ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠬᠢᠶᠠᠨ ᠪᠠᠢᠭᠤᠯᠬᠤ ᠠᠵᠢᠯ᠎ᠤᠨ ᠳᠦᠷᠢᠮ
2021.09.30

(2021 ᠣᠨ᠎ᠤ 4 ᠰᠠᠷ᠎ᠠ᠎ᠶᠢᠨ 30᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠬᠤᠷᠠᠯ᠎ᠠᠴᠠ ᠬᠢᠨᠠᠨ ᠵᠥᠪᠯᠡᠵᠦ ᠵᠥᠪᠰᠢᠶᠡᠷᠡᠵᠦ᠂ 2021 ᠣᠨ᠎ᠤ 5 ᠰᠠᠷ᠎ᠠ᠎ᠶᠢᠨ 22᠎ᠤᠨ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠨᠡᠢᠲᠡᠯᠡᠪᠡ)

 

    ᠨᠢᠭᠡᠳᠦᠭᠡᠷ ᠪᠦᠯᠦᠭ   ᠶᠡᠷᠦᠩᠬᠡᠢ ᠳᠦᠷᠢᠮ

 

  ᠨᠢᠭᠡᠳᠦᠭᠡᠷ ᠵᠦᠢᠯ  ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠱᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ ᠪᠣᠯᠤᠨ ᠱᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠢᠭᠤᠯᠬᠤ ᠱᠤᠭᠤᠮ᠎ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠵᠣᠬᠢᠶᠠᠨ ᠪᠠᠢᠭᠤᠯᠬᠤ ᠠᠵᠢᠯ᠎ᠤᠨ ᠱᠢᠨᠵᠢᠯᠡᠬᠦ ᠤᠬᠠᠭᠠᠨᠴᠢᠯᠠᠬᠤ᠂ ᠳᠦᠷᠢᠮᠵᠢᠬᠦ᠌᠂ ᠵᠢᠷᠤᠮᠵᠢᠬᠤ᠎ᠶᠢ ᠠᠬᠢᠭᠤᠯᠵᠤ᠂ ᠨᠠᠮ᠎ᠤᠨ ᠵᠣᠬᠢᠶᠠᠨ ᠪᠠᠢᠭᠤᠯᠬᠤ ᠠᠵᠢᠯ᠎ᠤᠨ ᠶᠠᠰᠤ ᠴᠢᠨᠠᠷ᠎ᠢ ᠳᠡᠭᠡᠭᠱᠢᠯᠡᠭᠦᠯᠬᠦ᠎ᠶᠢᠨ ᠲᠥᠯᠥᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》 ᠪᠣᠯᠤᠨ ᠬᠣᠯᠪᠤᠭᠳᠠᠯ ᠪᠦᠬᠦᠢ ᠬᠠᠤᠯᠢ ᠴᠠᠭᠠᠵᠠ᠎ᠶᠢ ᠦᠨᠳᠦᠰᠦᠯᠡᠵᠦ᠂ ᠲᠤᠰ ᠳᠦᠷᠢᠮ᠎ᠢ ᠲᠣᠭᠲᠠᠭᠠᠪᠠ᠃

  ᠬᠣᠶᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠬᠤ ᠠᠵᠢᠯ ᠪᠣᠯ ᠨᠠᠮ᠎ᠤᠨ ᠵᠣᠬᠢᠶᠠᠨ ᠪᠠᠢᠭᠤᠯᠬᠤ ᠱᠢᠰᠲᠧᠮ᠎ᠦᠨ ᠪᠠᠢᠭᠤᠯᠤᠯᠲᠠ᠂ ᠤᠳᠤᠷᠢᠳᠭᠤ ᠪᠠᠭ ᠪᠠ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠂ ᠴᠢᠳᠠᠪᠤᠷᠢᠲᠠᠨ᠎ᠤ ᠡᠩᠨᠡᠭᠡᠨ᠎ᠦ ᠪᠠᠢᠭᠤᠯᠤᠯᠲᠠ᠂ ᠨᠠᠮ᠎ᠤᠨ ᠭᠡᠱᠢᠭᠦᠨ᠎ᠦ ᠡᠩᠨᠡᠭᠡᠨ᠎ᠦ ᠪᠠᠢᠭᠤᠯᠤᠯᠲᠠ᠎ᠪᠠᠷ ᠭᠣᠤᠯ ᠠᠭᠤᠯᠭ᠎ᠠ᠎ᠪᠠᠨ ᠪᠣᠯᠭᠠᠭᠰᠠᠨ ᠦᠢᠯᠡᠳᠦᠯᠭᠡ᠎ᠶᠢᠨ ᠠᠵᠢᠯᠯᠠᠭ᠎ᠠ ᠮᠥᠨ᠂ ᠨᠠᠮ᠎ᠤᠨ ᠲᠥᠷᠦ ᠪᠠᠷᠢᠬᠤ ᠰᠠᠭᠤᠷᠢ᠎ᠶᠢ ᠪᠡᠬᠢᠵᠢᠭᠦᠯᠬᠦ᠌᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠡᠶᠡᠯᠡᠭᠦᠯᠬᠦ᠌᠂ ᠨᠠᠮ᠎ᠤᠨ ᠪᠦᠬᠦ ᠠᠵᠢᠯ᠎ᠢ ᠪᠡᠶᠡᠯᠡᠭᠦᠯᠬᠦ᠎ᠶᠢᠨ ᠴᠢᠬᠤᠯᠠ ᠪᠠᠲᠤᠯᠠᠭ᠎ᠠ ᠮᠥᠨ᠂ ᠨᠠᠮ᠎ᠠᠴᠠ ᠠᠷᠠᠳ ᠲᠦᠮᠡᠨ᠎ᠢ ᠤᠳᠤᠷᠢᠳᠤᠨ ᠬᠤᠪᠢᠰᠬᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ᠎ᠶᠢᠨ ᠢᠯᠠᠯᠲᠠ᠎ᠶᠢ ᠲᠠᠰᠤᠷᠠᠯᠲᠠ᠎ᠦᠭᠡᠢ ᠲᠡᠮᠡᠴᠡᠨ ᠣᠯᠤᠭᠰᠠᠨ ᠱᠢᠯᠢᠳᠡᠭ ᠤᠯᠠᠮᠵᠢᠯᠠᠯ ᠪᠠ ᠥᠪᠡᠷᠮᠢᠴᠡ ᠣᠨᠴᠠᠭᠠᠢ ᠳᠠᠪᠠᠭᠤᠯᠢᠭ ᠮᠥᠨ᠃

  ᠭᠤᠷᠪᠠᠳᠤᠭᠠᠷ ᠵᠦᠢᠯ  ᠨᠠᠮ᠎ᠤᠨ ᠵᠣᠬᠢᠶᠠᠨ ᠪᠠᠢᠭᠤᠯᠬᠤ ᠠᠵᠢᠯ᠎ᠨᠢ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠣ ᠫᠢᠩ᠎ᠦᠨ ᠣᠨᠣᠯ᠂ 《ᠭᠤᠷᠪᠠ᠎ᠶᠢ ᠲᠥᠯᠦᠭᠡᠯᠡᠬᠦ》 ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶᠢ ᠪᠠᠷᠢᠮᠲᠠᠯᠠᠵᠤ᠂ 《ᠳᠥᠷᠪᠡᠨ ᠤᠬᠠᠮᠰᠠᠷ》 ᠢ᠋ᠶ᠋ᠠᠨ ᠴᠢᠩᠭᠠᠳᠬᠠᠵᠤ᠂ 《ᠳᠥᠷᠪᠡᠨ ᠢᠲᠡᠭᠡᠯ》 ᠢ᠋ᠶ᠋ᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠨᠠᠮ᠎ᠤᠨ ᠤᠷᠲᠤ ᠬᠤᠭᠤᠴᠠᠭ᠎ᠠ᠎ᠪᠠᠷ ᠲᠥᠷᠦ ᠪᠠᠷᠢᠬᠤ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠤᠨ ᠪᠠᠢᠭᠤᠯᠤᠯᠲᠠ᠎ᠪᠠᠷ ᠭᠣᠤᠯ ᠱᠢᠵᠢᠮ ᠪᠣᠯᠭᠠᠨ᠂ ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠵᠤ᠂ ᠵᠣᠬᠢᠶᠠᠨ ᠪᠠᠢᠭᠤᠯᠬᠤ ᠱᠢᠰᠲᠧᠮ᠎ᠦᠨ ᠪᠠᠢᠭᠤᠯᠤᠯᠲᠠ᠎ᠪᠠᠷ ᠭᠣᠤᠯᠳᠠᠯᠭ᠎ᠠ ᠪᠣᠯᠭᠠᠬᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠦᠷ ᠬᠡᠪ ᠪᠣᠯᠪᠠᠰᠤᠷᠠᠯ᠎ᠲᠠᠢ ᠺᠠᠳ᠋ᠷ᠎ᠢ ᠴᠢᠷᠮᠠᠢᠨ ᠬᠥᠮᠦᠵᠢᠭᠦᠯᠵᠦ᠂ ᠤᠯᠤᠰ᠎ᠢᠶᠠᠨ᠎ᠬᠠᠢᠷᠠᠯᠠᠵᠤ ᠬᠤᠪᠢ ᠨᠡᠮᠡᠷᠢ ᠦᠵᠡᠭᠦᠯᠬᠦ ᠡᠯ᠎ᠡ ᠲᠠᠯ᠎ᠠ᠎ᠶᠢᠨ ᠱᠢᠯᠢᠳᠡᠭ ᠴᠢᠳᠠᠪᠤᠷᠢᠲᠠᠨ᠎ᠢ ᠴᠢᠷᠮᠠᠢᠨ ᠲᠥᠪᠯᠡᠷᠡᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠠᠢᠴᠢᠨ ᠪᠡᠬᠢᠯᠡᠯᠲᠡ᠎ᠶᠢᠨ ᠦᠢᠯᠡᠳᠦᠯ ᠪᠠ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠤᠨ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠨ᠎ᠠ᠃

  ᠳᠥᠷᠪᠡᠳᠦᠭᠡᠷ ᠵᠦᠢᠯ  ᠨᠠᠮ᠎ᠤᠨ ᠵᠣᠬᠢᠶᠠᠨ ᠪᠠᠢᠭᠤᠯᠬᠤ ᠠᠵᠢᠯ ᠳᠣᠤᠷᠠᠬᠢ ᠵᠠᠷᠴᠢᠮ᠎ᠢ ᠵᠢᠷᠤᠮᠯᠠᠨ᠎ᠠ᠄

  (ᠨᠢᠭᠡ) ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ᠎ᠠ;

  (ᠬᠣᠶᠠᠷ) ᠵᠣᠬᠢᠶᠠᠨ ᠪᠠᠢᠭᠤᠯᠬᠤ ᠱᠤᠭᠤᠮ ᠤᠯᠤᠰ ᠲᠥᠷᠦ᠎ᠶᠢᠨ ᠱᠤᠭᠤᠮ᠎ᠳᠤ ᠦᠢᠯᠡᠴᠢᠯᠡᠬᠦ᠎ᠶᠢ ᠪᠠᠷᠢᠮᠲᠠᠯᠠᠨ᠎ᠠ;

  (ᠭᠤᠷᠪᠠ) ᠠᠷᠠᠳᠴᠢᠯᠠᠯ ᠲᠥᠪᠯᠡᠷᠡᠯ᠎ᠦᠨ ᠶᠣᠰᠤ᠎ᠶᠢ ᠪᠠᠷᠢᠮᠲᠠᠯᠠᠨ᠎ᠠ;

  (ᠳᠥᠷᠪᠡ) ᠨᠠᠮ᠎ᠤᠨ ᠣᠯᠠᠨ ᠲᠦᠮᠡᠨᠴᠢ ᠱᠤᠭᠤᠮ᠎ᠢ ᠪᠠᠷᠢᠮᠲᠠᠯᠠᠨ᠎ᠠ;

  (ᠲᠠᠪᠤ) ᠨᠠᠮ ᠺᠠᠳ᠋ᠷ᠎ᠢ ᠬᠠᠮᠢᠶᠠᠷᠬᠤ᠂ ᠨᠠᠮ ᠴᠢᠳᠠᠪᠤᠷᠢᠲᠠᠨ᠎ᠢ ᠬᠠᠮᠢᠶᠠᠷᠬᠤ᠎ᠶᠢ ᠪᠠᠷᠢᠮᠲᠠᠯᠠᠨ᠎ᠠ;

  (ᠵᠢᠷᠭᠤᠭ᠎ᠠ) ᠮᠣᠷᠠᠯ ᠴᠢᠳᠠᠪᠤᠷᠢ᠎ᠶᠢ ᠬᠣᠣᠰᠯᠠᠭᠤᠯᠬᠤ᠂ ᠮᠣᠷᠠᠯ᠎ᠢ ᠲᠡᠷᠢᠭᠦᠨ᠎ᠳᠦ ᠲᠠᠯᠪᠢᠬᠤ᠂ ᠡᠷᠳᠡᠮᠲᠡᠨ ᠴᠢᠳᠠᠪᠤᠷᠢᠲᠠᠨ᠎ᠢ ᠬᠡᠷᠡᠭᠯᠡᠬᠦ᠎ᠶᠢ ᠪᠠᠷᠢᠮᠲᠠᠯᠠᠨ᠎ᠠ;

  (ᠳᠣᠯᠤᠭ᠎ᠠ) ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠠᠵᠢᠯ᠎ᠢ ᠪᠦᠬᠦᠨ᠎ᠢ ᠪᠦᠷᠬᠦᠭᠦᠯᠬᠦ᠎ᠶᠢ ᠪᠠᠷᠢᠮᠲᠠᠯᠠᠨ᠎ᠠ;

  (ᠨᠠᠢ᠍ᠮᠠ) ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠌᠂ ᠲᠥᠪ ᠭᠣᠤᠯᠴᠢ ᠪᠠᠢᠬᠤ᠎ᠶᠢ ᠪᠠᠷᠢᠮᠲᠠᠯᠠᠨ᠎ᠠ;

  (ᠶᠢᠰᠦ) ᠬᠠᠤᠯᠢ ᠲᠣᠭᠲᠠᠭᠠᠯ ᠶᠣᠰᠣᠭᠠᠷ᠂ ᠱᠢᠨᠵᠢᠯᠡᠬᠦ ᠤᠬᠠᠭᠠᠨᠴᠢ ᠳᠦᠷᠢᠮᠵᠢᠩᠭᠦᠢ ᠪᠠᠢᠬᠤ᠎ᠶᠢ ᠪᠠᠷᠢᠮᠲᠠᠯᠠᠨ᠎ᠠ᠃

 

    ᠬᠣᠶᠠᠳᠤᠭᠠᠷ ᠪᠦᠯᠦᠭ  ᠤᠳᠤᠷᠢᠳᠭᠤ ᠪᠠᠢᠭᠤᠯᠤᠮᠵᠢ ᠪᠠ ᠲᠤᠱᠢᠶᠠᠯ ᠬᠠᠷᠢᠭᠤᠴᠠᠯᠭ᠎ᠠ

 

  ᠲᠠᠪᠤᠳᠤᠭᠠᠷ ᠵᠦᠢᠯ  ᠵᠣᠬᠢᠶᠠᠨ ᠪᠠᠢᠭᠤᠯᠬᠤ ᠠᠵᠢᠯ᠎ᠨᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠡᠷᠡᠭᠵᠢᠭᠦᠯᠵᠦ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠱᠠᠲᠤ ᠬᠤᠪᠢᠶᠠᠨ ᠲᠥᠷᠦᠯ ᠬᠤᠪᠢᠶᠠᠨ ᠤᠳᠤᠷᠢᠳᠴᠤ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ ᠲᠤᠰᠭᠠᠢ ᠬᠠᠷᠢᠭᠤᠴᠠᠵᠤ᠂ ᠬᠣᠯᠪᠤᠭᠳᠠᠯ ᠪᠦᠬᠦᠢ ᠲᠠᠯ᠎ᠠ᠎ᠶᠢᠨ ᠬᠢᠨ ᠲᠤᠰ ᠲᠤᠰ᠎ᠤᠨ ᠡᠭᠦᠷᠭᠡ ᠲᠤᠱᠢᠶᠠᠯ᠎ᠢᠶᠠᠨ ᠭᠦᠢᠴᠡᠳᠬᠡᠵᠦ᠂ ᠨᠢᠭᠲᠠ ᠬᠠᠮᠵᠢᠯᠴᠠᠬᠤ ᠤᠳᠤᠷᠢᠳᠭᠤ ᠪᠠᠢᠭᠤᠯᠤᠮᠵᠢ᠎ᠶᠢ ᠬᠡᠷᠡᠭᠵᠢᠭᠦᠯᠦᠨ᠎ᠡ᠃

  ᠨᠠᠮ᠎ᠤᠨ ᠲᠥᠪ ᠬᠣᠷᠢᠶ᠎ᠠ ᠵᠢᠴᠢ ᠣᠷᠤᠨ ᠨᠤᠲᠤᠭ᠎ᠤᠨ ᠨᠠᠮ᠎ᠤᠨ ᠬᠣᠷᠢᠶ᠎ᠠ ᠵᠣᠬᠢᠶᠠᠨ ᠪᠠᠢᠭᠤᠯᠬᠤ ᠬᠡᠯᠲᠡᠰ ᠭᠠᠷᠭᠠᠵᠤ᠂ ᠡᠯ᠎ᠡ ᠱᠠᠲᠤᠨ᠎ᠤ ᠨᠠᠮ ᠵᠠᠰᠠᠭ᠎ᠤᠨ ᠪᠠᠢᠭᠤᠯᠭ᠎ᠠ᠂ ᠠᠷᠠᠳ᠎ᠤᠨ ᠪᠦᠯᠬᠦᠮ᠂ ᠤᠯᠤᠰ᠎ᠤᠨ ᠥᠮᠴᠢᠯᠡᠯᠲᠦ ᠠᠵᠤ ᠠᠬᠤᠢᠯᠠᠯ ᠪᠠ ᠠᠵᠢᠯ ᠦᠢᠯᠡᠰ᠎ᠦᠨ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠨᠢ ᠵᠣᠬᠢᠶᠠᠨ ᠪᠠᠢᠭᠤᠯᠬᠤ ᠠᠵᠢᠯ᠎ᠤᠨ ᠪᠠᠢᠭᠤᠯᠤᠮᠵᠢ ᠪᠤᠶᠤ ᠲᠤᠰᠭᠠᠢ ᠲᠤᠱᠢᠶᠠᠯ᠎ᠤᠨ ᠠᠵᠢᠯ᠎ᠤᠨ ᠪᠠᠢᠷᠢ ᠭᠠᠷᠭᠠᠵᠤ᠂ ᠵᠣᠬᠢᠶᠠᠨ ᠪᠠᠢᠭᠤᠯᠬᠤ ᠠᠵᠢᠯ᠎ᠢ ᠲᠤᠰᠭᠠᠢᠯᠠᠨ ᠬᠠᠷᠢᠭᠤᠴᠠᠭᠤᠯᠤᠨ᠎ᠠ᠃

  ᠲᠥᠪ᠎ᠦᠨ ᠵᠣᠬᠢᠶᠠᠨ ᠪᠠᠢᠭᠤᠯᠬᠤ ᠬᠡᠯᠲᠡᠰ ᠡᠯ᠎ᠡ ᠱᠠᠲᠤᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠠᠵᠢᠯ᠎ᠢ ᠵᠢᠯᠣᠭᠣᠳᠴᠤ᠂ ᠳᠡᠭᠡᠳᠦ ᠱᠠᠲᠤᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠨᠢ ᠳᠣᠤᠷᠠᠲᠤ ᠱᠠᠲᠤᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠠᠵᠢᠯ᠎ᠢ ᠵᠢᠯᠣᠭᠣᠳᠤᠨ᠎ᠠ᠃

  ᠵᠢᠷᠭᠤᠳᠤᠭᠠᠷ ᠵᠦᠢᠯ  ᠨᠠᠮ᠎ᠤᠨ ᠲᠥᠪ ᠬᠣᠷᠢᠶ᠎ᠠ᠎ᠠᠴᠠ ᠵᠣᠬᠢᠶᠠᠨ ᠪᠠᠢᠭᠤᠯᠬᠤ ᠠᠵᠢᠯ᠎ᠤᠨ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠲᠣᠭᠲᠠᠭᠠᠵᠤ᠂ ᠵᠣᠬᠢᠶᠠᠨ ᠪᠠᠢᠭᠤᠯᠬᠤ ᠠᠵᠢᠯ᠎ᠤᠨ ᠨᠠᠮ᠎ᠤᠨ ᠳᠣᠲᠤᠭᠠᠳᠤ᠎ᠶᠢᠨ ᠴᠢᠬᠤᠯᠠ ᠬᠠᠤᠯᠢ ᠲᠣᠭᠲᠠᠭᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲᠧᠷᠢᠶᠠᠯ᠎ᠢ ᠲᠣᠭᠲᠠᠭᠠᠵᠤ᠂ ᠵᠣᠬᠢᠶᠠᠨ ᠪᠠᠢᠭᠤᠯᠬᠤ ᠠᠵᠢᠯ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠴᠢᠬᠤᠯᠠ ᠶᠡᠬᠡ ᠥᠭᠡᠷᠡᠴᠢᠯᠡᠯᠲᠡ᠂ ᠴᠢᠬᠤᠯᠠ ᠶᠡᠬᠡ ᠠᠷᠭ᠎ᠠ ᠬᠡᠮᠵᠢᠶ᠎ᠡ᠂ ᠴᠢᠬᠤᠯᠠ ᠶᠡᠬᠡ ᠬᠡᠷᠡᠭ ᠶᠠᠪᠤᠳᠠᠯ᠎ᠳᠤ ᠱᠢᠢᠳᠪᠦᠷᠢᠲᠦ ᠪᠣᠳᠤᠯᠭ᠎ᠠ ᠲᠣᠭᠲᠠᠭᠠᠵᠤ᠂ ᠨᠠᠮ᠎ᠤᠨ ᠵᠣᠬᠢᠶᠠᠨ ᠪᠠᠢᠭᠤᠯᠬᠤ ᠱᠢᠰᠲᠧᠮ᠎ᠦᠨ ᠪᠠᠢᠭᠤᠯᠤᠯᠲᠠ᠂ ᠺᠠᠳ᠋ᠷ᠎ᠤᠨ ᠠᠵᠢᠯ᠂ ᠴᠢᠳᠠᠪᠤᠷᠢᠲᠠᠨ᠎ᠤ ᠠᠵᠢᠯ᠎ᠢ ᠪᠦᠬᠦ ᠲᠠᠯ᠎ᠠ᠎ᠪᠠᠷ ᠤᠳᠤᠷᠢᠳᠴᠤ᠂ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠺᠠᠳ᠋ᠷ᠎ᠢ ᠲᠠᠨᠢᠯᠴᠠᠭᠤᠯᠵᠤ᠂ ᠨᠡᠷ᠎ᠡ ᠳᠤᠷᠠᠳᠴᠤ᠂ ᠲᠤᠱᠢᠶᠠᠯ᠎ᠳᠤ ᠲᠣᠮᠢᠯᠠᠵᠤ ᠲᠤᠱᠢᠶᠠᠯ᠎ᠠᠴᠠ ᠪᠠᠭᠤᠯᠭᠠᠨ᠎ᠠ᠃

  ᠨᠠᠮ᠎ᠤᠨ ᠲᠥᠪ ᠬᠣᠷᠢᠶ᠎ᠠ ᠶᠡᠷᠦ᠎ᠳ᠋ᠤ᠎ᠪᠠᠨ 5 ᠵᠢᠯ᠎ᠳᠦ ᠨᠢᠭᠡ ᠤᠳᠠᠭ᠎ᠠ ᠪᠦᠬᠦ ᠤᠯᠤᠰ᠎ᠤᠨ ᠵᠣᠬᠢᠶᠠᠨ ᠪᠠᠢᠭᠤᠯᠬᠤ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠨᠢᠭᠡ ᠬᠡᠰᠡᠭ ᠬᠤᠭᠤᠴᠠᠭᠠᠨ᠎ᠤ ᠵᠣᠬᠢᠶᠠᠨ ᠪᠠᠢᠭᠤᠯᠬᠤ ᠠᠵᠢᠯ᠎ᠳᠤ ᠪᠦᠬᠦ ᠲᠠᠯ᠎ᠠ᠎ᠶᠢᠨ ᠪᠠᠢᠷᠢᠯᠠᠭᠤᠯᠤᠯᠲᠠ ᠬᠢᠨ᠎ᠡ᠃

  ᠳᠣᠯᠤᠳᠤᠭᠠᠷ ᠵᠦᠢᠯ  ᠣᠷᠤᠨ ᠨᠤᠲᠤᠭ᠎ᠤᠨ ᠨᠠᠮ᠎ᠤᠨ ᠬᠣᠷᠢᠶ᠎ᠠ ᠲᠣᠰ ᠭᠠᠵᠠᠷ ᠣᠷᠤᠨ᠎ᠤ᠋᠎ᠪᠠᠨ ᠵᠣᠬᠢᠶᠠᠨ ᠪᠠᠢᠭᠤᠯᠬᠤ ᠠᠵᠢᠯ᠎ᠤᠨ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠡᠭᠦᠷᠭᠡᠯᠡᠨ᠎ᠡ᠃ ᠭᠣᠤᠯ ᠲᠤᠱᠢᠶᠠᠯ ᠬᠠᠷᠢᠭᠤᠴᠠᠯᠭ᠎ᠠ ᠪᠣᠯ᠄

  (ᠨᠢᠭᠡ) ᠨᠠᠮ᠎ᠤᠨ ᠵᠣᠬᠢᠶᠠᠨ ᠪᠠᠢᠭᠤᠯᠬᠤ ᠠᠵᠢᠯ᠎ᠤᠨ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠣᠬᠢᠶᠠᠨ ᠪᠠᠢᠭᠤᠯᠬᠤ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠂ ᠵᠢᠭᠠᠪᠤᠷᠢ᠎ᠶᠢᠨ ᠱᠠᠭᠠᠷᠳᠠᠯᠭ᠎ᠠ᠎ᠶᠢ ᠬᠡᠷᠡᠭᠵᠢᠭᠦᠯᠦᠨ᠂ ᠡᠷᠬᠡ᠎ᠶᠢᠨ ᠬᠡᠪᠴᠢᠶ᠎ᠡ ᠶᠣᠰᠤᠭᠠᠷ ᠵᠣᠬᠢᠶᠠᠨ ᠪᠠᠢᠭᠤᠯᠬᠤ ᠠᠵᠢᠯ᠎ᠤᠨ ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲᠧᠷᠢᠶᠠᠯ᠎ᠢ ᠲᠣᠭᠲᠠᠭᠠᠵᠤ᠂ ᠲᠤᠰ ᠭᠠᠵᠠᠷ ᠣᠷᠤᠨ᠎ᠤ᠋᠎ᠪᠠᠨ ᠵᠣᠬᠢᠶᠠᠨ ᠪᠠᠢᠭᠤᠯᠬᠤ ᠠᠵᠢᠯ᠎ᠤᠨ ᠴᠢᠬᠤᠯᠠ ᠶᠡᠬᠡ ᠤᠴᠢᠷ ᠶᠠᠪᠤᠳᠠᠯ ᠪᠠ ᠴᠢᠬᠤᠯᠠ ᠠᠵᠢᠯ᠎ᠢ ᠰᠤᠳᠤᠯᠤᠨ ᠪᠠᠢᠷᠢᠯᠠᠭᠤᠯᠤᠨ᠎ᠠ;

  (ᠬᠣᠶᠠᠷ) ᠠᠳᠠᠯᠢ ᠱᠠᠲᠤᠨ᠎ᠤ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠦ᠎ᠶᠢᠨ ᠵᠥᠪᠯᠡᠯᠭᠡᠨ᠂ ᠬᠢᠨᠠᠨ ᠪᠠᠢᠴᠠᠭᠠᠬᠤ ᠪᠠᠢᠭᠤᠯᠭ᠎ᠠ᠂ ᠱᠢᠭᠦᠨ ᠲᠠᠰᠤᠯᠬᠤ ᠪᠠᠢᠭᠤᠯᠭ᠎ᠠ᠂ ᠪᠠᠢᠴᠠᠭᠠᠬᠤ ᠪᠠᠢᠭᠤᠯᠭ᠎ᠠ᠂ ᠠᠷᠠᠳ᠎ᠤᠨ ᠪᠦᠯᠬᠦᠮ ᠵᠡᠷᠭᠡ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯ᠎ᠢ ᠤᠳᠤᠷᠢᠳᠴᠤ᠂ ᠳᠣᠤᠷᠠᠲᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠣᠬᠢᠶᠠᠨ ᠪᠠᠢᠭᠤᠯᠤᠯᠲᠠ᠎ᠶᠢᠨ ᠠᠵᠢᠯ ᠥᠷᠨᠢᠭᠦᠯᠬᠦ᠎ᠶᠢ ᠵᠢᠯᠤᠭᠤᠳᠭᠤ ᠪᠠ ᠱᠠᠯᠠᠪᠳᠠᠭᠤᠯᠤᠨ ᠪᠠᠢᠴᠠᠭᠠᠨ᠎ᠠ;

  (ᠭᠤᠷᠪᠠ) ᠲᠤᠰ ᠭᠠᠵᠠᠷ ᠣᠷᠤᠨ᠎ᠤ᠋᠎ᠪᠠᠨ ᠨᠠᠮ᠎ᠤᠨ ᠵᠣᠬᠢᠶᠠᠨ ᠪᠠᠢᠭᠤᠯᠬᠤ ᠱᠢᠰᠲᠧᠮ᠎ᠦᠨ ᠪᠠᠢᠭᠤᠯᠤᠯᠲᠠ᠎ᠶᠢ ᠤᠳᠤᠷᠢᠳᠴᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠎ᠦ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠭᠠᠨ᠎ᠠ;

  (ᠳᠥᠷᠪᠡ) ᠺᠠᠳ᠋ᠷ᠎ᠢ ᠬᠠᠮᠢᠶᠠᠷᠬᠤ ᠡᠷᠬᠡ᠎ᠶᠢᠨ ᠬᠡᠪᠴᠢᠶ᠎ᠡ ᠶᠣᠰᠤᠭᠠᠷ ᠺᠠᠳ᠋ᠷ᠎ᠢ ᠲᠤᠱᠢᠶᠠᠯ᠎ᠳᠤ ᠲᠣᠮᠢᠯᠠᠵᠤ ᠲᠤᠱᠢᠶᠠᠯ᠎ᠠᠴᠠ ᠪᠠᠭᠤᠯᠭᠠᠬᠤ ᠪᠠ ᠬᠠᠮᠢᠶᠠᠷᠴᠤ᠂ ᠣᠷᠤᠨ ᠨᠤᠲᠤᠭ᠎ᠤᠨ ᠤᠯᠤᠰ᠎ᠤᠨ ᠪᠠᠢᠭᠤᠯᠭ᠎ᠠ᠂ ᠤᠯᠤᠰ ᠲᠥᠷᠦ᠎ᠶᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ᠂ ᠠᠷᠠᠳ᠎ᠤᠨ ᠪᠦᠯᠬᠦᠮ᠂ ᠤᠯᠤᠰ᠎ᠤᠨ ᠥᠮᠴᠢᠯᠡᠯᠲᠦ ᠠᠵᠤ ᠠᠬᠤᠢᠯᠠᠯ ᠪᠠ ᠠᠵᠢᠯ ᠦᠢᠯᠡᠰ᠎ᠦᠨ ᠨᠢᠭᠡᠴᠢ᠎ᠳᠦ ᠴᠢᠬᠤᠯᠠ ᠺᠠᠳ᠋ᠷ᠎ᠢ ᠲᠠᠨᠢᠯᠴᠠᠭᠤᠯᠤᠨ᠎ᠠ;

  (ᠲᠠᠪᠤ) ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭᠵᠢᠭᠦᠯᠬᠦ ᠪᠠᠢᠯᠳᠤᠬᠤ ᠪᠣᠳᠤᠯᠭ᠎ᠠ᠎ᠶᠢ ᠲᠤᠭᠤᠰᠢᠯᠠᠭᠤᠯᠵᠤ᠂ ᠬᠣᠯᠪᠤᠭᠳᠠᠯ ᠪᠦᠬᠦᠢ ᠲᠠᠯ᠎ᠠ᠎ᠶᠢᠨ ᠬᠢᠨ᠎ᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠵᠤ ᠪᠠᠢᠭᠠᠳ ᠲᠤᠰ ᠭᠠᠵᠠᠷ ᠣᠷᠤᠨ᠎ᠤ ᠴᠢᠳᠠᠪᠤᠷᠢᠲᠠᠨ᠎ᠤ ᠠᠵᠢᠯ᠎ᠳᠤ ᠬᠠᠮᠲᠤ᠎ᠪᠠᠷ ᠣᠷᠤᠯᠴᠠᠬᠤ᠎ᠶᠢ ᠠᠬᠢᠭᠤᠯᠤᠨ᠎ᠠ;

  (ᠵᠢᠷᠭᠤᠭ᠎ᠠ) ᠨᠠᠮ᠎ᠤᠨ ᠲᠥᠪ ᠬᠣᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠤᠱᠢᠶᠠᠭᠰᠠᠨ ᠪᠤᠰᠤᠳ ᠡᠭᠦᠷᠭᠡ᠎ᠶᠢ ᠪᠡᠶᠡᠯᠡᠭᠦᠯᠦᠨ᠎ᠡ᠃

  ᠨᠠᠮ᠎ᠤᠨ ᠤᠳᠤᠷᠢᠳᠭᠤ ᠳᠤᠭᠤᠢᠯᠠᠩ᠎ᠨᠢ ᠲᠤᠰ ᠨᠢᠭᠡᠴᠢ᠎ᠶᠢᠨ᠎ᠢᠶᠠᠨ ᠵᠣᠬᠢᠶᠠᠨ ᠪᠠᠢᠭᠤᠯᠬᠤ ᠠᠵᠢᠯ᠎ᠤᠨ ᠤᠳᠤᠷᠢᠳᠭᠤ ᠲᠤᠱᠢᠶᠠᠯ ᠬᠠᠷᠢᠭᠤᠴᠠᠯᠭ᠎ᠠ᠎ᠶᠢ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠭᠦᠢᠴᠡᠳᠬᠡᠨ᠎ᠡ᠃

  ᠨᠠᠢ᠍ᠮᠠᠳᠤᠭᠠᠷ ᠵᠦᠢᠯ  ᠲᠥᠪ᠎ᠦᠨ ᠵᠣᠬᠢᠶᠠᠨ ᠪᠠᠢᠭᠤᠯᠬᠤ ᠬᠡᠯᠲᠡᠰ ᠪᠠ ᠣᠷᠤᠨ ᠨᠤᠲᠤᠭ᠎ᠤᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠦᠨ ᠭᠣᠤᠯ ᠲᠤᠱᠢᠶᠠᠯ ᠬᠠᠷᠢᠭᠤᠴᠠᠯᠭ᠎ᠠ ᠪᠣᠯ᠄

  (ᠨᠢᠭᠡ) ᠨᠠᠮ᠎ᠤᠨ ᠲᠥᠪ ᠬᠣᠷᠢᠶ᠎ᠠ ᠵᠢᠴᠢ ᠲᠤᠰ ᠱᠠᠲᠤᠨ᠎ᠤ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠣᠷ᠎ᠠ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯ᠎ᠤᠨ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ ᠪᠠ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠶᠢ ᠪᠣᠳᠠᠲᠠᠢ ᠬᠠᠷᠢᠭᠤᠴᠠᠵᠤ᠂ ᠡᠷᠬᠡ᠎ᠶᠢᠨ ᠬᠡᠪᠴᠢᠶ᠎ᠡ ᠪᠠ ᠠᠵᠢᠯ᠎ᠤᠨ ᠬᠤᠪᠢᠶᠠᠷᠢᠯᠠᠯ ᠶᠣᠰᠤᠭᠠᠷ ᠵᠣᠬᠢᠶᠠᠨ ᠪᠠᠢᠭᠤᠯᠬᠤ ᠠᠵᠢᠯ᠎ᠤᠨ ᠨᠠᠮ᠎ᠤᠨ ᠳᠣᠲᠤᠭᠠᠳᠤ᠎ᠶᠢᠨ ᠬᠠᠤᠯᠢ ᠲᠣᠭᠲᠠᠭᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲᠧᠷᠢᠶᠠᠯ᠎ᠢ ᠲᠣᠭᠲᠠᠭᠠᠨ ᠲᠤᠭᠤᠷᠪᠢᠵᠤ᠂ ᠵᠣᠬᠢᠶᠠᠨ ᠪᠠᠢᠭᠤᠯᠬᠤ ᠳᠦᠷᠢᠮ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠤᠨ᠎ᠠ;

  (ᠬᠣᠶᠠᠷ) ᠵᠣᠬᠢᠶᠠᠨ ᠪᠠᠢᠭᠤᠯᠬᠤ ᠠᠵᠢᠯ᠎ᠤᠨ ᠴᠢᠬᠤᠯᠠ ᠣᠨᠤᠯ ᠪᠠ ᠦᠢᠯᠡᠳᠦᠯᠭᠡ᠎ᠶᠢᠨ ᠠᠰᠠᠭᠤᠳᠠᠯ᠎ᠢ ᠰᠤᠳᠤᠯᠵᠤ᠂ ᠳᠦᠷᠢᠮ ᠲᠣᠭᠲᠠᠴᠠ᠎ᠶᠢ ᠲᠡᠭᠦᠯᠳᠡᠷᠵᠢᠭᠦᠯᠬᠦ ᠲᠤᠬᠠᠢ ᠲᠥᠷᠦ᠎ᠶᠢᠨ ᠪᠣᠳᠤᠯᠭ᠎ᠠ᠎ᠶᠢᠨ ᠰᠠᠨᠠᠭᠤᠯᠭ᠎ᠠ ᠳᠤᠷᠠᠳᠴᠤ᠂ ᠨᠠᠮ᠎ᠤᠨ ᠲᠥᠪ ᠬᠣᠷᠢᠶ᠎ᠠ ᠵᠢᠴᠢ ᠲᠤᠰ ᠱᠠᠲᠤᠨ᠎ᠤ ᠨᠠᠮ᠎ᠤᠨ ᠬᠣᠷᠢᠶᠠᠨ᠎ᠤ ᠱᠢᠢᠳᠪᠦᠷᠢᠲᠦ ᠪᠣᠳᠤᠯᠭ᠎ᠠ ᠲᠣᠭᠲᠠᠭᠠᠬᠤ᠎ᠳᠤ ᠯᠠᠪᠯᠠᠯᠲᠠ ᠬᠠᠩᠭᠠᠨ᠎ᠠ;

  (ᠭᠤᠷᠪᠠ) ᠨᠠᠮ᠎ᠤᠨ ᠵᠣᠬᠢᠶᠠᠨ ᠪᠠᠢᠭᠤᠯᠬᠤ ᠱᠢᠰᠲᠧᠮ᠎ᠦᠨ ᠪᠠᠢᠭᠤᠯᠤᠯᠲᠠ᠎ᠶᠢ ᠬᠠᠷᠢᠭᠤᠴᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠎ᠦ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠭᠠᠨ᠎ᠠ;

  (ᠳᠥᠷᠪᠡ) ᠺᠠᠳ᠋ᠷ᠎ᠤᠨ ᠠᠵᠢᠯ ᠪᠠ ᠺᠠᠳ᠋ᠷ᠎ᠤᠨ ᠡᠩᠨᠡᠭᠡ᠎ᠶᠢ ᠨᠢᠭᠡᠳᠦᠯᠲᠡᠢ ᠬᠠᠮᠢᠶᠠᠷᠬᠤ ᠠᠵᠢᠯ᠎ᠢ ᠬᠠᠷᠢᠭᠤᠴᠠᠵᠤ᠂ ᠺᠠᠳ᠋ᠷ᠎ᠢ ᠬᠠᠮᠢᠶᠠᠷᠬᠤ ᠡᠷᠬᠡ᠎ᠶᠢᠨ ᠬᠡᠪᠴᠢᠶ᠎ᠡ ᠪᠠ ᠠᠵᠢᠯ᠎ᠤᠨ ᠬᠤᠪᠢᠶᠠᠷᠢᠯᠠᠯ ᠶᠣᠰᠤᠭᠠᠷ ᠤᠳᠤᠷᠢᠳᠭᠤ ᠪᠠᠭ᠎ᠤᠨ ᠪᠠᠢᠭᠤᠯᠤᠯᠲᠠ᠎ᠶᠢᠨ ᠬᠣᠯᠪᠤᠭᠳᠠᠯ ᠪᠦᠬᠦᠢ ᠪᠣᠳᠠᠲᠠᠢ ᠠᠵᠢᠯ᠎ᠢ ᠬᠠᠷᠢᠭᠤᠴᠠᠨ᠎ᠠ;

  (ᠲᠠᠪᠤ) ᠴᠢᠳᠠᠪᠤᠷᠢᠲᠠᠨ᠎ᠤ ᠠᠵᠢᠯ᠎ᠢ ᠵᠢᠯᠤᠭᠤᠳᠤᠨ ᠵᠣᠬᠢᠴᠠᠭᠤᠯᠬᠤ ᠪᠠ ᠴᠢᠳᠠᠪᠤᠷᠢᠲᠠᠨ᠎ᠲᠠᠢ ᠬᠠᠷᠢᠯᠴᠠᠵᠤ ᠦᠢᠯᠡᠴᠢᠯᠡᠬᠦ᠎ᠶᠢ ᠬᠠᠷᠢᠭᠤᠴᠠᠨ᠎ᠠ;

  (ᠵᠢᠷᠭᠤᠭ᠎ᠠ) ᠠᠯᠪᠠᠲᠠᠨ᠎ᠤ ᠠᠵᠢᠯ᠎ᠤᠨ ᠨᠢᠭᠡᠳᠦᠯᠲᠡᠢ ᠬᠠᠮᠢᠶᠠᠷᠤᠯᠲᠠ᠎ᠶᠢ ᠬᠠᠷᠢᠭᠤᠴᠠᠨ᠎ᠠ;

  (ᠳᠣᠯᠤᠭ᠎ᠠ) ᠠᠵᠢᠯ᠎ᠠ᠋ᠴᠠ᠎ᠪᠠᠨ ᠳᠠᠷᠬᠠᠯᠠᠭᠳᠠᠭᠰᠠᠨ ᠪᠠ ᠠᠵᠢᠯ᠎ᠠ᠋ᠴᠠ᠎ᠪᠠᠨ ᠠᠮᠠᠷᠠᠭᠰᠠᠨ ᠺᠠᠳ᠋ᠷ᠎ᠤᠨ ᠠᠵᠢᠯ᠎ᠤᠨ ᠨᠢᠭᠡᠳᠦᠯᠲᠡᠢ ᠬᠠᠮᠢᠶᠠᠷᠤᠯᠲᠠ᠎ᠶᠢ ᠬᠠᠷᠢᠭᠤᠴᠠᠨ᠎ᠠ;

  (ᠨᠠᠢ᠍ᠮᠠ) ᠪᠠᠢᠭᠤᠯᠤᠮᠵᠢ᠎ᠶᠢᠨ ᠣᠷᠤᠨ ᠲᠣᠭᠠᠨ᠎ᠤ ᠵᠥᠪᠯᠡᠯ᠎ᠦᠨ ᠠᠯᠪᠠᠨ ᠭᠡᠷ᠎ᠢ ᠨᠢᠭᠡᠳᠦᠯᠲᠡᠢ ᠬᠠᠮᠢᠶᠠᠷᠤᠨ᠎ᠠ;

  (ᠶᠢᠰᠦ) ᠨᠠᠮ᠎ᠤᠨ ᠲᠥᠪ ᠬᠣᠷᠢᠶ᠎ᠠ ᠵᠢᠴᠢ ᠲᠤᠰ ᠱᠠᠲᠤᠨ᠎ᠤ ᠨᠠᠮ᠎ᠤᠨ ᠬᠣᠷᠢᠶ᠎ᠠ᠎ᠠᠴᠠ ᠲᠤᠱᠢᠶᠠᠭᠰᠠᠨ ᠪᠤᠰᠤᠳ ᠡᠭᠦᠷᠭᠡ᠎ᠶᠢ ᠪᠡᠶᠡᠯᠡᠭᠦᠯᠦᠨ᠎ᠡ᠃

 

    ᠭᠤᠷᠪᠠᠳᠤᠭᠠᠷ ᠪᠦᠯᠦᠭ   ᠨᠠᠮ᠎ᠤᠨ ᠵᠣᠬᠢᠶᠠᠨ ᠪᠠᠢᠭᠤᠯᠬᠤ ᠱᠢᠰᠲᠧᠮ᠎ᠦᠨ ᠪᠠᠢᠭᠤᠯᠤᠯᠲᠠ

 

  ᠶᠢᠰᠦᠳᠦᠭᠡᠷ ᠵᠦᠢᠯ  ᠮᠠᠷᠺᠰ᠎ᠤᠨ ᠦᠵᠡᠯ᠎ᠦᠨ ᠨᠠᠮ ᠪᠠᠢᠭᠤᠯᠬᠤ ᠵᠠᠷᠴᠢᠮ᠎ᠢ ᠪᠠᠷᠢᠮᠲᠠᠯᠠᠵᠤ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠵᠣᠬᠢᠶᠠᠨ ᠪᠠᠢᠭᠤᠯᠬᠤ ᠳᠦᠷᠢᠮ᠎ᠢ ᠪᠦᠷᠢᠨᠱᠢᠭᠦᠯᠦᠨ ᠬᠠᠮᠠᠭᠠᠯᠠᠵᠤ᠂ ᠳᠡᠭᠡᠳᠦ ᠳᠣᠤᠷᠠᠲᠤ ᠱᠠᠲᠤ᠎ᠪᠠᠷ᠎ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ᠎ᠨᠢ ᠡᠷᠴᠢᠮᠲᠡᠢ ᠵᠣᠬᠢᠶᠠᠨ ᠪᠠᠢᠭᠤᠯᠬᠤ ᠱᠢᠰᠲᠧᠮ᠎ᠢ ᠲᠡᠭᠦᠯᠳᠡᠷᠵᠢᠭᠦᠯᠵᠦ᠂ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠠᠵᠢᠯ᠎ᠤᠨ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠵᠦ᠂ ᠨᠠᠮ᠎ᠤᠨ ᠤᠯᠤᠰ ᠲᠥᠷᠦ᠎ᠶᠢᠨ ᠤᠳᠤᠷᠢᠳᠭᠤ ᠬᠦᠴᠦᠨ᠂ ᠦᠵᠡᠯ ᠰᠠᠨᠠᠭᠠᠨ᠎ᠤ ᠬᠥᠲᠦᠯᠦᠨ ᠳᠠᠭᠠᠭᠤᠯᠬᠤ ᠬᠦᠴᠦᠨ᠂ ᠣᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ᠎ᠢ ᠤᠷᠢᠶᠠᠯᠠᠬᠤ ᠬᠦᠴᠦᠨ᠎ᠢ ᠲᠠᠰᠤᠷᠠᠯᠲᠠ᠎ᠦᠭᠡᠢ ᠴᠢᠩᠭᠠᠷᠠᠭᠤᠯᠤᠨ᠎ᠠ᠃

  ᠠᠷᠪᠠᠳᠤᠭᠠᠷ ᠵᠦᠢᠯ  ᠨᠠᠮ᠎ᠤᠨ ᠳᠦᠷᠢᠮ᠎ᠦᠨ ᠲᠣᠭᠲᠠᠭᠠᠯ ᠶᠣᠰᠤᠭᠠᠷ ᠨᠠᠮ᠎ᠤᠨ ᠡᠯ᠎ᠡ ᠱᠠᠲᠤᠨ᠎ᠤ ᠡᠯ᠎ᠡ ᠲᠥᠷᠦᠯ᠎ᠦᠨ ᠵᠣᠬᠢᠶᠠᠨ ᠪᠠᠢᠭᠤᠯᠤᠯᠲᠠ᠎ᠶᠢ ᠪᠠᠢᠭᠤᠯᠤᠨ ᠪᠦᠷᠢᠠᠰᠢᠭᠦᠯᠵᠦ᠂ ᠨᠠᠮ᠎ᠤᠨ ᠲᠥᠪ ᠬᠣᠷᠢᠶᠠᠨ᠎ᠤ ᠵᠣᠬᠢᠶᠠᠨ ᠪᠠᠢᠭᠤᠯᠤᠯᠲᠠ᠂ ᠣᠷᠤᠨ ᠨᠤᠲᠤᠭ᠎ᠤᠨ ᠵᠣᠬᠢᠶᠠᠨ ᠪᠠᠢᠭᠤᠯᠤᠯᠲᠠ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢ ᠪᠠᠭᠲᠠᠭᠠᠭᠰᠠᠨ᠂ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠂ ᠨᠠᠮ᠎ᠤᠨ ᠠᠵᠢᠯ᠎ᠤᠨ ᠪᠠᠢᠭᠤᠯᠭ᠎ᠠ᠂ ᠨᠠᠮ᠎ᠤᠨ ᠤᠳᠤᠷᠢᠳᠭᠤ ᠳᠤᠭᠤᠢᠯᠠᠩ᠎ᠢ ᠬᠠᠮᠤᠷᠴᠤ᠂ ᠱᠠᠲᠤ ᠱᠠᠲᠤ᠎ᠪᠠᠷ ᠡᠴᠦᠰ᠎ᠲᠤᠨᠢ ᠲᠤᠯᠲᠠᠯ᠎ᠠ᠂ ᠪᠦᠬᠦ ᠲᠠᠯ᠎ᠠ᠎ᠶᠢᠨ ᠥᠷᠭᠡᠨ ᠳᠡᠯᠭᠡᠷᠡᠩᠭᠦᠢ ᠨᠢᠭᠲᠠ ᠴᠢᠩᠭ᠎ᠠ ᠵᠣᠬᠢᠶᠠᠨ ᠪᠠᠢᠭᠤᠯᠬᠤ ᠪᠦᠲᠦᠴᠡ᠎ᠶᠢ ᠪᠦᠷᠢᠯᠳᠦᠭᠦᠯᠦᠨ᠎ᠡ᠃

  ᠪᠠᠢᠳᠠᠯ ᠡᠭᠦᠷᠭᠡ᠎ᠶᠢᠨ ᠬᠥᠭᠵᠢᠯᠲᠡ ᠬᠤᠪᠢᠷᠠᠯᠲᠠ᠎ᠳᠤ ᠵᠣᠬᠢᠴᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠢᠷᠢᠯᠠᠭᠤᠯᠤᠯᠲᠠ᠎ᠶᠢ ᠴᠠᠭ ᠲᠤᠬᠠᠢ᠎ᠳᠤᠨᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠶᠠᠮᠠᠷ ᠨᠢᠭᠡᠨ ᠡᠭᠦᠷᠭᠡ᠎ᠶᠢ ᠭᠦᠢᠴᠡᠳᠬᠡᠬᠦ᠎ᠶᠢᠨ ᠲᠥᠯᠦᠭᠡ ᠲᠦᠷ ᠴᠠᠭ ᠪᠠᠢᠭᠤᠯᠤᠭᠰᠠᠨ ᠪᠠᠢᠭᠤᠯᠤᠮᠵᠢ᠎ᠨᠢ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠲᠦᠷ ᠴᠠᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢ ᠪᠠᠢᠭᠤᠯᠵᠤ ᠪᠣᠯᠤᠨ᠎ᠠ᠃ ᠠᠰᠲᠠᠭᠠᠨ ᠲᠣᠭᠲᠠᠭᠠᠯ᠎ᠲᠠᠢ᠎ᠠᠴᠠ ᠪᠤᠰᠤᠳ᠎ᠢ ᠨᠢ᠂ ᠡᠩ᠎ᠦᠨ ᠪᠠᠢᠳᠠᠯ᠎ᠳᠤ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠵᠠᠷᠴᠢᠮ ᠶᠣᠰᠤᠭᠠᠷ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠶᠠᠯᠠᠭᠳᠠᠬᠤ ᠬᠠᠷᠢᠴᠠᠭ᠎ᠠ᠎ᠶᠢ ᠵᠢᠷᠤᠮᠵᠢᠭᠤᠯᠤᠨ ᠰᠢᠯᠤᠭᠤᠳᠬᠠᠨ᠎ᠠ᠃

  ᠠᠷᠪᠠᠨ ᠨᠢᠭᠡᠳᠦᠭᠡᠷ ᠵᠦᠢᠯ  ᠨᠠᠮ᠎ᠤᠨ ᠲᠥᠪ ᠬᠣᠷᠢᠶ᠎ᠠ᠂ ᠲᠥᠪ᠎ᠦᠨ ᠤᠯᠤᠰ ᠲᠥᠷᠦ᠎ᠶᠢᠨ ᠲᠣᠪᠴᠢᠶ᠎ᠠ᠂ ᠲᠥᠪ᠎ᠦᠨ ᠤᠯᠤᠰ ᠲᠥᠷᠦ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶ᠎ᠠ ᠪᠣᠯ ᠨᠠᠮ᠎ᠤᠨ ᠵᠣᠬᠢᠶᠠᠨ ᠪᠠᠢᠭᠤᠯᠬᠤ ᠱᠢᠰᠲᠧᠮ᠎ᠦᠨ ᠶᠡᠬᠡ ᠲᠠᠷᠢᠬᠢ ᠪᠠ ᠲᠥᠪ ᠮᠡᠳᠡᠷᠡᠯ ᠮᠥᠨ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠢᠯᠡᠰ᠎ᠢ ᠠᠬᠢᠭᠤᠯᠬᠤ ᠳᠤᠮᠳᠠ ᠴᠢᠭᠯᠡᠯ᠎ᠢ ᠡᠵᠡᠮᠳᠡᠵᠦ᠂ ᠶᠡᠬᠡ ᠲᠠᠯ᠎ᠠ᠎ᠶᠢ ᠪᠣᠳᠣᠯᠬᠢᠯᠠᠨ᠂ ᠲᠥᠷᠦ᠎ᠶᠢᠨ ᠪᠣᠳᠤᠯᠭ᠎ᠠ ᠲᠣᠭᠲᠠᠭᠠᠵᠤ᠂ ᠥᠭᠡᠷᠡᠴᠢᠯᠡᠯᠲᠡ᠎ᠶᠢ ᠠᠬᠢᠭᠤᠯᠤᠨ᠎ᠠ᠃ ᠨᠠᠮ᠎ᠤᠨ ᠤᠳᠤᠷᠢᠳᠭᠤ ᠳᠦᠷᠢᠮ᠎ᠦᠨ ᠱᠢᠰᠲᠧᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠠᠵᠢᠯ᠎ᠳᠠᠬᠢ ᠤᠳᠤᠷᠢᠳᠭᠤ ᠪᠠᠢᠭᠤᠯᠤᠮᠵᠢ᠎ᠶᠢ ᠪᠦᠷᠢᠨᠰᠢᠭᠦᠯᠦᠨ᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢᠨ ᠨᠠᠢᠳᠠᠪᠤᠷᠢᠵᠢᠭᠤᠯᠤᠯᠲᠠ᠎ᠶᠢ ᠠᠬᠢᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠨᠠᠮ᠎ᠤᠨ ᠲᠥᠪ ᠬᠣᠷᠢᠶ᠎ᠠ᠎ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠦᠨ᠎ᠡ᠃

  ᠠᠷᠪᠠᠨ ᠬᠣᠶᠠᠳᠤᠭᠠᠷ ᠵᠦᠢᠯ  ᠨᠠᠮ᠎ᠤᠨ ᠣᠷᠤᠨ ᠨᠤᠲᠤᠭ᠎ᠤᠨ ᠬᠣᠷᠢᠶ᠎ᠠ ᠲᠤᠰ ᠭᠠᠵᠠᠷ ᠣᠷᠤᠨ᠎ᠳᠣ᠌᠎ᠪᠠᠨ ᠪᠦᠬᠦ ᠲᠠᠯ᠎ᠠ᠎ᠶᠢ ᠶᠡᠷᠦᠩᠬᠡᠢᠯᠡᠨ ᠡᠵᠡᠮᠳᠡᠬᠦ᠌᠂ ᠡᠯ᠎ᠡ ᠲᠠᠯ᠎ᠠ᠎ᠶᠢ ᠵᠣᠬᠢᠴᠠᠭᠤᠯᠬᠤ ᠤᠳᠤᠷᠢᠳᠭᠤ ᠦᠢᠯᠡᠳᠦᠯ᠎ᠢᠶᠠᠨ ᠪᠠᠳᠠᠷᠠᠭᠤᠯᠵᠤ᠂ ᠲᠤᠰ ᠭᠠᠵᠠᠷ ᠣᠷᠤᠨ᠎ᠤ᠋᠎ᠪᠠᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠪᠦᠬᠦ ᠲᠠᠯ᠎ᠠ᠎ᠪᠠᠷ ᠤᠳᠤᠷᠢᠳᠤᠨ᠂ ᠲᠤᠰ ᠭᠠᠵᠠᠷ ᠣᠷᠤᠨ᠎ᠤ᠋᠎ᠪᠠᠨ ᠨᠠᠮ᠎ᠤᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠬᠠᠷᠢᠭᠤᠴᠠᠵᠤ᠂ ᠴᠢᠭᠯᠡᠯ᠎ᠢ ᠡᠵᠡᠮᠳᠡᠬᠦ᠌᠂ ᠶᠡᠬᠡ ᠲᠠᠯ᠎ᠠ᠎ᠶᠢ ᠬᠠᠮᠢᠶᠠᠷᠬᠤ᠂ ᠱᠢᠢᠳᠪᠦᠷᠢᠲᠦ ᠪᠣᠳᠤᠯᠭ᠎ᠠ ᠲᠣᠭᠲᠠᠭᠠᠬᠤ᠂ ᠨᠠᠢᠳᠠᠪᠤᠷᠢᠵᠢᠭᠤᠯᠤᠯᠲᠠ᠎ᠶᠢ ᠪᠠᠲᠤᠯᠠᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠢ᠃ ᠨᠠᠮ᠎ᠤᠨ ᠣᠷᠤᠨ ᠨᠤᠲᠤᠭ᠎ᠤᠨ ᠵᠣᠬᠢᠶᠠᠨ ᠪᠠᠢᠭᠤᠯᠬᠤ ᠠᠵᠢᠯ᠎ᠤᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠬᠡᠷᠡᠭ ᠵᠥᠪᠯᠡᠵᠦ ᠱᠢᠢᠳᠪᠦᠷᠢᠲᠦ ᠪᠣᠳᠤᠯᠭ᠎ᠠ ᠲᠣᠭᠲᠠᠭᠠᠬᠤ ᠪᠠ ᠬᠢᠨᠠᠯᠲᠠ ᠲᠠᠯᠪᠢᠬᠤ ᠲᠣᠭᠲᠠᠴᠠ᠎ᠶᠢ ᠪᠦᠷᠢᠨᠰᠢᠭᠦᠯᠵᠦ᠂ ᠪᠦᠬᠦᠯᠢ ᠴᠣᠭᠴᠠ᠎ᠶᠢᠨ ᠴᠢᠳᠠᠮᠵᠢ᠎ᠶᠢ ᠴᠢᠩᠭᠠᠳᠬᠠᠵᠤ᠂ ᠤᠳᠤᠷᠢᠳᠭᠤ ᠲᠦᠪᠱᠢᠨ᠎ᠢᠶᠠᠨ ᠳᠡᠭᠡᠭᠰᠢᠯᠡᠭᠦᠯᠵᠦ᠂ ᠨᠠᠮ᠎ᠤᠨ ᠣᠷᠤᠨ ᠨᠤᠲᠤᠭ᠎ᠤᠨ ᠵᠣᠬᠢᠶᠠᠨ ᠪᠠᠢᠭᠤᠯᠤᠯᠲᠠ᠎ᠶᠢ ᠨᠠᠮ᠎ᠤᠨ ᠲᠥᠪ ᠬᠣᠷᠢᠶᠠᠨ᠎ᠤ ᠵᠢᠯᠤᠭᠤᠳᠤᠯᠭ᠎ᠠ᠎ᠶᠢ ᠳᠠᠭᠠᠬᠤ᠂ ᠬᠠᠮᠢᠶᠠᠷᠤᠯᠲᠠ ᠴᠢᠩᠭ᠎ᠠ᠂ ᠬᠢᠨᠠᠯᠲᠠ ᠡᠷᠴᠢᠮᠲᠡᠢ᠂ ᠤᠳᠤᠷᠢᠳᠭᠤ ᠪᠠᠭ ᠪᠦᠯᠬᠦᠮᠳᠡᠯ᠎ᠲᠡᠢ᠂ ᠵᠠᠩ ᠰᠤᠷᠲᠠᠯ ᠴᠡᠪᠡᠷ ᠪᠠᠲᠤ ᠴᠢᠩᠭ᠎ᠠ ᠵᠣᠬᠢᠶᠠᠨ ᠪᠠᠢᠭᠤᠯᠤᠯᠲᠠ ᠪᠣᠯᠭᠠᠨ ᠪᠠᠢᠭᠤᠯᠬᠤ ᠬᠡᠷᠡᠭᠲᠡᠢ᠃

  ᠠᠷᠪᠠᠨ ᠭᠤᠷᠪᠠᠳᠤᠭᠠᠷ ᠵᠦᠢᠯ  ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ ᠪᠣᠯ ᠨᠡᠢᠭᠡᠮ᠎ᠦᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠳᠠᠬᠢ ᠨᠠᠮ᠎ᠤᠨ ᠳᠠᠢᠴᠢᠨ ᠪᠡᠬᠢᠯᠡᠯᠲᠡ ᠮᠥᠨ᠂ ᠨᠠᠮ᠎ᠤᠨ ᠪᠦᠬᠦ ᠠᠵᠢᠯ ᠪᠠ ᠳᠠᠢᠴᠢᠨ ᠬᠦᠴᠦᠨ᠎ᠦ ᠰᠠᠭᠤᠷᠢ ᠮᠥᠨ᠃ ᠦᠨᠳᠦᠰᠦᠨ ᠱᠠᠲᠤ᠎ᠶᠢ ᠶᠡᠬᠡ᠎ᠪᠡᠷ ᠠᠳᠭᠤᠬᠤ ᠢᠯᠡ ᠲᠣᠳᠤ ᠤᠳᠤᠷᠢᠳᠤᠮᠵᠢ᠎ᠶᠢ ᠪᠠᠷᠢᠮᠲᠠᠯᠠᠵᠤ᠂ ᠵᠣᠬᠢᠶᠠᠨ ᠪᠠᠢᠭᠤᠯᠬᠤ ᠬᠦᠴᠦᠨ᠎ᠢ ᠴᠢᠩᠭᠠᠳᠭᠠᠬᠤ᠎ᠪᠠᠷ ᠭᠣᠤᠯᠳᠠᠯᠭ᠎ᠠ ᠪᠣᠯᠭᠠᠵᠤ᠂ ᠠᠵᠤ ᠠᠬᠤᠢᠯᠠᠯ᠂ ᠬᠥᠳᠡᠭᠡ ᠲᠣᠰᠬᠣᠨ᠂ ᠪᠠᠢᠭᠤᠯᠭ᠎ᠠ᠂ ᠰᠤᠷᠭᠠᠭᠤᠯᠢ᠂ ᠡᠮᠨᠡᠯᠭᠡ᠎ᠶᠢᠨ ᠬᠣᠷᠢᠶ᠎ᠠ᠂ ᠱᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠵᠡᠭᠡᠯᠢ ᠭᠤᠳᠤᠮᠵᠢ ᠨᠡᠢᠭᠡᠮ ᠲᠣᠭᠣᠷᠢᠭ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠲᠠ᠎ᠶᠢ ᠶᠡᠬᠡ᠎ᠪᠡᠷ ᠴᠢᠩᠭᠠᠳᠬᠠᠵᠤ᠂ ᠵᠣᠬᠢᠶᠠᠨ ᠪᠠᠢᠭᠤᠯᠤᠯᠲᠠ᠎ᠶᠢᠨ ᠲᠣᠬᠢᠷᠠᠭᠤᠯᠤᠯᠲᠠ ᠪᠠ ᠠᠵᠢᠯᠯᠠᠭ᠎ᠠ᠎ᠶᠢᠨ ᠬᠡᠯᠪᠡᠷᠢ᠎ᠶᠢᠨ ᠱᠢᠨ᠎ᠡ᠎ᠶᠢ ᠡᠭᠦᠳᠬᠦ᠎ᠶᠢ ᠠᠬᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠥᠷᠦ᠎ᠶᠢᠨ ᠴᠢᠳᠠᠮᠵᠢ᠎ᠶᠢ ᠴᠢᠩᠭᠠᠳᠬᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠠᠭᠠᠭᠤᠯᠤᠭᠴᠢ᠎ᠶᠢ ᠱᠢᠯᠢᠳᠡᠭ᠎ᠢ ᠰᠣᠩᠭᠤᠨ ᠬᠦᠴᠦᠷᠬᠡᠭ᠎ᠢ ᠲᠣᠬᠢᠷᠠᠭᠤᠯᠵᠤ᠂ ᠡᠯ᠎ᠡ ᠬᠦᠷᠢᠶ᠎ᠡ ᠴᠠᠷᠠᠭ᠎ᠠ᠎ᠶᠢᠨ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢ ᠨᠠᠮ᠎ᠤᠨ ᠵᠣᠷᠢᠯᠲᠠ᠎ᠶᠢ ᠤᠬᠠᠭᠤᠯᠬᠤ᠂ ᠨᠠᠮ᠎ᠤᠨ ᠲᠣᠭᠲᠠᠭᠠᠯ᠎ᠢ ᠲᠤᠭᠤᠰᠢᠯᠠᠭᠤᠯᠬᠤ᠂ ᠦᠨᠳᠦᠰᠦᠨ ᠱᠠᠲᠤᠨ᠎ᠤ ᠵᠠᠰᠠᠯᠲᠠ᠎ᠶᠢ ᠤᠳᠤᠷᠢᠳᠬᠤ᠂ ᠣᠯᠠᠨ ᠲᠦᠮᠡᠨ᠎ᠢ ᠪᠦᠯᠬᠦᠮᠳᠡᠭᠦᠯᠦᠨ ᠳᠠᠢᠴᠢᠯᠠᠬᠤ᠂ ᠥᠭᠡᠷᠡᠴᠢᠯᠡᠯᠲᠡ ᠬᠥᠭᠵᠢᠯᠲᠡ᠎ᠶᠢ ᠠᠬᠢᠭᠤᠯᠬᠤ ᠪᠠᠲᠤ ᠴᠢᠩᠭ᠎ᠠ ᠳᠠᠢᠴᠢᠨ ᠪᠡᠬᠢᠯᠡᠯᠲᠡ ᠪᠣᠯᠭᠠᠨ ᠪᠠᠢᠭᠤᠯᠬᠤ ᠬᠡᠷᠡᠭᠲᠡᠢ᠃

  ᠨᠠᠮ᠎ᠤᠨ ᠡᠭᠦᠷ ᠪᠣᠯ ᠨᠠᠮ᠎ᠤᠨ ᠰᠠᠭᠤᠷᠢ ᠵᠣᠬᠢᠶᠠᠨ ᠪᠠᠢᠭᠤᠯᠤᠯᠲᠠ ᠮᠥᠨ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯ᠎ᠢ ᠥᠷᠨᠢᠭᠦᠯᠬᠦ ᠦᠨᠳᠦᠰᠦᠨ ᠨᠢᠭᠡᠴᠢ ᠮᠥᠨ᠃ ᠨᠠᠮ᠎ᠤᠨ ᠡᠭᠦᠷ᠎ᠦᠨ ᠪᠠᠷᠢᠮᠵᠢᠶᠠᠵᠢᠭᠰᠠᠨ ᠵᠢᠷᠤᠮᠵᠢᠭᠰᠠᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠵᠤ᠂ ᠦᠨᠳᠦᠰᠦᠨ ᠠᠵᠢᠯ᠎ᠢ ᠴᠢᠩᠭᠠᠳᠬᠠᠵᠤ᠂ ᠦᠨᠳᠦᠰᠦᠨ ᠳᠦᠷᠢᠮ᠎ᠢ ᠲᠡᠭᠦᠯᠳᠡᠷᠵᠢᠭᠦᠯᠵᠦ᠂ ᠦᠨᠳᠦᠰᠦᠨ ᠴᠢᠳᠠᠪᠤᠷᠢ᠎ᠶᠢ ᠳᠡᠭᠡᠭᠰᠢᠯᠡᠭᠦᠯᠵᠦ᠂ ᠦᠨᠳᠦᠰᠦᠨ ᠪᠠᠲᠤᠯᠠᠭ᠎ᠠ᠎ᠶᠢ ᠨᠠᠢᠳᠠᠪᠤᠷᠢᠵᠢᠭᠤᠯᠵᠤ᠂ ᠨᠠᠮ᠎ᠤᠨ ᠡᠭᠦᠷ᠎ᠡᠴᠡ ᠨᠠᠮ᠎ᠤᠨ ᠭᠡᠱᠢᠭᠦᠨ᠎ᠢ ᠱᠢᠭᠤᠳ ᠬᠥᠮᠦᠵᠢᠭᠦᠯᠬᠦ᠌᠂ ᠨᠠᠮ᠎ᠤᠨ ᠭᠡᠱᠢᠭᠦᠨ᠎ᠢ ᠱᠢᠭᠤᠳ ᠬᠠᠮᠢᠶᠠᠷᠬᠤ᠂ ᠨᠠᠮ᠎ᠤᠨ ᠭᠡᠱᠢᠭᠦᠨ᠎ᠳᠦ ᠬᠢᠨᠠᠯᠲᠠ ᠲᠠᠯᠪᠢᠬᠤ ᠪᠠ ᠣᠯᠠᠨ ᠲᠦᠮᠡᠨ᠎ᠢ ᠵᠣᠬᠢᠶᠠᠨ ᠪᠠᠢᠭᠤᠯᠬᠤ᠂ ᠣᠯᠠᠨ ᠲᠦᠮᠡᠨ᠎ᠳᠦ ᠤᠬᠠᠭᠤᠯᠬᠤ᠂ ᠣᠯᠠᠨ ᠲᠦᠮᠡᠨ᠎ᠢ ᠨᠢᠭᠲᠠᠷᠠᠭᠤᠯᠬᠤ᠂ ᠣᠯᠠᠨ ᠲᠦᠮᠡᠨ᠎ᠳᠦ ᠦᠢᠯᠡᠴᠢᠯᠡᠬᠦ ᠲᠤᠱᠢᠶᠠᠯ ᠬᠠᠷᠢᠭᠤᠴᠠᠯᠭ᠎ᠠ᠎ᠶᠢᠨ ᠦᠢᠯᠡᠳᠦᠯ᠎ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ ᠨᠠᠮ᠎ᠤᠨ ᠭᠡᠱᠢᠭᠦᠨ᠎ᠦ ᠲᠣᠭ᠎ᠠ᠎ᠨᠢ ᠨᠡᠯᠢᠶᠡᠳ ᠣᠯᠠᠨ ᠪᠤᠶᠤ ᠨᠠᠮ᠎ᠤᠨ ᠭᠡᠱᠢᠭᠦᠨ᠎ᠦ ᠠᠵᠢᠯᠯᠠᠵᠤ ᠪᠠᠢᠭ᠎ᠠ ᠭᠠᠵᠠᠷ᠂ ᠰᠠᠭᠤᠵᠤ ᠪᠠᠢᠭ᠎ᠠ ᠭᠠᠵᠠᠷ᠎ᠨᠢ ᠨᠡᠯᠢᠶᠡᠳ ᠲᠠᠷᠠᠬᠠᠢ ᠪᠤᠲᠠᠷᠬᠠᠢ ᠪᠠᠢᠳᠠᠭ ᠨᠠᠮ᠎ᠤᠨ ᠡᠭᠦᠷ᠎ᠨᠢ ᠵᠣᠬᠢᠶᠠᠨ ᠪᠠᠢᠭᠤᠯᠤᠯᠲᠠ᠎ᠶᠢᠨ ᠠᠵᠢᠯᠯᠠᠭ᠎ᠠ ᠥᠷᠨᠢᠭᠦᠯᠬᠦ᠎ᠳᠦ ᠳᠥᠭᠦᠮ ᠪᠠᠢᠬᠤ ᠵᠠᠷᠴᠢᠮ ᠶᠣᠰᠤᠭᠠᠷ ᠨᠠᠮ᠎ᠤᠨ ᠳᠤᠭᠤᠢᠯᠠᠩ᠎ᠤ᠋ᠳ᠎ᠢ ᠬᠤᠪᠢᠶᠠᠬᠤ ᠬᠡᠷᠡᠭᠲᠡᠢ᠃

  ᠠᠷᠪᠠᠨ ᠳᠥᠷᠪᠡᠳᠦᠭᠡᠷ ᠵᠦᠢᠯ  ᠨᠠᠮ᠎ᠤᠨ ᠤᠳᠤᠷᠢᠳᠭᠤ ᠳᠤᠭᠤᠢᠯᠠᠩ ᠲᠤᠰ ᠨᠢᠭᠡᠴᠢ᠎ᠳ᠋ᠤ᠎ᠪᠠᠨ ᠤᠳᠤᠷᠢᠳᠭᠤ ᠦᠢᠯᠡᠳᠦᠯ ᠪᠠᠳᠠᠷᠠᠭᠤᠯᠵᠤ᠂ ᠴᠢᠭᠯᠡᠯ᠎ᠢ ᠡᠵᠡᠮᠳᠡᠬᠦ᠌᠂ ᠶᠡᠬᠡ ᠲᠠᠯ᠎ᠠ᠎ᠶᠢ ᠬᠠᠮᠢᠶᠠᠷᠬᠤ᠂ ᠨᠠᠢᠳᠠᠪᠤᠷᠢᠵᠢᠭᠤᠯᠤᠯᠲᠠ᠎ᠶᠢ ᠪᠠᠲᠤᠯᠠᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠢ᠃ ᠨᠠᠮ᠎ᠤᠨ ᠤᠳᠤᠷᠢᠳᠭᠤ ᠳᠤᠭᠤᠢᠯᠠᠩ᠎ᠤᠨ ᠠᠵᠢᠯ᠎ᠤᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠠᠵᠢᠯ᠎ᠤᠨ ᠳᠦᠷᠢᠮ ᠪᠠ ᠱᠢᠢᠳᠪᠦᠷᠢᠲᠦ ᠪᠣᠳᠤᠯᠭ᠎ᠠ ᠲᠣᠭᠲᠠᠭᠠᠬᠤ ᠲᠣᠭᠲᠠᠴᠠ᠎ᠶᠢ ᠪᠦᠷᠢᠨᠰᠢᠭᠦᠯᠦᠨ᠂ ᠨᠠᠮ᠎ᠤᠨ ᠪᠠᠢᠭᠤᠯᠤᠯᠲᠠ᠎ᠶᠢᠨ ᠠᠵᠢᠯ᠎ᠢ ᠲᠤᠬᠠᠢᠯᠠᠭᠰᠠᠨ ᠠᠵᠢᠯ᠎ᠲᠠᠢ ᠬᠠᠮᠲᠤ᠎ᠳᠤᠨᠢ ᠲᠥᠰᠦᠪᠯᠡᠬᠦ᠌᠂ ᠬᠠᠮᠲᠤ᠎ᠳᠤᠨᠢ ᠪᠠᠢᠷᠢᠯᠠᠭᠤᠯᠬᠤ᠂ ᠬᠠᠮᠲᠤ᠎ᠳᠤᠨᠢ ᠠᠬᠢᠭᠤᠯᠬᠤ᠂ ᠬᠠᠮᠲᠤ᠎ᠳᠤᠨᠢ ᠬᠢᠨᠠᠨ ᠱᠢᠯᠭᠠᠬᠤ᠎ᠶᠢ ᠪᠠᠷᠢᠮᠲᠠᠯᠠᠵᠤ᠂ ᠲᠤᠰ ᠨᠢᠭᠡᠴᠢ᠎ᠶᠢᠨ᠎ᠢᠶᠠᠨ ᠤᠳᠤᠷᠢᠳᠭᠤ ᠪᠠᠭ᠎ᠤᠨ ᠬᠠᠤᠯᠢ ᠶᠣᠰᠤᠭᠠᠷ ᠳᠦᠷᠢᠮ ᠶᠣᠰᠤᠭᠠᠷ ᠨᠠᠮ᠎ᠤᠨ ᠤᠳᠤᠷᠢᠳᠭᠤ ᠳᠤᠭᠤᠢᠯᠠᠩ᠎ᠤᠨ ᠱᠢᠢᠳᠪᠦᠷᠢᠲᠦ ᠪᠣᠳᠤᠯᠭ᠎ᠠ᠎ᠶᠢ ᠴᠠᠭ ᠲᠤᠬᠠᠢ᠎ᠳᠤᠨᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠬᠤ᠎ᠶᠢ ᠱᠠᠯᠠᠪᠳᠠᠭᠤᠯᠤᠨ ᠠᠬᠢᠭᠤᠯᠵᠤ᠂ ᠨᠠᠮ᠎ᠤᠨ ᠣᠨᠤᠯ ᠪᠠ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠲᠤᠰ ᠨᠢᠭᠡᠴᠢ᠎ᠳ᠋ᠤ᠎ᠪᠠᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶᠢ ᠦᠨᠡᠨ᠎ᠬᠦ ᠪᠠᠲᠤᠯᠠᠬᠤ ᠬᠡᠷᠡᠭᠲᠡᠢ᠃

  ᠠᠷᠪᠠᠨ ᠲᠠᠪᠤᠳᠤᠭᠠᠷ ᠵᠦᠢᠯ  ᠢᠲᠡᠭᠡᠯ ᠵᠣᠷᠢᠭ᠎ᠨᠢ ᠪᠠᠲᠤ ᠴᠢᠩᠭ᠎ᠠ᠂ ᠤᠯᠤᠰ ᠲᠥᠷᠦ᠎ᠶᠢᠨ ᠲᠠᠯ᠎ᠠ᠎ᠪᠠᠷ ᠨᠠᠢᠳᠠᠪᠤᠷᠢᠲᠠᠢ᠂ ᠪᠦᠲᠦᠴᠡ᠎ᠨᠢ ᠵᠦᠢ ᠵᠣᠬᠢᠰᠲᠠᠢ᠂ ᠬᠡᠪ ᠪᠣᠯᠪᠠᠰᠤᠷᠠᠯ᠎ᠨᠢ ᠱᠢᠯᠢᠳᠡᠭ ᠰᠠᠢᠨ᠂ ᠰᠠᠬᠢᠯᠭ᠎ᠠ ᠪᠠᠲᠤ᠎ᠨᠢ ᠴᠢᠩᠭ᠎ᠠ᠂ ᠦᠢᠯᠡᠳᠦᠯ᠎ᠨᠢ ᠳᠣᠪᠤᠢᠮ᠎ᠠ ᠨᠠᠮ᠎ᠤᠨ ᠭᠡᠱᠢᠭᠦᠨ᠎ᠦ ᠡᠩᠨᠡᠭᠡ᠎ᠶᠢ ᠪᠠᠢᠭᠤᠯᠬᠤ᠎ᠶᠢᠨ ᠲᠣᠭᠤᠷᠢᠨ᠎ᠳ᠋ᠤ᠌᠂ ᠨᠠᠮ᠎ᠤᠨ ᠭᠡᠱᠢᠭᠦᠨ᠎ᠢ ᠬᠥᠮᠦᠵᠢᠭᠦᠯᠬᠦ ᠪᠠ ᠨᠠᠮ᠎ᠤᠨ ᠭᠡᠱᠢᠭᠦᠨ᠎ᠦ ᠬᠥᠮᠦᠵᠢᠯ᠂ ᠬᠠᠮᠢᠶᠠᠷᠤᠯᠲᠠ᠂ ᠬᠢᠨᠠᠯᠲᠠ᠂ ᠦᠢᠯᠡᠴᠢᠯᠡᠭᠡᠨ᠎ᠦ ᠠᠵᠢᠯ᠎ᠢ ᠰᠠᠢᠲᠤᠷ ᠬᠢᠬᠦ ᠬᠡᠷᠡᠭᠲᠡᠢ᠃

  ᠨᠠᠮ᠎ᠤᠨ ᠭᠡᠱᠢᠭᠦᠨ᠎ᠢ ᠬᠥᠮᠦᠵᠢᠭᠦᠯᠬᠦ᠎ᠳ᠋ᠤ᠎ᠪᠠᠨ ᠶᠡᠷᠦᠩᠬᠡᠢ ᠲᠣᠭ᠎ᠠ᠎ᠶᠢ ᠬᠢᠵᠠᠭᠠᠷᠯᠠᠬᠤ᠂ ᠪᠦᠲᠦᠴᠡ᠎ᠶᠢ ᠰᠢᠯᠢᠳᠡᠭᠵᠢᠭᠦᠯᠬᠦ᠌᠂ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠌᠂ ᠦᠢᠯᠡᠳᠦᠯ᠎ᠢ ᠪᠠᠳᠠᠷᠠᠭᠤᠯᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠤᠯᠤᠰ ᠲᠥᠷᠦ᠎ᠶᠢᠨ ᠪᠠᠷᠢᠮᠵᠢᠶ᠎ᠠ᠎ᠶᠢ ᠲᠡᠷᠢᠭᠦᠨ᠎ᠳᠦ ᠲᠠᠯᠪᠢᠵᠤ᠂ ᠳᠡᠰ ᠳᠠᠷᠠᠭᠠᠯᠠᠯ᠎ᠢ ᠴᠢᠩᠳᠠᠯᠠᠨ᠂ ᠪᠣᠭᠤᠮᠲᠠ᠎ᠶᠢ ᠴᠢᠩᠭ᠎ᠠ ᠰᠠᠬᠢᠵᠤ᠂ ᠱᠢᠨ᠎ᠡ᠎ᠪᠡᠷ ᠬᠥᠮᠦᠵᠢᠭᠦᠯᠦᠭᠰᠡᠨ ᠨᠠᠮ᠎ᠤᠨ ᠭᠡᠱᠢᠭᠦᠨ᠎ᠦ ᠴᠢᠨᠠᠷ ᠴᠢᠨᠰᠠᠭ᠎ᠠ᠎ᠶᠢ ᠪᠠᠲᠤᠯᠠᠬᠤ ᠬᠡᠷᠡᠭᠲᠡᠢ᠃ ᠨᠠᠮ᠎ᠳᠤ ᠣᠷᠤᠬᠤ ᠢᠳᠡᠪᠬᠢᠲᠡᠨ᠎ᠦ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠬᠥᠮᠦᠵᠢᠭᠦᠯᠵᠦ ᠪᠠᠢᠭ᠎ᠠ ᠡᠲᠡᠭᠡᠳ᠂ ᠪᠡᠯᠡᠳᠬᠡᠯ ᠨᠠᠮ᠎ᠤᠨ ᠭᠡᠱᠢᠭᠦᠨ᠎ᠢ ᠬᠥᠮᠦᠵᠢᠭᠦᠯᠬᠦ᠎ᠶᠢ ᠴᠢᠩᠭᠠᠳᠭᠠᠬᠤ ᠬᠡᠷᠡᠭᠲᠡᠢ᠃

  ᠨᠠᠮ᠎ᠤᠨ ᠭᠡᠱᠢᠭᠦᠨ᠎ᠦ ᠬᠥᠮᠦᠵᠢᠯ᠎ᠳᠦ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠬᠤ᠎ᠶᠢ ᠲᠡᠷᠢᠭᠦᠨ ᠴᠢᠬᠤᠯᠠ ᠤᠯᠤᠰ ᠲᠥᠷᠦ᠎ᠶᠢᠨ ᠡᠭᠦᠷᠭᠡ ᠪᠣᠯᠭᠠᠵᠤ᠂ ᠨᠠᠮ᠎ᠤᠨ ᠳᠣᠲᠤᠭᠠᠳᠤ᠎ᠶᠢᠨ ᠲᠥᠪᠯᠡᠷᠡᠩᠭᠦᠢ ᠬᠥᠮᠦᠵᠢᠯ ᠪᠠ ᠨᠠᠮ᠎ᠤᠨ ᠭᠡᠱᠢᠭᠦᠨ᠎ᠦ ᠪᠠᠢᠩᠭᠤ᠎ᠶᠢᠨ ᠴᠢᠨᠠᠷᠲᠠᠢ ᠬᠥᠮᠦᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠂ ᠵᠣᠬᠢᠶᠠᠨ ᠪᠠᠢᠭᠤᠯᠤᠯᠲᠠ᠎ᠶᠢᠨ ᠪᠣᠯᠪᠠᠰᠤᠷᠠᠯ ᠬᠦᠷᠲᠡᠭᠡᠬᠦ ᠪᠠ ᠬᠤᠪᠢ ᠬᠥᠮᠦᠨ᠎ᠦ ᠥᠪᠡᠷ᠎ᠢᠶᠠᠨ ᠰᠤᠷᠤᠯᠴᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠨ᠂ ᠨᠠᠮ᠎ᠤᠨ ᠭᠡᠱᠢᠭᠦᠳ᠎ᠦᠨ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠴᠥᠬᠦᠷᠡᠱᠢ᠎ᠦᠭᠡᠢ ᠲᠡᠮᠡᠴᠡᠬᠦ᠎ᠶᠢ ᠬᠥᠲᠦᠯᠦᠨ ᠵᠢᠯᠤᠭᠤᠳᠭᠤ ᠬᠡᠷᠡᠭᠲᠡᠢ᠃

  ᠨᠠᠮ᠎ᠤᠨ ᠭᠡᠱᠢᠭᠦᠨ᠎ᠦ ᠬᠠᠮᠢᠶᠠᠷᠤᠯᠲᠠ᠎ᠳᠤ ᠨᠠᠮ᠎ᠤᠨ ᠬᠠᠷᠢᠶ᠎ᠠ᠎ᠶᠢᠨ ᠬᠠᠮᠢᠶᠠᠷᠤᠯᠲᠠ᠂ ᠵᠣᠬᠢᠶᠠᠨ ᠪᠠᠢᠭᠤᠯᠤᠯᠲᠠ᠎ᠶᠢᠨ ᠬᠠᠷᠢᠴᠠᠭᠠᠨ᠎ᠤ ᠬᠠᠮᠢᠶᠠᠷᠤᠯᠲᠠ᠂ ᠨᠠᠮ᠎ᠤᠨ ᠰᠦᠢᠳᠬᠡᠯ ᠬᠤᠷᠢᠶᠠᠵᠤ ᠬᠡᠷᠡᠭᠯᠡᠬᠦ ᠬᠠᠮᠢᠶᠠᠷᠤᠯᠲᠠ᠂ ᠡᠳᠦᠷ ᠲᠤᠲᠤᠮ᠎ᠤᠨ ᠬᠢᠨᠠᠯᠲᠠ᠂ ᠵᠣᠬᠢᠶᠠᠨ ᠪᠠᠢᠭᠤᠯᠤᠯᠲᠠ᠎ᠶᠢᠨ ᠱᠢᠢᠳᠪᠦᠷᠢᠯᠡᠯᠲᠡ ᠵᠡᠷᠭᠡ ᠠᠵᠢᠯ᠎ᠢ ᠴᠢᠩᠭ᠎ᠠ ᠰᠠᠢᠲᠤᠷ ᠬᠢᠵᠦ᠂ ᠨᠡᠭᠦᠳᠡᠯ ᠨᠠᠮ᠎ᠤᠨ ᠭᠡᠱᠢᠭᠦᠨ᠎ᠦ ᠬᠠᠮᠢᠶᠠᠷᠤᠯᠲᠠ᠎ᠶᠢ ᠴᠢᠩᠭᠠᠳᠭᠠᠨ ᠰᠠᠢᠵᠢᠷᠠᠭᠤᠯᠬᠤ ᠬᠡᠷᠡᠭᠲᠡᠢ᠃ ᠠᠳᠠᠯᠢ ᠪᠤᠰᠤ ᠬᠥᠮᠦᠰ᠎ᠦᠨ ᠨᠠᠮ᠎ᠤᠨ ᠭᠡᠱᠢᠭᠦᠨ᠎ᠦ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠨᠠᠮ᠎ᠤᠨ ᠭᠡᠱᠢᠭᠦᠨ᠎ᠦ ᠬᠣᠱᠢᠭᠤᠴᠢ ᠵᠢᠱᠢᠶᠡᠴᠢ ᠦᠢᠯᠡᠳᠦᠯ᠎ᠢᠶᠠᠨ ᠭᠦᠢᠴᠡᠳ ᠪᠠᠳᠠᠷᠠᠭᠤᠯᠬᠤ᠎ᠶᠢ ᠵᠣᠬᠢᠶᠠᠨ ᠪᠠᠢᠭᠤᠯᠵᠤ ᠬᠥᠲᠦᠯᠦᠨ ᠵᠢᠯᠤᠭᠤᠳᠭᠤ ᠬᠡᠷᠡᠭᠲᠡᠢ᠃

  ᠨᠠᠮ᠎ᠤᠨ ᠳᠣᠲᠤᠭᠠᠳᠤ᠎ᠶᠢᠨ ᠤᠷᠮᠠᠱᠢᠭᠤᠯᠤᠨ ᠬᠠᠯᠠᠮᠵᠢᠯᠠᠵᠤ ᠬᠠᠪᠰᠤᠷᠤᠨ ᠲᠡᠳᠭᠦᠬᠦ᠎ᠶᠢ ᠴᠢᠩᠭᠠᠳᠬᠠᠵᠤ᠂ ᠨᠠᠮ᠎ᠤᠨ ᠭᠡᠱᠢᠭᠦᠨ᠎ᠦ ᠠᠷᠠᠳᠴᠢᠯᠠᠯ᠎ᠤᠨ ᠡᠷᠬᠡ᠎ᠶᠢ ᠪᠠᠲᠤᠯᠠᠵᠤ᠂ ᠨᠠᠮ᠎ᠤᠨ ᠳᠣᠲᠤᠭᠠᠳᠤ᠎ᠳᠤ ᠬᠥᠬᠢᠭᠦᠯᠵᠦ ᠰᠠᠢᠱᠢᠶᠠᠬᠤ ᠠᠵᠢᠯᠯᠠᠭ᠎ᠠ ᠥᠷᠨᠢᠭᠦᠯᠵᠦ᠂ ᠨᠠᠮ᠎ᠤᠨ ᠭᠡᠱᠢᠭᠦᠳ᠎ᠢ ᠬᠠᠯᠠᠮᠵᠢᠯᠠᠨ ᠬᠠᠢᠷᠠᠯᠠᠬᠤ ᠪᠠ ᠨᠠᠮ᠎ᠤᠨ ᠭᠡᠱᠢᠭᠦᠳ᠎ᠲᠦ ᠦᠢᠯᠡᠴᠢᠯᠡᠬᠦ ᠠᠵᠢᠯ᠎ᠢ ᠰᠠᠢᠲᠤᠷ ᠬᠢᠬᠦ ᠬᠡᠷᠡᠭᠲᠡᠢ᠃

  ᠠᠷᠪᠠᠨ ᠵᠢᠷᠭᠤᠳᠤᠭᠠᠷ ᠵᠦᠢᠯ  ᠠᠷᠠᠳᠴᠢᠯᠠᠯ ᠲᠥᠪᠯᠡᠷᠡᠯ᠎ᠦᠨ ᠶᠣᠰᠤ᠎ᠶᠢ ᠪᠠᠷᠢᠮᠲᠠᠯᠠᠵᠤ᠂ ᠨᠠᠮ᠎ᠤᠨ ᠳᠣᠲᠤᠭᠠᠳᠤ᠎ᠶᠢᠨ ᠠᠷᠠᠳᠴᠢᠯᠠᠯ᠎ᠢ ᠬᠥᠭᠵᠢᠭᠦᠯᠬᠦ ᠪᠠ ᠲᠥᠪᠯᠡᠷᠡᠯ᠎ᠢ ᠵᠥᠪ ᠬᠡᠷᠡᠭᠵᠢᠭᠦᠯᠬᠦ ᠬᠣᠯᠪᠤᠭᠳᠠᠯ ᠪᠦᠬᠦᠢ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃ ᠨᠠᠮ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠳᠦᠷᠢᠮ᠎ᠢ ᠪᠠᠷᠢᠮᠲᠠᠯᠠᠵᠤ᠂ ᠨᠠᠮ᠎ᠤᠨ ᠳᠣᠲᠤᠭᠠᠳᠤ᠎ᠶᠢᠨ ᠰᠣᠩᠭᠤᠭᠤᠯᠢ᠎ᠶᠢᠨ ᠳᠦᠷᠢᠮ᠎ᠢ ᠲᠡᠭᠦᠯᠳᠡᠷᠵᠢᠭᠦᠯᠵᠦ᠂ ᠨᠠᠮ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠦᠭᠡᠯᠡᠭᠴᠢ᠎ᠶᠢᠨ ᠲᠤᠱᠢᠶᠠᠯ᠎ᠤᠨ ᠬᠤᠭᠤᠴᠠᠭᠠᠨ᠎ᠤ ᠳᠦᠷᠢᠮ ᠪᠠ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠲᠤᠱᠢᠶᠠᠯ᠎ᠤᠨ ᠬᠤᠭᠤᠴᠠᠭ᠎ᠠ ᠵᠡᠷᠭᠡ ᠳᠦᠷᠢᠮ᠎ᠢ ᠨᠠᠢᠳᠠᠪᠤᠷᠢᠵᠢᠭᠤᠯᠬᠤ ᠬᠡᠷᠡᠭᠲᠡᠢ᠃ ᠵᠣᠬᠢᠶᠠᠨ ᠪᠠᠢᠭᠤᠯᠤᠯᠲᠠ᠎ᠶᠢᠨ ᠲᠣᠬᠢᠷᠠᠭᠤᠯᠤᠯᠲᠠ᠂ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠂ ᠵᠣᠬᠢᠶᠠᠨ ᠪᠠᠢᠭᠤᠯᠤᠯᠲᠠ᠎ᠶᠢᠨ ᠠᠵᠢᠯᠯᠠᠭᠠᠨ᠂ ᠵᠣᠬᠢᠶᠠᠨ ᠪᠠᠢᠭᠤᠯᠤᠯᠲᠠ᠎ᠶᠢᠨ ᠬᠠᠮᠢᠶᠠᠷᠤᠯᠲᠠ᠂ ᠵᠣᠬᠢᠶᠠᠨ ᠪᠠᠢᠭᠤᠯᠤᠯᠲᠠ᠎ᠶᠢᠨ ᠬᠢᠨᠠᠯᠲᠠ ᠵᠡᠷᠭᠡ᠎ᠶᠢ ᠪᠠᠭᠲᠠᠭᠠᠭᠰᠠᠨ ᠪᠦᠷᠢᠨ ᠪᠦᠲᠦᠨ ᠵᠣᠬᠢᠶᠠᠨ ᠪᠠᠢᠭᠤᠯᠬᠤ ᠳᠦᠷᠢᠮ᠎ᠦᠨ ᠱᠢᠰᠲᠧᠮ᠎ᠢ ᠪᠠᠢᠭᠤᠯᠤᠨ ᠲᠡᠭᠦᠯᠳᠡᠷᠵᠢᠭᠦᠯᠵᠦ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ)᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃

  ᠠᠷᠪᠠᠨ ᠳᠣᠯᠤᠳᠤᠭᠠᠷ ᠵᠦᠢᠯ  《ᠱᠢᠨ᠎ᠡ ᠪᠠᠢᠳᠠᠯ ᠳᠣᠤᠷᠠᠬᠢ ᠨᠠᠮ᠎ᠤᠨ ᠳᠣᠲᠤᠭᠠᠳᠤ᠎ᠶᠢᠨ ᠤᠯᠤᠰ ᠲᠥᠷᠦ᠎ᠶᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》᠎ᠢ ᠴᠢᠩᠭ᠎ᠠ ᠬᠡᠷᠡᠭᠵᠢᠭᠦᠯᠵᠦ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠎ᠤᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ 《ᠭᠤᠷᠪᠠᠨ ᠬᠤᠷᠠᠯ ᠨᠢᠭᠡ ᠬᠢᠴᠢᠶᠡᠯ》᠂ ᠭᠣᠤᠯ ᠰᠡᠳᠦᠪᠲᠦ ᠨᠠᠮ᠎ᠤᠨ ᠡᠳᠦᠷ᠂ ᠰᠡᠳᠬᠢᠯ᠎ᠦᠨ ᠦᠭᠡ᠎ᠪᠡᠨ ᠶᠠᠷᠢᠯᠴᠠᠬᠤ᠂ ᠠᠷᠠᠳᠴᠢᠯᠠᠯ᠎ᠢᠶᠠᠷ ᠨᠠᠮ᠎ᠤᠨ ᠭᠡᠱᠢᠭᠦᠨ᠎ᠢ ᠦᠨᠡᠯᠡᠬᠦ ᠵᠡᠷᠭᠡ ᠳᠦᠷᠢᠮ᠎ᠢ ᠪᠦᠷᠢᠨᠰᠢᠭᠦᠯᠵᠤ᠂ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠳᠠᠪᠬᠤᠷ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠳᠦᠷᠢᠮ᠎ᠢ ᠨᠠᠢᠳᠠᠪᠤᠷᠢᠵᠢᠭᠤᠯᠵᠤ᠂ ᠨᠠᠮ᠎ᠤᠨ ᠳᠣᠲᠤᠭᠠᠳᠤ᠎ᠶᠢᠨ ᠥᠭᠡᠳᠡᠷᠬᠡᠭ ᠡᠷᠡᠭᠦᠯ ᠤᠯᠤᠰ ᠲᠥᠷᠦ᠎ᠶᠢᠨ ᠰᠣᠶᠤᠯ᠎ᠢ ᠬᠥᠭᠵᠢᠭᠦᠯᠵᠦ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠪᠠᠢᠩᠭᠤ᠂ ᠬᠢᠨᠠᠮᠠᠭᠠᠢ᠂ ᠲᠥᠪ ᠴᠢᠩᠭ᠎ᠠ ᠪᠠᠢᠬᠤ᠎ᠶᠢ ᠪᠠᠲᠤᠯᠠᠵᠤ᠂ ᠤᠯᠤᠰ ᠲᠥᠷᠦ᠎ᠶᠢᠨ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠳᠠᠢᠴᠢᠨ ᠴᠢᠨᠠᠷ᠎ᠢ ᠲᠠᠰᠤᠷᠠᠯᠲᠠ᠎ᠦᠭᠡᠢ ᠴᠢᠩᠭᠠᠳᠬᠠᠵᠤ᠂ ᠨᠠᠮ᠎ᠤᠨ ᠥᠪᠡᠷ᠎ᠢ᠋᠎ᠪᠡᠨ ᠴᠡᠪᠡᠷᠰᠢᠭᠦᠯᠬᠦ᠌᠂ ᠥᠪᠡᠷ᠎ᠢ᠋᠎ᠪᠡᠨ ᠲᠡᠭᠦᠯᠳᠡᠷᠵᠢᠭᠦᠯᠬᠦ᠌᠂ ᠥᠪᠡᠷ᠎ᠢ᠋᠎ᠪᠡᠨ ᠰᠢᠨᠡᠴᠢᠯᠡᠬᠦ᠌᠂ ᠥᠪᠡᠷ᠎ᠢ᠋᠎ᠪᠡᠨ ᠳᠡᠭᠡᠭᠱᠢᠯᠡᠭᠦᠯᠬᠦ ᠴᠢᠳᠠᠪᠤᠷᠢ᠎ᠶᠢ ᠲᠠᠰᠤᠷᠠᠯᠲᠠ᠎ᠦᠭᠡᠢ ᠴᠢᠩᠭᠠᠳᠭᠠᠬᠤ ᠬᠡᠷᠡᠭᠲᠡᠢ᠃

  ᠠᠷᠪᠠᠨ ᠨᠠᠢ᠍ᠮᠠᠳᠤᠭᠠᠷ ᠵᠦᠢᠯ  ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠪᠦᠬᠦ ᠨᠠᠮ᠎ᠤᠨ ᠭᠡᠱᠢᠭᠦᠨ ᠡᠷᠬᠡᠪᠱᠢ ᠶᠡᠷᠦᠩᠬᠡᠢ ᠱᠦᠵᠢ ᠰᠢ᠎ᠵᠢᠨ ᠫᠢᠩ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭᠴᠢ᠂ ᠪᠦᠬᠦ ᠨᠠᠮ᠎ᠤᠨ ᠭᠣᠤᠯᠯᠠᠭᠴᠢ᠎ᠶᠢᠨ ᠪᠠᠢᠷᠢ ᠰᠠᠭᠤᠷᠢ᠎ᠶᠢ ᠡᠷᠡᠰ ᠬᠠᠮᠠᠭᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂ ᠨᠠᠮ᠎ᠤᠨ ᠭᠡᠱᠢᠭᠦᠨ ᠬᠤᠪᠢ ᠬᠥᠮᠦᠨ ᠨᠠᠮ᠎ᠤᠨ ᠵᠣᠬᠢᠶᠠᠨ ᠪᠠᠢᠭᠤᠯᠤᠯᠲᠠ᠎ᠶᠢ ᠳᠠᠭᠠᠬᠤ᠂ ᠴᠥᠭᠡᠩᠬᠢ᠎ᠨᠢ ᠣᠯᠠᠩᠬᠢ᠎ᠪᠠᠨ ᠳᠠᠭᠠᠬᠤ᠂ ᠳᠣᠤᠷᠠᠲᠤ ᠱᠠᠲᠤᠨ᠎ᠤ ᠵᠣᠬᠢᠶᠠᠨ ᠪᠠᠢᠭᠤᠯᠤᠯᠲᠠ᠎ᠨᠢ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠪᠠᠨ ᠳᠠᠭᠠᠬᠤ᠂ ᠪᠦᠬᠦ ᠨᠠᠮ᠎ᠤᠨ ᠡᠯ᠎ᠡ ᠵᠣᠬᠢᠶᠠᠨ ᠪᠠᠢᠭᠤᠯᠤᠯᠲᠠ ᠪᠣᠯᠤᠨ ᠪᠦᠬᠦ ᠨᠠᠮ᠎ᠤᠨ ᠭᠡᠱᠢᠭᠦᠨ᠎ᠨᠢ ᠨᠠᠮ᠎ᠤᠨ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ ᠪᠣᠯᠤᠨ ᠲᠥᠪ ᠬᠣᠷᠢᠶ᠎ᠠ᠎ᠶᠢ ᠳᠠᠭᠠᠬᠤ᠎ᠶᠢ ᠪᠠᠷᠢᠮᠲᠠᠯᠠᠬᠤ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢᠯᠳᠤᠬᠤ ᠪᠣᠳᠤᠯᠭ᠎ᠠ᠎ᠶᠢᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠤᠨ᠂ ᠵᠣᠬᠢᠶᠠᠨ ᠪᠠᠢᠭᠤᠯᠤᠯᠲᠠ᠎ᠶᠢᠨ ᠰᠠᠬᠢᠯᠭ᠎ᠠ ᠪᠠᠲᠤ᠎ᠶᠢᠨ ᠡᠯ᠎ᠡ ᠵᠦᠢᠯ᠎ᠦᠨ ᠱᠠᠭᠠᠷᠳᠠᠯᠭ᠎ᠠ᠎ᠶᠢ ᠲᠠᠰᠤᠷᠠᠯᠲᠠ᠎ᠦᠭᠡᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ᠎ᠶᠢᠨ ᠬᠥᠮᠦᠵᠢᠯ᠎ᠢ ᠭᠦᠨᠵᠡᠭᠡᠢ ᠥᠷᠨᠢᠭᠦᠯᠦᠨ᠂ ᠵᠣᠬᠢᠶᠠᠨ ᠪᠠᠢᠭᠤᠯᠤᠯᠲᠠ᠎ᠶᠢᠨ ᠰᠠᠬᠢᠯᠭ᠎ᠠ ᠪᠠᠲᠤ᠎ᠶᠢ ᠬᠡᠷᠡᠭᠵᠢᠭᠦᠯᠵᠦ ᠪᠠᠢᠭ᠎ᠠ ᠪᠠᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠶᠢ ᠴᠢᠩᠭᠠᠳᠬᠠᠵᠤ᠂ ᠵᠣᠬᠢᠶᠠᠨ ᠪᠠᠢᠭᠤᠯᠤᠯᠲᠠ᠎ᠶᠢᠨ ᠰᠠᠬᠢᠯᠭ᠎ᠠ ᠪᠠᠲᠤ᠎ᠶᠢ ᠵᠥᠷᠢᠴᠡᠭᠰᠡᠨ ᠦᠢᠯᠡ ᠠᠵᠢᠯᠯᠠᠭ᠎ᠠ᠎ᠶᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠰᠠᠬᠢᠯᠭ᠎ᠠ ᠪᠠᠲᠤ᠎ᠶᠢᠨ ᠡᠷᠬᠡ ᠰᠦᠷᠲᠦ ᠴᠢᠨᠠᠷ ᠪᠠ ᠬᠦᠯᠢᠶᠡᠰᠦᠯᠡᠬᠦ ᠬᠦᠴᠦᠨ᠎ᠢ ᠳᠡᠭᠡᠭᠰᠢᠯᠡᠭᠦᠯᠦᠨ᠂ ᠵᠠᠷᠯᠢᠭ ᠪᠠᠢᠪᠠᠰᠤ ᠡᠷᠬᠡᠪᠱᠢ ᠬᠡᠷᠡᠭᠵᠢᠭᠦᠯᠬᠦ᠌᠂ ᠴᠠᠭᠠᠵᠠ ᠪᠠᠢᠪᠠᠰᠤ ᠵᠠᠪᠠᠯ ᠵᠢᠷᠤᠮᠯᠠᠬᠤ᠂ ᠰᠠᠬᠢᠯᠭ᠎ᠠ ᠪᠠᠲᠤ᠎ᠶᠢ ᠵᠠᠪᠠᠯ ᠴᠢᠩᠭ᠎ᠠ ᠬᠡᠷᠡᠭᠵᠢᠭᠦᠯᠬᠦ᠌᠂ ᠰᠠᠬᠢᠯᠭ᠎ᠠ ᠪᠠᠲᠤ᠎ᠶᠢ ᠵᠥᠷᠢᠴᠡᠪᠡᠯ ᠵᠠᠪᠠᠯ ᠨᠡᠬᠡᠮᠵᠢᠯᠡᠬᠦ᠎ᠶᠢ ᠪᠡᠶᠡᠯᠡᠭᠦᠯᠬᠦ ᠬᠡᠷᠡᠭᠲᠡᠢ᠃

 

    ᠳᠥᠷᠪᠡᠳᠦᠭᠡᠷ ᠪᠦᠯᠦᠭ   ᠺᠠᠳ᠋ᠷ᠎ᠤᠨ ᠠᠵᠢᠯ

 

  ᠠᠷᠪᠠ ᠶᠢᠰᠦᠳᠦᠭᠡᠷ ᠵᠦᠢᠯ  ᠨᠠᠮ᠎ᠠᠴᠠ ᠺᠠᠳ᠋ᠷ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠮᠣᠷᠠᠯ ᠴᠢᠳᠠᠪᠤᠷᠢ᠎ᠶᠢ ᠬᠣᠣᠰᠯᠠᠭᠤᠯᠬᠤ᠂ ᠮᠣᠷᠠᠯ᠎ᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠬᠠᠮᠢᠭ᠎ᠠ᠎ᠠᠴᠠ ᠢᠷᠡᠭᠰᠡᠨ᠎ᠴᠦ ᠬᠠᠮᠢᠶ᠎ᠠ᠎ᠦᠭᠡᠢ ᠡᠷᠳᠡᠮᠲᠡᠨ ᠴᠢᠳᠠᠪᠤᠷᠢᠲᠠᠨ᠎ᠢ ᠬᠡᠷᠡᠭᠯᠡᠬᠦ᠎ᠶᠢ ᠪᠠᠷᠢᠮᠲᠠᠯᠠᠵᠤ᠂ ᠰᠠᠢᠨ ᠺᠠᠳ᠋ᠷ᠎ᠤᠨ ᠪᠠᠷᠢᠮᠵᠢᠶ᠎ᠠ᠎ᠶᠢ ᠪᠠᠷᠢᠮᠲᠠᠯᠠᠵᠤ᠂ ᠬᠥᠮᠦᠨ᠎ᠢ ᠬᠡᠷᠡᠭᠯᠡᠬᠦ ᠵᠥᠪ ᠤᠳᠤᠷᠢᠳᠤᠮᠵᠢ᠎ᠶᠢ ᠪᠠᠷᠢᠮᠲᠠᠯᠠᠵᠤ᠂ ᠺᠠᠳ᠋ᠷ᠎ᠤᠨ ᠬᠡᠪ ᠪᠣᠯᠪᠠᠰᠤᠷᠠᠯ᠎ᠢ ᠬᠥᠮᠦᠵᠢᠭᠦᠯᠬᠦ᠌᠂ ᠪᠠᠢᠳᠠᠯ᠎ᠢ ᠣᠢᠯᠠᠭᠠᠵᠤ ᠬᠥᠮᠦᠨ᠎ᠢ ᠲᠠᠨᠢᠬᠤ᠂ ᠰᠣᠩᠭᠤᠨ ᠳᠡᠪᠱᠢᠭᠦᠯᠵᠦ ᠬᠡᠷᠡᠭᠯᠡᠬᠦ᠌᠂ ᠴᠢᠩᠭ᠎ᠠ ᠬᠠᠮᠢᠶᠠᠷᠬᠤ᠂ ᠵᠥᠪ᠎ᠢᠶᠠᠷ ᠤᠷᠮᠠᠱᠢᠭᠤᠯᠬᠤ ᠱᠢᠰᠲᠧᠮ᠎ᠦᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠤᠳᠤᠷᠢᠳᠭᠤ ᠪᠠᠭ ᠪᠠ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠨᠠᠮ ᠵᠠᠰᠠᠭ᠎ᠤᠨ ᠪᠠᠢᠭᠤᠯᠭ᠎ᠠ᠂ ᠠᠷᠠᠳ᠎ᠤᠨ ᠪᠦᠯᠬᠦᠮ᠂ ᠤᠯᠤᠰ᠎ᠤᠨ ᠥᠮᠴᠢᠯᠡᠯᠲᠦ ᠠᠵᠤ ᠠᠬᠤᠢᠯᠠᠯ ᠪᠠ ᠠᠵᠢᠯ ᠦᠢᠯᠡᠰ᠎ᠦᠨ ᠨᠢᠭᠡᠴᠢ᠎ᠶᠢᠨ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ᠎ᠲᠡᠢ ᠥᠨᠳᠦᠷ ᠬᠡᠪ ᠪᠣᠯᠪᠠᠰᠤᠷᠠᠯ᠎ᠲᠠᠢ ᠲᠤᠰᠭᠠᠢᠵᠢᠭᠰᠠᠨ ᠺᠠᠳ᠋ᠷ᠎ᠤᠨ ᠡᠩᠨᠡᠭᠡ᠎ᠶᠢ ᠬᠦᠴᠦᠯᠡᠨ ᠪᠠᠢᠭᠤᠯᠬᠤ ᠬᠡᠷᠡᠭᠲᠡᠢ᠃

  ᠬᠣᠷᠢᠳᠤᠭᠠᠷ ᠵᠦᠢᠯ  ᠺᠠᠳ᠋ᠷ᠎ᠤᠨ ᠠᠵᠢᠯ᠎ᠳᠤ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠤᠷ᠎ᠠ ᠱᠠᠲᠤ ᠬᠤᠪᠢᠶᠠᠨ ᠲᠥᠷᠦᠯ ᠬᠤᠪᠢᠶᠠᠨ ᠬᠠᠮᠢᠶᠠᠷᠬᠤ ᠪᠠᠢᠭᠤᠯᠤᠮᠵᠢ᠎ᠶᠢ ᠬᠡᠷᠡᠭᠵᠢᠭᠦᠯᠦᠨ᠎ᠡ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠴᠢ ᠲᠡᠭᠦᠨ᠎ᠦ ᠵᠣᠬᠢᠶᠠᠨ ᠪᠠᠢᠭᠤᠯᠬᠤ ᠰᠠᠯᠠᠭ᠎ᠠ ᠮᠥᠴᠢᠷ ᠺᠠᠳ᠋ᠷ᠎ᠤᠨ ᠠᠵᠢᠯ᠎ᠤᠨ ᠨᠢᠭᠡᠳᠦᠯᠲᠡᠢ ᠬᠠᠮᠢᠶᠠᠷᠤᠯᠲᠠ᠎ᠶᠢ ᠴᠢᠩᠭᠠᠳᠭᠠᠬᠤ ᠬᠡᠷᠡᠭᠲᠡᠢ᠃ ᠠᠵᠢᠯ ᠶᠠᠪᠤᠳᠠᠯ᠎ᠤᠨ ᠡᠷᠬᠡ᠎ᠶᠢᠨ ᠬᠤᠪᠢᠶᠠᠷᠢᠯᠠᠯ᠂ ᠠᠵᠢᠯ ᠲᠥᠷᠦᠯ᠎ᠦᠨ ᠬᠦᠷᠢᠶ᠎ᠡ ᠴᠠᠷᠠᠭᠠᠨ᠎ᠤ ᠱᠢᠨᠵᠢ ᠴᠢᠨᠠᠷ᠎ᠤᠨ ᠣᠨᠴᠠᠯᠢᠭ᠂ ᠪᠠᠢᠭᠤᠯᠤᠮᠵᠢ᠎ᠶᠢᠨ ᠲᠣᠬᠢᠷᠠᠭᠤᠯᠤᠯᠲᠠ ᠪᠠ ᠲᠤᠬᠠᠢᠯᠠᠭᠰᠠᠨ ᠠᠵᠢᠯ᠎ᠤᠨ ᠬᠠᠮᠢᠶᠠᠷᠤᠯᠲᠠ᠎ᠶᠢᠨ ᠪᠠᠢᠭᠤᠯᠤᠮᠵᠢ ᠵᠢᠴᠢ ᠡᠩᠨᠡᠭᠡᠨ᠎ᠦ ᠪᠠᠢᠭᠤᠯᠤᠯᠲᠠ᠎ᠶᠢᠨ ᠬᠡᠷᠡᠭᠴᠡᠭᠡ᠎ᠶᠢ ᠦᠨᠳᠦᠰᠦᠯᠡᠨ᠂ ᠺᠠᠳ᠋ᠷ᠎ᠤᠨ ᠬᠠᠮᠢᠶᠠᠷᠤᠯᠲᠠ᠎ᠶᠢᠨ ᠲᠤᠱᠢᠶᠠᠯ ᠬᠠᠷᠢᠭᠤᠴᠠᠯᠭ᠎ᠠ᠂ ᠬᠦᠷᠢᠶ᠎ᠡ ᠬᠡᠪᠴᠢᠶ᠎ᠡ᠂ ᠡᠷᠬᠡ᠎ᠶᠢᠨ ᠬᠡᠪᠴᠢᠶ᠎ᠡ᠂ ᠬᠡᠯᠪᠡᠷᠢ ᠪᠠ ᠳᠠᠷᠠᠭᠠᠯᠠᠯ᠎ᠢ ᠵᠦᠢ ᠵᠣᠬᠢᠰᠲᠠᠢ ᠲᠣᠭᠲᠠᠭᠠᠵᠤ᠂ ᠺᠠᠳ᠋ᠷ᠎ᠤᠨ ᠳᠠᠪᠬᠤᠷ ᠬᠠᠮᠢᠶᠠᠷᠤᠯᠲᠠ᠎ᠶᠢᠨ ᠠᠵᠢᠯ᠎ᠢ ᠰᠠᠢᠲᠤᠷ ᠬᠢᠬᠦ ᠬᠡᠷᠡᠭᠲᠡᠢ᠃

  ᠬᠣᠷᠢᠨ ᠨᠢᠭᠡᠳᠦᠭᠡᠷ ᠵᠦᠢᠯ  ᠤᠳᠤᠷᠢᠳᠭᠤ ᠪᠠᠭ᠎ᠤᠨ ᠪᠠᠢᠭᠤᠯᠤᠯᠲᠠ᠎ᠨᠢ ᠡᠷᠬᠡᠪᠱᠢ ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠎ᠶᠢ ᠲᠡᠷᠢᠭᠦᠨ᠎ᠳᠦ ᠲᠠᠯᠪᠢᠵᠤ᠂ ᠥᠨᠳᠦᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ᠎ᠶᠢ ᠪᠠᠷᠢᠮᠲᠠᠯᠠᠵᠤ᠂ ᠨᠢᠭᠡᠳᠦᠯᠲᠡᠢ ᠲᠥᠯᠦᠪᠵᠢᠭᠦᠯᠦᠨ ᠪᠦᠬᠦᠯᠢ ᠴᠣᠭᠴᠠ᠎ᠪᠠᠷ ᠠᠬᠢᠭᠤᠯᠬᠤ᠎ᠶᠢ ᠪᠠᠷᠢᠮᠲᠠᠯᠠᠵᠤ᠂ ᠲᠥᠷᠦᠯ ᠬᠤᠪᠢᠶᠠᠨ ᠵᠢᠯᠣᠭᠣᠳᠴᠤ᠂ ᠣᠨᠢᠨ ᠳᠡᠭᠡᠷ᠎ᠡ᠎ᠨᠢ ᠠᠷᠭ᠎ᠠ ᠪᠣᠳᠤᠯᠭ᠎ᠠ ᠬᠡᠷᠡᠭᠵᠢᠭᠦᠯᠬᠦ᠎ᠶᠢ ᠪᠠᠷᠢᠮᠲᠠᠯᠠᠵᠤ᠂ ᠠᠷᠠᠳᠴᠢᠯᠠᠯ ᠲᠥᠪᠯᠡᠷᠡᠯ᠎ᠦᠨ ᠶᠣᠰᠤ᠎ᠶᠢ ᠴᠢᠩᠭ᠎ᠠ ᠬᠡᠷᠡᠭᠵᠢᠭᠦᠯᠵᠦ᠂ ᠣᠨᠤᠯ᠎ᠢᠶᠠᠷ ᠵᠡᠪᠰᠡᠭᠯᠡᠬᠦ᠎ᠶᠢ ᠭᠦᠨᠵᠡᠭᠡᠢᠷᠡᠭᠦᠯᠵᠦ᠂ ᠪᠠᠭ᠎ᠤᠨ ᠪᠦᠲᠦᠴᠡ᠎ᠶᠢ ᠰᠢᠯᠢᠳᠡᠭᠵᠢᠭᠦᠯᠵᠦ᠂ ᠪᠦᠬᠦᠯᠢ ᠴᠣᠭᠴᠠ᠎ᠶᠢᠨ ᠴᠢᠳᠠᠮᠵᠢ᠎ᠶᠢ ᠴᠢᠩᠭᠠᠷᠠᠭᠤᠯᠵᠤ᠂ ᠪᠠᠭ᠎ᠤᠨ ᠲᠣᠭᠲᠠᠭᠤᠨ᠎ᠢ ᠪᠠᠲᠤᠯᠠᠵᠤ᠂ ᠤᠯᠤᠰ ᠲᠥᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠦ᠎ᠶᠢᠨ ᠣᠢᠯᠠᠭᠠᠬᠤ ᠴᠢᠳᠠᠪᠤᠷᠢ᠂ ᠤᠯᠤᠰ ᠲᠥᠷᠦ᠎ᠶᠢᠨ ᠭᠦᠢᠴᠡᠳᠬᠡᠬᠦ ᠬᠦᠴᠦᠨ᠎ᠢᠶᠠᠨ ᠴᠢᠩᠭᠠᠷᠠᠭᠤᠯᠵᠤ᠂ ᠴᠢᠷᠮᠠᠢᠵᠤ ᠪᠠᠢᠭᠠᠳ ᠡᠯ᠎ᠡ ᠱᠠᠲᠤᠨ᠎ᠤ ᠤᠳᠤᠷᠢᠳᠭᠤ ᠪᠠᠭ᠎ᠢ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠦᠨᠡᠨᠴᠢ᠎ᠪᠡᠷ ᠦᠢᠯᠡᠳᠦᠯᠭᠡᠵᠢᠭᠦᠯᠬᠦ᠌᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠠᠲᠤ ᠴᠢᠩᠭ᠎ᠠ ᠤᠳᠤᠷᠢᠳᠭᠤ ᠬᠠᠮᠲᠤ ᠪᠣᠯᠭᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃

  ᠬᠣᠷᠢᠨ ᠬᠣᠶᠠᠳᠤᠭᠠᠷ ᠵᠦᠢᠯ  ᠡᠬᠢᠨ᠎ᠡᠴᠡ᠎ᠨᠢ ᠬᠥᠮᠦᠵᠢᠭᠦᠯᠬᠦ᠌᠂ ᠮᠥᠷᠳᠡᠨ ᠬᠥᠮᠦᠵᠢᠭᠦᠯᠬᠦ᠌᠂ ᠪᠦᠬᠦ ᠶᠠᠪᠤᠴᠠ᠎ᠳᠤ ᠬᠥᠮᠦᠵᠢᠭᠦᠯᠬᠦ ᠬᠡᠪ ᠪᠣᠯᠪᠠᠰᠤᠷᠠᠯ᠎ᠤᠨ ᠱᠢᠰᠲᠧᠮ᠎ᠢ ᠪᠠᠢᠭᠤᠯᠤᠨ ᠪᠦᠷᠢᠨᠰᠢᠭᠦᠯᠵᠦ᠂ ᠤᠯᠤᠰ ᠲᠥᠷᠦ᠎ᠶᠢᠨ ᠬᠡᠪ ᠪᠣᠯᠪᠠᠰᠤᠷᠠᠯ᠎ᠢ ᠳᠣᠪᠣᠢᠯᠭᠠᠨ᠂ ᠲᠥᠷᠦᠯ ᠬᠤᠪᠢᠶᠠᠨ ᠳᠡᠰ ᠬᠤᠪᠢᠶᠠᠬᠤ᠎ᠶᠢ ᠴᠢᠬᠤᠯᠠᠴᠢᠯᠠᠵᠤ᠂ ᠦᠵᠡᠯ ᠰᠠᠨᠠᠭᠠᠨ᠎ᠤ ᠳᠠᠪᠲᠠᠯᠲᠠ᠂ ᠤᠯᠤᠰ ᠲᠥᠷᠦ᠎ᠶᠢᠨ ᠳᠠᠪᠲᠠᠯᠲᠠ᠂ ᠦᠢᠯᠡᠳᠦᠯᠭᠡ᠎ᠶᠢᠨ ᠳᠠᠪᠲᠠᠯᠲᠠ᠂ ᠲᠤᠰᠭᠠᠢ ᠮᠡᠷᠭᠡᠵᠢᠯ᠎ᠦᠨ ᠪᠣᠯᠪᠠᠰᠤᠷᠠᠯ᠎ᠢ ᠴᠢᠩᠭᠠᠳᠬᠠᠨ᠂ ᠦᠵᠡᠯ ᠰᠠᠨᠠᠭ᠎ᠠ ᠣᠨᠤᠯ᠎ᠢᠶᠠᠷ ᠵᠡᠪᠰᠡᠭᠯᠡᠬᠦ᠌᠂ ᠬᠦᠰᠡᠯᠡᠩ ᠢᠲᠡᠭᠡᠯ ᠵᠣᠷᠢᠭ᠎ᠤᠨ ᠬᠥᠮᠦᠵᠢᠯ᠂ ᠮᠡᠳᠡᠯᠭᠡ᠎ᠶᠢᠨ ᠪᠦᠲᠦᠴᠡ᠎ᠶᠢᠨ ᠰᠠᠢᠵᠢᠷᠠᠯᠲᠠ᠂ ᠴᠢᠳᠠᠪᠤᠷᠢ᠎ᠶᠢᠨ ᠬᠡᠪ ᠪᠣᠯᠪᠠᠰᠤᠷᠠᠯ᠎ᠤᠨ ᠳᠡᠭᠡᠭᠱᠢᠯᠡᠯᠲᠡ᠎ᠶᠢ ᠺᠠᠳ᠋ᠷ᠎ᠤᠨ ᠦᠰᠦᠨ ᠪᠣᠢᠵᠢᠯᠲᠠ᠎ᠶᠢᠨ ᠪᠦᠬᠦ ᠶᠠᠪᠤᠴᠠ᠎ᠳᠤ ᠲᠤᠭᠤᠱᠢᠯᠠᠭᠤᠯᠬᠤ ᠬᠡᠷᠡᠭᠲᠡᠢ᠃ ᠦᠨᠳᠦᠰᠦᠨ ᠱᠠᠲᠤᠨ᠎ᠤ ᠡᠮᠦᠨ᠎ᠡ ᠹᠷᠤᠨᠲ ᠪᠣᠯᠤᠨ ᠬᠦᠴᠢᠷ ᠪᠡᠷᠬᠡᠱᠢᠶᠡᠯ᠎ᠲᠡᠢ ᠭᠠᠵᠠᠷ ᠣᠷᠤᠨ᠎ᠳᠤ ᠺᠠᠳ᠋ᠷ᠎ᠢ ᠬᠥᠮᠦᠵᠢᠭᠦᠯᠦᠨ ᠪᠣᠯᠪᠠᠰᠤᠷᠠᠭᠤᠯᠬᠤ᠎ᠶᠢ ᠴᠢᠬᠤᠯᠠᠴᠢᠯᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠶᠢ᠎ᠨᠢ ᠴᠢᠩᠭᠠᠳᠬᠠᠵᠤ᠂ ᠵᠠᠰᠠᠯᠲᠠ᠎ᠶᠢᠨ ᠴᠢᠳᠠᠪᠤᠷᠢ᠎ᠶᠢ᠎ᠨᠢ ᠳᠡᠭᠡᠭᠰᠢᠯᠡᠭᠦᠯᠵᠦ᠂ ᠥᠷᠭᠡᠨ ᠣᠯᠠᠨ ᠺᠠᠳ᠋ᠷ᠎ᠤᠨ ᠤᠯᠤᠰ ᠲᠥᠷᠦ᠎ᠶᠢᠨ ᠬᠡᠪ ᠪᠣᠯᠪᠠᠰᠤᠷᠠᠯ᠂ ᠣᠨᠤᠯ᠎ᠤᠨ ᠲᠦᠪᠰᠢᠨ᠂ ᠲᠤᠰᠭᠠᠢ ᠮᠡᠷᠭᠡᠵᠢᠯ᠎ᠦᠨ ᠲᠦᠪᠰᠢᠨ᠂ ᠦᠢᠯᠡᠳᠦᠯᠭᠡ᠎ᠶᠢᠨ ᠴᠢᠳᠠᠪᠤᠷᠢ᠎ᠶᠢ ᠴᠠᠭ ᠦᠶ᠎ᠡ᠎ᠶᠢᠨ ᠬᠥᠭᠵᠢᠯᠲᠡ᠎ᠶᠢᠨ ᠠᠯᠬᠤᠭ᠎ᠠ᠎ᠶᠢ ᠳᠠᠭᠠᠵᠤ ᠠᠮᠵᠢᠭᠤᠯᠬᠤ ᠬᠡᠷᠡᠭᠲᠡᠢ᠃

  ᠬᠣᠷᠢᠨ ᠭᠤᠷᠪᠠᠳᠤᠭᠠᠷ ᠵᠦᠢᠯ  ᠡᠳᠦᠷ ᠲᠤᠲᠤᠮ᠎ᠤᠨ ᠬᠢᠨᠠᠨ ᠰᠢᠯᠭᠠᠬᠤ᠂ ᠲᠥᠷᠦᠯ ᠬᠤᠪᠢᠶᠠᠵᠤ ᠬᠢᠨᠠᠨ ᠰᠢᠯᠭᠠᠬᠤ᠂ ᠣᠢᠷ᠎ᠠ ᠵᠠᠢ᠎ᠠᠴᠠ ᠬᠢᠨᠠᠨ ᠱᠢᠯᠭᠠᠬᠤ ᠶᠠᠪᠤᠳᠠᠯ᠎ᠢ ᠮᠡᠳᠡᠵᠦ ᠬᠥᠮᠦᠨ᠎ᠢ ᠲᠠᠨᠢᠬᠤ ᠱᠢᠰᠲᠧᠮ᠎ᠢ ᠪᠠᠢᠭᠤᠯᠤᠨ ᠪᠦᠷᠢᠨᠰᠢᠭᠦᠯᠵᠦ᠂ ᠱᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠤᠨ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠵᠥᠪ ᠦᠵᠡᠯᠲᠡ᠎ᠶᠢ ᠪᠠᠷᠢᠮᠲᠠᠯᠠᠵᠤ᠂ ᠱᠢᠯᠢᠳᠡᠭ ᠪᠠ ᠮᠠᠭᠤ᠎ᠶᠢ ᠢᠯᠭᠠᠬᠤ᠂ ᠱᠢᠯᠢᠳᠡᠭ᠎ᠢ᠎ᠨᠢ ᠱᠠᠩᠨᠠᠵᠤ ᠮᠠᠭᠤ᠎ᠶᠢ᠎ᠨᠢ ᠲᠣᠷᠭᠠᠬᠤ᠂ ᠬᠠᠷᠢᠭᠤᠴᠠᠯᠭ᠎ᠠ ᠡᠭᠦᠷᠭᠡᠯᠡᠬᠦ᠎ᠶᠢ ᠤᠷᠮᠠᠰᠢᠭᠤᠯᠬᠤ᠂ ᠬᠥᠭᠵᠢᠯᠲᠡ᠎ᠶᠢ ᠠᠬᠢᠭᠤᠯᠬᠤ᠎ᠪᠠᠷ ᠦᠨᠳᠦᠰᠦᠨ ᠡᠭᠦᠷᠭᠡ᠎ᠪᠡᠨ ᠪᠣᠯᠭᠠᠵᠤ᠂ ᠬᠢᠨᠠᠨ ᠱᠢᠯᠭᠠᠬᠤ ᠠᠭᠤᠯᠭ᠎ᠠ ᠪᠠ ᠬᠢᠨᠠᠨ ᠱᠢᠯᠭᠠᠬᠤ ᠭᠦᠢᠴᠡᠳᠬᠡᠬᠦ ᠲᠣᠭ᠎ᠠ᠎ᠶᠢᠨ ᠱᠢᠰᠲᠧᠮ᠎ᠢ ᠰᠢᠯᠢᠳᠡᠭᠵᠢᠭᠦᠯᠦᠨ᠂ ᠬᠢᠨᠠᠨ ᠱᠢᠯᠭᠠᠬᠤ ᠬᠡᠯᠪᠡᠷᠢ ᠪᠠ ᠠᠷᠭ᠎ᠠ᠎ᠶᠢ ᠲᠡᠭᠦᠯᠳᠡᠷᠵᠢᠭᠦᠯᠵᠦ᠂ ᠡᠩ᠎ᠦᠨ ᠦᠶ᠎ᠡ᠎ᠶᠢᠨ ᠬᠢᠨᠠᠨ ᠰᠢᠯᠭᠠᠬᠤ᠂ ᠣᠨ᠎ᠤ ᠬᠢᠨᠠᠨ ᠰᠢᠯᠭᠠᠬᠤ᠂ ᠲᠤᠰᠭᠠᠢ ᠵᠦᠢᠯ᠎ᠦᠨ ᠬᠢᠨᠠᠨ ᠰᠢᠯᠭᠠᠬᠤ᠂ ᠲᠤᠱᠢᠶᠠᠯ᠎ᠤᠨ ᠬᠤᠭᠤᠴᠠᠭᠠᠨ᠎ᠤ ᠬᠢᠨᠠᠨ ᠱᠢᠯᠭᠠᠬᠤ᠎ᠶᠢ ᠨᠢᠭᠡᠳᠦᠯᠲᠡᠢ ᠲᠥᠯᠦᠪᠵᠢᠭᠦᠯᠦᠨ ᠥᠷᠨᠢᠭᠦᠯᠵᠦ᠂ ᠺᠠᠳ᠋ᠷ᠎ᠢ ᠪᠦᠬᠦ ᠲᠠᠯ᠎ᠠ᠎ᠪᠠᠷ᠂ ᠣᠯᠠᠨ ᠠᠷᠭ᠎ᠠ ᠵᠠᠮ᠎ᠢᠶᠠᠷ ᠣᠢᠯᠠᠭᠠᠵᠤ᠂ ᠺᠠᠳ᠋ᠷ᠎ᠤᠨ ᠴᠢᠬᠤᠯᠠ ᠶᠡᠬᠡ ᠡᠭᠦᠷᠭᠡ᠂ ᠴᠢᠬᠤᠯᠠ ᠶᠡᠬᠡ ᠲᠡᠮᠡᠴᠡᠯ᠎ᠦᠨ ᠨᠢᠭᠡᠳᠦᠭᠡᠷ ᠹᠷᠤᠨᠲ᠎ᠲᠡᠬᠢ ᠢᠯᠡᠷᠡᠯ᠎ᠢ ᠠᠩᠬᠠᠷᠤᠨ ᠡᠵᠡᠮᠱᠢᠬᠦ ᠬᠡᠷᠡᠭᠲᠡᠢ᠃ ᠬᠢᠨᠠᠨ ᠱᠢᠯᠭᠠᠭᠰᠠᠨ ᠦᠷ᠎ᠡ ᠳ᠋ᠦᠩ᠎ᠢ ᠬᠡᠷᠡᠭᠯᠡᠬᠦ᠎ᠶᠢ ᠴᠢᠩᠭᠠᠳᠬᠠᠵᠤ᠂ ᠬᠢᠨᠠᠨ ᠱᠢᠯᠭᠠᠭᠰᠠᠨ ᠦᠷ᠎ᠡ ᠳ᠋ᠦᠩ᠎ᠢ ᠺᠠᠳ᠋ᠷ᠎ᠢ ᠰᠣᠩᠭᠤᠨ ᠳᠡᠪᠱᠢᠭᠦᠯᠵᠦ ᠬᠡᠷᠡᠭᠯᠡᠬᠦ᠌᠂ ᠬᠥᠮᠦᠵᠢᠭᠦᠯᠬᠦ᠌᠂ ᠬᠠᠮᠢᠶᠠᠷᠴᠤ ᠬᠢᠨᠠᠯᠲᠠ ᠲᠠᠯᠪᠢᠬᠤ᠂ ᠤᠷᠮᠠᠱᠢᠭᠤᠯᠵᠤ ᠬᠦᠯᠢᠶᠡᠰᠦᠯᠡᠬᠦ᠂ ᠬᠠᠷᠢᠭᠤᠴᠠᠯᠭ᠎ᠠ ᠲᠤᠯᠭᠠᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ᠎ᠯᠦᠭᠡ ᠤᠶᠠᠯᠳᠤᠭᠤᠯᠵᠤ᠂ ᠰᠠᠢᠨ᠎ᠨᠢ ᠳᠠᠪᠰᠢᠵᠤ᠂ ᠱᠢᠯᠢᠳᠡᠭ᠎ᠨᠢ ᠱᠠᠩᠨᠠᠭᠳᠠᠵᠤ᠂ ᠶᠡᠷᠦᠮᠳᠡᠭ᠎ᠨᠢ ᠪᠠᠭᠤᠵᠤ᠂ ᠠᠳᠠᠭ᠎ᠨᠢ ᠱᠢᠭᠱᠢᠭᠳᠡᠬᠦ ᠵᠥᠪ ᠤᠳᠤᠷᠢᠳᠤᠮᠵᠢ᠎ᠶᠢ ᠪᠦᠷᠢᠯᠳᠦᠭᠦᠯᠬᠦ᠎ᠶᠢ ᠠᠬᠢᠭᠤᠯᠬᠤ ᠬᠡᠷᠡᠭᠲᠡᠢ᠃

  ᠬᠣᠷᠢᠨ ᠳᠥᠷᠪᠡᠳᠦᠭᠡᠷ ᠵᠦᠢᠯ  ᠮᠣᠷᠠᠯ᠎ᠢ ᠲᠡᠷᠢᠭᠦᠨ᠎ᠳᠦ ᠲᠠᠯᠪᠢᠬᠤ᠂ ᠡᠷᠳᠡᠮᠲᠡᠨ ᠴᠢᠳᠠᠪᠤᠷᠢᠲᠠᠨ᠎ᠢ ᠬᠡᠷᠡᠭᠯᠡᠬᠦ᠌᠂ ᠵᠣᠬᠢᠰᠲᠠᠢ ᠬᠥᠮᠦᠨ᠎ᠢ ᠵᠣᠬᠢᠰᠲᠠᠢ ᠪᠠᠢᠷᠢ᠎ᠳᠤ ᠲᠣᠮᠢᠯᠠᠬᠤ ᠰᠣᠩᠭᠤᠨ ᠳᠡᠪᠱᠢᠭᠦᠯᠵᠦ ᠬᠡᠷᠡᠭᠯᠡᠬᠦ ᠱᠢᠰᠲᠧᠮ᠎ᠢ ᠪᠠᠢᠭᠤᠯᠤᠨ ᠪᠦᠷᠢᠨᠰᠢᠭᠦᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠭᠤ ᠪᠠ ᠪᠣᠭᠤᠮᠲᠠ᠎ᠶᠢ ᠰᠠᠬᠢᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠤᠰ ᠲᠥᠷᠦ᠎ᠶᠢᠨ ᠪᠠᠷᠢᠮᠵᠢᠶ᠎ᠠ᠎ᠶᠢ ᠲᠡᠷᠢᠭᠦᠨ᠎ᠳᠦ ᠲᠠᠯᠪᠢᠵᠤ᠂ ᠤᠯᠤᠰ ᠲᠥᠷᠦ᠎ᠶᠢᠨ ᠪᠣᠭᠣᠮᠲᠠ᠂ ᠵᠠᠩ ᠰᠤᠷᠲᠠᠯ᠎ᠤᠨ ᠪᠣᠭᠣᠮᠲᠠ᠂ ᠴᠢᠳᠠᠪᠤᠷᠢ᠎ᠶᠢᠨ ᠪᠣᠭᠣᠮᠲᠠ᠂ ᠰᠤᠷᠲᠠᠯ᠎ᠤᠨ ᠪᠣᠭᠣᠮᠲᠠ᠂ ᠠᠷᠢᠭᠤᠨ ᠴᠢᠬᠡᠴᠢ᠎ᠶᠢᠨ ᠪᠣᠭᠤᠮᠲᠠ᠎ᠶᠢ ᠴᠢᠩᠭ᠎ᠠ ᠰᠠᠬᠢᠵᠤ᠂ ᠺᠠᠳ᠋ᠷ᠎ᠢ ᠰᠣᠩᠭᠤᠨ ᠳᠡᠪᠱᠢᠭᠦᠯᠵᠦ ᠬᠡᠷᠡᠭᠯᠡᠬᠦ ᠵᠠᠷᠴᠢᠮ᠂ ᠨᠥᠬᠥᠴᠡᠯ᠂ ᠳᠡᠰ ᠳᠠᠷᠠᠭᠠᠯᠠᠯ᠎ᠢ ᠴᠢᠩᠭ᠎ᠠ ᠨᠠᠢᠳᠠᠪᠤᠷᠢᠵᠢᠭᠤᠯᠵᠤ᠂ ᠺᠠᠳ᠋ᠷ᠎ᠤᠨ ᠲᠤᠱᠢᠶᠠᠯ᠎ᠤᠨ ᠬᠤᠭᠤᠴᠠᠭ᠎ᠠ᠂ ᠲᠤᠱᠢᠶᠠᠯ᠎ᠳᠤ ᠲᠣᠮᠢᠯᠠᠬᠤ᠎ᠳᠤ ᠣᠨᠴᠠᠭᠠᠢ ᠬᠠᠷᠢᠴᠠᠭ᠎ᠠ᠎ᠠᠴᠠ ᠵᠠᠢᠯᠠᠭᠤᠯᠬᠤ ᠵᠡᠷᠭᠡ ᠳᠦᠷᠢᠮ᠎ᠢ ᠴᠢᠩᠭ᠎ᠠ ᠬᠡᠷᠡᠭᠵᠢᠭᠦᠯᠵᠦ᠂ ᠦᠨᠳᠦᠰᠦᠨ ᠱᠠᠲᠤ᠎ᠶᠢ ᠴᠢᠬᠤᠯᠠᠴᠢᠯᠠᠬᠤ᠂ ᠦᠢᠯᠡᠳᠦᠯᠭᠡ᠎ᠶᠢ ᠴᠢᠬᠤᠯᠠᠴᠢᠯᠠᠬᠤ᠂ ᠡᠭᠦᠷᠭᠡᠯᠡᠯ᠎ᠢ ᠡᠷᠬᠢᠮᠯᠡᠨ ᠡᠭᠦᠷᠭᠡᠯᠡᠯ᠎ᠢ ᠴᠢᠬᠤᠯᠠᠴᠢᠯᠠᠬᠤ ᠬᠥᠮᠦᠨ ᠬᠡᠷᠡᠭᠯᠡᠬᠦ ᠤᠳᠤᠷᠢᠳᠤᠮᠵᠢ᠎ᠶᠢ ᠪᠣᠢ ᠪᠣᠯᠭᠠᠵᠤ᠂ ᠺᠠᠳ᠋ᠷ᠎ᠢ ᠬᠢᠨᠠᠨ ᠪᠠᠢᠴᠠᠭᠠᠬᠤ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠦ᠂ ᠨᠠᠷᠢᠨ ᠣᠨᠤᠴᠠᠲᠠᠢ ᠱᠢᠨᠵᠢᠯᠡᠬᠦ ᠤᠬᠠᠭᠠᠨᠴᠢ᠎ᠪᠠᠷ ᠬᠥᠮᠦᠨ ᠰᠣᠩᠭᠤᠵᠤ ᠬᠥᠮᠦᠨ ᠬᠡᠷᠡᠭᠯᠡᠵᠦ᠂ ᠨᠠᠮ ᠪᠠ ᠠᠷᠠᠳ ᠲᠦᠮᠡᠨ᠎ᠳᠦ ᠬᠡᠷᠡᠭᠴᠡᠭᠡ᠎ᠲᠡᠢ ᠰᠠᠢᠨ ᠺᠠᠳ᠋ᠷ᠎ᠢ ᠦᠨᠡᠨ᠎ᠬᠦ ᠰᠣᠩᠭᠤᠨ ᠬᠡᠷᠡᠭᠯᠡᠬᠦ ᠬᠡᠷᠡᠭᠲᠡᠢ᠃ ᠺᠠᠳ᠋ᠷ᠎ᠢ ᠰᠣᠩᠭᠤᠨ ᠳᠡᠪᠱᠢᠭᠦᠯᠵᠦ ᠬᠡᠷᠡᠭᠯᠡᠬᠦ ᠠᠵᠢᠯ᠎ᠤᠨ ᠪᠦᠬᠦ ᠶᠠᠪᠤᠴᠠ᠎ᠳᠤ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠰᠤᠷᠲᠠᠯ ᠴᠢᠬᠡᠴᠢ ᠣᠪᠤᠷ ᠲᠥᠪ ᠬᠥᠮᠦᠨ ᠰᠣᠩᠭᠤᠵᠤ ᠬᠥᠮᠦᠨ ᠬᠡᠷᠡᠭᠯᠡᠬᠦ ᠣᠷᠴᠢᠨ ᠨᠥᠬᠦᠴᠡᠯ᠎ᠢ ᠪᠣᠢ ᠪᠣᠯᠭᠠᠬᠤ ᠬᠡᠷᠡᠭᠲᠡᠢ᠃

  ᠬᠥᠮᠦᠨ ᠰᠣᠩᠭᠤᠵᠤ ᠬᠥᠮᠦᠨ ᠬᠡᠷᠡᠭᠯᠡᠬᠦ ᠬᠠᠷᠠᠭᠠᠰᠤ᠎ᠶᠢ ᠥᠷᠭᠡᠳᠬᠡᠵᠦ᠂ ᠣᠷᠤᠨ ᠨᠤᠲᠤᠭ ᠬᠢᠭᠡᠳ ᠰᠠᠯᠠᠭ᠎ᠠ ᠮᠥᠴᠢᠷ᠎ᠦᠨ ᠬᠣᠭᠣᠷᠣᠨᠳᠣᠬᠢ᠂ ᠭᠠᠵᠠᠷ ᠣᠷᠤᠨ᠎ᠤ ᠬᠣᠭᠣᠷᠣᠨᠳᠣᠬᠢ᠂ ᠰᠠᠯᠠᠭ᠎ᠠ ᠮᠥᠴᠢᠷ᠎ᠦᠨ ᠬᠣᠭᠣᠷᠣᠨᠳᠣᠬᠢ᠂ ᠨᠠᠮ ᠵᠠᠰᠠᠭ᠎ᠤᠨ ᠪᠠᠢᠭᠤᠯᠭ᠎ᠠ ᠬᠢᠭᠡᠳ ᠤᠯᠤᠰ᠎ᠤᠨ ᠥᠮᠴᠢᠯᠡᠯᠲᠦ ᠠᠵᠤ ᠠᠬᠤᠢᠯᠠᠯ ᠪᠠ ᠠᠵᠢᠯ ᠦᠢᠯᠡᠰ᠎ᠦᠨ ᠨᠢᠭᠡᠴᠢ ᠵᠢᠴᠢ ᠪᠤᠰᠤᠳ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠬᠣᠭᠤᠷᠤᠨᠳᠤᠬᠢ ᠺᠠᠳ᠋ᠷ᠎ᠤᠨ ᠰᠣᠯᠢᠯᠴᠠᠭ᠎ᠠ᠎ᠶᠢ ᠠᠬᠢᠭᠤᠯᠵᠤ᠂ ᠲᠤᠰᠠᠯᠠᠨ ᠲᠣᠮᠢᠯᠠᠬᠤ᠂ ᠲᠦᠷ ᠴᠠᠭ ᠲᠤᠱᠢᠶᠠᠯ ᠡᠭᠦᠷᠭᠡᠯᠡᠭᠦᠯᠬᠦ ᠵᠡᠷᠭᠡ ᠬᠡᠯᠪᠡᠷᠢ᠎ᠶᠢ ᠶᠡᠷᠦᠩᠬᠡᠢᠯᠡᠨ ᠬᠡᠷᠡᠭᠯᠡᠵᠦ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠤᠯᠭ᠎ᠠ᠎ᠶᠢᠨ ᠺᠠᠳ᠋ᠷ᠎ᠢ ᠰᠣᠩᠭᠤᠨ ᠲᠣᠮᠢᠯᠠᠬᠤ᠎ᠶᠢ ᠳᠡᠮᠵᠢᠬᠦ ᠡᠷᠴᠢᠮ᠎ᠢ ᠴᠢᠩᠭᠠᠷᠠᠭᠤᠯᠬᠤ ᠬᠡᠷᠡᠭᠲᠡᠢ᠃

  ᠬᠣᠷᠢᠨ ᠲᠠᠪᠤᠳᠤᠭᠠᠷ ᠵᠦᠢᠯ  ᠦᠵᠡᠯ ᠰᠠᠨᠠᠭ᠎ᠠ᠎ᠶᠢ ᠬᠠᠮᠢᠶᠠᠷᠬᠤ᠂ ᠠᠵᠢᠯ᠎ᠢ ᠬᠠᠮᠢᠶᠠᠷᠬᠤ᠂ ᠰᠤᠷᠲᠠᠯ᠎ᠢ ᠬᠠᠮᠢᠶᠠᠷᠬᠤ᠂ ᠰᠠᠬᠢᠯᠭ᠎ᠠ ᠪᠠᠲᠤ᠎ᠶᠢ ᠬᠠᠮᠢᠶᠠᠷᠬᠤ ᠴᠢᠩᠭ᠎ᠠ ᠬᠠᠮᠢᠶᠠᠷᠤᠯᠲᠠ᠎ᠶᠢᠨ ᠱᠢᠰᠲᠧᠮ᠎ᠢ ᠪᠠᠢᠭᠤᠯᠤᠨ ᠪᠦᠷᠢᠨᠰᠢᠭᠦᠯᠵᠦ᠂ ᠤᠳᠤᠷᠢᠳᠭᠤ ᠺᠠᠳ᠋ᠷᠴᠤᠳ ᠢᠯᠠᠩᠭᠤᠶ᠎ᠠ ᠨᠠᠮ ᠵᠠᠰᠠᠭ᠎ᠤᠨ ᠵᠢᠩᠬᠢᠨᠢ ᠲᠤᠱᠢᠶᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠺᠠᠳ᠋ᠷᠴᠤᠳ᠎ᠤᠨ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠬᠦ᠌᠂ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ ᠪᠠ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ᠎ᠢ ᠵᠢᠷᠤᠮᠯᠠᠨ ᠰᠠᠬᠢᠬᠤ᠂ ᠨᠠᠮ᠎ᠤᠨ ᠱᠤᠭᠤᠮ ᠴᠢᠭᠯᠡᠯᠲᠡ ᠲᠥᠷᠦ᠎ᠶᠢᠨ ᠪᠣᠳᠤᠯᠭ᠎ᠠ᠎ᠶᠢ ᠬᠡᠷᠡᠭᠵᠢᠭᠦᠯᠬᠦ᠌᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠨᠠᠮ᠎ᠤᠨ ᠳᠣᠲᠤᠭᠠᠳᠤ᠎ᠶᠢᠨ ᠤᠯᠤᠰ ᠲᠥᠷᠦ᠎ᠶᠢᠨ ᠠᠮᠢᠳᠤᠷᠠᠯ᠎ᠤᠨ ᠪᠠᠷᠢᠮᠵᠢᠶ᠎ᠠ᠎ᠶᠢ ᠵᠢᠷᠤᠮᠯᠠᠨ ᠰᠠᠬᠢᠬᠤ ᠵᠡᠷᠭᠡ ᠪᠠᠢᠳᠠᠯ᠎ᠳᠤ ᠤᠯᠤᠰ ᠲᠥᠷᠦ᠎ᠶᠢᠨ ᠬᠢᠨᠠᠯᠲᠠ ᠲᠠᠯᠪᠢᠬᠤ᠎ᠶᠢ ᠳᠣᠪᠣᠢᠯᠭᠠᠨ᠎ᠠ᠃ ᠡᠷᠲᠡ᠎ᠡᠴᠡ ᠠᠳᠭᠤᠵᠤ ᠪᠠᠭ᠎ᠠ᠎ᠠᠴᠠ ᠠᠳᠭᠤᠵᠤ ᠪᠠᠢᠩᠭᠤ ᠠᠳᠭᠤᠬᠤ᠎ᠶᠢ ᠪᠠᠷᠢᠮᠲᠠᠯᠠᠵᠤ᠂ ᠡᠳᠦᠷ ᠲᠤᠲᠤᠮ᠎ᠤᠨ ᠬᠠᠮᠢᠶᠠᠷᠤᠯᠲᠠ ᠪᠣᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌᠂ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠢᠯᠭ᠎ᠠ ᠭᠠᠷᠭᠠᠬᠤ᠎ᠳᠤ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠥᠷᠭᠡᠨ ᠣᠯᠠᠨ ᠺᠠᠳ᠋ᠷ᠎ᠤᠨ ᠳᠦᠷᠢᠮ ᠲᠣᠭᠲᠠᠭᠠᠯ ᠶᠣᠰᠤᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠡᠷᠬᠡ᠎ᠪᠡᠨ ᠬᠡᠷᠡᠭᠵᠢᠭᠦᠯᠵᠦ᠂ ᠠᠵᠢᠯ᠎ᠢᠶᠠᠨ ᠥᠷᠨᠢᠭᠦᠯᠬᠦ᠎ᠶᠢ ᠠᠬᠢᠭᠤᠯᠬᠤ ᠬᠡᠷᠡᠭᠲᠡᠢ᠃

  ᠬᠣᠷᠢᠨ ᠵᠢᠷᠭᠤᠳᠤᠭᠠᠷ ᠵᠦᠢᠯ  ᠪᠣᠳᠠᠲᠠᠢ ᠠᠵᠢᠯᠯᠠᠬᠤ᠎ᠶᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠎ᠶᠢ ᠳᠠᠢᠴᠢᠯᠠᠬᠤ᠂ ᠡᠷᠴᠢ ᠵᠣᠷᠢᠭ᠎ᠢᠶᠠᠨ ᠬᠥᠪᠴᠢᠯᠡᠬᠦ ᠵᠥᠪ ᠲᠠᠯ᠎ᠠ᠎ᠶᠢᠨ ᠤᠷᠮᠠᠱᠢᠭᠤᠯᠤᠨ ᠵᠣᠷᠢᠭᠵᠢᠭᠤᠯᠬᠤ ᠱᠢᠰᠲᠧᠮ᠎ᠢ ᠪᠠᠢᠭᠤᠯᠤᠨ ᠪᠦᠷᠢᠨᠰᠢᠭᠦᠯᠵᠦ᠂ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶᠢ ᠤᠶᠠᠯᠳᠤᠭᠤᠯᠬᠤ᠂ ᠤᠷᠮᠠᠱᠢᠭᠤᠯᠤᠨ ᠵᠣᠷᠢᠭᠵᠢᠭᠤᠯᠬᠤ ᠪᠠ ᠬᠦᠯᠢᠶᠡᠰᠦᠯᠡᠬᠦ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ ᠵᠢᠳᠭᠦᠯ ᠴᠢᠷᠮᠠᠢᠯᠭ᠎ᠠ ᠭᠠᠷᠭᠠᠬᠤ᠎ᠳᠣ᠌᠎ᠪᠠᠨ ᠴᠢᠳᠠᠮᠠᠭᠠᠢ ᠺᠠᠳ᠋ᠷ᠎ᠢ ᠤᠷᠮᠠᠱᠢᠭᠤᠯᠤᠨ ᠬᠠᠮᠠᠭᠠᠯᠠᠬᠤ᠎ᠪᠠᠨ ᠴᠢᠩᠭᠠᠳᠬᠠᠵᠤ᠂ ᠬᠥᠮᠦᠨ ᠬᠡᠷᠡᠭᠯᠡᠬᠦ ᠵᠥᠪ ᠤᠳᠤᠷᠢᠳᠤᠮᠵᠢ᠎ᠪᠠᠷ ᠠᠵᠢᠯ ᠬᠢᠵᠦ ᠦᠢᠯᠡᠰ ᠪᠤᠰᠭᠠᠬᠤ ᠤᠳᠤᠷᠢᠳᠤᠮᠵᠢ᠎ᠶᠢ ᠬᠥᠲᠦᠯᠦᠨ ᠵᠢᠯᠣᠭᠣᠳᠤᠨ᠎ᠠ᠃ ᠬᠠᠷᠢᠭᠤᠴᠠᠯᠭ᠎ᠠ ᠲᠤᠯᠭᠠᠭᠳᠠᠭᠰᠠᠨ ᠪᠠ ᠱᠢᠢᠳᠬᠡᠯ ᠣᠯᠤᠭᠰᠠᠨ ᠺᠠᠳ᠋ᠷ᠎ᠲᠤ ᠵᠥᠪ᠎ᠢᠶᠠᠷ ᠬᠠᠨᠳᠤᠵᠤ᠂ ᠵᠦᠢ ᠵᠣᠬᠢᠰᠲᠠᠢ ᠬᠡᠷᠡᠭᠯᠡᠵᠦ᠂ ᠭᠦᠳᠬᠡᠭᠳᠡᠭᠰᠡᠨ ᠺᠠᠳ᠋ᠷ᠎ᠤᠨ ᠶᠠᠪᠤᠳᠠᠯ᠎ᠢ ᠲᠣᠳᠤᠷᠬᠠᠢᠯᠠᠵᠤ ᠨᠡᠷ᠎ᠡ ᠲᠥᠷᠦ᠎ᠶᠢ᠎ᠨᠢ ᠰᠡᠷᠭᠦᠭᠡᠵᠦ ᠦᠭᠬᠦ ᠳᠦᠷᠢᠮ᠎ᠢ ᠲᠡᠭᠦᠯᠳᠡᠷᠵᠢᠭᠦᠯᠵᠦ᠂ ᠬᠥᠬᠢᠭᠦᠯᠦᠨ ᠰᠠᠢᠱᠢᠶᠠᠵᠤ ᠱᠠᠩᠨᠠᠬᠤ ᠳᠦᠷᠢᠮ᠎ᠢ ᠪᠦᠷᠢᠨᠰᠢᠭᠦᠯᠵᠦ᠂ ᠺᠠᠳ᠋ᠷ᠎ᠤᠨ ᠴᠠᠯᠢᠩ᠂ ᠠᠰᠠᠷᠠᠮᠵᠢ ᠪᠠ ᠳᠠᠭᠠᠳᠭᠠᠯ᠎ᠤᠨ ᠳᠦᠷᠢᠮ᠎ᠢ ᠨᠠᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠺᠠᠳ᠋ᠷ᠎ᠤᠨ ᠪᠡᠶ᠎ᠡ ᠰᠡᠳᠬᠢᠴᠡ᠎ᠶᠢᠨ ᠡᠷᠡᠭᠦᠯ ᠮᠡᠨᠳᠦ᠎ᠶᠢ ᠬᠠᠯᠠᠮᠵᠢᠯᠠᠨ ᠬᠠᠢᠷᠠᠯᠠᠵᠤ᠂ ᠦᠨᠳᠦᠰᠦᠨ ᠱᠠᠲᠤᠨ᠎ᠤ ᠺᠠᠳ᠋ᠷ ᠢᠯᠠᠩᠭᠤᠶ᠎ᠠ ᠶᠠᠳᠠᠭᠤ ᠬᠦᠴᠢᠷᠳᠡᠯᠲᠡᠢ ᠨᠥᠬᠦᠴᠡᠯ᠎ᠨᠢ ᠬᠠᠲᠠᠭᠤᠵᠢᠯᠲᠠᠢ ᠭᠠᠵᠠᠷ ᠣᠷᠤᠨ᠎ᠤ ᠺᠠᠳ᠋ᠷ᠎ᠲᠤ ᠲᠥᠷᠦ᠎ᠶᠢᠨ ᠪᠣᠳᠤᠯᠭ᠎ᠠ᠎ᠶᠢᠨ ᠲᠠᠯ᠎ᠠ᠎ᠪᠠᠷ ᠬᠡᠯᠪᠡᠢᠯᠭᠡᠬᠦ ᠡᠷᠴᠢᠮ᠎ᠢᠶᠠᠨ ᠴᠢᠩᠭᠠᠷᠠᠭᠤᠯᠵᠤ᠂ ᠥᠷᠭᠡᠨ ᠣᠯᠠᠨ ᠺᠠᠳ᠋ᠷ᠎ᠤᠨ ᠠᠵᠢᠯ ᠬᠢᠵᠦ ᠦᠢᠯᠡᠰ ᠪᠤᠰᠭᠠᠬᠤ ᠢᠳᠡᠪᠬᠢᠲᠦ ᠴᠢᠨᠠᠷ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠳᠠᠢᠴᠢᠯᠠᠬᠤ ᠬᠡᠷᠡᠭᠲᠡᠢ᠃

  ᠬᠣᠷᠢᠨ ᠳᠣᠯᠤᠳᠤᠭᠠᠷ ᠵᠦᠢᠯ  ᠨᠠᠮ ᠪᠠ ᠤᠯᠤᠰ᠎ᠤᠨ ᠠᠵᠢᠯ ᠦᠢᠯᠡᠰ᠎ᠦᠨ ᠠᠯᠤᠰ ᠬᠡᠳᠦ᠎ᠶᠢᠨ ᠬᠥᠭᠵᠢᠯᠲᠡ᠎ᠶᠢᠨ ᠬᠡᠷᠡᠭᠴᠡᠭᠡ᠎ᠡᠴᠡ ᠡᠭᠦᠰᠴᠦ᠂ ᠢᠷᠡᠯᠲᠡ᠎ᠶᠢ ᠥᠷᠭᠡᠳᠬᠡᠬᠦ᠌᠂ ᠪᠦᠲᠦᠴᠡ᠎ᠶᠢ ᠰᠢᠯᠢᠳᠡᠭᠵᠢᠭᠦᠯᠬᠦ᠌᠂ ᠬᠡᠯᠪᠡᠷᠢ᠎ᠶᠢ ᠰᠠᠢᠵᠢᠷᠠᠭᠤᠯᠬᠤ᠂ ᠶᠠᠰᠤ ᠴᠢᠨᠠᠷ᠎ᠢ ᠳᠡᠭᠡᠭᠱᠢᠯᠡᠭᠦᠯᠬᠦ᠎ᠶᠢ ᠪᠠᠷᠢᠮᠲᠠᠯᠠᠵᠤ᠂ ᠡᠯ᠎ᠡ ᠹᠷᠣᠨᠲ᠂ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠢᠯ ᠲᠥᠷᠦᠯ᠎ᠡᠴᠡ ᠱᠢᠯᠢᠳᠡᠭ ᠵᠠᠯᠠᠭᠤ ᠺᠠᠳ᠋ᠷ᠎ᠢ ᠢᠯᠡᠷᠡᠭᠦᠯᠦᠨ ᠰᠣᠩᠭᠤᠨ ᠳᠡᠪᠰᠢᠭᠦᠯᠵᠦ᠂ ᠦᠰᠦᠨ ᠪᠣᠢᠵᠢᠯᠲᠠ᠎ᠶᠢᠨ ᠠᠷᠭ᠎ᠠ ᠵᠠᠮ᠎ᠢ ᠰᠢᠯᠢᠳᠡᠭᠵᠢᠭᠦᠯᠦᠨ᠂ ᠳᠡᠭᠡᠳᠦ ᠳᠣᠤᠷᠠᠲᠤ ᠱᠠᠲᠤ᠎ᠪᠠᠷ᠎ᠢᠶᠠᠨ ᠬᠣᠯᠪᠤᠭᠠᠯᠠᠨ ᠬᠥᠳᠡᠯᠦᠯᠴᠡᠭᠰᠡᠨ᠂ ᠤᠷᠲᠤ ᠬᠤᠭᠤᠴᠠᠭ᠎ᠠ᠎ᠪᠠᠷ ᠠᠩᠬᠠᠷᠤᠯ ᠲᠠᠯᠪᠢᠬᠤ ᠺᠠᠳ᠋ᠷ᠎ᠤᠨ ᠪᠠᠢᠩᠭᠤᠵᠢᠭᠰᠠᠨ ᠬᠥᠮᠦᠵᠢᠭᠦᠯᠦᠨ ᠪᠣᠯᠪᠠᠰᠤᠷᠠᠭᠤᠯᠬᠤ ᠲᠣᠭᠲᠠᠴᠠ᠎ᠶᠢ ᠪᠠᠢᠭᠤᠯᠵᠤ᠂ ᠴᠠᠭ᠎ᠲᠤᠨᠢ ᠲᠣᠬᠢᠷᠠᠭᠤᠯᠤᠨ ᠬᠡᠷᠡᠭᠯᠡᠬᠦ᠌᠂ ᠬᠥᠳᠡᠯᠦᠩᠭᠦᠢ᠎ᠪᠡᠷ ᠬᠠᠮᠢᠶᠠᠷᠬᠤ ᠲᠣᠭᠲᠠᠴᠠ᠎ᠶᠢ ᠲᠡᠭᠦᠯᠳᠡᠷᠵᠢᠭᠦᠯᠦᠨ᠂ ᠱᠢᠯᠢᠳᠡᠭ ᠵᠠᠯᠠᠭᠤ ᠺᠠᠳ᠋ᠷ᠎ᠤᠨ ᠴᠣᠯᠭᠤᠷᠠᠨ ᠭᠠᠷᠬᠤ᠎ᠶᠢ ᠠᠬᠢᠭᠤᠯᠬᠤ ᠳᠦᠷᠢᠮ ᠠᠷᠭ᠎ᠠ ᠬᠡᠮᠵᠢᠶ᠎ᠡ᠎ᠶᠢ ᠪᠦᠷᠢᠨᠰᠢᠭᠦᠯᠵᠦ᠂ ᠵᠠᠯᠠᠭᠤ ᠺᠠᠳ᠋ᠷᠴᠤᠳ᠎ᠤᠨ ᠦᠵᠡᠯ ᠰᠠᠨᠠᠭ᠎ᠠ ᠣᠨᠤᠯ᠎ᠢᠶᠠᠷ ᠵᠡᠪᠰᠡᠭᠯᠡᠬᠦ ᠪᠠ ᠦᠨᠳᠦᠰᠦᠨ ᠱᠠᠲᠤᠨ᠎ᠤ ᠦᠢᠯᠡᠳᠦᠯᠭᠡ᠎ᠶᠢᠨ ᠳᠠᠪᠲᠠᠯᠲᠠ᠎ᠪᠠᠨ ᠴᠢᠩᠭᠠᠳᠬᠠᠵᠤ᠂ ᠪᠣᠳᠠᠲᠠᠢ ᠠᠰᠠᠭᠤᠳᠠᠯ᠎ᠢ ᠱᠢᠢᠳᠪᠦᠷᠢᠯᠡᠬᠦ ᠴᠢᠳᠠᠪᠤᠷᠢ᠎ᠪᠠᠨ ᠳᠡᠭᠡᠭᠱᠢᠯᠡᠭᠦᠯᠬᠦ᠎ᠶᠢ ᠠᠬᠢᠭᠤᠯᠤᠨ᠎ᠠ᠃ ᠡᠯ᠎ᠡ ᠨᠠᠰᠤᠨ᠎ᠤ ᠦᠶ᠎ᠡ᠎ᠶᠢᠨ ᠺᠠᠳ᠋ᠷ᠎ᠢ ᠰᠠᠢᠲᠤᠷ ᠬᠡᠷᠡᠭᠯᠡᠵᠦ᠂ ᠺᠠᠳ᠋ᠷ᠎ᠤᠨ ᠡᠩᠨᠡᠭᠡᠨ᠎ᠦ ᠱᠠᠲᠤᠯᠢᠭ ᠪᠦᠲᠦᠴᠡ᠎ᠶᠢ ᠰᠢᠯᠢᠳᠡᠭᠵᠢᠭᠦᠯᠦᠨ᠎ᠡ᠃ ᠡᠮᠡᠭᠲᠡᠢ ᠺᠠᠳ᠋ᠷ᠂ ᠴᠥᠭᠡᠨ ᠲᠣᠭᠠᠲᠤ ᠦᠨᠳᠦᠰᠦᠲᠡᠨ᠎ᠦ ᠺᠠᠳ᠋ᠷ ᠪᠠ ᠨᠠᠮ᠎ᠤᠨ ᠭᠠᠳᠠᠨᠠᠬᠢ ᠺᠠᠳ᠋ᠷ᠎ᠢ ᠬᠥᠮᠦᠵᠢᠭᠦᠯᠵᠦ ᠰᠣᠩᠭᠤᠨ ᠳᠡᠪᠱᠢᠭᠦᠯᠬᠦ ᠠᠵᠢᠯ᠎ᠢ ᠨᠢᠭᠡᠳᠦᠯᠲᠡᠢ ᠲᠥᠯᠦᠪᠵᠢᠭᠦᠯᠦᠨ ᠰᠠᠢᠲᠤᠷ ᠬᠢᠨ᠎ᠡ᠃

  ᠬᠣᠷᠢᠨ ᠨᠠᠢ᠍ᠮᠠᠳᠤᠭᠠᠷ ᠵᠦᠢᠯ  ᠠᠯᠪᠠᠲᠠᠨ᠎ᠤ ᠡᠩᠨᠡᠭᠡ᠎ᠳᠡᠬᠢ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠴᠢᠩᠭᠠᠳᠬᠠᠵᠤ᠂ ᠨᠢᠭᠡᠳᠦᠯᠲᠡᠢ ᠵᠢᠷᠤᠮᠵᠢᠭᠰᠠᠨ ᠥᠨᠳᠦᠷ ᠦᠷ᠎ᠡ ᠪᠦᠲᠦᠮᠵᠢᠲᠡᠢ ᠠᠯᠪᠠᠲᠠᠨ᠎ᠤ ᠠᠵᠢᠯ᠎ᠤᠨ ᠤᠳᠤᠷᠢᠳᠭᠤ ᠪᠠᠢᠭᠤᠯᠤᠮᠵᠢ᠎ᠶᠢ ᠪᠦᠷᠢᠨᠰᠢᠭᠦᠯᠦᠨ᠎ᠡ᠃ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠠᠯᠪᠠᠲᠠᠨ᠎ᠤ ᠳᠦᠷᠢᠮ᠎ᠢ ᠲᠡᠭᠦᠯᠳᠡᠷᠵᠢᠭᠦᠯᠦᠨ᠂ ᠲᠤᠱᠢᠶᠠᠯ ᠬᠢᠭᠡᠳ ᠲᠤᠱᠢᠶᠠᠯ᠎ᠤᠨ ᠳᠡᠰ᠎ᠢ ᠵᠡᠷᠭᠡᠴᠡᠭᠦᠯᠬᠦ᠌᠂ ᠡᠯᠰᠡᠨ ᠬᠡᠷᠡᠭᠯᠡᠵᠦ ᠰᠣᠯᠢᠯᠴᠠᠬᠤ᠂ ᠬᠢᠨᠠᠨ ᠱᠢᠯᠭᠠᠵᠤ ᠱᠠᠩᠨᠠᠵᠤ ᠲᠣᠷᠭᠠᠬᠤ᠂ ᠪᠣᠯᠪᠠᠰᠤᠷᠠᠯ ᠬᠦᠷᠲᠡᠭᠡᠵᠦ ᠬᠢᠨᠠᠯᠲᠠ ᠲᠠᠯᠪᠢᠬᠤ ᠵᠡᠷᠭᠡ ᠳᠦᠷᠢᠮ᠎ᠢ ᠪᠦᠷᠢᠨᠰᠢᠭᠦᠯᠵᠦ᠂ ᠵᠢᠷᠤᠮᠵᠢᠭᠰᠠᠨ ᠪᠦᠷᠢᠨ ᠲᠥᠬᠦᠷ ᠠᠯᠪᠠᠲᠠᠨ᠎ᠤ ᠬᠠᠮᠢᠶᠠᠷᠤᠯᠲᠠ᠎ᠶᠢᠨ ᠬᠠᠤᠯᠢ ᠲᠣᠭᠲᠠᠭᠠᠯ᠎ᠤᠨ ᠱᠢᠰᠲᠧᠮ᠎ᠢ ᠪᠠᠢᠭᠤᠯᠤᠨ᠂ ᠠᠯᠪᠠᠲᠠᠨ᠎ᠤ ᠬᠠᠮᠢᠶᠠᠷᠤᠯᠲᠠ᠎ᠶᠢᠨ ᠱᠢᠨᠵᠢᠯᠡᠬᠦ ᠤᠬᠠᠭᠠᠨᠴᠢ ᠪᠦᠲᠦᠮᠵᠢᠲᠦ ᠲᠣᠭᠲᠠᠴᠠ᠎ᠶᠢ ᠪᠦᠷᠢᠨᠰᠢᠭᠦᠯᠦᠨ᠎ᠡ᠃ ᠠᠯᠪᠠᠲᠠᠨ᠎ᠢ ᠲᠥᠷᠦᠯ ᠬᠤᠪᠢᠶᠠᠨ ᠬᠠᠮᠢᠶᠠᠷᠬᠤ᠎ᠶᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠮᠢᠶᠠᠷᠤᠯᠲᠠ᠎ᠶᠢᠨ ᠬᠦᠴᠦᠨ ᠴᠢᠳᠠᠪᠤᠷᠢ ᠪᠣᠯᠤᠨ ᠱᠢᠨᠵᠢᠯᠡᠬᠦ ᠤᠬᠠᠭᠠᠨᠴᠢᠯᠠᠯᠲᠠ᠎ᠶᠢᠨ ᠲᠦᠪᠱᠢᠨ᠎ᠢ ᠳᠡᠭᠡᠭᠰᠢᠯᠡᠭᠦᠯᠦᠨ᠎ᠡ᠃

  ᠬᠤᠷᠢ ᠶᠢᠰᠦᠳᠦᠭᠡᠷ ᠵᠦᠢᠯ  ᠺᠠᠳ᠋ᠷ᠎ᠤᠨ ᠠᠵᠢᠯ᠎ᠠ᠋ᠴᠠ᠎ᠪᠠᠨ ᠠᠮᠠᠷᠠᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠠᠵᠢᠯ᠎ᠠ᠋ᠴᠠ᠎ᠪᠠᠨ ᠳᠠᠷᠬᠠᠯᠠᠭᠳᠠᠵᠤ ᠠᠵᠢᠯ᠎ᠠ᠋ᠴᠠ᠎ᠪᠠᠨ ᠠᠮᠠᠷᠠᠭᠰᠠᠨ ᠺᠠᠳ᠋ᠷ᠎ᠤᠨ ᠦᠵᠡᠯ ᠰᠠᠨᠠᠭ᠎ᠠ ᠤᠯᠤᠰ ᠲᠥᠷᠦ᠎ᠶᠢᠨ ᠪᠠᠢᠭᠤᠯᠤᠯᠲᠠ ᠪᠣᠯᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠴᠢᠩᠭᠠᠳᠬᠠᠵᠤ᠂ ᠠᠵᠢᠯ᠎ᠠ᠋ᠴᠠ᠎ᠪᠠᠨ ᠳᠠᠷᠬᠠᠯᠠᠭᠳᠠᠵᠤ ᠠᠵᠢᠯ᠎ᠠ᠋ᠴᠠ᠎ᠪᠠᠨ ᠠᠮᠠᠷᠠᠭᠰᠠᠨ ᠺᠠᠳ᠋ᠷ᠎ᠤᠨ ᠦᠢᠯᠡᠴᠢᠯᠡᠭᠡ ᠬᠠᠮᠢᠶᠠᠷᠤᠯᠲᠠ᠎ᠶᠢᠨ ᠠᠵᠢᠯ᠎ᠢ ᠲᠡᠭᠦᠯᠳᠡᠷᠵᠢᠭᠦᠯᠬᠦ ᠪᠠ ᠱᠢᠨ᠎ᠡ᠎ᠶᠢ ᠡᠭᠦᠳᠴᠦ᠂ ᠠᠵᠢᠯ᠎ᠠ᠋ᠴᠠ᠎ᠪᠠᠨ ᠳᠠᠷᠬᠠᠯᠠᠭᠳᠠᠵᠤ ᠠᠵᠢᠯ᠎ᠠ᠋ᠴᠠ᠎ᠪᠠᠨ ᠠᠮᠠᠷᠠᠭᠰᠠᠨ ᠺᠠᠳ᠋ᠷ᠎ᠤᠨ ᠦᠢᠯᠡᠳᠦᠯ᠎ᠢᠶᠠᠨ ᠪᠠᠳᠠᠷᠠᠭᠤᠯᠬᠤ᠎ᠶᠢ ᠵᠣᠬᠢᠶᠠᠨ ᠪᠠᠢᠭᠤᠯᠵᠤ ᠬᠥᠲᠦᠯᠦᠨ ᠵᠢᠯᠣᠭᠣᠳᠤᠨ᠎ᠠ᠃

  ᠭᠤᠴᠢᠳᠤᠭᠠᠷ ᠵᠦᠢᠯ  ᠪᠠᠢᠭᠤᠯᠤᠮᠵᠢ᠎ᠶᠢᠨ ᠣᠷᠤᠨ ᠲᠣᠭ᠎ᠠ᠎ᠶᠢᠨ ᠠᠵᠢᠯ᠎ᠳᠠᠬᠢ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠡᠴᠡ ᠪᠠᠢᠭᠤᠯᠤᠮᠵᠢ᠎ᠶᠢᠨ ᠣᠷᠤᠨ ᠲᠣᠭ᠎ᠠ᠎ᠶᠢᠨ ᠵᠥᠪᠯᠡᠯ᠎ᠦᠨ ᠠᠯᠪᠠᠨ ᠭᠡᠷ᠎ᠢ ᠨᠢᠭᠡᠳᠦᠯᠲᠡᠢ ᠬᠠᠮᠢᠶᠠᠷᠬᠤ ᠠᠵᠢᠯ᠎ᠤᠨ ᠳᠦᠷᠢᠮ᠎ᠢ ᠪᠠᠢᠭᠤᠯᠤᠨ ᠪᠦᠷᠢᠨᠰᠢᠭᠦᠯᠵᠦ᠂ ᠤᠳᠤᠷᠢᠳᠤᠯᠭ᠎ᠠ᠎ᠶᠢᠨ ᠬᠠᠮᠢᠶᠠᠷᠤᠯᠲᠠ᠎ᠶᠢᠨ ᠪᠠᠢᠭᠤᠯᠤᠮᠵᠢ᠎ᠶᠢ ᠲᠡᠭᠦᠯᠳᠡᠷᠵᠢᠭᠦᠯᠬᠦ ᠬᠣᠯᠪᠤᠭᠳᠠᠯ ᠪᠦᠬᠦᠢ ᠠᠵᠢᠯ᠎ᠢ ᠰᠠᠢᠲᠤᠷ ᠬᠢᠵᠦ᠂ ᠺᠠᠳ᠋ᠷ ᠪᠣᠯᠤᠨ ᠪᠠᠢᠭᠤᠯᠤᠮᠵᠢ᠎ᠶᠢᠨ ᠣᠷᠤᠨ ᠲᠣᠭ᠎ᠠ᠎ᠶᠢᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠵᠦ᠂ ᠪᠠᠢᠭᠤᠯᠤᠮᠵᠢ᠎ᠶᠢᠨ ᠣᠷᠤᠨ ᠲᠣᠭ᠎ᠠ᠎ᠶᠢᠨ ᠬᠠᠮᠢᠶᠠᠷᠤᠯᠲᠠ ᠬᠢᠭᠡᠳ ᠺᠠᠳ᠋ᠷ᠎ᠤᠨ ᠬᠠᠮᠢᠶᠠᠷᠤᠯᠲᠠ᠎ᠶᠢ ᠣᠷᠭᠠᠨᠢᠭ᠎ᠢᠶᠠᠷ ᠵᠣᠯᠭᠠᠯᠴᠠᠭᠤᠯᠬᠤ᠎ᠶᠢ ᠪᠠᠲᠤᠯᠠᠬᠤ ᠬᠡᠷᠡᠭᠲᠡᠢ᠃

 

    ᠲᠠᠪᠤᠳᠤᠭᠠᠷ ᠪᠦᠯᠦᠭ    ᠴᠢᠳᠠᠪᠤᠷᠢᠲᠠᠨ᠎ᠤ ᠠᠵᠢᠯ

 

  ᠭᠤᠴᠢᠨ ᠨᠢᠭᠡᠳᠦᠭᠡᠷ ᠵᠦᠢᠯ  ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠴᠢᠳᠠᠪᠤᠷᠢᠲᠠᠨ᠎ᠢᠶᠠᠷ ᠬᠥᠭᠵᠢᠯᠲᠡ᠎ᠶᠢ ᠬᠥᠲᠦᠯᠦᠨ ᠳᠠᠭᠠᠭᠤᠯᠬᠤ ᠪᠠᠢᠯᠳᠤᠬᠤ ᠪᠣᠳᠤᠯᠭ᠎ᠠ᠎ᠶᠢᠨ ᠪᠠᠢᠷᠢ ᠰᠠᠭᠤᠷᠢ᠎ᠶᠢ ᠲᠣᠭᠲᠠᠭᠠᠵᠤ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠤᠨ ᠵᠢᠮ᠎ᠡ ᠶᠣᠰᠤ ᠪᠠ ᠴᠢᠳᠠᠪᠤᠷᠢᠲᠠᠨ᠎ᠤ ᠦᠰᠦᠨ ᠪᠣᠢᠵᠢᠯᠲᠠ᠎ᠶᠢᠨ ᠵᠢᠮ᠎ᠡ ᠶᠣᠰᠤ᠎ᠶᠢ ᠵᠢᠷᠤᠮᠯᠠᠵᠤ᠂ ᠴᠢᠳᠠᠪᠤᠷᠢᠲᠠᠨ᠎ᠤ ᠬᠥᠭᠵᠢᠯᠲᠡ᠎ᠶᠢ ᠬᠦᠯᠢᠶᠡᠰᠦᠯᠡᠵᠦ ᠪᠠᠢᠭ᠎ᠠ ᠦᠵᠡᠯ ᠰᠠᠨᠠᠭ᠎ᠠ ᠣᠢᠯᠠᠭᠠᠭᠳᠠᠬᠤᠨ ᠪᠠ ᠪᠠᠢᠭᠤᠯᠤᠮᠵᠢ ᠲᠣᠭᠲᠠᠴᠠ᠎ᠶᠢᠨ ᠬᠠᠷᠱᠢ ᠰᠠᠭᠠᠳ᠎ᠢ ᠠᠷᠢᠯᠭᠠᠵᠤ᠂ ᠱᠢᠨᠵᠢᠯᠡᠬᠦ ᠤᠬᠠᠭᠠᠨᠴᠢ ᠵᠢᠷᠤᠮᠵᠢᠭᠰᠠᠨ᠂ ᠨᠡᠭᠡᠭᠡᠯᠲᠡ᠎ᠲᠡᠢ ᠪᠠᠭᠲᠠᠭᠠᠮᠵᠢᠲᠠᠢ᠂ ᠠᠵᠢᠯᠯᠠᠭᠠᠨ᠎ᠨᠢ ᠥᠨᠳᠦᠷ ᠪᠦᠲᠦᠮᠵᠢᠲᠡᠢ ᠴᠢᠳᠠᠪᠤᠷᠢᠲᠠᠨ᠎ᠤ ᠬᠥᠭᠵᠢᠯᠲᠡ᠎ᠶᠢᠨ ᠵᠠᠰᠠᠯᠲᠠ᠎ᠶᠢᠨ ᠱᠢᠰᠲᠧᠮ᠎ᠢ ᠪᠠᠢᠭᠤᠯᠵᠤ᠂ ᠴᠢᠳᠠᠪᠤᠷᠢᠲᠠᠨ᠎ᠢ ᠪᠦᠬᠦ ᠲᠠᠯ᠎ᠠ᠎ᠪᠠᠷ ᠬᠥᠮᠦᠵᠢᠭᠦᠯᠵᠦ᠂ ᠣᠷᠤᠭᠤᠯᠤᠨ ᠠᠪᠴᠢᠷᠠᠵᠤ᠂ ᠰᠠᠢᠲᠤᠷ ᠬᠡᠷᠡᠭᠯᠡᠵᠦ᠂ ᠤᠯᠤᠰ᠎ᠢᠶᠠᠨ ᠬᠠᠢᠷᠠᠯᠠᠵᠤ ᠬᠤᠪᠢ ᠨᠡᠮᠡᠷᠢ ᠦᠵᠡᠭᠦᠯᠦᠭᠰᠡᠨ ᠡᠯ᠎ᠡ ᠲᠠᠯ᠎ᠠ᠎ᠶᠢᠨ ᠱᠢᠯᠢᠳᠡᠭ ᠴᠢᠳᠠᠪᠤᠷᠢᠲᠠᠨ᠎ᠢ ᠬᠦᠴᠦᠯᠡᠨ ᠲᠥᠪᠯᠡᠷᠡᠭᠦᠯᠵᠦ᠂ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ᠂ ᠱᠢᠨ᠎ᠡ᠎ᠶᠢ ᠡᠭᠦᠳᠬᠦ᠎ᠪᠡᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ ᠬᠥᠭᠵᠢᠯᠲᠡ᠎ᠶᠢᠨ ᠪᠠᠢᠯᠳᠤᠬᠤ ᠪᠣᠳᠤᠯᠭ᠎ᠠ᠎ᠶᠢ ᠬᠡᠷᠡᠭᠵᠢᠭᠦᠯᠬᠦ᠎ᠶᠢ ᠠᠬᠢᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠶᠡᠬᠡ ᠦᠢᠯᠡᠰ᠎ᠲᠦ ᠬᠦᠴᠦᠷᠬᠡᠭ ᠶᠡᠬᠡ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ᠃

  ᠭᠤᠴᠢᠨ ᠬᠣᠶᠠᠳᠤᠭᠠᠷ ᠵᠦᠢᠯ  ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠲᠤᠰ ᠭᠠᠵᠠᠷ ᠣᠷᠤᠨ ᠲᠤᠰ ᠰᠠᠯᠠᠭ᠎ᠠ ᠮᠥᠴᠢᠷ ᠲᠤᠰ ᠨᠢᠭᠡᠴᠢ᠎ᠶᠢᠨ᠎ᠢᠶᠠᠨ ᠴᠢᠳᠠᠪᠤᠷᠢᠲᠠᠨ᠎ᠤ ᠠᠵᠢᠯ᠎ᠳᠠᠬᠢ ᠤᠳᠤᠷᠢᠳᠤᠯᠭ᠎ᠠ᠎ᠪᠠᠨ ᠴᠢᠩᠭᠠᠳᠬᠠᠵᠤ᠂ ᠨᠠᠮ᠎ᠤᠨ ᠬᠣᠷᠢᠶ᠎ᠠ ᠨᠢᠭᠡᠳᠦᠯᠲᠡᠢ ᠤᠳᠤᠷᠢᠳᠬᠤ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠢ᠎ᠳ᠋ᠦᠨᠢ ᠠᠳᠬᠤᠬᠤ᠂ ᠬᠣᠯᠪᠤᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠨᠢᠭᠲᠠ ᠬᠠᠮᠵᠢᠯᠴᠠᠭᠰᠠᠨ᠂ ᠬᠥᠮᠦᠨ ᠬᠡᠷᠡᠭᠯᠡᠬᠦ ᠨᠢᠭᠡᠴᠢ ᠭᠣᠤᠯ ᠴᠣᠭᠴᠠ᠎ᠶᠢᠨ ᠦᠢᠯᠡᠳᠦᠯ᠎ᠢᠶᠠᠨ ᠪᠠᠳᠠᠷᠠᠭᠤᠯᠤᠭᠰᠠᠨ᠂ ᠨᠡᠢᠭᠡᠮ᠎ᠦᠨ ᠬᠦᠴᠦᠨ ᠥᠷᠭᠡᠨ᠎ᠢᠶᠠᠷ ᠣᠷᠤᠯᠴᠠᠭᠰᠠᠨ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠠᠵᠢᠯ᠎ᠤᠨ ᠪᠠᠢᠷᠢᠱᠢᠯ᠎ᠢ ᠪᠣᠢ ᠪᠣᠯᠭᠠᠨ᠎ᠠ᠃

  ᠨᠠᠮ᠎ᠤᠨ ᠲᠥᠪ ᠬᠣᠷᠢᠶ᠎ᠠ᠎ᠠᠴᠠ ᠲᠥᠪ᠎ᠦᠨ ᠴᠢᠳᠠᠪᠤᠷᠢᠲᠠᠨ᠎ᠤ ᠠᠵᠢᠯ᠎ᠤᠨ ᠵᠣᠬᠢᠴᠠᠭᠤᠯᠬᠤ ᠳᠤᠭᠤᠢᠯᠠᠩ᠎ᠢ ᠪᠠᠢᠭᠤᠯᠵᠤ᠂ ᠪᠦᠬᠦ ᠤᠯᠤᠰ᠎ᠤᠨ ᠴᠢᠳᠠᠪᠤᠷᠢᠲᠠᠨ᠎ᠤ ᠠᠵᠢᠯ ᠪᠣᠯᠤᠨ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠳᠤ ᠬᠣᠷᠸ᠎ᠠ ᠵᠢᠯᠤᠭᠤᠳᠤᠯᠭ᠎ᠠ ᠬᠢᠵᠦ᠂ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠵᠤ᠂ ᠲᠥᠷᠦ᠎ᠶᠢᠨ ᠪᠣᠳᠤᠯᠭ᠎ᠠ᠎ᠶᠢᠨ ᠱᠢᠨ᠎ᠡ᠎ᠶᠢ ᠡᠭᠦᠳᠴᠦ᠂ ᠭᠣᠤᠯᠳᠠᠯᠭ᠎ᠠ᠎ᠲᠠᠢ ᠠᠬᠢᠭᠤᠯᠵᠤ᠂ ᠱᠠᠯᠠᠪᠳᠠᠭᠤᠯᠤᠨ ᠪᠠᠢᠴᠠᠭᠠᠨ᠎ᠠ᠃ ᠲᠥᠪ᠎ᠦᠨ ᠴᠢᠳᠠᠪᠤᠷᠢᠲᠠᠨ᠎ᠤ ᠠᠵᠢᠯ᠎ᠢ ᠵᠣᠬᠢᠴᠠᠭᠤᠯᠬᠤ ᠳᠤᠭᠤᠢᠯᠠᠩ᠎ᠤᠨ ᠳᠣᠤᠷ᠎ᠠ᠎ᠪᠠᠨ ᠠᠯᠪᠠᠨ ᠭᠡᠷ ᠲᠣᠬᠢᠷᠠᠭᠤᠯᠵᠤ᠂ ᠲᠥᠪ᠎ᠦᠨ ᠴᠢᠳᠠᠪᠤᠷᠢᠲᠠᠨ᠎ᠤ ᠠᠵᠢᠯ᠎ᠢ ᠵᠣᠬᠢᠴᠠᠭᠤᠯᠬᠤ ᠳᠤᠭᠤᠢᠯᠠᠩ᠎ᠤᠨ ᠡᠳᠦᠷ ᠲᠤᠲᠤᠮ᠎ᠤᠨ ᠠᠵᠢᠯ᠎ᠢ ᠬᠠᠷᠢᠭᠤᠴᠠᠨ ᠰᠢᠢᠳᠪᠦᠷᠢᠯᠡᠨ᠎ᠡ᠃ ᠲᠥᠪ᠎ᠦᠨ ᠴᠢᠳᠠᠪᠤᠷᠢᠲᠠᠨ᠎ᠤ ᠠᠵᠢᠯ᠎ᠢ ᠵᠣᠬᠢᠴᠠᠭᠤᠯᠬᠤ ᠳᠤᠭᠤᠢᠯᠠᠩ᠎ᠤᠨ ᠠᠯᠪᠠᠨ ᠭᠡᠷ᠎ᠢ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠲᠦ ᠪᠠᠢᠭᠤᠯᠤᠨ᠎ᠠ᠃

  ᠣᠷᠤᠨ ᠨᠤᠲᠤᠭ᠎ᠤᠨ ᠨᠠᠮ᠎ᠤᠨ ᠬᠣᠷᠢᠶ᠎ᠠ ᠴᠢᠳᠠᠪᠤᠷᠢᠲᠠᠨ᠎ᠤ ᠠᠵᠢᠯ᠎ᠢ ᠤᠳᠤᠷᠢᠳᠭᠤ (ᠵᠣᠬᠢᠴᠠᠭᠤᠯᠬᠤ) ᠪᠠᠢᠭᠤᠯᠤᠮᠵᠢ᠎ᠶᠢ ᠲᠣᠬᠢᠷᠠᠭᠤᠯᠵᠤ᠂ ᠲᠤᠰ ᠭᠠᠵᠠᠷ ᠣᠷᠤᠨ᠎ᠤ᠋᠎ᠪᠠᠨ ᠴᠢᠳᠠᠪᠤᠷᠢᠲᠠᠨ᠎ᠤ ᠠᠵᠢᠯ ᠪᠠ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠤᠨ᠎ᠠ᠃ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠤᠨ᠎ᠤ ᠬᠠᠷᠢᠶ᠎ᠠ ᠱᠢᠰᠲᠧᠮ᠎ᠦᠨ ᠳᠣᠲᠤᠷᠠᠬᠢ ᠴᠢᠳᠠᠪᠤᠷᠢᠲᠠᠨ᠎ᠤ ᠠᠵᠢᠯ᠎ᠢ ᠡᠭᠦᠷᠭᠡᠯᠡᠬᠦ ᠡᠭᠦᠷᠭᠡ ᠲᠤᠱᠢᠶᠠᠯ ᠨᠡᠯᠢᠶᠡᠳ ᠣᠯᠠᠨ ᠪᠤᠶᠤ ᠴᠢᠳᠠᠪᠤᠷᠢᠲᠠᠨ ᠨᠡᠯᠢᠶᠡᠳ ᠲᠥᠪᠯᠡᠷᠡᠭᠰᠡᠨ ᠡᠭᠦᠷᠭᠡ ᠲᠤᠱᠢᠶᠠᠯᠲᠤ ᠰᠠᠯᠠᠭ᠎ᠠ ᠮᠥᠴᠢᠷ᠎ᠨᠢ ᠪᠣᠳᠠᠲᠠᠢ ᠪᠠᠢᠳᠠᠯ᠎ᠢᠶᠠᠨ ᠦᠨᠳᠦᠰᠦᠯᠡᠨ ᠴᠢᠳᠠᠪᠤᠷᠢᠲᠠᠨ᠎ᠤ ᠠᠵᠢᠯ᠎ᠤᠨ ᠤᠳᠤᠷᠢᠳᠭᠤ ᠪᠠᠢᠭᠤᠯᠤᠮᠵᠢ ᠪᠣᠯᠤᠨ ᠬᠡᠷᠡᠭ ᠡᠷᠬᠢᠯᠡᠬᠦ ᠪᠠᠢᠭᠤᠯᠤᠮᠵᠢ᠎ᠶᠢ ᠪᠠᠢᠭᠤᠯᠵᠤ ᠪᠣᠯᠤᠨ᠎ᠠ᠃

  ᠭᠤᠴᠢᠨ ᠭᠤᠷᠪᠠᠳᠤᠭᠠᠷ ᠵᠦᠢᠯ  ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠡᠷᠡᠭᠴᠡᠭᠡ᠎ᠲᠡᠢ ᠨᠢᠭᠲᠠ ᠤᠶᠠᠯᠳᠤᠭᠤᠯᠤᠨ᠂ ᠴᠢᠬᠤᠯᠠ ᠶᠡᠬᠡ ᠬᠥᠭᠵᠢᠯᠲᠡ᠎ᠶᠢᠨ ᠪᠠᠢᠯᠳᠤᠬᠤ ᠪᠣᠳᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠴᠢᠳᠠᠪᠤᠷᠢᠲᠠᠨ᠎ᠤ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠭᠠᠬᠤ ᠬᠣᠷᠸ᠎ᠠ ᠲᠥᠯᠦᠪᠵᠢᠭᠦᠯᠭᠡ᠎ᠶᠢ ᠴᠢᠩᠭᠠᠳᠬᠠᠵᠤ᠂ ᠮᠣᠷᠠᠯ ᠴᠢᠳᠠᠪᠤᠷᠢ ᠬᠣᠤᠰᠯᠠᠭᠰᠠᠨ ᠥᠨᠳᠦᠷ ᠬᠡᠪ ᠪᠣᠯᠪᠠᠰᠤᠷᠠᠯ᠎ᠲᠠᠢ ᠦᠯᠡᠮᠵᠢ ᠣᠯᠠᠨ ᠴᠢᠳᠠᠪᠤᠷᠢᠲᠠᠨ᠎ᠢ ᠬᠥᠮᠦᠵᠢᠭᠦᠯᠦᠨ ᠪᠣᠯᠪᠠᠰᠤᠷᠠᠭᠤᠯᠤᠨ᠎ᠠ᠃ ᠳᠡᠭᠡᠳᠦ ᠳᠡᠰ᠎ᠢᠶᠠᠷ ᠬᠥᠲᠦᠯᠦᠨ ᠳᠠᠭᠠᠭᠤᠯᠬᠤ᠂ ᠪᠦᠬᠦᠯᠢ ᠴᠣᠭᠴᠠ᠎ᠪᠠᠷ ᠨᠡᠭᠡᠭᠡᠨ ᠬᠥᠭᠵᠢᠭᠦᠯᠬᠦ᠎ᠶᠢ ᠪᠠᠷᠢᠮᠲᠠᠯᠠᠵᠤ᠂ ᠴᠢᠬᠤᠯᠠ ᠶᠡᠬᠡ ᠴᠢᠳᠠᠪᠤᠷᠢᠲᠠᠨ᠎ᠤ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠡᠯ᠎ᠡ ᠬᠦᠷᠢᠶ᠎ᠡ ᠴᠠᠷᠠᠭᠠᠨ᠎ᠳᠠᠬᠢ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠨᠢᠭᠡᠳᠦᠯᠲᠡᠢ ᠲᠥᠯᠦᠪᠵᠢᠭᠦᠯᠦᠨ ᠠᠬᠢᠭᠤᠯᠤᠨ᠎ᠠ᠃

  ᠭᠤᠴᠢᠨ ᠳᠥᠷᠪᠡᠳᠦᠭᠡᠷ ᠵᠦᠢᠯ  ᠪᠦᠬᠦ ᠪᠥᠮᠪᠦᠷᠴᠡᠭ᠎ᠦᠨ ᠬᠠᠷᠠᠭᠠᠰᠤ ᠪᠠ ᠪᠠᠢᠯᠳᠤᠬᠤ ᠪᠣᠳᠤᠯᠭ᠎ᠠ᠎ᠶᠢᠨ ᠬᠠᠷᠠᠯᠲᠠ᠎ᠶᠢ ᠪᠣᠢ ᠪᠣᠯᠭᠠᠵᠤ᠂ ᠨᠡᠩ ᠢᠳᠡᠪᠬᠢᠲᠡᠢ᠂ ᠨᠡᠩ ᠨᠡᠭᠡᠭᠡᠯᠲᠡᠲᠡᠢ᠂ ᠨᠡᠩ ᠪᠦᠲᠦᠮᠵᠢᠲᠡᠢ ᠴᠢᠳᠠᠪᠤᠷᠢᠲᠠᠨ᠎ᠤ ᠲᠥᠷᠦ᠎ᠶᠢᠨ ᠪᠣᠳᠤᠯᠭ᠎ᠠ᠎ᠶᠢ ᠬᠡᠷᠡᠭᠵᠢᠭᠦᠯᠵᠦ᠂ ᠬᠡᠷᠡᠭᠯᠡᠬᠦ᠎ᠪᠡᠷ ᠦᠨᠳᠦᠰᠦ ᠪᠣᠯᠭᠠᠬᠤ᠎ᠶᠢ ᠪᠠᠷᠢᠮᠲᠠᠯᠠᠵᠤ᠂ ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠴᠤᠭᠯᠠᠭᠤᠯᠤᠨ ᠬᠡᠷᠡᠭᠯᠡᠨ᠎ᠡ᠃ ᠴᠢᠳᠠᠪᠤᠷᠢᠲᠠᠨ᠎ᠤ ᠡᠬᠢ ᠪᠠᠶᠠᠯᠢᠭ᠎ᠢ ᠱᠢᠯᠢᠳᠡᠭᠵᠢᠭᠦᠯᠦᠨ ᠲᠣᠬᠢᠷᠠᠭᠤᠯᠬᠤ᠎ᠶᠢ ᠠᠬᠢᠭᠤᠯᠵᠤ᠂ ᠵᠠᠬ᠎ᠠ ᠳᠡᠯᠭᠡᠭᠦᠷ᠎ᠦᠨ ᠱᠢᠢᠳᠪᠦᠷᠢᠯᠡᠬᠦ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠬᠤ ᠪᠠ ᠵᠠᠰᠠᠭ᠎ᠤᠨ ᠣᠷᠳᠤᠨ᠎ᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠴᠢᠳᠠᠪᠤᠷᠢᠲᠠᠨ᠎ᠤ ᠬᠠᠲᠠᠭᠤᠵᠢᠯᠲᠠᠢ᠂ ᠬᠢᠯᠢ ᠬᠢᠵᠠᠭᠠᠷ ᠣᠷᠤᠨ ᠪᠣᠯᠤᠨ ᠦᠨᠳᠦᠰᠦᠨ ᠱᠠᠲᠤᠨ᠎ᠤ ᠨᠢᠭᠡᠳᠦᠭᠡᠷ ᠹᠷᠤᠨᠲ ᠲᠠᠢᠱᠢ ᠱᠢᠯᠵᠢᠬᠦ᠎ᠶᠢ ᠵᠣᠷᠢᠭᠵᠢᠭᠤᠯᠵᠤ ᠬᠥᠲᠦᠯᠦᠨ ᠵᠢᠯᠣᠭᠣᠳᠤᠨ᠎ᠠ᠃

  ᠭᠤᠴᠢᠨ ᠲᠠᠪᠤᠳᠤᠭᠠᠷ ᠵᠦᠢᠯ  ᠴᠢᠳᠠᠪᠤᠷᠢᠲᠠᠨ᠎ᠤ ᠬᠥᠭᠵᠢᠯᠲᠡ᠎ᠶᠢᠨ ᠪᠠᠢᠭᠤᠯᠤᠮᠵᠢ ᠲᠣᠭᠲᠠᠴᠠ᠎ᠶᠢᠨ ᠥᠭᠡᠷᠡᠴᠢᠯᠡᠯᠲᠡ ᠪᠠ ᠲᠥᠷᠦ᠎ᠶᠢᠨ ᠪᠣᠳᠤᠯᠭ᠎ᠠ᠎ᠶᠢᠨ ᠲᠠᠯ᠎ᠠ᠎ᠪᠠᠷ ᠱᠢᠨ᠎ᠡ᠎ᠶᠢ ᠡᠭᠦᠳᠬᠦ᠎ᠶᠢ ᠵᠣᠬᠢᠴᠠᠩᠭᠤᠢ᠎ᠪᠠᠷ ᠠᠬᠢᠭᠤᠯᠵᠤ᠂ ᠥᠭᠦᠯᠡᠯ᠎ᠢ᠎ᠯᠡ ᠦᠵᠡᠬᠦ᠌᠂ ᠮᠡᠷᠭᠡᠵᠢᠯ᠎ᠦᠨ ᠴᠣᠯᠠ᠎ᠶᠢ᠎ᠯᠡ ᠦᠵᠡᠬᠦ᠌᠂ ᠰᠤᠷᠤᠯᠭ᠎ᠠ᠎ᠶᠢᠨ ᠨᠠᠮᠲᠠᠷ᠎ᠢ᠎ᠯᠡ ᠦᠵᠡᠬᠦ᠌᠂ ᠱᠠᠩᠨᠠᠯ ᠣᠯᠤᠭᠰᠠᠨ ᠡᠰᠡᠬᠦ᠎ᠶᠢ᠎ᠯᠡ ᠦᠵᠡᠬᠦ ᠶᠠᠪᠤᠳᠠᠯ᠎ᠢ ᠡᠷᠡᠰ ᠲᠡᠪᠴᠢᠵᠦ᠂ ᠴᠢᠳᠠᠪᠤᠷᠢᠲᠠᠨ᠎ᠢ ᠣᠷᠤᠭᠤᠯᠤᠨ ᠠᠪᠴᠢᠷᠠᠬᠤ᠂ ᠬᠥᠮᠦᠵᠢᠭᠦᠯᠬᠦ᠌᠂ ᠬᠡᠷᠡᠭᠯᠡᠬᠦ᠌᠂ ᠦᠨᠡᠯᠡᠬᠦ᠌᠂ ᠰᠢᠯᠵᠢᠭᠦᠯᠬᠦ᠌᠂ ᠤᠷᠮᠠᠱᠢᠭᠤᠯᠬᠤ ᠲᠣᠭᠲᠠᠴᠠ᠎ᠶᠢ ᠪᠦᠷᠢᠨᠰᠢᠭᠦᠯᠵᠦ᠂ ᠲᠠᠲᠠᠬᠤ ᠬᠦᠴᠦᠨ ᠪᠠ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠪᠦᠬᠦᠢ ᠴᠢᠳᠠᠪᠤᠷᠢᠲᠠᠨ᠎ᠤ ᠳᠦᠷᠢᠮ᠎ᠦᠨ ᠱᠢᠰᠲᠧᠮ᠎ᠢ ᠲᠦᠷᠭᠡᠳᠬᠡᠨ ᠪᠠᠢᠭᠤᠯᠵᠤ᠂ ᠬᠥᠮᠦᠨ ᠬᠡᠷᠡᠭᠯᠡᠬᠦ ᠭᠣᠤᠯ ᠴᠣᠭᠴᠠ᠎ᠳᠤ ᠡᠷᠬᠡ᠎ᠪᠡᠨ ᠲᠠᠯᠪᠢᠨ ᠥᠭᠴᠦ᠂ ᠴᠢᠳᠠᠪᠤᠷᠢᠲᠠᠨ᠎ᠤ ᠬᠦᠯᠢᠶᠡᠰᠦ᠎ᠶᠢ ᠠᠯᠳᠠᠷᠠᠭᠠᠵᠤ᠂ ᠴᠢᠳᠠᠪᠤᠷᠢᠲᠠᠨ᠎ᠤ ᠱᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃

  ᠭᠤᠴᠢᠨ ᠵᠢᠷᠭᠤᠳᠤᠭᠠᠷ ᠵᠦᠢᠯ  ᠨᠠᠮ᠎ᠤᠨ ᠤᠯᠤᠰ ᠲᠥᠷᠦ᠎ᠶᠢᠨ ᠳᠠᠪᠠᠭᠤᠯᠢᠭ᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠂ ᠣᠯᠠᠨ ᠲᠦᠮᠡᠨ᠎ᠲᠡᠢ ᠨᠢᠭᠲᠠ ᠬᠠᠷᠢᠯᠴᠠᠬᠤ ᠳᠠᠪᠠᠭᠤᠯᠢᠭ᠎ᠢ ᠪᠠᠳᠠᠷᠠᠭᠤᠯᠵᠤ᠂ ᠡᠯ᠎ᠡ ᠲᠠᠯ᠎ᠠ᠎ᠶᠢᠨ ᠴᠢᠳᠠᠪᠤᠷᠢᠲᠠᠨ᠎ᠢ ᠤᠯᠤᠰ ᠲᠥᠷᠦ᠎ᠪᠡᠷ ᠬᠥᠲᠦᠯᠦᠨ ᠳᠠᠭᠠᠭᠤᠯᠬᠤ ᠪᠠ ᠤᠯᠤᠰ ᠲᠥᠷᠦ᠎ᠪᠡᠷ ᠱᠢᠩᠭᠡᠬᠡᠨ ᠠᠪᠬᠤ᠎ᠶᠢ ᠴᠢᠩᠭᠠᠳᠬᠠᠵᠤ᠂ ᠥᠷᠭᠡᠨ ᠣᠯᠠᠨ ᠴᠢᠳᠠᠪᠤᠷᠢᠲᠠᠨ᠎ᠤ ᠤᠯᠤᠰ᠎ᠢᠶᠠᠨ ᠬᠠᠢᠷᠠᠯᠠᠵᠤ ᠬᠠᠷᠠᠮ᠎ᠦᠭᠡᠢ ᠵᠣᠷᠢᠭᠤᠯᠬᠤ᠂ ᠵᠣᠷᠢᠭᠲᠠᠢ᠎ᠪᠠᠷ ᠱᠢᠨ᠎ᠡ᠎ᠶᠢ ᠡᠭᠦᠳᠴᠦ ᠡᠭᠦᠳᠦᠨ ᠪᠦᠲᠦᠭᠡᠬᠦ᠎ᠶᠢ ᠬᠥᠲᠦᠯᠦᠨ ᠵᠢᠯᠣᠭᠣᠳᠤᠨ᠎ᠠ᠃ ᠨᠠᠮ᠎ᠤᠨ ᠬᠣᠷᠢᠶ᠎ᠠ ᠲᠤᠰᠬᠠᠢ ᠮᠡᠷᠭᠡᠵᠢᠯᠲᠡᠨ᠎ᠲᠡᠢ ᠬᠠᠷᠢᠯᠴᠠᠵᠤ ᠲᠡᠳᠡᠨ᠎ᠳᠦ ᠦᠢᠯᠡᠴᠢᠯᠡᠬᠦ ᠳᠦᠷᠢᠮ᠎ᠢ ᠪᠠᠷᠢᠮᠲᠠᠯᠠᠨ᠂ ᠤᠳᠤᠷᠢᠳᠭᠤ ᠺᠠᠳ᠋ᠷᠴᠤᠳ᠎ᠤᠨ ᠴᠢᠳᠠᠪᠤᠷᠢᠲᠠᠨ᠎ᠲᠠᠢ ᠱᠢᠭᠤᠳ ᠬᠠᠷᠢᠯᠴᠠᠵᠤ ᠲᠡᠳᠡᠨ᠎ᠳᠦ ᠦᠢᠯᠡᠴᠢᠯᠡᠬᠦ ᠠᠵᠢᠯ᠎ᠤᠨ ᠲᠣᠭᠲᠠᠴᠠ᠎ᠶᠢ ᠲᠡᠭᠦᠯᠳᠡᠷᠵᠢᠭᠦᠯᠵᠦ᠂ ᠴᠢᠳᠠᠪᠤᠷᠢᠲᠠᠨ᠎ᠤ ᠲᠤᠬᠠᠢ ᠰᠠᠨᠠᠯ ᠰᠠᠨᠠᠭᠤᠯᠭ᠎ᠠ᠎ᠶᠢ ᠴᠠᠭ ᠲᠤᠬᠠᠢ᠎ᠳᠤᠨᠢ ᠰᠣᠨᠣᠰᠴᠤ᠂ ᠴᠢᠳᠠᠪᠤᠷᠢᠲᠠᠨ᠎ᠤ ᠠᠵᠢᠯ ᠠᠮᠢᠳᠤᠷᠠᠯ᠎ᠢ ᠬᠠᠯᠠᠮᠵᠢᠯᠠᠨ᠎ᠠ᠃

  ᠭᠤᠴᠢᠨ ᠳᠣᠯᠤᠳᠤᠭᠠᠷ ᠵᠦᠢᠯ  ᠴᠢᠳᠠᠪᠤᠷᠢᠲᠠᠨ᠎ᠤ ᠲᠤᠬᠠᠢ ᠴᠢᠩᠭ᠎ᠠ ᠤᠬᠠᠮᠰᠠᠷ᠎ᠢ ᠪᠣᠢ ᠪᠣᠯᠭᠠᠵᠤ᠂ ᠴᠢᠳᠠᠪᠤᠷᠢᠲᠠᠨ᠎ᠤ ᠦᠢᠯᠡᠴᠢᠯᠡᠭᠡ ᠪᠠᠲᠤᠯᠠᠭ᠎ᠠ᠎ᠶᠢᠨ ᠱᠢᠰᠲᠧᠮ᠎ᠢ ᠲᠡᠭᠦᠯᠳᠡᠷᠵᠢᠭᠦᠯᠦᠨ᠂ ᠱᠢᠯᠢᠳᠡᠭ ᠴᠢᠳᠠᠪᠤᠷᠢᠲᠠᠨ ᠪᠠ ᠲᠡᠷᠢᠭᠦᠨ᠎ᠦ ᠨᠡᠢᠲᠡᠯᠢᠭ ᠵᠢᠱᠢᠶ᠎ᠡ᠎ᠶᠢᠨ ᠤᠬᠠᠭᠤᠯᠭ᠎ᠠ᠎ᠶᠢ ᠴᠢᠩᠭᠠᠳᠬᠠᠵᠤ᠂ ᠬᠥᠳᠡᠯᠮᠦᠷᠢ᠎ᠶᠢ ᠬᠦᠨᠳᠦᠳᠭᠡᠬᠦ᠂ ᠮᠡᠳᠡᠯᠭᠡ᠎ᠶᠢ ᠬᠦᠨᠳᠦᠳᠭᠡᠬᠦ᠂ ᠴᠢᠳᠠᠪᠤᠷᠢᠲᠠᠨ᠎ᠢ ᠬᠦᠨᠳᠦᠳᠭᠡᠬᠦ᠂ ᠡᠭᠦᠳᠦᠨ ᠪᠦᠲᠦᠭᠡᠯᠲᠡ᠎ᠶᠢ ᠬᠦᠨᠳᠦᠳᠭᠡᠬᠦ ᠰᠠᠢᠨ ᠰᠠᠢᠬᠠᠨ ᠠᠭᠤᠷ ᠠᠮᠢᠰᠭᠤᠯ᠎ᠢ ᠪᠣᠢ ᠪᠣᠯᠭᠠᠵᠤ᠂ ᠱᠢᠨ᠎ᠡ᠎ᠶᠢ ᠡᠭᠦᠳᠬᠦ᠎ᠶᠢ ᠵᠣᠷᠢᠭᠵᠢᠭᠤᠯᠤᠨ᠂ ᠢᠯᠠᠭᠳᠠᠯ᠎ᠢ ᠠᠭᠤᠴᠢᠯᠠᠵᠤ᠂ ᠬᠥᠮᠦᠨ ᠪᠦᠬᠦᠨ ᠴᠢᠳᠠᠪᠤᠷᠢᠲᠠᠨ ᠪᠣᠯᠵᠤ ᠪᠣᠯᠬᠤ᠂ ᠬᠥᠮᠦᠨ ᠪᠦᠬᠦᠨ ᠡᠷᠳᠡᠮ ᠴᠢᠳᠠᠪᠤᠷᠢ᠎ᠪᠠᠨ ᠭᠦᠢᠴᠡᠳ ᠪᠠᠳᠠᠷᠠᠭᠤᠯᠤᠭᠰᠠᠨ ᠠᠮᠢᠳᠤᠯᠢᠭ ᠪᠠᠢᠳᠠᠯ᠎ᠢ ᠪᠣᠢ ᠪᠣᠯᠭᠠᠨ᠎ᠠ᠃

 

    ᠵᠢᠷᠭᠤᠳᠤᠭᠠᠷ ᠪᠦᠯᠦᠭ   ᠪᠠᠲᠤᠯᠠᠭ᠎ᠠ ᠪᠠ ᠬᠢᠨᠠᠯᠲᠠ

 

  ᠭᠤᠴᠢᠨ ᠨᠠᠢ᠍ᠮᠠᠳᠤᠭᠠᠷ ᠵᠦᠢᠯ  ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠣᠬᠢᠶᠠᠨ ᠪᠠᠢᠭᠤᠯᠤᠯᠲᠠ᠎ᠶᠢᠨ ᠠᠵᠢᠯ᠎ᠳᠠᠬᠢ ᠤᠳᠤᠷᠢᠳᠤᠯᠭ᠎ᠠ᠎ᠪᠠᠨ ᠦᠨᠡᠨ᠎ᠬᠦ ᠴᠢᠩᠭᠠᠳᠬᠠᠵᠤ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌᠂ ᠠᠵᠢᠯ᠎ᠢᠶᠠᠨ ᠥᠷᠨᠢᠭᠦᠯᠬᠦ᠎ᠶᠢ ᠬᠠᠯᠠᠮᠵᠢᠯᠠᠨ ᠳᠡᠮᠵᠢᠵᠦ᠂ ᠪᠠᠢᠭᠤᠯᠤᠮᠵᠢ᠎ᠶᠢᠨ ᠣᠷᠤᠨ ᠲᠣᠭ᠎ᠠ᠎ᠶᠢ ᠵᠣᠬᠢᠰᠲᠠᠢ ᠲᠣᠬᠢᠷᠠᠭᠤᠯᠤᠨ᠂ ᠠᠵᠢᠯ᠎ᠤᠨ ᠬᠦᠴᠦᠨ᠎ᠢ ᠲᠡᠭᠦᠯᠳᠡᠷᠵᠢᠭᠦᠯᠵᠦ᠂ ᠴᠢᠬᠤᠯᠠ ᠪᠦᠬᠦᠢ ᠠᠵᠢᠯ᠎ᠤᠨ ᠨᠥᠬᠦᠴᠡᠯ ᠪᠠ ᠵᠠᠷᠤᠳᠠᠯ᠎ᠤᠨ ᠪᠠᠲᠤᠯᠠᠭ᠎ᠠ ᠬᠠᠩᠭᠠᠵᠤ᠂ ᠡᠯ᠎ᠡ ᠲᠠᠯ᠎ᠠ᠎ᠶᠢᠨ ᠬᠢᠨ᠎ᠢ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠵᠤ᠂ ᠵᠣᠬᠢᠶᠠᠨ ᠪᠠᠢᠭᠤᠯᠬᠤ ᠠᠵᠢᠯ᠎ᠢ ᠰᠠᠢᠲᠤᠷ ᠬᠢᠬᠦ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠤᠳᠤᠷᠢᠳᠭᠤ ᠪᠠᠭ᠎ᠤᠨ ᠪᠠᠢᠭᠤᠯᠤᠯᠲᠠ᠎ᠶᠢ ᠴᠢᠩᠭᠠᠳᠬᠠᠵᠤ᠂ ᠤᠯᠤᠰ ᠲᠥᠷᠦ᠎ᠶᠢᠨ ᠲᠠᠯ᠎ᠠ᠎ᠪᠠᠷ ᠴᠢᠩᠭ᠎ᠠ᠂ ᠵᠠᠷᠴᠢᠮ᠎ᠢ ᠪᠠᠷᠢᠮᠲᠠᠯᠠᠳᠠᠭ᠂ ᠲᠥᠪ ᠭᠣᠣᠯᠴᠢ᠂ ᠨᠠᠮ᠎ᠤᠨ ᠠᠵᠢᠯ᠎ᠤᠨ ᠥᠩᠭᠡᠷᠡᠯᠲᠡ᠎ᠲᠡᠢ ᠺᠠᠳ᠋ᠷ᠎ᠢ ᠰᠣᠩᠭᠤᠨ ᠳᠡᠪᠱᠢᠭᠦᠯᠵᠦ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠤᠳᠤᠷᠢᠳᠭᠤ ᠺᠠᠳ᠋ᠷ ᠪᠣᠯᠭᠠᠬᠤ᠎ᠶᠢ ᠴᠢᠬᠤᠯᠠᠴᠢᠯᠠᠨ᠎ᠠ᠃

  ᠭᠤᠴᠢ ᠶᠢᠰᠦᠳᠦᠭᠡᠷ ᠵᠦᠢᠯ  ᠵᠣᠬᠢᠶᠠᠨ ᠪᠠᠢᠭᠤᠯᠬᠤ ᠰᠠᠯᠠᠭ᠎ᠠ ᠮᠥᠴᠢᠷ ᠨᠠᠮ᠎ᠤᠨ ᠲᠥᠪ ᠬᠣᠷᠢᠶ᠎ᠠ ᠵᠢᠴᠢ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠎ᠶᠢᠨ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠡᠷᠡᠰ ᠲᠤᠭᠤᠱᠢᠯᠠᠭᠤᠯᠤᠨ ᠬᠡᠷᠡᠭᠵᠢᠭᠦᠯᠵᠦ᠂ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠡᠯᠲᠡᠰ᠎ᠦᠨ ᠶᠠᠪᠤᠳᠠᠯ᠎ᠤᠨ ᠬᠤᠷᠠᠯ᠎ᠤᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠬᠡᠷᠡᠭ ᠵᠥᠪᠯᠡᠬᠦ ᠳᠦᠷᠢᠮ ᠪᠠ ᠵᠢᠷᠤᠮ᠎ᠢ ᠪᠦᠷᠢᠨᠰᠢᠭᠦᠯᠦᠨ᠂ ᠬᠡᠯᠲᠡᠰ᠎ᠦᠨ ᠶᠠᠪᠤᠳᠠᠯ᠎ᠤᠨ ᠬᠤᠷᠠᠯ᠎ᠤᠨ ᠬᠠᠮᠲᠤ᠎ᠶᠢᠨ ᠤᠳᠤᠷᠢᠳᠤᠯᠭ᠎ᠠ ᠪᠠ ᠪᠣᠭᠤᠮᠲᠠ ᠰᠠᠬᠢᠬᠤ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃

  ᠳᠥᠴᠢᠳᠦᠭᠡᠷ ᠵᠦᠢᠯ  ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠨᠢ ᠭᠣᠤᠯ ᠬᠠᠷᠢᠭᠤᠴᠠᠯᠭ᠎ᠠ ᠭᠣᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠵᠢᠯ᠎ᠤᠨ ᠲᠣᠭᠲᠠᠴᠠ᠎ᠪᠠᠨ ᠪᠦᠷᠢᠨᠰᠢᠭᠦᠯᠦᠨ᠂ ᠠᠵᠢᠯ᠎ᠤᠨ ᠶᠠᠪᠤᠴᠠ᠎ᠪᠠᠨ ᠰᠢᠯᠢᠳᠡᠭᠵᠢᠭᠦᠯᠵᠦ᠂ ᠪᠠᠢᠴᠠᠭᠠᠨ ᠰᠤᠳᠤᠯᠤᠯᠲᠠ᠎ᠪᠠᠨ ᠴᠢᠩᠭᠠᠳᠬᠠᠨ᠂ ᠢᠨᠲᠧᠷ ᠰᠦᠯᠵᠢᠶᠡᠨ᠎ᠦ ᠮᠡᠷᠭᠡᠵᠢᠯ᠂ ᠲᠣᠭᠠᠴᠢᠯᠠᠭᠰᠠᠨ ᠮᠡᠷᠭᠡᠵᠢᠯ ᠪᠠ ᠮᠡᠳᠡᠭᠡ ᠵᠠᠩᠭᠢᠵᠢᠯᠲᠠ᠎ᠶᠢᠨ ᠠᠷᠭ᠎ᠠ ᠪᠠᠷᠢᠯ᠎ᠢ ᠬᠡᠷᠡᠭᠯᠡᠬᠦ᠎ᠶᠢ ᠴᠢᠬᠤᠯᠠᠴᠢᠯᠠᠵᠤ᠂ ᠠᠵᠢᠯ᠎ᠤᠨ ᠬᠦᠴᠦᠨ ᠴᠢᠳᠠᠪᠤᠷᠢ᠎ᠪᠠᠨ ᠴᠢᠩᠭᠠᠳᠭᠠᠬᠤ ᠬᠡᠷᠡᠭᠲᠡᠢ᠃

  ᠳᠥᠴᠢᠨ ᠨᠢᠭᠡᠳᠦᠭᠡᠷ ᠵᠦᠢᠯ  ᠵᠣᠬᠢᠶᠠᠨ ᠪᠠᠢᠭᠤᠯᠬᠤ ᠰᠠᠯᠠᠭ᠎ᠠ ᠮᠥᠴᠢᠷ ᠤᠯᠤᠰ ᠲᠥᠷᠦ᠎ᠶᠢᠨ ᠪᠠᠢᠭᠤᠯᠭ᠎ᠠ᠎ᠶᠢᠨ ᠤᠬᠠᠮᠰᠠᠷ᠎ᠢᠶᠠᠨ ᠴᠢᠩᠭᠠᠳᠬᠠᠵᠤ᠂ ᠲᠦᠷᠦᠭᠦᠯᠡᠨ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠱᠢᠯᠢᠳᠡᠭ ᠰᠤᠷᠲᠠᠯ᠎ᠢ ᠪᠠᠳᠠᠷᠠᠭᠤᠯᠵᠤ᠂ ᠲᠦᠷᠦᠭᠦᠯᠡᠨ《ᠳᠥᠷᠪᠡᠨ ᠤᠬᠠᠮᠰᠠᠷ》᠎ᠢᠶᠠᠨ ᠴᠢᠩᠭᠠᠳᠬᠠᠵᠤ᠂ 《ᠳᠥᠷᠪᠡᠨ ᠢᠲᠡᠭᠡᠯ》᠎ᠢᠶᠠᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠨᠠᠮ᠎ᠤᠨ ᠤᠯᠤᠰ ᠲᠥᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠬᠤ᠎ᠶᠢ ᠪᠠᠷᠢᠮᠲᠠᠯᠠᠵᠤ᠂ ᠬᠡᠯᠲᠡᠰ᠎ᠢ ᠴᠢᠩᠭ᠎ᠠ ᠵᠠᠰᠠᠬᠤ᠂ ᠪᠡᠶ᠎ᠡ᠎ᠪᠡᠨ ᠴᠢᠩᠭ᠎ᠠ ᠱᠠᠭᠠᠷᠳᠠᠬᠤ᠂ ᠡᠩᠨᠡᠭᠡ᠎ᠶᠢ ᠴᠢᠩᠭ᠎ᠠ ᠳᠠᠭᠠᠭᠤᠯᠬᠤ᠎ᠶᠢ ᠭᠦᠨᠵᠡᠭᠡᠢ ᠠᠬᠢᠭᠤᠯᠵᠤ᠂ ᠤᠯᠤᠰ ᠲᠥᠷᠦ᠎ᠶᠢ ᠡᠷᠬᠢᠮᠯᠡᠬᠦ᠌᠂ ᠲᠥᠪ ᠭᠣᠤᠯᠴᠢ᠎ᠶᠢ ᠴᠢᠬᠤᠯᠠᠴᠢᠯᠠᠬᠤ᠂ ᠲᠤᠬᠠᠢᠯᠠᠭᠰᠠᠨ ᠠᠵᠢᠯ᠎ᠳᠤ᠎ᠪᠠᠨ ᠴᠠᠭᠠᠷᠠᠭᠰᠠᠨ᠂ ᠰᠤᠷᠲᠠᠯ ᠰᠠᠢᠨ ᠵᠢᠱ᠌ᠢᠶᠡᠴᠢ ᠰᠠᠯᠠᠭ᠎ᠠ ᠮᠥᠴᠢᠷ᠎ᠢ ᠴᠢᠷᠮᠠᠢᠨ ᠪᠠᠢᠭᠤᠯᠵᠤ᠂ ᠨᠠᠮ᠎ᠤᠨ ᠲᠥᠪ ᠬᠣᠷᠢᠶ᠎ᠠ᠎ᠶᠢ ᠰᠡᠳᠬᠢᠯ ᠠᠮᠤᠷ ᠪᠠᠢᠯᠭᠠᠵᠤ᠂ ᠨᠠᠮ᠎ᠤᠨ ᠭᠡᠱᠢᠭᠦᠨ ᠺᠠᠳ᠋ᠷ ᠴᠢᠳᠠᠪᠤᠷᠢᠲᠠᠨ᠎ᠳᠤ ᠢᠲᠡᠭᠡᠭᠦᠯᠵᠦ᠂ ᠠᠷᠠᠳ ᠣᠯᠠᠨ᠎ᠢ ᠰᠡᠳᠬᠢᠯ ᠬᠠᠨᠤᠮᠵᠢᠲᠠᠢ ᠪᠠᠢᠯᠭᠠᠬᠤ ᠬᠡᠷᠡᠭᠲᠡᠢ᠃

  ᠵᠣᠬᠢᠶᠠᠨ ᠪᠠᠢᠭᠤᠯᠤᠯᠲᠠ᠎ᠶᠢᠨ ᠠᠵᠢᠯ᠎ᠤᠨ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠵᠤ᠂ ᠤᠯᠤᠰ ᠲᠥᠷᠦ᠎ᠶᠢᠨ ᠰᠠᠬᠢᠯᠭ᠎ᠠ ᠪᠠᠲᠤ ᠪᠠ ᠤᠯᠤᠰ ᠲᠥᠷᠦ᠎ᠶᠢᠨ ᠶᠣᠰᠤ ᠳᠦᠷᠢᠮ᠎ᠦᠨ ᠬᠥᠮᠦᠵᠢᠯ᠎ᠢ ᠴᠢᠩᠭᠠᠳᠬᠠᠵᠤ᠂ ᠵᠣᠬᠢᠶᠠᠨ ᠪᠠᠢᠭᠤᠯᠤᠯᠲᠠ᠎ᠶᠢᠨ ᠠᠵᠢᠯᠲᠠᠨ᠎ᠤ ᠶᠠᠪᠤᠳᠠᠯ᠎ᠤᠨ ᠰᠠᠬᠢᠯᠭ᠎ᠠ ᠪᠠᠲᠤ ᠪᠠ ᠨᠢᠭᠤᠴᠠ᠎ᠶᠢ ᠬᠠᠮᠠᠭᠠᠯᠠᠬᠤ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠲᠥᠪ ᠭᠣᠤᠯᠴᠢ ᠠᠷᠢᠭᠤᠨ ᠴᠢᠬᠡᠴᠢ ᠪᠠᠢᠬᠤ᠎ᠶᠢ ᠪᠠᠷᠢᠮᠲᠠᠯᠠᠵᠤ᠂ ᠲᠤᠰᠭᠠᠢᠵᠢᠭᠰᠠᠨ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠵᠦ᠂ ᠤᠯᠤᠰ ᠲᠥᠷᠦ᠎ᠶᠢᠨ ᠲᠠᠯ᠎ᠠ᠎ᠪᠠᠷ ᠲᠤᠢᠯ᠎ᠤᠨ ᠨᠠᠢᠳᠠᠪᠤᠷᠢᠲᠠᠢ᠂ ᠨᠠᠮ᠎ᠳ᠋ᠤ᠎ᠪᠠᠨ ᠲᠤᠢᠯ᠎ᠤᠨ ᠦᠨᠡᠨᠴᠢ ᠱᠢᠳᠤᠷᠭᠤ ᠪᠠᠢᠬᠤ᠎ᠶᠢ ᠦᠨᠡᠨ᠎ᠬᠦ ᠪᠠᠲᠤᠯᠠᠬᠤ ᠬᠡᠷᠡᠭᠲᠡᠢ᠃

  ᠳᠥᠴᠢᠨ ᠬᠣᠶᠠᠳᠤᠭᠠᠷ ᠵᠦᠢᠯ  ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠲᠤᠰ ᠳᠦᠷᠢᠮ᠎ᠢ ᠬᠡᠷᠡᠭᠵᠢᠭᠦᠯᠦᠭᠰᠡᠨ ᠪᠠᠢᠳᠠᠯ᠎ᠳᠠᠬᠢ ᠬᠢᠨᠠᠯᠲᠠ ᠪᠠᠢᠴᠠᠭᠠᠯᠲᠠ᠎ᠪᠠᠨ ᠴᠢᠩᠭᠠᠳᠬᠠᠵᠤ᠂ ᠲᠤᠰ ᠳᠦᠷᠢᠮ᠎ᠢ ᠬᠡᠷᠡᠭᠵᠢᠭᠦᠯᠦᠭᠰᠡᠨ ᠪᠠᠢᠳᠠᠯ᠎ᠢ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠢ ᠬᠢᠨᠠᠨ ᠱᠢᠯᠭᠠᠬᠤ ᠠᠭᠤᠯᠭ᠎ᠠ᠎ᠳᠤ ᠣᠷᠣᠭᠤᠯᠵᠤ᠂ ᠲᠣᠭᠤᠷᠢᠨ ᠪᠠᠢᠴᠠᠭᠠᠬᠤ ᠴᠠᠭᠳᠠᠨ ᠪᠠᠢᠴᠠᠭᠠᠬᠤ ᠬᠡᠪᠴᠢᠶᠡᠨ᠎ᠳᠦ ᠣᠷᠤᠭᠤᠯᠬᠤ ᠬᠡᠷᠡᠭᠲᠡᠢ᠃

  ᠳᠥᠴᠢᠨ ᠭᠤᠷᠪᠠᠳᠤᠭᠠᠷ ᠵᠦᠢᠯ ᠲᠤᠰ ᠳᠦᠷᠢᠮ᠎ᠦᠨ ᠬᠣᠯᠪᠤᠭᠳᠠᠯ ᠪᠦᠬᠦᠢ ᠲᠣᠭᠲᠠᠭᠠᠯ᠎ᠢ ᠵᠥᠷᠢᠴᠡᠭᠰᠡᠨ ᠪᠣᠯ᠂ ᠦᠢᠯᠡ ᠪᠠᠢᠳᠠᠯ᠎ᠤᠨ ᠬᠦᠨᠳᠦ ᠬᠥᠩᠭᠡᠨ᠎ᠢ᠎ᠨᠢ ᠦᠨᠳᠦᠰᠦᠯᠡᠨ᠂ ᠱᠢᠭᠦᠮᠵᠢᠯᠡᠨ ᠰᠤᠷᠭᠠᠬᠤ᠂ ᠵᠠᠷᠯᠢᠭᠳᠠᠨ ᠪᠠᠢᠴᠠᠭᠠᠬᠤ᠂ ᠰᠡᠷᠡᠮᠵᠢᠯᠡᠭᠦᠯᠦᠨ ᠴᠡᠭᠡᠷᠯᠡᠭᠦᠯᠬᠦ᠌᠂ ᠵᠣᠬᠢᠶᠠᠨ ᠪᠠᠢᠭᠤᠯᠤᠯᠲᠠ᠎ᠶᠢᠨ ᠲᠠᠯ᠎ᠠ᠎ᠪᠠᠷ ᠱᠢᠢᠳᠪᠦᠷᠢᠯᠡᠬᠦ ᠪᠤᠶᠤ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠤᠭᠠᠷ ᠱᠢᠢᠳᠬᠡᠯ ᠥᠭᠭᠦᠨ᠎ᠡ᠃

 

    ᠳᠣᠯᠤᠳᠤᠭᠠᠷ ᠪᠦᠯᠦᠭ   ᠳᠠᠭᠠᠯᠳᠤᠭᠤᠯᠤᠯ ᠳᠦᠷᠢᠮ

 

  ᠳᠥᠴᠢᠨ ᠳᠥᠷᠪᠡᠳᠦᠭᠡᠷ ᠵᠦᠢᠯ  ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠲᠤᠰ ᠳᠦᠷᠢᠮ᠎ᠦᠨ ᠵᠣᠷᠢᠭ ᠰᠠᠨᠠᠭ᠎ᠠ᠎ᠶᠢ ᠦᠨᠳᠦᠰᠦᠯᠡᠵᠦ᠂ ᠬᠣᠯᠪᠤᠭᠳᠠᠯ ᠪᠦᠬᠦᠢ ᠲᠣᠭᠲᠠᠭᠠᠯ᠎ᠢ ᠲᠣᠭᠲᠠᠭᠠᠵᠤ ᠪᠣᠯᠤᠨ᠎ᠠ᠃

  ᠳᠥᠴᠢᠨ ᠲᠠᠪᠤᠳᠤᠭᠠᠷ ᠵᠦᠢᠯ  ᠲᠤᠰ ᠳᠦᠷᠢᠮ᠎ᠢ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠡᠴᠡ ᠬᠠᠷᠢᠭᠤᠴᠠᠨ ᠲᠠᠢᠯᠪᠤᠷᠢᠯᠠᠨ᠎ᠠ᠃

  ᠳᠥᠴᠢᠨ ᠵᠢᠷᠭᠤᠳᠤᠭᠠᠷ ᠵᠦᠢᠯ  ᠲᠤᠰ ᠳᠦᠷᠢᠮ᠎ᠢ ᠨᠡᠢᠲᠡᠯᠡᠭᠰᠡᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

 

    (ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ)

 

 

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃