ᠶᠡᠷᠦᠩᠬᠡᠢ ᠱᠦᠵᠢ ᠰᠢ᠎ᠵᠢᠨ ᠫᠢᠩ᠎ᠤᠨ ᠴᠢᠬᠤᠯᠠ ᠶᠠᠷᠢᠶ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠬᠤ ᠲᠤᠬᠠᠢ ᠮᠡᠳᠡᠭᠳᠡᠯ᠎ᠢ ᠳᠠᠷᠤᠮᠯᠠᠨ ᠲᠠᠷᠬᠠᠭᠠᠪᠠ
2019.07.31

    

     《ᠶᠡᠷᠦᠩᠬᠡᠢ ᠱᠦᠵᠢ ᠰᠢ᠎ᠵᠢᠨ ᠫᠢᠩ᠎ᠤᠨ ᠲᠥᠪ᠎ᠦᠨ ᠪᠠ ᠲᠥᠷᠦ᠎ᠶᠢᠨ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ

      ᠳᠡᠭᠡᠷᠡᠬᠢ ᠴᠢᠬᠤᠯᠠ ᠶᠠᠷᠢᠶ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠬᠤ ᠲᠤᠬᠠᠢ ᠮᠡᠳᠡᠭᠳᠡᠯ᠎ᠢ ᠳᠠᠷᠤᠮᠯᠠᠨ ᠲᠠᠷᠬᠠᠭᠠᠪᠠ

 

  ᠱᠢᠨᠬᠤᠸᠠ ᠬᠣᠷᠢᠶᠠᠨ᠎ᠤ ᠪᠡᠭᠡᠵᠢᠩ᠎ᠦᠨ 7 ᠰᠠᠷ᠎ᠠ᠎ᠶᠢᠨ 14 ᠎ᠤ ᠴᠠᠬᠢᠯᠭᠠᠨ ᠮᠡᠳᠡᠭᠡ ᠣᠢᠷ᠎ᠠ᠎ᠳᠤ᠂ ᠲᠥᠪ᠎ᠦᠨ 《ᠤᠭ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠦᠨ ᠤᠳᠤᠷᠢᠳᠭᠤ ᠳᠤᠭᠤᠢᠯᠠᠩ 《ᠶᠡᠷᠦᠩᠬᠡᠢ ᠱᠦᠵᠢ ᠰᠢ᠎ᠵᠢᠨ ᠫᠢᠩ᠎ᠤᠨ ᠲᠥᠪ᠎ᠦᠨ ᠪᠠ ᠲᠥᠷᠦ᠎ᠶᠢᠨ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠬᠤ ᠲᠤᠬᠠᠢ ᠮᠡᠳᠡᠭᠳᠡᠯ》 ᠎ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶᠢᠨ ᠬᠢᠨ ᠶᠡᠷᠦᠩᠬᠡᠢ ᠱᠦᠵᠢ ᠰᠢ᠎ᠵᠢᠨ ᠫᠢᠩ᠎ᠤᠨ ᠴᠢᠬᠤᠯᠠ ᠶᠠᠷᠢᠶ᠎ᠠ᠎ᠶᠢᠨ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠢ ᠰᠤᠷᠤᠯᠴᠠᠨ ᠣᠢᠯᠠᠭᠠᠵᠤ᠂ ᠬᠠᠷᠢᠴᠠᠭᠤᠯᠵᠤ ᠪᠠᠢᠭᠠᠳ ᠪᠠᠢᠴᠠᠭᠠᠨ ᠵᠠᠳᠠᠯᠬᠤ ᠠᠵᠢᠯ᠎ᠢ ᠰᠠᠢᠲᠤᠷ ᠬᠢᠵᠤ᠂ ᠤᠯᠤᠰ ᠲᠥᠷᠦ᠎ᠶᠢᠨ ᠪᠠᠢᠭᠤᠯᠤᠯᠲᠠ᠂ ᠦᠵᠡᠯ ᠰᠠᠨᠠᠭᠠᠨ᠎ᠤ ᠪᠠᠢᠭᠤᠯᠤᠯᠲᠠ᠂ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠂ ᠰᠤᠷᠲᠠᠯ᠎ᠤᠨ ᠪᠠᠢᠭᠤᠯᠤᠯᠲᠠ ᠪᠣᠯᠤᠨ ᠰᠠᠬᠢᠯᠭ᠎ᠠ ᠪᠠᠲᠤ᠎ᠶᠢᠨ ᠪᠠᠢᠭᠤᠯᠤᠯᠲᠠ᠎ᠶᠢᠨ ᠲᠠᠯ᠎ᠠ᠎ᠪᠡᠷ ᠣᠷᠤᠱᠢᠵᠤ ᠪᠠᠢᠭ᠎ᠠ ᠳᠣᠪᠤᠢᠮ᠎ᠠ ᠠᠰᠠᠭᠤᠳᠠᠯ᠎ᠳᠤ ᠬᠠᠨᠳᠤᠭᠤᠯᠤᠨ ᠴᠡᠭᠴᠡᠯᠡᠨ ᠰᠠᠢᠵᠢᠷᠠᠭᠤᠯᠵᠤ ᠨᠠᠢᠳᠠᠪᠦᠷᠢᠵᠢᠭᠤᠯᠬᠤ ᠠᠵᠢᠯ᠎ᠢ ᠦᠨᠡᠨ᠎ᠬᠦ ᠰᠠᠢᠲᠤᠷ ᠠᠳᠭᠤᠬᠤ ᠬᠡᠷᠡᠭᠲᠡᠢ ᠭᠡᠵᠤ ᠱᠠᠭᠠᠷᠳᠠᠪᠠ᠃

  ᠮᠡᠳᠡᠭᠳᠡᠯ᠎ᠳᠤ᠂ ᠶᠡᠷᠦᠩᠬᠡᠢ ᠱᠦᠵᠢ ᠰᠢ᠎ᠵᠢᠨ ᠫᠢᠩ᠎ᠤᠨ ᠲᠥᠪ᠎ᠦᠨ ᠪᠠ ᠲᠥᠷᠦ᠎ᠶᠢᠨ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠱᠢᠨ᠎ᠡ ᠴᠠᠭ ᠦᠶ᠎ᠡ᠎ᠳᠤ ᠲᠥᠪ᠎ᠦᠨ ᠪᠠ ᠲᠥᠷᠦ᠎ᠶᠢᠨ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢ ᠴᠢᠩᠭᠠᠳᠭᠠᠬᠤ᠂ ᠭᠣᠤᠯ ᠰᠡᠳᠦᠪᠲᠦ ᠬᠥᠮᠦᠵᠢᠯ᠎ᠢ ᠭᠦᠨᠵᠡᠭᠡᠢ ᠠᠬᠢᠭᠤᠯᠬᠤ ᠴᠢᠭᠯᠡᠯ᠎ᠢ ᠲᠣᠳᠤᠷᠬᠠᠢᠯᠠᠵᠤ ᠥᠭᠪᠡ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ ᠺᠠᠳ᠋ᠷᠴᠤᠳ᠎ᠢ ᠨᠠᠷᠢᠨ ᠬᠢᠨᠠᠮᠠᠭᠠᠢ ᠵᠣᠬᠢᠶᠠᠨ ᠪᠠᠢᠭᠤᠯᠵᠤ ᠭᠦᠨᠵᠡᠭᠡᠢ ᠰᠤᠷᠤᠯᠴᠠᠨ ᠨᠡᠪᠲᠡᠷᠡᠳᠡᠯ᠎ᠡ ᠣᠢᠯᠠᠭᠠᠵᠤ᠂ ᠢᠲᠡᠭᠡᠨ ᠪᠢᠱᠢᠷᠡᠵᠦ ᠪᠠᠲᠤᠲᠠᠢ ᠦᠢᠯᠡᠳᠦᠯᠭᠡᠵᠢᠭᠦᠯᠦᠨ᠂ ᠶᠡᠷᠦᠩᠬᠡᠢ ᠱᠦᠵᠢ ᠰᠢ᠎ᠵᠢᠨ ᠫᠢᠩ᠎ᠤᠨ ᠡᠨᠡ᠎ᠬᠦ ᠴᠢᠬᠤᠯᠠ ᠶᠠᠷᠢᠶᠠᠨ᠎ᠤ ᠲᠤᠬᠠᠢ ᠰᠤᠷᠤᠯᠴᠠᠯᠭ᠎ᠠ᠎ᠶᠢ ᠶᠡᠷᠦᠩᠬᠡᠢ ᠱᠦᠵᠢ ᠰᠢ᠎ᠵᠢᠨ ᠫᠢᠩ᠎ᠤᠨ ᠭᠣᠤᠯ ᠰᠡᠳᠦᠪᠲᠦ ᠬᠥᠮᠦᠵᠢᠯ᠎ᠦᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠠᠷᠪᠠᠨ ᠲᠠᠪᠤᠳᠤᠭᠠᠷ ᠤᠳᠠᠭᠠᠨ᠎ᠤ ᠬᠠᠮᠲᠤ᠎ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠎ᠶᠢ ᠰᠤᠷᠤᠯᠴᠠᠬᠤ᠎ᠲᠠᠢ ᠤᠶᠠᠯᠳᠤᠭᠤᠯᠵᠤ᠂ ᠱᠢᠰᠲᠧᠮ᠎ᠲᠠᠢ ᠪᠦᠬᠦ ᠲᠠᠯ᠎ᠠ᠎ᠪᠠᠷ ᠰᠤᠷᠤᠯᠴᠠᠬᠤ᠂ ᠪᠦᠬᠦᠨ᠎ᠢ ᠣᠢᠯᠠᠭᠠᠵᠤ ᠤᠴᠢᠷ᠎ᠢ᠎ᠨᠢ ᠤᠯᠬᠤ ᠲᠠᠯ᠎ᠠ᠎ᠪᠠᠷ ᠬᠦᠴᠦ ᠣᠷᠤᠭᠤᠯᠬᠤ ᠬᠡᠷᠡᠭᠲᠡᠢ᠃ ᠲᠥᠪ᠎ᠦᠨ ᠪᠠ ᠲᠥᠷᠦ᠎ᠶᠢᠨ ᠪᠠᠢᠭᠤᠯᠭ᠎ᠠ᠂ ᠮᠤᠵᠢ᠎ᠶᠢᠨ ᠳᠡᠰ᠎ᠦᠨ ᠪᠠᠢᠭᠤᠯᠭ᠎ᠠ ᠪᠣᠯᠤᠨ ᠳᠡᠳ᠋ ᠮᠤᠵᠢ᠎ᠶᠢᠨ ᠳᠡᠰ᠎ᠦᠨ ᠬᠤᠳᠠ᠎ᠶᠢᠨ ᠪᠠᠢᠭᠤᠯᠭ᠎ᠠ᠎ᠶᠢᠨ ᠬᠢᠨ ᠶᠡᠷᠦᠩᠬᠡᠢ ᠱᠦᠵᠢ ᠰᠢ᠎ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠬᠤ ᠲᠣᠭᠤᠷᠢᠨ᠎ᠳᠤ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠲᠤᠯᠭᠠᠮ ᠠᠰᠠᠭᠤᠳᠠᠯ᠎ᠢ ᠱᠢᠢᠳᠪᠦᠷᠢᠯᠡᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠢᠭᠡᠨ ᠤᠳᠠᠭᠠᠨ᠎ᠤ ᠲᠤᠰᠭᠠᠢ ᠰᠡᠳᠦᠪ᠎ᠢᠶᠡᠷ ᠰᠤᠷᠤᠯᠴᠠᠵᠤ᠂ ᠰᠤᠳᠤᠯᠤᠨ ᠶᠠᠷᠢᠯᠴᠠᠬᠤ ᠠᠵᠢᠯ ᠥᠷᠨᠢᠭᠦᠯᠦᠨ᠂ ᠪᠠᠢᠴᠠᠭᠠᠨ ᠰᠤᠳᠤᠯᠤᠯᠲᠠ ᠬᠢᠵᠤ᠂ ᠨᠠᠮ᠎ᠳᠤ᠎ᠪᠠᠨ ᠦᠨᠡᠨᠴᠢ ᠱᠢᠳᠤᠷᠭᠤ ᠪᠠᠢᠬᠤ ᠬᠥᠮᠦᠵᠢᠯ᠎ᠢ ᠭᠦᠨᠵᠡᠭᠡᠢᠷᠡᠭᠦᠯᠵᠦ᠂ 《ᠬᠤᠶᠠᠷ᠎ᠢ ᠬᠠᠮᠠᠭᠠᠯᠠᠬᠤ》 ᠎ᠶᠢ ᠪᠡᠶᠡᠯᠡᠭᠦᠯᠬᠦ ᠣᠶᠤᠨ᠎ᠤ ᠢᠵᠢᠯᠱᠢᠯ᠂ ᠦᠵᠡᠯ ᠰᠠᠨᠠᠭᠠᠨ᠎ᠤ ᠢᠵᠢᠯᠱᠢᠯ᠎ᠢ ᠦᠨᠡᠨ᠎ᠬᠦ ᠴᠢᠩᠭᠠᠳᠭᠠᠨ᠂ ᠡᠷᠡᠰ ᠬᠠᠮᠠᠭᠠᠯᠠᠬᠤ ᠲᠤᠭᠳᠠᠯ ᠬᠦᠴᠦᠨ ᠪᠣᠯᠤᠨ ᠴᠢᠳᠠᠪᠦᠷᠢ᠎ᠪᠠᠨ ᠳᠡᠭᠡᠭᠱᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃

  ᠮᠡᠳᠡᠭᠳᠡᠯ᠎ᠳᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠬᠠᠮᠰᠠᠷ᠎ᠠᠴᠠ᠎ᠪᠠᠨ ᠶᠡᠷᠦᠩᠬᠡᠢ ᠱᠦᠵᠢ ᠰᠢ᠎ᠵᠢᠨ ᠫᠢᠩ᠎ᠤᠨ ᠴᠢᠬᠤᠯᠠ ᠵᠢᠭᠠᠪᠦᠷᠢ᠎ᠶᠢᠨ ᠵᠣᠷᠢᠭ ᠰᠠᠨᠠᠭ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠵᠥᠷᠢᠶ᠎ᠡ᠎ᠪᠠᠨ ᠡᠷᠢᠵᠤ ᠠᠰᠠᠭᠤᠳᠠᠯ᠎ᠢ ᠪᠠᠢᠴᠠᠭᠠᠨ ᠳᠤᠲᠠᠭᠳᠠᠯ᠎ᠢᠶᠠᠨ ᠨᠥᠬᠦᠪᠦᠷᠢᠯᠡᠵᠦ᠂ ᠪᠠᠢᠴᠠᠭᠠᠨ ᠵᠠᠳᠠᠯᠬᠤ ᠠᠵᠢᠯ᠎ᠢ ᠭᠦᠨᠵᠡᠭᠡᠢᠷᠡᠭᠦᠯᠬᠦ ᠬᠡᠷᠡᠭᠲᠡᠢ᠃ ᠲᠥᠪ᠎ᠦᠨ ᠪᠠ ᠲᠥᠷᠦ᠎ᠶᠢᠨ ᠪᠠᠢᠭᠤᠯᠭ᠎ᠠ᠂ ᠮᠤᠵᠢ᠎ᠶᠢᠨ ᠳᠡᠰ᠎ᠦᠨ ᠪᠠᠢᠭᠤᠯᠭ᠎ᠠ ᠪᠣᠯᠤᠨ ᠳᠡᠳ᠋ ᠮᠤᠵᠢ᠎ᠶᠢᠨ ᠳᠡᠰ᠎ᠦᠨ ᠬᠤᠳᠠ᠎ᠶᠢᠨ ᠪᠠᠢᠭᠤᠯᠭ᠎ᠠ᠎ᠶᠢᠨ ᠬᠢᠨ 《ᠬᠤᠶᠠᠷ᠎ᠢ ᠬᠠᠮᠠᠭᠠᠯᠠᠬᠤ》 ᠎ᠶᠢ ᠪᠡᠶᠡᠯᠡᠭᠦᠯᠬᠦ ᠲᠠᠯ᠎ᠠ᠎ᠪᠡᠷ ᠬᠢ ᠵᠥᠷᠢᠶ᠎ᠡ᠎ᠪᠠᠨ ᠭᠣᠤᠯᠳᠠᠯᠭ᠎ᠠ᠎ᠲᠠᠢ ᠪᠠᠢᠴᠠᠭᠠᠨ ᠡᠷᠢᠵᠤ᠂ ᠨᠠᠮ᠎ᠤᠨ ᠲᠥᠪ ᠬᠣᠷᠢᠶᠠᠨ᠎ᠤ ᠰᠠᠨᠠᠭᠠᠴᠢᠯᠠᠭ᠎ᠠ᠎ᠶᠢ ᠡᠷᠡᠰ ᠴᠤᠤᠷᠢᠶᠠᠳᠤᠨ᠂ ᠨᠠᠮ᠎ᠤᠨ ᠲᠥᠪ ᠬᠣᠷᠢᠶᠠᠨ᠎ᠤ ᠲᠣᠭᠲᠠᠭᠠᠯ᠎ᠢ ᠡᠷᠡᠰ ᠬᠡᠷᠡᠭᠵᠢᠭᠦᠯᠵᠦ᠂ ᠨᠠᠮ᠎ᠤᠨ ᠲᠥᠪ ᠬᠣᠷᠢᠶᠠᠨ᠎ᠠᠴᠠ ᠴᠠᠭᠠᠵᠠᠯᠠᠭᠰᠠᠨ᠎ᠢ ᠡᠷᠡᠰ ᠰᠠᠬᠢᠭᠰᠠᠨ ᠡᠰᠡᠬᠦ᠎ᠶᠢ ᠦᠵᠡᠬᠦ ᠬᠡᠷᠡᠭᠲᠡᠢ; ᠣᠨᠤᠯ᠎ᠤᠨ ᠰᠤᠷᠤᠯᠴᠠᠯᠭ᠎ᠠ᠎ᠪᠠᠨ ᠴᠢᠩᠭᠠᠳᠭᠠᠬᠤ ᠲᠠᠯ᠎ᠠ᠎ᠪᠠᠷ ᠬᠢ ᠵᠦᠷᠢᠶ᠎ᠠ᠎ᠪᠠᠨ ᠡᠷᠢᠵᠤ᠂ ᠰᠢ᠎ᠵᠢᠨ ᠫᠢᠩ᠎ᠤᠨ ᠱᠢᠨ᠎ᠡ ᠴᠠᠭ ᠦᠶ᠎ᠡ᠎ᠶᠢᠨ ᠳᠤᠮᠳᠠᠲᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠦᠨᠡᠨ᠎ᠬᠦ ᠰᠤᠷᠤᠯᠴᠠᠬᠤ ᠦᠨᠡᠨ᠎ᠬᠦ ᠣᠢᠯᠠᠭᠠᠬᠤ ᠦᠨᠡᠨ᠎ᠬᠦ ᠢᠲᠡᠭᠡᠬᠦ ᠦᠨᠡᠨ᠎ᠬᠦ ᠬᠡᠷᠡᠭᠯᠡᠬᠦ ᠳᠡᠭᠡᠷ᠎ᠡ ᠬᠦᠴᠦ ᠣᠷᠤᠭᠤᠯᠵᠤ ᠪᠠᠢᠬᠤ ᠡᠰᠡᠬᠦ᠎ᠶᠢ ᠦᠵᠡᠬᠦ ᠬᠡᠷᠡᠭᠲᠡᠢ; ᠦᠨᠳᠦᠰᠦᠨ ᠱᠠᠲᠤᠨ᠎ᠤ ᠰᠠᠭᠤᠷᠢ᠎ᠶᠢ ᠪᠡᠬᠢᠵᠢᠭᠦᠯᠬᠦ ᠲᠠᠯ᠎ᠠ᠎ᠪᠡᠷ ᠬᠢ ᠵᠦᠷᠢᠶ᠎ᠠ᠎ᠪᠠᠨ ᠡᠷᠢᠵᠦ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠳᠤ 《ᠳᠡᠷᠭᠡᠲᠡᠬᠢ ᠠᠰᠠᠭᠤᠳᠠᠯ᠎ᠢᠶᠠᠨ ᠣᠯᠵᠤ ᠬᠠᠷᠠᠬᠤ᠎ᠦᠭᠡᠢ》 ᠪᠠᠢᠬᠤ ᠠᠰᠠᠭᠤᠳᠠᠯ ᠣᠷᠤᠱᠢᠵᠤ ᠪᠠᠢᠬᠤ ᠡᠰᠡᠬᠦ᠎ᠶᠢ ᠦᠵᠡᠬᠦ ᠬᠡᠷᠡᠭᠲᠡᠢ; ᠰᠤᠷᠲᠠᠯ᠎ᠢ ᠲᠥᠪ ᠪᠣᠯᠭᠠᠵᠤ ᠰᠠᠬᠢᠯᠭ᠎ᠠ ᠪᠠᠲᠤ᠎ᠶᠢ ᠴᠢᠩᠳᠠᠯᠠᠬᠤ ᠲᠠᠯ᠎ᠠ᠎ᠪᠡᠷ ᠬᠢ ᠵᠥᠷᠢᠶ᠎ᠡ᠎ᠪᠡᠨ ᠡᠷᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠲᠡᠪᠴᠢᠭᠰᠡᠨ ᠡᠰᠡᠬᠦ᠂ ᠴᠢᠩᠭ᠎ᠠ ᠪᠠᠢᠬᠤ᠎ᠶᠢ ᠪᠠᠷᠢᠮᠳᠠᠯᠠᠵᠤ᠂ ᠨᠠᠮ᠎ᠤᠨ ᠭᠡᠱᠢᠭᠦᠨ ᠺᠠᠳ᠋ᠷᠴᠤᠳ᠎ᠳᠡᠬᠢ ᠪᠦᠬᠦ ᠲᠠᠯ᠎ᠠ᠎ᠶᠢᠨ ᠬᠠᠮᠢᠶᠠᠷᠤᠯᠲᠠ ᠬᠢᠨᠠᠯᠲᠠ᠎ᠶᠢ ᠴᠢᠩᠭᠠᠳᠭᠠᠵᠤ᠂ ᠢᠯᠵᠠᠷᠠᠬᠤ᠎ᠠᠴᠠ ᠵᠢᠷᠦᠬᠡᠱᠢᠶᠡᠬᠦ᠂ ᠢᠯᠵᠡᠷᠡᠵᠤ ᠪᠣᠯᠬᠤ᠎ᠦᠭᠡᠢ᠂ ᠢᠯᠵᠠᠷᠠᠬᠤ᠎ᠶᠢ ᠪᠤᠳᠤᠬᠤ᠎ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠤᠭᠰᠠᠨ ᠡᠰᠡᠬᠦ᠎ᠶᠢ ᠦᠵᠡᠬᠦ ᠬᠡᠷᠡᠭᠲᠡᠢ; ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠦᠷᠢᠵᠢᠭᠤᠯᠬᠤ ᠲᠠᠯ᠎ᠠ᠎ᠪᠡᠷ ᠬᠢ ᠵᠦᠷᠢᠶ᠎ᠠ᠎ᠪᠠᠨ ᠡᠷᠢᠵᠦ᠂ ᠬᠠᠷᠢᠭᠤᠴᠠᠯᠭ᠎ᠠ᠎ᠶᠢᠨ ᠳᠦᠷᠢᠮ ᠭᠡᠬᠦ 《ᠵᠠᠩᠭᠢᠯᠠᠭ᠎ᠠ》 ᠎ᠶᠢ ᠴᠢᠩᠭ᠎ᠠ ᠡᠵᠡᠮᠳᠡᠨ᠂ ᠬᠠᠷᠢᠭᠤᠴᠠᠯᠭ᠎ᠠ᠎ᠶᠢ ᠲᠣᠳᠤᠷᠬᠠᠢ ᠪᠣᠯᠭᠠᠭᠰᠠᠨ ᠡᠰᠡᠬᠦ᠂ ᠬᠠᠷᠢᠭᠤᠴᠠᠯᠭ᠎ᠠ᠎ᠪᠠᠨ ᠪᠡᠶᠡᠯᠡᠭᠦᠯᠦᠭᠰᠡᠨ ᠡᠰᠡᠬᠦ᠂ ᠬᠠᠷᠢᠭᠤᠴᠠᠯᠭ᠎ᠠ᠎ᠪᠠᠨ ᠭᠦᠢᠴᠡᠳᠭᠡᠭᠰᠡᠨ ᠡᠰᠡᠬᠦ᠎ᠶᠢ ᠦᠵᠡᠬᠦ ᠬᠡᠷᠡᠭᠲᠡᠢ ᠭᠡᠵᠤ ᠱᠠᠭᠠᠷᠳᠠᠪᠠ᠃  

  ᠮᠡᠳᠡᠭᠳᠡᠯ᠎ᠳᠤ᠂ ᠶᠡᠷᠦᠩᠬᠡᠢ ᠱᠦᠵᠢ ᠰᠢ᠎ᠵᠢᠨ ᠫᠢᠩ᠎ᠤᠨ ᠴᠢᠬᠤᠯᠠ ᠶᠠᠷᠢᠶᠠᠨ᠎ᠤ ᠱᠠᠭᠠᠷᠳᠠᠯᠭ᠎ᠠ ᠶᠣᠰᠤᠭᠠᠷ ᠴᠡᠭᠴᠡᠯᠡᠨ ᠰᠠᠢᠵᠢᠷᠠᠭᠤᠯᠵᠤ ᠨᠠᠢᠳᠠᠪᠦᠷᠢᠵᠢᠭᠤᠯᠬᠤ᠎ᠶᠢ ᠰᠠᠢᠲᠤᠷ ᠠᠳᠭᠤᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠬᠢᠲᠤᠭᠠᠨ᠎ᠤ ᠢᠷ᠎ᠢᠶᠠᠨ ᠲᠤᠳᠤᠭᠱᠢ ᠬᠠᠨᠳᠤᠭᠤᠯᠵᠤ ᠥᠪᠡᠷ᠎ᠦᠨ ᠪᠡᠶ᠎ᠡ᠎ᠳᠤ᠎ᠪᠠᠨ ᠬᠤᠪᠢᠰᠭᠠᠯ ᠬᠢᠬᠦ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠤᠯᠤᠰ ᠲᠥᠷᠦ᠎ᠶᠢᠨ ᠪᠠᠢᠭᠤᠯᠤᠯᠲᠠ᠂ ᠦᠵᠡᠯ ᠰᠠᠨᠠᠭᠠᠨ᠎ᠤ ᠪᠠᠢᠭᠤᠯᠤᠯᠲᠠ᠂ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠂ ᠰᠤᠷᠲᠠᠯ᠎ᠤᠨ ᠪᠠᠢᠭᠤᠯᠤᠯᠲᠠ ᠪᠣᠯᠤᠨ ᠰᠠᠬᠢᠯᠭ᠎ᠠ ᠪᠠᠲᠤ᠎ᠶᠢᠨ ᠪᠠᠢᠭᠤᠯᠤᠯᠲᠠ ᠵᠡᠷᠭᠡ ᠲᠠᠯ᠎ᠠ᠎ᠳᠤ ᠣᠷᠤᠱᠢᠵᠤ ᠪᠠᠢᠭ᠎ᠠ ᠳᠣᠪᠤᠢᠮ᠎ᠠ ᠠᠰᠠᠭᠤᠳᠠᠯ᠎ᠳᠤ ᠴᠢᠭᠯᠡᠭᠦᠯᠦᠨ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠡᠷ ᠴᠡᠭᠴᠡᠯᠡᠨ ᠰᠠᠢᠵᠢᠷᠠᠭᠤᠯᠵᠤ ᠨᠠᠢᠳᠠᠪᠦᠷᠢᠵᠢᠭᠤᠯᠬᠤ᠎ᠶᠢ ᠰᠠᠢᠲᠤᠷ ᠠᠳᠭᠤᠬᠤ ᠬᠡᠷᠡᠭᠲᠡᠢ᠃ ᠲᠥᠪ᠎ᠦᠨ ᠪᠠ ᠲᠥᠷᠦ᠎ᠶᠢᠨ ᠪᠠᠢᠭᠤᠯᠭ᠎ᠠ᠂ ᠮᠤᠵᠢ᠎ᠶᠢᠨ ᠳᠡᠰ᠎ᠦᠨ ᠪᠠᠢᠭᠤᠯᠭ᠎ᠠ ᠪᠠ ᠳᠡᠳ᠋ ᠮᠤᠵᠢ᠎ᠶᠢᠨ ᠳᠡᠰ᠎ᠦᠨ ᠬᠣᠲᠠ᠎ᠶᠢᠨ ᠪᠠᠢᠭᠤᠯᠭ᠎ᠠ᠎ᠨᠢ ᠤᠯᠤᠰ ᠲᠥᠷᠦ᠎ᠶᠢᠨ ᠪᠠᠢᠭᠤᠯᠭ᠎ᠠ᠎ᠶᠢᠨ ᠢᠯᠡ ᠲᠣᠳᠤ ᠮᠥᠨ ᠴᠢᠨᠠᠷ᠎ᠢᠶᠠᠨ ᠪᠠᠷᠢᠮᠳᠠᠯᠠᠵᠤ᠂ 《ᠬᠤᠶᠠᠷ᠎ᠢ ᠬᠠᠮᠠᠭᠠᠯᠠᠬᠤ》 ᠎ᠶᠢ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠡᠷᠡᠰ ᠲᠤᠭᠤᠱᠢᠯᠠᠭᠤᠯᠬᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠲᠤᠱᠢᠶᠠᠯ ᠬᠠᠷᠢᠴᠠᠭᠤᠯᠭ᠎ᠠ᠎ᠪᠠᠨ ᠭᠦᠢᠴᠡᠳᠭᠡᠬᠦ᠂ ᠲᠤᠬᠠᠢᠯᠠᠭᠰᠠᠨ ᠠᠵᠢᠯ᠎ᠢᠶᠠᠨ ᠰᠠᠢᠲᠤᠷ ᠬᠢᠬᠦ ᠪᠤᠲᠠᠲᠠᠢ ᠦᠷ᠎ᠡ ᠪᠦᠳᠦᠮᠵᠢ ᠳᠡᠭᠡᠷ᠎ᠡ ᠢᠯᠡᠷᠡᠭᠦᠯᠵᠦ᠂ ᠨᠠᠮ᠎ᠤᠨ ᠭᠡᠱᠢᠭᠦᠨ ᠺᠠᠳ᠋ᠷᠴᠤᠳ᠎ᠤᠨ ᠡᠳᠦᠷ ᠳᠤᠲᠤᠮ᠎ᠤᠨ ᠦᠭᠡ ᠶᠠᠷᠢᠶ᠎ᠠ ᠦᠢᠯᠡ ᠠᠵᠢᠯᠯᠠᠭ᠎ᠠ ᠳᠡᠭᠡᠷ᠎ᠡ ᠢᠯᠡᠷᠡᠭᠦᠯᠬᠦ ᠬᠡᠷᠡᠭᠲᠡᠢ᠃ ᠵᠣᠷᠢᠭᠲᠠᠢ᠎ᠪᠡᠷ ᠠᠰᠠᠭᠤᠳᠠᠯ᠎ᠳᠤ ᠱᠢᠭᠤᠳ ᠬᠠᠨᠳᠤᠨ᠂ ᠠᠰᠠᠭᠤᠳᠠᠯ᠎ᠢ ᠦᠨᠡᠨ᠎ᠬᠦ ᠱᠢᠢᠳᠪᠦᠷᠢᠯᠡᠵᠦ᠂ ᠡᠮ ᠵᠠᠷᠤᠵᠤ ᠮᠡᠰᠡ ᠵᠠᠰᠠᠯ ᠬᠢᠬᠦ᠎ᠶᠢᠨ ᠡᠪᠡᠳᠴᠢᠨ ᠵᠠᠰᠠᠬᠤ ᠠᠷᠭ᠎ᠠ ᠪᠣᠯᠤᠨ ᠡᠷᠬᠡᠲᠡᠨ᠎ᠢᠶᠡᠨ ᠰᠠᠢᠵᠢᠷᠠᠭᠤᠯᠬᠤ᠎ᠶᠢᠨ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠬᠤ ᠠᠷᠭ᠎ᠠ᠎ᠶᠢ ᠰᠠᠢᠲᠤᠷ ᠬᠡᠷᠡᠭᠯᠡᠬᠦ ᠬᠡᠷᠡᠭᠲᠡᠢ᠃ ᠠᠵᠢᠯ ᠬᠢᠵᠤ ᠦᠢᠯᠡᠰ ᠪᠣᠰᠭᠠᠬᠤ ᠴᠤᠭ ᠰᠦᠯᠲᠡ ᠬᠦᠷᠦᠯᠴᠡᠬᠦ᠎ᠦᠭᠡᠢ ᠪᠠᠢᠬᠤ᠂ ᠣᠯᠵᠤ ᠠᠯᠳᠠᠬᠤ᠎ᠶᠢ ᠳᠡᠩᠳᠡᠬᠦᠤ ᠪᠣᠳᠤᠯᠬᠢᠯᠠᠬᠤ᠂ ᠬᠠᠷᠢᠭᠤᠴᠠᠯᠭ᠎ᠠ ᠡᠭᠦᠷᠭᠡᠯᠡᠬᠦ᠎ᠦᠭᠡᠢ ᠵᠢᠳᠭᠦᠯ ᠴᠢᠷᠮᠠᠢᠯᠭ᠎ᠠ ᠭᠠᠷᠭᠠᠬᠤ᠎ᠦᠭᠡᠢ ᠵᠡᠷᠭᠡ ᠠᠰᠠᠭᠤᠳᠠᠯ᠎ᠢ ᠬᠦᠴᠦᠯᠡᠨ ᠴᠡᠭᠴᠡᠯᠡᠨ ᠰᠠᠢᠵᠢᠷᠠᠭᠤᠯᠵᠤ᠂ ᠠᠷᠢᠭᠤᠨ ᠴᠡᠪᠡᠷ ᠪᠠ ᠡᠭᠦᠷᠭᠡᠯᠡᠯ᠂ ᠠᠵᠢᠯᠴᠢ ᠵᠠᠰᠠᠭ ᠪᠠ ᠴᠢᠭᠡᠴᠢ ᠵᠠᠰᠠᠭ᠎ᠢ ᠨᠢᠭᠡᠳᠭᠡᠨ᠂ ᠨᠠᠮ᠎ᠤᠨ ᠭᠡᠱᠢᠭᠦᠨ ᠺᠠᠳ᠋ᠷᠴᠤᠳ᠎ᠤᠨ ᠵᠣᠷᠢᠭᠲᠠᠢ᠎ᠪᠡᠷ ᠬᠦᠨᠲᠦ ᠡᠭᠦᠷᠭᠡ ᠡᠭᠦᠷᠭᠡᠯᠡᠬᠦ᠂ ᠬᠦᠴᠢᠷ ᠠᠰᠠᠭᠤᠳᠠᠯ᠎ᠢ ᠱᠢᠢᠳᠪᠦᠷᠢᠯᠡᠬᠦ᠂ ᠲᠤᠯᠭᠠᠮ ᠡᠭᠦᠷᠭᠡ᠎ᠶᠢ ᠲᠤᠰᠴᠤ ᠠᠪᠬᠤ᠎ᠶᠢ ᠵᠣᠷᠢᠭᠵᠢᠭᠤᠯᠵᠤ᠂ ᠮᠤᠩᠬᠠᠭ ᠨᠣᠶᠠᠨ᠂ ᠬᠣᠢᠷᠭᠤ ᠨᠣᠶᠠᠨ᠂ ᠦᠬᠡᠨᠴᠡ ᠨᠣᠶᠠᠨ᠂ ᠠᠪᠯᠢᠭᠠᠴᠢ ᠨᠣᠶᠠᠨ ᠪᠣᠯᠬᠤ᠎ᠦᠭᠡᠢ ᠪᠠᠢᠬᠤ᠎ᠶᠢ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

  ᠮᠡᠳᠡᠭᠳᠡᠯ᠎ᠳᠤ᠂ 《ᠦᠨᠳᠦᠰᠦᠨ ᠱᠠᠲᠤᠨ᠎ᠤ ᠳᠠᠷᠤᠭᠠᠰᠦ᠎ᠶᠢ ᠬᠥᠩᠭᠡᠷᠡᠭᠦᠯᠬᠦ ᠣᠨ》 ᠎ᠤ ᠱᠠᠭᠠᠷᠳᠠᠯᠭ᠎ᠠ ᠶᠣᠰᠤᠭᠠᠷ ᠬᠡᠯᠪᠡᠷᠢᠴᠢ ᠦᠵᠡᠯ᠎ᠦᠨ ᠶᠡᠬᠡ ᠪᠠᠢᠴᠠᠭᠠᠯᠲᠠ᠎ᠶᠢ ᠲᠦᠷᠦᠭᠦᠯᠡᠨ ᠥᠷᠨᠢᠭᠦᠯᠵᠦ᠂ ᠱᠠᠲᠤ ᠱᠠᠲᠤ᠎ᠪᠡᠷ ᠮᠠᠲᠧᠷᠢᠶᠠᠯ ᠲᠠᠷᠬᠠᠭᠠᠬᠤ᠂ ᠱᠠᠲᠤ ᠱᠠᠲᠤ᠎ᠪᠠᠷ ᠬᠤᠷᠠᠯ ᠬᠢᠬᠦ᠂ ᠱᠠᠯᠠᠪᠳᠠᠭᠤᠯᠤᠨ ᠪᠠᠢᠴᠠᠭᠠᠬᠤ ᠬᠢᠨᠠᠨ ᠪᠠᠢᠴᠠᠭᠠᠬᠤ ᠱᠢᠯᠭᠠᠨ ᠪᠠᠢᠴᠠᠭᠠᠬᠤ᠎ᠨᠢ ᠬᠡᠲᠦ ᠤᠯᠠᠨ ᠵᠡᠷᠭᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠢᠭᠡ ᠨᠢᠭᠡ ᠵᠦᠢᠯ᠎ᠢᠶᠡᠷ ᠪᠤᠲᠠᠲᠠᠢ ᠠᠳᠭᠤᠵᠤ ᠴᠡᠭᠴᠡᠯᠡᠨ ᠰᠠᠢᠵᠢᠷᠠᠭᠤᠯᠬᠤ ᠬᠡᠷᠡᠭᠲᠡᠢ᠃ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ 《ᠳᠡᠷᠭᠡᠲᠡᠬᠢ ᠠᠰᠠᠭᠤᠳᠠᠯ᠎ᠢᠶᠠᠨ ᠣᠯᠵᠤ ᠬᠠᠷᠠᠬᠤ᠎ᠦᠭᠡᠢ》 ᠪᠠᠢᠬᠤ ᠠᠰᠠᠭᠤᠳᠠᠯ᠎ᠢ ᠡᠷᠡᠰ ᠴᠡᠭᠴᠡᠯᠡᠨ ᠰᠠᠢᠵᠢᠷᠠᠭᠤᠯᠵᠤ᠂ ᠡᠷᠡᠰ ᠪᠠᠲᠤ ᠬᠦᠴᠦᠨ᠎ᠲᠠᠢ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠳᠠᠪᠲᠠᠨ ᠪᠣᠯᠪᠠᠰᠤᠷᠠᠭᠤᠯᠵᠤ᠂ ᠨᠠᠮ᠎ᠤᠨ ᠭᠡᠱᠢᠭᠦᠨ ᠨᠢᠭᠡ ᠪᠦᠷᠢ᠎ᠶᠢ ᠬᠤᠷᠴᠠ ᠰᠣᠷᠭᠤᠭ ᠲᠤᠭ ᠲᠡᠮᠳᠡᠭ ᠪᠣᠯᠭᠠᠨ᠂ ᠨᠠᠮ᠎ᠤᠨ ᠡᠭᠦᠷ ᠨᠢᠭᠡ ᠪᠦᠷᠢ᠎ᠶᠢ ᠨᠠᠮ᠎ᠤᠨ ᠲᠤᠭ᠎ᠢ ᠥᠨᠳᠦᠷ᠎ᠲᠤ ᠮᠠᠨᠳᠤᠭᠤᠯᠬᠤ ᠳᠠᠢᠴᠢᠨ ᠪᠡᠬᠢᠯᠡᠯᠲᠡ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃

                      ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠲᠡᠯᠡᠪᠡ

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠠᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ:
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ
ᠱᠢᠨ᠎ᠡ
ᠬᠤᠲᠠ
ᠲᠤᠭᠤᠷᠢᠭ᠎ᠤᠨ
ᠱᠢᠩᠬᠤᠸᠠ
ᠵᠡᠬᠦᠨ
ᠵᠡᠭᠡᠯᠢ᠎ᠵᠢᠨ
89᠎ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ᠃