ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠰᠦᠯᠳᠡ ᠨᠠᠮ᠎ᠤᠨ ᠲᠤᠭ᠎ᠤᠨ ᠳᠦᠷᠢᠮ
2021.10.08

(2021 ᠣᠨ᠎ᠤ 6 ᠰᠠᠷ᠎ᠠ᠎ᠶᠢᠨ 17᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶᠠᠨ᠎ᠤ ᠬᠤᠷᠠᠯ᠎ᠠᠴᠠ ᠬᠢᠨᠠᠨ ᠶᠠᠷᠢᠯᠴᠠᠵᠤ ᠵᠥᠪᠱᠢᠶᠡᠷᠡᠪᠡ᠂ 2021 ᠣᠨ᠎ᠤ 6 ᠰᠠᠷ᠎ᠠ᠎ᠶᠢᠨ 26᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠨᠡᠢᠲᠡᠯᠡᠪᠡ)

 

  ᠨᠢᠭᠡᠳᠦᠭᠡᠷ ᠵᠦᠢᠯ  ᠨᠠᠮ᠎ᠤᠨ ᠰᠦᠯᠳᠡ ᠨᠠᠮ᠎ᠤᠨ ᠲᠤᠭ᠎ᠢ ᠦᠢᠯᠡᠳᠬᠦ᠂ ᠬᠡᠷᠡᠭᠯᠡᠬᠦ᠂ ᠬᠠᠮᠢᠶᠠᠷᠬᠤ᠎ᠶᠢ ᠵᠢᠷᠤᠮᠵᠢᠭᠤᠯᠵᠤ᠂ ᠨᠠᠮ᠎ᠤᠨ ᠰᠦᠯᠳᠡ ᠨᠠᠮ᠎ᠤᠨ ᠲᠤᠭ᠎ᠤᠨ ᠤᠯᠤᠰ ᠲᠥᠷᠦ᠎ᠶᠢᠨ ᠴᠢᠳᠠᠪᠬᠢ᠎ᠶᠢ ᠭᠦᠢᠴᠡᠳ ᠪᠠᠳᠠᠷᠠᠭᠤᠯᠵᠤ᠂ ᠨᠠᠮ᠎ᠤᠨ ᠨᠢᠭᠲᠠᠷᠠᠯ᠎ᠤᠨ ᠬᠦᠴᠦᠨ᠂ ᠳᠠᠢᠴᠢᠨ ᠬᠦᠴᠦᠨ᠎ᠢ ᠴᠢᠩᠭᠠᠳᠭᠠᠵᠤ᠂ ᠨᠠᠮ᠎ᠤᠨ ᠭᠡᠱᠢᠭᠦᠨ᠎ᠦ ᠨᠠᠮ᠎ᠤᠨ ᠤᠬᠠᠮᠰᠠᠷ᠎ᠢ ᠬᠥᠭᠵᠢᠭᠡᠵᠦ᠂ ᠪᠦᠬᠦ ᠨᠠᠮ᠎ᠤᠨ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠪᠦᠬᠦ ᠤᠯᠤᠰ᠎ᠤᠨ ᠦᠨᠳᠦᠰᠦᠲᠡᠨ ᠨᠤᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠠᠮ᠎ᠤᠨ ᠲᠤᠭ᠎ᠤᠨ ᠳᠣᠣᠷ᠎ᠠ ᠡᠷᠡᠯᠬᠡᠭᠯᠡᠨ ᠤᠷᠤᠭᠱᠢᠯᠠᠬᠤ᠎ᠶᠢᠨ ᠲᠥᠯᠦᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》᠎ᠢ᠋ ᠦᠨᠳᠦᠰᠦᠯᠡᠨ ᠲᠤᠰ ᠳᠦᠷᠢᠮ᠎ᠢ ᠲᠣᠭᠲᠠᠭᠠᠪᠠ᠃

  ᠬᠣᠶᠠᠳᠤᠭᠠᠷ ᠵᠦᠢᠯ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠰᠦᠯᠳᠡ ᠪᠣᠯ ᠬᠠᠳᠤᠭᠤᠷ ᠠᠯᠤᠬ᠎ᠠ᠎ᠪᠠᠷ ᠪᠦᠷᠢᠯᠳᠦᠭᠰᠡᠨ ᠵᠢᠷᠤᠭ ᠳᠦᠷᠰᠦ ᠪᠣᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠭ ᠪᠣᠯ ᠠᠯᠲᠠᠨ ᠱᠢᠷᠭᠠᠯ ᠨᠠᠮ᠎ᠤᠨ ᠰᠦᠯᠳᠡ᠎ᠶᠢᠨ ᠵᠢᠷᠤᠭ᠎ᠲᠠᠢ ᠤᠯᠠᠭᠠᠨ ᠲᠤᠭ ᠪᠣᠯᠤᠨ᠎ᠠ᠃

  ᠨᠠᠮ᠎ᠤᠨ ᠰᠦᠯᠳᠡ ᠨᠠᠮ᠎ᠤᠨ ᠲᠤᠭ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠠᠵᠢᠯᠴᠢᠨ ᠠᠩᠭᠢ᠎ᠶᠢᠨ ᠬᠣᠱᠢᠭᠤᠴᠢ ᠠᠩᠭᠢ ᠮᠥᠨ᠂ ᠮᠥᠨ ᠴᠦ᠍ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶᠢᠨ ᠦᠨᠳᠦᠰᠦᠲᠡᠨ᠎ᠦ ᠬᠣᠱᠢᠭᠤᠴᠢ ᠠᠩᠭᠢ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠳ᠋ᠦ᠍ ᠵᠣᠯ ᠵᠢᠷᠭᠠᠯ ᠡᠳ᠋ᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠵᠦ᠂ ᠡᠪ ᠬᠠᠮᠲᠤ ᠶᠣᠰᠤᠨ᠎ᠤ ᠠᠯᠤᠰ ᠬᠡᠳᠦ᠎ᠶᠢᠨ ᠬᠦᠰᠡᠯᠡᠩ᠎ᠢ ᠪᠡᠶᠡᠯᠡᠭᠦᠯᠬᠦ᠎ᠶᠢᠨ ᠲᠥᠯᠦᠭᠡ ᠴᠥᠬᠦᠷᠡᠱᠢ᠎ᠦᠭᠡᠢ ᠲᠡᠮᠡᠴᠡᠳᠡᠭ ᠮᠠᠷᠺᠰ᠎ᠤᠨ ᠦᠵᠡᠯ᠎ᠦᠨ ᠲᠥᠷᠦ᠎ᠶᠢᠨ ᠨᠠᠮ ᠮᠥᠨ ᠭᠡᠳᠡᠭ᠎ᠢ ᠢᠯᠡᠷᠡᠭᠦᠯᠪᠡ᠃

  ᠭᠤᠷᠪᠠᠳᠤᠭᠠᠷ ᠵᠦᠢᠯ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠯᠳᠡ ᠨᠠᠮ᠎ᠤᠨ ᠲᠤᠭ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠡᠯᠭᠡᠳᠡᠯ ᠪᠠ ᠪᠡᠯᠭᠡ ᠲᠡᠮᠳᠡᠭ ᠮᠥᠨ᠃

  ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠨᠢᠭᠡᠪᠦᠷᠢ ᠴᠥᠮ ᠨᠠᠮ᠎ᠤᠨ ᠰᠦᠯᠳᠡ ᠨᠠᠮ᠎ᠤᠨ ᠲᠤᠭ᠎ᠤᠨ ᠨᠡᠷ᠎ᠡ ᠬᠦᠨᠳᠦ᠎ᠶᠢ ᠬᠠᠮᠠᠭᠠᠯᠠᠬᠤ ᠬᠡᠷᠡᠭᠲᠡᠢ᠃

  ᠳᠥᠷᠪᠡᠳᠦᠭᠡᠷ ᠵᠦᠢᠯ  ᠨᠠᠮ᠎ᠤᠨ ᠰᠦᠯᠳᠡ ᠨᠠᠮ᠎ᠤᠨ ᠲᠤᠭ᠎ᠢ ᠦᠢᠯᠡᠳᠬᠦ᠂ ᠬᠡᠷᠡᠭᠯᠡᠬᠦ᠂ ᠬᠠᠮᠢᠶᠠᠷᠬᠤ᠎ᠳᠤ ᠡᠷᠬᠡᠪᠱᠢ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠵᠢᠷᠤᠮᠵᠢᠯ᠎ᠢ ᠪᠠᠷᠢᠮᠲᠠᠯᠠᠵᠤ᠂ ᠱᠠᠲᠤ ᠬᠤᠪᠢᠶᠠᠨ ᠬᠠᠷᠢᠭᠤᠴᠠᠬᠤ᠂ ᠲᠥᠪᠯᠡᠷᠡᠭᠦᠯᠦᠨ ᠬᠠᠮᠢᠶᠠᠷᠬᠤ᠎ᠶᠢ ᠪᠠᠷᠢᠮᠲᠠᠯᠠᠬᠤ ᠬᠡᠷᠡᠭᠲᠡᠢ᠃

  ᠲᠠᠪᠤᠳᠤᠭᠠᠷ ᠵᠦᠢᠯ  ᠨᠠᠮ᠎ᠤᠨ ᠰᠦᠯᠳᠡ᠎ᠶᠢᠨ ᠳ᠋ᠢᠶᠠᠮᠧᠲᠷ᠎ᠦᠨ ᠨᠡᠢᠳᠡᠮ ᠬᠡᠷᠡᠭᠯᠡᠬᠦ ᠪᠠᠷᠢᠮᠵᠢᠶ᠎ᠠ᠎ᠨᠢ ᠳᠣᠣᠷᠠᠬᠢ ᠮᠡᠲᠦ 3 ᠵᠦᠢᠯ ᠪᠣᠯᠤᠨ᠎ᠠ᠄

  (ᠨᠢᠭᠡ) 100 ᠰᠡᠨᠲ᠋ᠢᠮᠧᠲᠷ;

  (ᠬᠣᠶᠠᠷ) 80 ᠰᠡᠨᠲ᠋ᠢᠮᠧᠲᠷ;

  (ᠭᠤᠷᠪᠠ) 60 ᠰᠡᠨᠲ᠋ᠢᠮᠧᠲᠷ᠃

  ᠨᠡᠢᠳᠡᠮ᠎ᠦᠨ ᠬᠡᠷᠡᠭᠯᠡᠭᠡᠨ᠎ᠦ ᠪᠤᠰᠤ ᠪᠠᠷᠢᠮᠵᠢᠶ᠎ᠠ᠎ᠲᠠᠢ ᠨᠠᠮ᠎ᠤᠨ ᠰᠦᠯᠳᠡ᠎ᠶᠢ ᠡᠯᠭᠦᠬᠦ ᠴᠢᠬᠤᠯᠠᠲᠠᠢ ᠪᠠᠢᠪᠠᠯ᠂ ᠨᠡᠢᠳᠡᠮ ᠬᠡᠷᠡᠭᠯᠡᠬᠦ ᠪᠠᠷᠢᠮᠵᠢᠶ᠎ᠠ᠎ᠪᠠᠷ ᠬᠠᠷᠢᠴᠠᠯ ᠪᠣᠯᠭᠠᠵᠤ ᠵᠣᠬᠢᠰᠲᠠᠢ᠎ᠪᠠᠷ ᠶᠡᠬᠡᠰᠭᠡᠬᠦ ᠪᠤᠶᠤ ᠪᠠᠭᠠᠰᠭᠠᠵᠤ᠂ ᠡᠯᠭᠦᠭᠰᠡᠨ ᠠᠬᠤᠢ ᠪᠠᠢᠳᠠᠯ᠂ ᠲᠠᠯᠠᠪᠤᠷ᠎ᠲᠠᠢ ᠵᠣᠬᠢᠴᠠᠭᠤᠯᠬᠤ ᠬᠡᠷᠡᠭᠲᠡᠢ᠃

  ᠨᠠᠮ᠎ᠤᠨ ᠰᠦᠯᠳᠡ᠎ᠶᠢᠨ ᠵᠢᠷᠤᠭ ᠳᠦᠷᠰᠦ᠎ᠳ᠋ᠦ᠍ ᠶᠡᠷᠦᠳᠡᠭᠡᠨ ᠠᠯᠲᠠᠨ ᠱᠢᠷᠭᠠᠯ ᠪᠤᠶᠤ ᠤᠯᠠᠭᠠᠨ ᠥᠩᠭᠡ᠎ᠶᠢ ᠬᠡᠷᠡᠭᠯᠡᠳᠡᠭ᠃

  ᠵᠢᠷᠭᠤᠳᠤᠭᠠᠷ ᠵᠦᠢᠯ  ᠳᠣᠣᠷ᠎ᠠ ᠵᠢᠭᠰᠠᠭᠠᠭᠰᠠᠨ ᠪᠠᠢᠳᠠᠯ᠎ᠳᠤ ᠨᠠᠮ᠎ᠤᠨ ᠰᠦᠯᠳᠡ ᠪᠤᠶᠤ ᠨᠠᠮ᠎ᠤᠨ ᠰᠦᠯᠳᠡ᠎ᠶᠢᠨ ᠵᠢᠷᠤᠭ ᠳᠦᠷᠰᠦ᠎ᠶᠢ ᠬᠡᠷᠡᠭᠯᠡᠬᠦ ᠬᠡᠷᠡᠭᠲᠡᠢ᠄

  (ᠨᠢᠭᠡ) ᠨᠠᠮ᠎ᠤᠨ ᠪᠦᠬᠦ ᠤᠯᠤᠰ᠎ᠤᠨ ᠲᠥᠯᠦᠭᠡᠯᠡᠭᠴᠢᠳ᠎ᠦᠨ ᠶᠡᠬᠡ ᠬᠤᠷᠠᠯ᠂ ᠲᠥᠯᠦᠭᠡᠯᠡᠭᠴᠢᠳ᠎ᠦᠨ ᠬᠤᠷᠠᠯ ᠪᠠ ᠣᠷᠤᠨ ᠨᠤᠲᠤᠭ᠎ᠤᠨ ᠡᠯ᠎ᠡ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠂ ᠲᠥᠯᠦᠭᠡᠯᠡᠭᠴᠢᠳ᠎ᠦᠨ ᠬᠤᠷᠠᠯ᠎ᠢ ᠬᠤᠷᠠᠯᠳᠤᠭᠤᠯᠬᠤ᠎ᠳᠤ᠂ ᠢᠯᠡᠷᠬᠡᠢ ᠪᠠᠢᠷᠢᠨ᠎ᠳᠤ ᠨᠠᠮ᠎ᠤᠨ ᠰᠦᠯᠳᠡ᠎ᠶᠢ ᠡᠯᠭᠦᠬᠦ ᠪᠥᠭᠡᠳ ᠨᠠᠮ᠎ᠤᠨ ᠰᠦᠯᠳᠡ᠎ᠶᠢᠨ ᠬᠣᠶᠠᠷ ᠲᠠᠯ᠎ᠠ᠎ᠳᠤ ᠲᠤᠰ ᠪᠦᠷᠢ 5 ᠤᠯᠠᠭᠠᠨ ᠲᠤᠭ ᠪᠠᠢᠷᠢᠯᠠᠭᠤᠯᠤᠨ᠎ᠠ;

  (ᠬᠣᠶᠠᠷ) ᠨᠠᠮ᠎ᠤᠨ ᠲᠥᠪ ᠬᠣᠷᠢᠶ᠎ᠠ ᠪᠠ ᠣᠷᠤᠨ ᠨᠤᠲᠤᠭ᠎ᠤᠨ ᠬᠣᠷᠢᠶᠠᠨ᠎ᠤ ᠪᠦᠭᠦᠳᠡ ᠬᠤᠷᠠᠯ᠎ᠢ ᠬᠤᠷᠠᠯᠳᠤᠭᠤᠯᠬᠤ᠎ᠳᠤ᠂ ᠢᠯᠡᠷᠬᠡᠢ ᠪᠠᠢᠷᠢᠨ᠎ᠳᠤ ᠨᠠᠮ᠎ᠤᠨ ᠰᠦᠯᠳᠡ᠎ᠶᠢ ᠡᠯᠭᠦᠨ᠎ᠡ;

  (ᠭᠤᠷᠪᠠ) ᠨᠠᠮ᠎ᠤᠨ ᠲᠥᠪ ᠬᠣᠷᠢᠶ᠎ᠠ ᠪᠠ ᠣᠷᠤᠨ ᠨᠤᠲᠤᠭ᠎ᠤᠨ ᠬᠣᠷᠢᠶ᠎ᠠ ᠵᠢᠴᠢ ᠲᠡᠭᠦᠨ᠎ᠦ ᠠᠵᠢᠯ᠎ᠤᠨ ᠰᠠᠯᠠᠭ᠎ᠠ ᠮᠥᠴᠢᠷ᠂ ᠨᠠᠮ᠎ᠤᠨ ᠲᠥᠪ ᠬᠣᠷᠢᠶ᠎ᠠ ᠪᠠ ᠣᠷᠤᠨ ᠨᠤᠲᠤᠭ᠎ᠤᠨ ᠬᠣᠷᠢᠶ᠎ᠠ᠎ᠠᠴᠠ ᠣᠨᠴᠠ ᠲᠣᠭᠲᠠᠭᠰᠠᠨ ᠭᠠᠵᠠᠷ ᠣᠷᠤᠨ᠎ᠳᠤ ᠲᠣᠮᠢᠯᠠᠭᠰᠠᠨ ᠲᠥᠯᠦᠭᠡᠯᠡᠬᠦ ᠪᠠᠢᠭᠤᠯᠭ᠎ᠠ ᠵᠢᠴᠢ ᠲᠡᠭᠦᠨ᠎ᠦ ᠠᠵᠢᠯ᠎ᠤᠨ ᠰᠠᠯᠠᠭ᠎ᠠ ᠮᠥᠴᠢᠷ᠂ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠂ ᠨᠠᠮ᠎ᠤᠨ ᠤᠳᠤᠷᠢᠳᠬᠤ ᠳᠤᠭᠤᠢᠯᠠᠩ᠂ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠲᠠᠮᠠᠭ᠎ᠠ (ᠲᠠᠮᠠᠭ᠎ᠠ᠎ᠶᠢᠨ ᠬᠡᠪ) ᠶ᠋ᠢᠨ ᠳᠤᠮᠳᠠ᠎ᠨᠢ ᠨᠠᠮ᠎ᠤᠨ ᠰᠦᠯᠳᠡ᠎ᠶᠢᠨ ᠵᠢᠷᠤᠭ ᠰᠡᠢᠯᠦᠨ᠎ᠡ᠃

  ᠳᠣᠯᠤᠳᠤᠭᠠᠷ ᠵᠦᠢᠯ  ᠨᠠᠮ᠎ᠤᠨ ᠦᠨᠳᠦᠰᠦᠨ ᠱᠠᠲᠤᠨ᠎ᠤ ᠬᠣᠷᠢᠶ᠎ᠠ ᠨᠠᠮ᠎ᠤᠨ ᠭᠡᠱᠢᠭᠦᠳ᠎ᠦᠨ ᠶᠡᠬᠡ ᠬᠤᠷᠠᠯ ᠪᠤᠶᠤ ᠨᠠᠮ᠎ᠤᠨ ᠭᠡᠱᠢᠭᠦᠳ᠎ᠦᠨ ᠲᠥᠯᠦᠭᠡᠯᠡᠭᠴᠢᠳ᠎ᠦᠨ ᠶᠡᠬᠡ ᠬᠤᠷᠠᠯ ᠬᠤᠷᠠᠯᠳᠤᠭᠤᠯᠬᠤ᠎ᠳᠣ᠌᠎ᠪᠠᠨ ᠬᠡᠷᠡᠭᠴᠡᠭᠡ᠎ᠪᠡᠨ ᠦᠨᠳᠦᠰᠦᠯᠡᠨ ᠨᠠᠮ᠎ᠤᠨ ᠰᠦᠯᠳᠡ᠎ᠶᠢ ᠡᠯᠭᠦᠵᠦ ᠪᠣᠯᠤᠨ᠎ᠠ᠃

  ᠳᠣᠣᠷ᠎ᠠ ᠵᠢᠭᠰᠠᠭᠠᠭᠰᠠᠨ ᠪᠠᠢᠳᠠᠯ᠎ᠳᠤ ᠨᠠᠮ᠎ᠤᠨ ᠰᠦᠯᠳᠡ᠎ᠶᠢᠨ ᠵᠢᠷᠤᠭ ᠲᠣᠷᠰᠤ᠎ᠶᠢ ᠬᠡᠷᠡᠭᠯᠡᠵᠦ ᠪᠣᠯᠤᠨ᠎ᠠ᠄

  (ᠨᠢᠭᠡ) ᠨᠠᠮ᠎ᠤᠨ ᠳᠣᠲᠤᠭᠠᠳᠤ᠎ᠶᠢᠨ ᠴᠢᠬᠤᠯᠠ ᠬᠤᠷᠠᠯ᠂ ᠴᠢᠬᠤᠯᠠ ᠠᠵᠢᠯᠯᠠᠭ᠎ᠠ᠎ᠳᠤ ᠬᠡᠷᠡᠭᠯᠡᠬᠦ ᠦᠨᠡᠮᠯᠡᠯ᠂ ᠢᠯᠭᠠᠬᠤ ᠲᠡᠮᠳᠡᠭ ᠵᠡᠷᠭᠡ;

  (ᠬᠣᠶᠠᠷ) ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠣᠯᠭᠤᠭᠰᠠᠨ ᠱᠠᠩᠨᠠᠯ᠎ᠤᠨ ᠲᠡᠮᠳᠡᠭ᠂ ᠰᠦᠯᠳᠡ ᠲᠡᠮᠳᠡᠭ᠂ ᠱᠠᠩᠨᠠᠯ᠎ᠤᠨ ᠪᠢᠴᠢᠭ᠂ ᠦᠨᠡᠮᠯᠡᠯ ᠪᠠ ᠪᠤᠰᠤᠳ ᠢᠷᠠᠭᠤ ᠠᠯᠳᠠᠷ᠎ᠤᠨ ᠴᠢᠨᠠᠷᠲᠠᠢ ᠪᠢᠴᠢᠭ ᠬᠠᠷ᠎ᠠ᠂ ᠭᠡᠷᠡᠴᠢ ᠦᠨᠡᠮᠯᠡᠯ᠂ ᠦᠢᠯᠡᠳᠦᠭᠰᠡᠨ ᠬᠣᠯᠪᠤᠭᠳᠠᠯ ᠪᠦᠬᠦᠢ ᠠᠵᠢᠯ᠎ᠤᠨ ᠦᠨᠡᠮᠯᠡᠯ ᠵᠡᠷᠭᠡ;

  (ᠭᠤᠷᠪᠠ) ᠨᠠᠮ᠎ᠤᠨ ᠳᠣᠲᠤᠭᠠᠳᠤ᠎ᠶᠢᠨ ᠴᠢᠬᠤᠯᠠ ᠬᠡᠪᠯᠡᠭᠳᠡᠬᠦᠨ᠂ ᠤᠬᠠᠭᠤᠯᠬᠤ ᠮᠠᠲᠧᠷᠢᠶᠠᠯ ᠵᠡᠷᠭᠡ;

  (ᠳᠥᠷᠪᠡ) ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠰᠦᠯᠵᠢᠶ᠎ᠡ ᠪᠠ ᠰᠦᠯᠵᠢᠶᠡᠨ᠎ᠦ ᠥᠷᠲᠡᠭᠡ;

  (ᠲᠠᠪᠤ) ᠨᠠᠮ᠎ᠤᠨ ᠭᠡᠱᠢᠭᠦᠨ᠎ᠦ ᠬᠥᠮᠦᠵᠢᠯ᠎ᠦᠨ ᠰᠠᠭᠤᠷᠢᠨ᠂ ᠨᠠᠮ᠎ᠤᠨ ᠭᠡᠱᠢᠭᠦᠨ᠎ᠦ ᠬᠣᠱᠢᠭᠤᠴᠢ ᠠᠵᠢᠯ᠎ᠤᠨ ᠪᠠᠢᠷᠢ᠂ ᠨᠠᠮ᠎ᠤᠨ ᠪᠠᠢᠭᠤᠯᠤᠯᠲᠠ᠎ᠶᠢᠨ ᠤᠬᠠᠭᠤᠯᠭ᠎ᠠ᠎ᠶᠢᠨ ᠪᠤᠯᠤᠩ (ᠬᠡᠷᠡᠮ) ᠵᠢᠴᠢ ᠨᠠᠮ᠎ᠤᠨ ᠭᠡᠱᠢᠭᠦᠨ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠂ ᠨᠠᠮ᠎ᠤᠨ ᠭᠡᠱᠢᠭᠦᠨ᠎ᠦ ᠠᠵᠢᠯᠯᠠᠭᠠᠨ᠎ᠤ ᠲᠠᠰᠤᠭ ᠵᠡᠷᠭᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯᠯᠠᠭᠠᠨ᠎ᠤ ᠲᠠᠯᠠᠪᠤᠷ;

  (ᠵᠢᠷᠭᠤᠭ᠎ᠠ) ᠨᠠᠮ᠎ᠠᠴᠠ ᠥᠷᠨᠢᠭᠦᠯᠦᠭᠰᠡᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠃

  ᠨᠠᠢ᠍ᠮᠠᠳᠤᠭᠠᠷ ᠵᠦᠢᠯ  ᠨᠠᠮ᠎ᠤᠨ ᠲᠤᠭ᠎ᠤᠨ ᠨᠡᠢᠳᠡᠮ ᠬᠡᠷᠡᠭᠯᠡᠬᠦ ᠪᠠᠷᠢᠮᠵᠢᠶ᠎ᠠ᠎ᠨᠢ ᠳᠣᠣᠷ᠎ᠠ ᠵᠢᠭᠰᠠᠭᠠᠭᠰᠠᠨ 5 ᠵᠦᠢᠯ ᠪᠣᠢ᠄

  (ᠨᠢᠭᠡ) ᠤᠷᠲᠤ᠎ᠨᠢ 288 ᠰᠡᠨᠲ᠋ᠢᠮᠧᠲᠷ᠂ ᠥᠷᠭᠡᠨ᠎ᠨᠢ 192 ᠰᠡᠨᠲ᠋ᠢᠮᠧᠲᠷ;

  (ᠬᠣᠶᠠᠷ) ᠤᠷᠲᠤ᠎ᠨᠢ 240 ᠰᠡᠨᠲ᠋ᠢᠮᠧᠲᠷ᠂ ᠥᠷᠭᠡᠨ᠎ᠨᠢ 160 ᠰᠡᠨᠲ᠋ᠢᠮᠧᠲᠷ;

  (ᠭᠤᠷᠪᠠ) ᠤᠷᠲᠤ᠎ᠨᠢ 192 ᠰᠡᠨᠲ᠋ᠢᠮᠧᠲᠷ᠂ ᠥᠷᠭᠡᠨ᠎ᠨᠢ 128 ᠰᠡᠨᠲ᠋ᠢᠮᠧᠲᠷ;

  (ᠳᠥᠷᠪᠡ) ᠤᠷᠲᠤ᠎ᠨᠢ 144 ᠰᠡᠨᠲ᠋ᠢᠮᠧᠲᠷ᠂ ᠥᠷᠭᠡᠨ᠎ᠨᠢ 96 ᠰᠡᠨᠲ᠋ᠢᠮᠧᠲᠷ;

  (ᠲᠠᠪᠤ) ᠤᠷᠲᠤ᠎ᠨᠢ 96 ᠰᠡᠨᠲ᠋ᠢᠮᠧᠲᠷ᠂ ᠥᠷᠭᠡᠨ᠎ᠨᠢ 64 ᠰᠡᠨᠲ᠋ᠢᠮᠧᠲᠷ᠃

  ᠣᠨᠴᠠ ᠲᠣᠭᠲᠠᠭᠰᠠᠨ ᠲᠠᠯᠠᠪᠤᠷ᠎ᠲᠤ᠂ ᠨᠡᠢᠳᠡᠮ ᠬᠡᠷᠡᠭᠯᠡᠬᠦ ᠪᠠᠷᠢᠮᠵᠢᠶ᠎ᠠ᠎ᠶᠢᠨ ᠪᠤᠰᠤ ᠨᠠᠮ᠎ᠤᠨ ᠲᠤᠭ᠎ᠢ ᠬᠡᠷᠡᠭᠯᠡᠬᠦ ᠴᠢᠬᠤᠯᠠᠲᠠᠢ ᠪᠠᠢᠪᠠᠯ᠂ ᠨᠡᠢᠳᠡᠮ ᠬᠡᠷᠡᠭᠯᠡᠬᠦ ᠪᠠᠷᠢᠮᠵᠢᠶ᠎ᠠ᠎ᠪᠠᠷ ᠬᠠᠷᠢᠴᠠᠯ ᠪᠣᠯᠭᠠᠵᠤ ᠵᠣᠬᠢᠰᠲᠠᠢ᠎ᠪᠠᠷ ᠶᠡᠬᠡᠰᠭᠡᠬᠦ ᠪᠤᠶᠤ ᠪᠠᠭᠠᠰᠭᠠᠬᠤ ᠬᠡᠷᠡᠭᠲᠡᠢ᠃

  ᠶᠢᠰᠦᠳᠦᠭᠡᠷ ᠵᠦᠢᠯ  ᠳᠣᠣᠷ᠎ᠠ ᠵᠢᠭᠰᠠᠭᠠᠭᠰᠠᠨ ᠪᠠᠢᠳᠠᠯ᠎ᠳᠤ ᠨᠠᠮ᠎ᠤᠨ ᠲᠤᠭ᠎ᠢ ᠬᠡᠷᠡᠭᠯᠡᠬᠦ ᠬᠡᠷᠡᠭᠲᠡᠢ᠄

  (ᠨᠢᠭᠡ) ᠱᠢᠨ᠎ᠡ ᠨᠠᠮ᠎ᠤᠨ ᠭᠡᠱᠢᠭᠦᠨ᠎ᠦ ᠨᠠᠮ᠎ᠳᠤ ᠣᠷᠤᠬᠤ ᠲᠠᠩᠭᠠᠷᠢᠭᠯᠠᠬᠤ ᠶᠣᠰᠤᠯᠠᠯ ᠶᠠᠪᠤᠭᠤᠯᠬᠤ᠎ᠳᠤ᠂ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠵᠤ ᠨᠠᠮ᠎ᠳᠤ ᠣᠷᠤᠬᠤ ᠲᠠᠩᠭᠠᠷᠢᠭ᠎ᠤᠨ ᠦᠭᠡᠰ᠎ᠢ ᠡᠷᠭᠢᠴᠡᠭᠦᠯᠦᠨ ᠤᠩᠱᠢᠬᠤ ᠦᠶᠡᠰ;

  (ᠬᠣᠶᠠᠷ) ᠨᠠᠮ᠎ᠤᠨ ᠳᠣᠲᠤᠭᠠᠳᠤ᠎ᠳᠤ ᠴᠢᠬᠤᠯᠠ ᠶᠡᠬᠡ ᠪᠡᠯᠭᠡᠯᠡᠬᠦ᠂ ᠳᠤᠷᠠᠰᠭᠠᠬᠤ ᠠᠵᠢᠯᠯᠠᠭ᠎ᠠ ᠥᠷᠨᠢᠭᠦᠯᠬᠦ ᠦᠶᠡᠰ;

  (ᠭᠤᠷᠪᠠ) ᠨᠠᠮ᠎ᠤᠨ ᠲᠥᠪ ᠬᠣᠷᠢᠶ᠎ᠠ ᠪᠣᠯᠤᠨ ᠣᠷᠤᠨ ᠨᠤᠲᠤᠭ᠎ᠤᠨ ᠬᠣᠷᠢᠶ᠎ᠠ ᠵᠢᠴᠢ ᠲᠡᠭᠦᠨ᠎ᠦ ᠠᠵᠢᠯ᠎ᠤᠨ ᠰᠠᠯᠠᠭ᠎ᠠ ᠮᠥᠴᠢᠷ᠂ ᠨᠠᠮ᠎ᠤᠨ ᠲᠥᠪ ᠬᠣᠷᠢᠶ᠎ᠠ ᠪᠣᠯᠤᠨ ᠣᠷᠤᠨ ᠨᠤᠲᠤᠭ᠎ᠤᠨ ᠬᠣᠷᠢᠶ᠎ᠠ᠎ᠠᠴᠠ ᠣᠨᠴᠠ ᠲᠣᠭᠲᠠᠭᠰᠠᠨ ᠭᠠᠵᠠᠷ ᠣᠷᠤᠨ᠎ᠳᠤ ᠲᠣᠮᠢᠯᠠᠭᠰᠠᠨ ᠲᠥᠯᠦᠭᠡᠯᠡᠬᠦ ᠪᠠᠢᠭᠤᠯᠭ᠎ᠠ ᠵᠢᠴᠢ ᠲᠡᠭᠦᠨ᠎ᠦ ᠠᠵᠢᠯ᠎ᠤᠨ ᠰᠠᠯᠠᠭ᠎ᠠ ᠮᠥᠴᠢᠷ᠂ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠂ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠤᠨ ᠭᠡᠷ᠃

  ᠠᠷᠪᠠᠳᠤᠭᠠᠷ ᠵᠦᠢᠯ  ᠳᠣᠣᠷ᠎ᠠ ᠵᠢᠭᠰᠠᠭᠠᠭᠰᠠᠨ ᠪᠠᠢᠳᠠᠯ᠎ᠳᠤ ᠨᠠᠮ᠎ᠤᠨ ᠲᠤᠭ᠎ᠢ ᠬᠡᠷᠡᠭᠯᠡᠵᠦ ᠪᠣᠯᠤᠨ᠎ᠠ᠄

  (ᠨᠢᠭᠡ) ᠨᠠᠮ᠎ᠤᠨ ᠭᠡᠱᠢᠭᠦᠳ᠎ᠦᠨ ᠶᠡᠬᠡ ᠬᠤᠷᠠᠯ᠂ ᠨᠠᠮ᠎ᠤᠨ ᠦᠨᠳᠦᠰᠦᠨ ᠱᠠᠲᠤᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠢ ᠬᠤᠷᠠᠯᠳᠤᠭᠤᠯᠬᠤ ᠦᠶᠡᠰ;

  (ᠬᠣᠶᠠᠷ) ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠬᠦ ᠦᠶᠡᠰ;

  (ᠭᠤᠷᠪᠠ) ᠨᠠᠮ᠎ᠤᠨ ᠭᠡᠱᠢᠭᠦᠨ᠎ᠦ ᠬᠥᠮᠦᠵᠢᠯ᠎ᠦᠨ ᠰᠠᠭᠤᠷᠢᠨ ᠭᠠᠵᠠᠷ᠂ ᠨᠠᠮ᠎ᠤᠨ ᠭᠡᠱᠢᠭᠦᠨ᠎ᠦ ᠬᠣᠱᠢᠭᠤᠴᠢ ᠠᠵᠢᠯ᠎ᠤᠨ ᠪᠠᠢᠷᠢ ᠵᠢᠴᠢ ᠨᠠᠮ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠂ ᠨᠠᠮ᠎ᠤᠨ ᠭᠡᠱᠢᠭᠦᠨ᠎ᠦ ᠠᠵᠢᠯᠯᠠᠭᠠᠨ᠎ᠤ ᠲᠠᠰᠤᠭ ᠵᠡᠷᠭᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯᠯᠠᠭᠠᠨ᠎ᠤ ᠲᠠᠯᠠᠪᠤᠷ;

  (ᠳᠥᠷᠪᠡ) ᠴᠢᠬᠤᠯᠠ ᠠᠵᠢᠯ᠂ ᠴᠢᠬᠤᠯᠠ ᠲᠥᠷᠦᠯ ᠵᠦᠢᠯ᠎ᠦᠨ ᠪᠣᠭᠤᠮᠲᠠ ᠱᠢᠪᠲᠤᠯᠬᠤ ᠪᠠ ᠠᠶᠤᠯ ᠭᠠᠮᠱᠢᠭ᠎ᠠᠴᠠ ᠠᠪᠤᠷᠬᠠᠤ᠂ ᠬᠢᠵᠢᠭ᠎ᠲᠡᠢ ᠲᠡᠮᠡᠴᠡᠬᠦ ᠡᠮᠦᠨ᠎ᠡ ᠹᠷᠣᠨᠲ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠭᠰᠠᠭᠠᠯ᠎ᠤᠨ ᠭᠠᠵᠠᠷ᠂ ᠨᠠᠮ᠎ᠤᠨ ᠭᠡᠱᠢᠭᠦᠨ᠎ᠦ ᠭᠠᠪᠱᠢᠭᠠᠢ ᠠᠩᠭᠢ ᠵᠡᠷᠭᠡ;

  (ᠲᠠᠪᠤ) ᠨᠠᠮ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ ᠥᠷᠨᠢᠭᠦᠯᠬᠦ ᠦᠶᠡᠰ᠃

  ᠳᠡᠭᠡᠷ᠎ᠡ ᠳᠤᠷᠠᠳᠤᠭᠰᠠᠨ ᠪᠠᠢᠳᠠᠯ᠎ᠠᠴᠠ ᠭᠠᠳᠠᠨ᠎ᠠ᠂ ᠡᠩ᠎ᠦᠨ ᠪᠠᠢᠳᠠᠯ᠎ᠳᠤ ᠨᠠᠮ᠎ᠤᠨ ᠰᠦᠯᠳᠡ᠎ᠶᠢᠨ ᠵᠢᠷᠤᠭ ᠳᠦᠷᠰᠦ᠎ᠪᠡᠷ ᠬᠡᠷᠡᠭᠯᠡᠵᠦ ᠪᠣᠯᠬᠤ ᠪᠠᠢᠳᠠᠯ᠎ᠢᠶᠠᠷ ᠯᠠᠪᠯᠠᠯᠲᠠ ᠪᠣᠯᠭᠠᠵᠤ ᠨᠠᠮ᠎ᠤᠨ ᠲᠤᠭ᠎ᠤᠨ ᠵᠢᠷᠤᠭ ᠳᠦᠷᠰᠦ᠎ᠶᠢ ᠬᠡᠷᠡᠭᠯᠡᠵᠦ ᠪᠣᠯᠤᠨ᠎ᠠ᠃

  ᠠᠷᠪᠠᠨ ᠨᠢᠭᠡᠳᠦᠭᠡᠷ ᠵᠦᠢᠯ  ᠣᠨᠴᠠᠭᠠᠢ ᠪᠠᠢᠳᠠᠯ᠎ᠳᠤ ᠨᠠᠮ᠎ᠤᠨ ᠲᠤᠭ ᠪᠠ ᠪᠤᠰᠤᠳ ᠲᠤᠭ᠎ᠢ ᠵᠡᠷᠭᠡ᠎ᠪᠡᠷ ᠡᠯᠭᠦᠬᠦ ᠴᠢᠬᠤᠯᠠᠲᠠᠢ ᠦᠶ᠎ᠡ᠎ᠳ᠋ᠦ᠍᠂ ᠨᠠᠮ᠎ᠤᠨ ᠲᠤᠭ᠎ᠢ ᠲᠡᠷᠢᠭᠦᠨ ᠪᠠᠢᠷᠢᠨ᠎ᠳᠤ ᠲᠠᠯᠪᠢᠬᠤ ᠬᠡᠷᠡᠭᠲᠡᠢ᠃

  ᠠᠷᠪᠠᠨ ᠬᠣᠶᠠᠳᠤᠭᠠᠷ ᠵᠦᠢᠯ  ᠨᠡᠢᠳᠡᠮ ᠬᠡᠷᠡᠭᠯᠡᠬᠦ ᠪᠠᠷᠢᠮᠵᠢᠶ᠎ᠠ᠎ᠶᠢᠨ ᠪᠤᠰᠤ ᠨᠠᠮ᠎ᠤᠨ ᠰᠦᠯᠳᠡ ᠨᠠᠮ᠎ᠤᠨ ᠲᠤᠭ᠎ᠢ ᠦᠢᠯᠡᠳᠬᠦ ᠦᠶᠡᠰ᠂ ᠲᠣᠭᠲᠠᠭᠠᠭᠰᠠᠨ ᠪᠠᠢᠳᠠᠯ᠎ᠠᠴᠠ ᠭᠠᠳᠠᠭᠤᠷ ᠨᠠᠮ᠎ᠤᠨ ᠰᠦᠯᠳᠡ ᠨᠠᠮ᠎ᠤᠨ ᠲᠤᠭ ᠵᠢᠴᠢ ᠲᠡᠭᠦᠨ᠎ᠦ ᠵᠢᠷᠤᠭ ᠳᠦᠷᠰᠦ᠎ᠶᠢ ᠬᠡᠷᠡᠭᠯᠡᠬᠦ᠎ᠳ᠋ᠦ᠍ ᠬᠦᠷᠪᠡᠯ᠂ ᠱᠢᠶᠠᠨ᠎ᠤ ᠱᠠᠲᠤᠨ᠎ᠠᠴᠠ ᠳᠡᠭᠡᠭᠱᠢᠬᠢ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠲᠦ᠍ ᠮᠡᠳᠡᠭᠦᠯᠵᠦ ᠵᠥᠪᠱᠢᠶᠡᠷᠡᠭᠦᠯᠬᠦ ᠬᠡᠷᠡᠭᠲᠡᠢ᠃

  ᠠᠷᠪᠠᠨ ᠭᠤᠷᠪᠠᠳᠤᠭᠠᠷ ᠵᠦᠢᠯ  ᠨᠠᠮ᠎ᠤᠨ ᠰᠦᠯᠳᠡ ᠨᠠᠮ᠎ᠤᠨ ᠲᠤᠭ ᠵᠢᠴᠢ ᠲᠡᠭᠦᠨ᠎ᠦ ᠵᠢᠷᠤᠭ ᠳᠦᠷᠰᠦ᠎ᠶᠢ ᠳᠣᠣᠷᠠᠬᠢ ᠵᠦᠢᠯ᠎ᠳ᠋ᠦ᠍ ᠬᠡᠷᠡᠭᠯᠡᠵᠦ ᠪᠣᠯᠬᠤ᠎ᠦᠭᠡᠢ᠄

  (ᠨᠢᠭᠡ) ᠲᠠᠸᠠᠷ᠎ᠤᠨ ᠲᠡᠮᠳᠡᠭ᠂ ᠲᠤᠰᠭᠠᠢ ᠠᠱᠢᠭ᠎ᠤᠨ ᠡᠷᠬᠡ ᠣᠯᠭᠤᠭᠰᠠᠨ ᠭᠠᠳᠠᠷ ᠳᠦᠷᠰᠦ᠎ᠶᠢᠨ ᠵᠢᠷᠤᠭ ᠲᠥᠯᠦᠪᠯᠡᠭᠡ ᠪᠠ ᠬᠤᠳᠠᠯᠳᠤᠭᠠᠨ᠎ᠤ ᠵᠠᠷ;

  (ᠬᠣᠶᠠᠷ) ᠬᠤᠪᠢ ᠬᠥᠮᠦᠨ᠎ᠦ ᠠᠵᠢᠯᠯᠠᠭ᠎ᠠ;

  (ᠭᠤᠷᠪᠠ) ᠬᠤᠪᠢ ᠬᠥᠮᠦᠨ᠎ᠦ ᠲᠠᠯᠠᠪᠤᠷ᠂ ᠬᠤᠪᠢ ᠬᠥᠮᠦᠨ᠎ᠦ ᠰᠦᠯᠵᠢᠶᠡᠨ᠎ᠦ ᠣᠷᠤᠨ ᠵᠠᠢ᠎ᠶᠢᠨ ᠲᠡᠮᠳᠡᠭ ᠢᠯᠡᠷᠬᠡᠢᠯᠡᠯ᠎ᠦᠨ ᠡᠳ᠋;

  (ᠳᠥᠷᠪᠡ) ᠬᠤᠪᠢ ᠬᠥᠮᠦᠨ᠎ᠦ  ᠡᠳᠦᠷ  ᠲᠤᠲᠤᠮ᠎ᠤᠨ  ᠬᠡᠷᠡᠭᠰᠡᠯ᠂ ᠡᠳᠦᠷ  ᠲᠤᠲᠤᠮ᠎ᠤᠨ  ᠠᠮᠢᠳᠤᠷᠠᠯ᠎ᠤᠨ  ᠲᠠᠪᠢᠯᠭ᠎ᠠ  ᠪᠠᠢᠷᠢᠯᠠᠭᠤᠯᠤᠯᠲᠠ;

  (ᠲᠠᠪᠤ) ᠪᠤᠰᠤᠳ ᠲᠣᠬᠢᠷᠠᠬᠤ᠎ᠦᠭᠡᠢ ᠲᠠᠯᠠᠪᠤᠷ᠂ ᠪᠠᠢᠳᠠᠯ ᠪᠠ ᠣᠷᠴᠢᠨ᠃

  ᠠᠷᠪᠠᠨ ᠳᠥᠷᠪᠡᠳᠦᠭᠡᠷ ᠵᠦᠢᠯ  ᠨᠠᠮ᠎ᠤᠨ ᠰᠦᠯᠳᠡ ᠨᠠᠮ᠎ᠤᠨ ᠲᠤᠭ ᠳᠡᠭᠡᠷ᠎ᠡ ᠶᠠᠮᠠᠷᠪᠠ ᠦᠰᠦᠭ ᠪᠢᠴᠢᠭ᠂ ᠲᠡᠮᠳᠡᠭ ᠪᠠ ᠵᠢᠷᠤᠭ ᠳᠦᠷᠰᠦ ᠵᠡᠷᠭᠡ᠎ᠶᠢ ᠨᠡᠮᠡᠵᠦ ᠪᠣᠯᠬᠤ᠎ᠦᠭᠡᠢ᠂ ᠡᠪᠳᠡᠷᠡᠭᠰᠡᠨ᠂ ᠭᠬᠢᠷᠲᠦᠭᠰᠡᠨ᠂ ᠥᠩᠭᠡ᠎ᠨᠢ ᠤᠨᠠᠭᠰᠠᠨ ᠨᠠᠮ᠎ᠤᠨ ᠰᠦᠯᠳᠡ ᠨᠠᠮ᠎ᠤᠨ ᠲᠤᠭ᠎ᠢ ᠬᠡᠷᠡᠭᠯᠡᠵᠦ ᠪᠣᠯᠬᠤ᠎ᠦᠭᠡᠢ᠂ ᠲᠤᠰ ᠳᠦᠷᠢᠮ᠎ᠳ᠋ᠦ᠍ ᠳᠠᠭᠠᠯᠳᠤᠭᠤᠯᠤᠭᠰᠠᠨ ᠦᠢᠯᠡᠳᠬᠦ ᠠᠷᠭ᠎ᠠ᠎ᠶᠢᠨ ᠲᠣᠳᠤᠷᠬᠠᠢᠯᠠᠯᠲᠠ᠎ᠳᠤ ᠨᠡᠢᠴᠡᠬᠦ᠎ᠦᠭᠡᠢ ᠶᠠᠮᠠᠷᠪᠠ ᠨᠠᠮ᠎ᠤᠨ ᠰᠦᠯᠳᠡ ᠨᠠᠮ᠎ᠤᠨ ᠲᠤᠭ᠎ᠢ ᠦᠢᠯᠡᠳᠴᠦ ᠬᠡᠷᠡᠭᠯᠡᠵᠦ ᠪᠣᠯᠬᠤ᠎ᠦᠭᠡᠢ᠃ ᠲᠣᠩᠭᠣᠷᠠᠭᠤᠯᠤᠨ ᠡᠯᠭᠦᠬᠦ᠂ ᠲᠣᠩᠭᠣᠷᠠᠭᠤᠯᠤᠨ ᠬᠠᠳᠭᠤᠬᠤ ᠪᠤᠶᠤ ᠨᠠᠮ᠎ᠤᠨ ᠰᠦᠯᠳᠡ ᠨᠠᠮ᠎ᠤᠨ ᠲᠤᠭ᠎ᠤᠨ ᠨᠡᠷ᠎ᠡ ᠬᠦᠨᠳᠦ᠎ᠶᠢ ᠬᠣᠬᠢᠷᠠᠭᠤᠯᠬᠤ ᠪᠤᠰᠤᠳ ᠬᠡᠯᠪᠡᠷᠢ᠎ᠪᠡᠷ ᠨᠠᠮ᠎ᠤᠨ ᠰᠦᠯᠳᠡ ᠨᠠᠮ᠎ᠤᠨ ᠲᠤᠭ᠎ᠢ ᠡᠯᠭᠦᠵᠦ᠂ ᠬᠡᠷᠡᠭᠯᠡᠵᠦ ᠪᠣᠯᠬᠤ᠎ᠦᠭᠡᠢ᠃

  ᠨᠠᠮ᠎ᠤᠨ ᠰᠦᠯᠳᠡ ᠨᠠᠮ᠎ᠤᠨ ᠲᠤᠭ᠎ᠢ ᠳᠤᠷ᠎ᠠ᠎ᠪᠠᠷ᠎ᠪᠠᠨ ᠬᠠᠶᠠᠵᠤ ᠪᠣᠯᠬᠤ᠎ᠦᠭᠡᠢ᠃ ᠡᠪᠳᠡᠷᠡᠭᠰᠡᠨ᠂ ᠭᠬᠢᠷᠲᠦᠭᠰᠡᠨ᠂ ᠥᠩᠭᠡ᠎ᠨᠢ ᠤᠨᠠᠭᠰᠠᠨ᠂ ᠥᠰᠦᠭ ᠪᠢᠴᠢᠭ ᠪᠠ ᠲᠡᠮᠳᠡᠭ ᠬᠠᠲᠠᠭᠰᠠᠨ ᠵᠡᠷᠭᠡ ᠦᠢᠯᠡᠳᠴᠦ ᠬᠡᠷᠡᠭᠯᠡᠬᠦ ᠲᠣᠭᠲᠠᠭᠠᠯ᠎ᠳᠤ ᠨᠡᠢᠴᠡᠬᠦ᠎ᠦᠭᠡᠢ ᠨᠠᠮ᠎ᠤᠨ ᠰᠦᠯᠳᠡ ᠨᠠᠮ᠎ᠤᠨ ᠲᠤᠭ᠎ᠢ ᠲᠣᠭᠲᠠᠭᠠᠯ ᠶᠣᠰᠤᠭᠠᠷ ᠬᠣᠷᠢᠶᠠᠨ ᠠᠪᠴᠤ ᠱᠢᠢᠳᠪᠦᠷᠢᠯᠡᠬᠦ ᠬᠡᠷᠡᠭᠲᠡᠢ᠃ ᠨᠠᠮ᠎ᠤᠨ ᠳᠣᠲᠤᠭᠠᠳᠤ᠎ᠳᠤ ᠴᠢᠬᠤᠯᠠ ᠶᠡᠬᠡ ᠪᠡᠯᠭᠡᠯᠡᠬᠦ᠂ ᠳᠤᠷᠠᠰᠭᠠᠬᠤ ᠠᠵᠢᠯᠯᠠᠭ᠎ᠠ ᠥᠷᠨᠢᠭᠦᠯᠦᠭᠰᠡᠨ᠎ᠦ ᠳᠠᠷᠠᠭ᠎ᠠ᠂ ᠬᠡᠨ ᠲᠠᠷᠬᠠᠭᠠᠭᠰᠠᠨ ᠪᠣᠯ ᠬᠡᠨ ᠬᠠᠷᠢᠭᠤᠴᠠᠬᠤ ᠵᠠᠷᠴᠢᠮ ᠶᠣᠰᠤᠭᠠᠷ᠂ ᠬᠣᠯᠪᠤᠭᠳᠠᠯ ᠪᠦᠬᠦᠢ ᠨᠢᠭᠡᠴᠢ᠎ᠡᠴᠡ ᠠᠵᠢᠯᠯᠠᠭ᠎ᠠ᠎ᠶᠢᠨ ᠲᠤᠬᠠᠢ᠎ᠶᠢᠨ ᠲᠠᠯᠠᠪᠤᠷ᠎ᠲᠤ ᠬᠡᠷᠡᠭᠯᠡᠭᠰᠡᠨ ᠨᠠᠮ᠎ᠤᠨ ᠰᠦᠯᠳᠡ ᠨᠠᠮ᠎ᠤᠨ ᠲᠤᠭ᠎ᠢ ᠪᠤᠴᠠᠭᠠᠨ ᠠᠪᠬᠤ ᠪᠤᠶᠤ ᠵᠣᠬᠢᠰᠲᠠᠢ ᠱᠢᠢᠳᠪᠦᠷᠢᠯᠡᠬᠦ ᠬᠡᠷᠡᠭᠲᠡᠢ᠃

  ᠠᠷᠪᠠᠨ ᠲᠠᠪᠤᠳᠤᠭᠠᠷ ᠵᠦᠢᠯ  ᠨᠠᠮ᠎ᠤᠨ ᠭᠡᠱᠢᠭᠦᠨ ᠨᠠᠰᠤ ᠪᠠᠷᠠᠭᠰᠠᠨ᠎ᠤ ᠳᠠᠷᠠᠭ᠎ᠠ᠂ ᠨᠠᠮ᠎ᠤᠨ ᠭᠡᠱᠢᠭᠦᠨ᠎ᠦ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ᠎ᠶᠢᠨ ᠪᠠᠢᠭ᠎ᠠ ᠨᠢᠭᠡᠴᠢ᠎ᠶᠢᠨ ᠬᠣᠯᠪᠤᠭᠳᠠᠯ ᠪᠦᠬᠦᠢ ᠬᠢᠨᠠᠨ ᠵᠥᠪᠱᠢᠶᠡᠷᠡᠬᠦ ᠡᠷᠬᠡ ᠮᠠᠲᠠᠯ᠎ᠲᠠᠢ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ᠎ᠪᠠᠷ ᠵᠥᠪᠱᠢᠶᠡᠷᠡᠭᠦᠯᠦᠭᠡᠳ᠂ ᠨᠠᠮ᠎ᠤᠨ ᠲᠤᠭ᠎ᠢ ᠲᠡᠭᠦᠨ᠎ᠦ ᠴᠢᠨᠳᠠᠷ ᠪᠤᠶᠤ ᠴᠢᠨᠳᠠᠷ᠎ᠤᠨ ᠬᠠᠢᠷᠴᠠᠭ ᠳᠡᠭᠡᠷ᠎ᠡ ᠪᠦᠲᠡᠭᠡᠵᠦ ᠪᠣᠯᠤᠨ᠎ᠠ᠂ ᠭᠡᠪᠡᠴᠦ ᠨᠠᠮ᠎ᠤᠨ ᠲᠤᠭ᠎ᠢ ᠭᠠᠵᠠᠷ᠎ᠲᠠᠢ ᠬᠦᠷᠦᠯᠴᠡᠭᠦᠯᠵᠦ ᠪᠣᠯᠬᠤ᠎ᠦᠭᠡᠢ᠂ ᠴᠢᠨᠳᠠᠷ᠎ᠢ᠎ᠨᠢ ᠳᠠᠭᠠᠭᠤᠯᠤᠨ ᠱᠢᠲᠠᠭᠠᠨ ᠳᠡᠭᠳᠡᠭᠡᠵᠦ ᠪᠣᠯᠬᠤ᠎ᠦᠭᠡᠢ᠂ ᠴᠢᠨᠳᠠᠷ᠎ᠤᠨ ᠬᠠᠢᠷᠴᠠᠭ᠎ᠢ᠎ᠨᠢ ᠳᠠᠭᠠᠭᠤᠯᠤᠨ ᠣᠷᠣᠱᠢᠭᠤᠯᠵᠤ ᠪᠣᠯᠬᠤ᠎ᠦᠭᠡᠢ᠃

  ᠠᠷᠪᠠᠨ ᠵᠢᠷᠭᠤᠳᠤᠭᠠᠷ ᠵᠦᠢᠯ   ᠰᠦᠯᠵᠢᠶ᠎ᠡ᠂ ᠬᠡᠪᠯᠡᠭᠳᠡᠬᠦᠨ ᠵᠡᠷᠭᠡ᠎ᠳ᠋ᠦ᠍ ᠨᠠᠮ᠎ᠤᠨ ᠰᠦᠯᠳᠡ ᠨᠠᠮ᠎ᠤᠨ ᠲᠤᠭ᠎ᠤᠨ ᠵᠢᠷᠤᠭ ᠳᠦᠷᠰᠦ᠎ᠶᠢ ᠬᠡᠷᠡᠭᠯᠡᠬᠦ᠎ᠳᠣ᠌᠎ᠪᠠᠨ ᠢᠯᠡᠷᠬᠡᠢ ᠪᠠᠢᠷᠢᠨ᠎ᠳᠤ ᠲᠠᠯᠪᠢᠬᠤ ᠬᠡᠷᠡᠭᠲᠡᠢ᠃

  ᠰᠦᠯᠵᠢᠶ᠎ᠡ᠂ ᠬᠡᠪᠯᠡᠭᠳᠡᠬᠦᠨ ᠵᠡᠷᠭᠡ᠎ᠳ᠋ᠦ᠍ ᠬᠡᠷᠡᠭᠯᠡᠬᠦ ᠨᠠᠮ᠎ᠤᠨ ᠰᠦᠯᠳᠡ ᠨᠠᠮ᠎ᠤᠨ ᠲᠤᠭ᠎ᠤᠨ ᠵᠢᠷᠤᠭ ᠳᠦᠷᠰᠦ᠎ᠶᠢᠨ ᠪᠠᠷᠢᠮᠵᠢᠶ᠎ᠠ ᠬᠡᠪᠯᠡᠯ᠎ᠢ ᠡᠪ ᠬᠠᠮᠲᠤ ᠨᠠᠮ᠎ᠤᠨ ᠭᠡᠱᠢᠭᠦᠨ᠎ᠦ ᠰᠦᠯᠵᠢᠶ᠎ᠡ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠣᠨᠢᠨ ᠮᠡᠳᠡᠭᠡᠨ᠎ᠦ ᠰᠦᠯᠵᠢᠶ᠎ᠡ᠎ᠳ᠋ᠦ᠍ ᠨᠡᠢᠲᠡᠯᠡᠨ᠎ᠡ᠃

  ᠠᠷᠪᠠᠨ ᠳᠣᠯᠤᠳᠤᠭᠠᠷ ᠵᠦᠢᠯ  ᠨᠠᠮ᠎ᠤᠨ ᠰᠦᠯᠳᠡ ᠨᠠᠮ᠎ᠤᠨ ᠲᠤᠭ᠎ᠤᠨ ᠮᠡᠳᠡᠯᠭᠡ᠎ᠶᠢ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠂ ᠨᠠᠮ᠎ᠤᠨ ᠭᠡᠱᠢᠭᠦᠨ᠎ᠦ ᠬᠥᠮᠦᠵᠢᠯ ᠪᠣᠯᠪᠠᠰᠤᠷᠠᠯ᠂ ᠨᠠᠮ᠎ᠳᠤ ᠣᠷᠤᠬᠤ ᠢᠳᠡᠪᠬᠢᠲᠡᠨ᠎ᠦ ᠪᠣᠯᠪᠠᠰᠤᠷᠠᠯ ᠵᠡᠷᠭᠡ᠎ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃

  ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠨᠠᠮ᠎ᠤᠨ ᠭᠡᠱᠢᠭᠦᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠭᠡᠱᠢᠭᠦᠨ᠂ ᠪᠠᠭᠠᠴᠤᠳ᠎ᠤᠨ ᠬᠣᠱᠢᠭᠤᠴᠢ ᠠᠩᠭᠢ᠎ᠶᠢᠨ ᠭᠡᠱᠢᠭᠦᠨ ᠪᠠ ᠠᠷᠠᠳ ᠣᠯᠠᠨ᠎ᠢ ᠰᠤᠷᠭᠠᠨ ᠬᠥᠮᠦᠵᠢᠭᠦᠯᠵᠦ᠂ ᠨᠠᠮ᠎ᠤᠨ ᠰᠦᠯᠳᠡ ᠨᠠᠮ᠎ᠤᠨ ᠲᠤᠭ᠎ᠤᠨ ᠲᠡᠦᠬᠡ ᠪᠠ ᠵᠣᠷᠢᠭ ᠰᠠᠨᠠᠭᠠᠨ᠎ᠤ ᠠᠭᠤᠯᠤᠭᠳᠠᠬᠤᠨ᠎ᠢ ᠣᠢᠯᠠᠭᠠᠭᠤᠯᠵᠤ᠂ ᠨᠠᠮ᠎ᠤᠨ ᠰᠦᠯᠳᠡ ᠨᠠᠮ᠎ᠤᠨ ᠲᠤᠭ ᠵᠢᠴᠢ ᠲᠡᠭᠦᠨ᠎ᠦ ᠵᠢᠷᠤᠭ ᠳᠦᠷᠰᠦ᠎ᠶᠢ ᠤᠬᠠᠮᠰᠠᠷ᠎ᠠᠴᠠ᠎ᠢᠶᠠᠨ ᠵᠢᠷᠤᠮᠵᠢᠭᠤᠯᠤᠨ ᠬᠡᠷᠡᠭᠯᠡᠵᠦ᠂ ᠨᠠᠮ᠎ᠤᠨ ᠰᠦᠯᠳᠡ ᠨᠠᠮ᠎ᠤᠨ ᠲᠤᠭ᠎ᠢ ᠬᠦᠨᠳᠦᠳᠭᠡᠨ ᠬᠠᠢᠷᠠᠯᠠᠬᠤ ᠬᠡᠷᠡᠭᠲᠡᠢ᠃

  ᠡᠯ᠎ᠡ ᠰᠣᠨᠢᠨ ᠮᠡᠳᠡᠭᠡᠯᠡᠯ᠂ ᠬᠡᠪᠯᠡᠯ᠎ᠦᠨ ᠨᠢᠭᠡᠴᠢ ᠨᠠᠮ᠎ᠤᠨ ᠰᠦᠯᠳᠡ ᠨᠠᠮ᠎ᠤᠨ ᠲᠤᠭ᠎ᠤᠨ ᠲᠤᠬᠠᠢ ᠮᠡᠳᠡᠯᠭᠡ᠎ᠶᠢᠨ ᠤᠬᠠᠭᠤᠯᠭ᠎ᠠ᠎ᠪᠠᠨ ᠴᠢᠩᠭᠠᠳᠭᠠᠵᠤ᠂ ᠵᠢᠷᠤᠮᠵᠢᠭᠰᠠᠨ ᠨᠠᠮ᠎ᠤᠨ ᠰᠦᠯᠳᠡ ᠨᠠᠮ᠎ᠤᠨ ᠲᠤᠭ᠎ᠤᠨ ᠵᠢᠷᠤᠭ᠎ᠲᠠᠢ ᠮᠡᠳᠡᠭᠡ ᠪᠠ ᠭᠡᠷᠡᠯ ᠵᠢᠷᠤᠭ᠎ᠢ ᠮᠡᠳᠡᠭᠡᠯᠡᠬᠦ ᠪᠠ ᠬᠡᠷᠡᠭᠯᠡᠵᠦ᠂ ᠨᠠᠮ᠎ᠤᠨ ᠳᠦᠷᠢ ᠲᠥᠷᠬᠦ᠎ᠶᠢ ᠬᠠᠮᠠᠭᠠᠯᠠᠬᠤ ᠬᠡᠷᠡᠭᠲᠡᠢ᠃

  ᠠᠷᠪᠠᠨ ᠨᠠᠢ᠍ᠮᠠᠳᠤᠭᠠᠷ ᠵᠦᠢᠯ  ᠨᠠᠮ᠎ᠤᠨ ᠰᠦᠯᠳᠡ ᠨᠠᠮ᠎ᠤᠨ ᠲᠤᠭ᠎ᠢ ᠲᠤᠰ ᠳᠦᠷᠢᠮ᠎ᠳ᠋ᠦ᠍ ᠳᠠᠭᠠᠯᠳᠤᠭᠤᠯᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠰᠦᠯᠳᠡ ᠨᠠᠮ᠎ᠤᠨ ᠲᠤᠭ᠎ᠢ ᠵᠣᠬᠢᠶᠠᠨ ᠦᠢᠯᠡᠳᠬᠦ ᠠᠷᠭ᠎ᠠ᠎ᠶᠢᠨ ᠲᠣᠳᠤᠷᠬᠠᠢᠯᠠᠯᠲᠠ ᠶᠣᠰᠤᠭᠠᠷ ᠦᠢᠯᠡᠳᠬᠦ ᠬᠡᠷᠡᠭᠲᠡᠢ᠃ ᠦᠢᠯᠡᠳᠬᠦ ᠠᠵᠤ ᠠᠬᠤᠢᠯᠠᠯ᠎ᠢ ᠮᠤᠵᠢ (ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ)᠎ᠶᠢᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠡᠴᠡ ᠦᠢᠯᠡᠳᠪᠦᠷᠢᠯᠡᠯ᠎ᠦᠨ ᠬᠢᠷᠢ ᠭᠡᠮ᠎ᠲᠡᠢ ᠠᠵᠤ ᠠᠬᠤᠢᠯᠠᠯ᠎ᠤᠨ ᠳᠤᠮᠳᠠ᠎ᠠᠴᠠ ᠲᠣᠭᠲᠠᠭᠠᠨ᠎ᠠ᠃ ᠶᠠᠮᠠᠷᠪᠠ ᠨᠢᠭᠡᠴᠢ ᠪᠠ ᠬᠤᠪᠢ ᠬᠥᠮᠦᠨ ᠵᠥᠪᠱᠢᠶᠡᠷᠡᠭᠦᠯᠦᠭᠰᠡᠨ᠎ᠦᠭᠡᠢ᠎ᠢᠶᠡᠷ ᠨᠠᠮ᠎ᠤᠨ ᠰᠦᠯᠳᠡ ᠨᠠᠮ᠎ᠤᠨ ᠲᠤᠭ᠎ᠢ ᠳᠤᠷ᠎ᠠ᠎ᠪᠠᠷ᠎ᠪᠠᠨ ᠵᠣᠬᠢᠶᠠᠨ ᠦᠢᠯᠡᠳᠴᠦ ᠪᠣᠯᠬᠤ᠎ᠦᠭᠡᠢ᠃

  ᠠᠷᠪᠠ ᠶᠢᠰᠦᠳᠦᠭᠡᠷ ᠵᠦᠢᠯ  ᠨᠠᠮ᠎ᠤᠨ ᠰᠦᠯᠳᠡ ᠨᠠᠮ᠎ᠤᠨ ᠲᠤᠭ᠎ᠢ ᠵᠠᠷᠴᠢᠮ ᠳᠡᠭᠡᠷ᠎ᠡ᠎ᠪᠡᠨ ᠲᠥᠪᠯᠡᠷᠡᠭᠦᠯᠦᠨ ᠲᠣᠬᠢᠷᠠᠭᠤᠯᠵᠤ ᠲᠠᠷᠬᠠᠭᠠᠵᠤ᠂ ᠨᠢᠭᠡ ᠨᠠᠮ᠎ᠤᠨ ᠬᠣᠷᠢᠶ᠎ᠠ᠎ᠳᠤ ᠨᠢᠭᠡ ᠨᠠᠮ᠎ᠤᠨ ᠰᠦᠯᠳᠡ᠎ᠲᠡᠢ᠂ ᠨᠢᠭᠡ ᠨᠠᠮ᠎ᠤᠨ ᠡᠭᠦᠷ᠎ᠲᠦ᠍ ᠨᠢᠭᠡ ᠨᠠᠮ᠎ᠤᠨ ᠲᠤᠭ᠎ᠲᠠᠢ ᠪᠠᠢᠯᠭᠠᠵᠤ᠂ ᠬᠡᠷᠡᠭᠰᠡᠬᠦ ᠵᠠᠷᠤᠳᠠᠯ᠎ᠢ ᠨᠠᠮ᠎ᠤᠨ ᠰᠦᠢᠳᠭᠡᠯ᠎ᠡᠴᠡ ᠭᠠᠷᠭᠠᠵᠤ ᠪᠣᠯᠤᠨ᠎ᠠ᠃

  ᠬᠣᠷᠢᠳᠤᠭᠠᠷ ᠵᠦᠢᠯ  ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠨᠠᠮ᠎ᠤᠨ ᠰᠦᠯᠳᠡ ᠨᠠᠮ᠎ᠤᠨ ᠲᠤᠭ᠎ᠤᠨ ᠨᠡᠷ᠎ᠡ ᠬᠦᠨᠳᠦ᠎ᠶᠢ ᠬᠠᠮᠠᠭᠠᠯᠠᠬᠤ ᠶᠠᠪᠤᠳᠠᠯ᠎ᠢ ᠨᠢᠭᠡ ᠵᠦᠢᠯ᠎ᠦᠨ ᠤᠯᠤᠰ ᠲᠥᠷᠦ᠎ᠶᠢᠨ ᠡᠭᠦᠷᠭᠡ ᠪᠣᠯᠭᠠᠵᠤ᠂ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠦᠨᠡᠨ᠎ᠬᠦ ᠭᠦᠢᠴᠡᠳᠭᠡᠬᠦ ᠬᠡᠷᠡᠭᠲᠡᠢ᠃ ᠱᠢᠶᠠᠨ᠎ᠤ ᠱᠠᠲᠤᠨ᠎ᠠᠴᠠ ᠳᠡᠭᠡᠭᠱᠢᠬᠢ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ ᠲᠤᠰ ᠭᠠᠵᠠᠷ ᠣᠷᠤᠨ ᠲᠤᠰ ᠪᠠᠢᠭᠤᠯᠭ᠎ᠠ ᠨᠢᠭᠡᠴᠢ ᠲᠤᠰ ᠱᠢᠰᠲᠧᠮ᠎ᠦᠨ᠎ᠢᠶᠡᠨ ᠨᠠᠮ᠎ᠤᠨ ᠰᠦᠯᠳᠡ ᠨᠠᠮ᠎ᠤᠨ ᠲᠤᠭ᠎ᠤᠨ ᠡᠯ᠎ᠡ ᠵᠦᠢᠯ᠎ᠦᠨ ᠠᠵᠢᠯ᠎ᠤᠨ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠪᠠᠨ ᠭᠦᠢᠴᠡᠳᠭᠡᠵᠦ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠡᠢ ᠬᠠᠮᠲᠤᠷᠠᠨ ᠨᠠᠮ᠎ᠤᠨ ᠰᠦᠯᠳᠡ ᠨᠠᠮ᠎ᠤᠨ ᠲᠤᠭ᠎ᠤᠨ ᠦᠢᠯᠡᠳᠪᠦᠷᠢᠯᠡᠯ᠂ ᠪᠣᠷᠤᠯᠠᠭᠤᠯᠭ᠎ᠠ ᠪᠠ ᠬᠤᠳᠠᠯᠳᠤᠭᠠᠨ᠎ᠤ ᠬᠡᠷᠡᠭᠯᠡᠯᠲᠡ᠎ᠶᠢᠨ ᠲᠤᠬᠠᠢ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠬᠤ ᠬᠡᠷᠡᠭᠲᠡᠢ᠃

  ᠨᠠᠮ᠎ᠤᠨ ᠰᠦᠯᠳᠡ ᠨᠠᠮ᠎ᠤᠨ ᠲᠤᠭ᠎ᠤᠨ ᠦᠢᠯᠡᠳᠬᠦᠨ᠎ᠢ ᠬᠠᠤᠯᠢ ᠪᠤᠰᠤ᠎ᠪᠠᠷ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠠᠵᠤ ᠠᠬᠤᠢᠯᠠᠯ ᠪᠠ ᠬᠤᠪᠢ ᠬᠥᠮᠦᠨ᠂ ᠲᠤᠰ ᠳᠦᠷᠢᠮ᠎ᠢ ᠵᠥᠷᠢᠴᠡᠨ ᠨᠠᠮ᠎ᠤᠨ ᠰᠦᠯᠳᠡ ᠨᠠᠮ᠎ᠤᠨ ᠲᠤᠭ ᠵᠢᠴᠢ ᠲᠡᠭᠦᠨ᠎ᠦ ᠵᠢᠷᠤᠭ ᠳᠦᠷᠰᠦ᠎ᠶᠢ ᠬᠡᠷᠡᠭᠯᠡᠭᠰᠡᠨ ᠠᠵᠢᠯᠯᠠᠭ᠎ᠠ᠎ᠶᠢ ᠱᠢᠭᠦᠮᠵᠢᠯᠡᠨ ᠰᠤᠷᠭᠠᠵᠤ᠂ ᠴᠠᠭ ᠲᠤᠬᠠᠢ᠎ᠳ᠋ᠤᠨᠢ ᠵᠠᠯᠠᠷᠠᠭᠤᠯᠵᠤ᠂ ᠦᠢᠯᠡ ᠪᠠᠢᠳᠠᠯ᠎ᠨᠢ ᠬᠦᠨᠳᠦ ᠨᠣᠴᠢᠲᠠᠢ ᠪᠤᠶᠤ ᠵᠠᠯᠠᠷᠠᠭᠤᠯᠬᠤ᠎ᠦᠭᠡᠢ ᠪᠠᠢᠪᠠᠯ᠂ ᠬᠠᠮᠢᠶ᠎ᠠ ᠪᠦᠬᠦᠢ ᠲᠣᠭᠲᠠᠭᠠᠯ ᠶᠣᠰᠤᠭᠠᠷ ᠱᠢᠢᠳᠪᠦᠷᠢᠯᠡᠵᠦ᠂ ᠬᠠᠤᠯᠢ᠎ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠢᠪᠠᠯ ᠬᠠᠤᠯᠢ ᠶᠣᠰᠤᠭᠠᠷ ᠱᠢᠢᠳᠪᠦᠷᠢᠯᠡᠨ᠎ᠡ᠃

  ᠬᠣᠷᠢᠨ ᠨᠢᠭᠡᠳᠦᠭᠡᠷ ᠵᠦᠢᠯ  ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠲᠤᠰ ᠳᠦᠷᠢᠮ᠎ᠢ ᠦᠨᠳᠦᠰᠦᠯᠡᠵᠦ᠂ ᠬᠠᠮᠢᠶ᠎ᠠ ᠪᠦᠬᠦᠢ ᠲᠣᠭᠲᠠᠭᠠᠯ᠎ᠢ ᠲᠣᠭᠲᠠᠭᠠᠵᠤ ᠪᠣᠯᠤᠨ᠎ᠠ᠃

  ᠬᠣᠷᠢᠨ ᠬᠣᠶᠠᠳᠤᠭᠠᠷ ᠵᠦᠢᠯ  ᠨᠠᠮ᠎ᠤᠨ ᠭᠡᠱᠢᠭᠦᠨ᠎ᠦ ᠰᠦᠯᠳᠡ ᠲᠡᠮᠳᠡᠭ ᠪᠣᠯ ᠨᠠᠮ᠎ᠤᠨ ᠭᠡᠱᠢᠭᠦᠨ᠎ᠦ ᠪᠡᠶ᠎ᠡ᠎ᠶᠢᠨ ᠭᠠᠷᠤᠯ᠎ᠤᠨ ᠪᠡᠯᠭᠡ ᠲᠡᠮᠳᠡᠭ ᠮᠥᠨ᠂ ᠲᠡᠭᠦᠨ᠎ᠢ ᠵᠣᠬᠢᠶᠠᠨ ᠦᠢᠯᠡᠳᠬᠦ᠂ ᠬᠡᠷᠡᠭᠯᠡᠬᠦ᠂ ᠬᠠᠮᠢᠶᠠᠷᠬᠤ ᠲᠤᠬᠠᠢ ᠠᠰᠲᠠᠭᠠᠨ ᠲᠣᠭᠲᠠᠭᠠᠨ᠎ᠠ᠃

  ᠬᠣᠷᠢᠨ ᠭᠤᠷᠪᠠᠳᠤᠭᠠᠷ ᠵᠦᠢᠯ  ᠲᠤᠰ ᠳᠦᠷᠢᠮ᠎ᠢ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠡᠴᠡ ᠬᠠᠷᠢᠭᠤᠴᠠᠨ ᠲᠠᠢᠯᠪᠤᠷᠢᠯᠠᠨ᠎ᠠ᠃

  ᠬᠣᠷᠢᠨ ᠳᠥᠷᠪᠡᠳᠦᠭᠡᠷ ᠵᠦᠢᠯ  ᠲᠤᠰ ᠳᠦᠷᠢᠮ᠎ᠢ ᠨᠡᠢᠲᠡᠯᠡᠭᠰᠡᠨ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃ ᠡᠭᠦᠨ᠎ᠡᠴᠡ ᠡᠮᠦᠨ᠎ᠡ ᠨᠡᠢᠲᠡᠯᠡᠭᠰᠡᠨ ᠨᠠᠮ᠎ᠤᠨ ᠰᠦᠯᠳᠡ ᠨᠠᠮ᠎ᠤᠨ ᠲᠤᠭ᠎ᠤᠨ ᠲᠤᠬᠠᠢ ᠲᠣᠭᠲᠠᠭᠠᠯ᠎ᠤᠨ ᠳᠣᠲᠤᠷ᠎ᠠ ᠲᠤᠰ ᠳᠦᠷᠢᠮ᠎ᠲᠡᠢ ᠨᠢᠭᠡᠳᠦᠯ᠎ᠦᠭᠡᠢ ᠲᠠᠯ᠎ᠠ ᠪᠠᠢᠪᠠᠯ ᠲᠤᠰ ᠳᠦᠷᠢᠮ᠎ᠦᠨ ᠶᠣᠰᠤᠭᠠᠷ ᠬᠡᠷᠡᠭᠵᠢᠭᠦᠯᠦᠨ᠎ᠡ᠃

 

    (ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ)

 

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)
ᠡᠮᠦᠨᠡᠬᠢ ᠵᠣᠬᠢᠶᠠᠯ: ᠵᠣᠬᠢᠶᠠᠯ᠎ᠦᠭᠡᠢ ᠪᠣᠯᠵᠠᠢ
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃