤᠯᠤᠨ᠎ᠠ᠂ ᠳᠤᠮᠳᠠᠳᠤ᠎ᠶᠢᠨ ᠬᠠᠷᠢᠶᠠᠲᠤ ᠨᠠᠷ᠎ᠢ ᠰᠠᠭᠤᠵᠤ ᠪᠠᠶ᠋ᠢᠭ᠎ᠠ ᠤᠯᠤᠰ᠎ᠤ᠋ᠨ᠎ᠢᠶ᠋ᠠᠨ ᠬᠠᠤᠯᠢ ᠴᠠᠭᠠᠵᠠ᠎ᠶᠢ ᠵᠢᠷᠤᠮᠯᠠᠨ ᠰᠠᠬᠢᠵᠤ᠂ ᠲᠤᠬᠠᠢ᠎ᠶᠢᠨ ᠭᠠᠵᠠᠷ᠎ᠤᠨ ᠰᠣᠶᠤᠯ ᠵᠠᠩ ᠳᠠᠳᠭᠠᠯ᠎ᠢ ᠬᠦᠨᠳᠦᠳᠬᠡᠨ᠂ ᠨᠡᠢᠭᠡᠮ᠎ᠦᠨ ᠭᠣᠤᠯ ᠳᠠᠪᠬᠤᠷᠭ᠎ᠠ᠎ᠲᠠᠢ ᠨᠡᠩ ᠰᠠᠶ᠋ᠢᠲᠤᠷ ᠠᠭᠤᠰᠤᠯᠴᠠᠵᠤ᠂ ᠰᠠᠭᠤᠵᠤ ᠪᠠᠶ᠋ᠢᠭ᠎ᠠ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠣᠶᠤᠨ ᠤᠬᠠᠭᠠᠨ ᠪᠠ ᠬᠦᠴᠦᠨ ᠴᠢᠳᠠᠯ᠎ᠢᠶ᠋ᠠᠨ ᠡᠷᠭᠦᠵᠦ᠂ ᠬᠠᠤᠯᠢ᠎ᠶᠢ ᠰᠠᠬᠢᠵᠤ ᠦᠨᠡᠨᠴᠢ ᠢᠲᠡᠭᠡᠮᠵᠢᠲᠡᠢ᠂ ᠬᠥᠳᠡᠯᠦᠯ ᠪᠠᠢᠳᠠᠯ᠎ᠨᠢ ᠪᠣᠯᠪᠠᠰᠤᠨ᠂ ᠨᠡᠢᠭᠡᠮ᠎ᠢ ᠬᠠᠯᠠᠮᠵᠢᠯᠠᠨ ᠬᠠᠢᠷᠠᠯᠠᠳᠠᠭ᠂ ᠪᠦᠯᠬᠦᠮᠳᠡᠯ᠎ᠲᠡᠢ ᠡᠶ᠎ᠡ ᠵᠣᠬᠢᠴᠠᠯ᠎ᠲᠠᠢ ᠪᠠᠶ᠋ᠢᠬᠤ ᠲᠣᠮᠤ ᠤᠯᠤᠰ᠎ᠤᠨ ᠬᠠᠷᠢᠶᠠᠲᠤ ᠠᠷᠠᠳ᠎ᠤᠨ ᠳᠦᠷᠢ ᠲᠥᠷᠬᠦ᠎ᠶᠢ ᠭᠦᠢᠴᠡᠳ ᠢᠯᠡᠷᠡᠭᠦᠯᠬᠦ᠎ᠶᠢ ᠰᠤᠷᠭᠠᠨ ᠬᠥᠮᠦᠵᠢᠭᠦᠯᠵᠦ ᠬᠥᠲᠦᠯᠦᠨ ᠵᠢᠯᠣᠭᠣᠳᠤᠨ᠎ᠠ᠃

  ᠤᠯᠤᠰ᠎ᠲᠤ᠎ᠪᠠᠨ ᠪᠤᠴᠠᠵᠤ ᠢᠷᠡᠭᠰᠡᠨ ᠳᠤᠮᠳᠠᠳᠤ᠎ᠶᠢᠨ ᠬᠠᠷᠢᠶᠠᠲᠤ ᠨᠠᠷ᠂ ᠭᠠᠳᠠᠭᠠᠳᠤ᠎ᠳᠤ ᠰᠠᠭᠤᠭ᠎ᠠ ᠳᠤᠮᠳᠠᠳᠤ᠎ᠶᠢᠨ ᠬᠠᠷᠢᠶᠠᠲᠤ ᠨᠠᠷ᠎ᠤᠨ ᠲᠥᠷᠦᠯ ᠰᠠᠳᠤᠨ᠎ᠤ ᠬᠠᠤᠯᠢ ᠶᠣᠰᠤᠨ᠎ᠤ ᠡᠷᠬᠡ ᠠᠱᠢᠭ᠎ᠢ ᠬᠠᠮᠠᠭᠠᠯᠠᠵᠤ᠂ ᠤᠯᠤᠰ᠎ᠲᠤ᠎ᠪᠠᠨ ᠪᠤᠴᠠᠵᠤ ᠢᠷᠡᠭᠰᠡᠨ ᠳᠤᠮᠳᠠᠳᠤ᠎ᠶᠢᠨ ᠬᠠᠷᠢᠶᠠᠲᠤ ᠨᠠᠷ᠂ ᠭᠠᠳᠠᠭᠠᠳᠤ᠎ᠳᠤ ᠰᠠᠭᠤᠭ᠎ᠠ ᠳᠤᠮᠳᠠᠳᠤ᠎ᠶᠢᠨ ᠬᠠᠷᠢᠶᠠᠲᠤ ᠨᠠᠷ᠎ᠤᠨ ᠲᠥᠷᠦᠯ ᠰᠠᠳᠤᠨ᠎ᠤ ᠣᠨᠴᠠᠯᠢᠭ᠎ᠢ ᠵᠣᠬᠢᠰᠲᠠᠢ᠎ᠪᠠᠷ ᠬᠠᠷᠠᠭᠠᠯᠵᠠᠨ᠂ ᠲᠡᠳᠡᠨ᠎ᠦ ᠭᠠᠳᠠᠭᠠᠳᠤ᠎ᠲᠠᠢ ᠥᠷᠭᠡᠨ ᠳᠡᠯᠭᠡᠷ ᠬᠠᠷᠢᠯᠴᠠᠬᠤ ᠳᠠᠪᠠᠭᠤᠯᠢᠭ ᠦᠢᠯᠡᠳᠦᠯ᠎ᠢ ᠢᠳᠡᠪᠬᠢᠲᠡᠢ  ᠪᠠᠳᠠᠷᠠᠭᠤᠯᠤᠨ᠎ᠠ᠃

 

    ᠠᠷᠪᠠᠨ ᠨᠢᠭᠡᠳᠦᠭᠡᠷ ᠪᠦᠯᠦᠭ   ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠦᠨ ᠡᠩᠨᠡᠭᠡᠨ᠎ᠦ ᠪᠠᠶ᠋ᠢᠭᠤᠯᠤᠯᠲᠠ

 

  ᠭᠤᠴᠢ ᠶᠢᠰᠦᠳᠦᠭᠡᠷ ᠵᠦᠢᠯ  ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ ᠭᠡᠳᠡᠭ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠲᠠᠢ ᠪᠦᠯᠬᠦᠮᠳᠡᠨ ᠬᠠᠮᠲᠤᠷᠠᠯᠴᠠᠵᠤ᠂ ᠨᠡᠯᠢᠶᠡᠳ ᠶᠡᠬᠡ ᠬᠤᠪᠢ ᠨᠡᠮᠡᠷᠢ ᠦᠵᠡᠭᠦᠯᠦᠭᠰᠡᠨ᠂ ᠵᠣᠬᠢᠬᠤ ᠨᠡᠢᠭᠡᠮ᠎ᠦᠨ ᠨᠥᠯᠦᠭᠡ᠎ᠲᠡᠢ ᠬᠥᠮᠦᠰ᠎ᠢ ᠵᠢᠭᠠᠵᠤ ᠪᠣᠢ᠂ ᠲᠡᠭᠦᠨ᠎ᠦ ᠪᠠᠷᠢᠮᠵᠢᠶ᠎ᠠ᠎ᠨᠢ ᠤᠯᠤᠰ ᠲᠥᠷᠦ᠎ᠶᠢᠨ ᠵᠣᠭᠰᠤᠴᠠ᠎ᠪᠠᠷ ᠪᠠᠲᠤ ᠴᠢᠩᠭ᠎ᠠ᠂ ᠠᠮᠵᠢᠯᠲᠠ ᠪᠦᠲᠦᠮᠵᠢ᠎ᠨᠢ ᠳᠣᠪᠣᠢᠮ᠎ᠠ᠂ ᠣᠯᠠᠨ ᠲᠦᠮᠡᠨ᠎ᠳᠦ  ᠮᠡᠳᠡᠷᠡᠭᠳᠡᠭᠰᠡᠨ ᠪᠠᠢᠬᠤ ᠬᠡᠷᠡᠭᠲᠡᠢ᠃

  ᠳᠥᠴᠢᠳᠦᠭᠡᠷ ᠵᠦᠢᠯ  ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠢ ᠢᠯᠡᠷᠡᠭᠦᠯᠵᠦ ᠨᠥᠭᠡᠴᠡᠯᠡᠬᠦ ᠠᠵᠢᠯ᠎ᠢ ᠴᠢᠩᠭᠠᠳᠬᠠᠨ᠎ᠠ᠃  ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠢ ᠬᠥᠮᠦᠵᠢᠭᠦᠯᠬᠦ ᠪᠠ ᠱᠢᠯᠢᠨ ᠳᠡᠪᠱᠢᠭᠦᠯᠬᠦ ᠴᠢᠬᠤᠯᠠ ᠰᠠᠭᠤᠷᠢᠨ ᠭᠠᠵᠠᠷ᠎ᠤᠨ ᠦᠢᠯᠡᠳᠦᠯ᠎ᠢ ᠪᠠᠳᠠᠷᠠᠭᠤᠯᠵᠤ᠂ ᠲᠥᠷᠦ᠎ᠶᠢᠨ ᠪᠠᠶ᠋ᠢᠭᠤᠯᠭ᠎ᠠ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠠᠵᠢᠯ ᠦᠢᠯᠡᠰ᠎ᠦᠨ ᠨᠢᠭᠡᠴᠢ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠵᠢᠴᠢ ᠨᠡᠢᠭᠡᠮ᠎ᠦᠨ ᠱᠢᠨ᠎ᠡ ᠳᠠᠪᠬᠤᠷᠭ᠎ᠠ᠎ᠶᠢᠨ ᠬᠥᠮᠦᠰ᠂ ᠭᠠᠳᠠᠭᠠᠳᠤ᠎ᠳᠤ ᠭᠠᠷᠤᠭᠰᠠᠨ ᠪᠠ ᠤᠯᠤᠰ᠎ᠲᠤ᠎ᠪᠠᠨ ᠪᠤᠴᠠᠵᠤ ᠢᠷᠡᠭᠰᠡᠨ ᠬᠥᠮᠦᠰ᠎ᠦᠨ ᠳᠣᠲᠤᠷ᠎ᠠ᠎ᠠᠴᠠ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠢ ᠢᠯᠡᠷᠡᠭᠦᠯᠬᠦ᠎ᠶᠢ ᠠᠩᠬᠠᠷᠤᠨ᠎ᠠ᠃

  ᠳᠥᠴᠢᠨ ᠨᠢᠭᠡᠳᠦᠭᠡᠷ ᠵᠦᠢᠯ  ᠤᠯᠤᠰ ᠲᠥᠷᠦ᠎ᠶᠢᠨ ᠪᠣᠯᠪᠠᠰᠤᠷᠠᠯ ᠬᠢᠬᠦ᠎ᠪᠡᠷ ᠭᠣᠤᠯ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠲᠦ ᠣᠨᠤᠯ᠎ᠤᠨ ᠪᠣᠯᠪᠠᠰᠤᠷᠠᠯ ᠬᠦᠷᠲᠡᠭᠡᠨ᠎ᠡ᠃ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠨᠢᠭᠡᠳᠦᠮᠡᠯ ᠹᠷᠤᠨᠲ᠎ᠤᠨ ᠴᠢᠳᠠᠪᠤᠷᠢᠲᠠᠨ᠎ᠢ ᠰᠤᠷᠭᠠᠨ ᠬᠥᠮᠦᠵᠢᠭᠦᠯᠬᠦ ᠭᠣᠤᠯ ᠰᠠᠭᠤᠷᠢᠨ ᠭᠠᠵᠠᠷ᠎ᠤᠨ ᠦᠢᠯᠡᠳᠦᠯ᠎ᠢ ᠪᠠᠳᠠᠷᠠᠭᠤᠯᠵᠤ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠂ ᠺᠠᠳ᠋ᠷ᠎ᠤᠨ ᠳᠡᠭᠡᠳᠦ ᠰᠤᠷᠭᠠᠭᠤᠯᠢ᠎ᠶᠢᠨ ᠦᠢᠯᠡᠳᠦᠯ᠎ᠢ ᠪᠠᠳᠠᠷᠠᠭᠤᠯᠬᠤ᠎ᠶᠢ ᠴᠢᠬᠤᠯᠠᠴᠢᠯᠠᠵᠤ᠂  ᠶᠡᠬᠡ ᠳᠡᠭᠡᠳᠦ ᠰᠤᠷᠭᠠᠭᠤᠯᠢ ᠵᠡᠷᠭᠡ ᠪᠣᠯᠪᠠᠰᠤᠷᠠᠭᠤᠯᠤᠯ᠎ᠤᠨ ᠡᠬᠢ ᠪᠠᠶᠠᠯᠢᠭ᠎ᠢ ᠵᠦᠢ ᠵᠣᠬᠢᠰᠲᠠᠢ ᠠᠰᠢᠭᠯᠠᠨ᠎ᠠ᠃

  ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠦᠨ ᠦᠢᠯᠡᠳᠦᠯᠭᠡ᠎ᠶᠢᠨ ᠪᠣᠯᠪᠠᠰᠤᠷᠠᠯ᠎ᠢ ᠴᠢᠩᠭᠠᠳᠬᠠᠵᠤ᠂ ᠨᠠᠮ᠎ᠤᠨ ᠭᠠᠳᠠᠨᠠᠬᠢ ᠺᠠᠳ᠋ᠷ᠎ᠢ ᠨᠠᠮ ᠵᠠᠰᠠᠭ᠎ᠤᠨ ᠤᠳᠤᠷᠢᠳᠭᠤ ᠺᠠᠳ᠋ᠷ᠎ᠢ ᠰᠣᠯᠢᠯᠴᠠᠬᠤ ᠶᠡᠷᠦᠩᠬᠡᠢ ᠲᠣᠬᠢᠷᠠᠭᠤᠯᠤᠯᠲᠠ᠎ᠳᠤ ᠣᠷᠣᠭᠤᠯᠤᠨ᠎ᠠ᠃

  ᠳᠥᠴᠢᠨ ᠬᠣᠶᠠᠳᠤᠭᠠᠷ ᠵᠦᠢᠯ  ᠡᠯ᠎ᠡ ᠱᠠᠲᠤᠨ᠎ᠤ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠂ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶᠠᠨ᠎ᠤ  ᠭᠡᠱᠢᠭᠦᠨ ᠪᠠ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠤᠰᠭᠠᠢ ᠵᠥᠪᠯᠡᠯ᠎ᠦᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠱᠢᠭᠦᠨ ᠵᠢᠴᠢ ᠭᠡᠱᠢᠭᠦᠳ᠎ᠦᠨ ᠳᠣᠲᠤᠷᠠᠬᠢ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠢ ᠵᠣᠬᠢᠬᠤ ᠬᠠᠷᠢᠴᠠᠯ᠎ᠲᠠᠢ ᠪᠠᠶ᠋ᠢᠯᠭᠠᠬᠤ ᠬᠡᠷᠡᠭᠲᠡᠢ᠃ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶᠠᠨ᠎ᠤ ᠳᠡᠳ᠋ ᠬᠣᠷᠢᠶᠠᠨ ᠳᠠᠷᠤᠭ᠎ᠠ᠂ ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶᠠᠨ᠎ᠤ ᠳᠡᠳ᠋ ᠡᠷᠬᠢᠯᠡᠭᠴᠢ᠎ᠶᠢᠨ ᠳᠣᠲᠤᠷ᠎ᠠ ᠵᠣᠬᠢᠬᠤ ᠲᠣᠭᠠᠨ᠎ᠤ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ ᠪᠠᠶ᠋ᠢᠬᠤ ᠬᠡᠷᠡᠭᠲᠡᠢ᠃

  ᠪᠦᠬᠦ ᠤᠯᠤᠰ᠎ᠤᠨ ᠪᠠ ᠮᠣᠵᠢ᠎ᠶᠢᠨ ᠱᠠᠲᠤᠨ᠎ᠤ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶᠠᠨ᠎ᠳᠤ ᠡᠷᠬᠡᠪᠱᠢ ᠠᠷᠠᠳᠴᠢᠯᠠᠭᠰᠠᠨ ᠨᠠᠮ ᠪᠦᠯᠦᠭ᠎ᠦᠨ ᠪᠦᠷᠢᠯᠳᠦᠬᠦᠨ ᠪᠤᠶᠤ ᠨᠠᠮ ᠪᠦᠯᠦᠭ᠎ᠦᠨ ᠪᠤᠰᠤ ᠬᠥᠮᠦᠨ᠎ᠢᠶ᠋ᠡᠷ ᠲᠤᠰᠭᠠᠢ ᠲᠤᠱᠢᠶᠠᠯᠳᠤ ᠳᠡᠳ᠋ ᠨᠠᠷᠢᠨ ᠪᠢᠴᠢᠭ᠎ᠦᠨ ᠳᠠᠷᠤᠭ᠎ᠠ᠎ᠶᠢᠨ ᠲᠤᠱᠢᠶᠠᠯ᠎ᠢ ᠡᠭᠦᠷᠭᠡᠯᠡᠭᠦᠯᠦᠭᠰᠡᠨ ᠪᠠᠢᠬᠤ ᠬᠡᠷᠡᠭᠲᠡᠢ᠃

  ᠨᠢᠭᠡᠳᠦᠮᠡᠯ ᠹᠷᠤᠨᠲ᠎ᠤᠨ ᠰᠠᠯᠠᠭ᠎ᠠ ᠮᠥᠴᠢᠷ᠎ᠨᠢ ᠬᠣᠯᠪᠤᠭᠳᠠᠯ ᠪᠦᠬᠦᠢ ᠰᠠᠯᠠᠭ᠎ᠠ ᠮᠥᠴᠢᠷ᠎ᠲᠡᠢ ᠵᠥᠪᠳᠡᠯᠴᠡᠵᠦ ᠪᠠᠢᠭᠠᠳ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶᠠᠨ᠎ᠤ ᠪᠦᠷᠢᠯᠳᠦᠬᠦᠨ᠎ᠦ ᠳᠣᠲᠤᠷᠠᠬᠢ ᠨᠠᠮ᠎ᠤᠨ ᠭᠠᠳᠠᠨᠠᠬᠢ ᠵᠢᠱᠢᠭᠳᠡᠭᠰᠡᠳ᠎ᠢ ᠲᠠᠨᠢᠯᠴᠠᠭᠤᠯᠵᠤ ᠨᠡᠷ᠎ᠡ ᠳᠤᠷᠠᠳᠭᠤ ᠠᠵᠢᠯ᠎ᠢ ᠬᠠᠷᠢᠭᠤᠴᠠᠨ᠎ᠠ᠃

  ᠳᠥᠴᠢᠨ ᠭᠤᠷᠪᠠᠳᠤᠭᠠᠷ ᠵᠦᠢᠯ  ᠮᠣᠵᠢ᠂ ᠬᠣᠲᠠ ᠬᠣᠶᠠᠷ ᠱᠠᠲᠤᠨ᠎ᠤ ᠵᠠᠰᠠᠭ᠎ᠤᠨ ᠣᠷᠳᠤᠨ᠎ᠤ ᠤᠳᠤᠷᠢᠳᠭᠤ ᠪᠠᠭ᠎ᠲᠤ ᠨᠠᠮ᠎ᠤᠨ ᠭᠠᠳᠠᠨᠠᠬᠢ ᠺᠠᠳ᠋ᠷ ᠲᠣᠬᠢᠷᠠᠭᠤᠯᠬᠤ ᠬᠡᠷᠡᠭᠲᠡᠢ᠃ ᠱᠢᠶᠠᠨ᠎ᠤ ᠱᠠᠲᠤᠨ᠎ᠤ ᠵᠠᠰᠠᠭ᠎ᠤᠨ ᠣᠷᠳᠤᠨ᠎ᠤ ᠤᠳᠤᠷᠢᠳᠭᠤ ᠪᠠᠭ᠎ᠨᠢ ᠪᠣᠳᠠᠲᠠᠢ᠎ᠠᠴᠠ ᠡᠭᠦᠰᠴᠦ᠂ ᠨᠠᠮ᠎ᠤᠨ ᠭᠠᠳᠠᠨᠠᠬᠢ ᠺᠠᠳ᠋ᠷ᠎ᠢ ᠢᠳᠡᠪᠬᠢᠲᠡᠢ ᠲᠣᠬᠢᠷᠠᠭᠤᠯᠬᠤ ᠬᠡᠷᠡᠭᠲᠡᠢ᠃

  ᠡᠯ᠎ᠡ ᠱᠠᠲᠤᠨ᠎ᠤ ᠵᠠᠰᠠᠭ᠎ᠤᠨ ᠣᠷᠳᠤᠨ᠎ᠤ ᠰᠠᠯᠠᠭ᠎ᠠ ᠮᠥᠴᠢᠷ᠎ᠦᠨ ᠣᠨᠴᠠᠭᠠᠢ ᠱᠠᠭᠠᠷᠳᠠᠯᠭ᠎ᠠ᠎ᠶᠢ ᠭᠠᠷᠭᠠᠪᠠᠯ᠂ ᠴᠥᠮ ᠨᠠᠮ᠎ᠤᠨ ᠭᠠᠳᠠᠨᠠᠬᠢ ᠺᠠᠳ᠋ᠷ᠎ᠢ ᠢᠳᠡᠪᠬᠢᠲᠡᠢ ᠲᠣᠬᠢᠷᠠᠭᠤᠯᠤᠨ ᠤᠳᠤᠷᠢᠳᠭᠤ ᠲᠤᠱᠢᠶᠠᠯ ᠡᠭᠦᠷᠭᠡᠯᠡᠭᠦᠯᠵᠦ ᠪᠣᠯᠤᠨ᠎ᠠ᠂ ᠡᠭᠦᠨ᠎ᠳᠦ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ᠂ ᠣᠯᠠᠨ ᠲᠦᠮᠡᠨ᠎ᠦ ᠠᠱᠢᠭ ᠲᠤᠰᠠ᠎ᠲᠠᠢ ᠨᠢᠭᠲᠠ ᠬᠣᠯᠪᠣᠭᠳᠠᠬᠤ᠂ ᠰᠡᠭᠡᠭᠡᠲᠡᠳ᠎ᠲᠡᠢ ᠨᠢᠭᠲᠠ ᠬᠠᠷᠢᠯᠴᠠᠬᠤ ᠪᠠ ᠲᠤᠰᠭᠠᠢ ᠮᠡᠷᠭᠡᠵᠢᠯ᠎ᠦᠨ ᠴᠢᠨᠠᠷ᠎ᠢᠶ᠋ᠠᠷ ᠴᠢᠩᠭ᠎ᠠ ᠰᠠᠯᠠᠭ᠎ᠠ ᠮᠥᠴᠢᠷ᠎ᠲᠦ ᠲᠣᠬᠢᠷᠠᠭᠤᠯᠬᠤ᠎ᠪᠠᠷ ᠭᠣᠤᠯᠳᠠᠯᠭ᠎ᠠ ᠪᠣᠯᠭᠠᠨ᠎ᠠ᠃

  ᠨᠥᠬᠦᠴᠡᠯ᠎ᠳᠦ ᠨᠡᠢᠴᠡᠭᠰᠡᠨ ᠨᠠᠮ᠎ᠤᠨ ᠭᠠᠳᠠᠨᠠᠬᠢ ᠺᠠᠳ᠋ᠷ᠎ᠲᠤ ᠵᠠᠰᠠᠭ᠎ᠤᠨ ᠣᠷᠳᠤᠨ᠎ᠤ ᠰᠠᠯᠠᠭ᠎ᠠ ᠮᠥᠴᠢᠷ (ᠨᠢᠭᠡᠴᠢ)᠎ᠶᠢᠨ ᠵᠠᠰᠠᠭ ᠵᠠᠬᠢᠷᠭᠠᠨ᠎ᠤ ᠵᠢᠩᠬᠢᠨᠢ ᠲᠤᠱᠢᠶᠠᠯ᠎ᠢ ᠡᠭᠦᠷᠭᠡᠯᠡᠭᠦᠯᠵᠦ ᠪᠣᠯᠤᠨ᠎ᠠ᠃ ᠡᠯ᠎ᠡ ᠮᠣᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠵᠠᠰᠠᠭ᠎ᠤᠨ ᠣᠷᠳᠤᠨ᠎ᠤ ᠪᠦᠷᠢᠯᠳᠦᠬᠦᠨ ᠰᠠᠯᠠᠭ᠎ᠠ ᠮᠥᠴᠢᠷ᠎ᠲᠦ 2 ᠨᠡᠷᠡᠰ ᠣᠷᠴᠢᠮ ᠨᠠᠮ᠎ᠤᠨ ᠭᠠᠳᠠᠨᠠᠬᠢ ᠺᠠᠳ᠋ᠷ᠎ᠢ ᠵᠢᠩᠬᠢᠨᠢ ᠲᠤᠱᠢᠶᠠᠯ᠎ᠳᠤ ᠲᠣᠬᠢᠷᠠᠭᠤᠯᠬᠤ ᠬᠡᠷᠡᠭᠲᠡᠢ᠃

  ᠳᠥᠴᠢᠨ ᠳᠥᠷᠪᠡᠳᠦᠭᠡᠷ ᠵᠦᠢᠯ  ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠨᠢ ᠡᠯ᠎ᠡ ᠱᠠᠲᠤᠨ᠎ᠤ ᠤᠯᠤᠰ ᠲᠥᠷᠦ᠎ᠶᠢᠨ ᠵᠥᠪᠯᠡᠯᠭᠡᠨ᠎ᠳᠦ ᠨᠡᠯᠢᠶᠡᠳ ᠶᠡᠬᠡ ᠬᠠᠷᠢᠴᠠᠯ᠎ᠢ ᠡᠵᠡᠯᠡᠭᠰᠡᠨ ᠪᠠᠢᠬᠤ ᠬᠡᠷᠡᠭᠲᠡᠢ᠂ ᠬᠤᠭᠤᠴᠠᠭ᠎ᠠ ᠰᠣᠯᠢᠬᠤ ᠦᠶ᠎ᠡ᠎ᠶᠢᠨ ᠭᠡᠱᠢᠭᠦᠨ᠎ᠨᠢ 60%᠎ᠠᠴᠠ ᠳᠣᠷᠤᠭᠱᠢ ᠪᠠᠢᠵᠤ ᠪᠣᠯᠬᠤ ᠦᠭᠡᠢ᠂ ᠪᠠᠶ᠋ᠢᠩᠭᠤ᠎ᠶᠢᠨ ᠭᠡᠱᠢᠭᠦᠨ᠎ᠨᠢ 65%᠎ᠠᠴᠠ ᠳᠣᠷᠤᠭᠱᠢ ᠪᠠᠢᠵᠤ ᠪᠣᠯᠬᠤ ᠦᠭᠡᠢ; ᠡᠯ᠎ᠡ ᠱᠠᠲᠤᠨ᠎ᠤ ᠤᠯᠤᠰ ᠲᠥᠷᠦ᠎ᠶᠢᠨ ᠵᠥᠪᠯᠡᠯᠭᠡᠨ᠎ᠦ ᠤᠳᠤᠷᠢᠳᠭᠤ ᠪᠠᠭ᠎ᠤᠨ ᠳᠣᠲᠤᠷ᠎ᠠ ᠳᠡᠳ᠋ ᠲᠡᠷᠢᠭᠦᠯᠡᠭᠴᠢ 50%᠎ᠠᠴᠠ ᠳᠣᠷᠤᠭᠱᠢ ᠪᠠᠢᠵᠤ ᠪᠣᠯᠬᠤ᠎ᠦᠭᠡᠢ (ᠦᠨᠳᠦᠰᠦᠲᠡᠨ᠎ᠦ ᠥᠪᠡᠷᠲᠡᠭᠡᠨ ᠵᠠᠰᠠᠬᠤ ᠣᠷᠤᠨ ᠨᠤᠲᠤᠭ ᠪᠠᠭᠲᠠᠬᠤ ᠦᠭᠡᠢ)

  ᠪᠦᠬᠦ ᠤᠯᠤᠰ᠎ᠤᠨ ᠤᠯᠤᠰ ᠲᠥᠷᠦ᠎ᠶᠢᠨ ᠵᠥᠪᠯᠡᠯᠭᠡᠨ ᠪᠠ ᠮᠣᠵᠢ᠎ᠶᠢᠨ ᠱᠠᠲᠤᠨ᠎ᠤ ᠤᠯᠤᠰ ᠲᠥᠷᠦ᠎ᠶᠢᠨ ᠵᠥᠪᠯᠡᠯᠭᠡᠨ᠎ᠳᠦ ᠠᠷᠠᠳᠴᠢᠯᠠᠭᠰᠠᠨ ᠨᠠᠮ ᠪᠦᠯᠦᠭ᠎ᠦᠨ ᠪᠦᠷᠢᠯᠳᠦᠬᠦᠨ ᠪᠤᠶᠤ ᠨᠠᠮ ᠪᠦᠯᠦᠭ᠎ᠦᠨ ᠪᠤᠰᠤ ᠬᠥᠮᠦᠰ᠎ᠢᠶ᠋ᠡᠷ ᠲᠤᠰᠭᠠᠢ ᠲᠤᠱᠢᠶᠠᠯᠳᠤ ᠳᠡᠳ᠋ ᠨᠠᠷᠢᠨ ᠪᠢᠴᠢᠭ᠎ᠦᠨ ᠳᠠᠷᠤᠭ᠎ᠠ᠎ᠶᠢᠨ ᠲᠤᠱᠢᠶᠠᠯ᠎ᠢ ᠡᠭᠦᠷᠭᠡᠯᠡᠭᠦᠯᠬᠦ ᠬᠡᠷᠡᠭᠲᠡᠢ᠃

  ᠤᠯᠤᠰ ᠲᠥᠷᠦ᠎ᠶᠢᠨ ᠵᠥᠪᠯᠡᠯᠭᠡᠨ᠎ᠦ ᠡᠯ᠎ᠡ ᠲᠤᠰᠭᠠᠢ ᠵᠥᠪᠯᠡᠯ᠎ᠦᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠭᠡᠱᠢᠭᠦᠳ᠎ᠦᠨ ᠳᠣᠲᠤᠷ᠎ᠠ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠨᠢ ᠵᠣᠬᠢᠬᠤ ᠬᠠᠷᠢᠴᠠᠯ᠎ᠢ ᠡᠵᠡᠯᠡᠭᠰᠡᠨ ᠪᠠᠢᠬᠤ ᠬᠡᠷᠡᠭᠲᠡᠢ᠃

  ᠡᠯ᠎ᠡ ᠱᠠᠲᠤᠨ᠎ᠤ ᠤᠯᠤᠰ ᠲᠥᠷᠦ᠎ᠶᠢᠨ ᠵᠥᠪᠯᠡᠯᠭᠡᠨ᠎ᠦ ᠭᠡᠱᠢᠭᠦᠨ᠎ᠢᠶ᠋ᠡᠷ ᠰᠣᠩᠭᠤᠭᠳᠠᠬᠤ ᠬᠥᠮᠦᠨ᠎ᠢ ᠲᠠᠨᠢᠯᠴᠠᠭᠤᠯᠬᠤ ᠠᠵᠢᠯ᠎ᠢ ᠥᠷᠭᠡᠨ ᠳᠡᠯᠭᠡᠷᠡᠩᠭᠦᠢ᠎ᠪᠡᠷ ᠵᠥᠪᠳᠡᠯᠴᠡᠬᠦ᠎ᠶᠢ ᠪᠠᠷᠢᠮᠲᠠᠯᠠᠬᠤ ᠬᠡᠷᠡᠭᠲᠡᠢ᠂ ᠨᠠᠮ᠎ᠤᠨ ᠳᠣᠲᠤᠷᠠᠬᠢ ᠬᠥᠮᠦᠰ᠎ᠢ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠡᠴᠡ ᠨᠡᠷ᠎ᠡ ᠳᠤᠷᠠᠳᠴᠤ᠂ ᠨᠠᠮ᠎ᠤᠨ ᠭᠠᠳᠠᠨᠠᠬᠢ ᠬᠥᠮᠦᠰ᠎ᠢ ᠨᠢᠭᠡᠳᠦᠮᠡᠯ ᠹᠷᠤᠨᠲ᠎ᠤᠨ ᠰᠠᠯᠠᠭ᠎ᠠ ᠮᠥᠴᠢᠷ᠎ᠡᠴᠡ ᠨᠡᠷ᠎ᠡ ᠳᠤᠷᠠᠳᠤᠨ᠎ᠠ᠂ ᠡᠭᠦᠨ᠎ᠦ ᠳᠣᠲᠤᠷᠠᠬᠢ ᠠᠷᠠᠳᠴᠢᠯᠠᠭᠰᠠᠨ ᠨᠠᠮ ᠪᠦᠯᠦᠭ᠎ᠦᠨ ᠪᠦᠷᠢᠯᠳᠦᠬᠦᠨ᠂ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠬᠥᠮᠦᠰ᠎ᠦᠨ ᠨᠡᠷ᠎ᠡ᠎ᠶᠢ ᠳᠤᠷᠠᠳᠭᠤ᠎ᠠ᠋ᠴᠠ᠎ᠪᠠᠨ ᠡᠮᠦᠨ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠎ᠲᠠᠢ ᠵᠥᠪᠳᠡᠯᠴᠡᠨ᠎ᠡ᠂ ᠦᠷᠭᠦᠯᠵᠢᠯᠡᠨ ᠨᠡᠷ᠎ᠡ ᠳᠤᠷᠠᠳᠭᠤ ᠡᠯ᠎ᠡ ᠡᠲᠡᠭᠡᠳ᠎ᠦᠨ ᠤᠯᠤᠰ ᠲᠥᠷᠦ᠎ᠶᠢᠨ ᠵᠥᠪᠯᠡᠯᠭᠡᠨ᠎ᠦ ᠭᠡᠱᠢᠭᠦᠳ᠎ᠢ ᠤᠯᠤᠰ ᠲᠥᠷᠦ᠎ᠶᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠶ᠋ᠢᠯᠠᠩ᠎ᠤᠨ ᠰᠠᠨᠠᠯ᠎ᠢ ᠰᠣᠨᠤᠰᠭᠤ ᠬᠡᠷᠡᠭᠲᠡᠢ᠃ ᠰᠠᠨᠠᠭᠤᠯᠤᠨ ᠳᠤᠷᠠᠳᠤᠭᠰᠠᠨ ᠨᠡᠷᠡᠰ᠎ᠢ ᠨᠢᠭᠡᠳᠦᠮᠡᠯ ᠹᠷᠤᠨᠲ᠎ᠤᠨ ᠰᠠᠯᠠᠭ᠎ᠠ ᠮᠥᠴᠢᠷ᠎ᠡᠴᠡ ᠬᠤᠷᠢᠶᠠᠩᠭᠤᠶ᠋ᠢᠯᠠᠬᠤ᠎ᠶᠢᠨ ᠬᠠᠮᠲᠤ ᠬᠣᠯᠪᠤᠭᠳᠠᠯ ᠪᠦᠬᠦᠢ ᠲᠠᠯ᠎ᠠ᠎ᠶᠢᠨ ᠰᠠᠨᠠᠯ᠎ᠢ ᠬᠤᠷᠢᠶᠠᠭᠰᠠᠨ᠎ᠤ ᠳᠠᠷᠠᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠡᠴᠡ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠳᠠᠷᠠᠭ᠎ᠠ ᠨᠢ《ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠦ᠎ᠶᠢᠨ ᠵᠥᠪᠯᠡᠯᠭᠡᠨ᠎ᠦ ᠳᠦᠷᠢᠮ》᠎ᠳᠦ ᠲᠣᠭᠲᠠᠭᠠᠭᠰᠠᠨ ᠡᠮᠬᠢ ᠵᠢᠷᠤᠮ ᠶᠣᠰᠤᠭᠠᠷ ᠭᠦᠢᠴᠡᠳᠬᠡᠨ᠎ᠡ᠃

  ᠳᠥᠴᠢᠨ ᠲᠠᠪᠤᠳᠤᠭᠠᠷ ᠵᠦᠢᠯ  ᠡᠯ᠎ᠡ ᠱᠠᠲᠤᠨ᠎ᠤ ᠱᠢᠭᠦᠬᠦ ᠬᠣᠷᠢᠶ᠎ᠠ᠂ ᠪᠠᠶ᠋ᠢᠴᠠᠭᠠᠬᠤ ᠬᠣᠷᠢᠶᠠᠨ᠎ᠤ ᠤᠳᠤᠷᠢᠳᠭᠤ ᠪᠠᠭ᠎ᠲᠤ ᠨᠠᠮ᠎ᠤᠨ ᠭᠠᠳᠠᠨᠠᠬᠢ ᠺᠠᠳ᠋ᠷ᠎ᠢ ᠲᠣᠬᠢᠷᠠᠭᠤᠯᠬᠤ ᠬᠡᠷᠡᠭᠲᠡᠢ᠃

  ᠶᠡᠬᠡ ᠳᠡᠭᠡᠳᠦ ᠰᠤᠷᠭᠠᠭᠤᠯᠢ᠎ᠶᠢᠨ ᠤᠳᠤᠷᠢᠳᠭᠤ ᠪᠠᠭ᠎ᠤᠨ ᠳᠣᠲᠤᠷ᠎ᠠ ᠡᠩ᠎ᠦᠨ ᠪᠠᠢᠳᠠᠯ᠎ᠳᠤ ᠨᠠᠮ᠎ᠤᠨ ᠭᠠᠳᠠᠨᠠᠬᠢ ᠺᠠᠳ᠋ᠷ᠎ᠢ ᠲᠣᠬᠢᠷᠠᠭᠤᠯᠬᠤ ᠬᠡᠷᠡᠭᠲᠡᠢ᠂ ᠨᠥᠬᠦᠴᠡᠯ᠎ᠳᠦ ᠨᠡᠢᠴᠡᠭᠰᠡᠨ ᠨᠠᠮ᠎ᠤᠨ ᠭᠠᠳᠠᠨᠠᠬᠢ ᠺᠠᠳ᠋ᠷ ᠵᠠᠰᠠᠭ ᠵᠠᠬᠢᠷᠭᠠᠨ᠎ᠤ ᠵᠢᠩᠬᠢᠨᠢ ᠲᠤᠱᠢᠶᠠᠯ᠎ᠢ ᠡᠭᠦᠷᠭᠡᠯᠡᠵᠦ ᠪᠣᠯᠤᠨ᠎ᠠ᠃ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠶ᠋ᠢᠭᠤᠯᠤᠯᠲᠠ᠂ ᠱᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠤᠳᠤᠷᠢᠳᠭᠤ ᠪᠠᠭ᠎ᠤᠨ ᠳᠣᠲᠤᠷ᠎ᠠ ᠨᠠᠮ᠎ᠤᠨ ᠭᠠᠳᠠᠨᠠᠬᠢ ᠺᠠᠳ᠋ᠷ᠎ᠢ ᠰᠣᠩᠭᠤᠨ ᠲᠣᠬᠢᠷᠠᠭᠤᠯᠬᠤ ᠡᠷᠴᠢᠮ᠎ᠢᠶ᠋ᠡᠨ ᠨᠡᠮᠡᠭᠳᠡᠭᠦᠯᠦᠨ᠎ᠡ᠃

  ᠵᠥᠪᠳᠡᠭᠴᠢ᠎ᠶᠢᠨ ᠲᠠᠰᠤᠭ᠎ᠤᠨ ᠨᠢᠭᠡᠳᠦᠮᠡᠯ ᠹᠷᠤᠨᠲ᠎ᠤᠨ ᠴᠢᠨᠠᠷ᠂ ᠠᠰᠠᠭᠤᠨ ᠯᠠᠪᠯᠠᠬᠤ ᠴᠢᠨᠠᠷ ᠪᠠ ᠰᠣᠶᠤᠯ ᠲᠡᠦᠬᠡ᠎ᠶᠢᠨ ᠰᠤᠳᠤᠯᠭᠠᠨ᠎ᠤ ᠣᠷᠳᠤᠨ᠎ᠤ ᠨᠢᠭᠡᠳᠦᠮᠡᠯ ᠹᠷᠤᠨᠲ᠎ᠤᠨ ᠴᠢᠨᠠᠷ᠂ ᠢᠷᠠᠭᠤ ᠠᠯᠳᠠᠷ᠎ᠤᠨ ᠴᠢᠨᠠᠷ᠎ᠤᠨ ᠱᠢᠨᠵᠢ ᠴᠢᠨᠠᠷ᠎ᠢ ᠪᠠᠷᠢᠮᠲᠠᠯᠠᠵᠤ᠂ ᠨᠠᠮ᠎ᠤᠨ ᠭᠠᠳᠠᠨᠠᠬᠢ ᠵᠥᠪᠳᠡᠭᠴᠢ᠂  ᠰᠣᠶᠤᠯ ᠲᠡᠦᠬᠡ᠎ᠶᠢᠨ ᠰᠤᠳᠤᠯᠭᠠᠨ᠎ᠤ ᠣᠷᠳᠤᠨ᠎ᠤ ᠨᠠᠮ᠎ᠤᠨ ᠭᠠᠳᠠᠨᠠᠬᠢ ᠠᠵᠢᠯᠲᠠᠨ 70%᠎ᠠᠴᠠ ᠳᠣᠷᠤᠭᠱᠢ ᠪᠠᠢᠵᠤ ᠪᠣᠯᠬᠤ ᠦᠭᠡᠢ᠃ ᠵᠥᠪᠳᠡᠭᠴᠢ᠎ᠶᠢᠨ ᠲᠠᠰᠤᠭ᠂ ᠰᠣᠶᠤᠯ ᠲᠡᠦᠬᠡ᠎ᠶᠢᠨ ᠰᠤᠳᠤᠯᠭᠠᠨ᠎ᠤ ᠣᠷᠳᠤᠨ᠎ᠤ ᠤᠳᠤᠷᠢᠳᠭᠤ ᠪᠠᠭ᠎ᠲᠤ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠢ ᠲᠣᠬᠢᠷᠠᠭᠤᠯᠬᠤ ᠬᠡᠷᠡᠭᠲᠡᠢ᠃

  ᠬᠢᠨᠠᠨ ᠪᠠᠶ᠋ᠢᠴᠠᠭᠠᠬᠤ ᠵᠥᠪᠯᠡᠯ᠂ ᠱᠢᠭᠦᠬᠦ ᠬᠣᠷᠢᠶ᠎ᠠ᠂ ᠪᠠᠶ᠋ᠢᠴᠠᠭᠠᠬᠤ ᠬᠣᠷᠢᠶ᠎ᠠ ᠪᠠ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠎ᠨᠢ ᠡᠷᠬᠡᠪᠱᠢ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠢ ᠣᠨᠴᠠ ᠤᠷᠢᠭᠳᠠᠭᠴᠢ᠎ᠪᠠᠷ ᠤᠷᠢᠬᠤ ᠬᠡᠷᠡᠭᠲᠡᠢ᠃

  ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠢ ᠬᠣᠯᠪᠤᠭᠳᠠᠯ ᠪᠦᠬᠦᠢ ᠨᠡᠢᠭᠡᠮ᠎ᠦᠨ ᠪᠦᠯᠬᠦᠮ᠎ᠳᠦ ᠰᠣᠩᠭᠤᠨ ᠲᠠᠨᠢᠯᠴᠠᠭᠤᠯᠵᠤ ᠲᠤᠱᠢᠶᠠᠯ ᠡᠭᠦᠷᠭᠡᠯᠡᠭᠦᠯᠬᠦ ᠬᠡᠷᠡᠭᠲᠡᠢ᠃

  ᠳᠥᠴᠢᠨ ᠵᠢᠷᠭᠤᠳᠤᠭᠠᠷ ᠵᠦᠢᠯ  ᠨᠥᠬᠦᠴᠡᠯ᠎ᠳᠦ ᠨᠡᠢᠴᠡᠭᠰᠡᠨ ᠮᠣᠵᠢ᠎ᠶᠢᠨ ᠱᠠᠲᠤᠨ᠎ᠤ ᠠᠷᠠᠳᠴᠢᠯᠠᠭᠰᠠᠨ ᠨᠠᠮ ᠪᠦᠯᠦᠭ᠎ᠦᠨ ᠡᠷᠬᠢᠯᠡᠭᠴᠢ ᠭᠡᠰᠢᠭᠦᠨ᠂ ᠦᠢᠯᠡᠳᠪᠦᠷᠢ  ᠬᠤᠳᠠᠯᠳᠤᠭᠠᠨ᠎ᠤ ᠬᠣᠯᠪᠤᠭᠠᠨ᠎ᠤ ᠲᠡᠷᠢᠭᠦᠯᠡᠭᠴᠢ᠂ ᠨᠠᠮ ᠪᠦᠯᠦᠭ᠎ᠦᠨ ᠪᠤᠰᠤ ᠲᠥᠯᠦᠭᠡᠯᠡᠭᠴᠢ ᠬᠥᠮᠦᠰ᠎ᠢ ᠡᠩ᠎ᠦᠨ ᠪᠠᠶ᠋ᠢᠳᠠᠯ᠎ᠳᠤ ᠠᠳᠠᠯᠢ ᠱᠠᠲᠤᠨ᠎ᠤ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠦ᠎ᠶᠢᠨ ᠵᠥᠪᠯᠡᠯᠭᠡᠨ᠎ᠦ ᠤᠳᠤᠷᠢᠳᠭᠤ ᠪᠠᠭ᠎ᠲᠤ ᠣᠷᠤᠭᠤᠯᠬᠤ ᠬᠡᠷᠡᠭᠲᠡᠢ᠃

  ᠣᠨᠴᠠᠭᠠᠢ ᠪᠠᠶ᠋ᠢᠳᠠᠯ᠎ᠢ ᠭᠠᠷᠭᠠᠪᠠᠯ᠂ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠂ ᠤᠯᠤᠰ ᠲᠥᠷᠦ᠎ᠶᠢᠨ ᠵᠥᠪᠯᠡᠯᠭᠡᠨ᠎ᠦ ᠤᠳᠤᠷᠢᠳᠭᠤ ᠪᠠᠭ᠎ᠤᠨ ᠳᠣᠲᠤᠷᠠᠬᠢ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠲᠦ ᠠᠳᠠᠯᠢ ᠱᠠᠲᠤᠨ᠎ᠤ ᠲᠤᠱᠢᠶᠠᠯ ᠡᠭᠦᠷᠭᠡᠯᠡᠵᠦ ᠪᠠᠶ᠋ᠢᠭ᠎ᠠ ᠨᠠᠮ᠎ᠤᠨ ᠳᠣᠲᠤᠭᠠᠳᠤ᠎ᠶᠢᠨ ᠺᠠᠳ᠋ᠷᠴᠤᠳ᠎ᠲᠠᠢ ᠠᠳᠠᠯᠢ ᠲᠡᠭᠱᠢ ᠬᠦᠷᠲᠡᠮᠵᠢ ᠣᠯᠭᠤᠬᠤ ᠬᠡᠷᠡᠭᠲᠡᠢ᠃

  ᠳᠥᠴᠢᠨ ᠳᠣᠯᠤᠳᠤᠭᠠᠷ ᠵᠦᠢᠯ  ᠡᠯ᠎ᠡ ᠱᠠᠲᠤᠨ᠎ᠤ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢ᠎ᠪᠡᠷ ᠵᠢᠱᠢᠭᠳᠡᠭᠰᠡᠳ ᠪᠠ ᠡᠯ᠎ᠡ ᠱᠠᠲᠤᠨ᠎ᠤ ᠤᠯᠤᠰ ᠲᠥᠷᠦ᠎ᠶᠢᠨ ᠵᠥᠪᠯᠡᠯᠭᠡᠨ᠎ᠦ ᠭᠡᠱᠢᠭᠦᠳ᠎ᠦᠨ ᠳᠣᠲᠤᠷ᠎ᠠ ᠵᠣᠬᠢᠬᠤ ᠲᠣᠭᠠᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠬᠥᠮᠦᠰ᠂ ᠨᠡᠢᠭᠡᠮ᠎ᠦᠨ ᠱᠢᠨ᠎ᠡ ᠳᠠᠪᠬᠤᠷᠭ᠎ᠠ᠎ᠶᠢᠨ ᠬᠥᠮᠦᠰ ᠪᠠᠶ᠋ᠢᠬᠤ ᠬᠡᠷᠡᠭᠲᠡᠢ᠃

  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠭᠣᠤᠯ ᠪᠡᠯᠡ ᠭᠠᠷᠭᠠᠭᠴᠢ ᠪᠥᠭᠡᠳ ᠡᠵᠡᠩᠨᠡᠯᠲᠡ ᠬᠠᠮᠢᠶᠠᠷᠤᠯᠲᠠ᠎ᠪᠠᠷ ᠭᠣᠤᠯ ᠠᠵᠢᠯ᠎ᠢᠶ᠋ᠠᠨ ᠪᠣᠯᠭᠠᠭᠰᠠᠨ ᠬᠥᠮᠦᠰ᠎ᠢ ᠠᠷᠠᠳ᠎ᠠᠴᠠ ᠡᠵᠡᠩᠨᠡᠭᠰᠡᠨ ᠠᠵᠤ ᠠᠬᠤᠢᠯᠠᠯ᠎ᠤᠨ ᠬᠦᠷᠢᠶ᠎ᠡ ᠬᠡᠪᠴᠢᠶᠡᠨ᠎ᠳᠦ ᠲᠠᠨᠢᠯᠴᠠᠭᠤᠯᠤᠨ ᠲᠣᠬᠢᠷᠠᠭᠤᠯᠬᠤ ᠬᠡᠷᠡᠭᠲᠡᠢ᠃ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠬᠥᠮᠦᠰ᠎ᠢ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢ᠎ᠶᠢᠨ ᠵᠢᠱ᠌ᠢᠭᠳᠡᠭᠰᠡᠳ᠂ ᠤᠯᠤᠰ ᠲᠥᠷᠦ᠎ᠶᠢᠨ ᠵᠥᠪᠯᠡᠯᠭᠡᠨ᠎ᠦ ᠭᠡᠱᠢᠭᠦᠨ ᠵᠢᠴᠢ ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ ᠵᠡᠷᠭᠡ ᠠᠷᠠᠳ᠎ᠤᠨ ᠪᠦᠯᠬᠦᠮ᠂ ᠨᠡᠢᠭᠡᠮ᠎ᠦᠨ ᠵᠣᠬᠢᠶᠠᠨ ᠪᠠᠶ᠋ᠢᠭᠤᠯᠤᠯᠲᠠ᠎ᠳᠤ ᠲᠤᠱᠢᠶᠠᠯ ᠡᠭᠦᠷᠭᠡᠯᠡᠭᠦᠯᠬᠦ᠎ᠪᠡᠷ ᠲᠠᠨᠢᠯᠴᠠᠭᠤᠯᠬᠤ᠎ᠳᠤ᠎ᠪᠠᠨ ᠶᠡᠷᠦᠩᠬᠡᠢᠯᠡᠨ ᠦᠨᠡᠯᠡᠬᠦ᠎ᠶᠢᠨ ᠬᠠᠮᠲᠤ ᠠᠵᠤ ᠠᠬᠤᠶ᠋ᠢᠯᠠᠯ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ᠂ ᠠᠷᠠᠳ᠎ᠠᠴᠠ ᠡᠵᠡᠩᠨᠡᠭᠰᠡᠨ ᠠᠵᠤ  ᠠᠬᠤᠢ᠎ᠶᠢᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠤᠨ ᠰᠠᠯᠠᠭ᠎ᠠ ᠮᠥᠴᠢᠷ ᠪᠣᠯᠤᠨ ᠣᠷᠤᠨ ᠨᠤᠲᠤᠭ᠎ᠤᠨ ᠠᠵᠢᠯᠴᠢᠨ᠎ᠤ ᠡᠪᠯᠡᠯ᠎ᠦᠨ ᠵᠣᠬᠢᠶᠠᠨ ᠪᠠᠶ᠋ᠢᠭᠤᠯᠤᠯᠲᠠ ᠵᠡᠷᠭᠡ ᠬᠣᠯᠪᠤᠭᠳᠠᠯ ᠪᠦᠬᠦᠢ ᠲᠠᠯ᠎ᠠ᠎ᠶᠢᠨ ᠰᠠᠨᠠᠯ᠎ᠢ ᠬᠣᠷᠢᠶᠠᠨ ᠰᠣᠨᠤᠰᠭᠤ ᠬᠡᠷᠡᠭᠲᠡᠢ᠃

  ᠳᠥᠴᠢᠨ ᠨᠠᠢ᠍ᠮᠠᠳᠤᠭᠠᠷ ᠵᠦᠢᠯ  ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠦᠨ ᠬᠠᠮᠢᠶᠠᠷᠤᠯᠲᠠ᠎ᠶᠢ ᠴᠢᠩᠭᠠᠳᠬᠠᠵᠤ᠂ ᠲᠡᠳᠡᠨ᠎ᠦ ᠤᠯᠤᠰ ᠲᠥᠷᠦ᠎ᠶᠢᠨ ᠢᠯᠡᠷᠡᠯ᠂ ᠦᠵᠡᠯ ᠰᠠᠨᠠᠭᠠᠨ᠎ᠤ ᠪᠠᠶ᠋ᠢᠳᠠᠯ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠪᠠᠶ᠋ᠢᠭ᠎ᠠ ᠪᠠᠶ᠋ᠢᠳᠠᠯ᠂ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠵᠤ ᠪᠠᠶ᠋ᠢᠭ᠎ᠠ ᠪᠠᠶ᠋ᠢᠳᠠᠯ ᠪᠠ ᠬᠤᠪᠢ ᠬᠥᠮᠦᠨ᠎ᠦ ᠴᠢᠬᠤᠯᠠ ᠤᠴᠢᠷ ᠶᠠᠪᠤᠳᠠᠯ᠎ᠤᠨ ᠬᠤᠪᠢᠷᠠᠯᠲᠠ᠎ᠶᠢᠨ ᠪᠠᠶ᠋ᠢᠳᠠᠯ᠂ ᠢᠯᠠᠩᠭᠤᠶ᠎ᠠ ᠴᠢᠬᠤᠯᠠ ᠶᠡᠬᠡ ᠵᠠᠷᠴᠢᠮ᠎ᠤᠨ ᠠᠰᠠᠭᠤᠳᠠᠯ ᠳᠡᠭᠡᠷᠡᠬᠢ ᠤᠯᠤᠰ ᠲᠥᠷᠦ᠎ᠶᠢᠨ ᠵᠣᠭᠰᠤᠯᠲᠠ ᠪᠠ ᠣᠪᠤᠷ᠎ᠢ᠎ᠨᠢ ᠭᠣᠤᠯᠳᠠᠯᠭ᠎ᠠ᠎ᠲᠠᠢ ᠣᠢᠯᠠᠭᠠᠨ ᠡᠵᠡᠮᠰᠢᠨ᠎ᠡ᠃

  ᠨᠢᠭᠡᠳᠦᠮᠡᠯ ᠹᠷᠤᠨᠲ᠎ᠤᠨ ᠰᠠᠯᠠᠭ᠎ᠠ ᠮᠥᠴᠢᠷ᠎ᠨᠢ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠦᠨ ᠬᠠᠮᠢᠶᠠᠷᠤᠯᠲᠠ᠎ᠶᠢ ᠵᠣᠬᠢᠴᠠᠭᠤᠯᠬᠤ ᠠᠵᠢᠯ᠎ᠢ ᠲᠦᠷᠦᠭᠦᠯᠡᠨ ᠬᠠᠷᠢᠭᠤᠴᠠᠨ᠎ᠠ᠃ ᠨᠠᠮ᠎ᠤᠨ ᠬᠣᠷᠢᠶᠠᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠂ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠪᠠ ᠤᠯᠤᠰ ᠲᠥᠷᠦ᠎ᠶᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠶ᠋ᠢᠯᠠᠩ᠂ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠦᠨ ᠪᠠᠶ᠋ᠢᠭ᠎ᠠ ᠪᠠᠢᠭᠤᠯᠭ᠎ᠠ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠲᠤᠰ ᠲᠤᠰ᠎ᠤ᠋ᠨ᠎ᠢᠶ᠋ᠠᠨ ᠬᠠᠷᠢᠭᠤᠴᠠᠯᠭ᠎ᠠ᠎ᠪᠠᠨ ᠭᠦᠢᠴᠡᠳᠬᠡᠵᠦ᠂ ᠡᠳᠦᠷ ᠲᠤᠲᠤᠮ᠎ᠤᠨ ᠬᠠᠮᠢᠶᠠᠷᠤᠯᠲᠠ ᠬᠢᠨᠠᠨ ᠱᠢᠯᠭᠠᠯᠲᠠ᠎ᠶᠢ ᠴᠢᠩᠭᠠᠳᠭᠠᠬᠤ ᠬᠡᠷᠡᠭᠲᠡᠢ᠃ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠦᠨ ᠪᠠᠶ᠋ᠢᠭ᠎ᠠ ᠨᠠᠮ ᠪᠦᠯᠦᠭ ᠪᠠ ᠪᠦᠯᠬᠦᠮ᠎ᠦᠨ ᠥᠪᠡᠷ᠎ᠢ᠋᠎ᠪᠡᠨ ᠬᠠᠮᠢᠶᠠᠷᠬᠤ᠂ ᠥᠪᠡᠷ᠎ᠢ᠋᠎ᠪᠡᠨ ᠬᠥᠮᠦᠵᠢᠭᠦᠯᠬᠦ᠌᠂ ᠥᠪᠡᠷ᠎ᠦᠨ ᠪᠡᠶ᠎ᠡ᠎ᠳ᠋ᠦ᠎ᠪᠡᠨ ᠬᠢᠨᠠᠯᠲᠠ ᠲᠠᠯᠪᠢᠬᠤ ᠦᠢᠯᠡᠳᠦᠯ᠎ᠢ᠎ᠨᠢ ᠪᠠᠳᠠᠷᠠᠭᠤᠯᠬᠤ ᠬᠡᠷᠡᠭᠲᠡᠢ᠃

  ᠳᠥᠴᠢ ᠶᠢᠰᠦᠳᠦᠭᠡᠷ ᠵᠦᠢᠯ   ᠨᠠᠮ ᠪᠠ ᠨᠠᠮ᠎ᠤᠨ ᠭᠠᠳᠠᠨᠠᠬᠢ ᠲᠥᠯᠦᠭᠡᠯᠡᠭᠴᠢ ᠯᠦᠭᠡ᠎ᠶᠢᠨ ᠬᠠᠮᠲᠤᠷᠠᠨ ᠠᠵᠢᠯᠯᠠᠬᠤ᠎ᠶᠢ ᠰᠠᠢᠲᠤᠷ ᠬᠢᠬᠦ ᠬᠡᠷᠡᠭᠲᠡᠢ᠃ ᠬᠠᠮᠲᠤ᠎ᠶᠢᠨ ᠤᠳᠤᠷᠢᠳᠤᠯᠭ᠎ᠠ ᠪᠠ ᠬᠤᠪᠢ ᠬᠥᠮᠦᠨ ᠠᠵᠢᠯ ᠬᠤᠪᠢᠶᠠᠨ ᠬᠠᠷᠢᠭᠤᠴᠠᠬᠤ᠎ᠶᠢ ᠤᠶᠠᠯᠳᠤᠭᠤᠯᠤᠨ ᠪᠠᠷᠢᠮᠲᠠᠯᠠᠵᠤ᠂ ᠨᠠᠮ᠎ᠤᠨ ᠭᠠᠳᠠᠨᠠᠬᠢ ᠺᠠᠳ᠋ᠷᠴᠤᠳ᠎ᠤᠨ ᠬᠤᠪᠢᠲᠠᠨ ᠬᠠᠮᠢᠶᠠᠷᠴᠤ ᠪᠠᠶ᠋ᠢᠭ᠎ᠠ ᠠᠵᠢᠯ᠎ᠤᠨ ᠬᠢᠨᠢ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠵᠢᠯᠤᠭᠤᠳᠭᠤ ᠡᠷᠬᠡ᠂ ᠠᠰᠠᠭᠤᠳᠠᠯ᠎ᠢ ᠱᠢᠢᠳᠪᠦᠷᠢᠯᠡᠬᠦ᠎ᠳᠦ ᠱᠢᠢᠳᠪᠦᠷᠢ ᠭᠠᠷᠭᠠᠬᠤ ᠡᠷᠬᠡ᠂ ᠠᠵᠢᠯᠲᠠᠨ᠎ᠢ ᠲᠣᠮᠢᠯᠠᠬᠤ ᠪᠠᠭᠤᠯᠭᠠᠬᠤ᠎ᠳᠤ ᠰᠠᠨᠠᠭᠤᠯᠭ᠎ᠠ ᠳᠤᠷᠠᠳᠭᠤ ᠡᠷᠬᠡ᠎ᠲᠡᠢ ᠪᠠᠶ᠋ᠢᠬᠤ᠎ᠶᠢ ᠪᠠᠲᠤᠯᠠᠬᠤ ᠬᠡᠷᠡᠭᠲᠡᠢ᠃

  ᠲᠠᠪᠢᠳᠤᠭᠠᠷ ᠵᠦᠢᠯ  ᠡᠯ᠎ᠡ ᠱᠠᠲᠤᠨ᠎ᠤ ᠨᠠᠮ᠎ᠤᠨ ᠬᠣᠷᠢᠶ᠎ᠠ᠎ᠨᠢ ᠨᠠᠮ᠎ᠤᠨ ᠭᠠᠳᠠᠨᠠᠬᠢ ᠲᠥᠯᠦᠭᠡᠯᠡᠭᠴᠢ ᠬᠥᠮᠦᠰ᠎ᠦᠨ ᠡᠩᠨᠡᠭᠡᠨ᠎ᠦ ᠪᠠᠶ᠋ᠢᠭᠤᠯᠤᠯᠲᠠ᠎ᠶᠢ ᠺᠠᠳ᠋ᠷ ᠪᠠ ᠴᠢᠳᠠᠪᠤᠷᠢᠲᠠᠨ᠎ᠤ ᠡᠩᠨᠡᠭᠡᠨ᠎ᠦ ᠪᠠᠶ᠋ᠢᠭᠤᠯᠤᠯᠲᠠ᠎ᠶᠢᠨ ᠶᠡᠷᠦᠩᠬᠡᠢ ᠲᠥᠯᠦᠪᠵᠢᠭᠦᠯᠭᠡ᠎ᠳᠦ ᠣᠷᠣᠭᠤᠯᠵᠤ᠂ ᠱᠢᠯᠢᠳᠡᠭ ᠵᠠᠯᠠᠭᠤ ᠺᠠᠳ᠋ᠷ᠎ᠤᠨ ᠡᠩᠨᠡᠭᠡᠨ᠎ᠦ ᠳᠣᠲᠤᠷ᠎ᠠ᠎ᠠᠴᠠ ᠨᠠᠮ᠎ᠤᠨ ᠭᠠᠳᠠᠨᠠᠬᠢ ᠺᠠᠳ᠋ᠷ᠎ᠢ ᠨᠢᠭᠡᠳᠦᠯᠲᠡᠢ ᠲᠥᠯᠦᠪᠵᠢᠭᠦᠯᠬᠦ᠎ᠶᠢ ᠪᠣᠳᠤᠯᠬᠢᠯᠠᠬᠤ ᠬᠡᠷᠡᠭᠲᠡᠢ᠃

  ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠂ ᠨᠢᠭᠡᠳᠦᠮᠡᠯ ᠹᠷᠤᠨᠲ᠎ᠤᠨ ᠰᠠᠯᠠᠭ᠎ᠠ ᠮᠥᠴᠢᠷ᠎ᠦᠨ ᠬᠠᠮᠵᠢᠯᠴᠠᠨ ᠠᠵᠢᠯᠯᠠᠬᠤ ᠲᠣᠭᠲᠠᠴᠠ᠎ᠶᠢ ᠪᠠᠶ᠋ᠢᠭᠤᠯᠤᠨ ᠪᠦᠷᠢᠨᠰᠢᠭᠦᠯᠦᠨ᠎ᠡ᠃ ᠨᠠᠮ᠎ᠤᠨ ᠭᠠᠳᠠᠨᠠᠬᠢ ᠺᠠᠳ᠋ᠷ᠎ᠢ ᠲᠣᠮᠢᠯᠠᠬᠤ ᠪᠠᠭᠤᠯᠭᠠᠬᠤ᠂ ᠰᠢᠯᠵᠢᠭᠦᠯᠬᠦ᠌᠂ ᠰᠣᠯᠢᠯᠴᠠᠬᠤ᠎ᠶᠢ ᠰᠠᠨᠠᠭᠠᠴᠢᠯᠠᠨ ᠶᠠᠷᠢᠯᠴᠠᠵᠤ ᠲᠣᠭᠲᠠᠭᠠᠬᠤ᠎ᠠᠴᠠ ᠡᠮᠦᠨ᠎ᠡ ᠨᠢᠭᠡᠳᠦᠮᠡᠯ ᠹᠷᠤᠨᠲ᠎ᠤᠨ ᠰᠠᠯᠠᠭ᠎ᠠ ᠮᠥᠴᠢᠷ᠎ᠦᠨ ᠰᠠᠨᠠᠯ᠎ᠢ ᠬᠣᠷᠢᠶᠠᠨ ᠰᠣᠨᠤᠰᠭᠤ ᠬᠡᠷᠡᠭᠲᠡᠢ᠃

 

    ᠠᠷᠪᠠᠨ ᠬᠣᠶᠠᠳᠤᠭᠠᠷ ᠪᠦᠯᠦᠭ   ᠨᠢᠭᠡᠳᠦᠮᠡᠯ ᠹᠷᠤᠨᠲ᠎ᠤᠨ ᠰᠠᠯᠠᠭ᠎ᠠ ᠮᠥᠴᠢᠷ᠎ᠦᠨ ᠲᠤᠰ ᠪᠡᠶ᠎ᠡ᠎ᠶᠢᠨ ᠪᠠᠶ᠋ᠢᠭᠤᠯᠤᠯᠲᠠ

 

  ᠲᠠᠪᠢᠨ ᠨᠢᠭᠡᠳᠦᠭᠡᠷ ᠵᠦᠢᠯ  ᠨᠠᠮ᠎ᠤᠨ ᠤᠯᠤᠰ ᠲᠥᠷᠦ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠭᠦᠢᠴᠡᠳᠬᠡᠵᠦ᠂ ᠨᠢᠭᠡᠳᠦᠮᠡᠯ ᠹᠷᠤᠨᠲ᠎ᠤᠨ ᠺᠠᠳ᠋ᠷᠴᠤᠳ᠎ᠢ ᠬᠥᠲᠦᠯᠦᠨ ᠵᠢᠯᠤᠭᠤᠳᠴᠤ ᠤᠭ ᠰᠠᠨᠠᠭ᠎ᠠ᠎ᠪᠠᠨ ᠦᠯᠦ  ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ 《ᠳᠥᠷᠪᠡᠨ ᠤᠬᠠᠮᠰᠠᠷ》᠎ᠢᠶ᠋ᠠᠨ  ᠴᠢᠩᠭᠠᠳᠬᠠᠨ᠂ 《ᠳᠥᠷᠪᠡᠨ ᠢᠲᠡᠭᠡᠯ》᠎ᠢᠶ᠋ᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠤᠯᠤᠰ ᠲᠥᠷᠦ᠎ᠶᠢᠨ ᠵᠣᠭᠰᠣᠯᠲᠠ᠂ ᠤᠯᠤᠰ ᠲᠥᠷᠦ᠎ᠶᠢᠨ ᠴᠢᠭᠯᠡᠯ᠂ ᠤᠯᠤᠰ ᠲᠥᠷᠦ᠎ᠶᠢᠨ ᠵᠠᠷᠴᠢᠮ᠂ ᠤᠯᠤᠰ ᠲᠥᠷᠦ᠎ᠶᠢᠨ ᠵᠠᠮ᠎ᠤᠨ ᠲᠠᠯ᠎ᠠ᠎ᠪᠠᠷ ᠢᠮᠠᠭᠲᠠ ᠰᠢ᠎ᠵᠢᠨ ᠫᠢᠩ ᠨᠥᠬᠦᠷ᠎ᠢᠶ᠋ᠡᠷ ᠭᠣᠤᠯᠯᠠᠭᠴᠢ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠶ᠋ᠢᠵᠤ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠤᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠵᠣᠷᠢᠭ ᠰᠠᠨᠠᠭ᠎ᠠ ᠪᠠ ᠵᠣᠷᠢᠯᠲᠠ᠎ᠶᠢ ᠨᠢᠭᠡᠳᠦᠮᠡᠯ ᠹᠷᠤᠨᠲ᠎ᠤᠨ ᠠᠵᠢᠯ᠎ᠤᠨ ᠡᠯ᠎ᠡ ᠲᠠᠯ᠎ᠠ ᠪᠠ ᠪᠦᠬᠦ ᠶᠠᠪᠤᠴᠠ᠎ᠳᠤ ᠲᠤᠭᠤᠱᠢᠯᠠᠭᠤᠯᠬᠤ᠎ᠶᠢ ᠦᠨᠡᠨ᠎ᠬᠦ ᠪᠠᠲᠤᠯᠠᠬᠤ ᠬᠡᠷᠡᠭᠲᠡᠢ᠃

  ᠲᠠᠪᠢᠨ ᠬᠣᠶᠠᠳᠤᠭᠠᠷ ᠵᠦᠢᠯ  ᠨᠠᠮ᠎ᠤᠨ ᠦᠵᠡᠯ ᠰᠠᠨᠠᠭᠠᠨ᠎ᠤ ᠪᠠᠶ᠋ᠢᠭᠤᠯᠤᠯᠲᠠ᠎ᠶᠢ ᠴᠢᠩᠭᠠᠳᠬᠠᠵᠤ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ᠎ᠵᠢᠨ ᠫᠢᠩ᠎ᠦᠨ ᠨᠢᠭᠡᠳᠦᠮᠡᠯ ᠹᠷᠤᠨᠲ᠎ᠤᠨ ᠠᠵᠢᠯ᠎ᠢ ᠴᠢᠩᠭᠠᠳᠭᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠣᠶᠤᠨ ᠲᠠᠷᠢᠬᠢ᠎ᠪᠠᠨ ᠵᠡᠪᠰᠡᠭᠯᠡᠵᠦ᠂ ᠦᠢᠯᠡᠳᠦᠯᠭᠡ᠎ᠪᠡᠨ ᠵᠢᠯᠣᠭᠣᠳᠤᠭᠤᠯᠵᠤ᠂ ᠠᠵᠢᠯ᠎ᠢᠶ᠋ᠠᠨ ᠠᠬᠢᠭᠤᠯᠤᠨ᠎ᠠ᠃

  ᠲᠠᠪᠢᠨ ᠭᠤᠷᠪᠠᠳᠤᠭᠠᠷ ᠵᠦᠢᠯ  ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠴᠣᠭᠴᠠᠯᠠᠯᠲᠠ᠎ᠶᠢ ᠴᠢᠩᠭᠠᠳᠬᠠᠵᠤ᠂ ᠱᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠱᠤᠭᠤᠮ᠎ᠢ ᠲᠤᠭᠤᠰᠢᠯᠠᠭᠤᠯᠵᠤ᠂ ᠠᠷᠠᠳᠴᠢᠯᠠᠯ ᠲᠥᠪᠯᠡᠷᠡᠯ᠎ᠦᠨ ᠶᠣᠰᠤ᠎ᠶᠢ ᠪᠠᠷᠢᠮᠲᠠᠯᠠᠵᠤ᠂ ᠬᠥᠮᠦᠨ᠎ᠢ ᠰᠣᠩᠭᠤᠵᠤ ᠬᠥᠮᠦᠨ᠎ᠢ ᠬᠡᠷᠡᠭᠯᠡᠬᠦ ᠵᠥᠪ ᠣᠨᠤᠪᠴᠢᠲᠠᠢ ᠤᠳᠤᠷᠢᠳᠤᠮᠵᠢ᠎ᠶᠢ ᠪᠣᠢ ᠪᠣᠯᠭᠠᠨ ᠪᠠᠷᠢᠮᠲᠠᠯᠠᠵᠤ᠂ ᠺᠠᠳ᠋ᠷ᠎ᠢ ᠬᠥᠮᠦᠵᠢᠭᠦᠯᠬᠦ᠌᠂ ᠰᠣᠯᠢᠯᠴᠠᠬᠤ ᠪᠠ ᠳᠠᠪᠲᠠᠨ ᠪᠣᠯᠪᠠᠰᠤᠷᠠᠭᠤᠯᠬᠤ᠎ᠶᠢ ᠴᠢᠩᠭᠠᠳᠬᠠᠵᠤ᠂ ᠤᠯᠤᠰ ᠲᠥᠷᠦ ᠪᠠᠲᠤ ᠴᠢᠩᠭ᠎ᠠ᠂ ᠲᠤᠬᠠᠶ᠋ᠢᠯᠠᠭᠰᠠᠨ ᠠᠵᠢᠯ᠎ᠳ᠋ᠤ᠎ᠪᠠᠨ ᠴᠠᠭᠠᠷᠠᠭᠰᠠᠨ᠂ ᠰᠤᠷᠲᠠᠯ ᠱᠢᠯᠢᠳᠡᠭ ᠰᠠᠢᠨ ᠨᠢᠭᠡᠳᠦᠮᠡᠯ ᠹᠷᠤᠨᠲ᠎ᠤᠨ ᠺᠠᠳ᠋ᠷ᠎ᠤᠨ ᠡᠩᠨᠡᠭᠡ᠎ᠶᠢ  ᠪᠠᠢᠭᠤᠯᠤᠨ᠎ᠠ᠃

  ᠲᠠᠪᠢᠨ ᠳᠥᠷᠪᠡᠳᠦᠭᠡᠷ ᠵᠦᠢᠯ  ᠨᠠᠮ᠎ᠤᠨ ᠰᠤᠷᠲᠠᠯ᠎ᠤᠨ ᠪᠠᠶ᠋ᠢᠭᠤᠯᠤᠯᠲᠠ᠎ᠶᠢ ᠴᠢᠩᠭᠠᠳᠬᠠᠵᠤ᠂ 《ᠳᠥᠷᠪᠡᠨ ᠰᠤᠷᠲᠠᠯ》᠎ᠢ ᠡᠷᠡᠰ ᠵᠠᠯᠠᠷᠠᠭᠤᠯᠵᠤ᠂ ᠨᠠᠮ᠎ᠤᠨ ᠣᠯᠠᠨ ᠲᠦᠮᠡᠨᠴᠢ ᠱᠤᠭᠤᠮ᠎ᠢ ᠦᠢᠯᠡᠳᠦᠯᠭᠡᠵᠢᠭᠦᠯᠵᠦ᠂ ᠨᠢᠭᠡᠳᠦᠮᠡᠯ ᠹᠷᠤᠨᠲ᠎ᠤᠨ ᠺᠠᠳ᠋ᠷᠴᠤᠳ᠎ᠢ ᠬᠥᠮᠦᠵᠢᠭᠦᠯᠵᠦ ᠵᠢᠯᠤᠭᠤᠳᠤᠨ ᠬᠠᠷᠢᠭᠤᠴᠠᠯᠭ᠎ᠠ ᠡᠭᠦᠷᠭᠡᠯᠡᠭᠦᠯᠦᠨ᠂ ᠨᠠᠮ᠎ᠤᠨ ᠭᠠᠳᠠᠨᠠᠬᠢ ᠬᠥᠮᠦᠰ᠎ᠯᠦᠭᠡ᠎ᠶᠢᠨ ᠪᠦᠯᠬᠦᠮᠳᠡᠯ ᠬᠠᠷᠢᠯᠴᠠᠭ᠎ᠠ᠎ᠪᠠᠨ ᠴᠢᠩᠭᠠᠳᠬᠠᠵᠤ᠂ ᠨᠠᠮ᠎ᠤᠨ ᠭᠠᠳᠠᠨᠠᠬᠢ ᠬᠥᠮᠦᠰ᠎ᠲᠦ ᠦᠨᠡᠨᠴᠢ᠎ᠪᠡᠷ ᠬᠠᠨᠳᠤᠵᠤ᠂ ᠰᠡᠳᠬᠢᠯᠭᠡ᠎ᠶᠢ᠎ᠨᠢ ᠦᠨᠡᠨ᠎ᠬᠦ ᠬᠦᠳᠡᠯᠭᠡᠭᠡᠵᠦ᠂ ᠶᠣᠰᠤ ᠤᠴᠢᠷ᠎ᠢ ᠣᠢᠯᠠᠭᠠᠭᠤᠯᠵᠤ᠂ ᠪᠣᠳᠠᠲᠠᠢ᠎ᠪᠠᠷ ᠬᠠᠪᠰᠤᠷᠴᠤ᠂ ᠴᠢᠩ ᠦᠨᠡᠨᠴᠢ ᠳᠠᠷᠤᠤ ᠡᠶᠡᠯᠰᠡᠭ᠎ᠢᠶ᠋ᠡᠷ᠂ ᠬᠥᠮᠦᠰ᠎ᠲᠦ ᠡᠷᠬᠡ ᠲᠡᠭᠱᠢ᠎ᠪᠡᠷ ᠬᠠᠨᠳᠤᠵᠤ᠂ ᠬᠠᠮᠲᠤ ᠨᠡᠢᠲᠡ᠎ᠶᠢᠨ ᠲᠥᠯᠦᠭᠡ ᠠᠷᠢᠭᠤᠨ ᠴᠢᠬᠡᠴᠢ᠎ᠪᠡᠷ ᠵᠢᠳᠭᠦᠬᠦ ᠬᠡᠷᠡᠭᠲᠡᠢ᠃

  ᠲᠠᠪᠢᠨ ᠲᠠᠪᠤᠳᠤᠭᠠᠷ ᠵᠦᠢᠯ  ᠨᠠᠮ᠎ᠤᠨ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ ᠰᠠᠬᠢᠯᠭ᠎ᠠ ᠪᠠᠲᠤ ᠪᠠᠶ᠋ᠢᠴᠠᠭᠠᠬᠤ ᠬᠢᠨᠠᠨ ᠪᠠᠶ᠋ᠢᠴᠠᠭᠠᠬᠤ ᠠᠵᠢᠯ᠎ᠢ ᠰᠠᠶ᠋ᠢᠲᠤᠷ ᠬᠢᠵᠦ᠂ ᠨᠢᠭᠡᠳᠦᠮᠡᠯ ᠹᠷᠤᠨᠲ᠎ᠤᠨ ᠺᠠᠳ᠋ᠷᠴᠤᠳ᠎ᠲᠤ ᠬᠢᠨᠠᠯᠲᠠ ᠲᠠᠯᠪᠢᠨ ᠬᠢᠵᠠᠭᠠᠷᠯᠠᠵᠤ ᠤᠯᠤᠰ ᠲᠥᠷᠦ᠎ᠶᠢᠨ ᠰᠠᠬᠢᠯᠭ᠎ᠠ ᠪᠠᠲᠤ ᠬᠢᠭᠡᠳ ᠤᠯᠤᠰ ᠲᠥᠷᠦ᠎ᠶᠢᠨ ᠶᠣᠰᠤ ᠳᠦᠷᠢᠮ᠎ᠢ ᠴᠢᠩᠭ᠎ᠠ ᠰᠠᠬᠢᠭᠤᠯᠵᠤ᠂ ᠪᠢᠱᠢᠷᠡᠨ ᠵᠢᠷᠦᠬᠡᠱᠢᠶᠡᠬᠦ᠎ᠶᠢ ᠢᠮᠠᠭᠲᠠ ᠴᠡᠭᠡᠵᠢᠯᠡᠵᠦ᠂ ᠬᠢᠴᠢᠶᠡᠨ ᠴᠡᠭᠡᠷᠯᠡᠵᠦ᠂ ᠬᠣᠷᠢᠭ᠎ᠠ ᠴᠠᠭᠠᠵᠠ᠎ᠶᠢ ᠰᠠᠬᠢᠬᠤ ᠬᠡᠷᠡᠭᠲᠡᠢ᠃

 

    ᠠᠷᠪᠠᠨ ᠭᠤᠷᠪᠠᠳᠤᠭᠠᠷ ᠪᠦᠯᠦᠭ   ᠪᠠᠲᠤᠯᠠᠬᠤ ᠪᠠ ᠬᠢᠨᠠᠯᠲᠠ ᠲᠠᠯᠪᠢᠬᠤ

 

  ᠲᠠᠪᠢᠨ ᠵᠢᠷᠭᠤᠳᠤᠭᠠᠷ ᠵᠦᠢᠯ  ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠤᠨ᠎ᠨᠢ ᠨᠢᠭᠡᠳᠦᠮᠡᠯ ᠹᠷᠤᠨᠲ᠎ᠤᠨ ᠠᠵᠢᠯ᠎ᠢ ᠳᠡᠮᠵᠢᠵᠦ ᠲᠥᠷᠦ᠎ᠶᠢᠨ ᠪᠣᠳᠤᠯᠭ᠎ᠠ᠎ᠶᠢ ᠲᠣᠭᠲᠠᠭᠠᠨ ᠲᠡᠭᠦᠯᠳᠡᠷᠵᠢᠭᠦᠯᠵᠦ᠂ ᠪᠠᠲᠤᠯᠠᠭ᠎ᠠ᠎ᠶᠢᠨ ᠠᠵᠢᠯ᠎ᠢ ᠰᠠᠶ᠋ᠢᠲᠤᠷ ᠬᠢᠨ᠎ᠡ᠃

  ᠲᠠᠪᠢᠨ ᠳᠣᠯᠤᠳᠤᠭᠠᠷ ᠵᠦᠢᠯ  ᠨᠢᠭᠡᠳᠦᠮᠡᠯ ᠹᠷᠤᠨᠲ᠎ᠤᠨ ᠠᠵᠢᠯ᠎ᠤᠨ ᠲᠡᠷᠢᠭᠦᠨ᠎ᠦ ᠬᠠᠮᠲᠤ ᠪᠠ ᠲᠡᠷᠢᠭᠦᠨ᠎ᠦ ᠬᠤᠪᠢ ᠬᠥᠮᠦᠨ᠎ᠢ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠬᠥᠬᠢᠭᠦᠯᠦᠨ ᠱᠠᠩᠨᠠᠨ᠎ᠠ᠃

  ᠲᠠᠪᠢᠨ ᠨᠠᠢ᠍ᠮᠠᠳᠤᠭᠠᠷ ᠵᠦᠢᠯ  ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠶ᠋ᠢᠯᠠᠩ)᠎ᠨᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠶ᠋ᠢᠳᠠᠪᠤᠷᠢᠵᠢᠭᠤᠯᠵᠤ᠂ ᠲᠤᠰ ᠳᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠶᠢ ᠴᠢᠩᠭᠠᠳᠬᠠᠵᠤ᠂ ᠲᠤᠰ ᠳᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠎ᠢ ᠤᠳᠤᠷᠢᠳᠭᠤ ᠪᠠᠭ᠂ ᠤᠳᠤᠷᠢᠳᠭᠤ ᠺᠠᠳ᠋ᠷ᠎ᠤᠨ ᠬᠠᠷᠠᠯᠲᠠᠲᠤ ᠬᠠᠮᠢᠶᠠᠷᠤᠯᠲᠠ ᠪᠣᠯᠤᠨ ᠬᠢᠨᠠᠨ ᠱᠢᠯᠭᠠᠬᠤ ᠲᠣᠭᠲᠠᠯᠴᠠᠭ᠎ᠠ᠎ᠳᠤ ᠣᠷᠣᠭᠤᠯᠵᠤ᠂ ᠤᠯᠤᠰ ᠲᠥᠷᠦ᠎ᠶᠢᠨ ᠲᠣᠭᠤᠷᠢᠨ ᠪᠠᠢᠴᠠᠭᠠᠬᠤ ᠴᠠᠭᠳᠠᠨ ᠪᠠᠶ᠋ᠢᠴᠠᠭᠠᠬᠤ᠂ ᠬᠢᠨᠠᠯᠲᠠ ᠲᠠᠯᠪᠢᠨ ᠰᠠᠬᠢᠯᠭ᠎ᠠ ᠪᠠᠲᠤ᠎ᠶᠢ ᠬᠡᠷᠡᠭᠵᠢᠭᠦᠯᠦᠭᠰᠡᠨ ᠲᠠᠯ᠎ᠠ᠎ᠪᠠᠷ ᠬᠠᠷᠢᠭᠤᠴᠠᠯᠭ᠎ᠠ ᠲᠤᠯᠭᠠᠨ ᠠᠰᠠᠭᠤᠬᠤ ᠬᠡᠪᠴᠢᠶᠡᠨ᠎ᠳᠦ ᠣᠷᠣᠭᠤᠯᠤᠨ᠎ᠠ᠃

  ᠲᠠᠪᠢ ᠶᠢᠰᠦᠳᠦᠭᠡᠷ ᠵᠦᠢᠯ  ᠲᠤᠰ ᠳᠦᠷᠢᠮ᠎ᠦᠨ ᠬᠣᠯᠪᠤᠭᠳᠠᠯ ᠪᠦᠬᠦᠢ ᠲᠣᠭᠲᠠᠭᠠᠯ᠎ᠢ ᠵᠥᠷᠢᠴᠡᠭᠰᠡᠨ ᠪᠠᠢᠪᠠᠯ᠂ ᠦᠢᠯᠡ ᠪᠠᠢᠳᠠᠯ᠎ᠤᠨ ᠬᠢᠨᠢ ᠬᠦᠨᠳᠦ ᠬᠥᠩᠭᠡᠨ ᠵᠢᠴᠢ ᠬᠣᠤᠷ ᠬᠥᠨᠦᠭᠡᠯ᠎ᠦᠨ ᠬᠢᠨᠢ ᠬᠡᠮᠵᠢᠶ᠎ᠡ᠎ᠶᠢ ᠦᠨᠳᠦᠰᠦᠯᠡᠨ᠂ ᠬᠠᠮᠢᠶ᠎ᠠ ᠪᠦᠬᠦᠢ ᠨᠠᠮ᠎ᠤᠨ ᠵᠣᠬᠢᠶᠠᠨ ᠪᠠᠶ᠋ᠢᠭᠤᠯᠤᠯᠲᠠ᠂ ᠨᠠᠮ᠎ᠤᠨ ᠤᠳᠤᠷᠢᠳᠭᠤ ᠺᠠᠳ᠋ᠷ᠎ᠠᠴᠠ ᠬᠠᠷᠢᠭᠤᠴᠠᠯᠭ᠎ᠠ ᠲᠤᠯᠭᠠᠨ ᠠᠰᠠᠭᠤᠨ᠎ᠠ᠃

 

    ᠠᠷᠪᠠᠨ ᠳᠥᠷᠪᠡᠳᠦᠭᠡᠷ ᠪᠦᠯᠦᠭ   ᠳᠠᠭᠠᠯᠳᠤᠭᠤᠯᠤᠭᠰᠠᠨ ᠳᠦᠷᠢᠮ

 

  ᠵᠢᠷᠠᠳᠤᠭᠠᠷ ᠵᠦᠢᠯ  ᠲᠤᠰ ᠳᠦᠷᠢᠮ᠎ᠢ ᠲᠥᠪ᠎ᠦᠨ ᠨᠢᠭᠡᠳᠦᠮᠡᠯ ᠹᠷᠤᠨᠲ᠎ᠤᠨ ᠬᠡᠯᠲᠡᠰ᠎ᠡᠴᠡ ᠬᠠᠷᠢᠭᠤᠴᠠᠨ ᠲᠠᠶ᠋ᠢᠯᠪᠤᠷᠢᠯᠠᠨ᠎ᠠ᠃

  ᠵᠢᠷᠠᠨ ᠨᠢᠭᠡᠳᠦᠭᠡᠷ ᠵᠦᠢᠯ  ᠲᠤᠰ ᠳᠦᠷᠢᠮ᠎ᠢ ᠨᠡᠢᠲᠡᠯᠡᠭᠰᠡᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

 

     (ᠢᠷᠡᠯᠲᠡ᠄ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠮᠣᠩᠭᠤᠯ ᠰᠦᠯᠵᠢᠶ᠎ᠡ)

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃