ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠱᠢᠭᠦᠨ᠎ᠦ ᠡᠷᠬᠡ ᠠᠱᠢᠭ᠎ᠢ ᠪᠠᠲᠤᠯᠠᠬᠤ ᠳᠦᠷᠢᠮ
2021.09.30

(2004 ᠣᠨ᠎ᠤ 9 ᠰᠠᠷ᠎ᠠ᠎ᠶᠢᠨ 9᠎ᠦ ᠡᠳᠦᠷ ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶᠠᠨ᠎ᠤ ᠬᠤᠷᠠᠯ᠎ᠠᠴᠠ ᠬᠢᠨᠠᠨ ᠵᠥᠪᠯᠡᠵᠦ ᠵᠥᠪᠰᠢᠶᠡᠷᠡᠪᠡ᠂ 2004 ᠣᠨ᠎ᠤ 9 ᠰᠠᠷ᠎ᠠ᠎ᠶᠢᠨ 22᠎ᠤᠨ ᠡᠳᠦᠷ ᠨᠠᠮ᠎ᠤᠨ ᠲᠥᠪ ᠬᠣᠷᠢᠶ᠎ᠠ᠎ᠠᠴᠠ ᠨᠡᠢᠲᠡᠯᠡᠪᠡ᠂ 2020 ᠣᠨ᠎ᠤ 11 ᠰᠠᠷ᠎ᠠ᠎ᠶᠢᠨ 30᠎ᠤ ᠡᠳᠦᠷ ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠬᠤᠷᠠᠯ᠎ᠠᠴᠠ ᠵᠠᠰᠠᠪᠤᠷᠢ ᠣᠷᠣᠭᠤᠯᠪᠠ᠂ 2020 ᠣᠨ᠎ᠤ 12 ᠰᠠᠷ᠎ᠠ᠎ᠶᠢᠨ 25᠎ᠤ ᠡᠳᠦᠷ ᠨᠠᠮ᠎ᠤᠨ ᠲᠥᠪ ᠬᠣᠷᠢᠶ᠎ᠠ᠎ᠠᠴᠠ ᠨᠡᠢᠲᠡᠯᠡᠪᠡ)

 

    ᠨᠢᠭᠡᠳᠦᠭᠡᠷ ᠪᠦᠯᠦᠭ  ᠶᠡᠷᠦᠩᠬᠡᠢ ᠳᠦᠷᠢᠮ

 

  ᠨᠢᠭᠡᠳᠦᠭᠡᠷ ᠵᠦᠢᠯ  ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶᠢ ᠴᠢᠩᠭᠠᠳᠬᠠᠨ᠂ ᠨᠠᠮ᠎ᠤᠨ ᠳᠣᠲᠤᠭᠠᠳᠤ᠎ᠶᠢᠨ ᠠᠷᠠᠳᠴᠢᠯᠠᠯ᠎ᠢ ᠪᠠᠳᠠᠷᠠᠭᠤᠯᠵᠤ᠂ ᠨᠠᠮ᠎ᠤᠨ ᠭᠡᠱᠢᠭᠦᠨ᠎ᠦ ᠡᠷᠬᠡ ᠠᠱᠢᠭ᠎ᠢ ᠪᠠᠲᠤᠯᠠᠨ᠂ ᠨᠠᠮ᠎ᠤᠨ ᠠᠮᠢᠵᠢᠷᠠᠯ᠎ᠤᠨ ᠬᠦᠴᠦ᠎ᠶᠢ ᠴᠢᠩᠭᠠᠳᠭᠠᠬᠤ᠎ᠶᠢᠨ ᠲᠥᠯᠥᠭᠡ᠂《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》ᠢ᠋ ᠦᠨᠳᠦᠰᠦᠯᠡᠵᠦ᠂ ᠲᠤᠰ ᠳᠦᠷᠢᠮ᠎ᠢ ᠲᠣᠭᠲᠠᠭᠠᠪᠠ᠃

  ᠬᠣᠶᠠᠳᠤᠭᠠᠷ ᠵᠦᠢᠯ  ᠨᠠᠮ᠎ᠤᠨ ᠭᠡᠱᠢᠭᠦᠨ᠎ᠦ ᠡᠷᠬᠡ ᠠᠱᠢᠭ᠎ᠢ ᠪᠠᠲᠤᠯᠠᠬᠤ᠎ᠳᠤ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠣ ᠫᠢᠩ᠎ᠦᠨ ᠣᠨᠣᠯ᠂ 《ᠭᠤᠷᠪᠠ᠎ᠶᠢ ᠲᠥᠯᠦᠭᠡᠯᠡᠬᠦ》ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶᠢ ᠪᠠᠷᠢᠮᠲᠠᠯᠠᠵᠤ᠂ 《ᠳᠥᠷᠪᠡᠨ ᠤᠬᠠᠮᠰᠠᠷ》᠎ᠢ ᠴᠢᠩᠭᠠᠳᠬᠠᠵᠤ᠂ 《ᠳᠥᠷᠪᠡᠨ ᠢᠲᠡᠭᠡᠯ》᠎ᠢ ᠪᠠᠲᠤᠳᠬᠠᠨ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠡᠷᠡᠰ ᠭᠤᠢᠪᠢᠱᠢ ᠦᠭᠡᠢ᠎ᠪᠡᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ᠎ᠦ ᠡᠷᠬᠡ ᠠᠱᠢᠭ᠎ᠢ ᠨᠠᠢᠳᠠᠪᠤᠷᠢᠵᠢᠭᠤᠯᠤᠨ ᠪᠠᠲᠤᠯᠠᠬᠤ᠎ᠶᠢ ᠠᠬᠢᠭᠤᠯᠤᠨ᠂ ᠥᠷᠭᠡᠨ ᠣᠯᠠᠨ ᠨᠠᠮ᠎ᠤᠨ ᠭᠡᠱᠢᠭᠦᠨ᠎ᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠬᠥᠭᠵᠢᠭᠡᠵᠦ᠂ ᠨᠠᠮ᠎ᠤᠨ ᠪᠦᠲᠦᠭᠡᠯᠴᠢ ᠬᠦᠴᠦᠨ᠂ ᠨᠢᠭᠲᠠᠷᠠᠭᠤᠯᠬᠤ ᠬᠦᠴᠦᠨ᠂ ᠳᠠᠢᠴᠢᠨ ᠬᠦᠴᠦᠨ᠎ᠢ ᠴᠢᠩᠭᠠᠳᠬᠠᠨ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠡᠭᠦᠷᠢᠳᠡ ᠪᠠᠲᠤᠯᠠᠵᠤ᠂ ᠨᠡᠢᠭᠡᠮ ᠵᠢᠷᠤᠮᠲᠤ ᠣᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳᠦ ᠬᠤᠪᠢ ᠨᠡᠮᠡᠷᠢ ᠦᠵᠡᠭᠦᠯᠬᠦ ᠬᠡᠷᠡᠭᠲᠡᠢ᠃

  ᠭᠤᠷᠪᠠᠳᠤᠭᠠᠷ ᠵᠦᠢᠯ  ᠨᠠᠮ᠎ᠤᠨ ᠭᠡᠱᠢᠭᠦᠨ᠎ᠦ ᠡᠷᠬᠡ ᠠᠱᠢᠭ᠎ᠢ ᠪᠠᠲᠤᠯᠠᠬᠤ᠎ᠳᠤ ᠳᠣᠤᠷᠠᠬᠢ ᠵᠠᠷᠴᠢᠮ᠎ᠢ ᠵᠢᠷᠤᠮᠯᠠᠬᠤ ᠬᠡᠷᠡᠭᠲᠡᠢ᠄

  (ᠨᠢᠭᠡ) ᠠᠷᠠᠳᠴᠢᠯᠠᠯ ᠪᠠ ᠲᠥᠪᠯᠡᠷᠡᠯ᠎ᠢ ᠤᠶᠠᠯᠳᠤᠭᠤᠯᠬᠤ᠎ᠶᠢ ᠪᠠᠷᠢᠮᠲᠠᠯᠠᠵᠤ᠂ ᠨᠠᠮ᠎ᠤᠨ ᠭᠡᠱᠢᠭᠦᠨ᠎ᠦ ᠨᠠᠮ᠎ᠤᠨ ᠳᠣᠲᠤᠭᠠᠳᠤ᠎ᠶᠢᠨ ᠬᠡᠷᠡᠭ ᠶᠠᠪᠤᠳᠠᠯ᠎ᠳᠤ ᠣᠷᠤᠯᠴᠠᠬᠤ ᠤᠷᠮ᠎ᠠ ᠵᠣᠷᠢᠭ᠎ᠢ ᠬᠥᠭᠵᠢᠭᠡᠬᠦ᠎ᠪᠡᠷ ᠪᠠᠷᠠᠬᠤ᠎ᠦᠭᠡᠢ ᠪᠠᠰᠠ ᠨᠠᠮ᠎ᠤᠨ ᠭᠡᠱᠢᠭᠦᠨ᠎ᠦ ᠨᠠᠮᠴᠢ ᠴᠢᠨᠠᠷ᠎ᠤᠨ ᠵᠠᠷᠴᠢᠮ ᠶᠣᠰᠤᠭᠠᠷ ᠡᠷᠬᠡ ᠠᠰᠢᠭ᠎ᠢᠶᠠᠨ ᠬᠡᠷᠡᠭᠵᠢᠭᠦᠯᠬᠦ᠎ᠶᠢ ᠱᠠᠭᠠᠷᠳᠠᠬᠤ ᠬᠡᠷᠡᠭᠲᠡᠢ;

  (ᠬᠣᠶᠠᠷ) ᠡᠭᠦᠷᠭᠡ ᠪᠠ ᠡᠷᠬᠡ ᠠᠱᠢᠭ᠎ᠤᠨ ᠨᠢᠭᠡᠳᠦᠯ᠎ᠢ ᠪᠠᠷᠢᠮᠲᠠᠯᠠᠵᠤ᠂ ᠨᠠᠮ᠎ᠤᠨ ᠳᠦᠷᠢᠮ᠎ᠳᠦ ᠲᠣᠭᠲᠠᠭᠠᠭᠰᠠᠨ ᠡᠭᠦᠷᠭᠡ᠎ᠶᠢ ᠦᠨᠡᠨ᠎ᠬᠦ ᠭᠦᠢᠴᠡᠳᠬᠡᠵᠦ᠂ ᠡᠯ᠎ᠡ ᠵᠦᠢᠯ᠎ᠦᠨ ᠡᠷᠬᠡ ᠠᠰᠢᠭ᠎ᠢᠶᠠᠨ ᠵᠥᠪ ᠬᠡᠷᠡᠭᠵᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶᠢᠨ ᠬᠡᠪᠴᠢᠶᠡᠨ᠎ᠳᠦ ᠠᠵᠢᠯᠯᠠᠭ᠎ᠠ ᠥᠷᠨᠢᠭᠦᠯᠬᠦ ᠬᠡᠷᠡᠭᠲᠡᠢ;

  (ᠭᠤᠷᠪᠠ) ᠨᠠᠮ᠎ᠤᠨ ᠰᠠᠬᠢᠯᠭ᠎ᠠ ᠪᠠᠲᠤ᠎ᠶᠢᠨ ᠡᠮᠦᠨ᠎ᠡ ᠬᠥᠮᠦᠨ ᠪᠦᠬᠦᠨ ᠡᠷᠬᠡ ᠲᠡᠭᠱᠢ ᠪᠠᠢᠬᠤ᠎ᠶᠢ ᠪᠠᠷᠢᠮᠲᠠᠯᠠᠵᠤ᠂ ᠶᠠᠮᠠᠷᠪᠠ ᠨᠠᠮ᠎ᠤᠨ ᠭᠡᠱᠢᠭᠦᠨ᠎ᠳᠦ ᠣᠨᠴᠠᠭᠠᠢ ᠡᠷᠬᠡ ᠪᠠᠢᠬᠤ᠎ᠶᠢ ᠵᠥᠪᠱᠢᠶᠡᠷᠡᠬᠦ ᠦᠭᠡᠢ;

  (ᠳᠥᠷᠪᠡ) ᠨᠠᠮ᠎ᠤᠨ ᠭᠡᠱᠢᠭᠦᠨ᠎ᠦ ᠡᠷᠬᠡ ᠠᠱᠢᠭ᠎ᠢ ᠭᠦᠢᠴᠡᠳ ᠪᠦᠬᠦ ᠲᠠᠯ᠎ᠠ᠎ᠪᠠᠷ ᠪᠠᠲᠤᠯᠠᠬᠤ᠎ᠶᠢ ᠪᠠᠷᠢᠮᠲᠠᠯᠠᠵᠤ᠂ ᠡᠷᠬᠡ ᠠᠱᠢᠭ᠎ᠢ ᠪᠠᠲᠤᠯᠠᠬᠤ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠦᠨ᠂ ᠡᠷᠬᠡ ᠠᠱᠢᠭ᠎ᠢ ᠬᠡᠷᠡᠭᠵᠢᠭᠦᠯᠬᠦ ᠠᠷᠭ᠎ᠠ ᠵᠠᠮ᠎ᠢ ᠰᠢᠯᠤᠭᠤᠳᠬᠠᠵᠤ᠂ ᠠᠵᠢᠯ᠎ᠤᠨ ᠪᠣᠳᠠᠲᠤ ᠪᠦᠲᠦᠮᠵᠢ᠎ᠶᠢ ᠳᠡᠭᠡᠭᠱᠢᠯᠡᠭᠦᠯᠬᠦ ᠬᠡᠷᠡᠭᠲᠡᠢ᠃

  ᠳᠥᠷᠪᠡᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠡᠷᠬᠡᠪᠱᠢ ᠨᠠᠮ᠎ᠤᠨ ᠭᠡᠱᠢᠭᠦᠨ᠎ᠦ ᠭᠣᠤᠯ ᠴᠣᠭᠴᠠ᠎ᠶᠢᠨ ᠪᠠᠢᠷᠢ ᠰᠠᠭᠤᠷᠢ᠎ᠶᠢ ᠬᠦᠨᠳᠦᠳᠭᠡᠵᠦ᠂ ᠨᠠᠮ᠎ᠢ ᠬᠠᠮᠢᠶᠠᠷᠬᠤ ᠨᠠᠮ᠎ᠢ ᠵᠠᠰᠠᠬᠤ ᠤᠯᠤᠰ ᠲᠥᠷᠦ᠎ᠶᠢᠨ ᠬᠠᠷᠢᠭᠤᠴᠠᠯᠭ᠎ᠠ᠎ᠶᠢ ᠴᠢᠩᠭᠠᠳᠬᠠᠨ᠂ ᠨᠠᠮ᠎ᠤᠨ ᠭᠡᠱᠢᠭᠦᠨ᠎ᠦ ᠡᠷᠬᠡ ᠠᠱᠢᠭ᠎ᠢ ᠪᠠᠲᠤᠯᠠᠬᠤ᠎ᠶᠢ ᠱᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠳᠤ ᠠᠭᠤᠰᠤᠯᠴᠠᠭᠤᠯᠵᠤ᠂ ᠨᠠᠮ᠎ᠤᠨ ᠳᠦᠷᠢᠮ ᠪᠠ ᠪᠤᠰᠤᠳ ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ᠎ᠢ ᠴᠢᠩᠭ᠎ᠠ ᠵᠢᠷᠤᠮᠯᠠᠨ ᠨᠠᠮ᠎ᠤᠨ ᠭᠡᠱᠢᠭᠦᠨ᠎ᠦ ᠡᠯ᠎ᠡ ᠵᠦᠢᠯ᠎ᠦᠨ ᠡᠷᠬᠡ ᠠᠱᠢᠭ᠎ᠢ ᠪᠠᠲᠤᠯᠠᠵᠤ᠂ ᠨᠠᠮ᠎ᠤᠨ ᠭᠡᠱᠢᠭᠦᠨ᠎ᠦ ᠡᠷᠬᠡ ᠠᠱᠢᠭ᠎ᠢ ᠪᠠᠲᠤᠯᠠᠬᠤ ᠳᠦᠷᠢᠮ ᠲᠣᠭᠲᠠᠴᠠ᠎ᠶᠢ ᠲᠡᠭᠦᠯᠳᠡᠷᠵᠢᠭᠦᠯᠬᠦ ᠬᠡᠷᠡᠭᠲᠡᠢ᠃

  ᠨᠠᠮ᠎ᠤᠨ ᠭᠡᠱᠢᠭᠦᠨ ᠡᠷᠬᠡᠪᠱᠢ ᠨᠠᠮ᠎ᠤᠨ ᠦᠵᠡᠯᠲᠡ ᠪᠠ ᠭᠣᠤᠯ ᠴᠣᠭᠴᠠ᠎ᠶᠢᠨ ᠤᠬᠠᠮᠰᠠᠷ᠎ᠢᠶ᠋ᠠᠨ ᠴᠢᠩᠭᠠᠳᠬᠠᠵᠤ᠂ ᠨᠠᠮ᠎ᠤᠨ ᠳᠦᠷᠢᠮ᠎ᠳᠦ ᠲᠣᠭᠲᠠᠭᠠᠭᠰᠠᠨ ᠡᠷᠬᠡ ᠠᠱᠢᠭ᠎ᠢ ᠬᠡᠷᠡᠭᠵᠢᠭᠦᠯᠬᠦ᠎ᠶᠢ ᠨᠠᠮ᠎ᠳᠤ᠎ᠪᠠᠨ ᠭᠦᠢᠴᠡᠳᠬᠡᠬᠦ ᠶᠣᠰᠤᠲᠠᠢ ᠬᠠᠷᠢᠭᠤᠴᠠᠯᠭ᠎ᠠ ᠪᠣᠯᠭᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠳᠤ ᠦᠨᠡᠨ ᠦᠭᠡ ᠶᠠᠷᠢᠵᠤ᠂ ᠪᠣᠳᠠᠲᠠᠢ ᠦᠭᠡ ᠶᠠᠷᠢᠵᠤ᠂ ᠰᠡᠳᠬᠢᠯ᠎ᠦᠨ ᠦᠭᠡ᠎ᠪᠡᠨ ᠶᠠᠷᠢᠵᠤ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠨ᠂ ᠵᠣᠷᠢᠭᠲᠠᠢ ᠬᠠᠷᠢᠭᠤᠴᠠᠵᠤ᠂ ᠰᠠᠬᠢᠯᠭ᠎ᠠ ᠪᠠᠲᠤ ᠶᠣᠰᠤ ᠳᠦᠷᠢᠮ᠎ᠢ ᠰᠠᠬᠢᠨ ᠵᠢᠷᠤᠮᠯᠠᠵᠤ᠂ ᠡᠷᠬᠡ ᠠᠱᠢᠭ᠎ᠢᠶ᠋ᠠᠨ ᠵᠥᠪ᠎ᠢᠶ᠋ᠡᠷ ᠬᠡᠷᠡᠭᠵᠢᠭᠦᠯᠬᠦ ᠬᠡᠷᠡᠭᠲᠡᠢ᠃

  ᠲᠠᠪᠤᠳᠤᠭᠠᠷ ᠵᠦᠢᠯ  ᠨᠠᠮ᠎ᠤᠨ ᠭᠡᠱᠢᠭᠦᠨ᠎ᠦ ᠡᠷᠬᠡ ᠠᠱᠢᠭ᠎ᠲᠤ ᠬᠠᠯᠳᠠᠭᠰᠠᠨ ᠶᠠᠮᠠᠷᠪᠠ ᠠᠵᠢᠯᠯᠠᠭ᠎ᠠ᠎ᠶᠢ ᠡᠷᠬᠡᠪᠱᠢ ᠨᠡᠬᠡᠮᠵᠢᠯᠡᠬᠦ ᠬᠡᠷᠡᠭᠲᠡᠢ᠃ ᠨᠠᠮ᠎ᠤᠨ ᠵᠣᠬᠢᠶᠠᠨ ᠪᠠᠢᠭᠤᠯᠤᠯᠲᠠ ᠡᠷᠬᠡᠪᠱᠢ ᠦᠨᠡᠨ ᠪᠣᠳᠠᠲᠠᠢ ᠬᠡᠷᠡᠭ ᠶᠠᠪᠤᠳᠠᠯ᠎ᠢᠶᠠᠷ ᠦᠨᠳᠦᠰᠦᠯᠡᠯ ᠪᠣᠯᠭᠠᠵᠤ᠂ ᠨᠠᠮ᠎ᠤᠨ ᠳᠦᠷᠢᠮ ᠲᠣᠭᠲᠠᠭᠠᠯ ᠨᠠᠮ᠎ᠤᠨ ᠰᠠᠬᠢᠯᠭ᠎ᠠ ᠪᠠᠲᠤ᠎ᠪᠠᠷ ᠪᠠᠷᠢᠮᠵᠢᠶ᠎ᠠ ᠪᠣᠯᠭᠠᠵᠤ᠂ ᠨᠠᠮ᠎ᠤᠨ ᠭᠡᠱᠢᠭᠦᠨ᠎ᠦ ᠡᠷᠬᠡ ᠠᠱᠢᠭ᠎ᠲᠤ ᠬᠠᠯᠳᠠᠭᠰᠠᠨ ᠠᠵᠢᠯᠯᠠᠭ᠎ᠠ᠎ᠶᠢ ᠬᠢᠨᠠᠨ ᠲᠣᠭᠲᠠᠭᠠᠵᠤ ᠱᠢᠢᠳᠪᠦᠷᠢᠯᠡᠬᠦ ᠬᠡᠷᠡᠭᠲᠡᠢ᠃

 

    ᠬᠣᠶᠠᠳᠤᠭᠠᠷ ᠪᠦᠯᠦᠭ  ᠨᠠᠮ᠎ᠤᠨ ᠭᠡᠱᠢᠭᠦᠨ᠎ᠦ ᠡᠷᠬᠡ ᠠᠰᠢᠭ᠎ᠢᠶᠠᠨ ᠬᠡᠷᠡᠭᠵᠢᠭᠦᠯᠬᠦ

 

  ᠵᠢᠷᠭᠤᠳᠤᠭᠠᠷ ᠵᠦᠢᠯ  ᠨᠠᠮ᠎ᠤᠨ ᠭᠡᠱᠢᠭᠦᠨ᠎ᠦ ᠡᠳ᠋ᠯᠡᠵᠦ ᠪᠦᠬᠦᠢ ᠨᠠᠮ᠎ᠤᠨ ᠳᠦᠷᠢᠮ᠎ᠳᠦ ᠲᠣᠭᠲᠠᠭᠠᠭᠰᠠᠨ ᠡᠯ᠎ᠡ ᠵᠦᠢᠯ᠎ᠦᠨ ᠡᠷᠬᠡ ᠠᠱᠢᠭ᠎ᠢ ᠡᠷᠬᠡᠪᠱᠢ ᠬᠥᠨᠳᠦᠳᠭᠡᠨ ᠬᠠᠮᠠᠭᠠᠯᠠᠬᠤ ᠬᠡᠷᠡᠭᠲᠡᠢ᠂ ᠨᠠᠮ᠎ᠤᠨ ᠶᠠᠮᠠᠷᠪᠠ ᠨᠢᠭᠡᠨ ᠱᠠᠲᠤᠨ᠎ᠤ ᠵᠣᠬᠢᠶᠠᠨ ᠪᠠᠢᠭᠤᠯᠤᠯᠲᠠ᠂ ᠶᠠᠮᠠᠷᠪᠠ ᠨᠠᠮ᠎ᠤᠨ ᠭᠡᠱᠢᠭᠦᠨ ᠴᠥᠮ ᠬᠠᠰᠤᠬᠤ ᠡᠷᠬᠡ ᠦᠭᠡᠢ᠃ ᠪᠡᠯᠡᠳᠬᠡᠯ ᠨᠠᠮ᠎ᠤᠨ ᠭᠡᠱᠢᠭᠦᠨ᠎ᠨᠢ ᠪᠠᠲᠤᠯᠠᠯᠲᠠ ᠬᠢᠬᠦ ᠡᠷᠬᠡ᠂ ᠰᠣᠩᠭᠤᠬᠤ ᠡᠷᠬᠡ ᠪᠠ ᠰᠣᠩᠭᠤᠭᠳᠠᠬᠤ ᠡᠷᠬᠡ ᠪᠠᠢᠬᠤ ᠦᠭᠡᠢ᠎ᠡᠴᠡ ᠭᠠᠳᠠᠨ᠎ᠠ᠂ ᠵᠢᠩᠬᠢᠨᠢ ᠨᠠᠮ᠎ᠤᠨ ᠭᠡᠱᠢᠭᠦᠨ᠎ᠲᠡᠢ ᠠᠳᠠᠯᠢᠬᠠᠨ ᠡᠷᠬᠡ ᠠᠱᠢᠭ᠎ᠢ ᠡᠳ᠋ᠯᠡᠨ᠎ᠡ᠃

  ᠨᠠᠮ᠎ᠤᠨ ᠭᠡᠱᠢᠭᠦᠨ ᠡᠷᠬᠡ ᠠᠰᠢᠭ᠎ᠢᠶᠠᠨ ᠬᠡᠷᠡᠭᠵᠢᠭᠦᠯᠬᠦ ᠦᠶ᠎ᠡ᠎ᠳᠦ ᠪᠤᠰᠤᠳ ᠨᠠᠮ᠎ᠤᠨ ᠭᠡᠱᠢᠭᠦᠨ᠎ᠦ ᠡᠷᠬᠡ ᠠᠱᠢᠭ᠎ᠲᠤ ᠬᠠᠯᠳᠠᠵᠤ ᠪᠣᠯᠬᠤ ᠦᠭᠡᠢ᠃

  ᠳᠣᠯᠤᠳᠤᠭᠠᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠶᠢᠨ ᠪᠠᠢᠳᠠᠯ᠎ᠢ ᠮᠡᠳᠡᠬᠦ ᠡᠷᠬᠡ᠎ᠲᠡᠢ᠂ ᠲᠣᠭᠲᠠᠭᠠᠯ ᠶᠣᠰᠤᠭᠠᠷ ᠨᠠᠮ᠎ᠤᠨ ᠬᠣᠯᠪᠤᠭᠳᠠᠯ ᠪᠦᠬᠦᠢ ᠬᠤᠷᠠᠯ᠎ᠳᠤ ᠣᠷᠣᠯᠴᠠᠵᠤ᠂ ᠨᠠᠮ᠎ᠤᠨ ᠬᠣᠯᠪᠤᠭᠳᠠᠯ ᠪᠦᠬᠦᠢ ᠪᠢᠴᠢᠭ ᠮᠠᠲᠧᠷᠢᠶᠠᠯ᠎ᠢ ᠤᠩᠰᠢᠨ᠂ ᠨᠠᠮ᠎ᠤᠨ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ ᠪᠠ ᠱᠢᠢᠳᠪᠦᠷᠢ᠎ᠶᠢ ᠣᠢᠯᠠᠭᠠᠵᠤ᠂ ᠲᠤᠰ ᠬᠥᠮᠦᠨ᠎ᠦ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠎ᠶᠢᠨ᠎ᠢᠶᠠᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ ᠵᠢᠴᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠣᠭᠲᠠᠭᠠᠯ᠎ᠢ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠨ᠂ ᠭᠣᠤᠯᠳᠠᠯᠭ᠎ᠠ᠎ᠲᠠᠢ ᠠᠵᠢᠯ᠎ᠢ ᠥᠷᠨᠢᠭᠦᠯᠵᠦ ᠪᠠᠢᠭ᠎ᠠ ᠪᠠᠢᠳᠠᠯ ᠵᠢᠴᠢ ᠪᠤᠰᠤᠳ ᠨᠠᠮ᠎ᠤᠨ ᠳᠣᠲᠤᠭᠠᠳᠤ᠎ᠶᠢᠨ ᠠᠵᠢᠯ ᠶᠠᠪᠤᠳᠠᠯ᠎ᠢ ᠣᠢᠯᠠᠭᠠᠵᠤ ᠮᠡᠳᠡᠬᠦ ᠡᠷᠬᠡ᠎ᠲᠡᠢ᠃

  ᠨᠠᠢ᠍ᠮᠠᠳᠤᠭᠠᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠬᠥᠮᠦᠵᠢᠯ ᠪᠣᠯᠪᠠᠰᠤᠷᠠᠯ᠎ᠢ ᠬᠦᠷᠲᠡᠬᠦ ᠡᠷᠬᠡ᠎ᠲᠡᠢ᠂ ᠬᠥᠮᠦᠵᠢᠭᠦᠯᠦᠨ ᠪᠣᠯᠪᠠᠰᠤᠷᠠᠭᠤᠯᠬᠤ ᠱᠠᠭᠠᠷᠳᠠᠯᠭ᠎ᠠ ᠳᠤᠷᠠᠳᠭᠤ ᠡᠷᠬᠡ᠎ᠲᠡᠢ ᠪᠠᠢᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠣᠬᠢᠷᠠᠭᠤᠯᠤᠭᠰᠠᠨ ᠲᠥᠪᠯᠡᠷᠡᠩᠭᠦᠢ ᠰᠤᠷᠤᠯᠴᠠᠯᠭ᠎ᠠ ᠬᠥᠮᠦᠵᠢᠯ᠂ ᠲᠤᠰᠭᠠᠢ ᠰᠡᠳᠦᠪᠲᠦ ᠰᠤᠷᠤᠯᠴᠠᠯᠭ᠎ᠠ ᠬᠥᠮᠦᠵᠢᠯ᠂ ᠲᠥᠪᠯᠡᠷᠡᠭᠦᠯᠦᠨ ᠡᠭᠡᠯᠵᠢᠯᠡᠭᠦᠯᠦᠨ ᠪᠣᠯᠪᠠᠰᠤᠷᠠᠭᠤᠯᠬᠤ᠂ ᠠᠵᠢᠯ᠎ᠤᠨ ᠪᠠᠢᠷᠢ᠎ᠠᠴᠠ ᠰᠠᠯᠭᠠᠨ ᠪᠣᠯᠪᠠᠰᠤᠷᠠᠭᠤᠯᠬᠤ᠂ ᠰᠦᠯᠵᠢᠶᠡᠨ ᠳᠡᠭᠡᠷᠡᠬᠢ ᠪᠣᠯᠪᠠᠰᠤᠷᠠᠯ᠎ᠳᠤ ᠣᠷᠤᠯᠴᠠᠬᠤ ᠡᠷᠬᠡ᠎ᠲᠡᠢ᠃

  ᠶᠢᠰᠦᠳᠦᠭᠡᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠶᠢᠨ ᠶᠠᠷᠢᠯᠴᠠᠭ᠎ᠠ᠎ᠳᠤ ᠣᠷᠤᠯᠴᠠᠬᠤ ᠡᠷᠬᠡ᠎ᠲᠡᠢ᠂ ᠨᠠᠮ᠎ᠤᠨ ᠬᠤᠷᠠᠯ ᠳᠡᠭᠡᠷ᠎ᠡ ᠪᠠ ᠨᠠᠮ᠎ᠤᠨ ᠰᠣᠨᠢᠨ ᠨᠠᠮ᠎ᠤᠨ ᠰᠡᠳᠭᠦᠯ ᠳᠡᠭᠡᠷ᠎ᠡ ᠨᠠᠮ᠎ᠤᠨ ᠣᠨᠣᠯ᠂ ᠲᠥᠷᠦ᠎ᠶᠢᠨ ᠪᠣᠳᠤᠯᠭ᠎ᠠ᠎ᠶᠢᠨ ᠲᠤᠬᠠᠢ ᠰᠤᠷᠤᠯᠴᠠᠯᠭ᠎ᠠ ᠶᠠᠷᠢᠯᠴᠠᠭ᠎ᠠ᠎ᠳᠤ ᠣᠷᠤᠯᠴᠠᠬᠤ᠎ᠶᠢᠨ ᠬᠠᠮᠲᠤ ᠰᠠᠨᠠᠯ᠎ᠢᠶᠠᠨ ᠭᠦᠢᠴᠡᠳ ᠢᠯᠡᠳᠬᠡᠬᠦ ᠡᠷᠬᠡ᠎ᠲᠡᠢ; ᠲᠣᠭᠲᠠᠭᠠᠯ ᠶᠣᠰᠤᠭᠠᠷ ᠨᠠᠮ᠎ᠤᠨ ᠳᠣᠲᠤᠭᠠᠳᠤ᠎ᠶᠢᠨ ᠬᠣᠯᠪᠤᠭᠳᠠᠯ ᠪᠦᠬᠦᠢ ᠴᠢᠬᠤᠯᠠ ᠱᠢᠢᠳᠪᠦᠷᠢᠲᠦ ᠪᠣᠳᠤᠯᠭ᠎ᠠ ᠪᠠ ᠴᠢᠬᠤᠯᠠ ᠠᠰᠠᠭᠤᠳᠠᠯ᠎ᠤᠨ ᠲᠤᠬᠠᠢ ᠶᠠᠷᠢᠯᠴᠠᠭ᠎ᠠ᠎ᠳᠤ ᠣᠷᠣᠯᠴᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠥᠷᠨᠢᠭᠦᠯᠦᠭᠰᠡᠨ ᠰᠠᠨᠠᠯ ᠬᠤᠷᠢᠶᠠᠬᠤ ᠵᠡᠷᠭᠡ ᠠᠵᠢᠯᠯᠠᠭ᠎ᠠ᠎ᠳᠤ ᠣᠷᠣᠯᠴᠠᠨ᠂ ᠦᠨᠡᠨ ᠪᠣᠳᠠᠲᠠᠢ ᠪᠠᠢᠳᠠᠯ᠎ᠢ ᠲᠤᠰᠬᠠᠵᠤ᠂ ᠢᠳᠡᠪᠬᠢᠲᠡᠢ᠎ᠪᠡᠷ ᠠᠷᠭ᠎ᠠ ᠪᠣᠳᠤᠯᠭ᠎ᠠ ᠭᠠᠷᠭᠠᠵᠤ ᠦᠭᠬᠦ ᠡᠷᠬᠡ᠎ᠲᠡᠢ᠃

  ᠨᠠᠮ᠎ᠤᠨ ᠭᠡᠱᠢᠭᠦᠨ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠤᠯᠭ᠎ᠠ᠎ᠶᠢ ᠶᠠᠷᠢᠯᠴᠠᠬᠤ ᠶᠠᠪᠤᠴᠠ ᠳᠤᠮᠳᠠ᠂ ᠤᠬᠠᠮᠰᠠᠷ᠎ᠠ᠋ᠴᠠ᠎ᠪᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭᠲᠡᠢ᠃

  ᠠᠷᠪᠠᠳᠤᠭᠠᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠳᠤ ᠰᠠᠨᠠᠭᠤᠯᠭ᠎ᠠ ᠪᠠ ᠰᠠᠨᠠᠭᠠᠴᠢᠯᠠᠭ᠎ᠠ ᠳᠤᠷᠠᠳᠭᠤ ᠡᠷᠬᠡ᠎ᠲᠡᠢ᠂ ᠦᠭᠡ᠎ᠪᠡᠷ ᠪᠤᠶᠤ ᠪᠢᠴᠢᠭ᠎ᠦᠨ ᠬᠡᠯᠪᠡᠷᠢ᠎ᠪᠡᠷ ᠲᠤᠰ ᠬᠥᠮᠦᠨ᠎ᠦ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠴᠢᠨᠠᠭᠱᠢᠯᠠᠨ ᠲᠥᠪ ᠬᠣᠷᠢᠶᠠᠨ᠎ᠤ ᠡᠯ᠎ᠡ ᠲᠠᠯ᠎ᠠ᠎ᠶᠢᠨ ᠠᠵᠢᠯ᠎ᠳᠤ ᠰᠠᠨᠠᠭᠤᠯᠭ᠎ᠠ ᠪᠠ ᠰᠠᠨᠠᠭᠠᠴᠢᠯᠠᠭ᠎ᠠ ᠳᠤᠷᠠᠳᠭᠤ ᠡᠷᠬᠡ᠎ᠲᠡᠢ᠂ ᠺᠠᠳ᠋ᠷ᠎ᠢ ᠰᠣᠩᠭᠤᠨ ᠳᠡᠪᠱᠢᠭᠦᠯᠵᠦ ᠬᠡᠷᠡᠭᠯᠡᠬᠦ᠎ᠳᠦ ᠲᠣᠭᠲᠠᠭᠠᠯ ᠶᠣᠰᠤᠭᠠᠷ ᠱᠢᠯᠢᠳᠡᠭ ᠺᠠᠳ᠋ᠷ᠎ᠢ ᠲᠠᠨᠢᠯᠴᠠᠭᠤᠯᠬᠤ ᠡᠷᠬᠡ᠎ᠲᠡᠢ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠣᠭᠤᠷᠢᠨ ᠪᠠᠢᠴᠠᠭᠠᠬᠤ ᠲᠣᠭᠤᠷᠢᠨ ᠴᠠᠭᠳᠠᠬᠤ᠂ ᠪᠠᠢᠴᠠᠭᠠᠯᠲᠠ ᠬᠢᠬᠦ ᠱᠠᠯᠠᠪᠳᠠᠭᠤᠯᠤᠨ ᠪᠠᠢᠴᠠᠭᠠᠬᠤ ᠳᠤᠮᠳᠠ ᠨᠠᠮ᠎ᠤᠨ ᠠᠵᠢᠯ᠎ᠤᠨ ᠲᠤᠬᠠᠢ ᠰᠠᠨᠠᠭᠤᠯᠭ᠎ᠠ ᠳᠤᠷᠠᠳᠭᠤ ᠡᠷᠬᠡ᠎ᠲᠡᠢ᠃

  ᠠᠷᠪᠠᠨ ᠨᠢᠭᠡᠳᠦᠭᠡᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠳᠤ ᠬᠢᠨᠠᠯᠲᠠ ᠲᠠᠯᠪᠢᠬᠤ ᠡᠷᠬᠡ᠎ᠲᠡᠢ᠂ ᠨᠠᠮ᠎ᠤᠨ ᠬᠤᠷᠠᠯ ᠳᠡᠭᠡᠷ᠎ᠡ ᠦᠭᠡ᠎ᠪᠡᠷ ᠪᠤᠶᠤ ᠪᠢᠴᠢᠭ᠎ᠦᠨ ᠬᠡᠯᠪᠡᠷᠢ᠎ᠪᠡᠷ ᠦᠨᠳᠦᠰᠦ ᠪᠠᠷᠢᠮᠲᠠ᠎ᠲᠠᠢ᠎ᠪᠠᠷ ᠨᠠᠮ᠎ᠤᠨ ᠶᠠᠮᠠᠷᠪᠠ ᠨᠢᠭᠡᠨ ᠵᠣᠬᠢᠶᠠᠨ ᠪᠠᠢᠭᠤᠯᠤᠯᠲᠠ ᠪᠠ ᠶᠠᠮᠠᠷᠪᠠ ᠨᠢᠭᠡᠨ ᠨᠠᠮ᠎ᠤᠨ ᠭᠡᠱᠢᠭᠦᠨ᠎ᠢ ᠰᠢᠭᠦᠮᠵᠢᠯᠡᠵᠦ᠂ ᠠᠵᠢᠯ᠎ᠤᠨ ᠳᠤᠮᠳᠠ ᠣᠷᠤᠱᠢᠵᠤ ᠪᠠᠢᠭ᠎ᠠ ᠳᠤᠲᠠᠭᠳᠠᠯ ᠪᠠ ᠠᠰᠠᠭᠤᠳᠠᠯ᠎ᠢ ᠢᠯᠡᠴᠢᠯᠡᠵᠦ᠂ ᠵᠠᠯᠠᠷᠠᠭᠤᠯᠬᠤ᠎ᠪᠠᠷ ᠱᠠᠭᠠᠷᠳᠠᠨ᠂ ᠠᠷᠠᠳᠴᠢᠯᠠᠯ᠎ᠢᠶᠠᠷ ᠦᠨᠡᠯᠡᠯᠲᠡ ᠬᠢᠬᠦ ᠳᠤᠮᠳᠠ ᠤᠳᠤᠷᠢᠳᠭᠤ ᠺᠠᠳ᠋ᠷ ᠪᠠ ᠪᠤᠰᠤᠳ ᠨᠠᠮ᠎ᠤᠨ ᠭᠡᠱᠢᠭᠦᠨ᠎ᠦ ᠳᠤᠲᠠᠭᠳᠠᠯ ᠠᠯᠳᠠᠭ᠎ᠠ᠎ᠶᠢ ᠵᠢᠭᠠᠵᠤ ᠭᠠᠷᠭᠠᠬᠤ ᠡᠷᠬᠡ᠎ᠲᠡᠢ; ᠨᠠᠮ᠎ᠤᠨ ᠵᠣᠬᠢᠶᠠᠨ ᠪᠠᠢᠭᠤᠯᠤᠯᠲᠠ᠎ᠳᠤ ᠲᠤᠰ ᠬᠥᠮᠦᠨ᠎ᠦ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠂ ᠤᠳᠤᠷᠢᠳᠭᠤ ᠺᠠᠳ᠋ᠷ᠂ ᠪᠤᠰᠤᠳ ᠨᠠᠮ᠎ᠤᠨ ᠭᠡᠱᠢᠭᠦᠨ᠎ᠦ ᠲᠤᠬᠠᠢ ᠰᠠᠨᠠᠯ᠎ᠢᠶᠠᠨ ᠳᠤᠰᠭᠠᠬᠤ ᠡᠷᠬᠡ᠎ᠲᠡᠢ᠃ ᠨᠠᠮ᠎ᠤᠨ ᠭᠡᠱᠢᠭᠦᠨ ᠪᠢᠴᠢᠭ᠎ᠦᠨ ᠬᠡᠯᠪᠡᠷᠢ᠎ᠪᠡᠷ ᠳᠤᠷᠠᠳᠤᠭᠰᠠᠨ ᠱᠢᠭᠦᠮᠵᠢᠯᠡᠬᠦ ᠰᠠᠨᠠᠯ᠎ᠢ ᠲᠣᠭᠲᠠᠭᠠᠯ ᠶᠣᠰᠤᠭᠠᠷ ᠱᠢᠭᠦᠮᠵᠢᠯᠡᠭᠳᠡᠭᠴᠢ ᠪᠤᠶᠤ ᠬᠣᠯᠪᠤᠭᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ᠎ᠳᠤ ᠬᠦᠷᠭᠡᠵᠦ ᠦᠭᠬᠦ ᠬᠡᠷᠡᠭᠲᠡᠢ᠃

  ᠨᠠᠮ᠎ᠤᠨ ᠭᠡᠱᠢᠭᠦᠨ᠎ᠳᠦ ᠨᠠᠮ᠎ᠤᠨ ᠵᠣᠬᠢᠶᠠᠨ ᠪᠠᠢᠭᠤᠯᠤᠯᠲᠠ᠎ᠳᠤ ᠨᠠᠮ᠎ᠤᠨ ᠶᠠᠮᠠᠷᠪᠠ ᠵᠣᠬᠢᠶᠠᠨ ᠪᠠᠢᠭᠤᠯᠤᠯᠲᠠ ᠪᠠ ᠶᠠᠮᠠᠷᠪᠠ ᠨᠠᠮ᠎ᠤᠨ ᠭᠡᠱᠢᠭᠦᠨ᠎ᠦ ᠰᠠᠬᠢᠯᠭ᠎ᠠ ᠪᠠᠲᠤ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠬᠡᠷᠡᠭ ᠶᠠᠪᠤᠳᠠᠯ᠎ᠢ ᠬᠠᠷᠢᠭᠤᠴᠠᠯᠭ᠎ᠠ᠎ᠲᠠᠢ᠎ᠪᠠᠷ ᠢᠯᠡᠴᠢᠯᠡᠬᠦ ᠮᠡᠳᠡᠭᠦᠯᠬᠦ᠌᠂ ᠢᠯᠡᠴᠢᠯᠡᠨ ᠵᠠᠭᠠᠯᠳᠤᠬᠤ ᠡᠷᠬᠡ᠎ᠲᠡᠢ᠂ ᠰᠠᠬᠢᠯᠭ᠎ᠠ ᠪᠠᠲᠤ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠲᠠᠢ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠎ᠢ ᠰᠢᠢᠳᠪᠦᠷᠢᠯᠡᠬᠦ᠌᠂ ᠱᠢᠢᠳᠬᠡᠯ ᠦᠭᠬᠦ ᠱᠠᠭᠠᠷᠳᠠᠯᠭ᠎ᠠ ᠳᠤᠷᠠᠳᠭᠤ ᠡᠷᠬᠡ᠎ᠲᠡᠢ᠃

  ᠨᠠᠮ᠎ᠤᠨ ᠭᠡᠱᠢᠭᠦᠨ ᠰᠢᠭᠦᠮᠵᠢᠯᠡᠬᠦ᠌᠂ ᠢᠯᠡᠴᠢᠯᠡᠨ ᠮᠡᠳᠡᠭᠦᠯᠬᠦ᠌᠂ ᠢᠯᠡᠴᠢᠯᠡᠨ ᠵᠠᠭᠠᠯᠳᠤᠬᠤ ᠵᠢᠴᠢ ᠰᠢᠢᠳᠪᠦᠷᠢᠯᠡᠬᠦ᠌᠂ ᠱᠢᠢᠳᠬᠡᠯ ᠦᠭᠬᠦ ᠱᠠᠭᠠᠷᠳᠠᠯᠭ᠎ᠠ ᠳᠤᠷᠠᠳᠭᠤ᠎ᠳᠣ᠌᠎ᠪᠠᠨ ᠡᠷᠬᠡᠪᠱᠢ ᠵᠣᠬᠢᠶᠠᠨ ᠪᠠᠢᠭᠤᠯᠤᠯᠲᠠ᠎ᠶᠢᠨ ᠠᠷᠭ᠎ᠠ ᠵᠠᠮ᠎ᠢᠶᠠᠷ ᠳᠠᠮᠵᠢᠭᠤᠯᠬᠤ ᠬᠡᠷᠡᠭᠲᠡᠢ᠂ ᠳᠤᠷ᠎ᠠ᠎ᠢᠶᠠᠷ᠎ᠢᠶᠠᠨ ᠤᠯᠠᠮᠵᠢᠯᠠᠨ ᠲᠠᠷᠬᠠᠭᠠᠵᠤ᠂ ᠰᠦᠯᠵᠢᠶᠡᠨ ᠳᠡᠭᠡᠷ᠎ᠡ ᠲᠠᠷᠬᠠᠭᠠᠵᠤ ᠪᠣᠯᠬᠤ ᠦᠭᠡᠢ᠂ ᠪᠣᠳᠠᠲᠤ ᠶᠠᠪᠤᠳᠠᠯ᠎ᠢ ᠶᠡᠬᠡᠰᠬᠡᠬᠦ ᠪᠤᠶᠤ ᠭᠠᠵᠢᠭᠤᠳᠠᠭᠤᠯᠵᠤ ᠪᠣᠯᠬᠤ ᠦᠭᠡᠢ᠂ ᠨᠡᠩ᠎ᠴᠦ ᠬᠤᠳᠠᠯ ᠬᠠᠭᠤᠷᠮᠠᠭ᠎ᠢᠶᠠᠷ ᠵᠣᠬᠢᠶᠠᠵᠤ᠂ ᠭᠦᠳᠬᠡᠨ ᠬᠣᠤᠷᠯᠠᠵᠤ ᠪᠣᠯᠬᠤ ᠦᠭᠡᠢ᠃

  ᠠᠷᠪᠠᠨ ᠬᠣᠶᠠᠳᠤᠭᠠᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠳᠤ ᠲᠤᠱᠢᠶᠠᠯ᠎ᠠᠴᠠ᠎ᠨᠢ ᠪᠠᠭᠤᠯᠭᠠᠬᠤ ᠰᠣᠯᠢᠬᠤ ᠱᠠᠭᠠᠷᠳᠠᠯᠭ᠎ᠠ ᠳᠤᠷᠠᠳᠭᠤ ᠡᠷᠬᠡ᠎ᠲᠡᠢ᠂ ᠥᠪᠡᠷ᠎ᠦᠨ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ ᠪᠤᠶᠤ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠤᠳᠤᠷᠢᠳᠭᠤ ᠺᠠᠳ᠋ᠷ᠎ᠤᠨ ᠲᠤᠱᠢᠶᠠᠯ᠎ᠳᠣ᠌᠎ᠪᠠᠨ ᠬᠢᠷᠢ ᠲᠡᠩᠴᠡᠬᠦ᠎ᠦᠭᠡᠢ ᠪᠠᠢᠳᠠᠯ᠎ᠢ ᠳᠤᠰᠬᠠᠵᠤ᠂ ᠲᠤᠱᠢᠶᠠᠯ᠎ᠳᠠᠭᠠᠨ ᠬᠢᠷᠢ ᠲᠡᠩᠴᠡᠬᠦ᠎ᠦᠭᠡᠢ ᠤᠳᠤᠷᠢᠳᠭᠤ ᠺᠠᠳ᠋ᠷ᠎ᠢ ᠬᠠᠷᠢᠭᠤᠴᠠᠯᠭ᠎ᠠ᠎ᠲᠠᠢ᠎ᠪᠠᠷ ᠲᠤᠱᠢᠶᠠᠯ᠎ᠠᠴᠠ᠎ᠨᠢ ᠪᠠᠭᠤᠯᠭᠠᠬᠤ ᠪᠤᠶᠤ ᠰᠣᠯᠢᠬᠤ ᠱᠠᠭᠠᠷᠳᠠᠯᠭ᠎ᠠ ᠳᠤᠷᠠᠳᠭᠤ ᠡᠷᠬᠡ᠎ᠲᠡᠢ᠃

  ᠨᠠᠮ᠎ᠤᠨ ᠭᠡᠱᠢᠭᠦᠨ ᠲᠤᠱᠢᠶᠠᠯ᠎ᠠᠴᠠ᠎ᠨᠢ ᠪᠠᠭᠤᠯᠭᠠᠬᠤ ᠪᠤᠶᠤ ᠰᠣᠯᠢᠬᠤ ᠱᠠᠭᠠᠷᠳᠠᠯᠭ᠎ᠠ ᠳᠤᠷᠠᠳᠭᠤ᠎ᠳᠣ᠌᠎ᠪᠠᠨ ᠡᠷᠬᠡᠪᠱᠢ ᠲᠥᠪ ᠴᠢᠩᠭ᠎ᠠ᠎ᠪᠠᠷ ᠬᠠᠷᠢᠭᠤᠴᠠᠵᠤ᠂ ᠵᠣᠬᠢᠶᠠᠨ ᠪᠠᠢᠭᠤᠯᠤᠯᠲᠠ᠎ᠶᠢᠨ ᠵᠠᠷᠴᠢᠮ ᠶᠣᠰᠣᠭᠠᠷ᠂ ᠬᠣᠯᠪᠤᠭᠳᠠᠯ ᠪᠦᠬᠦᠢ ᠳᠡᠰ ᠳᠠᠷᠠᠭᠠᠯᠠᠯ᠎ᠳᠤ ᠨᠡᠢᠴᠡᠭᠦᠯᠬᠦ ᠬᠡᠷᠡᠭᠲᠡᠢ᠃

  ᠠᠷᠪᠠᠨ ᠭᠤᠷᠪᠠᠳᠤᠭᠠᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠳᠣ᠌᠎ᠪᠠᠨ ᠪᠠᠲᠤᠯᠠᠯᠲᠠ ᠬᠢᠬᠦ ᠡᠷᠬᠡ᠎ᠲᠡᠢ᠂ ᠲᠣᠭᠲᠠᠭᠠᠯ ᠶᠣᠰᠤᠭᠠᠷ ᠨᠠᠮ᠎ᠤᠨ ᠵᠣᠬᠢᠶᠠᠨ ᠪᠠᠢᠭᠤᠯᠤᠯᠲᠠ ᠠᠰᠠᠭᠤᠳᠠᠯ᠎ᠢ ᠶᠠᠷᠢᠯᠴᠠᠬᠤ ᠲᠣᠭᠲᠠᠭᠠᠬᠤ ᠦᠶ᠎ᠡ᠎ᠳᠦ ᠪᠠᠲᠤᠯᠠᠯᠲᠠ ᠬᠢᠬᠦ᠎ᠳᠦ ᠣᠷᠣᠯᠴᠠᠵᠤ᠂ ᠪᠠᠲᠤᠯᠠᠯᠲᠠ ᠬᠢᠬᠦ᠎ᠡᠴᠡ ᠡᠮᠦᠨ᠎ᠡ ᠪᠠᠢᠳᠠᠯ᠎ᠢ ᠣᠢᠯᠠᠭᠠᠨ᠂ ᠶᠠᠷᠢᠯᠴᠠᠬᠤ ᠳᠤᠮᠳᠠ ᠰᠠᠨᠠᠯ᠎ᠢᠶᠠᠨ ᠭᠦᠢᠴᠡᠳ ᠢᠯᠡᠳᠬᠡᠬᠦ ᠡᠷᠬᠡ᠎ᠲᠡᠢ᠃ ᠪᠠᠲᠤᠯᠠᠯᠲᠠ ᠬᠢᠬᠦ ᠦᠶ᠎ᠡ᠎ᠳᠦ ᠵᠥᠪᠰᠢᠶᠡᠷᠡᠬᠦ᠌᠂ ᠦᠯᠦ ᠵᠥᠪᠱᠢᠶᠡᠷᠡᠬᠦ ᠪᠤᠶᠤ ᠡᠷᠬᠡ᠎ᠪᠡᠨ ᠬᠠᠶᠠᠵᠤ ᠪᠤᠯᠤᠨ᠎ᠠ᠃

  ᠠᠷᠪᠠᠨ ᠳᠥᠷᠪᠡᠳᠦᠭᠡᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠳᠤ ᠰᠣᠩᠭᠤᠬᠤ ᠡᠷᠬᠡ᠎ᠲᠡᠢ᠂ ᠨᠠᠮ᠎ᠤᠨ ᠳᠣᠲᠤᠭᠠᠳᠤ᠎ᠶᠢᠨ ᠰᠣᠩᠭᠤᠭᠤᠯᠢ᠎ᠳᠤ ᠣᠷᠣᠯᠴᠠᠵᠤ᠂ ᠵᠢᠱᠢᠭᠳᠡᠭᠰᠡᠳ᠎ᠦᠨ ᠪᠠᠢᠳᠠᠯ᠎ᠢ ᠣᠢᠯᠠᠭᠠᠬᠤ᠂ ᠵᠢᠱᠢᠭᠳᠡᠭᠰᠡᠳ᠎ᠢ ᠰᠣᠯᠢᠬᠤ᠎ᠪᠠᠷ ᠱᠠᠭᠠᠷᠳᠠᠬᠤ᠂ ᠶᠠᠮᠠᠷᠪᠠ ᠨᠢᠭᠡᠨ ᠵᠢᠱᠢᠭᠳᠡᠭᠰᠡᠳ᠎ᠢ ᠦᠯᠦ ᠰᠣᠩᠭᠤᠬᠤ ᠪᠤᠶᠤ ᠪᠤᠰᠤᠳ ᠬᠥᠮᠦᠨ᠎ᠢ ᠰᠣᠩᠭᠤᠬᠤ ᠡᠷᠬᠡ᠎ᠲᠡᠢ᠃

  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠳᠤ ᠰᠣᠩᠭᠤᠭᠳᠠᠬᠤ ᠡᠷᠬᠡ᠎ᠲᠡᠢ᠂ ᠲᠣᠭᠲᠠᠭᠰᠠᠨ ᠳᠡᠰ ᠳᠠᠷᠠᠭᠠᠯᠠᠯ᠎ᠢᠶᠠᠷ ᠳᠠᠮᠵᠢᠨ ᠵᠢᠱ᠌ᠢᠭᠳᠡᠭᠰᠡᠳ ᠪᠣᠯᠬᠤ ᠪᠠ ᠰᠣᠩᠭᠤᠭᠳᠠᠬᠤ ᠡᠷᠬᠡ᠎ᠲᠡᠢ᠃

  ᠠᠷᠪᠠᠨ ᠲᠠᠪᠤᠳᠤᠭᠠᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠳᠤ ᠲᠣᠳᠤᠷᠬᠠᠢᠯᠠᠯᠲᠠ ᠬᠢᠬᠦ ᠡᠷᠬᠡ᠎ᠲᠡᠢ᠂ ᠲᠤᠰᠭᠠᠭᠳᠠᠭᠰᠠᠨ ᠥᠪᠡᠷ᠎ᠦᠨ ᠠᠰᠠᠭᠤᠳᠠᠯ᠎ᠤᠨ ᠲᠤᠬᠠᠢ ᠨᠠᠮ᠎ᠤᠨ ᠵᠣᠬᠢᠶᠠᠨ ᠪᠠᠢᠭᠤᠯᠤᠯᠲᠠ᠎ᠳᠤ ᠦᠨᠡᠨ ᠮᠥᠨ᠎ᠢᠶᠠᠷ ᠨᠢ ᠲᠣᠳᠤᠷᠬᠠᠢᠯᠠᠯᠲᠠ ᠬᠢᠬᠦ᠌᠂ ᠲᠠᠢᠯᠪᠤᠷᠢᠯᠠᠬᠤ ᠡᠷᠬᠡ᠎ᠲᠡᠢ; ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠤᠰ ᠬᠥᠮᠦᠨ᠎ᠳᠦ ᠱᠢᠢᠳᠬᠡᠯ ᠦᠭᠬᠦ ᠪᠤᠶᠤ ᠬᠢᠨᠠᠨ ᠲᠣᠭᠲᠠᠭᠠᠯᠲᠠ ᠬᠢᠬᠦ ᠲᠤᠬᠠᠢ ᠶᠠᠷᠢᠯᠴᠠᠨ ᠲᠣᠭᠲᠠᠭᠠᠬᠤ ᠦᠶ᠎ᠡ᠎ᠳ᠋ᠦ᠍᠂ ᠡᠭᠦᠨ᠎ᠳᠦ ᠣᠷᠤᠯᠴᠠᠬᠤ ᠪᠠ ᠲᠣᠳᠤᠷᠬᠠᠢᠯᠠᠯᠲᠠ ᠬᠢᠬᠦ ᠡᠷᠬᠡ᠎ᠲᠡᠢ᠂ ᠪᠤᠰᠤᠳ ᠨᠠᠮ᠎ᠤᠨ ᠭᠡᠱᠢᠭᠦᠨ ᠲᠡᠭᠦᠨ᠎ᠳᠦ ᠭᠡᠷᠡᠴᠢᠯᠡᠭᠡ ᠬᠢᠵᠦ ᠦᠭᠬᠦ ᠪᠤᠶᠤ ᠥᠮᠦᠭᠯᠡᠵᠦ ᠪᠤᠯᠤᠨ᠎ᠠ᠃

  ᠠᠷᠪᠠᠨ ᠵᠢᠷᠭᠤᠳᠤᠭᠠᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠳᠤ ᠠᠳᠠᠯᠢ ᠪᠤᠰᠤ ᠰᠠᠨᠠᠯ ᠳᠤᠷᠠᠳᠭᠤ ᠡᠷᠬᠡ᠎ᠲᠡᠢ᠂ ᠨᠠᠮ᠎ᠤᠨ ᠱᠢᠢᠳᠪᠦᠷᠢ ᠪᠠ ᠲᠥᠷᠦ᠎ᠶᠢᠨ ᠪᠣᠳᠤᠯᠭ᠎ᠠ᠎ᠳᠤ ᠠᠳᠠᠯᠢ ᠪᠤᠰᠤ ᠰᠠᠨᠠᠯ᠎ᠲᠠᠢ ᠪᠠᠢᠪᠠᠴᠤ᠂ ᠡᠭᠦᠨ᠎ᠢ ᠡᠷᠡᠰ ᠬᠡᠷᠡᠭᠵᠢᠭᠦᠯᠬᠦ ᠤᠷᠢᠳᠠᠯ ᠳᠣᠣᠷ᠎ᠠ᠂ ᠨᠠᠮ᠎ᠤᠨ ᠵᠣᠬᠢᠶᠠᠨ ᠪᠠᠢᠭᠤᠯᠤᠯᠲᠠ᠎ᠳᠤ ᠰᠠᠨᠠᠯ᠎ᠢᠶᠠᠨ ᠦᠯᠡᠳᠡᠭᠡᠬᠦ᠎ᠶᠢ ᠢᠯᠡᠷᠬᠡᠢᠯᠡᠬᠦ ᠡᠷᠬᠡ᠎ᠲᠡᠢ ᠪᠥᠭᠡᠳ ᠥᠪᠡᠷ᠎ᠦᠨ ᠰᠠᠨᠠᠯ᠎ᠢᠶᠠᠨ ᠨᠠᠮ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ ᠴᠢᠨᠠᠭᠱᠢᠯᠠᠨ ᠲᠥᠪ ᠬᠣᠷᠢᠶ᠎ᠠ᠎ᠳᠤ ᠳᠤᠰᠭᠠᠵᠤ ᠪᠤᠯᠤᠨ᠎ᠠ; ᠲᠣᠭᠲᠠᠭᠠᠯ ᠶᠣᠰᠤᠭᠠᠷ ᠨᠠᠮ᠎ᠤᠨ ᠵᠣᠬᠢᠶᠠᠨ ᠪᠠᠢᠭᠤᠯᠤᠯᠲᠠ᠎ᠠ᠋ᠴᠠ《ᠭᠤᠷᠪᠠᠨ ᠴᠢᠬᠤᠯᠠ ᠨᠢᠭᠡ ᠶᠡᠬᠡ》ᠵᠦᠢᠯ᠎ᠢ ᠶᠠᠷᠢᠯᠴᠠᠨ ᠲᠣᠭᠲᠠᠭᠠᠬᠤ ᠪᠤᠶᠤ ᠰᠠᠨᠠᠯ ᠬᠤᠷᠢᠶᠠᠬᠤ᠂ ᠺᠠᠳ᠋ᠷ᠎ᠢ ᠰᠣᠩᠭᠤᠨ ᠳᠡᠪᠱᠢᠭᠦᠯᠵᠦ ᠬᠡᠷᠡᠭᠯᠡᠬᠦ ᠵᠢᠴᠢ ᠢᠯᠡ ᠵᠠᠷᠯᠠᠬᠤ ᠵᠡᠷᠭᠡ ᠶᠠᠪᠤᠴᠠ ᠳᠤᠮᠳᠠ ᠠᠳᠠᠯᠢ ᠪᠤᠰᠤ ᠰᠠᠨᠠᠯ ᠳᠤᠷᠠᠳᠭᠤ ᠡᠷᠬᠡ᠎ᠲᠡᠢ᠃

  ᠨᠠᠮ᠎ᠤᠨ ᠭᠡᠱᠢᠭᠦᠨ ᠲᠥᠪ ᠬᠣᠷᠢᠶᠠᠨ᠎ᠤ ᠲᠣᠭᠲᠠᠭᠠᠯ᠎ᠲᠠᠢ ᠨᠢᠭᠡᠳᠦᠯ᠎ᠦᠭᠡᠢ ᠰᠠᠨᠠᠯ᠎ᠢ ᠢᠯᠡ᠎ᠪᠡᠷ ᠨᠡᠢᠲᠡᠯᠡᠵᠦ ᠪᠣᠯᠬᠤ ᠦᠭᠡᠢ᠃

  ᠠᠷᠪᠠᠨ ᠳᠣᠯᠤᠳᠤᠭᠠᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠳᠤ ᠭᠤᠶᠤᠴᠢᠯᠠᠯ ᠭᠠᠷᠭᠠᠬᠤ ᠡᠷᠬᠡ᠎ᠲᠡᠢ᠂ ᠴᠢᠬᠤᠯᠠ ᠠᠰᠠᠭᠤᠳᠠᠯ᠎ᠳᠤ ᠲᠤᠯᠭᠠᠷᠠᠭᠠᠳ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠠᠪᠰᠤᠷᠴᠤ ᠱᠢᠢᠳᠪᠦᠷᠢᠯᠡᠵᠦ ᠦᠭᠭᠦ ᠴᠢᠬᠤᠯᠠᠲᠠᠢ ᠦᠶ᠎ᠡ᠎ᠳ᠋ᠦ᠍᠂ ᠲᠣᠭᠲᠠᠭᠰᠠᠨ ᠳᠡᠰ ᠳᠠᠷᠠᠭᠠᠯᠠᠯ ᠶᠣᠰᠤᠭᠠᠷ ᠲᠤᠰ ᠬᠥᠮᠦᠨ᠎ᠦ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠂ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ ᠴᠢᠨᠠᠭᠱᠢᠯᠠᠨ ᠲᠥᠪ ᠬᠣᠷᠢᠶ᠎ᠠ᠎ᠳᠤ ᠱᠠᠲᠤ ᠳᠠᠷᠠᠭᠠᠯᠠᠨ ᠭᠤᠶᠤᠴᠢᠯᠠᠯ ᠭᠠᠷᠭᠠᠬᠤ᠎ᠶᠢᠨ ᠬᠠᠮᠲᠤ ᠬᠣᠯᠪᠤᠭᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠠᠷᠢᠭᠤᠴᠠᠨ ᠬᠠᠷᠢᠭᠤ ᠦᠭᠬᠦ᠎ᠶᠢ ᠱᠠᠭᠠᠷᠳᠠᠬᠤ ᠡᠷᠬᠡ᠎ᠲᠡᠢ᠃

  ᠠᠷᠪᠠᠨ ᠨᠠᠢ᠍ᠮᠠᠳᠤᠭᠠᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠳᠤ ᠭᠣᠮᠤᠳᠠᠯ ᠲᠣᠭᠠᠴᠢᠬᠤ ᠡᠷᠬᠡ᠎ᠲᠡᠢ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠤᠰ ᠬᠥᠮᠦᠨ᠎ᠢ ᠰᠢᠢᠳᠪᠦᠷᠢᠯᠡᠬᠦ᠌᠂ ᠱᠢᠢᠳᠬᠡᠯ ᠦᠭᠬᠦ ᠪᠤᠶᠤ ᠬᠢᠨᠠᠨ ᠲᠣᠭᠲᠠᠭᠠᠯᠲᠠ ᠬᠢᠭᠰᠡᠨ᠂ ᠬᠢᠨᠠᠨ ᠪᠠᠢᠴᠠᠭᠠᠭᠰᠠᠨ ᠦᠷ᠎ᠡ ᠳ᠋ᠦᠩ᠎ᠢ ᠵᠥᠪᠱᠢᠶᠡᠷᠡᠬᠦ᠎ᠦᠭᠡᠢ ᠪᠠᠢᠪᠠᠯ᠂ ᠲᠣᠭᠲᠠᠭᠰᠠᠨ ᠳᠡᠰ ᠳᠠᠷᠠᠭᠠᠯᠠᠯ ᠶᠣᠰᠤᠭᠠᠷ ᠲᠤᠰ ᠬᠥᠮᠦᠨ᠎ᠦ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠂ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ ᠴᠢᠨᠠᠭᠱᠢᠯᠠᠨ ᠲᠥᠪ ᠬᠣᠷᠢᠶ᠎ᠠ᠎ᠳᠤ ᠱᠠᠲᠤ ᠳᠠᠷᠠᠭᠠᠯᠠᠨ ᠭᠣᠮᠤᠳᠠᠯ ᠲᠣᠭᠠᠴᠢᠬᠤ ᠡᠷᠬᠡ᠎ᠲᠡᠢ᠃

  ᠨᠠᠮ᠎ᠤᠨ ᠭᠡᠱᠢᠭᠦᠨ ᠨᠠᠮ᠎ᠤᠨ ᠵᠣᠬᠢᠶᠠᠨ ᠪᠠᠢᠭᠤᠯᠤᠯᠲᠠ᠎ᠠᠴᠠ ᠪᠤᠰᠤᠳ ᠨᠠᠮ᠎ᠤᠨ ᠭᠡᠱᠢᠭᠦᠨ᠎ᠢ ᠰᠢᠢᠳᠪᠦᠷᠢᠯᠡᠬᠦ᠌᠂ ᠱᠢᠢᠳᠬᠡᠯ ᠦᠭᠬᠦ ᠪᠤᠶᠤ ᠬᠢᠨᠠᠨ ᠲᠣᠭᠲᠠᠭᠠᠯᠲᠠ ᠬᠢᠭᠰᠡᠨ᠂ ᠬᠢᠨᠠᠨ ᠪᠠᠢᠴᠠᠭᠠᠭᠰᠠᠨ ᠦᠷ᠎ᠡ ᠳ᠋ᠦᠩ᠎ᠢ ᠵᠣᠬᠢᠰ᠎ᠦᠭᠡᠢ ᠭᠡᠵᠦ ᠦᠵᠡᠪᠡᠯ᠂ ᠲᠣᠭᠲᠠᠭᠰᠠᠨ ᠳᠡᠰ ᠳᠠᠷᠠᠭᠠᠯᠠᠯ ᠶᠣᠰᠤᠭᠠᠷ ᠨᠠᠮ᠎ᠤᠨ ᠵᠣᠬᠢᠶᠠᠨ ᠪᠠᠢᠭᠤᠯᠤᠯᠲᠠ ᠴᠢᠨᠠᠭᠱᠢᠯᠠᠨ ᠲᠥᠪ ᠬᠣᠷᠢᠶ᠎ᠠ᠎ᠳᠤ ᠱᠠᠲᠤ ᠳᠠᠷᠠᠭᠠᠯᠠᠨ ᠰᠠᠨᠠᠯ ᠳᠤᠷᠠᠳᠴᠤ ᠪᠤᠯᠤᠨ᠎ᠠ᠃

  ᠠᠷᠪᠠ ᠶᠢᠰᠦᠳᠦᠭᠡᠷ ᠵᠦᠢᠯ  ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠳᠤ ᠢᠯᠡᠴᠢᠯᠡᠨ ᠵᠠᠭᠠᠯᠳᠤᠬᠤ ᠡᠷᠬᠡ᠎ᠲᠡᠢ᠂ ᠬᠠᠤᠯᠢ ᠶᠣᠰᠤᠨ᠎ᠤ ᠡᠷᠬᠡ ᠠᠱᠢᠭ᠎ᠨᠢ ᠨᠠᠮ᠎ᠤᠨ ᠵᠣᠬᠢᠶᠠᠨ ᠪᠠᠢᠭᠤᠯᠤᠯᠲᠠ ᠪᠤᠶᠤ ᠪᠤᠰᠤᠳ ᠨᠠᠮ᠎ᠤᠨ ᠭᠡᠱᠢᠭᠦᠨ᠎ᠦ ᠬᠠᠯᠳᠠᠯᠭ᠎ᠠ᠎ᠳᠤ ᠤᠴᠠᠷᠠᠭᠰᠠᠨ ᠦᠶ᠎ᠡ᠎ᠳ᠋ᠦ᠍᠂ ᠲᠤᠰ ᠬᠥᠮᠦᠨ᠎ᠦ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ᠂ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ ᠴᠢᠨᠠᠭᠱᠢᠯᠠᠨ ᠲᠥᠪ ᠬᠣᠷᠢᠶ᠎ᠠ᠎ᠳᠤ ᠱᠠᠲᠤ ᠳᠠᠷᠠᠭᠠᠯᠠᠨ ᠢᠯᠡᠴᠢᠯᠡᠨ ᠵᠠᠭᠠᠯᠳᠤᠵᠤ᠂ ᠲᠡᠭᠦᠨ᠎ᠦ ᠬᠠᠤᠯᠢ ᠶᠣᠰᠤᠨ᠎ᠤ ᠡᠷᠬᠡ ᠠᠱᠢᠭ᠎ᠲᠤ ᠬᠠᠯᠳᠠᠭᠰᠠᠨ ᠠᠵᠢᠯᠯᠠᠭ᠎ᠠ᠎ᠶᠢ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠤᠭᠠᠷ ᠱᠢᠢᠳᠪᠦᠷᠢᠯᠡᠬᠦ᠎ᠶᠢ ᠱᠠᠭᠠᠷᠳᠠᠬᠤ ᠡᠷᠬᠡ᠎ᠲᠡᠢ᠃

 

    ᠭᠤᠷᠪᠠᠳᠤᠭᠠᠷ ᠪᠦᠯᠦᠭ  ᠪᠠᠲᠤᠯᠠᠬᠤ ᠠᠷᠭ᠎ᠠ

 

  ᠬᠣᠷᠢᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠲᠣᠭᠲᠠᠭᠠᠯ ᠶᠣᠰᠤᠭᠠᠷ ᠨᠠᠮ᠎ᠤᠨ ᠠᠵᠢᠯ᠎ᠢ ᠢᠯᠡ ᠪᠣᠯᠭᠠᠬᠤ ᠠᠭᠤᠯᠭ᠎ᠠ᠂ ᠠᠷᠭ᠎ᠠ ᠬᠡᠯᠪᠡᠷᠢ ᠪᠣᠯᠤᠨ ᠬᠦᠷᠢᠶ᠎ᠡ ᠬᠡᠪᠴᠢᠶ᠎ᠡ᠎ᠶᠢ ᠲᠣᠭᠲᠠᠭᠠᠵᠤ᠂ ᠨᠠᠮ᠎ᠤᠨ ᠭᠡᠱᠢᠭᠦᠨ᠎ᠦ ᠨᠠᠮ᠎ᠤᠨ ᠳᠣᠲᠤᠭᠠᠳᠤ᠎ᠶᠢᠨ ᠶᠠᠪᠤᠳᠠᠯ᠎ᠢ ᠴᠠᠭ ᠲᠤᠬᠠᠢ᠎ᠳᠤᠨᠢ ᠣᠢᠯᠠᠭᠠᠬᠤ᠎ᠶᠢ ᠪᠠᠲᠤᠯᠠᠬᠤ ᠬᠡᠷᠡᠭᠲᠡᠢ᠃

  ᠨᠠᠮ᠎ᠤᠨ ᠲᠥᠯᠦᠭᠡᠯᠡᠭᠴᠢᠳ᠎ᠦᠨ ᠶᠡᠬᠡ ᠬᠤᠷᠠᠯ᠂ ᠲᠥᠯᠦᠭᠡᠯᠡᠭᠴᠢᠳ᠎ᠦᠨ ᠬᠤᠷᠠᠯ ᠪᠣᠯᠤᠨ ᠨᠠᠮ᠎ᠤᠨ ᠬᠣᠷᠢᠶᠠᠨ᠎ᠤ ᠪᠦᠬᠦ ᠭᠡᠱᠢᠭᠦᠳ᠎ᠦᠨ ᠬᠤᠷᠠᠯ ᠵᠢᠴᠢ ᠪᠤᠰᠤᠳ ᠴᠢᠬᠤᠯᠠ ᠬᠤᠷᠠᠯ᠎ᠢ ᠬᠤᠷᠠᠯᠳᠤᠭᠤᠯᠤᠭᠰᠠᠨ᠎ᠤ ᠳᠠᠷᠠᠭ᠎ᠠ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠣᠭᠲᠠᠭᠠᠯ ᠶᠣᠰᠤᠭᠠᠷ ᠬᠤᠷᠠᠯ᠎ᠤᠨ ᠠᠭᠤᠯᠭ᠎ᠠ ᠪᠣᠯᠤᠨ ᠵᠣᠷᠢᠭ ᠰᠠᠨᠠᠭ᠎ᠠ᠎ᠶᠢ ᠨᠠᠮ᠎ᠤᠨ ᠭᠡᠱᠢᠭᠦᠨ᠎ᠳᠦ ᠳᠠᠮᠵᠢᠭᠤᠯᠵᠤ ᠦᠭᠬᠦ ᠬᠡᠷᠡᠭᠲᠡᠢ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠭᠠᠷᠭᠠᠭᠰᠠᠨ ᠱᠢᠢᠳᠪᠦᠷᠢ ᠲᠣᠭᠲᠠᠭᠠᠯ᠎ᠢ ᠲᠣᠭᠲᠠᠭᠠᠯ ᠶᠣᠰᠤᠭᠠᠷ ᠨᠠᠮ᠎ᠤᠨ ᠭᠡᠱᠢᠭᠦᠨ᠎ᠳᠦ ᠴᠠᠭ ᠲᠤᠬᠠᠢ᠎ᠳᠤᠨᠢ ᠮᠡᠳᠡᠭᠳᠡᠬᠦ ᠬᠡᠷᠡᠭᠲᠡᠢ᠃

  ᠨᠠᠮ᠎ᠤᠨ ᠵᠣᠬᠢᠶᠠᠨ ᠪᠠᠢᠭᠤᠯᠤᠯᠲᠠ᠎ᠨᠢ ᠲᠣᠭᠲᠠᠭᠠᠯ ᠶᠣᠰᠤᠭᠠᠷ ᠨᠠᠮ᠎ᠤᠨ ᠭᠡᠱᠢᠭᠦᠨ᠎ᠳᠦ ᠨᠠᠮ᠎ᠤᠨ ᠳᠣᠲᠤᠭᠠᠳᠤ᠎ᠶᠢᠨ ᠬᠣᠯᠪᠤᠭᠳᠠᠯ ᠪᠦᠬᠦᠢ ᠪᠢᠴᠢᠭ ᠮᠠᠲᠧᠷᠢᠶᠠᠯ᠎ᠢ ᠤᠩᠱᠢᠬᠤ ᠴᠢᠬᠤᠯᠠ ᠪᠦᠬᠦᠢ ᠨᠥᠬᠦᠴᠡᠯ᠎ᠢ ᠬᠠᠩᠭᠠᠵᠤ ᠦᠭᠬᠦ ᠬᠡᠷᠡᠭᠲᠡᠢ᠃ ᠵᠠᠷᠢᠮ ᠨᠠᠮ᠎ᠤᠨ ᠭᠡᠱᠢᠭᠦᠨ ᠤᠩᠱᠢᠬᠤ ᠴᠢᠳᠠᠪᠤᠷᠢ᠎ᠦᠭᠡᠢ ᠪᠤᠶᠤ ᠪᠤᠰᠤᠳ ᠱᠢᠯᠲᠠᠭᠠᠨ᠎ᠠᠴᠠ ᠪᠣᠯᠵᠤ ᠪᠢᠴᠢᠭ ᠮᠠᠲᠧᠷᠢᠶᠠᠯ᠎ᠢ ᠱᠢᠭᠤᠳ ᠤᠩᠱᠢᠵᠤ ᠳᠡᠢᠯᠬᠦ᠎ᠦᠭᠡᠢ ᠪᠤᠯ ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠣᠭᠲᠠᠭᠠᠯ ᠶᠣᠰᠤᠭᠠᠷ ᠲᠡᠭᠦᠨ᠎ᠳᠦ ᠪᠢᠴᠢᠭ ᠮᠠᠲᠧᠷᠢᠶᠠᠯ᠎ᠤᠨ ᠵᠣᠷᠢᠭ ᠰᠠᠨᠠᠭ᠎ᠠ᠎ᠶᠢ ᠳᠠᠮᠵᠢᠭᠤᠯᠵᠤ ᠦᠭᠬᠦ ᠬᠡᠷᠡᠭᠲᠡᠢ᠃

  ᠬᠣᠷᠢᠨ ᠨᠢᠭᠡᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠲᠣᠭᠲᠠᠭᠠᠯ ᠶᠣᠰᠤᠭᠠᠷ ᠨᠠᠮ᠎ᠤᠨ ᠭᠡᠱᠢᠭᠦᠨ᠎ᠦ ᠶᠡᠬᠡ ᠬᠤᠷᠠᠯ᠂ ᠨᠠᠮ᠎ᠤᠨ ᠳᠤᠭᠤᠢᠯᠠᠩ᠎ᠤᠨ ᠬᠤᠷᠠᠯ᠂ ᠨᠠᠮ᠎ᠤᠨ ᠡᠭᠦᠷ᠎ᠦᠨ ᠵᠥᠪᠯᠡᠯ᠎ᠦᠨ ᠬᠤᠷᠠᠯ ᠪᠣᠯᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ ᠬᠤᠷᠠᠯᠳᠤᠵᠤ᠂ ᠰᠡᠳᠬᠢᠯ᠎ᠢᠶᠠᠨ ᠶᠠᠷᠢᠯᠴᠠᠵᠤ᠂ ᠠᠷᠠᠳᠴᠢᠯᠠᠯ᠎ᠢᠶᠠᠷ ᠦᠨᠡᠯᠡᠯᠲᠡ ᠬᠢᠬᠦ᠎ᠶᠢ ᠵᠣᠬᠢᠶᠠᠨ ᠪᠠᠢᠭᠤᠯᠵᠤ᠂ ᠨᠠᠮ᠎ᠤᠨ ᠭᠡᠱᠢᠭᠦᠨ᠎ᠦ ᠰᠤᠷᠤᠯᠴᠠᠬᠤ ᠶᠠᠷᠢᠯᠴᠠᠬᠤ᠂ ᠤᠴᠢᠷ ᠶᠠᠪᠤᠳᠠᠯ᠎ᠢ ᠵᠥᠪᠳᠡᠯᠴᠡᠨ ᠱᠢᠢᠳᠪᠦᠷᠢᠲᠦ ᠪᠣᠳᠤᠯᠭ᠎ᠠ ᠭᠠᠷᠭᠠᠬᠤ᠎ᠳᠤ ᠣᠷᠤᠯᠴᠠᠬᠤ᠎ᠶᠢ ᠪᠠᠲᠤᠯᠠᠵᠤ᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ ᠬᠢᠬᠦ ᠬᠡᠷᠡᠭᠲᠡᠢ᠃

  ᠬᠣᠷᠢᠨ ᠬᠣᠶᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠲᠣᠭᠲᠠᠭᠠᠯ ᠶᠣᠰᠣᠭᠠᠷ᠂ ᠲᠥᠯᠦᠪᠯᠡᠭᠡ᠎ᠲᠡᠢ᠎ᠪᠡᠷ ᠨᠠᠮ᠎ᠤᠨ ᠭᠡᠱᠢᠭᠦᠨ᠎ᠳᠦ ᠬᠥᠮᠦᠵᠢᠯ ᠪᠠ ᠪᠣᠯᠪᠠᠰᠤᠷᠠᠯ ᠬᠦᠷᠲᠡᠭᠡᠵᠦ᠂ ᠨᠠᠮ᠎ᠤᠨ ᠱᠢᠨ᠎ᠡ ᠡᠭᠦᠳᠦᠯᠲᠡ᠎ᠶᠢᠨ ᠣᠨᠤᠯ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠂ ᠨᠠᠮᠴᠢ ᠴᠢᠨᠠᠷ᠎ᠤᠨ ᠬᠥᠮᠦᠵᠢᠯ ᠪᠣᠯᠤᠨ ᠬᠦᠰᠡᠯᠡᠩ ᠢᠲᠡᠭᠡᠯ ᠪᠢᠱᠢᠷᠡᠯ᠎ᠦᠨ ᠬᠥᠮᠦᠵᠢᠯ᠎ᠢ ᠴᠢᠩᠭᠠᠳᠬᠠᠵᠤ᠂ ᠨᠠᠮ᠎ᠤᠨ ᠭᠡᠱᠢᠭᠦᠨ᠎ᠦ ᠰᠤᠷᠤᠯᠴᠠᠯᠭ᠎ᠠ᠎ᠶᠢᠨ ᠬᠡᠷᠡᠭᠴᠡᠭᠡ᠎ᠶᠢ ᠣᠢᠯᠠᠭᠠᠬᠤ ᠪᠠ ᠡᠵᠡᠮᠳᠡᠬᠦ᠎ᠶᠢ ᠴᠢᠬᠤᠯᠠᠴᠢᠯᠠᠵᠤ᠂ ᠬᠥᠮᠦᠵᠢᠯ ᠪᠣᠯᠪᠠᠰᠤᠷᠠᠯ ᠬᠢᠬᠦ ᠠᠷᠭ᠎ᠠ᠎ᠶᠢᠨ ᠱᠢᠨ᠎ᠡ᠎ᠶᠢ ᠡᠭᠦᠳᠴᠦ᠂ ᠴᠢᠭᠯᠡᠭᠦᠯᠦᠯᠳᠦ ᠴᠢᠨᠠᠷᠲᠠᠢ᠎ᠪᠠᠷ ᠲᠥᠷᠦ᠎ᠶᠢᠨ ᠪᠣᠳᠣᠯᠭ᠎ᠠ᠂ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠠᠮᠢᠶᠠᠷᠤᠯᠲᠠ᠂ ᠬᠠᠤᠯᠢ ᠳᠦᠷᠢᠮ ᠵᠡᠷᠭᠡ᠎ᠶᠢᠨ ᠪᠣᠯᠪᠠᠰᠤᠷᠠᠯ᠎ᠢ ᠥᠷᠨᠢᠭᠦᠯᠵᠦ᠂ ᠨᠠᠮ᠎ᠤᠨ ᠭᠡᠱᠢᠭᠦᠨ᠎ᠦ ᠬᠥᠮᠦᠵᠢᠯ ᠪᠣᠯᠪᠠᠰᠤᠷᠠᠯ ᠬᠦᠷᠲᠡᠬᠦ ᠰᠤᠷᠤᠯᠭ᠎ᠠ᠎ᠶᠢᠨ ᠴᠠᠭ ᠪᠣᠯᠤᠨ ᠶᠠᠰᠤ ᠴᠢᠨᠠᠷ᠎ᠢ ᠪᠠᠲᠤᠯᠠᠬᠤ ᠬᠡᠷᠡᠭᠲᠡᠢ᠃

  ᠬᠣᠷᠢᠨ ᠭᠤᠷᠪᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠴᠢᠬᠤᠯᠠ ᠱᠢᠢᠳᠪᠦᠷᠢ ᠲᠣᠭᠲᠠᠭᠠᠯ ᠭᠠᠷᠭᠠᠬᠤ᠎ᠠᠴᠠ ᠡᠮᠦᠨ᠎ᠡ᠂ ᠪᠠᠢᠴᠠᠭᠠᠨ ᠰᠤᠳᠤᠯᠤᠯᠲᠠ ᠬᠢᠬᠦ᠌᠂ ᠨᠤᠲᠠᠯᠠᠯᠲᠠ ᠬᠢᠬᠦ᠌᠂ ᠯᠠᠪᠯᠠᠭ᠎ᠠ ᠠᠪᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠵᠤ᠂ ᠨᠠᠮ᠎ᠤᠨ ᠭᠡᠱᠢᠭᠦᠨ᠎ᠦ ᠰᠠᠨᠠᠯ᠎ᠢ ᠭᠦᠢᠴᠡᠳ ᠬᠤᠷᠢᠶᠠᠵᠤ᠂ ᠨᠠᠮ᠎ᠤᠨ ᠳᠣᠲᠤᠭᠠᠳᠤ᠎ᠳᠤ ᠬᠠᠮᠲᠤ᠎ᠶᠢᠨ ᠲᠠᠨᠢᠯᠲᠠ᠎ᠶᠢ ᠨᠢᠭᠲᠠᠷᠠᠭᠤᠯᠵᠤ᠂ ᠣᠯᠠᠨ᠎ᠤ ᠣᠶᠤᠨ ᠤᠬᠠᠭᠠᠨ᠎ᠢ ᠲᠥᠪᠯᠡᠷᠡᠭᠦᠯᠬᠦ ᠬᠡᠷᠡᠭᠲᠡᠢ᠃ ᠨᠠᠮ᠎ᠤᠨ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠂ ᠨᠠᠮ᠎ᠤᠨ ᠳᠣᠲᠤᠭᠠᠳᠤ᠎ᠶᠢᠨ ᠴᠢᠬᠤᠯᠠ ᠬᠠᠤᠯᠢ ᠳᠦᠷᠢᠮ᠎ᠢ ᠰᠤᠳᠤᠯᠤᠨ ᠲᠣᠭᠲᠠᠭᠠᠬᠤ ᠶᠠᠪᠤᠴᠠ᠎ᠳ᠋ᠤ᠌᠂ ᠵᠣᠬᠢᠬᠤ ᠬᠡᠪᠴᠢᠶᠡᠨ᠎ᠳᠦ ᠨᠠᠮ᠎ᠤᠨ ᠭᠡᠱᠢᠭᠦᠨ᠎ᠦ ᠰᠠᠨᠠᠯ᠎ᠢ ᠬᠤᠷᠢᠶᠠᠬᠤ ᠬᠡᠷᠡᠭᠲᠡᠢ᠃ ᠨᠠᠮ᠎ᠤᠨ ᠣᠷᠤᠨ ᠨᠤᠲᠤᠭ᠎ᠤᠨ ᠵᠣᠬᠢᠶᠠᠨ ᠪᠠᠢᠭᠤᠯᠤᠯᠲᠠ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠬᠢᠨ ᠴᠢᠬᠤᠯᠠ ᠱᠢᠢᠳᠪᠦᠷᠢ ᠲᠣᠭᠲᠠᠭᠠᠯ᠎ᠢ ᠰᠤᠳᠤᠯᠤᠨ ᠲᠣᠭᠲᠠᠭᠠᠬᠤ᠎ᠳᠣ᠌᠎ᠪᠠᠨ᠂ ᠲᠤᠰ ᠱᠠᠲᠤᠨ᠎ᠤ ᠵᠣᠬᠢᠶᠠᠨ ᠪᠠᠢᠭᠤᠯᠤᠯᠲᠠ᠎ᠳᠤ ᠬᠠᠷᠢᠶᠠᠯᠠᠭᠳᠠᠬᠤ ᠵᠣᠬᠢᠬᠤ ᠬᠡᠪᠴᠢᠶᠡᠨ᠎ᠳᠦ ᠨᠠᠮ᠎ᠤᠨ ᠭᠡᠱᠢᠭᠦᠨ᠎ᠦ ᠰᠠᠨᠠᠯ᠎ᠢ ᠬᠤᠷᠢᠶᠠᠬᠤ ᠬᠡᠷᠡᠭᠲᠡᠢ᠃ ᠡᠩ᠎ᠦᠨ ᠪᠠᠢᠳᠠᠯ᠎ᠳ᠋ᠤ᠌᠂ ᠰᠠᠨᠠᠯ ᠶᠡᠬᠡ ᠵᠥᠷᠢᠯᠳᠦᠭᠡᠨ᠎ᠲᠡᠢ ᠪᠠᠢᠪᠠᠯ᠂ ᠠᠰᠠᠭᠤᠳᠠᠯ᠎ᠳᠤ ᠤᠯᠠᠮ ᠨᠢᠭᠡ ᠠᠯᠬᠤᠮ ᠪᠠᠢᠴᠠᠭᠠᠨ ᠰᠤᠳᠤᠯᠤᠯᠲᠠ ᠬᠢᠵᠦ᠂ ᠰᠠᠨᠠᠯ᠎ᠢᠶᠠᠨ ᠰᠣᠯᠢᠯᠴᠠᠭᠰᠠᠨ᠎ᠤ ᠳᠠᠷᠠᠭ᠎ᠠ ᠰᠠᠶᠢ ᠱᠢᠢᠳᠪᠦᠷᠢᠲᠦ ᠪᠣᠳᠤᠯᠭ᠎ᠠ ᠭᠠᠷᠭᠠᠬᠤ ᠳᠡᠰ ᠳᠠᠷᠠᠭᠠᠯᠠᠯ᠎ᠢ ᠳᠠᠬᠢᠨ ᠡᠬᠢᠯᠡᠭᠦᠯᠬᠦ ᠬᠡᠷᠡᠭᠲᠡᠢ᠃

  ᠬᠣᠷᠢᠨ ᠳᠥᠷᠪᠡᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠨᠠᠮ᠎ᠤᠨ ᠬᠤᠷᠠᠯ᠂ ᠰᠣᠨᠢᠨ ᠰᠡᠳᠭᠦᠯ᠂ ᠰᠦᠯᠵᠢᠶᠡᠨ᠎ᠦ ᠥᠷᠲᠡᠭᠡ᠎ᠶᠢ ᠢᠳᠡᠪᠬᠢᠲᠡᠢ ᠠᠰᠢᠭᠯᠠᠵᠤ᠂ ᠨᠠᠮ᠎ᠤᠨ ᠭᠡᠱᠢᠭᠦᠨ᠎ᠦ ᠨᠠᠮ᠎ᠤᠨ ᠣᠨᠤᠯ ᠪᠣᠯᠤᠨ ᠲᠥᠷᠦ᠎ᠶᠢᠨ ᠪᠣᠳᠤᠯᠭ᠎ᠠ᠎ᠶᠢᠨ ᠶᠠᠷᠢᠯᠴᠠᠭ᠎ᠠ᠎ᠳᠤ ᠣᠷᠣᠯᠴᠠᠬᠤ᠂ ᠲᠠᠨᠢᠯᠲᠠ ᠣᠢᠯᠠᠭᠠᠯᠲᠠ᠎ᠪᠠᠨ ᠨᠡᠢᠲᠡᠯᠡᠬᠦ᠌᠂ ᠰᠠᠨᠠᠯ ᠰᠠᠨᠠᠭᠤᠯᠭ᠎ᠠ᠎ᠪᠠᠨ ᠳᠤᠷᠠᠳᠭᠤ᠎ᠳᠤ ᠨᠥᠬᠦᠴᠡᠯ ᠬᠠᠩᠭᠠᠵᠤ ᠦᠭᠬᠦ ᠬᠡᠷᠡᠭᠲᠡᠢ᠃ ᠨᠠᠮ᠎ᠤᠨ ᠭᠡᠱᠢᠭᠦᠨ᠎ᠦ ᠰᠠᠨᠠᠯ᠎ᠢ ᠬᠤᠷᠢᠶᠠᠩᠭᠤᠢᠯᠠᠨ ᠰᠤᠳᠤᠯᠬᠤ᠎ᠶᠢ ᠴᠢᠬᠤᠯᠠᠴᠢᠯᠠᠵᠤ᠂ ᠡᠭᠦᠨ᠎ᠢᠶᠠᠷ ᠨᠠᠮ᠎ᠤᠨ ᠠᠵᠢᠯ᠎ᠢ ᠴᠢᠩᠭᠠᠳᠭᠠᠬᠤ ᠪᠠ ᠰᠠᠢᠵᠢᠷᠠᠭᠤᠯᠬᠤ ᠬᠡᠷᠡᠭᠲᠡᠢ᠃ ᠳᠣᠤᠷᠠᠲᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠢᠷᠢᠯᠠᠭᠤᠯᠤᠯᠲᠠ᠎ᠪᠠᠷ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠵᠤ ᠶᠠᠷᠢᠯᠴᠠᠭ᠎ᠠ᠎ᠳᠤ ᠣᠷᠤᠯᠴᠠᠭᠤᠯᠬᠤ ᠬᠡᠷᠡᠭᠲᠡᠢ᠃

  ᠬᠣᠷᠢᠨ ᠲᠠᠪᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠱᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠣᠨᠴᠠᠯᠢᠭ ᠪᠣᠯᠤᠨ ᠨᠠᠮ᠎ᠤᠨ ᠭᠡᠱᠢᠭᠦᠨ᠎ᠦ ᠡᠷᠬᠡ ᠠᠱᠢᠭ᠎ᠢ ᠪᠠᠲᠤᠯᠠᠬᠤ ᠱᠠᠭᠠᠷᠳᠠᠯᠭ᠎ᠠ᠎ᠶᠢ ᠴᠢᠩᠭ᠎ᠠ ᠡᠵᠡᠮᠳᠡᠵᠦ᠂ ᠨᠠᠮ᠎ᠤᠨ ᠭᠡᠱᠢᠭᠦᠨ᠎ᠦ ᠡᠷᠬᠡ ᠠᠱᠢᠭ᠎ᠢ ᠪᠠᠲᠤᠯᠠᠬᠤ ᠠᠷᠭ᠎ᠠ ᠪᠠᠷᠢᠯ᠎ᠤᠨ ᠱᠢᠨ᠎ᠡ᠎ᠶᠢ ᠡᠭᠦᠳᠴᠦ᠂ ᠨᠠᠮ᠎ᠤᠨ ᠭᠡᠱᠢᠭᠦᠨ᠎ᠦ ᠡᠷᠬᠡ᠎ᠪᠡᠨ ᠬᠡᠷᠡᠭᠵᠢᠭᠦᠯᠬᠦ᠎ᠳᠦ ᠳᠥᠭᠦᠮ ᠲᠦᠳᠡ ᠠᠷᠭ᠎ᠠ ᠵᠠᠮ᠎ᠢ ᠬᠠᠩᠭᠠᠬᠤ ᠬᠡᠷᠡᠭᠲᠡᠢ᠃

  ᠬᠣᠷᠢᠨ ᠵᠢᠷᠭᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠠᠰᠠᠭᠤᠳᠠᠯ᠎ᠢ ᠶᠠᠷᠢᠯᠴᠠᠨ ᠲᠣᠭᠲᠠᠭᠠᠬᠤ᠎ᠳᠤ ᠡᠷᠬᠡᠪᠱᠢ ᠠᠷᠠᠳᠴᠢᠯᠠᠯ ᠲᠥᠪᠯᠡᠷᠡᠯ᠎ᠦᠨ ᠶᠣᠰᠤ᠎ᠶᠢ ᠪᠠᠷᠢᠮᠲᠠᠯᠠᠵᠤ᠂ ᠴᠥᠭᠡᠨ ᠲᠣᠭᠠᠲᠠᠨ᠎ᠨᠢ ᠣᠯᠠᠨ ᠲᠣᠭᠠᠲᠠᠨ᠎ᠢ ᠳᠠᠭᠠᠬᠤ ᠵᠠᠷᠴᠢᠮ᠎ᠢ ᠬᠡᠷᠡᠭᠵᠢᠭᠦᠯᠵᠦ᠂ ᠴᠢᠬᠤᠯᠠ ᠠᠰᠠᠭᠤᠳᠠᠯ᠎ᠢ ᠲᠣᠭᠲᠠᠭᠠᠬᠤ᠎ᠳᠤ ᠲᠣᠭᠲᠠᠭᠠᠯ ᠶᠣᠰᠤᠭᠠᠷ ᠲᠠᠰᠤᠯᠤᠯᠲᠠ ᠬᠢᠬᠦ ᠬᠡᠷᠡᠭᠲᠡᠢ᠃ ᠲᠠᠰᠤᠯᠤᠯᠲᠠ ᠬᠢᠬᠦ᠎ᠡᠴᠡ ᠡᠮᠦᠨ᠎ᠡ ᠭᠦᠢᠴᠡᠳ ᠶᠠᠷᠢᠯᠴᠠᠵᠤ᠂ ᠲᠠᠰᠤᠯᠤᠯᠲᠠ ᠬᠢᠭᠰᠡᠨ ᠪᠠᠢᠳᠠᠯ ᠪᠣᠯᠤᠨ ᠠᠳᠠᠯᠢ ᠪᠤᠰᠤ ᠰᠠᠨᠠᠯ ᠵᠢᠴᠢ ᠲᠡᠭᠦᠨ᠎ᠦ ᠱᠢᠯᠲᠠᠭᠠᠨ᠎ᠢ ᠦᠨᠡᠨ ᠮᠥᠨ᠎ᠢᠶᠠᠷ ᠲᠡᠮᠳᠡᠭᠯᠡᠬᠦ ᠬᠡᠷᠡᠭᠲᠡᠢ᠃

  ᠬᠣᠷᠢᠨ ᠳᠣᠯᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠨᠠᠮ᠎ᠤᠨ ᠭᠡᠱᠢᠭᠦᠨ᠎ᠦ ᠨᠠᠮ᠎ᠤᠨ ᠠᠵᠢᠯ᠎ᠳᠤ ᠰᠠᠨᠠᠯ ᠪᠠ ᠰᠠᠨᠠᠭᠤᠯᠭ᠎ᠠ ᠳᠤᠷᠠᠳᠭᠤ᠎ᠶᠢ ᠳᠡᠮᠵᠢᠬᠦ ᠪᠠ ᠵᠣᠷᠢᠭᠵᠢᠭᠤᠯᠬᠤ ᠬᠡᠷᠡᠭᠲᠡᠢ᠃ ᠨᠠᠮ᠎ᠤᠨ ᠭᠡᠱᠢᠭᠦᠨ᠎ᠦ ᠰᠠᠨᠠᠯ ᠰᠠᠨᠠᠭᠤᠯᠭ᠎ᠠ᠎ᠶᠢ ᠨᠠᠮ᠎ᠤᠨ ᠵᠣᠬᠢᠶᠠᠨ ᠪᠠᠢᠭᠤᠯᠤᠯᠲᠠ᠎ᠠᠴᠠ ᠨᠠᠷᠢᠨ ᠬᠢᠨᠠᠮᠠᠭᠠᠢ ᠰᠣᠨᠤᠰᠤᠨ ᠰᠤᠳᠤᠯᠵᠤ᠂ ᠵᠦᠢ ᠵᠣᠬᠢᠰᠲᠠᠢ᠎ᠶᠢ᠎ᠨᠢ ᠬᠦᠯᠢᠶᠡᠨ ᠠᠪᠬᠤ ᠬᠡᠷᠡᠭᠲᠡᠢ; ᠠᠵᠢᠯ᠎ᠢᠶᠠᠨ ᠰᠠᠢᠵᠢᠷᠠᠭᠤᠯᠬᠤ᠎ᠳᠤ ᠴᠢᠬᠤᠯᠠ ᠶᠡᠬᠡ ᠬᠠᠪᠰᠤᠷᠤᠮᠵᠢ ᠪᠤᠯᠤᠭᠰᠠᠨ ᠰᠠᠨᠠᠯ ᠰᠠᠨᠠᠭᠤᠯᠭ᠎ᠠ ᠭᠠᠷᠭᠠᠭᠰᠠᠨ ᠨᠠᠮ᠎ᠤᠨ ᠭᠡᠱᠢᠭᠦᠨ᠎ᠢ ᠬᠥᠬᠢᠭᠦᠯᠦᠨ ᠰᠠᠢᠱᠢᠶᠠᠬᠤ ᠬᠡᠷᠡᠭᠲᠡᠢ᠃

  ᠨᠠᠮ᠎ᠤᠨ ᠵᠣᠬᠢᠶᠠᠨ ᠪᠠᠢᠭᠤᠯᠤᠯᠲᠠ᠎ᠨᠢ ᠵᠣᠬᠢᠶᠠᠨ ᠪᠠᠢᠭᠤᠯᠤᠯᠲᠠ᠎ᠳᠤ ᠦᠨᠡᠨ ᠦᠭᠡ ᠶᠠᠷᠢᠭᠰᠠᠨ᠂ ᠦᠨᠡᠨ ᠪᠠᠢᠳᠠᠯ᠎ᠢ ᠮᠡᠳᠡᠭᠦᠯᠦᠭᠰᠡᠨ ᠨᠠᠮ᠎ᠤᠨ ᠭᠡᠱᠢᠭᠦᠨ᠎ᠢ ᠳᠡᠮᠵᠢᠬᠦ ᠪᠠ ᠬᠠᠮᠠᠭᠠᠯᠠᠵᠤ᠂ ᠡᠯ᠎ᠡ ᠵᠦᠢᠯ᠎ᠦᠨ ᠠᠳᠠᠯᠢ ᠪᠤᠰᠤ ᠰᠠᠨᠠᠯ᠎ᠢ ᠨᠠᠷᠢᠨ ᠬᠢᠨᠠᠮᠠᠭᠠᠢ ᠰᠣᠨᠤᠰᠭᠤ ᠬᠡᠷᠡᠭᠲᠡᠢ᠃ ᠠᠳᠠᠯᠢ ᠪᠤᠰᠤ ᠰᠠᠨᠠᠯ᠎ᠲᠠᠢ ᠪᠠᠢᠭ᠎ᠠ ᠨᠠᠮ᠎ᠤᠨ ᠭᠡᠱᠢᠭᠦᠨ᠎ᠳ᠋ᠦ᠍᠂ ᠲᠤᠰ ᠬᠥᠮᠦᠨ ᠨᠠᠮ᠎ᠤᠨ ᠱᠢᠢᠳᠪᠦᠷᠢ ᠪᠣᠯᠤᠨ ᠲᠥᠷᠦ᠎ᠶᠢᠨ ᠪᠣᠳᠤᠯᠭ᠎ᠠ᠎ᠶᠢ ᠡᠷᠡᠰ ᠬᠡᠷᠡᠭᠵᠢᠭᠦᠯᠦᠭᠰᠡᠨ ᠪᠠᠢᠪᠠᠯ᠂ ᠲᠡᠭᠦᠨ᠎ᠢ ᠭᠠᠳᠠᠭᠤᠷᠴᠢᠯᠠᠬᠤ ᠪᠤᠶᠤ ᠨᠡᠬᠡᠮᠵᠢᠯᠡᠭᠡᠳ ᠲᠠᠯᠪᠢᠬᠤ᠎ᠦᠭᠡᠢ ᠪᠠᠢᠵᠤ ᠪᠣᠯᠬᠤ ᠦᠭᠡᠢ; ᠠᠳᠡᠭᠦᠤ ᠪᠤᠷᠤᠭᠤ ᠰᠠᠨᠠᠯ᠎ᠲᠠᠢ ᠨᠠᠮ᠎ᠤᠨ ᠭᠡᠱᠢᠭᠦᠨ᠎ᠢ ᠰᠢᠭᠦᠮᠵᠢᠯᠡᠬᠦ᠌᠂ ᠬᠠᠪᠰᠤᠷᠬᠤ ᠪᠠ ᠬᠥᠮᠦᠵᠢᠭᠦᠯᠬᠦ ᠬᠡᠷᠡᠭᠲᠡᠢ᠃

  ᠬᠣᠷᠢᠨ ᠨᠠᠢ᠍ᠮᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠨᠠᠮ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢ᠎ᠶᠢᠨ ᠨᠠᠮ᠎ᠤᠨ ᠭᠡᠱᠢᠭᠦᠨ᠎ᠲᠡᠢ ᠬᠠᠷᠢᠯᠴᠠᠬᠤ ᠳᠦᠷᠢᠮ᠎ᠢ ᠲᠡᠭᠦᠯᠳᠡᠷᠵᠢᠭᠦᠯᠵᠦ᠂ ᠨᠠᠮ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢ᠎ᠶᠢᠨ ᠦᠨᠳᠦᠰᠦᠨ ᠱᠠᠲᠤᠨ᠎ᠤ ᠨᠠᠮ᠎ᠤᠨ ᠭᠡᠱᠢᠭᠦᠨ᠎ᠯᠦᠭᠡ ᠬᠠᠷᠢᠯᠴᠠᠬᠤ᠎ᠪᠠᠨ ᠴᠢᠩᠭᠠᠳᠬᠠᠵᠤ᠂ ᠨᠠᠮ᠎ᠤᠨ ᠭᠡᠱᠢᠭᠦᠨ᠎ᠦ ᠰᠠᠨᠠᠯ ᠪᠠ ᠰᠠᠨᠠᠭᠤᠯᠭ᠎ᠠ᠎ᠶᠢ ᠣᠢᠯᠠᠭᠠᠬᠤ ᠪᠠ ᠳᠤᠰᠬᠠᠵᠤ᠂ ᠨᠠᠮ᠎ᠤᠨ ᠭᠡᠱᠢᠭᠦᠨ᠎ᠦ ᠲᠡᠭᠦᠨ᠎ᠦ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠢᠳᠠᠯ᠎ᠳᠠᠬᠢ ᠰᠠᠨᠠᠯ᠎ᠢ ᠰᠣᠨᠤᠰᠭᠤ᠎ᠶᠢ ᠳᠡᠮᠵᠢᠬᠦ ᠪᠠ ᠪᠠᠲᠤᠯᠠᠬᠤ ᠬᠡᠷᠡᠭᠲᠡᠢ᠃ ᠤᠳᠤᠷᠢᠳᠭᠤ ᠺᠠᠳ᠋ᠷ ᠨᠠᠮ᠎ᠤᠨ ᠭᠡᠱᠢᠭᠦᠨ᠎ᠲᠡᠢ ᠱᠢᠭᠤᠳ ᠬᠠᠷᠢᠯᠴᠠᠬᠤ ᠳᠦᠷᠢᠮ᠎ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠪᠣᠳᠠᠲᠠᠢ᠎ᠳᠤ ᠭᠦᠨᠵᠡᠭᠡᠢᠷᠡᠨ᠂ ᠦᠨᠳᠦᠰᠦᠨ ᠱᠠᠲᠤᠨ᠎ᠳᠤ ᠭᠦᠨᠵᠡᠭᠡᠢᠷᠡᠨ᠂ ᠨᠠᠮ᠎ᠤᠨ ᠭᠡᠱᠢᠭᠦᠨ᠎ᠦ ᠰᠠᠨᠠᠯ ᠪᠣᠯᠤᠨ ᠡᠷᠡᠮᠡᠯᠵᠡᠯ᠎ᠢ ᠰᠠᠨᠠᠭᠠᠴᠢᠯᠠᠭ᠎ᠠ᠎ᠠ᠋ᠴᠠ᠎ᠪᠠᠨ ᠰᠣᠨᠣᠰᠴᠤ᠂ ᠨᠠᠮ᠎ᠤᠨ ᠭᠡᠱᠢᠭᠦᠨ᠎ᠦ ᠠᠩᠬᠠᠷᠤᠯ ᠲᠠᠯᠪᠢᠵᠤ ᠪᠠᠢᠭ᠎ᠠ ᠵᠦᠢᠯ᠎ᠳᠦ ᠴᠠᠭ ᠲᠤᠬᠠᠢ᠎ᠳᠤᠨᠢ ᠬᠠᠷᠢᠭᠤ ᠦᠭᠬᠦ ᠬᠡᠷᠡᠭᠲᠡᠢ᠃

  ᠬᠤᠷᠢ ᠶᠢᠰᠦᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠰᠣᠩᠭᠤᠭᠤᠯᠢ ᠬᠢᠬᠦ᠎ᠳᠤ᠎ᠪᠠᠨ᠂ ᠰᠣᠩᠭᠤᠭᠤᠯᠢ᠎ᠶᠢᠨ ᠳᠦᠷᠢᠮ ᠲᠣᠭᠲᠠᠭᠠᠯ ᠶᠣᠰᠤ ᠵᠢᠷᠤᠮ᠎ᠢ ᠴᠢᠩᠭ᠎ᠠ ᠬᠡᠷᠡᠭᠵᠢᠭᠦᠯᠵᠦ᠂ ᠰᠣᠩᠭᠤᠭᠴᠢ᠎ᠶᠢᠨ ᠰᠠᠨᠠᠭ᠎ᠠ ᠵᠣᠷᠢᠭ᠎ᠢ ᠭᠦᠢᠴᠡᠳ ᠬᠠᠷᠠᠭᠤᠯᠬᠤ ᠬᠡᠷᠡᠭᠲᠡᠢ᠃

  ᠨᠠᠮ᠎ᠤᠨ ᠶᠠᠮᠠᠷᠪᠠ ᠵᠣᠬᠢᠶᠠᠨ ᠪᠠᠢᠭᠤᠯᠤᠯᠲᠠ ᠪᠣᠯᠤᠨ ᠶᠠᠮᠠᠷᠪᠠ ᠨᠠᠮ᠎ᠤᠨ ᠭᠡᠱᠢᠭᠦᠨ ᠶᠠᠮᠠᠷᠪᠠ ᠬᠡᠯᠪᠡᠷᠢ᠎ᠪᠡᠷ ᠨᠠᠮ᠎ᠤᠨ ᠭᠡᠱᠢᠭᠦᠨ᠎ᠦ ᠨᠠᠮ᠎ᠤᠨ ᠳᠣᠲᠤᠭᠠᠳᠤ᠎ᠳᠤ ᠪᠡᠶ᠎ᠡ᠎ᠪᠡᠨ ᠳᠠᠭᠠᠭᠠᠵᠤ ᠰᠣᠩᠭᠤᠭᠤᠯᠢ ᠬᠢᠬᠦ ᠡᠷᠬᠡ ᠪᠠ ᠰᠣᠩᠭᠤᠭᠳᠠᠬᠤ ᠡᠷᠬᠡ᠎ᠪᠡᠨ ᠬᠡᠷᠡᠭᠵᠢᠭᠦᠯᠬᠦ᠎ᠶᠢ ᠬᠠᠷᠱᠢᠯᠠᠵᠤ ᠪᠣᠯᠬᠤ ᠦᠭᠡᠢ᠂ ᠰᠣᠩᠭᠤᠬᠤ ᠡᠷᠬᠡ ᠪᠠ ᠰᠣᠩᠭᠤᠭᠳᠠᠬᠤ ᠡᠷᠬᠡ᠎ᠲᠡᠢ ᠬᠥᠮᠦᠨ᠎ᠦ ᠰᠣᠩᠭᠤᠭᠤᠯᠢ᠎ᠳᠤ ᠢᠷᠡᠬᠦ᠎ᠶᠢ ᠬᠠᠷᠱᠢᠯᠠᠵᠤ ᠪᠣᠯᠬᠤ ᠦᠭᠡᠢ᠂ ᠶᠠᠮᠠᠷᠪᠠ ᠬᠡᠯᠪᠡᠷᠢ᠎ᠪᠡᠷ ᠰᠣᠩᠭᠤᠭᠤᠯᠢ᠎ᠶᠢᠨ ᠬᠥᠮᠦᠨ᠎ᠦ ᠪᠢᠯᠧᠲ ᠥᠭᠭᠦᠭᠰᠡᠨ ᠪᠠᠢᠳᠠᠯ᠎ᠢ ᠨᠡᠬᠡᠮᠵᠢᠯᠡᠨ ᠪᠠᠢᠴᠠᠭᠠᠵᠤ ᠪᠣᠯᠬᠤ ᠦᠭᠡᠢ᠃

  ᠭᠤᠴᠢᠳᠤᠭᠠᠷ ᠵᠦᠢᠯ  ᠨᠠᠮ᠎ᠤᠨ ᠭᠡᠱᠢᠭᠦᠨ᠎ᠢ ᠬᠠᠤᠯᠢ ᠶᠣᠰᠤᠭᠠᠷ ᠬᠣᠴᠤᠷᠭᠠᠨ ᠠᠪᠤᠭᠰᠠᠨ᠂ ᠪᠠᠷᠢᠪᠴᠢᠯᠠᠭᠰᠠᠨ ᠪᠠᠢᠪᠠᠯ᠂ ᠨᠠᠮ᠎ᠤᠨ ᠵᠣᠬᠢᠶᠠᠨ ᠪᠠᠢᠭᠤᠯᠤᠯᠲᠠ᠎ᠨᠢ ᠬᠠᠮᠢᠶᠠᠷᠬᠤ ᠡᠷᠬᠡ᠎ᠶᠢᠨ ᠳᠣᠲᠤᠷ᠎ᠠ᠎ᠪᠠᠨ ᠲᠡᠭᠦᠨ᠎ᠦ ᠲᠠᠰᠤᠯᠤᠯᠲᠠ ᠬᠢᠬᠦ ᠡᠷᠬᠡ᠂ ᠰᠣᠩᠭᠤᠬᠤ ᠡᠷᠬᠡ ᠪᠣᠯᠤᠨ ᠰᠣᠩᠭᠤᠭᠳᠠᠬᠤ ᠡᠷᠬᠡ ᠵᠡᠷᠭᠡ ᠨᠠᠮ᠎ᠤᠨ ᠭᠡᠱᠢᠭᠦᠨ᠎ᠦ ᠡᠷᠬᠡ᠎ᠶᠢ᠎ᠨᠢ ᠵᠣᠭᠰᠤᠭᠠᠬᠤ ᠬᠡᠷᠡᠭᠲᠡᠢ᠃ ᠬᠢᠨᠠᠨ ᠪᠠᠢᠴᠠᠭᠠᠬᠤ ᠪᠠᠢᠭᠤᠯᠭ᠎ᠠ᠂ ᠬᠠᠤᠯᠢ ᠴᠠᠭᠠᠵᠠ᠎ᠶᠢᠨ ᠪᠠᠢᠭᠤᠯᠭ᠎ᠠ᠎ᠶᠢᠨ ᠱᠢᠢᠳᠪᠦᠷᠢᠯᠡᠭᠰᠡᠨ ᠦᠷ᠎ᠡ ᠳ᠋ᠦᠩ᠎ᠢᠶᠠᠷ᠂ ᠲᠡᠭᠦᠨ᠎ᠦ ᠨᠠᠮ᠎ᠤᠨ ᠭᠡᠱᠢᠭᠦᠨ᠎ᠦ ᠡᠷᠬᠡ ᠠᠱᠢᠭ᠎ᠢ ᠰᠡᠷᠭᠦᠭᠡᠵᠦ ᠪᠣᠯᠬᠤ ᠪᠠᠢᠪᠠᠯ ᠴᠠᠭ ᠲᠤᠬᠠᠢ᠎ᠳᠤᠨᠢ ᠰᠡᠷᠭᠦᠭᠡᠬᠦ ᠬᠡᠷᠡᠭᠲᠡᠢ᠃

  ᠨᠠᠮ᠎ᠤᠨ ᠭᠡᠱᠢᠭᠦᠨ ᠨᠠᠮ᠎ᠤᠨ ᠳᠣᠲᠤᠷ᠎ᠠ ᠦᠯᠡᠳᠡᠭᠡᠵᠦ ᠪᠠᠢᠴᠠᠭᠠᠨ ᠦᠵᠡᠬᠦ ᠱᠢᠢᠳᠬᠡᠯ ᠣᠯᠤᠭᠰᠠᠨ ᠬᠤᠭᠤᠴᠠᠭᠠᠨ᠎ᠳ᠋ᠤ᠌᠂ ᠲᠠᠰᠤᠯᠤᠯᠲᠠ ᠬᠢᠬᠦ ᠡᠷᠬᠡ᠂ ᠰᠣᠩᠭᠤᠬᠤ ᠡᠷᠬᠡ ᠪᠣᠯᠤᠨ ᠰᠣᠩᠭᠤᠭᠳᠠᠬᠤ ᠡᠷᠬᠡ ᠦᠭᠡᠢ᠃ ᠨᠠᠮ᠎ᠤᠨ ᠳᠣᠲᠤᠷ᠎ᠠ ᠦᠯᠡᠳᠡᠭᠡᠵᠦ ᠪᠠᠢᠴᠠᠭᠠᠨ ᠦᠵᠡᠬᠦ ᠬᠤᠭᠤᠴᠠᠭᠠᠨ᠎ᠳᠤ ᠦᠨᠡᠨ᠎ᠬᠦ ᠪᠤᠷᠤᠭᠤ᠎ᠪᠠᠨ ᠮᠡᠳᠡᠵᠦ ᠭᠡᠮᠱᠢᠬᠦ ᠪᠠ ᠵᠠᠯᠠᠷᠠᠭᠤᠯᠬᠤ ᠢᠯᠡᠷᠡᠯ᠎ᠲᠡᠢ ᠪᠤᠯ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠨᠠᠮ᠎ᠤᠨ ᠭᠡᠱᠢᠭᠦᠨ᠎ᠦ ᠡᠷᠬᠡ ᠠᠱᠢᠭ᠎ᠢ᠎ᠨᠢ ᠰᠡᠷᠭᠦᠭᠡᠬᠦ ᠬᠡᠷᠡᠭᠲᠡᠢ᠃

  ᠨᠠᠮ᠎ᠤᠨ ᠭᠡᠱᠢᠭᠦᠨ᠎ᠦ ᠨᠠᠮ᠎ᠤᠨ ᠬᠠᠷᠢᠶᠠᠯᠠᠯ᠎ᠢ ᠵᠣᠭᠰᠤᠭᠠᠭᠰᠠᠨ ᠪᠠᠢᠪᠠᠯ᠂ ᠨᠠᠮ᠎ᠤᠨ ᠭᠡᠱᠢᠭᠦᠨ᠎ᠦ ᠡᠷᠬᠡ ᠠᠱᠢᠭ᠎ᠢ᠎ᠴᠦ ᠵᠣᠭᠰᠤᠭᠠᠬᠤ ᠬᠡᠷᠡᠭᠲᠡᠢ᠃ ᠨᠠᠮ᠎ᠤᠨ ᠬᠠᠷᠢᠶᠠᠯᠠᠯ᠎ᠢ᠎ᠨᠢ ᠵᠣᠭᠰᠤᠭᠠᠭᠰᠠᠨ ᠨᠠᠮ᠎ᠤᠨ ᠭᠡᠱᠢᠭᠦᠨ᠎ᠢ ᠨᠥᠬᠦᠴᠡᠯ᠎ᠳᠦ ᠲᠣᠬᠢᠷᠠᠭᠰᠠᠳ᠎ᠢ ᠲᠣᠭᠲᠠᠭᠠᠯ᠎ᠳᠤ ᠲᠣᠭᠲᠠᠭᠠᠭᠰᠠᠨ ᠳᠡᠰ ᠳᠠᠷᠠᠭᠠᠯᠠᠯ᠎ᠢᠶᠠᠷ ᠨᠠᠮ᠎ᠤᠨ ᠬᠠᠷᠢᠶᠠᠯᠠᠯ ᠪᠣᠯᠤᠨ ᠨᠠᠮ᠎ᠤᠨ ᠭᠡᠱᠢᠭᠦᠨ᠎ᠦ ᠡᠷᠬᠡ ᠠᠱᠢᠭ᠎ᠢ᠎ᠨᠢ ᠰᠡᠷᠭᠦᠭᠡᠵᠦ ᠪᠤᠯᠤᠨ᠎ᠠ᠃

  ᠭᠤᠴᠢᠨ ᠨᠢᠭᠡᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠲᠣᠭᠤᠷᠢᠨ ᠪᠠᠢᠴᠠᠭᠠᠬᠤ ᠴᠠᠭᠳᠠᠨ ᠪᠠᠢᠴᠠᠭᠠᠬᠤ ᠪᠠ ᠱᠢᠯᠭᠠᠨ ᠪᠠᠢᠴᠠᠭᠠᠵᠤ ᠬᠢᠨᠠᠨ ᠪᠠᠢᠴᠠᠭᠠᠬᠤ ᠶᠠᠪᠤᠴᠠ᠎ᠳ᠋ᠤ᠌᠂ ᠣᠨᠴᠠ ᠵᠠᠷᠢᠮ᠎ᠲᠠᠢ ᠶᠠᠷᠢᠯᠴᠠᠬᠤ᠂ ᠶᠠᠷᠢᠯᠴᠠᠬᠤ ᠬᠤᠷᠠᠯ ᠬᠢᠬᠦ᠌᠂ ᠪᠠᠢᠴᠠᠭᠠᠨ ᠰᠤᠳᠤᠯᠤᠯᠲᠠ ᠬᠢᠬᠦ᠌᠂ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠬᠤ ᠵᠡᠷᠭᠡ ᠠᠷᠭ᠎ᠠ᠎ᠪᠠᠷ ᠨᠠᠮ᠎ᠤᠨ ᠭᠡᠱᠢᠭᠦᠨ᠎ᠦ ᠰᠠᠨᠠᠯ ᠪᠠ ᠰᠠᠨᠠᠭᠤᠯᠭ᠎ᠠ᠎ᠶᠢ ᠥᠷᠭᠡᠨ᠎ᠢᠶᠠᠷ ᠴᠤᠭᠯᠠᠭᠤᠯᠬᠤ ᠪᠠ ᠰᠣᠨᠤᠰᠭᠤ ᠬᠡᠷᠡᠭᠲᠡᠢ᠃

  ᠲᠣᠭᠤᠷᠢᠨ ᠪᠠᠢᠴᠠᠭᠠᠭᠳᠠᠬᠤ ᠪᠠ ᠴᠠᠭᠳᠠᠨ ᠪᠠᠢᠴᠠᠭᠠᠭᠳᠠᠭᠰᠠᠨ᠂ ᠬᠢᠨᠠᠨ ᠪᠠᠢᠴᠠᠭᠠᠭᠳᠠᠬᠤ ᠪᠠ ᠱᠠᠯᠠᠪᠳᠠᠭᠤᠯᠤᠨ ᠪᠠᠢᠴᠠᠭᠠᠭᠳᠠᠭᠰᠠᠨ ᠨᠠᠮ᠎ᠤᠨ ᠵᠣᠬᠢᠶᠠᠨ ᠪᠠᠢᠭᠤᠯᠤᠯᠲᠠ᠎ᠨᠢ ᠨᠠᠮ᠎ᠤᠨ ᠭᠡᠱᠢᠭᠦᠨ᠎ᠦ ᠰᠠᠨᠠᠯ᠎ᠢᠶᠠᠨ ᠳᠤᠰᠭᠠᠬᠤ ᠡᠷᠬᠡ᠎ᠶᠢ ᠪᠠᠲᠤᠯᠠᠬᠤ ᠬᠡᠷᠡᠭᠲᠡᠢ᠂ ᠨᠠᠮ᠎ᠤᠨ ᠭᠡᠱᠢᠭᠦᠨ᠎ᠦ ᠠᠰᠠᠭᠤᠳᠠᠯ᠎ᠢ ᠲᠤᠰᠬᠠᠬᠤ᠂ ᠰᠠᠨᠠᠭᠤᠯᠭ᠎ᠠ ᠳᠤᠷᠠᠳᠭᠤ᠎ᠶᠢ ᠬᠠᠷᠱᠢᠯᠠᠵᠤ ᠪᠣᠯᠬᠤ ᠦᠭᠡᠢ᠃

  ᠭᠤᠴᠢᠨ ᠬᠣᠶᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠨᠠᠮ᠎ᠤᠨ ᠳᠣᠲᠤᠭᠠᠳᠤ᠎ᠶᠢᠨ ᠠᠷᠠᠳᠴᠢᠯᠠᠯ᠎ᠢᠶ᠋ᠠᠷ ᠬᠢᠨᠠᠯᠲᠠ ᠲᠠᠯᠪᠢᠬᠤ ᠡᠯ᠎ᠡ ᠵᠦᠢᠯ᠎ᠦᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠬᠢᠨᠠᠯᠲᠠ ᠲᠠᠯᠪᠢᠬᠤ ᠠᠷᠭ᠎ᠠ ᠵᠠᠮ᠎ᠢ ᠰᠢᠯᠤᠭᠤᠳᠬᠠᠵᠤ᠂ ᠨᠠᠮ᠎ᠤᠨ ᠭᠡᠱᠢᠭᠦᠨ᠎ᠦ ᠲᠡᠮᠡᠴᠡᠯ᠎ᠦᠨ ᠵᠣᠷᠢᠭ᠎ᠢᠶ᠋ᠠᠨ ᠪᠠᠳᠠᠷᠠᠭᠤᠯᠵᠤ᠂ ᠡᠯ᠎ᠡ ᠵᠦᠢᠯ᠎ᠦᠨ ᠬᠠᠤᠯᠢ ᠪᠤᠰᠤ ᠠᠵᠢᠯᠯᠠᠭ᠎ᠠ ᠪᠣᠯᠤᠨ ᠲᠥᠪ ᠪᠤᠰᠤ ᠰᠤᠷᠲᠠᠯ᠎ᠲᠠᠢ ᠲᠡᠮᠡᠴᠡᠬᠦ᠎ᠶᠢ ᠳᠡᠮᠵᠢᠬᠦ ᠪᠠ ᠵᠣᠷᠢᠭᠵᠢᠭᠤᠯᠬᠤ ᠬᠡᠷᠡᠭᠲᠡᠢ᠃ ᠨᠠᠮ᠎ᠤᠨ ᠭᠡᠱᠢᠭᠦᠨ᠎ᠦ ᠰᠢᠭᠦᠮᠵᠢᠯᠡᠵᠦ᠂ ᠢᠯᠡᠴᠢᠯᠡᠵᠦ᠂ ᠢᠯᠡᠴᠢᠯᠡᠨ ᠮᠡᠳᠡᠭᠦᠯᠵᠦ᠂ ᠵᠠᠭᠠᠯᠳᠤᠭᠰᠠᠨ ᠪᠠ ᠰᠢᠢᠳᠪᠦᠷᠢᠯᠡᠬᠦ᠌᠂ ᠱᠢᠢᠳᠬᠡᠯ ᠦᠭᠬᠦ ᠪᠠ ᠤᠬᠴᠠᠷᠠᠭᠤᠯᠬᠤ᠂ ᠪᠠᠭᠤᠯᠭᠠᠨ ᠰᠣᠯᠢᠬᠤ᠎ᠪᠠᠷ ᠳᠤᠷᠠᠳᠤᠭᠰᠠᠨ ᠬᠣᠯᠪᠤᠭᠳᠠᠯ ᠪᠦᠬᠦᠢ ᠱᠠᠭᠠᠷᠳᠠᠯᠭ᠎ᠠ᠎ᠶᠢ ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠣᠭᠲᠠᠭᠠᠯ ᠶᠣᠰᠤᠭᠠᠷ ᠴᠠᠭ ᠲᠤᠬᠠᠢ᠎ᠳᠤᠨᠢ ᠵᠣᠬᠢᠰᠲᠠᠢ ᠰᠢᠢᠳᠪᠦᠷᠢᠯᠡᠵᠦ᠂ ᠬᠠᠷᠢᠭᠤᠴᠠᠯᠭ᠎ᠠ᠎ᠲᠠᠢ᠎ᠪᠠᠷ ᠬᠠᠷᠢᠭᠤᠯᠲᠠ ᠦᠭᠬᠦ ᠬᠡᠷᠡᠭᠲᠡᠢ᠃

  ᠨᠠᠮ᠎ᠤᠨ ᠵᠣᠬᠢᠶᠠᠨ ᠪᠠᠢᠭᠤᠯᠤᠯᠲᠠ᠎ᠠᠴᠠ ᠢᠯᠡᠴᠢᠯᠡᠨ ᠮᠡᠳᠡᠭᠦᠯᠵᠦ ᠵᠠᠭᠠᠯᠳᠤᠭᠰᠠᠨ ᠬᠥᠮᠦᠨ᠎ᠦ ᠡᠷᠬᠡ ᠠᠱᠢᠭ᠎ᠢ ᠪᠠᠲᠤᠯᠠᠵᠤ᠂ ᠢᠯᠡᠴᠢᠯᠡᠨ ᠮᠡᠳᠡᠭᠦᠯᠵᠦ ᠵᠠᠭᠠᠯᠳᠤᠭᠰᠠᠨ ᠬᠥᠮᠦᠨ᠎ᠦ ᠮᠡᠳᠡᠭᠡ ᠵᠠᠩᠭᠢ ᠵᠢᠴᠢ ᠢᠯᠡᠴᠢᠯᠡᠨ ᠮᠡᠳᠡᠭᠦᠯᠵᠦ ᠵᠠᠭᠠᠯᠳᠤᠭᠰᠠᠨ ᠠᠭᠤᠯᠭ᠎ᠠ᠎ᠶᠢᠨ ᠨᠢᠭᠤᠴᠠ᠎ᠶᠢ ᠡᠷᠬᠡᠪᠱᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠵᠦ ᠵᠠᠭᠠᠯᠳᠤᠭᠰᠠᠨ ᠪᠢᠴᠢᠭ ᠮᠠᠲᠧᠷᠢᠶᠠᠯ᠎ᠢ ᠢᠯᠡᠴᠢᠯᠡᠨ ᠮᠡᠳᠡᠭᠦᠯᠵᠦ ᠵᠠᠭᠠᠯᠳᠤᠭᠳᠠᠭᠰᠠᠨ ᠵᠣᠬᠢᠶᠠᠨ ᠪᠠᠢᠭᠤᠯᠤᠯᠲᠠ ᠪᠣᠯᠤᠨ ᠬᠤᠪᠢ ᠬᠥᠮᠦᠨ᠎ᠳᠦ ᠱᠢᠯᠵᠢᠭᠦᠯᠦᠨ ᠦᠭᠬᠦ᠎ᠶᠢ ᠡᠷᠡᠰ ᠴᠠᠭᠠᠵᠠᠯᠠᠬᠤ ᠬᠡᠷᠡᠭᠲᠡᠢ᠃ ᠦᠨᠡᠨ ᠨᠡᠷ᠎ᠡ᠎ᠪᠡᠷ ᠢᠯᠡᠴᠢᠯᠡᠨ ᠮᠡᠳᠡᠭᠦᠯᠵᠦ ᠵᠠᠭᠠᠯᠳᠤᠬᠤ᠎ᠶᠢ ᠰᠠᠨᠠᠭᠠᠴᠢᠯᠠᠵᠤ᠂ ᠦᠨᠡᠨ ᠨᠡᠷ᠎ᠡ᠎ᠪᠡᠷ ᠢᠯᠡᠴᠢᠯᠡᠨ ᠮᠡᠳᠡᠭᠦᠯᠵᠦ ᠵᠠᠭᠠᠯᠳᠤᠭᠰᠠᠨ᠎ᠢ ᠤᠷᠢᠳ᠎ᠢᠶ᠋ᠠᠷ ᠱᠢᠢᠳᠪᠦᠷᠢᠯᠡᠨ ᠤᠷᠢᠳ᠎ᠢᠶ᠋ᠠᠷ ᠦᠷ᠎ᠡ ᠳ᠋ᠦᠩ ᠭᠠᠷᠭᠠᠵᠤ᠂ ᠬᠦᠯᠢᠶᠡᠨ ᠠᠪᠴᠤ ᠱᠢᠢᠳᠪᠦᠷᠢᠯᠡᠭᠰᠡᠨ ᠪᠠᠢᠳᠠᠯ᠎ᠢ ᠮᠡᠳᠡᠭᠳᠡᠵᠦ᠂ ᠱᠢᠢᠳᠪᠦᠷᠢᠯᠡᠭᠰᠡᠨ ᠦᠷ᠎ᠡ ᠳ᠋ᠦᠩ᠎ᠢ ᠳᠤᠰᠭᠠᠬᠤ ᠬᠡᠷᠡᠭᠲᠡᠢ; ᠢᠯᠡᠴᠢᠯᠡᠨ ᠮᠡᠳᠡᠭᠦᠯᠵᠦ ᠵᠠᠭᠠᠯᠳᠤᠭᠰᠠᠨ ᠰᠠᠬᠢᠯᠭ᠎ᠠ ᠪᠠᠲᠤ᠎ᠠᠴᠠ ᠵᠥᠷᠢᠴᠡᠵᠦ ᠬᠠᠤᠯᠢ ᠴᠠᠭᠠᠵᠠ᠎ᠠᠴᠠ ᠵᠥᠷᠢᠴᠡᠭᠰᠡᠨ ᠬᠦᠨᠳᠦ ᠨᠣᠴᠢᠲᠠᠢ ᠠᠰᠠᠭᠤᠳᠠᠯ᠎ᠢ ᠪᠠᠢᠴᠠᠭᠠᠨ ᠲᠣᠳᠤᠯᠠᠭᠠᠳ ᠦᠨᠡᠨ ᠪᠣᠳᠠᠲᠠᠢ ᠪᠠᠢᠪᠠᠯ ᠰᠠᠢᠱᠢᠶᠠᠬᠤ ᠬᠡᠷᠡᠭᠲᠡᠢ᠃

  ᠨᠠᠮ᠎ᠤᠨ ᠭᠡᠱᠢᠭᠦᠨ᠎ᠦ ᠢᠯᠡᠴᠢᠯᠡᠨ ᠮᠡᠳᠡᠭᠦᠯᠵᠦ ᠵᠠᠭᠠᠯᠳᠤᠭᠰᠠᠨ ᠪᠠ ᠲᠤᠰᠭᠠᠭᠰᠠᠨ ᠠᠰᠠᠭᠤᠳᠠᠯ᠎ᠢ ᠶᠠᠮᠠᠷᠪᠠ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠤᠳᠤᠷᠢᠳᠭᠤ ᠺᠠᠳ᠋ᠷ ᠨᠢᠭᠤᠵᠤ ᠳᠠᠷᠤᠵᠤ ᠮᠡᠳᠡᠭᠦᠯᠬᠦ᠎ᠦᠭᠡᠢ ᠪᠤᠶᠤ ᠤᠳᠠᠭᠠᠱᠢᠷᠠᠭᠤᠯᠤᠨ ᠱᠢᠢᠳᠪᠦᠷᠢᠯᠡᠬᠦ᠎ᠦᠭᠡᠢ ᠪᠠᠢᠵᠤ ᠪᠣᠯᠬᠤ ᠦᠭᠡᠢ᠃ ᠬᠡᠪ᠎ᠦᠨ ᠠᠷᠭ᠎ᠠ ᠵᠠᠮ᠎ᠢᠶ᠋ᠠᠷ ᠠᠰᠠᠭᠤᠳᠠᠯ᠎ᠢ ᠳᠤᠰᠭᠠᠭᠰᠠᠨ ᠨᠠᠮ᠎ᠤᠨ ᠭᠡᠱᠢᠭᠦᠨ᠎ᠢ ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠥᠱᠢᠶᠡᠷᠬᠡᠵᠦ ᠴᠣᠬᠢᠯᠲᠠ ᠦᠭᠴᠤ ᠪᠣᠯᠬᠤ ᠦᠭᠡᠢ᠂ ᠳᠤᠷ᠎ᠠ᠎ᠪᠠᠷ᠎ᠢᠶ᠋ᠠᠨ ᠨᠡᠬᠡᠮᠵᠢᠯᠡᠨ ᠪᠠᠢᠴᠠᠭᠠᠵᠤ ᠪᠣᠯᠬᠤ ᠦᠭᠡᠢ᠂ ᠠᠵᠢᠯ᠎ᠤᠨ ᠪᠠᠢᠷᠢ᠎ᠠᠴᠠ᠎ᠨᠢ ᠰᠢᠯᠵᠢᠭᠦᠯᠬᠦ᠌᠂ ᠵᠡᠷᠭᠡ ᠳᠡᠰ᠎ᠢ᠎ᠨᠢ ᠪᠠᠭᠤᠷᠠᠭᠤᠯᠤᠨ ᠬᠡᠷᠡᠭᠯᠡᠬᠦ ᠵᠡᠷᠭᠡ ᠵᠠᠯᠬᠠᠭᠠᠨ ᠱᠢᠢᠳᠬᠡᠬᠦ ᠠᠷᠭ᠎ᠠ ᠠᠪᠴᠤ ᠪᠣᠯᠬᠤ ᠦᠭᠡᠢ᠃

  ᠭᠤᠴᠢᠨ ᠭᠤᠷᠪᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠵᠣᠷᠢᠭᠵᠢᠭᠤᠯᠬᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠨᠠᠮ᠎ᠤᠨ ᠭᠡᠱᠢᠭᠦᠨ᠎ᠦ ᠥᠭᠡᠷᠡᠴᠢᠯᠡᠯᠲᠡ᠎ᠶᠢ ᠠᠬᠢᠭᠤᠯᠬᠤ ᠶᠠᠪᠤᠴᠠ᠎ᠳᠤ ᠲᠤᠷᠱᠢᠯᠭ᠎ᠠ᠎ᠪᠠᠷ ᠳᠤᠲᠠᠮᠠᠭ᠂ ᠤᠷᠢᠳ᠎ᠢᠶ᠋ᠠᠷ ᠬᠢᠵᠦ ᠤᠷᠢᠳ᠎ᠢᠶ᠋ᠠᠷ ᠲᠤᠷᠱᠢᠬᠤ᠎ᠠᠴᠠ ᠪᠣᠯᠵᠤ ᠭᠠᠷᠭᠠᠭᠰᠠᠨ ᠠᠯᠳᠠᠭ᠎ᠠ ᠪᠤᠷᠤᠭᠤ᠎ᠶ᠋ᠢ᠂ ᠮᠡᠳᠡᠵᠦ ᠪᠠᠢᠭᠠᠳ ᠬᠢᠵᠦ ᠰᠠᠬᠢᠯᠭ᠎ᠠ ᠪᠠᠲᠤ᠎ᠠᠴᠠ ᠵᠥᠷᠢᠴᠡᠨ ᠬᠠᠤᠯᠢ ᠴᠠᠭᠠᠵᠠ᠎ᠠᠴᠠ ᠵᠥᠷᠢᠴᠡᠭᠰᠡᠨ ᠠᠵᠢᠯᠯᠠᠭ᠎ᠠ᠎ᠠᠴᠠ ᠢᠯᠭᠠᠬᠤ ᠬᠡᠷᠡᠭᠲᠡᠢ; ᠲᠣᠳᠤᠷᠬᠠᠢ ᠬᠢᠵᠠᠭᠠᠷᠯᠠᠯ᠎ᠦᠭᠡᠢ ᠪᠥᠭᠡᠳ ᠰᠦᠪᠡᠭᠴᠢᠯᠡᠬᠦ ᠴᠢᠨᠠᠷ᠎ᠲᠠᠢ ᠲᠤᠷᠱᠢᠯᠲᠠ᠎ᠶᠢᠨ ᠶᠠᠪᠤᠴᠠ᠎ᠳᠤ ᠭᠠᠷᠭᠠᠭᠰᠠᠨ ᠠᠯᠳᠠᠭ᠎ᠠ ᠪᠤᠷᠤᠭᠤ᠎ᠶ᠋ᠢ᠂ ᠨᠢᠭᠡᠨᠲᠡ ᠴᠠᠭᠠᠵᠠ ᠵᠠᠷᠯᠢᠭ ᠭᠠᠷᠭᠠᠵᠤ ᠲᠣᠳᠤᠷᠬᠠᠢ ᠴᠠᠭᠠᠵᠠᠯᠠᠭᠰᠠᠨ ᠪᠠᠢᠲᠠᠯ᠎ᠠ ᠮᠦᠨ ᠬᠢᠳᠡᠭ᠎ᠢᠶ᠋ᠡᠷ᠎ᠢᠶ᠋ᠡᠨ ᠬᠢᠵᠦ ᠰᠠᠬᠢᠯᠭ᠎ᠠ ᠪᠠᠲᠤ᠎ᠠᠴᠠ ᠵᠥᠷᠢᠴᠡᠨ ᠬᠠᠤᠯᠢ ᠴᠠᠭᠠᠵᠠ᠎ᠠᠴᠠ ᠵᠥᠷᠢᠴᠡᠭᠰᠡᠨ ᠠᠵᠢᠯᠯᠠᠭ᠎ᠠ᠎ᠠᠴᠠ ᠢᠯᠭᠠᠬᠤ ᠬᠡᠷᠡᠭᠲᠡᠢ; ᠬᠥᠭᠵᠢᠯᠲᠡ᠎ᠶᠢ ᠠᠬᠢᠭᠤᠯᠬᠤ ᠳᠤᠮᠳᠠ ᠰᠠᠨᠠᠭᠠᠨ᠎ᠳᠤ᠎ᠦᠭᠡᠢ ᠭᠠᠷᠭᠠᠭᠰᠠᠨ ᠠᠯᠳᠠᠭ᠎ᠠ ᠪᠤᠷᠤᠭᠤ᠎ᠶ᠋ᠢ᠂ ᠬᠤᠪᠢ᠎ᠶᠢᠨ ᠠᠱᠢᠭ᠎ᠢ ᠬᠥᠭᠡᠭᠡᠴᠡᠯᠳᠦᠵᠦ ᠰᠠᠬᠢᠯᠭ᠎ᠠ ᠪᠠᠲᠤ᠎ᠶᠢ ᠵᠥᠷᠢᠴᠡᠨ ᠬᠠᠤᠯᠢ ᠴᠠᠭᠠᠵᠠ᠎ᠠᠴᠠ ᠵᠥᠷᠢᠴᠡᠭᠰᠡᠨ ᠠᠵᠢᠯᠯᠠᠭ᠎ᠠ᠎ᠠᠴᠠ ᠢᠯᠭᠠᠬᠤ ᠬᠡᠷᠡᠭᠲᠡᠢ᠃ ᠨᠠᠮ᠎ᠤᠨ ᠭᠡᠱᠢᠭᠦᠨ᠎ᠦ ᠠᠵᠢᠯ᠎ᠤᠨ ᠳᠤᠮᠳᠠ ᠭᠠᠷᠭᠠᠭᠰᠠᠨ ᠠᠯᠳᠠᠭ᠎ᠠ ᠪᠤᠷᠤᠭᠤ᠎ᠶᠢᠨ ᠱᠢᠨᠵᠢ ᠴᠢᠨᠠᠷ ᠪᠣᠯᠤᠨ ᠨᠥᠯᠦᠭᠡ᠎ᠶᠢ ᠵᠥᠪ ᠡᠵᠡᠮᠳᠡᠵᠦ᠂ ᠦᠨᠡᠨ ᠪᠣᠳᠠᠲᠠᠢ᠂ ᠪᠤᠰᠤᠳᠴᠢ ᠲᠥᠪ ᠭᠣᠤᠯᠴᠢ᠎ᠪᠠᠷ ᠰᠢᠢᠳᠪᠦᠷᠢᠯᠡᠵᠦ᠂ ᠨᠠᠮ᠎ᠤᠨ ᠭᠡᠱᠢᠭᠦᠨ᠎ᠦ ᠵᠣᠷᠢᠭᠲᠠᠢ ᠡᠭᠦᠷᠭᠡᠯᠡᠨ ᠵᠢᠳᠭᠦᠯ ᠴᠢᠷᠮᠠᠢᠯᠭ᠎ᠠ ᠭᠠᠷᠭᠠᠬᠤ ᠢᠳᠡᠪᠬᠢᠵᠢᠯ᠎ᠢ ᠪᠠᠲᠤᠯᠠᠬᠤ ᠬᠡᠷᠡᠭᠲᠡᠢ᠃

  ᠭᠤᠴᠢᠨ ᠳᠥᠷᠪᠡᠳᠦᠭᠡᠷ ᠵᠦᠢᠯ  ᠭᠦᠳᠬᠡᠨ ᠬᠣᠤᠷᠯᠠᠬᠤ ᠠᠵᠢᠯᠯᠠᠭ᠎ᠠ᠎ᠳ᠋ᠤ᠌᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠤᠭᠠᠷ ᠴᠢᠩᠭ᠎ᠠ ᠱᠢᠢᠳᠪᠦᠷᠢᠯᠡᠬᠦ ᠬᠡᠷᠡᠭᠲᠡᠢ; ᠨᠠᠮ᠎ᠤᠨ ᠭᠡᠱᠢᠭᠦᠨ ᠦᠨᠡᠨ ᠪᠣᠳᠠᠲᠠᠢ᠎ᠲᠠᠢ ᠨᠡᠢᠴᠡᠬᠦ ᠦᠭᠡᠢ᠎ᠪᠡᠷ ᠢᠯᠡᠴᠢᠯᠡᠨ ᠮᠡᠳᠡᠭᠦᠯᠵᠦ ᠵᠠᠭᠠᠯᠳᠤᠭᠳᠠᠭᠰᠠᠨ᠎ᠢ ᠪᠠᠢᠴᠠᠭᠠᠨ ᠲᠣᠳᠤᠯᠠᠭᠠᠳ ᠦᠨᠡᠨ᠎ᠬᠦ ᠴᠠᠭᠠᠳᠭᠠᠨ ᠲᠣᠳᠤᠷᠬᠠᠢᠯᠠᠬᠤ ᠴᠢᠬᠤᠯᠠᠲᠠᠢ ᠪᠠᠢᠪᠠᠯ᠂ ᠢᠯᠡᠴᠢᠯᠡᠨ ᠮᠡᠳᠡᠭᠦᠯᠵᠦ ᠵᠠᠭᠠᠯᠳᠤᠭᠰᠠᠨ ᠦᠨᠡᠨ ᠪᠣᠳᠠᠲᠠᠢ᠎ᠲᠠᠢ ᠨᠡᠢᠴᠡᠬᠦ᠎ᠦᠭᠡᠢ ᠠᠰᠠᠭᠤᠳᠠᠯ᠎ᠢ ᠲᠣᠭᠲᠠᠭᠠᠯ ᠶᠣᠰᠤᠭᠠᠷ ᠴᠠᠭᠠᠳᠭᠠᠨ ᠲᠣᠳᠤᠷᠬᠠᠢᠯᠠᠬᠤ ᠬᠡᠷᠡᠭᠲᠡᠢ᠃

  ᠭᠤᠴᠢᠨ ᠲᠠᠪᠤᠳᠤᠭᠠᠷ ᠵᠦᠢᠯ  ᠨᠠᠮ᠎ᠤᠨ ᠭᠡᠱᠢᠭᠦᠨ᠎ᠳᠦ ᠬᠢᠨᠠᠯᠲᠠ ᠲᠠᠯᠪᠢᠵᠤ ᠰᠠᠬᠢᠯᠭ᠎ᠠ ᠪᠠᠲᠤ᠎ᠶᠢ ᠬᠡᠷᠡᠭᠵᠢᠭᠦᠯᠬᠦ᠎ᠳᠦ ᠨᠠᠮ᠎ᠤᠨ ᠭᠡᠱᠢᠭᠦᠨ᠎ᠦ ᠡᠷᠬᠡ ᠠᠱᠢᠭ᠎ᠢ ᠭᠦᠢᠴᠡᠳ ᠪᠠᠲᠤᠯᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠤᠭᠠᠷ ᠠᠵᠢᠯ᠎ᠢᠶ᠋ᠠᠨ ᠥᠷᠨᠢᠭᠦᠯᠬᠦ ᠬᠡᠷᠡᠭᠲᠡᠢ᠂ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ ᠪᠣᠯᠤᠨ ᠬᠠᠤᠯᠢ ᠴᠠᠭᠠᠵᠠ ᠬᠠᠤᠯᠢ ᠳᠦᠷᠢᠮ᠎ᠡᠴᠡ ᠵᠥᠷᠢᠴᠡᠭᠰᠡᠨ ᠠᠷᠭ᠎ᠠ ᠬᠡᠮᠵᠢᠶ᠎ᠡ᠎ᠶᠢ ᠠᠪᠴᠤ ᠪᠣᠯᠬᠤ ᠦᠭᠡᠢ᠃ ᠲᠤᠰ ᠬᠥᠮᠦᠨ᠎ᠦ ᠬᠢᠬᠦ ᠲᠣᠳᠤᠷᠬᠠᠢᠯᠠᠯᠲᠠ ᠪᠣᠯᠤᠨ ᠥᠪᠡᠷ᠎ᠢ᠋᠎ᠪᠡᠨ ᠵᠥᠪᠲᠦᠭᠡᠬᠦ ᠲᠣᠭᠠᠴᠢᠯᠲᠠ᠂ ᠪᠤᠰᠤᠳ ᠨᠠᠮ᠎ᠤᠨ ᠭᠡᠱᠢᠭᠦᠨ᠎ᠦ ᠬᠢᠭᠰᠡᠨ ᠭᠡᠷᠡᠴᠢ ᠪᠣᠯᠤᠨ ᠥᠮᠦᠭᠯᠡᠯ᠎ᠢ ᠨᠠᠷᠢᠨ ᠬᠢᠨᠠᠮᠠᠭᠠᠢ ᠰᠣᠨᠣᠰᠴᠤ᠂ ᠲᠡᠷᠡ ᠶᠣᠰᠤᠭᠠᠷ᠎ᠨᠢ ᠲᠡᠮᠳᠡᠭᠯᠡᠵᠦ᠂ ᠴᠠᠭ ᠲᠤᠬᠠᠢ᠎ᠳᠤᠨᠢ ᠬᠠᠷᠭᠤᠭᠤᠯᠵᠤ᠂ ᠵᠦᠢ ᠵᠣᠬᠢᠰᠲᠠᠢ᠎ᠶᠢ᠎ᠨᠢ ᠬᠦᠯᠢᠶᠡᠨ ᠠᠪᠬᠤ ᠬᠡᠷᠡᠭᠲᠡᠢ; ᠬᠦᠯᠢᠶᠡᠨ ᠠᠪᠬᠤ ᠦᠭᠡᠢ᠎ᠶᠢ᠎ᠨᠢ ᠱᠢᠯᠲᠠᠭᠠᠨ᠎ᠢᠶ᠋ᠠᠨ ᠲᠣᠳᠤᠷᠬᠠᠢᠯᠠᠬᠤ ᠬᠡᠷᠡᠭᠲᠡᠢ᠃ ᠨᠠᠮ᠎ᠤᠨ ᠭᠡᠱᠢᠭᠦᠨ᠎ᠦ ᠦᠨᠡᠨ᠎ᠢ ᠪᠠᠷᠢᠮᠲᠠᠯᠠᠨ ᠦᠨᠡᠨ ᠮᠦᠨ᠎ᠢᠶ᠋ᠡᠷ ᠥᠪᠡᠷ᠎ᠢ᠋᠎ᠪᠡᠨ ᠵᠥᠪᠲᠦᠭᠡᠬᠦ᠌᠂ ᠭᠡᠷᠡᠴᠢᠯᠡᠯ ᠬᠢᠬᠦ ᠪᠣᠯᠤᠨ ᠥᠮᠦᠭᠯᠡᠯ ᠬᠢᠬᠦ᠎ᠶᠢ ᠬᠠᠮᠠᠭᠠᠠᠯᠬᠤ ᠬᠡᠷᠡᠭᠲᠡᠢ᠃

  ᠰᠢᠢᠳᠪᠦᠷᠢᠯᠡᠬᠦ᠌᠂ ᠱᠢᠢᠳᠬᠡᠯ ᠦᠭᠬᠦ᠎ᠳᠦ ᠪᠠᠷᠢᠮᠲᠠᠯᠠᠯ ᠪᠣᠯᠭᠠᠭᠰᠠᠨ ᠪᠣᠳᠠᠲᠠᠢ ᠬᠡᠷᠡᠭ ᠶᠠᠪᠤᠳᠠᠯ᠎ᠤᠨ ᠪᠢᠴᠢᠭ ᠮᠠᠲᠧᠷᠢᠶᠠᠯ᠎ᠢ ᠲᠤᠰ ᠬᠥᠮᠦᠨ᠎ᠳᠦ ᠦᠵᠡᠭᠦᠯᠬᠦ ᠬᠡᠷᠡᠭᠲᠡᠢ᠃ ᠰᠢᠢᠳᠪᠦᠷᠢᠯᠡᠬᠦ᠌᠂ ᠱᠢᠢᠳᠬᠡᠯ ᠦᠭᠬᠦ ᠲᠣᠭᠲᠠᠭᠠᠯ᠎ᠢ ᠲᠤᠰ ᠬᠥᠮᠦᠨ᠎ᠳᠦ ᠨᠡᠢᠲᠡᠯᠡᠵᠦ᠂ ᠲᠡᠷᠡᠴᠢᠯᠡᠨ ᠨᠠᠮ᠎ᠤᠨ ᠭᠡᠱᠢᠭᠦᠨ᠎ᠦ ᠭᠣᠮᠤᠳᠠᠯ ᠲᠣᠭᠠᠴᠢᠬᠤ ᠡᠷᠬᠡ ᠵᠢᠴᠢ ᠭᠣᠮᠤᠳᠠᠯ ᠲᠣᠭᠠᠴᠢᠬᠤ᠎ᠶᠢ ᠬᠦᠯᠢᠶᠡᠨ ᠠᠪᠬᠤ ᠵᠣᠬᠢᠶᠠᠨ ᠪᠠᠢᠭᠤᠯᠤᠯᠲᠠ ᠵᠡᠷᠭᠡ ᠠᠭᠤᠯᠭ᠎ᠠ᠎ᠶᠢ ᠪᠢᠴᠢᠨ ᠲᠣᠳᠤᠷᠬᠠᠢᠯᠠᠬᠤ ᠬᠡᠷᠡᠭᠲᠡᠢ᠃ ᠪᠣᠳᠠᠲᠠᠢ ᠬᠡᠷᠡᠭ ᠶᠠᠪᠤᠳᠠᠯ᠎ᠤᠨ ᠪᠢᠴᠢᠭ ᠮᠠᠲᠧᠷᠢᠶᠠᠯ ᠪᠣᠯᠤᠨ ᠲᠣᠭᠲᠠᠭᠠᠯ᠎ᠳᠤ ᠲᠤᠰ ᠬᠥᠮᠦᠨ᠎ᠦ ᠰᠠᠨᠠᠯ᠎ᠢ ᠪᠢᠴᠢᠭᠦᠯᠬᠦ ᠬᠡᠷᠡᠭᠲᠡᠢ᠂ ᠠᠳᠠᠯᠢ ᠪᠤᠰᠤ ᠰᠠᠨᠠᠯ ᠪᠢᠴᠢᠭᠰᠡᠨ ᠪᠤᠶᠤ ᠡᠰᠡᠬᠦᠯ᠎ᠡ ᠰᠠᠨᠠᠯ᠎ᠢᠶ᠋ᠠᠨ ᠪᠢᠴᠢᠬᠦ ᠲᠡᠪᠴᠢᠭᠰᠡᠨ ᠪᠠᠢᠪᠠᠯ᠂ ᠲᠣᠳᠤᠷᠬᠠᠢᠯᠠᠯᠲᠠ ᠬᠢᠬᠦ ᠪᠤᠶᠤ ᠪᠠᠢᠳᠠᠯ᠎ᠢ ᠲᠣᠳᠤᠷᠬᠠᠢᠯᠠᠬᠤ ᠬᠡᠷᠡᠭᠲᠡᠢ᠃

  ᠭᠤᠴᠢᠨ ᠵᠢᠷᠭᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ᠎ᠨᠢ ᠱᠢᠢᠳᠪᠤᠷᠢᠯᠡᠳᠡᠭᠰᠡᠨ ᠪᠠ ᠱᠢᠢᠳᠭᠡᠯ ᠣᠯᠤᠭᠰᠠᠨ ᠨᠠᠮ᠎ᠤᠨ ᠭᠡᠱᠢᠭᠦᠨ᠎ᠢ ᠮᠥᠷᠳᠡᠨ ᠳᠠᠭᠠᠵᠤ ᠬᠠᠷᠢᠭᠤ ᠠᠢᠯᠴᠢᠯᠠᠨ᠂ ᠲᠡᠳᠡᠨ᠎ᠢ ᠵᠥᠪ ᠲᠠᠨᠢᠯᠲᠠ᠎ᠲᠠᠢ ᠪᠣᠯᠵᠣ᠂ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠳᠠᠷᠤᠭᠠᠰᠤ᠎ᠪᠠᠨ ᠲᠠᠶᠠᠭᠳᠠᠵᠤ᠂ ᠢᠳᠡᠪᠬᠢᠲᠡᠢ ᠠᠵᠢᠯᠯᠠᠬᠤ᠎ᠪᠠᠷ ᠬᠥᠮᠦᠵᠢᠭᠦᠯᠵᠦ ᠬᠥᠲᠦᠯᠦᠨ ᠳᠠᠭᠠᠭᠤᠯᠬᠤ ᠬᠡᠷᠡᠭᠲᠡᠢ᠃ ᠨᠥᠯᠦᠭᠡ᠎ᠶᠢᠨ ᠬᠤᠭᠤᠴᠠᠭ᠎ᠠ ᠳᠦᠭᠦᠷᠴᠦ᠂ ᠢᠯᠡᠷᠡᠯ ᠰᠠᠢᠨ ᠨᠠᠮ᠎ᠤᠨ ᠭᠡᠱᠢᠭᠦᠨ ᠨᠥᠬᠦᠴᠡᠯ᠎ᠳᠦ ᠨᠡᠢᠴᠡᠪᠡᠯ ᠬᠡᠪ᠎ᠦᠨ ᠶᠠᠩᠵᠤ᠎ᠪᠠᠷ ᠬᠡᠷᠡᠭᠯᠡᠬᠦ ᠬᠡᠷᠡᠭᠲᠡᠢ᠃

  ᠭᠤᠴᠢᠨ ᠳᠣᠯᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ᠎ᠦ ᠭᠣᠮᠤᠳᠠᠯ ᠲᠣᠭᠠᠴᠢᠬᠤ᠎ᠶᠢ ᠨᠠᠷᠢᠨ ᠬᠢᠨᠠᠮᠠᠭᠠᠢ ᠱᠢᠢᠳᠪᠦᠷᠢᠯᠡᠬᠦ᠎ᠶᠢᠨ ᠬᠠᠮᠲᠤ ᠬᠠᠷᠢᠭᠤᠴᠠᠭᠰᠠᠨ ᠬᠠᠷᠢᠭᠤᠯᠲᠠ ᠦᠭᠬᠦ ᠬᠡᠷᠡᠭᠲᠡᠢ᠃ ᠨᠠᠮ᠎ᠤᠨ ᠭᠡᠱᠢᠭᠦᠨ᠎ᠦ ᠭᠣᠮᠤᠳᠠᠯ ᠲᠣᠭᠠᠴᠢᠯᠲᠠ᠎ᠶᠢ ᠬᠣᠯᠪᠤᠭᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ ᠲᠣᠭᠲᠠᠭᠠᠯ ᠶᠣᠰᠤᠭᠠᠷ ᠳᠠᠬᠢᠨ ᠵᠥᠪᠯᠡᠵᠦ᠂ ᠳᠠᠬᠢᠨ ᠪᠠᠢᠴᠠᠭᠠᠬᠤ ᠬᠡᠷᠡᠭᠲᠡᠢ᠂ ᠳᠠᠷᠤᠵᠤ ᠪᠣᠯᠬᠤ ᠦᠭᠡᠢ᠃ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠴᠢᠬᠤᠯᠠᠲᠠᠢ ᠭᠡᠵᠦ ᠦᠵᠡᠪᠡᠯ᠂ ᠬᠣᠯᠪᠤᠭᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ᠎ᠪᠠᠷ ᠱᠢᠭᠤᠳ ᠪᠤᠶᠤ ᠵᠢᠭᠠᠨ ᠲᠣᠭᠲᠠᠭᠠᠵᠤ ᠪᠠᠢᠭᠠᠳ ᠳᠠᠬᠢᠨ ᠵᠥᠪᠯᠡᠵᠦ᠂ ᠳᠠᠬᠢᠨ ᠪᠠᠢᠴᠠᠭᠠᠵᠤ ᠪᠤᠯᠤᠨ᠎ᠡ᠃

  ᠳᠠᠬᠢᠨ ᠵᠥᠪᠯᠡᠬᠦ᠌᠂ ᠳᠠᠬᠢᠨ ᠪᠠᠢᠴᠠᠭᠠᠬᠤ ᠪᠤᠶᠤ ᠬᠢᠨᠠᠨ ᠪᠠᠢᠴᠠᠭᠠᠵᠤ᠎ᠪᠠᠷ ᠳᠠᠮᠵᠢᠨ᠂ ᠪᠦᠬᠦ ᠲᠠᠯ᠎ᠠ᠎ᠪᠠᠷ ᠪᠤᠶᠤ ᠬᠡᠰᠡᠭ ᠲᠠᠯ᠎ᠠ᠎ᠪᠠᠷ ᠵᠠᠯᠠᠷᠠᠭᠤᠯᠬᠤ᠎ᠪᠠᠷ ᠲᠣᠭᠲᠠᠭᠰᠠᠨ ᠬᠡᠷᠡᠭ᠎ᠲᠦ᠍᠂ ᠱᠢᠨ᠎ᠡ᠎ᠪᠡᠷ ᠭᠠᠷᠭᠠᠭᠰᠠᠨ ᠲᠣᠭᠲᠠᠭᠠᠯ᠎ᠢᠶ᠋ᠠᠨ ᠵᠣᠬᠢᠬᠤ ᠬᠦᠷᠢᠶ᠎ᠡ ᠬᠡᠪᠴᠢᠶᠡᠨ᠎ᠳᠦ ᠵᠠᠷᠯᠠᠨ ᠨᠡᠢᠲᠡᠯᠡᠪᠡᠯ ᠵᠣᠬᠢᠨ᠎ᠠ᠃ ᠣᠨᠤᠪᠴᠢᠲᠠᠢ ᠱᠢᠢᠳᠪᠦᠷᠢᠯᠡᠭᠰᠡᠨ ᠪᠣᠯᠪᠠᠴᠤ ᠲᠤᠰ ᠬᠥᠮᠦᠨ᠎ᠨᠢ ᠬᠦᠯᠢᠶᠡᠨ ᠠᠪᠬᠤ᠎ᠦᠭᠡᠢ ᠪᠤᠯ ᠱᠢᠭᠦᠮᠵᠢᠯᠡᠨ ᠬᠥᠮᠦᠵᠢᠭᠦᠯᠬᠦ ᠬᠡᠷᠡᠭᠲᠡᠢ; ᠵᠦᠢ ᠶᠣᠰᠤᠨ᠎ᠤ ᠱᠢᠯᠲᠠᠭ ᠦᠭᠡᠢ᠎ᠪᠡᠷ ᠳᠠᠬᠢᠨ ᠳᠠᠪᠲᠠᠨ ᠭᠣᠮᠤᠳᠠᠯ ᠲᠣᠭᠠᠴᠢᠪᠠᠯ᠂ ᠬᠣᠯᠪᠤᠭᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ ᠲᠤᠰ ᠬᠥᠮᠦᠨ᠎ᠳᠦ᠎ᠨᠢ ᠬᠦᠯᠢᠶᠡᠨ ᠠᠪᠴᠤ ᠱᠢᠢᠳᠪᠦᠷᠢᠯᠡᠬᠦ᠎ᠦᠭᠡᠢ ᠭᠡᠵᠦ ᠲᠥᠪ ᠴᠢᠩᠭ᠎ᠠ᠎ᠪᠠᠷ ᠮᠡᠳᠡᠭᠳᠡᠬᠦ᠎ᠶᠢᠨ ᠬᠠᠮᠲᠤ ᠵᠣᠬᠢᠬᠤ ᠬᠦᠷᠢᠶ᠎ᠡ ᠬᠡᠪᠴᠢᠶᠡᠨ᠎ᠳᠦ ᠵᠠᠷᠯᠠᠨ ᠨᠡᠢᠲᠡᠯᠡᠪᠡᠯ ᠵᠣᠬᠢᠨ᠎ᠠ᠃

  ᠨᠠᠮ᠎ᠤᠨ ᠭᠡᠱᠢᠭᠦᠨ᠎ᠦ ᠨᠠᠮ᠎ᠤᠨ ᠵᠣᠬᠢᠶᠠᠨ ᠪᠠᠢᠭᠤᠯᠤᠯᠲᠠ᠎ᠠᠴᠠ ᠪᠤᠰᠤᠳ ᠨᠠᠮ᠎ᠤᠨ ᠭᠡᠱᠢᠭᠦᠨ᠎ᠢ ᠰᠢᠢᠳᠪᠦᠷᠢᠯᠡᠭᠰᠡᠨ᠂ ᠱᠢᠢᠳᠬᠡᠯ ᠥᠭᠭᠦᠭᠰᠡᠨ ᠪᠤᠶᠤ ᠱᠢᠯᠭᠠᠨ ᠲᠣᠭᠲᠠᠭᠠᠭᠰᠠᠨ᠂ ᠬᠢᠨᠠᠨ ᠪᠠᠢᠴᠠᠭᠠᠭᠰᠠᠨ ᠦᠷ᠎ᠡ ᠳ᠋ᠦᠩ᠎ᠦᠨ ᠲᠤᠬᠠᠢ ᠳᠤᠷᠠᠳᠤᠭᠰᠠᠨ ᠰᠠᠨᠠᠯ᠎ᠢ ᠬᠣᠯᠪᠤᠭᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ ᠨᠠᠷᠢᠨ ᠬᠢᠨᠠᠮᠠᠭᠠᠢ ᠰᠤᠳᠤᠯᠤᠨ ᠱᠢᠢᠳᠪᠦᠷᠢᠯᠡᠪᠡᠯ ᠵᠣᠬᠢᠨ᠎ᠠ᠃

  ᠭᠤᠴᠢᠨ ᠨᠠᠢ᠍ᠮᠠᠳᠤᠭᠠᠷ ᠵᠦᠢᠯ  ᠠᠵᠤ ᠠᠬᠤᠢᠯᠠᠯ᠂ ᠬᠥᠳᠡᠭᠡ ᠲᠣᠰᠭᠤᠨ ᠪᠠ ᠵᠡᠭᠡᠯᠢ ᠭᠤᠳᠤᠮᠵᠢ᠂ ᠨᠡᠢᠭᠡᠮ ᠲᠣᠭᠤᠷᠢᠭ ᠵᠡᠷᠭᠡ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ ᠨᠡᠭᠦᠳᠡᠯ ᠨᠠᠮ᠎ᠤᠨ ᠭᠡᠱᠢᠭᠦᠨ᠎ᠦ ᠡᠷᠬᠡ ᠠᠱᠢᠭ᠎ᠢ ᠬᠠᠮᠠᠭᠠᠯᠠᠬᠤ᠎ᠶᠢ ᠴᠢᠬᠤᠯᠠᠴᠢᠯᠠᠵᠤ᠂ ᠨᠡᠭᠦᠳᠡᠯ ᠨᠠᠮ᠎ᠤᠨ ᠭᠡᠱᠢᠭᠦᠨ᠎ᠦ ᠬᠠᠮᠢᠶᠠᠷᠤᠯᠲᠠ ᠪᠠ ᠦᠢᠯᠡᠴᠢᠯᠡᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠱᠢᠯᠵᠢᠵᠦ ᠭᠠᠷᠤᠭᠰᠠᠨ ᠭᠠᠵᠠᠷ᠂ ᠱᠢᠯᠵᠢᠵᠦ ᠣᠷᠤᠭᠰᠠᠨ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠣᠯᠤᠯᠴᠠᠭ᠎ᠠ ᠵᠣᠬᠢᠴᠠᠭᠤᠯᠭ᠎ᠠ᠎ᠶᠢᠨ ᠲᠣᠭᠲᠠᠴᠠ᠎ᠶᠢ ᠪᠦᠷᠢᠨᠰᠢᠭᠦᠯᠦᠨ᠂ ᠨᠡᠭᠦᠳᠡᠯ ᠨᠠᠮ᠎ᠤᠨ ᠭᠡᠱᠢᠭᠦᠨ᠎ᠦ ᠬᠡᠪ᠎ᠦᠨ ᠶᠣᠰᠤᠭᠠᠷ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠣᠯᠴᠠᠬᠤ᠂ ᠨᠠᠮ᠎ᠤᠨ ᠭᠡᠱᠢᠭᠦᠨ᠎ᠦ ᠡᠷᠬᠡ᠎ᠪᠡᠨ ᠬᠡᠷᠡᠭᠵᠢᠭᠦᠯᠬᠦ᠎ᠶᠢ ᠪᠠᠲᠤᠯᠠᠪᠠᠯ ᠵᠣᠬᠢᠨ᠎ᠠ᠃

  ᠭᠤᠴᠢ ᠶᠢᠰᠦᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ᠎ᠦ ᠦᠵᠡᠯ ᠰᠠᠨᠠᠭ᠎ᠠ᠂ ᠠᠵᠢᠯ᠂ ᠰᠤᠷᠤᠯᠴᠠᠯᠭ᠎ᠠ᠂ ᠠᠮᠢᠳᠤᠷᠠᠯ᠎ᠢ᠎ᠨᠢ ᠬᠠᠯᠠᠮᠵᠢᠯᠠᠵᠤ᠂ ᠨᠠᠮ᠎ᠤᠨ ᠳᠣᠲᠤᠭᠠᠳᠤ᠎ᠶᠢᠨ ᠬᠠᠯᠠᠮᠵᠢᠯᠠᠨ ᠬᠠᠢᠷᠠᠯᠠᠵᠤ ᠬᠠᠪᠰᠤᠷᠤᠨ ᠳᠡᠳᠬᠦᠬᠦ ᠠᠵᠢᠯ᠎ᠢ ᠰᠠᠢᠲᠤᠷ ᠬᠢᠪᠡᠯ ᠵᠣᠬᠢᠨ᠎ᠠ᠃ ᠨᠠᠮ᠎ᠤᠨ ᠭᠡᠱᠢᠭᠦᠨ᠎ᠦ ᠳᠤᠷᠠᠳᠤᠭᠰᠠᠨ ᠭᠤᠶᠤᠴᠢᠯᠠᠯ᠎ᠢ ᠴᠠᠭ ᠲᠤᠬᠠᠢ᠎ᠳᠤ᠎ᠨᠢ ᠬᠦᠯᠢᠶᠡᠨ ᠠᠪᠴᠤ ᠰᠢᠢᠳᠪᠦᠷᠢᠯᠡᠨ᠂ ᠵᠦᠢ ᠶᠣᠰᠤᠨ᠎ᠳᠤ ᠨᠡᠢᠴᠡᠬᠦ ᠲᠣᠭᠲᠠᠭᠠᠯ᠎ᠳᠤ ᠨᠡᠢᠴᠡᠬᠦ᠎ᠶᠢ᠎ᠨᠢ ᠴᠠᠭ ᠲᠤᠬᠠᠢ᠎ᠳᠤ᠎ᠨᠢ ᠰᠢᠢᠳᠪᠦᠷᠢᠯᠡᠵᠦ᠂ ᠳᠠᠷᠤᠢᠬᠠᠨ ᠱᠢᠢᠳᠪᠦᠷᠢᠯᠡᠬᠦ᠎ᠳᠦ ᠬᠦᠴᠢᠷᠲᠡᠢ ᠪᠤᠯ ᠪᠠᠢᠳᠠᠯ᠎ᠢ ᠲᠣᠳᠣᠷᠬᠠᠢᠯᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠤᠱᠢᠶᠠᠯ ᠬᠠᠷᠢᠭᠤᠴᠠᠯᠭ᠎ᠠ᠎ᠶᠢᠨ ᠬᠦᠷᠢᠶ᠎ᠡ ᠬᠡᠪᠴᠢᠶᠡᠨ᠎ᠳᠦ ᠬᠠᠷᠢᠶᠠᠯᠠᠭᠳᠠᠬᠤ ᠦᠭᠡᠢ᠎ᠶᠢ᠎ᠨᠢ ᠬᠣᠯᠪᠤᠭᠳᠠᠯ ᠪᠦᠬᠦᠢ ᠰᠠᠯᠠᠭ᠎ᠠ ᠮᠥᠴᠢᠷ᠎ᠲᠦ ᠬᠠᠷᠢᠭᠤ ᠳᠤᠰᠭᠠᠵᠤ ᠪᠤᠯᠤᠨ᠎ᠡ᠃

 

    ᠳᠥᠷᠪᠡᠳᠦᠭᠡᠷ ᠪᠦᠯᠦᠭ  ᠬᠠᠷᠢᠭᠤᠴᠠᠯᠭ᠎ᠠ ᠡᠭᠦᠷᠭᠡ ᠪᠠ ᠬᠠᠷᠢᠴᠠᠭᠤᠯᠭ᠎ᠠ ᠨᠡᠬᠡᠮᠵᠢᠯᠡᠬᠦ

 

  ᠳᠥᠴᠢᠳᠦᠭᠡᠷ ᠵᠦᠢᠯ  ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠭᠠᠤ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠡᠷᠬᠡᠪᠱᠢ ᠨᠠᠢᠳᠠᠪᠤᠷᠢᠵᠢᠭᠤᠯᠵᠤ᠂ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠠᠵᠢᠯ᠎ᠳᠠᠬᠢ ᠤᠳᠤᠷᠢᠳᠤᠯᠭ᠎ᠠ᠎ᠶᠢ ᠴᠢᠩᠭᠠᠳᠬᠠᠨ᠂ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠲᠠᠯ᠎ᠠ᠎ᠶᠢᠨ ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ ᠪᠠ ᠳᠦᠷᠢᠮ ᠠᠷᠭ᠎ᠠ ᠬᠡᠮᠵᠢᠶ᠎ᠡ᠎ᠶᠢ ᠴᠢᠩᠭ᠎ᠠ ᠬᠡᠷᠡᠭᠵᠢᠭᠦᠯᠬᠦ ᠬᠡᠷᠡᠭᠲᠡᠢ; ᠠᠳᠠᠯᠢ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠠ ᠨᠠᠮ᠎ᠤᠨ ᠠᠵᠢᠯ᠎ᠤᠨ ᠪᠠᠢᠭᠤᠯᠭ᠎ᠠ᠂ ᠱᠢᠭᠤᠳ ᠬᠠᠷᠢᠶ᠎ᠠ ᠪᠠᠢᠭᠤᠯᠭ᠎ᠠ ᠨᠢᠭᠡᠴᠢ ᠵᠢᠴᠢ ᠡᠨᠡ᠎ᠬᠦ ᠱᠠᠲᠤ᠎ᠲᠠᠢ ᠲᠡᠩᠴᠡᠬᠦ ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠬᠣᠷᠢᠶ᠎ᠠ)᠎ᠤᠨ ᠬᠣᠯᠪᠤᠭᠳᠠᠯ ᠪᠦᠬᠦᠢ ᠡᠭᠦᠷᠭᠡ ᠪᠠ ᠱᠠᠭᠠᠷᠳᠠᠯᠭ᠎ᠠ᠎ᠶᠢ ᠲᠣᠳᠣᠷᠬᠠᠢᠯᠠᠵᠤ᠂ ᠳᠣᠤᠷᠠᠲᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠤᠳᠤᠷᠢᠳᠭᠤ ᠺᠠᠳ᠋ᠷᠴᠤᠳ᠎ᠤᠨ ᠬᠣᠯᠪᠤᠭᠳᠠᠯ ᠪᠦᠬᠦᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠱᠠᠯᠠᠪᠳᠠᠭᠤᠯᠵᠤ᠂ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠠᠵᠢᠯ᠎ᠤᠨ ᠳᠤᠮᠳᠠ ᠣᠷᠤᠱᠢᠵᠤ ᠪᠠᠢᠭ᠎ᠠ ᠠᠰᠠᠭᠤᠳᠠᠯ᠎ᠢ ᠴᠠᠭ ᠲᠤᠬᠠᠢ᠎ᠳᠤ᠎ᠨᠢ ᠢᠯᠡᠷᠡᠭᠦᠯᠦᠨ ᠵᠠᠯᠠᠷᠠᠭᠤᠯᠬᠤ ᠬᠡᠷᠡᠭᠲᠡᠢ; ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠲᠠᠯ᠎ᠠ᠎ᠪᠠᠷ ᠬᠢ ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ ᠪᠠ ᠲᠥᠷᠦ᠎ᠶᠢᠨ ᠪᠣᠳᠤᠯᠭ᠎ᠠ᠎ᠶᠢᠨ ᠱᠠᠭᠠᠷᠳᠠᠯᠭ᠎ᠠ᠎ᠶᠢ ᠤᠬᠠᠭᠤᠯᠵᠤ᠂ ᠨᠠᠮ᠎ᠤᠨ ᠭᠡᠱᠢᠭᠦᠨ᠎ᠦ ᠡᠭᠦᠷᠭᠡ ᠪᠠ ᠡᠷᠬᠡ᠎ᠶᠢᠨ ᠬᠥᠮᠦᠵᠢᠯ᠎ᠢ ᠪᠠᠢᠩᠭᠤ ᠥᠷᠨᠢᠭᠦᠯᠵᠦ᠂ ᠥᠷᠭᠡᠨ ᠣᠯᠠᠨ ᠨᠠᠮ᠎ᠤᠨ ᠭᠡᠱᠢᠭᠦᠨ᠎ᠦ ᠬᠠᠷᠢᠭᠤᠴᠠᠯᠭᠠᠲᠤ ᠤᠬᠠᠮᠰᠠᠷ᠎ᠢᠶ᠋ᠠᠨ ᠴᠢᠩᠭᠠᠳᠬᠠᠵᠤ᠂ ᠡᠷᠬᠡ᠎ᠪᠡᠨ ᠵᠥᠪ ᠬᠡᠷᠡᠭᠯᠡᠬᠦ᠎ᠶᠢ᠎ᠨᠢ ᠬᠥᠲᠦᠯᠦᠨ ᠳᠠᠭᠠᠭᠤᠯᠬᠤ ᠬᠡᠷᠡᠭᠲᠡᠢ᠃

  ᠳᠥᠴᠢᠨ ᠨᠢᠭᠡᠳᠦᠭᠡᠷ ᠵᠦᠢᠯ  ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠲᠤᠱᠢᠶᠠᠯ ᠬᠠᠷᠢᠭᠤᠴᠠᠯᠭ᠎ᠠ᠎ᠶᠢ ᠡᠭᠦᠷᠭᠡᠯᠡᠵᠦ᠂ ᠨᠠᠮ᠎ᠤᠨ ᠵᠣᠬᠢᠶᠠᠨ ᠪᠠᠢᠭᠤᠯᠤᠯᠲᠠ ᠪᠠ ᠤᠳᠤᠷᠢᠳᠭᠤ ᠺᠠᠳ᠋ᠷᠴᠤᠳ᠎ᠤᠨ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠠᠵᠢᠯ᠎ᠳᠠᠬᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠢᠳᠠᠯ᠎ᠢ ᠬᠢᠨᠠᠨ ᠪᠠᠢᠴᠠᠭᠠᠬᠤ᠎ᠪᠠᠨ ᠴᠢᠩᠭᠠᠳᠬᠠᠵᠤ᠂ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠲᠠᠯ᠎ᠠ᠎ᠪᠠᠷ ᠬᠢ ᠬᠣᠯᠪᠤᠭᠳᠠᠯ ᠪᠦᠬᠦᠢ ᠢᠯᠡᠴᠢᠯᠡᠯᠲᠡ᠂ ᠵᠠᠭᠠᠯᠳᠤᠯᠭ᠎ᠠ ᠪᠠ ᠭᠣᠮᠤᠳᠠᠯ ᠲᠣᠭᠠᠴᠢᠯᠲᠠ᠎ᠶᠢ ᠬᠦᠯᠢᠶᠡᠨ ᠠᠪᠴᠤ ᠰᠢᠢᠳᠪᠦᠷᠢᠯᠡᠨ᠂ ᠨᠠᠮ᠎ᠤᠨ ᠭᠡᠱᠢᠭᠦᠨ᠎ᠦ ᠡᠷᠬᠡ᠎ᠳᠦ ᠬᠠᠯᠳᠠᠭᠰᠠᠨ ᠲᠠᠯ᠎ᠠ᠎ᠪᠠᠷ ᠬᠢ ᠬᠡᠷᠡᠭ᠎ᠢ ᠪᠠᠢᠴᠠᠭᠠᠨ ᠰᠢᠢᠳᠪᠦᠷᠢᠯᠡᠵᠦ᠂ ᠨᠠᠮ᠎ᠤᠨ ᠭᠡᠱᠢᠭᠦᠨ᠎ᠦ ᠡᠷᠬᠡ᠎ᠳᠦ ᠬᠠᠯᠳᠠᠭᠰᠠᠨ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠎ᠢ ᠰᠢᠢᠳᠪᠦᠷᠢᠯᠡᠬᠦ᠌᠂ ᠱᠢᠢᠳᠬᠡᠯ ᠦᠭᠬᠦ ᠱᠢᠢᠳᠪᠦᠷᠢ ᠭᠠᠷᠭᠠᠬᠤ ᠪᠤᠶᠤ ᠰᠢᠢᠳᠪᠦᠷᠢᠯᠡᠬᠦ᠌᠂ ᠱᠢᠢᠳᠬᠡᠯ ᠦᠭᠬᠦ ᠰᠠᠨᠠᠭᠤᠯᠭ᠎ᠠ ᠭᠠᠷᠭᠠᠪᠠᠯ ᠵᠣᠬᠢᠨ᠎ᠠ᠃

  ᠳᠥᠴᠢᠨ ᠬᠣᠶᠠᠳᠤᠭᠠᠷ ᠵᠦᠢᠯ  ᠨᠠᠮ᠎ᠤᠨ ᠬᠣᠷᠢᠶᠠᠨ᠎ᠤ ᠠᠯᠪᠠᠨ ᠲᠢᠩᠬᠢᠮ (ᠠᠯᠪᠠᠨ ᠭᠡᠷ)᠂ ᠵᠣᠬᠢᠶᠠᠨ ᠪᠠᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠤᠨᠲ᠎ᠤᠨ ᠬᠡᠯᠲᠡᠰ᠂ ᠤᠯᠤᠰ ᠲᠥᠷᠦ ᠬᠠᠤᠯᠢ ᠴᠠᠭᠠᠵᠠ᠎ᠶᠢᠨ ᠬᠣᠷᠢᠶ᠎ᠠ ᠪᠠ ᠪᠠᠢᠭᠤᠯᠭ᠎ᠠ᠎ᠶᠢᠨ ᠨᠠᠮ᠎ᠤᠨ ᠠᠵᠢᠯᠯᠠᠬᠤ ᠬᠣᠷᠢᠶ᠎ᠠ ᠵᠡᠷᠭᠡ ᠨᠠᠮ᠎ᠤᠨ ᠠᠵᠢᠯ᠎ᠤᠨ ᠪᠠᠢᠭᠤᠯᠭ᠎ᠠ ᠲᠤᠰ ᠪᠡᠶ᠎ᠡ᠎ᠶᠢᠨ ᠡᠭᠦᠷᠭᠡ ᠴᠢᠳᠠᠪᠬᠢ ᠪᠠ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠵᠤ᠂ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠠᠵᠢᠯ᠎ᠢ ᠨᠠᠢᠳᠠᠪᠤᠷᠢᠵᠢᠭᠤᠯᠬᠤ᠎ᠶᠢ ᠰᠠᠢᠲᠤᠷ ᠠᠳᠭᠤᠪᠠᠯ ᠵᠣᠬᠢᠨ᠎ᠠ; ᠲᠤᠱᠢᠶᠠᠯ ᠬᠠᠷᠢᠭᠤᠴᠠᠯᠭ᠎ᠠ᠎ᠶᠢᠨ ᠬᠡᠪᠴᠢᠶᠡᠨ᠎ᠳᠡᠬᠢ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠠᠵᠢᠯ᠎ᠤᠨ ᠴᠢᠬᠤᠯᠠ ᠠᠰᠠᠭᠤᠳᠠᠯ᠎ᠢ ᠰᠤᠳᠤᠯᠤᠨ ᠰᠢᠢᠳᠪᠦᠷᠢᠯᠡᠵᠦ᠂ ᠲᠤᠰ ᠱᠠᠲᠤᠨ᠎ᠤ ᠨᠠᠮ᠎ᠤᠨ ᠬᠣᠷᠢᠶ᠎ᠠ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠳᠤ ᠰᠠᠨᠠᠯ ᠰᠠᠨᠠᠭᠤᠯᠭ᠎ᠠ ᠳᠤᠷᠠᠳᠴᠤ᠂ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠠᠵᠢᠯ᠎ᠤᠨ ᠬᠡᠪ᠎ᠦᠨ ᠶᠣᠰᠤᠭᠠᠷ ᠶᠠᠪᠤᠭᠳᠠᠬᠤ᠎ᠳᠤ ᠨᠥᠬᠦᠴᠡᠯ ᠡᠭᠦᠳᠴᠦ᠂ ᠦᠢᠯᠡᠴᠢᠯᠡᠭᠡ ᠬᠠᠩᠭᠠᠪᠠᠯ ᠵᠣᠬᠢᠨ᠎ᠠ᠃

  ᠳᠥᠴᠢᠨ ᠭᠤᠷᠪᠠᠳᠤᠭᠠᠷ ᠵᠦᠢᠯ  ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ ᠳᠠᠢᠴᠢᠨ ᠪᠡᠬᠢᠯᠡᠯᠲᠡ᠎ᠶᠢᠨ ᠦᠢᠯᠡᠳᠦᠯ᠎ᠢᠶᠠᠨ ᠪᠠᠳᠠᠷᠠᠭᠤᠯᠵᠤ᠂ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠲᠠᠯ᠎ᠠ᠎ᠪᠠᠷ ᠬᠢ ᠬᠠᠤᠯᠢ ᠲᠣᠭᠲᠠᠭᠠᠯ ᠳᠦᠷᠢᠮ᠎ᠢ ᠴᠢᠩᠭ᠎ᠠ ᠨᠠᠢᠳᠠᠪᠤᠷᠢᠵᠢᠭᠤᠯᠤᠨ᠂ ᠨᠠᠮ᠎ᠤᠨ ᠭᠡᠱᠢᠭᠦᠨ᠎ᠦ ᠡᠯ᠎ᠡ ᠵᠦᠢᠯ᠎ᠦᠨ ᠡᠷᠬᠡ᠎ᠪᠡᠨ ᠭᠦᠢᠴᠡᠳ ᠬᠡᠷᠡᠭᠵᠢᠭᠦᠯᠬᠦ᠎ᠶᠢ ᠪᠠᠲᠤᠯᠠᠪᠠᠯ ᠵᠣᠬᠢᠨ᠎ᠠ; ᠨᠠᠮ᠎ᠤᠨ ᠭᠡᠱᠢᠭᠦᠨ᠎ᠦ ᠰᠠᠨᠠᠯ ᠪᠠ ᠬᠦᠰᠡᠯ ᠱᠠᠭᠠᠷᠳᠠᠯᠭ᠎ᠠ᠎ᠶᠢ ᠦᠷᠭᠦᠯᠵᠢ ᠠᠰᠠᠭᠤᠨ ᠣᠢᠯᠠᠭᠠᠵᠤ᠂ ᠴᠠᠭ ᠲᠤᠬᠠᠢ᠎ᠳᠤ᠎ᠨᠢ ᠰᠤᠳᠤᠯᠤᠨ ᠰᠢᠢᠳᠪᠦᠷᠢᠯᠡᠵᠦ᠂ ᠨᠠᠮ᠎ᠤᠨ ᠭᠡᠱᠢᠭᠦᠨ᠎ᠦ ᠡᠷᠬᠡ ᠬᠠᠯᠳᠠᠯᠭ᠎ᠠ᠎ᠳᠤ ᠤᠴᠠᠷᠠᠭᠰᠠᠨ ᠪᠠᠢᠳᠠᠯ᠎ᠢ ᠢᠯᠡᠷᠡᠭᠦᠯᠪᠡᠯ ᠴᠠᠭ ᠲᠤᠬᠠᠢ᠎ᠳᠤ᠎ᠨᠢ ᠱᠢᠢᠳᠪᠦᠷᠢᠯᠡᠬᠦ ᠪᠤᠶᠤ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠪᠡᠯ ᠵᠣᠬᠢᠨ᠎ᠠ᠃

  ᠳᠥᠴᠢᠨ ᠳᠥᠷᠪᠡᠳᠦᠭᠡᠷ ᠵᠦᠢᠯ  ᠤᠳᠤᠷᠢᠳᠭᠤ ᠺᠠᠳ᠋ᠷ ᠢᠯᠠᠩᠭᠤᠶ᠎ᠠ ᠳᠡᠭᠡᠳᠦ ᠳᠡᠰ᠎ᠦᠨ ᠺᠠᠳ᠋ᠷ ᠥᠪᠡᠷ᠎ᠦᠨ ᠪᠡᠶ᠎ᠡ᠎ᠪᠡᠷ᠎ᠢᠶ᠋ᠡᠨ ᠳᠠᠭᠤᠷᠢᠶᠠᠯ ᠪᠣᠯᠵᠣ᠂ ᠲᠦᠷᠦᠭᠦᠯᠡᠨ ᠨᠠᠮ᠎ᠤᠨ ᠭᠡᠱᠢᠭᠦᠨ᠎ᠦ ᠡᠭᠦᠷᠭᠡ᠎ᠪᠡᠨ ᠭᠦᠢᠴᠡᠳᠬᠡᠵᠦ᠂ ᠨᠠᠮ᠎ᠤᠨ ᠭᠡᠱᠢᠭᠦᠨ᠎ᠦ ᠡᠷᠬᠡ᠎ᠶᠢ ᠵᠥᠪ ᠬᠡᠷᠡᠭᠵᠢᠭᠦᠯᠵᠦ᠂ ᠠᠷᠠᠳᠴᠢᠯᠠᠯ᠎ᠤᠨ ᠬᠡᠪ ᠪᠣᠯᠪᠠᠰᠤᠷᠠᠯ᠎ᠢᠶ᠋ᠠᠨ ᠳᠡᠭᠡᠭᠰᠢᠯᠡᠭᠦᠯᠵᠦ᠂ ᠨᠥᠬᠦᠳ᠎ᠲᠡᠭᠡᠨ ᠡᠷᠬᠡ ᠲᠡᠭᠱᠢ᠎ᠪᠡᠷ ᠬᠠᠨᠳᠤᠵᠤ᠂ ᠣᠨᠴᠠ ᠡᠷᠬᠡ᠎ᠶᠢᠨ ᠦᠵᠡᠯ ᠰᠠᠨᠠᠭ᠎ᠠ ᠪᠠ ᠣᠨᠴᠠ ᠡᠷᠬᠡ᠎ᠶᠢᠨ ᠦᠵᠡᠭᠳᠡᠯ᠎ᠲᠡᠢ ᠤᠬᠠᠮᠰᠠᠷ᠎ᠠ᠋ᠴᠠ᠎ᠪᠠᠨ ᠲᠡᠮᠡᠴᠡᠵᠦ᠂ ᠨᠠᠮ᠎ᠤᠨ ᠭᠡᠱᠢᠭᠦᠳ ᠡᠷᠬᠡ᠎ᠪᠡᠨ ᠢᠳᠡᠪᠬᠢᠲᠡᠢ ᠬᠡᠷᠡᠭᠵᠢᠭᠦᠯᠬᠦ ᠰᠠᠢᠨ ᠰᠠᠢᠬᠠᠨ ᠠᠭᠤᠷ ᠠᠮᠢᠰᠭᠤᠯ᠎ᠢ ᠪᠣᠢ ᠪᠣᠯᠭᠠᠪᠠᠯ ᠵᠣᠬᠢᠨ᠎ᠠ᠃

  ᠤᠳᠤᠷᠢᠳᠭᠤ ᠺᠠᠳ᠋ᠷ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠲᠠᠯ᠎ᠠ᠎ᠶᠢᠨ ᠬᠠᠤᠯᠢ ᠲᠣᠭᠲᠠᠭᠠᠯ ᠳᠦᠷᠢᠮ᠎ᠢ ᠵᠢᠱᠢᠶᠡᠴᠢ᠎ᠪᠡᠷ ᠵᠢᠷᠤᠮᠯᠠᠨ ᠰᠠᠬᠢᠵᠤ ᠴᠢᠩᠭ᠎ᠠ ᠬᠡᠷᠡᠭᠵᠢᠭᠦᠯᠵᠦ᠂ ᠨᠠᠮ᠎ᠤᠨ ᠭᠡᠱᠢᠭᠦᠨ᠎ᠦ ᠬᠡᠪ᠎ᠦᠨ ᠶᠣᠰᠤᠭᠠᠷ ᠡᠷᠬᠡ᠎ᠪᠡᠨ ᠬᠡᠷᠡᠭᠵᠢᠭᠦᠯᠬᠦ᠎ᠶᠢ ᠳᠠᠮᠵᠢᠨ ᠵᠣᠷᠢᠭᠵᠢᠭᠤᠯᠪᠠᠯ ᠵᠣᠬᠢᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠭᠣᠤᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠶᠢ ᠡᠭᠦᠷᠭᠡᠯᠡᠵᠦ᠂ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠠᠵᠢᠯ᠎ᠤᠨ ᠪᠠᠢᠴᠠᠭᠠᠨ ᠰᠤᠳᠤᠯᠤᠯᠲᠠ ᠪᠠ ᠬᠣᠯᠪᠤᠭᠳᠠᠯ ᠪᠦᠬᠦᠢ ᠲᠣᠭᠲᠠᠴᠠ᠎ᠶᠢᠨ ᠪᠠᠢᠭᠤᠯᠤᠯᠲᠠ᠎ᠶᠢ ᠴᠢᠩᠭᠠᠳᠬᠠᠨ᠂ ᠳᠣᠪᠤᠢᠮ᠎ᠠ ᠠᠰᠠᠭᠤᠳᠠᠯ᠎ᠢ ᠱᠢᠢᠳᠪᠦᠷᠢᠯᠡᠬᠦ᠎ᠶᠢ ᠠᠬᠢᠭᠤᠯᠵᠤ᠂ ᠲᠤᠰ ᠭᠠᠵᠠᠷ ᠣᠷᠤᠨ ᠲᠤᠰ ᠰᠠᠯᠠᠭ᠎ᠠ ᠮᠥᠴᠢᠷ ᠲᠤᠰ ᠪᠠᠢᠭᠤᠯᠭ᠎ᠠ ᠨᠢᠭᠡᠴᠢ᠎ᠶᠢᠨ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠠᠵᠢᠯ᠎ᠢ ᠨᠠᠢᠳᠠᠪᠤᠷᠢᠵᠢᠭᠤᠯᠬᠤ᠎ᠶᠢ ᠰᠠᠢᠲᠤᠷ ᠠᠳᠭᠤᠪᠠᠯ ᠵᠣᠬᠢᠨ᠎ᠠ᠃

  ᠳᠥᠴᠢᠨ ᠲᠠᠪᠤᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠪᠠ ᠤᠳᠤᠷᠢᠳᠭᠤ ᠺᠠᠳ᠋ᠷ ᠳᠣᠤᠷ᠎ᠠ ᠳᠤᠷᠠᠳᠤᠭᠰᠠᠨ ᠨᠠᠮ᠎ᠤᠨ ᠭᠡᠱᠢᠭᠦᠨ᠎ᠦ ᠡᠷᠬᠡ᠎ᠳᠦ ᠬᠠᠯᠳᠠᠭᠰᠠᠨ ᠪᠠᠢᠳᠠᠯ᠎ᠤᠨ ᠨᠢᠭᠡ᠎ᠨᠢ ᠪᠠᠢᠪᠠᠯ ᠲᠣᠭᠲᠠᠭᠠᠯ ᠶᠣᠰᠤᠭᠠᠷ ᠰᠠᠬᠢᠯᠭ᠎ᠠ ᠪᠠᠲᠤ ᠶᠣᠰᠤᠭᠠᠷ ᠬᠠᠷᠢᠭᠤᠴᠠᠯᠭ᠎ᠠ ᠨᠡᠬᠡᠮᠵᠢᠯᠡᠪᠡᠯ ᠵᠣᠬᠢᠨ᠎ᠠ᠃

  (ᠨᠢᠭᠡ) ᠲᠣᠭᠲᠠᠭᠠᠯ ᠶᠣᠰᠤᠭᠠᠷ ᠨᠠᠮ᠎ᠤᠨ ᠳᠣᠲᠤᠭᠠᠳᠤ᠎ᠶᠢᠨ ᠬᠡᠷᠡᠭ ᠶᠠᠪᠤᠳᠠᠯ᠎ᠢ ᠢᠯᠡ ᠪᠣᠯᠭᠠᠬᠤ ᠦᠭᠡᠢ᠂ ᠨᠠᠮ᠎ᠤᠨ ᠭᠡᠱᠢᠭᠦᠨ᠎ᠦ ᠪᠠᠢᠳᠠᠯ ᠮᠡᠳᠡᠬᠦ ᠡᠷᠬᠡ᠎ᠳᠦ ᠬᠠᠯᠳᠠᠬᠤ;

  (ᠬᠣᠶᠠᠷ) ᠠᠷᠠᠳᠴᠢᠯᠠᠯ ᠲᠥᠪᠯᠡᠷᠡᠯ᠎ᠦᠨ ᠶᠣᠰᠤᠨ᠎ᠤ ᠵᠠᠷᠴᠢᠮ᠎ᠢ ᠵᠥᠷᠢᠴᠡᠵᠦ᠂ ᠨᠠᠮ᠎ᠤᠨ ᠳᠣᠲᠤᠭᠠᠳᠤ᠎ᠶᠢᠨ ᠠᠷᠠᠳᠴᠢᠯᠠᠯ᠎ᠢ ᠳᠠᠷᠤᠵᠤ ᠡᠪᠳᠡᠬᠦ᠌᠂ ᠲᠣᠭᠲᠠᠭᠠᠯ᠎ᠢ ᠵᠥᠷᠢᠴᠡᠨ ᠴᠢᠬᠤᠯᠠ ᠶᠡᠬᠡ ᠠᠰᠠᠭᠤᠳᠠᠯ᠎ᠢ ᠲᠣᠭᠲᠠᠭᠠᠬᠤ;

  (ᠭᠤᠷᠪᠠ) ᠠᠷᠠᠳᠴᠢᠯᠠᠯ᠎ᠢᠶ᠋ᠠᠷ ᠰᠣᠩᠭᠤᠨ ᠳᠡᠪᠰᠢᠭᠦᠯᠬᠦ᠌᠂ ᠠᠷᠠᠳᠴᠢᠯᠠᠯ᠎ᠢᠶ᠋ᠠᠷ ᠱᠢᠯᠭᠠᠨ ᠦᠨᠡᠯᠡᠬᠦ᠌᠂ ᠠᠷᠠᠳᠴᠢᠯᠠᠯ᠎ᠢᠶ᠋ᠠᠷ ᠵᠥᠪᠯᠡᠨ ᠲᠣᠭᠲᠠᠭᠠᠬᠤ᠂ ᠱᠢᠯᠭᠠᠨ ᠪᠠᠢᠴᠠᠭᠠᠬᠤ ᠪᠠ ᠨᠠᠮ᠎ᠤᠨ ᠳᠣᠲᠤᠭᠠᠳᠤ᠎ᠶᠢᠨ ᠰᠣᠩᠭᠤᠭᠤᠯᠢ ᠵᠡᠷᠭᠡ ᠠᠵᠢᠯ ᠳᠤᠮᠳᠠ᠂ ᠵᠣᠬᠢᠶᠠᠨ ᠪᠠᠢᠭᠤᠯᠤᠯᠲᠠ᠎ᠶᠢᠨ ᠵᠠᠷᠴᠢᠮ᠎ᠢ ᠵᠥᠷᠢᠴᠡᠵᠦ᠂ ᠰᠢᠬᠠᠮᠳᠠᠭᠤᠯᠬᠤ᠂ ᠰᠦᠷᠳᠡᠭᠦᠯᠬᠦ᠌᠂ ᠮᠡᠬᠡᠯᠡᠬᠦ᠌᠂ ᠲᠠᠲᠠᠬᠤ ᠵᠡᠷᠭᠡ ᠠᠷᠭ᠎ᠠ ᠪᠠᠷᠢᠯ᠎ᠢᠶ᠋ᠠᠷ᠂ ᠨᠠᠮ᠎ᠤᠨ ᠭᠡᠱᠢᠭᠦᠨ᠎ᠦ ᠪᠠᠲᠤᠯᠠᠬᠤ ᠡᠷᠬᠡ᠂ ᠰᠣᠩᠭᠤᠭᠤᠯᠢ᠎ᠶᠢᠨ ᠡᠷᠬᠡ ᠪᠠ ᠰᠣᠩᠭᠤᠭᠳᠠᠬᠤ ᠡᠷᠬᠡ ᠵᠡᠷᠭᠡ ᠡᠷᠬᠡ᠎ᠪᠡᠨ ᠡᠵᠡᠨ ᠮᠡᠳᠡᠵᠦ ᠬᠡᠷᠡᠭᠵᠢᠭᠦᠯᠬᠦ᠎ᠶᠢ ᠬᠠᠷᠱᠢᠯᠠᠬᠤ;

  (ᠳᠥᠷᠪᠡ) ᠨᠠᠮ᠎ᠤᠨ ᠭᠡᠱᠢᠭᠦᠨ᠎ᠦ ᠰᠢᠭᠦᠮᠵᠢᠯᠡᠬᠦ᠌᠂ ᠢᠯᠡᠴᠢᠯᠡᠨ ᠮᠡᠳᠡᠭᠦᠯᠬᠦ᠌᠂ ᠢᠯᠡᠴᠢᠯᠡᠨ ᠵᠠᠭᠠᠯᠳᠤᠬᠤ᠂ ᠵᠠᠭᠠᠯᠳᠤᠬᠤ᠂ ᠲᠣᠳᠣᠷᠬᠠᠢᠯᠠᠬᠤ᠂ ᠭᠡᠷᠡᠴᠢᠯᠡᠬᠦ᠌᠂ ᠥᠮᠥᠭᠯᠡᠬᠦ᠌᠂ ᠭᠣᠮᠤᠳᠠᠯ ᠲᠣᠭᠠᠴᠢᠬᠤ ᠵᠡᠷᠭᠡ ᠬᠡᠪ᠎ᠦᠨ ᠶᠣᠰᠤᠨ᠎ᠤ ᠡᠷᠬᠡ᠎ᠪᠡᠨ ᠬᠡᠷᠡᠭᠵᠢᠭᠦᠯᠬᠦ ᠠᠵᠢᠯᠯᠠᠭ᠎ᠠ᠎ᠶᠢ ᠨᠡᠬᠡᠮᠵᠢᠯᠡᠬᠦ ᠪᠤᠶᠤ ᠬᠣᠷᠢᠭᠯᠠᠨ ᠳᠠᠷᠤᠬᠤ᠂ ᠴᠣᠬᠢᠯᠲᠠ ᠦᠭᠴᠤ ᠬᠠᠷᠢᠭᠤ ᠠᠪᠬᠤ ᠵᠡᠷᠭᠡ ᠠᠷᠭ᠎ᠠ ᠪᠠᠷᠢᠯ᠎ᠢᠶ᠋ᠠᠷ ᠨᠠᠮ᠎ᠤᠨ ᠭᠡᠱᠢᠭᠦᠨ᠎ᠦ ᠬᠡᠪ᠎ᠦᠨ ᠶᠣᠰᠤᠭᠠᠷ ᠡᠷᠬᠡ᠎ᠪᠡᠨ ᠬᠡᠷᠡᠭᠵᠢᠭᠦᠯᠬᠦ᠎ᠶᠢ᠎ᠨᠢ ᠬᠠᠷᠱᠢᠯᠠᠬᠤ;

  (ᠲᠠᠪᠤ) ᠢᠯᠡᠴᠢᠯᠡᠨ ᠮᠡᠳᠡᠭᠦᠯᠦᠭᠰᠡᠨ᠂ ᠢᠯᠡᠴᠢᠯᠡᠨ ᠵᠠᠭᠠᠯᠳᠤᠭᠰᠠᠨ᠂ ᠵᠠᠭᠠᠯᠳᠤᠭᠰᠠᠨ ᠵᠡᠷᠭᠡ ᠨᠢᠭᠤᠴᠠ᠎ᠶᠢ ᠬᠠᠮᠠᠭᠠᠯᠠᠪᠠᠯ ᠵᠣᠬᠢᠬᠤ ᠮᠡᠳᠡᠭᠡ ᠵᠠᠩᠭᠢ᠎ᠶᠢ ᠵᠠᠳᠠᠷᠠᠭᠤᠯᠬᠤ;

  (ᠵᠢᠷᠭᠤᠭ᠎ᠠ) ᠬᠢᠨᠠᠨ ᠪᠠᠢᠴᠠᠭᠠᠬᠤ ᠱᠢᠯᠭᠠᠨ ᠪᠠᠢᠴᠠᠭᠠᠬᠤ ᠠᠷᠭ᠎ᠠ ᠬᠡᠮᠵᠢᠶ᠎ᠡ᠎ᠶᠢ ᠳᠦᠷᠢᠮ ᠲᠣᠭᠲᠠᠭᠠᠯ᠎ᠠᠴᠠ ᠵᠥᠷᠢᠴᠡᠵᠦ ᠬᠠᠤᠯᠢ᠎ᠠᠴᠠ ᠵᠥᠷᠢᠴᠡᠨ ᠬᠡᠷᠡᠭᠵᠢᠭᠦᠯᠵᠦ᠂ ᠨᠠᠮ᠎ᠤᠨ ᠭᠡᠱᠢᠭᠦᠨ᠎ᠦ ᠬᠠᠤᠯᠢ ᠶᠣᠰᠤᠨ᠎ᠤ ᠡᠷᠬᠡ ᠠᠱᠢᠭ᠎ᠲᠤ ᠬᠠᠯᠳᠠᠬᠤ;

  (ᠳᠣᠯᠤᠭ᠎ᠠ) ᠨᠠᠮ᠎ᠤᠨ ᠭᠡᠱᠢᠭᠦᠨ᠎ᠦ ᠬᠡᠪ᠎ᠦᠨ ᠶᠣᠰᠤᠭᠠᠷ ᠡᠷᠬᠡ᠎ᠪᠡᠨ ᠬᠡᠷᠡᠭᠵᠢᠭᠦᠯᠬᠦ ᠭᠤᠶᠤᠴᠢᠯᠠᠯ᠎ᠢ ᠨᠠᠵᠠᠭᠠᠢ᠎ᠪᠠᠷ ᠠᠷᠭᠠᠴᠠᠭᠠᠬᠤ᠂ ᠬᠠᠷᠢᠭᠤᠴᠠᠯᠭ᠎ᠠ᠎ᠶᠢ ᠬᠠᠷᠢᠯᠴᠠᠨ ᠲᠦᠯᠬᠢᠯᠴᠡᠵᠦ᠂ ᠲᠥᠷᠦ᠎ᠶᠢᠨ ᠪᠣᠳᠤᠯᠭ᠎ᠠ ᠪᠤᠶᠤ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠱᠢᠢᠳᠪᠦᠷᠢᠯᠡᠵᠦ ᠳᠡᠢᠯᠬᠦ᠎ᠶᠢ᠎ᠨᠢ ᠴᠠᠭ ᠲᠤᠬᠠᠢ᠎ᠳᠤ᠎ᠨᠢ ᠱᠢᠢᠳᠪᠦᠷᠢᠯᠡᠬᠦ᠎ᠦᠭᠡᠢ ᠪᠠᠢᠬᠤ;

  (ᠨᠠᠢ᠍ᠮᠠ) ᠨᠠᠮ᠎ᠤᠨ ᠭᠡᠱᠢᠭᠦᠨ᠎ᠦ ᠡᠷᠬᠡ᠎ᠳᠦ ᠬᠠᠯᠳᠠᠭᠰᠠᠨ ᠪᠤᠰᠤᠳ ᠪᠠᠢᠳᠠᠯ᠃

  ᠳᠥᠴᠢᠨ ᠵᠢᠷᠭᠤᠳᠤᠭᠠᠷ ᠵᠦᠢᠯ  ᠨᠠᠮ᠎ᠤᠨ ᠭᠡᠱᠢᠭᠦᠨ ᠡᠷᠬᠡ᠎ᠪᠡᠨ ᠵᠥᠪ ᠬᠡᠷᠡᠭᠵᠢᠭᠦᠯᠬᠦ ᠦᠭᠡᠢ᠂ ᠨᠠᠮ᠂ ᠤᠯᠤᠰ ᠪᠠ ᠠᠷᠠᠳ ᠲᠦᠮᠡᠨ᠎ᠦ ᠡᠷᠬᠡ ᠠᠱᠢᠭ᠎ᠢ ᠬᠣᠬᠢᠷᠠᠭᠤᠯᠬᠤ ᠳᠣᠤᠷᠠᠬᠢ ᠠᠵᠢᠯᠯᠠᠭ᠎ᠠ᠎ᠶᠢᠨ ᠨᠢᠭᠡ᠎ᠨᠢ ᠪᠠᠢᠪᠠᠯ᠂ ᠲᠣᠭᠲᠠᠭᠠᠯ ᠶᠣᠰᠤᠭᠠᠷ ᠰᠠᠬᠢᠯᠭ᠎ᠠ ᠪᠠᠲᠤ ᠶᠣᠰᠤᠭᠠᠷ ᠬᠠᠷᠢᠭᠤᠴᠠᠯᠭ᠎ᠠ ᠨᠡᠬᠡᠮᠵᠢᠯᠡᠪᠡᠯ ᠵᠣᠬᠢᠨ᠎ᠠ᠄

  (ᠨᠢᠭᠡ) ᠨᠠᠮ᠎ᠤᠨ ᠣᠨᠤᠯ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ ᠪᠠ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠠᠴᠠ ᠲᠡᠷᠰᠯᠡᠭᠰᠡᠨ ᠦᠵᠡᠯᠲᠡ ᠪᠠ ᠰᠠᠨᠠᠯ᠎ᠢ ᠢᠯᠡ ᠨᠡᠢᠲᠡᠯᠡᠬᠦ;

  (ᠬᠣᠶᠠᠷ) ᠵᠣᠬᠢᠶᠠᠨ ᠪᠠᠢᠭᠤᠯᠤᠯᠲᠠ᠎ᠶᠢᠨ ᠵᠠᠷᠴᠢᠮ ᠪᠠ ᠡᠮᠬᠢ ᠵᠢᠷᠤᠮ ᠶᠣᠰᠤᠭᠠᠷ ᠰᠢᠭᠦᠮᠵᠢᠯᠡᠬᠦ᠌᠂ ᠢᠯᠡᠴᠢᠯᠡᠨ ᠮᠡᠳᠡᠭᠦᠯᠬᠦ᠌᠂ ᠢᠯᠡᠴᠢᠯᠡᠨ ᠵᠠᠭᠠᠯᠳᠤᠬᠤ᠂ ᠵᠠᠭᠠᠯᠳᠤᠬᠤ ᠠᠵᠢᠯ ᠬᠢᠬᠦ᠎ᠦᠭᠡᠢ ᠵᠢᠴᠢ ᠰᠢᠢᠳᠪᠦᠷᠢᠯᠡᠬᠦ᠌᠂ ᠱᠢᠢᠳᠬᠡᠯ ᠦᠭᠬᠦ᠌᠂ ᠣᠭᠴᠣᠷᠠᠭᠤᠯᠬᠤ᠂ ᠪᠠᠭᠤᠯᠭᠠᠬᠤ᠂ ᠰᠣᠯᠢᠬᠤ ᠱᠠᠭᠠᠷᠳᠠᠯᠭ᠎ᠠ ᠳᠤᠷᠠᠳᠭᠤ ᠦᠭᠡᠢ᠂ ᠡᠰᠡᠬᠦᠯ᠎ᠡ ᠳᠤᠷ᠎ᠠ᠎ᠪᠠᠷ᠎ᠢᠶ᠋ᠠᠨ ᠲᠠᠷᠬᠠᠭᠠᠬᠤ᠂ ᠳᠠᠮᠵᠢᠭᠤᠯᠬᠤ;

  (ᠭᠤᠷᠪᠠ) ᠨᠠᠮ᠎ᠤᠨ ᠰᠠᠬᠢᠯᠭ᠎ᠠ ᠪᠠᠲᠤ ᠪᠤᠶᠤ ᠬᠠᠤᠯᠢ ᠴᠠᠭᠠᠵᠠ ᠬᠠᠤᠯᠢ ᠲᠣᠭᠲᠠᠭᠠᠯ᠎ᠠᠴᠠ ᠵᠥᠷᠢᠴᠡᠭᠰᠡᠨ ᠰᠦᠯᠵᠢᠶᠡᠨ᠎ᠦ ᠮᠡᠳᠡᠭᠡ ᠵᠠᠩᠭᠢ ᠪᠤᠶᠤ ᠪᠤᠰᠤᠳ ᠮᠡᠳᠡᠭᠡ ᠵᠠᠩᠭᠢ᠎ᠶᠢ ᠦᠢᠯᠡᠳᠬᠦ᠌᠂ ᠨᠡᠢᠲᠡᠯᠡᠬᠦ᠌᠂ ᠳᠠᠮᠵᠢᠭᠤᠯᠬᠤ;

  (ᠳᠥᠷᠪᠡ) ᠣᠷᠤ᠎ᠦᠭᠡᠢ ᠭᠠᠵᠠᠷ ᠣᠪᠤᠭ᠎ᠠ ᠪᠤᠰᠬᠠᠬᠤ᠂ ᠮᠠᠲᠧᠷᠢᠶᠠᠯ᠎ᠢ ᠬᠠᠭᠤᠷᠮᠠᠭᠯᠠᠨ ᠵᠣᠬᠢᠶᠠᠵᠤ ᠭᠦᠵᠢᠷᠯᠡᠨ ᠵᠠᠭᠠᠯᠳᠤᠵᠤ ᠭᠦᠳᠬᠡᠨ ᠬᠣᠤᠷᠯᠠᠬᠤ;

  (ᠲᠠᠪᠤ) ᠨᠠᠮ᠎ᠤᠨ ᠭᠡᠱᠢᠭᠦᠨ᠎ᠦ ᠡᠷᠬᠡ᠎ᠶᠢ ᠪᠤᠷᠤᠭᠤ᠎ᠪᠠᠷ ᠬᠡᠷᠡᠭᠵᠢᠭᠦᠯᠬᠦ ᠪᠤᠰᠤᠳ ᠦᠢᠯᠡ ᠠᠵᠢᠯᠯᠠᠭ᠎ᠠ᠃

  ᠳᠥᠴᠢᠨ ᠳᠣᠯᠤᠳᠤᠭᠠᠷ ᠵᠦᠢᠯ  ᠨᠠᠮ᠎ᠤᠨ ᠭᠡᠱᠢᠭᠦᠨ᠎ᠦ ᠡᠷᠬᠡ᠎ᠳᠦ ᠬᠠᠯᠳᠠᠭᠰᠠᠨ ᠦᠢᠯᠡ ᠠᠵᠢᠯᠯᠠᠭ᠎ᠠ᠎ᠲᠠᠢ ᠨᠠᠮ᠎ᠤᠨ ᠵᠣᠬᠢᠶᠠᠨ ᠪᠠᠢᠭᠤᠯᠤᠯᠲᠠ᠎ᠶᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠵᠠᠷᠯᠢᠭᠳᠠᠨ ᠵᠠᠯᠠᠷᠠᠭᠤᠯᠪᠠᠯ ᠵᠣᠬᠢᠨ᠎ᠠ; ᠪᠠᠢᠳᠠᠯ ᠨᠡᠯᠢᠶᠡᠳ ᠬᠦᠨᠳᠦ᠎ᠶᠢ᠎ᠨᠢ ᠲᠣᠭᠲᠠᠭᠠᠯ ᠶᠣᠰᠤᠭᠠᠷ ᠰᠠᠬᠢᠯᠭ᠎ᠠ ᠪᠠᠲᠤ᠎ᠶᠢᠨ ᠬᠠᠷᠢᠭᠤᠴᠠᠯᠭ᠎ᠠ ᠨᠡᠬᠡᠮᠵᠢᠯᠡᠪᠡᠯ ᠵᠣᠬᠢᠨ᠎ᠠ᠃

  ᠨᠠᠮ᠎ᠤᠨ ᠭᠡᠱᠢᠭᠦᠨ᠎ᠦ ᠡᠷᠬᠡ᠎ᠳᠦ ᠬᠠᠯᠳᠠᠭᠰᠠᠨ ᠦᠢᠯᠡ ᠠᠵᠢᠯᠯᠠᠭ᠎ᠠ᠎ᠲᠠᠢ ᠨᠠᠮ᠎ᠤᠨ ᠭᠡᠱᠢᠭᠦᠨ᠎ᠢ ᠨᠠᠮ᠎ᠤᠨ ᠵᠣᠬᠢᠶᠠᠨ ᠪᠠᠢᠭᠤᠯᠤᠯᠲᠠ ᠪᠤᠶᠤ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠡᠷᠬᠡ᠎ᠳᠦ ᠬᠠᠯᠳᠠᠭᠰᠠᠨ ᠦᠢᠯᠡ ᠠᠵᠢᠯᠯᠠᠭ᠎ᠠ᠎ᠶᠢ᠎ᠨᠢ ᠵᠠᠷᠯᠢᠭᠳᠠᠨ ᠵᠣᠭᠰᠣᠭᠠᠬᠤ᠂ ᠵᠠᠷᠯᠢᠭᠳᠠᠨ ᠣᠰᠤᠯ ᠬᠦᠯᠢᠶᠡᠯᠭᠡᠨ ᠪᠤᠷᠤᠭᠤ ᠮᠡᠳᠡᠭᠦᠯᠬᠦ ᠵᠢᠴᠢ ᠱᠢᠭᠦᠮᠵᠢᠯᠡᠨ ᠬᠥᠮᠦᠵᠢᠭᠦᠯᠵᠦ᠂ ᠵᠠᠷᠯᠢᠭᠳᠠᠨ ᠪᠠᠢᠴᠠᠭᠠᠯᠭᠠᠵᠤ᠂ ᠰᠡᠷᠡᠮᠵᠢᠯᠡᠭᠦᠯᠦᠨ ᠰᠠᠨᠠᠭᠤᠯᠬᠤ ᠵᠡᠷᠭᠡ ᠠᠷᠭ᠎ᠠ ᠬᠡᠯᠪᠡᠷᠢ᠎ᠪᠡᠷ ᠱᠢᠢᠳᠪᠦᠷᠢᠯᠡᠪᠡᠯ ᠵᠣᠬᠢᠨ᠎ᠠ; ᠪᠠᠢᠳᠠᠯ ᠨᠡᠯᠢᠶᠡᠳ ᠬᠦᠨᠳᠦ᠎ᠶᠢ᠎ᠨᠢ ᠲᠣᠭᠲᠠᠭᠠᠯ ᠶᠣᠰᠤᠭᠠᠷ ᠵᠣᠬᠢᠶᠠᠨ ᠪᠠᠢᠭᠤᠯᠤᠯᠲᠠ᠎ᠶᠢᠨ ᠲᠣᠬᠢᠷᠠᠭᠤᠯᠤᠯᠲᠠ ᠬᠢᠬᠦ ᠪᠤᠶᠤ ᠵᠣᠬᠢᠶᠠᠨ ᠪᠠᠢᠭᠤᠯᠤᠯᠲᠠ᠎ᠠᠴᠠ ᠰᠢᠢᠳᠪᠦᠷᠢᠯᠡᠵᠦ᠂ ᠨᠠᠮ᠎ᠤᠨ ᠰᠠᠬᠢᠯᠭ᠎ᠠ ᠪᠠᠲᠤ᠎ᠶᠢᠨ ᠱᠢᠢᠳᠬᠡᠯ ᠦᠭᠪᠡᠯ ᠵᠣᠬᠢᠨ᠎ᠠ᠃

  ᠳᠥᠴᠢᠨ ᠨᠠᠢ᠍ᠮᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠤᠯᠲᠠ ᠪᠠ ᠤᠳᠤᠷᠢᠳᠭᠤ ᠺᠠᠳ᠋ᠷ ᠨᠠᠮ᠎ᠤᠨ ᠳᠦᠷᠢᠮ ᠪᠠ ᠨᠠᠮ᠎ᠤᠨ ᠳᠣᠲᠤᠭᠠᠳᠤ᠎ᠶᠢᠨ ᠪᠤᠰᠤᠳ ᠬᠠᠤᠯᠢ ᠲᠣᠭᠲᠠᠭᠠᠯ᠎ᠤᠨ ᠲᠣᠭᠲᠠᠭᠠᠯ᠎ᠠᠴᠠ ᠵᠥᠷᠢᠴᠡᠵᠦ᠂ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠬᠠᠷᠢᠭᠤᠴᠠᠯᠭ᠎ᠠ᠎ᠪᠠᠨ ᠭᠦᠢᠴᠡᠳᠬᠡᠬᠦ᠎ᠦᠭᠡᠢ ᠪᠤᠶᠤ ᠵᠥᠪ ᠭᠦᠢᠴᠡᠳᠬᠡᠬᠦ ᠦᠭᠡᠢ᠎ᠡᠴᠡ ᠪᠣᠯᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠤᠶᠤ ᠮᠠᠭᠤ ᠨᠥᠯᠦᠭᠡ ᠭᠠᠷᠭᠠᠭᠰᠠᠨ᠎ᠢ ᠬᠠᠮᠢᠶᠠᠷᠤᠯᠲᠠ᠎ᠶᠢᠨ ᠡᠷᠬᠡ᠎ᠶᠢᠨ ᠬᠢᠵᠠᠭᠠᠷ᠎ᠢ ᠦᠨᠳᠦᠰᠦᠯᠡᠵᠦ ᠬᠣᠯᠪᠤᠭᠳᠠᠯ ᠪᠦᠬᠦᠢ ᠨᠠᠮ᠎ᠤᠨ ᠬᠣᠷᠢᠶ᠎ᠠ  (ᠨᠠᠮ᠎ᠤᠨ ᠤᠳᠤᠷᠢᠳᠭᠤ ᠳᠤᠭᠤᠢᠯᠠᠩ)᠂ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ ᠪᠤᠶᠤ ᠨᠠᠮ᠎ᠤᠨ ᠠᠵᠢᠯ᠎ᠤᠨ ᠪᠠᠢᠭᠤᠯᠭ᠎ᠠ᠎ᠠᠴᠠ ᠬᠠᠷᠢᠭᠤᠴᠠᠯᠭ᠎ᠠ ᠨᠡᠬᠡᠮᠵᠢᠯᠡᠪᠡᠯ ᠵᠣᠬᠢᠨ᠎ᠠ᠃

  ᠲᠦᠴᠢ ᠶᠢᠰᠦᠳᠦᠭᠡᠷ ᠵᠦᠢᠯ  ᠨᠠᠮ᠎ᠤᠨ ᠭᠡᠱᠢᠭᠦᠨ᠎ᠦ ᠡᠷᠬᠡ᠎ᠳᠦ ᠬᠠᠯᠳᠠᠵᠤ ᠨᠠᠮ᠎ᠤᠨ ᠰᠠᠬᠢᠯᠭ᠎ᠠ ᠪᠠᠲᠤ ᠶᠣᠰᠤᠭᠠᠷ ᠨᠡᠬᠡᠮᠵᠢᠯᠡᠭᠳᠡᠭᠰᠡᠨ ᠪᠤᠶᠤ ᠨᠠᠮ᠎ᠤᠨ ᠭᠡᠱᠢᠭᠦᠨ᠎ᠦ ᠡᠷᠬᠡ᠎ᠶᠢ ᠪᠠᠲᠤᠯᠠᠬᠤ ᠲᠠᠯ᠎ᠠ᠎ᠪᠠᠷ ᠲᠤᠱᠢᠶᠠᠯ᠎ᠳᠠᠭᠠᠨ ᠣᠰᠤᠯᠳᠠᠵᠤ ᠬᠠᠷᠢᠭᠤᠴᠠᠯᠭ᠎ᠠ ᠠᠯᠳᠠᠵᠤ ᠬᠠᠷᠢᠭᠤᠴᠠᠯᠭ᠎ᠠ ᠨᠡᠬᠡᠮᠵᠢᠯᠡᠭᠳᠡᠭᠰᠡᠨ ᠨᠠᠮ᠎ᠤᠨ ᠭᠡᠱᠢᠭᠦᠨ᠎ᠳᠦ ᠵᠠᠰᠠᠭ᠎ᠤᠨ ᠶᠠᠪᠤᠳᠠᠯ᠎ᠤᠨ ᠱᠢᠢᠳᠬᠡᠯ ᠦᠭᠬᠦ ᠪᠤᠶᠤ ᠪᠤᠰᠤᠳ ᠠᠷᠭ᠎ᠠ ᠬᠡᠯᠪᠡᠷᠢ᠎ᠪᠡᠷ ᠱᠢᠢᠳᠪᠦᠷᠢᠯᠡᠬᠦ ᠴᠢᠬᠤᠯᠠᠲᠠᠢ᠎ᠶᠢ᠎ᠨᠢ ᠨᠠᠮ᠎ᠤᠨ ᠰᠠᠬᠢᠯᠭ᠎ᠠ ᠪᠠᠲᠤ᠎ᠶᠢᠨ ᠱᠢᠢᠳᠬᠡᠯ ᠦᠭᠬᠦ ᠲᠣᠭᠲᠠᠭᠠᠯ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠭᠠᠷᠭᠠᠭᠰᠠᠨ ᠨᠠᠮ᠎ᠤᠨ ᠵᠣᠬᠢᠶᠠᠨ ᠪᠠᠢᠭᠤᠯᠤᠯᠲᠠ ᠬᠣᠯᠪᠤᠭᠳᠠᠯ ᠪᠦᠬᠦᠢ ᠪᠠᠢᠭᠤᠯᠭ᠎ᠠ ᠨᠢᠭᠡᠴᠢ᠎ᠳᠦ ᠵᠠᠷᠯᠠᠨ ᠮᠡᠳᠡᠭᠳᠡᠵᠦ᠂ ᠬᠣᠯᠪᠤᠭᠳᠠᠯ ᠪᠦᠬᠦᠢ ᠪᠠᠢᠭᠤᠯᠭ᠎ᠠ ᠨᠢᠭᠡᠴᠢ᠎ᠡᠴᠡ ᠬᠠᠤᠯᠢ ᠶᠣᠰᠤᠭᠠᠷ ᠵᠠᠰᠠᠭ᠎ᠤᠨ ᠶᠠᠪᠤᠳᠠᠯ᠎ᠤᠨ ᠱᠢᠢᠳᠬᠡᠯ ᠦᠭᠬᠦ ᠪᠤᠶᠤ ᠪᠤᠰᠤᠳ ᠠᠷᠭ᠎ᠠ ᠬᠡᠯᠪᠡᠷᠢ᠎ᠪᠡᠷ ᠱᠢᠢᠳᠪᠦᠷᠢᠯᠡᠪᠡᠯ ᠵᠣᠬᠢᠨ᠎ᠠ; ᠶᠠᠯ᠎ᠠ ᠬᠢᠭᠰᠡᠨ᠎ᠳᠦ ᠲᠣᠭᠠᠴᠢᠭᠳᠠᠭᠰᠠᠨ ᠪᠤᠯ ᠬᠠᠤᠯᠢ ᠶᠣᠰᠤᠭᠠᠷ ᠡᠷᠡᠭᠦᠦ᠎ᠶᠢᠨ ᠬᠡᠷᠡᠭ᠎ᠦᠨ ᠬᠠᠷᠢᠭᠤᠴᠠᠯᠭ᠎ᠠ ᠨᠡᠬᠡᠮᠵᠢᠯᠡᠪᠡᠯ ᠵᠣᠬᠢᠨ᠎ᠠ᠃

 

    ᠲᠠᠪᠤᠳᠤᠭᠠᠷ ᠪᠦᠯᠦᠭ  ᠨᠡᠮᠡᠯᠲᠡ ᠳᠦᠷᠢᠮ

 

  ᠲᠠᠪᠢᠳᠤᠭᠠᠷ ᠵᠦᠢᠯ  ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠠᠴᠠ ᠲᠤᠰ ᠳᠦᠷᠢᠮ᠎ᠢ ᠦᠨᠳᠦᠰᠦᠯᠡᠨ ᠬᠣᠯᠪᠤᠭᠳᠠᠯ ᠪᠦᠬᠦᠢ ᠲᠣᠭᠲᠠᠭᠠᠯ ᠲᠣᠭᠲᠠᠭᠠᠵᠤ ᠪᠤᠯᠤᠨ᠎ᠡ᠃

  ᠲᠠᠪᠢᠨ ᠨᠢᠭᠡᠳᠦᠭᠡᠷ ᠵᠦᠢᠯ  ᠲᠤᠰ ᠳᠦᠷᠢᠮ᠎ᠢ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠲᠡᠢ ᠵᠥᠪᠳᠡᠯᠴᠡᠨ ᠲᠠᠢᠯᠪᠤᠷᠢᠯᠠᠨ᠎ᠠ᠃

  ᠲᠠᠪᠢᠨ ᠬᠣᠶᠠᠳᠤᠭᠠᠷ ᠵᠦᠢᠯ  ᠲᠤᠰ ᠳᠦᠷᠢᠮ᠎ᠢ ᠨᠡᠢᠲᠡᠯᠡᠭᠰᠡᠨ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃

 

   (ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ)

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃