ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠠᠬᠢᠭᠤᠯᠬᠤ ᠳᠦᠷᠢᠮ
2021.09.30

(2021 ᠣᠨ᠎ᠤ 1 ᠰᠠᠷ᠎ᠠ᠎ᠶᠢᠨ 30᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭᠠᠨ᠎ᠢᠶ᠋ᠠᠷ ᠪᠠᠲᠤᠯᠠᠪᠠ)

 

    ᠨᠢᠭᠡᠳᠦᠭᠡᠷ ᠪᠦᠯᠦᠭ  ᠶᠡᠷᠦᠩᠬᠡᠢ ᠳᠦᠷᠢᠮ

 

  ᠨᠢᠭᠡᠳᠦᠭᠡᠷ ᠵᠦᠢᠯ  ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠵᠤ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠦᠢᠯᠡᠰ᠎ᠢ ᠠᠬᠢᠭᠤᠯᠤᠨ᠂ ᠡᠷᠬᠡ ᠲᠡᠭᠱᠢ ᠪᠦᠯᠬᠦᠮᠳᠡᠯ᠎ᠲᠡᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠨᠡᠶ᠋ᠢᠭᠡᠮ ᠵᠢᠷᠤᠮ᠎ᠤᠨ ᠦᠨᠳᠦᠰᠦᠲᠡᠨ᠎ᠦ ᠬᠠᠷᠢᠴᠠᠭ᠎ᠠ᠎ᠶᠢ ᠪᠡᠬᠢᠵᠢᠭᠦᠯᠦᠨ ᠬᠥᠭᠵᠢᠭᠦᠯᠬᠦ᠎ᠶᠢᠨ ᠲᠤᠰᠠᠳᠠ᠂ ᠦᠨᠳᠦᠰᠦᠨ ᠬᠠᠤᠯᠢ᠂ ᠦᠨᠳᠦᠰᠦᠲᠡᠨ᠎ᠦ ᠣᠷᠤᠨ᠎ᠤ ᠥᠪᠡᠷᠲᠡᠭᠡᠨ ᠵᠠᠰᠠᠬᠤ ᠬᠠᠤᠯᠢ ᠪᠣᠯᠤᠨ ᠤᠯᠤᠰ᠎ᠤᠨ ᠬᠣᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠤᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭᠠᠪᠠ᠃

  ᠬᠣᠶᠠᠳᠤᠭᠠᠷ ᠵᠦᠢᠯ  ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠠᠬᠢᠭᠤᠯᠬᠤ ᠡᠯ᠎ᠡ ᠵᠦᠢᠯ᠎ᠦᠨ ᠠᠵᠢᠯᠯᠠᠭ᠎ᠠ᠎ᠳᠤ ᠲᠤᠰ ᠳᠦᠷᠢᠮ᠎ᠢ ᠬᠡᠷᠡᠭᠯᠡᠨ᠎ᠡ᠃

  ᠭᠤᠷᠪᠠᠳᠤᠭᠠᠷ ᠵᠦᠢᠯ  ᠥᠪᠦᠷ ᠮᠣᠩᠭᠤᠯ ᠪᠣᠯ ᠮᠠᠨ᠎ᠤ ᠤᠯᠤᠰ᠎ᠤᠨ ᠦᠨᠳᠦᠰᠦᠲᠡᠨ᠎ᠦ ᠣᠷᠤᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠬᠡᠷᠡᠭᠵᠢᠭᠦᠯᠦᠭᠰᠡᠨ ᠠᠩᠬᠠᠳᠠᠭᠴᠢ ᠥᠪᠡᠷᠲᠡᠭᠡᠨ ᠵᠠᠰᠠᠬᠤ ᠣᠷᠤᠨ ᠮᠥᠨ᠂ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠲᠠᠢ ᠶᠤᠮ᠃ ᠦᠨᠳᠦᠰᠦᠲᠡᠨ᠎ᠦ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠤᠯᠤᠰ᠎ᠤᠨ ᠨᠢᠭᠡᠳᠦᠯ᠎ᠢ ᠬᠠᠮᠠᠭᠠᠯᠠᠵᠤ᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠬᠤ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶᠢᠨ ᠬᠠᠷᠢᠭᠤᠴᠠᠯᠭ᠎ᠠ ᠮᠥᠨ᠃

  ᠳᠥᠷᠪᠡᠳᠦᠭᠡᠷ ᠵᠦᠢᠯ  ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠠᠬᠢᠭᠤᠯᠬᠤ᠎ᠳ᠋ᠤ᠌᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠵᠠᠮ᠎ᠢ ᠪᠠᠷᠢᠮᠲᠠᠯᠠᠵᠤ᠂ ᠤᠯᠤᠰ᠎ᠤᠨ ᠨᠢᠭᠡᠳᠦᠯ᠎ᠢ ᠬᠠᠮᠠᠭᠠᠯᠠᠬᠤ᠎ᠶᠢ ᠪᠠᠷᠢᠮᠲᠠᠯᠠᠵᠤ᠂ ᠦᠨᠳᠦᠰᠦᠲᠡᠨ᠎ᠨᠦᠭᠦᠳ ᠴᠥᠮ ᠡᠷᠬᠡ ᠲᠡᠭᠱᠢ ᠪᠠᠶ᠋ᠢᠬᠤ᠎ᠶᠢ ᠪᠠᠷᠢᠮᠲᠠᠯᠠᠵᠤ᠂ ᠦᠨᠳᠦᠰᠦᠲᠡᠨ᠎ᠦ ᠣᠷᠤᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ᠎ᠶᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠬᠦ᠎ᠶᠢ ᠪᠠᠷᠢᠮᠲᠠᠯᠠᠵᠤ᠂ ᠬᠠᠤᠯᠢ ᠶᠣᠰᠤᠭᠠᠷ ᠣᠷᠤᠨ᠎ᠢᠶ᠋ᠠᠨ ᠵᠠᠰᠠᠬᠤ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ ᠵᠥᠪ ᠵᠠᠮ᠎ᠢᠶ᠋ᠠᠷ ᠡᠷᠡᠰ ᠭᠤᠶ᠋ᠢᠪᠢᠱᠢ᠎ᠦᠭᠡᠢ ᠵᠠᠮᠨᠠᠬᠤ ᠬᠡᠷᠡᠭᠲᠡᠢ᠃

  ᠲᠠᠪᠤᠳᠤᠭᠠᠷ ᠵᠦᠢᠯ  ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠠᠬᠢᠭᠤᠯᠬᠤ᠎ᠳ᠋ᠤ᠌᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠭᠠᠬᠤ᠎ᠪᠠᠷ ᠭᠣᠤᠯ ᠱᠢᠵᠢᠮ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠣᠯᠠᠨ ᠡᠱᠢᠲᠦ ᠨᠢᠭᠡ ᠴᠣᠭᠴᠠᠵᠢᠭᠰᠠᠨ ᠪᠠᠶ᠋ᠢᠷᠢᠱᠢᠯ᠎ᠢ ᠪᠠᠷᠢᠮᠲᠠᠯᠠᠵᠤ᠂ ᠨᠡᠶ᠋ᠢᠲᠡᠯᠢᠭ ᠴᠢᠨᠠᠷ᠎ᠢ ᠨᠡᠮᠡᠭᠳᠡᠭᠦᠯᠵᠦ᠂ ᠨᠢᠭᠡ ᠴᠣᠭᠴᠠᠵᠢᠬᠤ᠎ᠶᠢ ᠠᠬᠢᠭᠤᠯᠵᠤ᠂ ᠵᠥᠷᠢᠶ᠎ᠡ᠎ᠶᠢ ᠬᠦᠨᠳᠦᠳᠭᠡᠵᠦ᠂ ᠣᠯᠠᠨ ᠶᠠᠩᠵᠤᠲᠤ ᠴᠢᠨᠠᠷ᠎ᠢ ᠪᠠᠭᠲᠠᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠦᠯᠦᠨ ᠵᠢᠯᠤᠭᠤᠳᠴᠤ ᠪᠠᠶ᠋ᠢᠭᠠᠳ ᠵᠥᠪ ᠣᠨᠤᠪᠴᠢᠲᠠᠢ ᠤᠯᠤᠰ᠎ᠤᠨ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠤᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶᠢ ᠪᠣᠢ ᠪᠣᠯᠭᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠡᠶ᠎ᠡ ᠨᠠᠶ᠋ᠢᠷᠲᠠᠢ᠎ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠬᠤ᠂ ᠡᠶ᠎ᠡ ᠵᠣᠬᠢᠴᠠᠯ᠎ᠲᠠᠢ᠎ᠪᠠᠷ ᠬᠥᠭᠵᠢᠬᠦ᠎ᠶᠢ ᠠᠬᠢᠭᠤᠯᠬᠤ ᠬᠡᠷᠡᠭᠲᠡᠢ᠃

  ᠵᠢᠷᠭᠤᠳᠤᠭᠠᠷ ᠵᠦᠢᠯ  ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠠᠬᠢᠭᠤᠯᠬᠤ᠎ᠳ᠋ᠤ᠌᠂ 《ᠳᠤᠮᠳᠠᠳᠤ᠎ᠶᠢᠨ ᠦᠨᠳᠦᠰᠦᠲᠡᠨ ᠨᠢᠭᠡ ᠭᠡᠷ ᠪᠦᠯᠢ᠎ᠶᠢᠨ ᠬᠢᠨ ᠮᠡᠲᠦ ᠳᠣᠲᠤᠨᠤ ᠪᠠᠶ᠋ᠢᠵᠦ᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠪᠡᠨ ᠬᠠᠮᠲᠤ᠎ᠪᠠᠷ ᠲᠡᠷᠭᠡᠯᠱᠢᠭᠦᠯᠬᠦ》᠎ᠪᠡᠷ ᠶᠡᠷᠦᠩᠬᠡᠢ ᠬᠠᠷᠠᠯᠲᠠ ᠪᠣᠯᠭᠠᠵᠤ᠂ ᠨᠡᠶ᠋ᠢᠭᠡᠮ ᠵᠢᠷᠤᠮ᠎ᠤᠨ ᠭᠣᠤᠯᠯᠠᠭᠴᠢ ᠥᠷᠲᠡᠭ᠎ᠦᠨ ᠦᠵᠡᠯᠲᠡ᠎ᠪᠡᠷ ᠬᠥᠲᠦᠯᠦᠨ ᠵᠢᠯᠣᠭᠣᠳᠤᠭᠤᠯᠵᠤ᠂ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ᠎ᠡᠴᠡ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ᠎ᠡᠴᠡ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ᠎ᠨᠦᠭᠦᠳ᠎ᠴᠦ ᠬᠡᠨ ᠠᠯᠢᠨ᠎ᠠ᠋ᠴᠠ᠎ᠪᠠᠨ ᠰᠠᠯᠵᠤ ᠴᠢᠳᠠᠬᠤ᠎ᠦᠭᠡᠢ ᠭᠡᠬᠦ ᠦᠵᠡᠯ ᠰᠠᠨᠠᠭ᠎ᠠ᠎ᠶᠢ ᠪᠣᠢ ᠪᠣᠯᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠭᠤᠤ ᠶᠡᠬᠡ ᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠲᠤᠬᠠᠢ ᠬᠠᠮᠲᠤ᠎ᠶᠢᠨ ᠲᠠᠨᠢᠯᠲᠠ᠎ᠶᠢ ᠴᠢᠩᠭᠠᠳᠭᠠᠬᠤ ᠬᠡᠷᠡᠭᠲᠡᠢ᠃

  ᠳᠣᠯᠤᠳᠤᠭᠠᠷ ᠵᠦᠢᠯ  ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠠᠬᠢᠭᠤᠯᠬᠤ᠎ᠳ᠋ᠤ᠌᠂ ᠦᠨᠳᠦᠰᠦᠲᠡᠨ᠎ᠦ ᠣᠷᠤᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡᠳᠦᠯ᠎ᠲᠡᠢ ᠪᠠᠶ᠋ᠢᠬᠤ ᠪᠠ ᠥᠪᠡᠷᠲᠡᠭᠡᠨ ᠵᠠᠰᠠᠬᠤ᠎ᠶᠢ ᠤᠶᠠᠯᠳᠤᠭᠤᠯᠬᠤ᠂ ᠦᠨᠳᠦᠰᠦᠲᠡᠨ᠎ᠦ ᠡᠯᠧᠮᠧᠨ᠋ᠲ ᠪᠠ ᠣᠷᠤᠨ ᠪᠦᠰᠡ᠎ᠶᠢᠨ ᠡᠯᠧᠮᠧᠨ᠋ᠲ᠎ᠢ ᠤᠶᠠᠯᠳᠤᠭᠤᠯᠬᠤ᠎ᠶᠢ ᠪᠡᠶᠡᠯᠡᠭᠦᠯᠵᠦ᠂ ᠤᠯᠤᠰ᠎ᠤᠨ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ᠎ᠶᠢ ᠦᠨᠳᠦᠰᠦᠲᠡᠨ᠎ᠨᠦᠭᠦᠳ᠎ᠦᠨ ᠬᠠᠮᠤᠭ᠎ᠤᠨ ᠳᠡᠭᠡᠳᠦ ᠠᠱᠢᠭ ᠲᠤᠰᠠ ᠪᠣᠯᠭᠠᠵᠤ᠂ ᠦᠨᠳᠦᠰᠦᠲᠡᠨ᠎ᠨᠦᠭᠦᠳ ᠡᠷᠬᠡ ᠲᠡᠭᠱᠢ ᠡᠷᠬᠡ᠎ᠪᠡᠨ ᠡᠳ᠋ᠯᠡᠬᠦ᠌᠂ ᠡᠷᠬᠡ ᠲᠡᠭᠱᠢ ᠡᠭᠦᠷᠭᠡ᠎ᠪᠡᠨ ᠭᠦᠢᠴᠡᠳᠬᠡᠬᠦ᠎ᠶᠢ ᠪᠠᠷᠢᠮᠲᠠᠯᠠᠵᠤ᠂ ᠡᠯ᠎ᠡ ᠵᠦᠢᠯ᠎ᠦᠨ ᠠᠵᠢᠯ ᠦᠢᠯᠡᠰ᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠬᠡᠷᠡᠭᠲᠡᠢ᠃

  ᠨᠠᠢ᠍ᠮᠠᠳᠤᠭᠠᠷ ᠵᠦᠢᠯ  ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠠᠬᠢᠭᠤᠯᠬᠤ᠎ᠳ᠋ᠤ᠌᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶ᠋ᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ ᠨᠡᠶ᠋ᠢᠭᠡᠮ᠎ᠦᠨ ᠲᠣᠭᠲᠠᠭᠤᠨ ᠪᠠ ᠬᠢᠯᠢ ᠬᠢᠵᠠᠭᠠᠷ᠎ᠤᠨ ᠪᠠᠲᠤᠵᠢᠭᠤᠯᠤᠯᠲᠠ᠎ᠶᠢ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠣᠭᠲᠠᠭᠤᠨ᠎ᠤ ᠬᠠᠯᠬᠠᠪᠴᠢ᠎ᠶᠢ ᠪᠠᠲᠤ ᠴᠣᠭᠴᠠᠯᠠᠵᠤ᠂ ᠦᠵᠡᠰᠬᠦᠯᠡᠩᠲᠦ ᠰᠠᠢᠬᠠᠨ ᠥᠪᠦᠷ ᠮᠣᠩᠭᠤᠯ᠎ᠢᠶ᠋ᠠᠨ ᠪᠦᠲᠦᠭᠡᠨ ᠪᠠᠶ᠋ᠢᠭᠤᠯᠵᠤ᠂ ᠠᠭᠤᠤ ᠶᠡᠬᠡ ᠳᠤᠮᠳᠠᠳᠤ᠎ᠶᠢᠨ ᠵᠡᠭᠦᠳᠦ᠎ᠪᠡᠨ ᠬᠠᠮᠲᠤ᠎ᠪᠠᠷ ᠲᠡᠷᠭᠡᠯᠰᠢᠭᠦᠯᠵᠦ᠂ ᠱᠢᠨ᠎ᠡ ᠴᠠᠭ ᠦᠶ᠎ᠡ᠎ᠳᠦ ᠵᠢᠱᠢᠶᠡᠴᠢ ᠥᠪᠡᠷᠲᠡᠭᠡᠨ ᠵᠠᠰᠠᠬᠤ ᠣᠷᠤᠨ᠎ᠤ ᠡᠷᠬᠢᠮ ᠳᠡᠭᠡᠳᠦ ᠢᠷᠠᠭᠤ ᠠᠯᠳᠠᠷ᠎ᠢᠶ᠋ᠠᠨ ᠦᠷᠭᠦᠯᠵᠢᠯᠡᠨ ᠪᠠᠲᠤᠯᠠᠬᠤ ᠬᠡᠷᠡᠭᠲᠡᠢ᠃

  ᠶᠢᠰᠦᠳᠦᠭᠡᠷ ᠵᠦᠢᠯ  ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠠᠬᠢᠭᠤᠯᠬᠤ᠎ᠳ᠋ᠤ᠌᠂ ᠱᠢᠨ᠎ᠡ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠬᠢᠬᠦ᠎ᠶᠢ ᠪᠠᠷᠢᠮᠲᠠᠯᠠᠵᠤ᠂ ᠠᠮᠢ ᠠᠬᠤᠢ᠎ᠢ ᠤᠷᠢᠳ᠎ᠢᠶ᠋ᠠᠷ ᠪᠣᠳᠤᠯᠬᠢᠯᠠᠭᠰᠠᠨ ᠪᠣᠬᠢᠷᠲᠤᠯ᠎ᠦᠭᠡᠢ ᠬᠥᠭᠵᠢᠯᠲᠡ᠎ᠪᠡᠷ ᠤᠳᠤᠷᠢᠳᠤᠮᠵᠢ ᠪᠣᠯᠭᠠᠵᠤ᠂ ᠥᠪᠡᠷᠲᠡᠭᠡᠨ ᠵᠠᠰᠠᠬᠤ ᠣᠷᠤᠨ᠎ᠤ ᠠᠵᠤ ᠠᠬᠤᠢ ᠨᠡᠶ᠋ᠢᠭᠡᠮ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠬᠢᠷᠢ ᠲᠦᠪᠱᠢᠨ᠎ᠢ ᠳᠡᠭᠡᠭᠰᠢᠯᠡᠭᠦᠯᠵᠦ᠂ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ᠎ᠶᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠱᠢᠨ᠎ᠦ ᠬᠠᠯᠬᠠᠪᠴᠢ᠎ᠶᠢ ᠴᠣᠭᠴᠠᠯᠠᠵᠤ᠂ ᠦᠨᠳᠦᠰᠦᠲᠡᠨ᠎ᠨᠦᠭᠦᠳ᠎ᠦᠨ ᠨᠡᠩ ᠥᠨᠳᠦᠷ ᠬᠢᠷᠢ ᠲᠦᠪᠱᠢᠨ ᠪᠦᠬᠦᠢ ᠪᠣᠯᠪᠠᠰᠤᠨ᠎ᠳᠤ ᠠᠯᠬᠤᠨ ᠣᠷᠤᠬᠤ᠎ᠶᠢ ᠠᠬᠢᠭᠤᠯᠵᠤ᠂ ᠨᠡᠶ᠋ᠢᠭᠡᠮ ᠵᠢᠷᠤᠮ᠎ᠤᠨ ᠣᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠱᠢᠨ᠎ᠡ ᠠᠶᠠᠨ᠎ᠳᠤ ᠥᠪᠦᠷ ᠮᠣᠩᠭᠤᠯ᠎ᠤᠨ ᠬᠥᠭᠵᠢᠯᠲᠡ᠎ᠶᠢᠨ ᠱᠢᠨ᠎ᠡ ᠬᠠᠭᠤᠳᠠᠰᠤ᠎ᠶᠢ ᠪᠢᠴᠢᠭᠯᠡᠬᠦ ᠬᠡᠷᠡᠭᠲᠡᠢ᠃

  ᠠᠷᠪᠠᠳᠤᠭᠠᠷ ᠵᠦᠢᠯ  ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠠᠬᠢᠭᠤᠯᠬᠤ᠎ᠳ᠋ᠤ᠌᠂ ᠬᠠᠤᠯᠢ᠎ᠪᠠᠷ ᠵᠠᠰᠠᠬᠤ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠪᠠ ᠦᠨᠳᠦᠰᠦᠲᠡᠨ᠎ᠨᠦᠭᠦᠳ᠎ᠦᠨ ᠠᠷᠠᠳ ᠢᠷᠭᠡᠨ᠎ᠦ ᠬᠠᠤᠯᠢ ᠶᠣᠰᠤᠨ᠎ᠤ ᠡᠷᠬᠡ ᠠᠱᠢᠭ᠎ᠢ ᠬᠠᠤᠯᠢ ᠶᠣᠰᠤᠭᠠᠷ ᠪᠠᠲᠤᠯᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠤᠭᠠᠷ ᠵᠠᠰᠠᠵᠤ᠂ ᠦᠨᠳᠦᠰᠦᠲᠡᠨ᠎ᠦ ᠪᠦᠯᠬᠦᠮᠳᠡᠯ᠎ᠢ ᠨᠥᠯᠦᠭᠡᠯᠡᠬᠦ ᠵᠥᠷᠢᠴᠡᠯ ᠵᠢᠭᠤᠷᠠᠯᠳᠤᠭᠠᠨ᠎ᠢ ᠬᠠᠤᠯᠢ ᠶᠣᠰᠤᠭᠠᠷ ᠵᠣᠬᠢᠰᠲᠠᠢ ᠰᠢᠢᠳᠪᠦᠷᠢᠯᠡᠵᠦ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶᠢ ᠬᠠᠤᠯᠢ᠎ᠪᠠᠷ ᠵᠠᠰᠠᠬᠤ ᠵᠠᠮ᠎ᠢᠶ᠋ᠠᠷ ᠠᠵᠢᠯᠯᠠᠭᠤᠯᠬᠤ᠎ᠶᠢ ᠦᠨᠡᠨ᠎ᠬᠦ ᠪᠠᠲᠤᠯᠠᠬᠤ ᠬᠡᠷᠡᠭᠲᠡᠢ᠃

  ᠠᠷᠪᠠᠨ ᠨᠢᠭᠡᠳᠦᠭᠡᠷ ᠵᠦᠢᠯ  ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠠᠬᠢᠭᠤᠯᠬᠤ᠎ᠳ᠋ᠤ᠌᠂ ᠨᠠᠮ᠎ᠤᠨ ᠬᠣᠷᠢᠶ᠎ᠠ᠎ᠠᠴᠠ ᠨᠢᠭᠡᠳᠦᠯᠲᠡᠢ ᠤᠳᠤᠷᠢᠳᠬᠤ᠂ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ ᠬᠠᠤᠯᠢ ᠶᠣᠰᠤᠭᠠᠷ ᠬᠢᠨᠠᠯᠲᠠ ᠲᠠᠯᠪᠢᠬᠤ᠂ ᠵᠠᠰᠠᠭ᠎ᠤᠨ ᠣᠷᠳᠤᠨ ᠪᠦᠬᠦ ᠲᠠᠯ᠎ᠠ᠎ᠪᠠᠷ ᠬᠠᠷᠢᠭᠤᠴᠠᠬᠤ᠂ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠬᠤ᠂ ᠨᠡᠶ᠋ᠢᠭᠡᠮ᠎ᠦᠨ ᠡᠯ᠎ᠡ ᠡᠲᠡᠭᠡᠳ ᠢᠳᠡᠪᠬᠢᠲᠡᠢ ᠵᠣᠬᠢᠴᠠᠯᠳᠤᠨ ᠬᠠᠮᠵᠢᠯᠴᠠᠬᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠮᠲᠤ᠎ᠪᠠᠷ ᠣᠷᠤᠯᠴᠠᠬᠤ ᠠᠵᠢᠯ᠎ᠤᠨ ᠲᠣᠭᠲᠠᠴᠠ᠎ᠶᠢ ᠬᠡᠷᠡᠭᠵᠢᠭᠦᠯᠵᠦ᠂ ᠱᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠵᠦ᠂ ᠨᠢᠭᠡᠳᠦᠯᠲᠡᠢ ᠲᠥᠯᠦᠪᠵᠢᠭᠦᠯᠦᠨ ᠬᠡᠷᠡᠭᠵᠢᠭᠦᠯᠵᠦ᠂ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃

 

    ᠬᠣᠶᠠᠳᠤᠭᠠᠷ ᠪᠦᠯᠦᠭ  ᠳᠤᠮᠳᠠᠳᠤ᠎ᠶᠢᠨ ᠰᠣᠶᠤᠯ᠎ᠤᠨ ᠬᠠᠮᠲᠤ᠎ᠶᠢᠨ ᠲᠠᠨᠢᠯᠲᠠ ᠪᠠ ᠰᠣᠶᠤᠯ᠎ᠤᠨ ᠤᠯᠠᠮᠵᠢᠯᠠᠯ ᠵᠠᠯᠭᠠᠮᠵᠢᠯᠠᠯ᠎ᠢ ᠠᠬᠢᠭᠤᠯᠬᠤ 

 

  ᠠᠷᠪᠠᠨ ᠬᠣᠶᠠᠳᠤᠭᠠᠷ ᠵᠦᠢᠯ  ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠮᠠᠷᠺᠰ᠎ᠤᠨ ᠦᠵᠡᠯ᠎ᠦᠨ ᠣᠨᠤᠯ᠎ᠤᠨ ᠰᠤᠳᠤᠯᠭᠠᠨ ᠪᠠ ᠪᠠᠶ᠋ᠢᠭᠤᠯᠤᠯᠲᠠ᠎ᠶᠢᠨ ᠢᠨᠵᠧᠨᠧᠷᠢᠩ᠎ᠢ ᠠᠬᠢᠭᠤᠯᠤᠨ᠎ᠠ᠃ ᠬᠦᠰᠡᠯᠡᠩ ᠢᠲᠡᠭᠡᠯ ᠪᠢᠱᠢᠷᠡᠯ᠎ᠦᠨ ᠬᠥᠮᠦᠵᠢᠯ᠎ᠢ ᠪᠠᠶ᠋ᠢᠩᠭᠤᠵᠢᠭᠤᠯᠬᠤ᠎ᠶᠢ ᠠᠬᠢᠭᠤᠯᠵᠤ᠂ ᠨᠠᠮ᠎ᠤᠨ ᠦᠨᠳᠦᠰᠦᠲᠡᠨ᠎ᠦ ᠣᠨᠣᠯ᠂ ᠲᠥᠷᠦ᠎ᠶᠢᠨ ᠪᠣᠳᠤᠯᠭ᠎ᠠ᠎ᠶᠢᠨ ᠰᠤᠷᠤᠯᠴᠠᠯᠭ᠎ᠠ ᠤᠬᠠᠭᠤᠯᠭ᠎ᠠ᠎ᠶᠢ ᠥᠷᠨᠢᠭᠦᠯᠵᠦ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶᠢᠨ ᠲᠡᠦᠬᠡ᠂ ᠨᠡᠶ᠋ᠢᠭᠡᠮ ᠵᠢᠷᠤᠮ᠎ᠤᠨ ᠬᠥᠭᠵᠢᠯᠲᠡ᠎ᠶᠢᠨ ᠲᠡᠦᠬᠡ᠎ᠶᠢᠨ ᠬᠥᠮᠦᠵᠢᠯ᠎ᠢ ᠴᠢᠩᠭᠠᠳᠬᠠᠵᠤ᠂ ᠤᠯᠤᠰ᠎ᠢᠶ᠋ᠠᠨ ᠬᠠᠶ᠋ᠢᠷᠠᠯᠠᠬᠤ ᠦᠵᠡᠯ᠂ ᠨᠡᠶ᠋ᠢᠲᠡᠴᠢ ᠦᠵᠡᠯ᠂ ᠨᠡᠶ᠋ᠢᠭᠡᠮ ᠵᠢᠷᠤᠮ᠎ᠤᠨ ᠬᠥᠮᠦᠵᠢᠯ᠎ᠢ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠤᠯᠤᠰ᠎ᠤᠨ ᠤᠬᠠᠮᠰᠠᠷ᠂ ᠠᠷᠠᠳ ᠢᠷᠭᠡᠨ᠎ᠦ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠎ᠢ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠦᠯᠬᠦᠮᠳᠡᠨ ᠲᠡᠮᠡᠴᠡᠬᠦ ᠬᠠᠮᠲᠤ᠎ᠶᠢᠨ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠦᠨ᠎ᠡ᠃

  ᠠᠷᠪᠠᠨ ᠭᠤᠷᠪᠠᠳᠤᠭᠠᠷ ᠵᠦᠢᠯ  ᠰᠣᠶᠤᠯ᠎ᠤᠨ ᠢᠲᠡᠭᠡᠯ᠎ᠢᠶ᠋ᠡᠨ ᠪᠠᠲᠤᠳᠬᠠᠵᠤ᠂ ᠳᠤᠮᠳᠠᠳᠤ᠎ᠶᠢᠨ ᠰᠣᠶᠤᠯ᠎ᠤᠨ ᠵᠣᠭᠰᠤᠯᠲᠠ᠎ᠪᠠᠨ ᠪᠠᠲᠤ ᠰᠠᠬᠢᠵᠤ᠂ ᠳᠤᠮᠳᠠᠳᠤ᠎ᠶᠢᠨ ᠱᠢᠯᠢᠳᠡᠭ ᠤᠯᠠᠮᠵᠢᠯᠠᠯᠲᠤ ᠰᠣᠶᠤᠯ᠎ᠤᠨ ᠪᠦᠲᠦᠭᠡᠯᠴᠢ ᠴᠢᠨᠠᠷᠲᠠᠢ ᠤᠯᠠᠷᠢᠭᠤᠯᠤᠯᠲᠠ᠂ ᠱᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠎ᠶᠢ ᠠᠬᠢᠭᠤᠯᠵᠤ᠂ ᠳᠤᠮᠳᠠᠳᠤ᠎ᠶᠢᠨ ᠱᠢᠯᠢᠳᠡᠭ ᠤᠯᠠᠮᠵᠢᠯᠠᠯᠲᠤ ᠰᠣᠶᠤᠯ᠎ᠤᠨ ᠠᠮᠢᠵᠢᠷᠠᠯ᠎ᠤᠨ ᠬᠦᠴᠦᠨ ᠪᠠ ᠨᠥᠯᠦᠭᠡᠯᠡᠬᠦ ᠬᠦᠴᠦᠨ᠎ᠢ ᠲᠠᠰᠤᠷᠠᠯᠲᠠ᠎ᠦᠭᠡᠢ ᠴᠢᠩᠭᠠᠳᠬᠠᠨ᠎ᠠ᠃ ᠬᠤᠪᠢᠰᠭᠠᠯᠳᠤ ᠰᠣᠶᠤᠯ᠎ᠢ ᠵᠠᠯᠭᠠᠮᠵᠢᠯᠠᠵᠤ᠂ ᠨᠡᠶ᠋ᠢᠭᠡᠮ ᠵᠢᠷᠤᠮ᠎ᠤᠨ ᠲᠡᠷᠢᠭᠦᠨ᠎ᠦ ᠰᠣᠶᠤᠯ᠎ᠢ ᠬᠥᠭᠵᠢᠭᠦᠯᠦᠨ᠎ᠡ᠃ ᠰᠣᠶᠤᠯ᠎ᠢ ᠬᠠᠮᠠᠭᠠᠯᠠᠨ ᠤᠯᠠᠮᠵᠢᠯᠠᠬᠤ ᠬᠢᠷᠢ ᠲᠦᠪᠱᠢᠨ᠎ᠢᠶ᠋ᠡᠨ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠳ᠋ᠯᠡᠬᠦ ᠳᠤᠮᠳᠠᠳᠤ᠎ᠶᠢᠨ ᠰᠣᠶᠤᠯ᠎ᠤᠨ ᠲᠡᠮᠳᠡᠭ ᠪᠠ ᠳᠤᠮᠳᠠᠳᠤ᠎ᠶᠢᠨ ᠦᠨᠳᠦᠰᠦᠲᠡᠨ᠎ᠦ ᠳᠦᠷᠢ ᠲᠥᠷᠬᠦ᠎ᠶᠢ ᠪᠣᠢ ᠪᠣᠯᠭᠠᠨ ᠲᠤᠪᠤᠶ᠋ᠢᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠤᠨ᠎ᠢ ᠪᠠᠶ᠋ᠢᠭᠤᠯᠤᠨ᠎ᠠ᠃

  ᠠᠷᠪᠠᠨ ᠳᠥᠷᠪᠡᠳᠦᠭᠡᠷ ᠵᠦᠢᠯ  ᠶᠣᠰᠤ ᠰᠤᠷᠲᠠᠬᠤᠨ᠎ᠢᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ᠎ᠶᠢᠨ ᠲᠣᠭᠤᠷᠢᠨ᠎ᠳ᠋ᠤ᠌᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠭᠠᠬᠤ᠎ᠶᠢ ᠤᠯᠤᠰ ᠠᠷᠠᠳ᠎ᠤᠨ ᠰᠤᠷᠭᠠᠨ ᠬᠥᠮᠦᠵᠢᠯ᠂ ᠺᠠᠳ᠋ᠷ᠎ᠤᠨ ᠰᠤᠷᠭᠠᠨ ᠬᠥᠮᠦᠵᠢᠯ᠂ ᠵᠠᠯᠠᠭᠤᠴᠤᠳ ᠪᠠᠭᠠᠴᠤᠳ᠎ᠤᠨ ᠰᠤᠷᠭᠠᠨ ᠬᠥᠮᠦᠵᠢᠯ᠂ ᠨᠡᠶ᠋ᠢᠭᠡᠮ᠎ᠦᠨ ᠬᠥᠮᠦᠵᠢᠯ᠎ᠳᠦ ᠣᠷᠣᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠣᠨᠤᠯ᠎ᠤᠨ ᠰᠤᠳᠤᠯᠭᠠᠨ᠎ᠢ ᠭᠦᠨᠵᠡᠭᠡᠶ᠋ᠢᠷᠡᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠦᠯᠦᠨ ᠵᠢᠯᠤᠭᠤᠳᠴᠤ ᠪᠠᠶ᠋ᠢᠭᠠᠳ ᠳᠤᠮᠳᠠᠳᠤ᠎ᠶᠢᠨ ᠦᠨᠳᠦᠰᠦᠲᠡᠨ ᠪᠣᠯ ᠤᠯᠤᠰ ᠲᠥᠷᠦ᠎ᠶᠢᠨ ᠬᠠᠮᠲᠤ᠎ᠶᠢᠨ ᠴᠣᠭᠴᠠ᠂ ᠠᠱᠢᠭ ᠲᠤᠰᠠ᠎ᠶᠢᠨ ᠬᠠᠮᠲᠤ᠎ᠶᠢᠨ ᠴᠣᠭᠴᠠ᠂ ᠰᠣᠶᠤᠯ᠎ᠤᠨ ᠬᠠᠮᠲᠤ᠎ᠶᠢᠨ ᠴᠣᠭᠴᠠ᠂ ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠪᠣᠯᠬᠤ᠎ᠶᠢ ᠭᠦᠨᠵᠡᠭᠡᠢ ᠲᠠᠨᠢᠭᠤᠯᠤᠨ᠎ᠠ᠃

  ᠠᠷᠪᠠᠨ ᠲᠠᠪᠤᠳᠤᠭᠠᠷ ᠵᠦᠢᠯ  ᠳᠤᠮᠳᠠᠳᠤ᠎ᠶᠢᠨ ᠱᠢᠯᠢᠳᠡᠭ ᠤᠯᠠᠮᠵᠢᠯᠠᠯᠲᠤ ᠰᠣᠶᠤᠯ᠎ᠤᠨ ᠬᠥᠮᠦᠵᠢᠯ᠎ᠢ ᠪᠠᠶ᠋ᠢᠩᠭᠤᠵᠢᠭᠤᠯᠬᠤ᠎ᠶᠢ ᠠᠬᠢᠭᠤᠯᠵᠤ᠂ ᠳᠤᠮᠳᠠᠳᠤ᠎ᠶᠢᠨ ᠱᠢᠯᠢᠳᠡᠭ ᠤᠯᠠᠮᠵᠢᠯᠠᠯᠲᠤ ᠰᠣᠶᠤᠯ᠎ᠢ ᠦᠵᠡᠯ ᠰᠠᠨᠠᠭ᠎ᠠ ᠶᠣᠰᠤ ᠰᠤᠷᠲᠠᠬᠤᠨ᠎ᠤ ᠬᠥᠮᠦᠵᠢᠯ᠂ ᠰᠣᠶᠤᠯ ᠮᠡᠳᠡᠯᠭᠡ᠎ᠶᠢᠨ ᠬᠥᠮᠦᠵᠢᠯ᠂ ᠤᠷᠠᠯᠢᠭ ᠪᠡᠶ᠎ᠡ᠎ᠶᠢᠨ ᠲᠠᠮᠢᠷ᠎ᠤᠨ ᠬᠥᠮᠦᠵᠢᠯ᠂ ᠨᠡᠶ᠋ᠢᠭᠡᠮ᠎ᠦᠨ ᠦᠢᠯᠡᠳᠦᠯᠭᠡ᠎ᠶᠢᠨ ᠬᠥᠮᠦᠵᠢᠯ᠎ᠳᠦ ᠠᠭᠤᠰᠬᠠᠵᠤ᠂ ᠰᠤᠷᠭᠠᠭᠤᠯᠢ᠎ᠶᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠂ ᠠᠩᠬ᠎ᠠ ᠵᠡᠷᠭᠡ᠎ᠶᠢᠨ ᠰᠤᠷᠭᠠᠨ ᠬᠥᠮᠦᠵᠢᠯ᠂ ᠳᠤᠮᠳᠠᠳᠤ ᠵᠡᠷᠭᠡ᠎ᠶᠢᠨ ᠰᠤᠷᠭᠠᠨ ᠬᠥᠮᠦᠵᠢᠯ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ᠎ᠦᠨ ᠪᠦᠬᠦ ᠶᠠᠪᠤᠴᠠ᠎ᠳᠤ ᠲᠤᠭᠤᠰᠢᠯᠠᠭᠤᠯᠤᠨ᠎ᠠ᠃

  ᠠᠷᠪᠠᠨ ᠵᠢᠷᠭᠤᠳᠤᠭᠠᠷ ᠵᠦᠢᠯ  ᠳᠤᠮᠳᠠᠳᠤ᠎ᠶᠢᠨ ᠦᠨᠳᠦᠰᠦᠲᠡᠨ᠎ᠦ ᠤᠯᠤᠰ᠎ᠢᠶ᠋ᠠᠨ ᠬᠠᠶ᠋ᠢᠷᠠᠯᠠᠬᠤ ᠦᠵᠡᠯ᠎ᠢᠶ᠋ᠡᠷ ᠭᠣᠤᠯ ᠪᠣᠯᠭᠠᠭᠰᠠᠨ ᠪᠦᠯᠬᠦᠮᠳᠡᠨ ᠨᠢᠭᠡᠳᠬᠦ᠌᠂ ᠡᠩᠬᠡ ᠲᠠᠶ᠋ᠢᠪᠤᠩ᠎ᠢ ᠡᠷᠬᠢᠮᠯᠡᠬᠦ᠌᠂ ᠠᠵᠢᠯᠴᠢ ᠬᠥᠳᠡᠯᠮᠦᠷᠢᠴᠢ ᠡᠷᠡᠯᠬᠡᠭ ᠪᠠᠭᠠᠲᠤᠷᠯᠢᠭ᠂ ᠬᠦᠴᠦᠷᠬᠡᠭᠵᠢᠬᠦ᠎ᠪᠡᠷ ᠬᠦᠴᠦᠯᠡᠨ ᠴᠢᠷᠮᠠᠶ᠋ᠢᠬᠤ ᠠᠭᠤᠤ ᠶᠡᠬᠡ ᠦᠨᠳᠦᠰᠦᠲᠡᠨ᠎ᠦ ᠵᠣᠷᠢᠭ ᠰᠠᠨᠠᠭ᠎ᠠ᠎ᠶᠢ ᠪᠠᠳᠠᠷᠠᠭᠤᠯᠤᠨ᠎ᠠ᠃ ᠨᠠᠮ ᠪᠠ ᠠᠷᠠᠳ ᠲᠦᠮᠡᠨ᠎ᠦ ᠡᠯ᠎ᠡ ᠲᠡᠦᠬᠡᠨ ᠴᠠᠭ ᠦᠶ᠎ᠡ᠎ᠳᠦ ᠪᠦᠷᠢᠯᠳᠦᠭᠰᠡᠨ ᠠᠭᠤᠤ ᠶᠡᠬᠡ ᠲᠡᠮᠡᠴᠡᠯ᠎ᠦᠨ ᠵᠣᠷᠢᠭ ᠰᠠᠨᠠᠭ᠎ᠠ᠎ᠶᠢ ᠪᠠᠳᠠᠷᠠᠭᠤᠯᠤᠨ᠎ᠠ᠃ ᠦᠨᠡᠨᠴᠢ ᠢᠲᠡᠭᠡᠮᠵᠢ᠎ᠶᠢᠨ ᠰᠣᠶᠤᠯ᠎ᠢ ᠪᠠᠳᠠᠷᠠᠭᠤᠯᠵᠤ᠂ ᠦᠨᠡᠨᠴᠢ ᠢᠲᠡᠭᠡᠮᠵᠢ᠎ᠶᠢᠨ ᠪᠠᠶ᠋ᠢᠭᠤᠯᠤᠯᠲᠠ᠎ᠶᠢ ᠠᠬᠢᠭᠤᠯᠤᠨ᠎ᠠ᠃ ᠱᠢᠷᠭᠠᠭᠤ ᠬᠠᠲᠠᠭᠤᠵᠢᠯᠲᠠᠢ᠎ᠪᠠᠷ ᠲᠡᠮᠡᠴᠡᠬᠦ᠌᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ᠂ ᠠᠵᠢᠯ ᠦᠢᠯᠡᠰ᠎ᠢᠶ᠋ᠡᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ᠌᠂ ᠬᠦᠴᠢᠷᠳᠡᠭᠰᠡᠳ᠎ᠢ ᠳᠡᠳᠬᠦᠵᠦ ᠲᠦᠪᠡᠭᠳᠡᠭᠰᠡᠳ᠎ᠢ ᠲᠤᠰᠠᠯᠠᠬᠤ᠂ ᠦᠨᠡᠨ᠎ᠦ ᠲᠥᠯᠦᠭᠡ ᠡᠷᠡᠯᠬᠡᠭᠯᠡᠨ ᠲᠡᠮᠡᠴᠡᠬᠦ᠌᠂ ᠨᠠᠰᠤᠲᠠᠨ᠎ᠢᠶ᠋ᠠᠨ ᠠᠴᠢᠯᠠᠵᠤ ᠲᠥᠷᠦᠯ ᠰᠠᠳᠤᠨ᠎ᠢᠶ᠋ᠠᠨ ᠬᠠᠶ᠋ᠢᠷᠠᠯᠠᠬᠤ ᠵᠡᠷᠭᠡ ᠳᠤᠮᠳᠠᠳᠤ᠎ᠶᠢᠨ ᠤᠯᠠᠮᠵᠢᠯᠠᠯᠲᠤ ᠰᠠᠢᠬᠠᠨ ᠰᠤᠷᠲᠠᠯ᠎ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠰᠣᠶᠤᠯ᠎ᠤᠨ ᠰᠣᠯᠢᠯᠴᠠᠭ᠎ᠠ ᠲᠤᠯᠢᠳᠠᠯ᠎ᠢ ᠠᠬᠢᠭᠤᠯᠤᠨ᠎ᠠ᠃

  ᠠᠷᠪᠠᠨ ᠳᠣᠯᠤᠳᠤᠭᠠᠷ ᠵᠦᠢᠯ  ᠬᠦᠴᠢᠷ ᠪᠡᠷᠬᠡᠱᠢᠶᠡᠯ᠎ᠢ ᠲᠡᠰᠪᠦᠷᠢᠯᠡᠵᠦ᠂ ᠴᠤᠴᠠᠯᠲᠠ᠎ᠦᠭᠡᠢ ᠤᠷᠤᠭᠰᠢᠯᠠᠬᠤ᠂ ᠵᠣᠷᠢᠭᠰᠠᠨ᠎ᠳ᠋ᠤ᠎ᠪᠠᠨ ᠬᠦᠷᠬᠦ᠎ᠦᠭᠡᠢ ᠪᠤᠯ ᠵᠣᠷᠢᠭ ᠮᠣᠬᠤᠬᠤ᠎ᠦᠭᠡᠢ ᠮᠣᠩᠭᠤᠯ ᠮᠣᠷᠢᠨ᠎ᠤ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠨᠢᠭᠲᠠᠷᠠᠭᠤᠯᠤᠨ ᠵᠣᠷᠢᠭᠵᠢᠭᠤᠯᠵᠤ ᠨᠢᠭᠡ ᠰᠡᠳᠬᠢᠯ ᠭᠠᠭᠴᠠ ᠵᠣᠷᠢᠭ᠎ᠢᠶ᠋ᠠᠷ ᠲᠡᠰᠪᠦᠷᠢ ᠬᠠᠲᠠᠭᠤᠵᠢᠯᠲᠠᠢ ᠲᠡᠮᠡᠴᠡᠵᠦ᠂ ᠵᠠᠮ ᠨᠡᠭᠡᠭᠡᠨ ᠤᠷᠤᠭᠰᠢᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶᠢ ᠬᠠᠮᠲᠤ᠎ᠪᠠᠷ ᠰᠠᠬᠢᠨ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠨ᠎ᠠ᠃

  ᠠᠷᠪᠠᠨ ᠨᠠᠢ᠍ᠮᠠᠳᠤᠭᠠᠷ ᠵᠦᠢᠯ  ᠤᠯᠠᠭᠠᠨᠮᠦ᠋ᠴᠢᠷ᠎ᠦᠨ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠦᠨᠳᠦᠰᠦᠨ ᠱᠠᠲᠤᠨ᠎ᠳᠤ ᠭᠦᠨᠵᠡᠭᠡᠶ᠋ᠢᠷᠡᠬᠦ᠌᠂ ᠲᠡᠰᠪᠦᠷᠢ ᠬᠠᠲᠠᠭᠤᠵᠢᠯᠲᠠᠢ ᠲᠡᠮᠡᠴᠡᠬᠦ᠌᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠱᠢᠯᠢᠳᠡᠭ ᠤᠯᠠᠮᠵᠢᠯᠠᠯ᠎ᠢ ᠪᠠᠷᠢᠮᠲᠠᠯᠠᠵᠤ᠂ ᠤᠳᠬ᠎ᠠ ᠤᠷᠠᠯᠢᠭ᠎ᠢ ᠠᠷᠠᠳ ᠲᠦᠮᠡᠨ᠎ᠳᠦ ᠦᠢᠯᠡᠴᠢᠯᠡᠭᠦᠯᠬᠦ᠌᠂ ᠨᠡᠶ᠋ᠢᠭᠡᠮ ᠵᠢᠷᠤᠮ᠎ᠳᠤ ᠦᠢᠯᠡᠴᠢᠯᠡᠭᠦᠯᠬᠦ᠎ᠶᠢ ᠪᠠᠷᠢᠮᠲᠠᠯᠠᠵᠤ᠂ ᠢᠯᠡ ᠲᠣᠳᠤ ᠴᠠᠭ ᠦᠶ᠎ᠡ᠎ᠶᠢᠨ ᠣᠨᠴᠠᠯᠢᠭ᠎ᠲᠠᠢ᠂ ᠦᠨᠳᠦᠰᠦᠲᠡᠨ᠎ᠦ ᠣᠨᠴᠠᠯᠢᠭ᠎ᠲᠠᠢ ᠰᠣᠶᠤᠯ᠎ᠤᠨ ᠨᠡᠷᠡᠲᠦ ᠲᠥᠷᠦᠯ ᠲᠡᠮᠳᠡᠭ᠎ᠢ ᠨᠡᠩ ᠣᠯᠠᠨ ᠡᠭᠦᠳᠴᠦ᠂ ᠰᠣᠶᠤᠯ᠎ᠤᠨ ᠦᠢᠯᠡᠰ ᠪᠠ ᠰᠣᠶᠤᠯ᠎ᠤᠨ ᠠᠵᠤ ᠦᠢᠯᠡᠰ᠎ᠢ ᠴᠡᠴᠡᠭᠯᠡᠭᠦᠯᠦᠨ ᠬᠥᠭᠵᠢᠭᠦᠯᠵᠦ᠂ ᠰᠣᠶᠤᠯ᠎ᠤᠨ ᠬᠡᠪ ᠰᠤᠷᠲᠠᠯ᠎ᠢ ᠬᠥᠲᠦᠯᠦᠨ ᠳᠠᠭᠠᠭᠤᠯᠬᠤ᠂ ᠠᠷᠠᠳ ᠲᠦᠮᠡᠨ᠎ᠳᠦ ᠦᠢᠯᠡᠴᠢᠯᠡᠬᠦ᠌᠂ ᠨᠡᠶ᠋ᠢᠭᠡᠮ᠎ᠳᠦ ᠦᠢᠯᠡᠴᠢᠯᠡᠬᠦ᠌᠂ ᠬᠥᠭᠵᠢᠯᠲᠡ᠎ᠶᠢ ᠠᠬᠢᠭᠤᠯᠬᠤ ᠦᠢᠯᠡᠳᠦᠯ᠎ᠢ ᠪᠠᠳᠠᠷᠠᠭᠤᠯᠤᠨ᠎ᠠ᠃

  ᠠᠷᠪᠠ ᠶᠢᠰᠦᠳᠦᠭᠡᠷ ᠵᠦᠢᠯ  ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠦᠭ ᠪᠢᠴᠢᠭ᠎ᠦᠨ ᠰᠤᠷᠭᠠᠨ ᠬᠥᠮᠦᠵᠢᠯ᠎ᠢ ᠪᠦᠬᠦ ᠲᠠᠯ᠎ᠠ᠎ᠪᠠᠷ ᠴᠢᠩᠭᠠᠳᠬᠠᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠦᠭ ᠪᠢᠴᠢᠭ᠎ᠦᠨ ᠬᠢᠴᠢᠶᠡᠯ᠎ᠢ ᠪᠦᠬᠦ ᠲᠠᠯ᠎ᠠ᠎ᠪᠠᠷ ᠴᠢᠩᠭᠠᠳᠬᠠᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭᠠᠬᠤ ᠮᠠᠲᠧᠷᠢᠶᠠᠯ᠎ᠢ ᠳᠡᠯᠭᠡᠷᠡᠭᠦᠯᠦᠨ ᠬᠡᠷᠡᠭᠯᠡᠵᠦ᠂ ᠴᠥᠭᠡᠨ ᠲᠣᠭᠠᠲᠤ ᠦᠨᠳᠦᠰᠦᠲᠡᠨ᠎ᠦ ᠰᠤᠷᠤᠭᠴᠢᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠦᠭ ᠪᠢᠴᠢᠭ᠎ᠢ ᠦᠨᠳᠦᠰᠦᠨ᠎ᠳ᠋ᠦ᠎ᠪᠡᠨ ᠡᠵᠡᠮᠱᠢᠨ ᠬᠡᠷᠡᠭᠯᠡᠬᠦ᠎ᠶᠢ ᠦᠨᠡᠨ᠎ᠬᠦ ᠪᠠᠲᠤᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠱᠢᠨᠵᠢᠯᠡᠬᠦ ᠤᠬᠠᠭᠠᠨ ᠰᠣᠶᠤᠯ᠎ᠤᠨ ᠬᠡᠪ ᠴᠢᠨᠠᠷ᠎ᠢ ᠲᠠᠰᠤᠷᠠᠯᠲᠠ᠎ᠦᠭᠡᠢ ᠳᠡᠭᠡᠭᠰᠢᠯᠡᠭᠦᠯᠦᠨ᠎ᠡ᠃ ᠴᠥᠭᠡᠨ ᠲᠣᠭᠠᠲᠤ ᠦᠨᠳᠦᠰᠦᠲᠡᠨ᠎ᠨᠦᠭᠦᠳ᠎ᠦᠨ ᠦᠭᠡ ᠬᠡᠯᠡ ᠥᠰᠦᠭ ᠪᠢᠴᠢᠭ᠎ᠢᠶ᠋ᠡᠨ ᠰᠤᠷᠴᠤ ᠬᠡᠷᠡᠭᠯᠡᠬᠦ᠎ᠶᠢ ᠬᠦᠨᠳᠦᠳᠬᠡᠨ ᠳᠡᠮᠵᠢᠵᠦ᠂ ᠦᠨᠳᠦᠰᠦᠲᠡᠨ᠎ᠨᠦᠭᠦᠳ᠎ᠦᠨ ᠦᠭᠡ ᠬᠡᠯᠡ ᠥᠰᠦᠭ ᠪᠢᠴᠢᠭ᠎ᠢᠶ᠋ᠡᠨ ᠬᠠᠷᠢᠯᠴᠠᠨ ᠰᠤᠷᠤᠯᠴᠠᠬᠤ᠎ᠶᠢ ᠵᠣᠷᠢᠭᠵᠢᠭᠤᠯᠤᠨ᠂ ᠦᠨᠳᠦᠰᠦᠲᠡᠨ᠎ᠨᠦᠭᠦᠳ᠎ᠦᠨ ᠰᠤᠷᠤᠭᠴᠢᠳ᠎ᠤᠨ ᠰᠤᠷᠭᠠᠭᠤᠯᠢ ᠨᠢᠭᠡᠲᠡᠢ ᠠᠩᠭᠢ ᠨᠢᠭᠡᠲᠡᠢ ᠪᠠᠶ᠋ᠢᠬᠤ᠎ᠶᠢ ᠢᠳᠡᠪᠬᠢᠲᠡᠢ ᠠᠬᠢᠭᠤᠯᠤᠨ᠎ᠠ᠃

  ᠬᠣᠷᠢᠳᠤᠭᠠᠷ ᠵᠦᠢᠯ  ᠤᠯᠤᠰ᠎ᠤᠨ ᠨᠢᠭᠡᠳᠦᠯ᠂ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠬᠤᠪᠢᠰᠭᠠᠯ᠎ᠤᠨ ᠲᠡᠦᠬᠡ᠎ᠶᠢᠨ ᠬᠠᠭᠤᠴᠢ ᠪᠠᠭᠤᠷᠢ ᠪᠠ ᠲᠡᠦᠬᠡ᠎ᠶᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶᠢ ᠴᠢᠩᠭᠠᠳᠬᠠᠨ᠎ᠠ᠃ ᠴᠢᠬᠤᠯᠠ ᠶᠡᠬᠡ ᠲᠡᠦᠬᠡ᠎ᠶᠢᠨ ᠬᠡᠷᠡᠭ ᠶᠠᠪᠤᠳᠠᠯ ᠪᠣᠯᠤᠨ ᠳᠤᠮᠳᠠᠳᠤ᠎ᠶᠢᠨ ᠲᠡᠦᠬᠡ᠎ᠶᠢᠨ ᠨᠡᠷᠡᠲᠦ ᠬᠥᠮᠦᠰ᠎ᠢ ᠳᠤᠷᠠᠰᠭᠠᠬᠤ ᠠᠵᠢᠯᠯᠠᠭ᠎ᠠ᠂ ᠤᠯᠤᠰ᠎ᠤᠨ ᠨᠡᠶ᠋ᠢᠲᠡ᠎ᠶᠢᠨ ᠲᠠᠬᠢᠯᠭ᠎ᠠ᠎ᠶᠢᠨ ᠶᠣᠰᠣᠯᠠᠯ᠂ ᠦᠷᠡᠭᠳᠡᠭᠰᠡᠨ ᠪᠠᠭᠠᠲᠤᠷᠴᠤᠳ᠎ᠤᠨ ᠳᠤᠷᠠᠰᠭᠠᠯ᠎ᠤᠨ ᠡᠳᠦᠷ᠂ ᠤᠯᠤᠰ᠎ᠢᠶ᠋ᠠᠨ ᠬᠠᠶ᠋ᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ ᠭᠠᠵᠠᠷ᠂ ᠲᠡᠦᠬᠡ᠎ᠶᠢᠨ ᠦᠯᠡᠳᠡᠭᠳᠡᠯ ᠵᠡᠷᠭᠡ᠎ᠶᠢ ᠭᠦᠢᠴᠡᠳ ᠠᠰᠢᠭᠯᠠᠵᠤ᠂ ᠤᠯᠤᠰ᠎ᠢᠶ᠋ᠠᠨ ᠬᠠᠶ᠋ᠢᠷᠠᠯᠠᠬᠤ ᠦᠵᠡᠯ᠎ᠦᠨ ᠵᠣᠷᠢᠭ ᠰᠠᠨᠠᠭ᠎ᠠ᠎ᠶᠢ ᠬᠥᠮᠦᠵᠢᠭᠦᠯᠵᠦ᠂ ᠬᠤᠪᠢᠰᠭᠠᠯᠳᠤ ᠤᠳᠤᠮᠱᠢᠯ᠎ᠢ ᠤᠯᠠᠮᠵᠢᠯᠠᠨ ᠵᠠᠯᠭᠠᠮᠵᠢᠯᠠᠨ᠎ᠠ᠃

  ᠬᠣᠷᠢᠨ ᠨᠢᠭᠡᠳᠦᠭᠡᠷ ᠵᠦᠢᠯ  ᠤᠳᠬ᠎ᠠ ᠤᠷᠠᠯᠢᠭ᠎ᠤᠨ ᠪᠦᠲᠦᠭᠡᠯ᠎ᠦᠨ ᠶᠠᠰᠤ ᠴᠢᠨᠠᠷ᠎ᠢ ᠳᠡᠭᠡᠭᠱᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠦᠨᠳᠦᠰᠦᠲᠡᠨ᠎ᠦ ᠪᠦᠯᠬᠦᠮᠳᠡᠯ᠎ᠦᠨ ᠭᠣᠤᠯ ᠰᠡᠳᠦᠪᠲᠦ ᠤᠳᠬ᠎ᠠ ᠤᠷᠠᠯᠢᠭ᠎ᠤᠨ ᠰᠣᠳᠤᠨ ᠪᠦᠲᠦᠭᠡᠯ᠎ᠢ ᠵᠣᠬᠢᠶᠠᠨ ᠪᠦᠲᠦᠭᠡᠵᠦ ᠡᠭᠦᠳᠦᠨ ᠭᠠᠷᠭᠠᠬᠤ᠎ᠶᠢ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠲᠡᠦᠬᠡ᠎ᠶᠢᠨ ᠰᠤᠳᠤᠯᠭᠠᠨ᠎ᠢ ᠭᠦᠨᠵᠡᠭᠡᠶ᠋ᠢᠷᠡᠭᠦᠯᠵᠦ᠂ ᠥᠪᠦᠷ ᠮᠣᠩᠭᠤᠯ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶᠢᠨ ᠪᠣᠳᠠᠲᠤ ᠶᠠᠪᠤᠳᠠᠯ᠎ᠢ ᠠᠭᠤᠳᠠᠯᠤᠨ ᠡᠮᠬᠢᠳᠬᠡᠵᠦ᠂ ᠳᠤᠮᠳᠠᠳᠤ᠎ᠶᠢᠨ ᠰᠣᠶᠤᠯ᠎ᠤᠨ ᠠᠭᠤᠯᠤᠭᠳᠠᠬᠤᠨ᠎ᠲᠠᠢ᠂ ᠥᠪᠦᠷ ᠮᠣᠩᠭᠤᠯ᠎ᠤᠨ ᠣᠨᠴᠠᠯᠢᠭ᠎ᠢ ᠳᠤᠰᠬᠠᠭᠰᠠᠨ᠂ ᠣᠲᠤ ᠦᠶ᠎ᠡ᠎ᠶᠢᠨ ᠪᠣᠯᠪᠠᠰᠤᠨ᠎ᠢ ᠠᠭᠤᠰᠤᠯᠴᠠᠭᠤᠯᠤᠭᠰᠠᠨ᠂ ᠣᠯᠠᠨ ᠲᠦᠮᠡᠨ᠎ᠦ ᠦᠵᠡᠵᠦ ᠰᠣᠨᠤᠰᠭᠤ ᠳᠤᠷᠠᠲᠠᠢ ᠪᠦᠲᠦᠭᠡᠯ᠎ᠢ ᠡᠭᠦᠳᠦᠨ ᠭᠠᠷᠭᠠᠨ᠎ᠠ᠃

  ᠣᠯᠠᠨ ᠲᠦᠮᠡᠨᠴᠢ ᠵᠠᠭᠤᠴᠢᠯᠠᠭᠤᠷ᠂ ᠱᠢᠨ᠎ᠡ᠎ᠪᠡᠷ ᠪᠣᠢ ᠪᠣᠯᠤᠭᠰᠠᠨ ᠵᠠᠭᠤᠴᠢᠯᠠᠭᠤᠷ᠎ᠨᠢ ᠠᠴᠢᠶᠠᠯᠠᠪᠤᠷᠢ ᠪᠣᠯᠤᠨ ᠠᠷᠭ᠎ᠠ ᠬᠡᠯᠪᠡᠷᠢ᠎ᠪᠡᠨ ᠰᠢᠨᠡᠴᠢᠯᠡᠵᠦ᠂ ᠱᠢᠨ᠎ᠡ ᠮᠡᠷᠭᠡᠵᠢᠯ᠎ᠢ ᠭᠦᠢᠴᠡᠳ ᠠᠰᠢᠭᠯᠠᠨ᠂ ᠠᠳᠠᠯᠢ ᠪᠤᠰᠤ ᠡᠲᠡᠭᠡᠳ ᠪᠣᠯᠤᠨ ᠬᠦᠯᠢᠶᠡᠨ ᠠᠪᠤᠭᠴᠢᠳ᠎ᠤᠨ ᠣᠨᠴᠠᠯᠢᠭ᠎ᠲᠤ ᠴᠢᠭᠯᠡᠭᠦᠯᠦᠨ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠤᠬᠠᠭᠤᠯᠭ᠎ᠠ ᠮᠡᠳᠡᠭᠡᠯᠡᠯ᠎ᠦᠨ ᠠᠵᠢᠯᠯᠠᠭ᠎ᠠ᠎ᠶᠢ ᠣᠯᠠᠨ ᠠᠷᠭ᠎ᠠ ᠵᠠᠮ᠎ᠢᠶ᠋ᠠᠷ ᠪᠦᠬᠦ ᠲᠠᠯ᠎ᠠ᠎ᠪᠠᠷ ᠥᠷᠨᠢᠭᠦᠯᠦᠨ᠎ᠡ᠃

  ᠬᠣᠷᠢᠨ ᠬᠣᠶᠠᠳᠤᠭᠠᠷ ᠵᠦᠢᠯ  ᠳᠤᠮᠳᠠᠳᠤ ᠤᠯᠤᠰ᠎ᠤᠨ ᠤᠯᠠᠮᠵᠢᠯᠠᠯᠲᠤ ᠠᠶ᠋ᠢᠯ ᠲᠣᠰᠭᠤᠨ᠎ᠢ ᠬᠠᠮᠠᠭᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠲᠡᠦᠬᠡ ᠰᠣᠶᠤᠯ᠎ᠤᠨ ᠨᠡᠷᠡᠲᠦ ᠬᠣᠲᠠ ᠨᠡᠷᠡᠲᠦ ᠪᠠᠯᠭᠠᠰᠤ ᠨᠡᠷᠡᠲᠦ ᠲᠣᠰᠬᠣᠨ᠂ ᠲᠡᠦᠬᠡ ᠰᠣᠶᠤᠯ᠎ᠤᠨ ᠵᠡᠭᠡᠯᠢ ᠲᠣᠭᠣᠷᠢᠭ᠂ ᠨᠡᠷᠡᠲᠦ ᠬᠥᠮᠦᠰ᠎ᠦᠨ ᠬᠠᠭᠤᠴᠢᠨ ᠰᠠᠭᠤᠴᠠ᠎ᠶᠢᠨ ᠬᠠᠮᠠᠭᠠᠯᠠᠯᠲᠠ᠎ᠶᠢ ᠴᠢᠩᠭᠠᠳᠬᠠᠵᠤ᠂ ᠤᠯᠠᠮᠵᠢᠯᠠᠯᠲᠤ ᠠᠷᠠᠳ᠎ᠤᠨ ᠣᠷᠤᠨ ᠰᠠᠭᠤᠴᠠ᠂ ᠲᠡᠦᠬᠡ᠎ᠶᠢᠨ ᠪᠠᠷᠢᠯᠭ᠎ᠠ᠂ ᠲᠠᠷᠢᠶᠠᠯᠠᠩ ᠮᠠᠯ ᠠᠵᠤ ᠠᠬᠤᠢ᠎ᠶᠢᠨ ᠰᠣᠶᠤᠯ᠎ᠤᠨ ᠥᠪ᠂ ᠠᠵᠤ ᠦᠢᠯᠡᠳᠪᠦᠷᠢ᠎ᠶᠢᠨ ᠥᠪ᠂ ᠪᠠᠶ᠋ᠢᠭᠠᠯᠢ᠎ᠶᠢᠨ ᠥᠪ᠎ᠦᠨ ᠬᠠᠮᠠᠭᠠᠯᠠᠯᠲᠠ᠎ᠶᠢ ᠰᠠᠶ᠋ᠢᠲᠤᠷ ᠬᠢᠨ᠎ᠡ᠃

  ᠬᠣᠷᠢᠨ ᠭᠤᠷᠪᠠᠳᠤᠭᠠᠷ ᠵᠦᠢᠯ  ᠪᠣᠳᠠᠰ᠎ᠤᠨ ᠪᠤᠰᠤ ᠰᠣᠶᠤᠯ᠎ᠤᠨ ᠥᠪ᠎ᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠦᠨ ᠱᠢᠯᠢᠳᠡᠭ ᠤᠯᠠᠮᠵᠢᠯᠠᠯᠲᠤ ᠵᠠᠩ ᠳᠠᠳᠬᠠᠯ᠂ ᠤᠯᠠᠮᠵᠢᠯᠠᠯᠲᠤ ᠪᠠᠶᠠᠷ ᠳᠤᠷᠠᠰᠬᠠᠯ᠂ ᠤᠯᠠᠮᠵᠢᠯᠠᠯᠲᠤ ᠤᠷᠠᠯᠢᠭ᠂ ᠤᠯᠠᠮᠵᠢᠯᠠᠯᠲᠤ ᠭᠠᠷ ᠤᠷᠠᠯᠠᠯ ᠵᠡᠷᠭᠡ᠎ᠶᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ᠎ᠶᠢ ᠳᠡᠮᠵᠢᠵᠦ᠂ ᠪᠣᠳᠠᠰ᠎ᠤᠨ ᠪᠤᠰᠤ ᠰᠣᠶᠤᠯ᠎ᠤᠨ ᠥᠪ᠎ᠢ ᠵᠠᠯᠭᠠᠮᠵᠢᠯᠠᠬᠤ ᠳᠤᠮᠳᠠ ᠬᠥᠭᠵᠢᠭᠦᠯᠬᠦ᠌᠂ ᠬᠥᠭᠵᠢᠭᠦᠯᠬᠦ ᠳᠤᠮᠳᠠ ᠵᠠᠯᠭᠠᠮᠵᠢᠯᠠᠬᠤ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠰᠣᠶᠤᠯ᠎ᠢ ᠤᠯᠠᠮᠵᠢᠯᠠᠨ ᠬᠠᠮᠠᠭᠠᠯᠠᠬᠤ ᠪᠠ ᠱᠢᠨ᠎ᠡ᠎ᠶᠢ ᠡᠭᠦᠳᠴᠦ ᠠᠭᠤᠰᠤᠯᠴᠠᠬᠤ᠎ᠶᠢ ᠠᠬᠢᠭᠤᠯᠤᠨ᠎ᠠ᠃

  ᠬᠣᠷᠢᠨ ᠳᠥᠷᠪᠡᠳᠦᠭᠡᠷ ᠵᠦᠢᠯ  ᠥᠪᠦᠷ ᠮᠣᠩᠭᠤᠯ᠎ᠤᠨ ᠱᠢᠯᠢᠳᠡᠭ ᠤᠳᠬ᠎ᠠ ᠵᠣᠬᠢᠶᠠᠯ᠂ ᠳᠠᠭᠤᠤ ᠬᠥᠭᠵᠢᠮ᠂ ᠪᠥᠵᠢᠭ᠂ ᠤᠷᠠᠨ ᠵᠢᠷᠤᠭ᠂ ᠤᠷᠠᠨ ᠪᠢᠴᠢᠯᠭᠡ᠂ ᠰᠢ ᠳᠠᠭᠤᠤᠷᠢᠯᠢᠭ᠂ ᠤᠯᠠᠮᠵᠢᠯᠠᠯᠲᠤ ᠵᠦᠴᠦᠭᠡ ᠵᠡᠷᠭᠡ᠎ᠶᠢ ᠠᠭᠤᠳᠠᠯᠤᠨ ᠡᠮᠬᠢᠯᠡᠵᠦ᠂ ᠲᠡᠦᠬᠡ᠎ᠶᠢᠨ ᠳᠤᠷᠠᠰᠭᠠᠯᠳᠤ ᠵᠦᠢᠯᠡᠰ ᠰᠤᠳᠤᠷ ᠪᠢᠴᠢᠭ᠎ᠢ ᠬᠠᠮᠠᠭᠠᠯᠠᠬᠤ᠂ ᠰᠤᠳᠤᠯᠬᠤ᠂ ᠠᠱᠢᠭᠯᠠᠬᠤ᠎ᠶᠢ ᠴᠢᠩᠭᠠᠳᠬᠠᠵᠤ᠂ ᠲᠡᠭᠦᠨ᠎ᠳᠦ ᠠᠭᠤᠯᠤᠭᠳᠠᠵᠤ ᠪᠦᠬᠦᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠦᠵᠡᠯ ᠰᠠᠨᠠᠭᠠᠨ᠎ᠤ ᠠᠭᠤᠯᠤᠭᠳᠠᠬᠤᠨ᠎ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠰᠣᠩᠭᠤᠳᠠᠭ ᠲᠤᠯᠭᠤᠷ ᠪᠢᠴᠢᠭ᠎ᠢ ᠬᠠᠷᠢᠯᠴᠠᠨ ᠣᠷᠴᠢᠭᠤᠯᠵᠤ ᠬᠡᠪᠯᠡᠭᠦᠯᠬᠦ ᠠᠵᠢᠯ᠎ᠢ ᠰᠠᠶ᠋ᠢᠲᠤᠷ ᠬᠢᠨ᠎ᠡ᠃

  ᠬᠣᠷᠢᠨ ᠲᠠᠪᠤᠳᠤᠭᠠᠷ ᠵᠦᠢᠯ  ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠲᠥᠷᠦᠯ ᠵᠦᠢᠯ᠎ᠢ ᠬᠥᠭᠵᠢᠭᠦᠯᠵᠦ᠂ ᠨᠠᠭᠠᠳᠤᠮ ᠵᠡᠷᠭᠡ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ ᠰᠠᠶ᠋ᠢᠲᠤᠷ ᠡᠷᠬᠢᠯᠡᠨ᠎ᠡ᠃ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠳᠥᠷᠪᠡᠨ ᠵᠢᠯ᠎ᠳᠦ ᠨᠢᠭᠡ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ ᠡᠷᠬᠢᠯᠡᠵᠦ᠂ ᠠᠶ᠋ᠢᠮᠠᠭ᠎ᠤᠨ ᠵᠠᠬᠢᠷᠭ᠎ᠠ᠂ ᠲᠣᠭᠤᠷᠢᠭ᠎ᠲᠠᠢ ᠬᠣᠲᠠ᠎ᠶᠢᠨ ᠠᠷᠠᠳ᠎ᠤᠨ ᠵᠠᠰᠠᠭ᠎ᠤᠨ ᠣᠷᠳᠤᠨ ᠪᠣᠳᠠᠲᠤ ᠪᠠᠶ᠋ᠢᠳᠠᠯ᠎ᠢᠶ᠋ᠠᠨ ᠦᠨᠳᠦᠰᠦᠯᠡᠨ ᠴᠥᠭᠡᠨ ᠲᠣᠭᠠᠲᠤ ᠦᠨᠳᠦᠰᠦᠲᠡᠨ᠎ᠦ ᠪᠡᠶ᠎ᠡ᠎ᠶᠢᠨ ᠲᠠᠮᠢᠷ᠎ᠤᠨ ᠬᠥᠳᠡᠯᠭᠡᠭᠡᠨ ᠪᠣᠯᠤᠨ ᠤᠷᠤᠯᠳᠤᠭᠠᠨ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠬᠢᠯᠡᠬᠦ ᠬᠡᠷᠡᠭᠲᠡᠢ᠃

  ᠬᠣᠷᠢᠨ ᠵᠢᠷᠭᠤᠳᠤᠭᠠᠷ ᠵᠦᠢᠯ  ᠰᠣᠶᠤᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠎ᠶᠢ ᠠᠬᠢᠭᠤᠯᠵᠤ᠂ ᠥᠪᠦᠷ ᠮᠣᠩᠭᠤᠯ᠎ᠤᠨ ᠡᠯᠪᠡᠭ ᠪᠠᠶᠠᠯᠢᠭ ᠲᠡᠦᠬᠡ ᠰᠣᠶᠤᠯ᠎ᠤᠨ ᠡᠬᠢ ᠪᠠᠶᠠᠯᠢᠭ᠂ ᠥᠪᠡᠷᠮᠢᠴᠡ ᠣᠨᠴᠠᠯᠢᠭ᠎ᠲᠠᠢ ᠦᠨᠳᠦᠰᠦᠲᠡᠨ᠎ᠦ ᠵᠠᠩ ᠳᠠᠳᠭᠠᠯ᠎ᠢ ᠭᠦᠢᠴᠡᠳ ᠠᠰᠢᠭᠯᠠᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠦᠯᠢᠭᠡᠷ᠎ᠢ ᠰᠠᠶ᠋ᠢᠲᠤᠷ ᠶᠠᠷᠢᠵᠤ᠂ ᠰᠣᠳᠤᠨ ᠵᠢᠭᠤᠯᠴᠢᠯᠠᠯ᠎ᠤᠨ ᠦᠵᠡᠮᠵᠢ᠎ᠶᠢᠨ ᠣᠷᠤᠨ ᠪᠠ ᠵᠢᠭᠤᠯᠴᠢᠯᠠᠯ᠎ᠤᠨ ᠵᠠᠮ ᠱᠤᠭᠤᠮ᠎ᠢ ᠴᠣᠭᠴᠠᠯᠠᠨ᠎ᠠ᠃

 

    ᠭᠤᠷᠪᠠᠳᠤᠭᠠᠷ ᠪᠦᠯᠦᠭ   ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠡᠴᠡᠭᠯᠡᠨ ᠬᠥᠭᠵᠢᠬᠦ᠎ᠶᠢ ᠠᠬᠢᠭᠤᠯᠬᠤ

 

  ᠬᠣᠷᠢᠨ ᠳᠣᠯᠤᠳᠤᠭᠠᠷ ᠵᠦᠢᠯ  ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠎ᠶᠢᠨ ᠲᠣᠭᠤᠷᠢᠨ᠎ᠳᠤ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢ ᠠᠬᠢᠭᠤᠯᠵᠤ᠂ ᠠᠮᠢ ᠠᠬᠤᠢ᠎ᠢ ᠤᠷᠢᠳ᠎ᠢᠶ᠋ᠠᠷ ᠪᠣᠳᠤᠯᠬᠢᠯᠠᠭᠰᠠᠨ ᠪᠣᠬᠢᠷᠲᠤᠯ᠎ᠦᠭᠡᠢ ᠬᠥᠭᠵᠢᠯᠲᠡ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠶ᠋ᠢᠲᠠᠢ ᠬᠥᠭᠵᠢᠯᠲᠡ᠎ᠶᠢᠨ ᠱᠢᠨ᠎ᠡ ᠵᠠᠮ᠎ᠢᠶ᠋ᠠᠷ ᠰᠠᠶ᠋ᠢᠲᠤᠷ ᠵᠠᠮᠨᠠᠬᠤ᠎ᠶᠢ ᠪᠠᠷᠢᠮᠲᠠᠯᠠᠵᠤ᠂ ᠣᠳᠤᠬᠢᠴᠢᠯᠠᠭᠰᠠᠨ ᠠᠵᠤ ᠠᠬᠤᠢ᠎ᠶᠢᠨ ᠲᠣᠭᠲᠠᠯᠴᠠᠭ᠎ᠠ᠎ᠶᠢ ᠲᠦᠷᠭᠡᠳᠬᠡᠨ ᠪᠠᠶ᠋ᠢᠭᠤᠯᠵᠤ᠂ ᠱᠢᠨ᠎ᠡ ᠬᠥᠭᠵᠢᠯᠲᠡ᠎ᠶᠢᠨ ᠪᠠᠶ᠋ᠢᠷᠢᠱᠢᠯ᠎ᠳᠤ ᠠᠭᠤᠰᠤᠯᠴᠠᠬᠤ᠎ᠳᠤ ᠣᠶ᠋ᠢᠯᠡᠴᠢᠯᠡᠵᠦ᠂ ᠵᠠᠰᠠᠯᠲᠠ᠎ᠶᠢᠨ ᠲᠣᠭᠲᠠᠯᠴᠠᠭ᠎ᠠ ᠪᠣᠯᠤᠨ ᠵᠠᠰᠠᠯᠲᠠ᠎ᠶᠢᠨ ᠴᠢᠳᠠᠪᠤᠷᠢ᠎ᠶᠢᠨ ᠣᠳᠤᠬᠢᠴᠢᠯᠠᠯᠲᠠ᠎ᠶᠢ ᠠᠬᠢᠭᠤᠯᠵᠤ᠂ ᠨᠡᠩ ᠴᠢᠨᠠᠷ ᠰᠠᠶ᠋ᠢᠲᠠᠶ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠦᠷᠭᠦᠯᠵᠢᠯᠡᠬᠦᠢᠴᠡ᠂ ᠨᠡᠩ ᠠᠮᠤᠷ ᠲᠦᠪᠱᠢᠨ ᠬᠥᠭᠵᠢᠯᠲᠡ᠎ᠶᠢ ᠪᠡᠶᠡᠯᠡᠭᠦᠯᠦᠨ᠎ᠡ᠃

  ᠬᠣᠷᠢᠨ ᠨᠠᠢ᠍ᠮᠠᠳᠤᠭᠠᠷ ᠵᠦᠢᠯ  《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠭᠦᠨᠵᠡᠭᠡᠢ ᠠᠭᠤᠰᠤᠯᠴᠠᠵᠤ᠂ ᠱᠢᠨ᠎ᠡ ᠴᠠᠭ ᠦᠶ᠎ᠡ᠎ᠶᠢᠨ ᠪᠠᠷᠠᠭᠤᠨ ᠣᠷᠤᠨ᠎ᠢ ᠶᠡᠬᠡ᠎ᠪᠡᠷ ᠨᠡᠭᠡᠭᠡᠨ ᠬᠥᠭᠵᠢᠭᠦᠯᠬᠦ᠌᠂ ᠵᠡᠭᠦᠨ ᠬᠤᠶ᠋ᠢᠲᠤ ᠣᠷᠤᠨ᠎ᠢ ᠬᠥᠭᠵᠢᠭᠦᠯᠦᠨ ᠮᠠᠨᠳᠤᠭᠤᠯᠬᠤ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ᠎ᠶᠢᠨ ᠪᠠᠶ᠋ᠢᠯᠳᠤᠬᠤ ᠪᠣᠳᠤᠯᠭ᠎ᠠ᠎ᠶᠢ ᠭᠦᠨᠵᠡᠭᠡᠢ ᠨᠠᠶ᠋ᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠧᠢ᠎ᠯᠦᠭᠡ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠣᠷᠤᠰ ᠮᠣᠩᠭᠤᠯ᠎ᠲᠠᠢ ᠨᠡᠪᠲᠡᠷᠡᠯᠴᠡᠬᠦ ᠣᠷᠤᠨ ᠪᠠᠶ᠋ᠢᠷᠢ᠎ᠶᠢᠨ ᠳᠠᠪᠠᠭᠤᠯᠢᠭ᠎ᠢᠶ᠋ᠠᠨ ᠪᠠᠳᠠᠷᠠᠭᠤᠯᠵᠤ᠂ ᠡᠬᠢ ᠪᠠᠶᠠᠯᠢᠭ᠎ᠤᠨ ᠴᠢᠬᠤᠯᠠ ᠬᠦᠴᠦᠨ ᠵᠦᠢᠯ᠎ᠦᠨ ᠲᠣᠬᠢᠷᠠᠭᠤᠯᠤᠯᠲᠠ ᠪᠠ ᠦᠢᠯᠡᠳᠪᠦᠷᠢᠯᠡᠯ᠎ᠦᠨ ᠬᠦᠴᠦᠨ᠎ᠦ ᠣᠷᠤᠨ ᠵᠠᠢ᠎ᠶᠢᠨ ᠪᠠᠶ᠋ᠢᠷᠢᠱᠢᠭᠤᠯᠤᠯᠲᠠ᠎ᠶᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠤᠨ᠎ᠤ ᠵᠡᠭᠦᠨ᠂ ᠳᠤᠮᠳᠠ᠂ ᠪᠠᠷᠠᠭᠤᠨ ᠬᠡᠰᠡᠭ᠎ᠦᠨ ᠭᠠᠵᠠᠷ ᠣᠷᠤᠨ᠎ᠤ ᠳᠠᠪᠠᠭᠤᠯᠢᠭ᠎ᠢᠶ᠋ᠠᠨ ᠬᠠᠷᠢᠯᠴᠠᠨ ᠨᠥᠬᠦᠪᠦᠷᠢᠯᠡᠬᠦ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ᠎ᠶᠢᠨ ᠱᠢᠨ᠎ᠡ ᠪᠠᠶ᠋ᠢᠷᠢᠱᠢᠯ᠎ᠢ ᠪᠦᠷᠢᠯᠳᠦᠭᠦᠯᠬᠦ᠎ᠶᠢ ᠨᠢᠭᠡᠳᠦᠯᠲᠡᠢ ᠲᠥᠯᠦᠪᠵᠢᠭᠦᠯᠦᠨ ᠠᠬᠢᠭᠤᠯᠤᠨ᠎ᠠ᠃

  ᠬᠤᠷᠢ ᠶᠢᠰᠦᠳᠦᠭᠡᠷ ᠵᠦᠢᠯ  ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠤᠨ᠎ᠤ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ᠎ᠶᠢᠨ ᠭᠣᠭᠴᠤᠭ᠎ᠠ᠎ᠳᠠᠬᠢ ᠥᠭᠡᠷᠡᠴᠢᠯᠡᠯᠲᠡ᠎ᠶᠢ ᠢᠳᠡᠪᠬᠢᠲᠡᠢ ᠠᠬᠢᠭᠤᠯᠵᠤ᠂ ᠬᠥᠳᠡᠭᠡ ᠲᠣᠰᠭᠤᠨ᠎ᠤ ᠠᠵᠤ ᠦᠢᠯᠡᠰ᠎ᠢ ᠲᠦᠷᠭᠡᠳᠬᠡᠨ ᠬᠥᠭᠵᠢᠭᠦᠯᠵᠦ᠂ ᠠᠵᠤ ᠦᠢᠯᠡᠰ᠎ᠦᠨ ᠪᠠᠶ᠋ᠢᠷᠢᠱᠢᠯ᠎ᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ᠎ᠶᠢᠨ ᠴᠢᠨᠠᠷ ᠰᠠᠶ᠋ᠢᠲᠠᠢ ᠥᠨᠳᠦᠷ ᠪᠦᠲᠦᠮᠵᠢᠲᠡᠢ᠂ ᠬᠥᠳᠡᠭᠡ ᠲᠣᠰᠭᠤᠨ᠎ᠤ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ᠎ᠤ ᠪᠠᠶᠠᠨ ᠴᠢᠨᠡᠭᠡᠯᠢᠭ ᠪᠣᠯᠬᠤ᠎ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠤᠨ᠎ᠤ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠶ᠋ᠢᠭᠤᠯᠤᠯᠲᠠ ᠪᠠ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠤᠨ᠎ᠤ ᠤᠤᠭᠤᠬᠤ ᠤᠰᠤᠨ᠎ᠤ ᠠᠮᠤᠷ ᠲᠦᠪᠱᠢᠨ᠎ᠦ ᠪᠠᠲᠤᠯᠠᠭ᠎ᠠ ᠪᠠ ᠵᠠᠮ ᠬᠠᠷᠢᠯᠴᠠᠭ᠎ᠠ ᠨᠡᠪᠲᠡᠷᠡᠬᠦ ᠲᠦᠪᠱᠢᠨ᠎ᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠤᠨ᠎ᠤ ᠪᠠᠷᠠᠭᠠᠨ᠎ᠤ ᠭᠦᠢᠯᠭᠡᠭᠡᠨ᠎ᠦ ᠲᠣᠭᠲᠠᠯᠴᠠᠭ᠎ᠠ᠎ᠶᠢ ᠪᠦᠷᠢᠨᠰᠢᠭᠦᠯᠵᠦ᠂ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠰᠡᠷᠭᠡᠶ᠋ᠢᠯᠡᠨ ᠵᠠᠰᠠᠬᠤ᠎ᠶᠢ ᠠᠬᠢᠭᠤᠯᠤᠨ᠂ ᠱᠢᠨᠵᠢᠯᠡᠬᠦ ᠤᠬᠠᠭᠠᠨ᠎ᠤ ᠮᠡᠳᠡᠯᠭᠡ᠎ᠶᠢ ᠲᠦᠭᠡᠮᠡᠯᠵᠢᠭᠦᠯᠵᠦ᠂ ᠭᠠᠵᠠᠷ ᠣᠷᠤᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠤᠨ᠎ᠤ ᠵᠣᠷᠯᠤᠩ᠎ᠢ ᠥᠭᠡᠷᠡᠴᠢᠯᠡᠬᠦ᠌᠂ ᠠᠮᠢᠳᠤᠷᠠᠯ᠎ᠤᠨ ᠬᠣᠭ ᠨᠣᠪᠱᠢ᠎ᠶᠢ ᠱᠢᠢᠳᠪᠦᠷᠢᠯᠡᠬᠦ ᠪᠠ ᠪᠣᠬᠢᠷ ᠤᠰᠤᠨ᠎ᠤ ᠵᠠᠰᠠᠯᠲᠠ᠎ᠶᠢ ᠠᠬᠢᠭᠤᠯᠵᠤ᠂ ᠣᠷᠤᠱᠢᠨ ᠰᠠᠭᠤᠬᠤ ᠣᠷᠴᠢᠨ ᠲᠣᠭᠤᠷᠢᠨ᠎ᠢ ᠰᠠᠶ᠋ᠢᠵᠢᠷᠠᠭᠤᠯᠵᠤ᠂ ᠠᠮᠤᠷ ᠠᠮᠤᠭᠤᠯᠠᠩ ᠬᠥᠳᠡᠭᠡ ᠲᠣᠰᠭᠤᠨ᠎ᠤ ᠪᠦᠲᠦᠭᠡᠨ ᠪᠠᠶ᠋ᠢᠭᠤᠯᠤᠯᠲᠠ᠎ᠶᠢ ᠠᠬᠢᠭᠤᠯᠵᠤ᠂ ᠬᠥᠳᠡᠭᠡ ᠲᠣᠰᠭᠤᠨ᠎ᠤ ᠵᠠᠰᠠᠯᠲᠠ᠎ᠶᠢᠨ ᠠᠷᠭ᠎ᠠ ᠬᠡᠯᠪᠡᠷᠢ᠎ᠶᠢᠨ ᠱᠢᠨ᠎ᠡ᠎ᠶᠢ ᠡᠭᠦᠳᠴᠦ᠂ ᠬᠥᠳᠡᠭᠡ ᠲᠣᠰᠭᠤᠨ᠎ᠤ ᠴᠢᠳᠠᠮᠠᠭᠠᠢ ᠵᠠᠰᠠᠯᠲᠠ᠎ᠶᠢᠨ ᠲᠦᠪᠱᠢᠨ᠎ᠢ ᠳᠡᠭᠡᠭᠰᠢᠯᠡᠭᠦᠯᠦᠨ᠎ᠡ᠃

  ᠭᠤᠴᠢᠳᠤᠭᠠᠷ ᠵᠦᠢᠯ  ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠯᠲᠠ᠎ᠶᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠶᠢ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠤᠨ᠎ᠤ ᠳᠣᠤᠷ᠎ᠠ ᠣᠷᠤᠯᠭ᠎ᠠ᠎ᠲᠠᠢ ᠬᠥᠮᠦᠨ ᠠᠮᠠ ᠪᠠ ᠬᠠᠷᠠᠬᠠᠨ ᠬᠥᠭᠵᠢᠭᠡᠳᠦᠢ ᠭᠠᠵᠠᠷ ᠣᠷᠤᠨ᠎ᠢ ᠬᠠᠪᠰᠤᠷᠤᠨ ᠲᠡᠳᠭᠦᠬᠦ ᠲᠣᠭᠲᠠᠴᠠ᠎ᠶᠢ ᠲᠡᠭᠦᠯᠳᠡᠷᠵᠢᠭᠦᠯᠵᠦ᠂ ᠳᠠᠬᠢᠨ ᠶᠠᠳᠠᠭᠤᠷᠠᠬᠤ᠎ᠶᠢ ᠰᠡᠷᠭᠡᠶ᠋ᠢᠯᠡᠬᠦ ᠬᠢᠨᠠᠨ ᠱᠢᠨᠵᠢᠯᠡᠯᠲᠡ ᠪᠠ ᠬᠠᠪᠰᠤᠷᠤᠨ ᠲᠡᠳᠭᠦᠬᠦ ᠲᠣᠭᠲᠠᠴᠠ᠎ᠶᠢ ᠪᠦᠷᠢᠨᠰᠢᠭᠦᠯᠦᠨ᠎ᠡ᠃

  ᠱᠢᠶᠠᠨ᠎ᠤ ᠬᠡᠪᠴᠢᠶᠡᠨ᠎ᠦ ᠠᠵᠤ ᠠᠬᠤᠢ᠎ᠢ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠤᠨ᠎ᠤ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠠᠭᠤᠰᠤᠯᠴᠠᠨ ᠬᠥᠭᠵᠢᠬᠦ᠎ᠶᠢ ᠠᠬᠢᠭᠤᠯᠤᠨ᠂ ᠬᠥᠳᠡᠭᠡ ᠲᠣᠰᠭᠤᠨ᠎ᠤ ᠠᠵᠤ ᠠᠬᠤᠢ᠎ᠶᠢᠨ ᠡᠵᠡᠩᠨᠡᠯᠲᠡ᠎ᠶᠢᠨ ᠪᠠᠶ᠋ᠢᠳᠠᠯ᠎ᠢ ᠪᠠᠶᠠᠯᠢᠭᠵᠢᠭᠤᠯᠵᠤ᠂ ᠬᠥᠭᠵᠢᠯᠲᠡ᠎ᠶᠢᠨ ᠳᠣᠲᠤᠭᠠᠳᠤ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠴᠢᠩᠭᠠᠷᠠᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠷᠤᠯᠭ᠎ᠠ᠎ᠪᠠᠨ ᠤᠷᠲᠤ ᠬᠤᠭᠤᠴᠠᠭ᠎ᠠ᠎ᠪᠠᠷ ᠲᠣᠭᠲᠠᠭᠤᠨ᠎ᠢᠶ᠋ᠠᠷ ᠨᠡᠮᠡᠭᠳᠡᠭᠦᠯᠬᠦ᠎ᠶᠢ ᠦᠨᠡᠨ᠎ᠬᠦ ᠪᠠᠲᠤᠯᠠᠵᠤ᠂ ᠶᠠᠳᠠᠭᠤ᠎ᠠᠴᠠ ᠠᠩᠭᠢᠵᠢᠷᠠᠭᠤᠯᠤᠭᠰᠠᠨ ᠭᠠᠵᠠᠷ ᠣᠷᠤᠨ᠎ᠤ ᠪᠦᠬᠦ ᠲᠠᠯ᠎ᠠ᠎ᠪᠠᠷ ᠬᠥᠭᠵᠢᠨ ᠮᠠᠨᠳᠤᠵᠤ᠂ ᠬᠠᠮᠲᠤ᠎ᠪᠠᠷ ᠴᠢᠨᠡᠭᠡᠯᠢᠭᠵᠢᠬᠦ᠎ᠶᠢ ᠠᠬᠢᠭᠤᠯᠤᠨ᠎ᠠ᠃

  ᠭᠤᠴᠢᠨ ᠨᠢᠭᠡᠳᠦᠭᠡᠷ ᠵᠦᠢᠯ  ᠬᠢᠯᠢ ᠬᠢᠵᠠᠭᠠᠷ ᠣᠷᠤᠨ᠎ᠤ ᠪᠦᠲᠦᠭᠡᠨ ᠪᠠᠶ᠋ᠢᠭᠤᠯᠤᠯᠲᠠ᠎ᠶᠢ ᠴᠢᠩᠭᠠᠳᠬᠠᠵᠤ᠂ ᠬᠢᠯᠢ ᠬᠢᠵᠠᠭᠠᠷ ᠣᠷᠤᠨ᠎ᠢ ᠬᠥᠭᠵᠢᠭᠦᠯᠦᠨ ᠠᠷᠠᠳ᠎ᠢᠶ᠋ᠠᠨ ᠪᠠᠶᠠᠵᠢᠭᠤᠯᠬᠤ᠂ ᠬᠢᠯᠢ ᠬᠢᠵᠠᠭᠠᠷ ᠣᠷᠤᠨ᠎ᠢ ᠲᠣᠭᠲᠠᠪᠤᠷᠢᠵᠢᠭᠤᠯᠤᠨ ᠪᠡᠬᠢᠵᠢᠭᠦᠯᠬᠦ᠎ᠶᠢ ᠠᠬᠢᠭᠤᠯᠵᠤ᠂ ᠡᠳ᠋᠎ᠦᠨ ᠵᠠᠰᠠᠭ᠂ ᠭᠠᠶ᠋ᠢᠯᠢ ᠲᠠᠲᠠᠪᠤᠷᠢ᠂ ᠢᠲᠡᠭᠡᠮᠵᠢᠲᠦ ᠵᠢᠭᠡᠯᠡᠯᠭᠡ᠂ ᠭᠠᠵᠠᠷ ᠱᠢᠷᠤᠢ ᠬᠡᠷᠡᠭᠯᠡᠬᠦ ᠵᠡᠷᠭᠡ ᠲᠥᠷᠦ᠎ᠶᠢᠨ ᠪᠣᠳᠤᠯᠭ᠎ᠠ᠎ᠶᠢ ᠭᠦᠢᠴᠡᠳ ᠠᠰᠢᠭᠯᠠᠨ᠂ ᠭᠠᠵᠠᠷ ᠣᠷᠤᠨ ᠪᠠ ᠦᠨᠳᠦᠰᠦᠲᠡᠨ᠎ᠦ ᠣᠨᠴᠠᠯᠢᠭ᠎ᠲᠠᠢ ᠠᠵᠤ ᠦᠢᠯᠡᠰ᠂ ᠦᠢᠯᠡᠳᠪᠦᠷᠢᠯᠡᠵᠦ ᠡᠳ᠋ᠱᠢᠭᠦᠯᠬᠦ ᠠᠷᠠᠯᠵᠢᠶᠠᠨ᠎ᠤ ᠠᠵᠤ ᠠᠬᠤᠶ᠋ᠢᠯᠠᠯ᠂ ᠵᠢᠭᠤᠯᠴᠢᠯᠠᠯ᠎ᠤᠨ ᠦᠢᠯᠡᠰ᠎ᠦᠨ ᠬᠥᠭᠵᠢᠨ ᠪᠤᠵᠠᠭᠠᠶ᠋ᠢᠷᠠᠬᠤ᠎ᠶᠢ ᠳᠡᠮᠵᠢᠵᠦ᠂ ᠣᠷᠤᠨ ᠨᠤᠲᠤᠭ ᠪᠣᠯᠤᠨ ᠦᠨᠳᠦᠰᠦᠲᠡᠨ᠎ᠦ ᠣᠨᠴᠠᠯᠢᠭ᠎ᠲᠠᠢ᠂ ᠵᠠᠬ᠎ᠠ ᠳᠡᠯᠭᠡᠭᠦᠷ᠎ᠦᠨ ᠥᠷᠢᠰᠦᠯᠳᠦᠬᠦ ᠬᠦᠴᠦᠨ᠎ᠲᠡᠢ ᠲᠥᠷᠦᠯ ᠲᠡᠮᠳᠡᠭ᠎ᠢ ᠪᠣᠶ᠋ᠢᠵᠢᠭᠤᠯᠤᠨ ᠪᠣᠢ ᠪᠣᠯᠭᠠᠨ᠎ᠠ᠃

  ᠬᠢᠯᠢ ᠬᠢᠵᠠᠭᠠᠷ ᠣᠷᠤᠨ᠎ᠤ ᠬᠥᠭᠵᠢᠯᠲᠡ᠎ᠶᠢ ᠠᠬᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠬᠢᠯᠢ᠎ᠶᠢᠨ ᠬᠣᠲᠠ ᠪᠠᠯᠭᠠᠰᠤᠨ᠎ᠤ ᠪᠦᠲᠦᠭᠡᠨ ᠪᠠᠶ᠋ᠢᠭᠤᠯᠤᠯᠲᠠ᠎ᠶᠢ ᠴᠢᠩᠭᠠᠳᠬᠠᠨ᠎ᠠ᠃ ᠬᠢᠯᠢ ᠬᠢᠵᠠᠭᠠᠷ᠎ᠢᠶ᠋ᠠᠨ ᠰᠠᠬᠢᠵᠤ ᠪᠡᠬᠢᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠬᠢᠯᠢ ᠳᠠᠭᠠᠤ ᠬᠣᠲᠠ ᠪᠠᠯᠭᠠᠰᠤ᠎ᠶᠢᠨ ᠢᠵᠢ ᠪᠦᠷᠢᠳᠦᠭᠰᠡᠨ ᠰᠠᠭᠤᠷᠢ ᠲᠥᠬᠥᠭᠡᠷᠦᠮᠵᠢ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠥᠬᠦᠭᠡᠷᠦᠮᠵᠢ ᠪᠣᠯᠤᠨ ᠠᠵᠤ ᠦᠢᠯᠡᠰ᠎ᠦᠨ ᠲᠠᠪᠴᠠᠩ᠎ᠤᠨ ᠲᠥᠬᠦᠭᠡᠷᠦᠮᠵᠢ᠎ᠶᠢ ᠲᠡᠭᠦᠯᠳᠡᠷᠵᠢᠭᠦᠯᠦᠨ᠎ᠡ᠃

  ᠭᠤᠴᠢᠨ ᠬᠣᠶᠠᠳᠤᠭᠠᠷ ᠵᠦᠢᠯ  ᠠᠵᠤ ᠠᠬᠤᠢ᠎ᠶᠢᠨ ᠨᠥᠬᠦᠪᠦᠷᠢ ᠥᠭᠬᠦ᠌᠂ ᠣᠷᠴᠢᠨ ᠠᠬᠤᠢ᠎ᠢ ᠰᠢᠯᠢᠳᠡᠭᠵᠢᠭᠦᠯᠬᠦ᠌᠂ ᠡᠬᠢ ᠪᠠᠶᠠᠯᠢᠭ᠎ᠤᠨ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ ᠪᠠᠶ᠋ᠢᠭᠠᠳ ᠬᠥᠮᠦᠨ ᠠᠮᠠ ᠴᠥᠭᠡᠪᠲᠦᠷ ᠦᠨᠳᠦᠰᠦᠲᠡᠨ᠎ᠦ ᠥᠪᠡᠷ᠎ᠢ᠋᠎ᠪᠡᠨ ᠬᠥᠭᠵᠢᠭᠦᠯᠬᠦ ᠴᠢᠳᠠᠪᠤᠷᠢ᠎ᠪᠠᠨ ᠳᠡᠭᠡᠭᠱᠢᠯᠡᠭᠦᠯᠬᠦ᠎ᠶᠢ ᠳᠡᠮᠵᠢᠵᠦ᠂ ᠬᠥᠮᠦᠨ ᠠᠮᠠ ᠴᠥᠭᠡᠪᠲᠦᠷ ᠦᠨᠳᠦᠰᠦᠲᠡᠨ᠎ᠦ ᠣᠨᠴᠠᠯᠢᠭ᠎ᠲᠠᠢ ᠲᠣᠰᠭᠤᠨ ᠪᠠᠯᠭᠠᠰᠤ᠎ᠶᠢ ᠬᠠᠮᠠᠭᠠᠯᠠᠨ ᠬᠥᠭᠵᠢᠭᠦᠯᠵᠦ᠂ ᠬᠥᠮᠦᠨ ᠠᠮᠠ ᠴᠥᠭᠡᠪᠲᠦᠷ ᠦᠨᠳᠦᠰᠦᠲᠡᠨ᠎ᠦ ᠤᠯᠠᠮᠵᠢᠯᠠᠯᠲᠤ ᠠᠵᠤ ᠦᠢᠯᠡᠰ᠎ᠢ ᠬᠠᠮᠠᠭᠠᠯᠠᠨ ᠤᠯᠠᠮᠵᠢᠯᠠᠨ᠎ᠠ᠃

  ᠭᠤᠴᠢᠨ ᠭᠤᠷᠪᠠᠳᠤᠭᠠᠷ ᠵᠦᠢᠯ  ᠤᠯᠤᠰ᠎ᠤᠨ ᠱᠢᠨ᠎ᠡ ᠬᠡᠯᠪᠡᠷᠢ᠎ᠶᠢᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠶ᠋ᠢᠭᠤᠯᠤᠯᠲᠠ᠂ ᠱᠢᠨ᠎ᠡ ᠬᠡᠯᠪᠡᠷᠢ᠎ᠶᠢᠨ ᠬᠣᠲᠠ ᠪᠠᠯᠭᠠᠰᠤᠵᠢᠯᠲᠠ᠎ᠶᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠤᠰᠤᠨ ᠠᠱᠢᠭᠯᠠᠯᠲᠠ ᠵᠡᠷᠭᠡ ᠴᠢᠬᠤᠯᠠ ᠶᠡᠬᠡ ᠢᠨᠵᠧᠨᠧᠷᠢᠩ᠎ᠦᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠵᠠᠰᠠᠮᠠᠯ ᠵᠠᠮ᠂ ᠲᠡᠮᠦᠷ ᠵᠠᠮ᠂ ᠠᠭᠠᠷ᠎ᠤᠨ ᠠᠶᠠᠯᠠᠯ᠎ᠢᠶ᠋ᠠᠷ ᠭᠣᠤᠯ ᠴᠣᠭᠴᠠ ᠪᠣᠯᠭᠠᠭᠰᠠᠨ ᠶᠡᠷᠦᠩᠬᠡᠶ᠋ᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ᠎ᠤ ᠲᠣᠤᠷ ᠰᠦᠯᠵᠢᠶ᠎ᠡ᠎ᠶᠢ ᠲᠦᠷᠭᠡᠬᠡᠨ ᠪᠦᠷᠢᠯᠳᠦᠭᠦᠯᠵᠦ᠂ ᠰᠠᠭᠤᠷᠢ ᠲᠥᠬᠦᠭᠡᠷᠦᠮᠵᠢ᠎ᠶᠢᠨ ᠬᠠᠷᠢᠯᠴᠠᠨ ᠬᠣᠯᠪᠤᠯᠳᠤᠨ ᠨᠡᠪᠲᠡᠷᠡᠯᠴᠡᠬᠦ᠎ᠶᠢ ᠠᠬᠢᠭᠤᠯᠤᠨ᠎ᠠ᠃

  ᠬᠣᠲᠠ ᠬᠥᠳᠡᠭᠡ᠎ᠶᠢ ᠬᠠᠮᠤᠷᠤᠭᠰᠠᠨ ᠣᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠪᠦᠷᠢᠨᠰᠢᠭᠦᠯᠵᠦ᠂ ᠣᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ᠎ᠶᠢ ᠲᠡᠩᠴᠡᠭᠦᠷᠢᠯᠡᠬᠦ᠎ᠶᠢ ᠠᠬᠢᠭᠤᠯᠵᠤ᠂ ᠬᠡᠷᠡᠭᠯᠡᠬᠦ ᠪᠣᠯᠤᠮᠵᠢᠲᠤ ᠴᠢᠨᠠᠷ᠂ ᠬᠦᠷᠦᠯᠴᠡᠬᠦᠢᠴᠡ ᠴᠢᠨᠠᠷ᠎ᠢ ᠠᠬᠢᠭᠤᠯᠤᠨ᠎ᠠ᠃ ᠬᠣᠲᠠ ᠬᠥᠳᠡᠭᠡ᠎ᠶᠢᠨ ᠣᠯᠠᠨ ᠨᠡᠶ᠋ᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ᠎ᠶᠢ ᠬᠡᠷᠡᠭᠵᠢᠭᠦᠯᠵᠦ᠂ ᠰᠣᠶᠤᠯ᠎ᠢᠶ᠋ᠠᠷ ᠠᠷᠠᠳ᠎ᠲᠤ ᠠᠱᠢᠭ ᠬᠦᠷᠲᠡᠭᠡᠬᠦ ᠢᠨᠵᠧᠨᠧᠷᠢᠩ᠂ ᠴᠢᠨᠠᠷ ᠰᠠᠶ᠋ᠢᠲᠠᠢ ᠡᠮᠴᠢᠯᠡᠭᠡᠨ᠎ᠦ ᠡᠬᠢ ᠪᠠᠶᠠᠯᠢᠭ᠎ᠢ ᠥᠷᠭᠡᠳᠬᠡᠵᠦ᠂ ᠳᠣᠷᠤᠭᠱᠢ ᠪᠠᠭᠤᠯᠭᠠᠬᠤ ᠢᠨᠵᠧᠨᠧᠷᠢᠩ᠎ᠢ ᠱᠢᠨ᠎ᠡ᠎ᠶᠢ ᠡᠭᠦᠳᠦᠨ ᠬᠡᠷᠡᠭᠵᠢᠭᠦᠯᠵᠦ᠂ ᠬᠣᠲᠠ ᠬᠥᠳᠡᠭᠡ᠎ᠶᠢᠨ ᠨᠡᠶ᠋ᠢᠭᠡᠮ ᠲᠣᠭᠤᠷᠢᠭ᠎ᠤᠨ ᠶᠡᠷᠦᠩᠬᠡᠶ᠋ᠢᠯᠡᠭᠰᠡᠨ ᠦᠢᠯᠡᠴᠢᠯᠡᠭᠡᠨ᠎ᠦ ᠲᠥᠬᠥᠭᠡᠷᠦᠮᠵᠢ᠂ ᠨᠠᠰᠤᠵᠢᠯ᠎ᠤᠨ ᠦᠢᠯᠡᠴᠢᠯᠡᠭᠡᠨ᠎ᠦ ᠲᠥᠬᠦᠭᠡᠷᠦᠮᠵᠢ ᠪᠣᠯᠤᠨ ᠬᠡᠦᠬᠡᠳ᠎ᠦᠨ ᠠᠰᠠᠷᠠᠮᠵᠢ᠎ᠶᠢᠨ ᠲᠥᠬᠦᠭᠡᠷᠦᠮᠵᠢ᠎ᠶᠢ ᠨᠢᠭᠡᠳᠦᠯᠲᠡᠢ ᠲᠥᠯᠦᠪᠵᠢᠭᠦᠯᠦᠨ ᠪᠦᠲᠦᠭᠡᠨ ᠪᠠᠶ᠋ᠢᠭᠤᠯᠤᠨ᠎ᠠ᠃

  ᠦᠨᠳᠦᠰᠦᠲᠡᠨ᠎ᠦ ᠤᠯᠠᠮᠵᠢᠯᠠᠯᠲᠤ ᠡᠮ ᠡᠮᠨᠡᠯᠭᠡ᠎ᠶᠢᠨ ᠡᠬᠢ ᠪᠠᠶᠠᠯᠢᠭ᠎ᠢ ᠬᠠᠮᠠᠭᠠᠯᠠᠬᠤ ᠪᠠ ᠨᠡᠭᠡᠭᠡᠨ ᠠᠱᠢᠭᠯᠠᠬᠤ᠎ᠶᠢ ᠴᠢᠩᠭᠠᠳᠬᠠᠵᠤ᠂ ᠦᠨᠳᠦᠰᠦᠲᠡᠨ᠎ᠦ ᠡᠮ ᠡᠮᠨᠡᠯᠭᠡ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠪᠠᠶ᠋ᠢᠭᠤᠯᠤᠨ ᠪᠦᠷᠢᠨᠰᠢᠭᠦᠯᠵᠦ᠂ ᠬᠢᠲᠠᠳ ᠡᠮ ᠡᠮᠨᠡᠯᠭᠡ (ᠮᠣᠩᠭᠤᠯ ᠡᠮ ᠡᠮᠨᠡᠯᠭᠡ)᠎ᠶᠢᠨ ᠱᠢᠨ᠎ᠡ᠎ᠶᠢ ᠡᠭᠦᠳᠦᠨ ᠬᠥᠭᠵᠢᠬᠦ ᠪᠠ ᠳᠡᠯᠭᠡᠷᠡᠭᠦᠯᠦᠨ ᠬᠡᠷᠡᠭᠯᠡᠬᠦ᠎ᠶᠢ ᠳᠡᠮᠵᠢᠨ᠎ᠡ᠃

  ᠭᠤᠴᠢᠨ ᠳᠥᠷᠪᠡᠳᠦᠭᠡᠷ ᠵᠦᠢᠯ  ᠠᠵᠢᠯ ᠣᠯᠭᠤᠬᠤ ᠴᠢᠳᠠᠪᠤᠷᠢ᠎ᠶᠢ ᠶᠡᠬᠡ᠎ᠪᠡᠷ ᠪᠤᠶ᠋ᠢᠵᠢᠭᠤᠯᠤᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ᠎ᠦᠨ ᠠᠵᠢᠯ ᠣᠯᠭᠤᠯᠲᠠ᠎ᠶᠢ ᠣᠯᠠᠨ ᠠᠷᠭ᠎ᠠ ᠵᠠᠮ᠎ᠢᠶ᠋ᠠᠷ ᠠᠬᠢᠭᠤᠯᠵᠤ᠂ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ᠎ᠢᠶ᠋ᠠᠷ ᠳᠠᠮᠵᠢᠭᠤᠯᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ ᠢᠯᠠᠩᠭᠤᠶ᠎ᠠ ᠮᠠᠯᠴᠢᠳ ᠲᠠᠷᠢᠶᠠᠴᠢᠳ᠎ᠤᠨ ᠠᠵᠢᠯ ᠣᠯᠭᠤᠯᠲᠠ᠎ᠶᠢᠨ ᠮᠡᠷᠭᠡᠵᠢᠯ᠎ᠦᠨ ᠴᠢᠳᠠᠪᠤᠷᠢ᠎ᠶᠢ᠎ᠨᠢ ᠳᠡᠭᠡᠭᠰᠢᠯᠡᠭᠦᠯᠦᠨ᠎ᠡ᠃

  ᠠᠵᠤ ᠠᠬᠤᠶ᠋ᠢᠯᠠᠯ᠎ᠤᠨ ᠲᠤᠬᠠᠢ᠎ᠶᠢᠨ ᠭᠠᠵᠠᠷ᠎ᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠠᠵᠢᠯ ᠣᠯᠭᠤᠬᠤ᠎ᠶᠢ ᠵᠣᠷᠢᠭᠵᠢᠭᠤᠯᠤᠨ᠎ᠠ᠃ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤᠷᠠᠨ ᠠᠳᠠᠯ ᠦᠢᠯᠡᠰ ᠪᠤᠰᠭᠠᠬᠤ᠎ᠶᠢ ᠵᠣᠷᠢᠭᠵᠢᠭᠤᠯᠤᠨ᠎ᠠ᠃

  ᠨᠥᠬᠦᠴᠡᠯ ᠪᠦᠷᠢᠯᠳᠦᠭᠦᠯᠵᠦ ᠪᠠᠶ᠋ᠢᠭᠠᠳ ᠡᠯ᠎ᠡ ᠦᠨᠳᠦᠰᠦᠲᠡᠨ᠎ᠦ ᠶᠡᠬᠡ ᠳᠡᠭᠡᠳᠦ ᠰᠤᠷᠭᠠᠭᠤᠯᠢ᠂ ᠳᠤᠮᠳᠠ ᠵᠡᠷᠭᠡ᠎ᠶᠢᠨ ᠲᠤᠰᠭᠠᠢ ᠮᠡᠷᠭᠡᠵᠢᠯ᠎ᠦᠨ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠭᠤᠯᠲᠠ᠎ᠶᠢᠨ ᠨᠣᠷᠮ᠎ᠠ᠎ᠶᠢ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠷᠬᠡ ᠲᠡᠭᠱᠢ᠎ᠪᠡᠷ ᠠᠵᠢᠯ ᠣᠯᠬᠤ᠂ ᠭᠦᠢᠴᠡᠳ ᠠᠵᠢᠯ ᠣᠯᠬᠤ᠎ᠶᠢ ᠠᠬᠢᠭᠤᠯᠤᠨ᠎ᠠ᠃

  ᠭᠤᠴᠢᠨ ᠲᠠᠪᠤᠳᠤᠭᠠᠷ ᠵᠦᠢᠯ  ᠬᠥᠬᠡ ᠠᠭᠤᠯᠠ ᠬᠥᠬᠡᠮᠳᠦᠭ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠤᠶ᠋ᠢᠯᠠᠭᠠᠭᠳᠠᠬᠤᠨ᠎ᠢ ᠪᠠᠲᠤ ᠪᠣᠢ ᠪᠣᠯᠭᠠᠵᠤ᠂ ᠠᠭᠤᠯᠠ ᠤᠰᠤ ᠣᠢ ᠮᠣᠳᠤ ᠭᠠᠵᠠᠷ ᠲᠠᠷᠢᠶ᠎ᠠ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ᠎ᠶᠢ ᠱᠢᠰᠲᠧᠮ᠎ᠲᠡᠢ᠎ᠪᠡᠷ ᠵᠠᠰᠠᠬᠤ᠎ᠶᠢ ᠨᠢᠭᠡᠳᠦᠯᠲᠡᠢ ᠲᠥᠯᠦᠪᠵᠢᠭᠦᠯᠦᠨ ᠠᠬᠢᠭᠤᠯᠵᠤ᠂ ᠨᠤᠲᠤᠭ ᠪᠡᠯᠴᠢᠭᠡᠷ᠂ ᠣᠢ ᠱᠢᠭᠤᠢ᠎ᠶᠢᠨ ᠠᠮᠢ ᠠᠬᠤᠢ᠎ᠶᠢᠨ ᠱᠢᠰᠲᠧᠮ᠎ᠦᠨ ᠬᠠᠮᠠᠭᠠᠯᠠᠯᠲᠠ᠎ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠶᠠᠨᠳᠠᠭᠠᠨ ᠰᠡᠷᠭᠦᠬᠦ᠎ᠪᠡᠷ ᠭᠣᠤᠯ ᠪᠣᠯᠭᠠᠬᠤ ᠴᠢᠭᠯᠡᠯᠲᠡ᠎ᠶᠢ ᠪᠠᠷᠢᠮᠲᠠᠯᠠᠵᠤ᠂ ᠠᠮᠢ ᠠᠬᠤᠢ᠎ᠶᠢᠨ ᠱᠢᠰᠲᠧᠮ᠎ᠦᠨ ᠳᠣᠲᠤᠭᠠᠳᠤ᠎ᠶᠢᠨ ᠵᠢᠮ᠎ᠡ ᠬᠠᠤᠯᠢ ᠪᠠ ᠵᠢᠮ᠎ᠡ ᠶᠣᠰᠤ᠎ᠶᠢ ᠵᠢᠷᠤᠮᠯᠠᠵᠤ᠂ ᠴᠢᠬᠤᠯᠠ ᠶᠡᠬᠡ ᠠᠮᠢ ᠠᠬᠤᠢ᠎ᠶᠢᠨ ᠱᠢᠰᠲᠧᠮ᠎ᠢ ᠬᠠᠮᠠᠭᠠᠯᠠᠨ ᠰᠡᠷᠭᠦᠭᠡᠬᠦ ᠢᠨᠵᠧᠨᠧᠷᠢᠩ᠎ᠢ ᠱᠢᠨᠵᠢᠯᠡᠬᠦ ᠤᠬᠠᠭᠠᠨᠴᠢ᠎ᠪᠠᠷ ᠲᠥᠯᠦᠪᠵᠢᠭᠦᠯᠦᠨ ᠬᠡᠷᠡᠭᠵᠢᠭᠦᠯᠵᠦ᠂ ᠣᠯᠠᠨ ᠡᠱᠢᠵᠢᠭᠰᠡᠨ ᠠᠮᠢ ᠠᠬᠤᠢ᠎ᠶᠢᠨ ᠨᠥᠬᠦᠪᠦᠷᠢ ᠦᠭᠬᠦ ᠲᠣᠭᠲᠠᠴᠠ᠎ᠶᠢ ᠪᠠᠶ᠋ᠢᠭᠤᠯᠵᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ᠎ᠶᠢᠨ ᠬᠠᠮᠤᠭ᠎ᠤᠨ ᠴᠢᠩᠭ᠎ᠠ ᠳᠦᠷᠢᠮ᠎ᠢ ᠨᠠᠶ᠋ᠢᠳᠠᠪᠤᠷᠢᠵᠢᠭᠤᠯᠵᠤ᠂ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠲᠤᠷᠱᠢᠯᠲᠠ᠎ᠶᠢᠨ ᠣᠷᠤᠨ᠎ᠢ ᠢᠳᠡᠪᠬᠢᠲᠡᠢ᠎ᠪᠡᠷ ᠡᠭᠦᠳᠦᠨ ᠪᠠᠶ᠋ᠢᠭᠤᠯᠤᠨ᠎ᠠ᠃

  ᠤᠯᠤᠰ᠎ᠤᠨ ᠡᠬᠢ ᠪᠠᠶᠠᠯᠢᠭ᠎ᠢ ᠲᠥᠯᠦᠪᠦᠷᠢ᠎ᠲᠡᠢ ᠬᠡᠷᠡᠭᠯᠡᠬᠦ ᠳᠦᠷᠢᠮ᠎ᠢ ᠨᠠᠶ᠋ᠢᠳᠠᠪᠤᠷᠢᠵᠢᠭᠤᠯᠵᠤ᠂ ᠠᠮᠢ ᠠᠬᠤᠢ᠎ᠶᠢᠨ ᠡᠬᠢ ᠪᠠᠶᠠᠯᠢᠭ ᠪᠣᠯᠤᠨ ᠪᠠᠶ᠋ᠢᠭᠠᠯᠢ᠎ᠶᠢᠨ ᠡᠬᠢ ᠪᠠᠶᠠᠯᠢᠭ᠎ᠢ ᠵᠦᠢ ᠵᠣᠬᠢᠰᠲᠠᠢ ᠨᠡᠭᠡᠭᠡᠨ ᠠᠰᠢᠭᠯᠠᠵᠤ᠂ ᠡᠬᠢ ᠪᠠᠶᠠᠯᠢᠭ᠎ᠢ ᠨᠡᠭᠡᠭᠡᠨ ᠠᠱᠢᠭᠯᠠᠬᠤ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠨᠡᠩ ᠢᠯᠡᠭᠦᠦ ᠠᠱᠢᠭ ᠬᠦᠷᠲᠡᠭᠡᠨ᠎ᠡ᠃

 

    ᠳᠥᠷᠪᠡᠳᠦᠭᠡᠷ ᠪᠦᠯᠦᠭ   ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠡᠭᠦᠳᠦᠨ ᠪᠠᠶ᠋ᠢᠭᠤᠯᠬᠤ

 

  ᠭᠤᠴᠢᠨ ᠵᠢᠷᠭᠤᠳᠤᠭᠠᠷ ᠵᠦᠢᠯ  ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠡᠭᠦᠳᠦᠨ ᠪᠠᠶ᠋ᠢᠭᠤᠯᠬᠤ᠎ᠳ᠋ᠤ᠌᠂ ᠡᠩ᠎ᠦᠨ ᠦᠶ᠎ᠡ᠎ᠶᠢ ᠴᠢᠬᠤᠯᠠᠴᠢᠯᠠᠬᠤ᠂ ᠰᠡᠳᠬᠢᠯ᠎ᠢᠶ᠋ᠡᠨ ᠰᠣᠯᠢᠯᠴᠠᠬᠤ᠎ᠶᠢ ᠴᠢᠬᠤᠯᠠᠴᠢᠯᠠᠬᠤ᠂ ᠦᠢᠯᠡ ᠠᠵᠢᠯᠯᠠᠭ᠎ᠠ᠎ᠶᠢ ᠴᠢᠬᠤᠯᠠᠴᠢᠯᠠᠬᠤ᠂ ᠦᠨᠳᠦᠰᠦᠨ ᠱᠠᠲᠤ᠎ᠶᠢ ᠴᠢᠬᠤᠯᠠᠴᠢᠯᠠᠬᠤ ᠣᠶ᠋ᠢᠯᠠᠭᠠᠭᠳᠠᠬᠤᠨ᠎ᠢ ᠪᠠᠷᠢᠮᠲᠠᠯᠠᠵᠤ᠂ ᠰᠣᠶᠤᠯ ᠢᠷᠭᠡᠨᠰᠢᠯᠡᠬᠦ᠌᠂ ᠪᠣᠳᠠᠲᠤ ᠴᠣᠬᠴᠠᠵᠢᠭᠤᠯᠬᠤ᠂ ᠣᠯᠠᠨ ᠲᠦᠮᠡᠨᠴᠢᠯᠡᠬᠦ ᠶᠡᠷᠦᠩᠬᠡᠢ ᠱᠠᠭᠠᠷᠳᠠᠯᠭ᠎ᠠ ᠶᠣᠰᠣᠭᠠᠷ᠂ ᠡᠭᠦᠳᠦᠨ ᠪᠠᠶ᠋ᠢᠭᠤᠯᠬᠤ ᠠᠵᠢᠯ᠎ᠢ ᠪᠦᠬᠦ ᠲᠠᠯ᠎ᠠ᠎ᠪᠠᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠬᠢᠯ ᠵᠢᠷᠦᠬᠡᠨ᠎ᠳᠦ ᠬᠠᠳᠠᠩᠰᠢᠭᠤᠯᠤᠨ᠎ᠠ᠃

  ᠭᠤᠴᠢᠨ ᠳᠣᠯᠤᠳᠤᠭᠠᠷ ᠵᠦᠢᠯ  ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠤᠨ ᠲᠥᠯᠦᠪᠵᠢᠭᠦᠯᠭᠡ ᠲᠣᠭᠲᠠᠭᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠡᠭᠦᠳᠦᠨ ᠪᠠᠶ᠋ᠢᠭᠤᠯᠬᠤ ᠠᠵᠢᠯᠯᠠᠭ᠎ᠠ᠎ᠶᠢ ᠪᠠᠶ᠋ᠢᠭᠤᠯᠭ᠎ᠠ᠎ᠳᠤ ᠣᠷᠣᠭᠤᠯᠬᠤ᠂ ᠠᠵᠤ ᠠᠬᠤᠶ᠋ᠢᠯᠠᠯ᠎ᠳᠤ ᠣᠷᠣᠭᠤᠯᠬᠤ᠂ ᠨᠡᠶ᠋ᠢᠭᠡᠮ ᠲᠣᠭᠤᠷᠢᠭ᠎ᠲᠤ ᠣᠷᠣᠭᠤᠯᠬᠤ᠂ ᠰᠤᠮᠤ ᠱᠢᠶᠠᠩ ᠪᠠᠯᠭᠠᠰᠤᠨ᠎ᠳᠤ ᠣᠷᠣᠭᠤᠯᠬᠤ᠂ ᠰᠤᠷᠭᠠᠭᠤᠯᠢ᠎ᠳᠤ ᠣᠷᠣᠭᠤᠯᠬᠤ᠂ ᠴᠡᠷᠢᠭ ᠠᠩᠭᠢ᠎ᠳᠤ ᠣᠷᠣᠭᠤᠯᠬᠤ᠂ ᠱᠠᠱᠢᠨ ᠰᠤᠷᠲᠠᠬᠤᠨ᠎ᠤ ᠠᠵᠢᠯᠯᠠᠭᠠᠨ᠎ᠤ ᠲᠠᠯᠠᠪᠤᠷ᠎ᠲᠤ ᠣᠷᠣᠭᠤᠯᠬᠤ᠂ ᠲᠣᠤᠷ ᠰᠦᠯᠵᠢᠶᠡᠨ᠎ᠳᠦ ᠣᠷᠤᠭᠤᠯᠬᠤ᠎ᠶᠢ ᠠᠬᠢᠭᠤᠯᠬᠤ ᠬᠡᠷᠡᠭᠲᠡᠢ᠃

  ᠭᠤᠴᠢᠨ ᠨᠠᠢ᠍ᠮᠠᠳᠤᠭᠠᠷ ᠵᠦᠢᠯ  ᠲᠥᠷᠦ᠎ᠶᠢᠨ ᠪᠠᠶ᠋ᠢᠭᠤᠯᠭ᠎ᠠ ᠨᠠᠮ᠎ᠤᠨ ᠦᠨᠳᠦᠰᠦᠲᠡᠨ᠎ᠦ ᠲᠥᠷᠦ᠎ᠶᠢᠨ ᠪᠣᠳᠤᠯᠭ᠎ᠠ ᠪᠠ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ᠎ᠢ ᠲᠤᠭᠤᠱᠢᠯᠠᠭᠤᠯᠤᠨ ᠬᠡᠷᠡᠭᠵᠢᠭᠦᠯᠬᠦ ᠬᠦᠴᠦᠨ᠎ᠢᠶ᠋ᠡᠨ ᠳᠡᠭᠡᠭᠰᠢᠯᠡᠭᠦᠯᠵᠦ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠤᠭᠠᠷ ᠵᠠᠰᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠡᠭᠦᠳᠦᠨ ᠪᠠᠶ᠋ᠢᠭᠤᠯᠬᠤ ᠠᠵᠢᠯ᠎ᠢ ᠠᠬᠢᠭᠤᠯᠬᠤ ᠳᠤᠮᠳᠠ ᠳᠣᠤᠷᠠᠬᠢ ᠲᠤᠱᠢᠶᠠᠯ ᠬᠠᠷᠢᠭᠤᠴᠠᠯᠭ᠎ᠠ᠎ᠶᠢ ᠭᠦᠢᠴᠡᠳᠬᠡᠬᠦ ᠬᠡᠷᠡᠭᠲᠡᠢ:

  (ᠨᠢᠭᠡ) ᠤᠯᠤᠰ ᠲᠥᠷᠦ᠎ᠶᠢᠨ ᠵᠣᠭᠰᠤᠯᠲᠠ᠎ᠪᠠᠨ ᠪᠠᠲᠤᠳᠬᠠᠵᠤ᠂ ᠦᠨᠳᠦᠰᠦᠲᠡᠨ᠎ᠦ ᠠᠵᠢᠯ᠎ᠢ ᠶᠡᠬᠡ ᠲᠠᠯ᠎ᠠ᠎ᠠᠴᠠ ᠲᠥᠯᠦᠪᠵᠢᠭᠦᠯᠦᠨ ᠠᠬᠢᠭᠤᠯᠵᠤ᠂ ᠲᠥᠷᠦ᠎ᠶᠢᠨ ᠪᠣᠳᠤᠯᠭ᠎ᠠ ᠲᠣᠭᠲᠠᠭᠠᠬᠤ ᠪᠤᠶᠤ ᠠᠵᠢᠯ ᠥᠷᠨᠢᠭᠦᠯᠬᠦ᠎ᠳ᠋ᠦ᠎ᠪᠡᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠡᠯᠧᠮᠧᠨ᠋ᠲ᠎ᠢ ᠭᠦᠢᠴᠡᠳ ᠪᠣᠳᠣᠯᠬᠢᠯᠠᠵᠤ᠂ ᠨᠠᠮ᠎ᠤᠨ ᠦᠨᠳᠦᠰᠦᠲᠡᠨ᠎ᠦ ᠲᠥᠷᠦ᠎ᠶᠢᠨ ᠪᠣᠳᠤᠯᠭ᠎ᠠ᠎ᠶᠢ ᠪᠦᠬᠦ ᠲᠠᠯ᠎ᠠ᠎ᠪᠠᠷ ᠵᠥᠪ ᠣᠨᠤᠪᠴᠢᠲᠠᠢ ᠲᠤᠭᠤᠱᠢᠯᠠᠭᠤᠯᠤᠨ ᠬᠡᠷᠡᠭᠵᠢᠭᠦᠯᠬᠦ᠎ᠶᠢ ᠦᠨᠡᠨ᠎ᠬᠦ ᠪᠠᠲᠤᠯᠠᠬᠤ;

  (ᠬᠣᠶᠠᠷ) ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢ ᠲᠦᠷᠭᠡᠳᠬᠡᠨ᠂ ᠰᠠᠭᠤᠷᠢ ᠲᠥᠬᠦᠭᠡᠷᠦᠮᠵᠢ ᠪᠣᠯᠤᠨ ᠠᠮᠢᠳᠤᠷᠠᠯ᠎ᠤᠨ ᠨᠥᠬᠦᠴᠡᠯ᠎ᠢ ᠰᠠᠶ᠋ᠢᠵᠢᠷᠠᠭᠤᠯᠵᠤ᠂ ᠥᠪᠡᠷᠲᠡᠭᠡᠨ ᠵᠠᠰᠠᠬᠤ ᠣᠷᠤᠨ ᠪᠦᠬᠦ ᠤᠯᠤᠰ᠎ᠯᠤᠭ᠎ᠠ ᠨᠡᠶ᠋ᠢᠭᠡᠮ ᠵᠢᠷᠤᠮ᠎ᠤᠨ ᠣᠳᠤᠬᠢᠴᠢᠯᠠᠯᠲᠠ᠎ᠶᠢ ᠢᠵᠢᠯ ᠠᠯᠬᠤᠮ᠎ᠢᠶ᠋ᠠᠷ ᠪᠡᠶᠡᠯᠡᠭᠦᠯᠬᠦ᠎ᠶᠢ ᠠᠬᠢᠭᠤᠯᠬᠤ;

  (ᠭᠤᠷᠪᠠ) ᠠᠵᠢᠯ᠎ᠤᠨ ᠲᠣᠭᠲᠠᠴᠠ᠎ᠶᠢᠨ ᠱᠢᠨ᠎ᠡ᠎ᠶᠢ ᠡᠭᠦᠳᠴᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠬᠥᠮᠦᠵᠢᠯ᠎ᠦᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠵᠣᠬᠢᠶᠠᠨ ᠪᠠᠶ᠋ᠢᠭᠤᠯᠤᠨ ᠣᠯᠠᠨ ᠶᠠᠩᠵᠤ᠎ᠶᠢᠨ ᠲᠥᠷᠦᠯ ᠬᠡᠯᠪᠡᠷᠢ ᠪᠦᠬᠦᠢ ᠭᠣᠤᠯ ᠰᠡᠳᠦᠪᠲᠦ ᠬᠥᠮᠦᠵᠢᠯ ᠪᠠ ᠨᠡᠶ᠋ᠢᠭᠡᠮ᠎ᠦᠨ ᠦᠢᠯᠡᠳᠦᠯᠭᠡ᠎ᠶᠢᠨ ᠠᠵᠢᠯᠯᠠᠭ᠎ᠠ᠎ᠶᠢ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠰᠣᠶᠤᠯ᠎ᠤᠨ ᠠᠭᠤᠰᠤᠯᠴᠠᠨ ᠬᠥᠭᠵᠢᠬᠦ ᠪᠠ ᠡᠭᠦᠳᠦᠯᠲᠡ᠎ᠲᠡᠢ ᠪᠠᠶ᠋ᠢᠬᠤ᠎ᠶᠢ ᠲᠦᠯᠬᠢᠨ ᠠᠬᠢᠭᠤᠯᠬᠤ᠃

  ᠲᠥᠷᠦ᠎ᠶᠢᠨ ᠪᠠᠶ᠋ᠢᠭᠤᠯᠭ᠎ᠠ᠎ᠶᠢᠨ ᠠᠵᠢᠯᠲᠠᠨ ᠨᠠᠮ᠎ᠤᠨ ᠦᠨᠳᠦᠰᠦᠲᠡᠨ᠎ᠦ ᠲᠥᠷᠦ᠎ᠶᠢᠨ ᠪᠣᠳᠤᠯᠭ᠎ᠠ᠎ᠶᠢ ᠴᠢᠩᠭ᠎ᠠ ᠬᠡᠷᠡᠭᠵᠢᠭᠦᠯᠵᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠦᠢᠯᠡᠰ᠎ᠲᠦ ᠵᠢᠱᠢᠶᠡᠴᠢ ᠳᠠᠭᠠᠭᠤᠯᠤᠭᠴᠢ ᠦᠢᠯᠡᠳᠦᠯ᠎ᠢᠶ᠋ᠡᠨ ᠪᠠᠳᠠᠷᠠᠭᠤᠯᠬᠤ ᠬᠡᠷᠡᠭᠲᠡᠢ᠃

  ᠭᠤᠴᠢ ᠶᠢᠰᠦᠳᠦᠭᠡᠷ ᠵᠦᠢᠯ  ᠡᠯ᠎ᠡ ᠲᠥᠷᠦᠯ᠎ᠦᠨ ᠠᠵᠤ ᠠᠬᠤᠶ᠋ᠢᠯᠠᠯ᠎ᠤᠨ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠠᠬᠢᠭᠤᠯᠬᠤ᠎ᠶᠢ ᠠᠵᠤ ᠠᠬᠤᠶ᠋ᠢᠯᠠᠯ᠎ᠤᠨ ᠬᠠᠮᠢᠶᠠᠷᠤᠯᠲᠠ ᠪᠠ ᠠᠵᠤ ᠠᠬᠤᠶ᠋ᠢᠯᠠᠯ᠎ᠤᠨ ᠰᠣᠶᠤᠯ᠎ᠤᠨ ᠪᠠᠶ᠋ᠢᠭᠤᠯᠤᠯᠲᠠ᠎ᠳ᠋ᠤ᠎ᠪᠠᠨ ᠠᠭᠤᠰᠤᠯᠴᠠᠭᠤᠯᠵᠤ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠵᠢᠱᠢᠶᠡᠴᠢ ᠠᠵᠤ ᠠᠬᠤᠶ᠋ᠢᠯᠠᠯ᠎ᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠵᠦ᠂ ᠳᠣᠤᠷᠠᠬᠢ ᠨᠡᠶ᠋ᠢᠭᠡᠮ᠎ᠦᠨ ᠬᠠᠷᠢᠭᠤᠴᠠᠯᠭ᠎ᠠ ᠭᠦᠢᠴᠡᠳᠬᠡᠬᠦ᠎ᠶᠢ ᠳᠡᠮᠵᠢᠨ᠎ᠡ:

  (ᠨᠢᠭᠡ) ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠢᠳᠡᠪᠬᠢᠲᠡᠢ᠎ᠪᠡᠷ ᠬᠦᠯᠢᠶᠡᠨ ᠠᠪᠴᠤ ᠠᠵᠢᠯ ᠣᠯᠭᠣᠵᠤ᠂ ᠦᠨᠳᠦᠰᠦᠲᠡᠨ᠎ᠨᠦᠭᠦᠳ᠎ᠦᠨ ᠠᠵᠢᠯᠲᠠᠨ ᠠᠵᠢᠯᠴᠢᠨ᠎ᠤ ᠬᠠᠤᠯᠢ ᠶᠣᠰᠤᠨ᠎ᠤ ᠡᠷᠬᠡ ᠠᠱᠢᠭ᠎ᠢ ᠬᠠᠮᠠᠭᠠᠯᠠᠬᠤ;

  (ᠬᠣᠶᠠᠷ) ᠠᠵᠤ ᠦᠢᠯᠡᠰ᠎ᠢ ᠲᠣᠬᠢᠷᠠᠭᠤᠯᠬᠤ᠂ ᠨᠡᠶ᠋ᠢᠭᠡᠮ᠎ᠦᠨ ᠦᠢᠯᠡᠴᠢᠯᠡᠭᠡ᠎ᠶᠢ ᠥᠷᠨᠢᠭᠦᠯᠬᠦ᠎ᠳ᠋ᠦ᠎ᠪᠡᠨ ᠲᠤᠬᠠᠢ᠎ᠶᠢᠨ ᠭᠠᠵᠠᠷ᠎ᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠱᠢᠭ ᠲᠤᠰᠠ᠎ᠶᠢ ᠭᠦᠢᠴᠡᠳ ᠪᠣᠳᠤᠯᠬᠢᠯᠠᠬᠤ ᠬᠡᠷᠡᠭᠲᠡᠢ;

  (ᠭᠤᠷᠪᠠ) ᠶᠠᠳᠠᠭᠤ᠎ᠶᠢ ᠲᠡᠳᠭᠦᠨ ᠬᠦᠴᠢᠷᠳᠡᠯᠲᠡᠢ᠎ᠶᠢ ᠲᠤᠰᠠᠯᠠᠬᠤ᠂ ᠡᠳ᠋ ᠮᠥᠩᠭᠦ᠎ᠪᠡᠷ ᠰᠤᠷᠤᠯᠭ᠎ᠠ᠎ᠶᠢ ᠲᠡᠳᠭᠦᠬᠦ᠂ ᠬᠥᠭᠦᠷᠭᠡ ᠪᠠᠶ᠋ᠢᠭᠤᠯᠤᠨ ᠵᠠᠮ ᠵᠠᠰᠠᠬᠤ ᠵᠡᠷᠭᠡ ᠨᠡᠶ᠋ᠢᠭᠡᠮ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ᠎ᠶᠢ ᠥᠷᠨᠢᠭᠦᠯᠵᠦ᠂ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠬᠠᠪᠰᠤᠷᠤᠨ ᠰᠢᠢᠳᠪᠦᠷᠢᠯᠡᠵᠦ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠤᠨ᠂ ᠨᠡᠶ᠋ᠢᠭᠡᠮ᠎ᠦᠨ ᠲᠣᠭᠲᠠᠭᠤᠨ᠎ᠢ ᠬᠠᠮᠠᠭᠠᠯᠠᠬᠤ᠃

  ᠳᠥᠴᠢᠳᠦᠭᠡᠷ ᠵᠦᠢᠯ  ᠨᠡᠶ᠋ᠢᠭᠡᠮ ᠲᠣᠭᠤᠷᠢᠭ᠎ᠤᠨ ᠬᠠᠷᠢᠯᠴᠠᠨ ᠱᠢᠭᠢᠳᠬᠡᠬᠦ ᠮᠠᠶᠢᠭ᠎ᠤᠨ ᠨᠡᠶ᠋ᠢᠭᠡᠮ᠎ᠦᠨ ᠪᠦᠲᠦᠴᠡ ᠪᠠ ᠨᠡᠶ᠋ᠢᠭᠡᠮ ᠲᠣᠭᠤᠷᠢᠭ᠎ᠤᠨ ᠣᠷᠴᠢᠨ ᠲᠣᠭᠤᠷᠢᠨ᠎ᠢ ᠪᠠᠢᠭᠤᠯᠬᠤ᠎ᠶᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠡᠭᠦᠳᠦᠨ ᠪᠠᠶ᠋ᠢᠭᠤᠯᠬᠤ᠎ᠶᠢ ᠦᠨᠳᠦᠰᠦᠨ ᠱᠠᠲᠤᠨ᠎ᠤ ᠨᠡᠶ᠋ᠢᠭᠡᠮ᠎ᠦᠨ ᠵᠠᠰᠠᠯᠲᠠ᠎ᠶᠢᠨ ᠲᠣᠭᠲᠠᠯᠴᠠᠭ᠎ᠠ᠎ᠶᠢᠨ ᠴᠢᠬᠤᠯᠠ ᠠᠭᠤᠯᠭ᠎ᠠ ᠪᠣᠯᠭᠠᠵᠤ᠂ ᠳᠣᠤᠷᠠᠬᠢ ᠠᠵᠢᠯ᠎ᠢ ᠥᠷᠨᠢᠭᠦᠯᠬᠦ ᠬᠡᠷᠡᠭᠲᠡᠢ:

  (ᠨᠢᠭᠡ) ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠣᠷᠤᠱᠢᠨ ᠰᠠᠭᠤᠬᠤ᠂ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠠᠵᠢᠯᠯᠠᠬᠤ᠂ ᠬᠠᠮᠲᠤ᠎ᠪᠠᠷ ᠵᠢᠷᠭᠠᠬᠤ᠂ ᠬᠠᠮᠲᠤ᠎ᠪᠠᠷ ᠡᠳ᠋ᠯᠡᠬᠦ ᠨᠡᠶ᠋ᠢᠭᠡᠮ ᠲᠣᠭᠤᠷᠢᠭ᠎ᠤᠨ ᠣᠷᠴᠢᠨ ᠲᠣᠭᠤᠷᠢᠨ᠎ᠢ ᠪᠠᠶ᠋ᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠡᠶ᠎ᠡ ᠵᠣᠬᠢᠴᠠᠯ᠎ᠲᠠᠢ ᠬᠠᠮᠲᠤ᠎ᠪᠠᠷ ᠣᠷᠤᠱᠢᠨ ᠰᠠᠭᠤᠬᠤ᠎ᠶᠢ ᠢᠳᠡᠪᠬᠢᠲᠡᠢ ᠬᠥᠲᠦᠯᠦᠨ ᠵᠢᠯᠤᠭᠤᠳᠭᠤ;

  (ᠬᠣᠶᠠᠷ) ᠦᠨᠳᠦᠰᠦᠲᠡᠨ᠎ᠨᠦᠭᠦᠳ᠎ᠦᠨ ᠨᠡᠭᠦᠳᠡᠯ ᠬᠥᠮᠦᠨ ᠠᠮᠠ᠎ᠶᠢᠨ ᠦᠢᠯᠡᠴᠢᠯᠡᠭᠡᠨ᠎ᠦ ᠠᠵᠢᠯ᠎ᠢ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠨᠡᠭᠦᠳᠡᠯ ᠬᠥᠮᠦᠨ ᠠᠮᠠ᠎ᠶᠢᠨ ᠬᠣᠲᠠ᠎ᠳᠤ ᠨᠡᠩ ᠰᠠᠢᠨ ᠠᠭᠤᠰᠤᠯᠴᠠᠬᠤ᠎ᠶᠢ ᠠᠬᠢᠭᠤᠯᠬᠤ;

  (ᠭᠤᠷᠪᠠ) ᠨᠡᠶ᠋ᠢᠭᠡᠮ ᠲᠣᠭᠤᠷᠢᠭ᠎ᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠷᠤᠨ ᠰᠠᠭᠤᠴᠠ᠂ ᠡᠪᠡᠳᠴᠢᠨ ᠦᠵᠡᠭᠦᠯᠬᠦ᠌᠂ ᠰᠤᠷᠭᠠᠭᠤᠯᠢ᠎ᠳᠤ ᠣᠷᠤᠬᠤ ᠵᠡᠷᠭᠡ ᠲᠠᠯ᠎ᠠ᠎ᠪᠠᠷ ᠣᠷᠤᠱᠢᠵᠤ ᠪᠠᠶ᠋ᠢᠭ᠎ᠠ ᠬᠦᠴᠢᠷᠳᠡᠯ᠎ᠢ ᠬᠠᠪᠰᠤᠷᠤᠨ ᠰᠢᠢᠳᠪᠦᠷᠢᠯᠡᠵᠦ᠂ ᠬᠠᠤᠯᠢ᠎ᠪᠠᠷ ᠵᠠᠰᠠᠬᠤ ᠤᠬᠠᠭᠤᠯᠭ᠎ᠠ ᠬᠢᠬᠦ᠌᠂ ᠠᠵᠢᠯ ᠣᠯᠭᠤᠬᠤ᠎ᠶᠢ ᠵᠢᠯᠣᠭᠣᠳᠬᠤ᠂ ᠵᠥᠷᠢᠴᠡᠯ᠎ᠢ ᠠᠷᠢᠯᠭᠠᠬᠤ᠂ ᠬᠠᠤᠯᠢ ᠴᠠᠭᠠᠵᠠ᠎ᠶᠢᠨ ᠲᠤᠰᠠᠯᠠᠮᠵᠢ ᠦᠵᠡᠭᠦᠯᠬᠦ ᠵᠡᠷᠭᠡ ᠦᠢᠯᠡᠴᠢᠯᠡᠭᠡ᠎ᠶᠢ ᠴᠢᠩᠭᠠᠳᠭᠠᠬᠤ;

  (ᠳᠥᠷᠪᠡ) ᠬᠡᠪ ᠵᠠᠩᠱᠢᠯ᠎ᠢ ᠥᠭᠡᠷᠡᠴᠢᠯᠡᠬᠦ᠎ᠶᠢ ᠰᠠᠨᠠᠭᠠᠴᠢᠯᠠᠨ᠂ ᠪᠣᠯᠪᠠᠰᠤᠨ ᠱᠢᠨ᠎ᠡ ᠬᠡᠪ ᠰᠤᠷᠲᠠᠯ᠎ᠢ ᠪᠣᠢ ᠪᠣᠯᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠵᠠᠩ ᠳᠠᠳᠭᠠᠯ᠎ᠢᠶ᠋ᠠᠨ ᠬᠠᠷᠢᠯᠴᠠᠨ ᠬᠦᠨᠳᠦᠳᠬᠡᠬᠦ᠎ᠶᠢ ᠬᠥᠲᠦᠯᠦᠨ ᠵᠢᠯᠣᠭᠣᠳᠴᠤ᠂ ᠬᠥᠷᠱᠢ ᠰᠠᠭᠠᠬᠠᠯᠲᠠ᠎ᠪᠠᠷ᠎ᠢᠶ᠋ᠠᠨ ᠪᠦᠯᠬᠦᠮᠳᠡᠯ᠎ᠲᠡᠢ᠂ ᠭᠡᠷ ᠪᠦᠯᠢ᠎ᠪᠡᠷ᠎ᠢᠶ᠋ᠡᠨ ᠡᠶ᠎ᠡ ᠨᠠᠶ᠋ᠢᠷᠲᠠᠢ ᠪᠠᠶ᠋ᠢᠬᠤ ᠰᠠᠢᠨ ᠰᠠᠢᠬᠠᠨ ᠨᠡᠶ᠋ᠢᠭᠡᠮ᠎ᠦᠨ ᠣᠷᠴᠢᠨ ᠠᠬᠤᠢ᠎ᠢ ᠢᠳᠡᠪᠬᠢᠲᠡᠢ ᠪᠦᠷᠢᠯᠳᠦᠭᠦᠯᠬᠦ᠌᠃

  ᠳᠥᠴᠢᠨ ᠨᠢᠭᠡᠳᠦᠭᠡᠷ ᠵᠦᠢᠯ  ᠰᠤᠮᠤ ᠱᠢᠶᠠᠩ ᠪᠠᠯᠭᠠᠰᠤ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠡᠭᠦᠳᠦᠨ ᠪᠠᠶ᠋ᠢᠭᠤᠯᠬᠤ ᠠᠵᠢᠯ᠎ᠤᠨ ᠵᠣᠬᠢᠶᠠᠨ ᠪᠠᠶ᠋ᠢᠭᠤᠯᠤᠯᠲᠠ᠎ᠶᠢᠨ ᠪᠠᠶ᠋ᠢᠭᠤᠯᠤᠮᠵᠢ᠎ᠶᠢ ᠪᠦᠷᠢᠨᠰᠢᠭᠦᠯᠵᠦ᠂ ᠡᠭᠦᠳᠦᠨ ᠪᠠᠶ᠋ᠢᠭᠤᠯᠬᠤ ᠠᠵᠢᠯ᠎ᠤᠨ ᠨᠠᠮ ᠵᠠᠰᠠᠭ᠎ᠤᠨ ᠤᠳᠤᠷᠢᠳᠭᠤ ᠪᠠᠭ ᠪᠠ ᠤᠳᠤᠷᠢᠳᠭᠤ ᠺᠠᠳ᠋ᠷ᠎ᠤᠨ ᠠᠵᠢᠯ᠎ᠤᠨ ᠠᠮᠵᠢᠯᠲᠠ᠎ᠶᠢ ᠬᠢᠨᠠᠨ ᠱᠢᠯᠭᠠᠬᠤ ᠬᠠᠷᠢᠭᠤᠴᠠᠯᠭ᠎ᠠ᠎ᠶᠢᠨ ᠳᠦᠷᠢᠮ᠎ᠢ ᠨᠠᠶ᠋ᠢᠳᠠᠪᠤᠷᠢᠵᠢᠭᠤᠯᠵᠤ᠂ ᠳᠣᠤᠷᠠᠬᠢ ᠡᠭᠦᠷᠭᠡ ᠬᠠᠷᠢᠭᠤᠴᠠᠯᠭ᠎ᠠ᠎ᠶᠢ ᠭᠦᠢᠴᠡᠳᠬᠡᠬᠦ ᠬᠡᠷᠡᠭᠲᠡᠢ:

  (ᠨᠢᠭᠡ) ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠡᠭᠦᠳᠦᠨ ᠪᠠᠶ᠋ᠢᠭᠤᠯᠬᠤ᠎ᠶᠢ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠠᠭᠤᠰᠤᠯᠴᠠᠭᠤᠯᠵᠤ᠂ ᠮᠠᠯᠵᠢᠬᠤ ᠲᠠᠷᠢᠶᠠᠯᠠᠬᠤ ᠣᠷᠤᠨ᠎ᠤ ᠠᠵᠤ ᠦᠢᠯᠡᠰ᠎ᠨᠢ ᠥᠷᠨᠢᠨ ᠬᠥᠭᠵᠢᠭᠰᠡᠨ᠂ ᠠᠮᠢ ᠠᠬᠤᠢ᠎ᠨᠢ ᠣᠷᠤᠱᠢᠨ ᠰᠠᠭᠤᠷᠢᠱᠢᠬᠤ᠎ᠳᠤ ᠲᠣᠬᠢᠷᠠᠮᠵᠢᠲᠠᠢ᠂ ᠨᠤᠲᠤᠭ᠎ᠤᠨ ᠰᠤᠷᠲᠠᠯ ᠪᠣᠯᠪᠠᠰᠤᠨ᠂ ᠵᠠᠰᠠᠯᠲᠠ᠎ᠨᠢ ᠦᠷ᠎ᠡ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠶ᠋ᠢᠬᠤ᠎ᠶᠢ ᠪᠡᠶᠡᠯᠡᠭᠦᠯᠬᠦ᠎ᠶᠢ ᠠᠬᠢᠭᠤᠯᠬᠤ;

  (ᠬᠣᠶᠠᠷ) ᠬᠠᠷᠢᠶ᠎ᠠ ᠣᠷᠤᠨ᠎ᠤ᠋᠎ᠪᠠᠨ ᠳᠣᠲᠤᠷᠠᠬᠢ ᠬᠥᠭᠵᠢᠯᠲᠡ᠎ᠨᠢ ᠬᠠᠷᠢᠴᠠᠩᠭᠤᠢ ᠬᠣᠴᠤᠷᠤᠩᠭᠤᠢ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠱᠢᠭᠰᠠᠨ ᠭᠠᠴᠠᠭ᠎ᠠ ᠲᠣᠰᠭᠤᠨ᠎ᠢ ᠳᠡᠮᠵᠢᠬᠦ ᠡᠷᠴᠢᠮ᠎ᠢᠶ᠋ᠡᠨ ᠨᠡᠮᠡᠭᠳᠡᠭᠦᠯᠵᠦ᠂ ᠳᠠᠪᠠᠭᠤᠯᠢᠭ ᠣᠨᠴᠠᠯᠢᠭ᠎ᠲᠠᠢ ᠠᠵᠤ ᠦᠢᠯᠡᠰ᠎ᠢ ᠶᠡᠬᠡ᠎ᠪᠡᠷ ᠬᠥᠭᠵᠢᠭᠦᠯᠬᠦ;

  (ᠭᠤᠷᠪᠠ) ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠶ᠋ᠢᠭᠤᠯᠤᠯᠲᠠ᠎ᠶᠢ ᠴᠢᠩᠭᠠᠳᠬᠠᠨ᠂ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠲᠡᠩᠴᠡᠭᠦᠷᠢᠯᠡᠬᠦ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠤᠨ ᠰᠠᠭᠤᠴᠠ᠂ ᠨᠠᠰᠤᠵᠢᠯ᠂ ᠨᠡᠶ᠋ᠢᠭᠡᠮ᠎ᠦᠨ ᠪᠠᠲᠤᠯᠠᠭ᠎ᠠ ᠵᠡᠷᠭᠡ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠬᠤ;

  (ᠳᠥᠷᠪᠡ) ᠬᠠᠷᠢᠶ᠎ᠠ ᠣᠷᠤᠨ᠎ᠤ᠋᠎ᠪᠠᠨ ᠳᠣᠲᠤᠷᠠᠬᠢ ᠰᠠᠭᠤᠭᠠᠯᠢ ᠠᠷᠠᠳ ᠪᠣᠯᠤᠨ ᠨᠡᠭᠦᠳᠡᠯ ᠬᠥᠮᠦᠨ ᠠᠮᠠ᠎ᠶᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠠᠵᠢᠯ᠎ᠢ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠰᠤᠷᠤᠯᠴᠠᠵᠤ ᠬᠠᠮᠲᠤ᠎ᠪᠠᠷ ᠠᠵᠢᠯᠯᠠᠬᠤ᠂ ᠬᠠᠮᠲᠤ᠎ᠪᠠᠷ ᠬᠥᠭᠵᠢᠬᠦ᠎ᠶᠢ ᠠᠬᠢᠭᠤᠯᠬᠤ;

  (ᠲᠠᠪᠤ᠋) ᠵᠢᠭᠤᠷᠠᠯᠳᠤᠭᠠᠨ᠎ᠢ ᠳᠠᠷᠠᠭᠠᠯᠠᠨ ᠪᠠᠶ᠋ᠢᠴᠠᠭᠠᠵᠤ ᠱᠢᠢᠳᠪᠦᠷᠢᠯᠡᠬᠦ ᠠᠵᠢᠯ᠎ᠢ ᠢᠳᠡᠪᠬᠢᠲᠡᠢ ᠥᠷᠨᠢᠭᠦᠯᠵᠦ᠂ ᠡᠯ᠎ᠡ ᠵᠦᠢᠯ᠎ᠦᠨ ᠵᠥᠷᠢᠴᠡᠯ ᠵᠢᠭᠤᠷᠠᠯᠳᠤᠭᠠᠨ᠎ᠢ ᠤᠷᠢᠳᠴᠢᠯᠠᠨ ᠰᠡᠷᠭᠡᠶ᠋ᠢᠯᠡᠬᠦ ᠪᠠ ᠬᠠᠤᠯᠢ ᠶᠣᠰᠤᠭᠠᠷ ᠲᠣᠬᠢᠷᠠᠮᠵᠢᠲᠠᠢ ᠰᠢᠢᠳᠪᠦᠷᠢᠯᠡᠬᠦ᠌᠃

  ᠳᠥᠴᠢᠨ ᠬᠣᠶᠠᠳᠤᠭᠠᠷ ᠵᠦᠢᠯ  ᠡᠯ᠎ᠡ ᠱᠠᠲᠤᠨ᠎ᠤ ᠡᠯ᠎ᠡ ᠲᠥᠷᠦᠯ᠎ᠦᠨ ᠰᠤᠷᠭᠠᠭᠤᠯᠢ᠎ᠨᠤᠭᠤᠳ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠡᠭᠦᠳᠦᠨ ᠪᠠᠶ᠋ᠢᠭᠤᠯᠬᠤ ᠠᠵᠢᠯ᠎ᠤᠨ ᠤᠷᠲᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠠᠶ᠋ᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠬᠥᠮᠦᠵᠢᠯ᠎ᠢ ᠪᠦᠬᠦ ᠲᠠᠯ᠎ᠠ᠎ᠪᠠᠷ ᠴᠢᠩᠭᠠᠳᠬᠠᠵᠤ᠂ ᠳᠣᠤᠷᠠᠬᠢ ᠠᠵᠢᠯ᠎ᠤ᠋ᠳ᠎ᠢ ᠥᠷᠨᠢᠭᠦᠯᠬᠦ ᠬᠡᠷᠡᠭᠲᠡᠢ:

  (ᠨᠢᠭᠡ) ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠨᠡᠶ᠋ᠢᠭᠡᠮ᠎ᠦᠨ ᠦᠢᠯᠡᠳᠦᠯᠭᠡ᠂ ᠭᠡᠷ ᠪᠦᠯᠢ᠎ᠶᠢᠨ ᠬᠥᠮᠦᠵᠢᠯ᠎ᠢ ᠨᠢᠭᠡ ᠴᠣᠭᠴᠠᠵᠢᠭᠤᠯᠤᠭᠰᠠᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠲᠠᠪᠴᠠᠩ᠎ᠢ ᠪᠠᠶ᠋ᠢᠭᠤᠯᠵᠤ᠂ ᠳᠤᠮᠳᠠᠳᠤ ᠤᠯᠤᠰ᠎ᠤᠨ ᠬᠤᠪᠢᠰᠭᠠᠯ᠎ᠤᠨ ᠲᠡᠦᠬᠡ᠎ᠶᠢᠨ ᠬᠥᠮᠦᠵᠢᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠥᠮᠦᠵᠢᠯ᠂ ᠳᠤᠮᠳᠠᠳᠤ᠎ᠶᠢᠨ ᠵᠡᠭᠦᠳᠦ᠎ᠶᠢᠨ ᠬᠥᠮᠦᠵᠢᠯ᠎ᠢ ᠭᠦᠨᠵᠡᠭᠡᠢ ᠥᠷᠨᠢᠭᠦᠯᠬᠦ;

  (ᠬᠣᠶᠠᠷ) ᠦᠨᠳᠦᠰᠦᠲᠡᠨ᠎ᠨᠦᠭᠦᠳ᠎ᠦᠨ ᠰᠤᠷᠤᠭᠴᠢᠳ ᠬᠠᠮᠲᠤ᠎ᠪᠠᠷ ᠣᠷᠤᠯᠴᠠᠭᠰᠠᠨ ᠰᠣᠶᠤᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠥᠷᠨᠢᠭᠦᠯᠵᠦ᠂ ᠳᠤᠮᠳᠠᠳᠤ᠎ᠶᠢᠨ ᠱᠢᠯᠢᠳᠡᠭ ᠤᠯᠠᠮᠵᠢᠯᠠᠯᠲᠤ ᠰᠣᠶᠤᠯ᠎ᠢ ᠡᠳᠦᠷ ᠲᠤᠲᠤᠮ᠎ᠤᠨ ᠰᠤᠷᠤᠯᠴᠠᠯᠭ᠎ᠠ ᠠᠮᠢᠳᠤᠷᠠᠯ᠎ᠳᠤ ᠠᠭᠤᠰᠤᠯᠴᠠᠭᠤᠯᠬᠤ᠎ᠶᠢ ᠠᠬᠢᠭᠤᠯᠬᠤ;

  (ᠭᠤᠷᠪᠠ) ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠬᠥᠮᠦᠵᠢᠯ᠎ᠦᠨ ᠨᠢᠭᠡᠳᠦᠯᠲᠡᠢ ᠵᠢᠷᠤᠮᠵᠢᠭᠰᠠᠨ ᠵᠢᠭᠠᠬᠤ ᠮᠠᠲᠧᠷᠢᠶᠠᠯ᠎ᠢ ᠬᠡᠷᠡᠭᠯᠡᠵᠦ᠂ ᠬᠢᠴᠢᠶᠡᠯ᠎ᠦᠨ ᠪᠠᠶ᠋ᠢᠷᠢᠯᠠᠭᠤᠯᠤᠯᠳᠠ᠎ᠶᠢ ᠵᠢᠷᠤᠮᠵᠢᠭᠤᠯᠤᠨ᠂ ᠦᠨᠳᠦᠰᠦᠲᠡᠨ᠎ᠦ ᠣᠨᠤᠯ ᠲᠥᠷᠦ᠎ᠶᠢᠨ ᠪᠣᠳᠤᠯᠭ᠎ᠠ᠎ᠶᠢ ᠪᠠᠭᠱᠢ ᠠᠵᠢᠯᠲᠠᠨ᠎ᠤ ᠬᠥᠮᠦᠵᠢᠯ ᠪᠣᠯᠪᠠᠰᠤᠷᠠᠭᠤᠯᠤᠯ᠎ᠤᠨ ᠬᠡᠪᠴᠢᠶᠡᠨ᠎ᠳᠦ ᠣᠷᠤᠭᠤᠯᠬᠤ;

  (ᠳᠥᠷᠪᠡ) ᠶᠡᠬᠡ ᠳᠡᠭᠡᠳᠦ ᠰᠤᠷᠭᠠᠭᠤᠯᠢ᠎ᠨᠤᠭᠤᠳ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠲᠡᠦᠬᠡ᠂ ᠳᠤᠮᠳᠠᠳᠤ᠎ᠶᠢᠨ ᠦᠨᠳᠦᠰᠦᠲᠡᠨ᠎ᠦ ᠣᠯᠠᠨ ᠡᠱᠢᠲᠦ ᠨᠢᠭᠡ ᠴᠣᠭᠴᠠᠵᠢᠭᠰᠠᠨ ᠪᠠᠶ᠋ᠢᠷᠢᠱᠢᠯ᠎ᠤᠨ ᠰᠤᠳᠤᠯᠭᠠᠨ᠎ᠢ ᠴᠢᠩᠭᠠᠳᠬᠠᠵᠤ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠬᠥᠮᠦᠵᠢᠯ᠎ᠦᠨ ᠵᠢᠭᠠᠨ ᠰᠤᠳᠤᠯᠬᠤ ᠠᠵᠢᠯᠯᠠᠭ᠎ᠠ ᠪᠠ ᠰᠤᠳᠤᠯᠭᠠᠨ᠎ᠤ ᠰᠡᠳᠦᠪ᠎ᠦᠨ ᠰᠤᠳᠤᠯᠤᠯ᠎ᠢ ᠥᠷᠨᠢᠭᠦᠯᠬᠦ᠌᠃

  ᠳᠥᠴᠢᠨ ᠭᠤᠷᠪᠠᠳᠤᠭᠠᠷ ᠵᠦᠢᠯ  ᠴᠡᠷᠢᠭ᠎ᠢᠶ᠋ᠡᠨ ᠬᠦᠷᠢᠶᠡᠯᠡᠨ ᠠᠷᠠᠳ᠎ᠢᠶ᠋ᠠᠨ ᠬᠠᠶ᠋ᠢᠷᠠᠯᠠᠬᠤ ᠢᠷᠠᠭᠤ ᠠᠯᠳᠠᠷᠲᠤ ᠤᠯᠠᠮᠵᠢᠯᠠᠯ᠎ᠢ ᠪᠠᠳᠠᠷᠠᠭᠤᠯᠵᠤ᠂ ᠴᠡᠷᠢᠭ ᠠᠩᠭᠢ ᠣᠷᠤᠨ ᠨᠤᠲᠤᠭ ᠴᠡᠷᠢᠭ ᠠᠷᠠᠳ᠎ᠤᠨ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠵᠢᠱ᠌ᠢᠶᠡᠴᠢ᠎ᠶᠢ ᠡᠭᠦᠳᠦᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠵᠦ᠂ ᠬᠢᠯᠢ᠎ᠶᠢᠨ ᠬᠠᠮᠠᠭᠠᠯᠠᠯᠲᠠ᠎ᠶᠢᠨ ᠬᠠᠷᠠᠭᠤᠯ᠎ᠤᠨ ᠭᠠᠵᠠᠷ ᠵᠡᠷᠭᠡ ᠰᠠᠭᠤᠭ᠎ᠠ ᠴᠡᠷᠢᠭ ᠠᠩᠭᠢ᠎ᠲᠠᠢ ᠬᠣᠯᠪᠤᠭᠠᠯᠠᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ ᠪᠠ ᠴᠡᠷᠢᠭ᠎ᠢᠶ᠋ᠡᠨ ᠬᠦᠷᠢᠶᠡᠯᠡᠨ ᠭᠡᠷ ᠪᠦᠯᠢ᠎ᠶᠢ᠎ᠨᠢ ᠬᠠᠷᠠᠭᠠᠯᠵᠠᠬᠤ᠂ ᠵᠠᠰᠠᠭ᠎ᠢᠶ᠋ᠠᠨ ᠬᠦᠷᠢᠶᠡᠯᠡᠨ ᠠᠷᠠᠳ᠎ᠢᠶ᠋ᠠᠨ ᠬᠠᠶ᠋ᠢᠷᠠᠯᠠᠬᠤ ᠠᠵᠢᠯᠯᠠᠭ᠎ᠠ᠎ᠶᠢ ᠥᠷᠨᠢᠭᠦᠯᠦᠨ᠎ᠡ᠃

  ᠤᠯᠤᠰ᠎ᠢᠶ᠋ᠠᠨ ᠬᠠᠶ᠋ᠢᠷᠠᠯᠠᠵᠤ ᠬᠢᠯᠢ᠎ᠪᠡᠨ ᠰᠠᠬᠢᠬᠤ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠬᠢᠯᠢ᠎ᠶᠢᠨ ᠠᠷᠠᠳ᠎ᠤᠨ ᠬᠢᠯᠢ᠎ᠪᠡᠨ ᠰᠠᠬᠢᠵᠤ ᠬᠢᠯᠢ᠎ᠪᠡᠨ ᠬᠠᠮᠠᠭᠠᠯᠠᠬᠤ ᠳᠦᠷᠢᠮ᠎ᠢ ᠲᠡᠭᠦᠯᠳᠡᠷᠵᠢᠭᠦᠯᠵᠦ᠂ ᠬᠢᠯᠢ ᠬᠠᠮᠠᠭᠠᠯᠠᠭᠴᠢ᠎ᠶᠢᠨ ᠪᠠᠲᠤᠯᠠᠭ᠎ᠠ᠎ᠶᠢᠨ ᠡᠷᠴᠢᠮ᠎ᠢ ᠴᠢᠩᠭᠠᠷᠠᠭᠤᠯᠵᠤ᠂ ᠬᠢᠯᠢ᠎ᠶᠢᠨ ᠠᠷᠠᠳ᠎ᠤᠨ ᠦᠢᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠢ ᠰᠠᠶ᠋ᠢᠵᠢᠷᠠᠭᠤᠯᠵᠤ᠂ ᠬᠢᠯᠢ ᠬᠢᠵᠠᠭᠠᠷ᠎ᠢ ᠰᠠᠬᠢᠵᠤ ᠪᠡᠬᠢᠵᠢᠭᠦᠯᠬᠦ ᠦᠨᠳᠦᠰᠦᠲᠡᠨ᠎ᠦ ᠪᠦᠯᠬᠦᠮᠳᠡᠯ᠎ᠦᠨ ᠰᠠᠭᠤᠷᠢ᠎ᠶᠢ ᠪᠡᠬᠢᠵᠢᠭᠦᠯᠵᠦ᠂ ᠡᠬᠡ ᠤᠯᠤᠰ᠎ᠤᠨ ᠤᠮᠠᠷᠠᠲᠤ ᠬᠢᠯᠢ᠎ᠶᠢ ᠬᠠᠮᠲᠤ᠎ᠪᠠᠷ ᠰᠠᠬᠢᠨ ᠬᠠᠮᠠᠭᠠᠯᠠᠨ᠎ᠠ᠃

  ᠳᠥᠴᠢᠨ ᠳᠥᠷᠪᠡᠳᠦᠭᠡᠷ ᠵᠦᠢᠯ  ᠱᠠᠱᠢᠨ ᠰᠤᠷᠲᠠᠬᠤᠨ᠎ᠤ ᠪᠦᠯᠬᠦᠮ᠂ ᠱᠠᠱᠢᠨ ᠰᠤᠷᠲᠠᠬᠤᠨ᠎ᠤ ᠠᠵᠢᠯᠯᠠᠭᠠᠨ᠎ᠤ ᠲᠠᠯᠠᠪᠤᠷ᠂ ᠱᠠᠱᠢᠨ ᠰᠤᠷᠲᠠᠬᠤᠨ᠎ᠤ ᠰᠤᠷᠭᠠᠭᠤᠯᠢ᠎ᠨᠢ ᠨᠠᠮ᠎ᠤᠨ ᠱᠠᠱᠢᠨ ᠰᠤᠷᠲᠠᠬᠤᠨ᠎ᠤ ᠠᠵᠢᠯ᠎ᠤᠨ ᠦᠨᠳᠦᠰᠦᠨ ᠴᠢᠭᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠢᠳᠡᠪᠬᠢᠲᠡᠢ ᠠᠬᠢᠭᠤᠯᠬᠤ ᠬᠡᠷᠡᠭᠲᠡᠢ:

  (ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠬᠦᠷᠢᠶᠡᠯᠡᠵᠦ᠂ ᠨᠡᠶ᠋ᠢᠭᠡᠮ ᠵᠢᠷᠤᠮᠲᠤ ᠪᠠᠶ᠋ᠢᠭᠤᠯᠤᠯ᠎ᠢ ᠬᠦᠷᠢᠶᠡᠯᠡᠵᠦ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠵᠠᠮ᠎ᠢᠶ᠋ᠠᠷ ᠵᠠᠮᠨᠠᠬᠤ᠎ᠶᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ᠂ ᠡᠬᠡ ᠤᠯᠤᠰ᠎ᠤᠨ ᠨᠢᠭᠡᠳᠦᠯ᠂ ᠱᠠᠱᠢᠨ ᠰᠤᠷᠲᠠᠬᠤᠨ᠎ᠤ ᠡᠶ᠎ᠡ ᠵᠣᠬᠢᠴᠠᠯ ᠪᠠ ᠨᠡᠶ᠋ᠢᠭᠡᠮ᠎ᠦᠨ ᠲᠣᠭᠲᠠᠭᠤᠨ᠎ᠢ ᠬᠠᠮᠠᠭᠠᠯᠠᠬᠤ;

  (ᠬᠣᠶᠠᠷ) ᠤᠯᠤᠰ᠎ᠢᠶ᠋ᠠᠨ ᠬᠠᠶ᠋ᠢᠷᠠᠯᠠᠵᠤ ᠱᠠᠱᠢᠨ᠎ᠢᠶ᠋ᠠᠨ ᠬᠠᠶ᠋ᠢᠷᠠᠯᠠᠬᠤ᠎ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠬᠠᠤᠯᠢ ᠲᠣᠭᠲᠠᠭᠠᠯ᠎ᠢ ᠵᠢᠷᠤᠮᠯᠠᠵᠤ᠂ ᠱᠠᠱᠢᠨ ᠰᠤᠷᠲᠠᠬᠤᠨ᠎ᠢ ᠢᠳᠡᠪᠬᠢᠲᠡᠢ ᠬᠥᠲᠦᠯᠦᠨ ᠵᠢᠯᠤᠭᠤᠳᠴᠤ ᠪᠠᠶ᠋ᠢᠭᠠᠳ ᠨᠡᠶ᠋ᠢᠭᠡᠮ ᠵᠢᠷᠤᠮᠲᠤ ᠨᠡᠶ᠋ᠢᠭᠡᠮ᠎ᠯᠦᠭᠡ ᠵᠣᠬᠢᠴᠠᠯᠳᠤᠭᠤᠯᠬᠤ;

  (ᠭᠤᠷᠪᠠ) ᠱᠠᠱᠢᠨ᠎ᠤ ᠨᠣᠮᠯᠠᠯ ᠱᠠᠱᠢᠨ᠎ᠤ ᠳᠦᠷᠢᠮ᠎ᠳᠡᠬᠢ ᠨᠡᠶ᠋ᠢᠭᠡᠮ᠎ᠦᠨ ᠡᠶ᠎ᠡ ᠵᠣᠬᠢᠴᠠᠯ᠂ ᠴᠠᠭ ᠦᠶ᠎ᠡ᠎ᠶᠢᠨ ᠳᠡᠪᠰᠢᠯᠲᠡ᠂ ᠡᠷᠡᠭᠦᠯ ᠰᠠᠷᠠᠭᠤᠯ ᠪᠣᠯᠪᠠᠰᠤᠨ᠎ᠳᠤ ᠠᠱᠢᠭᠲᠠᠢ ᠠᠭᠤᠯᠭ᠎ᠠ᠎ᠶᠢ ᠠᠭᠤᠳᠠᠯᠵᠤ᠂ ᠨᠡᠶ᠋ᠢᠭᠡᠮ ᠵᠢᠷᠤᠮ᠎ᠤᠨ ᠭᠣᠤᠯᠯᠠᠭᠴᠢ ᠥᠷᠲᠡᠭ᠎ᠦᠨ ᠦᠵᠡᠯᠲᠡ᠎ᠶᠢ ᠦᠢᠯᠡᠳᠦᠯᠭᠡᠵᠢᠭᠦᠯᠵᠦ᠂ ᠱᠠᠱᠢᠨ᠎ᠤ ᠨᠣᠮᠯᠠᠯ ᠱᠠᠱᠢᠨ᠎ᠤ ᠳᠦᠷᠢᠮ᠎ᠳᠦ ᠣᠲᠤ ᠦᠶ᠎ᠡ᠎ᠶᠢᠨ ᠳᠤᠮᠳᠠᠳᠤ ᠤᠯᠤᠰ᠎ᠤᠨ ᠬᠥᠭᠵᠢᠯᠲᠡ ᠳᠠᠪᠱᠢᠯᠲᠠ᠎ᠶᠢᠨ ᠱᠠᠭᠠᠷᠳᠠᠯᠭ᠎ᠠ᠎ᠳᠤ ᠨᠡᠶ᠋ᠢᠴᠡᠭᠰᠡᠨ᠂ ᠳᠤᠮᠳᠠᠳᠤ᠎ᠶᠢᠨ ᠱᠢᠯᠢᠳᠡᠭ ᠤᠯᠠᠮᠵᠢᠯᠠᠯᠲᠤ ᠰᠣᠶᠤᠯ᠎ᠳᠤ ᠨᠡᠶ᠋ᠢᠴᠡᠭᠰᠡᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠱᠠᠭᠠᠷᠳᠠᠯᠭ᠎ᠠ᠎ᠳᠤ ᠨᠡᠶ᠋ᠢᠴᠡᠭᠰᠡᠨ ᠲᠠᠶ᠋ᠢᠯᠪᠤᠷᠢᠯᠠᠯᠲᠠ ᠬᠢᠬᠦ;

  (ᠳᠥᠷᠪᠡ) ᠱᠠᠱᠢᠨ ᠰᠤᠷᠲᠠᠬᠤᠨ᠎ᠤ ᠠᠵᠢᠯᠲᠠᠨ ᠪᠠ ᠱᠠᠱᠢᠨ ᠱᠢᠲᠦᠳᠡᠭ ᠣᠯᠠᠨ ᠲᠦᠮᠡᠨ᠎ᠦ ᠤᠯᠤᠰ᠎ᠢᠶ᠋ᠠᠨ ᠬᠠᠶ᠋ᠢᠷᠠᠯᠠᠬᠤ ᠦᠵᠡᠯ᠎ᠦᠨ ᠬᠥᠮᠦᠵᠢᠯ᠂ ᠬᠠᠤᠯᠢ᠎ᠪᠠᠷ ᠵᠠᠰᠠᠬᠤ ᠬᠥᠮᠦᠵᠢᠯ᠂ ᠤᠯᠤᠰ᠎ᠤᠨ ᠪᠠᠶ᠋ᠢᠳᠠᠯ᠎ᠤᠨ ᠬᠥᠮᠦᠵᠢᠯ ᠪᠠ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠬᠥᠮᠦᠵᠢᠯ᠎ᠢ ᠴᠢᠩᠭᠠᠳᠬᠠᠵᠤ᠂ ᠤᠯᠤᠰ᠎ᠤᠨ ᠤᠬᠠᠮᠰᠠᠷ᠂ ᠠᠷᠠᠳ ᠢᠷᠭᠡᠨ᠎ᠦ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠎ᠢ ᠴᠢᠩᠭᠠᠳᠬᠠᠬᠤ᠃

  ᠳᠥᠴᠢᠨ ᠲᠠᠪᠤᠳᠤᠭᠠᠷ ᠵᠦᠢᠯ  ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠤᠬᠠᠭᠤᠯᠭ᠎ᠠ ᠬᠥᠮᠦᠵᠢᠯ᠎ᠦᠨ ᠰᠦᠯᠵᠢᠶᠡᠨ᠎ᠦ ᠣᠷᠤᠨ ᠵᠠᠢ᠎ᠶᠢ ᠥᠷᠭᠡᠳᠬᠡᠵᠦ᠂ ᠰᠦᠯᠵᠢᠶᠡᠨ ᠳᠡᠭᠡᠷᠡᠬᠢ ᠦᠨᠳᠦᠰᠦᠲᠡᠨ᠎ᠨᠦᠭᠦᠳ᠎ᠦᠨ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠤᠨ᠎ᠢ ᠰᠠᠶ᠋ᠢᠲᠤᠷ ᠪᠦᠲᠦᠭᠡᠨ ᠪᠠᠶ᠋ᠢᠭᠤᠯᠬᠤ ᠬᠡᠷᠡᠭᠲᠡᠢ:

  (ᠨᠢᠭᠡ) ᠪᠦᠯᠬᠦᠮᠳᠡᠭᠦᠯᠬᠦ ᠲᠣᠭᠲᠠᠭᠤᠨ ᠪᠠᠶ᠋ᠢᠯᠭᠠᠬᠤ ᠡᠷᠴᠢ ᠵᠣᠷᠢᠭ᠎ᠢ ᠬᠥᠪᠴᠢᠯᠡᠬᠦ᠌᠂ ᠵᠥᠪ ᠲᠠᠯ᠎ᠠ᠎ᠠᠴᠠ ᠤᠬᠠᠭᠤᠯᠬᠤ᠎ᠪᠠᠷ ᠭᠣᠤᠯ ᠪᠣᠯᠭᠠᠬᠤ᠎ᠶᠢ ᠪᠠᠷᠢᠮᠲᠠᠯᠠᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ᠎ᠦ ᠰᠠᠭᠤᠷᠢᠨ ᠭᠠᠵᠠᠷ᠎ᠢ ᠬᠥᠭᠵᠢᠭᠦᠯᠦᠨ ᠪᠤᠵᠠᠭᠠᠶ᠋ᠢᠷᠠᠭᠤᠯᠵᠤ᠂《ᠢᠨᠲᠧᠷ ᠰᠦᠯᠵᠢᠶ᠎ᠡ + ᠦᠨᠳᠦᠰᠦᠲᠡᠨ᠎ᠦ ᠪᠦᠯᠬᠦᠮᠳᠡᠯ》᠎ᠦᠨ ᠠᠵᠢᠯᠯᠠᠭ᠎ᠠ᠎ᠶᠢ ᠠᠬᠢᠭᠤᠯᠵᠤ᠂ ᠰᠦᠯᠵᠢᠶᠡᠨ᠎ᠦ ᠱᠢᠨ᠎ᠡ ᠵᠠᠭᠤᠴᠢᠯᠠᠭᠤᠷ᠎ᠢ ᠭᠦᠢᠴᠡᠳ ᠠᠱᠢᠭᠯᠠᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠬᠠᠮ ᠵᠠᠭᠤᠴᠢᠯᠠᠭᠤᠷ᠎ᠤᠨ ᠤᠬᠠᠭᠤᠯᠭ᠎ᠠ᠂ ᠬᠠᠮ ᠡᠵᠡᠩᠨᠡᠯᠲᠡ᠎ᠶᠢᠨ ᠪᠠᠢᠳᠠᠯ᠎ᠤᠨ ᠳᠠᠮᠵᠢᠭᠤᠯᠭ᠎ᠠ᠂ ᠪᠦᠬᠦ ᠲᠠᠪᠴᠠᠩ᠎ᠢ ᠬᠠᠮᠤᠷᠤᠭᠰᠠᠨ ᠰᠦᠯᠵᠢᠶᠡᠨ᠎ᠦ ᠤᠬᠠᠭᠤᠯᠭ᠎ᠠ᠎ᠶᠢᠨ ᠠᠵᠢᠯ᠎ᠤᠨ ᠪᠠᠶ᠋ᠢᠷᠢᠱᠢᠯ᠎ᠢ ᠲᠦᠷᠭᠡᠳᠬᠡᠨ ᠪᠠᠶ᠋ᠢᠭᠤᠯᠬᠤ;

  (ᠬᠣᠶᠠᠷ) ᠭᠣᠤᠯ ᠪᠣᠯᠬᠤ ᠱᠢᠨ᠎ᠡ ᠵᠠᠭᠤᠴᠢᠯᠠᠭᠤᠷ᠎ᠤᠨ ᠲᠠᠪᠴᠠᠩ᠎ᠨᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠲᠤᠰᠭᠠᠢ ᠪᠤᠯᠤᠩ᠂ ᠲᠤᠰᠭᠠᠢ ᠰᠡᠳᠦᠪ ᠭᠠᠷᠭᠠᠵᠤ᠂ ᠴᠢᠨᠠᠷ ᠰᠠᠶ᠋ᠢᠲᠠᠢ ᠠᠭᠤᠯᠭ᠎ᠠ ᠨᠡᠢᠲᠡᠯᠡᠬᠦ ᠲᠣᠭᠲᠠᠴᠠ᠎ᠶᠢ ᠪᠠᠶ᠋ᠢᠭᠤᠯᠵᠦ᠂ ᠰᠠᠭᠤᠷᠢᠨ ᠭᠠᠵᠠᠷ᠎ᠤᠨ ᠳᠠᠪᠠᠭᠤᠯᠢᠭ᠂ ᠳᠠᠮᠵᠢᠭᠤᠯᠤᠨ ᠲᠠᠷᠬᠠᠭᠠᠬᠤ ᠳᠠᠪᠠᠭᠤᠯᠢᠭ᠎ᠢᠶ᠋ᠠᠨ ᠰᠠᠶ᠋ᠢᠲᠤᠷ ᠪᠠᠳᠠᠷᠠᠭᠤᠯᠵᠤ᠂ ᠨᠥᠯᠦᠭᠡᠯᠡᠬᠦ ᠬᠦᠴᠦᠨ᠎ᠢᠶ᠋ᠡᠷ ᠶᠡᠬᠡ᠂ ᠪᠦᠷᠬᠦᠭᠦᠯᠬᠦ ᠬᠡᠪᠴᠢᠶ᠎ᠡ᠎ᠪᠡᠷ ᠥᠷᠭᠡᠨ ᠡᠷᠬᠡ ᠰᠦᠷᠲᠦ ᠬᠠᠮ ᠵᠠᠭᠤᠴᠢᠯᠠᠭᠤᠷ᠎ᠤᠨ ᠪᠦᠲᠦᠭᠡᠯ᠎ᠢ ᠡᠭᠦᠳᠦᠨ ᠭᠠᠷᠭᠠᠵᠤ᠂ ᠣᠯᠠᠨ ᠲᠦᠮᠡᠨ᠎ᠢ ᠨᠡᠩ ᠰᠠᠶ᠋ᠢᠳᠤᠷ ᠨᠢᠭᠲᠠᠷᠠᠭᠤᠯᠵᠤ᠂ ᠣᠯᠠᠨ ᠲᠦᠮᠡᠨ᠎ᠢ ᠨᠡᠩ ᠰᠠᠶ᠋ᠢᠳᠤᠷ ᠬᠥᠲᠦᠯᠦᠨ ᠵᠢᠯᠤᠭᠤᠳᠭᠤ ᠬᠡᠷᠡᠭᠲᠡᠢ;  

  (ᠭᠤᠷᠪᠠ) ᠢᠨᠲᠧᠷ ᠰᠦᠯᠵᠢᠶᠡᠨ᠎ᠦ ᠵᠠᠭᠤᠴᠢᠯᠠᠭᠤᠷ᠂ ᠢᠨᠲᠧᠷ ᠰᠦᠯᠵᠢᠶᠡᠨ᠎ᠦ ᠠᠵᠤ ᠠᠬᠤᠶ᠋ᠢᠯᠠᠯ᠂ ᠰᠦᠯᠵᠢᠶᠡᠨ ᠢᠷᠭᠡᠳ᠎ᠦᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠤᠬᠠᠭᠤᠯᠭ᠎ᠠ᠎ᠶᠢᠨ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠬᠦ᠎ᠶᠢ ᠵᠣᠷᠢᠭᠵᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠳᠤ ᠶᠠᠷᠢᠶ᠎ᠠ ᠬᠡᠯᠡᠯᠴᠡᠭᠡᠨ᠎ᠦ ᠣᠷᠴᠢᠨ ᠠᠬᠤᠢ᠎ᠶᠢ ᠪᠦᠷᠢᠯᠳᠦᠭᠦᠯᠵᠦ ᠦᠭᠬᠦ;

  (ᠳᠥᠷᠪᠡ) ᠪᠠᠶ᠋ᠢᠭᠤᠯᠭ᠎ᠠ᠂ ᠠᠵᠤ ᠠᠬᠤᠶ᠋ᠢᠯᠠᠯ᠂ ᠰᠤᠷᠭᠠᠭᠤᠯᠢ᠂ ᠨᠡᠶ᠋ᠢᠭᠡᠮ ᠲᠣᠭᠤᠷᠢᠭ᠎ᠨᠢ ᠰᠦᠯᠵᠢᠶᠡᠨ᠎ᠦ ᠡᠬᠢ ᠪᠠᠶᠠᠯᠢᠭ᠎ᠢ ᠭᠦᠢᠴᠡᠳ ᠠᠰᠢᠭᠯᠠᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠰᠦᠯᠵᠢᠶᠡᠨ ᠳᠡᠭᠡᠷᠡᠬᠢ ᠶᠠᠷᠢᠶᠠᠨ᠎ᠤ ᠲᠠᠪᠴᠠᠩ᠎ᠢ ᠪᠠᠶ᠋ᠢᠭᠤᠯᠵᠤ᠂ ᠰᠦᠯᠵᠢᠶᠡᠨ᠎ᠦ ᠲᠠᠪᠴᠠᠩ᠎ᠢᠶ᠋ᠠᠷ ᠳᠠᠮᠵᠢᠭᠤᠯᠤᠨ ᠨᠠᠮ᠎ᠤᠨ ᠦᠨᠳᠦᠰᠦᠲᠡᠨ᠎ᠦ ᠲᠥᠷᠦ᠎ᠶᠢᠨ ᠪᠣᠳᠤᠯᠭ᠎ᠠ ᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠦᠢᠯᠡ ᠠᠵᠢᠯᠯᠠᠭ᠎ᠠ᠎ᠶᠢ ᠤᠬᠠᠭᠤᠯᠬᠤ;

  (ᠲᠠᠪᠤ᠋) ᠵᠥᠪ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ᠎ᠶᠢ ᠪᠠᠷᠢᠮᠲᠠᠯᠠᠨ᠂ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠦ ᠪᠠᠶ᠋ᠢᠳᠠᠯ᠎ᠢ ᠬᠥᠲᠦᠯᠦᠨ ᠵᠢᠯᠤᠭᠤᠳᠭᠤ ᠲᠣᠭᠲᠠᠴᠠ᠎ᠶᠢ ᠪᠦᠷᠢᠨᠰᠢᠭᠦᠯᠵᠦ᠂ ᠰᠦᠯᠵᠢᠶᠡᠨ᠎ᠦ ᠲᠠᠪᠴᠠᠩ᠎ᠳᠤ ᠢᠯᠡᠷᠡᠭᠰᠡᠨ ᠦᠨᠳᠦᠰᠦᠲᠡᠨ᠎ᠦ ᠪᠦᠯᠬᠦᠮᠳᠡᠯ᠎ᠢ ᠡᠪᠳᠡᠭᠰᠡᠨ᠂ ᠬᠢᠯᠢ ᠬᠢᠵᠠᠭᠠᠷ᠎ᠤᠨ ᠲᠣᠭᠲᠠᠭᠤᠨ ᠪᠠᠶ᠋ᠢᠳᠠᠯ᠎ᠳᠤ ᠠᠱᠢᠭ᠎ᠦᠭᠡᠢ ᠵᠢᠴᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠨᠥᠯᠦᠭᠡᠯᠡᠬᠦ ᠦᠭᠡ ᠶᠠᠷᠢᠶ᠎ᠠ᠎ᠶᠢ ᠴᠠᠭ ᠲᠤᠬᠠᠢ᠎ᠳᠤ᠎ᠨᠢ ᠢᠯᠡᠷᠡᠭᠦᠯᠬᠦ ᠪᠠ ᠬᠣᠷᠢᠭᠯᠠᠵᠤ᠂ ᠡᠯ᠎ᠡ ᠵᠦᠢᠯ᠎ᠦᠨ ᠪᠤᠷᠤᠭᠤ ᠦᠵᠡᠯᠲᠡ ᠲᠠᠨᠢᠯᠲᠠ᠎ᠶᠢ ᠲᠤᠭ ᠲᠡᠮᠳᠡᠭ ᠲᠣᠳᠤᠷᠬᠠᠢ᠎ᠪᠠᠷ ᠡᠰᠡᠷᠭᠦᠴᠡᠨ ᠬᠣᠷᠢᠭᠯᠠᠬᠤ᠃

  ᠳᠥᠴᠢᠨ ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠢ᠎ᠶᠢᠨ ᠪᠠᠶ᠋ᠢᠭᠤᠯᠤᠯᠲᠠ᠎ᠶᠢ ᠶᠡᠷᠦᠩᠬᠡᠶ᠋ᠢᠯᠡᠨ ᠱᠢᠯᠭᠠᠵᠤ ᠦᠨᠡᠯᠡᠬᠦ ᠵᠢᠭᠠᠯᠲᠠ ᠲᠣᠭ᠎ᠠ᠎ᠶᠢ ᠲᠣᠭᠲᠠᠭᠠᠵᠤ᠂ ᠬᠢᠨᠠᠨ ᠱᠢᠯᠭᠠᠵᠤ ᠦᠨᠡᠯᠡᠬᠦ ᠲᠣᠭᠲᠠᠯᠴᠠᠭ᠎ᠠ᠎ᠶᠢ ᠪᠠᠶ᠋ᠢᠭᠤᠯᠤᠨ ᠪᠦᠷᠢᠨᠱᠢᠭᠦᠯᠬᠦ ᠬᠡᠷᠡᠭᠲᠡᠢ᠃ ᠠᠶ᠋ᠢᠮᠠᠭ᠎ᠤᠨ ᠵᠠᠬᠢᠷᠭ᠎ᠠ᠂ ᠲᠣᠭᠤᠷᠢᠭ᠎ᠲᠠᠢ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠢ᠎ᠶᠢᠨ ᠪᠠᠶ᠋ᠢᠭᠤᠯᠤᠯᠲᠠ᠎ᠶᠢ ᠶᠡᠷᠦᠩᠬᠡᠶ᠋ᠢᠯᠡᠨ ᠱᠢᠯᠭᠠᠵᠤ ᠦᠨᠡᠯᠡᠬᠦ ᠵᠢᠭᠠᠯᠲᠠ ᠲᠣᠭ᠎ᠠ᠎ᠶᠢ ᠦᠨᠳᠦᠰᠦᠯᠡᠨ᠂ ᠪᠣᠳᠠᠲᠠᠢ ᠠᠷᠭ᠎ᠠ ᠬᠡᠮᠵᠢᠶ᠎ᠡ᠎ᠶᠢ ᠲᠣᠭᠲᠠᠭᠠᠬᠤ ᠬᠡᠷᠡᠭᠲᠡᠢ᠃

  ᠳᠥᠴᠢᠨ ᠳᠣᠯᠤᠳᠤᠭᠠᠷ ᠵᠦᠢᠯ  ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠵᠢᠱᠢᠶᠡᠴᠢ᠎ᠶᠢ ᠬᠥᠮᠦᠵᠢᠭᠦᠯᠦᠨ ᠪᠣᠢ ᠪᠣᠯᠭᠠᠬᠤ ᠠᠵᠢᠯ᠎ᠢ ᠥᠷᠨᠢᠭᠦᠯᠵᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠵᠢᠱᠢᠶᠡᠴᠢ ᠬᠠᠮᠲᠤ ᠪᠠ ᠵᠢᠱᠢᠶᠡᠴᠢ ᠬᠤᠪᠢ ᠬᠥᠮᠦᠨ᠎ᠢ ᠱᠢᠯᠭᠠᠷᠠᠭᠤᠯᠤᠨ ᠬᠥᠬᠢᠭᠦᠯᠬᠦ ᠠᠵᠢᠯᠯᠠᠭ᠎ᠠ᠎ᠶᠢ ᠥᠷᠨᠢᠭᠦᠯᠦᠨ᠎ᠡ᠃

  ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠲᠠᠪᠤᠨ ᠵᠢᠯ᠎ᠳᠦ ᠨᠢᠭᠡ ᠤᠳᠠᠭ᠎ᠠ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠬᠥᠬᠢᠭᠦᠯᠦᠨ ᠰᠠᠶ᠋ᠢᠱᠢᠶᠠᠬᠤ ᠶᠡᠬᠡ ᠬᠤᠷᠠᠯ ᠬᠤᠷᠠᠯᠳᠤᠭᠤᠯᠵᠤ᠂ ᠠᠶ᠋ᠢᠮᠠᠭ᠎ᠤᠨ ᠵᠠᠬᠢᠷᠭ᠎ᠠ᠂ ᠲᠣᠭᠤᠷᠢᠭ᠎ᠲᠠᠢ ᠬᠣᠲᠠ᠎ᠶᠢᠨ ᠠᠷᠠᠳ᠎ᠤᠨ ᠵᠠᠰᠠᠭ᠎ᠤᠨ ᠣᠷᠳᠤᠨ ᠪᠣᠯᠤᠨ ᠬᠣᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠬᠥᠬᠢᠭᠦᠯᠦᠨ ᠰᠠᠶ᠋ᠢᠱᠢᠶᠠᠬᠤ ᠠᠵᠢᠯᠯᠠᠭ᠎ᠠ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠦᠢᠯᠡᠰ᠎ᠢ ᠠᠬᠢᠭᠤᠯᠬᠤ ᠳᠤᠮᠳᠠ ᠢᠯᠡᠷᠬᠡᠢ ᠠᠮᠵᠢᠯᠲᠠ ᠭᠠᠷᠭᠠᠭᠰᠠᠨ ᠪᠠ ᠲᠣᠪᠤᠶ᠋ᠢᠮ᠎ᠠ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ ᠬᠠᠮᠲᠤ ᠪᠣᠯᠤᠨ ᠵᠢᠱᠢᠶᠡᠴᠢ ᠬᠤᠪᠢ ᠬᠥᠮᠦᠨ᠎ᠢ ᠬᠥᠬᠢᠭᠦᠯᠦᠨ ᠱᠠᠩᠨᠠᠬᠤ ᠬᠡᠷᠡᠭᠲᠡᠢ᠃

  ᠳᠥᠴᠢᠨ ᠨᠠᠢ᠍ᠮᠠᠳᠤᠭᠠᠷ ᠵᠦᠢᠯ  ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠵᠦ᠂ ᠵᠢᠯ ᠪᠦᠷᠢ᠎ᠶᠢᠨ 5᠎ᠳ᠋ᠤᠭᠠᠷ ᠰᠠᠷ᠎ᠠ᠎ᠶᠢ ᠪᠦᠬᠦ ᠣᠷᠤᠨ᠎ᠤ ᠦᠨᠳᠦᠰᠦᠲᠡᠨ᠎ᠦ ᠲᠥᠷᠦ᠎ᠶᠢᠨ ᠪᠣᠳᠤᠯᠭ᠎ᠠ᠎ᠶᠢᠨ ᠤᠬᠠᠭᠤᠯᠭ᠎ᠠ᠎ᠶᠢᠨ ᠰᠠᠷ᠎ᠠ ᠪᠣᠯᠭᠠᠵᠤ᠂ 5᠎ᠳ᠋ᠤᠭᠠᠷ ᠰᠠᠷ᠎ᠠ᠎ᠶᠢᠨ ᠬᠠᠮᠤᠭ᠎ᠤᠨ ᠰᠡᠭᠦᠯᠴᠢ᠎ᠶᠢᠨ ᠨᠢᠭᠡ ᠭᠠᠷᠠᠭ᠎ᠢ ᠦᠨᠳᠦᠰᠦᠲᠡᠨ᠎ᠦ ᠬᠠᠤᠯᠢᠵᠢᠯ᠎ᠤᠨ ᠤᠬᠠᠭᠤᠯᠭ᠎ᠠ᠎ᠶᠢᠨ ᠭᠠᠷᠠᠭ ᠪᠣᠯᠭᠠᠨ᠎ᠠ; ᠵᠢᠯ ᠪᠦᠷᠢ᠎ᠶᠢᠨ 9᠎ᠳ᠋ᠦᠭᠡᠷ ᠰᠠᠷ᠎ᠠ᠎ᠶᠢ ᠪᠦᠬᠦ ᠣᠷᠤᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠠᠵᠢᠯᠯᠠᠭ᠎ᠠ᠎ᠶᠢᠨ ᠰᠠᠷ᠎ᠠ ᠪᠣᠯᠭᠠᠨ᠎ᠠ᠃

 

    ᠲᠠᠪᠤᠳᠤᠭᠠᠷ ᠪᠦᠯᠦᠭ   ᠨᠡᠶ᠋ᠢᠭᠡᠮ᠎ᠦᠨ ᠬᠠᠮᠵᠢᠯᠴᠠᠭ᠎ᠠ᠎ᠶᠢ ᠴᠢᠩᠭᠠᠳᠭᠠᠬᠤ

 

  ᠲᠦᠴᠢ ᠶᠢᠰᠦᠳᠦᠭᠡᠷ ᠵᠦᠢᠯ  ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠷᠢᠯᠴᠠᠨ ᠣᠶ᠋ᠢᠯᠠᠭᠠᠯᠴᠠᠵᠦ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ ᠬᠠᠷᠢᠯᠴᠠᠨ ᠰᠣᠯᠢᠯᠴᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠵᠤ᠂ ᠡᠶ᠎ᠡ ᠵᠣᠬᠢᠴᠠᠯ᠎ᠲᠠᠢ ᠰᠠᠢᠨ ᠰᠠᠢᠬᠠᠨ ᠨᠡᠶ᠋ᠢᠭᠡᠮ᠎ᠦᠨ ᠣᠷᠴᠢᠨ ᠲᠣᠭᠤᠷᠢᠨ ᠪᠠ ᠠᠮᠢᠳᠤᠷᠠᠯ᠎ᠤᠨ ᠣᠷᠴᠢᠨ ᠠᠬᠤᠢ᠎ᠶᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠬᠡᠷᠡᠭᠲᠡᠢ᠃

  ᠲᠠᠪᠢᠳᠤᠭᠠᠷ ᠵᠦᠢᠯ  ᠡᠯ᠎ᠡ ᠱᠠᠲᠤᠨ᠎ᠤ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠶ᠋ᠢᠭᠤᠯᠤᠯᠲᠠ ᠣᠯᠠᠨ ᠲᠦᠮᠡᠨ᠎ᠦ ᠠᠵᠢᠯ᠎ᠤᠨ ᠳᠠᠪᠠᠭᠤᠯᠢᠭ᠎ᠢᠶ᠋ᠠᠨ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠠᠵᠢᠯ᠎ᠢ ᠪᠦᠲᠦᠭᠡᠯᠴᠢ᠎ᠪᠡᠷ ᠥᠷᠨᠢᠭᠦᠯᠵᠦ᠂ ᠪᠦᠬᠦ ᠨᠡᠶ᠋ᠢᠭᠡᠮ᠎ᠢᠶ᠋ᠡᠷ᠎ᠢᠶ᠋ᠡᠨ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠬᠠᠮᠲᠤ᠎ᠪᠠᠷ ᠠᠬᠢᠭᠤᠯᠬᠤ ᠣᠷᠴᠢᠨ ᠠᠬᠤᠢ᠎ᠶᠢ ᠪᠣᠢ ᠪᠣᠯᠭᠠᠬᠤ ᠬᠡᠷᠡᠭᠲᠡᠢ᠃

  ᠠᠵᠢᠯᠴᠢᠨ᠎ᠤ ᠡᠪᠯᠡᠯ᠎ᠨᠢ ᠦᠨᠳᠦᠰᠦᠲᠡᠨ᠎ᠨᠦᠭᠦᠳ᠎ᠦᠨ ᠠᠵᠢᠯᠲᠠᠨ ᠠᠵᠢᠯᠴᠢᠨ᠎ᠲᠠᠢ ᠬᠠᠷᠢᠯᠴᠠᠬᠤ ᠬᠥᠭᠦᠷᠭᠡ ᠬᠣᠯᠪᠤᠭᠠᠰᠤ᠎ᠶᠢᠨ ᠦᠢᠯᠡᠳᠦᠯ᠎ᠢᠶ᠋ᠡᠨ ᠪᠠᠳᠠᠷᠠᠭᠤᠯᠵᠤ᠂ ᠠᠵᠢᠯᠲᠠᠨ ᠠᠵᠢᠯᠴᠢᠨ ᠣᠯᠠᠨ ᠲᠦᠮᠡᠨ᠎ᠦ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠡᠭᠦᠳᠦᠨ ᠪᠠᠶ᠋ᠢᠭᠤᠯᠬᠤ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠬᠦ ᠬᠡᠷᠡᠭᠲᠡᠢ᠃

  ᠡᠪ ᠬᠠᠮᠲᠤ ᠵᠠᠯᠠᠭᠤᠴᠤᠳ᠎ᠤᠨ ᠡᠪᠯᠡᠯ᠎ᠨᠢ ᠵᠠᠯᠠᠭᠤᠴᠤᠳ ᠪᠠᠭᠠᠴᠤᠳ᠎ᠢ ᠬᠥᠲᠦᠯᠦᠨ ᠳᠠᠭᠠᠭᠤᠯᠬᠤ ᠦᠢᠯᠡᠳᠦᠯ᠎ᠢᠶ᠋ᠡᠨ ᠪᠠᠳᠠᠷᠠᠭᠤᠯᠵᠤ᠂ ᠵᠠᠯᠠᠭᠤᠴᠤᠳ᠎ᠲᠠᠢ ᠪᠦᠯᠬᠦᠮᠳᠡᠨ᠂ ᠵᠠᠯᠠᠭᠤᠴᠤᠳ᠎ᠢ ᠨᠢᠭᠲᠠᠷᠠᠭᠤᠯᠵᠤ᠂ ᠵᠠᠯᠠᠭᠤᠴᠤᠳ᠎ᠢ ᠳᠠᠭᠠᠭᠤᠯᠤᠨ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠦᠢᠯᠡᠰ᠎ᠲᠦ ᠢᠳᠡᠪᠬᠢᠲᠡᠢ ᠣᠷᠣᠯᠴᠠᠭᠤᠯᠵᠤ᠂ ᠵᠠᠯᠠᠭᠤᠴᠤᠳ ᠪᠠᠭᠠᠴᠤᠳ᠎ᠤᠨ ᠳᠤᠮᠳᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠦᠢᠯᠡᠳᠦᠯᠭᠡ᠎ᠶᠢᠨ ᠠᠵᠢᠯᠯᠠᠭ᠎ᠠ᠎ᠶᠢ ᠥᠷᠭᠡᠨ᠎ᠢᠶ᠋ᠡᠷ ᠥᠷᠨᠢᠭᠦᠯᠬᠦ ᠬᠡᠷᠡᠭᠲᠡᠢ᠃

  ᠡᠮᠡᠭᠲᠡᠶ᠋ᠢᠴᠦᠳ᠎ᠦᠨ ᠬᠣᠯᠪᠤᠭᠠᠲᠤ ᠬᠤᠷᠠᠯ᠎ᠨᠢ ᠨᠡᠶ᠋ᠢᠭᠡᠮ᠎ᠦᠨ ᠠᠮᠢᠳᠤᠷᠠᠯ ᠪᠠ ᠭᠡᠷ ᠪᠦᠯᠢ᠎ᠶᠢᠨ ᠠᠮᠢᠳᠤᠷᠠᠯ᠎ᠳᠠᠬᠢ ᠡᠮᠡᠭᠲᠡᠶ᠋ᠢᠴᠦᠳ᠎ᠦᠨ ᠥᠪᠡᠷᠮᠢᠴᠡ ᠦᠢᠯᠡᠳᠦᠯ᠎ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠡᠮᠡᠭᠲᠡᠶ᠋ᠢᠴᠦᠳ᠎ᠢ ᠬᠥᠮᠦᠵᠢᠭᠦᠯᠦᠨ ᠬᠥᠲᠦᠯᠦᠨ ᠵᠢᠯᠤᠭᠤᠳᠴᠤ ᠪᠠᠶ᠋ᠢᠭᠠᠳ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠦᠢᠯᠡᠰ᠎ᠲᠦ ᠢᠳᠡᠪᠬᠢᠲᠡᠢ ᠠᠵᠢᠯᠯᠠᠭᠤᠯᠬᠤ ᠬᠡᠷᠡᠭᠲᠡᠢ᠃

  ᠲᠠᠪᠢᠨ ᠨᠢᠭᠡᠳᠦᠭᠡᠷ ᠵᠦᠢᠯ  ᠭᠠᠴᠠᠭ᠎ᠠ ᠲᠣᠰᠭᠤᠨ᠎ᠤ ᠠᠷᠠᠳ᠎ᠤᠨ ᠵᠥᠪᠯᠡᠯ᠂ ᠰᠠᠭᠤᠭᠠᠯᠢ ᠠᠷᠠᠳ᠎ᠤᠨ ᠵᠥᠪᠯᠡᠯ᠎ᠨᠢ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠠᠭᠤᠯᠭ᠎ᠠ᠎ᠶᠢ ᠲᠣᠰᠭᠤᠨ᠎ᠤ ᠳᠦᠷᠢᠮ ᠠᠷᠠᠳ᠎ᠤᠨ ᠭᠡᠷ᠎ᠡ᠂ ᠰᠠᠭᠤᠭᠠᠯᠢ ᠠᠷᠠᠳ᠎ᠤᠨ ᠨᠡᠶ᠋ᠢᠲᠡ᠎ᠶᠢᠨ ᠭᠡᠷ᠎ᠡ᠎ᠳᠦ ᠣᠷᠤᠭᠤᠯᠬᠤ᠎ᠶᠢ ᠵᠣᠷᠢᠭᠵᠢᠭᠤᠯᠤᠨ᠎ᠠ᠃

  ᠲᠠᠪᠢᠨ ᠬᠣᠶᠠᠳᠤᠭᠠᠷ ᠵᠦᠢᠯ  ᠭᠡᠷ ᠪᠦᠯᠢ᠎ᠨᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠳᠤᠮᠳᠠ ᠢᠳᠡᠪᠬᠢᠲᠡᠢ ᠦᠢᠯᠡᠳᠦᠯ᠎ᠢᠶ᠋ᠡᠨ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠦᠵᠡᠯ ᠰᠠᠨᠠᠭ᠎ᠠ᠎ᠶᠢ ᠭᠡᠷ᠎ᠦᠨ ᠰᠤᠷᠭᠠᠯ᠂ ᠭᠡᠷ᠎ᠦᠨ ᠰᠤᠷᠲᠠᠯ᠎ᠳᠤ ᠠᠭᠤᠰᠭᠠᠨ ᠣᠷᠣᠭᠤᠯᠵᠤ᠂ ᠭᠡᠷ ᠪᠦᠯᠢ᠎ᠶᠢᠨ ᠪᠦᠷᠢᠯᠳᠦᠬᠦᠨ᠎ᠦ ᠬᠣᠭᠤᠷᠤᠨᠳᠤ᠎ᠪᠠᠨ ᠬᠠᠷᠢᠯᠴᠠᠨ ᠬᠦᠨᠳᠦᠳᠬᠡᠵᠦ᠂ ᠬᠠᠷᠢᠯᠴᠠᠨ ᠨᠥᠯᠥᠭᠡᠯᠡᠵᠦ᠂ ᠬᠠᠷᠢᠯᠴᠠᠨ ᠬᠥᠮᠦᠵᠢᠭᠦᠯᠵᠦ᠂ ᠬᠠᠷᠢᠯᠴᠠᠨ ᠠᠬᠢᠭᠤᠯᠬᠤ ᠬᠡᠷᠡᠭᠲᠡᠢ᠃

  ᠲᠠᠪᠢᠨ ᠭᠤᠷᠪᠠᠳᠤᠭᠠᠷ ᠵᠦᠢᠯ  ᠨᠣᠮ᠎ᠤᠨ ᠰᠠᠩ᠂ ᠮᠦᠽᠧᠢ᠂ ᠦᠵᠡᠰᠭᠦᠯᠡᠩ᠎ᠦᠨ ᠣᠷᠳᠣᠨ᠂ ᠰᠣᠶᠤᠯ᠎ᠤᠨ ᠣᠷᠳᠣᠨ᠂ ᠤᠷᠠᠨ ᠵᠢᠷᠤᠭ᠎ᠤᠨ ᠣᠷᠳᠣᠨ᠂ ᠳᠤᠷᠠᠰᠭᠠᠯ᠎ᠤᠨ ᠣᠷᠳᠣᠨ᠂ ᠪᠠᠭᠠᠴᠤᠳ᠎ᠤᠨ ᠣᠷᠳᠤᠨ ᠵᠡᠷᠭᠡ ᠣᠯᠠᠨ ᠨᠡᠶ᠋ᠢᠲᠡ᠎ᠶᠢᠨ ᠰᠣᠶᠤᠯ᠎ᠤᠨ ᠲᠠᠯᠠᠪᠤᠷ᠎ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠲᠤᠰᠭᠠᠬᠤ ᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠠᠬᠢᠭᠤᠯᠬᠤ ᠤᠬᠠᠭᠤᠯᠭ᠎ᠠ ᠬᠥᠮᠦᠵᠢᠯ᠎ᠦᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠴᠡᠴᠡᠷᠯᠢᠭ᠂ ᠠᠭᠤᠳᠠᠮ ᠲᠠᠯᠠᠪᠠᠢ᠂ ᠨᠢᠰᠬᠡᠯ᠎ᠦᠨ ᠪᠠᠭᠤᠳᠠᠯ᠂ ᠲᠡᠷᠭᠡᠨ ᠥᠷᠲᠡᠭᠡ᠂ ᠵᠢᠭᠤᠯᠴᠢᠯᠠᠯ᠎ᠤᠨ ᠦᠵᠡᠮᠵᠢ᠎ᠶᠢᠨ ᠣᠷᠤᠨ᠎ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠳᠤᠰᠭᠠᠬᠤ ᠪᠠ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠠᠬᠢᠭᠤᠯᠬᠤ ᠤᠬᠠᠭᠤᠯᠭ᠎ᠠ ᠬᠥᠮᠦᠵᠢᠯ᠎ᠦᠨ ᠠᠭᠤᠯᠭ᠎ᠠ᠎ᠶᠢ ᠳᠡᠯᠭᠡᠨ ᠦᠵᠡᠭᠦᠯᠬᠦ ᠬᠡᠷᠡᠭᠲᠡᠢ᠃

  ᠲᠠᠪᠢᠨ ᠳᠥᠷᠪᠡᠳᠦᠭᠡᠷ ᠵᠦᠢᠯ  ᠨᠣᠮ ᠪᠢᠴᠢᠭ᠂ ᠰᠣᠨᠢᠨ ᠰᠡᠳᠭᠦᠯ᠂ ᠳᠠᠭᠤ ᠳᠦᠷᠰᠦ ᠱᠢᠩᠭᠡᠭᠡᠯᠲᠡ᠎ᠶᠢᠨ ᠪᠦᠲᠦᠭᠡᠭᠳᠡᠬᠦᠨ᠂ ᠺᠢᠨᠤ᠋ ᠲᠧᠯᠸᠢᠰ᠂ ᠰᠦᠯᠵᠢᠶ᠎ᠡ ᠵᠡᠷᠭᠡ ᠠᠴᠢᠶᠠᠯᠠᠪᠤᠷᠢ ᠵᠢᠴᠢ ᠣᠷᠤᠨ ᠪᠦᠰᠡ᠎ᠶᠢᠨ ᠨᠡᠷᠡᠶ᠋ᠢᠳᠦᠯ᠂ ᠠᠵᠤ ᠠᠬᠤᠶ᠋ᠢᠯᠠᠯ᠎ᠤᠨ ᠨᠡᠷᠡᠶ᠋ᠢᠳᠦᠯ᠂ ᠲᠥᠷᠦᠯ ᠲᠡᠮᠳᠡᠭ ᠲᠠᠸᠠᠷ᠎ᠤᠨ ᠲᠡᠮᠳᠡᠭ᠂ ᠵᠠᠷ ᠮᠡᠳᠡᠭᠡ ᠵᠡᠷᠭᠡ ᠲᠠᠯ᠎ᠠ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢ ᠦᠭᠡᠶ᠋ᠢᠰᠬᠡᠬᠦ᠌᠂ ᠦᠨᠳᠦᠰᠦᠲᠡᠨ᠎ᠦ ᠵᠠᠩ ᠳᠠᠳᠭᠠᠯ᠎ᠢ ᠭᠤᠲᠤᠭᠠᠬᠤ᠂ ᠦᠨᠳᠦᠰᠦᠲᠡᠨ᠎ᠦ ᠨᠡᠷ᠎ᠡ ᠬᠦᠨᠳᠦ᠎ᠶᠢ ᠬᠣᠬᠢᠷᠠᠭᠤᠯᠬᠤ᠂ ᠦᠨᠳᠦᠰᠦᠲᠡᠨ᠎ᠦ ᠬᠠᠶ᠋ᠢᠷ᠎ᠠ ᠰᠡᠳᠬᠢᠯᠭᠡ᠎ᠶᠢ ᠭᠣᠮᠤᠳᠠᠭᠠᠬᠤ ᠵᠡᠷᠭᠡ ᠦᠨᠳᠦᠰᠦᠲᠡᠨ᠎ᠦ ᠪᠦᠯᠬᠦᠮᠳᠡᠯ᠎ᠢ ᠨᠥᠯᠦᠭᠡᠯᠡᠬᠦ ᠠᠭᠤᠯᠭ᠎ᠠ ᠢᠯᠡᠷᠡᠬᠦ᠎ᠶᠢ ᠴᠠᠭᠠᠵᠠᠯᠠᠨ᠎ᠠ᠃

  ᠲᠠᠪᠢᠨ ᠲᠠᠪᠤᠳᠤᠭᠠᠷ ᠵᠦᠢᠯ  ᠶᠠᠮᠠᠷᠪᠠ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ ᠦᠨᠳᠦᠰᠦᠲᠡᠨ᠎ᠦ ᠪᠦᠯᠬᠦᠮᠳᠡᠯ᠎ᠳᠦ ᠠᠱᠢᠭ᠎ᠦᠭᠡᠢ ᠦᠭᠡ ᠶᠠᠷᠢᠶ᠎ᠠ᠎ᠶᠢ ᠲᠠᠷᠬᠠᠭᠠᠵᠤ ᠪᠣᠯᠬᠤ ᠦᠭᠡᠢ; ᠦᠨᠳᠦᠰᠦᠲᠡᠨ᠎ᠦ ᠪᠦᠯᠬᠦᠮᠳᠡᠯ᠎ᠳᠦ ᠠᠱᠢᠭ᠎ᠦᠭᠡᠢ ᠮᠡᠳᠡᠭᠡ ᠵᠠᠩᠭᠢ᠎ᠶᠢ ᠴᠤᠭᠯᠠᠭᠤᠯᠵᠤ᠂ ᠦᠢᠯᠡᠳᠴᠦ᠂ ᠬᠠᠩᠭᠠᠵᠤ ᠳᠠᠮᠵᠢᠭᠤᠯᠵᠤ ᠪᠣᠯᠬᠤ ᠦᠭᠡᠢ; ᠦᠨᠳᠦᠰᠦᠲᠡᠨ᠎ᠦ ᠪᠦᠯᠬᠦᠮᠳᠡᠯ᠎ᠢ ᠡᠪᠳᠡᠬᠦ᠌᠂ ᠦᠨᠳᠦᠰᠦᠲᠡᠨ᠎ᠦ ᠥᠱᠢᠶ᠎ᠡ ᠬᠣᠷᠤᠰᠤᠯ ᠪᠠ ᠦᠨᠳᠦᠰᠦᠲᠡᠨ᠎ᠦ ᠭᠠᠳᠠᠭᠤᠷᠴᠢᠯᠠᠯ᠎ᠢ ᠥᠳᠦᠭᠡᠬᠦ ᠦᠢᠯᠡ ᠠᠵᠢᠯᠯᠠᠭ᠎ᠠ᠎ᠶᠢ ᠬᠢᠵᠦ ᠪᠣᠯᠬᠤ ᠦᠭᠡᠢ᠃

  ᠲᠠᠪᠢᠨ ᠵᠢᠷᠭᠤᠳᠤᠭᠠᠷ ᠵᠦᠢᠯ  ᠨᠡᠪᠴᠢᠯᠲᠡ ᠨᠤᠷᠠᠭᠠᠯᠲᠠ ᠡᠪᠳᠡᠯᠡᠭᠡ ᠬᠢᠬᠦ ᠦᠢᠯᠡ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ᠎ᠦᠨ ᠦᠢᠯᠡ ᠠᠵᠢᠯᠯᠠᠭ᠎ᠠ᠂ ᠦᠨᠳᠦᠰᠦᠲᠡᠨ᠎ᠢ ᠬᠠᠭᠠᠴᠠᠭᠤᠯᠬᠤ ᠦᠢᠯᠡ ᠠᠵᠢᠯᠯᠠᠭ᠎ᠠ᠂ ᠱᠠᠱᠢᠨ ᠰᠤᠷᠲᠠᠬᠤᠨ᠎ᠤ ᠬᠡᠲᠦᠷᠡᠮᠡᠬᠡᠢ ᠦᠢᠯᠡ ᠠᠵᠢᠯᠯᠠᠭ᠎ᠠ᠎ᠶᠢ ᠰᠡᠷᠭᠡᠶ᠋ᠢᠯᠡᠨ ᠲᠡᠭᠦᠨ᠎ᠳᠦ ᠴᠣᠬᠢᠯᠲᠠ ᠥᠭᠴᠦ᠂ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ ᠪᠠ ᠨᠡᠶ᠋ᠢᠭᠡᠮ᠎ᠦᠨ ᠲᠣᠭᠲᠠᠭᠤᠨ᠎ᠢ ᠬᠠᠮᠠᠭᠠᠯᠠᠨ᠎ᠠ᠃

 

    ᠵᠢᠷᠭᠤᠳᠤᠭᠠᠷ ᠪᠦᠯᠦᠭ   ᠪᠠᠲᠤᠯᠠᠬᠤ ᠪᠠ ᠬᠢᠨᠠᠯᠲᠠ ᠲᠠᠯᠪᠢᠬᠤ

 

  ᠲᠠᠪᠢᠨ ᠳᠣᠯᠤᠳᠤᠭᠠᠷ ᠵᠦᠢᠯ  ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠠᠵᠢᠯ᠎ᠳᠤ ᠤᠳᠤᠷᠢᠳᠤᠯᠭ᠎ᠠ᠎ᠶᠢᠨ ᠬᠠᠷᠢᠭᠤᠴᠠᠯᠭ᠎ᠠ᠎ᠶᠢᠨ ᠳᠦᠷᠢᠮ ᠪᠣᠯᠤᠨ ᠣᠨ᠎ᠤ ᠬᠠᠷᠠᠯᠲᠠᠲᠤ ᠬᠠᠷᠢᠭᠤᠴᠠᠯᠭ᠎ᠠ᠎ᠶᠢᠨ ᠬᠢᠨᠠᠨ ᠱᠢᠯᠭᠠᠬᠤ ᠳᠦᠷᠢᠮ᠎ᠢ ᠬᠡᠷᠡᠭᠵᠢᠭᠦᠯᠵᠦ᠂ ᠲᠡᠭᠦᠨ᠎ᠢ ᠠᠮᠵᠢᠯᠲᠠ ᠪᠦᠲᠦᠮᠵᠢ᠎ᠶᠢ᠎ᠨᠢ ᠬᠢᠨᠠᠨ ᠱᠢᠯᠭᠠᠬᠤ ᠲᠣᠭᠲᠠᠯᠴᠠᠭ᠎ᠠ᠎ᠳᠤ ᠣᠷᠤᠭᠤᠯᠬᠤ ᠬᠡᠷᠡᠭᠲᠡᠢ᠃

  ᠲᠠᠪᠢᠨ ᠨᠠᠢ᠍ᠮᠠᠳᠤᠭᠠᠷ ᠵᠦᠢᠯ  ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠠᠵᠢᠯ᠎ᠢ ᠤᠯᠤᠰ ᠠᠷᠠᠳ᠎ᠤᠨ ᠠᠵᠤ ᠠᠬᠤᠢ ᠪᠣᠯᠤᠨ ᠨᠡᠶ᠋ᠢᠭᠡᠮ᠎ᠦᠨ ᠬᠥᠭᠵᠢᠯᠲᠡ᠎ᠶᠢᠨ ᠲᠥᠯᠥᠪᠵᠢᠭᠦᠯᠭᠡ᠂ ᠣᠨ᠎ᠤ ᠲᠥᠯᠦᠪᠯᠡᠭᠡ᠎ᠳ᠋ᠦ᠎ᠪᠡᠨ ᠣᠷᠣᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠠᠵᠢᠯ᠎ᠤᠨ ᠤᠷᠲᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠠᠶ᠋ᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠠᠵᠢᠯ᠎ᠤᠨ ᠴᠢᠬᠤᠯᠠ ᠶᠡᠬᠡ ᠵᠦᠢᠯᠡᠰ᠎ᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠬᠤ ᠬᠡᠷᠡᠭᠲᠡᠢ᠃

  ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠠᠵᠢᠯ᠎ᠳᠤ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠦᠨ ᠵᠠᠰᠠᠭ᠎ᠤᠨ ᠲᠥᠰᠦᠪ᠎ᠲᠦ᠎ᠪᠡᠨ ᠣᠷᠤᠭᠤᠯᠬᠤ ᠬᠡᠷᠡᠭᠲᠡᠢ᠃

  ᠲᠠᠪᠢ ᠶᠢᠰᠦᠳᠦᠭᠡᠷ ᠵᠦᠢᠯ  ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠦᠨᠳᠦᠰᠦᠲᠡᠨ᠎ᠦ ᠬᠡᠷᠡᠭ ᠡᠷᠬᠢᠯᠡᠬᠦ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ᠎ᠤ ᠣᠷᠤᠨ᠎ᠤ᠋᠎ᠪᠠᠨ ᠳᠣᠲᠤᠷᠠᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠠᠬᠢᠭᠤᠯᠬᠤ ᠠᠵᠢᠯ᠎ᠢ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠵᠢᠯᠤᠭᠤᠳᠭᠤ ᠪᠠ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ᠃

  ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤ᠋ᠨ᠎ᠢᠶ᠋ᠠᠨ ᠲᠤᠱᠢᠶᠠᠯ ᠬᠠᠷᠢᠭᠤᠴᠠᠯᠭ᠎ᠠ ᠶᠣᠰᠣᠭᠠᠷ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠠᠬᠢᠭᠤᠯᠬᠤ ᠬᠣᠯᠪᠤᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠢ᠃

  ᠰᠤᠮᠤ ᠱᠢᠶᠠᠩ ᠪᠠᠯᠭᠠᠰᠤ᠎ᠶᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠨᠢ ᠲᠤᠰ ᠬᠠᠷᠢᠶ᠎ᠠ ᠣᠷᠤᠨ᠎ᠤ᠋᠎ᠪᠠᠨ ᠳᠣᠲᠤᠷᠠᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠠᠬᠢᠭᠤᠯᠬᠤ ᠠᠵᠢᠯ᠎ᠢ ᠬᠠᠤᠯᠢ ᠶᠣᠰᠤᠭᠠᠷ ᠰᠠᠶ᠋ᠢᠲᠤᠷ ᠬᠢᠬᠦ ᠬᠡᠷᠡᠭᠲᠡᠢ᠃

  ᠵᠢᠷᠠᠳᠤᠭᠠᠷ ᠵᠦᠢᠯ  ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭᠠᠳᠬᠠᠵᠤ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠬᠣᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠬᠠᠤᠯᠢ ᠴᠠᠭᠠᠵᠠ᠎ᠶᠢ ᠲᠦᠭᠡᠮᠡᠯᠵᠢᠭᠦᠯᠬᠦ ᠲᠥᠯᠦᠪᠵᠢᠭᠦᠯᠭᠡ᠎ᠳ᠋ᠦ᠎ᠪᠡᠨ ᠣᠷᠣᠭᠤᠯᠵᠤ᠂ ᠲᠥᠷᠦ᠎ᠶᠢᠨ ᠪᠠᠶ᠋ᠢᠭᠤᠯᠭ᠎ᠠ᠎ᠶᠢᠨ ᠠᠵᠢᠯᠲᠠᠨ᠎ᠤ ᠬᠠᠤᠯᠢ᠎ᠶᠢ ᠰᠤᠷᠴᠤ ᠬᠠᠤᠯᠢ᠎ᠶᠢ ᠬᠡᠷᠡᠭᠯᠡᠬᠦ ᠳᠦᠷᠢᠮ᠎ᠢ ᠲᠡᠭᠦᠯᠳᠡᠷᠵᠢᠭᠦᠯᠦᠨ᠂ ᠠᠷᠠᠳ ᠢᠷᠭᠡᠨ᠎ᠢ ᠬᠥᠲᠦᠯᠦᠨ ᠵᠢᠯᠤᠭᠤᠳᠴᠤ ᠪᠠᠶ᠋ᠢᠭᠠᠳ ᠬᠠᠤᠯᠢ᠎ᠶᠢ ᠮᠡᠳᠡᠭᠦᠯᠵᠦ᠂ ᠬᠠᠤᠯᠢ᠎ᠶᠢ ᠰᠠᠬᠢᠭᠤᠯᠬᠤ ᠬᠡᠷᠡᠭᠲᠡᠢ᠃

  ᠵᠢᠷᠠᠨ ᠨᠢᠭᠡᠳᠦᠭᠡᠷ ᠵᠦᠢᠯ  ᠬᠢᠨᠠᠨ ᠪᠠᠶ᠋ᠢᠴᠠᠭᠠᠬᠤ ᠪᠠᠶ᠋ᠢᠭᠤᠯᠭ᠎ᠠ᠂ ᠱᠢᠭᠦᠨ ᠲᠠᠰᠤᠯᠬᠤ ᠪᠠᠶ᠋ᠢᠭᠤᠯᠭ᠎ᠠ᠂ ᠪᠠᠶ᠋ᠢᠴᠠᠭᠠᠬᠤ ᠪᠠᠶ᠋ᠢᠭᠤᠯᠭ᠎ᠠ᠂ ᠳᠣᠲᠤᠭᠠᠳᠤ᠎ᠶᠢ ᠬᠠᠮᠠᠭᠠᠯᠠᠬᠤ ᠪᠠᠶ᠋ᠢᠭᠤᠯᠭ᠎ᠠ᠂ ᠤᠯᠤᠰ᠎ᠤᠨ ᠠᠮᠤᠷ ᠲᠦᠪᠱᠢᠨ᠎ᠦ ᠪᠠᠶ᠋ᠢᠭᠤᠯᠭ᠎ᠠ ᠦᠨᠳᠦᠰᠦᠲᠡᠨ᠎ᠨᠦᠭᠦᠳ᠎ᠦᠨ ᠠᠷᠠᠳ ᠢᠷᠭᠡᠨ᠎ᠦ ᠬᠠᠤᠯᠢ ᠶᠣᠰᠤᠨ᠎ᠤ ᠡᠷᠬᠡ ᠠᠱᠢᠭ᠎ᠢ ᠬᠠᠤᠯᠢ ᠶᠣᠰᠤᠭᠠᠷ ᠪᠠᠲᠤᠯᠠᠵᠤ᠂ ᠦᠨᠳᠦᠰᠦᠲᠡᠨ᠎ᠦ ᠪᠦᠯᠬᠦᠮᠳᠡᠯ᠎ᠢ ᠡᠪᠳᠡᠭᠰᠡᠨ᠂ ᠨᠡᠶ᠋ᠢᠭᠡᠮ᠎ᠦᠨ ᠲᠣᠭᠲᠠᠭᠤᠨ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠦᠢᠯᠡ ᠠᠵᠢᠯᠯᠠᠭ᠎ᠠ᠎ᠳᠤ ᠬᠠᠤᠯᠢ ᠶᠣᠰᠤᠭᠠᠷ ᠴᠢᠩᠭ᠎ᠠ ᠴᠣᠬᠢᠯᠲᠠ ᠥᠭᠴᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠦᠢᠯᠡᠰ᠎ᠲᠦ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ᠃

  ᠵᠢᠷᠠᠨ ᠬᠣᠶᠠᠳᠤᠭᠠᠷ ᠵᠦᠢᠯ  ᠬᠠᠤᠯᠢ ᠲᠣᠭᠲᠠᠭᠠᠬᠤ ᠡᠷᠬᠡ᠎ᠲᠡᠢ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠶ᠋ᠢᠡᠭᠭᠤ᠎ᠶᠢᠨ ᠬᠣᠷᠢᠶ᠎ᠠ ᠬᠠᠤᠯᠢ ᠲᠣᠭᠲᠠᠭᠠᠬᠤ ᠡᠷᠬᠡ᠎ᠶᠢᠨ ᠬᠢᠵᠠᠭᠠᠷ᠎ᠢᠶ᠋ᠠᠨ ᠦᠨᠳᠦᠰᠦᠯᠡᠨ ᠦᠨᠳᠦᠰᠦᠲᠡᠨ᠎ᠦ ᠠᠵᠢᠯ᠎ᠤᠨ ᠬᠠᠤᠯᠢ ᠲᠣᠭᠲᠠᠭᠠᠯᠲᠠ᠎ᠶᠢ ᠴᠢᠩᠭᠠᠳᠬᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠤᠭᠠᠷ ᠵᠠᠰᠠᠬᠤ ᠬᠢᠷᠢ ᠲᠦᠪᠱᠢᠨ᠎ᠢᠶ᠋ᠡᠨ ᠳᠡᠭᠡᠭᠱᠢᠯᠡᠭᠦᠯᠬᠦ ᠬᠡᠷᠡᠭᠲᠡᠢ᠃

  ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠪᠣᠯᠤᠨ ᠰᠤᠮᠤ ᠱᠢᠶᠠᠩ ᠪᠠᠯᠭᠠᠰᠤᠨ᠎ᠤ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠤᠭᠠᠷ ᠬᠡᠷᠡᠭᠵᠢᠭᠦᠯᠵᠦ᠂ ᠵᠥᠪ ᠣᠨᠤᠪᠴᠢᠲᠠᠢ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠎ᠶᠢ ᠪᠠᠷᠢᠮᠲᠠᠯᠠᠨ᠂ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢᠨ ᠬᠣᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠤᠨ ᠬᠠᠤᠯᠢ ᠬᠡᠷᠡᠭᠵᠢᠭᠦᠯᠦᠯᠲᠡ᠎ᠶᠢᠨ ᠪᠠᠶ᠋ᠢᠴᠠᠭᠠᠯᠲᠠ᠎ᠶᠢ ᠥᠷᠨᠢᠭᠦᠯᠬᠦ᠌᠂ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠵᠢᠯ᠎ᠤᠨ ᠮᠡᠳᠡᠭᠦᠯᠦᠯᠲᠡ᠎ᠶᠢ ᠰᠣᠨᠣᠰᠬᠤ᠂ ᠲᠤᠰᠭᠠᠢ ᠰᠡᠳᠦᠪ᠎ᠢᠶ᠋ᠡᠷ ᠯᠠᠪᠯᠠᠨ ᠠᠰᠠᠭᠤᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠠᠵᠢᠯ᠎ᠳᠤ ᠬᠢᠨᠠᠯᠲᠠ ᠲᠠᠯᠪᠢᠬᠤ᠎ᠶᠢ ᠴᠢᠩᠭᠠᠳᠭᠠᠬᠤ ᠬᠡᠷᠡᠭᠲᠡᠢ᠃

  ᠡᠯ᠎ᠡ ᠱᠠᠲᠤᠨ᠎ᠤ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢᠳ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ᠎ᠢ ᠲᠦᠷᠦᠭᠦᠯᠡᠨ ᠵᠢᠷᠤᠮᠯᠠᠵᠤ᠂ ᠨᠠᠮ᠎ᠤᠨ ᠦᠨᠳᠦᠰᠦᠲᠡᠨ᠎ᠦ ᠲᠥᠷᠦ᠎ᠶᠢᠨ ᠪᠣᠳᠤᠯᠭ᠎ᠠ᠎ᠶᠢ ᠲᠦᠷᠦᠭᠦᠯᠡᠨ ᠬᠦᠷᠢᠶᠡᠯᠡᠵᠦ ᠬᠡᠷᠡᠭᠵᠢᠭᠦᠯᠦᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠠᠵᠢᠯ᠎ᠢ ᠲᠦᠷᠦᠭᠦᠯᠡᠨ ᠰᠠᠶ᠋ᠢᠲᠤᠷ ᠬᠢᠵᠦ᠂ ᠪᠦᠬᠦ ᠣᠷᠤᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠦᠢᠯᠡᠰ᠎ᠢ ᠠᠬᠢᠭᠤᠯᠬᠤ᠎ᠳᠤ ᠬᠦᠴᠦᠨ ᠴᠢᠳᠠᠯ᠎ᠢᠶ᠋ᠠᠨ ᠡᠷᠭᠦᠬᠦ ᠬᠡᠷᠡᠭᠲᠡᠢ᠃

  ᠵᠢᠷᠠᠨ ᠭᠤᠷᠪᠠᠳᠤᠭᠠᠷ ᠵᠦᠢᠯ  ᠦᠨᠳᠦᠰᠦᠲᠡᠨ᠎ᠨᠦᠭᠦᠳ᠎ᠦᠨ ᠺᠠᠳ᠋ᠷ ᠪᠠ ᠡᠯ᠎ᠡ ᠲᠥᠷᠦᠯ᠎ᠦᠨ ᠴᠢᠳᠠᠪᠤᠷᠢᠲᠠᠨ᠎ᠤ ᠡᠩᠨᠡᠭᠡ᠎ᠶᠢᠨ ᠪᠠᠶ᠋ᠢᠭᠤᠯᠤᠯᠲᠠ᠎ᠶᠢ ᠴᠢᠩᠭᠠᠳᠬᠠᠨ᠎ᠠ᠃ ᠨᠠᠮ᠎ᠤᠨ ᠦᠨᠳᠦᠰᠦᠲᠡᠨ᠎ᠦ ᠣᠨᠤᠯ ᠲᠥᠷᠦ᠎ᠶᠢᠨ ᠪᠣᠳᠤᠯᠭ᠎ᠠ᠎ᠶᠢ ᠡᠵᠡᠮᠰᠢᠭᠰᠡᠨ᠂ ᠦᠨᠳᠦᠰᠦᠲᠡᠨ᠎ᠦ ᠠᠵᠢᠯ᠎ᠢ ᠰᠠᠢᠨ ᠮᠡᠳᠡᠬᠦ᠌᠂ ᠦᠨᠳᠦᠰᠦᠲᠡᠨ᠎ᠦ ᠪᠦᠯᠬᠦᠮᠳᠡᠯ᠎ᠢ ᠦᠢᠯᠡᠳᠦᠯᠭᠡᠵᠢᠭᠦᠯᠬᠦ ᠺᠠᠳ᠋ᠷ᠎ᠢ ᠬᠥᠮᠦᠵᠢᠭᠦᠯᠬᠦ᠌᠂ ᠱᠢᠯᠢᠨ ᠳᠡᠪᠱᠢᠭᠦᠯᠬᠦ ᠪᠠ ᠲᠣᠮᠢᠯᠠᠨ ᠬᠡᠷᠡᠭᠯᠡᠨ᠎ᠡ᠃

  ᠦᠨᠳᠦᠰᠦᠲᠡᠨ᠎ᠨᠦᠭᠦᠳ᠎ᠦᠨ ᠡᠯ᠎ᠡ ᠲᠥᠷᠦᠯ᠎ᠦᠨ ᠬᠣᠤᠰ ᠬᠡᠯᠡᠨ᠎ᠦ ᠴᠢᠳᠠᠪᠤᠷᠢᠲᠠᠨ ᠢᠯᠠᠩᠭᠤᠶ᠎ᠠ ᠬᠣᠤᠰ ᠬᠡᠯᠡᠨ᠎ᠦ ᠪᠠᠭᠰᠢ᠂ ᠬᠣᠤᠰ ᠬᠡᠯᠡᠨ᠎ᠦ ᠱᠢᠭᠦᠬᠦ ᠲᠤᠰᠢᠶᠠᠯᠲᠠᠨ᠂ ᠬᠣᠤᠰ ᠬᠡᠯᠡᠨ᠎ᠦ ᠪᠠᠶ᠋ᠢᠴᠠᠭᠠᠬᠤ ᠲᠤᠱᠢᠶᠠᠯᠲᠠᠨ᠎ᠢ ᠬᠥᠮᠦᠵᠢᠭᠦᠯᠬᠦ ᠪᠠ ᠰᠣᠩᠭᠤᠨ ᠳᠡᠪᠱᠢᠭᠦᠯᠬᠦ ᠡᠷᠴᠢᠮ᠎ᠢᠶ᠋ᠡᠨ ᠴᠢᠩᠭᠠᠷᠠᠭᠤᠯᠤᠨ᠎ᠠ᠃

  ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢᠯᠡᠰ᠎ᠦᠨ ᠨᠢᠭᠡᠴᠢ᠎ᠨᠦᠭᠦᠳ ᠠᠵᠢᠯᠲᠠᠨ ᠡᠯᠰᠡᠨ ᠬᠡᠷᠡᠭᠯᠡᠬᠦ᠌᠂ ᠤᠷᠢᠨ ᠬᠡᠷᠡᠭᠯᠡᠬᠦ᠎ᠳ᠋ᠦ᠎ᠪᠡᠨ ᠤᠯᠤᠰ ᠪᠣᠯᠤᠨ ᠥᠪᠡᠷᠲᠡᠭᠡᠨ ᠵᠠᠰᠠᠬᠤ ᠣᠷᠤᠨ᠎ᠤ ᠬᠣᠯᠪᠤᠭᠳᠠᠯ ᠪᠦᠬᠦᠢ ᠲᠥᠷᠦ᠎ᠶᠢᠨ ᠪᠣᠳᠤᠯᠭ᠎ᠠ᠎ᠶᠢ ᠬᠡᠷᠡᠭᠵᠢᠭᠦᠯᠬᠦ ᠬᠡᠷᠡᠭᠲᠡᠢ᠃

  ᠵᠢᠷᠠᠨ ᠳᠥᠷᠪᠡᠳᠦᠭᠡᠷ ᠵᠦᠢᠯ  ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠵᠢᠴᠢ ᠲᠡᠭᠦᠨ᠎ᠦ ᠬᠣᠯᠪᠤᠭᠳᠠᠯ ᠪᠦᠬᠦᠢ ᠰᠠᠯᠠᠭ᠎ᠠ ᠮᠥᠴᠢᠷ ᠦᠨᠳᠦᠰᠦᠲᠡᠨ᠎ᠦ ᠡᠯᠧᠮᠧᠨ᠋ᠲ᠎ᠲᠡᠢ ᠬᠣᠯᠪᠤᠭᠳᠠᠬᠤ ᠬᠦᠨᠳᠦ ᠶᠡᠬᠡ ᠭᠡᠨᠡᠳᠲᠡ᠎ᠶᠢᠨ ᠬᠡᠷᠡᠭ᠎ᠢ ᠤᠷᠢᠳᠴᠢᠯᠠᠨ ᠰᠡᠷᠡᠮᠵᠢᠯᠡᠭᠦᠯᠬᠦ᠌᠂ ᠪᠠᠴᠢᠮ ᠪᠠᠶ᠋ᠢᠳᠠᠯ᠎ᠢ ᠠᠷᠭᠠᠴᠠᠭᠠᠨ ᠱᠢᠢᠳᠪᠦᠷᠢᠯᠡᠬᠦ ᠲᠣᠭᠲᠠᠴᠠ᠎ᠶᠢ ᠪᠠᠶ᠋ᠢᠭᠤᠯᠤᠨ ᠪᠦᠷᠢᠨᠰᠢᠭᠦᠯᠵᠦ᠂ ᠦᠨᠳᠦᠰᠦᠲᠡᠨ᠎ᠦ ᠪᠦᠯᠬᠦᠮᠳᠡᠯ᠎ᠢ ᠨᠥᠯᠦᠭᠡᠯᠡᠬᠦ ᠡᠯ᠎ᠡ ᠵᠦᠢᠯ᠎ᠦᠨ ᠵᠥᠷᠢᠴᠡᠯ ᠪᠠ ᠵᠢᠭᠤᠷᠠᠯᠳᠤᠭᠠᠨ᠎ᠢ ᠰᠡᠷᠭᠡᠶ᠋ᠢᠯᠡᠨ ᠠᠷᠢᠯᠭᠠᠬᠤ ᠬᠡᠷᠡᠭᠲᠡᠢ᠃

  ᠵᠢᠷᠠᠨ ᠲᠠᠪᠤᠳᠤᠭᠠᠷ ᠵᠦᠢᠯ  ᠶᠠᠮᠠᠷᠪᠠ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ ᠦᠨᠳᠦᠰᠦᠲᠡᠨ᠎ᠦ ᠪᠦᠯᠬᠦᠮᠳᠡᠯ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠤᠶ᠋ᠢᠯᠡ ᠠᠵᠢᠯᠯᠠᠭ᠎ᠠ᠎ᠶᠢ ᠬᠣᠷᠢᠭᠯᠠᠨ ᠵᠣᠭᠰᠤᠭᠠᠬᠤ ᠪᠠ ᠢᠯᠡᠴᠢᠯᠡᠨ ᠮᠡᠳᠡᠭᠦᠯᠬᠦ ᠡᠷᠬᠡ᠎ᠲᠡᠢ᠂ ᠬᠣᠯᠪᠤᠭᠳᠠᠯ ᠪᠦᠬᠦᠢ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠯᠲᠡ᠎ᠶᠢ ᠣᠯᠤᠭᠰᠠᠨ᠎ᠤ ᠳᠠᠷᠠᠭ᠎ᠠ ᠴᠠᠭ ᠲᠤᠬᠠᠢ᠎ᠳᠤ᠎ᠨᠢ ᠬᠠᠤᠯᠢ ᠶᠣᠰᠤᠭᠠᠷ ᠱᠢᠢᠳᠪᠦᠷᠢᠯᠡᠬᠦ ᠬᠡᠷᠡᠭᠲᠡᠢ᠃

 

    ᠳᠣᠯᠤᠳᠤᠭᠠᠷ ᠪᠦᠯᠦᠭ   ᠬᠠᠤᠯᠢ ᠴᠠᠭᠠᠵᠠ᠎ᠶᠢᠨ ᠬᠠᠷᠢᠭᠤᠴᠠᠯᠭ᠎ᠠ

 

  ᠵᠢᠷᠠᠨ ᠵᠢᠷᠭᠤᠳᠤᠭᠠᠷ ᠵᠦᠢᠯ  ᠲᠤᠰ ᠳᠦᠷᠢᠮ᠎ᠦᠨ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠤᠯᠤᠰ᠎ᠤᠨ ᠬᠣᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠨᠢᠭᠡᠨᠲᠡ ᠱᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠲᠣᠭᠲᠠᠭᠠᠯ᠎ᠢ᠎ᠨᠢ ᠳᠠᠭᠠᠨ᠎ᠠ᠃

  ᠵᠢᠷᠠᠨ ᠳᠣᠯᠤᠳᠤᠭᠠᠷ ᠵᠦᠢᠯ  ᠲᠤᠰ ᠳᠦᠷᠢᠮ᠎ᠦᠨ ᠲᠣᠭᠲᠠᠭᠠᠯ᠎ᠠᠴᠠ ᠵᠥᠷᠢᠴᠡᠵᠦ᠂ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠦᠨᠳᠦᠰᠦᠲᠡᠨ᠎ᠦ ᠬᠡᠷᠡᠭ ᠡᠷᠬᠢᠯᠡᠬᠦ ᠰᠠᠯᠠᠭ᠎ᠠ ᠮᠥᠴᠢᠷ᠎ᠨᠢ ᠬᠣᠯᠪᠤᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ᠎ᠲᠡᠢ ᠬᠠᠮᠲᠤᠷᠠᠨ ᠱᠢᠭᠦᠮᠵᠢᠯᠡᠨ ᠰᠤᠷᠭᠠᠵᠤ᠂ ᠵᠠᠷᠯᠢᠭᠳᠠᠨ ᠵᠠᠯᠠᠷᠠᠭᠤᠯᠤᠨ᠎ᠠ; ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠶ᠋ᠢᠪᠠᠯ᠂ ᠳᠣᠲᠤᠭᠠᠳᠤ᠎ᠶᠢ ᠬᠠᠮᠠᠭᠠᠯᠠᠬᠤ ᠪᠠᠶ᠋ᠢᠭᠤᠯᠭ᠎ᠠ᠎ᠠᠴᠠ ᠬᠠᠤᠯᠢ ᠶᠣᠰᠤᠭᠠᠷ ᠱᠢᠢᠳᠬᠡᠨ ᠲᠣᠷᠭᠠᠨ᠎ᠠ; ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠤᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ:

  (ᠨᠢᠭᠡ) ᠨᠣᠮ ᠪᠢᠴᠢᠭ᠂ ᠰᠣᠨᠢᠨ ᠰᠡᠳᠭᠦᠯ᠂ ᠳᠠᠭᠤ ᠳᠦᠷᠰᠦ ᠱᠢᠩᠭᠡᠭᠡᠯᠲᠡ᠎ᠶᠢᠨ ᠪᠦᠲᠦᠭᠡᠭᠳᠡᠬᠦᠨ᠂ ᠺᠢᠨᠤ᠋ ᠲᠧᠯᠸᠢᠰ᠂ ᠰᠦᠯᠵᠢᠶ᠎ᠡ ᠵᠡᠷᠭᠡ ᠠᠴᠢᠶᠠᠯᠠᠪᠤᠷᠢ ᠵᠢᠴᠢ ᠣᠷᠤᠨ ᠪᠦᠰᠡ᠎ᠶᠢᠨ ᠨᠡᠷᠡᠶ᠋ᠢᠳᠦᠯ᠂ ᠠᠵᠤ ᠠᠬᠤᠶ᠋ᠢᠯᠠᠯ᠎ᠤᠨ ᠨᠡᠷᠡᠶ᠋ᠢᠳᠦᠯ᠂ ᠲᠥᠷᠦᠯ ᠲᠡᠮᠳᠡᠭ ᠲᠠᠸᠠᠷ᠎ᠤᠨ ᠲᠡᠮᠳᠡᠭ᠂ ᠵᠠᠷ ᠮᠡᠳᠡᠭᠡ ᠵᠡᠷᠭᠡ ᠲᠠᠯ᠎ᠠ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢ ᠦᠭᠡᠶ᠋ᠢᠰᠬᠡᠭᠰᠡᠨ᠂ ᠦᠨᠳᠦᠰᠦᠲᠡᠨ᠎ᠦ ᠵᠠᠩ ᠳᠠᠳᠭᠠᠯ᠎ᠢ ᠭᠤᠲᠤᠭᠠᠭᠰᠠᠨ᠂ ᠦᠨᠳᠦᠰᠦᠲᠡᠨ᠎ᠦ ᠨᠡᠷ᠎ᠡ ᠬᠦᠨᠳᠦ᠎ᠶᠢ ᠬᠣᠬᠢᠷᠠᠭᠤᠯᠤᠭᠰᠠᠨ᠂ ᠦᠨᠳᠦᠰᠦᠲᠡᠨ᠎ᠦ ᠬᠠᠶ᠋ᠢᠷ᠎ᠠ ᠰᠡᠳᠬᠢᠯᠭᠡ᠎ᠶᠢ ᠭᠣᠮᠤᠳᠠᠭᠠᠭᠰᠠᠨ ᠵᠡᠷᠭᠡ ᠠᠭᠤᠯᠭ᠎ᠠ ᠢᠯᠡᠷᠡᠭᠰᠡᠨ;

  (ᠬᠣᠶᠠᠷ) ᠦᠨᠳᠦᠰᠦᠲᠡᠨ᠎ᠦ ᠪᠦᠯᠬᠦᠮᠳᠡᠯ᠎ᠳᠦ ᠠᠱᠢᠭ᠎ᠦᠭᠡᠢ ᠦᠭᠡ ᠶᠠᠷᠢᠶ᠎ᠠ᠎ᠶᠢ ᠲᠠᠷᠬᠠᠭᠠᠵᠤ᠂ ᠦᠨᠳᠦᠰᠦᠲᠡᠨ᠎ᠦ ᠪᠦᠯᠬᠦᠮᠳᠡᠯ᠎ᠳᠦ ᠠᠱᠢᠭ᠎ᠦᠭᠡᠢ ᠮᠡᠳᠡᠭᠡ ᠵᠠᠩᠭᠢ᠎ᠶᠢ ᠴᠤᠭᠯᠠᠭᠤᠯᠵᠤ᠂ ᠦᠢᠯᠡᠳᠴᠦ᠂ ᠬᠠᠩᠭᠠᠵᠤ᠂ ᠳᠠᠮᠵᠢᠭᠤᠯᠵᠤ᠂ ᠦᠨᠳᠦᠰᠦᠲᠡᠨ᠎ᠦ ᠪᠦᠯᠬᠦᠮᠳᠡᠯ᠎ᠢ ᠡᠪᠳᠡᠬᠦ᠌᠂ ᠦᠨᠳᠦᠰᠦᠲᠡᠨ᠎ᠦ ᠥᠱᠢᠶ᠎ᠡ ᠬᠣᠷᠤᠰᠤᠯ ᠪᠠ ᠦᠨᠳᠦᠰᠦᠲᠡᠨ᠎ᠦ ᠭᠠᠳᠠᠭᠤᠷᠴᠢᠯᠠᠯ᠎ᠢ ᠥᠳᠦᠭᠡᠭᠰᠡᠨ ᠤᠶ᠋ᠢᠯᠡ ᠠᠵᠢᠯᠯᠠᠭ᠎ᠠ ᠬᠢᠭᠰᠡᠨ;

  (ᠭᠤᠷᠪᠠ) ᠨᠡᠪᠴᠢᠯᠲᠡ ᠨᠤᠷᠠᠭᠠᠯᠲᠠ ᠡᠪᠳᠡᠯᠡᠭᠡ ᠬᠢᠬᠦ ᠦᠢᠯᠡ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ᠎ᠦᠨ ᠦᠢᠯᠡ ᠠᠵᠢᠯᠯᠠᠭ᠎ᠠ᠂ ᠦᠨᠳᠦᠰᠦᠲᠡᠨ᠎ᠢ ᠬᠠᠭᠠᠴᠠᠭᠤᠯᠬᠤ ᠦᠢᠯᠡ ᠠᠵᠢᠯᠯᠠᠭ᠎ᠠ᠂ ᠱᠠᠱᠢᠨ ᠰᠤᠷᠲᠠᠬᠤᠨ᠎ᠤ ᠬᠡᠲᠦᠷᠡᠮᠡᠬᠡᠢ ᠦᠢᠯᠡ ᠠᠵᠢᠯᠯᠠᠭ᠎ᠠ ᠬᠢᠭᠰᠡᠨ᠃

  ᠵᠢᠷᠠᠨ ᠨᠠᠢ᠍ᠮᠠᠳᠤᠭᠠᠷ ᠵᠦᠢᠯ  ᠲᠥᠷᠦ᠎ᠶᠢᠨ ᠪᠠᠶ᠋ᠢᠭᠤᠯᠭ᠎ᠠ᠂ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ ᠠᠵᠢᠯ ᠦᠢᠯᠡᠰ᠎ᠦᠨ ᠨᠢᠭᠡᠴᠢ᠂ ᠬᠣᠲᠠ ᠬᠥᠳᠡᠭᠡ᠎ᠶᠢᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠪᠠ ᠪᠤᠰᠤᠳ ᠵᠣᠬᠢᠶᠠᠨ ᠪᠠᠶ᠋ᠢᠭᠤᠯᠤᠯᠲᠠ᠎ᠳᠤ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠲᠡᠭᠦᠨ᠎ᠦ ᠳᠡᠭᠡᠳᠦ ᠱᠠᠲᠤᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠱᠢᠭᠦᠮᠵᠢᠯᠡᠨ ᠰᠤᠷᠭᠠᠵᠤ᠂ ᠵᠠᠷᠯᠢᠭᠳᠠᠨ ᠵᠠᠯᠠᠷᠠᠭᠤᠯᠤᠭᠤᠯᠤᠨ᠎ᠠ᠂ ᠴᠡᠭᠴᠡᠯᠡᠨ ᠵᠠᠯᠠᠷᠠᠭᠤᠯᠬᠤ ᠬᠤᠭᠤᠴᠠᠭᠠᠨ᠎ᠳᠤ ᠡᠯ᠎ᠡ ᠱᠠᠲᠤᠨ᠎ᠤ ᠡᠯ᠎ᠡ ᠲᠥᠷᠦᠯ᠎ᠦᠨ ᠲᠡᠷᠢᠭᠦᠨ᠎ᠦ ᠬᠠᠮᠲᠤ᠎ᠶᠢᠨ ᠱᠢᠯᠭᠠᠷᠠᠭᠤᠯᠤᠯᠲᠠ᠎ᠳᠤ ᠣᠷᠤᠯᠴᠠᠵᠤ ᠪᠣᠯᠬᠤ ᠦᠭᠡᠢ; ᠬᠤᠭᠤᠴᠠᠭ᠎ᠠ᠎ᠨᠢ ᠬᠡᠲᠦᠷᠡᠭᠡᠳ ᠵᠠᠯᠠᠷᠠᠭᠤᠯᠤᠭᠰᠠᠨ᠎ᠦᠭᠡᠢ ᠪᠠᠶ᠋ᠢᠪᠠᠯ ᠵᠠᠷᠯᠠᠨ ᠨᠡᠶ᠋ᠢᠳᠡᠯᠡᠬᠦ᠎ᠶᠢᠨ ᠬᠠᠮᠲᠤ ᠨᠢᠭᠡᠴᠢ᠎ᠶᠢᠨ ᠭᠣᠤᠯ ᠬᠠᠷᠢᠭᠤᠴᠠᠯᠭᠠᠲᠠᠨ᠂ ᠱᠢᠭᠤᠳ ᠬᠠᠷᠢᠭᠤᠴᠠᠵᠤ ᠪᠠᠶ᠋ᠢᠭ᠎ᠠ ᠭᠣᠤᠯᠯᠠᠨ ᠬᠠᠮᠢᠶᠠᠷᠤᠭᠴᠢ ᠪᠣᠯᠤᠨ ᠪᠤᠰᠤᠳ ᠱᠢᠭᠤᠳ ᠬᠠᠷᠢᠭᠤᠴᠠᠯᠭ᠎ᠠ᠎ᠲᠠᠢ ᠬᠥᠮᠦᠨ᠎ᠡᠴᠡ ᠵᠣᠬᠢᠬᠤ ᠬᠠᠷᠢᠭᠤᠴᠠᠯᠭ᠎ᠠ᠎ᠶᠢ ᠨᠡᠬᠡᠮᠵᠢᠯᠡᠨ᠎ᠡ:

  (ᠨᠢᠭᠡ) ᠲᠤᠰ ᠳᠦᠷᠢᠮ᠎ᠳᠦ ᠲᠣᠭᠲᠠᠭᠠᠭᠰᠠᠨ ᠲᠤᠱᠢᠶᠠᠯ ᠬᠠᠷᠢᠭᠤᠴᠠᠯᠭ᠎ᠠ᠎ᠶᠢ ᠭᠦᠢᠴᠡᠳᠬᠡᠭᠰᠡᠨ ᠦᠭᠡᠢ;

  (ᠬᠣᠶᠠᠷ) ᠠᠷᠠᠳ ᠢᠷᠭᠡᠨ᠂ ᠬᠠᠤᠯᠢ᠎ᠶᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ᠎ᠶᠢᠨ ᠬᠠᠤᠯᠢ ᠶᠣᠰᠤᠨ᠎ᠤ ᠡᠷᠬᠡ ᠠᠱᠢᠭ᠎ᠢ ᠬᠣᠬᠢᠷᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢᠨ ᠦᠢᠯᠡᠰ᠎ᠲᠦ ᠬᠦᠨᠳᠦ ᠨᠣᠴᠢᠲᠠᠢ ᠨᠥᠯᠦᠭᠡ ᠦᠵᠡᠭᠦᠯᠦᠭᠰᠡᠨ;

  (ᠭᠤᠷᠪᠠ) ᠲᠤᠰ ᠨᠢᠭᠡᠴᠢ᠎ᠶᠢᠨ᠎ᠢᠶ᠋ᠡᠨ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠨᠥᠯᠦᠭᠡᠯᠡᠵᠦ ᠪᠠᠶ᠋ᠢᠭ᠎ᠠ ᠵᠥᠷᠢᠴᠡᠯ ᠵᠢᠭᠤᠷᠠᠯᠳᠤᠭᠠᠨ᠎ᠢ ᠴᠠᠭ ᠲᠤᠬᠠᠢ᠎ᠳᠤ᠎ᠨᠢ ᠱᠢᠢᠳᠪᠦᠷᠢᠯᠡᠵᠦ ᠠᠷᠢᠯᠭᠠᠭᠰᠠᠨ ᠦᠭᠡᠢ᠎ᠡᠴᠡ ᠪᠣᠯᠵᠤ ᠦᠨᠳᠦᠰᠦᠲᠡᠨ᠎ᠦ ᠪᠦᠯᠬᠦᠮᠳᠡᠯ ᠳᠡᠪᠱᠢᠯᠲᠡ᠎ᠶᠢ ᠨᠥᠯᠦᠭᠡᠯᠡᠭᠰᠡᠨ ᠣᠯᠠᠨ ᠨᠡᠶ᠋ᠢᠳᠡ᠎ᠶᠢᠨ ᠴᠢᠨᠠᠷᠲᠠᠢ ᠬᠡᠷᠡᠭ ᠶᠠᠪᠤᠳᠠᠯ ᠭᠠᠷᠴᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ;

  (ᠳᠥᠷᠪᠡ) ᠲᠤᠰ ᠳᠦᠷᠢᠮ᠎ᠦᠨ ᠲᠣᠭᠲᠠᠭᠠᠯ᠎ᠠᠴᠠ ᠵᠥᠷᠢᠴᠡᠭᠰᠡᠨ ᠪᠤᠰᠤᠳ ᠪᠠᠢᠳᠠᠯ᠃

  ᠵᠢᠷᠠ ᠶᠢᠰᠦᠳᠦᠭᠡᠷ ᠵᠦᠢᠯ  ᠲᠥᠷᠦ᠎ᠶᠢᠨ ᠪᠠᠶ᠋ᠢᠭᠤᠯᠭ᠎ᠠ ᠵᠢᠴᠢ ᠲᠡᠭᠦᠨ᠎ᠦ ᠠᠵᠢᠯᠲᠠᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠠᠬᠢᠭᠤᠯᠬᠤ ᠠᠵᠢᠯ᠎ᠤᠨ ᠳᠤᠮᠳᠠ ᠲᠤᠱᠢᠶᠠᠯ ᠬᠠᠷᠢᠭᠤᠴᠠᠯᠭ᠎ᠠ᠎ᠪᠠᠨ ᠤᠮᠳᠤᠭᠠᠶ᠋ᠢᠯᠠᠵᠦ᠂ ᠡᠷᠬᠡ ᠲᠤᠱᠢᠶᠠᠯ᠎ᠢᠶ᠋ᠠᠨ ᠳᠤᠷ᠎ᠠ᠎ᠪᠠᠷ᠎ᠢᠶ᠋ᠠᠨ ᠬᠡᠷᠡᠭᠯᠡᠵᠦ᠂ ᠬᠤᠪᠢ᠎ᠶᠢᠨ ᠨᠠᠶ᠋ᠢᠷ᠎ᠢᠶ᠋ᠠᠷ ᠬᠠᠤᠯᠢ ᠶᠣᠰᠤ᠎ᠶᠢ ᠵᠥᠷᠢᠴᠡᠭᠰᠡᠨ ᠪᠠᠶ᠋ᠢᠪᠠᠯ᠂ ᠱᠢᠭᠤᠳ ᠬᠠᠷᠢᠭᠤᠴᠠᠵᠤ ᠪᠠᠶ᠋ᠢᠭ᠎ᠠ ᠭᠣᠤᠯᠯᠠᠨ ᠬᠠᠮᠢᠶᠠᠷᠤᠭᠴᠢ ᠪᠠ ᠪᠤᠰᠤᠳ ᠱᠢᠭᠤᠳ ᠬᠠᠷᠢᠭᠤᠴᠠᠯᠭ᠎ᠠ᠎ᠲᠠᠢ ᠬᠥᠮᠦᠨ᠎ᠳᠦ ᠬᠠᠤᠯᠢ ᠶᠣᠰᠤᠭᠠᠷ ᠱᠢᠢᠳᠬᠡᠯ ᠥᠭᠭᠦᠨ᠎ᠡ; ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠤᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

 

    ᠨᠠᠢ᠍ᠮᠠᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ

 

  ᠳᠠᠯᠠᠳᠤᠭᠠᠷ ᠵᠦᠢᠯ  ᠲᠤᠰ ᠳᠦᠷᠢᠮ᠎ᠢ 2021 ᠣᠨ᠎ᠤ 5 ᠰᠠᠷ᠎ᠠ᠎ᠶᠢᠨ 1᠎ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃

 

     (ᠢᠷᠡᠯᠲᠡ᠄ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠮᠣᠩᠭᠤᠯ ᠰᠦᠯᠵᠢᠶ᠎ᠡ)

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃