ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠢ ᠰᠤᠳᠤᠯᠤᠨ ᠮᠠᠭᠠᠳᠯᠠᠬᠤ ᠳᠤᠰᠭᠠᠢ ᠰᠡᠳᠦᠪᠳᠤ ᠬᠤᠷᠠᠯ ᠬᠤᠷᠠᠯᠳᠤᠭᠤᠯᠪᠠ
2020.07.08

  7 ᠰᠠᠷ᠎ᠠ᠎ᠶᠢᠨ 7᠎ᠤ ᠦᠳᠡ᠎ᠶᠢᠨ ᠬᠣᠢᠨ᠎ᠠ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠢ ᠰᠤᠳᠤᠯᠤᠨ ᠮᠠᠭᠠᠳᠯᠠᠬᠤ ᠳᠤᠰᠭᠠᠢ ᠰᠡᠳᠦᠪᠳᠤ ᠬᠤᠷᠠᠯ ᠬᠤᠷᠠᠯᠳᠤᠭᠤᠯᠵᠦ᠂ ᠬᠡᠪᠯᠡᠯ᠎ᠦᠨ ᠪᠦᠯᠦᠭᠯᠡᠯ᠎ᠦᠨ ᠣᠳᠤᠬᠠᠨ᠎ᠤ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠶᠡᠷᠦᠩᠬᠡᠢ ᠪᠠᠢᠳᠠᠯ᠎ᠢ ᠮᠡᠳᠡᠭᠳᠡᠵᠦ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠳᠤ ᠳᠤᠯᠭᠠᠷᠠᠵᠦ ᠪᠠᠢᠭ᠎ᠠ ᠠᠰᠠᠭᠤᠳᠠᠯ᠎ᠢ ᠵᠠᠳᠠᠯᠵᠦ ᠰᠤᠳᠤᠯᠤᠨ ᠮᠠᠭᠠᠳᠯᠠᠬᠤ᠎ᠶᠢᠨ ᠬᠠᠮᠳᠤ ᠳᠠᠷᠠᠭᠠᠴᠢ᠎ᠶᠢᠨ ᠠᠵᠢᠯ᠎ᠳᠤ ᠪᠠᠢᠷᠢᠯᠠᠭᠤᠯᠤᠯᠳᠠ ᠬᠢᠪᠡ᠃

  ᠬᠤᠷᠠᠯ᠎ᠳᠤ᠂ ᠥᠪᠦᠷ ᠮᠣᠩᠭᠤᠯ᠎ᠤᠨ ᠠᠷᠠᠳ᠎ᠤᠨ ᠬᠡᠪᠯᠡᠯ᠎ᠦᠨ ᠬᠣᠷᠢᠶ᠎ᠠ ᠵᠡᠷᠭᠡ ᠲᠠᠪᠤᠨ ᠨᠢᠭᠡᠴᠢ᠎ᠶᠢᠨ ᠭᠣᠤᠯ ᠬᠠᠷᠢᠭᠤᠴᠠᠯᠭᠠᠳᠠᠨ ᠲᠤᠰ ᠲᠤᠰ᠎ᠤᠨ ᠪᠤᠳᠠᠳᠠᠢ ᠠᠵᠢᠯ᠎ᠲᠠᠢ᠎ᠪᠠᠨ ᠤᠶᠠᠯᠳᠤᠭᠤᠯᠤᠨ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠢᠶᠠᠨ ᠬᠠᠷᠢᠭᠤ ᠮᠡᠳᠡᠭᠦᠯᠵᠦ᠂ ᠤᠷᠤᠱᠢᠵᠦ ᠪᠠᠢᠭ᠎ᠠ ᠠᠰᠠᠭᠤᠳᠠᠯ᠎ᠢ ᠵᠠᠳᠠᠯᠤᠨ᠂ ᠠᠷᠭᠠᠴᠠᠨ ᠰᠠᠢᠵᠢᠷᠠᠭᠤᠯᠬᠤ ᠠᠷᠭ᠎ᠠ ᠠᠪᠴᠠᠯ ᠳᠤᠷᠠᠳᠪᠠ᠃

  ᠡᠯ᠎ᠡ ᠨᠢᠭᠡᠴᠢ᠎ᠶᠢᠨ ᠬᠠᠷᠢᠭᠤ ᠮᠡᠳᠡᠬᠦᠯᠦᠯᠳᠡ᠎ᠶᠢ ᠰᠣᠨᠤᠰᠤᠭᠰᠠᠨ᠎ᠤ ᠳᠠᠷᠠᠭ᠎ᠠ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠨᠥᠬᠦᠷ ᠵᠢᠭᠠᠭᠰᠠᠨ᠎ᠨᠢ᠂ ᠥᠨᠦ ᠵᠢᠯ᠎ᠤᠨ ᠪᠦᠯᠦᠭᠯᠡᠯ᠎ᠦᠨ ᠦᠬᠡᠷᠡᠴᠢᠯᠡᠯᠳᠡ ᠬᠦᠭᠵᠢᠯᠳᠠ᠎ᠶᠢᠨ ᠡᠭᠦᠷᠭᠡ ᠳᠤᠢᠯ᠎ᠤᠨ ᠪᠤᠳᠤᠯᠢᠶᠠᠨᠳᠠᠢ ᠪᠠᠢᠨ᠎ᠠ᠂ ᠤᠯᠠᠨ᠎ᠢᠶᠠᠷ᠎ᠢᠶᠠᠨ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠤ ᠡᠭᠦᠰᠴᠦ ᠮᠡᠳᠡᠬᠦ ᠬᠡᠨᠡᠳᠳᠡ᠎ᠶᠢᠨ ᠬᠡᠷᠡᠭ᠎ᠢ ᠢᠳᠡᠪᠬᠢᠳᠡᠢ ᠠᠷᠭᠠᠴᠠᠨ᠂ ᠴᠠᠭ ᠳᠤᠬᠠᠢ᠎ᠳᠤ᠎ᠨᠢ ᠪᠦᠳᠦᠮᠵᠢᠳᠡᠢ ᠡᠵᠡᠮᠳᠡᠵᠦ᠂ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠠᠬᠢ ᠡᠯ᠎ᠡ ᠵᠦᠢᠯ᠎ᠦᠨ ᠳᠦᠭᠱᠢᠬᠦᠷᠢ᠎ᠶᠢ ᠰᠠᠢᠳᠤᠷ ᠰᠡᠷᠭᠡᠢᠯᠡᠵᠦ᠂ ᠰᠡᠳᠬᠢᠯ ᠨᠢᠭᠡᠳᠦᠨ ᠬᠦᠴᠦ᠎ᠪᠠᠨ ᠬᠠᠮᠳᠤᠳᠭᠠᠵᠦ ᠬᠡᠪᠯᠡᠯ᠎ᠦᠨ ᠪᠦᠯᠦᠭᠯᠡᠯ᠎ᠦᠨ ᠡᠯ᠎ᠡ ᠲᠠᠯ᠎ᠠ᠎ᠶᠢᠨ ᠠᠵᠢᠯ᠎ᠢ ᠰᠠᠢᠳᠤᠷ ᠬᠢᠬᠦ ᠬᠡᠷᠡᠭᠳᠡᠢ ᠬᠡᠵᠠᠢ᠃

  ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠢ ᠬᠡᠷᠬᠢᠨ ᠬᠦᠨᠵᠡᠬᠡᠢᠷᠡᠬᠦᠯᠬᠦ ᠳᠤᠬᠠᠢ ᠱᠤᠸᠠᠩ ᠯᠦᠩ ᠴᠢᠬᠤᠯᠠᠴᠢᠯᠠᠬᠤ᠎ᠳᠤ᠎ᠪᠠᠨ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠵᠥᠪ ᠴᠢᠭᠯᠡᠯ᠎ᠢ ᠴᠢᠩᠭ᠎ᠠ ᠪᠠᠷᠢᠮᠳᠠᠯᠠᠵᠦ᠂ ᠨᠠᠮ᠎ᠤᠨ ᠬᠣᠷᠢᠶᠠᠨ᠎ᠤ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠦ᠂ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠪᠤᠳᠠᠳᠠᠢ ᠳᠤᠭᠤᠱᠢᠯᠠᠭᠤᠯᠵᠦ᠂ ᠭᠣᠤᠯ ᠠᠵᠢᠯ᠎ᠤᠨ ᠳᠤᠬᠠᠢ ᠦᠵᠡᠯ ᠤᠬᠠᠮᠰᠠᠷ᠎ᠤᠨ ᠬᠡᠯᠪᠡᠷᠢ᠎ᠶᠢᠨ ᠪᠡᠬᠢᠯᠡᠯᠳᠡ᠎ᠶᠢ ᠦᠷᠭᠦᠯᠵᠢᠯᠡᠨ ᠪᠡᠬᠢᠵᠢᠭᠦᠯᠵᠦ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠢ ᠤᠳᠤᠷᠢᠳᠭᠤ ᠪᠠ ᠬᠠᠮᠢᠶᠠᠷᠤᠨ ᠡᠵᠡᠮᠳᠡᠬᠦ᠎ᠪᠠᠨ ᠪᠦᠬᠦ ᠲᠠᠯ᠎ᠠ᠎ᠪᠡᠷ ᠴᠢᠩᠭᠠᠳᠭᠠᠬᠤ ᠬᠡᠷᠡᠭᠳᠡᠢ᠃ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠴᠢᠬᠤᠯᠠ ᠶᠡᠬᠡ ᠠᠴᠢ ᠬᠣᠯᠪᠤᠭᠳᠠᠯ᠎ᠢ ᠬᠦᠨᠵᠡᠬᠡᠢ ᠳᠠᠨᠢᠵᠦ᠂ ᠤᠯᠤᠰ ᠳᠦᠷᠦ᠎ᠶᠢᠨ ᠳᠠᠨᠢᠯᠳᠠ ᠪᠣᠯᠤᠨ ᠰᠡᠷᠡᠮᠵᠢ᠎ᠪᠠᠨ ᠳᠠᠰᠤᠷᠠᠯᠳᠠ᠎ᠦᠭᠡᠢ ᠨᠡᠮᠡᠭᠳᠡᠭᠦᠯᠬᠦ ᠬᠡᠷᠡᠭᠳᠡᠢ᠃ ᠰᠡᠳᠭᠢᠬᠦᠢ᠎ᠶᠢᠨ ᠠᠷᠭ᠎ᠠ ᠮᠠᠶᠢᠭ᠎ᠢᠶᠠᠨ ᠬᠤᠪᠢᠷᠠᠭᠤᠯᠵᠦ᠂ ᠬᠤᠪᠢᠳᠠᠨ ᠬᠠᠮᠢᠶᠠᠷᠴᠤ ᠪᠠᠢᠭ᠎ᠠ ᠬᠦᠷᠢᠶ᠎ᠡ ᠬᠡᠪᠴᠢᠶᠡᠨ᠎ᠳᠡᠬᠢ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠳᠤᠬᠠᠢ ᠴᠠᠭ ᠢᠮᠠᠭᠲᠠ ᠰᠤᠳᠤᠯᠤᠨ ᠰᠡᠳᠭᠢᠵᠦ᠂ ᠶᠡᠷᠦᠩᠬᠡᠢ ᠵᠠᠳᠠᠯᠤᠯᠳᠠ ᠬᠢᠵᠦ᠂ ᠬᠦᠨᠵᠡᠬᠡᠢ ᠰᠤᠳᠤᠯᠤᠨ ᠮᠠᠭᠠᠳᠯᠠᠵᠦ᠂ ᠠᠶᠤᠯ ᠳᠦᠭᠱᠢᠬᠦᠷᠢ᠎ᠶᠢᠨ ᠪᠠᠭᠤᠷᠠᠢ ᠭᠣᠭᠴᠤᠭ᠎ᠠ ᠪᠠ ᠳᠤᠳᠠᠭᠳᠠᠯ᠎ᠲᠠᠢ ᠲᠠᠯ᠎ᠠ᠎ᠶᠢ ᠪᠠᠢᠴᠠᠭᠠᠨ ᠭᠠᠷᠭᠠᠵᠦ᠂ ᠰᠡᠷᠭᠡᠢᠯᠡᠨ ᠬᠣᠷᠢᠭᠯᠠᠬᠤ ᠬᠦᠴᠦᠨ᠎ᠢᠶᠡᠨ ᠴᠢᠩᠭᠠᠳᠭᠠᠬᠤ ᠬᠡᠷᠡᠭᠳᠡᠢ᠃ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠳᠡᠢ᠎ᠪᠡᠷ ᠳᠠᠭᠠᠭᠠᠨ ᠠᠪᠴᠤ᠂ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ᠎ᠶᠢᠨ ᠭᠣᠭᠴᠤᠭ᠎ᠠ᠎ᠶᠢᠨ ᠳᠤᠭᠤᠷᠢᠨ᠎ᠳᠤ ᠳᠦᠭᠱᠢᠬᠦᠷᠢ᠎ᠶᠢ ᠰᠡᠷᠭᠡᠢᠯᠡᠨ ᠳᠦᠭᠱᠢᠬᠦᠷᠢ᠎ᠡᠴᠡ ᠵᠠᠢᠯᠠᠬᠤ ᠠᠷᠭ᠎ᠠ ᠬᠡᠮᠵᠢᠶ᠎ᠡ᠎ᠶᠢ ᠨᠢᠭᠳᠠ ᠳᠦᠰᠦᠪᠯᠡᠵᠦ᠂ ᠪᠠᠢᠯᠳᠤᠬᠤ ᠪᠣᠳᠤᠯᠭ᠎ᠠ᠎ᠶᠢᠨ ᠰᠠᠨᠠᠭᠠᠴᠢᠯᠠᠭᠠᠳᠤ ᠪᠠᠢᠷᠢ᠎ᠶᠢ ᠡᠵᠡᠯᠡᠬᠦ ᠬᠡᠷᠡᠭᠳᠡᠢ ᠬᠡᠪᠠ᠃

  ᠪᠦᠯᠦᠭᠯᠡᠯ᠎ᠦᠨ ᠨᠠᠮ᠎ᠤᠨ ᠬᠣᠷᠢᠶᠠᠨ᠎ᠤ ᠭᠡᠱᠢᠭᠦᠨ᠂ ᠶᠡᠷᠦᠩᠬᠡᠢ ᠨᠠᠢᠷᠠᠭᠤᠯᠤᠭᠴᠢ ᠴᠡᠴᠡᠭ ᠨᠥᠬᠦᠷ ᠬᠤᠷᠠᠯ ᠡᠷᠬᠢᠯᠡᠬᠦ᠎ᠳᠤ᠎ᠪᠠᠨ ᠱᠠᠭᠠᠷᠳᠠᠭᠰᠠᠨ᠎ᠨᠢ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠬᠤᠷᠠᠯ᠎ᠤᠨ ᠵᠣᠷᠢᠭ ᠰᠠᠨᠠᠭ᠎ᠠ᠎ᠶᠢ ᠦᠨᠡᠨ᠎ᠬᠦ ᠣᠢᠯᠠᠭᠠᠨ ᠡᠵᠡᠮᠱᠢᠵᠦ᠂ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠡᠬᠢ ᠱᠢᠨ᠎ᠡ ᠪᠠᠢᠳᠠᠯ᠂ ᠱᠢᠨ᠎ᠡ ᠬᠤᠪᠢᠷᠠᠯᠳᠠ᠎ᠶᠢ ᠵᠥᠪ ᠤᠨᠤᠪᠴᠢᠳᠠᠢ ᠡᠵᠡᠮᠱᠢᠵᠦ᠂ ᠦᠵᠡᠯ ᠰᠠᠨᠠᠭ᠎ᠠ ᠳᠠᠨᠢᠯᠳᠠ᠎ᠶᠢᠨ ᠲᠠᠯ᠎ᠠ᠎ᠪᠡᠷ ᠤᠯᠠᠮ ᠨᠢᠭᠡ ᠠᠯᠬᠤᠮ ᠴᠢᠩᠭ᠋ᠠᠳᠭᠠᠬᠤ ᠬᠡᠷᠡᠭᠳᠡᠢ᠃ ᠦᠵᠡᠯ ᠤᠬᠠᠮᠰᠠᠷ᠎ᠤᠨ ᠬᠡᠯᠪᠡᠷᠢ᠎ᠶᠢᠨ ᠳᠣᠤᠷ ᠰᠦᠯᠵᠢᠶᠡᠨ᠎ᠦ ᠠᠮᠤᠷ ᠳᠦᠪᠱᠢᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠦ᠂ ᠳᠣᠤᠷ ᠰᠦᠯᠵᠢᠶᠡᠨ᠎ᠦ ᠦᠵᠡᠯ ᠤᠬᠠᠮᠰᠠᠷ᠎ᠤᠨ ᠬᠡᠯᠪᠡᠷᠢ᠎ᠶᠢ ᠭᠣᠤᠯᠯᠠᠨ ᠬᠦᠳᠦᠯᠬᠦ ᠡᠷᠬᠡ᠎ᠶᠢ ᠪᠠᠳᠤ ᠡᠵᠡᠮᠳᠡᠵᠦ᠂ ᠳᠣᠤᠷ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠦ ᠲᠠᠯ᠎ᠠ᠎ᠳᠤ ᠬᠦᠴᠦ ᠳᠠᠯᠪᠢᠬᠤ ᠬᠡᠷᠡᠭᠳᠡᠢ᠃ ᠲᠥᠪ ᠬᠣᠷᠢᠶ᠎ᠠ ᠪᠠ ᠦᠪᠡᠷᠳᠡᠬᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠳᠤᠬᠠᠢ ᠪᠠᠢᠷᠢᠯᠠᠭᠤᠯᠤᠯᠳᠠ ᠱᠠᠭᠠᠷᠳᠠᠯᠭ᠎ᠠ ᠶᠣᠰᠤᠭᠠᠷ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠢ ᠴᠢᠬᠤᠯᠠ ᠬᠡᠷᠡᠭ᠎ᠦᠨ ᠵᠥᠪᠳᠡᠯᠴᠡᠭᠡᠨ᠎ᠳᠤ ᠤᠷᠤᠭᠤᠯᠵᠦ᠂ ᠨᠠᠮ᠎ᠤᠨ ᠪᠠᠢᠭᠤᠯᠤᠯᠳᠠ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠳᠤ ᠤᠷᠤᠭᠤᠯᠵᠦ᠂ ᠵᠢᠯ᠎ᠦᠨ ᠠᠵᠢᠯ᠎ᠤᠨ ᠬᠠᠷᠢᠭᠤ ᠮᠡᠳᠡᠬᠦᠯᠦᠯᠳᠡ᠎ᠳᠤ ᠤᠷᠤᠭᠤᠯᠵᠦ᠂ ᠪᠦᠯᠦᠭᠯᠡᠯ᠎ᠦᠨ ᠠᠵᠢᠯ᠎ᠤᠨ ᠡᠯ᠎ᠡ ᠲᠠᠯ᠎ᠠ ᠪᠠ ᠪᠦᠬᠦ ᠶᠠᠪᠤᠴᠠ᠎ᠳᠤ ᠠᠭᠤᠰᠭᠠᠨ᠂ ᠠᠷᠭᠠᠴᠠᠬᠤ ᠠᠷᠭ᠎ᠠ ᠬᠡᠮᠵᠢᠶᠡᠨ᠎ᠤ ᠲᠠᠯ᠎ᠠ᠎ᠪᠡᠷ ᠬᠦᠴᠦᠯᠡᠬᠦ ᠬᠡᠷᠡᠭᠳᠡᠢ ᠬᠡᠪᠠ᠃

  ᠪᠦᠯᠦᠭᠯᠡᠯ᠎ᠦᠨ ᠤᠳᠤᠷᠢᠳᠭᠤ ᠪᠠᠭ᠎ᠤᠨ ᠬᠡᠱᠢᠬᠦᠳ᠂ ᠶᠡᠷᠦᠩᠬᠡᠢ ᠵᠠᠬᠢᠷᠭ᠎ᠠ᠎ᠶᠢᠨ ᠬᠠᠮᠢᠶ᠎ᠠ ᠪᠦᠬᠦᠢ ᠳᠠᠰᠤᠭ᠎ᠤᠨ ᠪᠦᠬᠦ ᠨᠥᠬᠦᠳ᠂ ᠬᠥᠬᠡᠬᠤᠲᠠ᠎ᠳᠤ ᠰᠠᠭᠤᠭ᠎ᠠ ᠡᠯ᠎ᠡ ᠬᠠᠷᠢᠶᠠᠳᠤ ᠨᠢᠭᠡᠴᠢ᠎ᠶᠢᠨ ᠤᠳᠤᠷᠢᠳᠭᠤ ᠪᠠᠭ᠎ᠤᠨ ᠬᠡᠱᠢᠬᠦᠳ᠂ ᠬᠥᠬᠡᠬᠤᠲᠠ᠎ᠳᠤ ᠰᠠᠭᠤᠭ᠎ᠠ ᠡᠯ᠎ᠡ ᠬᠠᠷᠢᠶᠠᠳᠤ ᠬᠡᠪᠯᠡᠯ᠎ᠦᠨ ᠬᠣᠷᠢᠶᠠᠨ᠎ᠤ ᠶᠡᠷᠦᠩᠬᠡᠢ ᠨᠠᠢᠷᠠᠭᠤᠯᠤᠭᠴᠢ᠎ᠶᠢᠨ ᠳᠠᠰᠤᠭ᠂ ᠨᠠᠢᠷᠠᠭᠤᠯᠬᠤ ᠳᠠᠰᠤᠭ᠎ᠤᠨ ᠡᠷᠬᠢᠯᠡᠭᠴᠢ᠎ᠨᠡᠷ ᠨᠡᠢᠲᠡ 80 ᠭᠠᠷᠤᠢ ᠬᠥᠮᠦᠨ ᠬᠤᠷᠠᠯ᠎ᠳᠤ ᠣᠷᠤᠯᠴᠠᠪᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃